ᠰᠤᠮᠤᠨ ᠤ ᠮᠤᠩᠭᠤᠯ ᠰᠤᠷᠭᠠᠭᠤᠯᠢ ᠰᠡᠷᠭᠦᠭᠡᠭᠳᠡᠵᠦ ᠡᠬᠢᠯᠡᠭᠰᠡᠨ ᠰᠠᠶᠢᠬᠠᠨ ᠴᠢᠮᠡᠭᠡ
ᠨᠡᠶᠢᠲᠡᠯᠡᠭᠰᠡᠨ ᠴᠠᠭ᠄
2016-09-27
       ᠠᠯᠲᠠᠨ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ᠂ ᠮᠠᠨ ᠤ ᠤᠷᠤᠨ ᠤ ᠵᠠᠷᠢᠮ ᠬᠤᠰᠢᠭᠤ ᠨᠤᠲᠤᠭ ᠤᠨ ᠰᠤᠮᠤ ᠪᠠᠯᠭᠠᠰᠤ ᠪᠠᠷ ᠮᠤᠩᠭᠤᠯ ᠪᠠᠭ᠎ᠠ ᠰᠤᠷᠭᠠᠭᠤᠯᠢ ᠳᠠᠬᠢᠨ ᠡᠭᠦᠳᠡ ᠡᠷᠦᠬᠡ ᠪᠠᠨ ᠰᠡᠬᠦᠵᠦ᠂ ᠬᠦᠳᠡᠭᠡ ᠨᠤᠲᠤᠭ ᠤᠨ ᠬᠡᠦᠬᠡᠳ ᠢᠶᠠᠨ ᠬᠠᠯᠠᠭᠤᠨ ᠡᠯᠢᠭᠡᠨ ᠳᠡᠭᠡᠨ ᠲᠤᠰᠤᠭᠰᠠᠨ ᠰᠠᠶᠢᠬᠠᠨ ᠴᠢᠮᠡᠭᠡ ᠬᠠ ᠶᠠ ᠦᠭᠡᠢ ᠳᠤᠭᠤᠯᠳᠠᠵᠤ᠂ ᠰᠦᠯᠵᠢᠶ᠎ᠡ ᠬᠤᠯᠪᠤᠭ᠎ᠠ ᠪᠠᠷ ᠳᠠᠮᠵᠢᠭᠳᠠᠨ ᠨᠡᠶᠢᠭᠡᠮ ᠤᠨ ᠬᠠᠯᠠᠮᠰᠢᠯ ᠵᠤᠭᠤᠭ ᠪᠤᠯᠵᠤ ᠪᠠᠶᠢᠯ᠎ᠠ᠃ 2005 ᠤᠨ ᠠᠴᠠ ᠨᠠᠰᠢ᠂ ᠨᠡᠶᠢᠭᠡᠮ ᠤᠨ ᠬᠦᠭᠵᠢᠯᠲᠡ᠂ ᠬᠤᠲᠠᠴᠢᠯᠠᠯᠲᠠ ᠶᠢᠨ ᠤᠷᠤᠰᠬᠠᠯ ᠢ ᠳᠠᠭᠠᠯᠳᠤᠨ᠂ ᠤᠬᠤᠷᠬᠠᠨ ᠬᠡᠳᠦᠨ ᠵᠢᠯ ᠤᠨ ᠬᠤᠭᠤᠷᠤᠨᠳᠤ ᠮᠠᠨ ᠤ ᠤᠷᠤᠨ ᠤ ᠰᠤᠮᠤ ᠪᠠᠯᠭᠠᠰᠤᠨ ᠳᠠᠬᠢ ᠤᠯᠠᠩᠬᠢ ᠮᠤᠩᠭᠤᠯ ᠰᠤᠷᠭᠠᠭᠤᠯᠢ ᠨᠤᠭᠤᠳ ᠰᠤᠷᠤᠭᠴᠢ ᠪᠠᠷ ︽ᠶᠠᠳᠠᠭᠤᠷᠠᠵᠤ︾᠂ ᠠᠷᠭ᠎ᠠ ᠪᠤᠰᠤ ᠡᠭᠦᠳᠡ ᠪᠠᠨ ᠬᠠᠭᠠᠬᠤ ᠬᠡᠮᠵᠢᠶᠡᠨ ᠳᠤ ᠬᠦᠷᠴᠦ᠂ ᠬᠤᠰᠢᠭᠤᠨ ᠲᠦᠪ ᠲᠤ ᠰᠢᠯᠵᠢᠭᠰᠡᠨ ᠪᠢᠯᠡ᠃ ᠡᠨᠡ ᠨᠢ ᠬᠡᠳᠦᠶᠢᠪᠡᠷ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠵᠤ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠬᠡᠵᠦ ᠴᠢᠳᠠᠭᠰᠠᠨ ᠪᠤᠯᠪᠠᠴᠤ ᠮᠠᠯᠵᠢᠬᠤ ᠲᠠᠷᠢᠶᠠᠯᠠᠬᠤ ᠤᠷᠤᠨ ᠤ ᠮᠠᠯᠴᠢᠨ ᠲᠠᠷᠢᠶᠠᠴᠢᠳ ᠤᠨ ᠠᠵᠤ ᠠᠬᠤᠢ ᠶᠢᠨ ᠲᠠᠯ᠎ᠠ ᠶᠢᠨ ᠳᠠᠷᠤᠭᠠᠰᠤ ᠶᠢ ᠶᠡᠬᠡᠬᠡᠨ ᠨᠡᠮᠡᠭᠳᠡᠭᠦᠯᠦᠭᠰᠡᠨ ᠪᠠᠶᠢᠯ᠎ᠠ᠃        — ᠬᠦᠳᠡᠭᠡ ᠶᠢᠨ ᠬᠦᠮᠦᠰ ᠬᠡᠦᠬᠡᠳ ᠢᠶᠠᠨ ᠬᠤᠲᠠ ᠶᠢᠨ ᠰᠤᠷᠭᠠᠭᠤᠯᠢ ᠳᠤ ᠪᠢᠴᠢᠭ ᠦᠵᠡᠭᠦᠯᠬᠦ ᠳᠤ ᠭᠡᠷ ᠤᠨ ᠠᠬᠠᠮᠠᠳ ᠤᠨ ᠨᠢᠭᠡ ᠨᠢ ᠵᠠᠪᠠᠯ ᠳᠠᠭᠠᠵᠤ ᠬᠤᠲᠠ ᠳᠤ ᠭᠡᠷ ᠳᠦᠷᠢᠶᠡᠰᠦᠯᠡᠵᠦ ᠰᠠᠭᠤᠬᠤ ᠪᠤᠶᠤ ᠲᠦᠷᠦᠯ ᠰᠠᠳᠤᠨ ᠤ ᠳᠠᠭᠠᠨ ᠰᠠᠭᠤᠯᠭᠠᠵᠤ᠂ 1 ᠬᠡᠦᠬᠡᠳ ᠰᠠᠷ᠎ᠠ ᠳᠠᠭᠠᠨ ᠪᠠᠷᠤᠭ 2000 ᠲᠦᠭᠦᠷᠢᠭ ᠬᠢᠷᠢᠲᠡᠢ ᠵᠠᠷᠤᠯᠭ᠎ᠠ ᠬᠡᠷᠡᠭᠰᠡᠳᠡᠭ᠃ ᠡᠨᠡ ᠬᠤᠶᠠᠷ ᠵᠢᠯ ᠮᠠᠯ ᠤᠨ ᠦᠨ᠎ᠡ ᠪᠠᠭᠤᠷᠠᠭᠰᠠᠨ ᠠᠴᠠ ᠡᠳᠡᠭᠡᠷ ᠵᠠᠷᠤᠳᠠᠯ ᠨᠢ ᠮᠠᠯᠴᠢᠳ ᠲᠤ ᠠᠪᠴᠤ ᠬᠡᠯᠡᠪᠡᠯ ᠪᠠᠭ᠎ᠠ ᠪᠤᠰᠤ ᠳᠠᠷᠤᠭᠠᠰᠤ ᠪᠤᠯᠳᠠᠭ ᠰᠢᠦ ᠭᠡᠵᠦ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠦᠪᠦᠷᠪᠤᠯᠠᠭ ᠰᠤᠮᠤᠨ ᠤ ᠪᠠᠭ᠎ᠠ ᠰᠤᠷᠭᠠᠭᠤᠯᠢ ᠶᠢᠨ ᠵᠠᠬᠢᠷᠤᠯ ᠡᠷᠳᠡᠮᠲᠦ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃        8 ᠵᠢᠯ ᠤᠨ ᠡᠮᠦᠨ᠎ᠡ᠂ ᠦᠪᠦᠷᠪᠤᠯᠠᠭ ᠰᠤᠮᠤᠨ ᠤ ᠪᠠᠭ᠎ᠠ ᠰᠤᠷᠭᠠᠭᠤᠯᠢ ᠨᠢ ᠲᠦᠪᠯᠡᠷᠡᠭᠦᠯᠵᠦ ᠰᠤᠷᠭᠠᠭᠤᠯᠢ ᠡᠷᠬᠢᠯᠡᠬᠦ ᠪᠤᠯᠤᠨ ᠬᠤᠲᠠᠴᠢᠯᠠᠯᠲᠠ ᠶᠢᠨ ᠤᠷᠤᠰᠬᠠᠯ ᠳᠤ ᠠᠷᠭ᠎ᠠ ᠪᠤᠰᠤ ᠡᠭᠦᠳᠡ ᠪᠠᠨ ᠬᠠᠭᠠᠭᠰᠠᠨ ᠶᠤᠮ᠃ ᠡᠨᠡ ᠨᠠᠮᠤᠷ ᠲᠡᠳᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠯᠠᠮᠵᠢᠯᠠᠯ ᠳᠤᠤᠷ᠎ᠠ᠂ ᠰᠤᠮᠤᠨ ᠤ ᠪᠠᠭ᠎ᠠ ᠰᠤᠷᠭᠠᠭᠤᠯᠢ ᠪᠠᠨ ᠲᠠᠬᠢᠨ ᠰᠡᠷᠭᠦᠭᠡᠭᠰᠡᠨ ᠢᠶᠠᠷ ᠪᠠᠷᠠᠬᠤ ᠦᠭᠡᠢ᠂ ᠴᠤ᠋ ᠰᠢᠨ᠎ᠡ ᠰᠤᠷᠭᠠᠭᠤᠯᠢ ᠶᠢᠨ ᠠᠰᠠᠷ᠂ ᠠᠩᠭᠢ ᠶᠢᠨ ᠭᠡᠷ ᠲᠠᠢ ᠪᠤᠯᠵᠤ᠂ ᠲᠡᠷᠡᠴᠢᠯᠡᠨ ᠨᠢᠭᠡᠳᠦᠭᠡᠷ ᠤᠨ ᠳᠠᠭᠠᠨ 17 ᠰᠤᠷᠤᠭᠴᠢ ᠡᠯᠰᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠤᠷᠳᠤᠰ ᠬᠤᠲᠠ ᠶᠢᠨ ᠦᠦᠰᠢᠨ ᠬᠤᠰᠢᠭᠤᠨ ᠤ ᠲᠤᠭ ᠪᠠᠯᠭᠠᠰᠤ᠂ ᠦᠦᠰᠢᠨᠵᠤᠤ ᠪᠠᠯᠭᠠᠰᠤ ᠵᠢᠴᠢ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠮᠠᠨᠳᠤᠯ ᠰᠤᠮᠤᠨ ᠤ ᠪᠠᠭ᠎ᠠ ᠰᠤᠷᠭᠠᠭᠤᠯᠢ ᠡᠨᠡ ᠨᠠᠮᠤᠷ ᠴᠦᠮ ᠨᠢᠭᠡᠳᠦᠭᠡᠷ ᠤᠨ ᠤ ᠰᠤᠷᠤᠭᠴᠢ ᠡᠯᠰᠡᠵᠦ᠂ ᠰᠤᠷᠭᠠᠭᠤᠯᠢ ᠪᠠᠨ ᠰᠡᠷᠭᠦᠭᠡᠬᠦ ᠰᠢᠨ᠎ᠡ ᠲᠤᠷᠰᠢᠴᠠ ᠶᠢ ᠬᠢᠵᠦ ᠡᠬᠢᠯᠡᠭᠰᠡᠨ ᠨᠢ ᠨᠡᠩ ᠴᠦ ᠬᠦᠮᠦᠰ ᠤᠨ ᠰᠡᠳᠬᠢᠯ ᠢ ᠤᠷᠮᠠᠰᠢᠭᠤᠯᠤᠮ᠎ᠠ ᠪᠠᠶᠠᠷᠯᠠᠭᠤᠰᠢᠲᠠᠢ ᠴᠢᠮᠡᠭᠡ ᠪᠤᠯᠤᠭᠰᠠᠨ ᠪᠠᠶᠢᠨ᠎ᠠ᠃        ᠲᠤᠭ ᠪᠠᠯᠭᠠᠰᠤᠨ ᠤ ᠮᠤᠩᠭᠤᠯ ᠪᠠᠭ᠎ᠠ ᠰᠤᠷᠭᠠᠭᠤᠯᠢ 2009 ᠤᠨ ᠳᠤ ᠬᠤᠰᠢᠭᠤᠨ ᠲᠦᠪ ᠲᠤ ᠰᠢᠯᠵᠢᠨ᠂ ᠲᠡᠨᠳᠡᠬᠢ ᠪᠠᠭ᠎ᠠ ᠰᠤᠷᠭᠠᠭᠤᠯᠢ ᠲᠠᠢ ᠨᠡᠶᠢᠯᠡᠭᠰᠡᠨ ᠠᠴᠠ ᠬᠤᠶᠢᠰᠢ ᠲᠤᠭ ᠪᠠᠯᠭᠠᠰᠤᠨ ᠳᠤ ᠵᠦᠪᠬᠡᠨ ᠬᠡᠦᠬᠡᠳ ᠤᠨ ᠴᠡᠴᠡᠷᠯᠢᠭ ᠠᠴᠠ ᠦᠭᠡᠷ᠎ᠡ ᠰᠤᠷᠭᠠᠭᠤᠯᠢ ᠦᠭᠡᠢ ᠪᠤᠯᠵᠠᠢ᠃ ᠭᠡᠪᠡᠴᠦ ᠨᠠᠮ ᠵᠠᠰᠠᠭ ᠤᠨ ᠲᠤᠶᠠᠭᠠᠯᠠᠯ ᠪᠠ ᠪᠠᠭᠰᠢ ᠭᠡᠷ ᠤᠨ ᠠᠬᠠᠮᠠᠳ ᠤᠨ ᠬᠠᠮᠲᠤ ᠶᠢᠨ ᠴᠢᠷᠮᠠᠶᠢᠯᠭ᠎ᠠ ᠪᠠᠷ 2016 ᠤᠨ ᠤ 9 ᠰᠠᠷ᠎ᠠ ᠳᠤ ᠲᠤᠭ ᠬᠡᠦᠬᠡᠳ ᠤᠨ ᠴᠡᠴᠡᠷᠯᠢᠭ ᠨᠢ ᠪᠠᠭ᠎ᠠ ᠰᠤᠷᠭᠠᠭᠤᠯᠢ ᠶᠢᠨ ᠰᠢᠨᠵᠢ ᠲᠠᠢ ᠪᠠᠷ ᠨᠢᠭᠡᠳᠦᠭᠡᠷ ᠤᠨ ᠤ ᠰᠤᠷᠤᠭᠴᠢ ᠡᠯᠰᠡᠨ᠂ ᠲᠤᠰ ᠭᠠᠵᠠᠷ ᠤᠷᠤᠨ ᠤ ᠮᠠᠯᠴᠢᠨ ᠲᠠᠷᠢᠶᠠᠴᠢᠳ ᠤᠨ ᠬᠡᠦᠬᠡᠳ ᠬᠤᠰᠢᠭᠤᠨ ᠲᠦᠪ ᠲᠤ ᠬᠦᠷᠴᠦ ᠰᠤᠷᠭᠠᠭᠤᠯᠢ ᠳᠤ ᠰᠠᠭᠤᠬᠤ ᠶᠠᠪᠤᠳᠠᠯ ᠢ ᠳᠦᠭᠦᠮᠴᠢᠯᠡᠭᠰᠡᠨ ᠪᠠᠶᠢᠨ᠎ᠠ᠃ ᠤᠳᠤ ᠲᠤᠰ ᠠᠩᠭᠢ ᠳᠤ 18 ᠬᠡᠦᠬᠡᠳ ᠨᠡᠷ᠎ᠡ ᠮᠡᠳᠡᠭᠦᠯᠦᠨ᠂ 6 ᠪᠠᠭᠰᠢ ᠠᠵᠢᠯᠲᠠᠨ ᠲᠠᠢ᠃        ᠦᠦᠰᠢᠨᠵᠤᠤ ᠪᠠᠯᠭᠠᠰᠤᠨ ᠤ ᠮᠤᠩᠭᠤᠯ ᠪᠠᠭ᠎ᠠ ᠰᠤᠷᠭᠠᠭᠤᠯᠢ 2007 ᠤᠨ ᠳᠤ 100 ᠭᠠᠷᠤᠢ ᠰᠤᠷᠤᠭᠴᠢ  ᠲᠠᠢ ᠪᠠᠨ ᠬᠤᠰᠢᠭᠤᠨ ᠲᠦᠪ ᠲᠤ ᠰᠢᠯᠵᠢᠪᠡ᠃ ᠦᠨᠦᠳᠦᠷ ᠮᠦᠨ ᠳᠡᠭᠡᠷᠡᠬᠢ ᠵᠢᠱᠢᠶ᠎ᠡ ᠲᠠᠢ ᠠᠳᠠᠯᠢᠬᠠᠨ ᠢᠶᠠᠷ ᠦᠦᠰᠢᠨᠵᠤᠤ ᠬᠡᠦᠬᠡᠳ ᠤᠨ ᠴᠡᠴᠡᠷᠯᠢᠭ ᠨᠢ ᠪᠠᠭ᠎ᠠ ᠰᠤᠷᠭᠠᠭᠤᠯᠢ ᠶᠢᠨ ᠰᠢᠨᠵᠢ ᠬᠡᠯᠪᠡᠷᠢ ᠲᠠᠢ ᠪᠠᠷ ᠨᠢᠭᠡᠳᠦᠭᠡᠷ ᠤᠨ ᠳᠤ ᠰᠤᠷᠤᠭᠴᠢ ᠡᠯᠰᠡᠨ᠂ ᠢᠩᠭᠢᠭᠡᠳ 8 ᠰᠤᠷᠤᠭᠴᠢ ᠲᠠᠢ᠂ ᠴᠡᠴᠡᠷᠯᠢᠭ ᠤᠨ ᠪᠠᠭᠰᠢ ᠪᠠ ᠤᠷᠢᠭᠰᠠᠨ ᠪᠠᠭᠰᠢ ᠲᠠᠢ ᠬᠠᠮᠲᠤ ᠬᠢᠴᠢᠶᠡᠯ ᠤᠷᠤᠵᠤ ᠪᠠᠶᠢᠭ᠎ᠠ ᠶᠤᠮ ᠪᠠᠶᠢᠨ᠎ᠠ᠃        ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠮᠠᠨᠳᠤᠯ ᠤᠨ ᠤᠯᠠᠨ ᠤᠯᠤᠰ ᠤᠨ ᠨᠦᠬᠦᠷᠯᠡᠯ ᠤᠨ ᠰᠤᠷᠭᠠᠭᠤᠯᠢ ᠨᠢ ᠦᠨᠦ ᠵᠢᠯ ᠴᠡᠴᠡᠷᠯᠢᠭ ᠲᠡᠭᠡᠨ ᠲᠤᠰ ᠪᠠᠯᠭᠠᠰᠤᠨ ᠤ ᠮᠠᠯᠴᠢᠳ ᠤᠨ 12 ᠬᠡᠦᠬᠡᠳ ᠢ ᠡᠯᠰᠡᠵᠦ᠂ ᠡᠳᠡᠭᠡᠷ ᠬᠡᠦᠬᠡᠳ ᠲᠤ ᠪᠠᠯᠴᠢᠷ ᠪᠠᠭ᠎ᠠ ᠨᠠᠰᠤᠨ ᠳᠠᠭᠠᠨ ᠴᠡᠴᠡᠷᠯᠢᠭ ᠲᠤ ᠰᠠᠭᠤᠬᠤ ᠭᠡᠵᠦ ᠬᠤᠰᠢᠭᠤᠨ ᠲᠦᠪ ᠢ ᠵᠤᠷᠢᠭ᠎ᠠ ᠦᠭᠡᠢ ᠠᠪᠤ ᠡᠵᠢ ᠶᠢᠨ ᠢᠶᠠᠨ ᠬᠠᠵᠠᠭᠤᠳᠠ᠂ ᠬᠠᠯᠠᠭᠤᠨ ᠳᠤᠯᠠᠭᠠᠨ ᠭᠡᠷ ᠪᠦᠯᠢ ᠳᠡᠭᠡᠨ ᠰᠠᠭᠤᠵᠤ ᠴᠡᠴᠡᠷᠯᠢᠭ ᠲᠤ ᠰᠠᠭᠤᠬᠤ ᠪᠢᠴᠢᠭ ᠰᠤᠶᠤᠯ ᠤᠨ ᠮᠦᠷ ᠬᠦᠭᠡᠭᠡᠬᠦ ᠠᠵᠠ ᠵᠠᠪᠰᠢᠶᠠᠨ ᠲᠤᠬᠢᠶᠠᠵᠠᠢ᠃        ᠮᠠᠨᠳᠤᠯ ᠰᠤᠷᠭᠠᠭᠤᠯᠢ ᠶᠢᠨ ᠲᠡᠦᠬᠡ ᠶᠢ ᠰᠡᠬᠦᠬᠦ ᠳᠤ᠂ ᠰᠢᠨ᠎ᠡ ᠵᠠᠭᠤᠨ ᠳᠤ ᠤᠷᠤᠭᠰᠠᠨ ᠠᠴᠠ ᠨᠠᠰᠢᠬᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠳᠤ ᠦᠨᠳᠦᠰᠦᠨ ᠱᠠᠲᠤᠨ ᠤ ᠨᠦᠬᠦᠴᠡᠯ ᠪᠠᠷᠤᠭᠲᠠᠢ ᠰᠤᠷᠭᠠᠭᠤᠯᠢ ᠶᠢ ᠬᠠᠰᠤᠨ ᠴᠤᠮᠬᠠᠳᠬᠠᠵᠤ᠂ ᠲᠡᠷᠢᠭᠦᠨ ᠤ ᠲᠤᠨᠤᠭ ᠲᠦᠬᠦᠭᠡᠷᠦᠮᠵᠢ ᠰᠠᠶᠢᠲᠠᠢ ᠬᠤᠰᠢᠭᠤ ᠪᠠᠯᠭᠠᠰᠤᠨ ᠤ ᠲᠦᠪ ᠲᠤ ᠨᠡᠶᠢᠯᠡᠭᠦᠯᠬᠦ ᠦᠶ᠎ᠡ ᠪᠠᠷ ᠲᠤᠰ ᠰᠤᠷᠭᠠᠭᠤᠯᠢ ᠨᠢ ᠰᠢᠷᠠᠮᠦ᠋ᠷᠡᠨ ᠰᠤᠮᠤ ᠶᠢᠨ ᠰᠤᠷᠭᠠᠭᠤᠯᠢ ᠲᠠᠢ ᠬᠠᠮᠲᠤ ᠡᠨᠡᠬᠦ ᠬᠡᠪᠴᠢᠶᠡᠨ ᠳᠤ ᠪᠠᠭᠲᠠᠭᠳᠠᠭᠰᠠᠨ ᠦᠭᠡᠢ ᠨᠤᠲᠤᠭ ᠢᠶᠠᠨ ᠰᠠᠬᠢᠵᠤ ᠬᠤᠴᠤᠷᠬᠤ ᠵᠠᠪᠰᠢᠶᠠᠨ ᠤᠯᠭᠤᠭᠰᠠᠨ ᠴᠦ ᠲᠤᠰ ᠬᠤᠰᠢᠭᠤᠨ ᠤ ᠡᠯ᠎ᠡ ᠰᠤᠮᠤ ᠭᠠᠴᠠᠭᠠᠨ ᠤ ᠰᠤᠷᠭᠠᠭᠤᠯᠢ ᠶᠢ ᠪᠦᠷ ᠬᠠᠰᠤᠵᠤ ᠨᠡᠶᠢᠯᠡᠭᠦᠯᠦᠭᠰᠡᠨ ᠠᠴᠠ ᠲᠤᠬᠠᠢ ᠶᠢᠨ ᠦᠶ᠎ᠡ ᠳᠤ ᠵᠠᠮ ᠨᠡᠪᠲᠡᠷᠡᠯᠭᠡ ᠳᠦᠭᠦᠮ ᠦᠭᠡᠢ᠂ ᠰᠤᠷᠭᠠᠭᠤᠯᠢ ᠶᠢᠨ ᠨᠦᠬᠦᠴᠡᠯ ᠪᠠᠷᠤᠭᠲᠠᠢ᠂ ᠤᠯᠠᠩᠬᠢ ᠮᠠᠯᠴᠢᠳ ᠤᠨ ᠬᠡᠦᠬᠡᠳ ᠬᠤᠲᠠ ᠤᠷᠤᠵᠤ ᠪᠢᠴᠢᠭ ᠦᠵᠡᠬᠦ ᠤᠷᠤᠰᠬᠠᠯ ᠪᠤᠯᠤᠭᠰᠠᠨ ᠪᠤᠶᠤ ᠰᠤᠷᠭᠠᠭᠤᠯᠢ ᠶᠢᠨ ᠬᠡᠦᠬᠡᠳ ᠨᠢ ᠶᠠᠪᠤᠬᠤ ᠲᠤᠲᠤᠮ ᠢᠶᠠᠨ ᠴᠦᠬᠡᠷᠡᠬᠦ ᠶᠢ ᠳᠠᠭᠠᠯᠳᠤᠨ ᠲᠤᠰ ᠰᠤᠷᠭᠠᠭᠤᠯᠢ ᠪᠠᠨ 2006 ᠤᠨ ᠳᠤ ᠬᠤᠰᠢᠭᠤᠨ ᠲᠦᠪ ᠲᠤ ᠨᠡᠶᠢᠯᠡᠭᠦᠯᠦᠭᠰᠡᠨ ᠪᠠᠶᠢᠨ᠎ᠠ ᠭᠡᠵᠦ ᠤᠳᠤ ᠶᠢᠨ ᠰᠤᠷᠭᠠᠭᠤᠯᠢ ᠶᠢᠨ ᠵᠠᠬᠢᠷᠤᠯ ᠰᠠᠩᠪᠤ ᠰᠤᠷᠪᠤᠯᠵᠢᠯᠠᠭᠴᠢ ᠳᠤ ᠤᠴᠢᠷᠯᠠᠭᠰᠠᠨ ᠪᠢᠯᠡ᠃        ᠲᠡᠭᠡᠪᠡᠯ᠂ ᠰᠤᠷᠤᠭᠴᠢ ᠴᠦᠬᠡᠷᠡᠭᠡᠳ ᠠᠷᠭ᠎ᠠ ᠪᠤᠰᠤ ᠬᠠᠰᠤᠵᠤ ᠨᠡᠶᠢᠯᠡᠭᠦᠯᠦᠭᠰᠡᠨ ᠰᠤᠷᠭᠠᠭᠤᠯᠢ ᠶᠢ ᠶᠠᠭᠠᠬᠢᠭᠠᠳ ᠡᠨᠡ ᠵᠢᠯ ᠲᠠᠬᠢᠨ ᠰᠡᠷᠭᠦᠭᠡᠨ ᠪᠠᠶᠢᠭᠤᠯᠤᠭᠰᠠᠨ ᠲᠤᠬᠠᠢ ᠰᠠᠩᠪᠤ ᠵᠠᠬᠢᠷᠤᠯ ᠤᠨ ᠶᠠᠷᠢᠬᠤ ᠪᠠᠷ᠄        — ᠨᠢᠳᠦᠨᠦᠨ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨᠳᠤᠯ ᠪᠤᠭᠤᠮᠲᠠ ᠶᠢ ᠵᠢᠯ ᠲᠤᠵᠢ ᠨᠡᠭᠡᠭᠡᠬᠦ ᠶᠢ ᠵᠦᠪᠰᠢᠶᠡᠷᠡᠭᠰᠡᠨ ᠠᠴᠠ ᠲᠤᠰ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠠᠶᠢᠴᠢᠯᠡᠵᠤ᠂ ᠬᠢᠯᠢ ᠳᠠᠭᠠᠤ ᠠᠷᠠᠯᠵᠢᠶ᠎ᠠ ᠬᠢᠳᠡᠭ ᠬᠦᠮᠦᠰ ᠤᠯᠠᠰᠢᠷᠠᠵᠤ᠂ ᠮᠦᠨ ᠴᠦ ᠮᠤᠩᠭᠤᠯ ᠤᠯᠤᠰ ᠤᠨ ᠬᠢᠨ ᠴᠦ ᠳᠤᠮᠳᠠᠳᠤ ᠤᠯᠤᠰ ᠯᠤᠭ᠎ᠠ ᠰᠤᠶᠤᠯ ᠤᠨ ᠰᠤᠯᠢᠯᠴᠠᠭ᠎ᠠ ᠬᠢᠵᠦ ᠬᠠᠷᠢᠯᠴᠠᠨ ᠰᠤᠷᠤᠭᠴᠢ ᠬᠦᠮᠦᠵᠢᠭᠦᠯᠬᠦ ᠰᠠᠨᠠᠭ᠎ᠠ ᠲᠠᠢ ᠪᠠᠶᠢᠬᠤ᠂ ᠦᠷ᠎ᠡ ᠬᠡᠦᠬᠡᠳ ᠢᠶᠠᠨ ᠪᠢᠴᠢᠭ ᠦᠵᠡᠭᠦᠯᠦᠨ᠎ᠡ ᠭᠡᠵᠦ ᠬᠤᠰᠢᠭᠤᠨ ᠲᠦᠪ ᠢ ᠵᠤᠷᠢᠳᠠᠭ ᠮᠠᠯᠴᠢᠳ ᠴᠦ ᠨᠤᠲᠤᠭ ᠤᠰᠤᠨ ᠳᠠᠭᠠᠨ ᠰᠤᠷᠭᠠᠭᠤᠯᠢ ᠲᠠᠢ ᠪᠠᠶᠢᠬᠤ ᠶᠢ ᠬᠦᠰᠡᠨ ᠱᠠᠭᠠᠷᠳᠠᠬᠤ ᠪᠤᠯᠤᠭᠰᠠᠨ ᠠᠴᠠ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠨᠢ ᠬᠤᠰᠢᠭᠤᠨ ᠤ ᠪᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ ᠲᠤᠰ ᠰᠤᠷᠭᠠᠭᠤᠯᠢ ᠶᠢ ᠰᠡᠷᠭᠦᠭᠡᠨ‌‍ᠪᠠᠶᠢᠭᠤᠯᠬᠤ ᠪᠠᠷ ᠲᠤᠭᠲᠠᠭᠰᠠᠨ ᠪᠦᠭᠡᠳ ᠠᠷᠪᠠ ᠶᠢ ᠪᠦᠷᠬᠦᠭᠦᠯᠬᠦ ᠢᠨᠵᠧᠨᠧᠷᠢᠩ ᠤᠨ ᠠᠴᠢ ᠭᠠᠪᠢᠶ᠎ᠠ ᠪᠠᠷ ᠲᠤᠰ ᠰᠤᠷᠭᠠᠭᠤᠯᠢ ᠪᠠᠨ ᠵᠠᠰᠠᠨ ᠰᠢᠨᠡᠳᠬᠡᠵᠦ ᠪᠠᠶᠢᠭ᠎ᠠ ᠶᠤᠮ᠂ ᠲᠤᠨᠤᠭ ᠲᠦᠬᠦᠭᠡᠷᠦᠮᠵᠢ ᠶᠢᠨ ᠲᠠᠯ᠎ᠠ ᠪᠠᠷ ᠨᠡᠩ ᠪᠦᠷᠢᠨ ᠲᠡᠭᠦᠯᠳᠡᠷ ᠪᠤᠯᠭᠠᠬᠤ ᠶᠢᠨ ᠡᠭᠦᠳᠡᠨ ᠠᠴᠠ ᠦᠨᠦ ᠵᠢᠯ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠭᠰᠡᠨ ᠦᠭᠡᠢ ᠢᠷᠡᠬᠦ ᠵᠢᠯ ᠠᠴᠠ ᠰᠤᠷᠤᠭᠴᠢ ᠡᠯᠰᠡᠬᠦ ᠪᠠᠷ ᠱᠠᠯᠠᠪᠳᠠᠭᠤᠯᠤᠨ ᠪᠡᠯᠡᠳᠬᠡᠵᠦ ᠪᠠᠶᠢᠭ᠎ᠠ ᠶᠤᠮ ᠭᠡᠪᠡ᠃        — ᠰᠤᠮᠤ ᠪᠤᠶᠤ ᠪᠠᠯᠭᠠᠰᠤᠨ ᠳᠤ ᠪᠠᠭ᠎ᠠ ᠰᠤᠷᠭᠠᠭᠤᠯᠢ ᠪᠠᠶᠢᠭᠤᠯᠤᠨ᠎ᠠ ᠭᠡᠳᠡᠭ ᠬᠡᠯᠡᠯᠭᠡᠨ ᠦᠭᠡᠢ ᠰᠠᠶᠢᠨ ᠤᠴᠢᠷ᠂ ᠡᠨᠡ ᠲᠠᠯ᠎ᠠ ᠪᠠᠷ ᠰᠤᠷᠭᠠᠨ ᠬᠦᠮᠦᠵᠢᠯ ᠤᠨ ᠲᠤᠪᠴᠢᠶ᠎ᠠ ᠴᠦ ᠵᠢᠯ ᠪᠤᠯᠭᠠᠨ ᠵᠠᠷᠢᠮ ᠰᠤᠮᠤ ᠪᠠᠯᠭᠠᠰᠤ ᠪᠠᠷ ᠭᠦᠨᠵᠡᠭᠡᠶᠢᠷᠡᠨ᠂ ᠭᠡᠷ ᠤᠨ ᠠᠬᠠᠮᠠᠳ ᠤᠨ ᠰᠠᠨᠠᠯ ᠰᠠᠨᠠᠭᠤᠯᠭ᠎ᠠ ᠶᠢ ᠰᠤᠨᠤᠰᠴᠤ᠂ ᠪᠤᠯᠬᠤ ᠶᠢᠨ ᠲᠤᠲᠤᠷ᠎ᠠ ᠲᠡᠳᠡ ᠪᠦᠬᠦᠨ ᠳᠤ ᠠᠰᠢᠭᠲᠠᠢ᠂ ᠳᠦᠭᠦᠮ ᠨᠦᠬᠦᠴᠡᠯ ᠢ ᠬᠠᠩᠭᠠᠨ ᠦᠭᠬᠦ ᠪᠠᠷ ᠴᠢᠷᠮᠠᠶᠢᠵᠤ ᠪᠠᠶᠢᠨ᠎ᠠ᠃ ᠡᠨᠡ ᠬᠤᠶᠠᠷ ᠵᠢᠯ ᠨᠠᠮ ᠵᠠᠰᠠᠭ ᠠᠴᠠ ᠬᠤᠶᠠᠷ ᠬᠡᠦᠬᠡᠳ ᠠᠪᠴᠤ ᠪᠤᠯᠬᠤ ᠲᠦᠷᠦ ᠶᠢᠨ ᠪᠤᠳᠤᠯᠭ᠎ᠠ ᠪᠠᠭᠤᠯᠭᠠᠭᠰᠠᠨ ᠠᠴᠠ ᠡᠯ᠎ᠡ ᠭᠠᠵᠠᠷ ᠤᠷᠤᠨ ᠳᠤ ᠬᠡᠦᠬᠡᠳ ᠨᠡᠮᠡᠭᠳᠡᠵᠦ ᠪᠠᠶᠢᠭ᠎ᠠ ᠪᠦᠭᠡᠳ ᠰᠤᠷᠭᠠᠭᠤᠯᠢ ᠶᠢ ᠴᠤᠮᠬᠠᠳᠬᠠᠭᠰᠠᠨ ᠠᠴᠠ ᠨᠠᠰᠢ ᠬᠤᠰᠢᠭᠤᠨ ᠲᠦᠪ ᠤᠨ ᠪᠠᠭ᠎ᠠ ᠰᠤᠷᠭᠠᠭᠤᠯᠢ ᠨᠤᠭᠤᠳ ᠲᠤ ᠰᠤᠷᠤᠭᠴᠢ ᠤᠯᠠᠰᠢᠷᠠᠵᠤ᠂ ᠨᠢᠭᠡᠭᠡᠨ ᠮᠤᠩᠭᠤᠯ ᠪᠠᠭ᠎ᠠ ᠰᠤᠷᠭᠠᠭᠤᠯᠢ ᠳᠤ ᠪᠠᠭᠲᠠᠵᠤ ᠶᠠᠳᠠᠵᠤ ᠪᠠᠶᠢᠭ᠎ᠠ ᠦᠵᠡᠭᠳᠡᠯ ᠤᠯᠠᠰᠢᠷᠠᠵᠤ ᠪᠠᠶᠢᠨ᠎ᠠ᠃ ᠡᠭᠦᠨ ᠤ ᠳᠡᠭᠡᠷ᠎ᠡ ᠠᠴᠠ ᠬᠥᠳᠡᠭᠡ ᠲᠤᠰᠬᠤᠨ ᠮᠠᠯᠵᠢᠬᠤ ᠤᠷᠤᠨ ᠢᠶᠠᠷ ᠪᠠᠶᠢᠭ᠎ᠠ ᠵᠠᠷᠢᠮ ᠭᠡᠷ ᠤᠨ ᠠᠬᠠᠮᠠᠳ ᠬᠡᠦᠬᠡᠳ ᠢᠶᠠᠨ ᠰᠤᠮᠤ ᠪᠠᠯᠭᠠᠰᠤᠨ ᠤ ᠪᠠᠭ᠎ᠠ ᠰᠤᠷᠭᠠᠭᠤᠯᠢ ᠳᠤ ᠰᠠᠭᠤᠯᠭᠠᠬᠤ ᠰᠠᠨᠠᠭᠤᠯᠭ᠎ᠠ ᠠᠷᠪᠢᠳᠴᠤ ᠪᠠᠶᠢᠨ᠎ᠠ᠃ ᠲᠡᠶᠢᠮᠦ ᠶᠢᠨ ᠲᠤᠯᠠᠳᠠ ᠰᠤᠮᠤ ᠪᠤᠶᠤ ᠪᠠᠯᠭᠠᠰᠤᠨ ᠳᠤ ᠮᠤᠩᠭᠤᠯ ᠪᠠᠭ᠎ᠠ ᠰᠤᠷᠭᠠᠭᠤᠯᠢ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠨᠡᠯᠢᠶᠡᠳ ᠲᠤᠯᠭᠠᠮ᠎ᠠ ᠪᠢᠯᠡ︕ ᠭᠡᠪᠡᠴᠦ ᠪᠠᠷᠢᠨ ᠳᠤᠤᠷ᠎ᠠ ᠪᠠᠨ ᠰᠤᠷᠭᠠᠭᠤᠯᠢ ᠪᠠᠶᠢᠭᠤᠯᠤᠨ᠎ᠠ ᠭᠡᠳᠡᠭ ᠪᠤᠯ ᠮᠠᠰᠢ ᠬᠦᠴᠢᠷᠲᠡᠢ ᠶᠠᠪᠤᠳᠠᠯ᠃ ᠡᠭᠦᠨ ᠳᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠭᠰᠢ ᠶᠢᠨ ᠡᠩᠨᠡᠭᠡ᠂ ᠰᠤᠷᠤᠭᠴᠢᠳ ᠤᠨ ᠲᠤᠭ᠎ᠠ ᠁ ᠭᠡᠳ ᠤᠯᠠᠨ ᠵᠦᠢᠯ ᠱᠠᠭᠠᠷᠳᠠᠭᠳᠠᠨ᠎ᠠ᠃ ᠮᠦᠨᠴᠦ ᠵᠠᠷᠢᠮ ᠭᠡᠷ ᠤᠨ ᠠᠬᠠᠮᠠᠳ ᠰᠠᠨᠠᠯ ᠢᠶᠠᠨ ᠳᠡᠪᠰᠢᠭᠦᠯᠴᠢᠬᠡᠭᠡᠳ ᠶᠠᠭ ᠨᠡᠷ᠎ᠡ ᠮᠡᠳᠡᠭᠦᠯᠬᠦ ᠴᠠᠭ ᠲᠤ ᠬᠤᠰᠢᠭᠤᠨ ᠲᠦᠪ ᠲᠤ ᠶᠠᠪᠤᠭᠠᠳ ᠦᠭᠭᠦᠨ᠎ᠡ᠃ ᠲᠡᠶᠢᠮᠦ ᠪᠤᠯᠬᠤᠷ ᠰᠤᠮᠤ ᠪᠤᠶᠤ ᠪᠠᠯᠭᠠᠰᠤᠨ ᠳᠤ ᠪᠠᠶᠢᠭ᠎ᠠ ᠬᠡᠦᠬᠡᠳ ᠤᠨ ᠴᠡᠴᠡᠷᠯᠢᠭ ᠲᠤ ᠨᠢᠭᠡᠳᠦᠭᠡᠷ ᠠᠩᠭᠢ ᠡᠷᠬᠢᠯᠡᠨ ᠰᠤᠷᠤᠭᠴᠢ ᠡᠯᠰᠡᠭᠰᠡᠨ ᠶᠠᠪᠤᠳᠠᠯ ᠪᠤᠯ ᠶᠡᠭᠡ ᠮᠡᠷᠭᠡᠨ ᠪᠤᠳᠤᠯ᠃ ᠡᠭᠦᠨ ᠠᠴᠠ ᠤᠯᠪᠠᠭᠠᠯᠠᠭᠠᠳ ᠳᠠᠷᠠᠭ᠎ᠠ ᠵᠢᠯ ᠨᠢ ᠬᠤᠶᠠᠳᠤᠭᠠᠷ ᠠᠩᠭᠢ ᠪᠠᠨ ᠡᠬᠢᠯᠡᠭᠦᠯᠦᠨ ᠨᠢᠭᠡᠳᠦᠭᠡᠷ ᠤᠨ ᠳᠠᠭᠠᠨ ᠰᠢᠨ᠎ᠡ ᠰᠤᠷᠤᠭᠴᠢ ᠡᠯᠰᠡᠨ ᠬᠡᠳᠦᠨ ᠵᠢᠯ ᠤᠨ ᠳᠠᠷᠠᠭ᠎ᠠ ᠡᠯ᠎ᠡ ᠲᠠᠯ᠎ᠠ ᠪᠠᠷ ᠪᠦᠷᠢᠳᠦᠭᠡᠳ ᠢᠷᠡᠬᠦ ᠳᠤ ᠰᠤᠮᠤ ᠪᠠᠯᠭᠠᠰᠤᠨ ᠤ ᠬᠡᠪᠴᠢᠶᠡᠨ ᠳᠤ ᠪᠦᠷᠢᠨ ᠪᠦᠲᠦᠨ ᠮᠤᠩᠭᠤᠯ ᠪᠠᠭ᠎ᠠ ᠰᠤᠷᠭᠠᠭᠤᠯᠢ ᠶᠢ ᠪᠠᠶᠢᠭᠤᠯᠵᠤ ᠳᠡᠶᠢᠯᠦᠨ᠎ᠡ᠃ ᠡᠨᠡ ᠤᠳᠠᠭᠠᠨ ᠤ ᠲᠤᠭ ᠪᠠᠯᠭᠠᠰᠤ ᠪᠠ ᠦᠦᠰᠢᠨᠵᠤᠤ ᠪᠠᠯᠭᠠᠰᠤᠨ ᠤ ᠬᠡᠦᠬᠡᠳ ᠤᠨ ᠴᠡᠴᠡᠷᠯᠢᠭ ᠲᠤ ᠨᠢᠭᠡᠳᠦᠭᠡᠷ ᠤᠨ ᠤ ᠰᠤᠷᠤᠭᠴᠢ ᠡᠯᠰᠡᠭᠰᠡᠨ ᠨᠢ ᠡᠭᠦᠨ ᠤ ᠡᠬᠢᠯᠡᠯᠲᠡ ᠶᠢ ᠬᠠᠷᠠᠭᠤᠯᠵᠤ ᠪᠠᠶᠢᠭ᠎ᠠ᠃ ᠭᠡᠪᠡᠴᠦ ᠬᠡᠰᠡᠭ ᠪᠦᠯᠦᠭ ᠭᠡᠷ ᠤᠨ ᠠᠬᠠᠮᠠᠳ ᠨᠢᠭᠡᠳᠦᠭᠡᠷ ᠤᠨ ᠳᠤ ᠰᠤᠷᠤᠭᠴᠢ ᠡᠯᠰᠡᠬᠦ ᠵᠠᠷ ᠢ ᠦᠵᠡᠭᠰᠡᠨ ᠤ ᠳᠠᠷᠠᠭ᠎ᠠ ᠨᠡᠷ᠎ᠡ ᠪᠠᠨ ᠮᠡᠳᠡᠭᠦᠯᠦᠭᠡᠳ ᠶᠠᠭ ᠬᠢᠴᠢᠶᠡᠯ ᠡᠬᠢᠯᠡᠬᠦ ᠳᠤ ᠬᠤᠰᠢᠭᠤᠨ ᠲᠦᠪ ᠲᠤ ᠬᠡᠦᠬᠡᠳ ᠢᠶᠠᠨ ᠬᠦᠷᠭᠡᠴᠢᠬᠡᠭᠰᠡᠨ᠂ ᠡᠶᠢᠮᠦ ᠵᠢᠱᠢᠶ᠎ᠡ ᠠᠷᠪᠢᠨ ᠪᠠᠶᠢᠨ᠎ᠠ᠃ ᠪᠢᠳᠡ ᠳᠡᠭᠡᠷ᠎ᠡ ᠵᠢᠯ ᠬᠠᠩᠭᠢᠨ ᠬᠤᠰᠢᠭᠤᠨ ᠤ ᠵᠢᠷᠭᠠᠯᠠᠩᠲᠤ ᠪᠠᠯᠭᠠᠰᠤᠨ ᠳᠤ ᠬᠦᠷᠴᠦ ᠲᠡᠨᠳᠡᠬᠢ ᠬᠡᠦᠬᠡᠳ ᠤᠨ ᠴᠡᠴᠡᠷᠯᠢᠭ ᠲᠤ ᠨᠢᠭᠡᠳᠦᠭᠡᠷ ᠤᠨ ᠤ ᠰᠤᠷᠤᠭᠴᠢ ᠡᠯᠰᠡᠬᠦ ᠲᠤᠬᠠᠢ ᠮᠠᠯᠴᠢᠨ ᠠᠶᠢᠯ ᠢᠶᠠᠷ ᠤᠷᠤᠵᠤ ᠠᠰᠠᠭᠤᠭᠰᠠᠨ ᠳᠤ ᠠᠷᠪᠠᠭᠠᠳ ᠠᠶᠢᠯ ᠤᠨ ᠨᠠᠢᠮᠠ ᠶᠢᠰᠦ ᠨᠢ ᠬᠤᠰᠢᠭᠤ ᠪᠠᠷ ᠭᠡᠷ ᠲᠠᠢ ᠪᠦᠭᠡᠳ ᠬᠡᠷᠪᠡ ᠰᠤᠷᠤᠭᠴᠢ ᠡᠯᠰᠡᠭᠡᠳ ᠨᠡᠯᠢᠶᠡᠳ ᠤᠯᠠᠨ ᠪᠠᠶᠢᠪᠠᠯ ᠪᠠᠰᠠ ᠪᠠᠯᠭᠠᠰᠤᠨ ᠳᠡᠭᠡᠷ᠎ᠡ ᠰᠤᠷᠤᠯᠴᠠᠭᠤᠯᠵᠤ ᠪᠤᠯᠤᠨ᠎ᠠ ᠭᠡᠮᠡᠨ ᠶᠠᠷᠢᠵᠤ ᠪᠠᠶᠢᠭᠰᠠᠨ᠂ ᠡᠭᠦᠨ ᠢᠶᠠᠷ ᠦᠵᠡᠬᠦᠯᠡᠷ ᠤᠳᠤ ᠤᠯᠠᠩᠬᠢ ᠮᠠᠯᠴᠢᠨ ᠲᠠᠷᠢᠶᠠᠴᠢᠳ ᠨᠦᠬᠦᠴᠡᠯ ᠰᠠᠶᠢᠵᠢᠷᠠᠭᠰᠠᠨ ᠳᠡᠭᠡᠷ᠎ᠡ ᠪᠠᠨ ᠰᠤᠮᠤ ᠪᠠᠯᠭᠠᠰᠤᠨ ᠤ ᠰᠤᠷᠭᠠᠭᠤᠯᠢ ᠶᠢᠨ ᠪᠠᠭᠰᠢ ᠶᠢᠨ ᠡᠩᠨᠡᠭᠡ ᠵᠢᠴᠢ ᠨᠦᠬᠦᠴᠡᠯ ᠪᠠᠶᠢᠳᠠᠯ ᠳᠤ ᠬᠠᠨᠤᠮᠵᠢ ᠲᠤᠲᠠᠭᠤ ᠪᠠᠶᠢᠭ᠎ᠠ ᠠᠵᠠᠢ᠃ ᠳᠡᠭᠡᠷ᠎ᠡ ᠠᠴᠠ ᠨᠢ ᠤᠳᠤ ᠶᠠᠮᠠᠷ ᠨᠢᠭᠡᠨ ᠪᠠᠭᠰᠢ ᠴᠦ ᠭᠡᠳ ᠤᠯᠠᠮ ᠳᠡᠭᠡᠭᠰᠢ ᠶᠠᠪᠤᠬᠤ ᠶᠢ ᠪᠤᠳᠤᠬᠤ ᠠᠴᠠ ᠪᠢᠰᠢ ᠨᠦᠬᠦᠴᠡᠯ ᠲᠡᠶᠢᠮᠦ ᠰᠠᠶᠢᠨ ᠪᠢᠰᠢ ᠦᠨᠳᠦᠰᠦᠨ ᠱᠠᠲᠤᠨ ᠳᠤ ᠪᠠᠭᠤᠵᠤ ᠠᠵᠢᠯᠯᠠᠬᠤ ᠳᠤᠷ᠎ᠠ ᠦᠭᠡᠢ᠂ ᠦᠨᠳᠦᠰᠦᠨ ᠱᠠᠲᠤᠨ ᠳᠤ ᠪᠠᠶᠢᠭ᠎ᠠ ᠰᠠᠶᠢᠨ ᠪᠠᠭᠰᠢ ᠶᠢ ᠨᠢ ᠳᠡᠭᠡᠭᠰᠢ ᠠᠪᠤᠭᠠᠳ ᠶᠠᠪᠤᠴᠢᠬᠠᠨ᠎ᠠ᠂ ᠳᠡᠭᠡᠬᠦᠯᠡᠷ ᠭᠡᠷ ᠤᠨ ᠠᠬᠠᠮᠠᠳ ᠤᠨ ᠰᠠᠨᠠᠭᠠᠰᠢᠷᠠᠵᠤ ᠪᠠᠶᠢᠭ᠎ᠠ ᠴᠦ ᠶᠤᠰᠤ ᠦᠭᠡᠢ ᠪᠢᠰᠢ᠃ ᠡᠳᠡᠭᠡᠷ ᠤᠯᠠᠨ ᠨᠦᠬᠦᠴᠡᠯ ᠰᠢᠯᠲᠠᠭᠠᠨ ᠠᠴᠠ ᠪᠤᠯᠤᠭᠠᠳ ᠰᠤᠮᠤ ᠪᠠᠯᠭᠠᠰᠤᠨ ᠳᠤ ᠤᠳᠤᠬᠠᠨ ᠳᠡᠭᠡᠷ᠎ᠡ ᠪᠠᠨ ᠮᠤᠩᠭᠤᠯ ᠪᠠᠭ᠎ᠠ ᠰᠤᠷᠭᠠᠭᠤᠯᠢ ᠪᠠᠶᠢᠭᠤᠯᠤᠭᠳᠠᠬᠤ ᠨᠦᠬᠦᠴᠡᠯ ᠲᠤᠲᠠᠭᠠᠳ ᠪᠠᠶᠢᠭ᠎ᠠ᠃ ᠡᠨᠡ ᠵᠢᠯ ᠤᠨ ᠲᠤᠭ ᠪᠠᠯᠭᠠᠰᠤ ᠵᠢᠴᠢ ᠦᠦᠰᠢᠨᠵᠤᠤ ᠪᠠᠯᠭᠠᠰᠤᠨ ᠤ ᠬᠡᠦᠬᠡᠳ ᠤᠨ ᠴᠡᠴᠡᠷᠯᠢᠭ ᠲᠤ ᠨᠢᠭᠡᠳᠦᠭᠡᠷ ᠠᠩᠭᠢ ᠠᠪᠴᠤ ᠡᠬᠢᠯᠡᠭᠰᠡᠨ ᠨᠢ ᠬᠤᠵᠢᠮ ᠡᠨᠡ ᠭᠠᠵᠠᠷ ᠲᠤ ᠪᠠᠭ᠎ᠠ ᠰᠤᠷᠭᠠᠭᠤᠯᠢ ᠪᠠᠶᠢᠭᠤᠯᠤᠭᠳᠠᠬᠤ ᠶᠢᠨ ᠰᠠᠭᠤᠷᠢ ᠶᠢ ᠲᠠᠯᠪᠢᠵᠤ ᠨᠦᠬᠦᠴᠡᠯ ᠢ ᠪᠦᠷᠢᠯᠳᠦᠭᠦᠯᠦᠭᠰᠡᠨ ᠰᠠᠶᠢᠨ ᠤᠴᠢᠷ ᠪᠤᠯᠤᠯ᠎ᠠ ᠭᠡᠵᠦ ᠤᠷᠳᠤᠰ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠰᠠᠯᠠᠭ᠎ᠠ ᠶᠢᠨ ᠳᠠᠷᠤᠭ᠎ᠠ ᠮᠦᠩᠬᠡ ᠦᠪᠡᠷ ᠤᠨ ᠦᠵᠡᠯᠲᠡ ᠪᠠᠨ ᠶᠠᠷᠢᠨ᠎ᠡ᠃        — ᠰᠤᠮᠤ ᠪᠤᠶᠤ ᠪᠠᠯᠭᠠᠰᠤᠨ ᠳᠤ ᠪᠠᠭ᠎ᠠ ᠰᠤᠷᠭᠠᠭᠤᠯᠢ ᠪᠠᠶᠢᠭᠤᠯᠤᠨ᠎ᠠ ᠭᠡᠳᠡᠭ ᠨᠢ ᠮᠠᠯᠴᠢᠨ ᠪᠢᠳᠡᠨ ᠳᠤ ᠶᠡᠭᠡ ᠤᠯᠠᠨ ᠤᠴᠢᠷ ᠢ ᠰᠢᠢᠳᠪᠦᠷᠢᠯᠡᠵᠦ ᠦᠭᠭᠦᠨ᠎ᠡ᠃ ᠪᠢᠳᠡ ᠬᠠᠷ᠎ᠠ ᠤᠬᠠᠭᠠᠨ ᠢᠶᠠᠷ ᠪᠤᠳᠤᠵᠤ ᠦᠵᠡᠶ᠎ᠡ︕ ᠬᠡᠷᠪᠡ ᠬᠤᠰᠢᠭᠤᠨ ᠲᠦᠪ ᠲᠤ ᠬᠡᠦᠬᠡᠳ ᠢᠶᠠᠨ ᠬᠦᠷᠭᠡᠪᠡᠯ ᠨᠢᠭᠡ ᠭᠠᠷᠠᠭ ᠲᠤ ᠨᠢᠭᠡ ᠤᠳᠠᠭ᠎ᠠ ᠶᠠᠪᠤᠵᠤ ᠢᠷᠡᠬᠦ ᠲᠡᠷᠭᠡᠨ ᠲᠤᠰᠤᠨ ᠤ ᠵᠠᠷᠤᠳᠠᠯ ᠪᠠ ᠰᠦᠢᠳᠬᠡᠯ ᠬᠤᠷᠢᠶᠠᠬᠤ ᠦᠷᠲᠡᠭᠡᠨ ᠤ ᠵᠠᠷᠤᠳᠠᠯ ᠬᠡᠳᠦᠢ ᠤᠷᠤᠨ᠎ᠠ︖ ᠮᠦᠨᠴᠦ ᠬᠤᠰᠢᠭᠤᠨ ᠲᠦᠪ ᠲᠤ ᠭᠡᠷ ᠳᠦᠷᠢᠶᠡᠰᠦᠯᠡᠵᠦ᠂ ᠬᠤᠭᠤᠯᠠ ᠪᠤᠳᠠᠭ᠎ᠠ ᠪᠡᠯᠡᠳᠬᠡᠬᠦ‍ ᠨᠢᠭᠡ ᠵᠢᠯ ᠤᠨ ᠵᠠᠷᠤᠳᠠᠯ ᠬᠡᠳᠦᠢ ᠪᠠᠶᠢᠨ᠎ᠠ︖ ᠡᠭᠦᠨ ᠤ ᠳᠡᠭᠡᠷ᠎ᠡ ᠠᠴᠠ ᠭᠤᠷᠪᠠᠨ ᠬᠦᠮᠦᠨ ᠲᠠᠢ ᠨᠢᠭᠡ ᠪᠦᠯᠢ ᠬᠦᠮᠦᠨ ᠠᠴᠠ ᠨᠢᠭᠡ ᠨᠢ ᠡᠷᠬᠡᠪᠰᠢ ᠬᠤᠰᠢᠭᠤᠨ ᠳᠤ ᠤᠴᠢᠵᠤ ᠬᠡᠦᠬᠡᠳ ᠬᠠᠷᠠᠭᠠᠳ ᠨᠢᠭᠡ ᠵᠢᠯ ᠤᠨ ᠬᠥᠳᠡᠯᠮᠦᠷᠢ ᠬᠦᠴᠦᠨ ᠲᠡᠭ ᠪᠤᠯᠤᠨ᠎ᠠ᠂ ᠲᠡᠷᠡ ᠵᠠᠷᠤᠳᠠᠯ ᠨᠡᠩ ᠬᠡᠳᠦᠢ ᠪᠠᠶᠢᠨ᠎ᠠ︖ ᠪᠢᠳᠡ ᠡᠨᠡ ᠪᠦᠬᠦᠨ ᠢ ᠨᠡᠶᠢᠯᠡᠭᠦᠯᠵᠦ᠂ ᠬᠠᠮᠤᠭ ᠤᠨ ᠪᠠᠭ᠎ᠠ ᠪᠠᠷ ᠪᠤᠳᠤᠭᠠᠳ ᠨᠢᠭᠡ ᠵᠢᠯ ᠳᠤ ᠨᠢᠭᠡ ᠠᠶᠢᠯ 3-5 ᠲᠦᠮᠡᠨ ᠲᠦᠭᠦᠷᠢᠭ ᠵᠠᠷᠤᠴᠠᠭᠤᠯᠤᠨ᠎ᠠ᠃        ᠬᠦᠳᠡᠭᠡ ᠦᠰᠦᠭᠰᠡᠨ ᠬᠡᠦᠬᠡᠳ ᠬᠠᠮᠤᠭ ᠠᠩᠬᠠᠨ ᠤ ᠵᠢᠭᠠᠨ ᠰᠤᠷᠭᠠᠯᠲᠠ ᠪᠠᠨ ᠬᠤᠲᠠ ᠳᠤ ᠡᠬᠢᠯᠡᠭᠦᠯᠦᠭᠡᠳ ᠮᠠᠯᠵᠢᠬᠤ ᠮᠤᠩᠭᠤᠯ ᠠᠮᠢᠳᠤᠷᠠᠯ ᠠᠴᠠ ᠪᠠᠨ ᠵᠠᠶᠢᠳᠠᠬᠤ ᠠᠶᠤᠯᠲᠠᠢ᠃ ᠬᠤᠰᠢᠭᠤᠨ ᠲᠦᠪ ᠤᠨ ᠪᠠᠭ᠎ᠠ ᠰᠤᠷᠭᠠᠭᠤᠯᠢ ᠳᠤ ᠰᠤᠷᠤᠭᠴᠢ ᠬᠡᠲᠦᠷᠬᠡᠢ ᠠᠷᠪᠢᠨ ᠪᠤᠯᠬᠤᠷ ᠪᠠᠭᠰᠢ ᠬᠡᠦᠬᠡᠳ ᠨᠢᠭᠡᠪᠦᠷᠢ ᠶᠢᠨ ᠵᠠᠩ ᠠᠭᠠᠰᠢ᠂ ᠪᠤᠳᠤᠯ ᠰᠡᠳᠬᠢᠯ ᠢ ᠤᠶᠢᠯᠠᠭᠠᠵᠤ ᠳᠡᠶᠢᠯᠬᠦ ᠦᠭᠡᠢ ᠠᠴᠠ ᠪᠤᠯᠵᠤ ᠬᠡᠦᠬᠡᠳ ᠤᠨ ᠰᠡᠳᠬᠢᠬᠦᠢ ᠵᠠᠷᠢᠮ ᠳᠠᠭᠠᠨ ᠦᠨᠦᠴᠢᠷᠠᠨ ᠭᠠᠭᠴᠠᠭᠠᠷᠳᠠᠵᠤ ᠵᠤᠵᠢᠭ ᠪᠤᠯᠵᠤ ᠮᠡᠳᠡᠨ᠎ᠡ᠃ ᠬᠤᠲᠠ ᠳᠤ ᠠᠯᠢᠪᠠ ᠨᠦᠬᠦᠴᠡᠯ ᠪᠦᠷᠢᠨ ᠪᠤᠯᠬᠤᠷ ᠬᠡᠦᠬᠡᠳ ᠤᠨ ᠲᠦᠷᠦᠯᠬᠢ ᠠᠷᠠᠨᠰᠢᠨ ᠠᠴᠠ ᠪᠤᠯᠵᠤ ᠡᠯᠳᠡᠪ ᠬᠢᠮᠢ ᠶᠢᠨ ᠡᠮ ᠲᠠᠢ ᠢᠳᠡᠭᠡᠨ ᠢᠳᠡᠬᠦ ᠪᠤᠶᠤ ᠤᠮᠳᠠᠭᠠᠨ ᠤᠤᠭᠤᠭᠰᠠᠨ ᠠᠴᠠ ᠪᠤᠯᠵᠤ ᠡᠪᠡᠳᠴᠢᠨ ᠤᠯᠬᠤ ᠠᠶᠤᠯᠲᠠᠢ᠃ ᠪᠠᠰᠠ ᠨᠢᠭᠡ ᠨᠢ ᠭᠡᠷ ᠠᠴᠠ ᠪᠠᠨ ᠬᠡᠲᠦᠷᠬᠡᠢ ᠵᠠᠶᠢᠳᠠᠭᠰᠠᠨ ᠪᠤᠯᠬᠤᠷ ᠨᠢᠯᠬ᠎ᠠ ᠤᠬᠠᠭᠠᠨ ᠳᠤᠨᠢ ᠰᠡᠪ ᠰᠠᠭᠤᠯᠭᠠᠵᠤ ᠮᠡᠳᠡᠨ᠎ᠡ᠃ ᠡᠨᠡ ᠪᠤᠯ ᠬᠡᠦᠬᠡᠳ ᠤᠨ ᠲᠠᠯ᠎ᠠ ᠠᠴᠠ ᠪᠤᠳᠤᠯᠬᠢᠯᠠᠭᠰᠠᠨ ᠤᠴᠢᠷ᠃        ᠨᠢᠭᠡ ᠭᠡᠷ ᠪᠦᠯᠢ ᠶᠢᠨ ᠡᠷ᠎ᠡ ᠡᠮ᠎ᠡ ᠬᠤᠶᠠᠭᠤᠯᠠ ᠠᠴᠠ ᠨᠢᠭᠡ ᠨᠢ ᠬᠤᠰᠢᠭᠤ ᠤᠷᠤᠵᠤ ᠪᠤᠳᠠᠭ᠎ᠠ ᠴᠢᠨᠠᠬᠤ ᠠᠴᠠ ᠰᠢᠯᠲᠠᠭᠠᠯᠠᠨ ᠬᠤᠶᠠᠷ ᠭᠠᠵᠠᠷ ᠵᠠᠶᠢᠳᠠᠵᠤ ᠬᠡᠲᠦᠷᠬᠡᠢ ᠤᠳᠠᠭᠰᠠᠨ ᠠᠴᠠ ᠪᠤᠯᠤᠭᠠᠳ ᠤᠷᠤᠭ ᠰᠠᠯᠵᠤ ᠪᠠᠶᠢᠭ᠎ᠠ ᠦᠵᠡᠭᠳᠡᠯ ᠭᠠᠷᠴᠤ ᠪᠠᠶᠢᠨ᠎ᠠ᠃ ᠤᠷᠤᠭ ᠰᠠᠯᠤᠯᠲᠠ ᠠᠴᠠ ᠪᠤᠯᠤᠭᠰᠠᠨ ᠨᠡᠶᠢᠭᠡᠮ ᠤᠨ ᠨᠦᠯᠦᠭᠡ ᠬᠡᠲᠦᠷᠭᠡᠢ ᠮᠠᠭᠤᠳᠠᠪᠠᠯ ᠨᠡᠩ ᠠᠶᠤᠯᠲᠠᠢ᠃ ᠬᠤᠲᠠ ᠤᠷᠤᠵᠤ ᠬᠡᠦᠬᠡᠳ ᠬᠠᠷᠠᠭᠰᠠᠨ ᠭᠡᠷ ᠤᠨ ᠠᠬᠠᠮᠠᠳ ᠡᠳᠦᠷᠵᠢᠨ ᠬᠢᠳᠡᠯ ᠠᠯᠳᠠᠬᠤ ᠳᠠᠭᠠᠨ ᠮᠠᠵᠢᠶᠠᠩ ᠨᠠᠭᠠᠳᠬᠤ ᠪᠤᠶᠤ ᠮᠦᠷᠦᠢ ᠲᠠᠢ ᠲᠤᠭᠯᠠᠭᠠᠮ ᠳᠤ ᠤᠷᠤᠵᠤ᠂ ᠠᠭᠠᠵᠢᠮ ᠳᠠᠭᠠᠨ ᠰᠢᠨᠤᠯ ᠲᠠᠢ ᠪᠤᠯᠵᠤ ᠭᠡᠷ ᠬᠦᠷᠦᠩᠭᠡ ᠪᠠᠨ ᠬᠤᠭᠤᠰᠤᠯᠠᠬᠤ ᠪᠤᠶᠤ ᠬᠠᠤᠯᠢ ᠶᠢᠨ ᠲᠤᠤᠷ ᠲᠤ ᠤᠨᠠᠵᠤ ᠪᠠᠶᠢᠨ᠎ᠠ᠃ ᠡᠨᠡ ᠦᠵᠡᠭᠳᠡᠯ ᠨᠡᠶᠢᠳᠡᠮ ᠭᠠᠷᠴᠤ ᠪᠠᠶᠢᠬᠤ ᠪᠦᠭᠡᠳ ᠬᠤᠤᠷ ᠨᠢ ᠨᠡᠩ ᠶᠡᠭᠡ᠃ ᠡᠨᠡ ᠪᠤᠯ ᠬᠡᠦᠬᠡᠳ ᠢᠶᠠᠨ ᠬᠤᠰᠢᠭᠤᠨ ᠲᠦᠪ ᠪᠤᠶᠤ ᠠᠶᠢᠮᠠᠭ ᠲᠤ ᠬᠦᠷᠭᠡᠭᠰᠡᠨ ᠤᠴᠢᠷ ᠠᠴᠠ ᠰᠢᠯᠲᠠᠭᠠᠯᠠᠭᠳᠠᠭᠰᠠᠨ ᠭᠡᠷ ᠪᠦᠯᠢ ᠶᠢᠨ ᠵᠠᠳᠠᠷᠠᠯ ᠰᠠᠷᠨᠢᠯ ᠤᠨ ᠨᠡᠶᠢᠭᠡᠮ ᠳᠤ ᠦᠵᠡᠭᠦᠯᠬᠦ ᠨᠦᠯᠦᠭᠡ᠃        ᠡᠨᠡ ᠭᠤᠷᠪᠠᠨ ᠲᠠᠯ᠎ᠠ ᠶᠢᠨ ᠰᠢᠯᠲᠠᠭᠠᠨ ᠢᠶᠠᠷ ᠰᠤᠮᠤ ᠪᠠᠯᠭᠠᠰᠤᠨ ᠳᠤ ᠪᠠᠭ᠎ᠠ ᠰᠤᠷᠭᠠᠭᠤᠯᠢ ᠪᠠᠶᠢᠭᠤᠯᠬᠤ ᠶᠠᠪᠤᠳᠠᠯ ᠪᠢᠳᠡᠨ ᠳᠤ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠳᠡᠭᠡᠪᠡᠯ ᠦᠨᠳᠦᠰᠦᠲᠡᠨ ᠤ ᠤᠷᠤᠨ ᠤ ᠦᠨᠳᠦᠰᠦᠨ ᠱᠠᠲᠤᠨ ᠳᠠᠬᠢ ᠰᠤᠷᠭᠠᠨ ᠬᠦᠮᠦᠵᠢᠯ ᠤᠨ ᠲᠠᠬᠢᠨ ᠠᠮᠢᠯᠠᠯ ᠳᠤ ᠶᠡᠭᠡ ᠬᠤᠪᠢ ᠨᠡᠮᠡᠷᠢ ᠪᠤᠯᠬᠤ ᠪᠦᠭᠡᠳ ᠤᠯᠠᠮᠵᠢᠯᠠᠯᠲᠤ ᠰᠤᠶᠤᠯ ᠤᠨ ᠬᠠᠮᠠᠭᠠᠯᠠᠯᠲᠠ ᠬᠦᠭᠵᠢᠯᠲᠡ ᠳᠤ ᠶᠡᠬᠡᠬᠡᠨ ᠲᠤᠰᠠ ᠪᠤᠯᠬᠤ ᠪᠤᠯᠤᠨ᠎ᠠ ᠭᠡᠵᠦ ᠲᠤᠭ ᠪᠠᠯᠭᠠᠰᠤᠨ ᠤ ᠲᠤᠭᠤᠯᠲᠠᠢ ᠭᠠᠴᠠᠭᠠᠨ ᠤ ᠮᠠᠯᠴᠢᠨ ᠦ᠊᠂ ᠴᠢᠷᠮᠠᠶᠢᠯᠲᠤ ᠶᠠᠷᠢᠭᠰᠠᠨ ᠪᠢᠯᠡ᠃        ᠬᠡᠳᠦᠶᠢᠪᠡᠷ ᠰᠤᠮᠤ ᠪᠠᠯᠭᠠᠰᠤᠨ ᠳᠤ ᠮᠤᠩᠭᠤᠯ ᠪᠠᠭ᠎ᠠ ᠰᠤᠷᠭᠠᠭᠤᠯᠢ ᠰᠡᠷᠭᠦᠭᠡᠵᠦ ᠪᠠᠶᠢᠭᠤᠯᠤᠭᠳᠠᠭᠰᠠᠨ ᠰᠠᠶᠢᠬᠠᠨ ᠴᠢᠮᠡᠭᠡ ᠬᠦᠮᠦᠰ ᠤᠨ ᠰᠡᠳᠬᠢᠯ ᠢ ᠳᠤᠭᠳᠤᠯᠤᠭᠤᠯᠵᠤ ᠪᠠᠶᠢᠭ᠎ᠠ ᠪᠤᠯᠪᠠᠴᠤ᠂ ᠰᠤᠮᠤ ᠪᠠᠯᠭᠠᠰᠤᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠶᠠᠰᠤ ᠴᠢᠨᠠᠷ ᠨᠢ ᠬᠠᠷᠢᠨ ᠤᠯᠠᠩᠬᠢ ᠭᠡᠷ ᠤᠨ ᠠᠬᠠᠮᠠᠳ ᠤᠨ ᠰᠠᠨᠠᠭᠠᠰᠢᠷᠠᠯ ᠪᠤᠯᠵᠤ᠂ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠪᠤᠳᠠᠳᠤ ᠠᠰᠠᠭᠤᠳᠠᠯ ᠪᠤᠯᠵᠤ ᠪᠠᠶᠢᠬᠤ ᠲᠤᠯᠠ ᠰᠤᠮᠤ ᠪᠠᠯᠭᠠᠰᠤᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠷᠬᠡ ᠲᠡᠭᠰᠢ ᠪᠠᠶᠢᠯᠭᠠᠵᠤ᠂ ᠰᠤᠷᠭᠠᠨ ᠬᠦᠮᠦᠵᠢᠯ ᠤᠨ ᠶᠠᠰᠤ ᠴᠢᠨᠠᠷ ᠢ ᠴᠢᠩᠭᠠᠳᠬᠠᠬᠤ ᠵᠤᠬᠢᠬᠤ ᠲᠦᠷᠦ ᠶᠢᠨ ᠪᠤᠳᠤᠯᠭ᠎ᠠ᠂ ᠪᠤᠳᠠᠲᠠᠢ ᠬᠠᠷᠠᠭᠠᠯᠵᠠᠯ ᠮᠠᠰᠢ ᠱᠠᠭᠠᠷᠳᠠᠭᠳᠠᠵᠤ ᠪᠤᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号