2017 ᠤᠨ ᠤ ᠤᠯᠤᠰ ᠤᠨ ᠨᠢᠭᠡᠲᠦᠯᠲᠡᠢ ᠰᠢᠯᠭᠠᠯᠲᠠ ᠶᠢᠨ ᠴᠠᠭ ᠤᠨ ᠬᠦᠰᠦᠨᠦᠭ
ᠨᠡᠶᠢᠲᠡᠯᠡᠭᠰᠡᠨ ᠴᠠᠭ᠄
2016-09-27
       ᠵᠤᠷᠰᠢᠯ ᠶᠤᠰᠤᠭᠠᠷ 2017 ᠤᠨ ᠤ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ 2016 ᠤᠨ ᠤ 12 ᠰᠠᠷ᠎ᠠ ᠶᠢᠨ ᠡᠬᠢ ᠪᠠᠷ ᠶᠠᠪᠤᠭᠳᠠᠨ᠎ᠠ᠃ ᠰᠢᠯᠭᠠᠭᠤᠯᠤᠭᠴᠢ ᠶᠢᠨ ᠠᠩᠬᠠᠷᠴᠤ ᠬᠠᠯᠠᠮᠵᠢᠯᠠᠳᠠᠭ 2017 ᠤᠨ ᠤ ᠤᠯᠤᠰ ᠤᠨ ᠨᠢᠭᠡᠲᠦᠯᠲᠡᠢ ᠰᠢᠯᠭᠠᠯᠲᠠ ᠶᠢᠨ ᠲᠤᠬᠠᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠲᠦᠪ ᠤᠨ ᠬᠢᠨ ᠨᠠᠷᠢᠨ ᠲᠠᠶᠢᠯᠪᠤᠷᠢᠯᠠᠯᠲᠠ ᠦᠭᠴᠡᠢ᠃        ᠨᠢᠰᠬᠡᠯᠴᠢᠨ ᠡᠯᠰᠡᠬᠦ᠄ 2017 ᠤᠨ ᠤ ᠠᠭᠠᠷ ᠤᠨ ᠴᠡᠷᠢᠭ ᠪᠠ ᠠᠷᠠᠳ ᠤᠨ ᠠᠭᠠᠷ ᠤᠨ ᠠᠶᠠᠯᠠᠯ ᠤᠨ ᠺᠤᠮᠫᠠᠨᠢ ᠶᠢᠨ ᠨᠢᠰᠬᠡᠯᠴᠢᠨ ᠡᠯᠰᠡᠬᠦ ᠴᠠᠭ ᠨᠢ 2016 ᠤᠨ ᠤ 10-11 ᠰᠠᠷ᠎ᠠ ᠶᠢᠨ ᠬᠤᠭᠤᠷᠤᠨᠳᠤ ᠨᠡᠷ᠎ᠡ ᠮᠡᠳᠡᠭᠦᠯᠦᠨ᠎ᠡ᠃        2017 ᠤᠨ ᠤ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ᠄ 2017 ᠤᠨ ᠤ ᠨᠡᠷ᠎ᠡ ᠮᠡᠳᠡᠭᠦᠯᠬᠦ ᠴᠠᠭ ᠢ ᠲᠤᠲᠤᠷᠬᠠᠢ ᠲᠤᠭᠲᠠᠭᠠᠳᠤᠢ᠂ 2016 ᠤᠨ ᠤ 12 ᠰᠠᠷ᠎ᠠ ᠶᠢᠨ ᠡᠬᠢ ᠪᠠᠷ ᠶᠠᠪᠤᠭᠳᠠᠨ᠎ᠠ᠃ ᠨᠦᠬᠦᠵᠦ ᠨᠡᠷ᠎ᠡ ᠮᠡᠳᠡᠭᠦᠯᠳᠡᠭ ᠦᠭᠡᠢ ᠤᠴᠢᠷ ᠠᠴᠠ ᠵᠠᠪᠠᠯ ᠲᠤᠭᠲᠠᠭᠰᠠᠨ ᠬᠤᠭᠤᠴᠠᠭᠠᠨ ᠳᠤ ᠨᠡᠷ᠎ᠡ ᠮᠡᠳᠡᠭᠦᠯᠬᠦ ᠬᠡᠷᠡᠭᠲᠡᠢ᠃        ᠤᠷᠠᠯᠢᠭ ᠤᠨ ᠲᠦᠷᠦᠯ ᠤᠨ ᠲᠤᠰᠬᠠᠢ ᠮᠡᠷᠭᠡᠵᠢᠯ᠄ ᠲᠤᠰ ᠲᠦᠷᠦᠯ ᠤᠨ ᠤᠯᠤᠰ ᠤᠨ ᠨᠢᠭᠡᠲᠦᠯᠲᠡᠢ ᠰᠢᠯᠭᠠᠯᠲᠠ ᠪᠠ ᠬᠠᠮᠲᠤᠷᠠᠭᠰᠠᠨ ᠰᠢᠯᠭᠠᠯᠲᠠ 2017 ᠤᠨ ᠤ 1 ᠰᠠᠷ᠎ᠠ ᠳᠤ ᠶᠠᠪᠤᠭᠳᠠᠳᠠᠭ᠃ ᠡᠭᠦᠨ ᠳᠤ ᠤᠷᠠᠨ ᠵᠢᠷᠤᠭ᠂ ᠳᠠᠭᠤᠤ᠂ ᠨᠠᠶᠢᠷᠠᠭᠤᠯᠤᠨ ᠤᠳᠤᠷᠢᠳᠤᠭᠠᠴᠢ ᠶᠢᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠠᠪᠤᠭᠳᠠᠳᠠᠭ᠃        ᠤᠷᠠᠯᠢᠭ ᠤᠨ ᠲᠦᠷᠦᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ᠳᠠᠬᠢ ᠰᠢᠯᠭᠠᠯᠲᠠ 1-3 ᠰᠠᠷ᠎ᠠ ᠶᠢᠨ ᠬᠤᠭᠤᠷᠤᠨᠳᠤ ᠶᠠᠪᠤᠭᠳᠠᠳᠠᠭ᠃ ᠪᠤᠳᠠᠳᠠᠢ ᠴᠠᠭ ᠢ ᠰᠤᠷᠤᠭᠴᠢ ᠡᠯᠰᠡᠬᠦ ᠰᠤᠷᠭᠠᠭᠤᠯᠢ ᠶᠢᠨ ᠮᠡᠳᠡᠭᠡ ᠵᠠᠩᠭᠢ ᠳᠤ ᠠᠩᠬᠠᠷᠤᠯ ᠢᠶᠠᠨ ᠬᠠᠨᠳᠤᠭᠤᠯᠤᠭᠠᠷᠠᠢ᠃        ᠤᠷᠤᠨ ᠤ ᠲᠤᠲᠤᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠪᠠ ᠤᠯᠤᠰ ᠤᠨ ᠨᠢᠭᠡᠲᠦᠯᠲᠡᠢ ᠰᠢᠯᠭᠠᠯᠲᠠ ᠶᠢᠨ ᠪᠡᠶ᠎ᠡ ᠮᠠᠬᠠᠪᠤᠳ ᠤᠨ ᠪᠠᠶᠢᠴᠠᠭᠠᠯᠲᠠ᠄ ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠰᠤᠷᠤᠭᠴᠢ ᠡᠯᠰᠡᠯᠲᠡ ᠶᠡᠷᠦᠳᠡᠭᠡᠨ 3 ᠰᠠᠷ᠎ᠠ ᠶᠢᠨ ᠰᠡᠭᠦᠯᠴᠢ ᠪᠠᠷ ᠶᠠᠪᠤᠭᠳᠠᠵᠤ᠂ 4 ᠰᠠᠷ᠎ᠠ ᠶᠢᠨ 20 ᠤ ᠡᠳᠦᠷ ᠠᠴᠠ ᠡᠮᠦᠨ᠎ᠡ ᠰᠤᠷᠤᠭᠴᠢ ᠡᠯᠰᠡᠭᠰᠡᠨ ᠦᠷ᠎ᠡ ᠳ᠋ᠦᠩ ᠢ ᠳᠡᠭᠡᠭᠰᠢ ᠮᠡᠳᠡᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠤᠷᠤᠭᠴᠢ ᠶᠢ ᠤᠯᠤᠰ ᠤᠨ ᠨᠢᠭᠡᠲᠦᠯᠲᠡᠢ ᠰᠢᠯᠭᠠᠯᠲᠠ ᠳᠤ ᠤᠷᠤᠯᠴᠠᠭᠤᠯᠬᠤ ᠦᠭᠡᠢ᠃        ᠦᠨᠳᠦᠷ ᠲᠦᠪᠰᠢᠨ ᠪᠦᠬᠦᠢ ᠤᠷᠠᠯᠢᠭ ᠤᠨ ᠪᠦᠯᠬᠦᠮ ᠪᠠ ᠦᠨᠳᠦᠷ ᠲᠦᠪᠰᠢᠨ ᠪᠦᠬᠦᠢ ᠲᠠᠮᠢᠷᠴᠢᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠡᠷᠦᠳᠡᠭᠡᠨ ᠵᠢᠯ ᠤᠨ ᠡᠬᠢᠨ ᠢᠶᠠᠷ ᠶᠠᠪᠤᠭᠳᠠᠨ᠎ᠠ᠃ ᠦᠪᠡᠷᠲᠡᠭᠡᠨ ᠵᠠᠰᠠᠬᠤ ᠤᠷᠤᠨ ᠤ ᠨᠢᠭᠡᠲᠦᠯᠲᠡᠢ ᠱᠠᠭᠠᠷᠳᠠᠯᠭ᠎ᠠ ᠪᠠᠷ᠂ ᠦᠨᠳᠦᠷ ᠲᠦᠪᠰᠢᠨ ᠪᠦᠬᠦᠢ ᠲᠠᠮᠢᠷᠴᠢᠨ ᠪᠠ ᠡᠯ᠎ᠡ ᠲᠦᠷᠦᠯ ᠤᠨ ᠨᠢᠭᠡᠲᠦᠯᠲᠡᠢ ᠰᠢᠯᠭᠠᠯᠲᠠ ᠳᠤ ᠬᠤᠪᠢ ᠨᠡᠮᠡᠬᠦ ᠮᠠᠲ᠋ᠧᠷᠢᠶᠠᠯ ᠢᠶᠠᠨ ᠲᠤᠭᠲᠠᠭᠰᠠᠨ ᠬᠤᠭᠤᠴᠠᠭᠠᠨ ᠳᠤᠨᠢ ᠲᠤᠰᠢᠶᠠᠬᠤ ᠬᠡᠷᠡᠭᠲᠡᠢ᠃ ᠡᠰᠡ ᠲᠡᠭᠡᠪᠡᠯ ᠬᠤᠪᠢ ᠨᠡᠮᠡᠵᠦ ᠳᠡᠶᠢᠯᠬᠦ ᠦᠭᠡᠢ᠃        ᠰᠤᠷᠭᠠᠨ ᠬᠦᠮᠦᠵᠢᠯ ᠤᠨ ᠶᠠᠮᠤᠨ ᠤ ᠱᠠᠭᠠᠷᠳᠠᠯᠭ᠎ᠠ ᠪᠠᠷ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠨᠢ ᠤᠯᠤᠰ ᠤᠨ ᠨᠢᠭᠡᠲᠦᠯᠲᠡᠢ ᠰᠢᠯᠭᠠᠯᠲᠠ ᠶᠢᠨ ᠳᠠᠷᠠᠭᠠᠪᠠᠷ ᠶᠠᠪᠤᠭᠳᠠᠨ᠎ᠠ᠃ ᠭᠡᠬᠦ ᠳᠡᠭᠡᠨ ᠨᠡᠷ᠎ᠡ ᠮᠡᠳᠡᠭᠦᠯᠬᠦ ᠨᠢ ᠤᠯᠤᠰ ᠤᠨ ᠰᠢᠯᠭᠠᠯᠲᠠ ᠠᠴᠠ ᠡᠮᠦᠨ᠎ᠡ ᠶᠠᠪᠤᠭᠳᠠᠨ᠎ᠠ᠂ ᠭᠤᠤᠯᠳᠠᠭᠤ 2-3 ᠰᠠᠷ᠎ᠠ ᠶᠢᠨ ᠬᠤᠭᠤᠷᠤᠨᠳᠤ ᠶᠠᠪᠤᠭᠳᠠᠨ᠎ᠠ᠃        ᠤᠯᠤᠰ ᠤᠨ ᠨᠢᠭᠡᠲᠦᠯᠲᠠᠢ ᠰᠢᠯᠭᠠᠯᠲᠠ ᠶᠢᠨ ᠪᠡᠶ᠎ᠡ ᠮᠠᠬᠠᠪᠤᠳ ᠤᠨ ᠪᠠᠶᠢᠴᠠᠭᠠᠯᠲᠠ 3-4 ᠰᠠᠷ᠎ᠠ ᠳᠤ ᠶᠠᠪᠤᠭᠳᠠᠨ᠎ᠠ᠃ ᠦᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠪᠠᠷ ᠪᠦᠬᠦᠶᠢᠯᠡ ᠰᠢᠯᠭᠠᠭᠤᠯᠤᠭᠴᠢ ᠪᠡᠶ᠎ᠡ ᠮᠠᠬᠠᠪᠤᠳ ᠤᠨ ᠪᠠᠶᠢᠴᠠᠭᠠᠯᠲᠠ ᠳᠤ ᠤᠷᠤᠯᠴᠠᠬᠤ ᠬᠡᠷᠡᠭᠲᠡᠢ᠃ ᠬᠡᠰᠡᠭ ᠶᠡᠭᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠨᠢ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠳ᠋ᠦᠩ ᠳᠤ ᠱᠠᠭᠠᠷᠳᠠᠯᠭ᠎ᠠ ᠲᠠᠢ᠃        ᠰᠤᠷᠤᠭᠴᠢ ᠡᠯᠰᠡᠬᠦ ᠳᠦᠷᠢᠮ ᠪᠠ ᠪᠠᠲᠤᠯᠠᠨ ᠬᠦᠷᠭᠡᠬᠦ ᠰᠤᠷᠤᠭᠴᠢ᠄ ᠰᠤᠷᠤᠭᠴᠢ ᠡᠯᠰᠡᠬᠦ ᠰᠤᠷᠭᠠᠭᠤᠯᠢ ᠨᠢ 2017 ᠤᠨ ᠤ 4 ᠰᠠᠷ᠎ᠠ ᠠᠴᠠ ᠡᠬᠢᠯᠡᠨ ᠰᠤᠷᠤᠭᠴᠢ ᠡᠯᠰᠡᠬᠦ ᠳᠦᠷᠢᠮ ᠢᠶᠠᠨ ᠵᠠᠯᠭᠠᠪᠠᠷ ᠨᠡᠶᠢᠲᠡᠯᠡᠨ᠎ᠡ᠃        4 ᠰᠠᠷ᠎ᠠ ᠶᠢᠨ 10 ᠤ ᠡᠳᠦᠷ ᠠᠴᠠ ᠡᠮᠦᠨ᠎ᠡ᠂ ᠶᠡᠭᠡ ᠳᠡᠭᠡᠳᠦ ᠰᠤᠷᠭᠠᠭᠤᠯᠢ ᠳᠤ ᠪᠠᠲᠤᠯᠠᠨ ᠬᠦᠷᠭᠡᠬᠦ ᠰᠤᠷᠤᠭᠴᠢ ᠶᠢᠨ ᠬᠢᠷᠢ ᠬᠡᠮ ᠤᠨ ᠪᠠᠶᠢᠴᠠᠭᠠᠯᠲᠠ᠂ ᠰᠢᠯᠭᠠᠯᠲᠠ ᠬᠢᠨ᠎ᠡ᠂ ᠡᠯᠰᠡᠭᠰᠡᠨ ᠨᠡᠷᠡᠰ ᠢ ᠲᠤᠭᠲᠠᠭᠠᠭᠰᠠᠨ ᠤ ᠳᠠᠷᠠᠭ᠎ᠠ ᠰᠤᠷᠭᠠᠨ ᠬᠦᠮᠦᠵᠢᠯ ᠤᠨ ᠶᠠᠮᠤᠨ ᠤ ︽ᠨᠠᠷᠠᠨ ᠭᠡᠷᠡᠯᠲᠤ ᠤᠯᠤᠰ ᠤᠨ ᠨᠢᠭᠡᠲᠦᠯᠲᠡᠢ ᠰᠢᠯᠭᠠᠯᠲᠠ ᠶᠢᠨ ᠲᠠᠪᠴᠠᠩ︾ ᠪᠠ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠲᠤ ᠮᠡᠳᠡᠭᠦᠯᠵᠦ᠂ 4 ᠰᠠᠷ᠎ᠠ ᠶᠢᠨ ᠰᠡᠭᠦᠯᠴᠢ ᠪᠠᠷ ᠬᠢᠨᠠᠨ ᠬᠠᠷᠭᠤᠭᠤᠯᠵᠤ ᠤᠯᠠᠨ ᠳᠤ ᠵᠠᠷᠯᠠᠵᠤ᠂ ᠬᠠᠮᠢᠶ᠎ᠠ ᠪᠦᠬᠦᠢ ᠭᠠᠷ ᠭᠦᠢᠴᠡᠳᠬᠡᠯ ᠬᠢᠨ᠎ᠡ᠃        ᠰᠤᠷᠤᠭᠴᠢ ᠡᠯᠰᠡᠬᠦ ᠲᠦᠯᠦᠪᠯᠡᠭᠡ᠂ ᠲᠠᠮᠢᠷ ᠤᠨ ᠰᠢᠯᠭᠠᠯᠲᠠ᠂ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠄ 2017 ᠤᠨ ᠤ 5 ᠰᠠᠷ᠎ᠠ ᠠᠴᠠ ᠶᠡᠭᠡ ᠳᠡᠭᠡᠳᠦ ᠰᠤᠷᠭᠠᠭᠤᠯᠢ ᠰᠤᠷᠤᠭᠴᠢ ᠡᠯᠰᠡᠬᠦ ᠲᠦᠯᠦᠪᠯᠡᠭᠡ ᠪᠠᠨ ᠵᠠᠯᠭᠠᠪᠠᠷ ᠨᠡᠶᠢᠲᠡᠯᠡᠨ᠎ᠡ᠃ ᠰᠢᠯᠭᠠᠭᠤᠯᠤᠭᠴᠢ ᠰᠠᠶᠢᠲᠤᠷ ᠬᠠᠳᠠᠭᠠᠯᠠᠵᠤ ᠠᠪᠤᠭᠠᠷᠠᠢ᠃        5 ᠰᠠᠷ᠎ᠠ ᠳᠤ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠦᠷᠦᠯ ᠤᠨ ᠰᠢᠯᠭᠠᠯᠲᠠ ᠪᠠ ᠦᠨᠳᠦᠷ ᠲᠦᠪᠰᠢᠨ ᠪᠦᠬᠦᠢ ᠲᠠᠮᠢᠷᠴᠢᠨ ᠤ ᠨᠢᠭᠡᠲᠦᠯᠲᠡᠢ ᠰᠢᠯᠭᠠᠯᠲᠠ ᠶᠢᠨ ᠲᠠᠮᠢᠷ ᠤᠨ ᠬᠤᠪᠢ ᠨᠡᠮᠡᠬᠦ ᠰᠢᠯᠭᠠᠭᠤᠯᠤᠭᠴᠢ ᠶᠢᠨ ᠲᠠᠮᠢᠷ ᠤᠨ ᠰᠤᠷᠢᠯᠲᠠ ᠶᠠᠪᠤᠭᠳᠠᠨ᠎ᠠ᠃        5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠡᠬᠢ ᠪᠠᠷ᠂ ᠡᠯ᠎ᠡ ᠶᠡᠭᠡ ᠳᠡᠭᠡᠳᠦ ᠰᠤᠷᠭᠠᠭᠤᠯᠢ ᠨᠢ ᠤᠷᠠᠯᠢᠭ ᠤᠨ ᠲᠦᠷᠦᠯ ᠤᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃        ᠨᠢᠭᠡᠲᠦᠯᠲᠡᠢ ᠰᠢᠯᠭᠠᠯᠲᠠ᠂ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ᠄ 2017 ᠤᠨ ᠤ 6 ᠰᠠᠷ᠎ᠠ ᠶᠢᠨ 7 ᠠᠴᠠ ᠨᠢᠭᠡᠲᠦᠯᠲᠡᠢ ᠰᠢᠯᠭᠠᠯᠲᠠ ᠶᠠᠪᠤᠭᠳᠠᠵᠤ᠂ 23 ᠤ ᠡᠳᠦᠷ ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠭᠴᠢ ᠡᠯᠰᠡᠬᠦ ᠬᠤᠪᠢ ᠶᠢᠨ ᠱᠤᠭᠤᠮ ᠢ ᠨᠡᠶᠢᠲᠡᠯᠡᠨ᠎ᠡ᠃ ᠴᠡᠷᠢᠭ ᠤᠨ ᠶᠠᠪᠤᠳᠠᠯ᠂ ᠲᠤᠲᠤᠭᠠᠲᠤ ᠶᠢ ᠬᠠᠮᠠᠭᠠᠯᠠᠬᠤ᠂ ᠲᠤᠲᠤᠭᠠᠲᠤ ᠶᠢ ᠬᠠᠮᠠᠭᠠᠯᠠᠬᠤ ᠪᠡᠯᠡᠳᠬᠡᠯ ᠠᠯᠪᠠ᠂ ᠬᠠᠤᠯᠢ ᠴᠠᠭᠠᠵᠠ᠂ ᠪᠡᠭᠡᠵᠢᠩ ᠤᠨ ᠡᠯᠧᠺᠲᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠤ ᠡᠷᠡᠮᠡᠯᠵᠡᠯ ᠲᠠᠭᠯᠠᠬᠤ ᠰᠠᠨᠠᠭ᠎ᠠ ᠲᠠᠢ ᠰᠤᠷᠤᠭᠴᠢᠳ ᠲᠤᠭᠲᠠᠭᠰᠠᠨ ᠴᠠᠭ ᠲᠤ ᠤᠯᠤᠰ ᠲᠦᠷᠦ ᠶᠢᠨ ᠬᠢᠨᠠᠨ ᠪᠠᠶᠢᠴᠠᠭᠠᠯᠲᠠ᠂ ᠨᠢᠭᠤᠷᠳᠡᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠵᠡᠷᠭᠡ ᠳᠤ ᠤᠷᠤᠯᠴᠠᠬᠤ ᠬᠡᠷᠡᠭᠲᠡᠢ᠃        ᠡᠷᠡᠮᠡᠯᠵᠡᠯ ᠲᠠᠭᠯᠠᠬᠤ ᠪᠠ ᠰᠤᠷᠤᠭᠴᠢ ᠡᠯᠰᠡᠬᠦ᠄ 2017 ᠤᠨ ᠤ 7 ᠰᠠᠷ᠎ᠠ ᠠᠴᠠ ᠡᠬᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号