ᠡᠷᠳᠡᠮᠲᠡᠳ ᠤᠨ ᠡᠷᠳᠡᠮ ᠢ ᠭᠠᠶᠢᠬᠠᠭᠤᠯᠤᠭᠰᠠᠨ ︽ᠭᠡᠰᠡᠷ︾ ᠰᠤᠳᠤᠯᠤᠯ
ᠨᠡᠶᠢᠲᠡᠯᠡᠭᠰᠡᠨ ᠴᠠᠭ᠄
2016-08-24
        ︽ᠭᠡᠰᠡᠷ︾ ᠪᠤᠯ ᠤᠯᠠᠨ᠎ᠠ ᠠᠯᠳᠠᠷᠰᠢᠭᠰᠠᠨ ︽ᠳᠤᠮᠳᠠᠳᠤ ᠤᠯᠤᠰ ᠤᠨ ᠭᠤᠷᠪᠠᠨ ᠶᠡᠭᠡ ᠲᠤᠤᠯᠢ︾ ᠶᠢᠨ ᠨᠢᠭᠡ ᠪᠤᠯᠤᠨ᠎ᠠ᠃ ᠲᠡᠷᠡ ᠨᠢ ᠮᠠᠨ ᠤ ᠤᠯᠤᠰ ᠤᠨ ᠠᠩᠬᠠᠳᠤᠭᠠᠷ ᠤᠳᠠᠭ᠎ᠠ ᠨᠡᠶᠢᠲᠡᠯᠡᠭᠰᠡᠨ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠪᠦᠲᠦᠭᠡᠯ ᠤᠨ ᠨᠡᠷᠡᠰ ᠤᠨ ᠵᠢᠭᠰᠠᠭᠠᠯᠲᠠ︾ ᠤᠷᠤᠭᠰᠠᠨ ᠪᠦᠭᠡᠳ 2009 ᠤᠨ ᠳᠤ ᠪᠠᠰᠠ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠤᠨ ᠵᠤᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ︽ᠬᠦᠮᠦᠨ ᠲᠦᠷᠦᠯᠬᠢᠲᠡᠨ ᠤ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠪᠤᠲᠦᠭᠡᠯ ᠤᠨ ᠨᠡᠷᠡᠰ ᠤᠨ ᠵᠢᠭᠰᠠᠭᠠᠯᠲᠠ︾ ᠳᠤ ᠤᠷᠤᠭᠰᠠᠨ ᠪᠠᠶᠢᠨ᠎ᠠ᠃ ︽ᠭᠡᠰᠡᠷ︾ ᠨᠢ ᠦᠨᠳᠦᠰᠦᠲᠡᠨ ᠤ ᠬᠢᠵᠠᠭᠠᠷ ᠪᠠ ᠤᠯᠤᠰ ᠤᠨ ᠬᠢᠯᠢ ᠳᠤ ᠪᠠᠷᠢᠭᠳᠠᠯ ᠦᠭᠡᠢ ᠪᠠᠷ ᠦᠷᠭᠡᠨ ᠳᠡᠯᠭᠡᠷᠡᠭᠰᠡᠨ ᠠᠮᠢᠳᠤ ᠲᠤᠤᠯᠢ ᠪᠠᠶᠢᠵᠤ᠂ ᠮᠠᠨ ᠤ ᠤᠯᠤᠰ ᠤᠨ ᠮᠤᠩᠭᠤᠯ᠂ ᠲᠦᠪᠡᠳ ᠪᠠ ᠶᠤᠭᠤᠷ ᠦᠨᠳᠦᠰᠦᠲᠡᠨ ᠤ ᠤᠷᠤᠰᠢᠨ ᠰᠠᠭᠤᠭ᠎ᠠ ᠭᠠᠵᠠᠷ ᠤᠷᠤᠨ ᠲᠡᠳᠦᠢ ᠦᠭᠡᠢ ᠤᠷᠤᠰ᠂ ᠮᠤᠩᠭᠤᠯ᠂ ᠫᠠᠺᠢᠰᠲ᠋ᠠᠨ᠂ ᠨᠧᠫᠡᠯ᠂ ᠪᠦᠲ᠋ᠠᠨ ᠵᠡᠷᠭᠡ ᠤᠯᠤᠰ ᠤᠷᠤᠨ ᠢᠶᠠᠷ ᠳᠡᠯᠭᠡᠷᠡᠨ ᠤᠯᠠᠮᠵᠢᠯᠠᠭᠳᠠᠵᠤ᠂ ᠲᠠᠷᠬᠠᠯᠲᠠ ᠶᠢᠨ ᠪᠦᠰᠡ ᠨᠢ ᠶᠠᠭ ᠲᠤᠷᠭᠠᠨ ᠵᠠᠮ ᠤᠨ ᠬᠦᠢᠰᠦ ᠤᠷᠤᠨ ᠳᠠᠭᠠᠤ ᠪᠠᠶᠢᠷᠢᠯᠠᠵᠤ ᠪᠠᠶᠢᠳᠠᠭ ᠪᠢᠯᠡ᠃        ᠲᠤᠤᠯᠢ ᠶᠢᠨ ᠪᠠᠭᠠᠲᠤᠷ ᠭᠡᠰᠡᠷ ᠪᠤᠯ ᠳᠡᠭᠡᠷᠡᠩᠭᠦᠢ ᠬᠦᠴᠦᠲᠡᠨ ᠢ ᠰᠦᠭᠦᠳᠬᠡᠵᠦ᠂ ᠳᠡᠯᠡᠬᠡᠢ ᠳ᠋ᠠᠬᠢᠨ ᠢ ᠠᠮᠤᠷᠵᠢᠭᠤᠯᠵᠤ᠂ ᠡᠵᠡᠷᠬᠡᠭ ᠬᠠᠷᠭᠢᠰ ᠢ ᠮᠦᠬᠦᠭᠡᠳᠡᠭ ᠪᠦᠭᠡᠳ ᠡᠭᠡᠯ ᠢᠷᠭᠡᠳ ᠢ ᠵᠤᠪᠠᠭᠠᠳᠠᠭ ᠠᠷᠵᠠᠭᠠᠷ ᠮᠠᠩᠭᠤᠰ ᠢ ᠠᠷᠢᠯᠭᠠᠵᠤ᠂ ᠠᠷᠠᠳ ᠲᠦᠮᠡᠨ ᠢᠶᠠᠨ ᠵᠢᠷᠭᠠᠭᠤᠯᠵᠤ᠂ ᠦᠵᠡᠰᠬᠦᠯᠡᠩᠲᠦ ᠰᠠᠶᠢᠬᠠᠨ ᠨᠤᠲᠤᠭ ᠢᠶᠠᠨ ᠬᠢᠮᠠᠭᠠᠳᠠᠨ ᠬᠠᠮᠠᠭᠠᠯᠠᠳᠠᠭ᠃ ᠡᠨᠡ ᠪᠤᠯ ᠮᠦᠨ ᠲᠤᠤᠯᠢ ᠳᠤ ᠲᠤᠰᠬᠠᠭᠰᠠᠨ ᠭᠤᠤᠯ ᠠᠭᠤᠯᠭ᠎ᠠ ᠪᠤᠶᠤ ᠤᠳᠬ᠎ᠠ ᠶᠢᠨ ᠲᠤᠯᠲᠤ ᠪᠤᠯᠤᠨ᠎ᠠ᠃ ᠡᠨᠡ ᠤᠳᠬ᠎ᠠ ᠠᠴᠠ ᠨᠢ ︽ᠭᠡᠰᠡᠷ︾ ᠨᠢ ᠦᠨᠳᠦᠰᠦᠲᠡᠨ ᠤ ᠪᠤᠶᠤ ᠤᠯᠤᠰ ᠤᠨ ᠬᠤᠭᠤᠷᠤᠨᠳᠤᠬᠢ ᠬᠠᠷᠢᠯᠴᠠᠭ᠎ᠠ ᠬᠢᠭᠡᠳ ᠬᠦᠮᠦᠨ ᠲᠦᠷᠦᠯᠬᠢᠲᠡᠨ ᠤ ᠰᠤᠶᠤᠯ ᠤᠨ ᠤᠯᠠᠨ ᠶᠠᠩᠵᠤᠲᠤ ᠰᠢᠨᠵᠢ ᠶᠢᠨ ᠨᠢᠭᠡᠨ ᠪᠤᠳᠠᠲᠤ ᠪᠡᠶᠡᠯᠡᠯ ᠪᠤᠯᠤᠭᠰᠠᠨ ᠠᠵᠠᠢ᠃        ︽ᠭᠡᠰᠡᠷ︾ ᠤᠨ ᠠᠵᠢᠯ ᠳᠤ ᠦᠵᠡᠭᠦᠯᠦᠭᠰᠡᠨ ᠨᠠᠮ ᠵᠠᠰᠠᠭ ᠤᠨ ᠬᠠᠯᠠᠮᠵᠢᠯᠠᠯ        ᠨᠠᠮ ᠪᠠ ᠲᠦᠷᠦ ᠵᠠᠰᠠᠭ ᠠᠴᠠ ︽ᠭᠡᠰᠡᠷ︾ ᠤᠨ ᠠᠵᠢᠯ ᠢ ᠤᠯᠠᠨ ᠵᠢᠯ ᠤᠨ ᠲᠤᠷᠰᠢᠲᠠ ᠬᠠᠯᠠᠮᠵᠢᠯᠠᠨ ᠳᠡᠮᠵᠢᠭᠰᠡᠭᠡᠷ ᠢᠷᠡᠪᠡ᠃ 1959 ᠤᠨ ᠳᠤ ︽ᠭᠡᠰᠡᠷ︾ ᠤᠨ ᠲᠤᠤᠯᠢ ᠶᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 10 ᠵᠢᠯ ᠤᠨ ᠤᠢ ᠶᠢ ᠪᠡᠯᠡᠭᠯᠡᠬᠦ ᠪᠠᠶᠠᠷ ᠤᠨ ᠪᠡᠯᠡᠭ ᠪᠤᠯᠭᠠᠭᠰᠠᠨ ᠪᠦᠭᠡᠳ ᠮᠠᠤ ᠽᠧ ᠳ᠋ᠦᠩ ᠲᠡᠷᠢᠭᠦᠯᠡᠭᠴᠢ ᠮᠤᠩᠭᠤᠯ ᠭᠡᠰᠡᠷᠴᠢ ᠫᠠᠵᠠᠢ ᠶᠢ ᠬᠦᠯᠢᠶᠡᠨ ᠠᠪᠴᠤ ᠠᠭᠤᠯᠵᠠᠪᠠ᠃ ᠨᠠᠮ ᠤᠨ ᠲᠦᠪ ᠬᠤᠷᠢᠶ᠎ᠠ ᠶᠢᠨ ᠤᠬᠠᠭᠤᠯᠬᠤ ᠬᠡᠯᠲᠡᠰ ᠤᠨ 1983 ᠤᠨ ᠤ 7 ᠳ᠋ᠤᠭᠠᠷ ᠲᠤᠭᠠᠲᠤ ᠠᠯᠪᠠᠨ ᠪᠢᠴᠢᠭ ᠲᠤ ᠵᠢᠭᠠᠪᠤᠷᠢᠯᠠᠭᠰᠠᠨ ᠶᠤᠰᠤᠭᠠᠷ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ᠂ ᠤᠯᠤᠰ ᠤᠨ ᠰᠤᠶᠤᠯ ᠤᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠬᠢᠨ ︽ᠭᠡᠰᠡᠷ︾ ᠤᠯᠠᠮᠵᠢᠯᠠᠭᠳᠠᠵᠤ ᠪᠦᠬᠦᠢ ᠲᠦᠪᠡᠳ᠂ ᠦᠪᠦᠷ ᠮᠤᠩᠭᠤᠯ᠂ ᠬᠦᠬᠡᠨᠠᠭᠤᠷ᠂ ᠰᠧᠴᠤᠸᠠᠨ᠂ ᠭᠠᠨᠰᠤ᠂ ᠰᠢᠨᠵᠢᠶᠠᠩ᠂ ᠯᠢᠶᠤᠤᠨᠢᠩ ᠵᠡᠷᠭᠡ ᠲᠤᠯᠤᠭᠠᠨ ᠮᠤᠵᠢ ᠪᠤᠶᠤ ᠦᠪᠡᠷᠲᠡᠭᠡᠨ ᠵᠠᠰᠠᠬᠤ ᠤᠷᠤᠨ ᠤ ᠬᠠᠮᠵᠢᠯᠴᠠᠭ᠎ᠠ ᠲᠠᠢ ᠪᠠᠷ ᠪᠦᠬᠦ ᠤᠯᠤᠰ ᠤᠨ ︽ᠭᠡᠰᠡᠷ︾ ᠤᠨ ᠠᠵᠢᠯ ᠤᠨ ᠤᠳᠤᠷᠢᠳᠬᠤ ᠳᠤᠭᠤᠶᠢᠯᠠᠩ ᠢ ᠵᠤᠬᠢᠶᠠᠨ ᠪᠠᠶᠢᠭᠤᠯᠵᠤ᠂ ᠪᠠᠰᠠ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠦᠨᠳᠦᠰᠦᠲᠡᠨ ᠤ ᠤᠳᠬ᠎ᠠ ᠵᠤᠬᠢᠶᠠᠯ ᠰᠤᠳᠤᠯᠬᠤ ᠬᠦᠷᠢᠶᠡᠯᠡᠩ ᠳᠤ ᠪᠦᠬᠦ ᠤᠯᠤᠰ ᠤᠨ ︽ᠭᠡᠰᠡᠷ︾ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠪᠠᠶᠢᠭᠤᠯᠪᠠ᠃ ᠡᠶᠢᠨᠬᠦ ᠪᠦᠬᠦ ᠤᠯᠤᠰ ᠤᠨ ᠭᠡᠰᠡᠷ ᠤᠨ ᠠᠵᠢᠯ ᠨᠢ ᠡᠷᠳᠡᠮ ᠰᠢᠨᠵᠢᠯᠡᠭᠡᠨ ᠤ ᠡᠰᠡᠨᠢᠯᠲᠦ ᠬᠠᠪᠤᠷ ᠢᠶᠠᠨ ᠤᠭᠲᠤᠭᠰᠠᠨ ᠶᠤᠮ᠃ ᠲᠡᠭᠦᠨ ᠠᠴᠠ ᠨᠠᠰᠢ ᠮᠠᠨ ᠤ ᠤᠯᠤᠰ ᠤᠨ ᠳᠤᠯᠤᠳᠤᠭᠠᠷ᠂ ᠨᠠᠢᠮᠠᠳᠤᠭᠠᠷ᠂ ᠶᠢᠰᠦᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ︽ᠭᠡᠰᠡᠷ︾ ᠰᠤᠳᠤᠯᠤᠯ ᠨᠢ ᠤᠯᠤᠰ ᠤᠨ ᠳᠡᠰ ᠤᠨ ᠡᠷᠳᠡᠮ ᠰᠢᠨᠵᠢᠯᠡᠭᠡᠨ ᠤ ᠭᠤᠤᠯᠳᠠᠯᠭᠠᠲᠤ ᠲᠦᠰᠦᠯ ᠳᠤ ᠪᠠᠭᠲᠠᠭᠰᠠᠨ ᠪᠦᠭᠡᠳ ᠬᠤᠵᠢᠮ ᠨᠢ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢᠨ ᠡᠷᠳᠡᠮ ᠰᠢᠨᠵᠢᠯᠡᠭᠡᠨ ᠤ ᠴᠢᠬᠤᠯᠠ ᠶᠡᠭᠡ ᠲᠦᠰᠦᠯ ᠳᠤ ᠤᠷᠤᠭᠰᠠᠨ ᠪᠠᠶᠢᠨ᠎ᠠ᠃        20 ᠳ᠋ᠤᠭᠠᠷ ᠵᠠᠭᠤᠨ ᠤ ᠶᠡᠷᠡᠭᠡᠳ ᠤᠨ ᠠᠴᠠ ᠨᠠᠰᠢ᠂ ᠨᠠᠮ ᠲᠦᠷᠦ ᠶᠢᠨ ᠤᠳᠤᠷᠢᠳᠬᠤ ᠬᠦᠮᠦᠰ ᠠᠴᠠ ︽ᠭᠡᠰᠡᠷ︾ ᠤᠨ ᠠᠵᠢᠯ ᠢ ᠴᠢᠨᠠᠭᠰᠢᠲᠠ ᠬᠠᠯᠠᠮᠵᠢᠯᠠᠵᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠨᠴᠠᠭᠠᠶᠢᠯᠠᠨ 2014 ᠤᠨ ᠳᠤ ᠪᠤᠯᠤᠭᠰᠠᠨ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠪᠠ ᠤᠳᠬ᠎ᠠ ᠤᠷᠠᠯᠢᠭ ᠤᠨ ᠠᠵᠢᠯᠲᠠᠳ ᠤᠨ ᠰᠠᠭᠤᠳᠠᠯ ᠤᠨ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ︽ᠭᠡᠰᠡᠷ︾ ᠤᠨ ᠤᠯᠤᠰ ᠲᠦᠷᠦ ᠶᠢᠨ ᠲᠠᠯ᠎ᠠ ᠪᠠᠷ ᠬᠢ ᠤᠳᠬ᠎ᠠ ᠴᠢᠨᠠᠷ ᠵᠢᠴᠢ ᠰᠤᠶᠤᠯ᠂ ᠡᠷᠳᠡᠮ ᠰᠢᠨᠵᠢᠯᠡᠭᠡᠨ ᠤ ᠦᠨ᠎ᠡ ᠦᠷᠲᠡᠭ ᠢ ᠬᠤᠶᠠᠷ ᠤᠳᠠᠭ᠎ᠠ ᠴᠢᠬᠤᠯᠠᠴᠢᠯᠠᠨ ᠦᠨᠡᠯᠡᠭᠰᠡᠨ ᠠᠴᠠ ᠰᠡᠭᠦᠯᠡᠷ ᠠᠭᠤᠤ ᠲᠤᠤᠯᠢ ︽ᠭᠡᠰᠡᠷ︾ ᠨᠢ ᠨᠡᠶᠢᠭᠡᠮ ᠨᠡᠶᠢᠲᠡ ᠶᠢᠨ ᠠᠩᠬᠠᠷᠤᠯ ᠢ ᠨᠡᠩ ᠲᠠᠲᠠᠬᠤ ᠪᠤᠯᠵᠠᠢ᠃         ︽ᠭᠡᠰᠡᠷ︾ ᠰᠤᠳᠤᠯᠭᠠᠨ ᠤ ᠪᠠᠶᠢᠳᠠᠯ        ᠰᠡᠴᠡᠨᠮᠦᠩᠬᠡ᠄ ︵ᠪᠦᠬᠦ ᠤᠯᠤᠰ ᠤᠨ ︽ᠭᠡᠰᠡᠷ︾ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠠᠷᠤᠭ᠎ᠠ᠂ ᠳ᠋ᠤᠺᠲ᠋ᠤᠷ᠂ ᠫᠷᠦᠹᠧᠰᠰᠤᠷ︶ ᠮᠤᠩᠭᠤᠯ ᠲᠦᠪᠡᠳ ᠤᠨ ᠬᠡᠰᠡᠷ ᠤᠨ ᠰᠤᠳᠤᠯᠭᠠᠨ ᠡᠬᠢᠯᠡᠭᠡᠳ 200 ᠭᠠᠷᠤᠢ ᠵᠢᠯ ᠪᠤᠯᠵᠤ ᠪᠠᠶᠢᠨ᠎ᠠ᠃ ᠦᠷᠦᠨᠡᠳᠠᠬᠢᠨ ᠳᠤ ᠤᠷᠤᠰ ᠠᠴᠠ ᠡᠬᠢᠯᠡᠵᠦ᠂ ᠳᠠᠷᠠᠭ᠎ᠠ ᠨᠢ ᠭᠧᠷᠮᠡᠨ᠂ ᠠᠩᠭ᠍ᠯᠢ ᠭᠡᠮᠡᠨ ᠲᠦᠭᠡᠵᠡᠢ᠃ ᠪᠡᠭᠡᠵᠢᠩ ᠳᠤ 300 ᠵᠢᠯ ᠤᠨ ᠡᠮᠦᠨ᠎ᠡ ᠠᠩᠬ᠎ᠠ ᠪᠠᠷᠯᠠᠭᠰᠠᠨ ᠭᠡᠰᠡᠷ ᠤᠨ ᠲᠤᠭᠤᠵᠢ ᠪᠤᠯ ᠳᠡᠯᠡᠬᠡᠢ ᠳ᠋ᠠᠬᠢᠨ ᠳᠤ ᠮᠠᠰᠢ ᠶᠡᠭᠡ ᠨᠦᠯᠦᠭᠡ ᠦᠵᠡᠭᠦᠯᠦᠭᠰᠡᠨ ᠶᠤᠮ ᠤᠯᠤᠰ ᠤᠨ ᠭᠠᠳᠠᠭᠠᠲᠤ ᠳᠠᠬᠢ ᠰᠤᠳᠤᠯᠭᠠᠨ ᠤᠤᠯ ᠨᠢ ᠪᠢᠳᠡᠨ ᠠᠴᠠ ᠳᠠᠪᠠᠵᠤ ᠪᠠᠶᠢᠭᠰᠠᠨ ᠪᠦᠭᠡᠳ ᠳᠡᠭᠡᠷ᠎ᠡ ᠵᠠᠭᠤᠨ ᠤ ᠭᠤᠴᠢᠭᠠᠳ ᠤᠨ ᠠᠴᠠ ᠵᠢᠷᠠᠭᠠᠳ ᠤᠨ ᠬᠦᠷᠲᠡᠯ᠎ᠡ ᠨᠡᠯᠢᠶᠡᠳ ᠤᠯᠠᠨ ᠰᠤᠳᠤᠯᠭᠠᠨ ᠤ ᠪᠦᠲᠦᠭᠡᠯ ᠭᠠᠷᠭᠠᠭᠰᠠᠨ ᠶᠤᠮ᠃ ᠳᠡᠭᠡᠷ᠎ᠡ ᠵᠠᠭᠤᠨ ᠤ ᠨᠠᠶᠠᠭᠠᠳ ᠤᠨ ᠠᠴᠠ ᠤᠳᠤ ᠪᠤᠯᠲᠠᠯᠠᠬᠢ ᠭᠤᠴᠢ ᠭᠠᠷᠤᠢ ᠵᠢᠯ ᠪᠤᠯ ᠮᠠᠨ ᠤ ᠰᠤᠳᠤᠯᠭᠠᠨ ᠬᠦᠴᠦᠲᠡᠢ ᠦᠷᠨᠢᠭᠰᠡᠨ᠂ ᠬᠤᠷᠠᠯ ᠴᠤᠭᠯᠠᠭᠠᠨ ᠬᠢᠬᠦ ᠪᠠᠷ ᠳᠠᠮᠵᠢᠨ ᠰᠤᠳᠤᠯᠭᠠᠨ ᠭᠦᠨᠵᠡᠭᠡᠶᠢᠷᠡᠵᠦ ᠪᠠᠶᠢᠨ᠎ᠠ᠃ ᠲᠦᠪᠡᠳ ᠭᠡᠰᠡᠷ ᠤᠨ ᠰᠤᠳᠤᠯᠭᠠᠨ ᠳᠡᠭᠡᠷ᠎ᠡ ᠵᠠᠭᠤᠨ ᠤ ᠲᠦᠴᠢᠭᠡᠳ ᠤᠨ ᠠᠴᠠ ᠡᠬᠢᠯᠡᠵᠡᠢ᠃ ᠭᠡᠰᠡᠷ ᠤᠨ ᠰᠤᠳᠤᠯᠭᠠᠨ ᠢ 30 ᠭᠠᠷᠤᠢ ᠤᠯᠤᠰ ᠤᠷᠤᠨ ᠬᠢᠵᠦ ᠪᠠᠶᠢᠨ᠎ᠠ᠃ 2009 ᠤᠨ ᠳᠤ ᠮᠤᠩᠭᠤᠯ ᠲᠦᠪᠡᠳ ᠭᠡᠰᠡᠷ ᠳᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠬᠡᠭᠦᠯᠦᠭᠰᠡᠨ ᠠᠴᠠ ᠭᠡᠰᠡᠷ ᠤᠨ ᠰᠤᠳᠤᠯᠭᠠᠨ ᠰᠤᠶᠤᠯ ᠤᠨ ᠪᠠᠶᠢᠭᠤᠯᠤᠯᠲᠠ ᠶᠢᠨ ᠲᠠᠯ᠎ᠠ ᠳᠤ ᠮᠠᠰᠢ ᠶᠡᠭᠡ ᠦᠢᠯᠡᠳᠦᠯ ᠦᠵᠡᠭᠦᠯᠵᠦ ᠪᠠᠶᠢᠨ᠎ᠠ᠃ ᠮᠤᠩᠭᠤᠯ ᠲᠦᠪᠡᠳ ᠭᠡᠰᠡᠷ ᠤᠨ ᠲᠤᠬᠠᠢ ᠳᠡᠯᠡᠬᠡᠢ ᠶᠢᠨ ᠰᠤᠳᠤᠯᠤᠯ ᠳᠤ 600 ᠢᠯᠡᠭᠦᠦ ᠦᠭᠦᠯᠡᠯ᠂ 20 ᠰᠢᠬᠠᠮ ᠰᠤᠳᠤᠯᠭᠠᠨ ᠤ ᠪᠦᠲᠦᠭᠡᠯ ᠭᠠᠷᠤᠭᠠᠳ ᠪᠠᠶᠢᠨ᠎ᠠ᠃        ᠭᠡᠰᠡᠷ ᠤᠨ ᠢᠷᠡᠯ ᠭᠠᠷᠤᠯ ᠤᠨ ᠲᠤᠬᠠᠢ ᠠᠰᠠᠭᠤᠳᠠᠯ ᠳᠤ ᠮᠠᠷᠭᠤᠭᠠᠨ ᠲᠠᠢ ᠪᠠᠶᠢᠨ᠎ᠠ᠂ ᠮᠠᠷᠭᠤᠭᠠᠨ ᠤ ᠭᠤᠤᠯ ᠴᠢᠭᠯᠡᠯ ᠨᠢ᠄ ᠭᠡᠰᠡᠷ ᠪᠤᠯ ᠮᠤᠩᠭᠤᠯ ᠠᠴᠠ ᠭᠠᠷᠤᠯ ᠲᠠᠢ ᠲᠦᠪᠡᠳ ᠲᠤ ᠳᠡᠯᠭᠡᠷᠡᠭᠰᠡᠨ ᠪᠤᠶᠤ ᠲᠦᠪᠡᠳ ᠠᠴᠠ ᠭᠠᠷᠤᠯ  ᠲᠠᠢ ᠮᠤᠩᠭᠤᠯ ᠳᠤ ᠳᠡᠯᠭᠡᠷᠡᠭᠰᠡᠨ︔ ᠭᠡᠰᠡᠷ ᠪᠤᠯ ᠪᠢᠴᠢᠭ ᠠᠴᠠ ᠭᠠᠷᠤᠯ ᠲᠠᠢ ᠠᠮᠠᠨ ᠤᠯᠠᠮᠵᠢᠯᠠᠯ ᠢᠶᠠᠷ ᠳᠡᠯᠭᠡᠷᠡᠵᠡᠢ︔ ᠭᠡᠰᠡᠷ ᠪᠤᠯ ᠠᠮᠠᠨ ᠤᠯᠠᠮᠵᠢᠯᠠᠯ ᠠᠴᠠ ᠭᠠᠷᠤᠯ ᠲᠠᠢ ᠪᠢᠴᠢᠭ ᠲᠤ ᠰᠢᠯᠵᠢᠵᠡᠢ ᠭᠡᠬᠦ ᠮᠠᠲᠦ ᠶᠢᠨ ᠠᠰᠠᠭᠤᠳᠠᠯ ᠳᠡᠭᠡᠷ᠎ᠡ ᠲᠦᠪᠯᠡᠷᠡᠵᠦ ᠪᠤᠢ᠃ ᠭᠡᠰᠡᠷ ᠤᠨ ᠢᠷᠡᠯ ᠭᠠᠷᠤᠯ ᠤᠨ ᠠᠰᠠᠭᠤᠳᠠᠯ ᠢ ᠰᠢᠢᠳᠪᠦᠷᠢᠯᠡᠬᠦ ᠨᠢ ᠴᠢᠬᠤᠯᠠ᠂ ᠡᠨᠡᠬᠦ ᠠᠰᠠᠭᠤᠳᠠᠯ ᠢ ᠰᠢᠢᠳᠪᠦᠷᠢᠯᠡᠪᠡᠯ᠂ ᠴᠢᠨᠠᠭᠰᠢᠲᠠ ᠶᠢᠨ ᠰᠤᠳᠤᠯᠭᠠᠨ ᠰᠢᠯᠤᠭᠤᠬᠠᠨ ᠪᠤᠯᠤᠨ᠎ᠠ᠂ ᠭᠡᠪᠡᠴᠦ ᠡᠨᠡ ᠠᠰᠠᠭᠤᠳᠠᠯ ᠢ ᠬᠦᠨᠳᠡᠵᠦ ᠪᠠᠶᠢᠭ᠎ᠠ ᠰᠤᠳᠤᠯᠭᠠᠲᠠᠳ ᠮᠠᠰᠢ ᠴᠦᠭᠡᠨ᠂ ᠤᠳᠤ ᠭᠤᠤᠯᠳᠠᠭᠤ ᠰᠤᠶᠤᠯ ᠠᠴᠠ ᠨᠢ ᠰᠤᠳᠤᠯᠬᠤ ᠶᠤᠮ ᠦᠦ ᠵᠠᠩ ᠵᠠᠩᠰᠢᠯ ᠠᠴᠠ ᠨᠢ ᠰᠤᠳᠤᠯᠭᠠᠨ ᠬᠢᠵᠦ ᠪᠠᠶᠢᠬᠤ ᠬᠦᠮᠦᠰ ᠤᠯᠠᠨ ᠪᠤᠢ᠃ ᠡᠨᠡ ᠤᠳᠠᠭ᠎ᠠ ᠶᠢᠨ ᠬᠤᠷᠠᠯ ᠳᠤ ᠪᠢ ︽ᠮᠤᠩᠭᠤᠯ ᠭᠡᠰᠡᠷ ᠤᠨ ᠭᠠᠷᠤᠯ ᠡᠭᠦᠰᠦᠯ ᠤᠨ ᠠᠰᠠᠭᠤᠳᠠᠯ︾ ᠭᠡᠬᠦ ᠦᠭᠦᠯᠡᠯ ᠳᠡᠪᠰᠢᠭᠦᠯᠵᠦ᠂ ᠭᠡᠰᠡᠷ ᠤᠨ ᠲᠤᠬᠠᠢ ᠤᠯᠠᠨ ᠴᠤᠭᠯᠠᠭᠤᠯᠤᠭᠰᠠᠨ ᠮᠠᠲ᠋ᠧᠷᠢᠶᠠᠯ ᠢ ᠤᠯᠠᠨ ᠲᠠᠯ᠎ᠠ ᠠᠴᠠ ᠮᠦᠷᠳᠡᠨ ᠮᠦᠰᠬᠢᠵᠦ᠂ ᠮᠤᠩᠭᠤᠯ ᠭᠡᠰᠡᠷ ᠪᠤᠯ ᠠᠩᠬᠠᠨ ᠳᠠᠭᠠᠨ ᠪᠢᠴᠢᠭ ᠤᠨ ᠭᠠᠷᠤᠯ ᠲᠠᠢ ᠵᠤᠬᠢᠶᠠᠯ ᠮᠦᠨ᠃ ᠲᠡᠷᠡᠴᠢᠯᠡᠨ ᠮᠤᠩᠭᠤᠯ ᠭᠡᠰᠡᠷ ᠤᠨ ᠲᠤᠤᠯᠢ ᠶᠢ ᠠᠩᠬ᠎ᠠ ᠨᠠᠶᠢᠷᠠᠭᠤᠯᠤᠨ ᠵᠤᠬᠢᠶᠠᠭᠰᠠᠨ ᠨᠢ ᠰᠢᠷ᠎ᠠ ᠶᠢᠨ ᠱᠠᠰᠢᠨ ᠤ ᠽᠦᠩᠺᠡᠸ᠎ᠠ ᠪᠠᠭᠰᠢ ᠮᠦᠨ᠃ ᠠᠩᠬ᠎ᠠ ᠲᠦᠪᠡᠳ ᠬᠡᠯᠡ ᠪᠠᠷ ᠪᠢᠴᠢᠵᠦ᠂ ᠬᠤᠵᠢᠮ ᠨᠢ ᠮᠤᠩᠭᠤᠯ ᠬᠡᠯᠡᠨ ᠳᠤ ᠤᠷᠴᠢᠭᠤᠯᠤᠭᠰᠠᠨ ᠭᠡᠬᠦ ᠰᠢᠨ᠎ᠡ ᠦᠵᠡᠯᠲᠡ ᠳᠡᠪᠰᠢᠭᠦᠯᠵᠦ᠂ ᠰᠤᠳᠤᠯᠭᠠᠨ ᠤ ᠪᠦᠲᠦᠭᠡᠯ᠂ ᠰᠤᠷᠪᠤᠯᠵᠢ ᠪᠢᠴᠢᠭ᠂ ᠨᠡᠶᠢᠭᠡᠮ ᠤᠨ ᠪᠠᠶᠢᠭᠤᠯᠤᠮᠵᠢ ᠵᠡᠷᠭᠡ ᠤᠯᠠᠨ ᠲᠠᠯ᠎ᠠ ᠶᠢᠨ ᠬᠠᠷᠠᠭᠠᠰᠤ ᠠᠴᠠ ᠡᠨᠡᠬᠦ ᠦᠵᠡᠯᠲᠡ ᠪᠠᠨ ᠨᠤᠲᠠᠯᠠᠵᠠᠢ᠃        ᠦ᠊᠂ ᠨᠠᠴᠢᠨ ︵ᠪᠦᠬᠦ ᠤᠯᠤᠰ ᠤᠨ ︽ᠭᠡᠰᠡᠷ︾ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ︶᠄ ᠭᠡᠰᠡᠷ ᠤᠨ ᠰᠤᠳᠤᠯᠭᠠᠨ ᠨᠢ ᠶᠠᠭ ᠦᠨᠡᠨ ᠳᠡᠭᠡᠨ ᠡᠬᠢᠯᠡᠯᠲᠡ ᠶᠢᠨ ᠱᠠᠲᠤᠨ ᠳᠠᠭᠠᠨ ᠪᠠᠶᠢᠨ᠎ᠠ ᠭᠡᠵᠦ ᠬᠡᠯᠡᠵᠦ ᠪᠤᠯᠤᠮᠠᠷ ᠶᠤᠮ᠃ ᠤᠳᠤ ᠮᠠᠨ ᠤ ᠤᠯᠤᠰ ᠤᠨ ᠡᠯ᠎ᠡ ᠭᠠᠵᠠᠷ ᠤᠨ ᠬᠢᠨ ᠭᠡᠰᠡᠷ ᠤᠨ ᠲᠤᠬᠠᠢ ᠪᠤᠷᠤ ᠮᠠᠲ᠋ᠧᠷᠢᠶᠠᠯ ᠢ ᠡᠮᠬᠢᠳᠬᠡᠨ ᠴᠤᠭᠯᠠᠭᠤᠯᠬᠤ ᠠᠵᠢᠯ ᠨᠡᠯᠢᠶᠡᠳ ᠡᠷᠴᠢᠮ ᠲᠠᠢ ᠶᠠᠪᠤᠭᠳᠠᠵᠤ᠂ ᠠᠪᠤᠷᠠᠨ ᠬᠠᠮᠠᠭᠠᠯᠠᠬᠤ ᠠᠵᠢᠯ ᠨᠢ ᠬᠡᠳᠦᠨ ᠦᠶ᠎ᠡ ᠶᠢᠨ ᠬᠦᠮᠦᠰ ᠤᠨ ᠴᠢᠷᠮᠠᠶᠢᠯᠭ᠎ᠠ ᠴᠤᠭᠯᠠᠭᠤᠯᠭ᠎ᠠ ᠪᠠᠷ ᠳᠠᠮᠵᠢᠨ ᠠᠩᠬ᠎ᠠ ᠠᠯᠬᠤᠮ ᠤᠨ ᠦᠷ᠎ᠡ ᠪᠦᠲᠦᠭᠡᠯ ᠢ ᠤᠯᠤᠭᠰᠠᠨ ᠪᠠᠶᠢᠨ᠎ᠠ᠃ ᠤᠯᠠᠨ ᠶᠠᠭᠤᠮ᠎ᠠ ᠪᠠᠨ ᠴᠤᠭᠯᠠᠭᠤᠯᠴᠢᠬᠠᠯ᠎ᠠ᠂ ᠭᠦᠨᠵᠡᠭᠡᠶᠢᠷᠡᠭᠦᠯᠦᠨ ᠰᠤᠳᠤᠯᠬᠤ ᠠᠵᠢᠯ ᠭᠡᠭᠴᠢ ᠦᠵᠦᠭᠦᠷ ᠬᠢᠵᠠᠭᠠᠷ ᠦᠭᠡᠢ ᠤᠯᠠᠨ᠃ ᠪᠢᠳᠡ ᠡᠭᠦᠨ ᠢ ᠪᠠᠨ ᠰᠢᠰᠲ᠋ᠧᠮ ᠲᠠᠢ ᠰᠤᠳᠤᠯᠬᠤ ᠴᠢᠬᠤᠯᠠ ᠲᠠᠢ᠃ ᠭᠡᠰᠡᠷ ᠤᠨ ᠲᠤᠬᠠᠢ ᠬᠢᠭᠳᠡᠭᠡ ᠦᠭᠡᠢ ᠠᠵᠢᠯ ᠤᠯᠠᠨ ᠪᠠᠶᠢᠨ᠎ᠠ᠃ ᠵᠢᠱᠢᠶᠡᠯᠡᠪᠡᠯ᠂ ᠮᠤᠩᠭᠤᠯ ︽ᠭᠡᠰᠡᠷ︾ ᠢᠶᠠᠨ ᠪᠤᠰᠤᠳ ᠭᠠᠵᠠᠷ ᠤᠷᠤᠨ - ᠬᠦᠬᠡᠨᠠᠭᠤᠷ ︽ᠭᠡᠰᠡᠷ︾᠂ ᠤᠶᠢᠷᠠᠳ ︽ᠭᠡᠰᠡᠷ︾᠂ ᠬᠠᠯᠢᠮᠠᠭ ︽ᠭᠡᠰᠡᠷ︾᠂ ᠲᠤᠸᠠ ︽ᠭᠡᠰᠡᠷ︾ ᠭᠡᠬᠦ ᠮᠡᠲᠦ ᠶᠢᠨ ᠤᠯᠠᠨ ᠵᠦᠢᠯ ᠤᠨ ︽ᠭᠡᠰᠡᠷ︾ ᠲᠠᠢ ᠬᠠᠷᠢᠴᠠᠭᠤᠯᠤᠨ ᠰᠤᠳᠤᠯᠬᠤ᠂ ᠭᠠᠳᠠᠭᠠᠲᠤ ᠳᠤ ᠤᠯᠠᠮᠵᠢᠯᠠᠭᠳᠠᠵᠤ ᠪᠠᠶᠢᠭ᠎ᠠ ᠮᠤᠩᠭᠤᠯ ︽ᠭᠡᠰᠡᠷ︾ ᠢᠶᠠᠨ ᠪᠦᠬᠦᠯᠢ ᠴᠤᠭᠴᠠ ᠠᠴᠠ ᠨᠢ ᠰᠤᠳᠤᠯᠬᠤ᠂ ᠡᠳᠦᠭᠡ ︽ᠭᠡᠰᠡᠷ︾ ᠤᠨ ᠲᠤᠬᠠᠢ ᠤᠯᠠᠨ ᠨᠤᠮ ᠳᠡᠪᠲᠡᠷ ᠬᠡᠪᠯᠡᠭᠳᠡᠭᠰᠡᠨ ᠪᠤᠯᠪᠠᠴᠤ ᠡᠮᠬᠢᠳᠬᠡᠨ ᠴᠤᠭᠯᠠᠭᠤᠯᠤᠭᠰᠠᠨ ᠮᠠᠲ᠋ᠧᠷᠢᠶᠠᠯ ᠢᠶᠠᠨ ᠬᠡᠪᠯᠡᠭᠦᠯᠦᠭᠰᠡᠨ ᠨᠢ ᠤᠯᠠᠨ ᠪᠠᠶᠢᠬᠤ ᠠᠴᠠ ᠪᠢᠰᠢ᠂ ᠭᠦᠨᠵᠡᠭᠡᠢ ᠰᠤᠳᠤᠯᠭᠠᠨ ᠤ ᠦᠷ᠎ᠡ ᠪᠦᠲᠦᠭᠡᠯ ᠴᠦᠭᠡᠨ᠃        ᠪᠢ ᠦᠪᠡᠷ ᠢᠶᠠᠨ ᠪᠠᠭᠠᠷᠢᠨ ︽ᠭᠡᠰᠡᠷ︾ ᠢ ᠰᠤᠳᠤᠯᠵᠤ ᠪᠠᠶᠢᠨ᠎ᠠ᠂ ︽ᠭᠡᠰᠡᠷ︾ ᠪᠤᠯ ᠤᠯᠠᠨ ᠤᠯᠤᠰ ᠤᠨ ᠴᠢᠨᠠᠷᠲᠠᠢ᠂ ᠤᠯᠠᠨ ᠦᠨᠳᠦᠰᠦᠲᠡᠨ ᠤ ᠰᠢᠨᠵᠢᠲᠡᠢ ᠰᠤᠳᠤᠯᠭᠠᠨ᠂ ᠪᠢ ᠤᠤᠭᠠᠯ ᠰᠤᠶᠤᠯ ᠤᠨ ᠲᠠᠯ᠎ᠠ ᠠᠴᠠ ᠰᠤᠳᠤᠯᠵᠤ ᠪᠠᠶᠢᠨ᠎ᠠ᠃ ︽ᠭᠡᠰᠡᠷ︾ ᠢ ᠬᠦᠮᠦᠰ ᠪᠠᠷ ᠬᠡᠪᠯᠡᠯ᠂ ᠤᠳᠬ᠎ᠠ ᠵᠤᠬᠢᠶᠠᠯ᠂ ᠬᠡᠯᠡ ᠠᠶᠠᠯᠭᠤ᠂ ᠱᠠᠰᠢᠨ ᠰᠤᠷᠲᠠᠬᠤᠨ ᠵᠡᠷᠭᠡ ᠤᠯᠠᠨ ᠲᠠᠯ᠎ᠠ ᠠᠴᠠ ᠬᠦᠨᠳᠡᠵᠦ ᠤᠷᠤᠯᠳᠤᠵᠤ ᠪᠠᠶᠢᠨ᠎ᠠ᠃ ᠪᠢ ︽ᠭᠡᠰᠡᠷ︾ ᠢ ᠤᠤᠭᠠᠯ ᠰᠤᠶᠤᠯ ᠤᠨ ᠲᠠᠯ᠎ᠠ ᠠᠴᠠ ᠨᠢ᠂ ᠨᠢᠭᠡ ᠠᠶᠢᠯ᠂ ᠨᠢᠭᠡ ᠬᠤᠰᠢᠭᠤ ᠠᠴᠠ ᠡᠬᠢᠯᠡᠭᠡᠳ ᠴᠢᠨᠠᠭᠰᠢ ᠨᠢᠭᠡ ᠦᠨᠳᠦᠰᠦᠲᠡᠨ ᠤ ᠬᠢ ᠲᠡᠰᠢ ᠰᠤᠳᠤᠯᠵᠤ ᠪᠠᠶᠢᠨ᠎ᠠ᠃        ︽ᠭᠡᠰᠡᠷ︾ ᠰᠤᠳᠤᠯᠭᠠᠨ ᠤ ᠠᠬᠤᠶᠢᠴᠢ ᠠᠴᠢ ᠬᠤᠯᠪᠤᠭᠳᠠᠯ        ᠰᠡᠴᠡᠨᠮᠦᠩᠬᠡ᠄ ᠳᠡᠯᠡᠬᠡᠢ ᠶᠢᠨ ᠲᠤᠤᠯᠢ ᠬᠡᠴᠢᠨᠡᠨ ᠤᠯᠠᠨ ᠪᠠᠶᠢᠭᠰᠠᠨ ᠴᠦ ᠠᠭᠤᠯᠭ᠎ᠠ ᠨᠢ ᠭᠡᠪᠡᠯ ᠨᠢᠭᠡ ᠨᠢᠭᠡ ᠪᠠᠨ ᠡᠵᠡᠯᠡᠬᠦ ᠲᠤᠤᠯᠢ ᠪᠤᠯᠤᠨ᠎ᠠ᠂ ᠭᠤᠤᠯᠳᠠᠭᠤ ᠦᠰᠢᠶ᠎ᠡ ᠠᠪᠬᠤ᠂ ᠡᠬᠡᠨᠡᠷ ᠪᠤᠯᠢᠶᠠᠯᠴᠠᠬᠤ᠂ ᠳᠦᠷᠪᠡᠨ ᠵᠦᠭ ᠤᠨ ᠠᠨᠳᠠ ᠪᠤᠯᠤᠯᠴᠠᠬᠤ ᠵᠡᠷᠭᠡ ᠠᠭᠤᠯᠭ᠎ᠠ ᠭᠤᠤᠯ ᠪᠤᠯᠵᠤ ᠪᠠᠶᠢᠳᠠᠭ᠃ ︽ᠭᠡᠰᠡᠷ︾ ᠤᠨ ᠭᠤᠤᠯ ᠦᠵᠡᠯ ᠰᠠᠨᠠᠭ᠎ᠠ ᠨᠢ ᠪᠦᠯᠬᠦᠮᠳᠡᠯ ᠢ ᠡᠷᠬᠢᠮᠯᠡᠭᠰᠡᠨ ᠪᠠᠶᠢᠨ᠎ᠠ᠃ ᠶᠢᠷᠲᠢᠨᠴᠦ ᠶᠢᠨ ᠴᠠᠭ ᠰᠠᠮᠠᠭᠤᠨ ᠪᠤᠯᠬᠤ ᠳᠤ ᠬᠤᠷᠮᠤᠰᠲᠠ ᠬᠦᠦ ᠪᠠᠨ ᠶᠠᠪᠤᠭᠤᠯᠵᠤ ᠠᠷᠠᠳ ᠢᠷᠭᠡᠳ ᠢ ᠠᠪᠤᠷᠠᠨ ᠬᠤᠤᠷᠲᠠᠨ ᠳᠠᠶᠢᠰᠤᠨ ᠢ ᠳᠠᠷᠤᠵᠤ ᠤᠯᠤᠰ ᠠᠷᠠᠳ ᠢ ᠠᠮᠤᠭᠤᠯᠠᠩ ᠠᠮᠢᠳᠤᠷᠠᠭᠤᠯᠵᠤ᠂ ᠡᠷᠲᠡᠨ ᠤ ᠤᠪᠤᠭ ᠠᠶᠢᠮᠠᠭ᠂ ᠦᠨᠳᠦᠰᠦᠲᠡᠨ ᠬᠠᠮᠲᠤ ᠪᠠᠷ ᠡᠶ᠎ᠡ ᠨᠠᠶᠢᠷᠠᠮᠳᠠᠭᠤ ᠤᠷᠤᠰᠢᠨ᠂ ᠤᠯᠤᠰ ᠤᠷᠤᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠵᠤᠷᠢᠯᠭ᠎ᠠ ᠲᠠᠢ᠃ ᠢᠩᠭᠢᠬᠦᠯᠡᠷ ᠡᠨᠡᠬᠦ ᠦᠵᠡᠯ ᠰᠠᠨᠠᠭ᠎ᠠ ᠨᠢ ᠠᠭᠤᠤ ᠶᠡᠭᠡ᠂ ᠪᠦᠯᠬᠦᠮᠳᠡᠯ ᠢ ᠡᠷᠬᠢᠮᠯᠡᠭᠰᠡᠨ ᠪᠠᠶᠢᠳᠠᠭ᠃ ᠮᠤᠩᠭᠤᠯ ᠲᠦᠪᠡᠳ ᠤᠨ ᠬᠢᠯᠢ ᠬᠢᠵᠠᠭᠠᠷ ᠤᠷᠤᠨ ᠢ ᠪᠠᠬᠢᠵᠢᠭᠦᠯᠬᠦ᠂ ᠡᠯ᠎ᠡ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ ᠲᠠᠯ᠎ᠠ ᠪᠠᠷ ᠡᠷᠲᠡᠨ ᠳᠡᠭᠡᠨ ᠨᠦᠯᠦᠭᠡ ᠦᠵᠡᠭᠦᠯᠵᠦ ᠪᠠᠶᠢᠭᠰᠠᠨ ᠢᠶᠠᠷ ᠪᠠᠷᠠᠬᠤ ᠦᠭᠡᠢ ᠬᠤᠶᠢᠰᠢᠳᠠ ᠴᠦ ᠢᠳᠡᠪᠬᠢ ᠦᠢᠯᠡᠳᠦᠯ ᠦᠵᠡᠭᠦᠯᠬᠦ ᠪᠤᠯᠤᠨ᠎ᠠ᠃        ︽ᠲᠤᠷᠭᠠᠨ ᠵᠠᠮ︾ ᠬᠢᠭᠡᠳ ︽ᠭᠡᠰᠡᠷ︾ ᠤᠨ ᠰᠤᠶᠤᠯ ᠤᠨ ᠰᠤᠯᠢᠯᠴᠠᠭ᠎ᠠ        ᠰᠡᠴᠡᠨᠮᠦᠩᠬᠡ᠄ ᠶᠠᠭᠤᠮ᠎ᠠ ᠪᠤᠯᠭᠠᠨ ᠢ ︽ᠲᠤᠷᠭᠠᠨ ᠵᠠᠮ︾ ᠲᠠᠢ ᠬᠤᠯᠪᠤᠨ ᠦᠵᠡᠵᠦ ᠪᠤᠯᠬᠤ ᠦᠭᠡᠢ᠃ ︽ᠭᠡᠰᠡᠷ︾ ᠪᠤᠯ ︽ᠲᠤᠷᠭᠠᠨ ᠵᠠᠮ︾ ᠳᠠᠭᠠᠤ ᠦᠪᠦᠷ ᠮᠤᠩᠭᠤᠯ ᠠᠴᠠ ᠬᠠᠯᠢᠮᠠᠭ ᠲᠤ ᠬᠦᠷᠲᠡᠯ᠎ᠡ ᠲᠠᠷᠬᠠᠵᠠᠢ᠃ ᠢᠩᠭᠢᠬᠦᠯᠡᠷ ᠢᠶᠠᠨ ᠪᠢᠳᠡ ︽ᠲᠤᠷᠭᠠᠨ ᠵᠠᠮ︾ ᠳᠠᠭᠠᠤ ᠠᠵᠤ ᠠᠬᠤᠢ ᠪᠠ ᠰᠤᠶᠤᠯ ᠤᠨ ᠪᠦᠲᠦᠭᠡᠨ ᠪᠠᠶᠢᠭᠤᠯᠤᠯᠲᠠ  ᠲᠠᠢ ᠬᠡᠷᠬᠢᠨ ᠬᠤᠯᠪᠤᠵᠤ ᠬᠢᠬᠦ ᠠᠰᠠᠭᠤᠳᠠᠯ ᠤᠨ ᠲᠤᠬᠠᠢ ᠭᠠᠷᠳᠠᠨ ᠰᠤᠳᠤᠯᠵᠤ ᠪᠠᠶᠢᠨ᠎ᠠ᠃ ︽ᠭᠡᠰᠡᠷ︾ ᠨᠢ ᠲᠤᠷᠭᠠᠨ ᠵᠠᠮ ᠳᠠᠭᠠᠤ ᠤᠯᠠᠨ ᠤᠯᠤᠰ ᠦᠨᠳᠦᠰᠦᠲᠡᠨ ᠳᠤ ᠲᠠᠷᠬᠠᠭᠰᠠᠨ ᠶᠤᠮ ᠴᠢᠨᠢ ᠶᠡᠭᠡ ᠠᠮᠵᠢᠯᠲᠠ ᠲᠠᠢ ᠶᠠᠪᠤᠭᠳᠠᠬᠤ ᠪᠠᠶᠢᠯᠭᠦᠢ ᠭᠡᠵᠦ ᠪᠤᠳᠤᠵᠤ ᠪᠠᠶᠢᠨ᠎ᠠ᠃        ᠴᠠᠭ ᠦᠶ᠎ᠡ ᠶᠢᠨ ᠬᠦᠭᠵᠢᠯᠲᠡ ᠶᠢᠨ ᠠᠯᠬᠤᠭ᠎ᠠ ᠲᠠᠢ ᠮᠦᠷ ᠵᠡᠷᠭᠡᠴᠡᠭᠦᠯᠦᠨ ᠬᠦᠭᠵᠢᠭᠦᠯᠬᠦ ᠶᠢᠨ ᠲᠦᠯᠦᠭᠡ ᠪᠡᠭᠡᠵᠢᠩ᠂ ᠦᠪᠦᠷ ᠮᠤᠩᠭᠤᠯ ᠤᠨ ︽ᠭᠡᠰᠡᠷ︾ ᠰᠤᠳᠤᠯᠤᠭᠠᠴᠢ᠂ ᠠᠵᠢᠯᠲᠠᠳ ᠭᠡᠰᠡᠷ ᠤᠨ ᠰᠦᠯᠵᠢᠶ᠎ᠡ ᠭᠠᠷᠭᠠᠵᠤ᠂ ᠪᠠᠰᠠ ᠮᠠᠲ᠋ᠧᠷᠢᠶᠠᠯ ᠡᠷᠢᠬᠦ ᠳᠤ ᠳᠦᠭᠦᠮ ᠪᠤᠯᠭᠠᠬᠤ ᠳᠤ ᠵᠤᠷᠢᠭᠤᠯᠵᠤ ᠳ᠋ᠠᠶᠢᠲ᠋ᠠ ᠬᠦᠮᠦᠷᠭᠡ ᠪᠠᠶᠢᠭᠤᠯᠵᠤ ᠪᠠᠶᠢᠭ᠎ᠠ ᠶᠤᠮ᠃ ᠡᠨᠡ ᠨᠢ ᠭᠡᠰᠡᠷ ᠤᠨ ᠲᠤᠬᠠᠢ ᠰᠤᠳᠤᠯᠭᠠᠨ ᠢ ᠳᠡᠯᠡᠬᠡᠢ ᠳᠤ ᠲᠦᠭᠡᠭᠡᠬᠦ᠂ ᠤᠯᠠᠨ ᠳᠤ ᠤᠶᠢᠯᠠᠭᠠᠭᠤᠯᠬᠤ ᠶᠢᠨ ᠵᠡᠷᠭᠡ ᠪᠠᠷ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠨ ᠬᠠᠮᠲᠤ ᠪᠠᠷ ᠬᠤᠪᠢᠶᠠᠯᠴᠠᠬᠤ ᠳᠤ ᠳᠦᠭᠦᠮ ᠪᠦᠭᠡᠳ ᠠᠰᠢᠭᠯᠠᠬᠤ ᠳᠤ ᠳᠦᠭᠦᠮ ᠪᠤᠯᠤᠨ᠎ᠠ᠃ ᠡᠨᠡ ᠲᠠᠯ᠎ᠠ ᠪᠠᠷ ᠪᠦᠷ ᠨᠡᠯᠢᠶᠡᠳ ᠪᠡᠯᠡ ᠮᠦᠩᠭᠦ ᠵᠠᠷᠤᠴᠠᠭᠤᠯᠵᠤ ᠪᠠᠶᠢᠨ᠎ᠠ᠃ ᠦᠨᠦ ᠮᠢᠨᠦ ᠬᠠᠳᠠᠭᠠᠯᠠᠵᠤ ᠪᠦᠬᠦᠢ ︽ᠭᠡᠰᠡᠷ︾ ᠤᠨ ᠮᠠᠲ᠋ᠧᠷᠢᠶᠠᠯ ᠳ᠋ᠦᠩᠰᠢᠭᠤᠷ ᠦᠰᠦᠭ ᠲᠤ ᠬᠦᠷᠴᠦ᠂ ︽ᠭᠡᠰᠡᠷ︾ ᠤᠨ ᠰᠢᠩᠭᠡᠭᠡᠯᠲᠡ ᠬᠢᠵᠦ ᠶᠠᠪᠤᠭᠰᠠᠨ ᠪᠦᠰᠡ ᠪᠤᠯ 2000 ᠴᠠᠭ ᠤᠨ ᠪᠠᠶᠢᠨ᠎ᠠ᠃ ᠮᠤᠩᠭᠤᠯ᠂ ᠪᠤᠷᠢᠶᠠᠳ᠂ ᠤᠷᠤᠰ ᠤᠨ ᠬᠢ ᠶᠢ ᠪᠦᠭᠦᠳᠡ ᠶᠢ ᠬᠤᠷᠢᠶᠠᠵᠤ ᠴᠤᠭᠯᠠᠭᠤᠯᠤᠨ ᠠᠪᠴᠢᠷᠠᠵᠠᠢ᠃ ᠭᠡᠪᠡᠴᠦ ᠡᠭᠦᠨ ᠢ ᠪᠠᠨ ᠡᠮᠬᠢᠳᠬᠡᠬᠦ᠂ ᠰᠦᠯᠵᠢᠶᠡᠨ ᠳᠤ ᠤᠷᠤᠭᠤᠯᠬᠤ ᠳᠤ ᠮᠠᠰᠢ ᠶᠡᠭᠡ ᠬᠦᠮᠦᠨ ᠤ ᠬᠦᠴᠦ ᠬᠡᠷᠡᠭᠰᠡᠨ᠎ᠡ᠂ ᠤᠳᠤ ᠳᠠᠭᠠᠨ ᠬᠦᠮᠦᠨ ᠤ ᠬᠦᠴᠦ ᠶᠡᠭᠡ ᠬᠦᠷᠦᠯᠴᠡᠬᠦ ᠦᠭᠡᠢ ᠪᠠᠶᠢᠨ᠎ᠠ᠃        ︽ᠭᠡᠰᠡᠷ︾ ᠤᠨ ᠰᠤᠳᠤᠯᠭᠠᠨ ᠤ ᠲᠤᠯᠭᠠᠮ᠎ᠠ ᠬᠢᠬᠦ ᠠᠵᠢᠯ        ᠦ᠊᠂ ᠨᠠᠴᠢᠨ᠄ ︽ᠭᠡᠰᠡᠷ︾ ᠪᠤᠯ ᠭᠠᠭᠴᠠᠬᠠᠨ ᠮᠤᠩᠭᠤᠯ ᠦᠨᠳᠦᠰᠦᠲᠡᠨ ᠤ ᠬᠢ ᠪᠢᠰᠢ᠂ ᠤᠯᠠᠨ ᠦᠨᠳᠦᠰᠦᠲᠡᠨ ᠤ ᠬᠢ ᠪᠤᠯᠤᠨ᠎ᠠ᠃ ᠤᠯᠠᠨ ᠤᠯᠤᠰ᠂ ᠦᠨᠳᠦᠰᠦᠲᠡᠨ᠂ ᠭᠠᠵᠠᠷ ᠤᠷᠤᠨ ᠳᠤ ᠲᠠᠷᠬᠠᠵᠤ ᠪᠠᠶᠢᠭ᠎ᠠ ᠡᠨᠡᠬᠦ ᠠᠪᠤᠷᠭᠤ ᠪᠦᠲᠦᠭᠡᠯ ︽ᠭᠡᠰᠡᠷ︾ ᠢ ᠰᠤᠳᠤᠯᠬᠤ ᠨᠢ ᠨᠡᠩ ᠤᠯᠠᠨ ᠴᠢᠷᠮᠠᠶᠢᠯᠭ᠎ᠠ ᠱᠠᠭᠠᠷᠳᠠᠭᠳᠠᠵᠤ᠂ ᠨᠡᠩ ᠶᠡᠭᠡ ᠦᠷᠢᠰᠦᠯᠳᠦᠭᠡᠨᠲᠦ ᠴᠢᠨᠠᠷ ᠲᠠᠢ ᠪᠤᠯᠬᠤᠷ ᠨᠢ ᠲᠤᠮᠤ ᠰᠢᠭ᠋ ᠶᠠᠭᠤᠮ᠎ᠠ ᠬᠢᠶ᠎ᠡ ᠭᠡᠰᠡᠨ ᠰᠤᠳᠤᠯᠤᠭᠠᠴᠢᠳ ᠡᠶᠢᠮᠦ ᠠᠪᠤᠷᠭᠤ ᠤᠯᠠᠮᠵᠢᠯᠠᠯ ᠢ ᠰᠤᠳᠤᠯᠬᠤ ᠶᠤᠰᠤᠲᠠᠢ᠃ ︽ᠭᠡᠰᠡᠷ︾ ᠤᠨ ᠰᠤᠳᠤᠯᠭᠠᠨ ᠤ ᠲᠠᠯ᠎ᠠ ᠪᠠᠷ ᠤᠳᠤ ᠶᠢᠨ ᠬᠠᠮᠤᠭ ᠤᠨ ᠲᠤᠯᠭᠠᠮ᠎ᠠ ᠬᠢᠬᠦ ᠴᠢᠬᠤᠯᠠᠲᠠᠢ ᠠᠵᠢᠯ ᠪᠤᠯ ᠡᠩ ᠲᠡᠷᠢᠭᠦᠨ ᠳᠤ᠂ ᠡᠨᠡ ᠠᠮᠢᠳᠤ ᠪᠠᠶᠢᠭ᠎ᠠ ︽ᠭᠡᠰᠡᠷ︾ ᠤᠨ ᠠᠮᠠᠨ ᠤᠯᠠᠮᠵᠢᠯᠠᠭᠴᠢ ᠶᠢᠨ ᠮᠡᠳᠡᠳᠡᠭ ᠭᠡᠰᠡᠷ ᠢ ᠰᠢᠩᠭᠡᠭᠡᠵᠦ ᠠᠪᠴᠤ ᠦᠯᠡᠳᠡᠭᠡᠬᠦ᠂ ᠤᠯᠤᠰ ᠤᠨ ᠲᠤᠲᠤᠭᠠᠳᠤ ᠳᠤ ᠪᠠᠶᠢᠬᠤ ᠦᠭᠡᠢ ᠪᠠᠷ ᠬᠡᠪᠯᠡᠯ ᠢ ᠤᠯᠤᠰ ᠤᠨ ᠲᠤᠲᠤᠭᠠᠲᠤ ᠳᠠᠭᠠᠨ ᠤᠷᠤᠭᠤᠯᠤᠨ ᠠᠪᠴᠢᠷᠠᠵᠤ ᠰᠤᠳᠤᠯᠭᠠᠨ ᠤ ᠮᠠᠲ᠋ᠧᠷᠢᠶᠠᠯ ᠢᠶᠠᠨ ᠪᠤᠯᠭᠠᠨ ᠠᠰᠢᠭᠯᠠᠬᠤ ᠶᠠᠪᠤᠳᠠᠯ ᠪᠤᠯᠤᠨ᠎ᠠ᠃ ᠳᠠᠷᠠᠭ᠎ᠠ ᠨᠢ᠂ ᠭᠠᠳᠠᠭᠠᠲᠤ ᠶᠢᠨ ᠡᠷᠳᠡᠮᠳᠡᠨ 19 ᠳ᠋ᠦ᠋ᠭᠡᠷ ᠵᠠᠭᠤᠨ ᠤ ᠦᠶ᠎ᠡ ᠪᠠᠷ ᠮᠠᠨ ᠤ ︽ᠮᠤᠩᠭᠤᠯ︾ ᠭᠡᠰᠡᠷ ᠤᠨ ᠵᠠᠷᠢᠮ ᠪᠠᠷ ᠬᠡᠪᠯᠡᠯ ᠢ ᠪᠦᠷ ᠠᠪᠤᠭᠠᠳ ᠶᠠᠪᠤᠭᠰᠠᠨ᠃ ᠤᠷᠤᠰ ᠤᠨ ᠰᠠᠨᠲ ᠫᠧᠲ᠋ᠧᠷᠪᠦᠷᠡᠭ ᠤᠨ ᠨᠤᠮ ᠤᠨ ᠰᠠᠩ᠂ ᠳᠤᠷᠤᠨᠠᠳᠠᠬᠢᠨ ᠤ ᠬᠦᠷᠢᠶᠡᠯᠡᠩ᠂ ᠰᠠᠨᠲ ᠫᠧᠲ᠋ᠧᠷᠪᠦᠷᠡᠭ ᠤᠨ ᠶᠡᠭᠡ ᠰᠤᠷᠭᠠᠭᠤᠯᠢ᠂ ᠤᠯᠤᠰ ᠤᠨ ᠨᠤᠮ ᠤᠨ ᠰᠠᠩ ᠳᠤ ᠮᠠᠰᠢ ᠤᠯᠠᠨ ︽ᠭᠡᠰᠡᠷ︾ ᠤᠨ ᠬᠠᠭᠤᠴᠢᠨ ᠪᠠᠷ ᠬᠡᠪᠯᠡᠯ ᠬᠠᠳᠠᠭᠠᠯᠠᠭᠳᠠᠵᠤ ᠪᠠᠶᠢᠨ᠎ᠠ᠃ ᠲᠡᠳᠡᠭᠡᠷ ᠢ ᠠᠪᠴᠢᠷᠠᠨ ᠬᠡᠪᠯᠡᠭᠦᠯᠵᠦ ᠤᠯᠠᠨ ᠤ ᠬᠦᠷᠲᠡᠭᠡᠯ ᠪᠤᠯᠭᠠᠨ ᠡᠷᠳᠡᠮ ᠰᠢᠨᠵᠢᠯᠡᠭᠡᠨ ᠤ ᠡᠷᠭᠢᠯᠲᠡ ᠳᠤ ᠤᠷᠤᠭᠤᠯᠬᠤ ᠴᠢᠬᠤᠯᠠ ᠲᠠᠢ᠃ ᠭᠤᠷᠪᠠᠳᠤᠭᠠᠷ ᠲᠤ᠂ ︽ᠭᠡᠰᠡᠷ︾ ᠪᠤᠯ ᠨᠢᠭᠡᠨ ᠲᠤᠮᠤ ᠰᠤᠷᠢᠨᠵᠢᠨ ᠲᠡᠮᠦᠷ ᠰᠢᠭ᠂ ᠮᠠᠰᠢ ᠤᠯᠠᠨ ᠡᠷᠳᠡᠮᠲᠡᠨ ᠢ ᠡᠨᠡᠬᠦ ᠬᠦᠷᠢᠶ᠎ᠡ ᠴᠠᠷ᠎ᠠ ᠦᠭᠡᠳᠡ ᠲᠠᠲᠠᠵᠤ ᠪᠠᠶᠢᠭ᠎ᠠ᠃ ᠵᠢᠱᠢᠶᠡᠯᠡᠪᠡᠯ ᠦᠨᠦᠳᠦᠷ ᠤᠨ ᠬᠤᠷᠠᠯ ᠢ ᠡᠷᠬᠢᠯᠡᠵᠦ ᠪᠠᠶᠢᠭ᠎ᠠ ᠴᠢᠮᠡᠳᠳᠦᠷᠵᠢ ᠪᠠᠭᠰᠢ ᠪᠤᠯ ᠲᠡᠦᠬᠡ ᠰᠤᠳᠤᠯᠳᠠᠭ ᠬᠦᠮᠦᠨ᠃ ᠤᠳᠤ ᠪᠦᠷ ︽ᠭᠡᠰᠡᠷ︾ ᠤᠨ ᠰᠤᠳᠤᠯᠭᠠᠨ ᠲᠡᠶᠢᠰᠢ ᠰᠢᠯᠵᠢᠵᠦ ᠪᠠᠶᠢᠨ᠎ᠠ᠂ ᠡᠭᠦᠨ ᠠᠴᠠ ᠭᠠᠳᠠᠨ᠎ᠠ ᠲᠤᠰ ᠤᠳᠠᠭ᠎ᠠ ᠶᠢᠨ ᠬᠤᠷᠠᠯ ᠳᠤ ᠤᠷᠤᠯᠴᠠᠵᠤ ᠪᠠᠶᠢᠭ᠎ᠠ ᠢᠷᠠᠭᠤ ᠨᠠᠶᠢᠷᠠᠭᠴᠢᠳ ᠪᠦᠷ ︽ᠭᠡᠰᠡᠷ︾ ᠤᠨ ᠰᠤᠳᠤᠯᠭᠠᠨ ᠲᠡᠶᠢᠰᠢ ᠰᠢᠯᠵᠢᠵᠦ ᠪᠠᠶᠢᠭ᠎ᠠ ᠶᠤᠮ᠃ ᠡᠶᠢᠮᠦ ᠠᠴᠠ ︽ᠭᠡᠰᠡᠷ︾ ᠪᠤᠯ ᠨᠢᠭᠡᠨ ᠮᠠᠰᠢ ᠶᠡᠭᠡ ᠰᠤᠷᠢᠨᠵᠢᠨ ᠬᠦᠴᠦᠨ ᠲᠠᠢ ᠭᠡᠵᠦ ᠦᠵᠡᠵᠦ ᠪᠤᠯᠤᠮᠠᠷ᠃ ᠢᠯᠠᠩᠭᠤᠶ᠎ᠠ ᠵᠠᠯᠠᠭᠤ ᠰᠤᠳᠤᠯᠤᠭᠠᠴᠢ ᠶᠢ ᠬᠦᠮᠦᠵᠢᠭᠦᠯᠬᠦ ᠠᠵᠢᠯ ᠢ ᠴᠢᠬᠤᠯᠠᠴᠢᠯᠠᠬᠤ ᠬᠡᠷᠡᠭᠲᠡᠢ ᠪᠠᠶᠢᠨ᠎ᠠ᠃        ᠭᠡᠰᠡᠷ ᠤᠨ ᠰᠤᠳᠤᠯᠭᠠᠨ ᠢᠶᠠᠷ ᠳᠠᠮᠵᠢᠭᠠᠳ ᠲᠦᠪᠡᠳ ᠤᠨ ᠬᠢᠨ ᠶᠡᠭᠡ ᠤᠯᠠᠨ ᠭᠡᠰᠡᠷ ᠤᠨ ᠰᠤᠶᠤᠯ ᠤᠨ ᠤᠷᠳᠤᠨ᠂ ᠤᠯᠠᠨ ᠠᠷᠪᠢᠨ ᠰᠦᠮ᠎ᠡ ᠰᠤᠪᠤᠷᠭ᠎ᠠ ᠪᠠᠶᠢᠭᠤᠯᠵᠤ᠂ ᠰᠤᠶᠤᠯ ᠤᠨ ᠠᠵᠢᠯᠯᠠᠭ᠎ᠠ ᠦᠷᠨᠢᠭᠦᠯᠵᠦ ᠪᠠᠶᠢᠨ᠎ᠠ᠃ ᠮᠤᠩᠭᠤᠯ ︽ᠭᠡᠰᠡᠷ︾ ᠤᠨ ᠲᠤᠬᠠᠢ ᠰᠤᠳᠤᠯᠭᠠᠨ ᠠᠷᠪᠠᠭᠠᠳ ᠵᠢᠯ ᠵᠤᠭᠰᠤᠩᠭᠤᠶᠢᠷᠠᠭᠠᠳ ᠡᠨᠡ ᠬᠡᠳᠦᠨ ᠵᠢᠯ ᠠᠴᠠ ᠦᠪᠦᠷ ᠮᠤᠩᠭᠤᠯ ᠳᠤ ᠦᠷᠨᠢᠵᠦ ᠡᠬᠢᠯᠡᠯ᠎ᠡ᠂ ᠪᠠᠭᠠᠷᠢᠨ ᠤ ᠬᠢᠨ ᠦᠨᠳᠦᠰᠦᠨ ᠱᠠᠲᠤᠨ ᠳᠤ ᠰᠦᠮ᠎ᠡ ᠰᠤᠪᠤᠷᠭ᠎ᠠ ᠶᠢ ᠪᠠᠶᠢᠭᠤᠯᠬᠤ᠂ ᠨᠡᠷᠡᠶᠢᠳᠬᠦ ᠵᠡᠷᠭᠡ ᠠᠵᠢᠯ ᠢ ᠬᠢᠵᠦ ᠪᠠᠶᠢᠨ᠎ᠠ᠃ ᠡᠨᠡ ᠨᠢ ᠴᠢᠨᠠᠭᠰᠢᠲᠠ ᠪᠠᠭᠠᠷᠢᠨ ᠵᠡᠭᠦᠨ ᠬᠤᠰᠢᠭᠤ᠂ ᠠᠷᠤ ᠬᠤᠷᠴᠢᠨ ᠭᠡᠳ ᠦᠷᠭᠦᠯᠵᠢᠯᠡᠵᠦ ᠪᠠᠶᠢᠨ᠎ᠠ᠃ ᠤᠳᠤ ᠵᠦᠴᠦᠭᠡ ᠪᠤᠯᠭᠠᠨ ᠲᠤᠭᠯᠠᠬᠤ᠂ ᠬᠡᠦᠬᠡᠯᠲᠡᠢ ᠵᠦᠴᠦᠭᠡ ᠬᠢᠬᠦ ᠪᠠᠷ ᠰᠠᠨᠠᠭᠠᠴᠢᠯᠠᠵᠤ ᠪᠠᠶᠢᠭ᠎ᠠ ᠨᠢ ᠴᠦ ᠪᠤᠢ᠃        ᠰᠡᠳᠦᠪ ᠤᠨ ᠢᠷᠡᠯᠲᠡ        8 ᠰᠠᠷ᠎ᠠ ᠶᠢᠨ 11 ᠠᠴᠠ 13 ᠤ ᠡᠳᠦᠷ ᠪᠤᠯᠲᠠᠯ᠎ᠠ᠂ ᠨᠠᠢᠮᠠᠳᠤᠭᠠᠷ ᠬᠤᠭᠤᠴᠠᠭᠠᠨ ᠤ ︽ᠭᠡᠰᠡᠷ︾ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠵᠢᠴᠢ ᠪᠡᠭᠡᠵᠢᠩ ᠪᠠᠷ ᠤᠨ ︽ᠭᠡᠰᠡᠷ︾ ᠬᠡᠪᠯᠡᠭᠳᠡᠭᠰᠡᠨ 300 ᠵᠢᠯ ᠤᠨ ᠤᠢ ᠶᠢ ᠲᠡᠮᠳᠡᠭᠯᠡᠬᠦ ᠬᠤᠷᠠᠯ ᠬᠦᠬᠡᠬᠤᠲᠠ ᠳᠤ ᠶᠠᠪᠤᠭᠳᠠᠪᠠ᠃ ᠪᠦᠬᠦ ᠤᠯᠤᠰ ᠤᠨ ︽ᠭᠡᠰᠡᠷ︾ ᠰᠤᠳᠤᠯᠤᠯ ᠤᠨ ᠠᠵᠢᠯ ᠤᠨ ᠤᠳᠤᠷᠢᠳᠬᠤ ᠳᠤᠭᠤᠶᠢᠯᠠᠩ᠂ ᠦᠪᠡᠷᠲᠡᠭᠡᠨ ᠵᠠᠰᠠᠬᠤ ᠤᠷᠤᠨ ᠤ ︽ᠭᠡᠰᠡᠷ︾ ᠰᠤᠳᠤᠯᠤᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠲᠤᠷᠠᠨ ᠡᠷᠬᠢᠯᠡᠭᠰᠡᠨ ᠲᠤᠰ ᠠᠵᠢᠯᠯᠠᠭ᠎ᠠ ᠨᠢ ᠪᠦᠬᠦ ᠤᠯᠤᠰ ᠤᠨ ︽ᠭᠡᠰᠡᠷ︾ ᠤᠯᠠᠮᠵᠢᠯᠠᠯ ᠤᠨ ᠠᠪᠤᠷᠠᠨ ᠬᠠᠮᠠᠭᠠᠯᠠᠬᠤ ᠠᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠪᠡᠭᠡᠵᠢᠩ ᠪᠠᠷ ᠤᠨ ︽ᠭᠡᠰᠡᠷ︾ ᠬᠡᠪᠯᠡᠭᠳᠡᠭᠰᠡᠨ 300 ᠵᠢᠯ ᠤᠨ ᠤᠢ ᠶᠢ ᠳᠤᠷᠠᠰᠬᠠᠨ ᠲᠡᠮᠳᠡᠭᠯᠡᠵᠡᠢ᠃ ᠲᠤᠰ ᠤᠳᠠᠭ᠎ᠠ ᠶᠢᠨ ᠬᠤᠷᠠᠯ ᠳᠤ ᠤᠷᠤᠰ ᠤᠨ ᠬᠤᠯᠪᠠᠭᠠᠨ ᠤ ᠪᠦᠭᠦᠳᠡ ᠨᠠᠶᠢᠷᠠᠮᠳᠠᠬᠤ ᠪᠤᠷᠢᠶᠠᠳ ᠤᠯᠤᠰ᠂ ᠪᠦᠭᠦᠳᠡ ᠨᠠᠶᠢᠷᠠᠮᠳᠠᠬᠤ ᠠᠯᠳᠠᠢ ᠤᠯᠤᠰ᠂ ᠪᠦᠭᠦᠳᠡ ᠨᠠᠶᠢᠷᠠᠮᠳᠠᠬᠤ ᠲᠤᠸᠠ ᠤᠯᠤᠰ᠂ ᠪᠦᠭᠦᠳᠡ ᠨᠠᠶᠢᠷᠠᠮᠳᠠᠬᠤ ᠶᠠᠺᠦ᠋ᠲ ᠤᠯᠤᠰ ᠵᠢᠴᠢ ᠬᠠᠩᠭᠠᠷᠢ᠂ ᠮᠤᠩᠭᠤᠯ᠂ ᠲᠦᠷᠺ᠂ ᠶᠠᠫᠤᠨ ᠵᠡᠷᠭᠡ ᠤᠯᠤᠰ ᠤᠨ 10 ᠭᠠᠷᠤᠢ ᠡᠷᠳᠡᠮᠲᠡᠨ᠂ ᠤᠯᠤᠰ ᠤᠨ ᠲᠤᠲᠤᠭᠠᠳᠤ ᠶᠢᠨ ᠪᠡᠭᠡᠵᠢᠩ᠂ ᠲᠦᠪᠡᠳ᠂ ᠬᠦᠬᠡᠨᠠᠭᠤᠷ᠂ ᠰᠧᠴᠦᠸᠠᠨ᠂ ᠰᠢᠨᠵᠢᠶᠠᠩ᠂ ᠭᠠᠨᠰᠦ᠂ ᠯᠢᠶᠤᠤᠨᠢᠩ ᠵᠡᠷᠭᠡ 8 ᠮᠤᠵᠢ ᠤᠷᠤᠨ ᠤ 100 ᠭᠠᠷᠤᠢ ᠡᠷᠳᠡᠮᠲᠡᠨ ᠮᠡᠷᠭᠡᠳ ᠤᠷᠤᠯᠴᠠᠵᠤ᠂ ᠡᠷᠳᠡᠮ ᠰᠢᠨᠵᠢᠯᠡᠭᠡᠨ ᠤ ᠢᠯᠡᠳᠬᠡᠯ ᠬᠢᠵᠦ᠂ ᠦᠵᠡᠯᠲᠡ ᠪᠤᠳᠤᠯ ᠢᠶᠠᠨ ᠰᠤᠯᠢᠯᠴᠠᠵᠠᠢ᠃ ᠡᠷᠳᠡᠮ ᠰᠢᠨᠵᠢᠯᠡᠭᠡᠨ ᠤ ᠬᠤᠷᠠᠯ ᠨᠢ ᠭᠤᠷᠪᠠᠨ ᠳᠤᠭᠤᠶᠢᠯᠠᠩ ᠬᠤᠪᠢᠶᠠᠵᠤ᠂ ᠪᠡᠭᠡᠵᠢᠩ ᠪᠠᠷ ᠤᠨ ᠭᠡᠰᠡᠷ ᠤᠨ ᠲᠤᠭᠤᠵᠢ ᠬᠢᠭᠡᠳ ᠭᠡᠰᠡᠷ ᠤᠨ ᠠᠮᠠᠨ ᠵᠤᠬᠢᠶᠠᠯ ᠪᠤᠯᠤᠨ ᠰᠤᠶᠤᠯ ᠱᠠᠰᠢᠨ ᠤ ᠲᠤᠰᠬᠠᠢ ᠰᠡᠳᠦᠪ᠂ ᠨᠢᠭᠡ ᠪᠦᠰᠡ ᠨᠢᠭᠡ ᠵᠠᠮ ᠬᠢᠭᠡᠳ ᠭᠡᠰᠡᠷ ᠰᠤᠶᠤᠯ ᠤᠨ ᠰᠤᠯᠢᠯᠴᠠᠭᠠᠨ ᠤ ᠲᠤᠰᠬᠠᠢ ᠰᠡᠳᠦᠪ ᠵᠡᠷᠭᠡ ᠭᠤᠤᠯ ᠰᠡᠳᠦᠪ ᠤᠨ ᠲᠤᠭᠤᠷᠢᠨ ᠳᠤ ᠡᠷᠳᠡᠮᠲᠡᠳ ᠢᠯᠡᠳᠬᠡᠯ ᠬᠢᠵᠡᠢ᠃        ︽ᠭᠡᠰᠡᠷ︾ ᠤᠨ ᠲᠤᠬᠠᠢ ᠠᠳᠠᠯᠢ ᠪᠤᠰᠤ ᠶᠢᠨ ᠦᠵᠡᠯᠲᠡ        ᠨᠢᠭᠡ᠂ ᠮᠤᠩᠭᠤᠯ ᠲᠦᠪᠡᠳ ︽ᠭᠡᠰᠡᠷ︾ ᠨᠢ ᠬᠤᠭᠤᠷᠤᠨᠳᠦ ᠪᠠᠨ ᠬᠤᠯᠪᠤᠭ᠎ᠠ ᠦᠭᠡᠢ᠃ ᠮᠤᠩᠭᠤᠯ ︽ᠭᠡᠰᠡᠷ︾ ᠢ ᠮᠤᠩᠭᠤᠯᠴᠤᠳ ᠦᠪᠡᠷ ᠢᠶᠠᠨ ᠵᠤᠬᠢᠶᠠᠨ ᠪᠦᠲᠦᠭᠡᠵᠡᠢ︔        ᠬᠤᠶᠠᠷ᠂ ᠲᠦᠪᠡᠳ ︽ᠭᠡᠰᠡᠷ︾ ᠪᠤᠯ ᠮᠤᠩᠭᠤᠯ ︽ᠭᠡᠰᠡᠷ︾ ᠤᠨ ᠬᠤᠪᠢᠯᠪᠤᠷᠢ︔        ᠭᠤᠷᠪᠠ᠂ ᠮᠤᠩᠭᠤᠯ ︽ᠭᠡᠰᠡᠷ︾ ᠢ ᠲᠦᠪᠡᠳ ︽ᠭᠡᠰᠡᠷ︾ ᠠᠴᠠ ᠤᠷᠴᠢᠭᠤᠯᠵᠤ ᠠᠪᠴᠠᠢ︔        ᠳᠦᠷᠪᠡ᠂ ᠮᠤᠩᠭᠤᠯ ᠲᠦᠪᠡᠳ ︽ᠭᠡᠰᠡᠷ︾ ᠨᠢ ᠠᠳᠠᠯᠢᠬᠠᠨ ᠡᠬᠢ ᠡᠭᠦᠰᠦᠯ ᠲᠠᠢ᠂ ᠠᠳᠠᠯᠢ ᠪᠤᠰᠤ ᠪᠠᠷ ᠤᠯᠠᠮᠵᠢᠯᠠᠭᠳᠠᠭᠰᠠᠨ ᠬᠠᠷᠢᠴᠠᠭ᠎ᠠ ᠲᠠᠢ ᠭᠡᠬᠦ ᠮᠡᠲᠦ ᠶᠢᠨ ᠦᠵᠡᠯᠲᠡ ᠪᠠᠶᠢᠨ᠎ᠠ᠃        ᠪᠡᠭᠡᠵᠢᠩ ᠪᠠᠷ ᠤᠨ ︽ᠭᠡᠰᠡᠷ︾        ︽ᠭᠡᠰᠡᠷ︾ ᠤᠨ ᠲᠤᠤᠯᠢ ᠪᠤᠯ ᠮᠤᠩᠭᠤᠯ ᠲᠦᠪᠡᠳ ᠠᠷᠠᠳ ᠲᠦᠮᠡᠨ ᠤ ᠳᠤᠮᠳᠠ ᠦᠷᠭᠡᠨ ᠳᠡᠯᠭᠡᠷ ᠲᠠᠷᠬᠠᠭᠰᠠᠨ ᠪᠠᠭᠠᠲᠤᠷᠯᠢᠭ ᠲᠤᠤᠯᠢ ᠶᠤᠮ᠃ ᠠᠩᠬ᠎ᠠ ᠡᠬᠢᠨ ᠳᠡᠭᠡᠨ ᠠᠷᠠᠳ ᠤᠨ ᠠᠮᠠᠨ ᠵᠤᠬᠢᠶᠠᠯ ᠤᠨ ᠬᠡᠯᠪᠡᠷᠢ ᠪᠠᠷ ᠬᠦᠮᠦᠰ ᠤᠨ ᠳᠤᠮᠳᠠ ᠤᠯᠠᠮᠵᠢᠯᠠᠭᠳᠠᠨ᠂ ᠭᠠᠷ ᠪᠢᠴᠢᠮᠡᠯ ᠪᠤᠶᠤ ᠬᠠᠭᠤᠯᠠᠮᠠᠯ ᠬᠡᠯᠪᠡᠷᠢ ᠪᠠᠷ ᠬᠠᠳᠠᠭᠠᠯᠠᠭᠳᠠᠨ ᠬᠤᠷᠢᠶᠠᠭᠳᠠᠵᠤ ᠪᠠᠶᠢᠵᠠᠢ᠃ 1716 ᠤᠨ ᠳᠤ ᠮᠤᠩᠭᠤᠯ ᠭᠡᠰᠡᠷ ᠤᠨ ᠠᠩᠬᠠᠨ ᠤ ᠪᠠᠷ ᠬᠡᠪᠯᠡᠯ ᠪᠤᠯᠬᠤ ᠮᠤᠳᠤᠨ  ᠪᠠᠷ ᠤᠨ ︽ᠠᠷᠪᠠᠨ ᠵᠦᠭ ᠤᠨ ᠭᠡᠰᠡᠷ ᠬᠠᠭᠠᠨ ᠤ ᠲᠤᠭᠤᠵᠢ ᠤᠷᠤᠰᠢᠪᠠᠢ︾ ᠪᠡᠭᠡᠵᠢᠩ ᠳᠤ ᠬᠡᠪᠯᠡᠭᠳᠡᠭᠰᠡᠨ ᠠᠴᠠ ︽ᠭᠡᠰᠡᠷ ᠤᠨ ᠲᠤᠭᠤᠵᠢ︾ ᠨᠢ ᠦᠪᠡᠷ ᠤᠨ ᠭᠡᠬᠦ ᠬᠡᠪᠯᠡᠯ ᠲᠠᠢ ᠪᠤᠯᠵᠤ᠂ ᠨᠡᠩ ᠦᠷᠭᠡᠨ ᠬᠡᠪᠴᠢᠶᠡᠨ ᠳᠤ ᠲᠠᠷᠬᠠᠨ ᠤᠯᠠᠮᠵᠢᠯᠠᠭᠳᠠᠬᠤ ᠠᠰᠢᠭᠲᠠᠢ ᠨᠦᠬᠦᠴᠡᠯ ᠢ ᠪᠦᠷᠢᠯᠳᠦᠭᠦᠯᠵᠡᠢ᠃ ᠡᠨᠡᠬᠦ ︽ᠭᠡᠰᠡᠷ ᠤᠨ ᠲᠤᠭᠤᠵᠢ︾ ᠶᠢ ᠡᠷᠳᠡᠮᠲᠡᠳ ︽ᠪᠡᠭᠡᠵᠢᠩ ᠮᠤᠳᠤᠨ ᠪᠠᠷ ᠤᠨ ᠭᠡᠰᠡᠷ ᠤᠨ ᠲᠤᠭᠤᠵᠢ︾ ᠪᠤᠶᠤ ︽ᠪᠡᠭᠡᠵᠢᠩ ᠪᠠᠷ ᠤᠨ ᠭᠡᠰᠡᠷ︾ ᠭᠡᠳᠡᠭ ᠪᠠᠶᠢᠨ᠎ᠠ᠃        ᠪᠡᠭᠡᠵᠢᠩ ᠪᠠᠷ ᠤᠨ ᠭᠡᠰᠡᠷ ᠨᠢ ᠳᠤᠯᠤᠭᠠᠨ ᠪᠦᠯᠦᠭ ᠲᠠᠢ᠂ ᠤᠳᠤ ᠤᠯᠳᠠᠭᠠᠳ ᠪᠠᠶᠢᠭ᠎ᠠ ᠭᠡᠰᠡᠷ ᠤᠨ ᠪᠦᠬᠦᠶᠢᠯᠡ ᠤᠯᠳᠠᠪᠤᠷᠢ ᠠᠴᠠ ᠨᠡᠯᠢᠶᠡᠳ ᠬᠡᠰᠡᠭ ᠲᠤᠲᠠᠭᠤ ᠪᠠᠶᠢᠵᠠᠢ᠃ ᠬᠤᠵᠢᠮ ᠨᠢ ᠪᠡᠭᠡᠵᠢᠩ ᠤᠨ ᠯᠦᠩ ᠹᠦ᠋ ᠰᠧ ᠵᠡᠭᠡᠯᠢ ᠠᠴᠠ ᠤᠯᠳᠠᠭᠰᠠᠨ ︽ᠯᠦᠩ ᠹᠦ᠋ ᠰᠧ ᠬᠡᠶᠢᠳ ᠤᠨ ︿ᠭᠡᠰᠡᠷ﹀ ᠨᠢ ᠶᠠᠭ ᠪᠡᠭᠡᠵᠢᠩ ᠪᠠᠷ ᠤᠨ ᠭᠡᠰᠡᠷ ᠤᠨ ᠲᠤᠲᠠᠭᠤ ᠬᠡᠰᠡᠭ ᠢ ᠨᠦᠬᠦᠵᠦ᠂ ᠨᠡᠶᠢᠲᠡ ᠠᠷᠪᠠᠨ ᠭᠤᠷᠪᠠᠨ ᠪᠦᠯᠦᠭ ᠪᠤᠯᠳᠠᠭ᠃ 2002 ᠤᠨ ᠳᠤ ᠪᠡᠭᠡᠵᠢᠩ  ᠪᠠᠷ ᠤᠨ ︽ᠭᠡᠰᠡᠷ︾ ᠪᠠ ᠯᠦᠩ ᠹᠦ᠋ ᠰᠧ ᠬᠡᠶᠢᠳ ᠤᠨ ︽ᠭᠡᠰᠡᠷ︾ ᠢ ᠬᠠᠮᠲᠤᠷᠠᠭᠤᠯᠵᠤ ︽ᠭᠡᠰᠡᠷ ᠤᠨ ᠪᠦᠷᠢᠨ ᠪᠢᠴᠢᠭ︾ ︵ᠲᠡᠷᠢᠭᠦᠨ ᠪᠤᠳᠢ︶ ᠪᠤᠯᠭᠠᠨ ᠬᠡᠪᠯᠡᠭᠦᠯᠪᠡ᠃ ᠪᠡᠭᠡᠵᠢᠩ ᠪᠠᠷ ᠤᠨ ᠭᠡᠰᠡᠷ ᠨᠢ ᠬᠠᠮᠤᠭ ᠤᠨ ᠠᠩᠬᠠᠨ ᠤ  ᠪᠠᠷ ᠬᠡᠪᠯᠡᠯ ᠪᠦᠭᠡᠳ ᠤᠯᠠᠨ ᠬᠤᠪᠢ ᠪᠠᠷ ᠳᠠᠷᠤᠮᠠᠯᠯᠠᠭᠳᠠᠨ ᠲᠠᠷᠬᠠᠭᠳᠠᠭᠰᠠᠨ ᠠᠴᠠ ᠤᠯᠠᠨ ᠭᠠᠵᠠᠷ ᠠᠴᠠ ᠬᠠᠳᠠᠭᠠᠯᠠᠪᠤᠷᠢ ᠤᠯᠳᠠᠵᠤ᠂ ᠦᠷᠦᠨᠡᠳᠠᠬᠢᠨ ᠬᠦᠷᠲᠡᠯ᠎ᠡ ᠲᠠᠷᠬᠠᠨ ᠤᠷᠴᠢᠭᠤᠯᠤᠭᠳᠠᠵᠠᠢ᠃        ᠦᠪᠦᠷ ᠮᠤᠩᠭᠤᠯ ᠤᠨ ᠭᠡᠰᠡᠷ ᠤᠨ ᠠᠵᠢᠯ        ᠮᠤᠩᠭᠤᠯ ︽ᠭᠡᠰᠡᠷ︾ ᠤᠨ ᠲᠤᠤᠯᠢ ᠨᠢ ᠤᠯᠤᠰ ᠤᠨ ᠲᠤᠲᠤᠭᠠᠲᠤ ᠳᠤ ᠭᠤᠤᠯᠳᠠᠭᠤ ᠦᠪᠦᠷ ᠮᠤᠩᠭᠤᠯ᠂ ᠬᠦᠬᠡᠨᠠᠭᠤᠷ᠂ ᠰᠢᠨᠵᠢᠶᠠᠩ᠂ ᠯᠢᠶᠤᠤᠨᠢᠩ ᠵᠡᠷᠭᠡ ᠭᠠᠵᠠᠷ ᠤᠳ ᠢᠶᠠᠷ ᠲᠠᠷᠬᠠᠵᠤ᠂ ᠭᠠᠳᠠᠭᠠᠳᠤ ᠳᠤ ᠭᠤᠤᠯᠳᠠᠭᠤ ᠮᠤᠩᠭᠤᠯ ᠤᠯᠤᠰ ᠵᠢᠴᠢ ᠤᠷᠤᠰ ᠤᠨ ᠬᠤᠯᠪᠤᠭᠠᠨ ᠤ ᠪᠤᠷᠢᠶᠠᠳ ᠤᠯᠤᠰ᠂ ᠲᠤᠸᠠ᠂ ᠬᠠᠯᠢᠮᠠᠭ ᠵᠡᠷᠭᠡ ᠪᠦᠭᠦᠳᠡ ᠨᠠᠶᠢᠷᠠᠮᠳᠠᠬᠤ ᠤᠯᠤᠰ ᠲᠤ ᠲᠠᠷᠬᠠᠵᠠᠢ᠃ ᠪᠦᠷᠢᠳᠬᠡᠯ ᠢᠶᠠᠷ ᠤᠳᠤᠬᠠᠨ ᠪᠤᠯᠲᠠᠯ᠎ᠠ᠂ ᠳᠤᠮᠳᠠᠳᠤ ᠤᠯᠤᠰ᠂ ᠮᠤᠩᠭᠤᠯ᠂ ᠤᠷᠤᠰ᠂ ᠭᠧᠷᠮᠡᠨ᠂ ᠬᠠᠩᠭᠠᠷᠢ᠂ ᠳ᠋ᠠᠨᠮᠠᠷᠺ᠂ ᠶᠠᠫᠤᠨ᠂ ᠠᠮᠧᠷᠢᠺᠡ ᠵᠡᠷᠭᠡ ᠤᠯᠤᠰ ᠤᠨ ᠨᠤᠮ ᠤᠨ ᠰᠠᠩ ᠪᠤᠶᠤ ᠡᠷᠳᠡᠮ ᠰᠢᠨᠵᠢᠯᠡᠭᠡᠨ ᠤ ᠪᠠᠶᠢᠭᠤᠯᠭ᠎ᠠ ᠳᠤ 100 ᠭᠠᠷᠤᠢ ᠵᠦᠢᠯ ᠤᠨ ᠭᠡᠰᠡᠷ ᠤᠨ ᠪᠠᠷ ᠬᠡᠪᠯᠡᠯ ᠪᠤᠶᠤ ᠭᠠᠷ ᠪᠢᠴᠢᠮᠡᠯ ᠤᠨ ᠵᠦᠢᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠬᠠᠳᠠᠭᠠᠯᠠᠭᠳᠠᠵᠤ ᠪᠠᠶᠢᠨ᠎ᠠ᠃ ᠤᠯᠤᠰ ᠤᠨ ᠲᠤᠲᠤᠭᠠᠲᠤ ᠳᠤ ︽ᠭᠡᠰᠡᠷ︾ ᠤᠨ ᠲᠤᠬᠠᠢ ᠰᠤᠳᠤᠯᠭᠠᠨ ᠤ ᠦᠭᠦᠯᠡᠯ 1000 ᠭᠠᠷᠤᠢ ᠨᠡᠶᠢᠲᠡᠯᠡᠭᠳᠡᠭᠡᠳ ᠪᠠᠶᠢᠨ᠎ᠠ᠃        ᠤᠳᠤᠬᠠᠨ ᠳᠤ ᠤᠯᠳᠠᠭᠰᠠᠨ ︽ᠭᠡᠰᠡᠷ ᠤᠨ ᠲᠤᠭᠤᠵᠢ︾ ᠶᠢᠨ ᠬᠠᠮᠤᠭ ᠤᠨ ᠠᠩᠬᠠᠨ ᠤ ᠪᠠᠷ ᠬᠡᠪᠯᠡᠯ ᠪᠤᠯ 1716 ᠤᠨ ᠳᠤ ᠬᠡᠪᠯᠡᠭᠳᠡᠭᠰᠡᠨ ᠪᠡᠭᠡᠵᠢᠩ ᠤᠨ ᠮᠤᠳᠤᠨ ᠪᠠᠷ ᠤᠨ ︽ᠭᠡᠰᠡᠷ ᠤᠨ ᠲᠤᠭᠤᠵᠢ︾ ᠶᠤᠮ᠃ ᠦᠨᠦ ᠵᠢᠯ ︽ᠪᠡᠭᠡᠵᠢᠩ ᠪᠠᠷ ᠤᠨ ᠭᠡᠰᠡᠷ︾ ᠤᠨ  ᠬᠡᠪᠯᠡᠭᠳᠡᠭᠰᠡᠨ 300 ᠵᠢᠯ ᠤᠨ ᠤᠢ ᠪᠤᠯᠵᠤ ᠪᠠᠶᠢᠨ᠎ᠠ᠃ 20 ᠳ᠋ᠤᠭᠠᠷ ᠵᠠᠭᠤᠨ ᠤ ᠲᠠᠪᠢᠭᠠᠳ ᠤᠨ ᠤ ᠦᠶ᠎ᠡ ᠳᠤ ᠪᠡᠭᠡᠵᠢᠩ ᠤᠨ ᠮᠤᠳᠤᠨ ᠪᠠᠷ ᠤᠨ ᠭᠡᠰᠡᠷ ᠪᠠ ᠯᠦᠩ ᠹᠦ᠋ ᠰᠧ ᠭᠡᠰᠡᠷ ᠵᠡᠷᠭᠡ ᠴᠢᠬᠤᠯᠠ ᠪᠠᠷ ᠬᠡᠪᠯᠡᠯ᠂ ᠭᠠᠷ ᠪᠢᠴᠢᠮᠠᠯ ᠢ ︽ᠠᠷᠪᠠᠨ ᠵᠦᠭ ᠤᠨ ᠡᠵᠡᠨ ᠭᠡᠰᠡᠷ ᠬᠠᠭᠠᠨ ᠤ ᠲᠤᠭᠤᠵᠢ ᠤᠷᠤᠰᠢᠪᠠ︾ ᠭᠡᠬᠦ ᠨᠡᠷ᠎ᠡ ᠪᠠᠷ ᠬᠡᠪᠯᠡᠭᠦᠯᠵᠡᠢ᠃ 1958 ᠤᠨ ᠠᠴᠠ 1959 ᠤᠨ ᠤ ᠬᠤᠭᠤᠷᠤᠨᠳᠦ ᠴᠢᠮᠡᠳᠳᠦᠷᠵᠢ ᠠᠯᠳᠠᠷᠲᠦ ᠭᠡᠰᠡᠷᠴᠢ ᠫᠠᠵᠠᠢ ᠶᠢᠨ ᠬᠠᠶᠢᠯᠠᠭᠰᠠᠨ 80 ᠴᠠᠭ ᠤᠨ ᠭᠡᠰᠡᠷ ᠢ ᠰᠢᠩᠭᠡᠭᠡᠨ ᠠᠪᠴᠤ᠂ ᠡᠨᠡᠬᠦ 300 ᠲᠦᠮᠡᠨ ᠦᠰᠦᠭ ᠪᠦᠬᠦᠢ ᠲᠡᠮᠳᠡᠭᠯᠡᠯ ᠢᠶᠠᠨ ︽ᠭᠡᠰᠡᠷ ᠪᠠᠭᠠᠲᠤᠳ ᠬᠠᠭᠠᠨ︾ ᠭᠡᠬᠦ ᠨᠤᠮ ᠬᠡᠪᠯᠡᠭᠦᠯᠵᠡᠢ᠃ 1959 ᠤᠨ ᠳᠤ ᠠᠩᠴᠢᠨᠬᠦᠦ ᠶᠢᠨ ᠬᠢᠲᠡᠳᠴᠢᠯᠠᠭᠰᠠᠨ ︽ᠭᠡᠰᠡᠷ ᠪᠠᠭᠠᠲᠤᠷ ᠬᠠᠭᠠᠨ︾ ᠭᠡᠬᠦ ᠨᠤᠮ ᠨᠢ ᠬᠠᠮᠤᠭ ᠤᠨ ᠠᠩᠬᠠᠨ ᠤ ᠬᠢᠲᠡᠳ ᠤᠷᠴᠢᠭᠤᠯᠭ᠎ᠠ ᠪᠤᠯᠤᠨ᠎ᠠ᠃ ᠰᠡᠭᠦᠯᠡᠷ ᠨᠢ ᠰᠠᠩᠵᠠᠶᠢᠵᠠᠪ᠂ ᠴᠧᠨ ᠭᠠᠩ ᠯᠦᠩ᠂ ᠬᠠᠲᠠᠴᠢ᠂ ᠭᠠᠩ ᠨᠠᠷ ᠬᠡᠪᠯᠡᠭᠦᠯᠵᠡᠢ᠃        1984 ᠤᠨ ᠳᠤ ᠦᠪᠦᠷ ᠮᠤᠩᠭᠤᠯ ᠤᠨ ᠭᠡᠰᠡᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ 20 ᠪᠠᠭ᠎ᠠ ᠳᠤᠭᠤᠶᠢᠯᠠᠩ ᠲᠤᠮᠢᠯᠠᠵᠤ᠂ ᠪᠦᠬᠦ ᠤᠯᠤᠰ ᠤᠨ ᠬᠡᠪᠴᠢᠶᠡᠨ ᠳᠤ ᠭᠡᠰᠡᠷ ᠢ ᠡᠮᠬᠢᠳᠬᠡᠨ ᠴᠤᠭᠯᠠᠭᠤᠯᠵᠤ᠂ 75 ᠭᠡᠰᠡᠷᠴᠢ ᠶᠢ ᠳᠠᠩᠰᠠᠯᠠᠵᠤ᠂ ᠬᠠᠷᠠᠴᠢᠨ ︽ᠭᠡᠰᠡᠷ︾᠂ ᠲᠤᠳᠤ ᠦᠰᠦᠭ ᠤᠨ ︽ᠭᠡᠰᠡᠷ︾᠂ ︽ᠭᠡᠰᠡᠷ ᠤᠨ ᠰᠠᠩ︾ ᠵᠡᠷᠭᠡ ᠶᠢ ᠰᠢᠨ᠎ᠡ ᠪᠠᠷ ᠢᠯᠡᠷᠡᠭᠦᠯᠵᠡᠢ᠃ ᠭᠡᠰᠡᠷ ᠤᠨ ᠲᠤᠤᠯᠢ ᠶᠢ 400 ᠭᠠᠷᠤᠢ ᠴᠠᠭ ᠰᠢᠩᠭᠡᠭᠡᠵᠦ᠂ ᠭᠡᠰᠡᠷ ᠤᠨ ᠳᠤᠮᠤᠭ ᠦᠯᠢᠭᠡᠷ ᠢ 130 ᠭᠠᠷᠤᠢ ᠵᠦᠢᠯ ᠡᠮᠬᠢᠳᠬᠡᠵᠦ᠂ ᠲᠤᠲᠤᠭᠠᠳᠤ ᠮᠠᠲ᠋ᠧᠷᠢᠶᠠᠯ ᠢ 28 ᠳᠡᠪᠲᠡᠷ᠂ ᠭᠡᠰᠡᠷ ᠤᠨ ᠲᠤᠬᠠᠢ 17 ᠳᠡᠪᠲᠡᠷ ᠨᠤᠮ ᠬᠡᠪᠯᠡᠭᠦᠯᠵᠡᠢ᠃        2013 ᠤᠨ ᠠᠴᠠ 2014 ᠤᠨ ᠤ ᠬᠤᠭᠤᠷᠤᠨᠳᠦ ᠦᠪᠦᠷ ᠮᠤᠩᠭᠤᠯ ᠤᠨ ︽ᠭᠡᠰᠡᠷ︾ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠬᠤᠶᠠᠷ ᠤᠳᠠᠭ᠎ᠠ ᠡᠷᠳᠡᠮ ᠰᠢᠨᠵᠢᠯᠡᠭᠡᠨ ᠤ ᠰᠡᠳᠦᠪ ᠬᠢᠨᠠᠬᠤ ᠬᠤᠷᠠᠯ ᠬᠢᠵᠦ᠂ 35 ᠲᠦᠷᠦᠯ ᠤᠨ ᠡᠷᠳᠡᠮ ᠰᠢᠨᠵᠢᠯᠡᠭᠡᠨ ᠤ ᠰᠡᠳᠦᠪ ᠢ ᠪᠠᠲᠤᠯᠠᠭᠤᠯᠤᠨ ᠵᠦᠪᠰᠢᠶᠡᠷᠡᠭᠦᠯᠵᠡᠢ᠃ ᠡᠳᠡᠭᠡᠷ ᠲᠦᠰᠦᠯ ᠳᠤ᠂ ᠮᠠᠨ ᠤ ᠤᠯᠤᠰ ᠤᠨ ᠦᠪᠦᠷ ᠮᠤᠩᠭᠤᠯ᠂ ᠪᠡᠭᠡᠵᠢᠩ᠂ ᠬᠦᠬᠡᠨᠠᠭᠤᠷ᠂ ᠭᠠᠨᠰᠦ᠂ ᠰᠢᠨᠵᠢᠶᠠᠩ ᠵᠡᠷᠭᠡ ᠮᠤᠵᠢ᠂ ᠦᠪᠡᠷᠲᠡᠭᠡᠨ ᠵᠠᠰᠠᠬᠤ ᠤᠷᠤᠨ ᠵᠢᠴᠢ ᠮᠤᠩᠭᠤᠯ ᠤᠯᠤᠰ ᠲᠠᠬᠢ 100 ᠭᠠᠷᠤᠢ ᠡᠷᠳᠡᠮᠲᠡᠨ ᠤᠷᠤᠯᠴᠠᠵᠤ ᠪᠠᠶᠢᠭ᠎ᠠ ᠶᠤᠮ᠃ 2016 ᠤᠨ ᠠᠴᠠ 2018 ᠤᠨ ᠤ ᠬᠤᠭᠤᠷᠤᠨᠳᠦ ᠴᠤᠪᠤᠷᠠᠯ ᠪᠢᠴᠢᠭ ᠤᠨ ᠬᠡᠯᠪᠡᠷᠢ ᠪᠠᠷ 60 ᠨᠤᠮ ᠬᠡᠪᠯᠡᠭᠦᠯᠬᠦ ᠪᠠᠷ ᠪᠠᠶᠢᠭ᠎ᠠ ᠶᠤᠮ᠃ ᠤᠳᠤᠬᠠᠨ ᠳᠤ 10 ᠭᠠᠷᠤᠢ ᠨᠤᠮ ᠬᠡᠪᠯᠡᠭᠳᠡᠨ᠂ ᠷᠠᠳᠢᠤ᠋ ᠬᠡᠦᠬᠡᠯᠳᠡᠢ ᠵᠦᠴᠦᠭᠡ᠂ ᠰᠦᠯᠵᠢᠶ᠎ᠡ ᠪᠠᠶᠢᠭᠤᠯᠬᠤ ᠲᠦᠰᠦᠯ ᠢ ᠪᠡᠶᠡᠯᠡᠭᠦᠯᠦᠭᠡᠳ ᠪᠠᠶᠢᠨ᠎ᠠ᠃        ᠰᠢᠨᠵᠢᠶᠠᠩ ᠤᠨ ᠤᠶᠢᠷᠠᠳ ︽ᠭᠡᠰᠡᠷ︾        ᠰᠢᠨᠵᠢᠶᠠᠩ ᠤᠨ ᠤᠶᠢᠷᠠᠳ ᠭᠡᠰᠡᠷ ᠪᠤᠯ ᠮᠤᠩᠭᠤᠯ ︽ᠭᠡᠰᠡᠷ︾ ᠤᠨ ᠴᠢᠬᠤᠯᠠ ᠪᠦᠷᠢᠯᠳᠦᠭᠦᠨ ᠭᠡᠰᠡᠭ᠂ ᠦᠨᠢᠷ ᠤᠳᠠᠭᠠᠨ ᠤᠯᠠᠮᠵᠢᠯᠠᠯ ᠲᠠᠢ ᠨᠡᠷᠡᠲᠦ ᠲᠤᠤᠯᠢ ᠪᠤᠯᠤᠨ᠎ᠠ᠃ ᠲᠡᠭᠦᠨ ᠤ ᠲᠤᠰᠬᠠᠭᠰᠠᠨ ᠨᠡᠶᠢᠭᠡᠮ ᠠᠮᠢᠳᠤᠷᠠᠯ ᠤᠨ ᠵᠢᠷᠤᠭᠯᠠᠯ ᠨᠢ ᠮᠠᠰᠢ ᠦᠷᠭᠡᠨ ᠳᠡᠯᠭᠡᠷ᠂ ᠠᠭᠤᠯᠭ᠎ᠠ ᠨᠢ ᠡᠯᠪᠡᠭ᠂ ᠬᠡᠯᠡ ᠬᠡᠯᠡᠯᠭᠡ ᠨᠢ ᠠᠮᠢᠳᠤᠯᠢᠭ᠂ ᠤᠶᠢᠷᠠᠳ ᠮᠤᠩᠭᠤᠯ ᠤᠨ ᠤᠯᠠᠮᠵᠢᠯᠠᠯᠲᠤ ᠰᠤᠶᠤᠯ ᠢ ᠠᠬᠤᠭᠤᠯᠵᠤ ᠪᠠᠶᠢᠳᠠᠭ ᠠᠴᠠ ᠤᠶᠢᠷᠠᠳ ᠮᠤᠩᠭᠤᠯ ᠤᠨ ︽ᠨᠡᠪᠲᠡᠷᠬᠡᠢ ᠲᠤᠯᠢ︾ ᠭᠡᠵᠦ ᠬᠡᠯᠡᠵᠦ ᠪᠤᠯᠬᠤ ᠶᠤᠮ᠃ ᠲᠡᠷᠡ ᠨᠢ ︽ᠵᠠᠩᠭᠠᠷ︾ ᠲᠠᠢ ᠰᠠᠴᠠᠭᠤ ᠤᠶᠢᠷᠠᠳ ᠮᠤᠩᠭᠤᠯ ᠤᠨ ᠤᠷᠠᠨ ᠵᠤᠬᠢᠶᠠᠯ ᠤᠨ ᠦᠨᠳᠦᠷ ᠲᠦᠪᠰᠢᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠮᠤᠩᠭᠤᠯ ᠦᠨᠳᠦᠰᠦᠲᠡᠨ ᠤ ᠪᠠᠭᠠᠲᠤᠷᠯᠢᠭ ᠲᠤᠤᠯᠢ ᠶᠢᠨ ᠬᠠᠮᠤᠭ ᠤᠨ ᠦᠨᠳᠦᠷ ᠲᠦᠪᠰᠢᠨ ᠢ ᠬᠠᠷᠠᠭᠤᠯᠵᠤ ᠪᠠᠶᠢᠨ᠎ᠠ᠃ ᠠᠭᠤᠯᠭ᠎ᠠ ᠪᠠ ᠬᠡᠯᠪᠡᠷᠢ ᠨᠢ ᠤᠷᠤᠯᠠᠭᠤᠯᠵᠤ ᠪᠤᠯᠤᠰᠢ ᠦᠭᠡᠢ ᠴᠢᠬᠤᠯᠠ ᠦᠨ᠎ᠡ ᠦᠷᠲᠡᠭ ᠲᠠᠢ ᠦᠨᠳᠦᠰᠦᠲᠡᠨ ᠤ ᠰᠤᠶᠤᠯ ᠤᠨ ᠦᠨᠡᠲᠦ ᠡᠷᠳᠡᠨᠢ᠂ ᠲᠡᠷᠡ ᠨᠢ ᠠᠳᠠᠯᠢ ᠪᠤᠰᠤ ᠶᠢᠨ ᠵᠤᠭᠰᠤᠴᠠ ᠠᠴᠠ ᠦᠵᠡᠯ ᠰᠠᠨᠠᠭ᠎ᠠ ᠪᠠ ᠨᠡᠶᠢᠭᠡᠮ ᠤᠨ ᠦᠨ᠎ᠡ ᠦᠷᠲᠡᠭ ᠢ ᠢᠯᠡᠷᠡᠭᠦᠯᠵᠦ ᠪᠠᠶᠢᠨ᠎ᠠ᠃        ᠪᠠᠭᠠᠲᠤᠷᠯᠢᠭ ᠲᠤᠤᠯᠢ ︽ᠭᠡᠰᠡᠷ︾ ᠨᠢ ᠤᠶᠢᠷᠠᠳ ᠮᠤᠩᠭᠤᠯ ᠤᠨ ᠰᠤᠩᠭᠤᠳᠠᠭ ᠤᠷᠠᠨ ᠵᠤᠬᠢᠶᠠᠯ ᠤᠨ ᠪᠦᠲᠦᠭᠡᠯ᠂ ᠤᠷᠲᠤ ᠬᠤᠭᠤᠴᠠᠭᠠᠨ ᠤ ᠤᠯᠠᠮᠵᠢᠯᠠᠯ ᠤᠨ ᠶᠠᠪᠤᠴᠠ ᠳᠠᠭᠠᠨ ᠤᠶᠢᠷᠠᠳ ᠮᠤᠩᠭᠤᠯ ᠤᠨ ᠰᠤᠶᠤᠯ ᠪᠠ ᠠᠮᠢᠳᠤᠷᠠᠯ ᠤᠨ ᠵᠠᠩ ᠳᠠᠳᠬᠠᠯ᠂ ᠭᠤᠸ᠎ᠠ ᠰᠠᠶᠢᠬᠠᠨ ᠤ ᠦᠨ᠎ᠡ ᠦᠷᠲᠡᠭ ᠢ ᠰᠢᠩᠭᠡᠭᠡᠨ ᠠᠪᠤᠭᠰᠠᠨ ᠦᠪᠡᠷᠮᠢᠴᠡ ᠤᠨᠴᠠᠯᠢᠭ ᠲᠠᠢ᠃ ︽ᠭᠡᠰᠡᠷ︾ ᠨᠢ ᠪᠢᠴᠢᠭ ᠪᠠ ᠠᠮᠠᠨ ᠤᠯᠠᠮᠵᠢᠯᠠᠯ ᠤᠨ ᠬᠡᠯᠪᠡᠷᠢ ᠪᠠᠷ ᠰᠢᠨᠵᠢᠶᠠᠩ ᠤᠨ ᠪᠠᠶᠠᠨᠭᠤᠤᠯ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠵᠸᠦ᠂ ᠪᠤᠷᠤᠲᠠᠯ᠎ᠠ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠵᠸᠦ᠂ ᠢᠯᠢ ᠵᠸᠦ ᠶᠢᠨ ᠨᠢᠯᠬ᠎ᠠ ᠰᠢᠶᠠᠨ᠂ ᠵᠤᠰᠦ᠋ ᠰᠢᠶᠠᠨ᠂ ᠲᠧᠺᠧᠰ ᠰᠢᠶᠠᠨ᠂ ᠬᠤᠪᠤᠭᠰᠠᠶᠢᠷ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠢᠶᠠᠷ ᠤᠯᠠᠮᠵᠢᠯᠠᠭᠳᠠᠵᠠᠢ᠃ ᠤᠳᠤ ᠪᠤᠯᠲᠠᠯ᠎ᠠ ᠪᠠᠨ ᠰᠢᠨᠵᠢᠶᠠᠩ ᠤᠨ ᠤᠶᠢᠷᠠᠳ ᠮᠤᠩᠭᠤᠯᠴᠤᠳ ᠤᠨ ᠳᠤᠮᠳᠠ ᠠᠮᠠᠨ ᠤᠯᠠᠮᠵᠢᠯᠠᠯ ᠤᠨ ᠬᠡᠯᠪᠡᠷᠢ ᠪᠠᠷ ᠤᠯᠠᠮᠵᠢᠯᠠᠭᠳᠠᠵᠤ᠂ ᠠᠷᠠᠳ ᠤᠨ ᠳᠤᠮᠳᠠ ᠭᠡᠰᠡᠷ ᠬᠠᠶᠢᠯᠠᠭᠴᠢ ᠤᠯᠠᠨ ᠪᠠᠶᠢᠳᠠᠭ᠃ ︽ᠭᠡᠰᠡᠷ︾ ᠤᠨ ᠲᠤᠤᠯᠢ ᠨᠢ ᠪᠠᠰᠠ ᠭᠠᠷ ᠪᠢᠴᠢᠮᠠᠯ ᠤᠨ ᠬᠡᠯᠪᠡᠷᠢ ᠪᠠᠷ ᠤᠯᠠᠮᠵᠢᠯᠠᠭᠳᠠᠵᠤ ᠪᠠᠶᠢᠨ᠎ᠠ᠃        ᠰᠢᠨᠵᠢᠶᠠᠩ ᠤᠨ ᠤᠶᠢᠷᠠᠳ ︽ᠭᠡᠰᠡᠷ︾ ᠢ ᠠᠪᠤᠷᠠᠨ ᠬᠠᠮᠠᠭᠠᠯᠠᠬᠤ ᠠᠵᠢᠯ ᠳᠡᠭᠡᠷ᠎ᠡ ᠵᠠᠭᠤᠨ ᠤ ᠨᠠᠶᠠᠭᠠᠳ ᠤᠨ ᠤ ᠦᠶ᠎ᠡ ᠠᠴᠠ ᠡᠬᠢᠯᠡᠵᠦ᠂ 1990 ᠤᠨ ᠠᠴᠠ ᠨᠠᠰᠢ ᠰᠢᠨᠵᠢᠶᠠᠩ ᠤᠨ ᠠᠷᠠᠳ ᠤᠨ ᠤᠷᠠᠯᠢᠭᠴᠢᠨ ᠤ ᠨᠡᠶᠢᠭᠡᠮᠯᠢᠭ ᠤᠨ ︽ᠵᠠᠩᠭᠠᠷ︾ ︽ᠭᠡᠰᠡᠷ︾ ᠤᠨ ᠠᠯᠪᠠᠨ ᠭᠡᠷ ᠤᠨ ᠠᠵᠢᠯᠲᠠᠨ᠂ ᠪᠡᠭᠡᠵᠢᠩ᠂ ᠦᠪᠦᠷ ᠮᠤᠩᠭᠤᠯ ᠤᠨ ᠬᠠᠮᠢᠶ᠎ᠠ ᠪᠦᠬᠦᠢ ᠠᠵᠢᠯᠲᠠᠨ ᠰᠢᠨᠵᠢᠶᠠᠩ ᠤᠨ ᠤᠶᠢᠷᠠᠳ ᠮᠤᠩᠭᠤᠯᠴᠤᠳ ᠲᠦᠪᠯᠡᠷᠡᠨ ᠰᠠᠭᠤᠵᠤ ᠪᠠᠶᠢᠭ᠎ᠠ ᠭᠠᠵᠠᠷ ᠤᠷᠤᠨ ᠢᠶᠠᠷ ᠨᠡᠶᠢᠳᠡᠮ ᠤᠨ ᠪᠠᠶᠢᠴᠠᠭᠠᠯᠲᠠ ᠬᠢᠵᠦ᠂ ᠤᠷᠢᠳ ᠬᠤᠵᠢᠳ 40 ᠭᠠᠷᠤᠢ ᠭᠡᠰᠡᠷᠴᠢ ᠶᠢᠨ ᠬᠠᠶᠢᠯᠠᠭᠰᠠᠨ 100 ᠰᠢᠬᠠᠮ ᠲᠦᠷᠦᠯ ᠤᠨ ︽ᠭᠡᠰᠡᠷ︾ ᠤᠨ ᠬᠤᠪᠢᠯᠪᠤᠷᠢ ᠶᠢ ᠴᠤᠭᠯᠠᠭᠤᠯᠵᠤ᠂ ᠤᠯᠠᠨ ᠠᠷᠪᠢᠨ ᠨᠤᠮ ᠬᠡᠪᠯᠡᠭᠦᠯᠵᠡᠢ᠃ 2006 ᠤᠨ ᠠᠴᠠ ᠨᠠᠰᠢ᠂ ᠰᠢᠨᠵᠢᠶᠠᠩ ᠤᠨ ᠠᠷᠠᠳ ᠤᠨ ᠤᠷᠠᠯᠢᠭᠴᠢᠨ ᠤ ᠨᠡᠶᠢᠭᠡᠮᠯᠢᠭ ᠤᠨ ᠬᠢᠨ ᠳᠡᠭᠡᠷ᠎ᠡ ᠵᠠᠭᠤᠨ ᠤ ᠨᠠᠶᠠᠭᠠᠳ ᠤᠨ ᠤ ᠮᠠᠲ᠋ᠧᠷᠢᠶᠠᠯ ᠢ ᠦᠨᠳᠦᠰᠦᠯᠡᠵᠦ᠂ 61 ᠲᠦᠷᠦᠯ ᠤᠨ ᠬᠤᠪᠢᠯᠪᠤᠷᠢ ᠲᠠᠢ ︽ᠭᠡᠰᠡᠷ︾ ᠢ ᠬᠡᠪᠯᠡᠭᠦᠯᠵᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号