| 1 ᠰᠠᠷ᠎ᠠ ᠶᠢᠨ 10 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠪᠠ | ᠤᠷᠴᠢᠨ ᠲᠤᠭᠤᠷᠢᠨ ᠤ ᠳᠡᠭᠡᠳᠦ ᠰᠤᠷᠭᠠᠭᠤᠯᠢ ᠪᠠᠶᠢᠭᠤᠯᠤᠭᠳᠠᠬᠤ ᠶᠤᠰᠤᠯᠠᠯ ᠦᠪᠦᠷ ᠮᠤᠩᠭᠤᠯ ᠤᠨ ᠶᠡᠭᠡ ᠰᠤᠷᠭᠠᠭᠤᠯᠢ ᠳᠤ | ᠶᠠᠪᠤᠭᠳᠠᠪᠠ᠃ | ᠦᠪᠦᠷ ᠮᠤᠩᠭᠤᠯ ᠤᠨ ᠶᠡᠭᠡ ᠰᠤᠷᠭᠠᠭᠤᠯᠢ ᠪᠤᠯ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ | ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ︾ ᠶᠢ ᠤᠷᠢᠳᠠᠪᠠᠷ ᠪᠠᠶᠢᠭᠤᠯᠬᠤ ᠪᠠᠷ ᠲᠤᠭᠲᠠᠭᠰᠠᠨ ᠰᠤᠷᠭᠠᠭᠤᠯᠢ ᠪᠤᠯᠤᠨ᠎ᠠ᠃ | ᠠᠮᠢ ᠠᠬᠤᠢ ᠶᠢᠨ ᠰᠤᠳᠤᠯᠤᠯ ᠪᠤᠯ ᠲᠦᠯᠦᠪᠵᠢᠭᠦᠯᠭᠡ ᠳᠠᠬᠢ ᠤᠷᠢᠳᠠᠪᠠᠷ ᠪᠦᠲᠦᠭᠡᠨ ᠪᠠᠶᠢᠭᠤᠯᠬᠤ ︽ᠲᠡᠷᠢᠭᠦᠨ ᠤ | ᠰᠢᠨᠵᠢᠯᠡᠭᠡᠨ ᠤ ᠰᠠᠯᠠᠭ᠎ᠠ︾ ᠪᠤᠯᠤᠨ᠎ᠠ᠃ ᠠᠮᠢ ᠠᠬᠤᠢ ᠪᠠ ᠤᠷᠴᠢᠨ ᠲᠤᠭᠤᠷᠢᠨ ᠤ ᠳᠡᠭᠡᠳᠦ ᠰᠤᠷᠭᠠᠭᠤᠯᠢ | ᠪᠠᠶᠢᠭᠤᠯᠤᠭᠳᠠᠭᠰᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠳᠡᠯᠡᠬᠡᠢ ᠶᠢᠨ ᠲᠡᠷᠢᠭᠦᠨ ᠤ ᠰᠢᠨᠵᠢᠯᠡᠭᠡᠨ ᠤ | ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ | ᠠᠷᠭ᠎ᠠ ᠠᠪᠴᠠᠯ ᠪᠤᠯᠤᠨ᠎ᠠ᠃ | ᠲᠤᠰ ᠳᠡᠭᠡᠳᠦ ᠰᠤᠷᠭᠠᠭᠤᠯᠢ ᠶᠢᠨ ᠪᠠᠶᠢᠭᠤᠯᠤᠭᠳᠠᠭᠰᠠᠨ ᠨᠢ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ | ᠤᠬᠠᠭᠠᠨ ᠪᠠ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠤ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠶᠢ ᠶᠡᠬᠡᠪᠡᠷ ᠠᠬᠢᠭᠤᠯᠬᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠳᠡᠯᠡᠬᠡᠢ ᠶᠢᠨ ᠲᠡᠷᠢᠭᠦᠨ ᠤ ᠶᠡᠭᠡ | ᠰᠤᠷᠭᠠᠭᠤᠯᠢ ᠶᠢᠨ ᠪᠠᠶᠢᠭᠤᠯᠤᠯᠲᠠ ᠳᠤ ᠳᠠᠭᠠᠭᠤᠯᠬᠤ ᠦᠢᠯᠡᠳᠦᠯ ᠦᠵᠡᠭᠦᠯᠬᠦ ᠪᠤᠯᠤᠨ᠎ᠠ᠃ ᠠᠮᠢ ᠠᠬᠤᠢ ᠪᠠ ᠤᠷᠴᠢᠨ | ᠲᠤᠭᠤᠷᠢᠨ ᠤ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠦᠪᠡᠷᠲᠡᠭᠡᠨ | ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠶᠡᠭᠡ ᠬᠤᠷᠠᠯ ᠳᠤ ᠳᠤᠷᠠᠳᠤᠭᠰᠠᠨ ᠠᠮᠢ ᠠᠬᠤᠢ ᠶᠢᠨ ᠬᠤᠷᠢᠭ᠎ᠠ ᠱᠤᠭᠤᠮ ᠢ | ᠰᠠᠬᠢᠬᠤ ᠱᠠᠭᠠᠷᠳᠠᠯᠭ᠎ᠠ ᠪᠠᠷ᠂ ᠪᠤᠬᠢᠷᠳᠤᠯ ᠦᠭᠡᠢ ᠬᠦᠭᠵᠢᠯᠲᠡ ᠳᠤ ᠦᠢᠯᠡᠴᠢᠯᠡᠬᠦ᠂ ᠪᠤᠬᠢᠷᠳᠤᠯ ᠦᠭᠡᠢ ᠦᠢᠯᠡᠰ ᠢ | ᠬᠦᠭᠵᠢᠭᠦᠯᠬᠦ ᠪᠠᠶᠢᠯᠳᠤᠬᠤ ᠪᠤᠳᠤᠯᠭ᠎ᠠ ᠳᠤ ᠦᠢᠯᠡᠴᠢᠯᠡᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠠᠪᠴᠤ ᠪᠠᠶᠢᠭ᠎ᠠ ᠴᠢᠬᠤᠯᠠ ᠠᠷᠭ᠎ᠠ ᠪᠠᠷᠢᠯ ᠪᠤᠯᠤᠨ᠎ᠠ᠃ | ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠶᠢᠨ ᠰᠤᠳᠤᠯᠤᠯ ᠤᠨ ᠲᠤᠰᠬᠠᠢ ᠮᠡᠷᠭᠡᠵᠢᠯ ᠨᠢ 1957 | ᠤᠨ ᠳᠤ ᠰᠤᠷᠭᠠᠭᠤᠯᠢ ᠪᠠᠶᠢᠭᠤᠯᠤᠭᠳᠠᠬᠤ ᠦᠶ᠎ᠡ ᠪᠠᠷ ᠪᠠᠶᠢᠵᠤ᠂ 60 ᠵᠢᠯ ᠤᠨ ᠲᠤᠷᠰᠢ᠂ ᠦᠪᠦᠷ ᠮᠤᠩᠭᠤᠯ ᠤᠨ ᠶᠡᠭᠡ | ᠰᠤᠷᠭᠠᠭᠤᠯᠢ ᠨᠢ ᠤᠯᠤᠰ ᠤᠨ ᠲᠤᠲᠤᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠ ᠶᠡᠭᠡ | ᠳᠡᠭᠡᠳᠦ ᠰᠤᠷᠭᠠᠭᠤᠯᠢ ᠳᠤ ᠨᠢᠭᠡ ᠪᠦᠯᠦᠭ ᠰᠢᠯᠢᠳᠡᠭ ᠴᠢᠳᠠᠪᠤᠷᠢᠲᠠᠨ ᠬᠦᠮᠦᠵᠢᠭᠦᠯᠵᠦ ᠦᠭᠭᠦᠭᠰᠡᠨ ᠪᠠᠶᠢᠨ᠎ᠠ᠃ |