ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠲᠠ ᠳᠤ ᠮᠠᠨ ᠤ ᠤᠷᠤᠨ ᠤ ᠬᠤᠶᠠᠷ ᠵᠦᠴᠦᠭᠡ ᠲᠤᠰᠪᠤᠷᠢ ᠠᠯᠲᠠᠨ ᠱᠠᠩᠨᠠᠯ ᠪᠠ ᠮᠦᠩᠭᠦᠨ ᠱᠠᠩᠨᠠᠯ ᠲᠤᠰᠪᠠ
ᠨᠡᠶᠢᠲᠡᠯᠡᠭᠰᠡᠨ ᠴᠠᠭ᠄
2016-09-20
       ᠮᠠᠨ ᠤ ᠤᠷᠤᠨ ᠤ ᠬᠤᠶᠠᠷ ᠤᠷᠠᠯᠢᠭ ᠤᠨ ᠪᠦᠯᠬᠦᠮ ᠤᠨ ᠵᠠᠭᠤ ᠭᠠᠷᠤᠢ ᠲᠤᠭᠯᠠᠭᠴᠢ ᠶᠢᠨ ᠬᠡᠳᠦᠨ ᠵᠢᠯ ᠤᠨ ᠵᠤᠬᠢᠶᠠᠨ ᠪᠦᠲᠦᠭᠡᠯᠭᠡ᠂ ᠬᠠᠲᠠᠭᠤ ᠪᠤᠯᠪᠠᠰᠤᠷᠠᠯ ᠪᠠ ᠠᠷᠢᠭᠤᠨ ᠬᠦᠳᠡᠯᠮᠦᠷᠢ 9 ᠰᠠᠷ᠎ᠠ ᠶᠢᠨ 14 ᠤ ᠦᠳᠡᠰᠢ ᠨᠡᠶᠢᠰᠯᠡᠯ ᠪᠡᠭᠡᠵᠢᠩ ᠳᠤ ᠠᠴᠢ ᠬᠠᠷᠢᠭᠤ ᠪᠠᠨ ᠤᠯᠤᠯ᠎ᠠ᠃ ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠰᠢᠭᠤᠳ ᠬᠠᠷᠢᠶ᠎ᠠ ᠤᠯᠠᠭᠠᠨᠮᠦ᠋ᠴᠢᠷ ᠤᠨ ︽ᠲᠠᠯ᠎ᠠ ᠨᠤᠲᠤᠭ ᠤᠨ ᠤᠯᠠᠭᠠᠨᠮᠦ᠋ᠴᠢᠷ︾ ᠵᠦᠴᠦᠭᠡ ᠪᠤᠯᠤᠨ ᠬᠦᠬᠡᠬᠤᠲᠠ ᠶᠢᠨ ᠦᠨᠳᠦᠰᠦᠲᠡᠨ ᠤ ᠲᠤᠭᠯᠠᠯᠲᠠ ᠶᠢᠨ ᠪᠦᠯᠦᠭᠯᠡᠯ ᠤᠨ ︽ᠮᠠᠷᠺᠦ ᠫᠤᠯᠤ᠋ ᠶᠢᠨ ᠳᠤᠮᠤᠭ︾ ᠵᠦᠴᠦᠭᠡ ᠨᠢ ᠢᠯᠭᠤᠮ ᠭᠦᠨᠵᠡᠭᠡᠢ ᠴᠠᠭ ᠦᠶ᠎ᠡ ᠶᠢᠨ ᠵᠤᠷᠢᠭ ᠰᠠᠨᠠᠭ᠎ᠠ᠂ ᠲᠡᠭᠦᠯᠳᠡᠷ ᠭᠤᠴᠤ ᠤᠷᠠᠯᠢᠭ ᠤᠨ ᠭᠤᠸ᠎ᠠ ᠵᠤᠷᠢᠯᠲᠠ ᠪᠠᠷ ᠢᠶᠠᠨ ᠲᠤᠰᠪᠤᠷᠢ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠲᠠ ᠶᠢᠨ ᠠᠯᠲᠠᠨ ᠱᠠᠩᠨᠠᠯ ᠪᠠ ᠮᠦᠩᠭᠦᠨ ᠱᠠᠩᠨᠠᠯ ᠢ ᠬᠦᠷᠲᠡᠵᠦ᠂ ᠮᠠᠨ ᠤ ᠤᠷᠤᠨ ᠤ ᠳᠠᠭᠤᠤ ᠪᠦᠵᠢᠭᠲᠦ ᠵᠦᠴᠦᠭᠡ ᠶᠢᠨ ᠬᠢᠷᠢ ᠲᠦᠪᠰᠢᠨ ᠢ ᠤᠯᠤᠰ ᠳᠠᠶᠠᠭᠠᠷ ᠲᠤ ᠲᠠᠨᠢᠭᠤᠯᠤᠭᠰᠠᠨ ᠪᠠᠶᠢᠨ᠎ᠠ᠃        ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠲᠠ ᠶᠢ ᠪᠤᠯ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠰᠤᠶᠤᠯ ᠤᠨ ᠶᠠᠮᠤᠨ᠂ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠶᠡᠷᠦᠩᠬᠡᠢ ᠲᠤᠪᠴᠢᠶ᠎ᠠ ᠪᠤᠯᠤᠨ ᠪᠡᠭᠡᠵᠢᠩ ᠬᠤᠲᠠ ᠶᠢᠨ ᠵᠠᠰᠠᠭ ᠤᠨ ᠤᠷᠳᠤᠨ ᠠᠴᠠ ᠭᠤᠯᠯᠠᠨ ᠡᠷᠬᠢᠯᠡᠵᠦ᠂ 8 ᠰᠠᠷ᠎ᠠ ᠶᠢᠨ 16 — 9 ᠰᠠᠷ᠎ᠠ ᠶᠢᠨ 14 ᠤ ᠡᠳᠦᠷ ᠪᠤᠯᠲᠠᠯ᠎ᠠ 700 ᠭᠠᠷᠤᠢ ᠲᠤᠭᠯᠠᠭᠴᠢ 43 ᠲᠠᠯᠠᠪᠠᠢ ᠰᠢᠯᠢᠳᠡᠭ ᠵᠦᠴᠦᠭᠡ ᠪᠠᠨ ᠤᠯᠠᠨ ᠳᠤ ᠲᠤᠭᠠᠯᠠᠨ ᠦᠵᠡᠭᠦᠯᠦᠭᠰᠡᠨ ᠪᠠᠶᠢᠨ᠎ᠠ᠃ ᠳᠠᠭᠤᠤ ᠪᠦᠵᠢᠭᠲᠦ ᠵᠦᠴᠦᠭᠡ ︽ᠲᠠᠯ᠎ᠠ ᠨᠤᠲᠤᠭ ᠤᠨ ᠤᠯᠠᠭᠠᠨᠮᠦ᠋ᠴᠢᠷ︾ ᠨᠢ ᠲᠠᠯ᠎ᠠ ᠨᠤᠲᠤᠭ ᠤᠨ ᠬᠦᠩᠭᠡᠨ ᠮᠤᠷᠢᠲᠤ ᠴᠡᠷᠢᠭ ᠭᠡᠮᠡᠨ ᠤᠯᠤᠰ ᠳᠠᠶᠠᠭᠠᠷ ᠲᠤ ᠠᠯᠳᠠᠷᠰᠢᠭᠰᠠᠨ ᠤᠯᠠᠭᠠᠨᠮᠦ᠋ᠴᠢᠷ ᠤᠨ ᠬᠢᠨ ᠤ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ‌‍ᠲ᠋ᠦ᠋ᠮᠡᠨ ᠳᠤ ᠦᠢᠯᠡᠴᠢᠯᠡᠬᠦ ︽ᠤᠯᠠᠭᠠᠨᠮᠦ᠋ᠴᠢᠷ ᠤᠨ ᠵᠤᠷᠢᠭ ᠰᠠᠨᠠᠭ᠎ᠠ︾ ᠶᠢ ᠤᠬᠠᠭᠤᠯᠤᠨ ᠰᠤᠷᠲᠠᠯᠴᠢᠯᠠᠵᠤ᠂ ᠤᠳᠬ᠎ᠠ ᠰᠠᠨᠠᠭᠠᠨ ᠤ ᠭᠦᠨᠴᠡ᠂ ᠦᠷᠭᠡᠴᠡ ᠪᠠ ᠦᠨᠳᠦᠷᠴᠡ ᠪᠠᠷ ᠢᠶᠠᠨ ᠤᠨᠴᠠᠭᠠᠶᠢᠷᠠᠵᠤ᠂ ᠤᠯᠠᠭᠠᠨᠮᠦ᠋ᠴᠢᠷ ᠤᠨ ᠤᠷᠠᠯᠢᠭ ᠢ ᠤᠷᠠᠯᠢᠭ ᠢᠶᠠᠷ ᠲᠠᠬᠢᠨ ᠢᠯᠡᠷᠡᠭᠦᠯᠦᠭᠰᠡᠨ ᠰᠢᠨ᠎ᠡ ᠡᠭᠦᠳᠦᠯᠲᠡ᠂ ᠭᠤᠸ᠎ᠠ ᠰᠠᠶᠢᠬᠠᠨ ᠴᠤ᠋ ᠰᠢᠨ᠎ᠡ ᠬᠡᠪ ᠨᠠᠮᠪᠠ ᠨᠢ ᠦᠵᠡᠭᠴᠢᠳ ᠤᠨ ᠱᠠᠭᠰᠢᠯ ᠪᠠᠭ᠋ᠠᠷᠬᠠᠯ ᠢ ᠬᠦᠷᠲᠡᠵᠡᠢ᠃ ᠪᠦᠵᠢᠭᠲᠦ ᠵᠦᠴᠦᠭᠡ ︽ᠮᠠᠷᠺᠦ ᠫᠤᠯᠤ᠋ ᠶᠢᠨ ᠳᠤᠮᠤᠭ︾ ᠨᠢ ᠳᠠᠶᠠᠭᠠᠷᠴᠢᠯᠠᠯ ᠳᠡᠯᠡᠬᠡᠶᠢᠴᠢᠯᠡᠯ ᠤᠨ ᠤᠳᠬ᠎ᠠ ᠰᠠᠨᠠᠭ᠎ᠠ ᠶᠢ ᠡᠩᠬᠡ ᠲᠠᠶᠢᠪᠤᠩ ᠤᠨ ᠲᠡᠩᠭᠡᠯᠢᠭ ᠳᠡᠭᠡᠷ᠎ᠡ ᠪᠤᠰᠬᠠᠵᠤ᠂ ᠨᠡᠶᠢᠭᠡᠮ ᠲᠡᠦᠬᠡ ᠴᠠᠭ ᠦᠶ᠎ᠡ ᠶᠢᠨ ᠠᠤᠭ᠎ᠠ ᠴᠢᠳᠬᠤᠯᠠᠩ ᠢ ᠲᠤᠤᠯᠢᠰᠴᠢᠯᠠᠭᠰᠠᠨ ᠤᠷᠠᠯᠢᠭ ᠢᠶᠠᠷ ᠠᠮᠢᠯᠠᠭᠤᠯᠤᠨ᠂ ᠤᠷᠠᠯᠢᠭ ᠤᠨ ᠤᠯᠠᠨ ᠶᠠᠩᠵᠤ ᠶᠢᠨ ᠬᠡᠯᠪᠡᠷᠢ ᠶᠢ ᠭᠤᠸ᠎ᠠ ᠲᠠᠭᠠᠰᠢᠶᠠᠯ ᠤᠨ ᠬᠤᠷᠮᠤᠢ ᠳᠤ ᠪᠠᠭᠲᠠᠭᠠᠵᠤ᠂ ᠤᠷᠤᠯᠠᠭᠤᠯᠵᠤ ᠪᠤᠯᠤᠰᠢ ᠦᠭᠡᠢ ᠪᠦᠵᠢᠭ ᠤᠨ ᠬᠡᠯᠡᠯᠭᠡ ᠪᠠᠷ ᠬᠦᠮᠦᠨ ᠲᠦᠷᠦᠯᠬᠢᠲᠡᠨ ᠤ ︽ᠦᠨᠢ ᠮᠦᠩᠬᠡ ᠶᠢᠨ ᠮᠠᠷᠺᠦ ᠫᠤᠯᠤ᠋︾ ᠶᠢ ᠬᠦᠦᠷᠨᠢᠵᠦ᠂ ᠠᠭᠤᠤ ᠳᠤᠮᠳᠠᠳᠤ ᠶᠢᠨ ᠨᠠᠷᠮᠠᠢ ᠶᠡᠭᠡ ᠰᠤᠶᠤᠯ ᠢ ᠪᠠᠯᠠᠷᠠᠰᠢ ᠦᠭᠡᠢ ᠱᠤᠭᠤᠵᠤ ᠪᠤᠰᠬᠠᠵᠠᠢ᠃ ᠲᠤᠰ ᠵᠦᠴᠦᠭᠡ ᠨᠢ ᠤᠷᠢᠳ ᠬᠤᠵᠢᠳ ᠠᠮᠧᠷᠢᠺᠡ᠂ ᠬᠠᠩᠭᠠᠷᠢ᠂ ᠢᠲ᠋ᠠᠯᠢ᠂ ᠺᠠᠨᠠᠳᠠ ᠵᠡᠷᠭᠡ ᠤᠯᠤᠰ ᠲᠤ 593 ᠤᠳᠠᠭ᠎ᠠ᠂ ᠤᠯᠤᠰ ᠤᠨ ᠲᠤᠲᠤᠭᠠᠲᠤ ᠭᠠᠳᠠᠭᠠᠲᠤ ᠳᠤ ᠨᠡᠶᠢᠲᠡ 630 ᠭᠠᠷᠤᠢ ᠤᠳᠠᠭ᠎ᠠ ᠲᠤᠭᠯᠠᠭᠳᠠᠭᠰᠠᠨ ᠪᠠᠶᠢᠨ᠎ᠠ᠃ ︽ᠲᠠᠯ᠎ᠠ ᠨᠤᠲᠤᠭ ᠤᠨ ᠤᠯᠠᠭᠠᠨᠮᠦ᠋ᠴᠢᠷ︾᠂ ︽ᠮᠠᠷᠺᠤ ᠫᠤᠯᠤ᠋ ᠶᠢᠨ ᠳᠤᠮᠤᠭ︾ ᠬᠤᠶᠠᠷ ᠵᠦᠴᠦᠭᠡ ᠦᠵᠡᠭᠴᠢᠳ ᠪᠠ ᠬᠢᠨᠠᠭᠴᠢᠳ ᠤᠨ ᠬᠠᠯᠠᠭᠤᠨ ᠬᠦᠷᠢᠶᠡᠯᠡᠯ ᠢ ᠤᠯᠵᠤ᠂ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠤᠷᠠᠯᠢᠭ ᠤᠨ ᠲᠠᠪᠴᠠᠩ ᠳᠡᠭᠡᠷ᠎ᠡ ᠠᠯᠳᠠᠷ ᠨᠡᠷ᠎ᠡ ᠪᠠᠨ ᠮᠠᠨᠳᠤᠭᠤᠯᠤᠯ᠎ᠠ
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号