ᠴᠠᠩ ᠵᠧᠩ ᠬᠤᠶᠠᠳᠤᠭᠠᠷ F ᠬᠦᠯᠭᠡ ᠲᠡᠶᠢᠷᠦᠯᠲᠦ ᠰᠤᠮᠤ ᠶᠢᠨ ᠤᠯᠠᠨ ᠲᠦᠷᠦᠯ ᠤᠨ ᠮᠡᠷᠭᠡᠵᠢᠯ ᠤᠨ ᠰᠢᠨᠡᠴᠢᠯᠡᠯᠲᠡ ᠲᠡᠭᠷᠢ ᠶᠢᠨ ᠤᠷᠳᠤᠨ ᠬᠤᠶᠠᠳᠤᠭᠠᠷ ᠤᠨ ᠰᠢᠨᠡᠴᠢᠯᠡᠯᠲᠡ ᠶᠢ ᠪᠠᠲᠤᠯᠠᠪᠠ
ᠨᠡᠶᠢᠲᠡᠯᠡᠭᠰᠡᠨ ᠴᠠᠭ᠄
2016-09-19
         9 ᠰᠠᠷ᠎ᠠ ᠶᠢᠨ 17 ᠤ ᠡᠳᠦᠷ᠂ ᠲᠡᠭᠷᠢ ᠶᠢᠨ ᠤᠷᠳᠤᠨ ᠬᠤᠶᠠᠳᠤᠭᠠᠷ ᠤᠭᠲᠠᠷᠭᠤᠢ ᠪᠠᠷ ᠠᠶᠠᠯᠠᠵᠤ᠂ ᠬᠠᠷᠪᠤᠯᠲᠠ ᠶᠢᠨ ᠡᠷᠭᠦᠭᠡ ᠶᠢ ᠬᠠᠷᠢᠭᠤᠴᠠᠭᠰᠠᠨ ᠴᠠᠩ ᠵᠧᠩ ᠬᠤᠶᠠᠳᠤᠭᠠᠷ F ᠬᠦᠯᠭᠡ ᠲᠡᠶᠢᠷᠦᠯᠲᠦ ᠰᠤᠮᠤ ᠶᠢᠨ ᠤᠯᠠᠨ ᠲᠦᠷᠦᠯ ᠤᠨ ᠮᠡᠷᠭᠡᠵᠢᠯ ᠤᠨ ᠦᠭᠡᠷᠡᠴᠢᠯᠡᠯᠲᠡ ᠰᠢᠨᠡᠴᠢᠯᠡᠯᠲᠡ ᠨᠢ ᠲᠡᠭᠷᠢ ᠶᠢᠨ ᠤᠷᠳᠤᠨ ᠬᠤᠶᠠᠳᠤᠭᠠᠷ ᠤᠨ ᠤᠷᠤᠭᠰᠢᠲᠠᠢ ᠪᠠᠷ ᠰᠠᠨᠰᠠᠷ ᠲᠤ ᠠᠶᠠᠯᠠᠬᠤ ᠶᠢ ᠪᠠᠲᠤᠯᠠᠭᠰᠠᠨ ᠶᠤᠮ᠃          ᠴᠠᠩ ᠵᠧᠩ ᠬᠤᠶᠠᠳᠤᠭᠠᠷ F ᠬᠦᠯᠭᠡ ᠲᠡᠶᠢᠷᠦᠯᠲᠦ ᠰᠤᠮᠤ ᠶᠢᠨ ᠤᠯᠠᠨ ᠲᠦᠷᠦᠯ ᠤᠨ ᠮᠡᠷᠭᠡᠵᠢᠯ ᠤᠨ ᠦᠭᠡᠷᠡᠴᠢᠯᠡᠯᠲᠡ ᠰᠢᠨᠡᠴᠢᠯᠡᠯᠲᠡ ᠶᠢᠨ ᠵᠤᠩᠭᠢᠯᠠᠬᠤ ᠨᠢ ᠪᠦᠲᠦᠭᠡᠭᠳᠡᠭᠦᠨ ᠤ ᠶᠠᠰᠤ ᠴᠢᠨᠠᠷ ᠳᠡᠭᠡᠷ᠎ᠡ ᠲᠦᠪᠯᠡᠷᠡᠵᠦ ᠪᠤᠢ᠂ ᠵᠢᠱᠢᠶᠡᠯᠡᠪᠡᠯ᠂ ᠲᠡᠶᠢᠷᠦᠯᠲᠦ ᠰᠤᠮᠤ ᠶᠢᠨ ᠲᠦᠯᠬᠢᠭᠴᠢ ᠮᠠᠰᠢᠨ ᠢ ᠵᠠᠯᠭᠠᠬᠤ ᠬᠡᠰᠡᠭ ᠲᠠᠬᠢ ᠪᠦᠲᠦᠭᠡᠭᠳᠡᠭᠦᠨ ᠳᠤ ᠤᠷᠴᠢᠨ ᠲᠤᠭᠤᠷᠢᠨ ᠤ ᠳᠤᠯᠠᠭᠠᠨ ᠤ ᠬᠡᠮᠵᠢᠶ᠎ᠡ ᠶᠢ ᠬᠠᠮᠠᠭᠠᠯᠠᠬᠤ ᠠᠷᠭ᠎ᠠ ᠪᠠᠷ ᠪᠦᠲᠦᠭᠡᠭᠳᠡᠭᠦᠨ ᠤ ᠴᠢᠳᠠᠪᠬᠢ ᠪᠠᠨ ᠠᠯᠳᠠᠬᠤ ᠦᠭᠡᠢ ᠪᠠᠶᠢᠬᠤ ᠶᠢ ᠪᠠᠲᠤᠯᠠᠭᠰᠠᠨ︔ ᠲᠤᠲᠠᠭᠠᠬᠤ ᠰᠤᠪᠤᠷᠭ᠎ᠠ ᠳᠤ ᠤᠤᠯ ᠤᠨ ᠬᠢ ᠠᠴᠠ ᠪᠠᠨ ᠬᠤᠯᠠ ᠪᠠᠲᠤᠯᠠᠭ᠎ᠠ ᠲᠠᠢ ᠠᠮᠵᠢᠯᠲᠠ ᠲᠠᠢ ᠲᠤᠭᠲᠠᠭᠠᠵᠤ ᠳᠡᠶᠢᠯᠬᠦ ᠵᠢᠷᠤᠭ ᠲᠦᠯᠦᠪᠯᠡᠭᠡ ᠶᠢ ᠨᠡᠮᠡᠭᠰᠡᠨ︔ ᠲᠡᠶᠢᠷᠦᠯᠲᠦ ᠰᠤᠮᠤ ᠶᠢᠨ ᠲᠤᠲᠤᠷᠠᠬᠢ 800 ᠭᠠᠷᠤᠢ ᠵᠦᠢᠯ ᠤᠨ ᠦᠢᠯᠡᠳᠬᠦᠨ ᠤ ᠶᠠᠰᠤ ᠴᠢᠨᠠᠷ ᠢ ᠰᠢᠨ᠎ᠡ ᠪᠠᠷᠢᠮᠵᠢᠶ᠎ᠠ ᠪᠠᠷ ᠲᠠᠬᠢᠨ ᠰᠢᠯᠭᠠᠨ ᠪᠠᠶᠢᠴᠠᠭᠠᠵᠤ᠂ ᠰᠢᠨ᠎ᠡ ᠪᠠᠷᠢᠮᠵᠢᠶ᠎ᠠ ᠳᠤ ᠨᠡᠶᠢᠴᠡᠭᠦᠯᠦᠭᠰᠡᠨ︔ ᠲᠡᠶᠢᠷᠦᠯᠲᠦ ᠰᠤᠮᠤ ᠶᠢᠨ ᠴᠠᠬᠢᠯᠭᠠᠨ ᠤ ᠰᠢᠰᠲ᠋ᠧᠮ ᠳᠤ ᠲᠤᠷᠰᠢᠬᠤ ᠤᠳᠠᠭ᠎ᠠ ᠪᠤᠯᠤᠨ ᠰᠢᠰᠲ᠋ᠧᠮ ᠤᠨ ᠴᠠᠬᠢᠯᠭᠠᠨ ᠴᠡᠨᠡᠭᠯᠡᠬᠦ ᠴᠠᠭ ᠢ ᠨᠡᠮᠡᠭᠳᠡᠭᠦᠯᠦᠭᠰᠡᠨ︔ ᠲᠡᠶᠢᠷᠦᠯᠲᠦ ᠰᠤᠮᠤ ᠳᠡᠭᠡᠷᠡᠬᠢ 6 ᠲᠦᠮᠡ ᠭᠠᠷᠤᠢ ᠴᠢᠩᠭᠠᠯᠠᠬᠤ ᠲᠤᠨᠤᠭᠯᠠᠯ ᠳᠤ ᠨᠢᠭᠡᠲᠦᠯᠲᠡᠢ ᠲᠤᠭ᠎ᠠ ᠨᠤᠷᠮ᠎ᠠ ᠲᠤᠭᠲᠠᠭᠠᠭᠰᠠᠨ ᠵᠡᠷᠭᠡ ᠪᠤᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号