| ᠰᠤᠷᠪᠤᠯᠵᠢᠯᠠᠭᠰᠠᠨ ᠴᠠᠭ᠄ | 2016 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ | ᠶᠦᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠳ᠋ᠦᠩᠱᠧᠩ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠢᠮᠠᠭᠲᠠ ᠪᠠᠷᠢᠮᠲᠠᠯᠠᠨ | ᠂ ︽12 · 5︾ ᠶᠢᠨ ᠬᠤᠭᠤᠴᠠᠭᠠᠨ ᠳᠤ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ | ᠵᠠᠷᠤᠯᠭ᠎ᠠ ᠶᠢᠨ ᠪᠦᠬᠦ ᠲᠤᠭ᠎ᠠ ᠨᠢ 46.78 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠨ ᠬᠥᠮᠦᠵᠢᠯ ᠤᠨ | ᠰᠠᠭᠤᠷᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠶᠢᠨ ᠡᠩᠨᠡᠭᠡᠨ ᠤ ᠬᠦᠴᠦᠨ ᠤᠯᠠᠮ ᠢᠶᠠᠷ ᠴᠢᠩᠭᠠᠷᠠᠵᠤ᠂ | ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠪᠡ᠃ ᠤᠳᠤ ᠪᠠᠶᠢᠭ᠎ᠠ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠭᠤᠯᠢ ᠬᠡᠦᠬᠡᠳ ᠤᠨ ᠴᠡᠴᠡᠷᠯᠢᠭ 118 ᠪᠠᠶᠢᠵᠤ᠂ ᠰᠤᠷᠭᠠᠭᠤᠯᠢ ︵ᠬᠡᠦᠬᠡᠳ ᠤᠨ ᠴᠡᠴᠡᠷᠯᠢᠭ︶ | ᠳᠤ ᠪᠠᠶᠢᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ ᠳᠤ᠂ ᠠᠯᠪᠠᠨ ᠠᠴᠠ ᠡᠷᠬᠢᠯᠡᠭᠰᠡᠨ | ᠰᠤᠷᠭᠠᠭᠤᠯᠢ ᠨᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠶᠢᠭ᠎ᠠ︔ ᠠᠷᠠᠳ ᠠᠴᠠ ᠡᠷᠬᠢᠯᠡᠭᠰᠡᠨ | ᠰᠤᠷᠭᠠᠭᠤᠯᠢ ᠨᠢ 45᠂ ᠪᠠᠭᠰᠢ ᠠᠵᠢᠯᠳᠠᠨ 1662 ᠬᠥᠮᠦᠨ ᠪᠤᠢ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠤᠷᠭᠠᠨ ᠬᠥᠮᠦᠵᠢᠯ ᠪᠣᠯ ᠪᠠᠭᠠᠴᠤᠳ ᠬᠡᠦᠬᠡᠳ ᠤᠨ | ᠡᠷᠡᠭᠦᠯ ᠢᠶᠠᠷ ᠤᠢᠰᠦᠠ ᠪᠤᠶᠢᠵᠢᠬᠤ ᠳᠤ ᠬᠤᠯᠪᠣᠭᠳᠠᠵᠤ᠂ ︽ᠬᠡᠦᠭᠡᠳ ᠤᠳ ᠲᠤ ᠴᠢᠨᠠᠷ ᠰᠠᠶᠢᠲᠠᠶ ᠰᠤᠷᠭᠠᠨ ᠬᠥᠮᠦᠵᠢᠯ | ᠬᠦᠷᠲᠡᠭᠡᠬᠦ︾ ᠪᠣᠯ ᠭᠡᠷ ᠤᠨ ᠠᠬᠠᠮᠠᠳ ᠨᠢᠭᠡᠪᠦᠷᠢ ᠶᠢᠨ ᠬᠦᠰᠡᠯ ᠡᠷᠡᠮᠡᠯᠵᠡᠯ ᠪᠣᠯᠣᠨ ᠰᠡᠳᠬᠢᠯ ᠤᠨ ᠳᠠᠭᠤᠨ ᠪᠣᠯᠣᠨ᠎ᠠ᠃ | ᠰᠤᠷᠭᠠᠨ ᠬᠥᠮᠦᠵᠢᠯ ᠤᠨ ᠥᠭᠡᠷᠡᠴᠢᠯᠡᠯᠲᠡ ᠨᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠤᠷᠭᠠᠨ | ᠬᠥᠮᠦᠵᠢᠯ ᠢ ᠭᠤᠣᠯᠴᠢ ᠪᠠᠷ ᠬᠦᠷᠲᠡᠭᠡᠬᠦ ᠶᠢ ᠠᠬᠢᠭᠤᠯᠬᠤ ᠶᠢᠨ ᠵᠠᠩᠭᠢᠯᠠᠭ᠎ᠠ ᠮᠥᠨ᠂ ᠡᠶᠢᠮᠦ ᠠᠴᠠ ᠦᠢ ᠣᠯᠠᠨ ᠭᠡᠷ | ᠪᠦᠯᠢ ᠶᠢᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠥᠨᠥᠳᠦᠷ ᠤᠨ ᠮᠠᠨ ᠤ ᠫᠷᠦᠭᠷᠡᠮ ᠤᠨ ᠵᠣᠴᠢᠨ ᠪᠣᠯ | ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠦᠨ ᠪᠣᠯᠣᠨ᠎ᠠ | ᠂ ᠯᠢ ᠳᠠᠷᠤᠭ᠎ᠠ ᠠᠴᠠ ᠥᠷᠭᠡᠨ ᠣᠯᠠᠨ ᠰᠦᠯᠵᠢᠶᠡᠨ ᠠᠨᠳᠠ ᠨᠠᠷ ᠲᠤ ᠳ᠋ᠦᠩᠱᠧᠩ ᠲᠣᠭᠤᠷᠢᠭ ᠤᠨ ᠰᠤᠷᠭᠠᠨ | ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠬᠤ ᠪᠣᠯᠤᠨ᠎ᠠ᠃ ᠯᠢ | ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ | ᠯᠢ ᠶᠦᠨ᠄ | ᠰᠦᠯᠵᠢᠶᠡᠨ ᠠᠨᠳᠠ ᠨᠠᠷ ᠲᠠ ᠪᠦᠭᠦᠨ ᠰᠠᠶᠢᠨ ᠪᠠᠶᠢᠵᠠᠭᠠᠨ᠎ᠠ ᠤᠤ︕ ︽ᠳᠤᠮᠳᠠᠳᠤ ᠤᠯᠤᠰ ᠥᠪᠥᠷ | ᠮᠣᠩᠭᠤᠯ ᠰᠦᠯᠵᠢᠶ᠎ᠡ︾ ᠪᠠᠷ ᠳᠠᠮᠵᠢᠭᠠᠳ ᠤᠯᠡᠠ ᠲᠠᠢ ᠰᠠᠨᠠᠯ ᠢᠶᠠᠨ ᠰᠤᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ | ᠪᠠᠶᠢᠨ᠎ᠠ᠂ ᠰᠦᠯᠵᠢᠶᠡᠨ ᠤ ᠠᠨᠳᠠ ᠨᠠᠷ ᠳ᠋ᠦᠩᠱᠧᠩ ᠤᠨ ᠰᠤᠷᠭᠠᠨ ᠬᠥᠮᠦᠵᠢᠯ ᠳᠤ ᠢᠯᠡᠭᠦᠬᠡᠨ ᠣᠶᠢᠯᠠᠭᠠᠯᠲᠠ ᠲᠠᠢ | ᠪᠣᠯᠵᠤ᠂ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠡᠪᠰᠢᠭᠦᠯᠬᠦ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠳ᠋ᠦᠩᠱᠧᠩ ᠲᠣᠭᠤᠷᠢᠭ ᠪᠣᠯ ᠣᠷᠳᠣᠰ ᠬᠤᠲᠠ ᠶᠢᠨ ᠲᠥᠪ ᠲᠣᠭᠤᠷᠢᠭ ᠲᠠᠬᠢ ᠭᠤᠣᠯ ᠬᠤᠲᠠ ᠶᠢᠨ | ᠲᠣᠭᠤᠷᠢᠭ ᠪᠣᠯᠣᠨ᠎ᠠ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠨᠢ ᠴᠦ ᠰᠦᠯᠵᠢᠶᠡᠨ ᠤ ᠨᠠᠶᠢᠵᠠ ᠨᠠᠷ ᠤᠨ | ᠠᠩᠬᠠᠷᠤᠯ ᠢ ᠲᠣᠩ ᠶᠡᠭᠡ ᠲᠠᠲᠠᠵᠤ ᠪᠠᠶᠢᠳᠠᠭ᠂ ᠲᠠ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠯᠢ ᠶᠦᠨ᠄ | ᠳ᠋ᠦᠩᠱᠧᠩ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠢᠮᠠᠭᠲᠠ | ᠪᠠᠷᠢᠮᠲᠠᠯᠠᠵᠤ᠂ ︽12 · 5︾ ᠶᠢᠨ ᠬᠤᠭᠤᠴᠠᠭᠠᠨ ᠳᠤ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ | ᠵᠠᠷᠤᠳᠠᠯ ᠳᠤ 46.78 ᠳ᠋ᠦᠩᠰᠢᠭᠤᠷ ᠲᠥᠭᠦᠷᠢᠭ ᠵᠠᠷᠤᠴᠠᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ | ᠲᠦᠬᠦᠭᠡᠷᠦᠮᠵᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠶᠢᠨ ᠡᠩᠨᠡᠭᠡᠨ ᠤ ᠬᠦᠴᠦᠨ ᠤᠯᠠᠮ ᠠᠴᠠ ᠤᠯᠠᠮ | ᠴᠢᠩᠭᠠᠷᠠᠨ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠵᠡᠢ᠃ ᠤᠳᠤ ᠪᠠᠶᠢᠭ᠎ᠠ ᠡᠯ᠎ᠡ | ᠱᠠᠲᠤᠨ ᠤ ᠡᠯ᠎ᠡ ᠲᠦᠷᠦᠯ ᠤᠨ ᠰᠤᠷᠭᠠᠭᠤᠯᠢ ᠬᠡᠦᠬᠡᠳ ᠤᠨ ᠴᠡᠴᠡᠷᠯᠢᠭ 118 ᠪᠠᠶᠢᠵᠤ᠂ ᠰᠤᠷᠭᠠᠭᠤᠯᠢ ︵ | ᠬᠡᠦᠬᠡᠳ ᠤᠨ ᠴᠡᠴᠡᠷᠯᠢᠭ︶ ᠳᠤ ᠪᠠᠶᠢᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ ᠳᠤ᠂ | ᠠᠯᠪᠠᠨ ᠠᠴᠠ ᠡᠷᠬᠢᠯᠡᠭᠰᠡᠨ ᠰᠤᠷᠭᠠᠭᠤᠯᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠶᠢᠭ᠎ᠠ︔ | ᠠᠷᠠᠳ ᠠᠴᠠ ᠡᠷᠬᠢᠯᠡᠭᠰᠡᠨ ᠰᠤᠷᠭᠠᠭᠤᠯᠢ 45᠂ ᠪᠠᠭᠰᠢ ᠠᠵᠢᠯᠳᠠᠨ 1662 ᠬᠥᠮᠦᠨ ᠪᠤᠢ᠃ ︽12 · 5︾ ᠶᠢᠨ | ᠬᠤᠭᠤᠴᠠᠭᠠᠨ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠳᠤ ᠬᠡᠦᠬᠡᠳ ᠤᠨ ᠴᠡᠴᠡᠷᠯᠢᠭ ᠲᠤ | ᠣᠷᠣᠬᠤ ᠨᠤᠷᠮ᠎ᠠ ᠨᠢᠭᠡᠨᠲᠡ 91.91% ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ | ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠥᠮᠥᠵᠢᠯ ᠢ ᠴᠢᠨᠠᠷᠯᠢᠭ ᠲᠦᠭᠡᠮᠡᠯᠵᠢᠭᠦᠯᠬᠦ︾ ᠶᠢ ᠪᠡᠶᠡᠯᠡᠭᠦᠯᠦᠭᠰᠡᠨ | ᠬᠤᠰᠢᠭᠤ ᠲᠣᠭᠤᠷᠢᠭ ᠪᠣᠯᠣᠭᠰᠠᠨ ᠤ ᠳᠠᠷᠠᠭ᠎ᠠ᠂ 2015 ᠣᠨ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠪᠦᠯᠦᠭ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ | ᠭᠦᠨᠵᠡᠭᠡᠶᠢᠷᠡᠭᠦᠯᠦᠭᠰᠡᠨ ᠲᠣᠭᠤᠷᠢᠭ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠣᠳᠣ ᠶᠠᠭ ᠦᠨᠳᠦᠰᠦᠨ | ᠲᠡᠩᠴᠡᠭᠦᠷᠢ ᠠᠴᠠ ᠪᠠᠨ ᠴᠢᠨᠠᠷ ᠰᠠᠶᠢᠲᠠᠶ ᠲᠡᠩᠴᠡᠭᠦᠷᠢ ᠵᠦᠭ ᠤᠷᠤᠭᠰᠢᠯᠠᠵᠤ ᠪᠠᠶᠢᠨ᠎ᠠ︔ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠳ᠋ᠦᠩᠱᠧᠩ ᠲᠣᠭᠤᠷᠢᠭ ᠤᠨ ᠳ᠋ᠦᠩ ᠯᠢᠶᠠᠨ | ᠤᠳᠤ ᠦᠶ᠎ᠡ ᠶᠢᠨ ᠳᠤᠮᠳᠠᠳᠤ ᠰᠤᠷᠭᠠᠭᠤᠯᠢ ᠨᠢ 2012 ᠣᠨ ᠳᠤ ︽ᠥᠪᠡᠷᠲᠡᠭᠡᠨ ᠵᠠᠰᠠᠬᠤ ᠣᠷᠣᠨ ᠤ ᠵᠢᠱᠢᠶ᠎ᠡ | ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠠᠷ ᠨᠡᠷᠡᠶᠢᠳᠦᠭᠳᠡᠪᠡ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠦᠨᠳᠦᠰᠦᠲᠡᠨ ᠤ ᠰᠤᠷᠭᠠᠨ ᠬᠥᠮᠦᠵᠢᠯ ᠴᠦ ᠲᠣᠭᠲᠠᠭᠤᠨ ᠢᠶᠠᠷ | ᠳᠡᠭᠡᠭᠰᠢᠯᠡᠵᠡᠶ᠃ ᠬᠡᠯᠡᠯᠭᠡᠨ ᠦᠭᠡᠢ᠂ ᠡᠨᠡ ᠨᠢ ᠮᠠᠰᠢ ᠶᠡᠭᠡ ᠬᠡᠮᠵᠢᠶᠡᠨ ᠳᠡᠭᠡᠷ᠎ᠡ ᠪᠠᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠯᠲᠡ ᠠᠰᠢᠭ ᠬᠦᠷᠲᠡᠭᠰᠡᠨ ᠶᠠᠪᠤᠳᠠᠯ ᠪᠤᠯᠬᠤ | ᠶᠤᠮ᠃ | ᠬᠥᠲᠥᠯᠥᠭᠴᠢ᠄ | ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠣᠯᠠᠨ ᠵᠦᠢᠯ ᠤᠨ ᠠᠷᠭ᠎ᠠ | ᠬᠡᠮᠵᠢᠶ᠎ᠡ ᠨᠢ ᠵᠥᠪᠬᠡᠨ ᠣᠷᠳᠣᠰ ᠬᠤᠲᠠ ᠳᠤ ᠲᠡᠷᠢᠭᠦᠯᠡᠵᠦ ᠪᠠᠶᠢᠬᠤ ᠪᠢᠰᠢ᠂ ᠥᠪᠡᠷᠲᠡᠭᠡᠨ ᠵᠠᠰᠠᠬᠤ ᠣᠷᠣᠨ | ᠴᠢᠨᠠᠭᠰᠢᠯᠠᠪᠠᠯ ᠪᠦᠬᠦ ᠤᠯᠤᠰ ᠲᠤ ᠴᠥᠮ ᠲᠡᠷᠢᠭᠦᠯᠡᠵᠦ ᠪᠠᠶᠢᠨ᠎ᠠ᠃ ᠲᠠ ᠳ᠋ᠦᠩᠱᠧᠩ ᠲᠣᠭᠤᠷᠢᠭ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠨᠢᠯᠴᠠᠭᠤᠯᠵᠤ ᠥᠭᠭᠦᠨ᠎ᠡ ᠦᠦ︖ | ᠯᠢ ᠶᠦᠨ᠄ | ᠡᠩ ᠲᠡᠷᠢᠭᠦᠨ ᠳᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠬᠡᠷᠡᠭᠵᠢᠭᠦᠯᠪᠡ᠂ ᠳ᠋ᠦᠩᠱᠧᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠰᠤᠷᠭᠠᠭᠤᠯᠢ ᠶᠢᠨ | ᠲᠣᠭᠤᠷᠢᠭ ᠤᠨ ᠳᠦᠷᠢᠮ ᠢ ᠬᠠᠮᠤᠭ ᠤᠨ ᠲᠡᠷᠢᠭᠦᠨ ᠳᠤ ᠲᠤᠷᠰᠢᠨ ᠬᠡᠷᠡᠭᠵᠢᠭᠦᠯᠵᠦ᠂ ᠬᠠᠮᠢᠶᠠᠷᠬᠤ ᠡᠷᠬᠢᠯᠡᠬᠦ ᠬᠢᠨᠠᠬᠤ ᠶᠢ | ᠰᠠᠯᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠲᠤᠰᠬᠠᠢ ᠬᠠᠷᠢᠭᠤᠴᠠᠯᠭᠠᠲᠤ ᠰᠤᠷᠭᠠᠭᠤᠯᠢ | ᠪᠠᠶᠢᠴᠠᠭᠠᠭᠴᠢ 1 ᠬᠥᠮᠦᠨ᠂ ᠨᠡᠶᠢᠭᠡᠮ ᠤᠨ ᠲᠤᠰᠢᠶᠠᠯ ᠬᠠᠪᠰᠤᠷᠭᠠᠵᠤ ᠪᠠᠶᠢᠭ᠎ᠠ ᠰᠤᠷᠭᠠᠭᠤᠯᠢ ᠪᠠᠶᠢᠴᠠᠭᠠᠭᠴᠢ 2 | ᠬᠥᠮᠦᠨ ᠲᠣᠬᠢᠷᠠᠭᠤᠯᠵᠤ᠂ ︽ᠵᠠᠰᠠᠭ ᠤᠨ ᠣᠷᠳᠣᠨ ᠰᠤᠷᠭᠠᠨ ᠬᠥᠮᠦᠵᠢᠯ ᠢ ᠬᠠᠮᠢᠶᠠᠷᠴᠤ᠂ ᠰᠤᠷᠭᠠᠭᠤᠯᠢ ᠰᠤᠷᠭᠠᠨ | ᠬᠥᠮᠦᠵᠢᠯ ᠢ ᠡᠷᠬᠢᠯᠡᠵᠦ᠂ ᠨᠡᠶᠢᠭᠡᠮ ᠰᠤᠷᠭᠠᠨ ᠬᠥᠮᠦᠵᠢᠯ ᠢ ᠦᠨᠡᠯᠡᠬᠦ︾ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠪᠡ᠃ ᠳᠠᠷᠠᠭ᠎ᠠ ᠳᠤᠨᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠠᠵᠢᠯᠲᠠᠨ ᠤ ᠶᠠᠪᠤᠳᠠᠯ ᠤᠨ | ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠂ ᠰᠤᠷᠭᠠᠭᠤᠯᠢ ᠴᠡᠴᠡᠷᠯᠢᠭ ᠤᠨ ᠵᠠᠬᠢᠷᠤᠯ ᠤᠨ | ᠬᠠᠷᠢᠭᠤᠴᠠᠬᠤ ᠳᠦᠷᠢᠮ᠂ ᠲᠤᠰᠢᠶᠠᠯ ᠤᠨ ᠳᠡᠰ ᠤᠨ ᠳᠦᠷᠢᠮ᠂ ᠪᠠᠭᠰᠢ ᠠᠵᠢᠯᠲᠠᠨ ᠢ ᠤᠷᠢᠨ ᠬᠡᠷᠡᠭᠯᠡᠬᠦ ᠳᠦᠷᠢᠮ | ᠪᠣᠯᠤᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠦᠷᠢᠮ᠂ ᠰᠤᠷᠭᠠᠭᠤᠯᠢ ᠴᠡᠴᠡᠷᠯᠢᠭ ᠤᠨ ᠵᠠᠬᠢᠷᠤᠯ᠂ | ᠪᠠᠭᠰᠢ ᠶᠢ ᠰᠣᠯᠢᠯᠴᠠᠭᠤᠯᠤᠨ ᠡᠭᠡᠯᠵᠢᠯᠡᠭᠦᠯᠬᠦ ᠲᠦᠷᠢᠮ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ | ᠬᠠᠮᠤᠭ ᠤᠨ ᠲᠡᠷᠢᠭᠦᠨ ᠳᠤ ᠬᠡᠷᠡᠭᠵᠢᠭᠦᠯᠵᠦ᠂ ︽ᠳ᠋ᠦᠩᠱᠧᠩ ᠤᠨ ᠰᠤᠷᠭᠠᠨ ᠬᠥᠮᠦᠵᠢᠯ ᠤᠨ ᠣᠨᠴᠠᠭᠠᠶ ᠱᠠᠩᠨᠠᠯ︾ ᠢ | ᠪᠠᠶᠢᠭᠤᠯᠵᠤ᠂ ᠳ᠋ᠦᠩᠱᠧᠩ ᠤᠨ ᠰᠤᠷᠭᠠᠨ ᠬᠥᠮᠦᠵᠢᠯ ᠤᠨ ᠦᠢᠯᠡᠰ ᠤᠨ ᠨᠢᠭᠲᠠᠷᠠᠯ ᠤᠨ ᠬᠦᠴᠦᠨ ᠪᠠ ᠤᠷᠢᠶᠠᠯᠠᠬᠤ | ᠬᠦᠴᠦᠨ ᠢ ᠴᠢᠩᠭᠠᠷᠠᠭᠤᠯᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠤᠨ ᠵᠣᠷᠢᠭ ᠲᠡᠭᠦᠯᠳᠡᠷ ᠢᠶᠠᠷ | ᠤᠷᠤᠭᠰᠢᠯᠠᠬᠤ ᠢ ᠨᠢ ᠵᠣᠷᠢᠭᠵᠢᠭᠤᠯᠵᠤ᠂ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ | ᠳ᠋ᠦᠩᠱᠧᠩ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠶᠢ ᠲᠦᠷᠬᠡᠨ ᠠᠬᠢᠭᠤᠯᠵᠤ | ᠂ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠪᠠ᠃ ᠡᠭᠦᠨ ᠤ ᠬᠠᠮᠲᠤ᠂ ᠬᠡᠪ ᠪᠣᠯᠪᠠᠰᠤᠷᠠᠯ ᠤᠨ ᠰᠤᠷᠭᠠᠨ | ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ | ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠢ ᠬᠥᠭᠵᠢᠭᠦᠯᠵᠦ᠂ ᠭᠤᠸ᠎ᠠ | ᠰᠠᠶᠢᠬᠠᠨ ᠤ ᠬᠥᠮᠦᠵᠢᠯ ᠢ ᠶᠡᠬᠡᠪᠡᠷ ᠬᠥᠭᠵᠢᠭᠦᠯᠪᠡ︔ ᠬᠢᠴᠢᠶᠡᠯ ᠪᠠ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠤᠷᠪᠠᠨ ᠱᠠᠲᠤᠨ ᠤ ᠬᠢᠴᠢᠶᠡᠯ ᠤᠨ ᠰᠢᠰᠲ᠋ᠧᠮᠵᠢ᠂ ︽ᠭᠡᠷ ᠤᠨ ᠠᠬᠠᠮᠠᠳ ᠰᠤᠷᠭᠠᠭᠤᠯᠢ | ᠨᠡᠶᠢᠭᠡᠮ︾ ᠭᠤᠷᠪᠠ ᠶᠢ ᠨᠢᠭᠡ ᠴᠤᠭᠴᠠᠵᠢᠭᠤᠯᠤᠭᠰᠠᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠵᠤ᠂ ︽ | ᠣᠶᠣᠨᠲᠤ ᠰᠤᠷᠭᠠᠭᠤᠯᠢ ᠶᠢᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠤᠯᠠᠮ ᠢᠯᠡᠳᠲᠡ ᠳᠡᠭᠡᠭᠰᠢᠯᠡᠭᠦᠯᠪᠡ᠃ | ᠬᠥᠲᠥᠯᠥᠭᠴᠢ᠄ | ᠰᠤᠷᠭᠠᠭᠤᠯᠢ ᠶᠢᠨ ᠲᠣᠭᠤᠷᠢᠭ ᠤᠨ ᠲᠦᠷᠢᠮ ᠨᠢ ᠤᠯᠠᠨ ᠳᠤ ᠠᠪᠴᠤ ᠬᠡᠯᠡᠪᠡᠯ ᠰᠢᠨ᠎ᠡ ᠬᠡᠷᠡᠭ ᠪᠣᠳᠠᠰ | ᠪᠣᠯᠣᠨ᠎ᠠ᠂ ᠯᠢ ᠳᠠᠷᠤᠭ᠎ᠠ ᠲᠠ ᠳ᠋ᠦᠩᠱᠧᠩ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ | ᠪᠠᠶᠢᠭᠤᠯᠤᠯᠲᠠ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠶᠠᠷᠢᠭᠠᠳ ᠥᠭᠭᠦᠨ᠎ᠡ ᠦᠦ︖ | ᠯᠢ ᠶᠦᠨ᠄ | ᠪᠢᠳᠠ ᠭᠦᠢᠴᠡᠳ ᠪᠠᠶᠢᠴᠠᠭᠠᠨ ᠰᠣᠳᠣᠯᠠᠭᠠᠳ ᠨᠤᠲᠠᠯᠠᠭᠰᠠᠨ ᠤ ᠰᠠᠭᠤᠷᠢᠨ ᠳᠡᠭᠡᠷ᠎ᠡ᠂ ︽ᠳ᠋ᠦᠩᠱᠧᠩ | ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ | ᠲᠤᠭᠲᠠᠭᠠᠪᠠ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ | ᠂ ᠳ᠋ᠦᠩᠱᠧᠩ ᠲᠣᠭᠤᠷᠢᠭ ᠢ ᠳᠥᠷᠪᠡᠨ ᠶᠡᠭᠡ ᠰᠤᠷᠭᠠᠭᠤᠯᠢ ᠶᠢᠨ ᠲᠣᠭᠤᠷᠢᠭ ᠪᠣᠯᠭᠠᠨ ᠬᠤᠪᠢᠶᠠᠵᠤ᠂ | ᠰᠤᠷᠭᠠᠭᠤᠯᠢ ᠶᠢᠨ ᠲᠣᠭᠤᠷᠢᠭ ᠳᠣᠲᠣᠷ᠎ᠠ ᠶᠣᠰᠣ ᠮᠣᠷᠠᠯ ᠤᠨ ᠬᠥᠮᠦᠵᠢᠯ ᠤᠨ ᠠᠵᠢᠯ᠂ ᠪᠠᠭᠰᠢ ᠨᠠᠷ ᠢ | ᠪᠣᠯᠪᠠᠰᠤᠷᠠᠭᠤᠯᠬᠤ᠂ ᠬᠢᠴᠢᠶᠡᠯ ᠤᠨ ᠡᠬᠢ ᠪᠠᠶᠠᠯᠢᠭ᠂ ᠵᠢᠭᠠᠨ ᠰᠤᠷᠭᠠᠬᠤ ᠡᠬᠢ ᠪᠠᠶᠠᠯᠢᠭ᠂ ᠵᠠᠷᠤᠳᠠᠯ ᠬᠡᠷᠡᠭᠯᠡᠬᠦ᠂ ᠬᠢᠨᠠᠨ | ᠰᠢᠯᠭᠠᠵᠤ ᠦᠨᠡᠯᠡᠬᠦ ︽ᠵᠢᠷᠭᠤᠭ᠎ᠠ ᠶᠢ ᠨᠢᠭᠡ ᠴᠤᠭᠴᠠᠵᠢᠭᠤᠯᠬᠤ︾ ᠶᠢ ᠲᠤᠷᠰᠢᠨ ᠬᠡᠷᠡᠭᠵᠢᠭᠦᠯᠪᠡ᠃ ᠣᠳᠣᠬᠠᠨ ᠳᠤ᠂ | ᠲᠤᠷᠰᠢᠯᠲᠠ ᠶᠢᠨ ᠳᠤᠮᠳᠠᠳᠤ ᠰᠤᠷᠭᠠᠭᠤᠯᠢ ᠪᠣᠯᠣᠨ ᠸᠧᠨ ᠳ᠋ᠧ ᠳᠤᠮᠳᠠᠳᠤ ᠰᠤᠷᠭᠠᠭᠤᠯᠢ ᠵᠡᠷᠭᠡ 7 ᠪᠦᠯᠦᠭ | ᠰᠤᠷᠭᠠᠭᠤᠯᠢ ᠶᠢᠨ ︽ᠨᠢᠭᠡ ᠰᠤᠷᠭᠠᠭᠤᠯᠢ ᠬᠤᠶᠠᠷ ᠭᠠᠵᠠᠷ︾ ᠰᠤᠷᠭᠠᠭᠤᠯᠢ ᠡᠷᠬᠢᠯᠡᠬᠦ᠂ ᠶᠢᠰᠦᠨ ᠵᠢᠯ ᠤᠨ ᠲᠤᠤᠱᠲᠤ | ᠳᠦᠷᠢᠮ ᠢᠶᠠᠷ ᠰᠤᠷᠭᠠᠭᠤᠯᠢ ᠡᠷᠬᠢᠯᠡᠬᠦ᠂ ᠴᠢᠨᠠᠷ ᠰᠠᠶᠢᠲᠠᠶ ᠰᠤᠷᠭᠠᠭᠤᠯᠢ ᠳᠤ ᠬᠤᠪᠢᠶᠠᠷᠢ ᠰᠤᠷᠭᠠᠭᠤᠯᠢ ᠪᠠᠶᠢᠭᠤᠯᠬᠤ᠂ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ 6 ᠬᠡᠦᠬᠡᠳ ᠤᠨ ᠴᠡᠴᠡᠷᠯᠢᠭ ᠲᠤ ᠬᠤᠪᠢᠶᠠᠷᠢ | ᠬᠦᠷᠢᠶᠡᠯᠡᠩ ᠪᠠᠶᠢᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ ᠨᠢᠭᠡ ᠵᠢᠯ ᠤᠨ ᠲᠤᠷᠰᠢᠬᠢ ᠰᠢᠮᠳᠠᠭᠤᠯᠤᠨ | ᠵᠢᠯᠣᠭᠤᠳᠴᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠪᠡᠯ᠂ ᠤᠤᠯ ᠤᠨ ᠨᠥᠬᠦᠴᠡᠯ ᠢᠶᠠᠷ ᠬᠠᠷᠢᠴᠠᠩᠭᠤᠶ ᠪᠠᠭᠤᠷᠠᠢ | ᠰᠤᠷᠭᠠᠭᠤᠯᠢ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ | ᠶᠠᠰᠤ ᠴᠢᠨᠠᠷ ᠤᠨ ᠳᠡᠭᠡᠭᠰᠢᠯᠡᠯᠲᠡ ᠢᠯᠡᠷᠬᠡᠢ ᠲᠦᠷᠭᠡᠳᠦᠭᠰᠡᠨ ᠪᠠᠶᠢᠨ᠎ᠠ᠃ ᠤᠳᠤ ᠶᠠᠭ ᠭᠠᠭᠴᠠ ᠨᠡᠷᠡᠲᠦ ᠰᠤᠷᠭᠠᠭᠤᠯᠢ | ᠣᠯᠠᠨ ᠬᠤᠪᠢᠶᠠᠷᠢ ᠰᠤᠷᠭᠠᠭᠤᠯᠢ ᠶᠢ ᠲᠡᠳᠬᠦᠬᠦ ᠰᠤᠷᠭᠠᠭᠤᠯᠢ ᠡᠷᠬᠢᠯᠡᠬᠦ ᠬᠡᠯᠪᠡᠷᠢ ᠶᠢ ᠬᠠᠶᠢᠨ ᠰᠦᠪᠡᠭᠴᠢᠯᠡᠨ ᠲᠤᠷᠰᠢᠨ | ᠬᠡᠷᠡᠭᠵᠢᠭᠦᠯᠵᠦ᠂ ᠡᠭᠦᠨ ᠤ ᠬᠠᠮᠲᠤ ᠰᠤᠷᠭᠠᠭᠤᠯᠢ ᠶᠢᠨ ᠲᠣᠭᠤᠷᠢᠭ ᠢ ᠰᠠᠯᠭᠠᠨ ᠬᠤᠪᠢᠶᠠᠷᠢᠯᠠᠬᠤ ᠶᠢᠨ ᠰᠢᠨᠵᠢᠯᠡᠬᠦ | ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠲᠤᠯᠠᠵᠤ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ | ᠳᠤᠮᠳᠠᠳᠤ ᠶᠢ ᠵᠣᠯᠭᠠᠭᠤᠯᠬᠤ ᠰᠤᠷᠭᠠᠨ ᠬᠥᠮᠥᠵᠢᠯ ᠢ ᠴᠢᠩᠭᠠᠳᠬᠠᠵᠤ᠂ ᠰᠤᠷᠭᠠᠭᠤᠯᠢ ᠶᠢᠨ ᠲᠣᠭᠤᠷᠢᠭ ᠤᠨ ᠺᠤᠮᠢᠰ ᠢ | ᠪᠠᠶᠢᠭᠤᠯᠵᠤ᠂ ᠰᠤᠷᠭᠠᠭᠤᠯᠢ ᠶᠢᠨ ᠲᠣᠭᠤᠷᠢᠭ ᠲᠣᠲᠣᠷᠠᠬᠢ ᠬᠥᠮᠦᠨ᠂ ᠡᠳ᠋᠂ ᠪᠣᠳᠠᠰ ᠵᠡᠷᠭᠡ ᠰᠤᠷᠭᠠᠨ ᠬᠥᠮᠦᠵᠢᠯ ᠤᠨ | ᠡᠯ᠎ᠡ ᠲᠦᠷᠦᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠵᠠᠬᠢᠷᠤᠨ ᠲᠣᠬᠢᠷᠠᠭᠤᠯᠵᠤ᠂ ︽ᠪᠦᠯᠬᠦᠮᠴᠢᠯᠡᠨ | ᠬᠥᠭᠵᠢᠭᠦᠯᠬᠦ᠂ ᠬᠤᠯᠪᠤᠭᠠᠯᠠᠨ ᠲᠦᠯᠬᠢᠨ ᠠᠬᠢᠭᠤᠯᠬᠤ᠂ ︿421﹀ ᠪᠠᠷ ᠪᠠᠶᠢᠷᠢᠯᠠᠭᠤᠯᠵᠤ᠂ ᠴᠡᠴᠡᠷᠯᠢᠭ ᠪᠠᠭ᠎ᠠ | ᠰᠤᠷᠭᠠᠭᠤᠯᠢ ᠠᠩᠬ᠎ᠠ ᠳᠤᠮᠳᠠᠳᠤ ᠶᠢ ᠵᠣᠯᠭᠠᠭᠤᠯᠬᠤ︾ ᠪᠦᠷᠢᠨ ᠪᠦᠲᠦᠨ ᠰᠤᠷᠭᠠᠭᠤᠯᠢ ᠶᠢᠨ ᠲᠣᠭᠤᠷᠢᠭ ᠤᠨ | ᠲᠦᠷᠢᠮ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠭᠤᠯᠢ ᠡᠷᠭᠢᠯᠡᠬᠦ ᠵᠥᠷᠢᠶ᠎ᠡ ᠶᠢ ᠲᠠᠰᠤᠷᠠᠯᠳᠠ ᠦᠭᠡᠢ | ᠪᠠᠭᠠᠰᠬᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠠᠷ | ᠪᠠᠳᠠᠷᠠᠭᠤᠯᠬᠤ ᠪᠠ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢ ᠲᠦᠷᠭᠡᠨ ᠪᠤᠶᠢᠵᠢᠭᠤᠯᠬᠤ ᠶᠢ ᠠᠬᠢᠭᠤᠯᠵᠤ ᠪᠠᠶᠢᠨ᠎ᠠ | ᠃ | ᠭᠦᠲᠦᠯᠦᠭᠴᠢ᠄ | ᠯᠢ ᠳᠠᠷᠤᠭ᠎ᠠ ᠡ᠂ ᠰᠤᠷᠭᠠᠭᠤᠯᠢ ᠶᠢᠨ ᠲᠣᠭᠤᠷᠢᠭ ᠤᠨ ᠳᠦᠷᠢᠮ ᠠᠴᠠ ᠭᠠᠳᠠᠨ᠎ᠠ ᠳ᠋ᠦᠩᠱᠧᠩ | ᠲᠣᠭᠤᠷᠢᠭ ᠤᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ | ᠪᠤᠢ︖ | ᠯᠢ ᠶᠦᠨ᠄ | ᠡᠨᠡ ᠵᠢᠯ ᠠᠴᠠ ᠨᠠᠰᠢ᠂ ᠢᠳᠡᠪᠬᠢᠲᠡᠶ ᠪᠡᠯᠡᠳᠬᠡᠬᠦ ᠪᠠ ᠲᠡᠮᠡᠴᠡᠨ ᠤᠯᠬᠤ ᠪᠠᠷ ᠳᠠᠮᠵᠢᠨ᠂ ᠳ᠋ᠦᠩᠱᠧᠩ | ᠲᠣᠭᠤᠷᠢᠭ ᠨᠢᠭᠡᠨᠲᠡ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠣᠷᠳᠣᠨ ᠳᠤ ︽ᠪᠦᠬᠦ | ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠷᠰᠢᠯᠲᠠ ᠶᠢᠨ ᠲᠤᠭᠤᠷᠢᠭ︾ ᠢᠶᠠᠷ ᠲᠤᠭᠲᠠᠭᠠᠭᠳᠠᠪᠠ᠃ ᠳᠠᠷᠠᠭᠠᠴᠢ ᠶᠢᠨ ᠠᠯᠬᠤᠮ ᠳᠤ᠂ | ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ᠂ | ᠬᠠᠮᠢᠶᠠᠷᠤᠯᠲᠠ ᠶᠢᠨ ᠪᠠᠶᠢᠭᠤᠯᠤᠯ᠂ ᠠᠵᠢᠯᠲᠠᠨ ᠤ ᠬᠠᠮᠢᠶᠠᠷᠬᠤ ᠳᠦᠷᠢᠮ᠂ ᠰᠤᠷᠤᠭᠴᠢ ᠡᠯᠰᠡᠬᠦ ᠳᠦᠷᠢᠮ ᠪᠠ ᠰᠤᠷᠭᠠᠨ | ᠬᠥᠮᠦᠵᠢᠯ ᠵᠢᠭᠠᠨ ᠰᠤᠷᠭᠠᠯᠲᠠ ᠪᠠᠷ ᠭᠤᠣᠯ ᠪᠣᠯᠭᠠᠭᠰᠠᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠰᠤᠷᠭᠠᠭᠤᠯᠢ ᠪᠠᠨ ᠬᠠᠤᠯᠢ ᠶᠤᠰᠤᠭᠠᠷ ᠵᠠᠰᠠᠬᠤ ᠠᠵᠢᠯ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠳᠦᠷᠢᠮ ᠢ ᠵᠠᠰᠠᠪᠤᠷᠢᠯᠠᠨ ᠲᠣᠭᠲᠠᠭᠠᠬᠤ ᠶᠢ ᠲᠦᠷᠭᠡᠳᠬᠡᠵᠦ᠂ ᠡᠯ᠎ᠡ | ᠲᠦᠷᠦᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠤᠳᠤ ᠦᠶ᠎ᠡ ᠶᠢᠨ ᠰᠤᠷᠭᠠᠭᠤᠯᠢ ᠶᠢᠨ ᠳᠦᠷᠢᠮ ᠢ | ᠪᠠᠶᠢᠭᠤᠯᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠷᠦᠩᠬᠡᠶᠢᠯᠡᠨ | ᠦᠨᠡᠯᠡᠬᠦ ᠰᠢᠰᠲ᠋ᠧᠮ ᠢ ᠪᠦᠷᠢᠨᠰᠢᠭᠦᠯᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠵᠦ ᠬᠢᠨᠠᠨ | ᠰᠢᠯᠭᠠᠬᠤ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠭᠵᠢᠯᠲᠡ ᠳᠤ ᠦᠢᠯᠡᠴᠢᠯᠡᠬᠦ ᠠᠵᠢᠯ ᠤᠨ ᠬᠢᠷᠢ | ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠠᠮᠢᠶᠠᠷᠬᠤ ᠬᠡᠯᠪᠡᠷᠢ︾ ᠠᠴᠠ ︽ᠦᠢᠯᠡᠴᠢᠯᠡᠭᠡᠨ ᠤ | ᠬᠡᠯᠪᠡᠷᠢ︾ ᠪᠣᠯᠭᠠᠨ ᠬᠤᠪᠢᠷᠠᠭᠤᠯᠤᠨ᠎ᠠ᠃ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ᠂ ᠤᠷᠤᠨ ᠲᠤᠭᠠᠨ ᠤ ᠤᠨᠤᠯᠵᠢᠬᠤᠨ ᠢ ᠠᠯᠬᠤᠮ ᠠᠯᠬᠤᠮ ᠢᠶᠠᠷ ᠰᠤᠯᠠᠷᠠᠭᠤᠯᠵᠤ᠂ | ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ | ᠵᠢᠩᠬᠢᠨᠢ ᠳᠡᠭᠡᠳᠦ ᠳᠡᠰ ᠤᠨ ᠪᠠᠭᠰᠢ ᠶᠢ ᠰᠢᠯᠭᠠᠨ ᠤᠷᠢᠬᠤ ᠠᠵᠢᠯ ᠢ ᠪᠡᠯᠡᠳᠬᠡᠨ ᠥᠷᠨᠢᠭᠦᠯᠵᠦ᠂ ᠰᠢᠯᠢᠳᠡᠭ ᠰᠤᠷᠭᠠᠨ | ᠬᠥᠮᠦᠵᠢᠯ ᠤᠨ ᠴᠢᠳᠠᠪᠤᠷᠢᠲᠠᠨ ᠢ ᠡᠯᠰᠡᠨ ᠤᠷᠢᠬᠤ ᠡᠷᠴᠢᠮ ᠢ ᠨᠡᠮᠡᠭᠳᠡᠭᠦᠯᠵᠦ᠂ ᠨᠡᠷᠡᠲᠦ ᠪᠠᠭᠰᠢ᠂ ᠨᠡᠷᠡᠲᠦ | ᠰᠤᠷᠭᠠᠭᠤᠯᠢ ᠶᠢᠨ ᠵᠠᠬᠢᠷᠤᠯ᠂ ᠨᠡᠷᠡᠲᠦ ᠰᠤᠷᠭᠠᠭᠤᠯᠢ ︽ᠭᠤᠷᠪᠠᠨ ᠨᠡᠷᠡᠲᠦ︾ ᠬᠥᠮᠦᠵᠢᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ︔ ᠰᠤᠷᠭᠠᠭᠤᠯᠢ ᠶᠢᠨ ᠵᠠᠬᠢᠷᠤᠯ ᠢ ᠢᠯᠠ ᠪᠠᠷ ᠰᠤᠩᠭᠤᠨ ᠤᠷᠢᠵᠦ ᠲᠤᠮᠢᠯᠠᠬᠤ ᠳᠦᠷᠢᠮ᠂ | ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ᠂ ᠰᠤᠷᠭᠠᠭᠤᠯᠢ ᠶᠢᠨ ᠵᠠᠬᠢᠷᠤᠯ᠂ ᠪᠠᠭᠰᠢ | ᠪᠤᠯᠵᠤ ᠪᠤᠯᠬᠤ ᠪᠠ ᠤᠬᠤᠷᠢᠨ ᠭᠠᠷᠴᠤ ᠪᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠤᠷᠤᠭᠴᠢ ᠡᠯᠰᠡᠬᠦ | ᠰᠢᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠠᠳᠠᠯᠢ ᠬᠤᠲᠠᠨ ᠳᠤ ᠠᠳᠠᠯᠢ | ᠲᠡᠭᠰᠢ ᠪᠠᠷ ᠰᠤᠷᠭᠠᠭᠤᠯᠢ ᠳᠤ ᠣᠷᠣᠬᠤ ᠬᠡᠦᠬᠡᠳ ᠤᠨ ᠴᠡᠴᠡᠷᠯᠢᠭ ᠲᠤ ᠣᠷᠣᠬᠤ ᠲᠦᠷᠦ ᠶᠢᠨ ᠪᠤᠳᠤᠯᠭ᠎ᠠ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠤᠨ᠎ᠠ︔ ᠬᠡᠰᠡᠭ ᠰᠤᠷᠭᠠᠭᠤᠯᠢ ᠳᠤ ᠰᠤᠷᠤᠯᠴᠠᠬᠤ ᠱᠠᠲᠤᠨ ᠤ ᠨᠡᠪᠲᠡᠷᠡᠭᠦᠯᠦᠨ | ᠬᠥᠮᠦᠵᠢᠭᠦᠯᠬᠦ ᠵᠠᠭᠪᠤᠷ ᠢ ᠬᠡᠷᠡᠭᠵᠢᠭᠦᠯᠵᠦ᠂ ᠣᠨᠴᠠ ᠴᠢᠳᠠᠪᠤᠷᠢᠲᠠᠶ ᠰᠤᠷᠤᠭᠴᠢ ᠶᠢ ᠠᠳᠠᠯᠢ ᠰᠢᠰᠲ᠋ᠧᠮ ᠢᠶᠠᠷ ᠨᠢ | ᠰᠤᠷᠭᠠᠭᠤᠯᠢ ᠳᠤ ᠳᠡᠪᠰᠢᠭᠦᠯᠬᠦ ᠠᠷᠭ᠎ᠠ ᠶᠢ ᠲᠤᠷᠰᠢᠨ ᠬᠡᠷᠡᠭᠵᠢᠭᠦᠯᠦᠨ᠎ᠡ︔ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠤᠯᠪᠠᠰᠤᠷᠠᠭᠤᠯᠤᠯ ᠤᠨ ᠵᠠᠮ ᠢ ᠦᠷᠭᠡᠳᠬᠡᠨ᠎ᠡ︔ ᠦᠨᠳᠦᠰᠦᠲᠡᠨ ᠤ ᠰᠤᠷᠭᠠᠭᠤᠯᠢ ᠶᠢ ᠣᠷᠣᠨ | ᠨᠤᠲᠤᠭ ᠤᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠡᠷᠬᠢᠯᠡᠬᠦ ᠶᠢ ᠨᠢ ᠵᠤᠷᠢᠭᠵᠢᠭᠤᠯᠤᠨ᠎ᠠ᠃ ᠰᠤᠷᠭᠠᠨ | ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠯᠬᠢᠨ ᠠᠬᠢᠭᠤᠯᠬᠤ ᠲᠠᠯ᠎ᠠ ᠪᠠᠷ᠂ | ᠣᠷᠳᠣᠰ ᠬᠤᠲᠠ ᠶᠢᠨ ᠲᠥᠪ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠬᠤ | ᠱᠠᠭᠠᠷᠳᠠᠯᠭ᠎ᠠ ᠪᠠᠷ᠂ ᠬᠢᠶ᠎ᠠ ᠪᠠᠭᠰᠢ ᠰᠢᠨ᠎ᠡ ᠲᠣᠭᠤᠷᠢᠭ᠂ ᠡᠵᠡᠨ ᠬᠤᠷᠤᠭ᠎ᠠ ᠬᠤᠰᠢᠭᠤ ᠯᠤᠭ᠎ᠠ ᠶᠢᠨ ᠰᠤᠷᠭᠠᠨ | ᠬᠥᠮᠦᠵᠢᠯ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠲᠥᠪ ᠲᠣᠭᠤᠷᠢᠭ ᠤᠨ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ︔ ︽ᠬᠥᠬᠡᠬᠤᠲᠠ ᠪᠤᠭᠤᠲᠤ ᠤᠷᠳᠤᠰ | ︾ ᠬᠠᠮᠵᠢᠯᠴᠠᠨ ᠬᠦᠭᠵᠢᠬᠦ ᠳᠤ ᠰᠠᠭᠤᠷᠢᠯᠠᠵᠤ᠂ ᠰᠤᠷᠭᠠᠨ ᠬᠥᠮᠦᠵᠢᠯ ᠤᠨ ᠤᠯᠠᠨ ᠲᠠᠯ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠦᠷᠨᠢᠭᠦᠯᠦᠨ᠎ᠡ︔ ᠪᠤᠭᠤᠲᠤ ᠬᠤᠲᠠ ᠶᠢᠨ ᠴᠢᠩᠱᠠᠨ ᠲᠣᠭᠤᠷᠢᠭ᠂ ᠴᠦᠩᠴᠢᠩ ᠬᠤᠲᠠ ᠶᠢᠨ | ᠱᠠ ᠫᠢᠩ ᠪᠠ ᠲᠣᠭᠤᠷᠢᠭ᠂ ᠦᠷᠦᠮᠴᠢ ᠬᠤᠲᠠ ᠶᠢᠨ ᠰᠠᠶᠢᠪᠠᠭ ᠲᠣᠭᠤᠷᠢᠭ ᠵᠢᠴᠢ ᠰᠢᠶᠠᠩᠭᠠᠩ ᠣᠣᠮᠧᠨ | ᠲᠠᠶᠢᠸᠠᠨ ᠯᠤᠭ᠎ᠠ ᠶᠢᠨ ᠰᠤᠷᠭᠠᠨ ᠬᠥᠮᠦᠵᠢᠯ ᠤᠨ ᠰᠤᠯᠢᠯᠴᠠᠭ᠎ᠠ ᠪᠠᠨ ᠦᠷᠭᠡᠳᠬᠡᠵᠦ᠂ ᠬᠠᠮᠲᠤ ᠪᠠᠷ ᠠᠰᠢᠭ ᠬᠦᠷᠲᠡᠨ | ᠬᠦᠭᠵᠢᠬᠦ ᠪᠠᠷ ᠴᠢᠷᠮᠠᠶᠢᠨ᠎ᠠ᠃ | ᠬᠥᠲᠥᠯᠥᠭᠴᠢ᠄ | ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠠᠯ᠎ᠠ ᠪᠠᠷ ᠡᠷᠡᠰ ᠰᠢᠭᠤᠷᠬᠠᠢ | ᠤᠷᠤᠭᠰᠢᠯᠠᠵᠤ ᠪᠠᠶᠢᠭ᠎ᠠ ᠪᠠᠶᠢᠳᠠᠯ ᠢ ᠤᠯᠵᠤ ᠮᠡᠳᠡᠯ᠎ᠡ᠃ ᠮᠢᠨᠦ ᠪᠣᠳᠣᠬᠤ ᠪᠠᠷ᠂ ᠰᠦᠯᠵᠢᠶᠡᠨ ᠤ ᠠᠨᠳᠠ ᠨᠠᠷ | ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠢᠷᠡᠭᠡᠳᠦᠶ ᠶᠢᠨ ᠲᠥᠯᠥᠪᠵᠢᠭᠦᠯᠭᠡ ᠪᠠ ᠬᠥᠭᠵᠢᠯᠲᠡ ᠶᠢᠨ | ᠬᠠᠷᠠᠯᠲᠠ ᠶᠢ ᠨᠡᠩ ᠢᠯᠡᠭᠦᠦ ᠮᠡᠳᠡᠵᠦ ᠠᠪᠤᠶ᠎ᠠ ᠭᠡᠵᠦ ᠪᠣᠳᠣᠵᠤ ᠪᠠᠶᠢᠬ᠎ᠠ᠂ ᠤᠴᠢᠷ ᠨᠢ ᠡᠨᠡ ᠨᠢ ᠬᠡᠤᠬᠡᠳ ᠤᠳ ᠤᠨ | ᠰᠤᠷᠭᠠᠭᠤᠯᠢ ᠳᠤ ᠣᠷᠣᠬᠤ ᠠᠰᠠᠭᠤᠳᠠᠯ ᠲᠠᠢ ᠬᠤᠯᠪᠣᠭᠳᠠᠵᠤ ᠪᠠᠶᠢᠳᠠᠭ᠃ ᠯᠢ ᠳᠠᠷᠤᠭ᠎ᠠ ᠲᠠ ᠪᠦᠬᠦᠯᠢ | ᠴᠤᠭᠴᠠ ᠪᠠᠷ ᠨᠢ ᠲᠠᠨᠢᠯᠴᠠᠭᠤᠯᠵᠤ ᠦᠭᠭᠦᠨᠡᠦ︖ | ᠯᠢ ᠶᠦᠨ᠄ | ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ 41 ᠳᠤᠮᠳᠠᠳᠤ ᠰᠤᠷᠭᠠᠭᠤᠯᠢ | ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠭᠡᠷᠴᠢᠯᠡᠵᠦ ᠦᠷᠭᠡᠳᠬᠡᠨ | ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠷᠭᠡᠳᠬᠡᠨ ᠬᠥᠭᠵᠢᠭᠦᠯᠵᠦ᠂ ᠴᠡᠴᠡᠷᠯᠢᠭ ᠲᠤ ᠤᠷᠤᠬᠤ ᠲᠦᠷᠦ ᠶᠢᠨ ᠪᠤᠳᠤᠯᠭ᠎ᠠ ᠶᠢ ᠭᠠᠷᠳᠠᠨ ᠲᠤᠬᠢᠷᠠᠭᠤᠯᠵᠤ᠂ ︽ | ᠤᠷᠤᠨ ᠰᠠᠭᠤᠴᠠ ᠲᠠᠢ ᠪᠠᠶᠢᠭᠠᠳ ᠳ᠋ᠦᠩᠱᠧᠩ ᠤᠨ ᠡᠷᠦᠬᠡ ᠠᠮᠠ ᠶᠢᠨ ᠳᠠᠩᠰᠠ ᠦᠭᠡᠢ ᠬᠡᠦᠬᠡᠳ︾ ᠵᠡᠷᠭᠡ | ᠬᠡᠦᠬᠡᠳ ᠤᠨ ᠴᠡᠴᠡᠷᠯᠢᠭ ᠲᠤ ᠣᠷᠣᠬᠤ ᠳᠤ ᠠᠳᠠᠯᠢ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ | ᠦᠷᠬᠦᠯᠵᠢᠯᠡᠨ ᠬᠡᠷᠡᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠳᠡᠮ | ᠠᠰᠢᠭ ᠬᠦᠷᠲᠡᠭᠡᠬᠦ ᠲᠡᠩᠴᠡᠭᠦᠷᠢᠲᠦ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ | ᠤᠨᠴᠠᠯᠢᠬᠲᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ︾ ᠢ ᠡᠬᠢᠯᠡᠭᠦᠯᠵᠦ᠂ | ᠰᠤᠷᠭᠠᠭᠤᠯᠢ ᠶᠢᠨ ᠵᠦᠷᠢᠶᠡᠲᠤ ᠬᠦᠭᠵᠢᠯᠲᠡ᠂ ᠤᠨᠴᠠᠯᠢᠭᠲᠤ ᠬᠦᠭᠵᠢᠯᠲᠡ ᠪᠠ ᠨᠡᠷᠡᠳᠤ ᠲᠡᠮᠳᠡᠭᠲᠦ ᠬᠦᠭᠵᠢᠯᠲᠡ ᠶᠢ | ᠠᠬᠢᠭᠤᠯᠤᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ | ᠣᠨᠴᠠᠯᠢᠭ ᠪᠦᠬᠦᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠷᠤᠭᠴᠢᠳ ᠲᠤ ᠣᠨᠴᠠᠯᠢᠭ | ᠪᠦᠬᠦᠢ᠂ ᠤᠯᠠᠨ ᠶᠠᠩᠵᠤ᠂ ᠪᠦᠬᠦ ᠲᠠᠯ᠎ᠠ ᠶᠢᠨ ᠬᠦᠭᠵᠢᠯᠲᠡ ᠶᠢ ᠤᠯᠭᠤᠨ᠎ᠠ︔ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠢᠴᠢᠶᠡᠯ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠤᠬᠢᠷᠠᠭᠤᠯᠵᠤ᠂ ︽ᠬᠤᠤᠰ ᠬᠢᠷᠢ | ᠬᠡᠮ ᠲᠠᠢ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠬᠠᠷᠢᠴᠠᠯ ᠢ ᠨᠡᠮᠡᠭᠳᠡᠭᠦᠯᠵᠦ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ︽ᠵᠠᠬᠢᠶᠠᠯᠠᠭ᠎ᠠ ᠶᠢᠨ ᠬᠡᠯᠪᠡᠷᠢ ᠶᠢᠨ ᠬᠦᠮᠦᠵᠢᠭᠦᠯᠦᠯ︾ ᠤᠨ | ᠰᠢᠰᠲ᠋ᠧᠮ ᠢ ᠪᠠᠶᠢᠭᠤᠯᠤᠨ ᠴᠢᠩᠭᠠᠳᠬᠠᠵᠤ᠂ ᠰᠣᠳᠣᠨ ᠲᠤᠰᠬᠠᠶ ᠮᠡᠷᠭᠡᠵᠢᠯ ᠢ ᠪᠤᠢ ᠪᠤᠯᠭᠠᠵᠤ᠂ ᠵᠠᠬ᠎ᠠ ᠳᠡᠯᠭᠡᠭᠦᠷ ᠤᠨ | ᠬᠡᠷᠡᠭᠴᠡᠭᠡ ᠳᠤ ᠨᠡᠶᠢᠴᠡᠬᠦ ᠲᠤᠰᠬᠠᠶ ᠮᠡᠷᠭᠡᠵᠢᠯ ᠤᠨ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ | ᠬᠦᠮᠦᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠤᠷᠢᠳᠠᠪᠠᠷ | ᠪᠠᠲᠤᠯᠠᠬᠤ ᠪᠠ ᠰᠠᠶᠢᠵᠢᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠲᠤ ᠤᠷᠬᠦᠯᠵᠢᠯᠡᠨ ᠠᠮᠢᠳᠤᠷᠠᠯ ᠤᠨ | ᠨᠥᠬᠦᠪᠥᠷᠢ ᠤᠯᠭᠤᠨ᠎ᠠ᠃ ᠰᠤᠷᠭᠠᠭᠤᠯᠢ ᠶᠢᠨ ᠰᠤᠷᠭᠠᠨ ᠬᠦᠮᠦᠵᠢᠯ ᠢᠶᠠᠷ ᠭᠤᠣᠯ ᠪᠣᠯᠭᠠᠭᠰᠠᠨ᠂ ᠭᠡᠷ ᠪᠦᠯᠢ ᠶᠢᠨ | ᠬᠦᠮᠦᠵᠢᠯ ᠢᠶᠠᠷ ᠬᠤᠯᠪᠣᠭ᠎ᠠ ᠪᠤᠯᠭᠠᠭᠰᠠᠨ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠢᠶᠠᠷ ᠨᠥᠬᠦᠪᠥᠷᠢ | ᠪᠤᠯᠭᠠᠭᠰᠠᠨ᠂ ᠤᠯᠠᠨ ᠤᠯᠤᠰ ᠤᠨ ᠰᠤᠷᠭᠠᠨ ᠬᠥᠮᠦᠵᠢᠯ ᠢᠶᠠᠷ ᠦᠷᠭᠡᠳᠬᠡᠯ ᠪᠤᠯᠭᠠᠭᠰᠠᠨ᠂ ᠬᠡᠪᠴᠢᠶ᠎ᠡ ᠨᠢ ᠲᠤᠬᠢᠲᠠᠢ᠂ | ᠪᠦᠲᠦᠴᠡ ᠨᠢ ᠵᠣᠬᠢᠰᠲᠠᠶ᠂ ᠭᠤᠯᠳᠤ ᠵᠤᠯᠭᠠᠭᠤᠯᠤᠯᠲᠠ ᠲᠠᠢ᠂ ᠬᠥᠨᠳᠡᠯᠡᠨ ᠨᠡᠪᠲᠡᠷᠡᠯ ᠲᠠᠢ ᠤᠳᠤ ᠦᠢᠶ᠎ᠡ ᠶᠢᠨ ᠤᠯᠤᠰ | ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠤᠷᠭᠠᠨ ᠬᠥᠮᠦᠵᠢᠯ ᠢ ᠴᠢᠨᠠᠷ | ᠰᠠᠶᠢᠲᠠᠶ ᠲᠡᠩᠴᠡᠭᠦᠷᠢᠲᠡᠶ ᠬᠦᠭᠵᠢᠭᠦᠯᠬᠦ ᠶᠢ ᠠᠬᠢᠭᠤᠯᠵᠤ᠂ ᠠᠷᠠᠳ ᠣᠯᠠᠨ ᠳᠤ ᠴᠢᠨᠠᠷ ᠰᠠᠶᠢᠲᠠᠶ᠂ ᠰᠤᠩᠭᠤᠯᠲᠠ ᠲᠠᠢ | ᠰᠤᠷᠭᠠᠨ ᠬᠦᠮᠦᠵᠢᠯ ᠤᠨ ᠦᠢᠯᠡᠴᠢᠯᠡᠭᠡ ᠬᠦᠷᠲᠡᠭᠡᠨ᠎ᠡ᠃ | ᠬᠥᠲᠥᠯᠥᠭᠴᠢ᠄ | ᠵᠠ ᠰᠡᠶᠢᠠ ᠪᠤᠯᠤᠯ᠎ᠠ᠂ ᠯᠢ ᠳᠠᠷᠤᠭ᠎ᠠ ᠶᠢᠨ ︽ᠳᠤᠮᠳᠠᠳᠤ ᠤᠯᠤᠰ ᠥᠪᠥᠷ ᠮᠣᠩᠭᠤᠯ ᠤᠨ ᠰᠦᠯᠵᠢᠶ᠎ᠡ︾ | ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠦᠭᠷᠡᠮ ᠳᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ | ᠪᠢᠲᠡ ᠪᠠᠰᠠ ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠤᠯᠠᠮ ᠠᠴᠠ ᠤᠯᠠᠮ ᠰᠠᠶᠢᠨ ᠡᠷᠬᠢᠯᠡᠵᠦ᠂ ᠨᠡᠩ | ᠤᠯᠠᠨ ᠬᠡᠤᠬᠡᠳ ᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠠᠮᠠᠭᠠᠯᠠᠯ ᠬᠥᠮᠦᠵᠢᠯ ᠳᠣᠣᠷ᠎ᠠ ᠢᠳᠡᠷᠡᠭᠦᠨ ᠢᠶᠠᠷ | ᠦᠰᠦᠨ ᠪᠤᠶᠢᠵᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠤᠨ | ᠬᠦᠯᠢᠶᠡᠨ ᠠᠪᠴᠦ ᠦᠵᠡᠭᠰᠡᠨ ᠳᠤ ᠲᠠᠯᠠᠷᠬᠠᠯ᠎ᠠ᠂ ᠳᠠᠷᠠᠭᠠᠴᠢ ᠶᠢᠨ ᠬᠤᠭᠤᠴᠠᠭᠠᠨ ᠤ ᠫᠷᠦᠭᠷᠡᠮ ᠳᠤ ᠪᠠᠶᠠᠷᠲᠠᠢ | ᠵᠤᠯᠭᠠᠶ᠎ᠠ︕ |