| 2017 — 2018 ᠰᠤᠷᠤᠯᠭ᠎ᠠ ᠶᠢᠨ ᠣᠨ ᠤ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠨᠡᠷ᠎ᠡ ᠮᠡᠳᠡᠭᠦᠯᠬᠦ | ᠠᠵᠢᠯ 11 ᠳ᠋ᠦ᠋ᠭᠡᠷ ᠰᠠᠷ᠎ᠠ ᠶᠢᠨ 1 — 15 ᠤ ᠡᠳᠦᠷ ᠪᠣᠯᠲᠠᠯ᠎ᠠ ᠶᠠᠪᠤᠭᠳᠠᠭᠤᠯᠬᠤ ᠪᠠᠷ ᠪᠠᠶᠢᠨ᠎ᠠ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠷ᠂ ᠭᠤᠷᠪᠠᠳᠤᠭᠠᠷ ᠣᠨ ᠤ ᠰᠤᠷᠤᠭᠴᠢᠳ ᠪᠡᠯᠡᠳᠬᠡᠯ ᠠᠵᠢᠯ ᠢᠶᠠᠨ ᠰᠠᠶᠢᠲᠤᠷ | ᠬᠢᠬᠦ ᠶᠢ ᠰᠠᠨᠠᠭᠤᠯᠤᠶ᠎ᠠ᠃ | ᠣᠶᠢᠯᠠᠭᠠᠭᠰᠠᠨ ᠢᠶᠠᠷ᠂ ᠪᠣᠳᠠᠲᠠᠶ ᠰᠢᠯᠭᠠᠬᠤ ᠴᠠᠭ ᠪᠣᠯᠣᠨ ᠬᠢᠴᠢᠶᠡᠯ ᠲᠥᠷᠦᠯ ᠭᠡᠪᠡᠯ᠄ 2018 ᠣᠨ ᠤ 1 | ᠳ᠋ᠦ᠋ᠭᠡᠷ ᠰᠠᠷ᠎ᠠ ᠶᠢᠨ 5 ᠤ ᠡᠳᠦᠷ᠂ 8᠄ 00 — 9᠄ 30 ᠲᠣᠭᠠᠨ ᠤ ᠤᠬᠠᠭᠠᠨ᠂ 10᠄ 30 — 12᠄ 00 | ᠭᠠᠳᠠᠭᠠᠳᠤ ᠬᠡᠯᠡ ︵ᠠᠩᠭ᠍ᠯᠢ ᠬᠡᠯᠡ᠂ ᠶᠠᠫᠣᠨ ᠬᠡᠯᠡ᠂ ᠣᠷᠣᠰ ᠬᠡᠯᠡ︶᠂ 15᠄ 00 — 17᠄ 00 ᠬᠡᠯᠡ ᠪᠢᠴᠢᠭ ︵ | ᠮᠣᠩᠭᠤᠯ ᠬᠡᠯᠡ ᠪᠢᠴᠢᠭ ᠤᠨ ᠬᠥᠬᠡ᠂ ᠰᠣᠯᠣᠩᠭᠤᠰ ᠬᠡᠯᠡ︶︔ 2018 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ᠂ 8 | ᠄ 00 — 9᠄ 30 ᠠᠮᠢᠳᠤ ᠪᠣᠳᠠᠰ᠂ 10᠄ 30 — 12᠄ 00 ᠲᠡᠦᠬᠡ᠂ 15᠄ 00 — 16᠄ 30 | ᠭᠠᠵᠠᠷ ᠵᠦᠢ᠃ | ᠲᠤᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠨᠢ ᠮᠠᠨ ᠤ ᠣᠷᠣᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠰᠢᠯᠭᠠᠭᠤᠯᠬᠤ | ᠬᠠᠷᠢᠶ᠎ᠠ ᠳᠤ ᠳᠠᠩᠰᠠᠯᠠᠭᠤᠯᠤᠭᠰᠠᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠷ᠂ ᠭᠤᠷᠪᠠᠳᠤᠭᠠᠷ | ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠪᠣᠯᠤᠨ᠎ᠠ᠃ ᠡᠭᠦᠨ ᠳᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠭᠤᠷᠪᠠᠳᠤᠭᠠᠷ ᠣᠨ ᠤ ᠬᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠭᠤᠷᠪᠠᠨ | ᠬᠢᠴᠢᠶᠡᠯ ᠲᠥᠷᠥᠯ ᠢ ᠰᠢᠯᠭᠠᠭᠤᠯᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠬᠢᠨ | ᠠᠮᠢᠳᠤ ᠪᠣᠳᠠᠰ᠂ ᠲᠡᠦᠬᠡ᠂ ᠭᠠᠵᠠᠷ ᠵᠦᠶ ᠵᠡᠷᠭᠡ ᠭᠤᠷᠪᠠᠨ ᠬᠢᠴᠢᠶᠡᠯ ᠲᠥᠷᠥᠯ ᠢ ᠰᠢᠯᠭᠠᠭᠤᠯᠤᠨ᠎ᠠ᠃ ᠦᠨᠳᠦᠷ | ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠬᠡᠷᠪᠡ ᠠᠮᠢᠳᠤ ᠪᠣᠳᠠᠰ᠂ ᠲᠡᠦᠬᠡ᠂ ᠭᠠᠵᠠᠷ ᠵᠦᠶ ᠵᠡᠷᠭᠡ ᠬᠢᠴᠢᠶᠡᠯ | ᠲᠦᠷᠦᠯ ᠳᠡᠭᠡᠨ ᠬᠢᠷᠢ ᠲᠡᠩᠴᠡᠭᠰᠡᠨ ᠦᠭᠡᠢ ᠪᠣᠯ᠂ ᠬᠠᠷᠢᠴᠠᠩᠭᠤᠢ ᠪᠦᠬᠦᠢ ᠬᠢᠴᠢᠶᠡᠯ ᠲᠥᠷᠥᠯ ᠳᠤ ᠳᠠᠬᠢᠨ ᠨᠡᠷ᠎ᠡ ᠮᠡᠳᠡᠭᠦᠯᠦᠨ | ᠰᠢᠯᠭᠠᠭᠤᠯᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ | ᠰᠤᠷᠭᠠᠭᠤᠯᠢ ᠶᠢᠨ ᠬᠠᠷᠢᠶ᠎ᠠ ᠲᠠᠢ ᠪᠥᠭᠡᠳ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠵᠢᠯ ᠳᠡᠭᠡᠨ | ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ ᠬᠡᠮ ᠤᠨ | ᠨᠥᠬᠦᠴᠡᠯ ᠳᠤ ᠨᠡᠶᠢᠴᠡᠭᠰᠡᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠰᠢᠯᠭᠠᠭᠤᠯᠬᠤ ᠬᠠᠷᠢᠶ᠎ᠠ ᠪᠠᠨ | ᠳᠠᠩᠰᠠᠯᠠᠭᠤᠯᠤᠭᠰᠠᠨ ᠦᠭᠡᠢ ᠬᠤᠶᠠᠷ᠂ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ᠂ ᠲᠣᠭᠲᠠᠭᠰᠠᠨ | ᠴᠠᠭ ᠬᠤᠭᠤᠴᠠᠭᠠᠨ ᠳᠣᠲᠣᠷ᠎ᠠ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ | ︵http᠄ //www.nm.zsks.cn︶ ᠶᠢᠨ ︽ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ︾ ᠶᠢᠨ | ᠰᠤᠪᠠᠭ ᠲᠤ ᠰᠢᠯᠭᠠᠭᠤᠯᠬᠤ ᠬᠠᠷᠢᠶ᠎ᠠ ᠪᠠᠨ ᠨᠥᠬᠦᠵᠦ ᠳᠠᠩᠰᠠᠯᠠᠭᠤᠯᠵᠤ ᠪᠣᠯᠤᠨ᠎ᠠ᠃ ᠰᠢᠯᠭᠠᠭᠤᠯᠬᠤ ᠬᠠᠷᠢᠶ᠎ᠠ ᠪᠠᠨ ᠨᠥᠬᠦᠵᠦ | ᠳᠠᠩᠰᠠᠯᠠᠭᠤᠯᠤᠭᠰᠠᠨ ᠤ ᠬᠤᠶᠢᠨ᠎ᠠ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠨᠡᠷ᠎ᠡ | ᠮᠡᠳᠡᠭᠦᠯᠦᠨ ᠰᠢᠯᠭᠠᠭᠤᠯᠵᠤ ᠪᠣᠯᠤᠨ᠎ᠠ᠃ ᠡᠭᠦᠨ ᠳᠤ ᠡᠷᠦᠬᠡ ᠠᠮᠠ ᠶᠢᠨ ᠳᠠᠩᠰᠠ ᠪᠠᠨ ᠭᠠᠳᠠᠷ ᠣᠷᠣᠨ ᠠᠴᠠ ᠮᠠᠨ ᠤ | ᠣᠷᠣᠨ ᠳᠤ ᠰᠢᠯᠵᠢᠭᠦᠯᠦᠨ ᠨᠡᠭᠦᠯᠭᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ | ᠦᠷ᠎ᠡ ᠬᠡᠤᠬᠡᠳ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠨᠡᠷ᠎ᠡ ᠮᠡᠳᠡᠭᠦᠯᠬᠦ᠂ | ᠰᠢᠯᠭᠠᠭᠤᠯᠬᠤ ᠬᠠᠷᠢᠶ᠎ᠠ ᠪᠠᠨ ᠨᠥᠬᠦᠵᠦ ᠳᠠᠩᠰᠠᠯᠠᠭᠤᠯᠬᠤ ᠳᠤ᠂ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠶ᠄ ᠡᠷᠦᠬᠡ ᠠᠮᠠ ᠶᠢᠨ ᠳᠠᠩᠰᠠ ᠪᠠᠨ ᠭᠠᠳᠠᠷ ᠣᠷᠣᠨ ᠠᠴᠠ ᠮᠠᠨ ᠤ ᠣᠷᠣᠨ ᠳᠤ ᠰᠢᠯᠵᠢᠭᠦᠯᠦᠨ ᠨᠡᠭᠦᠯᠭᠡᠭᠰᠡᠨ | ᠰᠢᠯᠭᠠᠭᠤᠯᠤᠭᠴᠢ᠂ ᠬᠡᠷᠪᠡ ᠲᠤᠰ ᠬᠥᠮᠦᠨ ᠨᠢ ᠭᠠᠳᠠᠷ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ | ᠰᠢᠯᠵᠢᠨ ᠣᠷᠣᠵᠤ ᠢᠷᠡᠭᠰᠡᠨ ᠪᠠᠶᠢᠪᠠᠯ᠂ ᠰᠤᠷᠤᠯᠴᠠᠵᠤ ᠪᠠᠶᠢᠭ᠎ᠠ ᠰᠤᠷᠭᠠᠭᠤᠯᠢ᠂ ᠰᠤᠷᠤᠯᠭ᠎ᠠ ᠶᠢᠨ ᠬᠠᠷᠢᠶ᠎ᠠ ᠶᠢᠨ | ᠰᠤᠷᠭᠠᠭᠤᠯᠢ ᠨᠢ ᠡᠷᠬᠡᠪᠰᠢ ᠡᠷᠦᠬᠡ ᠠᠮᠠ ᠨᠢ ᠪᠠᠶᠢᠭ᠎ᠠ ᠠᠶᠢᠮᠠᠭ ᠬᠤᠲᠠ ᠳᠤ ᠪᠠᠶᠢᠬᠤ ᠬᠡᠷᠡᠭᠲᠡᠢ︔ ᠭᠠᠳᠠᠨ᠎ᠠ ᠠᠴᠠ ᠢᠷᠡᠵᠦ | ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠦᠷ᠎ᠡ ᠬᠡᠤᠬᠡᠳ ᠪᠣᠯ᠂ ᠰᠤᠷᠤᠯᠴᠠᠵᠤ ᠪᠠᠶᠢᠭ᠎ᠠ ᠰᠤᠷᠭᠠᠭᠤᠯᠢ᠂ | ᠰᠤᠷᠤᠯᠭ᠎ᠠ ᠶᠢᠨ ᠬᠠᠷᠢᠶ᠎ᠠ ᠶᠢᠨ ᠰᠤᠷᠭᠠᠭᠤᠯᠢ ᠨᠢ ᠡᠷᠬᠡᠪᠰᠢ ᠠᠳᠠᠯᠢ ᠨᠢᠭᠡᠨ ᠠᠶᠢᠮᠠᠭ ᠬᠤᠲᠠ ᠳᠤ ᠪᠠᠶᠢᠬᠤ ᠬᠡᠷᠡᠭᠲᠡᠶ︔ | ᠥᠨᠳᠥᠷ ᠳᠤᠮᠳᠠᠳᠤ ᠶᠢᠨ ᠨᠢᠭᠡᠳᠦᠭᠡᠷ ᠣᠨ ᠳᠤ ᠤᠷᠤᠭᠰᠠᠨ ᠠᠴᠠ ᠠᠪᠤᠭᠠᠳ ᠲᠤᠰ ᠬᠥᠮᠦᠨ ᠨᠢ ᠡᠷᠬᠡᠪᠰᠢ ᠰᠤᠷᠤᠯᠴᠠᠵᠤ | ᠪᠠᠶᠢᠭ᠎ᠠ ᠰᠤᠷᠭᠠᠭᠤᠯᠢ ᠳᠠᠭᠠᠨ ᠦᠷᠭᠦᠯᠵᠢᠯᠡᠨ ᠰᠤᠷᠤᠯᠴᠠᠭᠰᠠᠨ ᠪᠠᠶᠢᠬᠤ ᠬᠡᠷᠡᠭᠲᠡᠶ᠃ | ᠰᠢᠯᠭᠠᠭᠤᠯᠤᠭᠴᠢ ᠰᠢᠯᠭᠠᠯᠲᠠ ᠶᠢᠨ ᠬᠠᠷᠢᠶ᠎ᠠ ᠶᠢᠨ ᠮᠡᠳᠡᠭᠡ ᠵᠠᠩᠭᠢ ᠪᠠᠨ ᠬᠤᠪᠢᠷᠠᠭᠤᠯᠬᠤ ᠴᠢᠬᠤᠯᠠ ᠲᠠᠢ ᠪᠣᠯ᠂ ︽ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠶᠣᠰᠣᠭᠠᠷ ᠬᠡᠷᠡᠭᠵᠢᠭᠦᠯᠬᠦ ᠪᠥᠭᠡᠳ ᠬᠤᠯᠪᠣᠭᠳᠠᠯ ᠪᠦᠬᠦᠢ ᠮᠠᠲ᠋ᠧᠷᠢᠶᠠᠯ ᠢ | ᠪᠡᠯᠡᠳᠬᠡᠵᠦ ᠥᠭᠬᠦ ᠬᠡᠷᠡᠭᠲᠡᠶ᠂ ᠠᠶᠢᠮᠠᠭ ᠬᠤᠲᠠ ᠶᠢᠨ ᠰᠢᠯᠭᠠᠯᠲᠠ ᠶᠢᠨ ᠪᠠᠶᠢᠭᠤᠯᠤᠮᠵᠢ ᠲᠣᠭᠲᠠᠭᠰᠠᠨ ᠬᠤᠭᠤᠴᠠᠭᠠᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ | ᠨᠢᠭᠡᠳᠦᠯᠲᠡᠶ ᠭᠦᠢᠴᠡᠳᠬᠡᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠥᠪ ᠨᠢ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠬᠤᠪᠢ ᠪᠠᠷ ᠢᠶᠠᠨ ᠢᠷᠡᠵᠦ ᠲᠤᠰ ᠵᠦᠢᠯᠡᠰ ᠤᠨ | ᠭᠠᠷ ᠭᠦᠢᠴᠡᠳᠬᠡᠯ ᠬᠢᠬᠦ ᠶᠢ ᠬᠦᠯᠢᠶᠠᠨ ᠠᠪᠴᠤ ᠭᠦᠢᠴᠡᠳᠬᠡᠬᠦ ᠦᠭᠡᠢ᠃ | |