ᠬᠤᠩ ᠱᠠᠨ ᠲᠤᠭᠤᠷᠢᠭ ᠤᠨ ᠵᠤᠤ ᠤᠳᠠ ᠪᠠᠭ᠎ᠠ ᠰᠤᠷᠭᠠᠭᠤᠯᠢ ᠶᠢᠨ ᠬᠤᠩ ᠱᠠᠨ ᠵᠢᠶᠦ᠋ᠨ ᠭᠤᠤᠯ ᠰᠤᠷᠭᠠᠭᠤᠯᠢ ᠶᠢᠨ ᠲᠤᠭᠤᠷᠢᠭ ᠫᠠᠶᠢᠰᠠ ᠰᠡᠬᠦᠬᠦ ᠶᠤᠰᠤᠯᠠᠯ ᠬᠢᠪᠡ
ᠨᠡᠶᠢᠲᠡᠯᠡᠭᠰᠡᠨ ᠴᠠᠭ᠄
2016-08-19
       8ᠰᠠᠷ᠎ᠠ ᠶᠢᠨ15 ᠤ ᠡᠳᠦᠷ᠂ ᠬᠤᠩ ᠱᠠᠨ ᠲᠤᠭᠤᠷᠢᠭ ᠤᠨ ᠵᠤᠤ ᠤᠳᠠ ᠪᠠᠭ᠎ᠠ ᠰᠤᠷᠭᠠᠭᠤᠯᠢ ᠶᠢᠨ ᠬᠤᠩ ᠱᠠᠨ ᠵᠢᠶᠦ᠋ᠨ ᠭᠤᠤᠯ ᠰᠤᠷᠭᠠᠭᠤᠯᠢ ᠶᠢᠨ ᠲᠤᠭᠤᠷᠢᠭ ᠫᠠᠶᠢᠰᠠ ᠰᠡᠬᠦᠬᠦ ᠶᠤᠰᠤᠯᠠᠯ ᠢᠶᠠᠨ ᠦᠪᠡᠳᠡᠭᠰᠢ ᠶᠡᠭᠡ ᠪᠠᠷ ᠬᠢᠪᠡ᠃ ᠶᠤᠰᠤᠯᠠᠯ  ᠢ ᠦᠪᠦᠷ ᠮᠤᠩᠭᠤᠯ ᠤᠨ ᠱᠧᠦ ᠳ᠋ᠢ ᠭᠡᠷ ᠬᠦᠷᠦᠩᠭᠡ ᠭᠠᠵᠠᠷ ᠰᠢᠷᠤᠢ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠹᠠ ᠵᠢᠶᠦ᠋ᠨ ᠡᠷᠬᠢᠯᠡᠵᠦ᠂ ᠬᠤᠩ ᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ᠂ ᠬᠤᠩ ᠱᠠᠨ ᠲᠤᠭᠤᠷᠢᠭ ᠤᠨ ᠵᠤᠤ ᠤᠳᠠ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠤᠩ ᠱᠠᠨ ᠵᠢᠶᠦ᠋ᠨ ᠭᠤᠤᠯ ᠰᠤᠷᠭᠠᠭᠤᠯᠢ ᠶᠢᠨ ᠲᠤᠭᠤᠷᠢᠭ ᠤᠨ ᠫᠠᠶᠢᠰᠠ‌‍ᠰᠡᠬᠦᠬᠦ ᠶᠤᠰᠤᠯᠠᠯ ᠳᠤ ᠲᠤᠤᠵᠠ ᠬᠠᠶᠢᠴᠢᠯᠠᠪᠠ᠃ ᠡᠨᠡ ᠨᠢ ᠤᠯᠠᠭᠠᠨᠬᠠᠳᠠ ᠬᠤᠲᠠ ᠶᠢᠨ ᠨᠡᠯᠢᠶᠡᠳ ᠦᠨᠳᠦᠷ ᠲᠦᠪᠰᠢᠨ ᠤ᠂ ᠰᠤᠷᠭᠠᠨ ᠬᠦᠮᠦᠵᠢᠯ ᠤᠨ ᠲᠦᠬᠦᠭᠡᠷᠦᠮᠵᠢ ᠪᠦᠷᠢᠨ ᠲᠦᠬᠦᠷ᠂ ᠮᠡᠷᠭᠡᠵᠢᠯ ᠲᠡᠷᠢᠭᠦᠨ ᠤ᠂ ᠤᠳᠤ ᠦᠶ᠎ᠡ ᠶᠢᠨ ᠤᠨᠴᠠᠯᠢᠭ ᠪᠦᠬᠦᠢ ᠰᠤᠷᠭᠠᠭᠤᠯᠢ ᠶᠢᠨ ᠮᠡᠨᠳᠦᠯᠡᠭᠰᠡᠨ ᠢ ᠬᠠᠷᠠᠭᠤᠯᠵᠤ᠂  ᠮᠠᠨ ᠤ ᠲᠤᠭᠤᠷᠢᠭ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠦᠭᠦᠯᠭᠦ᠂ ᠰᠢᠯᠢᠳᠡᠭ ᠰᠤᠷᠭᠠᠨ ᠬᠦᠮᠦᠵᠢᠯ ᠢ ᠴᠤᠭᠴᠠᠯᠠᠨ ᠪᠠᠶᠢᠭᠤᠯᠬᠤ ᠳᠤ ᠲᠤᠷᠰᠢᠯᠭ᠎ᠠ ᠬᠠᠩᠭᠠᠬᠤ᠂ ᠪᠦᠬᠦ ᠬᠤᠲᠠ ᠶᠢᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠬᠦ   ᠪᠤᠯᠤᠨ᠎ᠠ︕
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号