| 9 ᠰᠠᠷ᠎ᠠ ᠶᠢᠨ 20 ᠤ ᠡᠳᠦᠷ ᠰᠤᠷᠭᠠᠨ ᠬᠦᠮᠦᠵᠢᠯ ᠤᠨ ᠶᠠᠮᠤᠨ ᠠᠴᠠ ᠤᠶᠢᠯᠠᠭᠠᠭᠰᠠᠨ ᠢᠶᠠᠷ᠂ ᠮᠠᠨ ᠤ ᠤᠯᠤᠰ | ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠳᠦᠷᠢᠮ ᠢ ᠲᠤᠷᠰᠢᠨ ᠬᠡᠷᠡᠭᠵᠢᠭᠦᠯᠵᠦ᠂ | ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢ ᠰᠤᠷᠤᠭᠴᠢᠳ ᠤᠨ ᠠᠩᠬ᠎ᠠ ᠳᠤᠮᠳᠠᠳᠤ ᠶᠢᠨ ᠰᠤᠷᠭᠠᠨ ᠬᠦᠮᠦᠵᠢᠯ ᠢ | ᠪᠡᠶᠡᠯᠡᠭᠦᠯᠦᠭᠰᠡᠨ ᠪᠠ ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠶᠢ ᠬᠢᠨᠠᠨ | ᠪᠠᠶᠢᠴᠠᠭᠠᠬᠤ ᠶᠢᠨ ᠭᠤᠤᠯ ᠡᠰᠢ ᠪᠠᠷᠢᠮᠲᠠ ᠪᠤᠯᠭᠠᠵᠤ᠂ ︽ᠨᠢᠭᠡ ᠰᠢᠯᠭᠠᠯᠲᠠ ᠤᠯᠠᠨ ᠬᠡᠷᠡᠭᠴᠡᠭᠡ ᠲᠠᠢ ᠪᠠᠶᠢᠬᠤ︾ ᠶᠢ | ᠪᠡᠶᠡᠯᠡᠭᠦᠯᠵᠦ᠂ ᠰᠤᠷᠤᠭᠴᠢᠳ ᠤᠨ ᠤᠯᠠᠨ ᠤᠳᠠᠭ᠎ᠠ ᠰᠢᠯᠭᠠᠯᠲᠠ ᠳᠤ ᠪᠡᠯᠡᠳᠬᠡᠬᠦ ᠳᠠᠷᠤᠭᠠᠰᠤ ᠶᠢ ᠬᠦᠩᠭᠡᠷᠡᠭᠦᠯᠬᠦ ᠪᠤᠯᠤᠨ᠎ᠠ᠃ | ᠰᠤᠷᠭᠠᠨ ᠬᠦᠮᠦᠵᠢᠯ ᠤᠨ ᠶᠠᠮᠤᠨ 20 ᠤ ᠡᠳᠦᠷ ︽ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠴᠢᠨᠠᠭᠰᠢᠲᠠ ᠠᠬᠢᠭᠤᠯᠬᠤ ᠲᠤᠬᠠᠢ ᠵᠢᠯᠤᠭᠤᠳᠬᠤ | ᠰᠠᠨᠠᠯ︾ ᠢ ᠨᠡᠶᠢᠲᠡᠯᠡᠵᠦ᠂ ᠲᠤᠷᠰᠢᠯᠲᠡ ᠶᠢᠨ ᠭᠠᠵᠠᠷ ᠤᠷᠤᠨ ᠳᠤ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ | ᠪᠦᠲᠦᠮᠵᠢ ᠶᠢᠨ ᠰᠢᠯᠭᠠᠯᠲᠠ ᠶᠢᠨ ᠳᠦᠷᠢᠮ ᠢ ᠬᠡᠷᠡᠭᠵᠢᠭᠦᠯᠬᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ | ᠦᠨᠡᠯᠡᠬᠦ ᠶᠢ ᠲᠡᠭᠦᠯᠳᠡᠷᠵᠢᠭᠦᠯᠬᠦ᠂ ᠰᠤᠷᠤᠭᠴᠢ ᠡᠯᠰᠡᠬᠦ ᠠᠷᠭ᠎ᠠ ᠶᠢ ᠦᠭᠡᠷᠡᠴᠢᠯᠡᠬᠦ᠂ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ | ᠲᠦᠷᠦ ᠶᠢᠨ ᠪᠤᠳᠤᠯᠭ᠎ᠠ ᠶᠢ ᠴᠢᠨᠠᠭᠰᠢᠲᠠ ᠲᠡᠭᠦᠯᠳᠡᠷᠵᠢᠭᠦᠯᠬᠦ ᠪᠠ ᠰᠢᠯᠭᠠᠯᠲᠠ ᠪᠠᠷ ᠰᠤᠷᠤᠭᠴᠢ ᠡᠯᠰᠡᠬᠦ ᠬᠠᠮᠢᠶᠠᠷᠤᠯᠲᠠ ᠶᠢ | ᠴᠢᠩᠭᠠᠳᠬᠠᠨ᠎ᠠ ᠭᠡᠵᠦ ᠳᠤᠳᠤᠷᠬᠠᠶᠢᠯᠠᠪᠠ᠃ | ᠰᠠᠨᠠᠯ ᠳᠤ᠂ 2020 ᠤᠨ ᠤ ᠤᠷᠴᠢᠮ ᠢᠶᠠᠷ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠦᠨᠡᠯᠡᠬᠦ ᠲᠠᠢ | ᠤᠶᠠᠯᠳᠤᠭᠤᠯᠤᠭᠰᠠᠨ ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ ᠡᠯᠰᠡᠬᠦ ᠵᠠᠭᠪᠤᠷ ᠢ | ᠠᠩᠬ᠎ᠠ ᠠᠯᠬᠤᠮ ᠪᠦᠷᠢᠯᠳᠦᠭᠦᠯᠦᠨ᠎ᠡ ᠭᠡᠵᠦ ᠲᠤᠳᠤᠷᠬᠠᠶᠢᠯᠠᠵᠠᠢ᠃ | ᠰᠤᠷᠭᠠᠨ ᠬᠦᠮᠦᠵᠢᠯ ᠤᠨ ᠶᠠᠮᠤᠨ ᠤ ᠰᠠᠭᠤᠷᠢ ᠰᠤᠷᠭᠠᠨ ᠬᠦᠮᠦᠵᠢᠯ ᠤᠨ ᠬᠤᠶᠠᠳᠤᠭᠠᠷ ᠵᠤᠷᠭᠠᠨ ᠤ ᠳᠠᠷᠤᠭ᠎ᠠ ᠵᠧᠩ | ᠹᠦ᠋ ᡁᠢ ᠬᠡᠯᠡᠬᠦ ᠳᠡᠭᠡᠨ᠂ ︽ᠦᠨᠳᠦᠷ ᠳᠤᠮᠳᠠᠳᠤ ᠳᠤ ᠤᠷᠤᠪᠠᠯ ᠰᠤᠷᠤᠯᠭ᠎ᠠ ᠶᠢᠨ ᠬᠢᠷᠢ ᠪᠦᠲᠦᠮᠵᠢ ᠶᠢ ᠦᠵᠡᠬᠦ ᠪᠠᠷ ᠪᠠᠷᠠᠬᠤ | ᠦᠭᠡᠢ ᠪᠠᠰᠠ ᠰᠤᠷᠤᠭᠴᠢᠳ ᠤᠨ ᠦᠵᠡᠯ ᠰᠠᠨᠠᠭ᠎ᠠ ᠵᠠᠩ ᠮᠤᠷᠠᠯ᠂ ᠪᠡᠶ᠎ᠡ ᠰᠡᠳᠬᠢᠯ ᠤᠨ ᠡᠷᠡᠭᠦᠯ ᠴᠢᠬᠢᠷᠠᠭ᠂ ᠤᠷᠠᠯᠢᠭ ᠤᠨ | ᠬᠡᠪ ᠪᠤᠯᠪᠠᠰᠤᠷᠠᠯ ᠪᠠ ᠨᠡᠶᠢᠭᠡᠮ ᠤᠨ ᠦᠢᠯᠡᠳᠦᠯᠭᠡ ᠵᠡᠷᠭᠡ ᠲᠠᠯ᠎ᠠ ᠶᠢᠨ ᠪᠠᠶᠢᠳᠠᠯ ᠢ ᠦᠵᠡᠵᠦ᠂ ᠪᠦᠬᠦ ᠲᠠᠯ᠎ᠠ ᠪᠠᠷ ᠬᠢᠨᠠᠨ | ᠪᠠᠶᠢᠴᠠᠭᠠᠵᠤ᠂ ᠶᠡᠷᠦᠩᠬᠡᠶᠢᠯᠡᠨ ᠦᠨᠡᠯᠡᠵᠦ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ᠂ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠬᠡᠷᠡᠭᠲᠡᠢ︾ ᠭᠡᠯᠡ᠃ | ︽ᠰᠢᠯᠭᠠᠯᠲᠠ ᠶᠢᠨ ᠠᠭᠤᠯᠭ᠎ᠠ ᠶᠢᠨ ᠲᠠᠯ᠎ᠠ ᠪᠠᠷ᠂ ᠴᠤᠯᠭᠤᠢ ᠪᠠᠷ ᠴᠡᠭᠡᠵᠢᠯᠡᠬᠦ᠂ ᠦᠬᠦᠮᠡᠯ ᠢᠶᠠᠷ ᠰᠤᠷᠭᠠᠨ | ᠪᠤᠯᠪᠠᠰᠤᠷᠠᠭᠤᠯᠬᠤ ᠰᠢᠨᠵᠢ ᠴᠢᠨᠠᠷ ᠪᠦᠬᠦᠢ ᠠᠭᠤᠯᠭ᠎ᠠ ᠶᠢ ᠪᠠᠭᠠᠰᠬᠠᠬᠤ ᠶᠢ ᠴᠢᠬᠤᠯᠠᠴᠢᠯᠠᠵᠤ᠂ ᠰᠤᠷᠤᠭᠴᠢᠳ ᠤᠨ | ᠠᠰᠠᠭᠤᠳᠠᠯ ᠢ ᠵᠠᠳᠠᠯᠬᠤ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠵᠤ᠂ | ᠰᠤᠷᠤᠭᠴᠢᠳ ᠤᠨ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠ ᠴᠢᠳᠠᠪᠤᠷᠢ ᠶᠢᠨ ᠬᠡᠪ ᠪᠤᠯᠪᠠᠰᠤᠷᠠᠯ ᠢ ᠴᠢᠩᠭᠠᠳᠬᠠᠬᠤ ᠬᠡᠷᠡᠭᠲᠡᠢ︾ | ᠭᠡᠵᠦ ᠵᠧᠩ ᠹᠦ᠋ ᡁᠢ ᠬᠡᠯᠡᠪᠡ᠃ | ᠡᠭᠦᠨ ᠠᠴᠠ ᠭᠠᠳᠠᠨ᠎ᠠ᠂ ᠬᠢᠷᠢ ᠪᠦᠲᠦᠮᠵᠢ ᠶᠢ ᠢᠯᠡᠳᠬᠡᠬᠦ ᠲᠠᠯ᠎ᠠ ᠪᠠᠷ ᠰᠠᠨᠠᠯ ᠳᠤ᠂ ᠬᠤᠪᠢ᠂ ᠳᠡᠰ ᠵᠡᠷᠭᠡ ᠤᠯᠠᠨ | ᠵᠦᠢᠯ ᠤᠨ ᠬᠡᠯᠪᠡᠷᠢ ᠪᠠᠷ ᠢᠯᠡᠷᠡᠭᠦᠯᠵᠦ ᠪᠤᠯᠤᠨ᠎ᠠ ᠭᠡᠵᠦ ᠱᠠᠭᠠᠷᠳᠠᠭᠠᠳ ᠨᠦᠬᠦᠴᠡᠯ ᠲᠠᠢ ᠭᠠᠵᠠᠷ ᠤᠷᠤᠨ ᠢ ᠵᠤᠷᠢᠭᠵᠢᠭᠤᠯᠤᠨ | ︽ᠳᠡᠰ︾ ᠢᠶᠠᠷ ᠢᠯᠡᠷᠡᠭᠦᠯᠬᠦ ᠱᠠᠭᠠᠷᠳᠠᠯᠭ᠎ᠠ ᠶᠢ ᠪᠡᠶᠡᠯᠡᠭᠦᠯᠵᠦ᠂ ᠰᠤᠷᠤᠭᠴᠢᠳ ᠤᠨ ᠵᠠᠪᠠᠯ ᠬᠤᠪᠢ ᠶᠢ ᠬᠦᠬᠡᠭᠡᠴᠡᠯᠳᠦᠵᠦ᠂ | ᠬᠡᠲᠦᠷᠬᠡᠢ ᠦᠷᠢᠰᠦᠯᠳᠦᠬᠦ ᠠᠴᠠ ᠵᠠᠶᠢᠯᠠᠰᠬᠢᠬᠦ ᠬᠡᠷᠡᠭᠲᠡᠢ ᠭᠡᠵᠦ ᠲᠠᠬᠢᠨ ᠢᠯᠡᠷᠬᠡᠶᠢᠯᠡᠵᠡᠢ᠃ | ᠤᠶᠢᠯᠠᠭᠠᠭᠰᠠᠨ ᠢᠶᠠᠷ᠂ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠤᠷᠤᠨ ᠢ | ᠲᠤᠭᠲᠠᠭᠠᠬᠤ ᠳᠤ ᠡᠯ᠎ᠡ ᠭᠠᠵᠠᠷ ᠤᠷᠤᠨ ᠨᠢ ᠦᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ ᠦᠪᠡᠰᠦᠪᠡᠨ ᠲᠤᠭᠲᠠᠭᠠᠨ᠎ᠠ᠃ | ᠲᠤᠷᠰᠢᠯᠲᠠ ᠶᠢᠨ ᠭᠠᠵᠠᠷ ᠤᠷᠤᠨ ᠨᠢ 2017 ᠤᠨ ᠠᠴᠠ ᠬᠤᠶᠢᠰᠢ ᠰᠤᠷᠭᠠᠭᠤᠯᠢ ᠳᠤ ᠤᠷᠤᠭᠰᠠᠨ ᠠᠩᠬ᠎ᠠ | ᠳᠤᠮᠳᠠᠳᠤ ᠶᠢᠨ ᠨᠢᠭᠡᠳᠦᠭᠡᠷ ᠳᠤᠮᠳᠠᠳᠤ ᠶᠢᠨ ᠨᠢᠭᠡᠳᠦᠭᠡᠷ ᠤᠨ ᠤ ᠰᠤᠷᠤᠭᠴᠢ ᠠᠴᠠ ᠡᠬᠢᠯᠡᠨ ᠬᠡᠷᠡᠭᠵᠢᠭᠦᠯᠦᠨ᠎ᠡ᠃ | ᠲᠤᠷᠰᠢᠯᠲᠠ ᠶᠢᠨ ᠴᠡᠭ ᠠᠴᠠ ᠭᠠᠳᠠᠨᠠᠬᠢ ᠪᠤᠰᠤᠳ ᠭᠠᠵᠠᠷ ᠤᠷᠤᠨ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠰᠤᠷᠤᠭᠴᠢ | ᠡᠯᠰᠡᠬᠦ ᠠᠷᠭ᠎ᠠ ᠬᠡᠯᠪᠡᠷᠢ ᠪᠠᠷ ᠢᠶᠠᠨ ᠦᠷᠭᠦᠯᠵᠢᠯᠡᠨ ᠰᠤᠷᠤᠭᠴᠢ ᠡᠯᠰᠡᠵᠦ ᠪᠤᠯᠤᠨ᠎ᠠ᠃ |