ᠰᠠᠶᠢᠬᠠᠨ ᠤᠷᠴᠢᠨ ᠲᠤᠭᠤᠷᠢᠨ ᠬᠦᠮᠦᠨ ᠢ ᠠᠯᠬᠤᠵᠤ ᠪᠤᠯᠪᠠᠰᠤᠷᠠᠬᠤ ᠳᠤᠷ᠎ᠠ ᠪᠠᠬ᠎ᠠ ᠲᠠᠢ ᠪᠤᠯᠭᠠᠨ᠎ᠠ
ᠨᠡᠶᠢᠲᠡᠯᠡᠭᠰᠡᠨ ᠴᠠᠭ᠄
2017-11-06
       69 ᠬᠤᠲᠠ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠰᠲ᠋ᠠᠨᠹᠤᠷᠲ ᠶᠡᠭᠡ ᠰᠤᠷᠭᠠᠭᠤᠯᠢ ᠶᠢᠨ ᠰᠤᠳᠤᠯᠭᠠᠲᠠᠳ᠂ ᠶᠠᠪᠠᠭᠠᠨ ᠠᠯᠬᠤᠬᠤ ᠳᠤ ᠵᠤᠬᠢᠷᠠᠮᠵᠢᠲᠠᠢ ᠪᠠᠶᠢᠬᠤ ᠪᠠ ᠶᠠᠪᠠᠭᠠᠨ ᠠᠯᠬᠤᠬᠤ ᠳᠤ ᠳᠦᠭᠦᠮ ᠪᠠᠶᠢᠬᠤ ᠪᠠᠶᠢᠳᠠᠯ ᠨᠢ ᠰᠠᠭᠤᠭᠠᠯᠢ ᠠᠷᠠᠳ ᠤᠨ ᠡᠷᠡᠭᠦᠯ ᠮᠡᠨᠳᠦ ᠲᠠᠢ ᠨᠢᠭᠲᠠ ᠬᠤᠯᠪᠤᠭ᠎ᠠ ᠲᠠᠢ ᠭᠡᠳᠡᠭ ᠦᠷ᠎ᠡ ᠳ᠋ᠦᠩ ᠢ ᠤᠯᠤᠭᠰᠠᠨ ᠪᠠᠶᠢᠨ᠎ᠠ᠃ ᠬᠡᠷᠪᠡ ᠨᠢᠭᠡ ᠬᠤᠲᠠ ᠶᠢᠨ ᠵᠢᠷᠤᠭ ᠲᠦᠯᠦᠪᠯᠡᠭᠡ ᠨᠢ ᠶᠠᠪᠠᠭᠠᠨ ᠶᠠᠪᠤᠭᠰᠠᠳ ᠲᠤ ᠨᠠᠶᠢᠷᠰᠠᠭ ᠪᠠᠶᠢᠪᠠᠯ᠂ ᠵᠢᠱᠢᠶᠡᠯᠡᠪᠡᠯ ᠬᠦᠮᠦᠰ ᠤᠨ ᠳᠡᠯᠭᠡᠭᠦᠷ᠂ ᠭᠤᠸᠠᠩᠵᠠ᠂ ᠴᠡᠴᠡᠷᠯᠢᠭ ᠪᠠ ᠪᠤᠰᠤᠳ ᠶᠠᠮᠠᠷ ᠨᠢᠭᠡᠨ ᠭᠠᠵᠠᠷ ᠲᠤ ᠤᠴᠢᠬᠤ ᠶᠠᠪᠠᠭᠠᠨ ᠵᠠᠮ ᠢ ᠲᠤᠩ ᠰᠠᠶᠢᠬᠠᠨ ᠪᠠᠶᠢᠭᠤᠯᠤᠭᠰᠠᠨ ᠪᠠᠶᠢᠵᠤ᠂ ᠲᠤᠩ ᠳᠦᠭᠦᠮ᠂ ᠪᠡᠶ᠎ᠡ ᠳᠤ ᠲᠠᠭᠠᠲᠠᠢ ᠪᠠᠶᠢᠪᠠᠯ᠂ ᠠᠳᠡ ᠠᠮᠢᠳᠤᠷᠠᠵᠤ ᠪᠠᠶᠢᠭ᠎ᠠ ᠬᠦᠮᠦᠰ᠂ ᠡᠷᠡᠭᠲᠡᠢ ᠡᠮᠡᠭᠲᠡᠢ ᠬᠦᠭᠰᠢᠨ ᠵᠠᠯᠠᠭᠤ᠂ ᠲᠠᠷᠭᠤᠨ ᠡᠴᠡᠩᠬᠡᠢ᠂ ᠴᠢᠬᠢᠷᠠᠭ ᠪᠠᠭᠤᠷᠠᠢ ᠭᠡᠰᠡᠨ ᠦᠭᠡᠢ ᠪᠦᠷ ᠯᠡ ᠶᠠᠪᠠᠭᠠᠨ ᠶᠠᠪᠤᠬᠤ ᠳᠤ ᠳᠤᠷ᠎ᠠ ᠲᠠᠢ ᠪᠠᠶᠢᠬᠤ ᠪᠤᠯᠤᠨ᠎ᠠ ᠭᠡᠵᠦ ᠰᠲ᠋ᠠᠨᠹᠤᠷᠲ ᠶᠡᠭᠡ ᠰᠤᠷᠭᠠᠭᠤᠯᠢ ᠶᠢᠨ ᠳ᠋ᠠᠶᠢᠲ᠋ᠠ ᠶᠢᠨ ᠰᠢᠨᠵᠢᠯᠡᠬᠦ ᠤᠬᠠᠭᠠᠨ ᠤ ᠲᠦᠪ ᠤᠨ ᠡᠷᠬᠢᠯᠡᠭᠴᠢ ᠵᠧᠨᠢᠹ᠂ ᠬᠠᠶᠢᠺᠰ ᠶᠠᠷᠢᠭᠰᠠᠨ ᠪᠠᠶᠢᠨ᠎ᠠ᠃        ︽ᠮᠠᠨ ᠤ ᠤᠯᠤᠰ ᠤᠨ ᠬᠤᠲᠠ ᠶᠢᠨ ᠲᠦᠯᠦᠪᠵᠢᠭᠦᠯᠭᠡ ᠳᠤ᠂ ᠶᠠᠪᠠᠭᠠᠨ ᠠᠯᠬᠤᠬᠤ ᠵᠠᠢ ᠶᠢᠨ ᠲᠠᠯ᠎ᠠ ᠪᠠᠷ ᠵᠢᠷᠤᠭ ᠲᠦᠯᠦᠪᠯᠡᠭᠡᠨ ᠤ ᠱᠠᠭᠠᠷᠳᠠᠯᠭ᠎ᠠ ᠲᠠᠢ᠂ ᠭᠡᠷ ᠠᠴᠠ ᠨᠢ ᠬᠠᠮᠤᠭ ᠤᠨ ᠤᠶᠢᠷᠠᠬᠠᠨ ᠨᠤᠭᠤᠷᠠᠭᠤᠯᠤᠭᠰᠠᠨ ᠭᠠᠵᠠᠷ᠂ ᠬᠠᠮ ᠳᠡᠯᠭᠡᠭᠦᠷ ᠵᠢᠴᠢ ᠪᠤᠰᠤᠳ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠦᠷᠬᠦ ᠵᠠᠢ ᠶᠢ ᠪᠦᠷ 500 ᠮᠧᠲᠷ ᠠᠴᠠ ᠳᠠᠪᠠᠭᠤᠯᠬᠤ ᠦᠭᠡᠢ ᠪᠠᠶᠢᠬᠤ ᠰᠠᠨᠠᠯ ᠵᠦᠪᠯᠡᠯᠭᠡ ᠦᠭᠭᠦᠭᠰᠡᠨ ᠪᠠᠶᠢᠳᠠᠭ ᠪᠦᠭᠡᠳ ᠬᠠᠮᠤᠭ ᠤᠨ ᠬᠤᠯᠠ ᠳᠠᠭᠠᠨ 1 ᠺᠢᠯᠦᠮᠧᠲᠷ ᠠᠴᠠ ᠳᠠᠪᠠᠭᠤᠯᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠳᠠᠭ᠃ ᠨᠠᠰᠤᠨ ᠳᠤ ᠬᠦᠷᠦᠭᠰᠡᠳ ᠤᠨ ᠨᠢᠭᠡ ᠠᠯᠬᠤᠮ ᠨᠢ ᠪᠠᠷᠤᠭ 60-70 ᠰᠠᠨᠲ᠋ᠢᠮᠧᠲᠷ ᠪᠠᠶᠢᠳᠠᠭ᠂ ᠬᠡᠷᠪᠡ ᠡᠳᠦᠷ ᠲᠤ ᠶᠠᠪᠠᠭᠠᠨ ᠢᠶᠠᠷ 6000 ᠠᠯᠬᠤᠮ ᠠᠯᠬᠤᠬᠤ ᠪᠠᠷ ᠪᠤᠳᠤᠪᠠᠯ᠂ ᠨᠢᠭᠡ ᠬᠦᠮᠦᠨ ᠨᠢᠭᠡ ᠡᠳᠦᠷ ᠪᠠᠷᠤᠭ 3.6-4.2 ᠺᠢᠯᠦᠮᠧᠲᠷ ᠠᠯᠬᠤᠨ᠎ᠠ᠂ ᠭᠡᠷ ᠪᠤᠶᠤ ᠠᠯᠪᠠᠨ ᠭᠡᠷ ᠲᠡᠭᠡᠨ ᠨᠠᠰᠢ ᠴᠠᠰᠢ ᠠᠯᠬᠤᠬᠤ ᠮᠡᠲᠦ ᠶᠢᠨ ᠶᠠᠯᠢᠮ ᠦᠭᠡᠢ ᠶᠠᠪᠤᠵᠤ ᠰᠠᠭᠤᠬᠤ ᠶᠢ ᠤᠷᠤᠭᠤᠯᠬᠤ ᠦᠭᠡᠢ ᠪᠠᠷ᠂ ᠨᠢᠭᠡ ᠬᠦᠮᠦᠨ ᠠᠵᠢᠯ ᠳᠠᠭᠠᠨ ᠶᠠᠪᠤᠭᠠᠳ ᠢᠷᠡᠲᠡᠯ᠎ᠡ ᠪᠠᠷᠤᠭ 2 ᠺᠢᠯᠦᠮᠧᠲᠷ ᠬᠢᠷᠢ ᠶᠠᠪᠠᠭᠠᠨ ᠠᠯᠬᠤᠨ᠎ᠠ᠃ ᠡᠳᠦᠶᠢᠬᠡᠨ ᠵᠠᠢ ᠳᠤ ᠠᠯᠬᠤᠬᠤ ᠶᠢ ᠬᠡᠨ ᠴᠦ ᠦᠭᠡᠢ ᠭᠡᠬᠦ ᠦᠭᠡᠢ᠂ ᠲᠡᠷᠡ ᠨᠢ ᠲᠡᠭᠡᠭᠡᠳ ᠤᠳᠤᠬᠠᠨ ᠤ ᠮᠠᠨ ᠤ ᠤᠯᠤᠰ ᠤᠨ ᠱᠠᠭᠠᠷᠳᠠᠵᠤ ᠪᠠᠶᠢᠭ᠎ᠠ ᠬᠤᠲᠠ ᠶᠢᠨ ᠬᠦᠮᠦᠰ ᠤᠨ ᠶᠠᠪᠠᠭᠠᠨ ᠠᠯᠬᠤᠬᠤ ᠵᠠᠢ ᠲᠠᠢ ᠴᠦ ᠨᠡᠶᠢᠴᠡᠵᠦ ᠪᠠᠶᠢᠭ᠎ᠠ ᠶᠤᠮ᠃ ᠤᠬᠢ ᠰᠠᠶᠢᠨ ᠶᠠᠪᠠᠭᠠᠨ ᠠᠯᠬᠤᠬᠤ ᠤᠷᠴᠢᠨ ᠲᠤᠭᠤᠷᠢᠨ ᠨᠢ ᠮᠠᠰᠢᠨ ᠲᠡᠷᠭᠡᠨ ᠤ ᠦᠢᠮᠡᠭᠡᠨ ᠪᠠᠶᠢᠬᠤ ᠡᠰᠡᠭᠦ᠂ ᠠᠭᠠᠷ ᠮᠠᠨᠳᠠᠯ ᠤᠨ ᠤᠷᠴᠢᠨ ᠲᠤᠭᠤᠷᠢᠨ ᠨᠢ ᠬᠢᠷᠢ ᠵᠡᠷᠭᠡ ᠪᠠᠶᠢᠬᠤ᠂ ᠵᠠᠮ ᠳᠠᠭᠠᠤ ᠳᠤᠨᠢ ᠭᠤᠤᠯ ᠤᠰᠤ ᠪᠤᠶᠤ ᠴᠡᠴᠡᠷᠯᠢᠭ ᠨᠤᠭᠤᠭᠠᠷᠠᠭᠤᠯᠤᠯᠲᠠ ᠪᠠᠶᠢᠬᠤ ᠡᠰᠡᠭᠦ ᠲᠠᠢ ᠴᠦ ᠬᠤᠯᠪᠤᠭ᠎ᠠ ᠲᠠᠢ᠃ ᠪᠤᠬᠢᠷᠳᠤᠯ ᠦᠭᠡᠢ ᠶᠠᠪᠠᠭᠠᠨ ᠵᠠᠮ ᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠨ ᠤ ᠤᠯᠤᠰ ᠲᠤ ᠭᠤᠸᠠᠩᠳᠦ᠋ᠩ ᠮᠤᠵᠢ ᠲᠦᠷᠦᠭᠦᠯᠡᠵᠦ ᠬᠢᠭᠰᠡᠨ᠃ 2001 ᠤᠨ ᠳᠤ ᠭᠤᠸᠠᠩᠳᠦ᠋ᠩ ᠪᠦᠬᠦ ᠤᠯᠤᠰ ᠲᠤ ᠬᠠᠮᠤᠭ ᠤᠨ ᠲᠦᠷᠦᠭᠦᠨ ᠳᠤ 6 ᠵᠤᠷᠪᠤᠰ ᠪᠦᠬᠦ ᠤᠷᠲᠤ ᠨᠢ 2372 ᠺᠢᠯᠦᠮᠧᠲᠷ ᠤᠨ ᠮᠤᠵᠢ ᠠᠴᠠ ᠪᠠᠶᠢᠭᠤᠯᠤᠭᠰᠠᠨ ᠪᠤᠬᠢᠷᠳᠤᠯ ᠦᠭᠡᠢ ᠶᠠᠪᠠᠭᠠᠨ ᠵᠠᠮ᠂ ᠪᠦᠬᠦ ᠤᠷᠲᠤ ᠨᠢ 2828 ᠺᠢᠯᠦᠮᠧᠲᠷ ᠤᠨ ᠬᠤᠲᠠ ᠶᠢᠨ ᠳᠤᠮᠳᠠ ᠳᠤ ᠨᠡᠪᠲᠡᠷᠡᠭᠰᠡᠨ ᠬᠤᠲᠠ ᠶᠢᠨ ᠪᠤᠬᠢᠷᠳᠤᠯ ᠦᠭᠡᠢ ᠶᠠᠪᠠᠭᠠᠨ ᠵᠠᠮ ᠢ ᠪᠠᠶᠢᠭᠤᠯᠵᠠᠢ᠃ ᠬᠤᠲᠠ ᠶᠢᠨ ᠪᠤᠬᠢᠷᠳᠤᠯ ᠦᠭᠡᠢ ᠶᠠᠪᠠᠭᠠᠨ ᠵᠠᠮ ᠳᠠᠭᠠᠨ ᠲᠤᠰᠬᠠᠢ ᠪᠤᠳᠤᠭ ᠤᠷᠤᠭᠤᠯᠵᠤ᠂ ᠮᠠᠰᠢᠨ ᠲᠡᠷᠭᠡᠨ ᠤ ᠵᠠᠮ ᠠᠴᠠ ᠪᠦᠷᠢᠮᠦᠰᠦᠨ ᠢᠯᠭᠠᠪᠤᠷᠢᠯᠠᠵᠤ᠂ ᠵᠦᠪᠬᠡᠨ ᠳᠤᠭᠤᠢ ᠲᠡᠷᠭᠡ ᠪᠠ ᠶᠠᠪᠠᠭᠠᠨ ᠬᠦᠮᠦᠨ ᠶᠠᠪᠤᠬᠤ ᠶᠢ ᠵᠦᠪᠰᠢᠶᠡᠷᠡᠳᠡᠭ᠃        ᠡᠨᠡ ᠬᠤᠶᠠᠷ ᠲᠦᠷᠦᠯ ᠤᠨ ᠶᠠᠪᠠᠭᠠᠨ ᠵᠠᠮ ᠨᠢ ᠪᠤᠬᠢᠷᠳᠤᠯ ᠦᠭᠡᠢ ᠶᠠᠪᠠᠭᠠᠨ ᠵᠠᠮ ᠤᠨ ᠲᠤᠤᠷ ᠢ ᠪᠦᠷᠢᠯᠳᠦᠭᠦᠯᠵᠦ᠂ ᠬᠤᠲᠠ ᠶᠢᠨ ᠲᠦᠪ ᠲᠤᠭᠤᠷᠢᠭ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠤᠭᠤᠷᠢᠭ᠂ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠪᠡᠶ᠎ᠡ ᠶᠢᠨ ᠲᠠᠮᠢᠷ ᠴᠢᠬᠢᠷᠠᠭᠵᠢᠯ ᠤᠨ ᠤᠷᠤᠨ ᠲᠤᠭᠤᠷᠢᠭ ᠢ ᠬᠤᠯᠪᠤᠵᠤ᠂ ᠶᠠᠪᠤᠵᠤ ᠰᠠᠭᠤᠬᠤ ᠳᠤ ᠳᠦᠭᠦᠮ ᠪᠤᠯᠤᠭᠰᠠᠨ ᠢᠶᠠᠷ ᠪᠠᠷᠠᠬᠤ ᠦᠭᠡᠢ᠂ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠲᠤᠭᠤᠷᠢᠵᠤ ᠰᠡᠯᠡᠭᠦᠴᠡᠬᠦ᠂ ᠪᠡᠶ᠎ᠡ ᠪᠠᠨ ᠪᠤᠯᠪᠠᠰᠤᠷᠠᠬᠤ᠂ ᠬᠠᠷᠢᠯᠴᠠᠭ᠎ᠠ ᠬᠤᠯᠪᠤᠭ᠎ᠠ ᠪᠠᠨ ᠦᠷᠭᠡᠳᠬᠡᠬᠦ ᠤᠷᠤᠨ ᠵᠠᠢ ᠬᠠᠩᠭᠠᠭᠰᠠᠨ ᠪᠠᠶᠢᠨ᠎ᠠ᠃ ᠤᠳᠤᠬᠠᠨ ᠳᠤ ᠵᠧᠵᠢᠶᠠᠩ᠂ ᠵᠢᠶᠠᠩᠰᠤ ᠵᠡᠷᠭᠡ ᠮᠤᠵᠢ ᠬᠤᠲᠠ ᠴᠦ ᠬᠤᠲᠠ ᠶᠢᠨ ᠪᠤᠬᠢᠷᠳᠤᠯ ᠦᠭᠡᠢ ᠶᠠᠪᠠᠭᠠᠨ ᠵᠠᠮ ᠢ ᠪᠦᠲᠦᠭᠡᠨ ᠪᠠᠶᠢᠭᠤᠯᠵᠤ ᠡᠬᠢᠯᠡᠭᠡᠳ ᠪᠠᠶᠢᠨ᠎ᠠ᠃ ︽ᠵᠦᠪᠬᠡᠨ ᠤᠬᠢ ᠰᠠᠶᠢᠨ ᠶᠠᠪᠠᠭᠠᠨ ᠠᠯᠬᠤᠬᠤ ᠤᠷᠴᠢᠨ ᠲᠤᠭᠤᠷᠢᠨ ᠢ ᠪᠠᠶᠢᠭᠤᠯᠵᠤ ᠦᠭᠪᠡᠯ ᠰᠠᠶ᠋ᠢ ᠬᠦᠮᠦᠨ ᠠᠷᠠᠳ ᠢᠶᠠᠨ ᠤᠯᠠᠮ ᠢᠯᠡᠭᠦᠦ᠂ ᠤᠯᠠᠮ ᠡᠷᠡᠭᠦᠯ ᠰᠠᠷᠠᠭᠤᠯ ᠢᠶᠠᠷ ᠶᠠᠪᠠᠭᠠᠨ ᠠᠯᠬᠤᠵᠤ ᠪᠡᠶ᠎ᠡ ᠪᠠᠨ ᠪᠤᠯᠪᠠᠰᠤᠷᠠᠭᠤᠯᠬᠤ ᠪᠠᠷ ᠵᠤᠷᠢᠭᠵᠢᠭᠤᠯᠵᠤ ᠳᠡᠳᠬᠦᠵᠦ ᠳᠡᠶᠢᠯᠦᠨ᠎ᠡ︾ ᠭᠡᠵᠦ ᠳᠤᠮᠳᠠᠳᠤ ᠤᠯᠤᠰ ᠤᠨ ᠬᠤᠲᠠ ᠶᠢᠨ ᠲᠦᠯᠦᠪᠵᠢᠭᠦᠯᠭᠡ ᠵᠢᠷᠤᠭ ᠲᠦᠯᠦᠪᠯᠡᠭᠡᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠰᠢᠶᠦ᠋ᠨ ᠶᠠᠷᠢᠵᠤ ᠪᠠᠶᠢᠯ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号