ᠰᠡᠷᠭᠦᠨ ᠠᠮᠢᠯᠠᠭᠰᠠᠨ ᠰᠤᠷ ᠬᠠᠷᠪᠤᠯᠲᠠ
ᠨᠡᠶᠢᠲᠡᠯᠡᠭᠰᠡᠨ ᠴᠠᠭ᠄
2016-09-20
       ᠤᠷᠴᠢᠮᠬᠠᠨ ᠬᠦᠬᠡᠨᠠᠭᠤᠷ ᠲᠤ ᠪᠤᠯᠤᠭᠰᠠᠨ ᠬᠤᠷᠢᠨ ᠭᠤᠷᠪᠠᠨ ᠤᠯᠤᠰ ᠤᠨ ᠰᠤᠷ ᠬᠠᠷᠪᠤᠯᠲᠠ ᠶᠢᠨ ᠤᠷᠤᠯᠳᠤᠭᠠᠨ ᠳᠤ ᠦᠪᠦᠷ ᠮᠤᠩᠭᠤᠯ ᠠᠴᠠ ᠲᠠᠪᠤᠨ ᠳᠤᠭᠤᠶᠢᠯᠠᠩ ᠤᠷᠤᠯᠴᠠᠵᠤ᠂ ᠪᠦᠭᠦᠳᠡᠭᠡᠷ ᠢᠶᠠᠨ ᠳᠡᠭᠡᠷ᠎ᠡ ᠨᠠᠢᠮᠠ ᠳᠤ ᠤᠷᠤᠭᠰᠠᠨ ᠭᠢᠯᠠᠯᠵᠠᠭᠰᠠᠨ ᠠᠮᠵᠢᠯᠲᠠ ᠶᠢ ᠡᠭᠦᠳᠦᠯ᠎ᠡ ᠭᠡᠰᠡᠨ ᠰᠠᠶᠢᠬᠠᠨ ᠰᠤᠷᠠᠭ ᠢᠶᠠᠷ 9 ᠰᠠᠷ᠎ᠠ ᠶᠢᠨ 13 ᠤ ᠡᠳᠦᠷ᠂ ᠮᠠᠨ ᠤ ᠰᠤᠷᠪᠤᠯᠵᠢᠯᠠᠬᠤ ᠳᠤᠭᠤᠶᠢᠯᠠᠩ ᠤᠨ ᠬᠢᠨ ᠲᠤᠰ ᠤᠳᠠᠭᠠᠨ ᠤ ᠤᠷᠤᠯᠳᠤᠭᠠᠨ ᠳᠤ ᠤᠷᠤᠯᠴᠠᠭᠰᠠᠨ ᠦᠪᠡᠷᠲᠡᠭᠡᠨ ᠵᠠᠰᠠᠬᠤ ᠤᠷᠤᠨ ᠤ ᠳᠡᠰ ᠤᠨ ᠤᠯᠠᠮᠵᠢᠯᠠᠯᠲᠤ ᠡᠪᠡᠷ ᠨᠤᠮᠤ ᠬᠢᠬᠦ ᠤᠷ᠎ᠠ ᠮᠡᠷᠭᠡᠵᠢᠯ ᠤᠨ ᠤᠯᠠᠮᠵᠢᠯᠠᠭᠴᠢ ᠪᠤᠯᠬᠤ ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ ᠰᠤᠮᠤ ᠶᠢᠨ ᠯᠤᠤᠲᠤ ᠪᠠᠶᠢᠰᠢᠩ ᠭᠠᠴᠠᠭᠠᠨ ᠤ ᠮᠠᠯᠴᠢᠨ ᠰᠡᠴᠡᠨᠮᠦ᠋ᠩᠬᠡ ᠶᠢ ᠰᠤᠷᠪᠤᠯᠵᠢᠯᠠᠬᠤ ᠪᠠᠷ ᠬᠦᠷᠴᠦ ᠪᠢᠯᠡ᠃ ᠦᠴᠦᠭᠡᠳᠦᠷ ᠰᠠᠶ᠋ᠢ ᠨᠤᠲᠤᠭ ᠲᠠᠭᠠᠨ ᠪᠤᠴᠠᠵᠤ ᠢᠷᠡᠭᠰᠡᠨ ᠲᠡᠷᠡᠪᠡᠷ ᠶᠠᠭᠤᠮ᠎ᠠ ᠬᠡᠦᠮ᠎ᠡ ᠪᠠᠨ ᠴᠦ ᠲᠢᠭᠯᠡᠵᠦ ᠠᠮᠵᠢᠭ᠎ᠠ ᠦᠭᠡᠢ ᠪᠠᠶᠢᠯ᠎ᠠ᠃ ᠰᠡᠴᠡᠨᠮᠦ᠋ᠩᠬᠡ ᠠᠴᠠ ᠤᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠵᠠᠭᠤ ᠭᠠᠷᠤᠢ ᠳᠤᠭᠤᠶᠢᠯᠠᠩ ᠤᠨ 900 ᠭᠠᠷᠤᠢ ᠰᠤᠷᠴᠢᠨ ᠤᠷᠤᠯᠴᠠᠵᠤ᠂ ᠪᠠᠭᠠᠷᠢᠨ ᠪᠠᠷᠠᠭᠤᠨ ᠬᠤᠰᠢᠭᠤᠨ ᠤ ᠳᠤᠭᠤᠶᠢᠯᠠᠩ ᠲᠡᠷᠢᠭᠦᠯᠡᠵᠦ᠂ ᠤᠯᠠᠭᠠᠨᠬᠠᠳᠠ ᠬᠤᠲᠠ ᠶᠢᠨ ᠳᠤᠭᠤᠶᠢᠯᠠᠩ ᠳᠡᠳ᠋ᠯᠡᠵᠡᠢ᠃        ᠮᠤᠩᠭᠤᠯᠴᠤᠳ ᠤᠨ ᠡᠪᠡᠷ ᠨᠤᠮᠤ ᠵᠠᠷᠤᠵᠤ ᠬᠡᠷᠡᠭᠯᠡᠭᠰᠡᠨ ᠲᠡᠦᠬᠡ ᠪᠠᠷᠤᠭ ᠡᠾᠦ᠋ᠩᠨᠦ ᠰᠢᠶᠦ᠋ᠩᠨᠦ ᠶᠢᠨ ᠦᠶ᠎ᠡ ᠠᠴᠠ ᠡᠬᠢᠯᠡᠭᠰᠡᠨ ᠪᠠᠶᠢᠵᠤ ᠲᠠᠭᠠᠷᠠᠨ᠎ᠠ᠃ ᠲᠤᠬᠠᠢ ᠶᠢᠨ ᠦᠶ᠎ᠡ ᠳᠤ ᠡᠪᠡᠷ ᠨᠤᠮᠤ ᠨᠢ ᠳᠠᠶᠢᠨ ᠪᠠᠶᠢᠯᠳᠤᠭᠠᠨ ᠪᠠ ᠠᠩ ᠠᠩᠨᠠᠯ ᠳᠤ ᠲᠤᠲᠠᠭᠳᠠᠵᠤ ᠪᠤᠯᠤᠰᠢ ᠦᠭᠡᠢ ᠶᠡᠭᠡ ᠦᠢᠯᠡᠳᠦᠯ ᠦᠵᠡᠭᠦᠯᠵᠦ ᠪᠠᠶᠢᠵᠠᠢ᠃ ᠰᠡᠭᠦᠯᠡᠷ ᠨᠢ ᠶᠢᠰᠦ᠋ᠩᠭᠡ ᠮᠡᠷᠭᠡᠨ ᠡᠪᠡᠷ ᠨᠤᠮᠤ ᠪᠠᠷ 335 ᠠᠯᠳᠠ ᠶᠢᠨ ᠬᠤᠯᠠ ᠵᠠᠢ ᠳᠤ ᠬᠠᠷᠪᠤᠭᠰᠠᠨ ᠢᠶᠠᠷ ᠴᠢᠯᠠᠭᠤᠨ ᠪᠢᠴᠢᠭ ᠲᠤ ᠲᠡᠦᠬᠡ ᠪᠤᠯᠤᠨ ᠦᠯᠡᠳᠡᠭᠰᠡᠨ ᠪᠠᠶᠢᠳᠠᠭ᠃ ᠡᠭᠦᠨ ᠠᠴᠠ ᠡᠬᠢᠯᠡᠨ ᠡᠪᠡᠷ ᠨᠤᠮᠤ ᠨᠢ ᠦᠶ᠎ᠡ ᠳᠠᠮᠵᠢᠭᠳᠠᠨ ᠤᠯᠠᠮᠵᠢᠯᠠᠭᠳᠠᠵᠤ ᠤᠳᠤ ᠪᠤᠯᠤᠭᠰᠠᠨ ᠶᠤᠮ᠃ ᠦᠪᠦᠷ ᠮᠤᠩᠭᠤᠯ ᠤᠨ ᠰᠤᠷ ᠬᠠᠷᠪᠤᠯᠲᠠ ᠶᠢᠨ ᠬᠢᠷᠢ ᠬᠡᠮᠵᠢᠶ᠎ᠡ ᠴᠦ ᠤᠯᠤᠰ ᠳᠠᠶᠠᠭᠠᠷ ᠲᠤ ᠤᠷᠤᠶᠢᠯᠠᠵᠤ ᠪᠠᠶᠢᠭᠰᠠᠨ ᠪᠠᠶᠢᠨ᠎ᠠ᠃ 1956 ᠤᠨ ᠤ 7 ᠰᠠᠷ᠎ᠠ ᠳᠤ᠂ ᠪᠡᠭᠡᠵᠢᠩ ᠬᠤᠲᠠ ᠳᠤ ᠶᠠᠪᠤᠭᠳᠠᠭᠰᠠᠨ ᠰᠤᠷ ᠬᠠᠷᠪᠤᠯᠲᠠ ᠶᠢᠨ ᠤᠯᠤᠰ ᠤᠨ ᠲᠡᠮᠳᠡᠭᠯᠡᠯ ᠡᠭᠦᠳᠬᠦ ᠤᠷᠤᠯᠳᠤᠭᠠᠨ ᠳᠤ ᠮᠠᠨ ᠤ ᠤᠷᠤᠨ ᠤ ᠰᠤᠷ ᠬᠠᠷᠪᠤᠯᠲᠠ ᠶᠢᠨ ᠲᠦᠯᠦᠭᠡᠯᠡᠭᠴᠢᠳ ᠤᠨ ᠠᠩᠭᠢ ᠶᠢᠨ ᠪᠦᠬᠡᠸ᠋ᠴᠢᠷ᠂ ᠨᠤᠮᠤᠨᠷᠡᠰᠢ ᠬᠤᠶᠠᠷ ᠰᠤᠷᠴᠢᠨ ᠡᠷᠡᠭᠲᠡᠢ ᠶᠢᠨ ᠳᠤᠭᠤᠶᠢᠯᠠᠩ ᠤᠨ 20 ᠮᠧᠲᠷ᠂ 30 ᠮᠧᠲᠷ᠂ 40 ᠮᠧᠲᠷ ᠤᠨ ᠲᠡᠮᠳᠡᠭᠯᠡᠯ ᠢ ᠡᠭᠦᠳᠴᠦ᠂ ᠮᠠᠨ ᠤ ᠤᠯᠤᠰ ᠤᠨ ᠰᠤᠷ ᠬᠠᠷᠪᠤᠯᠲᠠ ᠶᠢᠨ ᠲᠡᠦᠬᠡ ᠲᠡᠮᠳᠡᠭᠯᠡᠯ ᠦᠭᠡᠢ ᠪᠠᠶᠢᠭᠰᠠᠨ ᠬᠤᠭᠤᠰᠤᠨ ᠢ ᠨᠦᠬᠦᠪᠦᠷᠢᠯᠡᠵᠡᠢ᠃ ᠰᠤᠶᠤᠯ ᠤᠨ ᠬᠤᠪᠢᠰᠬᠠᠯ ᠤᠨ ᠦᠶ᠎ᠡ ᠳᠤ ᠡᠪᠡᠷ ᠨᠤᠮᠤ ᠶᠡᠬᠡᠪᠡᠷ ᠲᠠᠯᠬᠢᠭᠳᠠᠵᠤ᠂ ᠳᠠᠬᠢᠨ ᠰᠡᠷᠭᠦᠭᠡᠭᠳᠡᠵᠦ ᠡᠬᠢᠯᠡᠭᠰᠡᠨ 2008 ᠤᠨ ᠬᠦᠷᠲᠡᠯ᠎ᠡ ᠪᠠᠷᠤᠭ ᠬᠠᠭᠠᠰ ᠵᠠᠭᠤᠨ ᠡᠪᠡᠷ ᠨᠤᠮᠤ ᠶᠢᠨ ᠬᠦᠭᠵᠢᠯ ᠵᠤᠭᠰᠤᠩᠭᠤᠶᠢᠷᠠᠬᠤ ᠬᠡᠮᠵᠢᠶᠡᠨ ᠳᠤ ᠬᠦᠷᠦᠭᠰᠡᠨ ᠠᠵᠠᠢ᠃        ᠪᠠᠭᠠᠷᠢᠨ ᠨᠤᠲᠤᠭ ᠤᠨ ᠦᠶ᠎ᠡ ᠶᠢᠨ ᠦᠶ᠎ᠡ ᠶᠢᠨ ᠠᠬᠠᠮᠠᠳ ᠪᠤᠭᠤᠷᠤᠯᠴᠤᠳ ᠤᠨ ᠵᠢᠳᠬᠦᠯ ᠢᠶᠠᠷ᠂ ᠡᠩᠬᠡ᠂ ᠰᠦᠷᠭᠡᠷᠡᠯ ᠵᠡᠷᠭᠡ ᠪᠠᠭᠰᠢ ᠨᠠᠷ ᠤᠨ ᠤᠶᠢᠭ᠎ᠠ ᠦᠭᠡᠢ ᠨᠦᠷᠢ ᠶᠡᠭᠡ ᠬᠦᠳᠡᠯᠮᠦᠷᠢ ᠪᠠᠷ ᠪᠠᠭᠠᠷᠢᠨ ᠨᠤᠲᠤᠭ ᠤᠨ ᠰᠤᠷ ᠬᠠᠷᠪᠤᠯᠲᠠ ᠶᠢᠨ ᠦᠢᠯᠡᠰ ᠮᠠᠰᠢ ᠲᠦᠷᠭᠡᠨ ᠬᠦᠭᠵᠢᠵᠦ᠂ ᠤᠷᠤᠨ ᠤᠯᠤᠰ ᠳᠠᠶᠠᠭᠠᠷ ᠤᠷᠤᠶᠢᠯᠠᠭᠰᠠᠨ ᠪᠠᠶᠢᠨ᠎ᠠ᠃ ᠡᠶᠢᠮᠦ ᠪᠠᠷ ᠢᠶᠠᠨ 2009 ᠤᠨ ᠳᠤ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠪᠠᠭᠠᠷᠢᠨ ᠪᠠᠷᠠᠭᠤᠨ ᠬᠤᠰᠢᠭᠤ ᠶᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠨᠡᠷᠡᠲᠦ ᠬᠤᠲᠠ ᠪᠠᠯᠭᠠᠰᠤ — ᠰᠤᠷᠴᠢᠨ ᠤ ᠦᠯᠦᠭᠡᠢ ᠨᠤᠲᠤᠭ︾ ᠢᠶᠠᠷ ᠨᠡᠷᠡᠶᠢᠳᠪᠡ᠃ ᠡᠭᠦᠨ ᠠᠴᠠ ᠭᠠᠳᠠᠨ᠎ᠠ᠂ ᠡᠪᠡᠷ ᠨᠤᠮᠤ ᠶᠢᠨ ᠰᠤᠶᠤᠯ ᠢᠶᠠᠨ ᠤᠯᠠᠮᠵᠢᠯᠠᠨ ᠬᠦᠭᠵᠢᠭᠦᠯᠬᠦ ᠶᠢᠨ ᠲᠦᠯᠦᠭᠡ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠶᠡᠬᠡᠬᠡᠨ ᠬᠦᠴᠦ ᠤᠷᠤᠭᠤᠯᠵᠤ᠂ ᠰᠤᠷ ᠬᠠᠷᠪᠤᠯᠲᠠ ᠶᠢᠨ ᠤᠷᠳᠤᠨ᠂ ᠡᠯ᠎ᠡ ᠲᠦᠷᠦᠯ ᠤᠨ ᠤᠷᠤᠯᠳᠤᠭᠠᠨ ᠢ ᠢᠳᠡᠪᠬᠢᠲᠡᠢ ᠵᠤᠬᠢᠶᠠᠨ ᠪᠠᠶᠢᠭᠤᠯᠤᠭᠰᠠᠭᠠᠷ ᠢᠷᠡᠵᠡᠢ᠃ ᠨᠡᠩ ᠴᠦ ᠦᠨᠳᠦᠰᠦᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠦᠷᠦᠯ ᠵᠦᠢᠯ ᠳᠤ ᠡᠪᠡᠷ ᠨᠤᠮᠤ ᠶᠢᠨ ᠬᠠᠮᠢᠶᠠᠲᠠᠢ ᠬᠢᠴᠢᠶᠡᠯ ᠨᠡᠭᠡᠭᠡᠵᠦ᠂ ᠦᠷᠭᠡᠨ ᠲᠦᠮᠡᠨ ᠢᠶᠠᠷ ᠢᠶᠠᠨ ᠬᠦᠳᠡᠯᠦᠯᠴᠡᠨ ᠡᠨᠡᠬᠦ ᠤᠯᠠᠮᠵᠢᠯᠠᠯᠲᠤ ᠰᠤᠶᠤᠯ ᠢᠶᠠᠨ ᠠᠪᠤᠷᠠᠨ ᠬᠦᠭᠵᠢᠭᠦᠯᠦᠭᠰᠡᠨ ᠪᠠᠶᠢᠨ᠎ᠠ᠃ ᠡᠭᠦᠨ ᠢᠶᠠᠷ ᠪᠠᠷᠠᠬᠤ ᠦᠭᠡᠢ ᠵᠢᠯ ᠪᠦᠷᠢ ᠶᠢᠨ 5 ᠰᠠᠷ᠎ᠠ ᠶᠢᠨ 20 ᠳᠤ ᠰᠤᠷᠴᠢᠳ ᠤᠨ ᠤᠪᠤᠭ᠎ᠠ ᠪᠠᠨ ᠲᠠᠬᠢᠵᠤ᠂ ᠪᠠᠭᠠᠴᠤᠳ ᠤᠨ ᠬᠠᠷᠪᠤᠯᠭ᠎ᠠ᠂ ᠨᠠᠰᠤᠲᠠᠶᠢᠴᠤᠳ ᠤᠨ ᠬᠠᠷᠪᠤᠯᠭ᠎ᠠ᠂ ᠢᠳᠡᠷ ᠵᠠᠯᠠᠭᠤᠴᠤᠳ ᠤᠨ ᠬᠠᠷᠪᠤᠯᠭ᠎ᠠ᠂ ᠨᠠᠮᠨᠠᠭ᠎ᠠ ᠵᠡᠷᠭᠡ ᠰᠤᠷ ᠬᠠᠷᠪᠤᠯᠲᠠ ᠶᠢᠨ ᠤᠷᠤᠯᠳᠤᠭᠠᠨ ᠢ ᠵᠤᠬᠢᠶᠠᠨ ᠪᠠᠶᠢᠭᠤᠯᠵᠤ ᠪᠤᠢ ᠃ ᠤᠯᠠᠭᠠᠨᠬᠠᠳᠠ ᠬᠤᠲᠠ ᠠᠴᠠ ᠲᠤᠰᠬᠠᠢ ᠰᠤᠷ ᠬᠠᠷᠪᠤᠯᠲᠠ ᠶᠢᠨ ᠤᠷᠤᠯᠳᠤᠭᠠᠨ ᠵᠤᠬᠢᠶᠠᠨ ᠪᠠᠶᠢᠭᠤᠯᠵᠤ᠂ ᠬᠤᠰᠢᠭᠤ ᠡᠭᠡᠯᠵᠢᠯᠡᠨ ᠡᠷᠬᠢᠯᠡᠨ ᠶᠠᠪᠤᠭᠳᠠᠭᠤᠯᠵᠤ᠂ ᠡᠨᠡ ᠵᠢᠯ ᠳᠦᠷᠪᠡᠳᠡᠬᠢ ᠤᠳᠠᠭ᠎ᠠ ᠪᠠᠨ ᠵᠤᠬᠢᠶᠠᠨ ᠪᠠᠶᠢᠭᠤᠯᠤᠭᠳᠠᠭᠰᠠᠨ ᠪᠠᠶᠢᠯ᠎ᠠ᠃        2011 ᠤᠨ ᠳᠤ ᠪᠠᠭᠠᠷᠢᠨ ᠪᠠᠷᠠᠭᠤᠨ ᠬᠤᠰᠢᠭᠤᠨ ᠤ ᠤᠯᠠᠮᠵᠢᠯᠠᠯᠲᠤ ᠰᠤᠷ ᠬᠠᠷᠪᠤᠯᠲᠠ ᠶᠢᠨ ᠨᠡᠶᠢᠭᠡᠮᠯᠢᠭ ᠪᠠᠶᠢᠭᠤᠯᠤᠭᠳᠠᠵᠤ᠂ ᠤᠳᠤ ᠪᠤᠯᠬᠤ ᠳᠤ ᠨᠢᠭᠡᠨᠲᠡ 300 ᠭᠠᠷᠤᠢ ᠡᠷᠡᠭᠲᠡᠢ ᠰᠤᠷᠴᠢᠨ᠂ ᠵᠢᠷᠠᠭᠠᠳ ᠡᠮᠡᠭᠲᠡᠢ ᠰᠤᠷᠴᠢᠨ ᠂ ᠬᠤᠷᠢ ᠤᠷᠴᠢᠮ ᠨᠠᠮᠨᠠᠭᠠᠴᠢᠨ ᠲᠠᠢ ᠰᠤᠷᠴᠢᠳ ᠤᠨ ᠡᠩᠨᠡᠭᠡ ᠪᠤᠯᠵᠤ ᠦᠷᠭᠡᠳᠦᠭᠰᠡᠨ ᠪᠠᠶᠢᠨ᠎ᠠ᠃ 2012 ᠤᠨ ᠳᠤ ᠪᠠᠭᠠᠷᠢᠨ ᠪᠠᠷᠠᠭᠤᠨ ᠬᠤᠰᠢᠭᠤ ᠶᠢ ︽ᠪᠦᠬᠦ ᠤᠷᠤᠨ ᠤ ᠤᠯᠠᠮᠵᠢᠯᠠᠯᠲᠤ ᠰᠤᠷ ᠬᠠᠷᠪᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ︾ ᠢᠶᠠᠷ ᠨᠡᠷᠡᠶᠢᠳᠪᠡ᠃ 2014 ᠤᠨ ᠤ 4 ᠰᠠᠷ᠎ᠠ ᠳᠤ᠂ ᠪᠦᠬᠦ ᠤᠯᠤᠰ ᠤᠨ ᠨᠤᠮᠤ ᠰᠤᠮᠤ ᠶᠢᠨ ᠦᠢᠯᠡᠳᠪᠦᠷᠢᠯᠡᠯ ᠤᠨ ᠰᠤᠳᠤᠯᠤᠨ ᠶᠠᠷᠢᠯᠴᠠᠬᠤ ᠬᠤᠷᠠᠯ ᠪᠠᠭᠠᠷᠢᠨ ᠪᠠᠷᠠᠭᠤᠨ ᠬᠤᠰᠢᠭᠤᠨ ᠳᠤ ᠬᠤᠷᠠᠯᠳᠤᠵᠤ᠂ ᠤᠯᠠᠮᠵᠢᠯᠠᠯᠲᠤ ᠡᠪᠡᠷ ᠨᠤᠮᠤ ᠶᠢᠨ ᠬᠠᠷᠪᠤᠯᠲᠠ ᠶᠢᠨ ᠰᠠᠷᠠᠨ ᠫᠠᠢ ᠨᠢ ᠡᠮᠦᠨᠡᠲᠦ ᠶᠢᠨ ᠵᠢᠷᠤᠭᠲᠤ ᠫᠠᠢ ᠲᠠᠢ ᠴᠤᠭᠭᠠᠷ ᠳᠤᠮᠳᠠᠳᠤ ᠤᠯᠤᠰ ᠤᠨ ᠤᠯᠠᠮᠵᠢᠯᠠᠯᠲᠤ ᠬᠠᠷᠪᠤᠯᠲᠠ ᠶᠢᠨ ᠵᠢᠩᠬᠢᠨᠢ ᠤᠷᠤᠯᠳᠤᠭᠠᠨ ᠤ ᠲᠦᠷᠦᠯ ᠵᠦᠢᠯ ᠢᠶᠠᠷ ᠳᠠᠩᠰᠠᠯᠠᠭᠳᠠᠵᠤ᠂ ᠲᠡᠦᠬᠡ ᠶᠢᠨ ᠬᠠᠭᠤᠳᠠᠰᠤᠨ ᠳᠤ ᠪᠢᠴᠢᠭᠯᠡᠭᠳᠡᠵᠡᠢ᠃        ᠦᠢ ᠤᠯᠠᠨ ᠬᠦᠮᠦᠰ ᠤᠨ ᠬᠠᠮᠲᠤ ᠶᠢᠨ ᠴᠢᠷᠮᠠᠶᠢᠯᠭ᠎ᠠ ᠪᠠᠷ ᠤᠷᠴᠢᠮ ᠤᠨ ᠠᠷᠪᠠᠭᠠᠳ ᠵᠢᠯ ᠮᠠᠨ ᠤ ᠤᠷᠤᠨ ᠤ ᠰᠤᠷ ᠬᠠᠷᠪᠤᠯᠲᠠ ᠶᠢᠨ ᠦᠢᠯᠡᠰ ᠴᠦ ᠨᠡᠯᠢᠶᠠᠳ ᠬᠦᠭᠵᠢᠵᠦ᠂ ᠤᠯᠠᠭᠠᠨᠬᠠᠳᠠ ᠬᠤᠲᠠ ᠠᠴᠠ ᠪᠤᠰᠤᠳ ᠰᠢᠯᠢ ᠶᠢᠨ ᠭᠤᠤᠯ᠂ ᠬᠦᠯᠦᠨ ᠪᠤᠶᠢᠷ ᠵᠡᠷᠭᠡ  ᠠᠶᠢᠮᠠᠭ ᠬᠤᠲᠠ ᠪᠠᠷ ᠴᠦ ᠨᠡᠯᠢᠶᠡᠳ ᠡᠷᠴᠢᠮᠲᠡᠢ ᠰᠠᠶᠢᠬᠠᠨ ᠬᠦᠭᠵᠢᠵᠦ ᠡᠬᠢᠯᠡᠪᠡ᠃ ᠡᠨᠡ ᠳᠤᠮᠳᠠ ᠪᠠᠭᠠᠷᠢᠨ ᠪᠠᠷᠠᠭᠤᠨ ᠬᠤᠰᠢᠭᠤ ᠨᠡᠩ ᠴᠦ ᠬᠠᠷᠪᠤᠬᠤ ᠠᠴᠠ ᠰᠤᠷᠴᠢᠳ ᠲᠠᠢ᠂ ᠪᠤᠯᠪᠠᠰᠤᠷᠠᠬᠤ ᠠᠴᠠ ᠤᠷᠳᠤᠨ ᠲᠠᠢ᠂ ᠤᠯᠠᠮᠵᠢᠯᠠᠬᠤ ᠠᠴᠠ ᠵᠢᠭᠠᠨ ᠰᠤᠷᠭᠠᠯᠲᠠ ᠬᠢᠴᠢᠶᠡᠯᠯᠡᠭᠡ ᠲᠠᠢ᠂ ᠦᠢᠯᠡᠳᠬᠦ ᠠᠴᠠ ᠤᠯᠠᠮᠵᠢᠯᠠᠯᠲᠤ ᠡᠪᠡᠷ ᠨᠤᠮᠤ ᠶᠢᠨ ᠦᠢᠯᠡᠳᠪᠦᠷᠢ ᠲᠠᠢ ᠢᠵᠢ ᠪᠦᠷᠢᠳᠦᠭᠰᠡᠨ ᠲᠤᠭᠲᠠᠴᠠ ᠶᠢ ᠪᠦᠷᠢᠯᠳᠦᠭᠦᠯᠦᠭᠰᠡᠨ ᠪᠠᠶᠢᠨ᠎ᠠ᠃ ᠪᠦᠭᠦᠳᠡ ᠶᠢᠨ ᠬᠦᠴᠦᠨ ᠳᠤ ᠡᠪᠡᠷ ᠨᠤᠮᠤ ᠤᠯᠠᠮ ᠰᠠᠶᠢᠬᠠᠨ ᠤᠯᠠᠮᠵᠢᠯᠠᠭᠳᠠᠵᠤ᠂ ᠨᠡᠩ ᠰᠠᠶᠢᠨ ᠬᠦᠭᠵᠢᠬᠦ ᠳᠤ ᠪᠢᠳᠡ ᠪᠦᠬᠦᠨ ᠢᠲᠡᠭᠡᠯ ᠳᠦᠭᠦᠷᠷᠡᠩ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号