ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠦᠹᠧᠰᠰᠤᠷ ᠬᠡᠰᠢᠭᠲᠦᠭ᠌ᠲᠠᠬᠤ ᠶᠢ | ᠰᠤᠷᠪᠤᠯᠵᠢᠯᠠᠭᠰᠠᠨ ᠰᠤᠷᠪᠤᠯᠵᠢᠯᠠᠭ᠎ᠠ | | | ᠰᠤᠷᠪᠤᠯᠵᠢᠯᠠᠭᠴᠢ᠄ ᠲᠠ ᠶᠡᠭᠡ ᠪᠠᠭᠰᠢ ᠡᠷᠳᠡᠨᠢᠲᠤᠭᠲᠠᠬᠤ ᠭᠤᠸᠠᠢ ᠲᠠᠢ ᠨᠢᠭᠡ ᠨᠤᠲᠤᠭ ᠤᠨ ᠬᠦᠮᠦᠨ | ᠭᠡᠰᠡᠨ᠂ ᠬᠡᠳᠦᠢ ᠤᠨ ᠳᠤ ᠶᠠᠮᠠᠷ ᠵᠠᠪᠰᠢᠶᠠᠨ ᠢᠶᠠᠷ ᠲᠠᠨᠢᠯᠴᠠᠵᠤ ᠪᠠᠶᠢᠭᠰᠠᠨ ᠪᠤᠢ︖ | ᠬᠡᠰᠢᠭᠲᠦᠭ᠌ᠲᠠᠬᠤ᠄ ᠲᠡᠷᠡ ᠪᠠᠭᠰᠢ ᠶᠢ ᠪᠤᠯ ᠪᠦᠷ ᠪᠠᠭ᠎ᠠ ᠠᠴᠠ ᠪᠠᠨ ᠰᠠᠶᠢᠨ ᠮᠡᠳᠡᠨ᠎ᠡ᠂ ᠮᠠᠨ ᠤ | ᠬᠡᠰᠢᠭᠲᠡᠨ ᠠᠴᠠ ᠡᠷᠳᠡᠨᠢᠲᠤᠭᠲᠠᠬᠤ ᠭᠡᠳᠡᠭ ᠡᠷᠳᠡᠮᠲᠡᠨ ᠭᠠᠷᠤᠭᠰᠠᠨ ᠭᠡᠵᠦ ᠮᠠᠨ ᠤ ᠬᠡᠰᠢᠭᠲᠡᠨ ᠤ ᠨᠠᠰᠤᠲᠠᠶᠢᠴᠤᠳ | ᠶᠠᠷᠢᠭᠠᠳ ᠯᠠ ᠪᠠᠶᠢᠳᠠᠭ᠃ ᠶᠠᠭ ᠠᠭᠤᠯᠵᠠᠵᠤ ᠶᠠᠪᠤᠭᠰᠠᠨ ᠨᠢ ᠪᠤᠯ ᠨᠠᠶᠠᠭᠠᠳ ᠤᠨ ᠳᠤ ᠮᠤᠩᠭᠤᠯ ᠬᠡᠯᠡ ᠪᠢᠴᠢᠭ ᠤᠨ | ᠠᠵᠢᠯ ᠤᠨ ᠲᠤᠬᠠᠢ ᠬᠤᠷᠠᠯ ᠪᠤᠯᠬᠤ ᠦᠶ᠎ᠡ ᠳᠤ ᠡᠷᠳᠡᠨᠢᠲᠤᠭᠲᠠᠬᠤ ᠪᠠᠭᠰᠢ ᠲᠠᠢ ᠴᠤᠭ ᠬᠤᠷᠠᠯ ᠳᠤ ᠤᠷᠤᠯᠴᠠᠵᠤ | ᠪᠠᠶᠢᠭᠰᠠᠨ ᠶᠤᠮ᠃ ᠤᠭ ᠠᠴᠠ ᠪᠠᠨ ᠰᠠᠶᠢᠨ ᠮᠡᠳᠡᠬᠦ ᠪᠤᠯᠬᠤᠷ ᠬᠠᠭᠤᠴᠢᠨ ᠲᠠᠨᠢᠯ ᠶᠤᠮᠰᠢᠭ ᠰᠠᠶᠢᠬᠠᠨ ᠠᠭᠤᠯᠵᠠᠵᠤ | ᠶᠠᠷᠢᠯᠴᠠᠵᠤ ᠪᠠᠶᠢᠭᠰᠠᠨ᠃ | ᠰᠤᠷᠪᠤᠯᠵᠢᠯᠠᠭᠴᠢ᠄ ᠤᠶᠤᠲᠠᠨ ᠪᠠᠶᠢᠬᠤ ᠦᠶ᠎ᠡ ᠳᠤ ᠲᠠ ᠲᠡᠷᠡ ᠬᠦᠮᠦᠨ ᠤ ᠬᠢᠴᠢᠶᠡᠯ ᠬᠦᠮᠦᠵᠢᠯ ᠢ ᠨᠢ | ᠰᠤᠨᠤᠰᠴᠤ ᠪᠠᠶᠢᠭᠰᠠᠨ ᠦᠦ︖ | ᠬᠡᠰᠢᠭᠲᠦᠭ᠌ᠲᠠᠬᠤ᠄ ᠪᠢᠳᠡᠨ ᠳᠤ ᠬᠢᠴᠢᠶᠡᠯ ᠬᠦᠮᠦᠵᠢᠯ ᠬᠢᠵᠦ ᠪᠠᠶᠢᠭᠰᠠᠨ ᠦᠭᠡᠢ᠂ ᠭᠡᠬᠦ ᠳᠡᠭᠡᠨ ᠰᠠᠶᠢᠨ | ᠮᠡᠳᠡᠨ᠎ᠡ᠃ ᠪᠠᠭᠰᠢ ᠶᠢᠨ ᠵᠤᠬᠢᠶᠠᠯ ᠪᠦᠲᠦᠭᠡᠯ ᠢ ᠨᠢ ᠴᠦ ᠰᠠᠶᠢᠨ ᠤᠩᠰᠢᠵᠤ ᠰᠤᠷᠴᠤ ᠶᠠᠪᠤᠵᠤ ᠪᠠᠶᠢᠭᠰᠠᠨ ᠶᠤᠮ᠃ | ᠰᠤᠷᠪᠤᠯᠵᠢᠯᠠᠭᠴᠢ᠄ ᠡᠷᠳᠡᠨᠢᠲᠤᠭᠲᠠᠬᠤ ᠪᠠᠭᠰᠢ ᠶᠢᠨ ᠨᠠᠰᠤᠨ ᠲᠤᠷᠰᠢᠲᠠ ᠪᠠᠨ ᠮᠤᠩᠭᠤᠯ ᠬᠡᠯᠡ ᠪᠢᠴᠢᠭ ᠤᠨ | ᠠᠵᠢᠯ ᠢ ᠬᠦᠨᠳᠦᠳᠬᠡᠨ ᠴᠢᠬᠤᠯᠠᠴᠢᠯᠠᠵᠤ᠂ ᠦᠪᠯᠡᠨ ᠬᠦᠭᠵᠢᠭᠦᠯᠬᠦ ᠳᠤ ᠭᠤᠤᠯ ᠤᠳᠤᠷᠢᠳᠬᠤ ᠦᠢᠯᠡᠳᠦᠯ | ᠦᠵᠡᠭᠦᠯᠵᠦ ᠪᠠᠶᠢᠭᠰᠠᠨ ᠲᠤᠬᠠᠢ ᠲᠠ ᠠᠩᠬᠠᠷᠴᠤ ᠪᠠᠶᠢᠭᠰᠠᠨ ᠦᠦ︖ | ᠬᠡᠰᠢᠭᠲᠦᠭ᠌ᠲᠠᠬᠤ᠄ ᠲᠡᠷᠡ ᠦᠶ᠎ᠡ ᠳᠤ ᠤᠶᠤᠲᠠᠨ ᠪᠠᠶᠢᠭᠰᠠᠨ ᠪᠤᠯᠬᠤᠷ ᠨᠠᠷᠢᠨ ᠠᠩᠬᠠᠷᠴᠤ᠂ ᠭᠦᠨᠵᠡᠭᠡᠢ | ᠤᠶᠢᠯᠠᠭᠠᠵᠤ᠂ ᠰᠤᠳᠤᠯᠵᠤ ᠨᠢᠭᠲᠠᠯᠠᠵᠤ ᠶᠠᠪᠤᠭᠰᠠᠨ ᠦᠭᠡᠢ᠃ ᠭᠡᠪᠡᠴᠦ ᠰᠤᠶᠤᠯ ᠤᠨ ᠬᠤᠪᠢᠰᠬᠠᠯ ᠪᠤᠯᠲᠠᠯ᠎ᠠ ᠦᠪᠦᠷ | ᠮᠤᠩᠭᠤᠯ ᠤᠨ ᠮᠤᠩᠭᠤᠯ ᠬᠡᠯᠡ ᠪᠢᠴᠢᠭ ᠤᠨ ᠠᠵᠢᠯ ᠤᠨ ᠹᠷᠤᠨᠲ ᠲᠤ ᠬᠤᠶᠠᠷ ᠪᠦᠯᠦᠭ ᠬᠦᠮᠦᠰ ᠰᠠᠨᠠᠯ ᠠᠳᠠᠯᠢ | ᠦᠭᠡᠢ ᠪᠠᠶᠢᠭᠰᠠᠨ ᠭᠡᠳᠡᠭ ᠢ ᠪᠦᠭᠦᠳᠡᠭᠡᠷ ᠢᠶᠠᠨ ᠮᠡᠳᠡᠨ᠎ᠡ᠃ ᠡᠨᠡ ᠬᠤᠶᠠᠷ ᠪᠦᠯᠦᠭ ᠬᠦᠮᠦᠰ ᠤᠨ ᠨᠢᠭᠡᠨ ᠤ ᠬᠢᠨᠢ | ᠲᠤᠯᠤᠭᠠᠶᠢᠯᠠᠭᠴᠢ ᠨᠢ ᠡᠷᠳᠡᠨᠢᠲᠤᠭᠲᠠᠬᠤ ᠪᠠᠶᠢᠭᠰᠠᠨ᠂ ᠬᠠᠮᠤᠭ ᠤᠨ ᠰᠡᠭᠦᠯ ᠳᠤ ᠰᠤᠶᠤᠯ ᠤᠨ ᠬᠤᠪᠢᠰᠬᠠᠯ | ᠤᠶᠢᠷᠠᠲᠤᠭᠠᠳ ᠢᠷᠡᠬᠦ ᠦᠶ᠎ᠡ ᠡᠨᠡ ᠬᠤᠶᠠᠷ ᠪᠦᠯᠦᠭ ᠤᠨ ᠵᠦᠷᠢᠴᠡᠯ ᠨᠡᠷ᠎ᠡ ᠲᠤᠮᠢᠶᠠᠨ ᠳᠡᠭᠡᠷ᠎ᠡ ᠲᠦᠪᠯᠡᠷᠡᠵᠡᠢ᠃ | ᠡᠷᠳᠡᠨᠢᠲᠤᠭᠲᠠᠬᠤ ᠪᠠᠭᠰᠢ ᠪᠤᠯ ᠨᠡᠷ᠎ᠡ ᠲᠤᠮᠢᠶ᠎ᠠ ᠶᠢ ᠮᠤᠩᠭᠤᠯ ᠢᠶᠠᠷ ᠢᠶᠠᠨ ᠠᠪᠤᠨ᠎ᠠ᠂ ᠨᠦᠭᠦᠭᠡ ᠪᠦᠯᠦᠭ ᠨᠢ ᠪᠤᠯ | ᠬᠢᠲᠠᠳ ᠢᠶᠠᠷ ᠵᠢᠭᠡᠯᠡᠵᠦ ᠠᠪᠤᠨ᠎ᠠ ᠭᠡᠳ ᠡᠨᠡ ᠬᠤᠶᠠᠷ ᠪᠦᠯᠦᠭ ᠤᠨ ᠲᠡᠮᠡᠴᠡᠯ ᠶᠡᠭᠡ ᠰᠢᠷᠦᠭᠦᠰᠦᠭᠰᠡᠨ ᠶᠤᠮ᠃ | ᠰᠤᠶᠤᠯ ᠤᠨ ᠬᠤᠪᠢᠰᠬᠠᠯ ᠬᠦᠷᠴᠦ ᠢᠷᠡᠬᠦ ᠦᠶ᠎ᠡ ᠪᠠᠷ ᠡᠨᠡ ᠬᠤᠶᠠᠷ ᠪᠦᠯᠦᠭ ᠤᠨ ᠡᠷᠳᠡᠮ ᠰᠢᠨᠵᠢᠯᠡᠭᠡᠨ ᠤ ᠠᠳᠠᠯᠢ | ᠪᠤᠰᠤ ᠦᠵᠡᠯᠲᠡ ᠶᠢ ᠤᠯᠤᠰ ᠲᠦᠷᠦ ᠶᠢᠨ ᠠᠰᠠᠭᠤᠳᠠᠯ ᠪᠤᠯᠭᠠᠵᠤ᠂ ᠬᠢᠲᠠᠳ ᠠᠴᠠ ᠵᠢᠭᠡᠯᠡᠯᠭᠡ ᠦᠭᠡ ᠠᠪᠬᠤ ᠦᠭᠡᠢ | ᠭᠡᠳᠡᠭ ᠪᠤᠯ ᠦᠨᠳᠦᠰᠦᠲᠡᠨ ᠢ ᠬᠠᠭᠠᠴᠠᠭᠤᠯᠬᠤ ᠦᠵᠡᠯ ᠭᠡᠵᠦ ᠳᠤᠤᠷ᠎ᠠ ᠨᠢ ᠤᠯᠤᠰ ᠲᠦᠷᠦ ᠶᠢᠨ ᠲᠤᠮᠤ ᠮᠠᠯᠠᠭᠠᠢ | ᠵᠡᠭᠦᠯᠭᠡᠵᠡᠢ᠃ ᠡᠷᠳᠡᠨᠢᠲᠣᠭᠲᠠᠬᠤ ᠪᠠᠭᠰᠢ ᠰᠤᠶᠤᠯ ᠤᠨ ᠬᠤᠪᠢᠰᠬᠠᠯ ᠡᠭᠦᠰᠬᠦ ᠠᠴᠠ ᠡᠮᠦᠨ᠎ᠡ ︽ᠰᠢᠭᠦᠮᠵᠢᠯᠡᠬᠦ ᠡᠲᠡᠭᠡᠳ | ︾ ᠪᠤᠯᠴᠢᠬᠠᠭᠰᠠᠨ ᠶᠤᠮ᠃ ᠡᠭᠦᠨ ᠢ ᠨᠡᠶᠢᠭᠡᠮ ᠳᠠᠶᠠᠭᠠᠷ ᠮᠤᠩᠭᠤᠯ ᠬᠡᠯᠡ ᠪᠢᠴᠢᠭ ᠤᠨ ᠠᠵᠢᠯ ᠬᠢᠳᠡᠭ ᠬᠦᠮᠦᠰ᠂ | ᠮᠤᠩᠭᠤᠯ ᠬᠡᠯᠡ ᠤᠳᠬ᠎ᠠ ᠵᠣᠬᠢᠶᠠᠯ ᠤᠨ ᠮᠡᠷᠭᠡᠵᠢᠯ ᠢᠶᠠᠷ ᠰᠤᠷᠤᠯᠴᠠᠳᠠᠭ᠂ ᠬᠢᠴᠢᠶᠡᠯ ᠵᠢᠭᠠᠳᠠᠭ ᠪᠠᠭᠰᠢ ᠨᠠᠷ ᠪᠦᠷ | ᠰᠠᠶᠢᠨ ᠮᠡᠳᠡᠨ᠎ᠡ᠃ | ᠰᠤᠷᠪᠤᠯᠵᠢᠯᠠᠭᠴᠢ᠄ ᠳᠠᠯᠠᠭᠠᠳ ᠤᠨ ᠤ ᠰᠡᠭᠦᠯᠴᠢ ᠪᠠᠷ ᠡᠷᠳᠡᠨᠢᠲᠤᠭᠲᠠᠬᠤ ᠪᠠᠭᠰᠢ ᠶᠢᠨ ᠬᠢᠯᠢᠰ ᠢ | ᠴᠠᠭᠠᠳᠬᠠᠵᠤ᠂ ᠡᠷᠳᠡᠨᠢᠲᠤᠭᠲᠠᠬᠤ ᠪᠠᠭᠰᠢ ᠮᠤᠩᠭᠤᠯ ᠬᠡᠯᠡ ᠪᠢᠴᠢᠭ ᠤᠨ ᠠᠵᠢᠯ ᠤᠨ ᠪᠠᠶᠢᠷᠢᠨ ᠳᠠᠭᠠᠨ ᠭᠠᠷᠴᠤ | ᠲᠠᠬᠢᠵᠦ ᠠᠵᠢᠯᠯᠠᠭᠰᠠᠨ᠂ ᠲᠡᠷᠡ ᠦᠶ᠎ᠡ ᠶᠢᠨ ᠪᠠᠶᠢᠳᠠᠯ ᠠᠴᠠ ᠲᠠᠨᠢᠯᠴᠠᠭᠤᠯᠤᠨ᠎ᠠ ᠦᠦ︖ | ᠬᠡᠰᠢᠭᠲᠦᠭ᠌ᠲᠠᠬᠤ᠄ ᠲᠡᠭᠦᠨ ᠢ ᠠᠵᠢᠯ ᠤᠨ ᠪᠠᠶᠢᠷᠢᠨ ᠳᠠᠭᠠᠨ ᠭᠠᠷᠤᠭᠰᠠᠨ ᠤ ᠳᠠᠷᠠᠭ᠎ᠠ ᠤᠯᠠᠨ ᠤᠳᠠᠭᠠᠨ ᠤ | ᠬᠤᠷᠠᠯ ᠳᠤ ᠬᠠᠮᠲᠤ ᠤᠷᠤᠯᠴᠠᠵᠤ ᠶᠠᠪᠤᠭᠰᠠᠨ ᠪᠤᠯᠬᠤᠷ ᠡᠨᠡ ᠦᠶ᠎ᠡ ᠶᠢᠨ ᠬᠢᠨᠢ ᠠᠵᠢᠯ ᠤᠨ ᠪᠠᠶᠢᠳᠠᠯ ᠵᠡᠷᠭᠡ ᠨᠢ | ᠪᠢᠳᠡᠨ ᠳᠤ ᠨᠡᠩ ᠢᠯᠡᠭᠦᠦ ᠭᠦᠨ ᠨᠦᠯᠦᠭᠡ ᠲᠠᠢ᠃ ᠡᠨᠡ ᠪᠠᠭᠰᠢ ᠮᠤᠩᠭᠤᠯ ᠬᠡᠯᠡ ᠪᠢᠴᠢᠭ ᠤᠨ ᠠᠵᠢᠯ ᠤᠨ | ᠤᠳᠤᠷᠢᠳᠬᠤ ᠪᠠᠶᠢᠷᠢᠨ ᠳᠡᠭᠡᠷ᠎ᠡ ᠪᠠᠨ ᠭᠠᠷᠴᠤ ᠢᠷᠡᠩᠭᠦᠲᠡ ᠰᠤᠶᠤᠯ ᠤᠨ ᠬᠤᠪᠢᠰᠬᠠᠯ ᠤᠨ ᠳᠤᠮᠳᠠ ᠭᠠᠷᠤᠭᠰᠠᠨ | ᠮᠤᠩᠭᠤᠯ ᠬᠡᠯᠡ ᠪᠢᠴᠢᠭ ᠤᠨ ᠰᠠᠮᠠᠭᠤᠷᠠᠯ ᠢ ᠰᠠᠶᠢᠬᠠᠨ ᠵᠦᠭᠰᠢᠷᠡᠭᠦᠯᠵᠦ ᠠᠪᠤᠭᠰᠠᠨ ᠶᠤᠮ᠃ ᠡᠨᠡ ᠪᠤᠯ ᠶᠡᠭᠡ ᠴᠢᠬᠤᠯᠠ | ︕ ᠰᠤᠶᠤᠯ ᠤᠨ ᠬᠤᠪᠢᠰᠬᠠᠯ ᠤᠨ ᠳᠤᠮᠳᠠ ᠬᠡᠪᠯᠡᠭᠳᠡᠵᠦ ᠪᠠᠶᠢᠭᠰᠠᠨ ᠦᠪᠦᠷ ᠮᠤᠩᠭᠤᠯ ᠤᠨ ᠡᠳᠦᠷ ᠤᠨ ᠰᠤᠨᠢᠨ᠂ | ᠤᠨᠳᠤᠤ ᠰᠤᠨᠢᠨ ᠰᠡᠳᠬᠦᠯ ᠤᠳ ᠢ ᠦᠵᠡᠬᠦ ᠳᠤ ᠬᠦᠷᠪᠡᠯ ᠲᠡᠷᠡ ᠦᠶ᠎ᠡ ᠶᠢᠨ ᠰᠠᠮᠠᠭᠤᠷᠠᠭᠰᠠᠨ ᠪᠠᠶᠢᠳᠠᠯ ᠢ ᠲᠤᠪ | ᠲᠤᠳᠤᠷᠬᠠᠢ ᠦᠵᠡᠵᠦ ᠭᠠᠷᠴᠤ ᠪᠤᠯᠤᠨ᠎ᠠ᠃ ᠬᠠᠮᠤᠭ ᠤᠨ ᠤᠨᠴᠠᠭᠠᠢ ᠲᠠᠯ᠎ᠠ ᠨᠢ ᠭᠡᠪᠡᠯ ᠨᠡᠷ᠎ᠡ ᠲᠤᠮᠢᠶᠠᠨ ᠤ ᠳᠡᠭᠡᠷ᠎ᠡ | ᠢᠯᠡᠷᠡᠳᠡᠭ᠃ ᠨᠡᠷ᠎ᠡ ᠲᠤᠮᠢᠶ᠎ᠠ ᠶᠢ ᠪᠦᠷ ᠬᠢᠲᠡᠳ ᠢᠶᠠᠷ ᠠᠪᠬᠤ ᠦᠵᠡᠯᠲᠡ ᠳᠠᠪᠠᠮᠠᠭᠠᠶᠢᠯᠠᠭᠰᠠᠨ ᠤᠴᠢᠷ ᠠᠴᠠ | ᠢᠯᠠᠩᠭᠤᠶ᠎ᠠ ᠤᠯᠤᠰ ᠲᠦᠷᠦ ᠶᠢᠨ ᠲᠠᠯ᠎ᠠ ᠶᠢᠨ ᠨᠡᠷ᠎ᠡ ᠲᠤᠮᠢᠶ᠎ᠠ ᠶᠢ ᠪᠦᠷ ᠬᠢᠲᠡᠳ ᠢᠶᠠᠷ ᠠᠪᠴᠠᠢ᠃ ᠢᠩᠭᠢᠭᠰᠡᠨ ᠴᠢᠨᠢ | ᠪᠠᠶᠢᠭᠤᠯᠭ᠎ᠠ ᠶᠢᠨ ᠫᠠᠶᠢᠰᠠᠨ ᠳᠡᠭᠡᠷ᠎ᠡ ︿ᠵᠦᠩᠭᠦᠸᠧ ᠭᠦᠩᠴᠠᠨᠳᠠᠩ ᠤᠨ ᠲᠦᠩᠯᠢᠶᠤᠤ ᠰᠢᠶᠠᠨ ᠤ ᠴᠢᠴᠧ | ᠭᠦᠩᠰᠧ ᠤᠨ ᠸᠧᠢᠶᠤᠸᠠᠡᠾᠦ᠋ᠢ﹀ ᠭᠡᠵᠦ ᠪᠢᠴᠢᠭᠰᠡᠨ ᠨᠢ ᠰᠤᠨᠢᠨ ᠰᠡᠳᠬᠦᠯ ᠳᠡᠭᠡᠷ᠎ᠡ ᠨᠡᠶᠢᠲᠡᠯᠢᠭ ᠵᠢᠱᠢᠶ᠎ᠡ ᠪᠤᠯᠵᠤ | ᠤᠯᠠᠨ ᠶᠠᠷᠢᠭᠳᠠᠵᠤ ᠪᠠᠶᠢᠭᠰᠠᠨ ᠶᠤᠮ᠃ ᠡᠨᠡ ᠦᠭᠦᠯᠡᠪᠦᠷᠢ ᠳᠤ ᠮᠤᠩᠭᠤᠯ ᠬᠡᠯᠡᠨ ᠤ ᠳᠤᠯᠤᠭᠠᠨ ᠲᠠᠶᠢᠨ ᠢᠯᠭᠠᠯ ᠤᠨ | ᠳᠠᠭᠠᠪᠤᠷᠢ ᠨᠤᠭᠤᠳ ᠢ ᠬᠡᠷᠡᠭᠯᠡᠭᠰᠡᠨ ᠠᠴᠠ ᠪᠢᠰᠢ ᠨᠡᠷ᠎ᠡ ᠦᠭᠡ ᠶᠢ ᠪᠦᠷ ᠬᠢᠲᠠᠳ ᠢᠶᠠᠷ ᠪᠢᠴᠢᠭᠰᠡᠨ ᠪᠠᠶᠢᠨ᠎ᠠ᠃ ᠲᠡᠷᠡ | ᠦᠶ᠎ᠡ ᠶᠢᠨ ᠮᠤᠩᠭᠤᠯ ᠬᠡᠯᠡᠨ ᠤ ᠨᠡᠷ᠎ᠡ ᠲᠤᠮᠢᠶᠠᠨ ᠤ ᠲᠠᠯ᠎ᠠ ᠶᠢᠨ ᠠᠰᠠᠭᠤᠳᠠᠯ ᠡᠶᠢᠮᠦ ᠬᠡᠮᠵᠢᠶᠡᠨ ᠳᠤ ᠬᠦᠷᠴᠦ | ᠪᠠᠶᠢᠭᠰᠠᠨ ᠶᠤᠮ᠃ ᠬᠡᠷᠪᠡ ᠲᠡᠷᠡ ᠴᠡᠭ ᠢᠶᠠᠷ ᠢᠶᠠᠨ ᠴᠢᠨᠠᠭᠰᠢᠲᠠ ᠬᠦᠭᠵᠢᠭᠰᠡᠨ ᠶᠤᠮ ᠪᠤᠯ ᠮᠤᠩᠭᠤᠯ ᠬᠡᠯᠡ ᠪᠢᠴᠢᠭ | ᠤᠷᠤᠰᠢᠨ ᠲᠤᠭᠲᠠᠨᠢᠬᠤ ᠤᠷᠤᠨ ᠵᠠᠢ ᠪᠠᠶᠢᠬᠤ ᠦᠭᠡᠢ ᠪᠤᠯᠴᠢᠬᠠᠨ᠎ᠠ᠃ ᠶᠠᠮᠠᠷ ᠬᠡᠯᠡ ᠪᠤᠯᠬᠤᠪ︕ ᠡᠶᠢᠮᠦ ᠡᠶᠢᠮᠦ | ᠰᠠᠮᠠᠭᠤᠷᠠᠯ ᠤᠳ ᠢ ᠰᠤᠶᠤᠯ ᠤᠨ ᠬᠤᠪᠢᠰᠬᠠᠯ ᠤᠨ ᠳᠠᠷᠠᠭ᠎ᠠ ᠡᠷᠳᠡᠨᠢᠲᠣᠭᠲᠠᠬᠤ ᠪᠠᠭᠰᠢ ᠲᠠᠬᠢᠵᠦ ᠠᠵᠢᠯ ᠳᠡᠭᠡᠷ᠎ᠡ ᠪᠠᠨ | ᠭᠠᠷᠤᠩᠭᠤᠲᠠ ᠪᠠᠨ ᠤᠬᠤᠷᠬᠠᠨ ᠬᠤᠭᠤᠴᠠᠭᠠᠨ ᠳᠤ ᠡᠨᠡᠬᠦ ᠠᠰᠠᠭᠤᠳᠠᠯ ᠢ ᠰᠠᠶᠢᠬᠠᠨ ᠰᠢᠢᠳᠪᠦᠷᠢᠯᠡᠵᠦ ᠵᠦᠭᠰᠢᠷᠡᠭᠦᠯᠵᠦ | ᠠᠪᠤᠭᠰᠠᠨ ᠪᠦᠭᠡᠳ ᠬᠡᠯᠡ ᠪᠢᠴᠢᠭ ᠤᠨ ᠠᠵᠢᠯ ᠢ ᠲᠠᠬᠢᠭᠠᠳ ᠵᠦᠪ ᠵᠠᠮ ᠳᠤᠨᠢ ᠤᠷᠤᠭᠤᠯᠤᠭᠰᠠᠨ ᠶᠤᠮ᠂ ᠡᠨᠡ ᠨᠢ | ᠶᠡᠭᠡ ᠲᠤᠳᠤᠷᠬᠠᠢ᠃ ᠵᠢᠱᠢᠶᠡᠯᠡᠪᠡᠯ᠄ ᠡᠷᠳᠡᠨᠢᠲᠤᠭᠲᠠᠬᠤ ᠪᠠᠭᠰᠢ ᠶᠢᠨ ᠵᠤᠬᠢᠶᠠᠯ ᠪᠦᠲᠦᠭᠡᠯ ᠤᠨ ᠲᠤᠬᠠᠢ ᠠᠷᠪᠠᠨ ᠨᠢᠭᠡᠨ | ᠪᠤᠳᠢ ᠶᠢ ᠪᠢᠳᠡ ᠰᠠᠶ᠋ᠢᠬᠠᠨ ᠨᠠᠶᠢᠷᠠᠭᠤᠯᠤᠭᠰᠠᠨ ᠶᠤᠮ᠃ ᠡᠷᠬᠢᠯᠡᠭᠰᠡᠨ ᠨᠠᠶᠢᠷᠠᠭᠤᠯᠤᠭᠴᠢ ᠶᠢᠨ ᠬᠤᠪᠢ ᠠᠴᠠ ᠡᠭᠦᠨ ᠳᠤ | ᠪᠢ ᠡᠵᠡᠨ ᠰᠠᠭᠤᠨ᠎ᠠ᠃ ᠬᠠᠮᠤᠭ ᠤᠨ ᠰᠡᠭᠦᠯ ᠳᠤ ᠬᠡᠪᠯᠡᠬᠦ ᠦᠶ᠎ᠡ ᠳᠤ᠂ ᠬᠠᠷᠢᠭᠤᠴᠠᠯᠭ᠎ᠠ ᠦᠭᠡᠢ ᠳᠠᠷᠤᠮᠠᠯᠯᠠᠬᠤ | ᠭᠠᠵᠠᠷ ᠠᠪᠠᠴᠢᠵᠤ ᠦᠭᠭᠦᠭᠰᠡᠨ ᠢᠶᠠᠷ ᠵᠠᠷᠢᠮ ᠪᠤᠳᠢ ᠨᠤᠮ ᠤᠨ ᠬᠢᠨᠢ ᠭᠠᠳᠠᠷ ᠪᠠ ᠦᠰᠦᠭ ᠨᠢ ᠬᠦᠷᠲᠡᠯ᠎ᠡ | ᠲᠤᠩᠭᠤᠷᠴᠤ ᠬᠡᠪᠯᠡᠭᠳᠡᠭᠰᠡᠨ᠂ ᠨᠠᠭᠠᠯᠲᠠ ᠵᠠᠳᠠᠷᠠᠭᠰᠠᠨ ᠵᠡᠷᠭᠡ ᠤᠯᠠᠨ ᠠᠰᠠᠭᠤᠳᠠᠯ ᠭᠠᠷᠴᠠᠢ᠃ ᠡᠶᠢᠮᠦ ᠠᠴᠠ ᠲᠡᠭᠦᠨ ᠤ | ᠨᠤᠮ ᠢ ᠲᠠᠬᠢᠵᠤ ᠨᠢᠭᠡ ᠤᠳᠠᠭ᠎ᠠ ᠬᠡᠪᠯᠡᠭᠡᠳ ᠡᠭᠦᠨ ᠤ ᠳᠠᠷᠠᠭ᠎ᠠ ᠪᠠᠷ ᠪᠤᠯᠤᠭᠰᠠᠨ ᠶᠠᠷᠢᠯᠴᠠᠬᠤ ᠬᠤᠷᠠᠯ ᠤᠨ ᠦᠭᠦᠯᠡᠯ | ᠪᠠ ᠲᠡᠭᠦᠨ ᠠᠴᠠ ᠬᠤᠶᠢᠰᠢ ᠡᠷᠳᠡᠨᠢᠲᠤᠭᠲᠠᠬᠤ ᠪᠠᠭᠰᠢ ᠶᠢᠨ ᠲᠤᠬᠠᠢ ᠬᠦᠮᠦᠰ ᠤᠨ ᠪᠢᠴᠢᠭᠰᠡᠨ ᠦᠭᠦᠯᠡᠯ ᠢ ᠨᠢᠭᠡ | ᠪᠤᠳᠢ ᠪᠤᠯᠭᠠᠭᠠᠳ᠂ ᠪᠠᠰᠠ ᠨᠢᠭᠡ ᠤᠳᠠᠭ᠎ᠠ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠬᠢᠵᠦ᠂ ᠡᠨᠡ ᠶᠠᠷᠢᠯᠴᠠᠬᠤ | ᠬᠤᠷᠠᠯ ᠤᠨ ᠢᠶᠠᠨ ᠭᠤᠤᠯ ᠰᠡᠳᠦᠪ ᠢ ︽ᠤᠳᠤ ᠶᠢᠨ ᠮᠤᠩᠭᠤᠯ ᠬᠡᠯᠡ ᠪᠢᠴᠢᠭ ᠤᠨ ᠰᠠᠮᠠᠭᠤᠷᠠᠯ ᠢ ᠶᠠᠭᠠᠬᠢᠵᠤ | ᠵᠦᠭᠰᠢᠷᠡᠭᠦᠯᠦᠨ᠎ᠡ ᠪᠤᠢ︕︾ ᠭᠡᠳᠡᠭ ᠠᠰᠠᠭᠤᠳᠠᠯ ᠢᠶᠠᠷ ᠶᠠᠷᠢᠯᠴᠠᠪᠠᠯ ᠶᠡᠭᠡ ᠰᠠᠶᠢᠨ ᠪᠠᠶᠢᠬ᠎ᠠ ᠭᠡᠵᠦ ᠪᠤᠳᠤᠵᠤ | ᠪᠠᠶᠢᠨ᠎ᠠ᠃ ᠪᠠᠰᠠ ᠨᠢᠭᠡ ᠨᠢ ᠪᠤᠯ ᠡᠷᠳᠡᠨᠢᠲᠤᠭᠲᠠᠬᠤ ᠪᠠᠭᠰᠢ ᠠᠴᠠ ᠬᠤᠶᠢᠰᠢ ᠦᠪᠦᠷ ᠮᠤᠩᠭᠤᠯ ᠳᠤ ︽ᠮᠤᠩᠭᠤᠯ | ᠬᠡᠯᠡ ᠪᠢᠴᠢᠭ ᠤᠨ ᠠᠵᠢᠯ ᠤᠨ ᠳᠦᠷᠢᠮ︾ ᠭᠠᠷᠤᠭᠰᠠᠨ᠂ ᠡᠨᠡ ᠪᠤᠯ ᠬᠠᠤᠯᠢ ᠶᠢᠨ ᠴᠢᠨᠠᠷᠲᠠᠢ ᠪᠢᠴᠢᠭ ᠮᠠᠲ᠋ᠧᠷᠢᠶᠠᠯ | ᠪᠤᠯᠬᠤ ᠶᠤᠮ᠃ ᠭᠡᠬᠦ ᠳᠡᠭᠡᠨ ᠠᠰᠠᠭᠤᠳᠠᠯ ᠨᠢ ᠶᠠᠭᠤ ᠪᠠᠶᠢᠨ᠎ᠠ ᠪᠤᠢ︖ ᠭᠡᠪᠡᠯ᠂ ᠡᠨᠡ ᠳᠦᠷᠢᠮ ᠢ ᠴᠢᠨᠠᠭᠰᠢᠲᠠ | ᠬᠡᠷᠡᠭᠵᠢᠭᠦᠯᠬᠦ ᠨᠠᠷᠢᠨ ᠳᠦᠷᠢᠮ ᠤᠳᠤ ᠪᠤᠯᠲᠠᠯ᠎ᠠ ᠭᠠᠷᠤᠭ᠎ᠠ ᠦᠭᠡᠢ ᠪᠠᠶᠢᠨ᠎ᠠ᠃ ᠨᠠᠷᠢᠨ ᠳᠦᠷᠢᠮ ᠭᠠᠷᠬᠤ ᠦᠭᠡᠢ ᠳᠤ | ᠬᠦᠷᠪᠡᠯ ᠡᠨᠡ ︽ᠠᠵᠢᠯ ᠤᠨ ᠳᠦᠷᠢᠮ︾ ᠴᠢᠨᠢ ᠳᠡᠮᠡᠢ ᠦᠢᠯᠡᠳᠦᠯ ᠭᠠᠷᠭᠠᠵᠤ ᠳᠡᠶᠢᠯᠬᠦ ᠦᠭᠡᠢ᠃ ᠵᠢᠱᠢᠶᠡᠯᠡᠪᠡᠯ᠄ | ᠮᠤᠩᠭᠤᠯ ᠬᠡᠯᠡ ᠪᠢᠴᠢᠭ ᠤᠨ ᠨᠠᠷᠢᠨ ᠳᠦᠷᠢᠮ ᠭᠠᠷᠭᠠᠭᠠᠳ᠂ ᠮᠤᠩᠭᠤᠯ ᠬᠡᠯᠡ ᠪᠢᠴᠢᠭ ᠢ ᠵᠦᠪ ᠠᠪᠴᠤ ᠶᠠᠪᠤᠬᠤ | ᠦᠭᠡᠢ ᠳᠤ ᠬᠦᠷᠪᠡᠯ ᠶᠠᠭᠠᠬᠢᠵᠤ ᠶᠠᠯᠠᠳᠠᠨ᠎ᠠ ᠦᠦ︖ ᠶᠠᠭᠠᠬᠢᠵᠤ ᠰᠢᠢᠳᠬᠡᠨ᠎ᠡ ᠦᠦ︖ ᠵᠦᠪ ᠰᠠᠶᠢᠬᠠᠨ ᠠᠪᠴᠤ | ᠶᠠᠪᠤᠪᠠᠯ ᠶᠠᠭᠠᠬᠢᠵᠤ ᠱᠠᠩᠨᠠᠵᠤ ᠬᠦᠬᠢᠭᠦᠯᠦᠨ᠎ᠡ ᠦᠦ︖ ᠡᠶᠢᠮᠦ ᠲᠤᠳᠤᠷᠬᠠᠢ ᠳᠦᠷᠢᠮ ᠪᠦᠷ ᠪᠠᠶᠢᠬᠤ ᠬᠡᠷᠡᠭᠲᠡᠢ᠃ | ᠨᠢᠭᠡ ᠬᠤᠲᠠ ᠶᠢᠨ ᠡᠮᠨᠡᠯᠭᠡ ᠶᠢᠨ ᠬᠤᠷᠢᠶᠠᠨ ᠳᠤ ︽ᠠᠮᠠᠨ ᠬᠦᠨᠳᠡᠢ ᠶᠢᠨ ᠰᠠᠯᠠᠭ᠎ᠠ︾ ᠭᠡᠰᠡᠨ ᠢ ︽ᠠᠯᠠᠨ | ᠬᠦᠨᠳᠡᠢ ᠶᠢᠨ ᠰᠠᠯᠠᠭ᠎ᠠ︾ ᠭᠡᠵᠦ ᠪᠢᠴᠢᠴᠢᠬᠡᠭᠡᠳ ᠡᠯᠭᠦᠵᠦ ᠪᠠᠶᠢᠨ᠎ᠠ ᠭᠡᠨ᠎ᠡ᠃ ᠡᠶᠢᠮᠦᠷᠬᠦ ᠫᠠᠶᠢᠰᠠ ᠢᠯᠡᠷᠬᠡᠶᠢᠯᠡᠯ | ᠭᠠᠷᠴᠤ ᠢᠷᠡᠪᠡᠯ ᠡᠨᠡ ᠪᠤᠯ ᠮᠤᠩᠭᠤᠯ ᠬᠡᠯᠡ ᠪᠢᠴᠢᠭ ᠤᠨ ᠠᠵᠢᠯ ᠤᠨ ᠳᠦᠷᠢᠮ ᠠᠴᠠ ᠰᠢᠭᠤᠳ ᠵᠦᠷᠢᠴᠡᠵᠦ ᠪᠠᠶᠢᠨ᠎ᠠ | ᠃ ᠡᠨᠡ ᠪᠠᠶᠢᠭᠤᠯᠭ᠎ᠠ ᠶᠢᠨ ᠤᠳᠤᠷᠢᠳᠤᠯᠭ᠎ᠠ᠂ ᠲᠤᠰᠬᠠᠢ ᠬᠠᠷᠢᠭᠤᠴᠠᠭᠰᠠᠨ ᠬᠦᠮᠦᠨ ᠢ ᠶᠠᠭᠠᠬᠢᠵᠤ ᠰᠢᠢᠳᠬᠡᠪᠡᠯ | ᠲᠠᠭᠠᠷᠠᠨ᠎ᠠ ᠦᠦ︖ ᠪᠢᠳᠡ ᠤᠳᠤ ᠶᠠᠮᠠᠷᠴᠤ ᠨᠠᠷᠢᠨ ᠳᠦᠷᠢᠮ ᠦᠭᠡᠢ ᠪᠤᠯᠬᠤᠷ ᠶᠠᠭᠠᠬᠢᠵᠤ ᠵᠦᠷᠢᠴᠡᠪᠡᠴᠦ ᠬᠠᠮᠢᠶ᠎ᠠ | ᠦᠭᠡᠢ ᠪᠠᠶᠢᠨ᠎ᠠ᠂ ᠶᠠᠮᠠᠷᠴᠦ ᠰᠢᠢᠳᠬᠡᠬᠦ ᠳᠦᠷᠢᠮ ᠲᠤᠭᠲᠠᠭᠠᠯ ᠦᠭᠡᠢ ᠪᠠᠶᠢᠨ᠎ᠠ᠃ ᠡᠶᠢᠮᠦ ᠡᠶᠢᠮᠦ ᠪᠠᠶᠢᠳᠠᠯ ᠳᠤ | ᠬᠠᠨᠳᠤᠭᠤᠯᠤᠨ ᠨᠠᠷᠢᠨ ᠳᠦᠷᠢᠮ ᠭᠠᠷᠭᠠᠪᠠᠯ ᠲᠠᠭᠠᠷᠠᠨ᠎ᠠ᠃ ︽ᠠᠵᠢᠯ ᠤᠨ ᠳᠦᠷᠢᠮ︾ ᠢ ᠵᠢᠩᠬᠢᠨᠢ ᠰᠠᠶᠢᠬᠠᠨ | ᠬᠡᠷᠡᠭᠵᠢᠭᠦᠯᠦᠶ᠎ᠡ ᠭᠡᠪᠡᠯ ᠡᠷᠬᠡᠪᠰᠢ ᠨᠠᠷᠢᠨ ᠳᠦᠷᠢᠮ ᠭᠠᠷᠭᠠᠬᠤ ᠬᠡᠷᠡᠭᠲᠡᠢ᠃ ᠨᠠᠮ ᠲᠦᠷᠦ ᠠᠴᠠ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢᠨ ᠳᠠᠭᠠᠤ ᠳᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠠᠶᠢᠬᠠᠨ ᠠᠪᠴᠤ ᠶᠠᠪᠤ | ᠭᠡᠵᠦ ᠱᠠᠭᠠᠷᠳᠠᠵᠣ ᠪᠠᠶᠢᠨ᠎ᠠ᠃ ᠤᠳᠤ ᠶᠢᠨ ᠬᠡᠯᠡᠨ ᠤ ᠰᠠᠮᠠᠭᠤᠷᠠᠯ ᠢ ᠮᠠᠨ ᠤ ᠮᠤᠩᠭᠤᠯᠴᠤᠳ ᠦᠪᠡᠷ ᠢᠶᠠᠨ ᠡᠭᠦᠰᠬᠡᠵᠦ | ᠪᠠᠶᠢᠨ᠎ᠠ᠃ ᠡᠳᠡᠭᠡᠷ ᠠᠰᠠᠭᠤᠳᠠᠯ ᠢ ᠵᠦᠪ ᠲᠠᠨᠢᠵᠤ᠂ ᠡᠷᠳᠡᠨᠢᠲᠤᠭᠲᠠᠬᠤ ᠪᠠᠭᠰᠢ ᠪᠠᠨ ᠳᠤᠷᠠᠰᠬᠠᠬᠤ ᠰᠠᠶᠢᠬᠠᠨ | ᠲᠤᠬᠢᠶᠠᠯ ᠢᠶᠠᠷ᠂ ᠤᠳᠤ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠰᠠᠮᠠᠭᠤᠷᠠᠯ ᠢ ᠵᠦᠭᠰᠢᠷᠡᠭᠦᠯᠵᠦ ᠢᠷᠡᠪᠡᠯ | ᠡᠷᠳᠡᠨᠢᠲᠤᠭᠲᠠᠬᠤ ᠪᠠᠭᠰᠢ ᠶᠢᠨ ᠭᠡᠭᠡᠨ ᠰᠦᠨᠡᠰᠦ ᠪᠠᠶᠠᠰᠤᠨ᠎ᠠ ᠪᠠᠶᠢᠬ᠎ᠠ ᠭᠡᠵᠦ ᠪᠤᠳᠤᠵᠤ ᠪᠠᠶᠢᠨ᠎ᠠ᠃ | ᠰᠤᠷᠪᠤᠯᠵᠢᠯᠠᠭᠴᠢ᠄ ᠲᠠ ᠬᠤᠪᠢ ᠶᠢᠨ ᠲᠠᠯ᠎ᠠ ᠠᠴᠠ ᠪᠠᠨ ᠡᠨᠡ ᠬᠦᠮᠦᠨ ᠤ ᠮᠤᠩᠭᠤᠯ ᠬᠡᠯᠡ ᠪᠢᠴᠢᠭ᠂ | ᠮᠤᠩᠭᠤᠯ ᠰᠤᠶᠤᠯ ᠳᠤ ᠦᠵᠡᠭᠦᠯᠦᠭᠰᠡᠨ ᠨᠦᠷᠢ ᠶᠡᠭᠡ ᠭᠠᠪᠢᠶ᠎ᠠ ᠵᠢᠳᠬᠦᠯ ᠢ ᠶᠠᠭᠠᠬᠢᠵᠤ ᠦᠨᠡᠯᠡᠳᠡᠭ ᠪᠤᠢ︖ | ᠬᠡᠰᠢᠭᠲᠦᠭ᠌ᠲᠠᠬᠤ᠄ ᠡᠨᠡ ᠬᠦᠮᠦᠨ ᠪᠤᠯ ᠮᠤᠩᠭᠤᠯ ᠬᠡᠯᠡ ᠪᠢᠴᠢᠭ ᠤᠨ ᠠᠵᠢᠯ ᠢ ᠠᠮᠢ ᠲᠠᠢ ᠪᠠᠨ ᠬᠤᠯᠪᠤᠵᠤ | ᠶᠠᠪᠤᠭᠰᠠᠨ ᠬᠦᠮᠦᠨ᠂ ᠮᠤᠩᠭᠤᠯ ᠬᠡᠯᠡ ᠪᠢᠴᠢᠭ ᠢᠶᠠᠨ ᠨᠢᠳᠦᠨ ᠤ ᠴᠡᠴᠡᠭᠡᠢ ᠮᠡᠲᠦ ᠬᠠᠶᠢᠷᠠᠯᠠᠵᠤ ᠶᠠᠪᠤᠭᠰᠠᠨ ᠬᠦᠮᠦᠨ᠃ | ᠡᠶᠢᠮᠦ ᠠᠴᠠ ᠰᠤᠶᠤᠯ ᠤᠨ ᠬᠤᠪᠢᠰᠬᠠᠯ ᠤᠨ ᠳᠤᠮᠳᠠ ᠠᠮᠢ ᠲᠠᠢ ᠨᠢ ᠬᠡᠯᠡᠯᠴᠡᠵᠦ ᠪᠠᠶᠢᠬᠤ ᠳᠤ ᠡᠨᠡ ᠬᠦᠮᠦᠨ | ᠤᠬᠤᠷᠢᠭ᠎ᠠ ᠦᠭᠡᠢ᠃ ᠤᠳᠤ ᠮᠠᠨ ᠤ ᠮᠤᠩᠭᠤᠯ ᠬᠡᠯᠡ ᠪᠢᠴᠢᠭ ᠤᠨ ᠠᠵᠢᠯ ᠬᠢᠵᠦ ᠪᠠᠶᠢᠭ᠎ᠠ ᠬᠦᠮᠦᠰ᠂ ᠮᠤᠩᠭᠤᠯ | ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠤᠨ ᠬᠦᠮᠦᠰ᠂ ᠮᠤᠩᠭᠤᠯ ᠢᠶᠠᠷ ᠢᠶᠠᠨ ᠠᠵᠢᠯᠯᠠᠭᠠᠳ ᠶᠠᠪᠤᠵᠤ | ᠪᠠᠶᠢᠬᠤ ᠠᠴᠠ ᠪᠢᠰᠢ᠂ ᠶᠠᠭ ᠮᠤᠩᠭᠤᠯ ᠬᠡᠯᠡ ᠪᠢᠴᠢᠭ ᠲᠤ ᠲᠡᠶᠢᠮᠦ ᠭᠦᠨ ᠭᠦᠨᠵᠡᠭᠡᠢ ᠬᠠᠶᠢᠷ᠎ᠠ ᠰᠡᠳᠬᠢᠯᠭᠡ ᠪᠠᠶᠢᠨ᠎ᠠ | ᠦᠦ︖ ᠦᠭᠡᠢ ᠦᠦ︖ ᠪᠢ ᠵᠢᠭᠠᠬᠠᠨ ᠰᠡᠵᠢᠭᠯᠡᠭᠡᠳ ᠪᠠᠶᠢᠬᠤ ᠶᠤᠮ᠃ ᠬᠦᠮᠦᠨ ᠴᠢᠨᠦ ᠮᠤᠩᠭᠤᠯ ᠬᠡᠯᠡ ᠪᠢᠴᠢᠭ ᠢ | ᠶᠠᠭᠠᠬᠢᠵᠦ ᠰᠠᠮᠠᠭᠤᠷᠠᠭᠤᠯᠴᠢᠬᠠᠭᠰᠠᠨ ᠴᠦ ᠠᠵᠢᠭ ᠴᠦ ᠦᠭᠡᠢ ᠢᠨᠢᠶᠡᠭᠡᠳ ᠦᠩᠭᠡᠷᠡᠵᠦ ᠪᠠᠶᠢᠬᠤ ᠬᠦᠮᠦᠰ ᠰᠢᠳᠠ︕ | ᠡᠨᠡ ᠲᠠᠯ᠎ᠠ ᠪᠠᠷ ᠡᠷᠳᠡᠨᠢᠲᠤᠭᠲᠠᠬᠤ ᠪᠠᠭᠰᠢ ᠶᠠᠭᠠᠬᠢᠭᠠᠳ ᠮᠤᠩᠭᠤᠯ ᠬᠡᠯᠡ ᠪᠢᠴᠢᠭ ᠤᠨ ᠲᠦᠯᠦᠭᠡ ᠲᠠᠭᠡᠵᠦ ᠴᠦᠬᠦᠷᠡᠰᠢ | ᠦᠭᠡᠢ ᠵᠢᠳᠬᠦᠵᠦ ᠳᠡᠶᠢᠯᠦᠭᠰᠡᠨ ᠪᠤᠢ︖ ᠭᠡᠬᠦᠯᠡᠷ ᠡᠨᠡ ᠬᠦᠮᠦᠨ ᠤ ᠬᠠᠶᠢᠷ᠎ᠠ ᠰᠡᠳᠬᠢᠯᠭᠡ ᠴᠠᠭᠠᠨ᠎ᠠ ᠪᠠᠨ ᠶᠡᠭᠡ ᠭᠦᠨ | ᠪᠠᠶᠢᠨ᠎ᠠ ᠰᠢᠦ᠃ ᠪᠢᠳᠡ ᠮᠤᠩᠭᠤᠯ ᠬᠡᠯᠡ ᠪᠢᠴᠢᠭ ᠢᠶᠠᠨ ᠬᠠᠶᠢᠷᠠᠯᠠᠬᠤ ᠦᠭᠡᠢ ᠪᠠᠶᠢᠬᠤ ᠶᠢᠨ ᠠᠷᠭ᠎ᠠ ᠦᠭᠡᠢ᠂ ᠡᠨᠡ ᠨᠢ | ᠵᠦᠪᠬᠡᠨ ᠡᠷᠳᠡᠨᠢᠲᠤᠭᠲᠠᠬᠤ ᠪᠠᠭᠰᠢ ᠶᠡᠭᠡ ᠡᠷᠬᠢᠮᠯᠡᠵᠦ ᠶᠠᠪᠤᠭᠰᠠᠨ ᠪᠤᠯᠬᠤᠷ ᠪᠢᠳᠡ ᠡᠷᠬᠢᠮᠯᠡᠶ᠎ᠡ ᠭᠡᠰᠡᠨ ᠡᠶᠢᠮᠦᠬᠡᠨ | ᠠᠰᠠᠭᠤᠳᠠᠯ ᠪᠢᠰᠢ᠃ ᠡᠨᠡ ᠦᠰᠦᠭ ᠪᠢᠴᠢᠭ ᠢ ᠴᠢᠨᠢ ᠴᠢᠩᠭᠢᠰ ᠬᠠᠭᠠᠨ ᠲᠦᠷᠦ ᠶᠢᠨ ᠦᠰᠦᠭ ᠪᠢᠴᠢᠭ ᠪᠤᠯᠭᠠᠭᠰᠠᠨ | ᠰᠢᠦ ᠳ᠋ᠠ︕ ᠴᠢᠩᠭᠢᠰ ᠬᠠᠭᠠᠨ ᠲᠦᠷᠦ ᠶᠢᠨ ᠦᠰᠦᠭ ᠪᠤᠯᠭᠠᠵᠤ ᠳᠡᠯᠭᠡᠷᠡᠭᠦᠯᠵᠦ ᠬᠡᠷᠡᠭᠯᠡᠭᠰᠡᠨ ᠠᠴᠠ ᠡᠳᠦᠢ | ᠬᠦᠷᠲᠡᠯ᠎ᠡ ᠪᠢᠳᠡ ᠦᠭᠡ ᠬᠡᠯᠡ ᠦᠰᠦᠭ ᠪᠢᠴᠢᠭ ᠲᠠᠢ ᠰᠠᠶᠢᠬᠠᠨ ᠶᠠᠪᠤᠵᠤ ᠪᠠᠶᠢᠨ᠎ᠠ᠃ ᠡᠨᠡ ᠲᠠᠯ᠎ᠠ ᠪᠠᠷ ᠦᠪᠦᠷ | ᠮᠤᠩᠭᠤᠯᠴᠤᠳ ᠪᠤᠯ ᠭᠠᠪᠢᠶ᠎ᠠ ᠲᠠᠢ᠃ ᠬᠡᠷᠪᠡ ᠤᠳᠤ ᠪᠢᠳᠡ ᠤᠯᠠᠨ ᠠᠰᠠᠭᠤᠳᠠᠯ ᠢ ᠨᠠᠷᠢᠨ ᠪᠤᠳᠤᠬᠤ ᠦᠭᠡᠢ ᠳᠤ | ᠬᠦᠷᠪᠡᠯ ᠴᠢᠩᠭᠢᠰ ᠬᠠᠭᠠᠨ ᠤ ᠠᠪᠴᠤ ᠬᠡᠷᠡᠭᠯᠡᠭᠰᠡᠨ ᠲᠦᠷᠦ ᠶᠢᠨ ᠦᠰᠦᠭ ᠢ ᠤᠳᠤ ᠭᠡᠭᠡᠬᠦ ᠳᠤ ᠤᠶᠢᠷᠠᠳᠤᠵᠤ | ᠪᠠᠶᠢᠨ᠎ᠠ᠂ ᠡᠭᠦᠨ ᠢ ᠰᠠᠶᠢᠲᠤᠷ ᠪᠤᠳᠤᠯᠬᠢᠯᠠᠬᠤ ᠬᠡᠷᠡᠭᠲᠡᠢ᠃ ᠮᠤᠩᠭᠤᠯ ᠤᠯᠤᠰ ᠶᠡᠷᠦᠩᠬᠡᠶᠢᠯᠡᠭᠴᠢ ᠶᠢᠨ ᠵᠠᠷᠯᠢᠭ | ᠭᠠᠷᠭᠠᠭᠠᠳ ᠭᠠᠳᠠᠭᠠᠳᠤ ᠬᠠᠷᠢᠯᠴᠠᠭᠠᠨ ᠤ ᠪᠢᠴᠢᠭ ᠮᠠᠲ᠋ᠧᠷᠢᠶᠠᠯ ᠢ ᠮᠤᠩᠭᠤᠯ᠂ ᠠᠩᠭ᠍ᠯᠢ ᠬᠤᠶᠠᠷ ᠦᠰᠦᠭ ᠢᠶᠠᠷ | ᠶᠠᠪᠤᠭᠤᠯᠤᠨ᠎ᠠ ᠭᠡᠵᠦ ᠲᠤᠭᠲᠠᠭᠠᠯ ᠭᠠᠷᠭᠠᠴᠢᠬᠠᠭᠠᠳ ᠪᠠᠶᠢᠨ᠎ᠠ᠃ ᠠᠯᠪᠠᠨ ᠠᠵᠢᠯᠲᠠᠨ ᠠᠪᠬᠤ ᠦᠶ᠎ᠡ ᠮᠤᠩᠭᠤᠯ | ᠦᠰᠦᠭ ᠪᠢᠴᠢᠭ ᠢ ᠪᠦᠷ ᠰᠢᠯᠭᠠᠨ᠎ᠠ᠂ ᠮᠤᠩᠭᠤᠯ ᠪᠢᠴᠢᠭ ᠮᠡᠳᠡᠬᠦ ᠦᠭᠡᠢ ᠳᠤ ᠬᠦᠷᠪᠡᠯ ᠠᠯᠪᠠᠨ ᠠᠵᠢᠯᠲᠠᠨ ᠳᠤ | ᠤᠷᠤᠬᠤ ᠡᠷᠬᠡ ᠪᠠᠶᠢᠬᠤ ᠦᠭᠡᠢ ᠭᠡᠬᠦ ᠮᠡᠲᠦ ᠶᠢᠨ ᠳᠦᠷᠢᠮ ᠲᠤᠭᠲᠠᠭᠠᠵᠠᠢ᠃ ᠲᠡᠳᠡ ᠬᠠᠷᠢᠨ ᠮᠤᠩᠭᠤᠯ ᠬᠡᠯᠡ | ᠪᠢᠴᠢᠭ ᠤᠨ ᠲᠤᠬᠠᠢ ᠨᠠᠷᠢᠨ ᠳᠦᠷᠢᠮ ᠭᠠᠷᠭᠠᠴᠢᠬᠠᠭᠠᠳ ᠪᠠᠶᠢᠨ᠎ᠠ ᠰᠢᠦ︕ ᠡᠶᠢᠮᠦᠷᠬᠦ ᠪᠤᠳᠠᠲᠠᠢ ᠠᠰᠠᠭᠤᠳᠠᠯ ᠢ ᠪᠦᠷ | ᠨᠠᠷᠢᠨ ᠳᠦᠷᠢᠮ ᠢᠶᠠᠷ ᠲᠤᠭᠲᠠᠭᠠᠴᠢᠬᠠᠭᠠᠳ ᠪᠠᠶᠢᠨ᠎ᠠ᠃ ᠳᠡᠭᠡᠬᠦ ᠳᠤ ᠮᠠᠨ ᠤ ᠦᠪᠦᠷ ᠮᠤᠩᠭᠤᠯᠴᠤᠳ ᠶᠠᠭᠤ ᠬᠢᠭᠡᠳ | ᠰᠠᠭᠤᠵᠤ ᠪᠠᠶᠢᠭ᠎ᠠ ᠪᠤᠢ︖ ᠬᠠᠷᠢᠨ ᠮᠤᠩᠭᠤᠯ ᠦᠰᠦᠭ ᠪᠢᠴᠢᠭ ᠢᠶᠠᠨ ᠰᠠᠮᠠᠭᠤᠷᠠᠭᠤᠯᠤᠭᠠᠳ ᠰᠠᠭᠤᠵᠤ ᠪᠠᠶᠢᠨ᠎ᠠ᠃ | ᠮᠤᠩᠭᠤᠯ ᠤᠯᠤᠰ ᠳᠠᠯ᠎ᠠ ᠭᠠᠷᠤᠢ ᠵᠢᠯ ᠬᠠᠶᠠᠴᠢᠬᠠᠭᠠᠳ ᠤᠳᠤ ᠲᠠᠬᠢᠵᠦ ᠮᠤᠩᠭᠤᠯ ᠪᠢᠴᠢᠭ ᠢᠶᠠᠨ ᠰᠡᠷᠭᠦᠭᠡᠵᠦ | ᠠᠪᠤᠭᠠᠳ ᠬᠡᠷᠡᠭᠯᠡᠵᠦ᠂ ᠶᠡᠷᠦᠩᠬᠡᠶᠢᠯᠡᠭᠴᠢ ᠶᠢᠨ ᠵᠠᠷᠯᠢᠭ ᠪᠠᠭᠤᠯᠭᠠᠭᠠᠳ ᠢᠩᠭᠢᠵᠦ ᠡᠷᠬᠢᠮᠯᠡᠵᠦ ᠬᠡᠷᠡᠭᠯᠡᠵᠦ ᠪᠠᠶᠢᠬᠤ ᠳᠤ | ᠂ ᠮᠠᠨ ᠤ ᠦᠪᠦᠷ ᠮᠤᠩᠭᠤᠯᠴᠤᠳ ᠬᠠᠷᠢᠨ ᠦᠪᠡᠷ ᠢᠶᠠᠨ ᠮᠤᠩᠭᠤᠯ ᠦᠰᠦᠭ ᠪᠢᠴᠢᠭ ᠢᠶᠠᠨ ᠰᠠᠮᠠᠭᠤᠷᠠᠭᠤᠯᠤᠭᠠᠳ | ᠰᠠᠭᠤᠵᠤ ᠪᠠᠶᠢᠨ᠎ᠠ᠃ ᠡᠶᠢᠮᠦ ᠡᠶᠢᠮᠦ ᠠᠰᠠᠭᠤᠳᠠᠯ ᠤᠳ ᠢ ᠪᠢᠳᠡ ᠤᠳᠤ ᠪᠤᠳᠤᠬᠤ ᠬᠡᠷᠡᠭᠲᠡᠢ ᠶᠤᠮ᠃ ᠢᠩᠭᠢᠵᠦ | ᠪᠤᠳᠤᠪᠠᠯ ᠪᠢᠳᠡ ᠰᠠᠶ᠋ᠢ ᠡᠷᠳᠡᠨᠢᠲᠤᠭᠲᠠᠬᠤ ᠪᠠᠭᠰᠢ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠲᠠᠯ᠎ᠠ ᠶᠢᠨ ᠭᠠᠪᠢᠶ᠎ᠠ | ᠵᠢᠳᠬᠦᠯ ᠢ ᠭᠦᠨ ᠤᠶᠢᠯᠠᠭᠠᠵᠤ ᠳᠡᠶᠢᠯᠦᠨ᠎ᠡ᠃ | ᠰᠤᠷᠪᠤᠯᠵᠢᠯᠠᠭᠴᠢ᠄ ᠲᠠᠨ ᠤ ᠰᠡᠳᠬᠢᠯ ᠳᠤ ᠲᠡᠷᠡ ᠬᠦᠮᠦᠨ ᠶᠠᠮᠠᠷᠬᠠᠨ ᠦᠨᠳᠦᠷ ᠪᠠᠶᠢᠷᠢ ᠲᠠᠢ ᠪᠤᠢ︖ | ᠬᠡᠰᠢᠭᠲᠦᠭ᠌ᠲᠠᠬᠤ᠄ ᠶᠡᠭᠡ ᠡᠷᠬᠢᠮ ᠳᠡᠭᠡᠳᠦ ᠬᠦᠮᠦᠨ᠃ ᠨᠢᠭᠡ ᠬᠦᠮᠦᠨ ᠤ ᠶᠢᠷᠲᠢᠨᠴᠦ ᠶᠢᠨ ᠦᠵᠡᠯᠲᠡ᠂ | ᠠᠮᠢᠳᠤᠷᠠᠯ ᠤᠨ ᠦᠵᠡᠯᠲᠡ ᠶᠠᠮᠠᠷ ᠪᠠᠶᠢᠪᠠᠯ ᠵᠤᠬᠢᠬᠤ ᠪᠤᠢ︖ ᠴᠤᠬᠤᠮ ᠶᠠᠭᠤᠨ ᠤ ᠲᠦᠯᠦᠭᠡ ᠠᠮᠢᠳᠤᠷᠠᠵᠤ᠂ | ᠶᠠᠭᠤᠨ ᠤ ᠲᠦᠯᠦᠭᠡ ᠲᠡᠮᠡᠴᠡᠵᠦ ᠪᠠᠶᠢᠳᠠᠭ ᠪᠤᠢ︖ ᠭᠡᠳᠡᠭ ᠴᠢᠨᠢ ᠲᠤᠮᠤ ᠠᠰᠠᠭᠤᠳᠠᠯ ᠶᠤᠮ᠃ ᠤᠯᠠᠩᠬᠢ ᠬᠦᠮᠦᠰ | ᠪᠤᠯ ᠡᠶᠢᠮᠦ ᠭᠦᠨ ᠠᠰᠠᠭᠤᠳᠠᠯ ᠢ ᠨᠢᠭᠡ ᠨᠠᠰᠤ ᠪᠠᠷ ᠢᠶᠠᠨ ᠪᠠᠷᠤᠭ ᠪᠤᠳᠤᠬᠤ ᠴᠦ ᠦᠭᠡᠢ ᠶᠠᠪᠤᠨ᠎ᠠ᠃ ᠢᠯᠠᠩᠭᠤᠶ᠎ᠠ | ᠤᠶᠢᠷ᠎ᠠ ᠶᠢᠨ ᠬᠤᠷᠢ ᠭᠤᠴᠢᠨ ᠵᠢᠯ ᠤᠨ ᠬᠤᠭᠤᠷᠤᠨᠳᠤ ᠳᠤᠮᠳᠠᠳᠤ ᠤᠯᠤᠰ ᠤᠨ ᠬᠦᠮᠦᠰ ᠶᠠᠭᠠᠬᠢᠵᠤ ᠨᠤᠶᠠᠨ ᠪᠤᠯᠤᠨ᠎ᠠ | ᠦᠦ︖ ᠶᠠᠭᠠᠬᠢᠵᠤ ᠵᠤᠭᠤᠰ ᠤᠯᠵᠤ ᠪᠠᠶᠠᠵᠢᠨ᠎ᠠ ᠦᠦ︖ ᠭᠡᠳᠡᠭ ᠢ ᠯᠡ ᠪᠤᠳᠤᠭᠠᠳ ᠭᠦᠶᠦᠳᠡᠭ ᠪᠤᠯᠵᠠᠢ᠃ ᠬᠤᠪᠢ | ᠬᠦᠮᠦᠨ ᠡᠯᠳᠡᠪ ᠤᠨ ᠠᠷᠭ᠎ᠠ ᠮᠠᠶ᠋ᠢᠭ ᠢᠶᠠᠷ ᠨᠤᠶᠠᠨ ᠪᠤᠯᠴᠢᠬᠠᠬᠤ ᠪᠠᠷ ᠪᠤᠳᠤᠬᠤ ᠳᠤ ᠶᠠᠭ ᠲᠡᠭᠦᠨ ᠤ ᠤᠳᠬ᠎ᠠ | ᠠᠭᠤᠯᠭ᠎ᠠ᠂ ᠠᠴᠢ ᠬᠤᠯᠪᠤᠭᠳᠠᠯ ᠨᠢ ᠬᠡᠳᠦᠢ ᠦᠷᠭᠡᠨ ᠪᠠᠶᠢᠳᠠᠭ ᠶᠤᠮ︖ ᠮᠦᠨ ᠯᠡ ᠬᠤᠪᠢ ᠬᠦᠮᠦᠨ ᠤ ᠬᠢᠨᠢ | ᠤᠴᠢᠷ ᠰᠢᠳᠡ︕ ᠲᠡᠷᠢᠭᠦᠯᠡᠭᠴᠢ ᠰᠢ ᠶᠢᠨ ᠫᠢᠩ ᠭᠠᠷᠤᠭᠰᠠᠨ ᠠᠴᠠ ᠬᠤᠶᠢᠰᠢ ᠦᠨᠦ ᠠᠪᠯᠢᠭᠠᠴᠢ ᠨᠤᠶᠠᠳ ᠤᠳ | ᠬᠤᠶᠢᠨ᠎ᠠ ᠬᠤᠶᠢᠨ᠎ᠠ ᠠᠴᠠ ᠪᠠᠨ ᠪᠠᠷᠢᠭᠳᠠᠵᠤ ᠪᠠᠶᠢᠨ᠎ᠠ᠃ ᠵᠤᠭᠤᠰ ᠭᠡᠵᠦ ᠭᠦᠶᠦᠪᠡᠯ ᠡᠴᠦᠰ ᠤᠨ ᠦᠷ᠎ᠡ ᠳ᠋ᠦᠩ ᠨᠢ | ᠡᠶᠢᠮᠦ ᠰᠢᠳᠡ᠃ ᠬᠦᠮᠦᠨ ᠨᠢᠭᠡ ᠨᠠᠰᠤᠨ ᠳᠠᠭᠠᠨ ᠠᠷᠢᠭᠤᠨ ᠴᠠᠭᠠᠨ ᠦᠢᠯᠡᠰ ᠤᠨ ᠲᠦᠯᠦᠭᠡ ᠲᠡᠮᠡᠴᠡᠬᠦ ᠬᠡᠷᠡᠭᠲᠡᠢ | ᠭᠡᠳᠡᠭ ᠢ ᠪᠤᠷᠬᠠᠨ ᠱᠠᠰᠢᠨ ᠤ ᠤᠨᠤᠯ ᠳᠤ ᠠᠯᠢ ᠬᠡᠳᠦᠶᠢᠨᠠᠢ ᠲᠤᠪ ᠲᠤᠳᠤᠷᠬᠠᠢ ᠵᠢᠭᠠᠴᠢᠬᠠᠭᠰᠠᠨ ᠪᠠᠶᠢᠨ᠎ᠠ ᠰᠢᠦ᠃ | ᠲᠡᠶᠢᠮᠦ ᠤᠴᠢᠷ ᠠᠴᠠ ᠨᠢᠭᠡ ᠬᠦᠮᠦᠨ ᠤ ᠶᠢᠷᠲᠢᠨᠴᠦ ᠶᠢᠨ ᠦᠵᠡᠯᠲᠡ᠂ ᠠᠮᠢᠳᠤᠷᠠᠯ ᠤᠨ ᠦᠵᠡᠯᠲᠡ ᠴᠤᠬᠤᠮ ᠶᠠᠭᠤ | ᠪᠤᠯᠵᠤ ᠪᠠᠶᠢᠨ᠎ᠠ ᠦᠦ︖ ᠡᠨᠡ ᠨᠢ ᠲᠤᠬᠠᠢ ᠶᠢᠨ ᠬᠦᠮᠦᠨ ᠤ ᠡᠷᠬᠢᠮ ᠳᠡᠭᠡᠳᠦ ᠶᠤᠮ ᠦᠦ︖ ᠡᠰᠡᠪᠡᠯ ᠶᠠᠮᠠᠷ ᠬᠦᠮᠦᠨ | ᠭᠡᠳᠡᠭ ᠲᠠᠢ ᠬᠤᠯᠪᠤᠭᠳᠠᠨ᠎ᠠ᠃ ᠡᠷᠳᠡᠨᠢᠲᠤᠭᠲᠠᠬᠤ ᠪᠠᠭᠰᠢ ᠪᠤᠯ ᠡᠷᠬᠢᠮ ᠳᠡᠭᠡᠳᠦ ᠬᠦᠮᠦᠨ᠂ ᠡᠨᠡ ᠬᠦᠮᠦᠨ ᠨᠢᠭᠡ | ᠨᠠᠰᠤᠨ ᠤ ᠪᠠᠨ ᠠᠮᠢᠳᠤᠷᠠᠯ ᠠᠵᠢᠯ᠂ ᠲᠡᠮᠡᠴᠡᠯ ᠢ ᠮᠤᠩᠭᠤᠯ ᠬᠡᠯᠡ ᠪᠢᠴᠢᠭ ᠲᠠᠢ ᠪᠠᠨ ᠶᠠᠭ ᠰᠠᠶᠢᠬᠠᠨ ᠰᠠᠯᠤᠰᠢ ᠦᠭᠡᠢ | ᠬᠤᠯᠪᠤᠭᠠᠳ ᠶᠠᠪᠤᠭᠰᠠᠨ ᠬᠦᠮᠦᠨ ᠶᠤᠮ᠃ ᠦᠪᠡᠷ ᠤᠨ ᠠᠮᠢ ᠲᠠᠢ ᠪᠠᠨ ᠬᠤᠯᠪᠤᠭᠠᠳ ᠶᠠᠪᠤᠭᠰᠠᠨ ᠬᠦᠮᠦᠨ᠂ ᠡᠶᠢᠮᠦ | ᠬᠦᠮᠦᠨ ᠢ ᠡᠷᠬᠢᠮ ᠳᠡᠭᠡᠳᠦ ᠬᠦᠮᠦᠨ ᠭᠡᠵᠦ ᠬᠡᠯᠡᠬᠦ ᠦᠭᠡᠢ᠂ ᠦᠭᠡᠷ᠎ᠡ ᠶᠠᠮᠠᠷ ᠬᠦᠮᠦᠨ ᠢ ᠡᠷᠬᠢᠮ ᠳᠡᠭᠡᠳᠦ ᠬᠦᠮᠦᠨ | ᠭᠡᠵᠦ ᠬᠡᠯᠡᠬᠦᠪ︕ ᠪᠢ ᠢᠩᠭᠢᠵᠦ ᠯᠡ ᠪᠤᠳᠤᠳᠠᠭ ᠶᠤᠮ᠃ | ᠰᠤᠷᠪᠤᠯᠵᠢᠯᠠᠭᠴᠢ᠄ ᠡᠷᠳᠡᠨᠢᠲᠤᠭᠲᠠᠬᠤ ᠪᠠᠭᠰᠢ ᠠᠯᠢ ᠡᠷᠲᠡ ᠳᠡᠭᠡᠷ᠎ᠡ ᠵᠠᠭᠤᠨ ᠤ ᠲᠠᠪᠢᠭᠠᠳ ᠤᠨ ᠤ | ᠰᠡᠭᠦᠯᠴᠢ ᠪᠠᠷ ᠮᠤᠩᠭᠤᠯ ᠦᠨᠳᠦᠰᠦᠲᠡᠨ ᠤ ᠤᠷᠴᠢᠨ ᠦᠶ᠎ᠡ ᠶᠢᠨ ᠵᠤᠬᠢᠶᠠᠯᠴᠢ ᠢᠨᠵᠠᠨᠨᠠᠰᠢ ᠶᠢ ᠳᠡᠯᠡᠬᠡᠢ ᠳᠠᠬᠢᠨ ᠳᠤ | ᠲᠠᠨᠢᠯᠴᠠᠭᠤᠯᠤᠭᠰᠠᠨ ᠢᠶᠠᠷ ᠡᠷᠳᠡᠮ ᠰᠢᠨᠵᠢᠯᠡᠭᠡᠨ ᠤ ᠴᠠᠷ᠎ᠠ ᠬᠦᠷᠢᠶᠡᠨ ᠳᠤ ᠡᠨᠡ ᠵᠤᠬᠢᠶᠠᠯᠴᠢ ᠶᠢ ᠡᠬᠢᠯᠡᠨ ᠲᠠᠨᠢᠵᠤ | ᠲᠡᠭᠦᠨ ᠤ ᠵᠤᠬᠢᠶᠠᠯ ᠪᠦᠲᠦᠭᠡᠯ ᠢ ᠰᠤᠳᠤᠯᠬᠤ ᠦᠷᠨᠢᠯᠲᠡ ᠭᠠᠷᠤᠭᠰᠠᠨ ᠭᠡᠳᠡᠭ᠃ ᠡᠨᠡ ᠲᠤᠬᠠᠢ ᠲᠠᠨᠢᠯᠴᠠᠭᠤᠯᠤᠨ᠎ᠠ ᠦᠦ | ︖ | ᠬᠡᠰᠢᠭᠲᠦᠭ᠌ᠲᠠᠬᠤ᠄ ᠢᠨᠵᠠᠨᠨᠠᠰᠢ ᠶᠢᠨ ᠵᠤᠬᠢᠶᠠᠯ ᠪᠦᠲᠦᠭᠡᠯ᠂ ᠢᠨᠵᠠᠨᠨᠠᠰᠢ ᠶᠢᠨ ᠭᠡᠷ ᠤᠨ ᠲᠠᠪᠤᠨ | ᠵᠤᠬᠢᠶᠠᠯᠴᠢ ᠶᠢ ᠨᠤᠲᠤᠭ ᠢᠶᠠᠷ ᠨᠢ ᠲᠠᠪᠤ ᠤᠳᠠᠭ᠎ᠠ ᠤᠴᠢᠵᠤ ᠪᠠᠶᠢᠴᠠᠭᠠᠯᠲᠠ ᠬᠢᠵᠦ ᠪᠠᠶᠢᠭᠠᠳ ᠢᠯᠡᠷᠡᠭᠦᠯᠦᠨ | ᠤᠬᠠᠭᠤᠯᠵᠤ ᠨᠡᠶᠢᠲᠡᠯᠡᠭᠰᠡᠨ ᠬᠦᠮᠦᠨ ᠪᠤᠯ ᠡᠷᠳᠡᠨᠢᠲᠤᠭᠲᠠᠬᠤ ᠪᠠᠭᠰᠢ ᠶᠤᠮ᠃ ᠦᠪᠦᠷ ᠮᠤᠩᠭᠤᠯ ᠤᠨ ᠠᠷᠠᠳ ᠤᠨ | ᠬᠡᠪᠯᠡᠯ ᠤᠨ ᠬᠤᠷᠢᠶ᠎ᠠ ᠶᠠᠭ ᠡᠷᠳᠡᠨᠢᠲᠤᠭᠲᠠᠬᠤ ᠪᠠᠭᠰᠢ ᠶᠢᠨ ᠡᠷᠬᠢᠯᠡᠭᠡ ᠪᠠᠷ ᠢᠨᠵᠠᠨᠨᠠᠰᠢ ᠶᠢᠨ ︽ᠨᠢᠭᠡᠨ ᠳᠠᠪᠬᠤᠷ ᠠᠰᠠᠷ | ︾᠂ ︽ᠤᠯᠠᠭᠠᠨ᠎ᠠ ᠤᠭᠢᠯᠠᠬᠤ ᠲᠢᠩᠬᠢᠮ︾᠂ ︽ᠬᠦᠬᠡ ᠰᠤᠳᠤᠷ︾ ᠵᠡᠷᠭᠡ ᠪᠦᠲᠦᠭᠡᠯ ᠢ ᠬᠡᠪᠯᠡᠭᠦᠯᠬᠦ ᠦᠶ᠎ᠡ᠂ | ᠢᠨᠵᠠᠨᠨᠠᠰᠢ ᠴᠤᠬᠤᠮ ᠶᠠᠮᠠᠷ ᠬᠦᠮᠦᠨ ᠪᠠᠶᠢᠭᠰᠠᠨ᠂ ᠬᠡᠵᠢᠶ᠎ᠡ ᠨᠠᠰᠤ ᠪᠠᠷᠠᠭᠰᠠᠨ᠂ ᠭᠡᠷ ᠪᠦᠯᠢ ᠶᠢᠨ ᠪᠠᠶᠢᠳᠠᠯ ᠵᠡᠷᠭᠡ ᠶᠢ | ᠡᠷᠳᠡᠮ ᠰᠢᠨᠵᠢᠯᠡᠭᠡᠨ ᠤ ᠬᠢᠨ ᠮᠡᠳᠡᠬᠦ ᠦᠭᠡᠢ ᠪᠠᠶᠢᠭᠰᠠᠨ ᠶᠤᠮ᠃ ᠡᠭᠦᠨ ᠢ ᠡᠷᠳᠡᠨᠢᠲᠤᠭᠲᠠᠬᠤ ᠪᠠᠭᠰᠢ ᠲᠠᠨᠢᠯᠴᠠᠭᠤᠯᠵᠤ | ᠦᠭᠭᠦᠭᠰᠡᠨ ᠶᠤᠮ᠃ ᠡᠶᠢᠮᠦ ᠠᠴᠠ ᠢᠨᠵᠠᠨᠨᠠᠰᠢ ᠶᠢᠨ ᠲᠤᠬᠠᠢ ᠵᠤᠬᠢᠶᠠᠯ ᠪᠦᠲᠦᠭᠡᠯ ᠪᠤᠯ ᠪᠢᠳᠡᠨ ᠤ ᠶᠡᠭᠡ | ᠰᠤᠷᠭᠠᠭᠤᠯᠢ ᠳᠤ ᠤᠶᠤᠲᠠᠨ ᠪᠠᠶᠢᠬᠤ ᠦᠶ᠎ᠡ ᠶᠢᠨ ᠪᠦᠷ ᠰᠠᠶᠢᠨ ᠤᠩᠰᠢᠳᠠᠭ ᠴᠢᠬᠤᠯᠠ ᠨᠤᠮ ᠤᠳ ᠤᠨ ᠨᠢᠭᠡ | ᠪᠠᠶᠢᠭᠰᠠᠨ ᠳ᠋ᠠ᠃ | ᠰᠤᠷᠪᠤᠯᠵᠢᠯᠠᠭᠴᠢ᠄ ᠦᠨᠦ ᠵᠢᠯ ᠡᠷᠳᠡᠨᠢᠲᠤᠭᠲᠠᠬᠤ ᠭᠤᠸᠠᠢ ᠶᠢᠨ ᠮᠡᠨᠳᠦᠯᠡᠭᠰᠡᠨ ᠤ ᠵᠠᠭᠤᠨ ᠵᠢᠯ ᠤᠨ ᠤᠢ | ᠲᠤᠬᠢᠶᠠᠵᠤ ᠪᠠᠶᠢᠨ᠎ᠠ᠂ ᠨᠡᠶᠢᠭᠡᠮ ᠨᠡᠶᠢᠲᠡ ᠪᠠᠷ ᠢᠶᠠᠨ ᠪᠠᠰᠠ ᠳᠤᠷᠠᠰᠬᠠᠨ ᠲᠡᠮᠳᠡᠭᠯᠡᠬᠦ ᠠᠵᠢᠯᠯᠠᠭ᠎ᠠ ᠦᠷᠨᠢᠭᠦᠯᠵᠦ | ᠡᠬᠢᠯᠡᠵᠦ ᠪᠠᠶᠢᠨ᠎ᠠ᠃ ᠲᠠ ᠪᠤᠯ ᠲᠡᠷᠡ ᠬᠦᠮᠦᠨ ᠢ ᠠᠮᠢᠳᠤ ᠰᠡᠷᠢᠭᠦᠨ ᠪᠠᠶᠢᠬᠤ ᠳᠤᠨᠢ ᠲᠠᠨᠢᠯᠴᠠᠵᠤ ᠲᠤᠲᠤᠨᠤ | ᠤᠶᠢᠷᠠᠬᠠᠨ ᠶᠠᠪᠤᠵᠤ ᠪᠠᠶᠢᠭᠰᠠᠨ ᠬᠦᠮᠦᠨ ᠤ ᠬᠤᠪᠢ ᠠᠴᠠ ᠲᠡᠷᠡ ᠬᠦᠮᠦᠨ ᠤ ᠦᠢᠯᠡᠰ ᠵᠢᠳᠬᠦᠯ ᠢ ᠶᠠᠭᠠᠬᠢᠵᠤ | ᠦᠨᠡᠯᠡᠳᠡᠭ ᠪᠤᠢ︖ ᠶᠠᠮᠠᠷ ᠠᠵᠢᠯ ᠢ ᠨᠢ ᠭᠤᠤᠯ ᠳᠤᠪᠤᠶᠢᠯᠭᠠᠵᠤ ᠳᠤᠷᠠᠰᠬᠠᠨ ᠲᠡᠮᠳᠡᠭᠯᠡᠪᠡᠯ ᠲᠠᠭᠠᠷᠠᠨ᠎ᠠ ᠦᠦ︖ | ᠬᠡᠰᠢᠭᠲᠦᠭ᠌ᠲᠠᠬᠤ᠄ ᠡᠨᠡ ᠰᠠᠶᠢᠬᠠᠨ ᠠᠰᠠᠭᠤᠯᠲᠠ ᠪᠠᠶᠢᠨ᠎ᠠ︕ ᠪᠢᠳᠡ ᠡᠷᠳᠡᠨᠢᠲᠤᠭᠲᠠᠬᠤ ᠪᠠᠭᠰᠢ ᠶᠢᠨ | ᠨᠤᠮ ᠢ ᠠᠷᠪᠠᠨ ᠨᠢᠭᠡᠨ ᠪᠤᠳᠢ ᠪᠠᠷ ᠪᠦᠷᠢᠨ ᠲᠡᠭᠦᠪᠦᠷᠢ ᠪᠤᠯᠭᠠᠨ ᠬᠡᠪᠯᠡᠭᠦᠯᠵᠦ ᠦᠩᠭᠡᠷᠡᠭᠰᠡᠨ ᠶᠤᠮ᠃ ᠪᠠᠰᠠ ᠬᠦᠷᠡᠯ | ᠬᠦᠷᠦᠭ ᠢ ᠨᠢ ᠬᠡᠰᠢᠭᠲᠡᠨ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠪᠤᠰᠬᠠᠵᠠᠢ᠃ | ᠡᠷᠳᠡᠨᠢᠲᠤᠭᠲᠠᠬᠤ ᠪᠠᠭᠰᠢ ᠶᠢᠨ ᠲᠤᠬᠠᠢ ᠪᠦᠬᠦ ᠤᠯᠤᠰ ᠤᠨ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠬᠢᠵᠦ | ᠦᠩᠭᠡᠷᠡᠭᠰᠡᠨ ᠶᠤᠮ᠃ ᠪᠦᠷᠢᠨ ᠵᠤᠬᠢᠶᠠᠯ ᠢ ᠬᠡᠪᠯᠡᠭᠦᠯᠬᠦ ᠠᠴᠠ ᠡᠮᠦᠨ᠎ᠡ ᠦᠪᠦᠷ ᠮᠤᠩᠭᠤᠯ ᠤᠨ ᠶᠡᠭᠡ | ᠰᠤᠷᠭᠠᠭᠤᠯᠢ ᠶᠢᠨ ᠭᠡᠷᠡᠯᠲᠦ ᠪᠠᠭᠰᠢ᠂ ᠲᠠᠬᠢᠪᠠᠯ ᠨᠠ᠊᠂ ᠰᠠᠶᠢᠰᠢᠶᠠᠯᠲᠤ ᠪᠠᠭᠰᠢ ᠵᠡᠷᠭᠡ ᠠᠬᠠᠮᠠᠳ ᠫᠷᠤᠹᠧᠰᠰᠤᠷ ᠤᠨ | ᠤᠷᠤᠯᠴᠠᠭᠰᠠᠨ ᠬᠡᠳᠦ ᠤᠳᠠᠭᠠᠨ ᠤ ᠬᠤᠷᠠᠯ ᠬᠢᠵᠦ᠂ ᠨᠠᠮ᠎ᠠ ᠶᠢ ᠡᠷᠬᠢᠯᠡᠭᠰᠡᠨ ᠨᠠᠶᠢᠷᠠᠭᠤᠯᠤᠭᠴᠢ ᠪᠠᠷ ᠠᠵᠢᠯᠯᠠ ᠭᠡᠵᠦ | ᠲᠤᠰᠢᠶᠠᠵᠤ ᠦᠭᠭᠦᠭᠰᠡᠨ ᠶᠤᠮ᠂ ᠲᠤᠬᠠᠢ ᠶᠢᠨ ᠦᠶ᠎ᠡ ᠳᠤ ᠪᠢ ᠦᠭᠡᠷ᠎ᠡ ᠠᠵᠢᠯ ᠲᠠᠢ ᠮᠠᠰᠢ ᠶᠠᠭᠠᠷᠠᠤ ᠪᠠᠶᠢᠭᠰᠠᠨ | ᠪᠤᠯᠪᠠᠴᠤ ᠬᠦᠯᠢᠶᠡᠵᠦ ᠠᠪᠤᠭᠰᠠᠨ ᠶᠤᠮ᠃ ᠢᠩᠭᠢᠭᠡᠳ ᠪᠦᠷᠢᠨ ᠲᠡᠭᠦᠪᠦᠷᠢ ᠶᠢᠨ ᠡᠮᠦᠨ᠎ᠡ ᠨᠢ ᠤᠳᠤᠷᠢᠳᠬᠠᠯ ᠪᠢᠴᠢᠵᠡᠢ | ᠃ ᠡᠨᠡ ᠤᠳᠤᠷᠢᠳᠬᠠᠯ ᠢ ᠪᠢᠴᠢᠬᠦ ᠦᠶ᠎ᠡ ᠳᠤ ᠪᠢ ᠡᠨᠡ ᠬᠦᠮᠦᠨ ᠤ ᠭᠠᠪᠢᠶ᠎ᠠ ᠵᠢᠳᠬᠦᠯ ᠢ ᠤᠯᠠᠨ ᠲᠠᠯ᠎ᠠ ᠪᠠᠷ ᠪᠤᠳᠤᠯ᠎ᠠ᠃ | ᠲᠤᠬᠠᠶᠢᠯᠠᠪᠠᠯ᠂ ᠮᠤᠩᠭᠤᠯ ᠬᠡᠯᠡ ᠪᠢᠴᠢᠭ ᠤᠨ ᠠᠵᠢᠯ ᠢ ᠵᠦᠪ ᠤᠳᠤᠷᠢᠳᠤᠭᠰᠠᠨ ᠤᠳᠤᠷᠢᠳᠤᠭᠴᠢ ᠬᠦᠮᠦᠨ᠂ | ᠮᠤᠩᠭᠤᠯ ᠬᠡᠯᠡ ᠰᠢᠨᠵᠢᠯᠡᠯ ᠤᠨ ᠡᠷᠳᠡᠮᠲᠡᠨ᠂ ᠮᠤᠩᠭᠠᠯ ᠤᠳᠬ᠎ᠠ ᠵᠤᠬᠢᠶᠠᠯᠴᠢ᠂ ᠦᠪᠡᠷ ᠢᠶᠠᠨ ᠪᠠᠰᠠ ᠵᠤᠬᠢᠶᠠᠯᠴᠢ | ᠤᠷᠴᠢᠭᠤᠯᠤᠭᠴᠢ ᠭᠡᠬᠦ ᠮᠡᠲᠦ ᠪᠠᠷ ᠤᠯᠠᠨ ᠲᠠᠯ᠎ᠠ ᠶᠢᠨ ᠰᠠᠶᠢᠬᠠᠨ ᠴᠤᠯᠠ ᠮᠢᠳᠠᠭ ᠢ ᠦᠭᠴᠦ ᠪᠤᠯᠤᠨ᠎ᠠ᠃ ᠭᠡᠲᠡᠯ᠎ᠡ | ᠲᠡᠭᠦᠨ ᠤ ᠬᠠᠮᠤᠭ ᠤᠨ ᠴᠢᠬᠤᠯᠠ ᠭᠠᠪᠢᠶ᠎ᠠ ᠵᠢᠳᠬᠦᠯ ᠨᠢ ᠴᠤᠬᠤᠮ ᠶᠠᠭᠤ ᠶᠤᠮ︖ ᠬᠤᠷᠢᠶᠠᠩᠭᠤᠶᠢᠯᠠᠪᠠᠯ ᠶᠠᠮᠠᠷ | ᠲᠠᠯ᠎ᠠ ᠨᠢ ᠳᠠᠪᠠᠮᠠᠭᠠᠶᠢᠯᠠᠨ᠎ᠠ ᠪᠤᠢ︖ ᠭᠡᠵᠦ ᠪᠤᠳᠤᠭᠠᠳ ᠬᠠᠮᠤᠭ ᠤᠨ ᠰᠡᠭᠦᠯ ᠳᠤᠨᠢ ᠤᠳᠤᠷᠢᠳᠬᠠᠯ | ᠦᠭᠦᠯᠡᠯ ᠤᠨ ᠢᠶᠠᠨ ᠭᠠᠷᠴᠠᠭ ᠢ ︽ᠮᠤᠩᠭᠤᠯ ᠬᠡᠯᠡ ᠪᠢᠴᠢᠭ ᠤᠨ ᠶᠡᠭᠡ ᠪᠠᠭᠰᠢ ᠡᠷᠳᠡᠨᠢᠲᠤᠭᠲᠠᠬᠤ︾ ᠭᠡᠵᠦ | ᠭᠠᠷᠴᠠᠭᠯᠠᠭᠰᠠᠨ ᠶᠤᠮ᠃ ᠲᠡᠭᠦᠨ ᠤ ᠨᠢᠭᠡ ᠨᠠᠰᠤᠨ ᠤ ᠬᠢᠨᠢ ᠠᠵᠢᠯ ᠢ ᠪᠤᠳᠤᠭᠠᠳ ᠪᠠᠶᠢᠪᠠᠯ ᠬᠠᠮᠤᠭ ᠤᠨ ᠭᠤᠤᠯ | ᠭᠠᠪᠢᠶ᠎ᠠ ᠵᠢᠳᠬᠦᠯ ᠨᠢ ᠮᠤᠩᠭᠤᠯ ᠬᠡᠯᠡ ᠪᠢᠴᠢᠭ ᠤᠨ ᠠᠵᠢᠯ ᠢ ᠤᠳᠤᠷᠢᠳᠤᠭᠰᠠᠨ᠂ ᠪᠡᠶ᠎ᠡ ᠪᠠᠷ ᠢᠶᠠᠨ ᠰᠤᠳᠤᠯᠵᠤ | ᠨᠢᠭᠲᠠᠯᠠᠭᠰᠠᠨ᠂ ᠤᠯᠠᠨ ᠲᠠᠯ᠎ᠠ ᠶᠢᠨ ᠪᠤᠳᠠᠲᠠᠢ ᠠᠵᠢᠯ ᠬᠢᠭᠰᠡᠨ᠂ ᠡᠨᠡ ᠨᠢ ᠭᠤᠤᠯ ᠪᠠᠶᠢᠨ᠎ᠠ᠃ ᠵᠢᠱᠢᠶᠡᠯᠡᠪᠡᠯ᠂ ᠦᠪᠦᠷ | ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ | ᠬᠤᠷᠢᠶ᠎ᠠ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠮᠤᠩᠭᠤᠯ ᠬᠡᠪᠯᠡᠯ᠂ ᠮᠤᠩᠭᠤᠯ ᠬᠡᠯᠡ | ᠪᠢᠴᠢᠭ ᠤᠨ ᠠᠵᠢᠯ ᠤᠨ ᠲᠤᠰᠬᠠᠢ ᠮᠡᠷᠭᠡᠵᠢᠯᠲᠡᠨ ᠢ ᠬᠦᠮᠦᠵᠢᠭᠦᠯᠬᠦ ᠶᠢᠨ ᠲᠦᠯᠦᠭᠡ ᠦᠪᠦᠷ ᠮᠤᠩᠭᠤᠯ ᠤᠨ ᠮᠤᠩᠭᠤᠯ | ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠬᠤ ᠠᠵᠢᠯ ᠳᠤ ᠭᠠᠪᠢᠶ᠎ᠠ ᠵᠢᠳᠬᠦᠯ ᠲᠠᠢ | ᠶᠠᠪᠤᠵᠤ᠂ ᠲᠤᠰ ᠰᠤᠷᠭᠠᠭᠤᠯᠢ ᠶᠢᠨ ᠠᠩᠬᠠᠨ ᠤ ᠵᠠᠬᠢᠷᠤᠯ ᠨᠢ ᠪᠤᠯᠵᠤ ᠪᠠᠶᠢᠭᠰᠠᠨ ᠵᠡᠷᠭᠡ ᠮᠤᠩᠭᠤᠯ ᠬᠡᠯᠡ ᠪᠢᠴᠢᠭ ᠤᠨ | ᠪᠠᠶᠢᠭᠤᠯᠤᠮᠵᠢ ᠨᠤᠭᠤᠳ ᠢ ᠡᠭᠦᠰᠬᠡᠵᠦ ᠪᠠᠶᠢᠭᠤᠯᠤᠭᠰᠠᠨ ᠠᠵᠢᠯ ᠤᠳ ᠢ ᠳᠤᠷᠠᠳᠬᠤ ᠴᠢᠬᠤᠯᠠᠲᠠᠢ᠃ ᠦᠪᠦᠷ | ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠮᠤᠩᠭᠤᠯ ᠨᠠᠶᠢᠷᠠᠭᠤᠯᠬᠤ ᠬᠡᠯᠲᠡᠰ ᠢ ᠡᠨᠡ ᠬᠦᠮᠦᠨ ᠪᠠᠶᠢᠭᠤᠯᠵᠤ | ᠤᠳᠤᠷᠢᠳᠴᠤ ᠶᠠᠪᠤᠵᠤ ᠪᠠᠶᠢᠭᠰᠠᠨ᠂ ᠡᠨᠡ ᠰᠠᠭᠤᠷᠢᠨ ᠳᠡᠭᠡᠷ᠎ᠡ ᠠᠷᠠᠳ ᠤᠨ ᠬᠡᠪᠯᠡᠯ ᠤᠨ ᠬᠤᠷᠢᠶ᠎ᠠ᠂ ᠰᠤᠷᠭᠠᠨ | ᠬᠦᠮᠦᠵᠢᠯ ᠤᠨ ᠬᠡᠪᠯᠡᠯ ᠤᠨ ᠬᠤᠷᠢᠶ᠎ᠠ ᠵᠡᠷᠭᠡ ᠶᠢ ᠪᠠᠶᠢᠭᠤᠯᠬᠤ ᠳᠤ ᠪᠦᠷ ᠰᠠᠭᠤᠷᠢ ᠶᠢ ᠨᠢ ᠲᠠᠯᠪᠢᠵᠤ ᠦᠭᠭᠦᠭᠰᠡᠨ | ᠬᠦᠮᠦᠨ ᠪᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠮᠤᠩᠭᠤᠯ ᠬᠡᠯᠡ ᠪᠢᠴᠢᠭ᠂ ᠮᠤᠩᠭᠤᠯ ᠰᠤᠷᠬᠤ ᠪᠢᠴᠢᠭ ᠢ | ᠨᠠᠶᠢᠷᠠᠭᠤᠯᠬᠤ ᠠᠵᠢᠯ ᠢ ᠬᠢᠬᠦ ᠶᠢᠨ ᠲᠦᠯᠦᠭᠡ ᠷᠠᠰᠢᠳᠦᠩᠷᠤᠪ ᠵᠡᠷᠭᠡ ᠬᠦᠮᠦᠰ ᠢ ᠬᠠᠶᠢᠯᠠᠷ ᠠᠴᠠ ᠰᠢᠯᠵᠢᠭᠦᠯᠵᠦ | ᠠᠪᠴᠢᠷᠠᠭᠠᠳ ᠠᠵᠢᠯᠯᠠᠭᠤᠯᠵᠤ ᠪᠠᠶᠢᠭᠰᠠᠨ᠃ ᠡᠨᠡ ᠰᠠᠭᠤᠷᠢᠨ ᠳᠡᠭᠡᠷ᠎ᠡ ᠤᠳᠤ ᠶᠢᠨ ᠦᠪᠦᠷ ᠮᠤᠩᠭᠤᠯ ᠤᠨ ᠰᠤᠷᠭᠠᠨ | ᠬᠦᠮᠦᠵᠢᠯ ᠤᠨ ᠬᠡᠪᠯᠡᠯ ᠤᠨ ᠬᠤᠷᠢᠶ᠎ᠠ ᠪᠤᠢ ᠪᠤᠯᠤᠭᠰᠠᠨ ᠰᠢᠳᠡ᠃ ᠲᠤᠯᠢ ᠪᠢᠴᠢᠭ ᠤᠨ ᠲᠠᠯ᠎ᠠ ᠪᠠᠷ ᠶᠠᠷᠢᠪᠠᠯ᠂ ᠮᠢᠩᠭ᠎ᠠ | ᠶᠢᠰᠦᠨ ᠵᠠᠭᠤ ᠲᠠᠪᠢᠨ ᠨᠠᠢᠮᠠᠨ ᠤᠨ ᠳᠤ ᠪᠡᠭᠡᠵᠢᠩ ᠳᠤ᠂ ᠲᠦᠪ ᠤᠨ ᠦᠨᠳᠦᠰᠦᠲᠡᠨ ᠤ ᠬᠡᠷᠡᠭ ᠡᠷᠬᠢᠯᠡᠬᠦ ᠺᠤᠮᠢᠰ᠂ | ᠲᠦᠪ ᠤᠨ ᠤᠬᠠᠭᠤᠯᠬᠤ ᠬᠡᠯᠲᠡᠰ ᠵᠡᠷᠭᠡ ᠤᠳᠤᠷᠢᠳᠬᠤ ᠪᠠᠶᠢᠭᠤᠯᠭ᠎ᠠ ᠨᠡᠶᠢᠯᠡᠵᠦ ᠪᠦᠬᠦ ᠤᠯᠤᠰ ᠤᠨ ᠴᠦᠭᠡᠨ | ᠲᠤᠭᠠᠲᠤ ᠦᠨᠳᠦᠰᠦᠲᠡᠨ ᠤ ᠬᠡᠯᠡ ᠪᠢᠴᠢᠭ ᠤᠨ ᠬᠤᠷᠠᠯᠳᠤᠭᠠᠨ ᠪᠤᠯᠵᠠᠢ᠃ ᠲᠡᠷᠡ ᠬᠤᠷᠠᠯ ᠳᠡᠭᠡᠷ᠎ᠡ ᠲᠤᠭᠲᠠᠭᠠᠯ | ᠭᠠᠷᠭᠠᠵᠤ᠂ ᠴᠦᠭᠡᠨ ᠲᠤᠭᠠᠲᠤ ᠦᠨᠳᠦᠰᠦᠲᠡᠨ ᠤ ᠬᠡᠯᠡ ᠪᠢᠴᠢᠭ ᠤᠨ ᠨᠡᠷ᠎ᠡ ᠲᠤᠮᠢᠶ᠎ᠠ ᠶᠢ ᠬᠢᠲᠠᠳ ᠠᠴᠠ ᠵᠢᠭᠡᠯᠡᠬᠦ | ᠬᠡᠷᠡᠭᠲᠡᠢ ᠭᠡᠳᠡᠭ ᠵᠢᠭᠠᠪᠤᠷᠢ ᠭᠠᠷᠭᠠᠭᠰᠠᠨ ᠪᠠᠶᠢᠨ᠎ᠠ᠃ ᠡᠨᠡ ᠬᠤᠷᠠᠯ ᠳᠤ ᠡᠷᠳᠡᠨᠢᠲᠤᠭᠲᠠᠬᠤ ᠪᠠᠭᠰᠢ᠂ ᠪᠠᠰᠠ ᠪᠤᠰᠤᠳ | ᠬᠡᠳᠦᠨ ᠬᠠᠷᠢᠭᠤᠴᠠᠯᠭ᠎ᠠ ᠲᠠᠢ ᠬᠦᠮᠦᠰ ᠢᠷᠡᠵᠦ ᠤᠷᠤᠯᠴᠠᠵᠠᠢ᠃ ᠬᠤᠷᠠᠯ ᠠᠴᠠ ᠬᠠᠷᠢᠭᠰᠠᠨ ᠤ ᠰᠡᠭᠦᠯᠡᠷ | ᠡᠷᠳᠡᠨᠢᠲᠤᠭᠲᠠᠬᠤ ᠪᠠᠭᠰᠢ ᠳᠤᠤᠷᠠᠬᠢ ᠬᠦᠮᠦᠰ ᠲᠡᠭᠡᠨ ᠵᠢᠭᠠᠪᠤᠷᠢ ᠭᠠᠷᠭᠠᠵᠤ᠄ ︽ᠡᠨᠡ ᠬᠤᠷᠠᠯ ᠤᠨ ᠵᠤᠷᠢᠭ | ᠰᠠᠨᠠᠭ᠎ᠠ ᠶᠢ ᠲᠤᠤᠱᠯᠠᠭᠤᠯᠵᠤ ᠪᠤᠯᠬᠤ ᠦᠭᠡᠢ᠂ ᠡᠨᠡ ᠮᠠᠶ᠋ᠢᠭ ᠢᠶᠠᠷ ᠶᠠᠪᠤᠪᠠᠯ ᠶᠠᠷᠰᠢᠭ ᠪᠤᠯᠤᠨ᠎ᠠ︕︾ ᠭᠡᠵᠦ ᠬᠡᠯᠡᠭᠡᠳ | ᠬᠤᠷᠠᠯ ᠤᠨ ᠪᠢᠴᠢᠭ ᠮᠠᠲ᠋ᠧᠷᠢᠶᠠᠯ ᠢ ᠳᠠᠷᠤᠭᠠᠳ ᠲᠠᠯᠪᠢᠴᠢᠬᠠᠭᠰᠠᠨ ᠪᠠᠶᠢᠨ᠎ᠠ᠃ ᠡᠨᠡ ᠴᠢᠨᠢ ᠠᠮᠠᠷ ᠦᠭᠡᠢ ᠵᠤᠷᠢᠭ | ᠤᠷᠤᠵᠤ ᠪᠠᠶᠢᠨ᠎ᠠ ᠰᠢᠦ᠃ ᠡᠶᠢᠮᠦ ᠠᠴᠠ ᠤᠶᠢᠭᠤᠷ᠂ ᠲᠦᠪᠡᠳ ᠬᠡᠯᠡᠨ ᠳᠤ ᠳᠤᠮᠳᠠᠳᠤ ᠤᠯᠤᠰ᠂ ᠡᠪ ᠬᠠᠮᠲᠤ ᠨᠠᠮ | ᠵᠡᠷᠭᠡ ᠨᠡᠷᠡᠰ ᠢ ᠪᠦᠷ ᠬᠢᠲᠠᠳ ᠢᠶᠠᠷ ᠠᠪᠴᠤ ᠪᠠᠶᠢᠬᠤ ᠳᠤ ᠮᠠᠨ ᠤ ᠮᠤᠩᠭᠤᠯ ᠬᠡᠯᠡ ᠪᠢᠴᠢᠭ ᠲᠤ ᠮᠦᠨ ᠤᠤᠯ ᠤᠨ | ᠶᠤᠰᠤᠭᠠᠷ ᠡᠪ ᠬᠠᠮᠲᠤ ᠨᠠᠮ᠂ ᠳᠤᠮᠳᠠᠳᠤ ᠤᠯᠤᠰ ᠭᠡᠳᠡᠭ ᠢᠶᠠᠷ ᠢᠶᠠᠨ ᠨᠡᠷᠡᠯᠡᠵᠦ ᠠᠪᠤᠭᠰᠠᠨ ᠪᠠᠶᠢᠨ᠎ᠠ᠃ ᠢᠩᠬᠢᠭᠡᠳ | ᠰᠤᠶᠤᠯ ᠤᠨ ᠬᠤᠪᠢᠰᠬᠠᠯ ᠬᠦᠷᠲᠡᠯ᠎ᠡ ᠨᠡᠷ᠎ᠡ ᠲᠤᠮᠢᠶ᠎ᠠ ᠨᠤᠭᠤᠳ ᠢ ᠪᠦᠷ ᠮᠤᠩᠭᠤᠯ ᠢᠶᠠᠷ ᠢᠶᠠᠨ ᠨᠡᠷᠡᠯᠡᠭᠡᠳ ᠶᠠᠪᠤᠵᠤ | ᠪᠠᠶᠢᠵᠠᠢ᠃ ᠡᠷᠳᠡᠨᠢᠲᠤᠭᠲᠠᠬᠤ ᠪᠠᠭᠰᠢ ᠪᠤᠯ ᠡᠨᠡ ᠲᠠᠯ᠎ᠠ ᠳᠤ ᠴᠢᠩᠭ᠎ᠠ ᠵᠤᠭᠰᠤᠯᠲᠠ᠂ ᠲᠤᠳᠤᠷᠬᠠᠢ ᠦᠵᠡᠯᠲᠡ ᠲᠠᠢ | ᠶᠠᠪᠤᠭᠰᠠᠨ ᠶᠤᠮ᠃ ᠡᠨᠡ ᠨᠢ ᠰᠤᠶᠤᠯ ᠤᠨ ᠬᠤᠪᠢᠰᠬᠠᠯ ᠤᠨ ᠳᠤᠮᠳᠠ ︽ᠤᠯᠤᠰ ᠲᠦᠷᠦ ᠶᠢᠨ ᠶᠠᠯ᠎ᠠ︾ ᠪᠤᠯᠤᠭᠰᠠᠨ | ᠪᠠᠶᠢᠨ᠎ᠠ᠃ ᠰᠤᠶᠤᠯ ᠤᠨ ᠬᠤᠪᠢᠰᠬᠠᠯ ᠤᠨ ᠳᠤᠮᠳᠠ ᠶᠠᠭ ᠡᠨᠡ ᠤᠴᠢᠷ ᠠᠴᠠ ᠪᠤᠯᠤᠭᠠᠳ ᠡᠷᠳᠡᠨᠢᠲᠤᠭᠲᠠᠬᠤ ᠪᠠᠭᠰᠢ | ᠪᠤᠯ ᠶᠡᠭᠡ ᠲᠡᠮᠡᠴᠡᠭᠳᠡᠭᠰᠡᠨ᠂ ᠨᠢᠭᠡ ᠬᠦᠯ ᠢᠶᠠᠨ᠂ ᠨᠢᠭᠡ ᠭᠠᠷ ᠢᠶᠠᠨ ᠬᠤᠭᠤᠯᠤᠭᠤᠯᠵᠤ᠂ ᠠᠮᠢ ᠨᠠᠰᠤ ᠪᠠᠨ ᠠᠯᠳᠠᠬᠤ | ᠬᠦᠷᠲᠡᠯ᠎ᠡ ᠶᠡᠭᠡ ᠲᠡᠮᠡᠴᠡᠭᠳᠡᠭᠰᠡᠨ ᠪᠤᠯᠪᠠᠴᠤ ᠡᠨᠡ ᠲᠠᠯ᠎ᠠ ᠶᠢᠨ ᠵᠤᠭᠰᠤᠯᠲᠠ ᠪᠠᠨ ᠪᠠᠷᠢᠮᠲᠠᠯᠠᠵᠤ ᠶᠡᠷᠦ ᠠᠴᠠ ᠪᠠᠭᠤᠵᠤ | ᠪᠦᠬᠦᠶᠢᠭᠡ ᠦᠭᠡᠢ᠃ ᠦᠪᠡᠷ ᠤᠨ ᠦᠵᠡᠯᠲᠡ ᠪᠠᠨ ᠪᠠᠷᠢᠮᠲᠠᠯᠠᠵᠤ᠂ ᠪᠠᠲᠤ ᠵᠤᠭᠰᠤᠯᠲᠠ ᠲᠠᠢ ᠪᠠᠶᠢᠭᠰᠠᠭᠠᠷ ᠪᠠᠶᠢᠵᠤ᠂ | ᠰᠤᠶᠤᠯ ᠤᠨ ᠬᠤᠪᠢᠰᠬᠠᠯ ᠤᠨ ᠳᠠᠷᠠᠭ᠎ᠠ ᠳᠦᠩᠭᠡᠭᠡᠳ ᠲᠡᠭᠦᠨ ᠤ ᠠᠵᠢᠯ ᠢ ᠨᠢ ᠰᠡᠷᠭᠦᠭᠡᠬᠦ ᠲᠠᠢ ᠵᠡᠷᠭᠡ ᠮᠦᠨ | ᠬᠠᠭᠤᠴᠢᠨ ᠵᠠᠷᠴᠢᠮ ᠢᠶᠠᠷ ᠢᠶᠠᠨ ᠮᠤᠩᠭᠤᠯ ᠬᠡᠯᠡ ᠪᠢᠴᠢᠭ ᠢᠶᠠᠨ ᠵᠦᠭᠰᠢᠷᠡᠭᠦᠯᠵᠦ ᠠᠪᠴᠠᠢ᠃ ᠨᠡᠷ᠎ᠡ ᠲᠤᠮᠢᠶ᠎ᠠ ᠵᠡᠷᠭᠡ ᠶᠢ | ᠪᠦᠬᠦᠨ ᠢ ᠰᠠᠶᠢᠬᠠᠨ ᠵᠦᠭᠰᠢᠷᠡᠭᠦᠯᠵᠦ᠂ ᠬᠠᠭᠤᠴᠢᠨ ᠮᠤᠩᠭᠤᠯ ᠬᠡᠪ ᠮᠠᠶ᠋ᠢᠭ ᠲᠠᠭᠠᠨ ᠤᠷᠤᠭᠰᠠᠨ ᠰᠢᠳᠡ᠃ ᠢᠩᠭᠢᠵᠦ | ᠰᠤᠶᠤᠯ ᠤᠨ ᠬᠤᠪᠢᠰᠬᠠᠯ ᠤᠨ ᠳᠤᠮᠳᠠ ᠭᠠᠷᠤᠭᠰᠠᠨ ᠦᠪᠦᠷ ᠮᠤᠩᠭᠤᠯ ᠤᠨ ᠮᠤᠩᠭᠤᠯ ᠬᠡᠯᠡ ᠪᠢᠴᠢᠭ ᠤᠨ ᠠᠵᠢᠯ ᠤᠨ | ᠰᠠᠮᠠᠭᠤᠷᠠᠯ ᠢ ᠡᠷᠳᠡᠨᠢᠲᠤᠭᠲᠠᠬᠤ ᠪᠠᠭᠰᠢ ᠵᠦᠭᠰᠢᠷᠡᠭᠦᠯᠵᠦ ᠠᠪᠤᠭᠰᠠᠨ ᠶᠤᠮ᠃ ᠡᠶᠢᠮᠦ ᠠᠴᠠ ᠪᠢ ᠡᠨᠡ ᠬᠦᠮᠦᠨ ᠢ ︽ | ᠮᠤᠩᠭᠤᠯ ᠬᠡᠯᠡ ᠪᠢᠴᠢᠭ ᠤᠨ ᠶᠡᠭᠡ ᠪᠠᠭᠰᠢ︾ ᠭᠡᠵᠦ ᠬᠤᠷᠢᠶᠠᠩᠭᠤᠶᠢᠯᠠᠵᠠᠢ᠃ ᠤᠳᠤ ᠪᠤᠯ ᠲᠡᠭᠦᠨ ᠤ ᠮᠡᠨᠳᠦᠯᠡᠭᠰᠡᠨ ᠤ | ᠵᠠᠭᠤᠨ ᠵᠢᠯ ᠤᠨ ᠤᠢ ᠪᠤᠯᠵᠤ ᠪᠠᠶᠢᠨ᠎ᠠ᠃ ᠡᠨᠡ ᠬᠦᠮᠦᠨ ᠢ ᠳᠤᠷᠠᠰᠬᠠᠶ᠎ᠠ ᠭᠡᠵᠦ ᠭᠠᠵᠠᠷ ᠭᠠᠵᠠᠷ ᠶᠠᠷᠢᠵᠠᠭᠠᠵᠤ ᠪᠠᠶᠢᠨ᠎ᠠ | ᠃ ᠦᠪᠦᠷ ᠮᠤᠩᠭᠤᠯ ᠤᠨ ᠮᠤᠩᠭᠤᠯ ᠬᠡᠯᠡ ᠪᠢᠴᠢᠭ ᠤᠨ ᠠᠵᠢᠯ ᠤᠨ ᠭᠠᠵᠠᠷ᠂ ᠦᠨᠳᠦᠰᠦᠲᠡᠨ ᠤ ᠬᠡᠷᠡᠭ ᠡᠷᠬᠢᠯᠡᠬᠦ | ᠺᠤᠮᠢᠰ᠂ ᠨᠠᠢᠮᠠᠨ ᠮᠤᠵᠢ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠵᠡᠷᠭᠡ | ᠪᠠᠶᠢᠭᠤᠯᠭ᠎ᠠ ᠠᠴᠠ ᠳᠤᠷᠠᠰᠬᠠᠬᠤ ᠪᠠᠶᠢᠳᠠᠯ ᠲᠠᠢ ᠴᠢᠮᠡᠭᠡ ᠰᠤᠨᠤᠰᠲᠠᠵᠤ ᠪᠠᠶᠢᠨ᠎ᠠ᠃ ᠬᠡᠰᠢᠭᠲᠡᠨ ᠬᠤᠰᠢᠭᠤᠨ ᠳᠤ | ᠨᠤᠲᠤᠭ ᠤᠨ ᠬᠢᠨᠢ ᠬᠦᠮᠦᠰ ᠠᠭᠤᠤ ᠶᠡᠭᠡ ᠡᠷᠳᠡᠮᠲᠡᠨ ᠤ ᠪᠠᠨ ᠮᠡᠨᠳᠦᠯᠡᠭᠰᠡᠨ ᠵᠠᠭᠤᠨ ᠵᠢᠯ ᠤᠨ ᠤᠢ ᠶᠢ ᠳᠤᠷᠠᠰᠬᠠᠶ᠎ᠠ | ᠭᠡᠵᠦ ᠭᠠᠴᠠᠭᠠᠨ ᠳᠤᠨᠢ ᠪᠤᠯᠪᠠᠯ ᠮᠦᠽᠸᠢ ᠪᠠᠶᠢᠭᠤᠯᠤᠶ᠎ᠠ ᠭᠡᠬᠦ ᠵᠡᠷᠭᠡ ᠮᠡᠳᠡᠭᠡ ᠪᠠᠨ ᠸᠢᠴᠠᠲ ᠢᠶᠠᠷ ᠳᠠᠮᠵᠢᠭᠤᠯᠵᠤ | ᠪᠢᠴᠢᠵᠦ ᠯᠡ ᠪᠠᠶᠢᠨ᠎ᠠ᠃ ᠲᠡᠷᠡ ᠶᠠᠭᠠᠬᠢᠬᠤᠪ︕ ᠨᠤᠲᠤᠭ ᠤᠨ ᠬᠦᠮᠦᠰ ᠨᠢ ᠦᠪᠡᠷ ᠤᠨ ᠰᠡᠳᠬᠢᠬᠦᠢ ᠪᠠᠷ ᠢᠶᠠᠨ | ᠳᠤᠷᠠᠰᠬᠠᠬᠤ ᠠᠵᠢᠯᠯᠠᠭ᠎ᠠ ᠬᠢᠵᠦ ᠪᠤᠯᠤᠨ᠎ᠠ᠃ ᠭᠡᠪᠡᠴᠦ ᠮᠢᠨᠦ ᠪᠤᠳᠤᠬᠤ ᠪᠠᠷ ᠪᠤᠯ ᠦᠪᠦᠷ ᠮᠤᠩᠭᠤᠯ ᠤᠨ | ᠬᠡᠪᠴᠢᠶᠡᠨ ᠳᠤ᠂ ᠮᠤᠩᠭᠤᠯ ᠬᠡᠯᠡ ᠪᠢᠴᠢᠭ ᠤᠨ ᠠᠵᠢᠯ ᠤᠨ ᠤᠳᠤᠷᠢᠳᠬᠤ ᠬᠦᠮᠦᠰ ᠤᠨ ᠬᠤᠪᠢ ᠠᠴᠠ ᠠᠪᠴᠤ | ᠬᠡᠯᠡᠪᠡᠯ᠂ ᠲᠡᠭᠦᠨ ᠤ ᠮᠡᠨᠳᠦᠯᠡᠭᠰᠡᠨ ᠤ ᠵᠠᠭᠤᠨ ᠵᠢᠯ ᠤᠨ ᠤᠢ ᠳᠡᠭᠡᠷ᠎ᠡ ᠨᠢ ᠴᠤᠬᠤᠮ ᠶᠠᠭᠤ ᠶᠢ ᠨᠢ ᠭᠤᠤᠯᠯᠠᠵᠤ | ᠳᠤᠷᠠᠰᠬᠠᠨᠠ ᠪᠤᠢ︖ ᠭᠡᠳᠡᠭ ᠢ ᠭᠦᠨᠵᠡᠭᠡᠢ ᠪᠤᠳᠤᠯᠬᠢᠯᠠᠬᠤ ᠬᠡᠷᠡᠭᠲᠡᠢ ᠪᠠᠶᠢᠨ᠎ᠠ᠃ ᠤᠳᠤ ᠦᠪᠦᠷ ᠮᠤᠩᠭᠤᠯ᠂ ᠪᠦᠬᠦ | ᠤᠯᠤᠰ ᠤᠨ ᠮᠤᠩᠭᠤᠯ ᠬᠡᠯᠡ ᠪᠢᠴᠢᠭ ᠤᠨ ᠠᠵᠢᠯ ᠤᠨ ᠬᠦᠷᠢᠶᠡᠨ ᠳᠤ ᠪᠠᠰᠠ ᠲᠠᠬᠢᠭᠠᠳ ᠰᠠᠮᠠᠭᠤᠷᠠᠯ ᠭᠠᠷᠴᠤ ᠪᠠᠶᠢᠨ᠎ᠠ | ᠂ ᠡᠨᠡ ᠰᠠᠮᠠᠭᠤᠷᠠᠯ ᠲᠠᠢ ᠤᠶᠠᠯᠳᠤᠭᠤᠯᠵᠤ ᠪᠠᠶᠢᠭᠠᠳ ᠡᠨᠡ ᠬᠦᠮᠦᠨ ᠢᠶᠠᠨ ᠳᠤᠷᠠᠰᠬᠠᠬᠤ ᠦᠭᠡᠢ ᠦᠦ︕ ᠭᠡᠵᠦ ᠪᠢ | ᠬᠦᠰᠡᠯᠲᠡ ᠲᠠᠯᠪᠢᠮᠠᠷ ᠪᠠᠶᠢᠨ᠎ᠠ᠃ ᠤᠳᠤ ᠭᠤᠷᠪᠠᠨ ᠲᠠᠯ᠎ᠠ ᠶᠢᠨ ᠠᠰᠠᠭᠤᠳᠠᠯ ᠭᠠᠷᠴᠤ ᠪᠠᠶᠢᠨ᠎ᠠ᠃ ᠨᠢᠭᠡ ᠨᠢ᠂ ᠦᠨᠦ | ᠨᠡᠷ᠎ᠡ ᠲᠤᠮᠢᠶ᠎ᠠ ᠶᠢ ᠬᠢᠲᠠᠳ ᠢᠶᠠᠷ ᠠᠪᠤᠨ᠎ᠠ ᠭᠡᠳᠡᠭ ᠦᠵᠡᠯᠲᠡ ᠪᠠᠰᠠ ᠴᠤᠬᠤᠶᠢᠵᠤ ᠪᠠᠶᠢᠨ᠎ᠠ᠃ ᠦᠩᠭᠡᠷᠡᠭᠰᠡᠨ ᠳᠤ | ᠭᠤᠤᠯᠳᠠᠭᠤ ᠤᠯᠤᠰ ᠲᠦᠷᠦ ᠶᠢᠨ ᠨᠡᠷ᠎ᠡ ᠲᠤᠮᠢᠶ᠎ᠠ ᠶᠢ ᠬᠢᠲᠠᠳ ᠢᠶᠠᠷ ᠠᠪᠤᠨ᠎ᠠ ᠭᠡᠵᠦ ᠪᠠᠶᠢᠭᠰᠠᠨ᠂ ᠤᠳᠤ ᠪᠤᠯ ᠬᠠᠷᠢᠨ | ᠠᠮᠢᠳᠤᠷᠠᠯ ᠤᠨ ᠦᠨᠳᠦᠰᠦᠨ ᠨᠡᠷ᠎ᠡ ᠦᠭᠡᠨ ᠳᠤ ᠬᠦᠷᠲᠡᠯ᠎ᠡ ᠬᠢᠲᠠᠳ ᠬᠡᠯᠡ ᠤᠷᠤᠵᠤ ᠢᠷᠡᠵᠦ ᠪᠠᠶᠢᠨ᠎ᠠ᠃ ᠮᠤᠩᠭᠤᠯ | ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠪᠤᠶᠤ ᠵᠦᠪ ᠪᠢᠴᠢᠯᠭᠡ ᠶᠢᠨ ᠲᠤᠯᠢ ᠵᠡᠷᠭᠡ ᠳᠤ ᠤᠳᠤ ︽ᠶᠧ ᠶᠧ᠂ | ᠨᠠᠢ ᠨᠠᠢ᠂ ᠪᠠ ᠪᠠ᠂ ᠮᠠ ᠮᠠ᠂ ᠭᠦ᠋ ᠭᠦ᠋᠂ ᠭᠦ᠋ ᠶᠧ︾ ᠵᠡᠷᠭᠡ ᠶᠢᠨ ᠦᠭᠡ ᠪᠦᠷ ᠤᠷᠤᠭᠠᠳ ᠢᠷᠡᠵᠦ ᠭᠡᠨ᠎ᠡ᠃ ᠡᠨᠡ | ᠴᠢᠨᠢ ᠨᠢᠭᠡ ᠦᠨᠳᠦᠰᠦᠲᠡᠨ ᠦᠪᠡᠷ ᠤᠨ ᠢᠶᠠᠨ ᠠᠪᠤ ᠡᠵᠢ ᠪᠠᠨ ᠳᠠᠭᠤᠳᠠᠬᠤ ᠳᠠᠭᠤᠳᠠᠯᠭ᠎ᠠ ᠪᠠᠨ ᠬᠦᠷᠲᠡᠯ᠎ᠡ | ᠬᠦᠮᠦᠨ ᠠᠴᠠ ᠵᠢᠭᠡᠯᠡᠬᠦ ᠶᠤᠮ ᠦᠦ ᠳ᠋ᠠ︕ ᠦᠪᠡᠷ ᠢᠶᠠᠨ ᠳᠠᠭᠤᠳᠠᠯᠭ᠎ᠠ ᠦᠭᠡᠢ ᠶᠤᠮ ᠦᠦ ᠳ᠋ᠠ︕ ᠮᠤᠩᠭᠤᠯ ᠬᠡᠯᠡ | ᠪᠦᠷ ᠡᠶᠢᠮᠦ ᠬᠡᠮᠵᠢᠶᠡᠨ ᠳᠤ ᠬᠦᠷᠴᠢᠬᠡᠵᠦ ᠦᠦ︖ ᠠᠪᠤ ᠡᠵᠢ ᠪᠠᠨ ᠳᠠᠭᠤᠳᠠᠵᠤ ᠴᠢᠳᠠᠬᠤ ᠦᠭᠡᠢ ᠬᠡᠮᠵᠢᠶᠡᠨ ᠳᠤ | ᠬᠦᠷᠴᠢᠬᠡᠵᠦ ᠦᠦ︖ ᠦᠨᠡᠨᠳᠡᠭᠡᠨ ᠮᠤᠩᠭᠤᠯᠴᠤᠳ ᠤᠨ ᠠᠪᠤ ᠡᠵᠢ᠂ ᠡᠪᠦᠸ᠋ ᠡᠮᠧ ᠢᠶᠠᠨ ᠳᠠᠭᠤᠳᠠᠳᠠᠭ ᠳᠠᠭᠤᠳᠠᠯᠭ᠎ᠠ | ᠪᠤᠯ ᠶᠡᠭᠡ ᠪᠠᠶᠠᠯᠢᠭ ᠰᠢᠳᠡ᠂ ᠭᠠᠵᠠᠷ ᠭᠠᠵᠠᠷ ᠠᠰ ᠠᠰᠳᠠᠭᠠᠨ ᠳᠠᠭᠤᠳᠠᠯᠭ᠎ᠠ ᠲᠠᠢ ᠪᠠᠶᠢᠳᠠᠭ᠂ ᠬᠡᠨ ᠨᠢ ᠴᠦ ᠭᠡᠳ | ᠬᠢᠲᠠᠳ ᠬᠡᠯᠡᠨ ᠠᠴᠠ ᠵᠢᠭᠡᠯᠡᠭᠰᠡᠨ ᠦᠭᠡᠢ ᠰᠢᠦ︕ ᠤᠳᠤ ᠬᠠᠷᠢᠨ ᠪᠦᠷ ᠬᠢᠲᠠᠳ ᠬᠡᠯᠡᠨ ᠠᠴᠠ ᠵᠢᠭᠡᠯᠡᠵᠦ ᠪᠠᠶᠢᠨ᠎ᠠ᠂ | ᠴᠢᠩᠭᠢᠬᠦ ᠦᠭᠡᠢ ᠪᠤᠯ ᠠᠪᠤ ᠡᠵᠢ ᠪᠠᠨ ᠲᠠᠨᠢᠬᠤ ᠪᠠᠨ ᠪᠠᠶᠢᠴᠢᠬᠠᠬᠤ ᠶᠤᠮ ᠦᠦ ᠳ᠋ᠠ︖ ᠪᠦᠷ ᠡᠶᠢᠮᠦ ᠬᠡᠮᠵᠢᠶᠡᠨ ᠳᠤ | ᠬᠦᠷᠴᠦ ᠪᠠᠶᠢᠨ᠎ᠠ᠃ ᠶᠡᠷᠦᠨᠢ ᠦᠪᠦᠷ ᠮᠤᠩᠭᠤᠯ ᠳᠤ ᠪᠠᠶᠢᠭᠠᠳ ᠪᠠᠶᠢᠭᠠᠳ ᠨᠢᠭᠡ ᠪᠦᠯᠦᠭ ᠬᠦᠮᠦᠰ ᠭᠠᠷᠴᠦ ᠢᠷᠡᠭᠡᠳ | ᠬᠢᠲᠠᠳ ᠢᠶᠠᠷ ᠨᠡᠷ᠎ᠡ ᠲᠤᠮᠢᠶ᠎ᠠ ᠠᠪᠤᠨ᠎ᠠ ᠭᠡᠵᠦ ᠲᠡᠮᠡᠴᠡᠬᠦ ᠳᠤᠷᠠᠲᠠᠢ᠂ ᠰᠤᠶᠤᠯ ᠤᠨ ᠬᠤᠪᠢᠰᠬᠠᠯ ᠤᠨ ᠳᠠᠷᠠᠭ᠎ᠠ ᠨᠢᠭᠡ | ᠳᠠᠷᠤᠭᠳᠠᠭᠰᠠᠨ ᠶᠤᠮ᠂ ᠤᠳᠤ ᠪᠠᠰᠠ ᠨᠢᠭᠡ ᠪᠦᠯᠦᠭ ᠭᠦᠮᠦᠨ ᠭᠠᠷᠴᠤ ᠢᠷᠡᠵᠦ ᠪᠠᠶᠢᠨ᠎ᠠ᠃ ᠵᠠ ᠡᠨᠡ ᠪᠤᠯ ᠨᠡᠷ᠎ᠡ | ᠲᠤᠮᠢᠶ᠎ᠠ ᠶᠢᠨ ᠲᠤᠬᠠᠢ᠃ ᠨᠦᠭᠦᠭᠡ ᠨᠢᠭᠡ ᠨᠢ ᠪᠤᠯ᠂ ᠵᠦᠪ ᠪᠢᠴᠢᠯᠭᠡ ᠶᠢᠨ ᠳᠦᠷᠢᠮ ᠤᠨ ᠲᠠᠯ᠎ᠠ ᠪᠠᠷ ᠶᠡᠭᠡ | ᠰᠠᠮᠠᠭᠤᠷᠠᠯ ᠭᠠᠷᠴᠤ ᠪᠠᠶᠢᠨ᠎ᠠ᠃ ᠡᠨᠡ ᠪᠤᠯ ︽ᠵᠦᠪ ᠪᠢᠴᠢᠯᠭᠡ ᠶᠢᠨ ᠲᠤᠯᠢ︾ ᠭᠡᠵᠦ ᠭᠠᠷᠭᠠᠭᠰᠠᠨ ᠠᠴᠠ ᠬᠤᠶᠢᠰᠢ | ᠭᠠᠷᠤᠭᠰᠠᠨ ᠰᠠᠮᠠᠭᠤᠷᠠᠯ ᠶᠤᠮ᠃ ᠤᠳᠤ ᠪᠤᠯ ᠡᠨᠡ ᠰᠠᠮᠠᠭᠤᠷᠠᠯ ᠶᠡᠭᠡ ᠭᠠᠵᠠᠷ ᠠᠪᠴᠤ ᠪᠠᠶᠢᠨ᠎ᠠ᠃ ᠵᠢᠱᠢᠶᠡᠯᠡᠪᠡᠯ᠄ | ︿ ᠳᠠᠭᠠᠨ ᠳᠡᠭᠡᠨ﹀ ᠢ ︿ ᠳᠤ ᠪᠠᠨ﹀ ᠭᠡᠵᠦ ᠪᠢᠴᠢᠨ᠎ᠡ ᠭᠡᠨ᠎ᠡ᠃ ︿ᠨᠠᠰᠢ᠂ ᠴᠠᠰᠢ﹀ ᠶᠢ ︿ᠨᠠᠭᠠᠰᠢ ᠴᠠᠭᠠᠰᠢ﹀ ᠭᠡᠵᠦ | ᠪᠢᠴᠢᠨ᠎ᠡ ᠭᠡᠨ᠎ᠡ᠃ ᠭᠡᠬᠦ ᠮᠡᠲᠦ ᠪᠠᠷ ᠨᠢᠭᠡ ᠤᠯᠠᠨ ᠦᠭᠡ ᠨᠦᠭᠦᠳ ᠢ ᠵᠠᠪᠠᠯ ᠦᠭᠡᠷᠡᠴᠢᠯᠡᠨ᠎ᠡ ᠭᠡᠵᠦ ᠪᠠᠶᠢᠨ᠎ᠠ᠃ ᠡᠨᠡ | ᠮᠤᠩᠭᠤᠯ ᠦᠰᠦᠭ ᠤᠨ ᠵᠦᠪ ᠪᠢᠴᠢᠯᠭᠡ ᠶᠢᠨ ᠳᠦᠷᠢᠮ ᠪᠤᠯ ᠠᠯᠢ ᠬᠡᠳᠦᠶᠢᠨ ᠨᠢᠭᠡᠨᠲᠡ ᠵᠦᠭᠰᠢᠷᠡᠭᠡᠳ | ᠳᠦᠷᠢᠮᠵᠢᠴᠢᠬᠡᠵᠡᠢ᠃ ᠡᠨᠡ ᠶᠠᠭᠠᠬᠢᠵᠤ ᠳᠦᠷᠢᠮᠵᠢᠭᠰᠡᠨ ᠪᠤᠢ ᠭᠡᠪᠡᠯ᠂ ᠨᠢᠭᠡ ᠦᠰᠦᠭ ᠪᠢᠴᠢᠭ ᠪᠤᠯ ᠨᠢᠭᠡ | ᠦᠨᠳᠦᠰᠦᠲᠡᠨ ᠤ ᠪᠠᠨ ᠡᠳᠦᠷ ᠲᠤᠲᠤᠮ ᠤᠨ ᠠᠮᠢᠳᠤᠷᠠᠯ ᠳᠤ ᠵᠤᠬᠢᠴᠠᠵᠤ ᠴᠢᠳᠠᠨ᠎ᠠ ᠦᠦ︖ ᠦᠭᠡᠢ ᠦᠦ︖ ᠭᠡᠳᠡᠭ | ᠪᠤᠯ ᠬᠠᠮᠤᠭ ᠤᠨ ᠳᠤᠤᠷᠠᠳᠤ ᠲᠠᠯ᠎ᠠ ᠶᠢᠨ ᠱᠠᠭᠠᠷᠳᠠᠯᠭ᠎ᠠ᠃ ᠠᠯᠪᠠᠨ ᠪᠢᠴᠢᠭ ᠮᠠᠲ᠋ᠧᠷᠢᠶᠠᠯ ᠳᠠᠭᠠᠨ ᠵᠤᠬᠢᠴᠠᠵᠤ ᠴᠢᠳᠠᠵᠤ | ᠪᠠᠶᠢᠨ᠎ᠠ ᠦᠦ︖ ᠦᠭᠡᠢ ᠦᠦ︖ ᠭᠡᠳᠡᠭ ᠪᠤᠯ ᠬᠤᠶᠠᠳᠤᠭᠠᠷ ᠳᠡᠰ ᠤᠨ ᠱᠠᠭᠠᠷᠳᠠᠯᠭ᠎ᠠ᠃ ᠬᠠᠮᠤᠭ ᠤᠨ ᠦᠨᠳᠦᠷ | ᠱᠠᠭᠠᠷᠳᠠᠯᠭ᠎ᠠ ᠨᠢ ᠪᠤᠯ ᠬᠠᠷᠢ ᠶᠢᠨ ᠰᠤᠩᠭᠤᠳᠠᠭ ᠵᠤᠬᠢᠶᠠᠯ ᠤᠳ ᠢ ᠤᠷᠴᠢᠭᠤᠯᠵᠤ ᠳᠡᠶᠢᠯᠵᠦ ᠪᠠᠶᠢᠨ᠎ᠠ ᠦᠦ︖ ᠦᠭᠡᠢ | ᠦᠦ︖ ᠭᠡᠳᠡᠭ ᠠᠰᠠᠭᠤᠳᠠᠯ ᠪᠤᠯᠤᠨ᠎ᠠ᠃ ᠮᠠᠨ ᠤ ᠮᠤᠩᠭᠤᠯ ᠪᠢᠴᠢᠭ ᠪᠤᠯ ᠡᠨᠡ ᠬᠡᠳᠦᠨ ᠱᠠᠭᠠᠷᠳᠠᠯᠭ᠎ᠠ ᠳᠤ ᠠᠯᠢ | ᠬᠡᠳᠦᠶᠢᠨ ᠬᠡᠴᠢᠨᠡᠨ ᠵᠠᠭᠤᠨ ᠵᠢᠯ ᠤᠨ ᠡᠮᠦᠨ᠎ᠡ ᠬᠦᠷᠴᠢᠬᠡᠭᠰᠡᠨ᠃ ᠡᠮᠦᠨ᠎ᠡ ᠬᠤᠶᠠᠷ ᠢ ᠨᠢ ᠬᠡᠯᠡᠬᠦ ᠬᠡᠷᠡᠭ ᠦᠭᠡᠢ᠂ | ᠬᠠᠷᠢ ᠦᠨᠳᠦᠰᠦᠲᠡᠨ ᠤ ᠰᠤᠩᠭᠤᠳᠠᠭ ᠵᠤᠬᠢᠶᠠᠯ ᠢ ᠤᠷᠴᠢᠭᠤᠯᠬᠤ ᠪᠠᠷ ᠵᠢᠱᠢᠶᠡᠯᠡᠪᠡᠯ᠂ ︽ᠭᠠᠨᠵᠤᠤᠷ︾᠂ ︽ | ᠳ᠋ᠠᠨᠵᠤᠤᠷ︾ ᠢ ᠤᠷᠴᠢᠭᠤᠯᠤᠭᠰᠠᠨ ᠶᠠᠪᠤᠳᠠᠯ ᠭᠡᠷᠡᠴᠢᠯᠡᠵᠦ ᠴᠢᠳᠠᠨ᠎ᠠ᠃ ︽ᠭᠠᠨᠵᠤᠤᠷ︾᠂ ︽ᠳ᠋ᠠᠨᠵᠤᠤᠷ︾ ᠳᠡᠮᠡᠢ | ᠤᠯᠠᠨ ᠬᠡᠯᠡᠨ ᠳᠤ ᠤᠷᠴᠢᠭᠤᠯᠤᠭᠳᠠᠭᠠ ᠦᠭᠡᠢ᠂ ᠲᠠᠪᠤ᠂ ᠵᠢᠷᠭᠤᠭᠠᠨ ᠯᠡ ᠬᠡᠯᠡᠨ ᠳᠤ ᠤᠷᠴᠢᠭᠤᠯᠤᠭᠳᠠᠵᠤ ᠪᠠᠶᠢᠨ᠎ᠠ᠃ | ᠡᠭᠦᠨ ᠳᠤ ᠮᠤᠩᠭᠤᠯ ᠬᠡᠯᠡᠨ ᠳᠤ ᠪᠤᠯ ᠨᠡᠩ ᠡᠷᠲᠡ ᠤᠷᠴᠢᠭᠤᠯᠤᠭᠰᠠᠨ ᠪᠠᠶᠢᠨ᠎ᠠ᠃ ︽ᠭᠠᠨᠵᠤᠤᠷ︾᠂ ︽ᠳ᠋ᠠᠨᠵᠤᠤᠷ | ︾ ᠢ ᠤᠷᠴᠢᠭᠤᠯᠬᠤ ᠦᠶ᠎ᠡ ᠮᠤᠩᠭᠤᠯ ᠦᠰᠦᠭ ᠪᠢᠴᠢᠭ ᠪᠦᠷᠢᠨ ᠪᠤᠰᠤ᠂ ᠲᠤᠲᠠᠭᠳᠠᠯ ᠲᠠᠢ ᠪᠠᠶᠢᠭᠰᠠᠨ ᠪᠤᠯ ᠲᠡᠭᠦᠨ ᠢ | ᠤᠷᠴᠢᠭᠤᠯᠵᠤ ᠳᠡᠶᠢᠯᠬᠦ ᠦᠭᠡᠢ ᠶᠤᠮ᠃ ᠡᠨᠡ ᠪᠤᠯ ᠦᠢᠯᠡᠳᠦᠯᠭᠡ ᠭᠡᠷᠡᠴᠢᠯᠡᠵᠦ ᠪᠠᠶᠢᠨ᠎ᠠ᠂ ᠡᠨᠡ ᠨᠢ ᠮᠠᠨ ᠤ ᠮᠤᠩᠭᠤᠯ | ᠪᠢᠴᠢᠭ ᠪᠤᠯ ᠨᠢᠭᠡᠨᠲᠡ ᠳᠦᠷᠢᠮᠵᠢᠭᠡᠳ ᠦᠨᠳᠦᠷ ᠲᠦᠪᠰᠢᠨ ᠳᠤ ᠬᠦᠷᠦᠭᠰᠡᠨ ᠢ ᠭᠡᠷᠡᠴᠢᠯᠡᠵᠦ ᠪᠠᠶᠢᠨ᠎ᠠ᠃ ᠱᠠᠭᠵᠠ | ᠪᠠᠭᠰᠢ ᠶᠢᠨ ︽ᠬᠦᠬᠡ ᠲᠤᠯᠢ︾ ᠭᠡᠵᠦ ᠭᠠᠷᠤᠭᠰᠠᠨ᠂ ᠦᠨᠳᠦᠰᠦᠲᠡᠨ ᠤ ᠬᠡᠪᠯᠡᠯ ᠤᠨ ᠬᠤᠷᠢᠶ᠎ᠠ ᠮᠢᠩᠭ᠎ᠠ ᠶᠢᠰᠦᠨ | ᠵᠠᠭᠤ ᠲᠠᠪᠢᠭᠠᠳ ᠤᠨ ᠳᠤ ᠬᠦᠬᠡ ᠭᠠᠳᠠᠷ ᠲᠠᠢ ᠬᠡᠪᠯᠡᠭᠦᠯᠵᠦ ᠦᠩᠭᠡᠷᠡᠭᠰᠡᠨ ᠤᠴᠢᠷ ᠠᠴᠠ ︽ᠬᠦᠬᠡ ᠲᠤᠯᠢ︾ | ᠭᠡᠵᠦ ᠬᠡᠯᠡᠳᠡᠭ ᠶᠤᠮ᠃ ᠲᠡᠷᠡ ᠪᠤᠯ ᠮᠤᠩᠭᠤᠯ ᠦᠰᠦᠭ ᠤᠨ ᠳᠦᠷᠢᠮ ᠤᠨ ᠲᠤᠯᠢ ᠪᠢᠴᠢᠭ ᠮᠦᠨ᠃ ᠮᠢᠩᠭ᠎ᠠ | ᠶᠢᠰᠦᠨ ᠵᠠᠭᠤ ᠨᠠᠶᠠᠭᠠᠳ ᠤᠨ ᠳᠤ ᠦᠨᠳᠦᠰᠦᠲᠡᠨ ᠤ ᠬᠡᠪᠯᠡᠯ ᠤᠨ ᠬᠤᠷᠢᠶ᠎ᠠ ᠲᠠᠬᠢᠵᠤ ᠪᠠᠰᠠ ᠬᠡᠪᠯᠡᠭᠦᠯᠦᠭᠰᠡᠨ ᠶᠤᠮ᠃ | ᠱᠠᠭᠵᠠ ᠪᠠᠭᠰᠢ ᠶᠢᠨ ︽ᠬᠦᠬᠡ ᠲᠤᠯᠢ︾ ᠪᠤᠯ ᠲᠤᠯᠢ ᠶᠢᠨ ᠬᠡᠯᠪᠡᠷᠢ ᠪᠠᠷ ᠵᠦᠪ ᠪᠢᠴᠢᠯᠭᠡ ᠶᠢᠨ ᠳᠦᠷᠢᠮ ᠢ ᠪᠦᠷ | ᠰᠠᠶᠢᠬᠠᠨ ᠳᠦᠷᠢᠮᠵᠢᠭᠦᠯᠦᠭᠰᠡᠨ ᠶᠤᠮ᠃ ᠤᠳᠤ ᠢᠩᠭᠢᠭᠡᠳ ᠪᠦᠷ ᠪᠤᠯᠬᠤ ᠨᠢ ᠲᠡᠷᠡ︕ ᠡᠨᠡ ᠰᠠᠭᠤᠷᠢᠨ ᠳᠡᠭᠡᠷ᠎ᠡ | ᠰᠡᠭᠦᠯ ᠳᠤᠨᠢ ᠨᠤᠷᠵᠢᠨ ᠵᠡᠷᠭᠡ ᠬᠦᠮᠦᠰ ᠤᠨ ︽ᠮᠤᠩᠭᠤᠯ ᠬᠡᠯᠡᠨ ᠤ ᠲᠤᠯᠢ︾ ᠭᠠᠷᠴᠠᠢ᠃ ᠦᠪᠦᠷ ᠮᠤᠩᠭᠤᠯ ᠤᠨ | ᠶᠡᠭᠡ ᠰᠤᠷᠭᠠᠭᠤᠯᠢ ᠶᠢᠨ ︽ᠮᠤᠩᠭᠤᠯ ᠬᠢᠲᠠᠳ ᠲᠤᠯᠢ︾ ᠭᠠᠷᠴᠠᠢ᠃ ᠡᠳᠡᠭᠡᠷ ᠲᠤᠯᠢ ᠪᠤᠯ ᠵᠦᠪ ᠪᠢᠴᠢᠯᠭᠡ ᠶᠢᠨ | ᠲᠠᠯ᠎ᠠ ᠪᠠᠷ ᠪᠦᠷ ᠨᠢᠭᠡᠨᠲᠡ ᠪᠦᠷᠢᠨᠰᠢᠭᠡᠳ᠂ ᠲᠤᠭᠳᠠᠪᠤᠷᠢᠵᠢᠴᠢᠬᠠᠭᠰᠠᠨ ᠲᠤᠯᠢ ᠪᠢᠴᠢᠭ ᠪᠤᠯᠤᠭᠰᠠᠨ ᠶᠤᠮ᠃ | ᠡᠭᠦᠨ ᠢ ᠪᠠᠨ ᠳᠠᠭᠠᠭᠠᠳ ᠶᠠᠪᠤᠵᠤ ᠪᠠᠶᠢᠭᠰᠠᠨ ᠪᠤᠯ ᠪᠤᠯᠬᠤ ᠪᠠᠶᠢᠭᠰᠠᠨ ᠶᠤᠮ᠃ ᠭᠡᠲᠡᠯ᠎ᠡ ᠭᠡᠨᠡᠳᠲᠡ ᠤᠳᠤ ︽ᠵᠦᠪ | ᠪᠢᠴᠢᠯᠭᠡ ᠶᠢᠨ ᠲᠤᠯᠢ︾ ᠭᠡᠵᠦ ᠭᠠᠷᠴᠤ ᠢᠷᠡᠭᠡᠳ ᠨᠢᠭᠡ ᠤᠯᠠᠨ ᠶᠠᠭᠤᠮ᠎ᠠ ᠶᠢ ᠦᠭᠡᠷᠡᠴᠢᠯᠡᠭᠡᠳ ᠰᠠᠮᠠᠭᠤᠷᠠᠭᠤᠯᠵᠠᠢ᠃ | ᠡᠨᠡ ᠰᠠᠮᠠᠭᠤᠷᠠᠯ ᠠᠴᠠ ᠪᠤᠯᠤᠭᠠᠳ ᠤᠳᠤ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠡᠯ᠎ᠡ ᠵᠦᠢᠯ ᠤᠨ | ᠰᠤᠨᠢᠨ ᠰᠡᠳᠬᠦᠯ ᠨᠤᠮ ᠬᠡᠪᠯᠡᠯ ᠪᠦᠷ ᠰᠠᠮᠠᠭᠤᠷᠠᠭᠠᠳ ᠭᠠᠷᠴᠤ ᠪᠠᠶᠢᠨ᠎ᠠ᠃ ᠤᠳᠤ ᠵᠠᠯᠠᠭᠤᠴᠤᠳ ᠡᠨᠡ ︽ᠵᠦᠪ | ᠪᠢᠴᠢᠯᠭᠡ ᠶᠢᠨ ᠲᠤᠯᠢ︾ ᠶᠢᠨ ᠨᠠᠰᠢ ᠴᠠᠰᠢ ᠭᠡᠰᠡᠨ ᠨᠦᠯᠦᠭᠡᠨ ᠠᠴᠠ ᠪᠤᠯᠵᠤ᠂ ᠳᠤᠯᠤᠭᠠᠨ ᠲᠠᠶᠢᠨ ᠢᠯᠭᠠᠯ ᠢᠶᠠᠨ | ᠵᠦᠪ ᠬᠡᠷᠡᠭᠯᠡᠬᠦ᠂ ᠤᠯᠠᠨ ᠲᠤᠭᠠᠨ ᠤ ᠳᠠᠭᠠᠪᠤᠷᠢ ᠶᠢ ᠵᠦᠪ ᠬᠡᠷᠡᠭᠯᠡᠬᠦ ᠶᠢ ᠪᠠᠷᠤᠭ ᠪᠦᠷ ᠮᠡᠳᠡᠬᠦ ᠦᠭᠡᠢ ᠪᠤᠯᠴᠢᠬᠠᠯ᠎ᠠ | ᠪᠤᠯᠤᠯᠲᠠᠢ ᠳ᠋ᠠ︕ ᠪᠢ ᠰᠤᠨᠢᠨ ᠰᠡᠳᠬᠦᠯ ᠳᠡᠮᠡᠢ ᠦᠵᠡᠵᠦ ᠪᠠᠶᠢᠬᠤ ᠦᠭᠡᠢ᠂ ᠮᠤᠩᠭᠤᠯ ᠲᠧᠯᠸᠢᠰ ᠦᠵᠡᠭᠡᠳ | ᠰᠠᠭᠤᠵᠤ ᠪᠠᠶᠢᠨ᠎ᠠ᠂ ᠮᠤᠩᠭᠤᠯ ᠲᠧᠯᠸᠢᠰ ᠳᠡᠭᠡᠷ᠎ᠡ ᠵᠦᠩᠳᠡᠭᠡᠨ ᠡᠶᠢᠮᠦ ᠪᠤᠷᠤᠭᠤ ᠦᠰᠦᠭ ᠭᠠᠷᠴᠤ ᠪᠠᠶᠢᠨ᠎ᠠ᠃ ᠡᠨᠡ | ᠪᠤᠯ ᠪᠦᠷ ︽ᠵᠦᠪ ᠪᠢᠴᠢᠯᠭᠡ ᠶᠢᠨ ᠲᠤᠯᠢ︾ ᠶᠢᠨ ᠰᠠᠮᠠᠭᠤᠷᠠᠯ ᠠᠴᠠ ᠪᠤᠯᠵᠤ ᠪᠠᠶᠢᠨ᠎ᠠ᠃ ᠭᠤᠷᠪᠠᠳᠤᠭᠠᠷ ᠵᠦᠢᠯ ᠤᠨ | ᠰᠠᠮᠠᠭᠤᠷᠠᠯ ᠶᠠᠭᠤ ᠪᠠᠶᠢᠨ᠎ᠠ ᠭᠡᠪᠡᠯ᠂ ᠵᠦᠪᠬᠡᠨ ᠨᠡᠷ᠎ᠡ ᠲᠤᠮᠢᠶ᠎ᠠ ᠶᠢ ᠬᠢᠲᠠᠳᠴᠢᠯᠠᠭᠠᠳ᠂ ᠵᠦᠪ ᠪᠢᠴᠢᠯᠭᠡ ᠶᠢᠨ ᠳᠡᠭᠡᠷ᠎ᠡ | ᠠᠰᠠᠭᠤᠳᠠᠯ ᠭᠠᠷᠭᠠᠵᠤ ᠪᠠᠶᠢᠬᠤ ᠪᠠᠷ ᠪᠠᠷᠠᠬᠤ ᠦᠭᠡᠢ᠂ ᠮᠤᠩᠭᠤᠯ ᠬᠡᠯᠡᠨ ᠤ ᠰᠡᠳᠬᠢᠬᠦᠢ ᠬᠦᠷᠲᠡᠯ᠎ᠡ ᠡᠪᠳᠡᠭᠳᠡᠵᠦ | ᠪᠠᠶᠢᠨ᠎ᠠ᠃ ᠤᠳᠤ ᠮᠠᠨ ᠤ ᠵᠠᠯᠠᠭᠤᠴᠤᠳ ᠪᠦᠷ ᠬᠢᠲᠠᠳ ᠢᠶᠠᠷ ᠰᠡᠳᠬᠢᠴᠢᠬᠡᠭᠡᠳ ᠮᠤᠩᠭᠤᠯ ᠢᠶᠠᠷ ᠪᠢᠴᠢᠵᠦ ᠪᠠᠶᠢᠨ᠎ᠠ᠃ | ᠬᠠᠮᠤᠭ ᠤᠨ ᠨᠢᠭᠡ ᠢᠯᠡᠷᠬᠡᠢ ᠵᠢᠱᠢᠶ᠎ᠡ ᠭᠡᠪᠡᠯ᠂ ᠭᠠᠷᠬᠤ ᠶᠢᠨ ᠲᠠᠶᠢᠨ ᠢᠯᠭᠠᠯ ︿ ᠠᠴᠠ﹀ ᠴᠢᠨᠢ ᠦᠭᠦᠯᠡᠭᠳᠡᠬᠦᠨ ᠤ | ᠲᠤᠳᠤᠳᠬᠠᠭᠴᠢ ᠪᠤᠯᠴᠢᠬᠠᠭᠠᠳ ᠪᠠᠶᠢᠨ᠎ᠠ᠃ ︿ᠪᠠᠲᠤ ᠳᠠᠭᠤᠯᠠᠨ᠎ᠠ﹀ ᠭᠡᠳ ᠭᠠᠶᠢᠭᠤᠢ ᠰᠠᠶᠢᠨ ᠪᠤᠯᠴᠢᠬᠠᠬᠤ | ᠪᠠᠶᠢᠭᠰᠠᠨ ᠶᠠᠭᠤᠮ᠎ᠠ ᠶᠢ ᠵᠠᠪᠠᠯ ︿ᠪᠠᠲᠤ ᠠᠴᠠ ᠳᠠᠭᠤᠯᠠᠨ᠎ᠠ﹀ ᠭᠡᠵᠦ ᠬᠡᠯᠡᠨ᠎ᠡ᠃ ᠢᠩᠭᠢᠭᠡᠳ ᠪᠢ ᠵᠠᠯᠠᠭᠤᠴᠤᠳ ᠠᠴᠠ | ᠄ ︽ᠡᠨᠡ ︿ ᠠᠴᠠ﹀ ᠶᠢ ᠨᠡᠮᠡᠬᠦ ᠱᠠᠭᠠᠷᠳᠠᠯᠭ᠎ᠠ ᠪᠠᠶᠢᠨ᠎ᠠ ᠦᠦ︖︾ ᠭᠡᠬᠦᠯᠡᠷ ᠲᠡᠳᠡ᠄ ︽ᠡᠭᠦᠨ ᠢ ᠬᠢᠲᠠᠳ ᠢᠶᠠᠷ 由 | 巴图演唱 ᠭᠡᠵᠦ ᠪᠠᠶᠢᠨ᠎ᠠ︕︾ ᠭᠡᠵᠦ ᠬᠡᠯᠡᠵᠦ ᠪᠠᠶᠢᠨ᠎ᠠ᠃ ᠲᠡᠷᠡ ︿由﹀ ᠭᠡᠰᠡᠨ ᠢ ᠨᠢ | ᠤᠷᠴᠢᠭᠤᠯᠵᠤ ᠪᠠᠶᠢᠨ᠎ᠠ ᠭᠡᠨ᠎ᠡ᠃ ᠲᠡᠷᠡ ᠴᠢᠨᠢ ᠬᠢᠲᠠᠳ ᠰᠡᠳᠬᠢᠬᠦᠢ᠂ ᠬᠢᠲᠠᠳ ᠬᠡᠯᠡᠨ ᠤ ᠳᠦᠷᠢᠮ ᠶᠤᠰᠤ᠂ ᠪᠢᠳᠡ | ᠮᠤᠩᠭᠤᠯ ᠢᠶᠠᠷ ᠢᠶᠠᠨ ᠰᠡᠳᠬᠢᠵᠦ᠂ ᠮᠤᠩᠭᠤᠯ ᠪᠢᠴᠢᠭ ᠤᠨ ᠢᠶᠠᠨ ᠳᠦᠷᠢᠮ ᠶᠤᠰᠤᠭᠠᠷ ᠪᠢᠴᠢᠬᠦ ᠦᠶ᠎ᠡ ︿ᠪᠠᠲᠤ | ᠳᠠᠭᠤᠯᠠᠨ᠎ᠠ﹀ ᠭᠡᠪᠡᠯ ᠪᠤᠯᠴᠢᠬᠠᠨ᠎ᠠ ᠰᠢᠳᠡ︕ ᠡᠨᠡ ᠭᠠᠷᠬᠤ ᠶᠢᠨ ᠲᠠᠶᠢᠨ ᠢᠯᠭᠠᠯ ᠬᠡᠵᠢᠶ᠎ᠡ ᠪᠠᠶᠢᠬᠤ ᠳᠤ | ᠦᠭᠦᠯᠡᠭᠳᠡᠬᠦᠨ ᠤ ᠲᠤᠳᠤᠳᠬᠠᠭᠴᠢ ᠪᠤᠯᠵᠤ ᠪᠠᠶᠢᠭᠰᠠᠨ ᠶᠤᠮ︖ ᠤᠳᠤ ᠪᠤᠯᠬᠤ ᠳᠤ ᠪᠦᠷ ᠦᠭᠦᠯᠡᠭᠳᠡᠬᠦᠨ ᠤ | ᠲᠤᠳᠤᠳᠬᠠᠭᠴᠢ ᠪᠤᠯᠴᠢᠬᠠᠵᠠᠢ᠂ ᠦᠨᠦ ︽ᠠᠨᠤ᠂ ᠢᠨᠤ᠂ ᠨᠠᠢ︾ ᠭᠡᠳᠡᠭ ᠲᠤᠳᠤᠳᠬᠠᠭᠴᠢ ᠶᠢ ᠮᠡᠳᠡᠬᠦ ᠬᠦᠮᠦᠨ | ᠪᠠᠷᠤᠭ ᠦᠭᠡᠢ ᠪᠤᠯᠴᠢᠬᠠᠯ᠎ᠠ ᠪᠤᠯᠤᠯᠲᠠᠢ᠂ ᠢᠩᠭᠢᠵᠦ ᠰᠠᠮᠠᠭᠤᠷᠠᠵᠤ ᠪᠠᠶᠢᠨ᠎ᠠ᠃ ᠪᠢ ᠠᠷᠪᠢᠨ ᠶᠠᠷᠢᠳᠠᠭ ᠶᠤᠮ᠃ ︿ | ᠪᠠᠲᠤ ᠳᠠᠭᠤᠯᠠᠨ᠎ᠠ﹀ ᠭᠡᠳᠡᠭ ᠴᠢᠨᠢ ᠨᠢᠭᠡ ᠦᠭᠦᠯᠡᠭᠳᠡᠬᠦᠨ᠂ ᠨᠢᠭᠡ ᠦᠭᠦᠯᠡᠬᠦᠨ ᠢᠶᠠᠷ ᠪᠦᠷᠢᠯᠳᠦᠵᠦ ᠪᠠᠶᠢᠨ᠎ᠠ᠃ ᠡᠨᠡ | ᠦᠭᠦᠯᠡᠪᠦᠷᠢ ᠶᠢᠨ ᠦᠭᠦᠯᠡᠬᠦᠨ ᠨᠦᠭᠦᠳ ᠢ ᠰᠤᠯᠢᠵᠤ ᠦᠵᠡᠶ᠎ᠡ᠂ ︿ᠵᠢᠭᠡᠯᠡᠨ᠎ᠡ﹀ ᠭᠡᠳᠡᠭ ᠦᠭᠡ ᠪᠠᠷ ᠰᠤᠯᠢᠵᠤ | ᠦᠵᠡᠪᠡᠯ᠂ ︿ᠪᠠᠲᠤ ᠵᠢᠭᠡᠯᠡᠨ᠎ᠡ﹀ ᠬᠢᠭᠡᠳ ︿ᠪᠠᠲᠤ ᠠᠴᠠ ᠵᠢᠭᠡᠯᠡᠨ᠎ᠡ﹀ ᠭᠡᠳᠡᠭ ᠪᠤᠯ ᠠᠳᠠᠯᠢ ᠦᠭᠡᠢ᠂ ᠨᠢᠭᠡ ᠨᠢ ᠪᠤᠯ | ᠪᠠᠲᠤ ᠡᠨᠡ ᠦᠢᠯᠡ ᠶᠢ ᠦᠢᠯᠡᠳᠴᠡᠢ᠂ ᠨᠦᠭᠦᠭᠡ ᠨᠢᠭᠡ ᠨᠢ ᠪᠤᠯ ᠪᠠᠲᠤ ᠠᠴᠠ ᠦᠭᠡᠷ᠎ᠡ ᠬᠦᠮᠦᠨ ᠵᠢᠭᠡᠯᠡᠵᠦ ᠪᠠᠶᠢᠨ᠎ᠠ᠃ | ᠢᠩᠭᠢᠵᠦ ᠲᠠᠶᠢᠯᠪᠦᠷᠢᠯᠠᠬᠤ ᠶᠢ ᠰᠤᠨᠤᠰᠴᠢᠬᠠᠭᠠᠳ ᠡᠨᠡ ᠵᠠᠯᠠᠭᠤᠴᠤᠳ ᠪᠠᠰᠠ ᠰᠠᠶᠢᠨ ᠤᠬᠠᠭᠠᠷᠠᠬᠤ ᠦᠭᠡᠢ ᠶᠤᠮ᠃ | ᠡᠨᠡ ᠪᠤᠯ ᠬᠢᠲᠠᠳ ᠬᠡᠯᠡᠨ ᠤ ᠰᠡᠳᠬᠢᠬᠦᠢ ᠮᠤᠩᠭᠤᠯ ᠬᠡᠯᠡᠨ ᠳᠤ ᠭᠠᠵᠠᠷ ᠠᠪᠴᠢᠬᠠᠵᠠᠢ᠃ ᠢᠩᠭᠢᠭᠡᠳ ᠮᠠᠨ ᠤ ᠬᠡᠯᠡ | ᠵᠦᠢ ᠶᠢ ᠬᠦᠷᠲᠡᠯ᠎ᠡ ᠰᠠᠮᠠᠭᠤᠷᠠᠭᠤᠯᠬᠤ ᠬᠡᠮᠵᠢᠶᠡᠨ ᠳᠤ ᠬᠦᠷᠴᠦ ᠪᠠᠶᠢᠨ᠎ᠠ᠃ ᠡᠶᠢᠮᠦ ᠡᠶᠢᠮᠦ ᠰᠠᠮᠠᠭᠤᠷᠠᠯ ᠮᠤᠩᠭᠤᠯ ᠬᠡᠯᠡ | ᠪᠢᠴᠢᠭ ᠤᠨ ᠠᠵᠢᠯ ᠤᠨ ᠹᠷᠤᠨᠲ ᠳᠡᠭᠡᠷ᠎ᠡ ᠬᠦᠨᠳᠦ ᠨᠣᠴᠢᠲᠠᠢ ᠤᠷᠤᠰᠢᠵᠤ ᠪᠠᠶᠢᠨ᠎ᠠ᠃ ᠡᠶᠢᠮᠦ ᠪᠠᠶᠢᠳᠠᠯ ᠳᠤ ᠪᠢᠳᠡ | ᠡᠷᠳᠡᠨᠢᠲᠤᠭᠲᠠᠬᠤ ᠪᠠᠭᠰᠢ ᠪᠠᠨ ᠳᠤᠷᠠᠰᠬᠠᠬᠤ ᠦᠶ᠎ᠡ ᠪᠠᠷ᠂ ᠲᠡᠷᠡ ᠬᠦᠮᠦᠨ ᠤ ᠪᠠᠷᠢᠮᠲᠠᠯᠠᠵᠤ ᠪᠠᠶᠢᠭᠰᠠᠨ ︽ᠮᠤᠩᠭᠤᠯ | ᠬᠡᠯᠡ ᠪᠢᠴᠢᠭ ᠢᠶᠠᠨ ᠮᠤᠩᠭᠤᠯ ᠢᠶᠠᠷ ᠢᠶᠠᠨ ᠠᠪᠴᠤ ᠶᠠᠪᠤᠶ᠎ᠠ᠂ ᠮᠤᠩᠭᠤᠯ ᠪᠢᠴᠢᠭ ᠢᠶᠠᠨ ᠮᠤᠩᠭᠤᠯ | ᠰᠡᠳᠬᠢᠬᠦᠢ ᠪᠠᠷ ᠢᠶᠠᠨ ᠤᠴᠢᠵᠤ ᠪᠢᠴᠢᠶ᠎ᠡ᠂ ᠮᠤᠩᠭᠤᠯ ᠨᠡᠷ᠎ᠡ ᠲᠤᠮᠢᠶ᠎ᠠ ᠪᠠᠨ ᠠᠪᠴᠤ ᠶᠠᠪᠤᠶ᠎ᠠ︾ ᠭᠡᠰᠡᠨ ᠵᠠᠷᠴᠢᠮ ᠢ | ᠪᠠᠷᠢᠮᠲᠠᠯᠠᠵᠤ ᠶᠠᠪᠤᠬᠤ ᠶᠤᠰᠤᠲᠠᠢ᠃ ᠤᠳᠤ ᠮᠠᠨ ᠤ ᠬᠡᠯᠡ ᠪᠢᠴᠢᠭ ᠤᠨ ᠠᠵᠢᠯ ᠤᠨ ᠹᠷᠤᠨᠲ ᠳᠡᠭᠡᠷ᠎ᠡ | ᠡᠷᠳᠡᠨᠢᠲᠤᠭᠲᠠᠬᠤ ᠰᠢᠭ ᠭᠠᠷᠮᠠᠭᠠᠢ ᠤᠳᠤᠷᠢᠳᠤᠭᠴᠢ ᠪᠠᠶᠢᠬᠤ ᠦᠭᠡᠢ ᠪᠤᠯᠤᠭᠰᠠᠨ ᠤᠴᠢᠷ ᠠᠴᠠ ᠡᠨᠡ ᠠᠷᠪᠢᠨ | ᠰᠠᠮᠠᠭᠤᠷᠠᠯ ᠤᠳ ᠭᠠᠷᠴᠤ ᠪᠠᠶᠢᠨ᠎ᠠ᠃ ᠬᠠᠮᠢᠶᠠᠷᠴᠤ ᠪᠠᠶᠢᠬᠤ ᠬᠦᠮᠦᠨ ᠨᠢᠭᠡ ᠴᠦ ᠪᠠᠶᠢᠬᠤ ᠦᠭᠡᠢ᠃ ᠡᠨᠡ | ᠠᠰᠠᠭᠤᠳᠠᠯ ᠢ ᠰᠢᠢᠳᠪᠦᠷᠢᠯᠡᠬᠦ ᠦᠭᠡᠢ ᠪᠤᠯᠬᠤ ᠦᠭᠡᠢ᠂ ᠤᠳᠤ ᠶᠢᠨ ᠮᠤᠩᠭᠤᠯ ᠬᠡᠯᠡ ᠪᠢᠴᠢᠭ ᠤᠨ ᠠᠵᠢᠯ ᠤᠨ | ᠳᠤᠮᠳᠠᠬᠢ ᠡᠨᠡ ᠰᠠᠮᠠᠭᠤᠷᠠᠯ ᠢ ᠡᠷᠳᠡᠨᠢᠲᠤᠭᠲᠠᠬᠤ ᠪᠠᠭᠰᠢ ᠶᠢᠨ ᠮᠡᠨᠳᠦᠯᠡᠭᠰᠡᠨ ᠤ ᠵᠠᠭᠤᠨ ᠵᠢᠯ ᠤᠨ ᠤᠢ ᠶᠢ ᠳᠤᠷᠠᠰᠬᠠᠬᠤ | ᠳᠠᠯᠢᠮ ᠢᠶᠠᠷ ᠰᠠᠶᠢᠬᠠᠨ ᠶᠠᠷᠢᠯᠴᠠᠵᠤ ᠰᠢᠢᠳᠪᠦᠷᠢᠯᠡᠬᠦ ᠶᠤᠰᠤᠲᠠᠢ᠃ ᠡᠨᠡ ᠠᠵᠢᠯ ᠢ ᠦᠨᠡᠨᠳᠡᠭᠡᠨ ᠦᠪᠦᠷ ᠮᠤᠩᠭᠤᠯ ᠤᠨ | ᠮᠤᠩᠭᠤᠯ ᠬᠡᠯᠡ ᠪᠢᠴᠢᠭ ᠤᠨ ᠠᠵᠢᠯ ᠤᠨ ᠭᠠᠵᠠᠷ ᠵᠡᠷᠭᠡ ᠤᠳᠤᠷᠢᠳᠬᠤ ᠪᠠᠶᠢᠭᠤᠯᠭ᠎ᠠ ᠨᠤᠭᠤᠳ ᠴᠢᠬᠤᠯᠠ ᠠᠰᠠᠭᠤᠳᠠᠯ | ᠪᠤᠯᠭᠠᠵᠤ ᠰᠢᠢᠳᠪᠦᠷᠢᠯᠡᠪᠡᠯ ᠲᠠᠭᠠᠷᠠᠨ᠎ᠠ︕ ᠡᠨᠡ ᠮᠠᠶ᠋ᠢᠭ ᠢᠶᠠᠷ ᠴᠢᠨᠠᠭᠰᠢ ᠶᠠᠪᠤᠬᠤ ᠶᠤᠮ ᠪᠤᠯ ᠮᠤᠩᠭᠤᠯ ᠬᠡᠯᠡ ᠪᠢᠴᠢᠭ | ᠪᠦᠷ ᠰᠠᠮᠠᠭᠤᠷᠠᠨᠠ᠃ ᠡᠨᠡ ᠴᠢᠨᠢ ᠪᠤᠯ ᠡᠷᠳᠡᠨᠢᠲᠤᠭᠲᠠᠬᠤ ᠪᠠᠭᠰᠢ ᠨᠠᠰᠤ ᠪᠠᠷᠠᠭᠠᠳ ᠠᠷᠪᠠᠨ ᠲᠠᠪᠤᠨ ᠵᠢᠯ ᠤᠨ ᠳᠠᠷᠠᠭ᠎ᠠ | ᠭᠠᠷᠴᠤ ᠪᠠᠶᠢᠬᠤ ᠰᠠᠮᠠᠭᠤᠷᠠᠯ᠂ ᠡᠨᠡ ᠰᠠᠮᠠᠭᠤᠷᠠᠯ ᠢ ᠶᠠᠭᠠᠬᠢᠬᠤ ᠲᠤᠬᠠᠢ ᠪᠤᠳᠤᠯᠬᠢᠯᠠᠬᠤ ᠬᠡᠷᠡᠭᠲᠡᠢ᠃ | ᠰᠤᠷᠪᠤᠯᠵᠢᠯᠠᠭᠴᠢ᠄ ᠵᠠ᠂ ᠴᠠᠭ ᠵᠠᠪ ᠭᠠᠷᠭᠠᠵᠤ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠲᠠᠨ ᠳᠤ | ᠪᠠᠶᠠᠷᠯᠠᠯ᠎ᠠ᠂ ᠪᠠᠶᠠᠷᠲᠠᠢ᠃ | ᠬᠡᠰᠢᠭᠲᠦᠭ᠌ᠲᠠᠬᠤ᠄ ᠲᠠᠨᠠᠷ ᠲᠤ ᠴᠦ ᠠᠵᠠ ᠵᠢᠷᠭᠠᠯ ᠰᠠᠶᠢᠨ ᠰᠠᠶᠢᠬᠠᠨ ᠢ ᠬᠦᠰᠡᠵᠦ ᠪᠠᠶᠢᠨ᠎ᠠ᠂ ᠲᠤᠮᠤ | ᠵᠢᠳᠬᠦᠯᠲᠡᠨ ᠤ ᠠᠯᠳᠠᠷ ᠭᠠᠪᠢᠶ᠎ᠠ ᠶᠢ ᠳᠠᠶᠠᠭᠠᠷ ᠤᠯᠠᠨ ᠳᠠᠭᠠᠨ ᠲᠠᠨᠢᠯᠴᠠᠭᠤᠯᠵᠤ ᠤᠬᠠᠭᠤᠯᠵᠤ ᠪᠠᠶᠢᠭ᠎ᠠ ᠲᠠ ᠨᠠᠷ ᠲᠤ | ᠴᠢᠩ ᠰᠡᠳᠬᠢᠯ ᠠᠴᠠ ᠪᠠᠶᠠᠷᠯᠠᠵᠤ ᠪᠠᠶᠢᠨ᠎ᠠ᠃ | |