ᠳᠤᠮᠳᠠᠳᠤ ᠤᠯᠤᠰ ᠤᠨ ᠡᠪ ᠬᠠᠮᠲᠤ ᠨᠠᠮ ᠤᠨ 18 ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠪᠴᠢ ᠲᠡᠦᠬᠡ
ᠨᠡᠶᠢᠲᠡᠯᠡᠭᠰᠡᠨ ᠴᠠᠭ᠄
2017-10-24
        96 ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠢ ᠲᠤᠩᠬᠠᠭᠯᠠᠪᠠ᠃ ᠳᠤᠮᠳᠠᠴᠢ ᠨᠠᠰᠤ ᠪᠠᠷ 28 ᠬᠦᠷᠴᠦ ᠪᠠᠶᠢᠭᠰᠠᠨ 13 ᠵᠠᠯᠠᠭᠤ ᠨᠠᠮ ᠤᠨ ᠭᠡᠰᠢᠭᠦᠨ ᠪᠦᠬᠦ ᠤᠯᠤᠰ ᠤᠨ 50 ᠭᠠᠷᠤᠢ ᠨᠠᠮ ᠤᠨ ᠭᠡᠰᠢᠭᠦᠨ ᠢ ᠲᠦᠯᠦᠭᠡᠯᠡᠵᠡᠢ᠃ ᠦᠨᠦᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ 9000 ᠲᠦᠮᠡᠨ ᠨᠠᠮ ᠤᠨ ᠭᠡᠰᠢᠭᠦᠨ ᠲᠠᠢ ᠳᠡᠯᠡᠬᠡᠢ ᠳᠡᠭᠡᠷᠡᠬᠢ ᠨᠢᠭᠡᠳᠦᠭᠡᠷ ᠶᠡᠭᠡ ᠲᠦᠷᠦ ᠪᠠᠷᠢᠬᠤ ᠨᠠᠮ ᠪᠤᠯᠵᠤ ᠪᠤᠵᠠᠭᠠᠶᠢᠷᠠᠯ᠎ᠠ᠃ ᠳᠤᠤᠷ᠎ᠠ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠬᠤ ᠠᠴᠠ ᠡᠮᠦᠨᠡᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ 18 ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠢ ᠤᠶᠢᠯᠠᠭᠠᠶ᠎ᠠ᠃        ᠨᠠᠮ ᠤᠨ ᠠᠩᠬᠠᠳᠤᠭᠠᠷ ᠶᠡᠭᠡ ᠬᠤᠷᠠᠯ ︵1921 ᠤᠨ︶        ᠳᠤᠮᠳᠠᠳᠤ ᠶᠢᠨ ᠦᠨᠳᠦᠰᠦᠲᠡᠨ ᠤ ᠬᠦᠭᠵᠢᠯᠲᠡ ᠶᠢᠨ ᠲᠡᠦᠬᠡᠨ ᠳᠠᠬᠢ ᠶᠡᠭᠡ ᠤᠴᠢᠷ        ᠬᠤᠷᠠᠯᠳᠤᠭᠤᠯᠤᠭᠰᠠᠨ ᠪᠠᠶᠢᠳᠠᠯ᠄ 1921 ᠤᠨ ᠤ 7 ᠰᠠᠷ᠎ᠠ ᠶᠢᠨ 23 ᠤ ᠡᠳᠦᠷ ᠤᠨ ᠤᠷᠤᠢ᠂ ᠱᠠᠩᠬᠠᠢ ᠳᠠᠬᠢ ᠹᠷᠠᠨᠼᠢ ᠶᠢᠨ ᠳᠦᠷᠢᠶᠡᠰᠦᠨ ᠤᠷᠤᠨ ᠤ ᠸᠠᠩ ᡁᠢ ᠵᠠᠮ ᠤᠨ 106 ᠨᠤᠮᠧᠷᠲᠤ ᠪᠠᠷᠢᠯᠭ᠎ᠠ ︵ᠤᠳᠤ ᠶᠢᠨ ᠰᠢᠩ ᠶᠧ ᠵᠠᠮ ᠤᠨ 76 ᠨᠤᠮᠧᠷᠲᠤ︶ ᠳᠤ ᠬᠦᠰᠢᠭᠡ ᠰᠡᠬᠦᠵᠦ᠂ ᠬᠠᠮᠤᠭ ᠡᠴᠦᠰ ᠤᠨ ᠨᠢᠭᠡ ᠡᠳᠦᠷ ᠤᠨ ᠬᠤᠷᠠᠯ ᠢᠶᠠᠨ ᠵᠧᠵᠢᠶᠠᠩ ᠤᠨ ᠵᠢᠶᠠᠩ ᠰᠢᠩ ᠤᠨ ᠨᠠᠨ ᠬᠤ᠋ ᠨᠠᠭᠤᠷ ᠤᠨ ᠤᠩᠭᠤᠴᠠᠨ ᠳᠡᠭᠡᠷ᠎ᠡ ᠬᠤᠷᠠᠯᠳᠤᠭᠤᠯᠵᠠᠢ᠃ 13 ᠲᠦᠯᠦᠭᠡᠯᠡᠭᠴᠢ ᠬᠤᠷᠠᠯ ᠳᠤ ᠤᠷᠤᠯᠴᠠᠵᠤ᠂ ᠳᠤᠮᠳᠠᠴᠢ ᠨᠠᠰᠤ ᠵᠦᠪᠬᠡᠨ 28 ᠪᠠᠶᠢᠵᠤ᠂ ᠪᠦᠬᠦ ᠤᠯᠤᠰ ᠤᠨ 50 ᠭᠠᠷᠤᠢ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠨᠠᠮ ᠤᠨ ᠨᠡᠷᠡᠶᠢᠳᠦᠯ ᠢ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠵᠦ ᠳᠤᠭᠲᠠᠭᠠᠵᠤ᠂ ︽ᠦᠭᠡᠶᠢᠭᠦᠦ ᠠᠩᠭᠢ ᠶᠢᠨ ᠬᠤᠪᠢᠰᠬᠠᠯ ᠤᠨ ᠴᠡᠷᠢᠭ ᠠᠩᠭᠢ ᠪᠠᠷ ᠬᠦᠷᠦᠩᠭᠡᠲᠦ ᠠᠩᠭᠢ ᠶᠢ ᠲᠦᠯᠬᠢᠨ ᠤᠨᠠᠭᠠᠬᠤ︾᠂ ︽ᠦᠭᠡᠶᠢᠭᠦᠦ ᠠᠩᠭᠢ ᠶᠢᠨ ᠳᠠᠷᠤᠩᠭᠤᠶᠢᠯᠠᠬᠤ ᠵᠠᠰᠠᠭ ᠢ ᠠᠰᠢᠭᠯᠠᠨ ᠠᠩᠭᠢ ᠶᠢᠨ ᠲᠡᠮᠡᠴᠡᠯ — ᠠᠩᠭᠢ ᠶᠢ ᠤᠰᠠᠳᠬᠠᠬᠤ ᠬᠠᠷᠠᠯᠲᠠ ᠳᠤ ᠬᠦᠷᠭᠡᠬᠦ︾᠂ ︽ᠬᠦᠷᠦᠩᠭᠡᠲᠦ ᠠᠩᠭᠢ ᠶᠢᠨ ᠬᠤᠪᠢ ᠶᠢᠨ ᠦᠮᠴᠢᠯᠡᠯ ᠢ ᠬᠦᠴᠦᠨ ᠦᠭᠡᠢ ᠪᠤᠯᠭᠠᠬᠤ︾ ᠪᠠ ᠭᠤᠷᠪᠠᠳᠤᠭᠠᠷ ᠢᠨᠲ᠋ᠧᠷᠨᠠᠼᠢᠦᠨᠠᠯ ᠲᠠᠢ ᠬᠤᠯᠪᠤᠭᠠᠯᠠᠬᠤ ᠬᠦᠲᠦᠯᠪᠦᠷᠢ ᠶᠢ ᠲᠤᠭᠲᠠᠭᠠᠵᠠᠢ᠃        ᠲᠡᠦᠬᠡᠲᠦ ᠠᠴᠢ ᠬᠤᠯᠪᠤᠭᠲᠠᠯ᠄ ᠳᠤᠮᠳᠠᠳᠤ ᠤᠯᠤᠰ ᠤᠨ ᠡᠪ ᠬᠠᠮᠲᠤ ᠨᠠᠮ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠪᠠ᠃        ᠨᠠᠮ ᠤᠨ ᠬᠤᠶᠠᠳᠤᠭᠠᠷ ᠶᠡᠭᠡ ᠬᠤᠷᠠᠯ ︵1922 ᠤᠨ︶        ᠳᠤᠮᠳᠠᠳᠤ ᠤᠯᠤᠰ ᠤᠨ ᠡᠵᠡᠷᠬᠡᠭ ᠳᠦᠷᠢᠮᠡᠬᠡᠶᠢᠲᠡᠨ ᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ ᠤᠨ ᠬᠦᠲᠦᠯᠪᠦᠷᠢ ᠶᠢ ᠵᠢᠩᠬᠢᠨᠢ ᠪᠠᠷ ᠲᠤᠭᠲᠠᠭᠠᠪᠠ        ᠬᠤᠷᠠᠯᠳᠤᠭᠤᠯᠤᠭᠰᠠᠨ ᠪᠠᠶᠢᠳᠠᠯ᠄ 1922 ᠤᠨ ᠤ 7 ᠰᠠᠷ᠎ᠠ ᠳᠤ ᠱᠠᠩᠬᠠᠢ ᠳᠤ ᠬᠤᠷᠠᠯᠳᠤᠪᠠ᠃ ᠬᠤᠷᠠᠯ ᠳᠤ 12 ᠲᠦᠯᠦᠭᠡᠯᠡᠭᠴᠢ ᠤᠷᠤᠯᠴᠠᠵᠤ᠂ ᠪᠦᠬᠦ ᠤᠯᠤᠰ ᠤᠨ 195 ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ᠲᠤᠬᠠᠢ ᠶᠢᠨ ᠱᠠᠲᠤ ᠦᠶ᠎ᠡ ᠳᠠᠬᠢ ᠳᠤᠮᠳᠠᠳᠤ ᠤᠯᠤᠰ ᠤᠨ ᠬᠤᠪᠢᠰᠬᠠᠯ ᠤᠨ ᠰᠢᠨᠵᠢ ᠴᠢᠨᠠᠷ᠂ ᠡᠲᠡᠭᠡᠳ᠂ ᠬᠦᠳᠡᠯᠭᠡᠭᠴᠢ ᠬᠦᠴᠦᠨ᠂ ᠠᠷᠭ᠎ᠠ ᠪᠤᠳᠤᠯᠭ᠎ᠠ ᠡᠭᠦᠷᠭᠡ ᠪᠠ ᠬᠠᠷᠠᠯᠲᠠ ᠳᠤ ᠠᠩᠬ᠎ᠠ ᠠᠯᠬᠤᠮ ᠤᠨ ᠲᠤᠳᠤᠷᠬᠠᠶᠢᠯᠠᠯᠲᠠ ᠬᠢᠵᠦ᠂ ᠳᠤᠮᠳᠠᠳᠤ ᠤᠯᠤᠰ ᠤᠨ ᠬᠤᠪᠢᠰᠬᠠᠯ ᠤᠨ ᠢᠷᠡᠭᠡᠳᠦᠢ ᠪᠤᠯ ᠨᠡᠶᠢᠭᠡᠮ ᠵᠢᠷᠦᠮ᠂ ᠡᠪ ᠬᠠᠮᠲᠤ ᠶᠤᠰᠤ ᠵᠦᠭ ᠬᠠᠨᠳᠤᠬᠤ ᠶᠢ ᠵᠢᠭᠠᠵᠤ ᠭᠠᠷᠭᠠᠪᠠ᠃        ᠲᠡᠦᠬᠡᠲᠦ ᠠᠴᠢ ᠬᠤᠯᠪᠤᠭᠳᠠᠯ᠄ ᠪᠦᠬᠦ ᠤᠯᠤᠰ ᠤᠨ ᠠᠷᠠᠳ ᠲᠦᠮᠡᠨ ᠳᠤ ᠠᠩᠬᠠᠳᠤᠭᠠᠷ ᠤᠳᠠᠭ᠎ᠠ ᠡᠵᠡᠷᠬᠡᠭ ᠳᠦᠷᠢᠮᠡᠬᠡᠶᠢᠲᠡᠨ ᠢ ᠡᠰᠡᠷᠭᠦᠴᠡᠵᠦ ᠹᠸᠤᠳᠠᠯ ᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ ᠤᠨ ᠬᠦᠲᠦᠯᠪᠤᠷᠢ ᠶᠢ ᠲᠤᠳᠤᠷᠬᠠᠢ ᠳᠤᠷᠠᠳᠤᠨ ᠭᠠᠷᠭᠠᠵᠠᠢ᠃        ᠨᠠᠮ ᠤᠨ ᠭᠤᠷᠪᠠᠳᠤᠭᠠᠷ ᠶᠡᠭᠡ ᠬᠤᠷᠠᠯ ︵1923 ᠤᠨ︶        ᠭᠤᠮᠢᠨᠳᠠᠩ ᠪᠠ ᠡᠪ ᠬᠠᠮᠲᠤ ᠨᠠᠮ ᠬᠠᠮᠲᠤᠷᠠᠨ ᠠᠵᠢᠯᠯᠠᠬᠤ ᠴᠢᠭᠯᠡᠯᠲᠡ ᠪᠠ ᠠᠷᠭ᠎ᠠ ᠶᠢ ᠲᠤᠭᠲᠠᠭᠠᠵᠠᠢ        ᠬᠤᠷᠠᠯᠳᠤᠭᠤᠯᠤᠭᠰᠠᠨ ᠪᠠᠶᠢᠳᠠᠯ᠄ 1923 ᠤᠨ ᠤ 6 ᠰᠠᠷ᠎ᠠ ᠶᠢᠨ 12 ᠤᠨ ᠡᠳᠦᠷ ᠠᠴᠠ 20 ᠤ ᠡᠳᠦᠷ ᠪᠤᠯᠲᠠᠯ᠎ᠠ ᠭᠤᠸᠠᠩᠵᠸᠦ ᠳᠤ ᠬᠤᠷᠠᠯᠳᠤᠪᠠ᠃ 30 ᠭᠠᠷᠤᠢ ᠲᠦᠯᠦᠭᠡᠯᠡᠭᠴᠢ ᠬᠤᠷᠠᠯ ᠳᠤ ᠤᠷᠤᠯᠴᠠᠵᠤ᠂ ᠪᠦᠬᠦ ᠤᠯᠤᠰ ᠤᠨ 420 ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ᠭᠤᠮᠢᠨᠳᠠᠩ ᠪᠠ ᠡᠪ ᠬᠠᠮᠲᠤ ᠨᠠᠮ ᠤᠨ ᠬᠠᠮᠲᠤᠷᠠᠨ ᠠᠵᠢᠯᠯᠠᠬᠤ ᠴᠢᠭᠯᠡᠯᠲᠡ ᠪᠠ ᠠᠷᠭ᠎ᠠ ᠶᠢᠨ ᠲᠤᠬᠠᠢ ᠵᠢᠩᠬᠢᠨᠢ ᠪᠠᠷ ᠲᠤᠭᠲᠠᠵᠤ᠂ ᠡᠪ ᠬᠠᠮᠲᠤ ᠨᠠᠮ ᠤᠨ ᠭᠡᠰᠢᠭᠦᠨ ᠬᠤᠪᠢ ᠬᠦᠮᠦᠨ ᠤ ᠲᠠᠯ᠎ᠠ ᠠᠴᠠ ᠭᠤᠮᠢᠨᠳᠠᠩ ᠪᠠ ᠡᠪ ᠬᠠᠮᠲᠤ ᠨᠠᠮ ᠤᠨ ᠬᠠᠮᠲᠤᠷᠠᠨ ᠠᠵᠢᠯᠯᠠᠬᠤ ᠶᠢ ᠪᠡᠶᠡᠯᠡᠭᠦᠯᠬᠦ ᠪᠠᠷ ᠲᠤᠭᠲᠠᠭᠠᠵᠠᠢ᠃        ᠲᠡᠦᠬᠡᠲᠦ ᠠᠴᠢ ᠬᠤᠯᠪᠤᠭᠲᠠᠯ᠄ ᠳᠤᠮᠳᠠᠳᠤ ᠤᠯᠤᠰ ᠤᠨ ᠡᠪ ᠬᠠᠮᠲᠤ ᠨᠠᠮ ᠢᠪᠴᠤᠤ ᠬᠦᠷᠢᠶ᠎ᠡ ᠬᠡᠪᠴᠢᠶ᠎ᠡ ᠠᠴᠠ ᠪᠠᠨ ᠭᠠᠷᠴᠤ᠂ ᠨᠡᠩ ᠦᠷᠭᠡᠨ ᠳᠡᠯᠭᠡᠷ ᠬᠤᠪᠢᠰᠬᠠᠯ ᠤᠨ ᠲᠡᠮᠡᠴᠡᠯ ᠤᠨ ᠤᠷᠤᠨ ᠵᠠᠢ ᠳᠤ ᠪᠤᠯᠪᠠᠰᠤᠷᠠᠯ ᠬᠦᠷᠲᠡᠨ᠂ ᠶᠡᠭᠡ ᠬᠤᠪᠢᠰᠬᠠᠯ ᠤᠨ ᠦᠷᠨᠢᠯᠲᠡ ᠶᠢ ᠤᠭᠲᠤᠵᠠᠢ᠃        ᠨᠠᠮ ᠤᠨ ᠳᠦᠷᠪᠡᠳᠦᠭᠡᠷ ᠶᠡᠭᠡ ᠬᠤᠷᠠᠯ ︵1925 ᠤᠨ︶        ᠦᠭᠡᠶᠢᠭᠦᠦ ᠠᠩᠭᠢ ᠶᠢᠨ ᠤᠳᠤᠷᠢᠳᠬᠤ ᠡᠷᠬᠡ ᠶᠢᠨ ᠠᠰᠠᠭᠤᠳᠠᠯ ᠢ ᠠᠩᠬᠠᠳᠤᠭᠠᠷ ᠤᠳᠠᠭ᠎ᠠ ᠲᠤᠳᠤᠷᠬᠠᠢ ᠳᠤᠷᠠᠳᠤᠨ ᠭᠠᠷᠭᠠᠪᠠ        ᠬᠤᠷᠠᠯᠳᠤᠭᠤᠯᠤᠭᠰᠠᠨ ᠪᠠᠶᠢᠳᠠᠯ᠄ 1925 ᠤᠨ ᠤ 1 ᠰᠠᠷ᠎ᠠ ᠶᠢᠨ 11 ᠤ ᠡᠳᠦᠷ ᠠᠴᠠ 22 ᠤᠨ ᠡᠳᠦᠷ ᠪᠤᠯᠲᠠᠯ᠎ᠠ ᠱᠠᠩᠬᠠᠢ ᠳᠤ ᠬᠤᠷᠠᠯᠳᠤᠪᠠ᠃ ᠬᠤᠷᠠᠯ ᠳᠤ 20 ᠲᠦᠯᠦᠭᠡᠯᠡᠭᠴᠢ ᠤᠷᠤᠯᠴᠠᠵᠤ᠂ ᠪᠦᠬᠦ ᠤᠯᠤᠰ ᠤᠨ 994 ᠡᠪ ᠬᠠᠮᠲᠤ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠦᠭᠡᠶᠢᠭᠦᠦ ᠠᠩᠭᠢ ᠦᠨᠳᠦᠰᠦᠲᠡᠨ ᠤ ᠬᠦᠳᠡᠯᠭᠡᠭᠡᠨ ᠤ ᠳᠤᠮᠳᠠ ᠵᠡᠭᠦᠨ ᠤ ᠬᠡᠯᠪᠡᠷᠢᠯ ᠪᠠ ᠪᠠᠷᠠᠭᠤᠨ ᠤ ᠬᠡᠯᠪᠡᠷᠢᠯ ᠢ ᠵᠡᠷᠭᠡᠳᠠ ᠡᠰᠡᠷᠭᠦᠴᠡᠬᠦ ᠬᠡᠷᠡᠭᠲᠡᠢ ᠭᠡᠵᠦ ᠵᠢᠭᠠᠨ ᠭᠠᠷᠭᠠᠪᠠ︔ ᠭᠤᠷᠪᠠᠨ ᠨᠠᠮ ᠤᠨ ᠭᠡᠰᠢᠭᠦᠨ ᠲᠠᠢ ᠪᠠᠶᠢᠪᠠᠯ ᠨᠢᠭᠡ ᠨᠠᠮ ᠤᠨ ᠡᠭᠦᠷ ᠪᠠᠶᠢᠭᠤᠯᠵᠤ ᠪᠤᠯᠤᠨ᠎ᠠ ᠭᠡᠵᠦ ᠲᠤᠭᠲᠠᠭᠠᠪᠠ᠃        ᠲᠡᠦᠬᠡᠲᠦ ᠠᠴᠢ ᠬᠤᠯᠪᠤᠭᠳᠠᠯ᠄ ᠳᠤᠮᠳᠠᠳᠤ ᠤᠯᠤᠰ ᠤᠨ ᠦᠭᠡᠶᠢᠭᠦᠦ ᠠᠩᠭᠢ ᠶᠢᠨ ᠠᠷᠠᠳᠴᠢᠯᠠᠭᠰᠠᠨ ᠬᠤᠪᠢᠰᠬᠠᠯ ᠤᠨ ᠳᠤᠮᠳᠠᠬᠢ ᠤᠳᠤᠷᠢᠳᠬᠤ ᠡᠷᠬᠡ ᠶᠢᠨ ᠠᠰᠠᠭᠤᠳᠠᠯ ᠵᠢᠴᠢ ᠠᠵᠢᠯᠴᠢᠨ ᠲᠠᠷᠢᠶᠠᠴᠢᠨ ᠤ ᠬᠤᠯᠪᠤᠭ᠎ᠠ ᠶᠢᠨ ᠠᠰᠠᠭᠤᠳᠠᠯ ᠢ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠪᠢᠰᠬᠠᠯ ᠤᠨ ᠠᠭᠤᠯᠭ᠎ᠠ ᠳᠤ ᠨᠡᠩ ᠪᠦᠷᠢᠨ ᠪᠦᠲᠦᠨ ᠲᠤᠭᠲᠠᠭᠠᠯ ᠭᠠᠷᠭᠠᠵᠠᠢ᠃        ᠨᠠᠮ ᠤᠨ ᠲᠠᠪᠤᠳᠤᠭᠠᠷ ᠶᠡᠭᠡ ᠬᠤᠷᠠᠯ ︵1927 ᠤᠨ︶        ᠲᠦᠪ ᠤᠨ ᠬᠢᠨᠠᠨ ᠪᠠᠶᠢᠴᠠᠭᠠᠬᠤ ᠬᠤᠷᠢᠶ᠎ᠠ ᠶᠢ ᠰᠤᠩᠭᠤᠭᠤᠯᠢ ᠪᠠᠷ ᠭᠠᠷᠭᠠᠪᠠ        ᠬᠤᠷᠠᠯᠳᠤᠭᠤᠯᠤᠭᠰᠠᠨ ᠪᠠᠶᠢᠳᠠᠯ᠄ 1927 ᠤᠨ ᠤ 4 ᠰᠠᠷ᠎ᠠ ᠶᠢᠨ 27 ᠤ ᠡᠳᠦᠷ ᠠᠴᠠ 5 ᠰᠠᠷ᠎ᠠ ᠶᠢᠨ 9 ᠤ ᠡᠳᠦᠷ ᠪᠤᠯᠲᠠᠯ᠎ᠠ ᠦᠬᠠᠨ ᠳᠤ ᠶᠠᠪᠤᠭᠳᠠᠪᠠ᠃ ᠬᠤᠷᠠᠯ ᠳᠤ 82 ᠲᠦᠯᠦᠭᠡᠯᠡᠭᠴᠢ ᠤᠷᠤᠯᠴᠠᠵᠤ᠂ ᠪᠦᠬᠦ ᠤᠯᠤᠰ ᠤᠨ 57967 ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠨᠠᠮ ᠤᠨ ᠲᠤᠲᠤᠭᠠᠳᠤ ᠳᠤ ᠠᠷᠠᠳᠴᠢᠯᠠᠯ ᠲᠦᠪᠯᠡᠷᠡᠯ ᠤᠨ ᠶᠤᠰᠤ ᠶᠢ ᠬᠡᠷᠡᠭᠵᠢᠭᠦᠯᠬᠦ ᠶᠢ ᠵᠢᠩᠬᠢᠨᠢ ᠪᠠᠷ ᠳᠤᠷᠠᠳᠤᠨ ᠭᠠᠷᠭᠠᠪᠠ᠃        ᠲᠡᠦᠬᠡᠲᠦ ᠠᠴᠢ ᠬᠤᠯᠪᠤᠭᠳᠠᠯ᠄ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ — ᠲᠦᠪ ᠤᠨ ᠬᠢᠨᠠᠨ ᠪᠠᠶᠢᠴᠠᠭᠠᠬᠤ ᠬᠤᠷᠢᠶ᠎ᠠ ᠶᠢ ᠰᠤᠩᠭᠤᠭᠤᠯᠢ ᠪᠠᠷ ᠭᠠᠷᠭᠠᠵᠠᠢ᠂ ᠡᠨᠡ  ᠨᠢ ᠨᠠᠮ ᠤᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠳᠡᠭᠡᠷ᠎ᠡ ᠴᠢᠬᠤᠯᠠ ᠠᠴᠢ ᠬᠤᠯᠪᠤᠭᠳᠠᠯ ᠲᠠᠢ᠃        ᠨᠠᠮ ᠤᠨ ᠵᠢᠷᠭᠤᠳᠤᠭᠠᠷ ᠶᠡᠭᠡ ᠬᠤᠷᠠᠯ ︵1928 ᠤᠨ︶        ᠳᠤᠮᠳᠠᠳᠤ ᠤᠯᠤᠰ ᠤᠨ ᠲᠤᠬᠠᠢ ᠶᠢᠨ ᠱᠠᠲᠤᠨ ᠳᠠᠬᠢ ᠨᠡᠶᠢᠭᠡᠮ ᠪᠠ ᠬᠤᠪᠢᠰᠬᠠᠯ ᠤᠨ ᠰᠢᠨᠵᠢ ᠴᠢᠨᠠᠷ ᠢ ᠲᠤᠳᠤᠷᠬᠠᠶᠢᠯᠠᠪᠠ        ᠬᠤᠷᠠᠯᠳᠤᠭᠤᠯᠤᠭᠰᠠᠨ ᠪᠠᠶᠢᠳᠠᠯ᠄ 1928 ᠤᠨ ᠤ 6 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 11 ᠤ ᠡᠳᠦᠷ ᠪᠤᠯᠲᠠᠯ᠎ᠠ᠂ ᠮᠤᠰᠺᠧᠨ ᠶᠢᠨ ᠤᠶᠢᠷ᠎ᠠ ᠲᠡᠭᠦᠷᠭᠡ ᠶᠢᠨ ᠡᠦ ᠢ ᠲᠤᠰᠬᠤᠨ ᠳᠤ ᠬᠤᠷᠠᠯᠳᠤᠪᠠ᠃ ᠬᠤᠷᠠᠯ ᠳᠤ 142 ᠲᠦᠯᠦᠭᠡᠯᠡᠭᠴᠢ ᠤᠷᠤᠯᠴᠠᠵᠤ᠂ ᠡᠭᠦᠨ ᠳᠤ ᠰᠤᠩᠭᠤᠭᠤᠯᠢ ᠶᠢᠨ ᠡᠷᠬᠡ ᠲᠠᠢ ᠲᠦᠯᠦᠭᠡᠯᠡᠭᠴᠢ 84 ᠬᠦᠮᠦᠨ ᠪᠠᠶᠢᠨ᠎ᠠ᠃        ᠴᠢᠬᠤᠯᠠ ᠠᠭᠤᠯᠭ᠎ᠠ᠄ ᠶᠡᠭᠡ ᠬᠤᠪᠢᠰᠬᠠᠯ ᠢᠯᠠᠭᠳᠠᠭᠰᠠᠨ ᠤ ᠳᠠᠷᠠᠭᠠᠬᠢ ᠳᠤᠮᠳᠠᠳᠤ ᠤᠯᠤᠰ ᠤᠨ ᠤᠯᠤᠰ ᠲᠦᠷᠦ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠵᠦ᠂ ᠳᠤᠮᠳᠠᠳᠤ ᠤᠯᠤᠰ ᠮᠦᠨᠴᠦ ᠨᠢᠭᠡᠨ ᠬᠠᠭᠠᠰ ᠺᠤᠯᠤᠨᠢ ᠬᠠᠭᠠᠰ ᠹᠸᠤᠳᠠᠯ ᠤᠯᠤᠰ ᠪᠠᠶᠢᠵᠤ᠂ ᠳᠤᠮᠳᠠᠳᠤ ᠤᠯᠤᠰ ᠤᠨ ᠬᠤᠪᠢᠰᠬᠠᠯ ᠤᠨ ᠲᠤᠬᠠᠢ ᠶᠢᠨ ᠱᠠᠲᠤ ᠦᠶ᠎ᠡ ᠶᠢᠨ ᠰᠢᠨᠵᠢ ᠴᠢᠨᠠᠷ ᠪᠤᠯ ᠬᠦᠷᠦᠩᠭᠡᠲᠦ ᠠᠩᠭᠢ ᠶᠢᠨ ᠠᠷᠠᠳᠴᠢᠯᠠᠭᠰᠠᠨ ᠬᠤᠪᠢᠰᠬᠠᠯ᠂ ᠨᠠᠮ ᠤᠨ ᠶᠡᠷᠦᠩᠬᠡᠢ ᠱᠤᠭᠤᠮ ᠪᠤᠯ ᠤᠯᠠᠨ ᠲᠦᠮᠡᠨ ᠢ ᠲᠡᠮᠡᠴᠡᠨ ᠤᠯᠬᠤ ᠪᠤᠯᠤᠨ᠎ᠠ ᠭᠡᠵᠦ ᠲᠤᠳᠤᠷᠬᠠᠶᠢᠯᠠᠪᠠ᠃        ᠲᠡᠦᠬᠡᠲᠦ ᠠᠴᠢ ᠬᠤᠯᠪᠤᠭᠳᠠᠯ᠄ ᠬᠤᠪᠢᠰᠬᠠᠯ ᠤᠨ ᠦᠨᠳᠦᠰᠦᠨ ᠠᠰᠠᠭᠤᠳᠠᠯ ᠳᠤ ᠦᠨᠳᠦᠰᠦᠨ ᠳᠡᠭᠡᠨ ᠵᠦᠪ ᠤᠨᠤᠪᠴᠢᠲᠠᠢ ᠬᠠᠷᠢᠭᠤᠯᠲᠠ ᠦᠭᠴᠦ᠂ ᠪᠦᠬᠦ ᠨᠠᠮ ᠤᠨ ᠦᠵᠡᠯ ᠰᠠᠨᠠᠭ᠎ᠠ ᠶᠢ ᠶᠡᠷᠦᠩᠬᠡᠢ ᠳᠡᠭᠡᠨ ᠨᠢᠭᠡᠳᠬᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠰᠡᠷᠭᠦᠭᠡᠯᠲᠡ ᠪᠠ ᠬᠦᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠵᠡᠢ᠃ ᠨᠠᠮ ᠤᠨ ᠶᠡᠷᠦᠩᠬᠡᠢ ᠱᠤᠭᠤᠮ ᠪᠤᠯ ᠤᠯᠠᠨ ᠲᠦᠮᠡᠨ ᠢ ᠲᠡᠮᠡᠴᠡᠨ ᠤᠯᠬᠤ ᠶᠢ ᠵᠢᠭᠠᠨ ᠭᠠᠷᠭᠠᠪᠠ᠂ ᠡᠨᠡ ᠪᠤᠯ ᠨᠠᠮ ᠤᠨ ᠠᠵᠢᠯ ᠤᠨ ᠴᠢᠭᠯᠡᠯᠲᠡ ᠶᠢᠨ ᠨᠢᠭᠡᠨ ᠤᠳᠠᠭᠠᠨ ᠤ ᠴᠢᠬᠤᠯᠠ ᠤᠯᠠᠷᠢᠯᠲᠠ ᠪᠤᠯᠤᠨ᠎ᠠ᠃         ᠨᠠᠮ ᠤᠨ ᠳᠤᠯᠤᠳᠤᠭᠠᠷ ᠶᠡᠭᠡ ᠬᠤᠷᠠᠯ ︵1945 ᠤᠨ︶        ᠮᠠᠤ ᠽᠧ ᠳ᠋ᠦᠩ ᠤᠨ ᠦᠵᠡᠯ ᠰᠠᠨᠠᠭ᠎ᠠ ᠪᠠᠷ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠤᠭᠲᠠᠵᠠᠢ        ᠬᠤᠷᠠᠯᠳᠤᠭᠤᠯᠤᠭᠰᠠᠨ ᠪᠠᠶᠢᠳᠠᠯ᠄ 1945 ᠤᠨ ᠤ 4 ᠰᠠᠷ᠎ᠠ ᠶᠢᠨ 23 ᠤ ᠡᠳᠦᠷ ᠶᠠᠨ ᠠᠨ ᠤ ᠶᠠᠩ ᠵᠢᠶᠠᠩ ᠯᠢᠩ ᠳᠤ ᠬᠦᠰᠢᠭᠡ ᠰᠡᠬᠦᠪᠡ᠃ ᠬᠤᠷᠠᠯ ᠳᠤ ᠵᠢᠩᠬᠢᠨᠢ ᠲᠦᠯᠦᠭᠡᠯᠡᠭᠴᠢ 547 ᠬᠦᠮᠦᠨ᠂ ᠤᠷᠤᠯᠠᠭᠴᠢ ᠲᠦᠯᠦᠭᠡᠯᠡᠭᠴᠢ 208 ᠬᠦᠮᠦᠨ ᠤᠷᠤᠯᠴᠠᠵᠤ᠂ ᠪᠦᠬᠦ ᠤᠯᠤᠰ ᠤᠨ 121 ᠲᠦᠮᠡᠨ ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ᠮᠠᠤ ᠽᠧ ᠳ᠋ᠦᠩ ᠬᠤᠷᠠᠯ ᠳᠡᠭᠡᠷ᠎ᠡ ︽ᠬᠤᠯᠪᠤᠭᠠᠲᠤ ᠵᠠᠰᠠᠭ ᠤᠨ ᠤᠷᠳᠤᠨ ᠢ ᠦᠭᠦᠯᠡᠬᠦᠢ︾ ᠭᠡᠬᠦ ᠰᠡᠳᠦᠪᠲᠦ ᠤᠯᠤᠰ ᠲᠦᠷᠦ ᠶᠢᠨ ᠢᠯᠡᠳᠬᠡᠯ ᠬᠢᠵᠦ᠂ ᠵᠦ ᠳ᠋ᠧ ︽ᠴᠢᠯᠦᠭᠡᠯᠡᠬᠦ ᠤᠷᠤᠨ ᠤ ᠳᠠᠶᠢᠨ ᠤ ᠲᠠᠯᠠᠪᠤᠷ ᠢ ᠦᠭᠦᠯᠡᠬᠦᠢ︾ ᠭᠡᠬᠦ ᠰᠡᠳᠦᠪᠲᠦ ᠴᠡᠷᠢᠭ ᠤᠨ ᠶᠠᠪᠤᠳᠠᠯ ᠤᠨ ᠢᠯᠡᠳᠬᠡᠯ ᠬᠢᠵᠦ᠂ ᠯᠢᠦ ᠱᠤᠤ ᠴᠢ ︽ᠨᠠᠮ ᠤᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ︾ ᠭᠡᠬᠦ ᠢᠯᠡᠳᠬᠡᠯ ᠬᠢᠵᠦ᠂ ᠵᠸᠦ ᠡᠸ᠋ᠨ ᠯᠠᠢ ︽ᠨᠢᠭᠡᠲᠤᠮᠠᠯ ᠹᠷᠤᠨᠲ ᠢ ᠦᠭᠦᠯᠡᠬᠦᠢ︾ ᠭᠡᠬᠦ ᠰᠡᠳᠦᠪᠲᠦ ᠶᠠᠷᠢᠶ᠎ᠠ ᠲᠠᠯᠪᠢᠵᠠᠢ᠃        ᠲᠡᠦᠬᠡᠲᠦ ᠠᠴᠢ ᠬᠤᠯᠪᠤᠭᠳᠠᠯ᠄ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠡᠦᠬᠡᠨ ᠲᠤᠷᠰᠢᠯᠭ᠎ᠠ ᠶᠢ ᠳ᠋ᠦᠩᠨᠠᠵᠤ᠂ ᠵᠦᠪ ᠤᠨᠤᠪᠴᠢᠲᠠᠢ ᠱᠤᠭᠤᠮ᠂ ᠬᠦᠲᠦᠯᠪᠦᠷᠢ ᠪᠠ ᠠᠷᠭ᠎ᠠ ᠪᠤᠳᠤᠯᠭ᠎ᠠ ᠲᠤᠭᠲᠠᠭᠠᠵᠤ᠂ ᠪᠦᠬᠦ ᠨᠠᠮ ᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭᠠᠨ ᠤ ᠰᠠᠭᠤᠷᠢᠨ ᠳᠡᠭᠡᠷ᠎ᠡ ᠤᠷᠢᠳ ᠬᠤᠵᠢᠳ ᠭᠠᠷᠤᠭ᠎ᠠ ᠦᠭᠡᠢ ᠪᠦᠯᠬᠦᠮᠳᠡᠯ ᠳᠤ ᠬᠦᠷᠭᠡᠵᠡᠢ᠃ ︽ᠪᠦᠯᠬᠦᠮᠳᠡᠯ ᠤᠨ ᠶᠡᠭᠡ ᠬᠤᠷᠠᠯ᠂ ᠢᠯᠠᠯᠲᠠ ᠶᠢᠨ ᠶᠡᠭᠡ ᠬᠤᠷᠠᠯ︾ ᠢᠶᠠᠷ ᠨᠠᠮ ᠤᠨ ᠲᠡᠦᠬᠡᠨ ᠳᠤ ᠲᠡᠮᠳᠡᠭᠯᠡᠵᠡᠢ᠃        ᠨᠠᠮ ᠤᠨ ᠨᠠᠢᠮᠠᠳᠤᠭᠠᠷ ᠶᠡᠭᠡ ᠬᠤᠷᠠᠯ ︵1956 ᠤᠨ︶        ᠨᠡᠶᠢᠭᠡᠮ ᠵᠢᠷᠦᠮᠲᠦ ᠬᠤᠪᠢᠰᠬᠠᠯ ᠦᠨᠳᠦᠰᠦᠨ ᠳᠡᠭᠡᠨ ᠪᠡᠶᠡᠯᠡᠭᠳᠡᠭᠰᠡᠨ ᠪᠠ ᠨᠡᠶᠢᠭᠡᠮ ᠵᠢᠷᠦᠮᠲᠦ ᠳᠦᠷᠢᠮ ᠢ ᠦᠨᠳᠦᠰᠦᠨ ᠳᠤᠨᠢ ᠲᠤᠭᠲᠠᠭᠠᠭᠰᠠᠨ ᠢ ᠲᠤᠩᠬᠠᠭᠯᠠᠵᠠᠢ        ᠬᠤᠷᠠᠯᠳᠤᠭᠤᠯᠤᠭᠰᠠᠨ ᠪᠠᠶᠢᠳᠠᠯ᠄ 1956 ᠤᠨ ᠤ 9 ᠰᠠᠷ᠎ᠠ ᠶᠢᠨ 15 ᠤ ᠡᠳᠦᠷ ᠠᠴᠠ 27 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ 1026 ᠲᠦᠯᠦᠭᠡᠯᠡᠭᠴᠢ ᠤᠷᠤᠯᠴᠠᠵᠤ᠂ ᠪᠦᠬᠦ ᠤᠯᠤᠰ ᠤᠨ 1073 ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃ ᠨᠠᠮ ᠤᠨ ᠭᠡᠰᠢᠭᠦᠨ ᠤ ᠲᠤᠭ᠎ᠠ ᠨᠠᠮ ᠤᠨ ᠳᠤᠯᠤᠳᠤᠭᠠᠷ ᠶᠡᠭᠡ ᠬᠤᠷᠠᠯ ᠤᠨ ᠦᠶᠡᠰ ᠠᠴᠠ 8 ᠲᠠᠬᠢᠨ ᠨᠡᠮᠡᠭᠳᠡᠪᠡ᠃        ᠴᠢᠬᠤᠯᠠ ᠠᠭᠤᠯᠭ᠎ᠠ᠄ ᠮᠠᠤ ᠽᠧ ᠳ᠋ᠦᠩ ᠡᠬᠢᠯᠡᠬᠦ ᠦᠭᠡ ᠬᠡᠯᠡᠵᠦ᠂ ᠯᠢᠦ ᠱᠤᠤ ᠴᠢ ᠨᠠᠮ ᠤᠨ ᠲᠦᠪ ᠬᠤᠷᠢᠶ᠎ᠠ ᠶᠢ ᠲᠦᠯᠦᠭᠡᠯᠡᠨ ᠤᠯᠤᠰ ᠲᠦᠷᠦ ᠶᠢᠨ ᠢᠯᠡᠳᠬᠡᠯ ᠬᠢᠵᠦ᠂ ᠵᠸᠦ ᠡᠸ᠋ᠨ ᠯᠠᠢ ᠤᠯᠤᠰ ᠠᠷᠠᠳ ᠤᠨ ︽2·5︾ ᠶᠢᠨ ᠲᠦᠯᠦᠪᠵᠢᠭᠦᠯᠭᠡ ᠶᠢᠨ ᠲᠤᠬᠠᠢ ᠰᠠᠨᠠᠭᠤᠯᠭ᠎ᠠ ᠶᠢᠨ ᠮᠡᠳᠡᠭᠦᠯᠦᠯᠲᠡ ᠬᠢᠵᠦ᠂ ᠳ᠋ᠧᠩ ᠰᠢᠶᠤᠤ ᠫᠢᠩ ᠨᠠᠮ ᠤᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠮᠡᠳᠡᠭᠦᠯᠦᠯᠲᠡ ᠬᠢᠵᠡᠢ᠃        ᠲᠡᠦᠬᠡᠲᠦ ᠠᠴᠢ ᠬᠤᠯᠪᠤᠭᠳᠠᠯ᠄ ᠨᠡᠶᠢᠭᠡᠮ ᠵᠢᠷᠦᠮᠲᠦ ᠬᠤᠪᠢᠰᠬᠠᠯ ᠦᠨᠳᠦᠰᠦᠨ ᠳᠡᠭᠡᠨ ᠪᠡᠶᠡᠯᠡᠭᠳᠡᠭᠰᠡᠨ ᠪᠠ ᠨᠡᠶᠢᠭᠡᠮ ᠵᠢᠷᠦᠮᠲᠦ ᠳᠦᠷᠢᠮ ᠦᠨᠳᠦᠰᠦᠨ ᠳᠡᠭᠡᠨ ᠲᠤᠭᠲᠠᠭᠠᠭᠳᠠᠭᠰᠠᠨ ᠢ ᠲᠤᠩᠬᠠᠭᠯᠠᠬᠤ ᠶᠢᠨ ᠬᠠᠮᠲᠤ᠂ ᠨᠠᠮ ᠤᠨ ᠬᠤᠶᠢᠰᠢᠲᠠ ᠶᠢᠨ ᠦᠨᠳᠦᠰᠦᠨ ᠡᠭᠦᠷᠭᠡ ᠶᠢ ᠲᠤᠳᠤᠷᠬᠠᠢ ᠳᠤᠷᠠᠳᠤᠨ ᠭᠠᠷᠭᠠᠪᠠ᠃        ᠨᠠᠮ ᠤᠨ ᠶᠢᠰᠦᠳᠦᠭᠡᠷ ᠶᠡᠭᠡ ᠬᠤᠷᠠᠯ ︵1969 ᠤᠨ︶        ᠬᠤᠷᠠᠯᠳᠤᠭᠤᠯᠤᠭᠰᠠᠨ ᠪᠠᠶᠢᠳᠠᠯ᠄ 1969 ᠤᠨ ᠤ 4 ᠰᠠᠷ᠎ᠠ ᠶᠢᠨ 1 ᠤ ᠡᠳᠦᠷ ᠠᠴᠠ 24 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ 1512 ᠬᠦᠮᠦᠨ ᠤᠷᠤᠯᠴᠠᠵᠤ᠂ ᠪᠦᠬᠦ ᠤᠯᠤᠰ ᠤᠨ 2200 ᠲᠦᠮᠡ ᠰᠢᠬᠠᠮ ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠵᠡᠷᠭᠡ ᠵᠦᠪᠯᠡᠯᠭᠡ ᠶᠢ ᠪᠠᠲᠤᠯᠠᠪᠠ᠃        ᠨᠠᠮ ᠤᠨ ᠠᠷᠪᠠᠳᠤᠭᠠᠷ ᠶᠡᠭᠡ ᠬᠤᠷᠠᠯ ︵1973 ᠤᠨ︶        ᠬᠤᠷᠠᠯᠳᠤᠭᠤᠯᠤᠭᠰᠠᠨ ᠪᠠᠶᠢᠳᠠᠯ᠄ 1973 ᠤᠨ ᠤ 8 ᠰᠠᠷ᠎ᠠ ᠶᠢᠨ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ 1249 ᠲᠦᠯᠦᠭᠡᠯᠡᠭᠴᠢ ᠤᠷᠤᠯᠴᠠᠵᠤ᠂ ᠲᠤᠬᠠᠢ ᠶᠢᠨ ᠦᠶ᠎ᠡ ᠳᠤ ᠪᠦᠬᠦ ᠤᠯᠤᠰ ᠤᠨ ᠪᠠᠷᠤᠭ 2800 ᠲᠦᠮᠡᠨ ᠨᠠᠮ ᠤᠨ ᠭᠡᠰᠢᠭᠦᠨ ᠲᠠᠢ᠃        ᠭᠤᠤᠯ ᠠᠭᠤᠯᠭ᠎ᠠ᠄ ︽ᠨᠠᠮ ᠤᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠮᠡᠳᠡᠭᠦᠯᠦᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠵᠡᠷᠭᠡ ᠵᠦᠪᠯᠡᠯᠭᠡ ᠶᠢ ᠪᠠᠲᠤᠯᠠᠪᠠ᠃        ᠨᠠᠮ ᠤᠨ ᠠᠷᠪᠠᠨ ᠨᠢᠭᠡᠳᠦᠭᠡᠷ ᠶᠡᠭᠡ ᠬᠤᠷᠠᠯ ︵1977 ᠤᠨ︶        ᠬᠤᠷᠠᠯᠳᠤᠭᠤᠯᠤᠭᠰᠠᠨ ᠪᠠᠶᠢᠳᠠᠯ᠄ 1977 ᠤᠨ ᠤ 8 ᠰᠠᠷ᠎ᠠ ᠶᠢᠨ 12 ᠤᠨ ᠡᠳᠦᠷ ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ 1510 ᠲᠦᠯᠦᠭᠡᠯᠡᠭᠴᠢ ᠤᠷᠤᠯᠴᠠᠵᠤ᠂ ᠪᠦᠬᠦ ᠤᠯᠤᠰ ᠤᠨ 3500 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ︽ᠨᠠᠮ ᠤᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠮᠡᠳᠡᠭᠦᠯᠦᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠵᠡᠷᠭᠡ ᠵᠦᠪᠯᠡᠯᠭᠡ ᠶᠢ ᠪᠠᠲᠤᠯᠠᠪᠠ᠃        ᠲᠡᠦᠬᠡᠲᠦ ᠠᠴᠢ ᠬᠤᠯᠪᠤᠭᠳᠠᠯ᠄ ︽ᠰᠤᠶᠤᠯ ᠤᠨ ᠶᠡᠭᠡ ᠬᠤᠪᠢᠰᠬᠠᠯ︾ ᠳᠠᠭᠤᠰᠤᠭᠰᠠᠨ ᠢ ᠲᠤᠩᠬᠠᠭᠯᠠᠵᠤ᠂ ᠬᠤᠷᠢᠳᠤᠭᠠᠷ ᠵᠠᠭᠤᠨ ᠤ ᠲᠤᠲᠤᠷ᠎ᠠ ᠮᠠᠨ ᠤ ᠤᠯᠤᠰ ᠢᠶᠠᠨ ᠨᠡᠶᠢᠭᠡᠮ ᠵᠢᠷᠦᠮᠲᠦ ᠤᠳᠤᠬᠢᠴᠢᠯᠠᠭᠰᠠᠨ ᠬᠦᠴᠦᠷᠬᠡᠭ ᠤᠯᠤᠰ ᠪᠤᠯᠭᠠᠨ ᠪᠠᠶᠢᠭᠤᠯᠬᠤ ᠡᠭᠦᠷᠭᠡ ᠶᠢ ᠲᠠᠬᠢᠨ ᠳᠤᠷᠠᠳᠴᠠᠢ᠃        ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ ︵1982 ᠤᠨ︶        ︽ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠠᠶᠢᠭᠤᠯᠬᠤ︾ ᠴᠢᠬᠤᠯᠠ ᠶᠡᠭᠡ ᠰᠡᠳᠦᠪ ᠢ ᠳᠤᠷᠠᠳᠤᠨ ᠭᠠᠷᠭᠠᠪᠠ᠃        ᠬᠤᠷᠠᠯᠳᠤᠭᠤᠯᠤᠭᠰᠠᠨ ᠪᠠᠶᠢᠳᠠᠯ᠄ 1982 ᠤᠨ ᠤ 9 ᠰᠠᠷ᠎ᠠ ᠶᠢᠨ 1 ᠤ ᠡᠳᠦᠷ ᠠᠴᠠ 11 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠳᠤ ᠵᠢᠩᠬᠢᠨᠢ ᠲᠦᠯᠦᠭᠡᠯᠡᠭᠴᠢ 1545 ᠬᠦᠮᠦᠨ᠂ ᠤᠷᠤᠯᠠᠭᠴᠢ ᠲᠦᠯᠦᠭᠡᠯᠡᠭᠴᠢ 145 ᠬᠦᠮᠦᠨ ᠤᠷᠤᠯᠴᠠᠵᠤ᠂ ᠪᠦᠬᠦ ᠤᠯᠤᠰ ᠤᠨ 3900 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠳ᠋ᠧᠩ ᠰᠢᠶᠤᠤ ᠫᠢᠩ ᠡᠬᠢᠯᠡᠬᠦ ᠦᠭᠡ ᠬᠡᠯᠡᠵᠡᠢ︔ ︽ᠨᠡᠶᠢᠭᠡᠮ ᠵᠢᠷᠦᠮᠲᠦ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠨᠡᠭᠡᠭᠡᠬᠦ︾ ᠮᠡᠳᠡᠭᠦᠯᠦᠯᠲᠡ ᠶᠢ ᠪᠠᠲᠤᠯᠠᠪᠠ᠃        ᠲᠡᠦᠬᠡᠲᠦ ᠠᠴᠢ ᠬᠤᠯᠪᠤᠭᠳᠠᠯ᠄ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠠᠶᠢᠭᠤᠯᠬᠤ ᠴᠢᠬᠤᠯᠠ ᠰᠡᠳᠦᠪ ᠪᠠ ︽ᠴᠢᠨᠡᠭᠡᠯᠢᠭ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠤᠨ ᠭᠠᠷᠭᠠᠪᠠ᠃ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠪᠦᠬᠦ ᠲᠠᠯ᠎ᠠ ᠪᠠᠷ ᠦᠷᠨᠢᠭᠦᠯᠵᠦ᠂ ᠨᠡᠶᠢᠭᠡᠮ ᠵᠢᠷᠦᠮᠲᠦ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠵᠡᠢ᠃        ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ︵1987 ᠤᠨ︶        ᠨᠡᠶᠢᠭᠡᠮ ᠵᠢᠷᠦᠮ ᠤᠨ ᠠᠩᠬᠠᠨ ᠤ ᠱᠠᠲᠤᠨ ᠤ ᠤᠨᠤᠯ ᠢ ᠰᠢᠰᠲ᠋ᠧᠮ ᠲᠠᠢ ᠲᠤᠳᠤᠷᠬᠠᠶᠢᠯᠠᠨ ᠦᠭᠦᠯᠡᠪᠡ        ᠬᠤᠷᠠᠯᠳᠤᠭᠤᠯᠤᠭᠰᠠᠨ ᠪᠠᠶᠢᠳᠠᠯ᠄ 1987 ᠤᠨ ᠤ 10 ᠰᠠᠷ᠎ᠠ ᠶᠢᠨ 25 ᠤ ᠡᠳᠦᠷ ᠠᠴᠠ 11 ᠰᠠᠷ᠎ᠠ ᠶᠢᠨ 1 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ ᠵᠢᠩᠬᠢᠨᠢ ᠲᠦᠯᠦᠭᠡᠯᠡᠭᠴᠢ 1936 ᠬᠦᠮᠦᠨ᠂ ᠤᠨᠴᠠ ᠤᠷᠢᠭᠰᠠᠨ ᠲᠦᠯᠦᠭᠡᠯᠡᠭᠴᠢ 61 ᠬᠦᠮᠦᠨ ᠤᠷᠤᠯᠴᠠᠵᠤ᠂ ᠪᠦᠬᠦ ᠤᠯᠤᠰ ᠤᠨ 4600 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠰᠢᠬᠢ ᠱᠤᠭᠤᠮ ᠢ ᠪᠠᠷᠢᠮᠲᠠᠯᠠᠬᠤ ᠪᠠ ᠬᠦᠭᠵᠢᠭᠦᠯᠵᠦ᠂ ᠦᠭᠡᠷᠡᠴᠢᠯᠡᠯᠲᠡ ᠶᠢ ᠲᠦᠷᠭᠡᠳᠬᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠤᠯᠤᠰ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠦᠨᠳᠦᠰᠦᠨ ᠪᠤᠳᠤᠯᠭ᠎ᠠ ᠴᠢᠭᠯᠡᠯᠲᠡ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠳᠤᠮᠳᠠ ᠨᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠦᠨᠳᠦᠰᠦᠨ ᠴᠢᠭᠯᠡᠯᠲᠡ ᠶᠢ ᠲᠤᠳᠤᠷᠬᠠᠶᠢᠯᠠᠪᠠ᠃        ᠲᠡᠦᠬᠡᠲᠦ ᠠᠴᠢ ᠬᠤᠯᠪᠤᠭᠳᠠᠯ᠄ ᠨᠡᠶᠢᠭᠡᠮ ᠵᠢᠷᠦᠮ ᠤᠨ ᠠᠩᠬᠠᠨ ᠤ ᠱᠠᠲᠤᠨ ᠤ ᠤᠨᠤᠯ ᠢ ᠰᠢᠰᠲ᠋ᠧᠮ ᠲᠠᠢ ᠲᠤᠳᠤᠷᠬᠠᠶᠢᠯᠠᠨ ᠦᠭᠦᠯᠡᠵᠦ᠂ ᠨᠠᠮ ᠤᠨ ᠨᠡᠶᠢᠭᠡᠮ ᠵᠢᠷᠦᠮ ᠤᠨ ᠠᠩᠬᠠᠨ ᠤ ᠱᠠᠲᠤᠨ ᠳᠠᠬᠢ ᠦᠨᠳᠦᠰᠦᠨ ᠱᠤᠭᠤᠮ ᠢ ᠲᠤᠳᠤᠷᠬᠠᠢ ᠬᠤᠷᠢᠶᠠᠩᠭᠤᠶᠢᠯᠠᠪᠠ︔ ︽ᠭᠤᠷᠪᠠᠨ ᠠᠯᠬᠤᠮ ᠢᠶᠠᠷ ᠶᠠᠪᠤᠬᠤ︾ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠤᠭᠲᠠᠭᠠᠪᠠ᠃        ᠨᠠᠮ ᠤᠨ ᠠᠷᠪᠠᠨ ᠳᠦᠷᠪᠡᠳᠦᠭᠡᠷ ᠶᠡᠭᠡ ᠬᠤᠷᠠᠯ ︵1992 ᠤᠨ︶        ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠠᠷᠠᠯᠲᠠ ᠪᠤᠯ ᠨᠡᠶᠢᠭᠡᠮ ᠵᠢᠷᠦᠮᠲᠦ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠶᠠᠪᠤᠳᠠᠯ ᠪᠤᠯᠬᠤ ᠶᠢ ᠲᠤᠳᠤᠷᠬᠠᠶᠢᠯᠠᠵᠠᠢ        ᠬᠤᠷᠠᠯᠳᠤᠭᠤᠯᠤᠭᠰᠠᠨ ᠪᠠᠶᠢᠳᠠᠯ᠄ 1992 ᠤᠨ ᠤ 10 ᠰᠠᠷ᠎ᠠ ᠶᠢᠨ 12 ᠤᠨ ᠡᠳᠦᠷ ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ ᠵᠢᠩᠬᠢᠨᠢ ᠲᠦᠯᠦᠭᠡᠯᠡᠭᠴᠢ 1989 ᠬᠦᠮᠦᠨ᠂ ᠤᠨᠴᠠ ᠤᠷᠢᠭᠰᠠᠨ ᠲᠦᠯᠦᠭᠡᠯᠡᠭᠴᠢ 46 ᠬᠦᠮᠦᠨ ᠤᠷᠤᠯᠴᠠᠵᠤ᠂ ᠪᠦᠬᠦ ᠤᠯᠤᠰ ᠤᠨ 5100 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠠᠵᠤ ᠠᠬᠤᠢ ᠶᠢᠨ ᠬᠦᠭᠵᠢᠯᠲᠡ ᠶᠢ ᠲᠦᠷᠭᠡᠳᠬᠡᠬᠦ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ︔ ᠮᠠᠨ ᠤ ᠤᠯᠤᠰ ᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠠᠷᠠᠯᠲᠠ ᠪᠤᠯ ᠨᠡᠶᠢᠭᠡᠮ ᠵᠢᠷᠦᠮᠲᠦ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠶᠠᠪᠤᠳᠠᠯ ᠪᠤᠯᠬᠤ ᠶᠢ ᠲᠤᠳᠤᠷᠬᠠᠶᠢᠯᠠᠵᠠᠢ︔ ᠳ᠋ᠧᠩ ᠰᠢᠶᠤᠤ ᠫᠢᠩ ᠤᠨ ᠳᠤᠮᠳᠠᠳᠤ ᠤᠯᠤᠰ ᠤᠨ ᠤᠨᠴᠠᠯᠢᠭ  ᠲᠠᠢ ᠨᠡᠶᠢᠭᠡᠮ ᠵᠢᠷᠦᠮᠲᠦ ᠤᠨᠤᠯ ᠢ ᠪᠠᠶᠢᠭᠤᠯᠬᠤ ᠵᠢᠯᠤᠭᠤᠳᠬᠤ ᠪᠠᠶᠢᠷᠢ ᠰᠠᠭᠤᠷᠢ ᠶᠢ ᠲᠤᠳᠤᠷᠬᠠᠶᠢᠯᠠᠪᠠ᠃        ᠲᠡᠦᠬᠡᠲᠦ ᠠᠴᠢ ᠬᠤᠯᠪᠤᠭᠳᠠᠯ᠄ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮᠲᠦ ᠤᠨᠤᠯ ᠪᠠ ᠨᠠᠮ ᠤᠨ ᠨᠡᠶᠢᠭᠡᠮ ᠵᠢᠷᠦᠮ ᠤᠨ ᠠᠩᠬᠠᠨ ᠤ ᠱᠠᠲᠤᠨ ᠳᠠᠬᠢ ᠦᠨᠳᠦᠰᠦᠨ ᠱᠤᠭᠤᠮ ᠲᠤᠭᠲᠠᠭᠠᠬᠤ ᠶᠢ ᠨᠠᠮ ᠤᠨ ᠳᠦᠷᠢᠮ ᠳᠤ ᠤᠷᠤᠭᠤᠯᠪᠠ︔ ᠳᠤᠮᠳᠠᠳᠤ ᠤᠯᠤᠰ ᠤᠨ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠪᠠ ᠨᠡᠶᠢᠭᠡᠮ ᠵᠢᠷᠦᠮᠲᠦ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠦᠭᠵᠢᠯᠲᠡ ᠶᠢᠨ ᠱᠠᠲᠤ ᠦᠶ᠎ᠡ ᠳᠤ ᠳᠠᠪᠰᠢᠨ ᠤᠷᠤᠭᠰᠠᠨ ᠢ ᠪᠡᠯᠭᠡᠳᠡᠵᠡᠢ᠃        ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ ︵1997 ᠤᠨ︶        ᠳ᠋ᠧᠩ ᠰᠢᠶᠤᠤ ᠫᠢᠩ ᠤᠨ ᠤᠨᠤᠯ ᠢ ᠨᠠᠮ ᠤᠨ ᠵᠢᠯᠤᠭᠤᠳᠬᠤ ᠦᠵᠡᠯ ᠰᠠᠨᠠᠭ᠎ᠠ ᠪᠠᠷ ᠲᠤᠭᠲᠠᠭᠠᠪᠠ        ᠬᠤᠷᠠᠯᠳᠤᠭᠤᠯᠤᠭᠰᠠᠨ ᠪᠠᠶᠢᠳᠠᠯ᠄ 1997 ᠤᠨ ᠤ 9 ᠰᠠᠷ᠎ᠠ ᠶᠢᠨ 12 ᠤᠨ ᠡᠳᠦᠷ ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠳᠤ ᠵᠢᠩᠬᠢᠨᠢ ᠲᠦᠯᠦᠭᠡᠯᠡᠭᠴᠢ 2048 ᠬᠦᠮᠦᠨ᠂ ᠤᠨᠴᠠ ᠤᠷᠢᠭᠰᠠᠨ ᠲᠦᠯᠦᠭᠡᠯᠡᠭᠴᠢ 60 ᠬᠦᠮᠦᠨ ᠤᠷᠤᠯᠴᠠᠵᠤ᠂ ᠪᠦᠬᠦ ᠤᠯᠤᠰ ᠤᠨ 5800 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠮᠠᠨ ᠤ ᠤᠯᠤᠰ ᠤᠨ ᠨᠡᠶᠢᠭᠡᠮ ᠵᠢᠷᠦᠮ ᠤᠨ ᠠᠩᠬᠠᠨ ᠤ ᠱᠠᠲᠤᠨ ᠳᠠᠬᠢ ᠦᠮᠴᠢᠯᠡᠯ ᠤᠨ ᠪᠦᠲᠦᠴᠡ ᠪᠠ ᠨᠡᠶᠢᠲᠡ ᠶᠢᠨ ᠦᠮᠴᠢᠯᠡᠯ ᠤᠨ ᠪᠡᠶᠡᠯᠡᠭᠳᠡᠬᠦ ᠬᠡᠯᠪᠡᠷᠢ ᠵᠢᠴᠢ ᠬᠠᠤᠯᠢ ᠪᠠᠷ ᠤᠯᠤᠰ ᠢᠶᠠᠨ ᠵᠠᠰᠠᠬᠤ᠂ ᠨᠡᠶᠢᠭᠡᠮ ᠵᠢᠷᠦᠮᠲᠦ ᠬᠠᠤᠯᠢᠵᠢᠭᠰᠠᠨ ᠤᠯᠤᠰ ᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠠᠰᠠᠭᠤᠳᠠᠯ ᠢ ᠰᠢᠨ᠎ᠡ ᠪᠠᠷ ᠲᠤᠳᠤᠷᠬᠠᠶᠢᠯᠠᠨ ᠦᠭᠦᠯᠡᠵᠡᠢ︔ ᠰᠢᠨ᠎ᠡ ︽ᠭᠤᠷᠪᠠᠨ ᠠᠯᠬᠤᠮ ᠢᠶᠠᠷ ᠶᠠᠪᠤᠬᠤ︾ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠪᠠ︔ ᠳ᠋ᠧᠩ ᠰᠢᠶᠤᠤ ᠫᠢᠩ ᠤᠨ ᠤᠨᠤᠯ ᠢᠶᠠᠷ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠳᠤᠷᠠᠳᠪᠠ᠃        ᠲᠡᠦᠬᠡᠲᠦ ᠠᠴᠢ ᠬᠤᠯᠪᠤᠭᠳᠠᠯ᠄ ᠨᠠᠮ ᠤᠨ ᠨᠡᠶᠢᠭᠡᠮ ᠵᠢᠷᠦᠮ ᠤᠨ ᠠᠩᠬᠠᠨ ᠤ ᠱᠠᠲᠤᠨ ᠳᠠᠬᠢ ᠦᠨᠳᠦᠰᠦᠨ ᠬᠦᠲᠦᠯᠪᠦᠷᠢ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠵᠤ ᠠᠬᠤᠢ᠂ ᠤᠯᠤᠰ ᠲᠦᠷᠦ᠂ ᠰᠤᠶᠤᠯ ᠤᠨ ᠦᠨᠳᠦᠰᠦᠨ ᠤᠨᠴᠠᠯᠢᠭ ᠪᠠ ᠦᠨᠳᠦᠰᠦᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠨ ᠦᠭᠦᠯᠡᠪᠡ᠃        ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ︵2002 ᠤᠨ︶        ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠᠷ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠤᠭᠲᠠᠭᠠᠪᠠ        ᠬᠤᠷᠠᠯᠳᠤᠭᠤᠯᠤᠭᠰᠠᠨ ᠪᠠᠶᠢᠳᠠᠯ᠄ 2002 ᠤᠨ ᠤ 11 ᠰᠠᠷ᠎ᠠ ᠶᠢᠨ 8 ᠤ ᠡᠳᠦᠷ ᠠᠴᠠ 14 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠤ ᠵᠢᠩᠬᠢᠨᠢ ᠲᠦᠯᠦᠭᠡᠯᠡᠭᠴᠢ 2114 ᠬᠦᠮᠦᠨ᠂ ᠤᠨᠴᠠ ᠤᠷᠢᠭᠰᠠᠨ ᠲᠦᠯᠦᠭᠡᠯᠡᠭᠴᠢ 40 ᠬᠦᠮᠦᠨ᠂ ᠪᠦᠬᠦ ᠤᠯᠤᠰ ᠤᠨ 6600 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠤᠳᠠᠲᠠᠢ ᠬᠠᠷᠠᠯᠲᠠ ᠶᠢ ᠳᠤᠷᠠᠳᠤᠨ ᠭᠠᠷᠭᠠᠪᠠ︔ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠᠷ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠤᠭᠲᠠᠪᠠ᠃        ᠲᠡᠦᠬᠡᠲᠦ ᠠᠴᠢ ᠬᠤᠯᠪᠤᠭᠳᠠᠯ᠄ ᠳ᠋ᠧᠩ ᠰᠢᠶᠤᠤ ᠫᠢᠩ ᠤᠨ ᠤᠨᠤᠯ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠦᠲᠦᠯᠪᠦᠷᠢ ᠶᠢ ᠲᠤᠭᠲᠠᠭᠠᠵᠠᠢ᠃        ᠨᠠᠮ ᠤᠨ ᠠᠷᠪᠠᠨ ᠳᠤᠯᠤᠳᠤᠭᠠᠷ ᠶᠡᠭᠡ ᠬᠤᠷᠠᠯ ︵2007 ᠤᠨ︶        ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠤᠨᠤᠯ ᠤᠨ ᠰᠢᠰᠲ᠋ᠧᠮ ᠢ ᠳᠤᠷᠠᠳᠤᠨ ᠭᠠᠷᠭᠠᠬᠤ ᠶᠢᠨ ᠬᠠᠮᠲᠤ ᠲᠤᠳᠤᠷᠬᠠᠶᠢᠯᠠᠨ ᠦᠭᠦᠯᠡᠪᠡᠬᠤᠷᠠᠯᠳᠤᠭᠤᠯᠤᠭᠰᠠᠨ ᠪᠠᠶᠢᠳᠠᠯ᠄ 2007 ᠤᠨ ᠤ 10 ᠰᠠᠷ᠎ᠠ ᠶᠢᠨ 15 ᠤ ᠡᠳᠦᠷ ᠠᠴᠠ 21 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠳᠤ ᠵᠢᠩᠬᠢᠨᠢ ᠲᠦᠯᠦᠭᠡᠯᠡᠭᠴᠢ 2213 ᠬᠦᠮᠦᠨ᠂ ᠤᠨᠴᠠ ᠤᠷᠢᠭᠰᠠᠨ ᠲᠦᠯᠦᠭᠡᠯᠡᠭᠴᠢ 57 ᠬᠦᠮᠦᠨ ᠤᠷᠤᠯᠴᠠᠵᠤ᠂ ᠪᠦᠬᠦ ᠤᠯᠤᠰ ᠤᠨ 7300 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠪᠡ᠃        ᠴᠢᠬᠤᠯᠠ ᠠᠭᠤᠯᠭ᠎ᠠ᠄ ᠶᠠᠮᠠᠷ ᠲᠤᠭ ᠢ ᠡᠷᠭᠦᠬᠦ᠂ ᠶᠠᠮᠠᠷ ᠵᠠᠮ ᠢᠶᠠᠷ ᠵᠠᠮᠨᠠᠬᠤ ᠭᠡᠬᠦ ᠦᠨᠳᠦᠰᠦᠨ ᠠᠰᠠᠭᠤᠯᠲᠠ ᠳᠤ ᠲᠤᠳᠤᠷᠬᠠᠢ ᠬᠠᠷᠢᠭᠤᠯᠲᠠ ᠦᠭᠴᠡᠢ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠶᠡᠭᠡ ᠬᠠᠷᠠᠯᠲᠠ ᠶᠢ ᠪᠡᠶᠡᠯᠡᠭᠦᠯᠬᠦ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠨᠡᠩ ᠦᠨᠳᠦᠷ ᠱᠠᠭᠠᠷᠳᠠᠯᠭ᠎ᠠ ᠳᠤᠷᠠᠳᠴᠠᠢ︔ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠨᠠᠮ ᠤᠨ ᠳᠦᠷᠢᠮ ᠳᠤ ᠤᠷᠤᠭᠤᠯᠪᠠ᠃        ᠲᠡᠦᠬᠡᠲᠦ ᠠᠴᠢ ᠬᠤᠯᠪᠤᠭᠳᠠᠯ᠄ ᠰᠢᠨ᠎ᠡ ᠲᠡᠦᠬᠡᠨ ᠡᠬᠢᠯᠡᠯᠲᠡ ᠶᠢᠨ ᠴᠡᠭ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠦᠵᠡᠯ ᠰᠠᠨᠠᠭ᠎ᠠ᠂ ᠤᠯᠤᠰ ᠲᠦᠷᠦ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮᠲᠦ ᠠᠵᠢᠯ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠳᠤ ᠦᠨᠳᠦᠰᠦᠨ ᠪᠠᠲᠤᠯᠠᠭ᠎ᠠ ᠬᠠᠩᠭᠠᠪᠠ᠃        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ︵2012 ᠤᠨ︶        ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠤᠭᠲᠠᠪᠠ        ᠬᠤᠷᠠᠯᠳᠤᠭᠤᠯᠤᠭᠰᠠᠨ ᠪᠠᠶᠢᠳᠠᠯ᠄ 2012 ᠤᠨ ᠤ 11 ᠰᠠᠷ᠎ᠠ ᠶᠢᠨ 8 ᠤ ᠡᠳᠦᠷ ᠠᠴᠠ 14 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠳᠤ ᠵᠢᠩᠬᠢᠨᠢ ᠲᠦᠯᠦᠭᠡᠯᠡᠭᠴᠢ 2268 ᠬᠦᠮᠦᠨ᠂ ᠤᠨᠴᠠ ᠤᠷᠢᠭᠰᠠᠨ ᠲᠦᠯᠦᠭᠡᠯᠡᠭᠴᠢ 57 ᠬᠦᠮᠦᠨ ᠤᠷᠤᠯᠴᠠᠵᠤ᠂ ᠪᠦᠬᠦ ᠤᠯᠤᠰ ᠤᠨ 8200 ᠭᠠᠷᠤᠢ ᠲᠦᠮᠡᠨ ᠨᠠᠮ ᠤᠨ ᠭᠡᠰᠢᠭᠦᠨ ᠢ ᠲᠦᠯᠦᠭᠡᠯᠡᠵᠡᠢ᠃        ᠴᠢᠬᠤᠯᠠ ᠠᠭᠤᠯᠭ᠎ᠠ᠄ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠠᠷᠢᠮᠲᠠᠯᠠᠨ ᠬᠦᠭᠵᠢᠭᠦᠯᠬᠦ ᠶᠢᠨ ᠲᠤᠭᠤᠷᠢᠨ ᠳᠤ ᠭᠦᠨᠵᠡᠭᠡᠢ ᠲᠤᠳᠤᠷᠬᠠᠶᠢᠯᠠᠨ ᠦᠭᠦᠯᠡᠵᠡᠢ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠴᠢᠯᠦᠭᠡᠲᠡᠢ ᠶᠠᠪᠤᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠶᠢ ᠲᠤᠭᠲᠠᠭᠠᠪᠠ︔ ᠨᠠᠮ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠲᠤᠳᠤᠷᠬᠠᠢ ᠱᠠᠭᠠᠷᠳᠠᠯᠭ᠎ᠠ ᠳᠤᠷᠠᠳᠴᠠᠢ︔ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠤᠭᠲᠠᠵᠠᠢ᠃        ᠲᠡᠦᠬᠡᠲᠦ ᠠᠴᠢ ᠬᠤᠯᠪᠤᠭᠳᠠᠯ᠄ ᠮᠠᠰᠢ ᠤᠯᠠᠨ ᠰᠢᠨ᠎ᠡ ᠲᠡᠦᠬᠡᠲᠦ ᠤᠨᠴᠠᠯᠢᠭ ᠲᠠᠢ ᠠᠭᠤᠤ ᠴᠡᠷᠢᠭᠯᠡᠯᠲᠡ ᠶᠢ ᠡᠬᠢᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠨᠡᠩ ᠵᠤᠯ ᠵᠢᠷᠭᠠᠯᠲᠤ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠡᠷ ᠴᠤᠭᠴᠠᠯᠠᠬᠤ ᠴᠤ᠋ ᠰᠢᠨ᠎ᠡ ᠠᠶᠠᠨ ᠢᠶᠠᠨ ᠡᠬᠢᠯᠡᠭᠦᠯᠵᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号