ᠤᠰᠤ ᠰᠠᠶᠢᠨ ᠨᠦᠬᠦᠪᠦᠷᠢᠯᠡᠳᠡᠭ ᠵᠢᠮᠢᠰ ᠤᠳ
ᠨᠡᠶᠢᠲᠡᠯᠡᠭᠰᠡᠨ ᠴᠠᠭ᠄
2016-08-16
       ᠬᠦᠮᠦᠨ ᠤ ᠪᠡᠶ᠎ᠡ ᠳᠤ ︽ᠤᠰᠤ ᠨᠦᠬᠦᠪᠦᠷᠢᠯᠡᠬᠦ︾ ᠨᠢ ᠮᠠᠰᠢ ᠴᠢᠬᠤᠯᠠ᠃ ︽ᠤᠰᠤ ᠤᠤᠭᠤᠵᠤ︾ ᠤᠰᠤ ᠨᠦᠬᠦᠬᠦ ᠠᠴᠠ ᠭᠠᠳᠠᠨ᠎ᠠ ︽ᠢᠳᠡᠬᠦ ᠪᠠᠷ ᠳᠠᠮᠵᠢᠨ︾ ᠤᠰᠤ ᠨᠦᠬᠦᠪᠦᠷᠢᠯᠡᠬᠦ ᠨᠢ ᠨᠡᠩ ᠴᠢᠬᠤᠯᠠ᠃ ᠲᠤᠰ ᠬᠤᠭᠤᠴᠠᠭᠠᠨ ᠤ ︽ᠳᠤᠮᠳᠠᠳᠤ ᠤᠯᠤᠰ ᠤᠨ ᠢᠳᠡᠭᠡᠨ ᠤ ᠪᠦᠷᠢᠯᠳᠦᠭᠦᠨ ᠤ ᠬᠦᠰᠦᠨᠦᠭᠳᠦ︾ ᠳᠤᠮᠳᠠᠬᠢ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠦᠨᠳᠦᠰᠦᠯᠡᠨ᠂ ᠲᠡᠳᠡᠭᠡᠷ ᠢᠳᠡᠭᠡᠨ ᠤ ᠶᠢᠷᠲᠢᠨᠴᠦ ᠳᠠᠬᠢ ︽ᠪᠠᠶᠢᠭᠠᠯᠢᠯᠢᠭ ᠤᠮᠳᠠᠭᠠᠨ︾ ᠪᠤᠯᠬᠤ ᠨᠤᠭᠤᠭ᠎ᠠ ᠵᠢᠮᠢᠰ ᠢ ᠬᠤᠷᠢᠶᠠᠩᠭᠤᠶᠢᠯᠠᠪᠠᠯ᠄        ᠦᠷᠭᠡᠰᠦᠲᠦ ᠬᠡᠮᠬᠡ ᠤᠰᠤᠨ ᠤ ᠠᠬᠤᠭᠤᠯᠤᠭᠳᠠᠴᠠ ᠨᠢ 95.8% ᠶᠢ ᠡᠵᠡᠯᠡᠨ᠎ᠡ᠃ ᠰᠤᠷᠭᠤᠭ ᠠᠮᠲᠠ  ᠲᠠᠢ ᠦᠷᠭᠡᠰᠦᠲᠦ ᠬᠡᠮᠬᠡ ᠨᠢ ᠵᠤᠨ ᠤ ᠤᠯᠠᠷᠢᠯ ᠳᠤ ᠡᠷᠲᠡ ᠵᠠᠬ᠎ᠠ ᠳᠡᠯᠭᠡᠭᠦᠷ ᠳᠡᠭᠡᠷ᠎ᠡ ᠭᠠᠷᠴᠤ᠂ ᠲᠡᠭᠦᠨ ᠳᠤ ᠠᠬᠤᠭᠤᠯᠤᠭᠳᠠᠬᠤ ᠤᠰᠤᠨ ᠤ ᠬᠡᠮᠵᠢᠶ᠎ᠡ ᠨᠢ ᠦᠨᠳᠦᠷ᠂ ᠢᠯᠴᠢ ᠶᠢᠨ ᠡᠨᠧᠷᠭᠢ ᠪᠠᠭ᠎ᠠ᠂ ᠪᠡᠶ᠎ᠡ ᠶᠢᠨ ᠰᠢᠩᠭᠡᠨ ᠢ ᠨᠦᠬᠦᠪᠦᠷᠢᠯᠡᠬᠦ ᠳᠤ ᠲᠤᠰᠠᠲᠠᠢ᠃ ᠬᠢᠲᠠᠳ ᠡᠮᠨᠡᠯᠭᠡ ᠳᠤ ᠦᠵᠡᠬᠦ ᠪᠠᠷ ᠦᠷᠭᠡᠰᠦᠲᠦ ᠬᠡᠮᠬᠡ ᠨᠢ ᠬᠠᠯᠠᠭᠤᠨ ᠢ ᠲᠠᠭᠤᠵᠤ ᠤᠰᠤ ᠨᠦᠬᠦᠪᠦᠷᠢᠯᠡᠨ᠂ ᠬᠤᠤᠷ ᠢ ᠲᠠᠶᠢᠯᠵᠤ ᠬᠠᠪᠤᠳᠠᠷ ᠢ ᠠᠷᠢᠯᠭᠠᠨ᠂ ᠴᠠᠩᠭᠠᠬᠤ ᠶᠢ ᠲᠠᠶᠢᠯᠵᠦ᠂ ᠨᠠᠷᠠᠰᠢᠬᠤ ᠠᠴᠠ ᠰᠡᠷᠭᠡᠶᠢᠯᠡᠬᠦ ᠳᠤ ᠮᠠᠰᠢ ᠲᠤᠬᠢᠷᠠᠮᠵᠢᠲᠠᠢ᠃ ᠦᠷᠭᠡᠰᠦᠲᠦ ᠬᠡᠮᠬᠡ ᠨᠢ ᠵᠤᠬᠢᠬᠤ ᠬᠡᠮᠵᠢᠶᠡᠨ ᠤ ᠸᠢᠲ᠋ᠠᠮᠢᠨ C ᠸᠢᠲ᠋ᠠᠮᠢᠨ E ᠵᠡᠷᠭᠡ ᠰᠢᠮ᠎ᠡ ᠲᠡᠵᠢᠭᠡᠯ ᠤᠨ ᠪᠤᠳᠠᠰ ᠠᠬᠤᠭᠤᠯᠤᠭᠳᠠᠵᠤ ᠴᠢᠰᠤᠨ ᠰᠢᠬᠢᠷ ᠴᠢᠰᠤᠨ ᠦᠭᠡᠬᠦ ᠶᠢ ᠪᠠᠭᠤᠷᠠᠭᠤᠯᠬᠤ ᠦᠢᠯᠡᠳᠦᠯ ᠲᠠᠢ᠃ ᠳᠡᠯᠢᠭᠦᠦ ᠬᠤᠳᠤᠭᠤᠳᠤᠨ ᠬᠦᠢᠲᠡᠨ ᠬᠡᠢ᠂ ᠰᠠᠷ᠎ᠠ ᠶᠢᠨ ᠭᠬᠢᠷ ᠤᠨ ᠡᠮᠦᠨ᠎ᠡ ᠬᠤᠶᠢᠨᠠᠬᠢ ᠬᠤᠭᠤᠴᠠᠭᠠᠨ ᠳᠤ ᠪᠠᠶᠢᠭ᠎ᠠ ᠡᠮᠡᠭᠳᠡᠶᠢᠴᠦᠳ ᠦᠷᠭᠡᠰᠦᠲᠦ ᠬᠡᠮᠬᠡ ᠶᠢ ᠪᠠᠭ᠎ᠠ ᠢᠳᠡᠪᠡᠯ ᠵᠤᠬᠢᠨ᠎ᠠ᠃        ᠲᠠᠷᠪᠤᠰ ᠤᠨ ᠤᠰᠤᠨ ᠤ ᠠᠬᠤᠭᠤᠯᠤᠭᠳᠠᠴᠠ ᠨᠢ 93.3% ᠶᠢ ᠡᠵᠡᠯᠡᠨ᠎ᠡ᠃ ᠲᠠᠷᠪᠤᠰ ᠨᠢ ᠰᠢᠬᠢᠷᠯᠢᠭ ᠠᠮᠲᠠ ᠲᠠᠢ ᠤᠰᠤ ᠤᠯᠠᠨ᠂ ᠵᠤᠨ ᠤ ᠬᠠᠯᠠᠭᠤᠨ ᠳᠤ ᠢᠳᠡᠬᠦ ︽ᠵᠢᠮᠢᠰ ᠤᠨ ᠸᠠᠩ︾ ᠪᠠᠶᠢᠵᠤ᠂ ᠬᠠᠯᠠᠭᠤᠨ ᠢ ᠬᠦᠭᠡᠭᠡᠵᠦ ᠨᠠᠷᠠᠰᠢᠬᠤ ᠠᠴᠠ ᠰᠡᠷᠭᠡᠶᠢᠯᠡᠬᠦ᠂ ᠴᠠᠩᠭᠠᠬᠤ ᠶᠢ ᠲᠠᠶᠢᠯᠵᠦ ᠰᠢᠭᠡᠯᠭᠡᠬᠦ ᠳᠤ ᠲᠤᠰᠠᠲᠠᠢ᠃ ᠲᠦᠪᠡᠳ ᠬᠠᠰᠢ ᠶᠢᠨ ᠤᠯᠠᠭᠠᠨ ᠡᠳ᠋᠂ ᠬᠤ ᠯᠤᠤᠪᠠᠩ ᠤᠨ ᠡᠳ᠋ ᠠᠴᠠ ᠭᠠᠳᠠᠨ᠎ᠠ ᠲᠠᠷᠪᠤᠰ ᠨᠢ ᠨᠢᠭᠡᠨ ᠭᠤᠸᠠ ᠶᠢᠨ ᠠᠮᠢᠨᠤ᠋ ᠬᠦᠴᠢᠯ ᠭᠡᠬᠦ ᠪᠠᠶᠢᠭᠠᠯᠢᠯᠢᠭ ᠪᠤᠳᠠᠰ ᠠᠬᠤᠭᠤᠯᠤᠭᠳᠠᠵᠤ᠂ ᠲᠡᠷᠡ ᠨᠢ ᠯᠤᠭᠰᠢᠭᠤᠨ ᠰᠤᠳᠠᠯ ᠤᠨ ᠴᠢᠳᠠᠮᠵᠢ ᠶᠢ ᠳᠡᠭᠡᠭᠰᠢᠯᠡᠭᠦᠯᠬᠦ᠂ ᠴᠢᠰᠤᠨ ᠳᠠᠷᠤᠯᠲᠠ ᠶᠢ ᠪᠠᠭᠤᠷᠠᠭᠤᠯᠬᠤ ᠳᠤ ᠵᠤᠬᠢᠬᠤ ᠦᠢᠯᠡᠳᠦᠯ ᠲᠠᠢ᠃ ᠰᠠᠨᠠᠭᠤᠯᠬᠤ ᠴᠢᠬᠤᠯᠠᠲᠠᠢ  ᠨᠢ ᠲᠠᠷᠪᠤᠰ ᠢ ᠬᠡᠳᠦ ᠠᠷᠪᠢᠨ ᠢᠳᠡᠬᠦ ᠨᠢ ᠮᠠᠷᠢᠶᠠᠯᠠᠬᠦ ᠲᠦᠭᠰᠢᠭᠦᠷᠢ ᠶᠢ ᠨᠡᠮᠡᠭᠳᠡᠭᠦᠯᠵᠦ᠂ ᠡᠳᠦᠷ ᠪᠤᠯᠭᠠᠨ 200-350 ᠭᠷᠡᠮ ᠢᠳᠡᠪᠡᠯ ᠵᠤᠬᠢᠨ᠎ᠠ᠃        ᠤᠰᠤᠨ ᠯᠤᠤᠪᠠᠩ ᠤᠨ ᠤᠰᠤᠨ ᠤ ᠠᠬᠤᠭᠤᠯᠤᠭᠳᠠᠴᠠ ᠨᠢ 92.9% ᠶᠢ ᠡᠵᠡᠯᠡᠨ᠎ᠡ᠃ ᠴᠠᠭᠠᠨ ᠯᠤᠤᠪᠠᠩ  ᠲᠠᠢ ᠠᠳᠠᠯᠢ ᠦᠭᠡᠢ ᠨᠢ ᠤᠰᠤᠨ ᠯᠤᠤᠪᠠᠩ ᠨᠢ ᠵᠤᠨ ᠤᠯᠠᠨ ᠲᠤᠬᠢᠶᠠᠯᠳᠤᠵᠤ ᠲᠡᠭᠦᠨ ᠳᠤ ᠠᠬᠤᠭᠤᠯᠤᠭᠳᠠᠬᠤ ᠸᠢᠲ᠋ᠠᠮᠢᠨ C ᠨᠢ ᠨᠡᠯᠢᠶᠡᠳ ᠤᠯᠠᠨ᠂ ᠠᠳᠠᠯᠢ ᠵᠢᠩ ᠤᠨ ᠴᠠᠭᠠᠨ ᠯᠤᠤᠪᠠᠩ ᠤᠨ 2 ᠳᠠᠬᠢᠨ᠃ ᠡᠭᠦᠨ ᠠᠴᠠ ᠭᠠᠳᠠᠨ᠎ᠠ᠂ ᠲᠡᠷᠡ ᠨᠢ ᠢᠳᠡᠰᠢᠨ ᠰᠢᠷᠬᠡᠭᠯᠢᠭ ᠡᠳ᠋ ᠡᠯᠪᠡᠭ ᠠᠬᠤᠭᠤᠯᠤᠭᠳᠠᠵᠤ᠂ ᠭᠡᠳᠡᠰᠦᠨ ᠤ ᠬᠦᠳᠡᠯᠭᠡᠭᠡᠨ ᠢ ᠠᠬᠢᠭᠤᠯᠵᠤ᠂ ᠪᠡᠶ᠎ᠡ ᠶᠢᠨ ᠲᠤᠲᠤᠷᠠᠬᠢ ᠬᠠᠶᠠᠭᠳᠠᠮᠠᠯ ᠪᠤᠳᠠᠰ ᠢ ᠭᠠᠳᠠᠭᠰᠢᠯᠠᠭᠤᠯᠬᠤ ᠳᠤ ᠲᠤᠰᠠᠲᠠᠢ᠂ ᠰᠢᠭᠡᠯᠭᠡᠬᠦ᠂ ᠢᠳᠡᠰᠢ ᠶᠢ ᠰᠢᠩᠭᠡᠭᠡᠬᠦ ᠴᠢᠳᠠᠮᠵᠢ ᠲᠠᠢ᠂ ᠡᠭᠦᠨ ᠠᠴᠠ ᠭᠠᠳᠠᠨ᠎ᠠ ᠠᠷᠢᠬᠢ ᠲᠠᠶᠢᠯᠬᠤ ᠦᠢᠯᠡᠳᠦᠯ ᠲᠠᠢ᠃ ᠤᠰᠤᠨ ᠯᠤᠤᠪᠠᠩ ᠨᠢ ᠰᠢᠬᠢᠷᠯᠢᠭ ᠠᠮᠲᠠ ᠶᠢᠨ ᠳᠤᠮᠳᠠ ᠪᠠᠭ᠋ᠠᠨ ᠭᠤᠱᠤᠭᠤᠨ ᠬᠠᠯᠠᠭᠤᠨ ᠠᠮᠲᠠ ᠲᠠᠢ ᠪᠠᠶᠢᠵᠤ᠂ ᠲᠦᠭᠦᠬᠡᠢ ᠪᠠᠷ ᠢᠳᠡᠬᠦ ᠳᠤ ᠮᠠᠰᠢ ᠲᠤᠬᠢᠷᠠᠨ᠎ᠠ᠃        ᠭᠠᠳᠢᠷ᠎ᠠ ᠵᠢᠮᠢᠰ ᠤᠨ ᠤᠰᠤᠨ ᠤ ᠠᠬᠤᠭᠤᠯᠤᠭᠳᠠᠴᠠ ᠨᠢ 92.2% ᠢ ᠡᠵᠡᠯᠡᠨ᠎ᠡ᠃ ᠰᠢᠬᠢᠷᠯᠢᠭ ᠠᠮᠲᠠ  ᠲᠠᠢ᠂ ᠰᠢᠭᠦᠰᠦ ᠤᠯᠠᠨ ᠭᠠᠳᠢᠷ᠎ᠠ ᠵᠢᠮᠢᠰ ᠨᠢ ᠵᠤᠨ ᠤ ᠤᠯᠠᠷᠢᠯ ᠳᠤ ᠮᠠᠰᠢ ᠰᠠᠶᠢᠨ ᠤᠰᠤ ᠨᠦᠬᠦᠪᠦᠷᠢᠯᠡᠬᠦ ᠢᠳᠡᠭᠡᠨ ᠮᠦᠨ᠃ ᠭᠠᠳᠢᠷ᠎ᠠ ᠵᠢᠮᠢᠰ ᠨᠢ ᠵᠤᠨ ᠤ ᠤᠯᠠᠷᠢᠯ ᠳᠤ ᠮᠠᠰᠢ ᠰᠠᠶᠢᠨ ᠤᠰᠤ ᠨᠦᠬᠦᠪᠦᠷᠢᠯᠡᠬᠦ ᠢᠳᠡᠭᠡᠨ ᠮᠦᠨ᠃ ᠭᠠᠳᠢᠷ᠎ᠠ ᠵᠢᠮᠢᠰ ᠨᠢ ᠪᠠᠰᠤᠵᠤ ᠪᠤᠯᠤᠰᠢ ᠦᠭᠡᠢ ᠰᠢᠮ᠎ᠡ ᠲᠡᠵᠢᠭᠡᠯ ᠤᠨ ᠦᠨ᠎ᠡ ᠦᠷᠲᠡᠭ ᠲᠠᠢ᠃ ᠬᠤ᠋ ᠯᠤᠤᠪᠠᠩ ᠤᠨ ᠡᠳ᠋᠂ ᠸᠢᠲ᠋ᠠᠮᠢᠨ C ᠠᠴᠠ ᠭᠠᠳᠠᠨ᠎ᠠ ᠭᠠᠳᠢᠷ᠎ᠠ ᠵᠢᠮᠢᠰ ᠲᠤ ᠤᠭᠤᠷᠠᠭ ᠢ ᠵᠠᠳᠠᠷᠠᠭᠤᠯᠬᠤ ᠢᠰᠬᠡᠭᠦᠷ ᠡᠯᠪᠡᠭ ᠠᠬᠤᠭᠤᠯᠤᠭᠳᠠᠵᠤ᠂ ᠰᠢᠩᠭᠡᠭᠡᠯᠲᠡ ᠶᠢ ᠰᠠᠶᠢᠵᠢᠷᠠᠭᠤᠯᠬᠤ᠂ ᠡᠯᠢᠭᠡ ᠶᠢ ᠬᠠᠮᠠᠭᠠᠯᠠᠬᠤ ᠦᠢᠯᠡᠳᠦᠯ ᠲᠠᠢ᠃ ᠭᠠᠳᠢᠷ᠎ᠠ ᠵᠢᠮᠢᠰ ᠤᠨ ᠰᠢᠬᠢᠷ ᠨᠢ ᠲᠠᠷᠪᠤᠰ ᠠᠴᠠ ᠦᠨᠳᠦᠷ ᠪᠠᠶᠢᠵᠤ ᠡᠳᠦᠷ ᠲᠤ 200-350 ᠭᠷᠡᠮ ᠢᠳᠡᠪᠡᠯ ᠵᠤᠬᠢᠨ᠎ᠠ᠃        ᠲᠦᠪᠡᠳ ᠬᠠᠰᠢ ᠶᠢᠨ ᠤᠰᠤᠨ ᠤ ᠠᠬᠤᠭᠤᠯᠤᠭᠳᠠᠴᠠ ᠨᠢ 94.4% ᠶᠢ ᠡᠵᠡᠯᠡᠨ᠎ᠡ᠃ ᠲᠦᠪᠡᠳ ᠬᠠᠰᠢ  ᠨᠢ ᠢᠳᠡᠰᠢᠨ ᠨᠤᠭᠤᠭ᠎ᠠ ᠪᠠ ᠵᠢᠮᠢᠰ ᠤᠨ ᠬᠢᠯᠢ ᠶᠢᠨ ᠱᠤᠭᠤᠮ ᠢ ᠳᠠᠪᠠᠭᠰᠠᠨ ᠨᠢᠭᠡᠨ ᠢᠳᠡᠭᠡᠨ ᠪᠠᠶᠢᠵᠤ᠂ ᠲᠦᠭᠦᠬᠡᠢ ᠪᠠᠷ ᠢᠳᠡᠬᠦ ᠦᠶᠡᠰ᠂ ᠲᠡᠷᠡ ᠨᠢ ︽ᠤᠰᠤ ᠨᠦᠬᠦᠪᠦᠷᠢᠯᠡᠬᠦ ᠤᠬᠢ ᠢᠳᠡᠭᠡᠨ︾ ᠪᠠᠶᠢᠳᠠᠭ᠃ ᠲᠦᠪᠡᠳ ᠬᠠᠰᠢ ᠶᠢᠨ ᠬᠠᠮᠤᠭ ᠤᠨ ᠬᠤᠪᠤᠷ ᠦᠨᠡᠲᠡᠢ ᠪᠦᠷᠢᠯᠳᠦᠭᠦᠨ ᠨᠢ ᠲᠦᠪᠡᠳ ᠬᠠᠰᠢ ᠶᠢᠨ ᠤᠯᠠᠭᠠᠨ ᠡᠳ᠋᠂᠂ ᠲᠡᠷᠡ ᠨᠢ ᠮᠠᠰᠢ ᠴᠢᠩᠭ᠎ᠠ ᠢᠰᠦᠯᠳᠦᠬᠦ ᠶᠢ ᠡᠰᠡᠷᠭᠦᠴᠡᠬᠦ ᠴᠢᠳᠠᠮᠵᠢ ᠪᠠ ᠦᠮᠡᠨ ᠢ ᠡᠰᠡᠷᠭᠦᠴᠡᠬᠦ ᠴᠢᠳᠠᠮᠵᠢ ᠪᠠᠷ ᠢᠶᠠᠨ ᠨᠡᠷ᠎ᠡ ᠠᠯᠳᠠᠷᠰᠢᠵᠠᠢ᠃ ᠡᠭᠦᠨ ᠠᠴᠠ ᠭᠠᠳᠠᠨ᠎ᠠ ᠲᠦᠪᠡᠳ ᠬᠠᠰᠢ ᠨᠢ ᠪᠠᠰᠠ ᠬᠤ᠋ ᠯᠤᠤᠪᠠᠩ ᠤᠨ ᠡᠳ᠋᠂ ᠢᠳᠡᠰᠢᠨ ᠰᠢᠷᠬᠡᠭᠯᠢᠭ ᠡᠳ᠋᠂ ᠸᠢᠲ᠋ᠠᠮᠢᠨ C ᠪᠠ ᠺᠠᠯᠢ ᠶᠢᠨ ᠰᠠᠶᠢᠨ ᠢᠷᠡᠯᠲᠡ ᠮᠦᠨ᠃ ᠲᠠᠶᠢᠯᠪᠤᠷᠢᠯᠠᠬᠤ ᠴᠢᠬᠤᠯᠠᠲᠠᠢ ᠨᠢ ᠲᠦᠪᠡᠳ ᠬᠠᠰᠢ ᠶᠢᠨ ᠤᠯᠠᠭᠠᠨ ᠡᠳ᠋ ᠤᠨ ᠦᠮᠡᠨ ᠢ ᠡᠰᠡᠷᠭᠦᠴᠡᠬᠦ ᠴᠢᠳᠠᠮᠵᠢ ᠶᠢ ᠪᠦᠷᠢᠨ ᠪᠠᠳᠠᠷᠠᠭᠤᠯᠬᠤ ᠭᠡᠪᠡᠯ ᠬᠠᠮᠤᠭ ᠰᠠᠶᠢᠨ ᠨᠢ ᠲᠦᠪᠡᠳ ᠬᠠᠰᠢ ᠶᠢ ᠲᠦᠭᠦᠬᠡᠢ ᠪᠠᠷ ᠢᠳᠡᠨ᠎ᠡ᠃        ᠶᠠᠨᠵᠤ ᠭᠦᠢᠯᠡᠰᠦ ᠤᠰᠤᠨ ᠤ ᠠᠬᠤᠭᠤᠯᠤᠭᠳᠠᠴᠠ ᠨᠢ 92% ᠢ ᠡᠵᠡᠯᠡᠨ᠎ᠡ᠃ ᠶᠠᠨᠵᠦ ᠭᠦᠢᠯᠡᠰᠦ ᠶᠢᠨ ᠰᠢᠭᠦᠰᠦ ᠤᠯᠠᠨ᠂ ᠬᠦᠴᠢᠯᠯᠢᠭ ᠠᠮᠲᠠ ᠲᠠᠢ᠂ ᠸᠢᠲ᠋ᠠᠮᠢᠨ C᠂᠂ ᠸᠢᠲ᠋ᠠᠮᠢᠨ B2᠂ ᠬᠤ ᠯᠤᠤᠪᠠᠩ ᠤᠨ ᠡᠳ᠋᠂ ᠨᠢᠮᠪᠡᠭᠡ ᠶᠢᠨ ᠬᠦᠴᠢᠯ᠂ ᠠᠯᠮᠤᠷᠠᠳ ᠤᠨ ᠬᠦᠴᠢᠯ ᠵᠡᠷᠭᠡ ᠡᠯᠪᠡᠭ ᠠᠬᠤᠭᠤᠯᠤᠭᠳᠠᠨ᠎ᠠ᠃ ᠵᠢᠮᠢᠰ ᠤᠨ ᠴᠢᠨᠠᠷ ᠨᠢ ᠪᠦᠯᠢᠶᠡᠨ ᠪᠠᠶᠢᠵᠤ ᠠᠮᠲᠠ ᠨᠢ ᠬᠦᠴᠢᠯᠯᠢᠭ᠂ ᠴᠠᠩᠭᠠᠬᠤ ᠶᠢ ᠲᠠᠶᠢᠯᠵᠦ᠂ ᠢᠳᠡᠰᠢ ᠶᠢ ᠰᠢᠩᠭᠡᠭᠡᠨ᠂ ᠪᠦᠭᠡᠯᠵᠢᠵᠦ ᠰᠠᠭᠤᠯᠭᠠᠬᠤ ᠶᠢ ᠵᠤᠭᠰᠤᠭᠠᠬᠤ ᠦᠢᠯᠡᠳᠦᠯ ᠲᠠᠢ᠃ ᠭᠡᠪᠡᠴᠦ ᠶᠠᠨᠵᠦ ᠭᠦᠢᠯᠡᠰᠦ ᠨᠢ ᠬᠦᠴᠢᠯᠯᠢᠭ ᠬᠤᠳᠤᠭᠤᠳᠤᠨ ᠬᠦᠴᠢᠯ ᠬᠡᠲᠦ ᠤᠯᠠᠨ᠂ ᠤᠳᠠᠭᠠᠨ ᠴᠢᠨᠠᠷᠲᠠᠢ ᠬᠤᠳᠤᠭᠤᠳᠤᠨ ᠦᠷᠪᠢᠰᠦᠯ᠂ ᠬᠤᠳᠤᠭᠤᠳᠤᠨ ᠰᠢᠷᠬᠠᠯᠠᠭ᠎ᠠ ᠲᠠᠢ ᠬᠦᠮᠦᠰ ᠪᠠᠭ᠎ᠠ ᠢᠳᠡᠪᠡᠯ ᠵᠤᠬᠢᠨ᠎ᠠ᠃        ᠠᠮᠲᠠᠲᠤ ᠬᠡᠮᠬᠡ ᠤᠰᠤᠨ ᠤ ᠠᠬᠤᠭᠤᠯᠤᠭᠳᠠᠴᠠ ᠨᠢ 92.9% ᠶᠢ ᠡᠵᠡᠯᠡᠨ᠎ᠡ᠃ ᠭᠤᠶᠤ ᠠᠮᠲᠠ ᠲᠠᠢ᠂ ᠠᠩᠭᠢᠯᠦᠮ᠎ᠠ ᠦᠨᠦᠷ ᠲᠠᠢ ᠠᠮᠲᠠᠲᠤ ᠬᠡᠮᠬᠡ ᠨᠢ ᠵᠤᠨ ᠤ ᠤᠯᠠᠷᠢᠯ ᠳᠤ ᠬᠦᠮᠦᠰ ᠤᠨ ᠬᠠᠮᠤᠭ ᠢᠳᠡᠬᠦ ᠳᠤᠷᠠᠲᠠᠢ ᠵᠢᠮᠢᠰ ᠤᠨ ᠨᠢᠭᠡ ᠨᠢ ᠪᠤᠯᠵᠠᠢ᠃ ᠪᠠᠶᠢᠴᠠᠭᠠᠯᠲᠠ ᠶᠢ ᠦᠨᠳᠦᠰᠦᠯᠡᠪᠡᠯ᠂ ᠠᠮᠲᠠᠲᠤ ᠬᠡᠮᠬᠡ ᠨᠢ ᠲᠠᠷᠪᠤᠰ ᠲᠠᠢ ᠠᠳᠠᠯᠢᠳᠬᠠᠪᠠᠯ᠂ ᠠᠮᠲᠠᠲᠤ ᠬᠡᠮᠬᠡ ᠶᠢᠨ ᠤᠰᠤ ᠪᠠ ᠤᠭᠤᠷᠠᠭ ᠨᠢ ᠨᠡᠯᠢᠶᠡᠳ ᠪᠠᠭ᠎ᠠ᠂ ᠭᠡᠪᠡᠴᠦ ᠠᠩᠭᠢᠯᠤᠮ᠎ᠠ ᠪᠤᠳᠠᠰ᠂ ᠤᠯᠠᠨ ᠲᠦᠷᠦᠯ ᠤᠨ ᠡᠷᠦᠳᠡᠰᠦᠨ ᠪᠤᠳᠠᠰ ᠪᠠ ᠸᠢᠲ᠋ᠠᠮᠢᠨ C ᠵᠡᠷᠭᠡ ᠲᠡᠵᠢᠭᠡᠯ ᠡᠳ᠋ ᠤᠨ ᠠᠬᠤᠭᠤᠯᠤᠭᠳᠠᠴᠠ ᠪᠠᠷ ᠲᠠᠷᠪᠤᠰ ᠠᠴᠠ ᠦᠨᠳᠦᠷ ᠪᠠᠶᠢᠳᠠᠭ᠃ ᠵᠤᠨ ᠤ ᠤᠯᠠᠷᠢᠯ ᠳᠤ ᠠᠮᠲᠠᠲᠤ ᠬᠡᠮᠬᠡ ᠢᠳᠡᠬᠦ ᠨᠢ ᠬᠠᠯᠠᠭᠤᠨ ᠢ ᠬᠦᠭᠡᠭᠡᠵᠦ᠂ ᠴᠠᠩᠭᠠᠬᠤ ᠶᠢ ᠲᠠᠶᠢᠯᠵᠦ᠂ ᠪᠠᠰᠠ ᠬᠦᠮᠦᠨ ᠤ ᠪᠡᠶ᠎ᠡ ᠶᠢᠨ ᠡᠯᠢᠭᠡ ᠪᠠ ᠭᠡᠳᠡᠰᠦᠨ ᠵᠠᠮ ᠤᠨ ᠰᠢᠰᠲ᠋ᠧᠮ ᠳᠤ ᠲᠤᠰᠠᠲᠠᠢ᠃ ᠠᠮᠲᠠᠲᠤ ᠬᠡᠮᠬᠡ ᠶᠢᠨ ᠰᠢᠬᠢᠷ ᠤᠨ ᠠᠬᠤᠭᠤᠯᠤᠭᠳᠠᠴᠠ ᠨᠢ ᠲᠠᠷᠪᠤᠰ ᠲᠠᠢ ᠤᠶᠢᠷᠠᠯᠴᠠᠭ᠎ᠠ ᠪᠠᠶᠢᠵᠤ ᠠᠷᠪᠢᠨ ᠢᠳᠡᠬᠦ ᠳᠤ ᠲᠤᠬᠢᠷᠠᠬᠤ ᠦᠭᠡᠢ᠃        ᠲᠦᠭᠦᠬᠡᠢ ᠨᠤᠭᠤᠭ᠎ᠠ ᠶᠢᠨ ᠤᠰᠤᠨ ᠤ ᠠᠬᠤᠭᠤᠯᠤᠭᠳᠠᠴᠠ ᠨᠢ 95.7 ᠶᠢ ᠡᠵᠡᠯᠡᠨ᠎ᠡ᠃ ᠲᠦᠭᠦᠬᠡᠢ ᠨᠤᠭᠤᠭ᠎ᠠ ᠶᠢᠨ ᠤᠰᠤᠨ ᠤ ᠠᠬᠤᠭᠤᠯᠤᠭᠳᠠᠴᠠ ᠨᠢ ᠦᠷᠭᠡᠰᠦᠲᠦ ᠬᠡᠮᠬᠡ ᠠᠴᠠ ᠳᠤᠤᠷ᠎ᠠ ᠦᠭᠡᠢ ᠪᠠᠶᠢᠵᠤ᠂ ᠲᠡᠷᠡ ᠨᠢ ᠬᠠᠯᠠᠭᠤᠨ ᠢ ᠬᠦᠭᠡᠭᠡᠬᠦ ᠦᠷᠪᠢᠰᠦᠯ ᠢ ᠳᠠᠷᠤᠬᠤ ᠨᠤᠶᠢᠷ ᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ᠃ ᠡᠭᠦᠨ ᠠᠴᠠ ᠭᠠᠳᠠᠨ᠎ᠠ ᠪᠠᠰᠠ ᠲᠦᠭᠦᠬᠡᠢ ᠨᠤᠭᠤᠭ᠎ᠠ ᠨᠢ ᠰᠡᠷᠢᠭᠦᠨ ᠴᠢᠨᠠᠷᠲᠠᠢ ᠪᠠᠶᠢᠵᠤ᠂ ᠰᠢᠭᠡᠯᠭᠡᠬᠦ ᠰᠢᠩᠭᠡᠭᠡᠯᠲᠡ ᠶᠢ ᠰᠠᠶᠢᠵᠢᠷᠠᠭᠤᠯᠬᠤ᠂ ᠢᠳᠡᠰᠢᠨ ᠳᠤᠷᠠᠰᠢᠯ ᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ᠃ ᠰᠢᠭᠤᠳ ᠢᠳᠡᠵᠦ ᠪᠤᠯᠬᠤ ᠠᠴᠠ ᠭᠠᠳᠠᠨ᠎ᠠ ᠪᠠᠰᠠ ᠲᠦᠭᠦᠬᠡᠢ ᠨᠤᠭᠤᠭ᠎ᠠ ᠶᠢ ᠲᠠᠯᠬ᠎ᠠ ᠳᠤ ᠬᠠᠪᠴᠢᠭᠤᠯᠬᠤ ᠪᠤᠶᠤ ᠰᠢᠷᠠᠭᠰᠠᠨ ᠮᠢᠬᠠᠨ ᠤ ᠬᠠᠪᠰᠤᠷᠤᠮᠠᠯ ᠨᠤᠭᠤᠭ᠎ᠠ ᠪᠠᠷ ᠢᠳᠡᠵᠦ ᠪᠤᠯᠬᠤ ᠤᠰᠤ ᠨᠦᠬᠦᠪᠦᠷᠢᠯᠡᠬᠦ ᠳᠤ ᠮᠠᠰᠢ ᠰᠠᠶᠢᠨ ᠨᠤᠭᠤᠭ᠎ᠠ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号