ᠡᠷᠡᠭᠦᠯ ᠪᠡᠶ᠎ᠡ ᠰᠠᠷᠠᠭᠤᠯ ᠤᠬᠠᠭᠠᠨ ᠢ ᠰᠢᠨᠵᠢᠯᠡᠬᠦ ᠤᠬᠠᠭᠠᠨᠴᠢ ᠪᠤᠯᠪᠠᠰᠤᠷᠠᠯ ᠢᠶᠠᠷ ᠳᠡᠳᠬᠦᠨ᠎ᠡ
ᠨᠡᠶᠢᠲᠡᠯᠡᠭᠰᠡᠨ ᠴᠠᠭ᠄
2017-10-18
       ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠠᠷᠭ᠎ᠠ ᠪᠠᠷᠢᠯ ᠨᠢ ᠵᠦᠪ᠂ ᠪᠤᠯᠪᠠᠰᠤᠷᠠᠭᠴᠢ ᠶᠢᠨ ᠪᠡᠶ᠎ᠡ ᠮᠠᠬᠠᠪᠤᠳ ᠤᠨ ᠨᠦᠬᠦᠴᠡᠯ ᠳᠤ ᠵᠤᠬᠢᠴᠠᠭᠰᠠᠨ ᠪᠠᠶᠢᠪᠠᠯ ᠰᠠᠶ᠋ᠢ ᠲᠡᠭᠦᠨ ᠤ ᠡᠷᠡᠭᠦᠯ ᠮᠡᠨᠳᠦ ᠶᠢ ᠳᠡᠳᠬᠦᠵᠦ ᠳᠡᠶᠢᠯᠦᠨ᠎ᠡ᠂ ᠦᠭᠡᠢ ᠪᠤᠯ ᠪᠡᠶ᠎ᠡ ᠮᠠᠬᠠᠪᠤᠳ ᠲᠤ ᠬᠤᠬᠢᠷᠠᠯ ᠤᠴᠠᠷᠠᠭᠤᠯᠵᠤ ᠮᠡᠳᠡᠨ᠎ᠡ᠃
       ᠡᠨᠡ ᠶᠤᠰᠤ ᠶᠢ ᠬᠡᠨ ᠴᠦ ᠮᠡᠳᠡᠨ᠎ᠡ᠃ ᠲᠡᠭᠡᠭᠡᠳ ᠶᠠᠭᠠᠬᠢᠭᠠᠳ ᠲᠠᠮᠢᠷ ᠤᠨ ᠪᠤᠯᠪᠠᠰᠤᠷᠠᠯ ᠠᠴᠠ ᠪᠤᠯᠵᠤ ᠭᠡᠮᠲᠦᠵᠦ ᠰᠢᠷᠬᠠᠲᠤᠭᠰᠠᠳ ᠤᠯᠠᠨ ᠪᠤᠯᠬᠤ ᠬᠠᠨᠳᠤᠰᠢ ᠲᠠᠢ ᠪᠤᠯᠤᠭᠠᠳ ᠪᠠᠶᠢᠨ᠎ᠠ ᠪᠤᠢ︕ ᠴᠢᠬᠢᠷᠠᠭᠵᠢᠯ ᠤᠨ ᠬᠠᠯᠠᠮᠰᠢᠯ᠂ ᠡᠷᠡᠭᠦᠯ ᠮᠡᠨᠳᠦ ᠶᠢᠨ ᠬᠦᠭᠡᠭᠡᠴᠡᠯᠳᠦᠯ ᠨᠢ ᠨᠡᠩ ᠤᠯᠠᠨ ᠬᠦᠮᠦᠨ ᠢ ᠠᠯᠬᠤᠬᠤ᠂ ᠱᠤᠭᠰᠢᠬᠤ ᠬᠦᠩᠭᠡᠨ ᠪᠤᠯᠪᠠᠰᠤᠷᠠᠯ ᠳᠤ ᠤᠷᠤᠯᠴᠠᠬᠤ ᠳᠤ ᠳᠠᠶᠢᠴᠢᠯᠠᠭᠰᠠᠨ ᠢᠶᠠᠷ ᠪᠠᠷᠠᠬᠤ ᠦᠭᠡᠢ᠂ ᠮᠠᠷᠠᠰᠤᠨ᠂ ᠠᠭᠤᠯᠠ ᠠᠪᠠᠷᠢᠬᠤ᠂ ᠳᠤᠭᠤᠢ ᠲᠡᠷᠭᠡᠨ ᠤ ᠤᠷᠤᠯᠳᠤᠭᠠᠨ ᠳᠤ ᠴᠦ ᠤᠷᠢᠶᠠᠯᠠᠨ ᠳᠠᠭᠤᠳᠠᠵᠤ ᠡᠬᠢᠯᠡᠵᠡᠢ᠃ ᠲᠡᠭᠡᠭᠡᠳ ᠠᠯᠢ ᠬᠦᠩᠭᠡᠨ ᠠᠴᠠ  ᠨᠢ ᠠᠪᠴᠤ ᠬᠡᠯᠡᠬᠦ ᠳᠤ᠂ ᠢᠲᠡᠭᠡᠯ ᠨᠢ ᠤᠷᠤᠢ ᠪᠠᠷ ᠨᠢ ᠤᠯᠪᠤᠯᠵᠠᠭᠠᠳ᠂ ᠠᠯᠬᠤᠵᠤ ᠪᠠᠶᠢᠭᠰᠠᠨ ᠢᠶᠠᠨ ᠭᠡᠨᠡᠳᠲᠡ ᠭᠦᠶᠦᠬᠦ ᠳᠤ ᠳᠤᠷᠠᠯᠠᠭᠠᠳ᠂ ᠡᠪᠦᠳᠦᠭ ᠢᠶᠠᠨ ᠭᠡᠮᠲᠦᠭᠡᠭᠡᠳ ᠭᠦᠶᠦᠬᠦ ᠪᠠᠶᠢᠲᠤᠭᠠᠢ ᠠᠯᠬᠤᠬᠤ ᠳᠤ ᠴᠦ ᠬᠦᠴᠢᠷᠳᠡᠬᠦ ᠪᠤᠯᠤᠭᠰᠠᠨ ᠬᠦᠮᠦᠨ ᠪᠢᠳᠡᠨ ᠤ ᠬᠠᠵᠠᠭᠤ ᠬᠠᠪᠢᠷᠭ᠎ᠠ ᠪᠠᠷ ᠬᠠᠷᠠᠭᠳᠠᠵᠤ ᠪᠠᠶᠢᠭ᠎ᠠ ᠰᠢᠦ ᠳ᠋ᠠ᠃
       ᠡᠷᠡᠭᠦᠯ ᠮᠡᠨᠳᠦ ᠶᠢᠨ ᠬᠦᠭᠡᠭᠡᠴᠡᠯᠳᠦᠯ᠂ ᠴᠢᠬᠢᠷᠠᠭᠵᠢᠯ ᠤᠨ ᠪᠡᠶ᠎ᠡ ᠶᠢᠨ ᠲᠠᠮᠢᠷ ᠤᠨ ᠬᠠᠯᠠᠮᠰᠢᠯ ᠳᠤ ᠵᠤᠬᠢᠴᠠᠭᠤᠯᠤᠨ᠂ ᠬᠦᠮᠦᠨ ᠠᠷᠠᠳ ᠤᠨ ᠢᠶᠠᠨ ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠲᠠᠮᠢᠷ ᠤᠨ ᠪᠤᠯᠪᠠᠰᠤᠷᠠᠯ ᠳᠤ ᠤᠷᠤᠯᠴᠠᠨ᠂ ᠤᠷᠲᠤ ᠨᠠᠰᠤᠯᠠᠵᠤ ᠤᠳᠠᠭᠠᠨ ᠵᠢᠷᠭᠠᠬᠤ ᠶᠢ ᠪᠡᠯᠭᠡᠳᠡᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ ᠤᠶᠢᠷ᠎ᠠ ᠳᠤ ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠭᠡᠳᠡᠭ ᠢ ᠬᠡᠪᠯᠡᠭᠦᠯᠦᠨ ᠨᠡᠶᠢᠲᠡᠯᠡᠵᠡᠢ᠃
       ᠪᠡᠶ᠎ᠡ ᠶᠢᠨ ᠲᠠᠮᠢᠷ ᠤᠨ ︽ᠪᠠᠯᠠᠢ︾ ᠶᠢᠨ ᠠᠶᠤᠯ        ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ 2015 ᠤᠨ ᠤ 12 ᠰᠠᠷ᠎ᠠ ᠳᠤ ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠲᠦᠯᠦᠪᠯᠡᠭᠡ ︵2011 — 2015︶︾ ᠳᠤ ᠦᠨᠡᠯᠡᠯᠲᠡ ᠬᠢᠵᠡᠢ᠃ ᠦᠨᠡᠯᠡᠯᠲᠡ ᠶᠢᠨ ᠳ᠋ᠦᠩ ᠳᠤ᠂ 2014 ᠤᠨ ᠤ ᠰᠡᠭᠦᠯᠴᠢ ᠪᠤᠯᠲᠠᠯ᠎ᠠ᠂ ᠪᠦᠬᠦ ᠤᠯᠤᠰ ᠤᠨ ᠦᠷᠭᠦᠯᠵᠢ ᠲᠠᠮᠢᠷ ᠤᠨ ᠪᠤᠯᠪᠠᠰᠤᠷᠠᠯ ᠳᠤ ᠤᠷᠤᠯᠴᠠᠳᠠᠭ ᠬᠦᠮᠦᠨ ᠤ ᠲᠤᠭᠠᠨ ᠤ ᠬᠠᠷᠢᠴᠠᠯ ᠨᠢ 33.9% ᠳᠤ ᠬᠦᠷᠴᠦ᠂ 2007 ᠤᠨ ᠤ  ᠬᠢ ᠠᠴᠠ 5.7% ᠳᠡᠭᠡᠭᠰᠢᠯᠡᠵᠡᠢ᠃ ᠭᠡᠪᠡᠴᠦ ︽ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠤᠬᠠᠮᠰᠠᠷ ᠤᠨ ᠳᠡᠭᠡᠭᠰᠢᠯᠡᠯᠲᠡ ᠨᠢ ᠪᠢᠳᠡᠨ ᠢ ᠪᠠᠶᠠᠷᠯᠠᠭᠤᠯᠵᠤ᠂ ᠪᠡᠶ᠎ᠡ ᠪᠠᠨ ᠪᠤᠯᠪᠠᠰᠤᠷᠠᠬᠤ ᠴᠢᠬᠢᠷᠠᠭᠵᠢᠭᠤᠯᠬᠤ ᠳᠤᠮᠳᠠ ᠢᠯᠡᠷᠡᠵᠦ ᠪᠠᠶᠢᠭ᠎ᠠ ᠠᠰᠠᠭᠤᠳᠠᠯ ᠨᠢ ᠪᠢᠳᠡᠨ ᠢ ᠵᠢᠷᠦᠬᠡ ᠲᠦᠭᠰᠢᠭᠦᠯᠵᠦ ᠪᠠᠶᠢᠨ᠎ᠠ︾ ᠭᠡᠵᠦ ᠨᠢᠭᠡ ᠲᠤᠰᠬᠠᠢ ᠮᠡᠷᠭᠡᠵᠢᠯᠲᠡᠨ ᠤ ᠶᠠᠷᠢᠭᠰᠠᠨ ᠨᠢ ᠪᠢᠳᠡᠨ ᠳᠤ ᠶᠠᠭᠤ ᠨᠢᠭᠡ ᠶᠢ ᠰᠠᠨᠠᠭᠤᠯᠵᠤ ᠪᠠᠶᠢᠨ᠎ᠠ᠃
       ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ ᠠᠴᠠ ᠨᠡᠶᠢᠲᠡᠯᠡᠭᠰᠡᠨ ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠪᠤᠯ ᠤᠶᠢᠷ᠎ᠠ ᠶᠢᠨ ᠵᠢᠯ ᠤᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠳᠤ ᠤᠷᠤᠯᠴᠠᠭᠰᠠᠨ ᠪᠠᠶᠢᠳᠠᠯ ᠳᠤ ᠭᠦᠨᠵᠡᠭᠡᠢ ᠰᠤᠳᠤᠯᠭᠠᠨ ᠬᠢᠭᠰᠡᠨ ᠰᠠᠭᠤᠷᠢᠨ ᠳᠡᠭᠡᠷ᠎ᠡ ᠲᠤᠭᠤᠷᠪᠢᠨ ᠭᠠᠷᠭᠠᠭᠰᠠᠨ ᠪᠦᠲᠦᠭᠡᠯ ᠪᠤᠯᠤᠨ᠎ᠠ ᠭᠡᠵᠦ ᠲᠤᠰᠬᠠᠢ ᠮᠡᠷᠭᠡᠵᠢᠯᠲᠡᠳ ᠨᠤᠲᠠᠯᠠᠵᠤ ᠪᠠᠶᠢᠨ᠎ᠠ᠃ ᠲᠡᠳᠡᠨ ᠤ ᠬᠢᠭᠰᠡᠨ ᠨᠤᠬᠤᠴᠠᠲᠠᠢ ᠰᠤᠳᠤᠯᠭᠠᠨ ᠳᠤ ᠢᠯᠡᠷᠡᠭᠰᠡᠨ ᠢᠶᠠᠷ᠂ ᠮᠠᠨ ᠤ ᠤᠯᠤᠰ ᠤᠨ ᠦᠷᠭᠦᠯᠵᠢ ᠲᠠᠮᠢᠷ ᠤᠨ ᠪᠤᠯᠪᠠᠰᠤᠷᠠᠯ ᠬᠢᠳᠡᠭ ᠬᠦᠮᠦᠨ ᠤ ᠲᠤᠭ᠎ᠠ ᠵᠢᠯ ᠠᠴᠠ ᠪᠠᠨ ᠵᠢᠯ ᠨᠡᠮᠡᠭᠳᠡᠵᠦ ᠪᠠᠶᠢᠭ᠎ᠠ ᠪᠤᠯᠪᠠᠴᠤ᠂ ᠪᠡᠶ᠎ᠡ ᠶᠢᠨ ᠬᠦᠨᠳᠦ ᠨᠢ ᠬᠡᠲᠦᠷᠡᠬᠦ ᠪᠠ ᠮᠠᠷᠢᠶᠠᠯᠠᠬᠤ ᠨᠤᠷᠮ᠎ᠠ ᠮᠦᠨ ᠦᠷᠭᠦᠯᠵᠢᠯᠡᠨ ᠳᠡᠭᠡᠭᠰᠢᠯᠡᠵᠦ᠂ ᠵᠠᠯᠠᠭᠤ ᠪᠠᠭᠠᠴᠤᠳ ᠤᠨ ᠪᠤᠯᠴᠢᠩ ᠤᠨ ᠳᠠᠭᠠᠭᠠᠮᠠᠭᠠᠢ ᠴᠢᠨᠠᠷ᠂ ᠨᠠᠰᠤᠨ ᠳᠤ ᠬᠦᠷᠦᠭᠰᠡᠳ ᠤᠨ ᠪᠤᠯᠴᠢᠩ ᠤᠨ ᠴᠢᠳᠠᠯ ᠪᠠ ᠳᠠᠭᠠᠭᠠᠮᠠᠭᠠᠢ ᠴᠢᠨᠠᠷ᠂ ᠨᠠᠰᠤᠲᠠᠶᠢᠴᠤᠳ ᠤᠨ ᠪᠤᠯᠴᠢᠩ ᠤᠨ ᠴᠢᠳᠠᠯ ᠤᠨ ᠵᠢᠭᠠᠯᠲᠠ ᠲᠤᠭᠠᠨ ᠤ ᠪᠠᠶᠢᠴᠠᠭᠠᠯᠲᠠ ᠶᠢᠨ ᠳ᠋ᠦᠩ ᠨᠢ ᠲᠡᠶᠢᠮᠦ ᠰᠠᠶᠢᠨ ᠪᠢᠰᠢ ᠪᠠᠶᠢᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠵᠢᠭ ᠴᠢᠨᠠᠷᠲᠠᠢ ᠬᠠᠯᠳᠠᠪᠤᠷᠢᠯᠠᠯ ᠤᠨ ᠪᠤᠰᠤ ᠡᠪᠡᠳᠴᠢᠨ ᠳᠤ ᠨᠡᠷᠪᠡᠭᠳᠡᠬᠦ ᠨᠤᠷᠮ᠎ᠠ ᠳᠡᠭᠡᠭᠰᠢᠯᠡᠬᠦ ᠬᠠᠨᠳᠤᠰᠢ ᠲᠠᠢ ᠪᠠᠶᠢᠵᠤ᠂ ᠵᠤᠩᠭᠢᠯᠠᠬᠤ ᠤᠯᠠᠨ ᠲᠤᠭᠠᠨ ᠤ ᠰᠠᠭᠤᠭᠠᠯᠢ ᠠᠷᠠᠳ ᠤᠨ ᠲᠠᠮᠢᠷ ᠤᠨ ᠬᠦᠳᠡᠯᠭᠡᠭᠡᠨ ᠳᠤ ᠤᠷᠤᠯᠴᠠᠵᠤ ᠪᠠᠶᠢᠭ᠎ᠠ ᠪᠠᠶᠢᠳᠠᠯ ᠪᠤᠶᠤ ᠪᠡᠶ᠎ᠡ ᠪᠠᠨ ᠪᠤᠯᠪᠠᠰᠤᠷᠠᠬᠤ ᠲᠠᠮᠢᠷ ᠤᠨ ᠬᠦᠳᠡᠯᠭᠡᠭᠡᠨ ᠰᠤᠩᠭᠤᠬᠤ ᠨᠢ ᠪᠦᠷ ᠰᠤᠬᠤᠷ ᠪᠠᠯᠠᠢ ᠴᠢᠨᠠᠷ ᠲᠠᠢ ᠪᠠᠶᠢᠭ᠎ᠠ ᠶᠤᠮ ᠭᠡᠨ᠎ᠡ᠃
       ᠡᠨᠡᠬᠦ ᠰᠤᠬᠤᠷ ᠪᠠᠯᠠᠢ ᠴᠢᠨᠠᠷ ᠨᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄        ᠨᠢᠭᠡ ᠨᠢ᠂ ᠦᠨᠳᠡᠶᠢᠰᠬᠢᠭᠡᠳ ᠦᠷ᠎ᠡ ᠳ᠋ᠦᠩ ᠭᠠᠷᠭᠠᠬᠤ ᠭᠡᠵᠦ ᠶᠠᠭᠠᠷᠠᠵᠤ ᠪᠠᠶᠢᠨ᠎ᠠ᠃ ᠰᠢᠨ᠎ᠡ ᠵᠠᠭᠤᠴᠢᠯᠠᠭᠤᠷ ᠤᠳ ᠳᠡᠭᠡᠷ᠎ᠡ ᠪᠡᠶ᠎ᠡ ᠶᠢᠨ ᠪᠤᠯᠪᠠᠰᠤᠷᠠᠯ᠂ ᠪᠤᠯᠴᠢᠩ ᠰᠢᠷᠪᠤᠰᠤ ᠶᠢᠨ ᠲᠤᠬᠠᠢ ︽ᠵᠢᠭᠠᠰᠤᠨ ᠵᠢᠷᠤᠭᠠᠰᠤ︾ ︽ᠬᠠᠨᠵᠢᠶᠠᠷ ᠤᠨ ᠵᠢᠷᠤᠭᠠᠰᠤ︾ ᠭᠡᠬᠦ ᠮᠡᠲᠦ ᠶᠢᠨ ᠶᠠᠮᠠᠷ ᠨᠢᠭᠡ ᠰᠢᠨ᠎ᠡ ᠨᠡᠷ᠎ᠡ ᠭᠠᠷᠤᠭᠠᠳ ᠯᠠ ᠢᠷᠡᠪᠡᠯ᠂ ᠳᠠᠭᠠᠵᠤ ᠪᠤᠯᠪᠠᠰᠤᠷᠠᠬᠤ ᠬᠦᠮᠦᠨ ᠦᠷᠨᠢᠭᠡᠳ ᠪᠤᠰᠤᠨ᠎ᠠ᠂ ᠦᠪᠡᠷ ᠤᠨ ᠪᠡᠶ᠎ᠡ ᠳᠤᠨᠢ ᠲᠤᠬᠢᠷᠠᠬᠤ ᠵᠤᠬᠢᠷᠠᠬᠤ ᠡᠰᠡᠭᠦ ᠶᠢ ᠬᠠᠮᠢᠶᠠᠷᠳᠠᠭ ᠬᠦᠮᠦᠨ ᠪᠠᠷᠤᠭ ᠦᠭᠡᠢ ᠮᠡᠲᠦ᠃ ᠪᠡᠶ᠎ᠡ ᠶᠢᠨ ᠲᠠᠮᠢᠷ ᠤᠨ ᠪᠤᠯᠪᠠᠰᠤᠷᠠᠯ ᠢᠶᠠᠷ ᠪᠡᠶ᠎ᠡ ᠪᠠᠨ ᠴᠢᠬᠢᠷᠠᠭᠵᠢᠭᠤᠯᠬᠤ ᠳᠤ ᠦᠷ᠎ᠡ ᠳ᠋ᠦᠩ ᠭᠠᠷᠭᠠᠬᠤ ᠪᠠᠷ ᠶᠠᠭᠠᠷᠠᠵᠤ ᠪᠤᠯᠬᠤ ᠦᠭᠡᠢ᠂ ᠬᠠᠷᠢᠨ ᠲᠤᠬᠠᠢ ᠶᠢᠨ ᠬᠦᠮᠦᠨ ᠤ ᠪᠠᠨ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠵᠤᠬᠢᠰᠲᠠᠢ ᠬᠦᠳᠡᠯᠭᠡᠭᠡᠨ ᠰᠤᠩᠭᠤᠵᠤ ᠬᠡᠮᠵᠢᠶ᠎ᠡ ᠲᠠᠢ ᠪᠤᠯᠪᠠᠰᠤᠷᠠᠬᠤ ᠬᠡᠷᠡᠭᠲᠡᠢ᠂ ᠪᠤᠯᠪᠠᠰᠤᠷᠠᠯ ᠤᠨ ᠡᠷᠴᠢᠮ ᠢᠶᠠᠨ ᠴᠦ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠂ ᠰᠢᠨᠵᠢᠯᠡᠬᠦ ᠤᠬᠠᠭᠠᠨᠴᠢ ᠪᠤᠰᠤ ᠲᠠᠮᠢᠷ ᠤᠨ ᠬᠦᠳᠡᠯᠭᠡᠭᠡᠨ ᠨᠢ ᠡᠷᠡᠭᠦᠯ ᠮᠡᠨᠳᠦ ᠶᠢ ᠬᠤᠬᠢᠷᠠᠭᠤᠯᠳᠠᠭ ᠭᠡᠵᠦ ᠲᠤᠰᠬᠠᠢ ᠮᠡᠷᠭᠡᠵᠢᠯᠲᠡᠳ ᠰᠠᠨᠠᠭᠤᠯᠵᠤ ᠪᠠᠶᠢᠨ᠎ᠠ᠃
       ᠬᠤᠶᠠᠷ ᠨᠢ᠂ ᠲᠠᠮᠢᠷ ᠤᠨ ᠬᠦᠳᠡᠯᠭᠡᠭᠡᠨ ᠨᠢ ᠳᠠᠩ ᠴᠤᠯᠭᠤᠢ ᠪᠠᠶᠢᠵᠤ ᠪᠡᠶ᠎ᠡ ᠶᠢ ᠴᠢᠬᠢᠷᠠᠭᠵᠢᠭᠤᠯᠬᠤ ᠦᠢᠯᠡᠳᠦᠯ ᠢᠶᠠᠷ ᠮᠠᠭᠤ ᠪᠠᠶᠢᠨ᠎ᠠ᠃ ︽2016 ᠤᠨ ᠤ ᠳᠤᠮᠳᠠᠴᠤᠳ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠮᠡᠳᠡᠭᠦᠯᠦᠯᠲᠡ︾ ᠠᠴᠠ ᠦᠵᠡᠪᠡᠯ᠂ ᠳᠤᠮᠳᠠᠴᠤᠳ ᠤᠨ ᠦᠷᠭᠦᠯᠵᠢ ᠬᠢᠵᠦ ᠪᠠᠶᠢᠭ᠎ᠠ ᠲᠠᠮᠢᠷ ᠤᠨ ᠬᠦᠳᠡᠯᠭᠡᠭᠡᠨ ᠳᠤ᠂ ᠢᠳᠡᠷᠬᠡᠭ ᠠᠯᠬᠤᠬᠤ 36.39%᠂ ᠭᠦᠶᠦᠬᠦ 23.56% ᠶᠢ ᠡᠵᠡᠯᠡᠵᠦ᠂ ᠨᠡᠶᠢᠯᠡᠭᠡᠳ 60% ᠶᠢ ᠳᠠᠪᠠᠵᠤ ᠪᠠᠶᠢᠨ᠎ᠠ᠃ ᠨᠢᠭᠡ ᠯᠠ ᠵᠦᠢᠯ ᠤᠨ ᠲᠠᠮᠢᠷ ᠤᠨ ᠬᠦᠳᠡᠯᠭᠡᠭᠡᠨ ᠬᠢᠬᠦ ᠨᠢ ᠶᠡᠷᠦᠳᠡᠭᠡᠨ ᠡᠷᠡᠭᠦᠯ ᠮᠡᠨᠳᠦ ᠪᠠᠨ ᠪᠦᠬᠦ ᠲᠠᠯ᠎ᠠ ᠪᠠᠷ ᠠᠬᠢᠭᠤᠯᠬᠤ ᠵᠤᠷᠢᠯᠭ᠎ᠠ ᠳᠠᠭᠠᠨ ᠬᠦᠷᠴᠦ ᠳᠡᠶᠢᠯᠳᠡᠭ ᠦᠭᠡᠢ ᠭᠡᠵᠦ ᠲᠤᠰᠬᠠᠢ ᠮᠡᠷᠭᠡᠵᠢᠯᠲᠡᠳ ᠦᠵᠡᠵᠦ ᠪᠠᠶᠢᠨ᠎ᠠ᠃ ᠲᠡᠳᠡ ᠠᠭᠤᠳᠠᠮ ᠲᠠᠯᠠᠪᠠᠢ ᠶᠢᠨ ᠪᠦᠵᠢᠭ ᠤᠨ ᠠᠩᠭᠢ ᠶᠢᠨ ᠬᠢᠨ ᠳᠤ ᠬᠢᠭᠰᠡᠨ ᠪᠠᠶᠢᠴᠠᠭᠠᠯᠲᠠ ᠠᠴᠠ ᠦᠵᠡᠪᠡᠯ᠂ ᠪᠦᠵᠢᠭᠯᠡᠭᠴᠢᠳ ᠤᠨ ᠬᠦᠯ ᠤᠨ ᠬᠡᠰᠡᠭ ᠤᠨ ᠬᠦᠴᠦ ᠲᠠᠮᠢᠷ ᠰᠠᠶᠢᠨ᠂ ᠬᠠᠷᠢᠨ ᠭᠡᠳᠡᠰᠦ ᠨᠢᠷᠤᠭᠤᠨ ᠤ ᠲᠠᠮᠢᠷ ᠬᠦᠴᠦ ᠨᠢ ᠰᠤᠯᠠ ᠪᠠᠶᠢᠵᠠᠢ᠃ ᠤᠯᠠᠩᠬᠢ ᠬᠦᠮᠦᠨ ᠶᠠᠮᠠᠷ ᠨᠢᠭᠡ ᠬᠦᠳᠡᠯᠭᠡᠭᠡᠨ ᠨᠢ ᠰᠠᠶᠢᠬᠠᠨ ᠰᠠᠨᠠᠭᠳᠠᠪᠠᠯ᠂ ᠲᠡᠭᠦᠨ ᠳᠤ ᠪᠠᠬ᠎ᠠ ᠲᠠᠢ ᠪᠤᠯᠵᠤ᠂ ᠳᠠᠩᠳᠠ ᠲᠡᠷᠡ ᠯᠡ ᠬᠦᠳᠡᠯᠭᠡᠭᠡᠨ ᠢᠶᠠᠨ ᠬᠢᠬᠦ ᠪᠠᠶᠢᠳᠠᠯ ᠲᠠᠢ ᠪᠠᠶᠢᠨ᠎ᠠ᠂ ᠦᠨᠡᠨ ᠳᠡᠭᠡᠨ ᠤᠯᠠᠨ ᠵᠦᠢᠯ ᠤᠨ ᠬᠦᠳᠡᠯᠭᠡᠭᠡᠨ ᠤ ᠶᠡᠷᠦᠩᠬᠡᠶᠢᠯᠡᠭᠰᠡᠨ ᠪᠤᠯᠪᠠᠰᠤᠷᠠᠯ ᠬᠢᠪᠡᠯ ᠰᠠᠶ᠋ᠢ ᠡᠷᠡᠭᠦᠯ ᠮᠡᠨᠳᠦ ᠶᠢᠨ ᠪᠠᠶᠢᠳᠠᠯ ᠢᠶᠠᠨ ᠪᠠᠲᠤᠯᠠᠵᠤ ᠰᠠᠶᠢᠵᠢᠷᠠᠭᠤᠯᠬᠤ ᠳᠤ ᠲᠤᠰᠠᠲᠠᠢ ᠭᠡᠵᠦ ᠲᠤᠰᠬᠠᠢ ᠮᠡᠷᠭᠡᠵᠢᠯᠲᠡᠳ ᠰᠠᠨᠠᠭᠤᠯᠵᠤ ᠪᠠᠶᠢᠨ᠎ᠠ᠃
       ᠭᠤᠷᠪᠠ ᠨᠢ᠂ ᠲᠠᠮᠢᠷ ᠤᠨ ᠬᠦᠳᠡᠯᠭᠡᠭᠡᠨ ᠤ ᠠᠮᠤᠷ ᠲᠦᠪᠰᠢᠨ ᠢ ᠤᠮᠳᠤᠭᠠᠶᠢᠯᠠᠵᠤ᠂ ᠲᠠᠮᠢᠷ ᠤᠨ ᠬᠦᠳᠡᠯᠭᠡᠭᠡᠨ ᠳᠤ ᠠᠶᠤᠯ ᠲᠦᠭᠰᠢᠭᠦᠷᠢ ᠨᠢᠭᠤᠭᠳᠠᠵᠤ ᠪᠠᠶᠢᠨ᠎ᠠ ᠭᠡᠳᠡᠭ ᠢ ᠰᠠᠨᠠᠭᠠᠨ ᠳᠠᠭᠠᠨ ᠠᠪᠬᠤ ᠦᠭᠡᠢ᠃ 2016 ᠤᠨ ᠤ 3 ᠰᠠᠷ᠎ᠠ ᠳᠤ᠂ ᠭᠤᠸᠠᠩᠳᠦ᠋ᠩ ᠮᠤᠵᠢ ᠶᠢᠨ ᠴᠢᠩ ᠶᠤᠸᠠᠨ ᠬᠤᠲᠠ ᠳᠤ ᠬᠢᠭᠰᠡᠨ ᠮᠠᠷᠠᠰᠤᠨ ᠤᠷᠤᠯᠳᠤᠭᠠᠨ ᠳᠤ 2 ᠲᠦᠮᠡ ᠰᠢᠬᠠᠮ ᠬᠦᠮᠦᠨ ᠤᠷᠤᠯᠴᠠᠵᠤ᠂ 1.2 ᠲᠦᠮᠡᠨ ᠬᠦᠮᠦᠨ ᠤᠳᠠᠭ᠎ᠠ ᠶᠢᠨ ᠭᠡᠮᠲᠦᠯ ᠰᠢᠷᠬᠠᠲᠤᠯ ᠪᠠ ᠡᠪᠡᠳᠴᠢᠨ ᠤᠯᠤᠭᠰᠠᠨ ᠪᠠᠶᠢᠳᠠᠯ ᠢᠯᠡᠷᠡᠭᠰᠡᠨ ᠵᠡᠷᠭᠡ ᠲᠠᠮᠢᠷ ᠤᠨ ᠤᠷᠤᠯᠳᠤᠭᠠᠨ᠂ ᠲᠤᠰᠬᠠᠢ ᠮᠡᠷᠭᠡᠵᠢᠯ ᠤᠨ ᠲᠠᠮᠢᠷ ᠤᠨ ᠪᠤᠯᠪᠠᠰᠤᠷᠠᠯ᠂ ᠪᠡᠶ᠎ᠡ ᠴᠢᠬᠢᠷᠠᠭᠵᠢᠯ ᠵᠡᠷᠭᠡ ᠶᠢᠨ ᠳᠤᠮᠳᠠ ᠪᠤᠢ ᠪᠤᠯᠤᠭᠰᠠᠨ ᠦᠬᠦᠵᠦ ᠰᠢᠷᠬᠠᠲᠤᠭᠰᠠᠨ ᠪᠠᠶᠢᠳᠠᠯ ᠨᠢᠭᠡ ᠦᠶ᠎ᠡ ᠮᠡᠳᠡᠭᠡᠯᠡᠯ ᠤᠨ ᠬᠢᠨ ᠤ ᠬᠠᠯᠠᠮᠰᠢᠯ ᠪᠤᠯᠵᠤ᠂ ᠬᠦᠮᠦᠰ ᠲᠠᠮᠢᠷ ᠤᠨ ᠬᠦᠳᠡᠯᠭᠡᠭᠡᠨ ᠳᠤ ᠰᠡᠵᠢᠭ ᠲᠦᠷᠦᠬᠦ ᠬᠡᠮᠵᠢᠶᠡᠨ ᠳᠤ ᠬᠦᠷᠦᠭᠰᠡᠨ ᠪᠠᠶᠢᠳᠠᠭ᠃ ᠲᠠᠮᠢᠷ ᠤᠨ ᠬᠦᠳᠡᠯᠭᠡᠭᠡᠨ ᠤ ᠲᠠᠯ᠎ᠠ ᠪᠠᠷ  ᠬᠢ ᠮᠡᠳᠡᠯᠭᠡ ᠶᠢᠨ ᠬᠤᠮᠰᠠᠲᠠᠯ᠂ ᠠᠮᠤᠷ ᠲᠦᠪᠰᠢᠨ ᠢ ᠤᠮᠳᠤᠭᠠᠶᠢᠯᠠᠵᠤ ᠪᠠᠶᠢᠭ᠎ᠠ ᠪᠤᠯ ᠲᠠᠮᠢᠷ ᠤᠨ ᠬᠦᠳᠡᠯᠭᠡᠭᠡᠨ ᠠᠴᠠ ᠪᠤᠯᠵᠤ ᠭᠡᠮᠲᠦᠯ ᠰᠢᠷᠬᠠᠲᠤᠯ ᠤᠯᠵᠤ ᠪᠠᠶᠢᠭ᠎ᠠ ᠶᠢᠨ ᠭᠤᠤᠯ ᠰᠢᠯᠲᠠᠭᠠᠨ ᠪᠤᠯᠤᠨ᠎ᠠ᠂ ᠰᠠᠭᠤᠭᠠᠯᠢ ᠠᠷᠠᠳ ᠲᠤ ᠪᠡᠶ᠎ᠡ ᠪᠠᠨ ᠪᠤᠯᠪᠠᠰᠤᠷᠠᠬᠤ ᠲᠠᠯ᠎ᠠ ᠪᠠᠷ ᠵᠢᠭᠠᠨ ᠵᠢᠯᠤᠭᠤᠳᠤᠯᠭ᠎ᠠ ᠬᠢᠬᠦ ᠶᠢ ᠪᠠᠴᠢᠮ ᠱᠠᠭᠠᠷᠳᠠᠵᠤ ᠪᠠᠶᠢᠨ᠎ᠠ ᠭᠡᠵᠦ ᠲᠤᠰᠬᠠᠢ ᠮᠡᠷᠭᠡᠵᠢᠯᠲᠡᠳ ᠦᠵᠡᠵᠦ ᠪᠠᠶᠢᠭ᠎ᠠ ᠠᠵᠢ᠃
       ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠲᠤ᠂ ᠡᠯ᠎ᠡ ᠵᠦᠢᠯ ᠤᠨ ᠲᠠᠮᠢᠷ ᠤᠨ ᠬᠥᠳᠡᠯᠭᠡᠭᠡᠨ ᠤ ᠤᠨᠴᠠᠯᠢᠭ ᠢ ᠦᠨᠳᠦᠰᠦᠯᠡᠨ᠂ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠢ ᠬᠦᠴᠢᠯᠲᠦᠶᠢᠷᠦᠭᠴᠢᠲᠦ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠲᠦᠷᠦᠯ᠂ ᠳᠤᠮᠳᠠᠳᠤ ᠤᠯᠤᠰ ᠤᠨ ᠤᠯᠠᠮᠵᠢᠯᠠᠯᠲᠤ ᠲᠠᠮᠢᠷ᠂ ᠲᠠᠲᠠᠵᠤ ᠰᠤᠩᠭᠠᠬᠤ ᠪᠤᠯᠪᠠᠰᠤᠷᠠᠯ ᠭᠡᠵᠦ ᠬᠤᠪᠢᠶᠠᠵᠠᠢ᠃ ᠬᠠᠮᠤᠭ ᠤᠨ ᠰᠠᠶᠢᠨ ᠨᠢ ᠲᠠᠪᠤᠨ ᠲᠦᠷᠦᠯ ᠤᠨ ᠬᠦᠳᠡᠯᠭᠡᠭᠡᠨ ᠠᠴᠠ 2-3 ᠲᠦᠷᠦᠯ ᠢ ᠰᠤᠩᠭᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠂ ᠵᠢᠱᠢᠶᠡᠯᠡᠪᠡᠯ ᠭᠦᠶᠦᠬᠦ ᠪᠤᠯᠤᠨ ᠲᠤᠤᠷ ᠪᠦᠮᠪᠦᠭᠡ ᠶᠢ ᠤᠶᠠᠯᠳᠤᠭᠤᠯᠪᠠᠯ᠂ ᠲᠠᠮᠢᠷ ᠤᠨ ᠬᠦᠳᠡᠯᠭᠡᠭᠡᠨ ᠤ ᠤᠷᠮ᠎ᠠ ᠵᠤᠷᠢᠭ ᠢ ᠬᠦᠭᠵᠢᠭᠡᠵᠦ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠳᠠᠳᠬᠠᠯ ᠢ ᠪᠤᠢ ᠪᠤᠯᠭᠠᠬᠤ ᠳᠤ ᠲᠤᠰᠠᠲᠠᠢ ᠪᠠᠶᠢᠳᠠᠭ᠃ ᠨᠢᠭᠡ ᠤᠳᠠᠭᠠᠨ ᠤ ᠪᠦᠷᠢᠨ ᠪᠦᠲᠦᠨ ᠪᠤᠯᠪᠠᠰᠤᠷᠠᠯ ᠤᠨ ᠶᠠᠪᠤᠴᠠ ᠨᠢ ᠪᠡᠯᠡᠳᠬᠡᠯ ᠬᠦᠳᠡᠯᠭᠡᠭᠡᠨ᠂ ᠦᠨᠳᠦᠰᠦᠨ ᠪᠤᠯᠪᠠᠰᠤᠷᠠᠯ ᠪᠠ ᠲᠠᠶᠢᠪᠤᠰᠢᠷᠠᠭᠤᠯᠬᠤ ᠬᠦᠳᠡᠯᠭᠡᠭᠡᠨ ᠭᠡᠵᠦ ᠭᠤᠷᠪᠠᠨ ᠠᠯᠬᠤᠮ ᠢᠶᠠᠷ ᠶᠠᠪᠤᠭᠳᠠᠬᠤ ᠶᠤᠰᠤᠲᠠᠢ᠂ ᠡᠭᠦᠨ ᠳᠡᠭᠡᠨ ᠭᠤᠷᠪᠠᠨ ᠵᠦᠢᠯ ᠤᠨ ᠠᠳᠠᠯᠢ ᠪᠤᠰᠤ ᠬᠦᠳᠡᠯᠭᠡᠭᠡᠨ ᠬᠢᠪᠡᠯ ᠵᠤᠬᠢᠨ᠎ᠡ᠃
       ᠲᠠᠮᠢᠷ ᠤᠨ ᠪᠤᠯᠪᠠᠰᠤᠷᠠᠯ ᠢᠶᠠᠨ 8 ᠭᠠᠷᠠᠭ ᠪᠠᠷᠢᠮᠲᠠᠯᠠᠭᠰᠠᠨ ᠤ ᠳᠠᠷᠠᠭ᠎ᠠ᠂ ᠪᠡᠶ᠎ᠡ ᠡᠷᠬᠡᠲᠡᠨ ᠤ ᠴᠢᠳᠠᠪᠬᠢ ᠪᠠ ᠲᠠᠮᠢᠷ ᠤᠨ ᠬᠥᠳᠡᠯᠭᠡᠭᠡᠨ ᠤ ᠴᠢᠳᠠᠪᠤᠷᠢ ᠵᠤᠬᠢᠬᠤ ᠬᠡᠮᠵᠢᠶᠡᠨ ᠳᠤ ᠳᠡᠭᠡᠭᠰᠢᠯᠡᠭᠰᠡᠨ ᠪᠠᠶᠢᠳᠠᠯ ᠳᠤᠤᠷ᠎ᠠ ᠬᠦᠳᠡᠯᠭᠡᠭᠡᠨ ᠤ ᠴᠢᠳᠠᠪᠤᠷᠢ ᠪᠠ ᠴᠠᠭ ᠢ ᠨᠡᠮᠡᠭᠳᠡᠭᠦᠯᠵᠦ᠂ ᠴᠢᠳᠠᠯ ᠬᠦᠴᠦᠨ ᠤ ᠪᠤᠯᠪᠠᠰᠤᠷᠠᠯ ᠢ ᠵᠤᠬᠢᠬᠤ ᠬᠡᠮᠵᠢᠶᠡᠨ ᠳᠤ ᠨᠡᠮᠡᠭᠳᠡᠭᠦᠯᠪᠡᠯ ᠵᠤᠬᠢᠨ᠎ᠡ᠃ ᠡᠯᠢᠭᠡᠳᠡᠭᠡᠳ ᠲᠤᠯᠵᠤ ᠦᠨᠳᠡᠶᠢᠬᠦ᠂ ᠤᠷᠤᠨ ᠳᠠᠭᠠᠨ ᠦᠰᠦᠷᠬᠦ᠂ ᠲᠠᠩᠭᠠᠶᠢᠭᠰᠠᠨ ᠢᠶᠠᠨ ᠦᠨᠳᠡᠶᠢᠵᠦ ᠰᠠᠭᠤᠬᠤ ᠵᠡᠷᠭᠡ ᠴᠢᠳᠠᠯ ᠬᠦᠴᠦᠨ ᠤ ᠪᠤᠯᠪᠠᠰᠤᠷᠠᠯ ᠨᠢ ᠬᠢᠬᠦ ᠳᠤ ᠳᠦᠭᠦᠮ ᠪᠠᠶᠢᠵᠤ᠂ ᠪᠤᠯᠴᠢᠩ ᠤᠨ ᠴᠢᠳᠠᠯ ᠢ ᠰᠠᠶᠢᠵᠢᠷᠠᠭᠤᠯᠬᠤ᠂ ᠪᠤᠯᠴᠢᠩ ᠢ ᠲᠤᠮᠤᠷᠠᠭᠤᠯᠵᠤ ᠳᠠᠭᠠᠭᠠᠮᠠᠭᠠᠢ ᠴᠢᠨᠠᠷ ᠢ ᠨᠢ ᠨᠡᠮᠡᠭᠳᠡᠭᠦᠯᠵᠦ᠂ ᠠᠷᠠᠭ ᠶᠠᠰᠤᠨ ᠤ ᠪᠤᠶᠢᠵᠢᠯᠲᠠ ᠪᠠ ᠡᠷᠡᠭᠦᠯ ᠮᠡᠨᠳᠦ ᠶᠢ ᠠᠬᠢᠭᠤᠯᠳᠠᠭ᠃ ᠵᠠᠯᠠᠭᠤ ᠪᠠᠭᠠᠴᠤᠳ ᠲᠤ ᠠᠪᠴᠤ ᠬᠡᠯᠡᠪᠡᠯ᠂ ᠲᠠᠮᠢᠷ ᠲᠡᠩᠬᠡᠭᠡ ᠶᠢ ᠰᠠᠶᠢᠵᠢᠷᠠᠭᠤᠯᠬᠤ ᠢᠯᠡᠷᠬᠡᠢ ᠦᠢᠯᠡᠳᠦᠯ ᠲᠠᠢ︔ ᠨᠠᠰᠤᠨ ᠳᠤ ᠬᠦᠷᠦᠭᠰᠡᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠨᠢ ᠶᠠᠰᠤ ᠬᠡᠪᠡᠷᠡᠭᠵᠢᠬᠦ ᠶᠢ ᠰᠡᠷᠭᠡᠶᠢᠯᠡᠵᠦ᠂ ᠪᠡᠶ᠎ᠡ ᠶᠢᠨ ᠲᠡᠩᠴᠡᠭᠦᠷᠢᠰᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠨᠠᠵᠤ ᠲᠤᠰᠬᠤ ᠶᠠᠰᠤ ᠪᠡᠷᠲᠡᠬᠦ ᠶᠢ ᠰᠡᠷᠭᠡᠶᠢᠯᠡᠬᠦ ᠴᠢᠬᠤᠯᠠ ᠦᠢᠯᠡᠳᠦᠯ ᠲᠠᠢ᠃
       ᠦᠪᠡᠷ ᠲᠤᠨᠢ ᠵᠤᠬᠢᠷᠠᠭᠰᠠᠨ ᠬᠦᠳᠡᠯᠭᠡᠭᠡᠨ ᠢ ᠰᠤᠩᠭᠤᠨ᠎ᠠ        ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠲᠤ᠂ ᠡᠯ᠎ᠡ ᠵᠦᠢᠯ ᠤᠨ ᠲᠠᠮᠢᠷ ᠤᠨ ᠬᠦᠳᠡᠯᠭᠡᠭᠡᠨ ᠤ ᠤᠨᠴᠠᠯᠢᠭ ᠢ ᠦᠨᠳᠦᠰᠦᠯᠡᠨ᠂ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠢ ᠬᠦᠴᠢᠯᠲᠦᠶᠢᠷᠦᠭᠴᠢᠲᠦ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠲᠦᠷᠦᠯ᠂ ᠳᠤᠮᠳᠠᠳᠤ ᠤᠯᠤᠰ ᠤᠨ ᠤᠯᠠᠮᠵᠢᠯᠠᠯᠲᠤ ᠲᠠᠮᠢᠷ᠂ ᠲᠠᠲᠠᠵᠤ ᠰᠤᠩᠭᠠᠬᠤ ᠪᠤᠯᠪᠠᠰᠤᠷᠠᠯ ᠭᠡᠵᠦ ᠬᠤᠪᠢᠶᠠᠵᠠᠢ᠃
       ᠬᠦᠴᠢᠯᠲᠦᠶᠢᠷᠦᠭᠴᠢᠲᠦ ᠬᠦᠳᠡᠯᠭᠡᠭᠡᠨ ᠪᠤᠯ ᠬᠦᠮᠦᠰ ᠲᠤ ᠬᠠᠮᠤᠭ ᠤᠨ ᠢᠯᠡᠭᠦᠦ ᠲᠠᠭᠠᠯᠠᠭᠳᠠᠳᠠᠭ ᠬᠦᠳᠡᠯᠭᠡᠭᠡᠨ ᠤ ᠬᠡᠯᠪᠡᠷᠢ ᠪᠤᠯᠤᠨ᠎ᠠ᠂ ᠮᠦᠨ ᠴᠦ ᠬᠠᠮᠤᠭ ᠤᠨ ᠴᠢᠬᠤᠯᠠ ᠪᠡᠶ᠎ᠡ ᠶᠢᠨ ᠪᠤᠯᠪᠠᠰᠤᠷᠠᠯ ᠤᠨ ᠲᠠᠮᠢᠷ ᠤᠨ ᠬᠦᠳᠡᠯᠭᠡᠭᠡᠨ ᠪᠤᠯᠤᠨ᠎ᠠ᠃ ᠵᠢᠱᠢᠶᠡᠯᠡᠪᠡᠯ ᠢᠳᠡᠷᠬᠡᠭ ᠠᠯᠬᠤᠯᠲᠠ᠂ ᠭᠦᠶᠦᠬᠦ᠂ ᠠᠭᠤᠯᠠ ᠠᠪᠠᠷᠢᠬᠤ᠂ ᠤᠰᠤᠨ ᠳᠤ ᠤᠮᠪᠠᠭ᠋ᠤ ᠭᠡᠬᠦ ᠮᠡᠲᠦ᠃ ᠬᠦᠴᠢᠯᠲᠦᠶᠢᠷᠦᠭᠴᠢᠲᠦ ᠬᠦᠳᠡᠯᠭᠡᠭᠡᠨ ᠤ ᠠᠶᠢᠵᠢᠮ ᠨᠢ ᠲᠤᠭᠲᠠᠭᠤᠨ᠂ ᠪᠡᠶ᠎ᠡ ᠶᠢᠨ ᠱᠠᠭᠠᠷᠳᠠᠯᠭ᠎ᠠ ᠪᠠᠨ ᠦᠨᠳᠦᠰᠦᠯᠡᠨ ᠬᠦᠳᠡᠯᠭᠡᠭᠡᠨ ᠤ ᠡᠷᠴᠢᠮ ᠢᠶᠠᠨ ᠲᠤᠬᠢᠷᠠᠭᠤᠯᠵᠤ ᠪᠤᠯᠳᠠᠭ ᠵᠡᠷᠭᠡ ᠤᠨᠴᠠᠯᠢᠭ ᠠᠴᠠ ᠪᠠᠨ ᠪᠤᠯᠤᠭᠠᠳ ᠡᠯ᠎ᠡ ᠨᠠᠰᠤᠨ ᠤ ᠬᠦᠮᠦᠰ ᠲᠤ ᠪᠦᠷ ᠵᠤᠬᠢᠷᠠᠳᠠᠭ᠃ ᠠᠭᠤᠰᠬᠢ ᠵᠢᠷᠦᠬᠡᠨ ᠤ ᠴᠢᠳᠠᠪᠬᠢ ᠶᠢ ᠰᠠᠶᠢᠵᠢᠷᠠᠭᠤᠯᠬᠤ᠂ ᠪᠡᠶ᠎ᠡ ᠶᠢᠨ ᠬᠦᠨᠳᠦ ᠶᠢ ᠪᠠᠭᠤᠷᠠᠭᠤᠯᠬᠤ᠂ ᠴᠢᠰᠤᠨ ᠳᠠᠷᠤᠯᠲᠠ ᠶᠢ ᠲᠤᠭᠲᠠᠪᠤᠷᠢᠵᠢᠭᠤᠯᠬᠤ᠂ ᠴᠢᠰᠤ ᠦᠭᠡᠬᠦᠯᠡᠭᠰᠡᠨ ᠪᠠᠶᠢᠳᠠᠯ ᠢᠶᠠᠨ ᠰᠠᠶᠢᠵᠢᠷᠠᠭᠤᠯᠬᠤ ᠶᠢ ᠵᠤᠷᠢᠵᠤ ᠪᠠᠶᠢᠭ᠎ᠠ ᠬᠦᠮᠦᠰ ᠡᠨᠡ ᠲᠦᠷᠦᠯ ᠤᠨ ᠬᠦᠳᠡᠯᠭᠡᠭᠡᠨ ᠢ ᠲᠦᠷᠦᠭᠦᠨ ᠰᠤᠩᠭᠤᠯᠲᠠ ᠪᠤᠯᠭᠠᠵᠤ ᠪᠤᠯᠤᠨ᠎ᠠ᠃
       ᠡᠯᠢᠭᠡᠳᠡᠭᠡᠳ ᠲᠤᠯᠵᠤ ᠦᠨᠳᠡᠶᠢᠬᠦ᠂ ᠤᠷᠤᠨ ᠳᠠᠭᠠᠨ ᠦᠰᠦᠷᠬᠦ᠂ ᠲᠠᠩᠭᠠᠶᠢᠭᠰᠠᠨ ᠢᠶᠠᠨ ᠦᠨᠳᠡᠶᠢᠵᠦ ᠰᠠᠭᠤᠬᠤ ᠵᠡᠷᠭᠡ ᠴᠢᠳᠠᠯ ᠬᠦᠴᠦᠨ ᠤ ᠪᠤᠯᠪᠠᠰᠤᠷᠠᠯ ᠨᠢ ᠬᠢᠬᠦ ᠳᠤ ᠳᠦᠭᠦᠮ ᠪᠠᠶᠢᠵᠤ᠂ ᠪᠤᠯᠴᠢᠩ ᠤᠨ ᠴᠢᠳᠠᠯ ᠢ ᠰᠠᠶᠢᠵᠢᠷᠠᠭᠤᠯᠬᠤ᠂ ᠪᠤᠯᠴᠢᠩ ᠢ ᠲᠤᠮᠤᠷᠠᠭᠤᠯᠵᠤ ᠳᠠᠭᠠᠭᠠᠮᠠᠭᠠᠢ ᠴᠢᠨᠠᠷ ᠢ ᠨᠢ ᠨᠡᠮᠡᠭᠳᠡᠭᠦᠯᠵᠦ᠂ ᠠᠷᠠᠭ ᠶᠠᠰᠤᠨ ᠤ ᠪᠤᠶᠢᠵᠢᠯᠲᠠ ᠪᠠ ᠡᠷᠡᠭᠦᠯ ᠮᠡᠨᠳᠦ ᠶᠢ ᠠᠬᠢᠭᠤᠯᠳᠠᠭ᠃ ᠵᠠᠯᠠᠭᠤ ᠪᠠᠭᠠᠴᠤᠳ ᠲᠤ ᠠᠪᠴᠤ ᠬᠡᠯᠡᠪᠡᠯ᠂ ᠲᠠᠮᠢᠷ ᠲᠡᠩᠬᠡᠭᠡ ᠶᠢ ᠰᠠᠶᠢᠵᠢᠷᠠᠭᠤᠯᠬᠤ ᠢᠯᠡᠷᠬᠡᠢ ᠦᠢᠯᠡᠳᠦᠯ ᠲᠠᠢ︔ ᠨᠠᠰᠤᠨ ᠳᠤ ᠬᠦᠷᠦᠭᠰᠡᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠢ ᠠᠩᠬᠠᠷᠬᠤ ᠨᠢ ᠨᠠᠰᠤᠨ ᠤ ᠨᠡᠮᠡᠭᠳᠡᠯ ᠢ ᠳᠠᠭᠠᠯᠳᠤᠨ ᠪᠤᠯᠴᠢᠩ ᠰᠤᠯᠳᠠᠶᠢᠬᠤ ᠶᠢ ᠰᠡᠷᠭᠡᠶᠢᠯᠡᠬᠦ ᠦᠢᠯᠡᠳᠦᠯ ᠲᠠᠢ︔ ᠨᠠᠰᠤᠲᠠᠶᠢᠴᠤᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠨᠢ ᠶᠠᠰᠤ ᠬᠡᠪᠡᠷᠡᠭᠵᠢᠬᠦ ᠶᠢ ᠰᠡᠷᠭᠡᠶᠢᠯᠡᠵᠦ᠂ ᠪᠡᠶ᠎ᠡ ᠶᠢᠨ ᠲᠡᠩᠴᠡᠭᠦᠷᠢᠰᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠨᠠᠵᠤ ᠲᠤᠰᠬᠤ ᠶᠠᠰᠤ ᠪᠡᠷᠲᠡᠬᠦ ᠶᠢ ᠰᠡᠷᠭᠡᠶᠢᠯᠡᠬᠦ ᠴᠢᠬᠤᠯᠠ ᠦᠢᠯᠡᠳᠦᠯ ᠲᠠᠢ᠃
       ᠪᠦᠮᠪᠦᠭᠡ ᠭᠡᠪᠡᠯ ᠤᠯᠠᠨ ᠵᠦᠢᠯ ᠤᠨ ᠪᠦᠮᠪᠦᠭᠡ ᠪᠠᠶᠢᠨ᠎ᠠ ᠯᠠ ᠳ᠋ᠠ᠂ ᠰᠠᠭᠰᠤᠨ ᠪᠦᠮᠪᠦᠭᠡ᠂ ᠬᠦᠯ ᠪᠦᠮᠪᠦᠭᠡ ᠮᠡᠲᠦ ᠶᠢᠨ ᠪᠡᠶ᠎ᠡ ᠪᠠᠷ ᠢᠶᠠᠨ ᠲᠤᠯᠵᠤ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠂ ᠠᠯᠠᠭᠠᠳᠠᠬᠤ ᠪᠦᠮᠪᠦᠭᠡ᠂ ᠫᠢᠩᠫᠤᠩ ᠪᠦᠮᠪᠦᠭᠡ᠂ ᠦᠳᠦᠨ ᠪᠦᠮᠪᠦᠭᠡ ᠮᠡᠲᠦ ᠶᠢᠨ ᠪᠡᠶ᠎ᠡ ᠪᠠᠷ ᠢᠶᠠᠨ ᠲᠤᠯᠵᠤ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠂ ᠠᠯᠠᠭᠠᠳᠠᠬᠤ ᠪᠦᠮᠪᠦᠭᠡ᠂ ᠫᠢᠩᠫᠤᠩ ᠪᠦᠮᠪᠦᠭᠡ᠂ ᠦᠳᠦᠨ ᠪᠦᠮᠪᠦᠭᠡ ᠮᠡᠲᠦ ᠶᠢᠨ ᠲᠤᠤᠷ ᠠᠯᠤᠰᠯᠠᠨ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠃ ᠪᠦᠮᠪᠦᠭᠡᠨ ᠤ ᠲᠦᠷᠦᠯ ᠤᠨ ᠬᠦᠳᠡᠯᠭᠡᠭᠡᠨ ᠨᠢ ᠰᠠᠶᠢᠨ ᠰᠠᠶᠢᠬᠠᠨ ᠪᠡᠶ᠎ᠡ ᠮᠠᠬᠠᠪᠤᠳ ᠤᠨ ᠬᠡᠪ ᠴᠢᠨᠠᠷ ᠲᠠᠢ ᠪᠠᠶᠢᠬᠤ ᠪᠠᠷ ᠰᠠᠭᠤᠷᠢ ᠪᠤᠯᠭᠠᠳᠠᠭ᠂ ᠦᠷᠭᠦᠯᠵᠢ ᠪᠦᠮᠪᠦᠭᠡᠨ ᠤ ᠲᠦᠷᠦᠯ ᠤᠨ ᠬᠦᠳᠡᠯᠭᠡᠭᠡᠨ ᠳᠤ ᠤᠷᠤᠯᠴᠠᠬᠤ ᠨᠢ ᠠᠭᠤᠰᠬᠢ ᠵᠢᠷᠦᠬᠡᠨ ᠤ ᠴᠢᠳᠠᠪᠬᠢ᠂ ᠪᠤᠯᠴᠢᠩ ᠤᠨ ᠴᠢᠳᠠᠯ ᠢ ᠰᠠᠶᠢᠵᠢᠷᠠᠭᠤᠯᠵᠤ᠂ ᠬᠦᠩᠭᠡᠨ ᠱᠠᠯᠠᠮᠠᠭ ᠪᠤᠯᠭᠠᠳᠠᠭ᠂ ᠵᠠᠯᠠᠭᠤᠴᠤᠳ ᠪᠠᠭᠠᠴᠤᠳ ᠤᠨ ᠲᠦᠷᠦᠭᠦᠨ ᠳᠤ ᠰᠤᠩᠭᠤᠬᠤ ᠶᠤᠰᠤᠲᠠᠢ ᠲᠠᠮᠢᠷ ᠤᠨ ᠬᠦᠳᠡᠯᠭᠡᠭᠡᠨ ᠪᠤᠯᠤᠨ᠎ᠠ᠃
       ᠦᠱᠦ᠂ ᠠᠮᠢᠰᠬᠤᠯ ᠤᠨ ᠲᠠᠮᠢᠷ ᠵᠡᠷᠭᠡ ᠳᠤᠮᠳᠠᠳᠤ ᠤᠯᠤᠰ ᠤᠨ ᠤᠯᠠᠮᠵᠢᠯᠠᠯᠲᠤ ᠲᠠᠮᠢᠷ ᠤᠨ ᠬᠦᠡᠳᠯᠭᠡᠭᠡᠨ  ᠨᠢ ᠲᠠᠶᠢᠪᠤᠩ᠂ ᠤᠶᠠᠨ ᠤ ᠳᠤᠮᠳᠠ ᠬᠠᠳᠠᠨ ᠢ ᠠᠭᠤᠯᠤᠭᠰᠠᠨ᠂ ᠪᠢᠰᠢᠯᠭᠠᠯ ᠪᠤᠯᠤᠨ ᠬᠦᠳᠡᠯᠦᠯ ᠪᠠᠷᠢᠯ ᠢ ᠤᠶᠠᠯᠳᠤᠭᠤᠯᠵᠤ᠂ ᠤᠨᠴᠠᠭᠠᠢ ᠡᠷᠡᠭᠦᠯᠵᠢᠯ ᠤᠨ ᠦᠢᠯᠡᠳᠦᠯ ᠲᠠᠢ ᠪᠠᠶᠢᠵᠤ᠂ ᠨᠠᠰᠤᠲᠠᠶᠢᠴᠤᠳ ᠢᠳᠡᠷᠴᠦᠳ ᠲᠤ ᠲᠤᠩ ᠲᠤᠬᠢᠷᠠᠮᠵᠢᠲᠠᠢ ᠪᠠᠶᠢᠳᠠᠭ᠃ ᠡᠳᠡᠭᠡᠷ ᠬᠦᠳᠡᠯᠭᠡᠭᠡᠨ ᠨᠢ ᠠᠭᠤᠰᠬᠢ ᠵᠢᠷᠦᠬᠡᠨ ᠤ ᠴᠢᠳᠠᠪᠬᠢ᠂ ᠲᠡᠩᠴᠡᠭᠦᠷᠢᠰᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠷᠡᠯ ᠤᠨ ᠰᠢᠰᠲ᠋ᠧᠮ ᠤᠨ ᠴᠢᠳᠠᠪᠬᠢ ᠶᠢ ᠰᠠᠶᠢᠵᠢᠷᠠᠭᠤᠯᠬᠤ᠂ ᠰᠡᠳᠬᠢᠴᠡ ᠶᠢᠨ ᠪᠠᠶᠢᠳᠠᠯ ᠢ ᠵᠤᠬᠢᠴᠠᠭᠤᠯᠬᠤ ᠦᠢᠯᠡᠳᠦᠯ ᠲᠠᠢ ᠪᠦᠭᠡᠳ ᠠᠮᠤᠷ ᠲᠦᠪᠰᠢᠨ ᠢ ᠪᠠᠲᠤᠯᠠᠬᠤ ᠴᠢᠨᠠᠷ ᠢᠶᠠᠷ ᠰᠠᠶᠢᠨ ᠪᠠᠶᠢᠳᠠᠭ᠃        ᠲᠠᠲᠠᠵᠤ ᠰᠤᠩᠭᠠᠬᠤ ᠪᠤᠯᠪᠠᠰᠤᠷᠠᠯ ᠨᠢ ᠦᠶ᠎ᠡ ᠭᠡᠰᠢᠭᠦᠦ ᠶᠢᠨ ᠬᠥᠳᠡᠯᠭᠡᠭᠡᠨ ᠢ ᠰᠠᠶᠢᠵᠢᠷᠠᠭᠤᠯᠵᠤ᠂ ᠲᠠᠮᠢᠷ ᠤᠨ ᠬᠦᠳᠡᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠭᠡᠮᠲᠦᠯ ᠰᠢᠷᠬᠠᠲᠤᠯ ᠢ ᠪᠠᠭᠠᠰᠬᠠᠳᠠᠭ᠃ ᠡᠬᠢᠯᠡᠵᠦ ᠲᠠᠮᠢᠷ ᠤᠨ ᠬᠦᠳᠡᠯᠭᠡᠭᠡᠨ ᠳᠤ ᠤᠷᠤᠯᠴᠠᠵᠤ ᠪᠠᠶᠢᠭ᠎ᠠ ᠬᠦᠮᠦᠨ ᠬᠦᠯ ᠳᠠᠷᠤᠬᠤ ᠮᠡᠲᠦ ᠶᠢᠨ ᠲᠤᠭᠲᠠᠭᠰᠠᠨ ᠤᠷᠤᠨ ᠠᠴᠠ ᠪᠠᠨ ᠰᠢᠯᠵᠢᠳᠡᠭ ᠦᠭᠡᠢ ᠲᠠᠲᠠᠵᠤ ᠰᠤᠩᠭᠠᠬᠤ ᠪᠤᠯᠪᠠᠰᠤᠷᠠᠯ ᠬᠢᠵᠦ᠂ ᠬᠦᠳᠡᠯᠭᠡᠭᠡᠨ ᠤ ᠡᠷᠴᠢᠮ ᠤᠨ ᠴᠢᠩᠭᠠᠷᠠᠬᠤ ᠶᠢ ᠳᠠᠭᠠᠯᠳᠤᠭᠤᠯᠤᠨ ᠦᠨᠳᠦᠷ ᠢᠰᠬᠦᠯᠬᠦ ᠮᠡᠲᠦ ᠶᠢᠨ ᠬᠦᠳᠡᠯᠭᠡᠨᠲᠤ ᠲᠠᠲᠠᠬᠤ ᠰᠤᠩᠭᠠᠬᠤ ᠪᠤᠯᠪᠠᠰᠤᠷᠠᠯ ᠬᠢᠬᠦ ᠶᠢ ᠠᠩᠬᠠᠷᠪᠠᠯ ᠵᠤᠬᠢᠨ᠎ᠠ᠃        ᠬᠠᠮᠤᠭ ᠤᠨ ᠰᠠᠶᠢᠨ ᠨᠢ 5 ᠲᠦᠷᠦᠯ ᠤᠨ ᠬᠦᠳᠡᠯᠭᠡᠭᠡᠨ ᠠᠴᠠ ᠬᠤᠶᠠᠷ ᠭᠤᠷᠪᠠᠨ ᠲᠦᠷᠦᠯ ᠢ ᠰᠤᠩᠭᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠂ ᠵᠢᠱᠢᠶᠡᠯᠡᠪᠡᠯ ᠭᠦᠶᠦᠬᠦ ᠪᠤᠯᠤᠨ ᠲᠤᠤᠷ ᠪᠦᠮᠪᠦᠭᠡ ᠶᠢ ᠤᠶᠠᠯᠳᠤᠭᠤᠯᠪᠠᠯ᠂ ᠲᠠᠮᠢᠷ ᠤᠨ ᠬᠦᠳᠡᠯᠭᠡᠭᠡᠨ ᠤ ᠤᠷᠮ᠎ᠠ ᠵᠤᠷᠢᠭ ᠢ ᠬᠦᠭᠵᠢᠭᠡᠵᠦ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠳᠠᠳᠬᠠᠯ ᠢ ᠪᠤᠢ ᠪᠤᠯᠭᠠᠬᠤ ᠳᠤ ᠲᠤᠰᠠᠲᠠᠢ ᠪᠠᠶᠢᠳᠠᠭ᠃ ᠨᠢᠭᠡ ᠤᠳᠠᠭᠠᠨ ᠤ ᠪᠦᠷᠢᠨ ᠪᠦᠲᠦᠨ ᠪᠤᠯᠪᠠᠰᠤᠷᠠᠯ ᠤᠨ ᠶᠠᠪᠤᠴᠠ ᠨᠢ ᠪᠡᠯᠡᠳᠬᠡᠯ ᠬᠦᠳᠡᠯᠭᠡᠭᠡᠨ᠂ ᠦᠨᠳᠦᠰᠦᠨ ᠪᠤᠯᠪᠠᠰᠤᠷᠠᠯ ᠪᠠ ᠲᠠᠶᠢᠪᠤᠰᠢᠷᠠᠭᠤᠯᠬᠤ ᠬᠦᠳᠡᠯᠭᠡᠭᠡᠨ ᠭᠡᠵᠦ ᠭᠤᠷᠪᠠᠨ ᠠᠯᠬᠤᠮ ᠢᠶᠠᠷ ᠶᠠᠪᠤᠭᠳᠠᠬᠤ ᠶᠤᠰᠤᠲᠠᠢ᠂ ᠡᠭᠦᠨ ᠳᠡᠭᠡᠨ ᠭᠤᠷᠪᠠᠨ ᠵᠦᠢᠯ ᠤᠨ ᠠᠳᠠᠯᠢ ᠪᠤᠰᠤ ᠬᠦᠳᠡᠯᠭᠡᠭᠡᠨ ᠬᠢᠪᠡᠯ ᠵᠤᠬᠢᠨ᠎ᠠ᠃        ᠪᠡᠯᠡᠳᠬᠡᠯ ᠬᠦᠳᠡᠯᠭᠡᠭᠡᠨ᠃ ᠡᠩ ᠤᠨ ᠪᠠᠶᠢᠳᠠᠯ ᠳᠤ 5 ~10 ᠮᠢᠨᠦ᠋ᠲ ᠬᠡᠷᠡᠭᠰᠡᠵᠦ᠂ ᠭᠤᠤᠯᠳᠠᠭᠤ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ ᠨᠢᠭᠡ ᠨᠢ ᠬᠦᠴᠢᠯᠲᠦᠶᠢᠷᠦᠭᠴᠢᠲᠦ ᠬᠦᠳᠡᠯᠭᠡᠭᠡᠨ᠂ ᠵᠢᠱᠢᠶᠡᠯᠡᠪᠡᠯ ᠬᠤᠷᠳᠤᠨ ᠠᠯᠬᠤᠬᠤ᠂ ᠭᠦᠶᠦᠬᠦ ᠮᠡᠲᠦ ᠶᠢᠨ ᠬᠦᠳᠡᠯᠭᠡᠭᠡᠨ ᠬᠢᠵᠦ ᠡᠯ᠎ᠡ ᠡᠷᠬᠡᠲᠡᠨ ᠢᠶᠠᠨ ᠰᠢᠷᠦᠭᠦᠨ ᠬᠦᠳᠡᠯᠭᠡᠭᠡᠨ ᠬᠢᠬᠦ ᠳᠤ ᠪᠡᠯᠡᠳᠬᠡᠭᠰᠡᠨ ᠪᠠᠶᠢᠳᠠᠯ ᠳᠤ ᠤᠷᠤᠭᠤᠯᠤᠨ᠎ᠠ︔ ᠬᠤᠶᠠᠷ ᠨᠢ ᠰᠤᠩᠭᠠᠬᠤ ᠲᠠᠲᠠᠬᠤ ᠬᠦᠳᠡᠯᠭᠡᠭᠡᠨ ᠬᠢᠵᠦ ᠪᠤᠯᠴᠢᠩ ᠰᠢᠷᠪᠤᠰᠤ ᠪᠠᠨ ᠰᠤᠩᠭᠠᠵᠤ ᠤᠶᠠᠨ ᠬᠠᠳᠠᠨ ᠴᠢᠨᠠᠷ ᠢ ᠨᠢ ᠰᠡᠷᠭᠦᠭᠡᠵᠦ ᠭᠡᠮᠲᠦᠯ ᠰᠢᠷᠬᠠᠲᠤᠯ ᠠᠴᠠ ᠰᠡᠷᠭᠡᠶᠢᠯᠡᠨ᠎ᠡ᠃        ᠦᠨᠳᠦᠰᠦᠨ ᠪᠤᠯᠪᠠᠰᠤᠷᠠᠯ᠃ ᠬᠦᠴᠢᠯᠲᠦᠶᠢᠷᠦᠭᠴᠢᠲᠦ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠲᠦᠷᠦᠯ ᠤᠨ ᠬᠦᠳᠡᠯᠭᠡᠭᠡᠨ᠂ ᠳᠤᠮᠳᠠᠳᠤ ᠤᠯᠤᠰ ᠤᠨ ᠤᠯᠠᠮᠵᠢᠯᠠᠯᠲᠤ ᠲᠠᠮᠢᠷ ᠵᠡᠷᠭᠡ ᠶᠢ ᠪᠠᠭᠲᠠᠭᠠᠨ᠎ᠠ᠂ ᠡᠩ ᠤᠨ ᠪᠠᠶᠢᠳᠠᠯ ᠳᠤ 30 ~60 ᠮᠢᠨᠦ᠋ᠲ ᠤᠨ ᠬᠦᠳᠡᠯᠭᠡᠭᠡᠨ ᠬᠢᠪᠡᠯ ᠲᠤᠬᠢᠷᠠᠮᠵᠢᠲᠠᠢ ᠪᠠᠶᠢᠳᠠᠭ᠃        ᠲᠠᠶᠢᠪᠤᠰᠢᠷᠠᠭᠤᠯᠬᠤ ᠬᠦᠳᠡᠯᠭᠡᠭᠡᠨ᠃ ᠡᠨᠡ ᠨᠢ ᠰᠢᠷᠦᠭᠦᠨ ᠬᠦᠳᠡᠯᠭᠡᠭᠡᠨ ᠬᠢᠭᠰᠡᠨ ᠤ ᠪᠠᠨ ᠳᠠᠷᠠᠭ᠎ᠠ ᠰᠢᠭᠤᠳ ᠵᠤᠭᠰᠤᠬᠤ ᠪᠢᠰᠢ ᠬᠠᠷᠢᠨ ᠵᠦᠭᠡᠯᠡᠨ ᠬᠦᠳᠡᠯᠭᠡᠭᠡᠨ ᠬᠢᠵᠦ ᠪᠡᠶ᠎ᠡ ᠡᠷᠬᠡᠲᠡᠨ ᠢ ᠠᠭᠠᠵᠢᠮ ᠢᠶᠠᠷ ᠬᠡᠪ ᠤᠨ ᠪᠠᠶᠢᠳᠠᠯ ᠳᠤᠨᠢ ᠤᠷᠤᠭᠤᠯᠬᠤ ᠶᠠᠪᠤᠴᠠ ᠶᠢ ᠵᠢᠭᠠᠳᠠᠭ᠂ ᠡᠭᠦᠨ ᠳᠤ ᠲᠠᠶᠢᠪᠤᠩ ᠠᠯᠬᠤᠬᠤ᠂ ᠲᠠᠶᠢᠪᠤᠩ ᠭᠦᠶᠦᠬᠦ᠂ ᠲᠠᠲᠠᠵᠤ ᠰᠤᠩᠭᠠᠬᠤ ᠵᠡᠷᠭᠡ ᠬᠦᠳᠡᠯᠭᠡᠭᠡᠨ ᠪᠠᠭᠲᠠᠲᠠᠭ᠃ ᠶᠠᠷᠢᠶᠠᠨ ᠦᠭᠡᠢ ᠬᠡᠲᠦ ᠰᠢᠷᠦᠭᠦᠨ ᠬᠦᠳᠡᠯᠭᠡᠭᠡᠨ ᠬᠢᠭᠰᠡᠨ ᠤ ᠳᠠᠷᠠᠭ᠎ᠠ ᠪᠤᠯᠴᠢᠩ ᠰᠢᠷᠪᠤᠰᠤ ᠪᠠᠨ ᠨᠤᠬᠤᠯᠠᠬᠤ ᠵᠡᠷᠭᠡ ᠶᠢᠨ ᠠᠷᠭ᠎ᠠ ᠬᠡᠮᠵᠢᠶ᠎ᠡ ᠴᠦ ᠠᠪᠳᠠᠭ᠃ ᠲᠠᠶᠢᠪᠤᠰᠢᠷᠠᠭᠤᠯᠬᠤ ᠬᠦᠳᠡᠯᠭᠡᠭᠡᠨ ᠨᠢ ᠶᠠᠳᠠᠷᠠᠭ᠎ᠠ ᠲᠠᠶᠢᠯᠬᠤ᠂ ᠪᠡᠶ᠎ᠡ ᠳᠤ ᠬᠡᠪ ᠤᠨ ᠪᠤᠰᠤ ᠪᠠᠶᠢᠳᠠᠯ ᠢᠯᠡᠷᠡᠬᠦ ᠠᠴᠠ ᠵᠠᠶᠢᠯᠠᠰᠬᠢᠬᠦ ᠳᠤ ᠲᠤᠰᠠᠲᠠᠢ ᠪᠠᠶᠢᠳᠠᠭ᠃        ᠪᠡᠶ᠎ᠡ ᠶᠢᠨ ᠲᠠᠮᠢᠷ ᠤᠨ ᠪᠤᠯᠪᠠᠰᠤᠷᠠᠯ ᠳᠤ ᠤᠷᠲᠤ ᠬᠤᠭᠤᠴᠠᠭᠠᠨ ᠤ ᠲᠦᠯᠦᠪᠵᠢᠭᠦᠯᠭᠡ ᠴᠢᠬᠤᠯᠠᠲᠠᠢ        ᠪᠡᠶ᠎ᠡ ᠶᠢᠨ ᠲᠠᠮᠢᠷ ᠤᠨ ᠬᠦᠳᠡᠯᠭᠡᠭᠡᠨ ᠢᠶᠠᠷ ᠳᠠᠮᠵᠢᠭᠤᠯᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠪᠤᠯ ᠤᠳᠠᠭᠠᠨ ᠳᠠᠭᠠᠭᠠᠮᠠᠭᠠᠢ ᠶᠠᠪᠤᠴᠠ ᠪᠠᠶᠢᠵᠤ᠂ ᠠᠯᠬᠤᠮ ᠠᠯᠬᠤᠮ ᠢᠶᠠᠷ ᠡᠷᠴᠢᠮ ᠢᠶᠠᠨ ᠴᠢᠩᠭᠠᠷᠠᠭᠤᠯᠵᠤ ᠴᠢᠬᠢᠷᠠᠭᠵᠢᠯ ᠤᠨ ᠦᠷ᠎ᠡ ᠳ᠋ᠦᠩ ᠳᠤ ᠬᠦᠷᠳᠡᠭ ᠤᠴᠢᠷᠲᠠᠢ᠃ ᠲᠡᠶᠢᠮᠦ ᠠᠴᠠ ᠲᠠᠮᠢᠷ ᠤᠨ ᠪᠤᠯᠪᠠᠰᠤᠷᠠᠯ ᠢ ᠰᠤᠩᠭᠤᠭᠰᠠᠨ ᠬᠦᠮᠦᠨ ᠪᠤᠯᠭᠠᠨ ᠤᠷᠲᠤ ᠬᠤᠭᠤᠴᠠᠭᠠᠨ ᠤ ᠪᠤᠯᠪᠠᠰᠤᠷᠠᠯ ᠤᠨ ᠲᠦᠯᠦᠪᠵᠢᠭᠦᠯᠭᠡ ᠲᠤᠭᠲᠠᠭᠠᠵᠤ᠂ ᠲᠠᠮᠢᠷ ᠤᠨ ᠬᠦᠳᠡᠯᠭᠡᠭᠡᠨ ᠤ ᠰᠢᠨᠵᠢᠯᠡᠬᠦ ᠤᠬᠠᠭᠠᠨᠴᠢ᠂ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠪᠠᠶᠢᠳᠠᠭ ᠢ ᠰᠠᠨᠠᠭᠤᠯᠵᠤ ᠪᠠᠶᠢᠨ᠎ᠠ᠃        ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠨᠢ ᠪᠡᠶ᠎ᠡ ᠲᠠᠮᠢᠷ ᠤᠨ ᠴᠢᠬᠢᠷᠠᠭᠵᠢᠯ ᠤᠨ ᠬᠦᠳᠡᠯᠭᠡᠭᠡᠨ ᠢ ᠬᠦᠩᠭᠡᠨ᠂ ᠳᠤᠮᠳᠠ᠂ ᠰᠢᠷᠦᠭᠦᠨ ᠬᠦᠳᠡᠯᠭᠡᠭᠡᠨ ᠭᠡᠵᠦ 3 ᠳᠡᠰ ᠲᠤ ᠬᠤᠪᠢᠶᠠᠭᠰᠠᠨ ᠪᠠᠶᠢᠨ᠎ᠠ᠃ ᠰᠠᠶ᠋ᠢᠬᠠᠨ ᠠᠴᠠ ᠡᠬᠢᠯᠡᠵᠦ ᠲᠠᠮᠢᠷ ᠤᠨ ᠬᠦᠳᠡᠯᠭᠡᠭᠡᠨ ᠳᠤ ᠤᠷᠤᠯᠴᠠᠵᠤ ᠪᠠᠶᠢᠭ᠎ᠠ ᠪᠤᠶᠤ ᠪᠡᠶ᠎ᠡ ᠪᠠᠷᠤᠭᠲᠠᠢ ᠬᠦᠮᠦᠰ ᠰᠡᠯᠡᠭᠦᠴᠡᠨ ᠠᠯᠬᠤᠬᠤ ᠮᠡᠲᠦ ᠶᠢᠨ ᠬᠦᠩᠭᠡᠨ ᠬᠦᠳᠡᠯᠭᠡᠭᠡᠨ ᠢ ᠰᠤᠩᠭᠤᠵᠤ᠂ ᠬᠦᠳᠡᠯᠭᠡᠭᠡᠨ ᠤ ᠶᠠᠪᠤᠴᠠ ᠳᠤ᠂ ᠵᠢᠷᠦᠬᠡᠨ ᠴᠤᠬᠢᠯᠭ᠎ᠠ ᠪᠠᠨ 100 ᠤᠳᠠᠭ᠎ᠠ / ᠮᠢᠨᠦ᠋ᠲ ᠠᠴᠠ ᠳᠠᠪᠠᠭᠤᠯᠬᠤ ᠦᠭᠡᠢ ᠪᠠᠶᠢᠪᠠᠯ ᠰᠠᠶᠢᠨ᠃ ᠲᠠᠮᠢᠷ ᠤᠨ ᠪᠤᠯᠪᠠᠰᠤᠷᠠᠯ ᠤᠨ ᠳᠠᠳᠬᠠᠯ ᠲᠠᠢ᠂ ᠪᠡᠶ᠎ᠡ ᠴᠢᠬᠢᠷᠠᠭ ᠬᠦᠮᠦᠰ ᠬᠤᠷᠳᠤᠨ ᠠᠯᠬᠤᠬᠤ᠂ ᠵᠦᠭᠡᠯᠡᠨ ᠭᠦᠶᠦᠬᠦ᠂ ᠲᠤᠭᠤᠢ ᠤᠨᠤᠬᠤ᠂ ᠲᠠᠢ ᠵᠢᠢ ᠨᠢᠳᠤᠷᠭ᠎ᠠ ᠭᠡᠬᠦ ᠮᠡᠲᠦ ᠶᠢᠨ ᠳᠤᠮᠳᠠ ᠳᠡᠰ ᠤᠨ ᠬᠦᠳᠡᠯᠭᠡᠭᠡᠨ ᠢ ᠰᠤᠩᠭᠤᠵᠤ᠂ ᠵᠢᠷᠦᠬᠡᠨ ᠴᠤᠬᠢᠯᠭ᠎ᠠ ᠪᠠᠨ 100 ~140 ᠤᠳᠠᠭ᠎ᠠ / ᠮᠢᠨᠦ᠋ᠲ ᠤᠷᠴᠢᠮ ᠳᠤ ᠪᠠᠶᠢᠯᠭᠠᠪᠠᠯ ᠵᠤᠬᠢᠨ᠎ᠠ᠃ ᠴᠢᠬᠢᠷᠠᠭᠵᠢᠯ ᠤᠨ ᠪᠠᠭ᠋ᠠᠲᠠᠳ ᠪᠤᠯ ᠬᠤᠯᠠ ᠭᠦᠶᠦᠬᠦ᠂ ᠠᠭᠤᠯᠠ ᠠᠪᠠᠷᠢᠬᠤ᠂ ᠠᠰᠠᠷ ᠤᠨ ᠱᠠᠲᠤ ᠠᠪᠠᠷᠢᠬᠤ᠂ ᠲᠤᠤᠷ ᠪᠦᠮᠪᠦᠭᠡ ᠮᠡᠲᠦ ᠶᠢᠨ ᠰᠢᠷᠦᠭᠦᠨ ᠬᠦᠳᠡᠯᠭᠡᠭᠡᠨ ᠢ ᠰᠤᠩᠭᠤᠬᠤ ᠨᠢ ᠶᠠᠷᠢᠶᠠᠨ ᠦᠭᠡᠢ ᠵᠢᠷᠦᠬᠡᠨ ᠴᠤᠬᠢᠯᠭ᠎ᠠ ᠨᠢ ᠴᠦ 140 ᠤᠳᠠᠭ᠎ᠠ / ᠮᠢᠨᠦ᠋ᠲ ᠠᠴᠠ ᠦᠨᠳᠦᠷ ᠪᠠᠶᠢᠳᠠᠭ᠃        ᠵᠢᠷᠦᠬᠡᠨ ᠴᠤᠬᠢᠯᠭ᠎ᠠ ᠶᠢᠨ ᠬᠤᠷᠳᠤᠨ ᠤᠳᠠᠭᠠᠨ ᠠᠴᠠ ᠭᠠᠳᠠᠨ᠎ᠠ᠂ ᠠᠮᠢᠰᠬᠤᠭᠠᠳᠠᠬᠤ ᠪᠠᠶᠢᠳᠠᠯ ᠨᠢ ᠴᠦ ᠬᠦᠳᠡᠯᠭᠡᠭᠡᠨ ᠤ ᠡᠷᠴᠢᠮ ᠢ ᠰᠢᠯᠭᠠᠬᠤ ᠰᠢᠯᠭᠠᠭᠤᠷ ᠪᠤᠯᠳᠠᠭ᠃ ᠡᠩ ᠤᠨ ᠲᠠᠶᠢᠪᠤᠩ ᠪᠠᠶᠢᠳᠠᠯ ᠲᠠᠢ ᠬᠠᠷᠢᠴᠠᠭᠤᠯᠪᠠᠯ᠂ ᠬᠦᠩᠭᠡᠨ ᠬᠦᠳᠡᠯᠭᠡᠭᠡᠨ ᠬᠢᠬᠦ ᠦᠶ᠎ᠡ ᠳᠤ ᠠᠮᠢᠰᠬᠤᠯ ᠤᠨ ᠪᠠᠶᠢᠳᠠᠯ ᠳᠤ ᠳᠡᠮᠡᠢ ᠬᠤᠪᠢᠷᠠᠯᠲᠠ ᠭᠠᠷᠳᠠᠭ ᠦᠭᠡᠢ᠂ ᠠᠮᠢᠰᠬᠤᠯ ᠲᠤᠭᠲᠠᠭᠤᠨ ᠪᠠᠶᠢᠵᠤ ᠳᠠᠭᠤᠤ ᠳᠠᠭᠤᠯᠠᠵᠤ ᠪᠤᠯᠳᠠᠭ᠃ ᠳᠤᠮᠳᠠ ᠳᠡᠰ ᠤᠨ ᠬᠦᠳᠡᠯᠭᠡᠭᠡᠨ ᠬᠢᠬᠦ ᠳᠤ᠂ ᠭᠦᠨ ᠠᠮᠢᠰᠬᠤᠬᠤ᠂ ᠠᠮᠢᠰᠬᠤᠯ ᠤᠨ ᠳᠠᠪᠲᠠᠮᠵᠢ ᠲᠦᠷᠭᠡᠰᠬᠦ ᠪᠠᠶᠢᠳᠠᠯ ᠢᠯᠡᠷᠡᠳᠡᠭ ᠪᠤᠯᠪᠠᠴᠤ ᠬᠡᠪ ᠤᠨ ᠪᠠᠶᠢᠳᠠᠯ ᠢᠶᠠᠷ ᠶᠠᠷᠢᠯᠴᠠᠵᠤ ᠪᠤᠯᠳᠠᠭ᠃ ᠬᠦᠳᠡᠯᠭᠡᠭᠡᠨ ᠨᠢ ᠠᠷᠠᠢ ᠵᠢᠭᠠᠬᠠᠨ ᠰᠢᠷᠦᠭᠦᠰᠪᠡᠯ ᠠᠮᠢᠰᠬᠤᠳᠠᠬᠤ ᠪᠠᠶᠢᠳᠠᠯ ᠲᠠᠢ ᠪᠤᠯᠵᠤ᠂ ᠤᠷᠲᠤ ᠦᠭᠦᠯᠡᠪᠦᠷᠢ ᠶᠢ ᠨᠢᠭᠡ ᠠᠮᠢᠰᠬᠤᠭ᠎ᠠ ᠪᠠᠷ ᠶᠠᠷᠢᠵᠤ ᠳᠡᠶᠢᠯᠬᠦ ᠦᠭᠡᠢ ᠪᠤᠯᠳᠠᠭ᠃ ᠬᠠᠷᠢᠨ ᠰᠢᠷᠦᠭᠦᠨ ᠬᠦᠳᠡᠯᠭᠡᠭᠡᠨ ᠬᠢᠪᠡᠯ᠂ ᠠᠮᠢᠰᠬᠤᠭᠠᠳᠠᠬᠤ ᠪᠤᠶᠤ ᠠᠮᠢᠰᠬᠤᠭ᠎ᠠ ᠴᠢᠬᠤᠯᠳᠠᠬᠤ ᠪᠠᠶᠢᠳᠠᠯ ᠭᠠᠷᠴᠤ᠂ ᠬᠡᠪ ᠤᠨ ᠪᠠᠶᠢᠳᠠᠯ ᠢᠶᠠᠷ ᠶᠠᠷᠢᠯᠴᠠᠵᠤ ᠳᠡᠶᠢᠯᠬᠦ ᠦᠭᠡᠢ ᠪᠤᠯᠳᠠᠭ᠃        ᠤᠳᠠᠭ᠎ᠠ ᠪᠤᠯᠭᠠᠨ ᠤ ᠲᠠᠮᠢᠷ ᠤᠨ ᠬᠦᠳᠡᠯᠭᠡᠭᠡᠨ ᠬᠢᠬᠦ ᠴᠠᠭ ᠨᠢ ᠴᠦ ᠴᠢᠬᠢᠷᠠᠭᠵᠢᠯ ᠤᠨ ᠦᠷ᠎ᠡ ᠳ᠋ᠦᠩ ᠢ ᠰᠢᠭᠤᠳ ᠨᠦᠯᠦᠭᠡᠯᠡᠳᠡᠭ᠃ ᠬᠦᠡᠳᠯᠭᠡᠭᠡᠨ ᠬᠢᠭᠰᠡᠨ ᠴᠠᠭ ᠨᠢ ᠬᠡᠲᠦ ᠤᠬᠤᠷ ᠪᠤᠯ ᠪᠡᠶ᠎ᠡ ᠡᠷᠬᠡᠲᠡᠨ ᠤ ᠴᠢᠳᠠᠪᠬᠢ ᠶᠢ ᠳᠡᠭᠡᠭᠰᠢᠯᠡᠭᠦᠯᠬᠦ ᠦᠢᠯᠡᠳᠦᠯ ᠢᠶᠠᠷ ᠪᠠᠷᠤᠭᠲᠠᠢ ᠪᠠᠶᠢᠵᠤ᠂ ᠬᠦᠳᠡᠯᠭᠡᠭᠡᠨ ᠬᠢᠭᠰᠡᠨ ᠴᠠᠭ ᠨᠢ ᠬᠡᠲᠦ ᠤᠷᠲᠤ ᠪᠤᠯᠪᠠᠯ ᠶᠠᠳᠠᠷᠠᠬᠤ ᠨᠢ ᠢᠯᠡᠭᠦᠦ ᠪᠠᠶᠢᠵᠤ᠂ ᠴᠢᠬᠢᠷᠠᠭᠵᠢᠯ ᠤᠨ ᠦᠢᠯᠡᠳᠦᠯ ᠨᠢ ᠪᠠᠭᠤᠷᠠᠳᠠᠭ᠃ ᠲᠠᠮᠢᠷ ᠤᠨ ᠬᠦᠳᠡᠯᠭᠡᠭᠡᠨ ᠳᠤ ᠡᠬᠢᠯᠡᠵᠦ ᠤᠷᠤᠯᠴᠠᠬᠤ ᠳᠠᠭᠠᠨ᠂ ᠬᠦᠴᠢᠯᠲᠦᠶᠢᠷᠦᠭᠴᠢᠲᠦ ᠬᠦᠳᠡᠯᠭᠡᠭᠡᠨ᠂ ᠪᠦᠮᠪᠦᠭᠡᠨ ᠤ ᠲᠦᠷᠦᠯ ᠤᠨ ᠬᠦᠳᠡᠯᠭᠡᠭᠡᠨ᠂ ᠳᠤᠮᠳᠠᠳᠤ ᠤᠯᠤᠰ ᠤᠨ ᠤᠯᠠᠮᠵᠢᠯᠠᠯᠲᠤ ᠲᠠᠮᠢᠷ᠂ ᠲᠠᠲᠠᠵᠤ ᠰᠤᠩᠭᠠᠬᠤ ᠬᠦᠳᠡᠯᠭᠡᠭᠡᠨ ᠢ ᠰᠤᠩᠭᠤᠵᠤ ᠪᠤᠯᠤᠨ᠎ᠠ᠂ ᠡᠬᠢᠯᠡᠭᠡᠳ ᠭᠠᠷᠠᠭ ᠲᠤ 3 ᠡᠳᠦᠷ᠂ ᠠᠭᠠᠵᠢᠮ ᠢᠶᠠᠷ 5 ᠡᠳᠦᠷ ᠪᠤᠯᠭᠠᠵᠤ ᠨᠡᠮᠡᠭᠳᠡᠭᠦᠯᠦᠨ᠎ᠡ᠂ ᠤᠳᠠᠭ᠎ᠠ ᠪᠤᠯᠭᠠᠨ ᠤ ᠬᠦᠳᠡᠯᠭᠡᠭᠡᠨ ᠤ ᠴᠠᠭ ᠢ 10-20 ᠮᠢᠨᠦ᠋ᠲ ᠪᠠᠶᠢᠭᠰᠠᠨ ᠠᠴᠠ 30-50 ᠮᠢᠨᠦ᠋ᠲ ᠲᠠᠮᠢᠷ ᠤᠨ ᠬᠦᠳᠡᠯᠭᠡᠭᠡᠨ ᠬᠢᠬᠦ ᠶᠢ ᠬᠢᠴᠢᠶᠡᠪᠡᠯ ᠵᠤᠬᠢᠨ᠎ᠠ᠃        ᠤᠷᠲᠤ ᠬᠤᠭᠤᠴᠠᠭ᠎ᠠ ᠪᠠᠷ ᠲᠠᠮᠢᠷ ᠤᠨ ᠬᠦᠳᠡᠯᠭᠡᠭᠡᠨ ᠬᠢᠬᠦ ᠪᠠᠨ ᠪᠠᠷᠢᠮᠲᠠᠯᠠᠵᠤ ᠴᠢᠳᠠᠪᠠᠯ᠂ ᠭᠠᠷᠠᠭ ᠲᠤ 200-300 ᠮᠢᠨᠦ᠋ᠲ ᠤᠨ ᠳᠤᠮᠳᠠ ᠵᠡᠷᠭᠡ ᠶᠢᠨ ᠡᠷᠴᠢᠮ ᠪᠦᠬᠦᠢ ᠬᠦᠳᠡᠯᠭᠡᠭᠡᠨ ᠪᠤᠶᠤ 75-150 ᠮᠢᠨᠦ᠋ᠲ ᠤᠨ ᠰᠢᠷᠦᠭᠦᠨ ᠬᠦᠳᠡᠯᠭᠡᠭᠡᠨ ᠬᠢᠬᠦ ᠶᠢ ᠪᠤᠯᠪᠠᠰᠤᠷᠠᠯ ᠤᠨ ᠢᠶᠠᠨ ᠴᠢᠬᠤᠯᠠ ᠨᠢᠭᠡ ᠠᠭᠤᠯᠭ᠎ᠠ ᠪᠤᠯᠭᠠᠪᠠᠯ ᠵᠤᠬᠢᠨ᠎ᠠ︔ ᠭᠠᠷᠠᠭ ᠲᠤ 2 ~3 ᠤᠳᠠᠭ᠎ᠠ ᠬᠦᠴᠦ ᠲᠠᠮᠢᠷ ᠤᠨ ᠪᠤᠯᠪᠠᠰᠤᠷᠠᠯ ᠬᠢᠵᠦ᠂ 5 ᠤᠳᠠᠭ᠎ᠠ ᠠᠴᠠ ᠲᠤᠲᠠᠭᠤ ᠦᠭᠡᠢ ᠲᠠᠲᠠᠵᠤ ᠰᠤᠩᠭᠠᠬᠤ ᠬᠦᠳᠡᠯᠭᠡᠭᠡᠨ ᠬᠢᠵᠦ᠂ ᠬᠦᠳᠡᠯᠭᠡᠭᠡᠨ ᠬᠢᠬᠦ ᠲᠠᠪᠲᠠᠮᠵᠢ ᠪᠠᠨ ᠴᠦ ᠭᠠᠷᠠᠭ ᠲᠤ 5-7 ᠡᠳᠦᠷ ᠪᠤᠯᠪᠠᠰᠤᠷᠠᠬᠤ ᠪᠤᠯᠭᠠᠪᠠᠯ ᠵᠤᠬᠢᠨ᠎ᠠ᠃        ᠰᠢᠷᠦᠭᠦᠨ ᠬᠦᠳᠡᠯᠭᠡᠭᠡᠨ ᠬᠢᠭᠰᠡᠨ ᠤ ᠪᠠᠨ ᠳᠠᠷᠠᠭ᠎ᠠ ᠰᠢᠭᠤᠳ ᠵᠤᠭᠰᠤᠬᠤ ᠪᠢᠰᠢ ᠬᠠᠷᠢᠨ ᠵᠦᠭᠡᠯᠡᠨ ᠬᠦᠳᠡᠯᠭᠡᠭᠡᠨ ᠬᠢᠵᠦ ᠪᠡᠶ᠎ᠡ ᠡᠷᠬᠡᠲᠡᠨ ᠢ ᠠᠭᠠᠵᠢᠮ ᠢᠶᠠᠷ ᠬᠡᠪ ᠤᠨ ᠪᠠᠶᠢᠳᠠᠯ ᠳᠤᠨᠢ ᠤᠷᠤᠭᠤᠯᠪᠠᠯ ᠰᠠᠶᠢᠨ ᠪᠠᠶᠢᠳᠠᠭ᠂ ᠡᠭᠦᠨ ᠢ ᠲᠠᠶᠢᠪᠤᠰᠢᠷᠠᠭᠤᠯᠬᠤ ᠬᠦᠳᠡᠯᠭᠡᠭᠡᠨ ᠭᠡᠨ᠎ᠡ᠃ ᠲᠠᠶᠢᠪᠤᠰᠢᠷᠠᠭᠤᠯᠬᠤ ᠬᠦᠳᠡᠯᠭᠡᠭᠡᠨ ᠳᠤ ᠲᠠᠶᠢᠪᠤᠩ ᠠᠯᠬᠤᠬᠤ᠂ ᠲᠠᠶᠢᠪᠤᠩ ᠭᠦᠶᠦᠬᠦ᠂ ᠲᠠᠲᠠᠵᠤ ᠰᠤᠩᠭᠠᠬᠤ ᠵᠡᠷᠭᠡ ᠬᠦᠳᠡᠯᠭᠡᠭᠡᠨ ᠪᠠᠭᠲᠠᠳᠠᠭ᠃ ᠶᠠᠷᠢᠶᠠᠨ ᠦᠭᠡᠢ ᠬᠡᠲᠦ ᠰᠢᠷᠦᠭᠦᠨ ᠬᠦᠳᠡᠯᠭᠡᠭᠡᠨ ᠬᠢᠭᠰᠡᠨ ᠤ ᠳᠠᠷᠠᠭ᠎ᠠ ᠪᠤᠯᠴᠢᠩ ᠰᠢᠷᠪᠤᠰᠤ ᠪᠠᠨ ᠨᠤᠬᠤᠯᠠᠬᠤ ᠵᠡᠷᠭᠡ ᠶᠢᠨ ᠠᠷᠭ᠎ᠠ ᠬᠡᠮᠵᠢᠶ᠎ᠡ ᠴᠦ ᠠᠪᠳᠠᠭ᠃ ᠲᠠᠶᠢᠪᠤᠰᠢᠷᠠᠭᠤᠯᠬᠤ ᠬᠦᠳᠡᠯᠭᠡᠭᠡᠨ ᠨᠢ ᠶᠠᠳᠠᠷᠠᠭ᠎ᠠ ᠲᠠᠶᠢᠯᠬᠤ᠂ ᠪᠡᠶ᠎ᠡ ᠳᠤ ᠬᠡᠪ ᠤᠨ ᠪᠤᠰᠤ ᠪᠠᠶᠢᠳᠠᠯ ᠢᠯᠡᠷᠡᠬᠦ ᠠᠴᠠ ᠵᠠᠶᠢᠯᠠᠰᠬᠢᠬᠦ ᠳᠤ ᠲᠤᠰᠠᠲᠠᠢ ᠪᠠᠶᠢᠳᠠᠭ᠃        ᠵᠤᠩᠭᠢᠯᠠᠬᠤ ᠤᠯᠠᠨ ᠲᠤᠭᠠᠨ ᠤ ᠰᠠᠭᠤᠭᠠᠯᠢ ᠠᠷᠠᠳ ᠰᠤᠬᠤᠷ ᠪᠠᠯᠠᠢ ᠪᠠᠷ ᠲᠠᠮᠢᠷ ᠤᠨ ᠬᠦᠳᠡᠯᠭᠡᠭᠡᠨ ᠳᠤ ᠤᠷᠤᠯᠴᠠᠬᠤ ᠪᠤᠶᠤ ᠪᠡᠶ᠎ᠡ ᠪᠠᠨ ᠪᠤᠯᠪᠠᠰᠤᠷᠠᠭᠤᠯᠬᠤ ᠲᠠᠮᠢᠷ ᠤᠨ ᠬᠦᠳᠡᠯᠭᠡᠭᠡᠨ ᠰᠤᠩᠭᠤᠵᠤ ᠪᠠᠶᠢᠨ᠎ᠠ᠃ ᠡᠨᠡ ᠨᠢ ᠭᠤᠤᠯᠳᠠᠭᠤ ᠦᠨᠳᠡᠶᠢᠰᠬᠢᠭᠡᠳ ᠦᠷ᠎ᠡ ᠳ᠋ᠦᠩ ᠭᠠᠷᠭᠠᠬᠤ ᠭᠡᠵᠦ ᠶᠠᠭᠠᠷᠠᠨ᠂ ᠰᠢᠨ᠎ᠡ ᠵᠠᠭᠤᠴᠢᠯᠠᠭᠤᠷ ᠤᠳ ᠳᠡᠭᠡᠷ᠎ᠡ ᠪᠡᠶ᠎ᠡ ᠶᠢᠨ ᠪᠤᠯᠪᠠᠰᠤᠷᠠᠯ᠂ ᠪᠤᠯᠴᠢᠩ ᠰᠢᠷᠪᠤᠰᠤ ᠶᠢᠨ ᠲᠤᠬᠠᠢ ᠶᠠᠮᠠᠷ ᠨᠢᠭᠡ ᠰᠢᠨ᠎ᠡ ᠨᠡᠷ᠎ᠡ ᠭᠠᠷᠤᠭᠠᠳ ᠯᠠ ᠢᠷᠡᠪᠡᠯ᠂ ᠳᠠᠭᠠᠵᠤ ᠪᠤᠯᠪᠠᠰᠤᠷᠠᠬᠤ ᠬᠦᠮᠦᠨ ᠦᠷᠨᠢᠭᠡᠳ ᠪᠤᠰᠤᠨ᠎ᠠ᠂ ᠦᠪᠡᠷ ᠤᠨ ᠪᠡᠶ᠎ᠡ ᠳᠤᠨᠢ ᠲᠤᠬᠢᠷᠠᠬᠤ ᠵᠤᠬᠢᠷᠠᠬᠤ ᠡᠰᠡᠭᠦ ᠶᠢ ᠬᠠᠮᠢᠶᠠᠷᠳᠠᠭ ᠬᠦᠮᠦᠨ ᠪᠠᠷᠤᠭ ᠦᠭᠡᠢ︔ ᠲᠠᠮᠢᠷ ᠤᠨ ᠬᠦᠳᠡᠯᠭᠡᠭᠡᠨ ᠨᠢ ᠳᠠᠩ ᠴᠤᠯᠭᠤᠢ ᠪᠠᠶᠢᠵᠤ ᠪᠡᠶ᠎ᠡ ᠶᠢ ᠴᠢᠬᠢᠷᠠᠭᠵᠢᠭᠤᠯᠬᠤ ᠦᠢᠯᠡᠳᠦᠯ ᠢᠶᠠᠷ ᠮᠠᠭᠤ︔ ᠲᠠᠮᠢᠷ ᠤᠨ ᠬᠦᠳᠡᠯᠭᠡᠭᠡᠨ ᠤ ᠠᠮᠤᠷ ᠲᠦᠪᠰᠢᠨ ᠢ ᠤᠮᠳᠤᠭᠠᠶᠢᠯᠠᠵᠤ᠂ ᠲᠠᠮᠢᠷ ᠤᠨ ᠬᠦᠳᠡᠯᠭᠡᠭᠡᠨ ᠳᠤ ᠠᠶᠤᠯ ᠲᠦᠭᠰᠢᠭᠦᠷᠢ ᠨᠢᠭᠤᠭᠳᠠᠵᠤ ᠪᠠᠶᠢᠨ᠎ᠠ ᠭᠡᠳᠡᠭ ᠢ ᠰᠠᠨᠠᠭᠠᠨ ᠳᠠᠭᠠᠨ ᠠᠪᠬᠤ ᠦᠭᠡᠢ ᠳᠡᠭᠡᠷ᠎ᠡ ᠢᠯᠡᠷᠡᠵᠦ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号