ᠠᠤᠬᠠᠨ ᠬᠤᠰᠢᠭᠤᠨ ᠳᠤ ᠮᠤᠩᠭᠤᠯ ᠢᠶᠠᠷ ᠬᠢᠴᠢᠶᠡᠯᠯᠡᠬᠦ ᠠᠩᠭᠢ ᠰᠡᠷᠭᠦᠭᠡᠭᠳᠡᠵᠦ ᠰᠤᠷᠤᠭᠴᠢ ᠶᠢᠨ ᠲᠤᠭ᠎ᠠ ᠨᠡᠮᠡᠭᠳᠡᠭᠰᠡᠭᠡᠷ ᠁
ᠨᠡᠶᠢᠲᠡᠯᠡᠭᠰᠡᠨ ᠴᠠᠭ᠄
2017-01-06
       ᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠨᠢ ᠠᠤᠬᠠᠨ ᠬᠤᠰᠢᠭᠤᠨ ᠳᠠᠭᠠᠨ ᠴᠤᠯ ᠮᠤᠩᠭᠤᠯ ᠢᠶᠠᠷ ᠬᠢᠴᠢᠶᠡᠯᠯᠡᠬᠦ ᠠᠩᠭᠢ ᠲᠠᠢ ᠴᠤᠷ ᠤᠨ ᠭᠠᠭᠴᠠ ᠮᠤᠩᠭᠤᠯ ᠰᠤᠷᠭᠠᠭᠤᠯᠢ ᠪᠠᠶᠢᠵᠤ᠂ 2011 ᠤᠨ ᠠᠴᠠ ᠮᠤᠩᠭᠤᠯ ᠢᠶᠠᠷ ᠬᠢᠴᠢᠶᠡᠯᠯᠡᠬᠦ ᠠᠩᠭᠢ ᠶᠢ ᠰᠡᠷᠭᠦᠭᠡᠭᠰᠡᠨ ᠠᠴᠠ ᠮᠤᠩᠭᠤᠯ ᠢᠶᠠᠷ ᠰᠤᠷᠤᠯᠴᠠᠬᠤ ᠰᠤᠷᠤᠭᠴᠢ ᠶᠢᠨ ᠲᠤᠭ᠎ᠠ ᠵᠢᠯ ᠠᠴᠠ ᠵᠢᠯ ᠨᠡᠮᠡᠭᠳᠡᠵᠦ ᠪᠠᠶᠢᠭ᠎ᠠ ᠰᠠᠶᠢᠬᠠᠨ ᠰᠤᠷᠠᠭ ᠢᠶᠠᠷ ᠰᠤᠷᠪᠤᠯᠵᠢᠯᠠᠭᠴᠢ 12 ᠰᠠᠷ᠎ᠠ ᠶᠢᠨ 19 ᠤ ᠡᠳᠦᠷ ᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠳᠤ ᠬᠦᠷᠦᠭᠰᠡᠨ ᠪᠢᠯᠡ᠃ ᠤᠷᠤᠶᠢᠨᠰᠦᠮ᠎ᠡ ᠰᠤᠷᠭᠠᠭᠤᠯᠢ ᠨᠢ ᠮᠤᠷᠤᠢ ᠰᠠᠷᠤᠢ ᠨᠤᠭᠤᠷᠠᠯ ᠪᠦᠳᠦᠷᠡᠯ ᠲᠠᠢ ᠲᠡᠦᠬᠡ ᠶᠢᠨ ᠴᠠᠭ ᠬᠤᠭᠤᠴᠠᠭ᠎ᠠ ᠶᠢ ᠲᠤᠭᠤᠯᠵᠤ ᠂ 2011 ᠤᠨ ᠳᠤ 13 ᠵᠢᠯ ᠲᠠᠰᠤᠯᠳᠠᠭᠰᠠᠨ ᠮᠤᠩᠭᠤᠯ ᠢᠶᠠᠷ ᠬᠢᠴᠢᠶᠡᠯᠯᠡᠬᠦ ᠠᠩᠭᠢ ᠪᠠᠨ ᠲᠠᠬᠢᠨ ᠰᠡᠷᠭᠦᠭᠡᠭᠰᠡᠨ ᠠᠴᠠ ᠤᠳᠤ ᠪᠤᠯᠬᠤ ᠳᠤ ᠲᠤᠰ ᠰᠤᠷᠭᠠᠭᠤᠯᠢ ᠳᠤ ᠨᠢᠭᠡᠨᠲᠡ 60 ᠰᠢᠬᠠᠮ ᠰᠤᠷᠤᠭᠴᠢ ᠴᠤᠯ ᠮᠤᠩᠭᠤᠯ ᠢᠶᠠᠷ ᠢᠶᠠᠨ ᠬᠢᠴᠢᠶᠡᠯᠯᠡᠵᠦ᠂ ᠪᠦᠬᠦ ᠬᠤᠰᠢᠭᠤᠨ ᠤ ᠮᠤᠩᠭᠤᠯ ᠢᠶᠠᠷ ᠰᠤᠷᠤᠯᠴᠠᠬᠤ ᠰᠤᠷᠤᠭᠴᠢ ᠶᠢᠨ ᠲᠤᠭᠠᠨ ᠤ ᠨᠡᠮᠡᠭᠳᠡᠯ ᠤᠨ ᠬᠠᠨᠳᠦᠰᠢ ᠶᠢ ᠪᠤᠢ ᠪᠤᠯᠭᠠᠭᠰᠠᠨ ᠪᠠᠶᠢᠨ᠎ᠠ᠃        13 ᠵᠢᠯ ᠦᠷᠭᠦᠯᠵᠢᠯᠡᠭᠰᠡᠨ ᠮᠤᠩᠭᠤᠯ ᠢᠶᠠᠷ ᠬᠢᠴᠢᠶᠡᠯᠯᠡᠬᠦ ᠠᠩᠭᠢ ᠰᠤᠷᠠᠭᠴᠢ ᠡᠯᠰᠡᠬᠦ ᠪᠠᠨ ᠵᠤᠭᠰᠤᠭᠰᠠᠨ        ᠠᠤᠬᠠᠨ ᠬᠤᠰᠢᠭᠤᠨ ᠤ ᠤᠷᠤᠢ ᠶᠢᠨ ᠰᠦᠮ᠎ᠡ ᠰᠤᠮᠤ ᠶᠢᠨ ᠰᠤᠷᠭᠠᠭᠤᠯᠢ ᠨᠢ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠪᠠᠶᠢᠭᠤᠯᠤᠭᠳᠠᠭᠰᠠᠨ ᠠᠴᠠ ︽ᠰᠤᠶᠤᠯ ᠤᠨ ᠶᠡᠭᠡ ᠬᠤᠪᠢᠰᠬᠠᠯ︾ ᠬᠦᠷᠲᠡᠯᠡᠬᠢ ᠬᠤᠭᠤᠴᠠᠭᠠᠨ ᠳᠤ ᠦᠨᠳᠦᠰᠦᠲᠡᠨ ᠤ ᠰᠤᠷᠭᠠᠨ ᠬᠦᠮᠦᠵᠢᠯ ᠠᠩᠬᠠᠨ ᠤ ᠬᠦᠭᠵᠢᠯ ᠢᠶᠠᠨ ᠤᠯᠵᠤ ᠪᠠᠶᠢᠭᠰᠠᠨ ᠦᠶ᠎ᠡ ᠪᠢᠯᠡ᠃ ᠬᠠᠷᠢᠨ ᠤᠯᠤᠰ ᠳᠠᠶᠠᠭᠠᠷ ᠶᠠᠪᠤᠭᠳᠠᠭᠰᠠᠨ ︽ᠰᠤᠶᠤᠯ ᠤᠨ ᠶᠡᠭᠡ ᠬᠤᠪᠢᠰᠬᠠᠯ︾ ᠳᠤ ᠰᠤᠷᠭᠠᠭᠤᠯᠢ ᠬᠢᠴᠢᠶᠡᠯ ᠵᠤᠭᠰᠤᠨ᠂ ᠰᠤᠷᠤᠭᠴᠢ ᠡᠯᠰᠡᠬᠦ ᠪᠠᠨ ᠪᠣᠯᠢᠭᠰᠠᠨ ᠠᠴᠠ ᠰᠤᠷᠭᠠᠨ ᠬᠦᠮᠦᠵᠢᠯ ᠤᠨ ᠬᠦᠭᠵᠢᠯ ᠠᠷᠪᠠᠨ ᠵᠢᠯ ᠤᠷᠤᠨ ᠳᠠᠭᠠᠨ ᠵᠤᠭᠰᠤᠭᠰᠠᠨ ᠨᠢ ᠮᠡᠳᠡᠭᠡᠵᠢ ᠃ ᠡᠨᠡᠬᠦ ᠠᠷᠪᠠᠨ ᠵᠢᠯ ᠤᠨ ᠨᠤᠭᠤᠷᠠᠯᠲᠠ ᠶᠢ ᠦᠩᠭᠡᠷᠡᠭᠡᠵᠦ᠂ 1981 ᠤᠨ ᠳᠤ ᠰᠤᠷᠤᠭᠴᠢ ᠡᠯᠰᠡᠨ ᠮᠤᠩᠭᠤᠯ ᠢᠶᠠᠷ ᠬᠢᠴᠢᠶᠡᠯᠯᠡᠬᠦ ᠠᠩᠭᠢ ᠶᠢ ᠰᠡᠷᠭᠦᠭᠡᠵᠦ᠂ ᠮᠤᠩᠭᠤᠯ ᠬᠢᠲᠡᠳ ᠬᠤᠶᠠᠷ ᠠᠩᠭᠢ ᠲᠠᠢ ᠪᠤᠯᠤᠭᠰᠠᠨ ᠪᠠᠶᠢᠯ᠎ᠠ᠃ ᠢᠩᠭᠢᠭᠰᠡᠨ ᠠᠴᠠ ᠦᠨᠳᠦᠰᠦᠲᠡᠨ ᠤ ᠰᠤᠷᠭᠠᠨ ᠬᠦᠮᠦᠵᠢᠯ ᠤᠨ ᠦᠷ ᠤᠨ ᠲᠤᠶᠠᠭ᠎ᠠ ᠤᠷᠤᠶᠢᠨᠰᠦ᠋ᠮ᠎ᠡ ᠰᠤᠷᠭᠠᠭᠤᠯᠢ ᠠᠴᠠ ᠠᠬᠢᠨᠲᠠ ᠰᠠᠴᠤᠷᠠᠨ ᠭᠠᠷᠤᠳᠢ᠂ ᠵᠠᠭᠤᠨᠨᠠᠰᠤᠲᠤ ᠮᠡᠲᠦ ᠶᠢᠨ ᠤᠯᠤᠰ ᠤᠷᠤᠨ ᠳᠤ ᠠᠯᠳᠠᠷᠲᠠᠢ ᠪᠢᠴᠢᠭᠲᠡᠨ ᠮᠡᠷᠭᠡᠳ ᠲᠤᠰ ᠰᠤᠷᠭᠠᠭᠤᠯᠢ ᠠᠴᠠ ᠤᠳᠠᠭ᠎ᠠ ᠳᠠᠷᠠᠭᠠᠯᠠᠨ ᠴᠤᠯᠭᠤᠷᠠᠨ ᠭᠠᠷᠴᠤ ᠡᠬᠡ ᠰᠤᠷᠭᠠᠭᠤᠯᠢ᠂ ᠡᠬᠡ ᠨᠤᠲᠤᠭ ᠤᠨ ᠢᠶᠠᠨ ᠨᠡᠷ᠎ᠡ ᠠᠯᠳᠠᠷ ᠢ ᠡᠷᠭᠦᠵᠦ ᠶᠠᠪᠤᠵᠠᠢ        ᠮᠤᠩᠭᠤᠯ ᠢᠶᠠᠷ ᠬᠢᠴᠢᠶᠡᠯᠯᠡᠬᠦ ᠠᠩᠭᠢ ᠨᠢ ᠤᠷᠤᠶᠢᠨᠰᠦ᠋ᠮ᠎ᠡ ᠰᠤᠷᠭᠠᠭᠤᠯᠢ ᠳᠤ 13 ᠵᠢᠯ ᠦᠷᠭᠦᠯᠵᠢᠯᠡᠭᠡᠳ ᠲᠠᠬᠢᠨ ᠵᠤᠭᠰᠤᠨ᠎ᠠ ᠭᠡᠳᠡᠭ ᠢ ᠬᠡᠨ ᠴᠦ ᠰᠠᠨᠠᠵᠤ ᠤᠯᠤᠯ ᠦᠭᠡᠢ ᠪᠢᠯᠡ᠃ 1994 ᠤᠨ ᠳᠤ ᠮᠤᠩᠭᠤᠯ ᠰᠤᠷᠤᠭᠴᠢ ᠶᠢᠨ ᠢᠷᠡᠯᠲᠡ ᠪᠠᠭ᠎ᠠ ᠮᠡᠲᠦ ᠶᠢᠨ ᠰᠢᠯᠲᠠᠭᠠᠨ ᠠᠴᠠ ᠤᠷᠤᠶᠢᠨᠰᠦ᠋ᠮ᠎ᠡ ᠰᠤᠷᠭᠠᠭᠤᠯᠢ ᠶᠢᠨ ᠴᠤᠯ ᠮᠤᠩᠭᠤᠯ ᠢᠶᠠᠷ ᠬᠢᠴᠢᠶᠡᠯᠯᠡᠬᠦ ᠠᠩᠭᠢ ᠶᠢᠨ ᠰᠤᠷᠤᠭᠴᠢ ᠡᠯᠰᠡᠬᠦ ᠠᠵᠢᠯ ᠢ ᠵᠤᠭᠰᠤᠭᠠᠵᠤ᠂ ᠬᠢᠲᠠᠳ ᠢᠶᠠᠷ ᠬᠢᠴᠢᠶᠡᠯᠯᠡᠨ ᠮᠤᠩᠭᠤᠯ ᠬᠡᠯᠡ ᠨᠡᠮᠡᠵᠦ ᠰᠤᠷᠬᠤ ᠬᠦᠬᠡᠭᠴᠢᠨ ᠮᠤᠩᠭᠤᠯ ᠬᠡᠯᠡᠨ ᠤ ᠬᠢᠴᠢᠶᠡᠯ ᠤᠨ ᠳᠦᠷᠢᠮ ᠢ ᠡᠬᠢᠯᠡᠨ ᠬᠡᠷᠡᠭᠵᠢᠭᠦᠯᠵᠡᠢ᠃ ᠭᠡᠪᠡᠴᠦ ᠬᠦᠬᠡᠭᠴᠢᠨ ᠲᠦᠷᠦᠯ ᠤᠨ ᠮᠤᠩᠭᠤᠯ ᠬᠡᠯᠡ ᠨᠢ ᠰᠤᠷᠤᠭᠴᠢᠳ ᠲᠤ ᠦᠨᠡᠨᠬᠦ ᠰᠠᠶᠢᠨ ᠲᠠᠯ᠎ᠠ᠂ ᠠᠰᠢᠭ ᠲᠤᠰᠠ ᠬᠦᠷᠲᠡᠭᠡᠵᠦ ᠳᠡᠶᠢᠯᠦᠭᠰᠡᠨ ᠦᠭᠡᠢ ᠪᠠᠶᠢᠯ᠎ᠠ᠃        — ᠡᠭᠦᠨ ᠢ ᠪᠤᠳᠠᠲᠠᠢ ᠵᠢᠱᠢᠶᠡᠯᠡᠵᠦ ᠶᠠᠷᠢᠬᠤ ᠳᠤ᠂ ᠪᠠᠶᠢᠴᠠᠭᠠᠯᠲᠠ ᠪᠠᠷ 1999-2011 ᠤᠨ ᠪᠤᠯᠲᠠᠯᠠᠬᠢ ᠬᠤᠭᠤᠴᠠᠭᠠᠨ ᠳᠤ ᠤᠷᠤᠢ ᠶᠢᠨ ᠰᠦᠮ᠎ᠡ ᠰᠤᠮᠤ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠰᠤᠷᠤᠭᠴᠢ ᠪᠦᠬᠦ ᠰᠤᠮᠤᠨ ᠳᠤ 10 ᠶᠢ ᠳᠠᠪᠠᠭᠰᠠᠨ ᠦᠭᠡᠢ᠂ ᠡᠭᠦᠨ ᠤ ᠨᠢᠭᠡ ᠰᠢᠯᠲᠠᠭᠠᠨ ᠨᠢ ᠬᠦᠬᠡᠭᠴᠢᠨ ᠮᠤᠩᠭᠤᠯ ᠬᠡᠯᠡ ᠰᠤᠷᠤᠭᠰᠠᠳ ᠳᠡᠭᠡᠳᠦ ᠳᠤᠮᠳᠠᠳᠤ ᠶᠢᠨ ᠰᠢᠯᠭᠠᠯᠲᠠ ᠳᠤ ᠬᠢᠷᠢ ᠪᠦᠲᠦᠮᠵᠢ ᠶᠢᠨ 50% ᠢ ᠶᠡᠷᠦᠩᠬᠡᠢ ᠬᠢᠷᠢ ᠪᠦᠲᠦᠮᠵᠢ ᠳᠤ ᠪᠤᠳᠤᠵᠤ ᠤᠷᠤᠭᠤᠯᠳᠠᠭ ᠪᠦᠭᠡᠳ ᠡᠶᠢᠮᠦᠷᠬᠦ ︽ᠬᠠᠷᠠᠭᠠᠯᠵᠠᠯ︾ ᠢᠶᠠᠷ ᠤᠯᠤᠰ ᠤᠨ ᠨᠢᠭᠡᠲᠦᠯᠲᠡᠢ ᠰᠢᠯᠭᠠᠯᠲᠠ ᠳᠤ ᠤᠷᠤᠯᠴᠠᠪᠠᠯ ᠬᠢᠲᠠᠳ ᠰᠤᠷᠤᠭᠴᠢᠳ ᠲᠠᠢ ᠦᠷᠢᠰᠦᠯᠳᠦᠬᠦ ᠶᠢᠨ ᠠᠷᠭ᠎ᠠ ᠦᠭᠡᠢ ᠪᠤᠯᠤᠭᠰᠠᠨ ᠶᠤᠮ᠃ ᠡᠭᠦᠨ ᠤ ᠳᠡᠭᠡᠷ᠎ᠡ ᠭᠡᠷ ᠤᠨ ᠠᠬᠠᠮᠠᠳ ᠤᠨ ᠦᠵᠡᠯᠲᠡ ᠲᠠᠨᠢᠯᠲᠠ ᠶᠠᠪᠤᠬᠤ ᠲᠤᠲᠤᠮ ᠨᠠᠵᠠᠭᠠᠶᠢᠷᠠᠨ᠂ ᠰᠤᠷᠭᠠᠭᠤᠯᠢ ᠳᠤ ᠶᠠᠪᠤᠭᠤᠯᠤᠭᠠᠳ ᠬᠡᠷᠡᠭ ᠦᠭᠡᠢ ᠭᠡᠮᠡᠨ ᠬᠡᠦᠬᠡᠳ ᠢᠶᠠᠨ ᠭᠡᠷ ᠲᠡᠭᠡᠨ ᠰᠠᠭᠤᠯᠭᠠᠨ ᠠᠶᠢᠯ ᠭᠡᠷ ᠪᠤᠯᠭᠠᠵᠤ᠂ ᠰᠤᠷᠤᠯᠭ᠎ᠠ ᠰᠤᠶᠤᠯ ᠤᠨ ᠬᠦᠰᠡᠯ ᠬᠦᠭᠡᠭᠡᠴᠡᠯᠳᠦᠯ ᠢ ᠨᠢ ᠪᠤᠯᠠᠰᠢᠯᠠᠭᠰᠠᠨ ᠶᠠᠪᠤᠳᠠᠯ ᠤᠯᠠᠨ ᠭᠠᠷᠬᠤ ᠪᠤᠯᠵᠠᠢ ᠭᠡᠵᠦ ᠠᠤᠬᠠᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠠᠰᠤᠭ ᠤᠨ ᠳᠠᠷᠤᠭ᠎ᠠ ᠵᠤᠷᠢᠭᠲᠤ ᠰᠤᠷᠪᠤᠯᠵᠢᠯᠠᠭᠴᠢ ᠳᠤ ᠲᠠᠶᠢᠯᠪᠤᠷᠢᠯᠠᠵᠠᠢ᠃        17 ᠵᠢᠯ ᠤᠨ ᠳᠠᠷᠠᠭ᠎ᠠ ᠴᠤᠯ ᠮᠤᠩᠭᠤᠯ ᠢᠶᠠᠷ ᠬᠢᠴᠢᠶᠡᠯᠯᠡᠬᠦ ᠠᠩᠭᠢ ᠲᠠᠬᠢᠨᠲᠠ ᠰᠡᠷᠭᠦᠭᠡᠭᠳᠡᠭᠰᠡᠨ ᠪᠠᠶᠢᠨ᠎ᠠ
       — ᠰᠤᠷᠭᠠᠭᠤᠯᠢ ᠪᠠᠨ ᠲᠡᠭᠦᠰᠬᠡᠭᠡᠳ ᠤᠷᠤᠶᠢᠨᠰᠦ᠋ᠮ᠎ᠡ ᠰᠤᠷᠭᠠᠭᠤᠯᠢ ᠳᠤ ᠪᠠᠭᠰᠢᠯᠠᠬᠤ ᠪᠠᠷ ᠢᠷᠡᠬᠦ ᠦᠶ᠎ᠡ ᠳᠤ ᠦᠨᠳᠦᠰᠦᠲᠡᠨ ᠤ ᠰᠤᠷᠭᠠᠨ ᠬᠦᠮᠦᠵᠢᠯ ᠤᠨ ᠪᠠᠶᠢᠳᠠᠯ ᠠᠷᠠᠢ ᠵᠦᠭᠡᠷ ᠪᠠᠶᠢᠵᠤ᠂ ᠲᠡᠷᠡ ᠲᠤᠬᠠᠢ ᠲᠠᠨᠢᠯᠲᠠ ᠪᠠᠰᠠ ᠲᠡᠭᠦᠯᠳᠡᠷᠵᠢᠭᠡ ᠦᠭᠡᠢ ᠪᠠᠶᠢᠭᠰᠠᠨ ᠭᠡᠵᠦ ᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠶᠢᠨ ᠵᠠᠬᠢᠷᠤᠯ ᠵᠠᠩ ᠢᠦᠢ ᠵᠢᠶᠠᠩ ᠬᠡᠯᠡᠨ᠎ᠡ᠃ ᠵᠠᠩ ᠵᠠᠬᠢᠷᠤᠯ ᠤᠨ ᠮᠤᠩᠭᠤᠯ ᠨᠡᠷ᠎ᠡ ᠶᠢ ᠠᠯᠲᠠᠠᠭᠠᠷᠠᠭ ᠭᠡᠳᠡᠭ᠂ ᠲᠤᠬᠠᠢ ᠶᠢᠨ ᠦᠶ᠎ᠡ ᠳᠤ ᠡᠷᠦᠬᠡ ᠠᠮᠠ ᠳᠠᠩᠰᠠᠯᠠᠭᠤᠯᠬᠤ ᠭᠡᠳ ︽ᠨᠡᠷ᠎ᠡ ᠴᠢᠨᠢ ᠳᠡᠩᠳᠡᠭᠦᠦ ᠤᠷᠲᠤ ᠪᠤᠯᠬᠤᠷ ᠲᠡᠮᠳᠡᠭᠯᠡᠵᠦ ᠳᠡᠶᠢᠯᠬᠦ ᠦᠭᠡᠢ︾ ᠭᠡᠰᠡᠨ ᠠᠴᠠ ᠵᠠᠩ ᠢᠦᠢ ᠵᠢᠶᠠᠩ ᠭᠡᠵᠦ ᠬᠢᠲᠠᠳ ᠢᠶᠠᠷ ᠰᠤᠯᠢᠭᠰᠠᠨ ᠪᠠᠶᠢᠵᠠᠢ᠃ 1997 ᠤᠨ ᠳᠤ ᠤᠯᠠᠭᠠᠨᠬᠠᠳᠠ ᠶᠢᠨ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠲᠡᠷᠡᠪᠡᠷ ᠲᠦᠷᠦᠭᠰᠡᠨ ᠨᠤᠲᠤᠭ ᠤᠷᠤᠢ ᠶᠢᠨ ᠰᠦᠮ᠎ᠡ ᠰᠤᠮᠤ ᠶᠢᠨ ᠢᠶᠠᠨ ᠰᠤᠷᠭᠠᠭᠤᠯᠢ ᠳᠤ ᠠᠵᠢᠯ ᠬᠤᠪᠢᠶᠠᠭᠳᠠᠵᠤ ᠪᠠᠭᠰᠢᠯᠠᠬᠤ ᠭᠱᠡᠨ ᠳᠤ ᠬᠢᠵᠠᠭᠠᠷ ᠦᠭᠡᠢ ᠪᠠᠶᠠᠷ ᠪᠠᠭ᠋ᠠᠳᠤᠯ ᠲᠦᠷᠦᠵᠦ ᠪᠠᠶᠢᠭᠰᠠᠨ ᠨᠢ ᠬᠡᠯᠡᠬᠦ ᠶᠢᠨ ᠠᠷᠭ᠎ᠠ ᠦᠭᠡᠢ᠃ ᠲᠤᠬᠠᠢ ᠶᠢᠨ ᠦᠶ᠎ᠡ ᠳᠤ ᠤᠷᠤᠶᠢᠰᠦ᠋ᠮ᠎ᠡ ᠰᠤᠷᠭᠠᠭᠤᠯᠢ  ᠨᠢ ᠮᠤᠩᠭᠤᠯ ᠢᠶᠠᠷ ᠬᠢᠴᠢᠶᠡᠯᠯᠡᠬᠦ ᠠᠩᠭᠢ ᠶᠢ ᠵᠤᠭᠰᠤᠭᠠᠭᠠᠳ ᠨᠢᠭᠡᠨᠲᠡ 3 ᠵᠢᠯ ᠪᠤᠯᠤᠭᠰᠠᠨ ᠪᠤᠯᠪᠠᠴᠤ ᠬᠠᠮᠤᠭ ᠰᠡᠭᠦᠯᠴᠢ ᠶᠢᠨ ᠮᠤᠩᠭᠤᠯ ᠠᠩᠭᠢ ᠨᠢ ᠦᠯᠡᠳᠡᠵᠦ ᠪᠠᠶᠢᠭᠰᠠᠨ ᠭᠡᠳᠡᠭ᠃
       ᠰᠢᠨ᠎ᠡ ᠮᠢᠩᠭᠠᠨ ᠭᠠᠷᠴᠤ᠂ ᠮᠤᠩᠭᠤᠯ ᠢᠶᠠᠷ ᠬᠢᠴᠢᠶᠡᠯᠯᠡᠬᠦ ᠠᠩᠭᠢ ᠪᠦᠬᠦᠨ ᠢᠶᠠᠷ ᠢᠶᠠᠨ ᠲᠡᠭᠦᠰᠴᠦ ᠶᠠᠪᠤᠭᠰᠠᠨ ᠤ ᠳᠠᠷᠠᠭ᠎ᠠ ᠦᠨᠳᠦᠰᠦᠲᠡᠨ ᠤ ᠰᠤᠷᠭᠠᠨ ᠬᠦᠮᠦᠵᠢᠯ ᠤᠨ ᠲᠤᠬᠠᠢ ᠭᠠᠴᠢᠭᠳᠠᠯᠲᠤ ᠪᠠᠶᠢᠳᠠᠯ ᠡᠳᠦᠷ ᠢᠷᠡᠬᠦᠶ᠎ᠡ ᠬᠦᠨᠳᠦᠷᠡᠭᠡᠳ ᠪᠠᠶᠢᠭ᠎ᠠ ᠶᠢ ᠵᠠᠩ ᠢᠦᠢ ᠵᠢᠶᠠᠩ ᠤᠯᠠᠮ ᠢᠶᠠᠷ ᠰᠡᠷᠡᠵᠦ ᠮᠡᠳᠡᠵᠡᠢ᠃ 2009 ᠤᠨ ᠳᠤ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠳᠤ ᠳᠠᠪᠰᠢᠭᠰᠠᠨ ᠲᠡᠷᠡ ᠤᠷᠤᠢ ᠶᠢᠨ ᠰᠦᠮ᠎ᠡ ᠰᠤᠮᠤ ᠶᠢᠨ ᠰᠤᠷᠭᠠᠨ ᠬᠦᠮᠦᠵᠢᠯ᠂ ᠴᠢᠨᠠᠭᠰᠢᠯᠠᠭᠠᠳ ᠠᠤᠬᠠᠨ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠢᠶᠠᠨ ᠠᠪᠤᠷᠠᠨ ᠠᠪᠬᠤ ᠠᠵᠢᠯ ᠢ ᠰᠢᠭᠤᠷᠬᠠᠶᠢᠯᠠᠨ ᠬᠢᠭᠰᠡᠨ ᠤ ᠡᠴᠦᠰ ᠲᠤ 2011 ᠤᠨ ᠳᠤ ᠰᠤᠷᠭᠠᠭᠤᠯᠢ ᠳᠠᠭᠠᠨ ᠮᠤᠩᠭᠤᠯ ᠢᠶᠠᠷ ᠬᠢᠴᠢᠶᠡᠯᠯᠡᠬᠦ ᠠᠩᠭᠢ ᠶᠢ ᠰᠡᠷᠭᠦᠭᠡᠵᠦ᠂ ᠨᠠᠪᠲᠠᠷᠠᠬᠤ ᠰᠢᠬᠠᠭᠰᠠᠨ ᠮᠤᠩᠭᠤᠯ ᠰᠤᠶᠤᠯ ᠰᠤᠷᠭᠠᠨ ᠬᠦᠮᠦᠵᠢᠯ ᠤᠨ ᠭᠠᠯ ᠢ ᠠᠬᠢᠨ ᠬᠦᠭᠵᠢᠭᠡᠵᠦ᠂ ᠰᠤᠷᠭᠠᠭᠤᠯᠢ ᠶᠢᠨ ᠬᠦᠷᠢᠶᠡᠨ ᠳᠤ ᠮᠤᠩᠭᠤᠯ ᠳᠠᠭᠤ ᠶᠢ ᠳᠠᠬᠢᠨ ᠬᠠᠩᠭᠢᠨᠠᠭᠤᠯᠵᠠᠢ᠃
       — ᠠᠳᠡᠬᠢ ᠮᠤᠩᠭᠤᠯ ᠬᠡᠯᠡᠨ ᠤ ᠤᠷᠴᠢᠨ ᠪᠠᠷᠤᠭᠲᠠᠢ ᠪᠠᠶᠢᠳᠠᠭ ᠠᠴᠠ ᠬᠡᠦᠬᠡᠳ ᠤᠳ ᠬᠤᠭᠤᠷᠤᠨᠳᠤ ᠪᠠᠨ ᠬᠢᠲᠠᠳ ᠢᠶᠠᠷ ᠬᠠᠷᠢᠴᠠᠳᠠᠭ ᠢ ᠬᠠᠷᠠᠬᠤ ᠪᠦᠷᠢ ᠵᠢᠷᠦᠬᠡ ᠰᠢᠮᠰᠢᠷᠡᠳᠡᠭ ᠭᠡᠮᠡᠨ ᠵᠠᠩ ᠵᠠᠬᠢᠷᠤᠯ ᠲᠤᠬᠠᠢ ᠶᠢᠨ ᠦᠶ᠎ᠡ ᠶᠢᠨ ᠪᠠᠶᠢᠳᠠᠯ ᠢ ᠲᠠᠨᠢᠯᠴᠠᠭᠤᠯᠤᠨ᠎ᠠ᠃ ᠮᠤᠩᠭᠤᠯ ᠢᠶᠠᠷ ᠬᠢᠴᠢᠶᠡᠯᠯᠡᠬᠦ ᠠᠩᠭᠢ ᠶᠢ ᠰᠡᠷᠭᠦᠭᠡᠬᠦ ᠶᠢᠨ ᠲᠤᠯᠠᠲᠠ ᠵᠠᠩ ᠵᠠᠬᠢᠷᠤᠯ ᠶᠤᠰᠤᠲᠠᠢ ᠦᠢᠯᠡ ᠪᠠᠨ ᠦᠵᠡᠵᠦ ᠦᠰᠦ ᠪᠠᠨ ᠲᠤᠭᠠᠯᠠᠭᠰᠠᠨ ᠪᠠᠶᠢᠵᠠᠢ᠃ ᠰᠤᠮᠤ ᠶᠢᠨ ᠬᠡᠪᠴᠢᠶᠡᠨ ᠳᠠᠬᠢ ᠮᠤᠩᠭᠤᠯ ᠬᠡᠦᠬᠡᠳ ᠤᠨ ᠪᠤᠳᠠᠲᠤ ᠪᠠᠶᠢᠳᠠᠯ᠂ ᠰᠤᠷᠤᠭᠴᠢ ᠶᠢᠨ ᠢᠷᠡᠯᠲᠡ᠂ ᠰᠤᠷᠭᠠᠨ ᠬᠦᠮᠦᠵᠢᠯ ᠤᠨ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠦᠷᠢ ᠶᠢᠨ ᠪᠠᠶᠢᠳᠠᠯ ᠢ ᠳᠡᠭᠡᠭᠰᠢ ᠲᠤᠰᠬᠠᠨ ᠡᠷᠡᠮᠡᠯᠵᠡᠬᠦ ᠶᠢᠨ ᠳᠠᠭᠠᠤ ᠭᠡᠷ ᠤᠨ ᠠᠬᠠᠮᠠᠳ ᠲᠤ ᠨᠢᠭᠡᠳ ᠨᠢᠭᠡ ᠪᠠᠷ ᠬᠡᠦᠬᠡᠳ ᠢᠶᠠᠨ ᠮᠤᠩᠭᠤᠯ ᠢᠶᠠᠷ ᠰᠤᠷᠤᠯᠴᠠᠭᠤᠯᠬᠤ ᠶᠢᠨ ᠠᠴᠢ ᠲᠤᠰᠠ ᠶᠢ ᠲᠠᠨᠢᠭᠤᠯᠤᠨ᠂ ᠦᠵᠡᠯᠲᠡ ᠲᠠᠨᠢᠯᠲᠠ ᠶᠢ ᠨᠢ ᠬᠤᠪᠢᠷᠠᠭᠤᠯᠬᠤ ᠬᠦᠮᠦᠵᠢᠯ ᠬᠢᠭᠰᠡᠨ ᠪᠠᠶᠢᠨ᠎ᠠ᠃ ᠮᠤᠩᠭᠤᠯ ᠢᠶᠠᠷ ᠬᠢᠴᠢᠶᠡᠯᠯᠡᠬᠦ ᠠᠩᠭᠢ ᠪᠠᠨ ᠰᠡᠷᠭᠦᠭᠡᠭᠰᠡᠨ ᠤ ᠳᠠᠷᠠᠭ᠎ᠠ᠂ ᠮᠤᠩᠭᠤᠯ ᠢᠶᠠᠷ ᠰᠤᠷᠤᠯᠴᠠᠬᠤ ᠬᠡᠦᠬᠡᠳ ᠤᠨ ᠬᠤᠭᠤᠯᠠᠨ ᠤ ᠰᠦᠢᠳᠬᠡᠯ᠂ ᠵᠠᠮ ᠤᠨ ᠰᠦᠢᠳᠬᠡᠯ ᠢ ᠬᠠᠷᠢᠭᠤᠴᠠᠬᠤ᠂ ᠮᠦᠨ ᠴᠦ ᠰᠤᠷᠭᠠᠭᠤᠯᠢ ᠠᠴᠠ ᠵᠠᠷᠤᠳᠠᠯ ᠭᠠᠷᠭᠠᠵᠤ ᠮᠤᠩᠭᠤᠯ ᠲᠡᠷᠯᠢᠭ ᠬᠢᠯᠭᠡᠬᠦ ᠵᠡᠷᠭᠡ ᠵᠦᠢᠯ ᠪᠦᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ ᠰᠤᠷᠤᠭᠴᠢ ᠪᠠ ᠭᠡᠷ ᠤᠨ ᠠᠬᠠᠮᠠᠳ ᠤᠨ ᠤᠷᠮᠠᠰᠢᠯ ᠢ ᠳᠠᠶᠢᠴᠢᠯᠠᠵᠤ ᠴᠢᠳᠠᠭᠰᠠᠨ ᠠᠴᠠ ᠮᠤᠩᠭᠤᠯ ᠢᠶᠠᠷ ᠬᠢᠴᠢᠶᠡᠯᠯᠡᠬᠦ ᠠᠩᠭᠢ ᠶᠢᠨ ᠰᠤᠷᠤᠭᠴᠢ ᠶᠢᠨ ᠲᠤᠭ᠎ᠠ ᠤᠯᠠᠮ ᠢᠶᠠᠷ ᠨᠡᠮᠡᠭᠳᠡᠨ᠂ ᠬᠡᠦᠬᠡᠳ ᠤᠳ ᠤᠨ ᠮᠤᠩᠭᠤᠯ ᠢᠶᠠᠷ ᠰᠤᠷᠤᠯᠴᠠᠬᠤ ᠳᠤᠷᠠᠰᠢᠯ ᠶᠠᠪᠤᠬᠤ ᠲᠤᠰᠤᠮ ᠨᠡᠮᠡᠭᠳᠡᠭᠰᠡᠨ ᠪᠠᠶᠢᠨ᠎ᠠ᠃ ᠤᠳᠤᠬᠠᠨ ᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠠᠢ ᠪᠠᠨ ᠨᠡᠶᠢᠯᠡᠭᠡᠳ ᠨᠡᠶᠢᠲᠡ 146 ᠰᠤᠷᠤᠭᠴᠢ᠂ 41 ᠪᠠᠭᠰᠢ ᠲᠠᠢ ᠪᠤᠯᠵᠤ᠂ ᠡᠭᠦᠨ ᠤ ᠲᠤᠲᠤᠷ᠎ᠠ 60 ᠰᠢᠬᠠᠮ ᠰᠤᠷᠤᠭᠴᠢ ᠴᠤᠯ ᠮᠤᠩᠭᠤᠯ ᠢᠶᠠᠷ ᠬᠢᠴᠢᠶᠡᠯᠯᠡᠨ᠂ 18 ᠪᠠᠭᠰᠢ ᠴᠤᠯ ᠮᠤᠩᠭᠤᠯ ᠢᠶᠠᠷ ᠬᠢᠴᠢᠶᠡᠯ ᠵᠢᠭᠠᠵᠤ ᠪᠠᠶᠢᠨ᠎ᠠ᠃
       ᠸᠠᠩ ᠳ᠋ᠦᠩ ᠮᠸᠢ ᠪᠠᠭᠰᠢ ᠪᠤᠯᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠳᠤ ᠢᠷᠡᠵᠦ ᠠᠵᠢᠯᠯᠠᠭᠠᠳ 17 ᠵᠢᠯ ᠤᠨ ᠨᠢᠭᠤᠷ ᠦᠵᠡᠭᠰᠡᠨ ᠪᠠᠭᠰᠢ ᠶᠤᠮ᠃ ᠲᠡᠷᠡᠪᠡᠷ ᠠᠩᠬ᠎ᠠ ᠪᠠᠭᠰᠢᠯᠠᠬᠤ ᠦᠶᠡᠰ ᠨᠡᠮᠡᠵᠦ ᠰᠤᠷᠳᠠᠭ ᠬᠦᠬᠡᠭᠴᠢᠨ ᠮᠤᠩᠭᠤᠯ ᠬᠡᠯᠡ ᠶᠢ ᠵᠢᠭᠠᠵᠤ ᠪᠠᠶᠢᠭᠰᠠᠨ ᠠᠴᠠ ᠪᠠᠨ 2011 ᠤᠨ ᠠᠴᠠ ᠡᠬᠢᠯᠡᠨ ᠮᠤᠩᠭᠤᠯ ᠢᠶᠠᠷ ᠬᠢᠴᠢᠶᠡᠯᠯᠡᠬᠦ ᠠᠩᠭᠢ ᠳᠤ ᠬᠦᠬᠡ ᠮᠤᠩᠭᠤᠯ ᠬᠡᠯᠡ ᠶᠢ ᠵᠢᠭᠠᠬᠤ ᠪᠤᠯᠤᠭᠰᠠᠨ ᠠᠴᠠ ᠰᠤᠷᠤᠭᠴᠢᠳ ᠤᠨ ᠮᠤᠩᠭᠤᠯ ᠬᠡᠯᠡᠨ ᠤ ᠰᠤᠷᠤᠯᠴᠠᠯᠭ᠎ᠠ ᠶᠢᠨ ᠲᠠᠯ᠎ᠠ ᠪᠠᠷ ᠬᠢ ᠪᠠᠶᠢᠳᠠᠯ ᠢ ᠠᠯᠠᠭᠠᠨ ᠵᠢᠷᠤᠭᠠᠰᠤ ᠰᠢᠭ᠋ ᠢᠶᠠᠨ ᠤᠶᠢᠯᠠᠭᠠᠳᠠᠭ ᠭᠡᠬᠦ ᠳᠤ ᠠᠬᠠᠳᠠᠬᠤ ᠵᠦᠢᠯ ᠪᠠᠶᠢᠬᠤ ᠦᠭᠡᠢ᠃        — ᠬᠦᠬᠡᠭᠴᠢᠨ ᠮᠤᠩᠭᠤᠯ ᠬᠡᠯᠡ ᠪᠤᠯ ᠠ᠂ ᠡ᠂ ᠢ ᠭᠡᠳ ᠴᠠᠭᠠᠨ ᠲᠤᠯᠤᠭᠠᠢ ᠶᠢ ᠭᠤᠤᠯᠳᠠᠭᠤᠯᠤᠨ ᠵᠢᠭᠠᠳᠠᠭ ᠠᠴᠠ ᠵᠢᠭᠠᠬᠤ ᠪᠠ ᠰᠤᠷᠬᠤ ᠲᠠᠯ᠎ᠠ ᠪᠠᠷ ᠲᠡᠶᠢᠮᠦ ᠶᠡᠭᠡ ᠬᠦᠴᠢᠷᠳᠡᠯ ᠪᠠᠶᠢᠳᠠᠭ ᠦᠭᠡᠢ᠃ 2011 ᠤᠨ ᠠᠴᠠ ᠮᠤᠩᠭᠤᠯ ᠢᠶᠠᠷ ᠬᠢᠴᠢᠶᠡᠯᠯᠡᠬᠦ ᠠᠩᠭᠢ ᠶᠢ ᠰᠡᠷᠭᠦᠭᠡᠭᠰᠡᠨ ᠤ ᠳᠠᠷᠠᠭ᠎ᠠ ᠰᠤᠷᠤᠭᠴᠢᠳ ᠲᠤ ᠬᠦᠬᠡ ᠲᠦᠷᠦᠯ ᠤᠨ ᠮᠤᠩᠭᠤᠯ ᠬᠡᠯᠡ ᠡᠬᠢᠯᠡᠨ ᠵᠢᠭᠠᠬᠤ ᠪᠤᠯᠤᠭᠰᠠᠨ ᠠᠴᠠ ᠬᠦᠴᠢᠷᠳᠡᠯ ᠮᠦᠨ ᠲᠡᠷᠡ ᠦᠶ᠎ᠡ ᠠᠴᠠ ᠡᠬᠢᠯᠡᠭᠰᠡᠨ ᠶᠤᠮ᠂ ᠰᠤᠷᠤᠭᠴᠢᠳ ᠤᠨ ᠮᠤᠩᠭᠤᠯ ᠬᠡᠯᠡᠨ ᠤ ᠰᠠᠭᠤᠷᠢ ᠠᠨᠠᠢ᠂ ᠤᠷᠴᠢᠨ ᠲᠤᠭᠤᠷᠢᠨ ᠭᠡᠵᠦ ᠦᠨᠳᠦᠰᠦᠨ ᠳᠡᠭᠡᠨ ᠦᠭᠡᠢ ᠪᠤᠯᠬᠤᠷ ᠨᠢᠭᠡ ᠦᠭᠡ ᠶᠢᠨ ᠤᠳᠬ᠎ᠠ ᠶᠢ ᠤᠶᠢᠯᠠᠭᠠᠭᠤᠯᠬᠤ ᠭᠡᠭᠴᠢ ᠮᠠᠰᠢ ᠬᠦᠴᠢᠷ ᠶᠠᠪᠤᠳᠠᠯ ᠶᠤᠮ ᠳ᠋ᠠ᠂ ᠤᠳᠤ ᠪᠤᠯᠬᠤ ᠳᠤ ᠰᠤᠷᠤᠭᠴᠢᠳ ᠤᠨ ᠮᠤᠩᠭᠤᠯ ᠬᠡᠯᠡᠨ ᠤ ᠰᠤᠷᠤᠯᠴᠠᠯᠭ᠎ᠠ ᠮᠡᠳᠡᠭᠳᠡᠮ᠎ᠡ ᠰᠠᠶᠢᠵᠢᠷᠠᠵᠤ᠂ ᠬᠤᠭᠤᠷᠤᠨᠳᠤ ᠪᠠᠨ ᠮᠤᠩᠭᠤᠯ ᠢᠶᠠᠷ ᠰᠠᠶᠢᠬᠠᠨ ᠶᠠᠷᠢᠯᠴᠠᠨ ᠵᠤᠭᠤᠭᠳᠠᠬᠤ ᠶᠢᠨ ᠬᠠᠮᠲᠤ ᠤᠬᠤᠷ ᠵᠤᠬᠢᠶᠠᠯ᠂ ᠰᠢᠯᠦᠭ ᠪᠢᠴᠢᠵᠦ ᠳᠡᠶᠢᠯᠬᠦ ᠪᠤᠯᠤᠭᠰᠠᠨ ᠶᠤᠮ᠃ ᠲᠡᠳᠡᠨᠦᠰ ᠴᠦ ᠮᠤᠩᠭᠤᠯ ᠬᠡᠯᠡ ᠪᠠᠨ ᠠᠩᠬ᠎ᠠ ᠰᠤᠷᠬᠤ ᠳᠤ ᠬᠦᠴᠢᠷᠳᠡᠵᠦ ᠪᠠᠶᠢᠭᠰᠠᠨ ᠦᠶ᠎ᠡ ᠪᠠᠨ ᠡᠷᠭᠢᠨ ᠰᠠᠨᠠᠬᠤ ᠪᠦᠷᠢ ᠢᠨᠢᠶᠡᠳᠦ ᠨᠢ ᠬᠦᠷᠳᠡᠭ ᠪᠠᠶᠢᠯ᠎ᠠ ᠭᠡᠮᠡᠨ ᠸᠠᠩ ᠳ᠋ᠦᠩ ᠮᠸᠢ ᠪᠠᠭᠰᠢ ᠲᠠᠨᠢᠯᠴᠠᠭᠤᠯᠤᠨ ᠶᠠᠷᠢᠯ᠎ᠠ᠃ ᠮᠤᠩᠭᠤᠯ ᠪᠠᠭᠰᠢ ᠶᠡᠬᠡᠪᠡᠷ ᠲᠤᠲᠠᠭᠳᠠᠵᠤ ᠪᠠᠶᠢᠭ᠎ᠠ ᠪᠤᠳᠠᠲᠤ ᠪᠠᠶᠢᠳᠠᠯ ᠢᠶᠠᠨ ᠦᠭᠡᠷᠡᠴᠢᠯᠡᠬᠦ ᠶᠢᠨ ᠲᠤᠰᠠᠲᠠ ᠤᠷᠴᠢᠮ ᠤᠨ ᠬᠤᠶᠠᠷ ᠵᠢᠯ ᠤᠨ ᠪᠠᠭᠰᠢ ᠶᠢᠨ ᠰᠢᠯᠭᠠᠯᠲᠠ ᠪᠠᠷ ᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠨᠢ 8 ᠨᠡᠷ᠎ᠡ ᠮᠤᠩᠭᠤᠯ ᠪᠠᠭᠰᠢ ᠡᠯᠰᠡᠨ ᠬᠡᠷᠡᠭᠯᠡᠵᠡᠢ᠃ ︽ᠨᠡᠷ᠎ᠡ ᠮᠡᠳᠡᠭᠦᠯᠬᠦ ᠦᠶ᠎ᠡ ᠳᠤ ᠠᠵᠢᠯ ᠤᠨ ᠪᠠᠶᠢᠷᠢ ᠪᠠᠨ ᠪᠢ ᠤᠷᠤᠢ ᠶᠢᠨ ᠰᠦᠮ᠎ᠡ ᠳᠤ ᠲᠠᠭᠯᠠᠭᠰᠠᠨ ᠳᠤ ᠰᠢᠯᠭᠠᠯᠲᠠ ᠶᠢᠨ ᠳᠠᠷᠠᠭ᠎ᠠ ᠨᠠᠮᠠᠶᠢ ᠬᠠᠷᠢᠨ ᠴᠠᠩ ᠱᠧᠩ ᠭᠡᠳᠡᠭ ᠪᠠᠯᠭᠠᠰᠤᠨ ᠳᠤ ᠬᠤᠪᠢᠶᠠᠴᠢᠬᠠᠭᠰᠠᠨ᠂ ᠰᠡᠬᠦᠯ ᠳᠤ ᠨᠢ ᠨᠠᠮᠠᠶᠢ ᠠᠳᠡ ᠰᠢᠯᠵᠢᠭᠦᠯᠦᠨ ᠠᠪᠴᠢᠷᠠᠭᠰᠠᠨ ᠶᠤᠮ︾ ᠭᠡᠵᠦ ᠤᠩᠨᠢᠭᠤᠳ ᠨᠤᠲᠤᠭ ᠲᠠᠢ ᠲᠠᠩ ᠷᠦᠩ ᠪᠠᠭᠰᠢ ᠢᠨᠢᠶᠡᠵᠦ ᠬᠡᠯᠡᠨ᠎ᠡ᠃ ᠪᠠᠭᠰᠢ ᠬᠡᠳᠦᠶᠢᠪᠡᠷ ᠶᠡᠭᠡ ᠬᠡᠮᠵᠢᠶ᠎ᠡ ᠪᠠᠷ ᠲᠤᠲᠠᠭᠳᠠᠵᠤ ᠪᠠᠶᠢᠪᠠᠴᠤ ᠪᠠᠭᠰᠢ ᠶᠢᠨ ᠰᠢᠯᠭᠠᠯᠲᠠ ᠪᠠᠷ ᠬᠤᠪᠢᠶᠠᠬᠤ ᠦᠶᠡᠰ ᠲᠡᠭᠡᠨ ᠬᠠᠷᠢᠨ ᠡᠨᠡ ᠲᠠᠯ᠎ᠠ ᠶᠢ ᠬᠠᠮᠢᠶᠠᠷᠤᠯ ᠦᠭᠡᠢ ᠰᠢᠭᠤᠳ ᠬᠤᠪᠢᠶᠠᠴᠢᠬᠠᠳᠠᠭ ᠤᠴᠢᠷ ᠴᠦ ᠡᠭᠦᠰᠳᠡᠭ ᠪᠠᠶᠢᠯ᠎ᠠ᠃ ᠤᠷᠤᠶᠢᠨᠰᠦ᠋ᠮ᠎ᠡ ᠮᠤᠩᠭᠤᠯ ᠦᠨᠳᠦᠰᠦᠲᠡᠨ ᠤ ᠭᠤᠤᠯ ᠬᠦᠢᠰᠦ ᠪᠠᠭ᠎ᠠ ᠰᠤᠷᠭᠠᠭᠤᠯᠢ ᠨᠢ ᠲᠠᠩ ᠷᠦᠩ ᠮᠡᠲᠦ ᠶᠢᠨ ᠦᠢᠷ᠎ᠠ ᠵᠡᠷᠭᠡᠯᠡᠳᠡᠭᠡ ᠤᠩᠨᠢᠭᠤᠳ ᠬᠤᠰᠢᠭᠤ᠂ ᠠᠷᠤ ᠬᠤᠷᠴᠢᠨ ᠬᠤᠰᠢᠭᠤ ᠵᠡᠷᠭᠡ ᠭᠠᠵᠠᠷ ᠠᠴᠠ ᠤᠯᠠᠨ ᠪᠠᠭᠰᠢ ᠪᠠᠶᠢᠳᠠᠭ ᠪᠦᠭᠡᠳ ᠰᠡᠷᠭᠦᠯᠡᠩ ᠰᠢᠭ ᠲᠦᠩᠯᠢᠶᠤᠤ ᠬᠤᠲᠠ ᠠᠴᠠ ᠴᠦ ᠢᠷᠡᠭᠰᠡᠨ ᠪᠠᠭᠰᠢ ᠪᠠᠶᠢᠵᠤ᠂ ᠲᠤᠰ ᠰᠤᠷᠭᠠᠭᠤᠯᠢ ᠶᠢᠨ ᠦᠨᠳᠦᠰᠦᠲᠡᠨ ᠤ ᠰᠤᠷᠭᠠᠨ ᠬᠦᠮᠦᠵᠢᠯ ᠳᠤ ᠬᠦᠴᠦᠨ ᠵᠢᠳᠬᠦᠯ ᠢᠶᠠᠨ ᠦᠵᠡᠭᠦᠯᠵᠦ ᠪᠠᠶᠢᠭ᠎ᠠ ᠠᠵᠠᠢ᠃
       ᠮᠤᠩᠭᠤᠯ ᠢᠶᠠᠷ ᠬᠢᠴᠢᠶᠡᠯᠯᠡᠬᠦ ᠠᠩᠭᠢ ᠪᠠᠨ ᠰᠡᠷᠭᠦᠭᠡᠵᠦ᠂ ᠦᠨᠳᠦᠰᠦᠲᠡᠨ ᠤ ᠰᠤᠷᠭᠠᠨ ᠬᠦᠮᠦᠵᠢᠯ ᠤᠨ ᠲᠠᠯ᠎ᠠ ᠪᠠᠷ ᠨᠢᠭᠡ ᠶᠤᠰᠤᠨ ᠤ ᠠᠮᠵᠢᠯᠲᠠ ᠳᠤ ᠬᠦᠷᠦᠭᠰᠡᠨ ᠭᠡᠳᠡᠭ ᠴᠦ ᠵᠠᠩ ᠵᠠᠬᠢᠷᠤᠯ ᠪᠠ ᠤᠯᠠᠨ ᠪᠠᠭᠰᠢ ᠨᠠᠷ ᠲᠤ ᠠᠬᠢᠭᠠᠳ ᠪᠠᠰᠠ ᠨᠢᠭᠡᠨ ᠰᠢᠨ᠎ᠡ ᠠᠰᠠᠭᠤᠳᠠᠯ ᠲᠤᠯᠭᠠᠷᠠᠵᠤ ᠢᠷᠡᠵᠡᠢ᠃ ᠲᠡᠷᠡ ᠨᠢ ᠳᠠᠷᠤᠢ ᠮᠤᠩᠭᠤᠯ ᠢᠶᠠᠷ ᠬᠢᠴᠢᠶᠡᠯᠯᠡᠬᠦ ᠠᠩᠬᠠᠨ ᠤ ᠡᠭᠡᠯᠵᠢ ᠶᠢᠨ ᠰᠤᠷᠤᠭᠴᠢᠳ ᠳᠠᠷᠠᠭ᠎ᠠ ᠵᠢᠯ ᠪᠠᠭ᠎ᠠ ᠰᠤᠷᠭᠠᠭᠤᠯᠢ ᠲᠡᠭᠦᠰᠦᠭᠰᠡᠨ ᠤ ᠳᠠᠷᠠᠭ᠎ᠠ ᠠᠩᠬ᠎ᠠ ᠳᠤᠮᠳᠠᠳᠤ ᠪᠠᠨ ᠬᠠᠮᠢᠭ᠎ᠠ ᠰᠤᠷᠤᠯᠴᠠᠬᠤ ᠪᠤᠢ ᠭᠡᠳᠡᠭ ᠠᠰᠠᠭᠤᠳᠠᠯ ᠪᠠᠶᠢᠯ᠎ᠠ᠃ ᠡᠭᠦᠨ ᠤ ᠲᠤᠯᠠᠳᠠ ᠵᠠᠩ ᠵᠠᠬᠢᠷᠤᠯ ᠬᠤᠶᠠᠷ ᠠᠷᠭ᠎ᠠ ᠵᠠᠮ ᠢ ᠡᠷᠢᠨ ᠰᠦᠪᠡᠭᠴᠢᠯᠡᠵᠡᠢ᠄ ᠨᠢᠭᠡ ᠳᠤ ᠤᠯᠠᠭᠠᠨᠬᠠᠳᠠ ᠶᠢᠨ ᠮᠤᠩᠭᠤᠯ ᠳᠤᠮᠳᠠᠳᠤ ᠰᠤᠷᠭᠠᠭᠤᠯᠢ ᠲᠠᠢ ᠲᠤᠬᠢᠷᠠᠯᠴᠠᠨ ᠲᠡᠭᠦᠰᠬᠦ ᠰᠤᠷᠤᠭᠴᠢᠳ ᠢ ᠲᠡᠨᠳᠡᠬᠢ ᠠᠩᠬ᠎ᠠ ᠳᠤᠮᠳᠠᠳᠤ ᠶᠢᠨ ᠠᠩᠭᠢ ᠳᠤ ᠰᠤᠷᠤᠯᠴᠠᠭᠤᠯᠬᠤ ᠪᠠᠷ ᠬᠤᠶᠠᠷ ᠲᠠᠯ᠎ᠠ ᠪᠠᠷ ᠢᠶᠠᠨ ᠵᠦᠪᠳᠡᠵᠡᠢ ︔ ᠬᠤᠶᠠᠷ ᠲᠤ ᠤᠷᠤᠶᠢᠨᠰᠦ᠋ᠮ᠎ᠡ ᠰᠤᠷᠭᠠᠭᠤᠯᠢ ᠳᠠᠭᠠᠨ ᠠᠩᠬ᠎ᠠ ᠳᠤᠮᠳᠠᠳᠤ ᠶᠢᠨ ᠠᠩᠭᠢ ᠶᠢ ᠰᠡᠷᠭᠦᠭᠡᠨ ᠬᠢᠴᠢᠶᠡᠯᠯᠡᠭᠦᠯᠬᠦ ᠪᠠᠷ ᠳᠡᠭᠡᠭᠰᠢ ᠮᠡᠳᠡᠭᠦᠯᠦᠨ ᠡᠷᠡᠮᠡᠯᠵᠡᠬᠦ ᠶᠠᠪᠤᠳᠠᠯ᠃ ᠵᠠᠩ ᠵᠠᠬᠢᠷᠤᠯ ᠤᠨ ᠬᠤᠪᠢ ᠳᠤ ᠬᠤᠶᠢᠳᠦᠬᠢ ᠠᠷᠭ᠎ᠠ ᠵᠠᠮ ᠢ ᠦᠪᠡᠷ ᠢᠶᠠᠨ ᠢᠯᠡᠭᠦᠦ ᠵᠦᠪᠰᠢᠶᠡᠷᠡᠳᠡᠭ ᠪᠦᠭᠡᠳ ᠡᠨᠡ ᠲᠠᠯ᠎ᠠ ᠪᠠᠷ ᠬᠢ ᠠᠵᠢᠯ ᠢ ᠡᠷᠲᠡ ᠠᠴᠠ ᠪᠡᠯᠡᠳᠬᠡᠨ ᠬᠢᠵᠡᠢ᠃ ᠵᠢᠱᠢᠶᠡᠯᠡᠪᠡᠯ ᠰᠤᠷᠤᠭᠴᠢᠳ ᠤᠨ ᠠᠩᠭᠢ ᠶᠢᠨ ᠭᠡᠷ᠂ ᠪᠠᠶᠢᠷᠢ ᠶᠢᠨ ᠠᠰᠠᠭᠤᠳᠠᠯ ᠢ ᠰᠢᠢᠳᠪᠦᠷᠢᠯᠡᠬᠦ ᠵᠡᠷᠭᠡ᠃ ᠬᠡᠷᠪᠡ ᠳᠡᠭᠡᠳᠦ ᠱᠠᠲᠤᠨ ᠠᠴᠠ ᠠᠩᠬ᠎ᠠ ᠳᠤᠮᠳᠠᠳᠤ ᠶᠢᠨ ᠠᠩᠭᠢ ᠶᠢ ᠰᠡᠷᠭᠦᠭᠡᠬᠦ ᠶᠢ ᠵᠦᠪᠰᠢᠶᠡᠷᠡᠬᠦ ᠳᠤ ᠬᠦᠷᠪᠡᠯ ᠲᠡᠷᠡ ᠳᠠᠷᠤᠢ ᠲᠦᠷᠭᠡᠨ ᠰᠤᠷᠭᠠᠭᠤᠯᠢ ᠳᠠᠭᠠᠨ ᠪᠠᠭᠰᠢ ᠡᠯᠰᠡᠵᠦ ᠬᠡᠷᠡᠭᠯᠡᠬᠦ ᠪᠠᠷ ᠪᠡᠯᠡᠬᠡᠨ ᠪᠤᠯᠤᠭᠠᠳ ᠪᠠᠶᠢᠯ᠎ᠠ᠃        — ᠤᠳᠤᠬᠠᠨ ᠳᠤ ᠮᠠᠨ ᠤ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠠᠩᠭᠢ ᠶᠢᠨ ᠰᠤᠷᠤᠭᠴᠢ ᠶᠢᠨ ᠲᠤᠭ᠎ᠠ ᠤᠯᠠᠮ ᠢᠶᠠᠷ ᠨᠡᠮᠡᠭᠳᠡᠵᠦ ᠪᠤᠢ᠃ ᠬᠤᠵᠢᠮ ᠮᠤᠩᠭᠤᠯ ᠢᠶᠠᠷ ᠰᠤᠷᠤᠯᠴᠠᠬᠤ ᠰᠤᠷᠤᠭᠴᠢ ᠨᠡᠩ ᠤᠯᠠᠨ ᠪᠤᠯᠵᠤ᠂ ᠮᠤᠩᠭᠠᠯ ᠦᠭᠡ ᠬᠡᠯᠡ ᠦᠰᠦᠭ ᠪᠢᠴᠢᠭ ᠢᠶᠠᠨ ᠦᠨᠡᠨᠬᠦ ᠰᠤᠷᠴᠦ ᠬᠡᠷᠡᠭᠯᠡᠬᠦ ᠳᠤ ᠢᠲᠡᠭᠡᠯ ᠳᠦᠭᠦᠷᠡᠩ ᠪᠠᠶᠢᠨ᠎ᠠ ᠭᠡᠵᠦ ᠵᠠᠩ ᠢᠦᠢ ᠵᠢᠶᠠᠩ ᠵᠠᠬᠢᠷᠤᠯ ᠰᠢᠳᠮᠡᠭ ᠶᠠᠷᠢᠬᠤ ᠳᠤ ᠨᠢᠳᠦᠨ ᠠᠴᠠ ᠨᠢ ᠢᠲᠡᠭᠡᠯ ᠤᠨ ᠤᠴᠢ ᠭᠢᠯᠠᠯᠵᠠᠬᠤ ᠰᠢᠭ᠋ ᠪᠤᠯᠤᠯ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号