ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠤᠶᠢᠷ᠎ᠠ ᠶᠢᠨ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠪᠤᠯᠤᠳ ᠲᠡᠮᠦᠷ ᠨᠡᠭᠦᠷᠡᠰᠦᠨ ᠤ ᠠᠵᠢᠯ | ᠲᠦᠷᠦᠯ ᠤᠨ ᠦᠯᠡᠭᠦᠳᠡᠯ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ ᠳᠤ ᠲᠤᠰᠬᠠᠢ ᠰᠢᠪᠠᠳᠠᠨ ᠪᠠᠶᠢᠴᠠᠭᠠᠯᠲᠠ ᠦᠷᠨᠢᠭᠦᠯᠵᠦ᠂ | ᠲᠤᠭᠲᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠢ ᠠᠬᠢᠭᠤᠯᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠬᠤ ᠶᠢᠨ ᠳᠠᠭᠠᠤ᠂ | ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ ᠶᠢ ᠰᠠᠶᠢᠵᠢᠷᠠᠭᠤᠯᠬᠤ ᠡᠩ ᠤᠨ ᠦᠨᠳᠦᠷ ᠳᠤᠮᠳᠠᠳᠤ ᠶᠢᠨ ᠡᠪᠬᠡᠮᠡᠯ | ᠪᠠᠶᠢᠭᠤᠯᠤᠨ ᠺᠠᠷᠲᠯᠠᠨ ᠳᠠᠩᠰᠠᠯᠠᠭᠰᠠᠨ ᠭᠡᠷ ᠤᠨ ᠠᠮᠢᠳᠤᠷᠠᠯ ᠨᠢ ᠬᠦᠴᠢᠷᠲᠠᠢ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ | ᠪᠠ ᠠᠷᠰᠠᠷ ᠰᠦᠢᠳᠬᠡᠯ ᠢ ᠬᠡᠯᠲᠦᠷᠢᠭᠦᠯᠬᠦ ᠪᠠᠷ ᠲᠤᠭᠲᠠᠭᠠᠵᠤ᠂ ᠶᠠᠳᠠᠭᠤ ᠶᠢ ᠳᠡᠳᠬᠦᠬᠦ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠠᠬᠢᠭᠤᠯᠬᠤ᠂ ᠨᠡᠶᠢᠭᠡᠮ ᠤᠨ ᠠᠪᠤᠷᠠᠨ ᠲᠤᠰᠠᠯᠠᠯᠲᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠦᠰᠦᠯᠲᠡ ᠲᠠᠢ ᠬᠤᠯᠪᠤᠭᠳᠠᠭᠤᠯᠬᠤ ᠲᠤᠭᠲᠠᠴᠠ ᠶᠢ ᠲᠤᠭᠲᠠᠭᠠᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠤᠷᠠᠯ ᠢ ᠨᠡᠩ ᠰᠠᠶᠢᠨ ᠪᠠᠲᠤᠯᠠᠬᠤ ᠵᠡᠷᠭᠡ ᠠᠵᠢᠯ ᠢ ᠪᠠᠶᠢᠷᠢᠯᠠᠭᠤᠯᠪᠠ᠃ | ᠬᠤᠷᠠᠯ ᠠᠴᠠ 2016 ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠠᠴᠠ | ᠡᠷᠬᠢᠯᠡᠭᠰᠡᠨ ᠡᠩ ᠤᠨ ᠦᠨᠳᠦᠷ ᠳᠤᠮᠳᠠᠳᠤ ᠶᠢᠨ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠭᠡᠷ ᠤᠨ ᠠᠮᠢᠳᠤᠷᠠᠯ ᠨᠢ | ᠬᠦᠴᠢᠷᠲᠠᠢ ᠵᠡᠮᠳᠡᠭ ᠰᠤᠷᠤᠭᠴᠢ ᠪᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠭᠡᠷ ᠤᠨ ᠠᠮᠢᠳᠤᠷᠠᠯ ᠨᠢ ᠬᠦᠴᠢᠷᠲᠠᠢ | ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠪᠠ ᠠᠷᠰᠠᠷ ᠰᠦᠢᠳᠬᠡᠯ ᠢ ᠬᠡᠯᠲᠦᠷᠢᠭᠦᠯᠵᠦ᠂ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠨᠦᠬᠦᠴᠡᠯ ᠳᠤ ᠨᠡᠶᠢᠴᠡᠬᠦ ᠰᠤᠷᠤᠭᠴᠢ ᠳᠤ ᠲᠤᠬᠠᠢ ᠶᠢᠨ ᠭᠠᠵᠠᠷ ᠤᠨ ᠠᠳᠠᠯᠢ ᠲᠦᠷᠦᠯ ᠤᠨ ᠠᠯᠪᠠᠨ ᠠᠴᠠ | ᠡᠷᠬᠢᠯᠡᠭᠰᠡᠨ ᠰᠤᠷᠭᠠᠭᠤᠯᠢ ᠶᠢᠨ ᠪᠠᠷᠢᠮᠵᠢᠶ᠎ᠠ ᠶᠤᠰᠤᠭᠠᠷ ᠨᠦᠬᠦᠪᠦᠷᠢ ᠦᠭᠴᠦ᠂ ᠲᠦᠷᠦ ᠶᠢᠨ ᠪᠤᠳᠤᠯᠭ᠎ᠠ ᠶᠢ ᠬᠠᠮᠤᠭ ᠶᠠᠳᠠᠭᠤ | ᠬᠦᠴᠢᠷᠲᠡᠢ ᠭᠡᠷ ᠪᠦᠯᠢ ᠶᠢᠨ ᠰᠤᠷᠤᠭᠴᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠦ ᠲᠤᠭᠲᠠᠭᠠᠭᠰᠠᠨ | ᠪᠠᠶᠢᠨ᠎ᠠ᠃ | |