ᠤᠳᠠᠨ ᠨᠤᠲᠤᠭ ᠤᠨ ᠤᠳᠤᠨ ᠰᠤᠳᠤᠨ — ᠤᠷᠲᠤ ᠶᠢᠨ ᠳᠠᠭᠤᠴᠢᠨ ᠪᠢᠯᠢᠭᠪᠡᠭᠠᠲᠤᠷ
ᠨᠡᠶᠢᠲᠡᠯᠡᠭᠰᠡᠨ ᠴᠠᠭ᠄
2016-08-21
        ᠪᠢᠯᠢᠭᠪᠡᠭᠠᠲᠤᠷ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠪᠠᠷ ᠨᠤᠲᠤᠭᠲᠠᠢ ᠤᠷᠲᠤ ᠶᠢᠨ ᠳᠠᠭᠤᠴᠢᠨ᠂ ᠠᠨᠳᠠ ᠬᠠᠮᠲᠤᠯᠢᠭ ᠤᠨ ᠭᠤᠤᠯ ᠳᠠᠭᠤᠴᠢᠨ᠃ 1997-2000 ᠤᠨ ᠳᠤ ᠦᠪᠦᠷ ᠮᠤᠩᠭᠤᠯ ᠤᠨ ᠮᠤᠷᠢᠨ ᠬᠤᠭᠤᠷ ᠤᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠤᠯᠴᠠᠵᠤ᠂ ᠲᠡᠭᠦᠰᠦᠭᠰᠡᠨ ᠤ ᠳᠠᠷᠠᠭ᠎ᠠ ᠦᠪᠦᠷ ᠮᠤᠩᠭᠤᠯ ᠤᠨ ᠴᠠᠬᠢᠯᠭᠠᠨ ᠬᠦᠴᠦᠨ ᠤ ᠤᠷᠠᠨ ᠰᠠᠶᠢᠬᠠᠨ ᠤ ᠪᠦᠯᠬᠦᠮ ᠳᠤ ᠭᠤᠴᠤᠯᠠᠯ ᠳᠠᠭᠤᠴᠢᠨ ᠢᠶᠠᠷ ᠠᠵᠢᠯᠯᠠᠨ᠂ 2001 ᠤᠨ ᠳᠤ ᠪᠡᠭᠡᠵᠢᠩ ᠤᠨ ᠲᠡᠭᠷᠢ ᠲᠠᠯ᠎ᠠ ᠤᠷᠠᠯᠢᠭ ᠤᠨ ᠪᠦᠯᠬᠦᠮ ᠳᠤ ᠰᠢᠯᠵᠢᠨ ᠠᠵᠢᠯᠯᠠᠪᠠ᠃ 2004 ᠤᠨ ᠠᠴᠠ ᠤᠳᠤ ᠪᠤᠯᠲᠠᠯ᠎ᠠ ᠦᠪᠦᠷ ᠮᠤᠩᠭᠤᠯ ᠤᠨ ᠦᠨᠳᠦᠰᠦᠲᠡᠨ ᠤ ᠳᠠᠭᠤᠤᠷᠢᠯᠢᠭ ᠤᠨ ᠪᠦᠯᠬᠦᠮ ᠳᠤ ᠠᠵᠢᠯᠯᠠᠭᠰᠠᠭᠠᠷ ᠁         ᠳᠠᠭᠤᠴᠢᠨ ᠮᠠᠨᠢ 1991 ᠤᠨ ᠤ ᠤᠯᠠᠭᠠᠨᠬᠠᠳᠠ ᠬᠤᠲᠠ ᠶᠢᠨ ᠵᠠᠯᠠᠭᠤ ᠳᠠᠭᠤᠴᠢᠳ ᠤᠨ ᠳᠠᠭᠤᠨ ᠤ ᠤᠷᠤᠯᠳᠤᠭᠠᠨ ᠤ ᠨᠢᠭᠡᠳᠦᠭᠡᠷ ᠳᠡᠰ᠃ 2001 ᠤᠨ ᠤ 10 ᠰᠠᠷ᠎ᠠ ᠳᠤ ᠪᠤᠯᠤᠭᠰᠠᠨ ︽ᠲᠠᠯ᠎ᠠ ᠨᠤᠲᠤᠭ︾ ᠬᠤᠨᠳᠠᠭᠠᠲᠤ ᠤᠷᠲᠤ ᠶᠢᠨ ᠳᠠᠭᠤᠨ ᠤ ᠤᠷᠤᠯᠳᠤᠭᠠᠨ ᠤ ᠬᠤᠶᠠᠳᠤᠭᠠᠷ ᠳᠡᠰ᠃ 2004 ᠤᠨ ᠤ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤ ᠳᠠᠭᠤᠴᠢᠳ ᠤᠨ ᠲᠧᠯᠸᠢᠰ ᠱᠠᠩᠨᠠᠯᠲᠦ ᠤᠷᠤᠯᠳᠤᠭᠠᠨ ᠤ ᠦᠪᠦᠷ ᠮᠤᠩᠭᠤᠯ ᠳᠠᠬᠢ ᠬᠤᠪᠢᠶᠠᠷᠢ ᠲᠠᠯᠠᠪᠠᠢ ᠤᠷᠤᠯᠳᠤᠭᠠᠨ ᠤ ᠦᠨᠳᠦᠰᠦᠲᠡᠨ ᠤ ᠳᠠᠭᠤᠯᠠᠯᠭ᠎ᠠ ᠶᠢᠨ ᠬᠤᠶᠠᠳᠤᠭᠠᠷ ᠳᠡᠰ᠃ 2004 ᠤᠨ ᠤ 9 ᠰᠠᠷ᠎ᠠ ᠳᠤ ᠪᠤᠯᠤᠭᠰᠠᠨ ᠪᠦᠬᠦ ᠤᠯᠤᠰ ᠤᠨ ᠡᠮᠦᠨ᠎ᠡ ᠤᠮᠠᠷᠠᠲᠤ ᠤᠷᠤᠨ ᠤ ᠳᠠᠭᠤᠨ ᠤ ᠲᠠᠪᠴᠠᠩᠲᠤ ᠤᠷᠤᠯᠳᠤᠭᠠᠨ ᠤ ᠮᠦᠩᠭᠦᠨ ᠮᠧᠲᠠᠯ᠃ 2007 ᠤᠨ ᠤ ᠦᠪᠦᠷ ᠮᠤᠩᠭᠤᠯ ᠤᠨ ᠤᠳᠤᠨ ᠲᠧᠯᠸᠢᠰ ᠤᠨ ᠸᠧᠶᠧᠨᠠ ᠶᠢᠨ ᠠᠯᠲᠠᠨ‌ᠤᠷᠳᠤᠨ ᠳᠤ ᠬᠢᠭᠰᠡᠨ ᠰᠢᠨ᠎ᠡ ᠵᠢᠯ ᠢᠶᠠᠨ ᠤᠭᠲᠤᠬᠤ ᠳᠠᠭᠤᠤ ᠬᠦᠭᠵᠢᠮ ᠤᠨ ᠦᠳᠡᠰᠢᠯᠡᠭᠡ ᠳᠤ ︽ᠪᠤᠭᠳᠠ ᠴᠢᠩᠭᠢᠰ︾ ᠤᠷᠲᠤ ᠶᠢᠨ ᠳᠠᠭᠤᠤ ᠪᠠᠷ ᠢᠶᠠᠨ ᠤᠷᠤᠯᠴᠠᠭᠠᠳ᠂ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠪᠠ᠃ 2007 ᠤᠨ ᠤ ︽ᠴᠧᠩ ᠯᠦᠩ ᠨᠡᠭᠦᠷᠡᠰᠦᠨ ᠬᠤᠨᠳᠠᠭᠠᠲᠤ︾ ᠤᠯᠠᠨ ᠤᠯᠤᠰ ᠤᠨ ᠮᠤᠩᠭᠤᠯ ᠤᠷᠲᠤ ᠶᠢᠨ ᠳᠠᠭᠤᠤ ᠶᠢᠨ ᠲᠧᠯᠸᠢᠰ ᠱᠠᠩᠨᠠᠯᠲᠤ ᠤᠷᠤᠯᠳᠤᠭᠠᠨ ᠤ ᠲᠤᠰᠬᠠᠢ ᠮᠡᠷᠭᠡᠵᠢᠯ ᠤᠨ ᠳᠤᠭᠤᠶᠢᠯᠠᠩ ᠤᠨ ᠨᠢᠭᠡᠳᠦᠭᠡᠷ ᠳᠡᠰ᠃ ᠡᠭᠦᠨ ᠠᠴᠠ ᠭᠠᠳᠠᠨ᠎ᠠ᠂ ᠦᠪᠦᠷ ᠮᠤᠩᠭᠤᠯ ᠤᠨ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠤᠷᠢᠯᠭ᠎ᠠ ᠪᠠᠷ ᠲᠤᠮᠤ ᠬᠡᠯᠪᠡᠷᠢ ᠶᠢᠨ ᠳᠠᠭᠤᠯᠠᠯᠲᠤ ᠵᠦᠴᠦᠭᠡ ︽ᠮᠠᠨᠳᠤᠬᠠᠢ ᠰᠡᠴᠡᠨ︾ ᠳᠤ ᠭᠤᠤᠯ ᠳᠦᠷᠢ — ᠦᠨᠢᠪᠤᠯᠤᠳ ᠤᠨ ᠳᠦᠷᠢ ᠶᠢ ᠲᠤᠭᠯᠠᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号