| 2016 ᠤᠨ ᠤ ︽ᠪᠦᠮᠪᠦᠷᠴᠡᠭ ᠤᠨ ᠬᠦᠮᠦᠨ ᠲᠦᠷᠦᠯᠬᠢᠲᠡᠨ ᠤᠷᠤᠰᠢᠨ ᠠᠮᠢᠳᠤᠷᠠᠬᠤ ᠪᠠᠶᠢᠭᠠᠯᠢ | ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠬᠦᠷᠲᠡᠭᠰᠡᠨ ᠮᠤᠩᠭᠤᠯ ᠦᠨᠳᠦᠰᠦᠲᠡᠨ ᠤ | ᠠᠯᠳᠠᠷᠲᠤ ᠰᠢᠨᠵᠢᠯᠡᠬᠦ ᠤᠬᠠᠭᠠᠨᠲᠠᠨ ᠴᠢᠯᠠᠭᠤ ᠪᠤᠯ ᠪᠡᠭᠡᠵᠢᠩ ᠶᠡᠭᠡ ᠰᠤᠷᠭᠠᠭᠤᠯᠢ ᠶᠢᠨ ᠫᠷᠤᠹᠧᠰᠰᠤᠷ᠂ | ᠳ᠋ᠤᠺᠲ᠋ᠤᠷᠠᠨᠲ ᠤᠨ ᠵᠢᠯᠤᠭᠤᠳᠤᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠨᠦᠬᠦᠪᠦᠷᠢ ᠶᠢ ᠬᠦᠷᠲᠡᠵᠦ | ᠪᠠᠶᠢᠭ᠎ᠠ ᠲᠤᠰᠬᠠᠢ ᠮᠡᠷᠭᠡᠵᠢᠯᠲᠡᠨ᠂ ᠮᠠᠲ᠋ᠧᠷᠢᠶᠠᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ | ᠺᠤᠪᠠᠯᠲ ᠬᠦᠴᠢᠯ ᠤᠨ ᠯᠢᠲ᠋ᠢ᠂ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ ᠲᠤᠶᠢᠯ ᠤᠨ | ᠮᠠᠲ᠋ᠧᠷᠢᠶᠠᠯ ᠤᠨ ᠰᠠᠭᠤᠷᠢᠯᠠᠭᠴᠢ ᠮᠦᠨ᠃ | ᠠᠯᠤᠰ ᠳᠠᠯᠠᠢ ᠳᠤ ᠬᠦᠷᠴᠦ ᠤᠶᠤᠨ ᠤᠬᠠᠭᠠᠨ ᠢᠶᠠᠨ ᠴᠡᠨᠡᠭᠯᠡᠭᠰᠡᠨ ᠨᠢ | ᠲᠡᠷᠡ 1957 ᠤᠨ ᠤ 10 ᠰᠠᠷ᠎ᠠ ᠳᠤ ᠦᠪᠦᠷ ᠮᠤᠩᠭᠤᠯ ᠤᠨ ᠤᠷᠳᠤᠰ ᠬᠤᠲᠠ ᠶᠢᠨ ᠦᠦᠰᠢᠨ | ᠬᠤᠰᠢᠭᠤᠨ ᠳᠤ ᠲᠦᠷᠦᠵᠡᠢ᠃ 1977 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ | ᠰᠠᠯᠪᠤᠷᠢ ᠳᠤ ᠰᠢᠯᠭᠠᠭᠤᠯᠤᠨ ᠤᠷᠤᠵᠤ᠂ 1982 ᠤᠨ ᠠᠴᠠ 1986 ᠤᠨ ᠪᠤᠯᠲᠠᠯ᠎ᠠ ᠦᠪᠦᠷ ᠮᠤᠩᠭᠤᠯ ᠤᠨ ᠶᠡᠭᠡ | ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷ ᠬᠤᠪᠤᠷ ᠰᠢᠷᠤᠢ ᠶᠢᠨ ᠡᠯᠧᠮᠧᠨ᠋ᠲ ᠢ ᠵᠠᠳᠠᠯᠬᠤ | ᠬᠢᠮᠢ ᠶᠢᠨ ᠰᠤᠳᠤᠯᠭᠠᠨ ᠤ ᠠᠵᠢᠯ ᠳᠤ ᠤᠷᠤᠯᠴᠠᠵᠠᠢ᠃ | 1988 ᠤᠨ ᠳᠤ ᠲᠡᠭᠦᠨ ᠤ ᠬᠤᠪᠤᠷ ᠰᠢᠷᠤᠢ ᠵᠡᠷᠭᠡ ᠬᠢᠮᠢ ᠶᠢᠨ ᠡᠯᠧᠮᠧᠨ᠋ᠲ ᠤᠨ ᠬᠦᠷᠢᠶᠡᠨ ᠳᠠᠬᠢ | ᠰᠤᠳᠤᠯᠭᠠᠨ ᠤ ᠦᠷ᠎ᠡ ᠪᠦᠲᠦᠮᠵᠢ ᠨᠢ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠵᠦ᠂ ᠠᠯᠪᠠᠨ ᠤ ᠲᠤᠮᠢᠯᠠᠯᠲᠠ ᠪᠠᠷ | ᠶᠠᠫᠤᠨ ᠳᠤ ᠰᠤᠷᠤᠯᠴᠠᠵᠤ᠂ 1992 ᠤᠨ ᠤ ᠬᠠᠪᠤᠷ ᠲᠤᠤᠺᠢᠤ᠋ ᠶᠡᠭᠡ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠵᠠᠢ᠃ 1992 ᠤᠨ ᠠᠴᠠ 2000 ᠤᠨ ᠪᠤᠯᠲᠠᠯ᠎ᠠ ᠶᠠᠫᠤᠨ ᠤ | ᠤᠯᠤᠰ ᠤᠨ ᠶᠡᠭᠡ ᠰᠤᠷᠭᠠᠭᠤᠯᠢ ᠪᠤᠯᠤᠨ ᠠᠵᠤ ᠠᠬᠤᠶᠢᠯᠠᠯ ᠳᠤ ᠰᠤᠳᠤᠯᠭᠠᠨ ᠤ ᠠᠵᠢᠯ ᠬᠢᠵᠦ᠂ 2000 ᠤᠨ ᠤ 8 | ᠰᠠᠷ᠎ᠠ ᠳᠤ ᠪᠡᠭᠡᠵᠢᠩ ᠶᠡᠭᠡ ᠰᠤᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ ᠤᠳᠤ ᠳᠤ ᠬᠦᠷᠴᠡᠢ | ᠃ ᠶᠠᠫᠤᠨ ᠳᠤ ᠰᠤᠷᠤᠯᠴᠠᠨ ᠠᠮᠢᠳᠤᠷᠠᠵᠤ ᠪᠠᠶᠢᠭᠰᠠᠨ ᠡᠨᠡᠬᠦ 13 ᠵᠢᠯ ᠨᠢ ᠴᠢᠯᠠᠭᠤ ᠶᠢᠨ ᠰᠡᠭᠦᠯᠴᠢ ᠶᠢᠨ | ᠰᠤᠳᠤᠯᠭᠠᠨ ᠤ ᠴᠢᠭᠯᠡᠯ ᠪᠠ ᠲᠤᠰᠬᠠᠢ ᠮᠡᠷᠭᠡᠵᠢᠯ ᠤᠨ ᠰᠠᠭᠤᠷᠢ ᠶᠢ ᠲᠠᠯᠪᠢᠭᠰᠠᠨ ᠵᠠᠩᠭᠢᠯᠠᠭ᠎ᠠ ᠶᠢᠨ ᠴᠠᠭ ᠦᠶ᠎ᠡ | ᠪᠤᠯᠤᠭᠰᠠᠨ ᠪᠠᠶᠢᠨ᠎ᠠ᠃ | 1992 ᠤᠨ ᠳᠤ ᠶᠠᠫᠤᠨ ᠤ ᠰᠦᠸᠧᠨᠢ ᠺᠤᠮᠫᠠᠨᠢ ᠠᠴᠠ ᠯᠢᠲ᠋ᠢ ᠢᠶᠦᠨ ᠤ ᠴᠠᠬᠢᠯᠭᠠᠨ ᠵᠠᠢ ᠶᠢ | ᠦᠢᠯᠡᠳᠪᠦᠷᠢᠯᠡᠨ ᠲᠠᠸᠠᠷᠵᠢᠭᠤᠯᠤᠭᠰᠠᠨ ᠪᠢᠯᠡ᠃ ᠡᠨᠡᠬᠦ ᠡᠨᠧᠷᠭᠢ ᠬᠠᠳᠠᠭᠠᠯᠠᠬᠤ ᠰᠢᠰᠲ᠋ᠧᠮ ᠤᠨ ᠦᠭᠡᠷᠡᠴᠢᠯᠡᠯᠲᠡ ᠪᠠ | ᠰᠢᠨ᠎ᠡ ᠡᠭᠦᠳᠦᠯᠲᠡ ᠨᠢ ᠲᠤᠬᠠᠢ ᠶᠢᠨ ᠦᠶ᠎ᠡ ᠶᠢᠨ ᠭᠠᠷ ᠤᠲᠠᠰᠤ ᠵᠢᠴᠢ ᠪᠤᠰᠤᠳ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠪᠦᠲᠦᠭᠡᠭᠳᠡᠭᠦᠨ ᠤ ᠳᠦᠲᠡᠴᠢᠯᠡᠬᠦ ᠬᠠᠨᠳᠤᠰᠢ ᠶᠢ ᠠᠪᠴᠢᠷᠠᠭᠰᠠᠨ᠃ ᠴᠢᠯᠠᠭᠤ ᠶᠢᠨ ᠰᠢᠨ᠎ᠡ | ᠮᠠᠲ᠋ᠧᠷᠢᠶᠠᠯ ᠤᠨ ᠲᠠᠯ᠎ᠠ ᠪᠠᠷ ᠬᠢ ᠰᠤᠳᠤᠯᠤᠯ ᠤᠨ ᠲᠦᠪᠰᠢᠨ ᠪᠠ ᠡᠭᠦᠳᠦᠯᠲᠡ ᠶᠢᠨ ᠴᠢᠳᠠᠪᠤᠷᠢ ᠨᠢ ᠶᠠᠫᠤᠨ ᠤ ᠤᠯᠠᠨ | ᠺᠤᠮᠫᠠᠨᠢ ᠪᠠ ᠳᠡᠭᠡᠳᠦ ᠰᠤᠷᠭᠠᠭᠤᠯᠢ ᠳᠤ ᠮᠡᠳᠡᠷᠡᠭᠳᠡᠵᠦ᠂ ᠦᠨᠳᠦᠷ ᠴᠠᠯᠢᠩ ᠤᠬᠢ ᠰᠠᠶᠢᠨ ᠨᠦᠬᠦᠴᠡᠯ ᠢᠶᠠᠷ ᠲᠡᠭᠦᠨ ᠢ | ᠦᠯᠡᠳᠡᠭᠡᠬᠦ ᠪᠠᠷ ᠲᠠᠲᠠᠭᠰᠠᠨ ᠪᠠᠶᠢᠨ᠎ᠠ᠃ ᠭᠡᠪᠡᠴᠦ ᠲᠡᠷᠡ ᠡᠬᠡ ᠤᠯᠤᠰ ᠲᠠᠭᠠᠨ ᠬᠠᠷᠢᠵᠤ᠂ ᠡᠬᠡ ᠤᠯᠤᠰ ᠤᠨ | ᠪᠦᠲᠦᠭᠡᠨ ᠪᠠᠶᠢᠭᠤᠯᠤᠯᠲᠠ ᠳᠠᠭᠠᠨ ᠬᠦᠴᠦ ᠪᠠᠨ ᠡᠷᠭᠦᠬᠦ ᠭᠡᠰᠡᠨ ᠵᠤᠷᠢᠯᠲᠠ ᠶᠢ ᠭᠤᠶᠢᠪᠢᠰᠢ ᠦᠭᠡᠢ ᠪᠠᠷᠢᠮᠲᠠᠯᠠᠵᠤ | ᠪᠠᠶᠢᠪᠠ᠃ | ᠤᠯᠤᠰ ᠲᠠᠭᠠᠨ ᠬᠠᠷᠢᠵᠤ ᠢᠷᠡᠬᠦ ᠠᠴᠠ ᠡᠮᠦᠨ᠎ᠡ ᠲᠡᠷᠡ ᠪᠠᠭ᠎ᠠ ᠪᠤᠰᠤ ᠪᠡᠯᠡᠳᠬᠡᠯ ᠠᠵᠢᠯ ᠬᠢᠭᠰᠡᠨ᠃ ᠨᠢᠭᠡ | ᠵᠢᠯ ᠰᠢᠬᠠᠮ ᠴᠠᠭ ᠵᠠᠷᠤᠴᠠᠭᠤᠯᠵᠤ᠂ ᠶᠠᠫᠤᠨ ᠳᠤᠮᠳᠠᠳᠤ ᠬᠤᠶᠠᠷ ᠤᠯᠤᠰ ᠤᠨ ᠬᠤᠭᠤᠷᠤᠨᠳᠤ ᠵᠤᠷᠴᠢᠨ ᠠᠶᠠᠯᠠᠵᠤ᠂ | ᠦᠪᠡᠰᠦᠪᠡᠨ ᠵᠤᠭᠤᠰ ᠭᠠᠷᠭᠠᠵᠤ ᠰᠤᠳᠤᠯᠭᠠᠨ ᠳᠠᠭᠠᠨ ᠬᠡᠷᠡᠭᠰᠡᠬᠦ ᠲᠤᠨᠤᠭ ᠲᠦᠬᠦᠭᠡᠷᠦᠮᠵᠢ ᠶᠢ ᠬᠤᠳᠠᠯᠳᠤᠨ | ᠠᠪᠤᠭᠰᠠᠨ ᠮᠦᠷᠲᠡᠭᠡᠨ ᠰᠤᠳᠤᠯᠬᠤ ᠳᠤᠭᠤᠶᠢᠯᠠᠩ ᠵᠢᠴᠢ ᠬᠤᠪᠢ ᠤᠷᠤᠭᠤᠯᠤᠭᠰᠠᠨ ᠺᠤᠮᠫᠠᠨᠢ ᠶᠢ ᠰᠠᠨᠠᠭᠠᠴᠢᠯᠠᠨ | ᠪᠠᠶᠢᠭᠤᠯᠵᠤ᠂ ᠤᠯᠤᠰ ᠲᠠᠭᠠᠨ ᠬᠠᠷᠢᠵᠤ ᠢᠷᠡᠭᠰᠡᠨ ᠤ ᠳᠠᠷᠠᠭ᠎ᠠ ᠰᠤᠳᠤᠯᠭᠠᠨ ᠤ ᠠᠵᠢᠯᠯᠠᠭ᠎ᠠ ᠪᠠᠨ ᠦᠷᠭᠦᠯᠵᠢᠯᠡᠨ | ᠦᠷᠨᠢᠭᠦᠯᠬᠦ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠨᠢᠭᠡᠨ ᠴᠠᠭ ᠦᠶ᠎ᠡ ᠶᠢ ᠨᠡᠭᠡᠭᠡᠭᠰᠡᠨ ᠨᠢ | 2001 ᠤᠨ ᠤ ᠡᠬᠢᠨ ᠳᠤ᠂ ᠰᠠᠶ᠋ᠢᠬᠠᠨ ᠤᠯᠤᠰ ᠲᠠᠭᠠᠨ ᠪᠤᠴᠠᠵᠤ ᠢᠷᠡᠭᠰᠡᠨ ᠴᠢᠯᠠᠭᠤ ᠫᠷᠤᠹᠧᠰᠰᠤᠷ | ᠬᠤᠪᠢ ᠶᠢᠨ ᠤᠶᠤᠨ ᠤ ᠦᠮᠴᠢ ᠶᠢᠨ ᠡᠷᠬᠡ ᠲᠠᠢ ᠺᠤᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ | ᠰᠢᠪᠲᠤᠯᠤᠯᠲᠠ ᠶᠢ ᠪᠡᠶᠡᠯᠡᠭᠦᠯᠦᠭᠰᠡᠨ ᠮᠦᠷᠲᠡᠭᠡᠨ ᠪᠦᠭᠡᠮ ᠢᠶᠠᠷ ᠦᠢᠯᠡᠳᠪᠦᠷᠢᠯᠡᠬᠦ ᠪᠤᠯᠭᠠᠵᠤ᠂ ᠮᠠᠨ ᠤ ᠤᠯᠤᠰ ᠤᠨ | ᠺᠤᠪᠠᠯᠲ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠳᠡᠶᠢᠯᠬᠦ ᠦᠭᠡᠢ ᠲᠡᠦᠬᠡ ᠶᠢ | ᠡᠴᠦᠰᠯᠡᠭᠦᠯᠵᠦ᠂ ᠴᠠᠬᠢᠯᠭᠠᠨ ᠵᠠᠢ ᠶᠢᠨ ᠦᠪᠡᠷ ᠤᠨ ᠦᠷᠲᠡᠭ ᠢ ᠶᠡᠬᠡᠪᠡᠷ ᠪᠠᠭᠠᠰᠬᠠᠭᠰᠠᠨ ᠪᠠᠶᠢᠨ᠎ᠠ᠃ ᠴᠠᠬᠢᠯᠭᠠᠨ | ᠵᠠᠢ ᠶᠢᠨ ᠵᠠᠩᠭᠢᠯᠠᠭ᠎ᠠ ᠶᠢᠨ ᠮᠠᠲ᠋ᠧᠷᠢᠶᠠᠯ ᠢ ᠲᠤᠲᠤᠭᠠᠳᠤ ᠳᠠᠭᠠᠨ ᠦᠢᠯᠡᠳᠪᠦᠷᠢᠯᠡᠭᠰᠡᠨ ᠠᠴᠠ ᠪᠤᠯᠵᠤ᠂ ᠤᠬᠤᠷᠬᠠᠨ | ᠬᠡᠳᠦᠨ ᠵᠢᠯ ᠤᠨ ᠲᠤᠷᠰᠢ᠂ ᠳᠤᠮᠳᠠᠳᠤ ᠤᠯᠤᠰ ᠨᠢᠭᠡᠨᠲᠡ ᠳᠡᠯᠡᠬᠡᠢ ᠶᠢᠨ ᠯᠢᠲ᠋ᠢ ᠶᠢᠨ ᠴᠠᠬᠢᠯᠭᠠᠨ ᠵᠠᠢ ᠦᠢᠯᠡᠳᠪᠦᠷᠢᠯᠡᠬᠦ | ᠶᠡᠭᠡ ᠤᠯᠤᠰ ᠪᠤᠯᠵᠤ ᠬᠦᠭᠵᠢᠭᠰᠡᠨ ᠮᠦᠷᠲᠡᠭᠡᠨ ᠴᠠᠬᠢᠯᠭᠠᠨ ᠵᠠᠢ ᠶᠢᠨ ᠭᠠᠷᠭᠠᠯᠲᠠ ᠨᠢ ᠪᠦᠬᠦ ᠳᠡᠯᠡᠬᠡᠢ ᠶᠢᠨ | ᠭᠤᠷᠪᠠᠨ ᠤ ᠨᠢᠭᠡ ᠶᠢ ᠡᠵᠡᠯᠡᠭᠰᠡᠨ ᠪᠠᠶᠢᠨ᠎ᠠ᠃ | ᠺᠤᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠭᠦᠯᠦᠭᠰᠡᠨ ᠤ | ᠳᠠᠷᠠᠭ᠎ᠠ ᠴᠢᠯᠠᠭᠤ ᠫᠷᠤᠹᠧᠰᠰᠤᠷ ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ | ᠬᠦᠴᠦᠨ ᠤ ᠴᠠᠬᠢᠯᠭᠠᠨ ᠵᠠᠢ ᠦᠢᠯᠡᠳᠪᠦᠷᠢᠯᠡᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠪᠠᠶᠢᠯ᠎ᠠ᠃ | ᠳᠤᠮᠳᠠᠳᠤ ᠤᠯᠤᠰ ᠲᠤ ᠺᠤᠪᠠᠯᠲ ᠤᠨ ᠡᠬᠢ ᠪᠠᠶᠠᠯᠢᠭ ᠨᠢ ᠲᠤᠶᠢᠯ ᠤᠨ ᠬᠢᠵᠠᠭᠠᠷ ᠲᠠᠢ ᠪᠠᠶᠢᠵᠤ᠂ ᠦᠨᠳᠦᠰᠦᠨ ᠳᠡᠭᠡᠨ | ᠭᠠᠳᠠᠭᠠᠳᠤ ᠠᠴᠠ ᠤᠷᠤᠭᠤᠯᠬᠤ ᠳᠤ ᠲᠦᠰᠢᠭᠯᠡᠵᠦ ᠪᠠᠶᠢᠭᠰᠠᠨ ᠤᠴᠢᠷ ᠠᠴᠠ ᠺᠤᠪᠠᠯᠲ ᠬᠦᠴᠢᠯ ᠤᠨ ᠯᠢᠲ᠋ᠢ ᠶᠢᠨ | ᠴᠠᠬᠢᠯᠭᠠᠨ ᠵᠠᠢ ᠶᠢᠨ ᠦᠢᠯᠡᠳᠪᠦᠷᠢᠯᠡᠯ ᠤᠨ ᠦᠪᠡᠷ ᠤᠨ ᠦᠷᠲᠡᠭ ᠨᠢ ᠬᠡᠲᠦ ᠦᠨᠳᠦᠷ ᠮᠦᠷᠲᠡᠭᠡᠨ ᠺᠤᠪᠠᠯᠲ | ᠬᠦᠴᠢᠯ ᠤᠨ ᠯᠢᠲ᠋ᠢ ᠶᠢᠨ ᠬᠠᠯᠠᠭᠤᠨ ᠤ ᠲᠤᠭᠲᠠᠯᠴᠠᠭ᠎ᠠ ᠠᠨᠠᠢ ᠪᠠᠶᠢᠵᠤ᠂ ᠵᠦᠪᠬᠡᠨ ᠭᠠᠷ ᠤᠲᠠᠰᠤ᠂ ᠺᠤᠮᠫᠢᠦ᠋ᠲ᠋ᠧᠷ | ᠵᠡᠷᠭᠡ ᠪᠠᠭ᠎ᠠ ᠬᠡᠯᠪᠡᠷᠢ ᠶᠢᠨ ᠴᠠᠬᠢᠮ ᠪᠦᠲᠦᠭᠡᠭᠳᠡᠭᠦᠨ ᠤ ᠴᠠᠬᠢᠯᠭᠠᠨ ᠵᠠᠢ ᠪᠤᠯᠭᠠᠵᠤ ᠪᠤᠯᠳᠠᠭ ᠪᠤᠯᠪᠠᠴᠤ ᠴᠠᠬᠢᠯᠭᠠᠨ | ᠬᠦᠳᠡᠯᠭᠡᠭᠦᠷᠲᠦ ᠮᠠᠰᠢᠨ ᠲᠡᠷᠭᠡᠨ ᠳᠤ ᠵᠤᠬᠢᠬᠤ ᠦᠭᠡᠢ ᠪᠠᠶᠢᠵᠠᠢ᠃ | 2002 ᠤᠨ ᠳᠤ ᠴᠢᠯᠠᠭᠤ ᠰᠤᠳᠤᠯᠭᠠᠨ ᠤ ᠳᠤᠭᠤᠶᠢᠯᠠᠩ ᠢᠶᠠᠨ ᠳᠠᠭᠠᠭᠤᠯᠵᠤ᠂ ᠮᠠᠩᠭᠠᠨ ᠬᠦᠴᠢᠯ ᠤᠨ | ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠲᠤᠯᠤᠯᠲᠠ ᠪᠠᠨ ᠡᠬᠢᠯᠡᠭᠦᠯᠦᠭᠰᠡᠨ ᠪᠠᠶᠢᠨ᠎ᠠ᠃ ᠡᠴᠦᠰ ᠲᠡᠭᠡᠨ᠂ 2003 | ᠤᠨ ᠳᠤ ᠤᠯᠤᠰ ᠤᠨ ᠲᠤᠲᠤᠭᠠᠳᠤ ᠶᠢᠨ ᠤᠤᠭᠠᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ | ᠱᠤᠭᠤᠮ ᠢ ᠪᠠᠶᠢᠭᠤᠯᠵᠤ᠂ ᠶᠡᠭᠡ ᠬᠡᠮᠵᠢᠶᠡᠨ ᠤ ᠲᠤᠭᠲᠠᠪᠤᠷᠢᠲᠤ ᠴᠠᠬᠢᠯᠭᠠᠨ ᠬᠠᠳᠠᠭᠠᠯᠠᠵᠤ ᠳᠡᠶᠢᠯᠬᠦ ᠴᠢᠳᠠᠪᠬᠢ ᠲᠠᠢ | ᠤᠬᠢ ᠰᠠᠶᠢᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠬᠦᠨ ᠢ ᠵᠠᠬ᠎ᠠ ᠳᠡᠯᠭᠡᠭᠦᠷ ᠲᠤ ᠪᠤᠷᠤᠯᠠᠭᠤᠯᠤᠭᠰᠠᠨ ᠪᠠᠶᠢᠨ᠎ᠠ᠃ | ᠮᠦᠨ ᠲᠤᠰ ᠵᠦᠢᠯ ᠳᠤ᠂ ᠦᠪᠡᠷ ᠤᠨ ᠦᠢᠯᠡᠳᠪᠦᠷᠢᠯᠡᠭᠰᠡᠨ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ | ᠠᠷᠭ᠎ᠠ ᠲᠤᠶᠢᠯ ᠤᠨ ᠮᠠᠲ᠋ᠧᠷᠢᠶᠠᠯ ᠢᠶᠠᠨ ᠠᠰᠢᠭᠯᠠᠵᠤ᠂ ᠤᠯᠤᠰ ᠤᠨ ᠲᠤᠲᠤᠭᠠᠳᠤ ᠳᠤ ᠡᠩ ᠲᠡᠷᠢᠭᠦᠨ ᠳᠤ ᠶᠡᠭᠡ | ᠪᠠᠭᠲᠠᠭᠠᠮᠵᠢ ᠲᠠᠢ ᠬᠦᠳᠡᠯᠭᠡᠭᠦᠷ ᠴᠠᠬᠢᠯᠭᠠᠨ ᠵᠠᠢ ᠶᠢ ᠡᠭᠦᠳᠦᠨ ᠪᠦᠲᠦᠭᠡᠵᠦ᠂ ᠮᠠᠨ ᠤ ᠤᠯᠤᠰ ᠤᠨ ᠴᠠᠬᠢᠯᠭᠠᠨ | ᠬᠦᠳᠡᠯᠭᠡᠭᠦᠷᠲᠦ ᠮᠠᠰᠢᠨ ᠲᠡᠷᠭᠡᠨ ᠤ ᠬᠦᠭᠵᠢᠯᠲᠡ ᠶᠢ ᠤᠷᠲᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠭᠰᠠᠨ ᠡᠨᠧᠷᠭᠢ | ᠬᠠᠳᠠᠭᠠᠯᠠᠬᠤ ᠯᠢᠲ᠋ᠢ ᠶᠢᠨ ᠴᠠᠬᠢᠯᠭᠠᠨ ᠵᠠᠢ ᠶᠢᠨ ᠮᠡᠷᠭᠡᠵᠢᠯ ᠤᠨ ᠴᠢᠬᠤᠯᠠ ᠰᠢᠪᠲᠤᠯᠤᠯᠲᠠ ᠶᠢ ᠪᠡᠶᠡᠯᠡᠭᠦᠯᠵᠡᠢ᠃ ᠡᠭᠦᠪᠡᠷ | ᠪᠦᠬᠦ ᠳᠡᠯᠡᠬᠡᠢ ᠶᠢᠨ ︽ᠡᠨᠧᠷᠭᠢ ᠠᠷᠪᠢᠯᠠᠵᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ︾ ᠬᠠᠨᠳᠤᠰᠢ ᠳᠤ | ᠨᠡᠶᠢᠴᠡᠭᠰᠡᠨ ᠰᠢᠨ᠎ᠡ ᠮᠠᠶ᠋ᠢᠭ ᠤᠨ ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡᠨ ᠤ ᠬᠦᠭᠵᠢᠯᠲᠡ ᠶᠢ ᠠᠬᠢᠭᠤᠯᠤᠭᠰᠠᠨ | ᠪᠠᠶᠢᠨ᠎ᠠ᠃ | ᠮᠠᠯᠴᠢᠨ ᠠᠶᠢᠯ ᠢ ᠭᠡᠷᠡᠯᠳᠦᠭᠦᠯᠦᠭᠰᠡᠨ ︽ᠪᠢᠴᠢᠯ ᠴᠠᠬᠢᠯᠭᠠᠨ ᠦᠷᠲᠡᠭᠡ︾ | ᠲᠠᠯ᠎ᠠ ᠨᠤᠲᠤᠭ ᠡᠬᠡ ᠤᠷᠤᠨ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠡᠪᠦᠷᠯᠡᠭᠰᠡᠭᠡᠷ ᠢᠷᠡᠭᠰᠡᠨ | ᠴᠢᠯᠠᠭᠤ ᠫᠷᠤᠹᠧᠰᠰᠤᠷ ᠢᠮᠠᠭᠲᠠ ᠲᠠᠯ᠎ᠠ ᠨᠤᠲᠤᠭ ᠤᠨ ᠠᠷᠠᠳ ᠲᠦᠮᠡᠨ ᠤ ᠪᠠᠨ ᠠᠮᠢᠳᠤᠷᠠᠯ ᠳᠤ ᠠᠩᠬᠠᠷᠤᠯ ᠢᠶᠠᠨ | ᠬᠠᠨᠳᠤᠭᠤᠯᠤᠭᠰᠠᠭᠠᠷ ᠢᠷᠡᠭᠰᠡᠨ ᠶᠤᠮ᠃ 2001 ᠤᠨ ᠪᠠ 2004 ᠤᠨ ᠳᠤ᠂ ᠲᠡᠷᠡ ᠨᠤᠲᠤᠭ ᠤᠨ ᠢᠶᠠᠨ ᠪᠠᠭ᠎ᠠ | ᠰᠤᠷᠭᠠᠭᠤᠯᠢ ᠶᠢᠨ ᠰᠤᠷᠤᠯᠭ᠎ᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ ᠦᠪᠡᠷ ᠤᠨ | ᠰᠤᠳᠤᠯᠭᠠᠨ ᠤ ᠱᠠᠩᠨᠠᠯ ᠤᠨ ᠮᠦᠩᠭᠦ ᠪᠠᠨ ᠪᠦᠬᠦᠨ ᠢ ᠨᠢ ᠬᠠᠨᠳᠢᠪᠯᠠᠭᠰᠠᠨ ᠪᠦᠭᠡᠳ ᠪᠡᠭᠡᠵᠢᠩ ᠳᠠᠬᠢ | ᠮᠤᠩᠭᠤᠯᠴᠤᠳ ᠤᠨ ᠨᠤᠲᠤᠭ ᠨᠢᠭᠡᠲᠡᠨ ᠤ ᠨᠡᠶᠢᠭᠡᠮᠯᠢᠭ ᠢ ᠰᠠᠨᠠᠭᠠᠴᠢᠯᠠᠨ ᠪᠠᠶᠢᠭᠤᠯᠵᠤ᠂ ᠮᠤᠳᠤ ᠲᠠᠷᠢᠬᠤ᠂ | ᠰᠤᠷᠤᠯᠭ᠎ᠠ ᠶᠢ ᠳᠡᠳᠬᠦᠬᠦ ᠵᠡᠷᠭᠡ ᠤᠯᠠᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠲᠡᠷᠡ | ᠪᠠᠰᠠ ᠪᠡᠭᠡᠵᠢᠩ ᠤᠨ ᠵᠦᠩ ᠭᠤᠸᠠᠨ ᠼᠦᠨ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ | ᠴᠢᠳᠠᠪᠤᠷᠢᠲᠠᠨ ᠢ ᠵᠤᠬᠢᠶᠠᠨ ᠪᠠᠶᠢᠭᠤᠯᠵᠤ ᠦᠪᠦᠷ ᠮᠤᠩᠭᠤᠯ ᠤᠷᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠯᠭᠡᠵᠦ᠂ ᠮᠠᠨ ᠤ ᠤᠷᠤᠨ ᠤ ᠴᠢᠳᠠᠪᠤᠷᠢᠲᠠᠨ ᠢ ᠬᠦᠮᠦᠵᠢᠭᠦᠯᠬᠦ ᠪᠠ ᠮᠡᠷᠭᠡᠵᠢᠯ ᠤᠨ ᠳᠠᠪᠰᠢᠯᠲᠠ ᠶᠢ ᠠᠬᠢᠭᠤᠯᠤᠭᠰᠠᠨ | ᠪᠠᠶᠢᠨ᠎ᠠ᠃ | ᠤᠳᠤᠬᠠᠨ ᠪᠤᠯᠲᠠᠯ᠎ᠠ ᠮᠠᠨ ᠤ ᠤᠯᠤᠰ ᠤᠨ ᠬᠢᠯᠢ ᠬᠢᠵᠠᠭᠠᠷ ᠤᠷᠤᠨ ᠳᠤ ᠴᠠᠬᠢᠯᠭᠠᠨ ᠨᠡᠪᠲᠡᠷᠡᠭᠡᠳᠦᠢ ᠪᠤᠶᠤ | ᠴᠠᠬᠢᠯᠭᠠᠨ ᠤ ᠬᠠᠩᠭᠠᠯᠲᠠ ᠭᠦᠢᠴᠡᠳ ᠦᠭᠡᠢ ᠪᠠᠶᠢᠵᠤ᠂ ᠭᠠᠵᠠᠷ ᠤᠷᠤᠨ ᠤ ᠬᠦᠭᠵᠢᠯᠲᠡ ᠪᠠ ᠠᠷᠠᠳ ᠤᠨ | ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢ ᠬᠢᠵᠠᠭᠠᠷᠯᠠᠵᠤ ᠪᠤᠢ᠃ ᠬᠡᠷᠪᠡ ᠡᠳᠡᠭᠡᠷ ᠭᠠᠵᠠᠷ ᠤᠷᠤᠨ ᠳᠤ | ᠴᠠᠬᠢᠯᠭᠠᠨ ᠲᠤᠤᠷ ᠲᠠᠲᠠᠬᠤ ᠳᠤ ᠬᠦᠷᠪᠡᠯ ᠤᠯᠠᠨ ᠮᠡᠷᠭᠡᠵᠢᠯ ᠤᠨ ᠲᠠᠯ᠎ᠠ ᠶᠢᠨ ᠬᠦᠴᠢᠷᠳᠡᠯ ᠲᠠᠢ ᠮᠦᠷᠲᠡᠭᠡᠨ | ᠦᠪᠡᠷ ᠤᠨ ᠦᠷᠲᠡᠭ ᠨᠢ ᠬᠡᠳᠦ ᠦᠨᠳᠦᠷ ᠪᠠᠶᠢᠳᠠᠭ᠂ ᠨᠢᠭᠡ ᠺᠢᠯᠤᠮᠧᠲᠷ ᠤᠨ ᠴᠠᠬᠢᠯᠭᠠᠨ ᠲᠤᠤᠷ ᠲᠠᠲᠠᠬᠤ ᠳᠤ ᠪᠠᠷᠤᠭ | ᠠᠷᠪᠠᠨ ᠲᠦᠮᠡᠨ ᠲᠦᠭᠦᠷᠢᠭ ᠰᠢᠬᠠᠮ ᠪᠡᠯᠡ ᠤᠷᠤᠭᠤᠯᠬᠤ ᠬᠡᠷᠡᠭᠲᠡᠢ᠃ ᠡᠶᠢᠮᠦ ᠠᠴᠠ ᠡᠳᠡᠭᠡᠷ ᠭᠠᠵᠠᠷ ᠤᠷᠤᠨ ᠤ | ᠴᠠᠬᠢᠯᠭᠠᠨ ᠤ ᠬᠠᠩᠭᠠᠯᠲᠠ ᠶᠢᠨ ᠪᠠᠶᠢᠳᠠᠯ ᠢ ᠬᠡᠷᠬᠢᠨ ᠰᠠᠶᠢᠵᠢᠷᠠᠭᠤᠯᠬᠤ ᠨᠢ ᠲᠤᠯᠭᠠᠮ᠎ᠠ ᠴᠢᠬᠤᠯᠠ ᠠᠰᠠᠭᠤᠳᠠᠯ | ᠪᠤᠯᠤᠭᠰᠠᠨ ᠪᠠᠶᠢᠨ᠎ᠠ᠃ | 2011 ᠤᠨ ᠠᠴᠠ ᠨᠠᠰᠢ᠂ ᠴᠢᠯᠠᠭᠤ ᠫᠷᠤᠹᠧᠰᠰᠤᠷ ᠰᠢᠨ᠎ᠡ ᠠᠷᠭ᠎ᠠ ᠵᠠᠮ ᠰᠦᠪᠡᠭᠴᠢᠯᠡᠵᠦ᠂ ᠮᠠᠯᠴᠢᠨ | ᠠᠷᠠᠳ ᠤᠨ ᠠᠮᠢᠳᠤᠷᠠᠯ ᠳᠤ ᠭᠡᠷᠡᠯ ᠪᠠ ᠢᠯᠴᠢ ᠬᠦᠷᠭᠡᠬᠦ ᠪᠠᠷ ᠵᠤᠷᠢᠵᠤ᠂ ︽ᠪᠢᠴᠢᠯ ᠴᠠᠬᠢᠯᠭᠠᠨ ᠦᠷᠲᠡᠭᠡ︾ ᠭᠡᠬᠦ | ᠤᠶᠤᠨᠴᠢ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠤᠶᠤᠨ ᠴᠢᠳᠠᠯ ᠢᠶᠠᠨ ᠰᠢᠪᠬᠠᠭᠰᠠᠨ ᠪᠠᠶᠢᠨ᠎ᠠ᠃ | ᠴᠢᠯᠠᠭᠤ ᠫᠷᠤᠹᠧᠰᠰᠤᠷ ᠪᠠ ᠲᠡᠭᠦᠨ ᠤ ᠰᠤᠳᠤᠯᠭᠠᠨ ᠤ ᠳᠤᠭᠤᠶᠢᠯᠠᠩ ᠨᠢ ᠬᠤᠶᠠᠷ ᠵᠢᠯ ᠰᠢᠬᠠᠮ ᠤᠨ | ᠲᠦᠯᠦᠪᠯᠡᠭᠡ ᠪᠠ ᠲᠤᠷᠰᠢᠯᠲᠠ ᠪᠠᠷ ᠳᠠᠮᠵᠢᠨ᠂ ᠡᠴᠦᠰ ᠲᠡᠭᠡᠨ 2013 ᠤᠨ ᠳᠤ ᠠᠩᠬᠠᠨ ᠤ ᠨᠢᠭᠡ ᠪᠦᠯᠦᠭ ᠪᠢᠴᠢᠯ | ᠴᠠᠬᠢᠯᠭᠠᠨ ᠦᠷᠲᠡᠭᠡ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠭᠰᠠᠨ ᠪᠠᠶᠢᠨ᠎ᠠ᠃ ᠪᠢᠴᠢᠯ ᠴᠠᠬᠢᠯᠭᠠᠨ ᠦᠷᠲᠡᠭᠡ | ᠨᠢ ᠴᠢᠯᠠᠭᠤ ᠫᠷᠤᠹᠧᠰᠰᠤᠷ ᠤᠨ ︽ᠠᠷᠢᠭᠤᠨ ᠴᠡᠪᠡᠷ᠂ ᠳᠦᠭᠦᠮ ᠳᠥᠲᠡ᠂ ᠦᠨᠳᠦᠷ ᠠᠰᠢᠭᠯᠠᠮᠵᠢᠲᠠᠢ᠂ ᠤᠶᠤᠨᠴᠢ | ᠴᠢᠳᠠᠪᠬᠢ ᠲᠠᠢ︾ ᠵᠡᠷᠭᠡ ᠰᠢᠨ᠎ᠡ ᠶᠢ ᠡᠭᠦᠳᠬᠦ ᠰᠡᠳᠬᠢᠴᠡ ᠶᠢ ᠢᠯᠡᠷᠡᠭᠦᠯᠵᠦ᠂ ᠲᠤᠬᠠᠢ ᠶᠢᠨ ᠭᠠᠵᠠᠷ ᠤᠨ | ᠪᠠᠶᠢᠭᠠᠯᠢ ᠶᠢᠨ ᠡᠨᠧᠷᠭᠢ ᠵᠢᠱᠢᠶᠡᠯᠡᠪᠡᠯ᠂ ᠨᠠᠷᠠᠨ ᠤ ᠡᠨᠧᠷᠭᠢ᠂ ᠰᠠᠯᠬᠢᠨ ᠡᠨᠧᠷᠭᠢ ᠵᠡᠷᠭᠡ ᠴᠡᠪᠡᠷ ᠡᠨᠧᠷᠭᠢ ᠶᠢ ᠬᠠᠳᠠᠭᠠᠯᠠᠨ | ᠠᠰᠢᠭᠯᠠᠵᠤ᠂ ᠠᠳᠠᠯᠢ ᠪᠤᠰᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ | ᠨᠢᠭᠡ ᠺᠢᠯᠦᠸᠤᠯᠲ ᠤᠨ ᠪᠢᠴᠢᠯ ᠴᠠᠬᠢᠯᠭᠠᠨ ᠦᠷᠲᠡᠭᠡ ᠨᠢ ᠦᠨᠳᠦᠰᠦᠨ ᠳᠡᠭᠡᠨ ᠨᠢᠭᠡ ᠮᠠᠯᠴᠢᠨ ᠠᠶᠢᠯ ᠤᠨ | ᠭᠡᠷᠡᠯᠲᠦᠭᠦᠯᠭᠡ᠂ ᠲᠧᠯᠸᠢᠰ ᠦᠵᠡᠬᠦ ᠵᠡᠷᠭᠡ ᠡᠳᠦᠷ ᠲᠤᠲᠤᠮ ᠤᠨ ᠬᠡᠷᠡᠭᠴᠡᠭᠡ ᠶᠢ ᠬᠠᠩᠭᠠᠵᠤ ᠴᠢᠳᠠᠨ᠂ ᠲᠠᠪᠤᠨ | ᠺᠢᠯᠦᠸᠤᠯᠲ ᠤᠨ ᠪᠢᠴᠢᠯ ᠴᠠᠬᠢᠯᠭᠠᠨ ᠦᠷᠲᠡᠭᠡ ᠨᠢ ᠨᠢᠭᠡ ᠡᠷᠦᠬᠡ ᠶᠢᠨ ᠪᠤᠷᠳᠤᠭ᠎ᠠ ᠬᠡᠮᠬᠡᠯᠡᠬᠦ ᠮᠠᠰᠢᠨ᠂ ᠤᠰᠤ | ᠲᠠᠲᠠᠬᠤ ᠮᠠᠰᠢᠨ ᠵᠡᠷᠭᠡ ᠦᠢᠯᠡᠳᠪᠦᠷᠢᠯᠡᠯ ᠤᠨ ᠬᠡᠷᠡᠭᠰᠡᠯ ᠳᠤ ᠴᠠᠬᠢᠯᠭᠠᠨ ᠬᠠᠩᠭᠠᠵᠤ ᠳᠡᠶᠢᠯᠳᠡᠭ᠃ ᠡᠳᠡᠭᠡᠷ ᠪᠢᠴᠢᠯ | ᠴᠠᠬᠢᠯᠭᠠᠨ ᠤ ᠦᠷᠲᠡᠭᠡ ᠨᠢ ᠪᠠᠶᠢᠭᠠᠯᠢ ᠶᠢᠨ ᠡᠨᠧᠷᠭᠢ ᠶᠢ ᠠᠰᠢᠭᠯᠠᠵᠤ ᠮᠠᠯᠴᠢᠳ ᠤᠨ ᠠᠮᠢᠳᠤᠷᠠᠯ ᠪᠠ | ᠦᠢᠯᠡᠳᠪᠦᠷᠢᠯᠡᠯ ᠳᠠᠬᠢ ᠴᠠᠬᠢᠯᠭᠠᠨ ᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠴᠠᠬᠢᠯᠭᠠᠨ ᠲᠤᠲᠠᠭᠳᠠᠬᠤ | ᠪᠠᠶᠢᠳᠠᠯ ᠢ ᠵᠤᠬᠢᠬᠤ ᠬᠡᠮᠵᠢᠶᠡᠨ ᠳᠤ ᠰᠠᠶᠢᠵᠢᠷᠠᠭᠤᠯᠤᠭᠰᠠᠨ ᠮᠦᠷᠲᠡᠭᠡᠨ ᠤᠷᠴᠢᠨ ᠲᠤᠭᠤᠷᠢᠨ ᠳᠤ ᠪᠤᠬᠢᠷᠳᠤᠯ ᠦᠭᠡᠢ | ᠰᠢᠨ᠎ᠡ ᠡᠨᠧᠷᠭᠢ ᠶᠢᠨ ᠦᠢᠯᠡᠳᠬᠦᠨ ᠤ ᠪᠤᠳᠠᠲᠤ ᠵᠢᠱᠢᠶ᠎ᠡ ᠪᠤᠯᠵᠠᠢ᠃ ᠴᠢᠯᠠᠭᠤ ᠫᠷᠤᠹᠧᠰᠰᠤᠷ᠄ ︽ᠪᠢᠳᠡ | ᠤᠳᠤᠬᠠᠨ ᠳᠤ ᠨᠢᠭᠡ ᠠᠶᠢᠯ ᠨᠢᠭᠡ ᠡᠷᠦᠬᠡ ᠶᠢᠨ ᠴᠠᠬᠢᠯᠭᠠᠨ ᠤ ᠬᠡᠷᠡᠭᠴᠡᠭᠡ ᠶᠢ ᠬᠠᠩᠭᠠᠵᠤ ᠴᠢᠳᠠᠭᠰᠠᠨ᠂ | ᠳᠠᠷᠠᠭᠠᠴᠢ ᠪᠠᠷ ᠪᠦᠬᠦ ᠳᠡᠯᠡᠬᠡᠢ ᠶᠢᠨ ᠴᠠᠬᠢᠯᠭᠠᠨ ᠡᠨᠧᠷᠭᠢ ᠬᠠᠳᠠᠭᠠᠯᠠᠭᠳᠠᠬᠤ ᠠᠰᠠᠭᠤᠳᠠᠯ ᠳᠤ ᠴᠢᠭᠯᠡᠭᠦᠯᠵᠦ | ᠰᠤᠳᠤᠯᠭᠠᠨ ᠢᠶᠠᠨ ᠦᠷᠭᠦᠯᠵᠢᠯᠡᠭᠦᠯᠦᠨ᠎ᠡ᠂ ᠡᠭᠦᠨ ᠤ ᠤᠯᠠᠮ ᠠᠴᠠ ᠪᠦᠬᠦ ᠳᠡᠯᠡᠬᠡᠢ ᠶᠢᠨ ᠡᠨᠧᠷᠭᠢ ᠶᠢᠨ ᠠᠰᠠᠭᠤᠳᠠᠯ᠂ | ᠤᠷᠴᠢᠨ ᠲᠤᠭᠤᠷᠢᠨ ᠤ ᠠᠰᠠᠭᠤᠳᠠᠯ᠂ ᠡᠬᠢ ᠪᠠᠶᠠᠯᠢᠭ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ︾ | ᠭᠡᠵᠦ ᠬᠤᠶᠢᠰᠢᠲᠠ ᠶᠢᠨ ᠲᠦᠰᠦᠪ ᠲᠦᠯᠦᠪᠯᠡᠭᠡ ᠪᠠᠨ ᠶᠠᠷᠢᠵᠤ ᠪᠠᠶᠢᠯ᠎ᠠ᠃ | ᠰᠢᠷᠭᠠᠭᠤ ᠬᠠᠲᠠᠭᠤᠵᠢᠯᠲᠠᠢ ᠡᠭᠦᠳᠦᠨ ᠪᠦᠲᠦᠭᠡᠯᠲᠡ ᠶᠢᠨ ᠵᠠᠮ | ᠴᠢᠯᠠᠭᠤ ᠫᠷᠤᠹᠧᠰᠰᠤᠷ ᠬᠢᠭᠡᠳ ᠲᠡᠭᠦᠨ ᠤ ᠰᠤᠳᠤᠯᠭᠠᠨ ᠤ ᠳᠤᠭᠤᠶᠢᠯᠠᠩ 2008 ᠤᠨ ᠤ ᠪᠡᠭᠡᠵᠢᠩ ᠤᠨ | ᠤᠯᠢᠮᠫᠢᠺ ᠤᠨ ᠲᠠᠮᠢᠷ ᠤᠨ ᠴᠤᠭᠯᠠᠭᠠᠨ᠂ 2010 ᠤᠨ ᠤ ᠱᠠᠩᠬᠠᠢ ᠶᠢᠨ ᠳᠡᠯᠡᠬᠡᠢ ᠶᠢᠨ ᠦᠵᠡᠰᠬᠦᠯᠡᠩ ᠤᠨ | ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ ᠬᠦᠴᠦᠨ ᠤ ᠴᠠᠬᠢᠯᠭᠠᠨ ᠵᠠᠢ ᠶᠢᠨ | ᠲᠦᠰᠦᠯ ᠢ ᠬᠠᠷᠢᠭᠤᠴᠠᠨ ᠭᠦᠢᠴᠡᠳᠬᠡᠵᠡᠢ᠃ ᠲᠡᠷᠡ ᠪᠠᠰᠠ ᠤᠯᠤᠰ ᠤᠨ ︽ᠠᠷᠪᠠᠨ ᠨᠢᠭᠡᠳᠦᠭᠡᠷ ᠲᠡᠪᠤᠨ ᠵᠢᠯ ᠤᠨ | ᠲᠦᠯᠦᠪᠵᠢᠭᠦᠯᠭᠡ︾ ᠶᠢᠨ 863 ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡᠨ ᠤ ᠬᠦᠳᠡᠯᠭᠡᠭᠴᠢ ᠬᠦᠴᠦᠨ ᠤ | ᠯᠢᠲ᠋ᠢ ᠶᠢᠨ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠭᠰᠠᠨ ᠮᠦᠷᠲᠡᠭᠡᠨ ᠰᠤᠳᠤᠯᠭᠠᠨ ᠤ ᠦᠷ᠎ᠡ ᠪᠦᠲᠦᠮᠵᠢ ᠨᠢ | ᠤᠯᠤᠰ ᠤᠷᠤᠨ ᠳᠡᠯᠡᠬᠡᠢ ᠨᠡᠶᠢᠲᠡ ᠶᠢᠨ ᠦᠨᠳᠦᠷ ᠦᠨᠡᠯᠡᠯᠲᠡ ᠶᠢ ᠤᠯᠤᠭᠰᠠᠭᠠᠷ ᠢᠷᠡᠵᠡᠢ᠃ | 2016 ᠤᠨ ᠤ 10 ᠰᠠᠷ᠎ᠠ ᠶᠢᠨ 18 ᠤ ᠡᠳᠦᠷ᠂ ᠡᠺᠦ᠋ᠸᠠᠳᠦᠷ ᠤᠯᠤᠰ ᠤᠨ ᠨᠡᠶᠢᠰᠯᠡᠯ ᠺᠢᠲ᠋ᠤ᠋ | ᠬᠤᠲᠠ ᠳᠤ ᠶᠠᠪᠤᠭᠳᠠᠭᠰᠠᠨ ︽ᠦᠷᠭᠦᠯᠵᠢᠯᠡᠨ ᠬᠦᠭᠵᠢᠬᠦ ᠬᠤᠲᠠ ᠨᠤᠭᠤᠳ ᠬᠢᠭᠡᠳ ᠬᠦᠮᠦᠨ ᠲᠦᠷᠦᠯᠬᠢᠲᠡᠨ | ᠤᠷᠤᠰᠢᠨ ᠠᠮᠢᠳᠤᠷᠠᠬᠤ ᠪᠠᠶᠢᠭᠠᠯᠢ ᠤᠷᠴᠢᠨ ᠤ ᠱᠠᠩᠨᠠᠯ︾ ᠭᠠᠷᠳᠠᠭᠤᠯᠬᠤ ᠶᠤᠰᠤᠯᠠᠯ ᠳᠡᠭᠡᠷ᠎ᠡ᠂ ᠴᠢᠯᠠᠭᠤ | ᠫᠷᠤᠹᠧᠰᠰᠤᠷ ᠯᠢᠲ᠋ᠢ ᠶᠢᠨ ᠴᠠᠬᠢᠯᠭᠠᠨ ᠵᠠᠢ ᠶᠢᠨ ᠰᠤᠳᠤᠯᠤᠯ ᠢᠶᠠᠷ ᠢᠶᠠᠨ ᠪᠤᠬᠢᠷᠳᠤᠯ ᠦᠭᠡᠢ ᠰᠢᠨ᠎ᠡ ᠡᠨᠧᠷᠭᠢ ᠶᠢᠨ | ᠬᠦᠷᠢᠶᠡᠨ ᠳᠤ ᠦᠵᠡᠭᠦᠯᠦᠭᠰᠡᠨ ᠬᠤᠪᠢ ᠨᠡᠮᠡᠷᠢ ᠪᠠᠷ ᠢᠶᠠᠨ ︽ᠪᠦᠮᠪᠦᠷᠴᠡᠭ ᠤᠨ ᠬᠦᠮᠦᠨ ᠲᠦᠷᠦᠯᠬᠢᠲᠡᠨ ᠤᠷᠤᠰᠢᠨ | ᠠᠮᠢᠳᠤᠷᠠᠬᠤ ᠪᠠᠶᠢᠭᠠᠯᠢ ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠲᠤᠰᠴᠠᠢ᠃ | ︽ᠯᠢᠲ᠋ᠢ ᠶᠢᠨ ᠴᠠᠬᠢᠯᠭᠠᠨ ᠵᠠᠢ ᠳᠤ ᠮᠦᠨ ᠴᠦᠭᠡᠨ ᠪᠤᠰᠤ ᠠᠰᠠᠭᠤᠳᠠᠯ ᠤᠷᠤᠰᠢᠵᠤ ᠪᠤᠢ᠂ ᠡᠨᠡ ᠪᠤᠯ | ᠳᠡᠯᠡᠬᠡᠢ ᠶᠢᠨ ᠴᠢᠨᠠᠷᠲᠠᠢ ᠬᠦᠴᠢᠷ ᠠᠰᠠᠭᠤᠳᠠᠯ ᠮᠦᠨ᠃ ᠬᠡᠳᠦᠶᠢᠪᠡᠷ ᠵᠠᠮ ᠬᠤᠯᠠ ᠬᠠᠷᠰᠢ ᠰᠠᠭᠠᠳ ᠤᠯᠠᠨ ᠪᠤᠯᠪᠠᠴᠤ | ᠴᠠᠬᠢᠯᠭᠠᠨ ᠬᠦᠳᠡᠯᠭᠡᠭᠦᠷᠲᠦ ᠲᠡᠷᠭᠡ ᠶᠢᠨ ᠠᠵᠤ ᠦᠢᠯᠡᠳᠪᠦᠷᠢᠯᠡᠯ ᠢ ᠬᠦᠭᠵᠢᠭᠦᠯᠬᠦ ᠨᠢ ᠮᠠᠨ ᠤ ᠤᠯᠤᠰ ᠲᠡᠷᠡᠴᠢᠯᠡᠨ | ᠪᠦᠬᠦ ᠳᠡᠯᠡᠬᠡᠢ ᠶᠢᠨ ᠬᠠᠨᠳᠤᠰᠢ ᠮᠦᠨ᠃ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢ ᠬᠦᠭᠵᠢᠭᠦᠯᠬᠦ ᠶᠡᠭᠡ | ᠬᠦᠭᠵᠢᠯᠲᠡ ᠶᠢᠨ ᠴᠢᠭᠯᠡᠯᠲᠡ ᠨᠢ ᠮᠠᠨ ᠤ ᠦᠢᠯᠡᠰ ᠪᠦᠲᠦᠭᠡᠵᠦ ᠰᠢᠨ᠎ᠡ ᠶᠢ ᠡᠭᠦᠳᠬᠦ ᠶᠢᠨ ᠦᠨᠳᠦᠰᠦᠨ ᠤᠷᠢᠳᠠᠯ | ᠪᠤᠯᠤᠨ᠎ᠠ︾ ᠭᠡᠵᠦ ᠴᠢᠯᠠᠭᠤ ᠫᠷᠤᠹᠧᠰᠰᠤᠷ ᠬᠡᠯᠡᠵᠦ ᠪᠠᠶᠢᠯ᠎ᠠ᠃ |