8 ᠰᠠᠷ᠎ᠠ ᠶᠢᠨ 6 ᠤ ᠡᠳᠦᠷ ᠡᠳᠦᠷ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ᠂ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠪᠠ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠠᠴᠠ ᠬᠠᠮᠲᠤᠷᠠᠨ ᠡᠷᠬᠢᠯᠡᠭᠰᠡᠨ | ᠠᠯᠳᠠᠷᠲᠤ ᠵᠤᠬᠢᠶᠠᠯᠴᠢ ︽ᠮ᠊᠂ ᠠᠰᠠᠷ ᠤᠨ ᠪᠦᠷᠢᠨ ᠵᠤᠬᠢᠶᠠᠯ︾ ᠤᠨ ᠰᠤᠳᠤᠷ ᠰᠡᠬᠦᠬᠦ ᠶᠤᠰᠤᠯᠠᠯ ᠠᠯᠳᠠᠷᠲᠤ | ᠵᠤᠬᠢᠶᠠᠯᠴᠢ ᠮ᠊᠂ ᠠᠰᠠᠷ ᠤᠨ ᠲᠦᠷᠦᠭᠰᠡᠨ ᠨᠤᠲᠤᠭ ᠲᠦᠰᠢᠶᠠᠲᠦ ᠨᠤᠲᠤᠭ ᠲᠤ ᠶᠠᠪᠤᠭᠳᠠᠪᠠ᠃ | ᠠᠯᠳᠠᠷᠲᠤ ᠵᠤᠬᠢᠶᠠᠯᠴᠢ ᠮ᠊᠂ ᠠᠰᠠᠷ ᠪᠤᠯ ᠮᠤᠩᠭᠤᠯ ᠦᠨᠳᠦᠰᠦᠲᠡᠨ ᠤ ᠲᠤᠭᠤᠵᠢᠰ ᠤᠨ ᠵᠤᠬᠢᠶᠠᠯ ᠤᠨ | ᠰᠠᠭᠤᠷᠢᠯᠠᠭᠴᠢ ᠶᠢᠨ ᠨᠢᠭᠡ ᠪᠦᠭᠡᠳ ᠮᠠᠨ ᠤ ᠤᠷᠤᠨ ᠴᠢᠨᠠᠭᠰᠢᠯᠠᠨ ᠪᠦᠬᠦ ᠤᠯᠤᠰ ᠤᠨ ᠠᠯᠳᠠᠷᠲᠦ ᠤᠷᠠᠨ ᠵᠤᠬᠢᠶᠠᠯᠴᠢ | ᠪᠠᠶᠢᠵᠤ᠂ ᠮᠤᠩᠭᠤᠯ ᠦᠨᠳᠦᠰᠦᠲᠡᠨ ᠤ ᠤᠳᠬ᠎ᠠ ᠵᠤᠬᠢᠶᠠᠯ ᠤᠨ ᠬᠦᠭᠵᠢᠯᠲᠡ᠂ ᠬᠡᠦᠬᠡᠳ ᠤᠨ ᠤᠳᠬ᠎ᠠ ᠵᠤᠬᠢᠶᠠᠯ | ᠤᠷᠠᠯᠢᠭ ᠤᠨ ᠵᠤᠬᠢᠶᠠᠨ ᠪᠦᠲᠦᠭᠡᠬᠦ ᠦᠢᠯᠡᠰ ᠤᠨ ᠲᠦᠯᠦᠭᠡ ᠨᠠᠰᠤ ᠪᠠᠷ ᠢᠶᠠᠨ ᠵᠢᠳᠬᠦᠵᠦ᠂ ᠦᠨᠳᠦᠰᠦᠲᠡᠨ ᠤ | ᠤᠳᠬ᠎ᠠ ᠵᠤᠬᠢᠶᠠᠯ ᠤᠷᠠᠯᠢᠭ ᠰᠤᠶᠤᠯ ᠤᠨ ᠦᠢᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ | ᠲᠡᠭᠦᠨ ᠤ ᠵᠤᠬᠢᠶᠠᠯ ᠪᠦᠲᠦᠭᠡᠯ ᠤᠳ ᠠᠴᠠ ︽ᠵᠠᠮ ᠤᠨ ᠭᠤᠳᠤᠰ ᠲᠤ︾᠂ ︽ᠮᠠᠨᠠᠭᠳᠠᠭᠰᠠᠨ ᠭᠠᠯ︾᠂ ︽ᠪᠠᠭᠰᠢ | ᠯᠠᠮᠠ ᠶᠢᠨ ᠪᠠᠭᠠᠯ︾ ᠵᠡᠷᠭᠡ ᠨᠢ ᠦᠪᠡᠷᠲᠡᠭᠡᠨ ᠵᠠᠰᠠᠬᠤ ᠤᠷᠤᠨ ᠤ ︽ᠰᠤᠯᠤᠩᠭ᠎ᠠ︾ ᠱᠠᠩᠨᠠᠯ ᠢ ᠬᠦᠷᠲᠡᠵᠦ᠂ ︽ | ᠵᠠᠮ ᠤᠨ ᠠᠶᠢᠯ ᠳᠤ︾᠂ ︽ᠪᠠᠯᠠᠷᠠᠰᠢ ᠦᠭᠡᠢ ᠳᠤᠷᠠᠰᠬᠠᠯ︾ ᠨᠢ ᠪᠡᠭᠡᠵᠢᠩ ᠴᠡᠷᠢᠭ ᠤᠨ ᠲᠤᠭᠤᠷᠢᠭ ᠤᠨ ᠤᠷᠠᠨ | ᠪᠦᠲᠦᠭᠡᠯ ᠤᠨ ᠱᠠᠩᠨᠠᠯ ᠢ ᠬᠦᠷᠲᠡᠵᠦ᠂ ︽ᠮ᠊᠂ ᠠᠰᠠᠷ ᠤᠨ ᠲᠤᠭᠤᠵᠢ ᠶᠢᠨ ᠲᠡᠭᠦᠪᠦᠷᠢ︾ ᠨᠢ ᠠᠩᠬᠠᠳᠤᠭᠠᠷ | ᠤᠳᠠᠭᠠᠨ ᠤ ᠨᠠᠢᠮᠠᠨ ᠮᠤᠵᠢ ᠤᠷᠤᠨ ᠤ ᠰᠢᠯᠢᠳᠡᠭ ᠮᠤᠩᠭᠤᠯ ᠨᠤᠮ ᠪᠢᠴᠢᠭ ᠤᠨ ᠱᠠᠩᠨᠠᠯ᠂ ︽ᠮ᠊᠂ ᠠᠰᠠᠷ ᠤᠨ | ᠬᠡᠦᠬᠡᠳ ᠤᠨ ᠵᠤᠬᠢᠶᠠᠯ ᠤᠨ ᠰᠤᠩᠭᠤᠮᠠᠯ︾ ᠨᠢ ᠠᠩᠬᠠᠳᠤᠭᠠᠷ ᠤᠳᠠᠭᠠᠨ ᠤ ᠳᠤᠮᠳᠠᠳᠤ ᠤᠯᠤᠰ ᠤᠨ ᠦᠨᠳᠦᠰᠦᠲᠡᠨ ᠤ | ᠨᠤᠮ ᠪᠢᠴᠢᠭ ᠤᠨ ᠱᠠᠩᠨᠠᠯ᠂ ︽ᠡᠬᠡ ᠶᠢᠨ ︿ᠡᠬᠡ ᠶᠢᠨ ᠬᠠᠶᠢᠷ᠎ᠠ﹀︾ ᠦᠭᠦᠯᠡᠯᠭᠡ ᠪᠠ ︽ᠮ᠊᠂ ᠠᠰᠠᠷ ᠤᠨ | ᠦᠭᠦᠯᠡᠯᠭᠡ ᠶᠢᠨ ᠰᠤᠩᠭᠤᠮᠠᠯ︾ ᠨᠤᠮ ᠨᠢ ᠠᠩᠬᠠᠳᠤᠭᠠᠷ ᠪᠠ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠱᠠᠩᠨᠠᠯ ᠢ ᠬᠦᠷᠲᠡᠭᠰᠡᠨ ᠪᠠᠶᠢᠳᠠᠭ᠃ ︽ᠮ᠊᠂ | ᠠᠰᠠᠷ ᠤᠨ ᠪᠦᠷᠢᠨ ᠵᠤᠬᠢᠶᠠᠯ︾ ᠢ ᠡᠨᠡ ᠵᠢᠯ ᠤᠨ 6 ᠰᠠᠷ᠎ᠠ ᠳᠤ᠂ ᠦᠪᠦᠷ ᠮᠤᠩᠭᠤᠯ ᠤᠨ ᠬᠡᠪᠯᠡᠯ ᠤᠨ | ᠪᠦᠯᠦᠭᠯᠡᠯ ᠠᠴᠠ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠳᠤ ᠠᠩᠬᠠᠳᠤᠭᠠᠷ ᠬᠡᠪ ᠢᠶᠠᠨ ᠬᠡᠪᠯᠡᠭᠦᠯᠪᠡ | ᠃ ︽ᠮ᠊᠂ ᠠᠰᠠᠷ ᠤᠨ ᠪᠦᠷᠢᠨ ᠵᠤᠬᠢᠶᠠᠯ︾ ᠨᠡᠶᠢᠲᠡ 8 ᠪᠤᠳᠢ᠂ 23 ᠲᠦᠮᠡᠨ ᠦᠰᠦᠭ ᠲᠠᠢ ᠪᠠᠶᠢᠵᠤ᠂ | ᠲᠤᠭᠤᠵᠢᠰ᠂ ᠨᠠᠶᠢᠷᠠᠭᠤᠯᠤᠯ᠂ ᠺᠢᠨᠤ᠋ ᠤᠷᠠᠨ ᠵᠤᠬᠢᠶᠠᠯ᠂᠂ ᠰᠢᠯᠦᠭ ᠨᠠᠶᠢᠷᠠᠭᠯᠠᠯ᠂ ᠬᠡᠦᠬᠡᠳ ᠤᠨ ᠵᠤᠬᠢᠶᠠᠯ᠂ ᠦᠭᠦᠯᠡᠯ | ᠂ ᠰᠢᠭᠦᠮᠵᠢ᠂ ᠵᠠᠬᠢᠳᠠᠯ᠂ ᠤᠷᠴᠢᠭᠤᠯᠭ᠎ᠠ ᠶᠢᠨ ᠵᠤᠬᠢᠶᠠᠯ ᠵᠡᠷᠭᠡ ᠠᠭᠤᠯᠭ᠎ᠠ ᠪᠠᠷ ᠪᠦᠷᠢᠯᠳᠦᠵᠡᠢ᠃ | ᠤᠷᠤᠨ ᠠᠶᠢᠮᠠᠭ ᠬᠤᠰᠢᠭᠤ ᠨᠤᠲᠤᠭ ᠤᠨ ᠠᠯᠪᠠᠲᠠᠨ᠂ ᠵᠤᠬᠢᠶᠠᠯᠴᠢ ᠵᠢᠴᠢ ᠮ᠊᠂ ᠠᠰᠠᠷ ᠤᠨ ᠤᠨᠠᠭᠠᠨ | ᠨᠠᠶᠢᠵᠠ᠂ ᠲᠦᠷᠦᠯ ᠰᠠᠳᠤᠨ ᠤ ᠲᠦᠯᠦᠭᠡᠯᠡᠭᠴᠢ ᠠᠴᠠ 50 ᠭᠠᠷᠤᠢ ᠬᠦᠮᠦᠨ ᠰᠤᠳᠤᠷ ᠰᠡᠬᠦᠬᠦ ᠶᠤᠰᠤᠯᠠᠯ ᠳᠤ | ᠤᠷᠤᠯᠴᠠᠵᠤ᠂ ᠠᠯᠳᠠᠷᠲᠤ ᠵᠤᠬᠢᠶᠠᠯᠴᠢ ᠪᠠᠨ ᠰᠠᠨᠠᠭᠠᠯᠵᠠᠨ ᠳᠤᠷᠠᠰᠴᠤ᠂ ᠬᠦᠨᠳᠦᠳᠬᠡᠨ ᠪᠢᠰᠢᠷᠡᠵᠦ ᠪᠠᠶᠢᠭ᠎ᠠ ᠬᠠᠶᠢᠷ᠎ᠠ | ᠰᠡᠳᠬᠢᠯᠭᠡ ᠪᠠᠨ ᠢᠯᠡᠳᠬᠡᠬᠦ ᠶᠢᠨ ᠬᠠᠮᠲᠤ ︽ᠮ᠊᠂ ᠠᠰᠠᠷ ᠤᠨ ᠪᠦᠷᠢᠨ ᠵᠤᠬᠢᠶᠠᠯ︾ ᠢ ᠠᠩᠬᠠᠯᠠᠨ ᠲᠠᠷᠬᠠᠭᠠᠬᠤ ᠲᠤᠬᠠᠢ | ᠤᠯᠤᠯᠲᠠ ᠲᠦᠷᠦᠭᠳᠡᠯ ᠢᠶᠠᠨ ᠦᠷᠭᠡᠨ ᠢᠶᠠᠷ ᠰᠤᠯᠢᠯᠴᠠᠪᠠ᠃ ᠶᠤᠰᠤᠯᠠᠯ ᠳᠡᠭᠡᠷ᠎ᠡ ︽ᠮ᠊᠂ ᠠᠰᠠᠷ ᠤᠨ ᠪᠦᠷᠢᠨ | ᠵᠤᠬᠢᠶᠠᠯ︾ ᠤᠨ ᠠᠩᠬᠠᠳᠤᠭᠠᠷ ᠬᠡᠪᠯᠡᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠭᠡᠷ᠂ | ᠳᠦᠷᠪᠡᠳᠦᠭᠡᠷ ᠮᠤᠩᠭᠤᠯ ᠪᠠᠭ᠎ᠠ ᠰᠤᠷᠭᠠᠭᠤᠯᠢ᠂ ᠳᠦᠷᠪᠡᠳᠦᠭᠡᠷ᠂ ᠵᠢᠷᠭᠤᠳᠤᠭᠠᠷ ᠮᠤᠩᠭᠤᠯ ᠳᠤᠮᠳᠠᠳᠤ ᠰᠤᠷᠭᠠᠭᠤᠯᠢ | ᠪᠠ ᠪᠠᠵᠠᠯᠠᠭᠠ ᠮᠤᠩᠭᠤᠯ ᠰᠤᠷᠭᠠᠭᠤᠯᠢ ᠳᠤ ᠪᠡᠯᠡᠭᠯᠡᠭᠰᠡᠨ ᠪᠠᠶᠢᠨ᠎ᠠ᠃ |