| ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠲᠦᠪ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠤ 2018 ᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ | ᠨᠢᠭᠡᠲᠦᠯᠲᠡᠢ ᠰᠢᠯᠭᠠᠯᠲᠠ 2017 ᠤᠨ ᠤ 12 ᠰᠠᠷ᠎ᠠ ᠶᠢᠨ 1 ᠤ ᠡᠳᠦᠷ ᠤᠨ 9᠄ 00 ᠴᠠᠭ ᠠᠴᠠ 12 ᠤᠨ ᠡᠳᠦᠷ ᠤᠨ | 18᠄ 00 ᠴᠠᠭ ᠪᠤᠯᠲᠠᠯ᠎ᠠ ᠨᠡᠷ᠎ᠡ ᠮᠡᠳᠡᠭᠦᠯᠦᠨ᠎ᠡ᠃ | ᠰᠢᠯᠭᠠᠭᠤᠯᠤᠭᠴᠢ ᠡᠷᠦᠬᠡ ᠠᠮᠠ ᠶᠢᠨ ᠳᠠᠩᠰᠠ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠤ | ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠦᠨ᠎ᠡ᠃ ᠤᠷᠤᠨ ᠤ ᠭᠠᠳᠠᠨᠠᠬᠢ ᠬᠦᠯᠦᠰᠦᠨ ᠠᠵᠢᠯ | ᠬᠢᠭᠴᠢᠳ ᠤᠨ ᠡᠵᠢ ᠠᠪᠤ ᠪᠠᠨ ᠳᠠᠭᠠᠵᠤ ᠨᠡᠭᠦᠵᠦ ᠢᠷᠡᠭᠰᠡᠨ ᠰᠢᠯᠭᠠᠭᠤᠯᠤᠭᠴᠢ ᠡᠵᠢ ᠠᠪᠤ ᠶᠢᠨ ᠢᠶᠠᠨ ᠰᠠᠭᠤᠭ᠎ᠠ ᠭᠠᠵᠠᠷ ᠤᠨ | ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠃ | ᠨᠢᠭᠡ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠵᠦᠪᠰᠢᠶᠡᠷᠡᠭᠰᠡᠨ ᠰᠤᠷᠠᠭᠴᠢ | ᠡᠯᠰᠡᠬᠦ ᠬᠡᠪᠴᠢᠶᠡᠨ ᠳᠠᠬᠢ ᠠᠶᠢᠮᠠᠭ ᠬᠤᠲᠠ ᠠᠯᠤᠰᠯᠠᠨ ᠡᠯᠰᠡᠭᠰᠡᠨ ᠠᠮᠢᠳᠤᠷᠠᠯ ᠤᠨ ᠬᠦᠴᠢᠷᠳᠡᠯᠲᠡᠢ ᠰᠢᠯᠢᠳᠡᠭ | ᠰᠤᠷᠤᠭᠴᠢ ᠶᠢᠨ ᠠᠩᠭᠢ ᠶᠢᠨ ᠰᠢᠨ᠎ᠡ ᠲᠡᠭᠦᠰᠬᠦ ᠰᠤᠷᠤᠭᠴᠢ︔ ᠬᠤᠶᠠᠷ᠂ ᠠᠶᠢᠮᠠᠭ ᠬᠤᠲᠠ ᠳᠤ ᠰᠢᠭᠤᠳ ᠬᠠᠷᠢᠶᠠᠯᠠᠭᠳᠠᠬᠤ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰ ᠠᠶᠢᠮᠠᠭ ᠤᠨ ᠡᠷᠦᠬᠡ ᠠᠮᠠ ᠶᠢᠨ ᠳᠠᠩᠰᠠ ᠲᠠᠢ ᠰᠢᠨ᠎ᠡ ᠲᠡᠭᠦᠰᠬᠦ | ᠰᠤᠷᠤᠭᠴᠢ︔ ᠭᠤᠷᠪᠠ᠂ ᠮᠤᠩᠭᠤᠯ ᠢᠶᠠᠷ ᠬᠢᠴᠢᠶᠡᠯᠯᠡᠭᠰᠡᠨ ᠡᠯ᠎ᠡ ᠬᠢᠴᠢᠶᠡᠯ ᠲᠦᠷᠦᠯ ᠤᠨ ᠰᠢᠨ᠎ᠡ ᠲᠡᠭᠦᠰᠬᠦ ᠰᠤᠷᠤᠭᠴᠢ︔ | ᠳᠦᠷᠪᠡ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠠᠴᠠ ᠲᠤᠰᠬᠠᠢ ᠮᠡᠷᠭᠡᠵᠢᠯ ᠢᠶᠠᠷ ᠨᠢ ᠵᠤᠯᠭᠠᠯᠴᠠᠭᠤᠯᠤᠨ ᠡᠯᠰᠡᠬᠦ ᠰᠢᠨ᠎ᠡ ᠲᠡᠭᠦᠰᠬᠦ ᠰᠤᠷᠤᠭᠴᠢ︔ ᠲᠠᠪᠤ᠂ ᠲᠠᠪᠤᠨ | ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠷᠪᠠ ᠬᠤᠶᠠᠷ ᠢᠶᠠᠷ ᠱᠠᠲᠤ | ᠬᠤᠪᠢᠶᠠᠭᠰᠠᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠰᠢᠯᠵᠢᠬᠦ ᠰᠢᠨ᠎ᠡ ᠲᠡᠭᠦᠰᠬᠦ ᠰᠤᠷᠤᠭᠴᠢ ᠵᠡᠷᠭᠡ ᠳᠡᠭᠡᠷᠡᠬᠢ 5 ᠵᠦᠢᠯ ᠤᠨ ᠰᠢᠯᠭᠠᠭᠤᠯᠤᠭᠴᠢ ᠰᠤᠷᠤᠯᠴᠠᠵᠤ | ᠪᠠᠶᠢᠭ᠎ᠠ ᠰᠤᠷᠭᠠᠭᠤᠯᠢ ᠶᠢᠨ ᠪᠠᠶᠢᠭ᠎ᠠ ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ | ᠠᠯᠤᠰᠯᠠᠨ ᠨᠡᠷ᠎ᠡ ᠮᠡᠳᠡᠭᠦᠯᠵᠦ ᠪᠤᠯᠬᠤ ᠦᠭᠡᠢ᠃ | ᠮᠤᠩᠭᠤᠯ ᠢᠶᠠᠷ ᠬᠢᠴᠢᠶᠡᠯᠯᠡᠭᠰᠡᠨ ᠨᠢᠭᠡᠨᠲᠡ ᠲᠡᠭᠦᠰᠦᠭᠰᠡᠨ ᠰᠤᠷᠤᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠤᠰᠬᠠᠢ ᠮᠡᠷᠭᠡᠵᠢᠯ ᠢᠶᠠᠷ ᠨᠢ ᠵᠤᠯᠭᠠᠯᠴᠠᠭᠤᠯᠤᠨ | ᠡᠯᠰᠡᠬᠦ ᠨᠢᠭᠡᠨᠲᠡ ᠲᠡᠭᠦᠰᠦᠭᠰᠡᠨ ᠰᠤᠷᠤᠭᠴᠢ᠂ ᠬᠢᠲᠠᠳ ᠢᠶᠠᠷ ᠬᠢᠴᠢᠶᠡᠯᠯᠡᠭᠰᠡᠨ ᠮᠤᠩᠭᠤᠯ ᠬᠡᠯᠡᠨ ᠤ ᠬᠦᠬᠡᠭᠴᠢᠨ ᠰᠡᠳᠦᠪ ᠢ | ᠨᠡᠮᠡᠵᠦ ᠰᠢᠯᠭᠠᠬᠤ ᠨᠢᠭᠡᠨᠲᠡ ᠲᠡᠭᠦᠰᠦᠭᠰᠡᠨ ᠰᠤᠷᠤᠭᠴᠢ︔ ᠭᠠᠳᠠᠭᠠᠳᠤ ᠬᠡᠯᠡᠨ ᠤ ᠰᠢᠯᠭᠠᠬᠤ ᠰᠡᠳᠦᠪ ᠨᠢ ᠶᠠᠫᠤᠨ ᠬᠡᠯᠡ ᠪᠤᠶᠤ | ᠤᠷᠤᠰ ᠬᠡᠯᠡᠨ ᠤ ᠰᠢᠯᠭᠠᠭᠤᠯᠤᠭᠴᠢ ᠪᠤᠯ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ | ᠲᠤᠭᠲᠠᠭᠠᠭᠰᠠᠨ ᠨᠡᠷ᠎ᠡ ᠮᠡᠳᠡᠭᠦᠯᠬᠦ ᠭᠠᠵᠠᠷ ᠨᠡᠷ᠎ᠡ ᠮᠡᠳᠡᠭᠦᠯᠦᠨ᠎ᠡ᠃ ᠰᠤᠯᠤᠩᠭᠤᠰ ᠬᠡᠯᠡ ᠪᠠᠷ ᠬᠢᠴᠢᠶᠡᠯᠯᠡᠭᠰᠡᠨ ᠰᠤᠷᠤᠭᠴᠢ | ᠤᠯᠠᠭᠠᠨᠬᠤᠲᠠ ᠳᠤ ᠨᠢᠭᠡᠲᠦᠯᠲᠡᠢ ᠨᠡᠷ᠎ᠡ ᠮᠡᠳᠡᠭᠦᠯᠦᠨ᠎ᠡ᠃ | ᠮᠠᠨ ᠤ ᠤᠷᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ︽2018 ᠤᠨ ᠤ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠮᠡᠳᠡᠭᠡ | ᠵᠠᠩᠭᠢ ᠶᠢ ᠴᠤᠭᠯᠠᠭᠤᠯᠬᠤ ᠠᠷᠭ᠎ᠠ︾ ᠶᠢ ᠬᠡᠷᠡᠭᠵᠢᠭᠦᠯᠦᠨ᠎ᠡ᠃ |