ᠵᠠᠵᠢᠯᠤᠭᠤᠷ ᠰᠢᠬᠢᠷ ᠢ ᠦᠷᠭᠦᠯᠵᠢ ᠢᠳᠡᠵᠦ ᠪᠤᠯᠬᠤ ᠦᠭᠡᠢ
ᠨᠡᠶᠢᠲᠡᠯᠡᠭᠰᠡᠨ ᠴᠠᠭ᠄
2017-01-18
       ᠵᠠᠵᠢᠯᠤᠭᠤᠷ ᠰᠢᠬᠢᠷ ᠨᠢ ᠰᠡᠩᠭᠢᠨᠡᠮ᠎ᠡ ᠠᠩᠭᠢᠯᠤᠮᠠᠯ ᠦᠨᠦᠷ ᠪᠠ ᠰᠢᠬᠢᠷᠯᠢᠭ ᠰᠠᠶᠢᠬᠠᠨ ᠠᠮᠲᠠᠲᠠᠢ ᠪᠦᠭᠡᠳ ᠪᠠᠰᠠ ᠬᠡᠢ ᠴᠦᠪᠦᠷᠢᠭᠦᠦ ᠦᠯᠢᠶᠡᠵᠦ ᠨᠠᠭᠠᠳᠴᠤ ᠪᠤᠯᠬᠤ ᠲᠤᠯᠠ ᠵᠠᠯᠠᠭᠤ ᠪᠠᠭᠠᠴᠤᠳ ᠤᠨ ᠲᠠᠭᠠᠰᠢᠶᠠᠯ ᠢ ᠶᠡᠬᠡᠪᠡᠷ ᠤᠯᠳᠠᠭ᠃ ᠵᠠᠵᠢᠯᠤᠭᠤᠷ ᠰᠢᠬᠢᠷ ᠢ ᠦᠷᠭᠦᠯᠵᠢ ᠵᠠᠵᠢᠯᠪᠠᠯ ᠲᠦᠭᠦᠰᠢ ᠶᠢᠨ ᠪᠤᠯᠴᠢᠩ ᠢ ᠪᠤᠯᠪᠠᠰᠤᠷᠠᠭᠤᠯᠵᠤ᠂ ᠠᠮᠠᠨ ᠬᠦᠨᠳᠡᠢ ᠪᠠ ᠰᠢᠳᠦᠨ ᠤ ᠵᠠᠪᠰᠠᠷ ᠲᠤ ᠨᠠᠭᠠᠯᠳᠤᠭᠰᠠᠨ ᠢᠳᠡᠭᠡᠨ ᠤ ᠰᠢᠭᠠᠷᠤ ᠶᠢ ᠠᠷᠢᠯᠭᠠᠵᠤ ᠠᠪᠬᠤ ᠵᠡᠷᠭᠡ ᠰᠠᠶᠢᠨ  ᠲᠠᠢ ᠪᠤᠯᠪᠠᠴᠤ ᠦᠷᠭᠦᠯᠵᠢ ᠵᠠᠵᠢᠯᠤᠭᠤᠷ ᠰᠢᠬᠢᠷ ᠢᠳᠡᠵᠦ᠂ ᠠᠷᠢᠭᠤᠨ ᠴᠡᠪᠡᠷ ᠢ ᠠᠩᠬᠠᠷᠬᠤ ᠦᠭᠡᠢ ᠪᠤᠯ ᠪᠡᠶ᠎ᠡ ᠳᠤ ᠮᠠᠭᠤ ᠨᠦᠯᠦᠭᠡ ᠡᠭᠦᠰᠬᠦ ᠪᠤᠯᠤᠨ᠎ᠠ᠃
       ᠵᠠᠵᠢᠯᠤᠭᠤᠷ ᠰᠢᠬᠢᠷ ᠲᠤ ᠡᠯᠡᠰᠦᠨ ᠰᠢᠬᠢᠷ᠂ ᠦᠵᠦᠮ ᠤᠨ ᠰᠢᠬᠢᠷ᠂ ᠰᠢᠬᠢᠷ ᠤᠨ ᠤᠬᠢ᠂ ᠪᠤᠳᠤᠭᠲᠤ ᠡᠳ᠋᠂ ᠦᠨᠦᠷᠲᠦ ᠵᠦᠢᠯ ᠪᠠ ᠢᠰᠦᠯᠳᠦᠭᠦᠯᠦᠭᠴᠢ ᠶᠢ ᠡᠰᠡᠷᠭᠦᠴᠡᠬᠦ ᠡᠳ᠋ ᠪᠠᠶᠢᠬᠤ ᠠᠴᠠ ᠭᠠᠳᠠᠨ᠎ᠠ ᠭᠤᠤᠯᠳᠠᠭᠤ ᠴᠠᠪᠠᠤᠯᠢᠭ ᠡᠳ᠋ ᠢᠶᠠᠷ ᠰᠠᠭᠤᠷᠢ ᠪᠤᠯᠭᠠᠭᠰᠠᠨ ᠶᠤᠮ᠃ ᠴᠠᠪᠠᠤᠯᠢᠭ ᠡᠳ᠋ ᠤᠨ ᠲᠤᠲᠤᠷ᠎ᠠ ᠮᠤᠳᠤᠨ ᠲᠠᠪᠠᠷᠬᠠᠢ᠂ ᠪᠠᠶᠢᠭᠠᠯᠢ ᠶᠢᠨ ᠰᠢᠶᠠᠩᠵᠢᠶᠤᠤ ᠪᠠ ᠴᠢᠯᠠᠭᠤᠨ ᠯᠠ ᠪᠤᠢ᠃ ᠡᠮᠦᠨᠡᠬᠢ ᠬᠤᠶᠠᠷ ᠪᠦᠷᠢᠯᠳᠦᠭᠦᠨ ᠨᠢ ᠪᠤᠯ ᠳᠡᠭᠡᠳᠦ ᠮᠤᠯᠧᠺᠦ᠋ᠯᠲᠦ ᠨᠡᠶᠢᠯᠡᠮᠡᠯ ᠪᠤᠳᠠᠰ ᠮᠦᠨ᠃ ᠶᠡᠷᠦ ᠳᠡᠭᠡᠨ ᠬᠤᠤᠷ ᠦᠭᠡᠢ ᠪᠤᠶᠤ ᠬᠤᠤᠷ ᠨᠢ ᠪᠠᠭ᠎ᠠ᠂ ᠢᠳᠡᠭᠡᠨ ᠳᠤ ᠬᠡᠷᠡᠭᠯᠡᠵᠦ ᠪᠤᠯᠤᠨ᠎ᠠ᠃ ᠴᠢᠯᠠᠭᠤᠨ ᠯᠠ ᠪᠤᠯ ᠪᠠᠰᠠ ᠤᠯᠤᠰ ᠠᠴᠠ ᠲᠤᠭᠲᠠᠭᠠᠭᠰᠠᠨ ᠢᠳᠡᠭᠡᠨ ᠳᠤ ᠬᠡᠷᠡᠭᠯᠡᠵᠦ ᠪᠤᠯᠬᠤ ᠨᠡᠮᠡᠯᠲᠡ ᠡᠳ᠋ ᠮᠦᠨ᠃ ᠬᠡᠳᠦᠶᠢᠪᠡᠷ ᠪᠤᠳᠤᠭᠲᠤ ᠡᠳ᠋᠂ ᠦᠨᠦᠷᠲᠦ ᠵᠦᠢᠯ᠂ ᠢᠰᠦᠯᠳᠦᠭᠦᠯᠦᠭᠴᠢ ᠶᠢ ᠡᠰᠡᠷᠭᠦᠴᠡᠬᠦ ᠡᠳ᠋᠂ ᠰᠢᠬᠢᠷ ᠤᠨ ᠤᠬᠢ ᠵᠢᠴᠢ ᠬᠡᠳᠦᠨ ᠵᠦᠢᠯ ᠤᠨ ᠴᠠᠪᠠᠤᠯᠢᠭ ᠡᠳ᠋ ᠨᠢ ᠶᠡᠷᠦ ᠳᠡᠭᠡᠨ ᠬᠤᠤᠷ ᠦᠭᠡᠢ ᠪᠤᠶᠤ ᠬᠤᠤᠷ ᠨᠢ ᠪᠠᠭ᠎ᠠ ᠪᠤᠯᠪᠠᠴᠤ ᠠᠷᠪᠢᠨ ᠢᠳᠡᠪᠡᠯ ᠭᠠᠵᠢᠭᠤ ᠦᠢᠯᠡᠳᠦᠯ ᠲᠠᠢ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号