︽ᠦᠬᠦᠵᠦ ᠰᠡᠬᠡᠬᠦ ᠶᠢᠨ ᠳᠠᠪᠠᠭᠠᠨ ᠳᠡᠭᠡᠷ᠎ᠡ︾ ᠺᠢᠨᠤ᠋ ᠶᠢ ᠪᠦᠬᠦ ᠤᠯᠤᠰ ᠲᠤ ᠨᠡᠪᠲᠡᠷᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2016-08-09
       ᠪᠡᠭᠡᠵᠢᠩ ᠤᠨ ᠲᠠᠩ ᠳ᠋ᠧ ᠤᠯᠠᠨ ᠤᠯᠤᠰ ᠤᠨ ᠺᠢᠨᠤ᠋ ᠰᠤᠶᠤᠯ ᠤᠨ ᠺᠤᠮᠫᠠᠨᠢ ᠠᠴᠠ ᠰᠡᠳᠦᠨ ᠤᠬᠠᠭᠠᠯᠠᠵᠤ᠂ ᠯᠸᠢᠢᠨᠢ᠂ ᠬᠠᠯᠢᠨ ᠤᠳᠤᠷᠢᠳᠴᠤ᠂ ᠴᠧᠩ ᠯᠦᠩ᠂ ᠶᠤᠬᠠᠨᠨ᠋ᠸᠢ᠂ ᠨᠦᠸᠧᠺᠧᠰᠸᠧᠷ᠂ ᠹᠠᠨ ᠪᠢᠩ ᠪᠢᠩ ᠨᠠᠷ ᠭᠤᠤᠯ ᠳᠦᠷᠢ ᠳᠤ ᠲᠤᠭᠯᠠᠭᠰᠠᠨ ᠺᠢᠨᠤ᠋ ︽ᠦᠬᠦᠵᠦ ᠰᠡᠬᠡᠬᠦ ᠶᠢᠨ ᠳᠠᠪᠠᠭᠠᠨ ᠳᠡᠭᠡᠷ᠎ᠡ︾ ᠶᠢ 7 ᠰᠠᠷ᠎ᠠ ᠶᠢᠨ 21 ᠤ ᠡᠳᠦᠷ ᠠᠴᠠ ᠪᠦᠬᠦ ᠤᠯᠤᠰ ᠲᠤ ᠨᠡᠪᠲᠡᠷᠡᠭᠦᠯᠵᠦ ᠡᠬᠢᠯᠡᠪᠡ᠃        ᠲᠤᠰ ᠺᠢᠨᠤ᠋ ᠨᠢ ᠠᠮᠠᠯᠠᠯᠲᠠ ᠪᠠᠨ ᠪᠠᠷᠢᠮᠲᠠᠯᠠᠭᠰᠠᠭᠠᠷ ᠢᠷᠡᠭᠰᠡᠨ ᠴᠠᠭᠳᠠᠭ᠎ᠠ ᠪᠠ ᠬᠡᠷᠡᠭ ᠡᠭᠦᠰᠦᠭᠰᠡᠨ ᠠᠬᠤᠢ ᠲᠠᠯᠠᠪᠤᠷ ᠢ ᠨᠢᠳᠦ ᠪᠠᠷ ᠢᠶᠠᠨ ᠦᠵᠡᠭᠰᠡᠨ ᠬᠡᠷᠡᠭ ᠤᠨ ᠰᠡᠵᠢᠭᠲᠡᠨ ᠬᠤᠶᠠᠷ ᠦᠷᠦᠭᠡᠯ ᠤᠨ ᠨᠤᠲᠤᠭ ᠢᠶᠠᠷ ᠲᠤᠭᠲᠠᠭᠠᠵᠤ ᠶᠠᠪᠤᠭᠰᠠᠨ ᠭᠠᠶᠢᠬᠠᠮᠰᠢᠭᠲᠤ ᠶᠦᠮᠦᠷᠯᠢᠭ ᠦᠯᠢᠭᠡᠷ ᠢ ᠳᠡᠯᠭᠡᠭᠰᠡᠨ ᠶᠤᠮ᠃ ᠤᠨᠴᠠᠭᠠᠶᠢᠯᠠᠨ ᠳᠤᠷᠠᠳᠬᠤ ᠠᠴᠠ ᠲᠤᠰ ᠺᠢᠨᠤ᠋ ᠨᠢ ᠤᠷᠤᠰ᠂ ᠮᠤᠩᠭᠤᠯ ᠤᠯᠤᠰ ᠲᠤ ᠬᠦᠷᠴᠦ ᠰᠡᠭᠦᠳᠡᠷᠯᠡᠭᠰᠡᠨ ᠦᠵᠡᠭᠳᠡᠯ ᠳᠤ ᠮᠤᠩᠭᠤᠯ ᠦᠨᠳᠦᠰᠦᠲᠡᠨ ᠤ ᠵᠠᠩ ᠦᠢᠯᠡ ᠵᠢᠴᠢ ᠮᠤᠩᠭᠤᠯ ᠤᠨ ᠤᠩᠭᠤᠨ ᠪᠠᠶᠢᠭᠠᠯᠢ ᠶᠢ ᠠᠰᠢᠲᠠᠢ ᠰᠠᠶᠢᠬᠠᠨ ᠦᠵᠡᠭᠦᠯᠵᠦ᠂ ᠭᠤᠤᠯ ᠲᠤᠭᠯᠠᠭᠴᠢ ᠴᠧᠩ ᠯᠦᠩ ᠤᠨ ᠮᠤᠷᠢᠨ ᠬᠤᠭᠤᠷ ᠤᠨ ᠤᠶᠠᠷᠠᠭᠤᠨ ᠠᠶᠠᠰ ᠲᠤ ᠰᠤᠭᠳᠤᠭᠤᠷᠠᠭᠰᠠᠨ᠂ ᠠᠷᠢᠬᠢ ᠳᠠᠷᠠᠰᠤ ᠠᠴᠠ ᠨᠢ ᠠᠮᠰᠠᠭᠰᠠᠨ᠂ ᠤᠷᠲᠤ ᠶᠢᠨ ᠳᠠᠭᠤᠤ ᠰᠤᠨᠤᠰᠴᠤ ᠮᠤᠩᠭᠤᠯ ᠪᠦᠵᠢᠭ ᠪᠦᠵᠢᠭᠯᠡᠭᠰᠡᠨ᠂ ᠳᠠᠷᠬᠠᠨ ᠪᠦᠬᠡ ᠲᠠᠢ ᠪᠦᠬᠡ ᠪᠠᠷᠢᠯᠳᠤᠭᠰᠠᠨ ᠵᠡᠷᠭᠡ ᠤᠯᠠᠨ ᠦᠵᠡᠭᠳᠡᠯ ᠨᠢ ᠦᠵᠡᠭᠴᠢ ᠤᠯᠠᠨ ᠳᠤ ᠭᠦᠨ ᠰᠠᠭᠤᠭᠳᠠᠯ ᠦᠯᠡᠳᠡᠭᠡᠵᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号