| 9 ᠰᠠᠷ᠎ᠠ ᠶᠢᠨ 17 ᠤ ᠤᠷᠤᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ | ᠬᠦᠷᠢᠶᠡᠯᠡᠩ ᠤᠨ ᠦᠯᠢᠭᠡᠷ ᠮᠤᠩᠭᠤᠯ ᠵᠦᠴᠦᠭᠡ ᠶᠢᠨ ᠪᠦᠯᠬᠦᠮ ᠠᠴᠠ ᠨᠠᠶᠢᠷᠠᠭᠤᠯᠤᠨ ᠲᠤᠭᠯᠠᠭᠰᠠᠨ ᠶᠠᠷᠢᠶᠠᠲᠤ | ᠵᠦᠴᠦᠭᠡ ︽ᠢᠨᠵᠠᠨᠨᠠᠰᠢ︾ ᠶᠢ ᠪᠡᠭᠡᠵᠢᠩ ᠤᠨ ᠪᠤᠤ ᠯᠢ ᠵᠦᠴᠦᠭᠡ ᠶᠢᠨ ᠬᠦᠷᠢᠶᠡᠯᠡᠩ ᠳᠤ ᠬᠤᠶᠠᠳᠠᠬᠢ ᠲᠠᠯᠠᠪᠠᠢ | ᠲᠤᠭᠯᠠᠪᠠ᠃ | | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠤᠯᠠᠭᠠᠨ ᠵᠦᠴᠦᠭᠡ ᠶᠢ ᠰᠤᠨᠢᠷᠬᠠᠪᠠ᠃ | | ᠵᠢᠷᠭᠤᠭᠠᠨ ᠪᠦᠯᠦᠭᠲᠦ ᠶᠠᠷᠢᠶᠠᠲᠤ ᠵᠦᠴᠦᠭᠡ ︽ᠢᠨᠵᠠᠨᠨᠠᠰᠢ︾ ᠨᠢ ᠮᠤᠩᠭᠤᠯ ᠦᠨᠳᠦᠰᠦᠲᠡᠨ ᠤ ᠤᠷᠴᠢᠨ | ᠦᠶ᠎ᠡ ᠶᠢᠨ ᠠᠯᠳᠠᠷᠲᠤ ᠵᠤᠬᠢᠶᠠᠯᠴᠢ᠂ ᠲᠡᠦᠬᠡᠴᠢ᠂ ᠪᠤᠳᠤᠯᠭᠠᠲᠠᠨ ᠢᠨᠵᠠᠨᠨᠠᠰᠢ ᠶᠢᠨ ᠮᠤᠩᠭᠤᠯ ᠦᠨᠳᠦᠰᠦᠲᠡᠨ ᠤ | ᠲᠡᠦᠬᠡᠨ ᠷᠤᠮᠠᠨ ︽ᠶᠡᠭᠡ ᠶᠤᠸᠠᠨ ᠤ ᠮᠠᠨᠳᠤᠭᠰᠠᠨ ᠲᠦᠷᠦ ᠶᠢᠨ ᠬᠦᠬᠡ ᠰᠤᠳᠤᠷ︾ ᠢ ᠪᠢᠴᠢᠭᠰᠡᠨ ᠬᠠᠲᠠᠭᠤ | ᠪᠡᠷᠬᠡᠰᠢᠶᠡᠯᠲᠡᠢ ᠦᠢᠯᠡ ᠶᠠᠪᠤᠳᠠᠯ ᠢᠶᠠᠷ ᠭᠤᠤᠯ ᠠᠭᠤᠯᠭ᠎ᠠ ᠪᠠᠨ ᠪᠤᠯᠭᠠᠵᠤ᠂ ᠢᠨᠵᠠᠨᠨᠠᠰᠢ ᠶᠢᠨ ᠦᠨᠳᠦᠰᠦᠲᠡᠨ ᠤ | ᠵᠤᠷᠢᠭ ᠰᠠᠨᠠᠭ᠎ᠠ ᠪᠠᠨ ᠮᠠᠨᠳᠤᠭᠤᠯᠬᠤ᠂ ᠮᠤᠩᠭᠤᠯ ᠬᠢᠲᠡᠳ ᠤᠨ ᠰᠤᠶᠤᠯ ᠤᠨ ᠰᠤᠯᠢᠯᠴᠠᠭ᠎ᠠ ᠶᠢ ᠠᠬᠢᠭᠤᠯᠬᠤ ᠶᠢᠨ | ᠲᠦᠯᠦᠭᠡ᠂ ᠠᠯᠪᠠᠳᠠᠨ ᠤᠷᠤᠭᠯᠠᠭᠤᠯᠬᠤ᠂ ᠨᠡᠬᠡᠮᠵᠢᠯᠡᠨ ᠬᠤᠤᠷᠯᠠᠬᠤ᠂ ᠪᠠᠷᠢᠪᠴᠢᠯᠠᠬᠤ᠂ ᠤᠷᠳᠤ ᠬᠠᠷᠰᠢ ᠶᠢ ᠨᠢ | ᠰᠢᠲᠠᠭᠠᠬᠤ ᠵᠡᠷᠭᠡ ᠤᠯᠠᠨ ᠵᠦᠢᠯ ᠤᠨ ᠬᠤᠷᠢᠭᠯᠠᠯᠲᠠ ᠰᠢᠬᠠᠮᠳᠠᠭᠤᠯᠭ᠎ᠠ ᠶᠢ ᠢᠯᠠᠨ ᠳᠠᠪᠠᠵᠤ ︽ᠬᠦᠬᠡ ᠰᠤᠳᠤᠷ︾ | ᠢᠶᠠᠨ ᠲᠤᠭᠤᠷᠪᠢᠨ ᠳᠠᠭᠤᠰᠬᠠᠵᠤ᠂ ᠮᠤᠩᠭᠤᠯ ᠦᠨᠳᠦᠰᠦᠲᠡᠨ ᠤ ︽ᠤᠯᠠᠭᠠᠨ ᠠᠰᠠᠷ ᠤᠨ ᠵᠡᠭᠦᠳᠦᠨ︾ | ᠭᠡᠯᠮᠡᠭᠳᠡᠭᠰᠡᠨ ︽ᠨᠢᠭᠡᠨ ᠳᠠᠪᠬᠤᠷ ᠠᠰᠠᠷ︾᠂ ︽ᠤᠯᠠᠭᠠᠨ᠎ᠠ ᠤᠭᠢᠯᠠᠬᠤ ᠲᠠᠩᠬᠢᠮ︾᠂ ︽ᠤᠯᠠᠭᠠᠨ ᠦᠩᠭᠡᠲᠡᠨ ᠤ | ᠨᠢᠯᠪᠤᠰᠤ︾ ᠵᠢᠴᠢ ᠤᠯᠠᠨ ᠰᠢᠯᠦᠭ ᠳᠠᠭᠤᠤ ᠪᠠ ᠨᠠᠶᠢᠷᠠᠭᠤᠯᠤᠯ ᠵᠡᠷᠭᠡ ᠤᠳᠬ᠎ᠠ ᠵᠤᠬᠢᠶᠠᠯ ᠤᠨ ᠪᠦᠲᠦᠭᠡᠯ | ᠲᠤᠭᠤᠷᠪᠢᠵᠤ᠂ ᠨᠠᠰᠤᠨ ᠲᠤᠷᠰᠢᠲᠠ ᠶᠢᠨ ᠲᠡᠮᠡᠦᠯᠡᠯ ᠢᠶᠠᠷ ᠮᠤᠩᠭᠤᠯ ᠬᠢᠲᠠᠳ ᠰᠤᠶᠤᠯ ᠤᠨ ᠰᠣᠯᠢᠯᠴᠠᠭ᠎ᠠ ᠪᠠ | ᠦᠨᠳᠦᠰᠦᠲᠡᠨ ᠤ ᠰᠤᠶᠤᠯ ᠤᠨ ᠵᠤᠷᠢᠭ ᠰᠠᠨᠠᠭ᠎ᠠ ᠶᠢ ᠶᠡᠬᠡᠪᠡᠷ ᠮᠠᠨᠳᠤᠭᠤᠯᠤᠭᠰᠠᠨ ᠦᠢᠯᠡ ᠤᠴᠠᠷᠠᠯ ᠢ ᠨᠢ ᠲᠤᠰᠬᠠᠵᠠᠢ᠃ | | | ᠢᠨᠵᠠᠨᠨᠠᠰᠢ ᠮᠤᠩᠭᠤᠯ ᠦᠨᠳᠦᠰᠦᠲᠡᠨ ᠤ ᠠᠯᠳᠠᠷᠲᠤ ᠵᠤᠬᠢᠶᠠᠯᠴᠢ ᠪᠤᠯᠤᠭᠰᠠᠨ ᠤ ᠬᠤᠪᠢ ᠳᠤ ᠮᠤᠩᠭᠤᠯ | ᠦᠨᠳᠦᠰᠦᠲᠡᠨ ᠤ ᠤᠳᠬ᠎ᠠ ᠵᠤᠬᠢᠶᠠᠯ ᠤᠨ ᠬᠡᠯᠪᠡᠷᠢ ᠶᠢ ᠬᠤᠪᠢᠷᠠᠭᠤᠯᠬᠤ ᠪᠠ ᠦᠨᠳᠦᠰᠦᠲᠡᠨ ᠤ ᠰᠤᠶᠤᠯ ᠤᠨ ᠵᠤᠷᠢᠭ | ᠰᠠᠨᠠᠭ᠎ᠠ ᠶᠢ ᠲᠠᠬᠢᠨ ᠪᠦᠲᠦᠭᠡᠬᠦ ᠳᠤ ᠴᠠᠭ ᠦᠶ᠎ᠡ ᠶᠢ ᠵᠠᠭᠠᠭᠯᠠᠭᠰᠠᠨ ᠴᠢᠬᠤᠯᠠ ᠠᠴᠢ ᠬᠤᠯᠪᠤᠭᠳᠠᠯ ᠲᠠᠢ ᠪᠦᠭᠡᠳ | ᠬᠢᠲᠡᠳ ᠮᠤᠩᠭᠤᠯ ᠰᠤᠶᠤᠯ ᠤᠨ ᠰᠤᠯᠢᠯᠴᠠᠭ᠎ᠠ ᠶᠢ ᠠᠬᠢᠭᠤᠯᠬᠤ ᠳᠤ ᠪᠠᠯᠠᠷᠠᠰᠢ ᠦᠭᠡᠢ ᠲᠡᠦᠬᠡᠲᠦ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ ᠭᠡᠪᠡᠴᠦ ᠡᠨᠡᠬᠦ ᠲᠡᠦᠬᠡᠲᠦ ᠦᠢᠯᠡ ᠪᠠᠶᠢᠳᠠᠯ ᠢ ᠤᠯᠠᠩᠬᠢ ᠬᠦᠮᠦᠨ ᠮᠡᠳᠡᠬᠦ ᠦᠭᠡᠢ | ᠪᠠᠶᠢᠭᠰᠠᠭᠠᠷ᠃ ᠲᠤᠰ ᠤᠳᠠᠭ᠎ᠠ ᠶᠢᠨ ᠪᠡᠭᠡᠵᠢᠩ ᠳᠠᠬᠢ ᠲᠤᠭᠯᠠᠯᠲᠠ ᠨᠢ ᠦᠨᠳᠦᠰᠦᠲᠡᠨ ᠤ ᠰᠢᠯᠢᠳᠡᠭ ᠰᠤᠶᠤᠯ ᠢ | ᠪᠠᠳᠠᠷᠠᠭᠤᠯᠬᠤ᠂ ᠦᠨᠳᠦᠰᠦᠲᠡᠨ ᠨᠦᠭᠦᠳ ᠤᠨ ᠰᠤᠶᠤᠯ ᠤᠨ ᠰᠤᠯᠢᠯᠴᠠᠭ᠎ᠠ ᠤᠶᠢᠯᠠᠭᠠᠯᠲᠠ ᠶᠢ ᠠᠬᠢᠭᠤᠯᠬᠤ ᠳᠤ | ᠴᠢᠬᠤᠯᠠ ᠮᠦᠷᠲᠡᠭᠡᠨ ᠠᠯᠤᠰ ᠬᠡᠲᠦ ᠶᠢᠨ ᠠᠴᠢ ᠬᠤᠯᠪᠤᠭᠲᠠᠯ ᠲᠠᠢ ᠶᠤᠮ᠃ ᠤᠶᠢᠯᠠᠭᠠᠭᠰᠠᠨ ᠢᠶᠠᠷ᠂ ᠲᠤᠰ ᠵᠦᠴᠦᠭᠡ | ᠪᠤᠯ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠤᠯᠤᠨ ᠰᠤᠶᠤᠯ ᠤᠨ | ᠲᠠᠩᠬᠢᠮ ᠤᠨ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠪᠠ ᠬᠦᠴᠦᠲᠡᠢ ᠳᠡᠮᠵᠢᠯᠭᠡ ᠳᠤᠤᠷ᠎ᠠ ᠵᠤᠬᠢᠶᠠᠭᠳᠠᠭᠰᠠᠨ | ᠭᠤᠤᠯᠳᠠᠯᠭ᠎ᠠ ᠲᠠᠢ ᠵᠦᠴᠦᠭᠡ ᠪᠤᠯᠤᠨ᠎ᠠ᠃ ᠡᠨᠡ ᠤᠳᠠᠭ᠎ᠠ ᠪᠡᠭᠡᠵᠢᠩ ᠳᠤ ᠢᠷᠡᠵᠦ ᠲᠤᠭᠯᠠᠯᠲᠠ ᠭᠠᠷᠭᠠᠭᠰᠠᠨ ᠶᠠᠪᠤᠳᠠᠯ | ᠪᠤᠯ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠤᠶᠤᠯ ᠤᠨ ᠰᠢᠯᠢᠳᠡᠭ | ᠪᠦᠲᠦᠭᠡᠯ ᠤᠨ ︽ᠭᠠᠷᠴᠤ ᠶᠠᠪᠤᠬᠤ︾ ᠪᠠᠶᠢᠯᠳᠤᠬᠤ ᠪᠤᠳᠤᠯᠭ᠎ᠠ ᠶᠢᠨ ᠪᠤᠳᠠᠲᠠᠢ ᠠᠷᠭ᠎ᠠ ᠪᠠᠷᠢᠯ ᠪᠤᠯᠤᠨ᠎ᠠ᠃ | | ᠦᠪᠦᠷ ᠮᠤᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠯᠢᠭᠡᠷ ᠮᠤᠩᠭᠤᠯ ᠵᠦᠴᠦᠭᠡ ᠶᠢᠨ | ᠪᠦᠯᠬᠦᠮ ᠤᠨ ᠳᠠᠷᠤᠭ᠎ᠠ ᠤᠯᠠᠭᠠᠨᠮᠦ᠋ᠴᠢᠷ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠲᠤᠰ ᠵᠦᠴᠦᠭᠡ ᠪᠤᠯ ᠠᠷᠪᠠᠨ | ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠳᠤ | ᠲᠤᠭᠯᠠᠭᠠᠳ ᠦᠷᠭᠡᠨ ᠲᠦᠮᠡᠨ ᠤ ᠮᠠᠭᠲᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃ ᠡᠨᠡ ᠵᠢᠯ ᠤᠤᠯ ᠵᠦᠴᠦᠭᠡ ᠶᠢᠨ | ᠳᠡᠪᠳᠡᠷ ᠲᠤ ᠰᠠᠭᠤᠷᠢᠯᠠᠵᠤ ᠮᠤᠩᠭᠤᠯ ᠬᠡᠯᠡ ᠪᠠ ᠺᠢᠷᠢᠯ ᠬᠡᠯᠡᠨ ᠳᠤ ᠤᠷᠴᠢᠭᠤᠯᠵᠤ᠂ ᠬᠦᠬᠡᠬᠤᠲᠠ ᠳᠤ ᠬᠢᠲᠡᠳ | ᠮᠤᠩᠭᠤᠯ ᠬᠡᠯᠡ ᠪᠠᠷ ᠤᠯᠠᠨ ᠲᠠᠯᠠᠪᠠᠢ ᠲᠤᠭᠯᠠᠵᠤ᠂ ᠡᠨᠡ ᠤᠳᠠᠭ᠎ᠠ ᠪᠡᠭᠡᠵᠢᠩ ᠳᠤ ᠠᠩᠬ᠎ᠠ ᠲᠤᠭᠯᠠᠵᠤ ᠪᠠᠶᠢᠨ᠎ᠠ︾ | ᠭᠡᠯᠡ᠃ | |