ᠦᠪᠦᠷ ᠮᠤᠩᠭᠤᠯ ᠤᠨ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠠᠴᠠ ᠲᠠᠪᠤᠨ ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠯᠡᠳᠡᠭᠳᠡᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2017-11-08
       ᠤᠶᠢᠷ᠎ᠠ ᠳᠤ ᠠᠷᠭᠢᠯᠤᠭᠢᠴᠢᠳ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠠᠴᠠ ᠲᠠᠪᠤᠨ ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠯᠡᠳᠡᠭᠳᠡᠯ ᠢ ᠢᠯᠡᠷᠡᠭᠦᠯᠪᠡ᠃ ᠲᠤᠰ ᠦᠯᠡᠳᠡᠭᠳᠡᠯ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠪᠠᠶ᠋ᠬᠠᠦ᠋ᠨᠳᠦᠷ ᠰᠤᠮᠤ ᠶᠢᠨ ᠵᠢᠪᠠᠲᠦ ᠭᠠᠴᠠᠭ᠎ᠠ ᠶᠢᠨ ᠬᠤᠶᠢᠨ᠎ᠠ ᠬᠤᠶᠢᠨ᠎ᠠ ᠪᠠᠶᠢᠭ᠎ᠠ ᠰᠠᠨ ᠯᠦᠩ ᠠᠭᠤᠯᠠᠨ ᠳᠤ ᠪᠠᠶᠢᠪᠠ ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠡᠨ ᠤ ᠵᠦᠪᠰᠢᠶᠡᠷᠡᠯ ᠢᠶᠠᠷ ᠠᠷᠭᠢᠯᠤᠭᠢᠴᠢᠳ ᠰᠠᠨ ᠯᠦᠩ ᠳ᠋ᠦᠩ ᠠᠭᠤᠢ ᠶᠢᠨ ᠦᠯᠡᠳᠡᠭᠳᠡᠯ ᠢ ᠬᠠᠮᠲᠤᠷᠠᠨ ᠮᠠᠯᠲᠠᠵᠤ᠂ 20 ᠺᠦᠸᠠᠳ᠋ ᠮᠧᠲᠷ ᠰᠢᠬᠠᠮ ᠭᠠᠵᠠᠷ ᠢ ᠴᠡᠪᠡᠷᠯᠡᠵᠡᠢ᠃        ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠦᠴᠢᠷ ᠤᠨ ᠮᠡᠳᠡᠭᠡᠯᠡᠯ ᠢ ᠦᠨᠳᠦᠰᠦᠯᠡᠪᠡᠯ᠂ ᠲᠤᠰ ᠤᠳᠠᠭᠠᠨ ᠤ ᠮᠠᠯᠲᠠᠵᠤ ᠭᠠᠷᠭᠠᠭᠰᠠᠨ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠶᠢᠨ ᠦᠯᠡᠳᠡᠭᠳᠡᠯ ᠤᠨ ᠲᠤᠲᠤᠷᠠᠬᠢ ᠴᠢᠯᠠᠭᠤᠨ ᠬᠡᠷᠡᠭᠰᠡᠯ ᠨᠢ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠳᠤᠮᠳᠠ᠂ ᠪᠠᠷᠠᠭᠤᠨ ᠬᠡᠰᠡᠭ ᠤᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠴᠢᠯᠠᠭᠤᠨ ᠬᠡᠷᠡᠭᠰᠡᠯ ᠤᠨ ᠨᠡᠶᠢᠯᠡᠯ ᠯᠦᠭᠡ ᠨᠡᠯᠢᠶᠡᠳ ᠲᠦᠰᠦᠭᠡᠲᠡᠢ ᠪᠤᠯᠪᠠᠴᠤ ᠳᠤᠮᠳᠠᠳᠤ ᠤᠯᠤᠰ ᠤᠨ ᠤᠮᠠᠷᠠᠲᠤ ᠤᠷᠤᠨ ᠤ ᠠᠳᠠᠯᠢ ᠴᠠᠭ ᠦᠶ᠎ᠡ ᠶᠢᠨ ᠦᠯᠡᠳᠡᠭᠳᠡᠯ ᠯᠦᠭᠡ ᠨᠡᠯᠢᠶᠡᠳ ᠵᠦᠷᠢᠶ᠎ᠡ ᠲᠠᠢ᠃ ᠬᠠᠭᠤᠴᠢ ᠰᠤᠳᠤᠯᠤᠯ ᠤᠨ ᠰᠠᠯᠠᠭ᠎ᠠ ᠮᠦᠴᠢᠷ ᠤᠨ ᠬᠢᠨ ᠤ ᠠᠩᠬ᠎ᠠ ᠠᠯᠬᠤᠮ ᠤᠨ ᠦᠵᠡᠬᠦ ᠪᠠᠷ᠂ ᠲᠤᠰ ᠴᠢᠯᠠᠭᠤᠨ ᠬᠡᠷᠡᠭᠰᠡᠯ ᠤᠨ ᠨᠡᠶᠢᠯᠡᠯ ᠨᠢ ᠮᠡᠷᠭᠡᠵᠢᠯ ᠤᠨ ᠤᠨᠴᠠᠯᠢᠭ ᠢᠶᠠᠷ ᠲᠤᠳᠤᠷᠬᠠᠢ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠨᠡᠶᠢᠯᠡᠯ ᠪᠤᠯᠤᠨ᠎ᠠ᠃ ᠰᠠᠨ ᠯᠦᠩ ᠳ᠋ᠦᠩ ᠠᠭᠤᠢ ᠶᠢᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠴᠢᠯᠠᠭᠤᠨ ᠬᠡᠷᠡᠭᠰᠡᠯ ᠤᠨ ᠨᠡᠶᠢᠯᠡᠯ ᠨᠢ ᠦᠪᠦᠷ ᠮᠤᠩᠭᠤᠯ ᠤᠨ ᠵᠢᠩᠰᠡᠲᠡᠢ ᠶᠢᠨ ᠦᠯᠡᠳᠡᠭᠳᠡᠯ᠂ ᠮᠤᠩᠭᠤᠯ ᠤᠯᠤᠰ ᠤᠨ ᠭᠤᠪᠢ ᠤᠷᠤᠨ ᠤ ᠭᠠᠵᠠᠷ ᠤᠨ ᠭᠠᠳᠠᠷᠭᠤ ᠠᠴᠠ ᠢᠯᠡᠷᠡᠭᠦᠯᠦᠭᠰᠡᠨ ᠬᠡᠰᠡᠭ ᠴᠢᠯᠠᠭᠤᠨ ᠬᠡᠷᠡᠭᠰᠡᠯ᠂ ᠰᠢᠪᠧᠷᠢᠶ᠎ᠠ ᠶᠢᠨ ᠠᠯᠲᠠᠢ ᠤᠷᠤᠨ ᠵᠡᠷᠭᠡ ᠶᠢᠨ ᠬᠠᠮᠢᠶ᠎ᠠ ᠪᠦᠬᠦᠢ ᠦᠯᠡᠳᠡᠭᠳᠡᠯ ᠯᠦᠭᠡ ᠨᠡᠯᠢᠶᠡᠳ ᠲᠦᠰᠦᠭᠡᠲᠡᠢ ᠪᠠᠶᠢᠵᠤ᠂ ᠵᠡᠭᠦᠨ ᠠᠽᠢᠶ᠎ᠠ ᠶᠢᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠮᠡᠷᠭᠡᠵᠢᠯ ᠤᠨ ᠲᠡᠦᠬᠡᠴᠢ ᠴᠢᠨᠠᠷᠲᠠᠢ ᠤᠯᠠᠷᠢᠯ ᠬᠤᠪᠢᠰᠤᠯ᠂ ᠪᠦᠰᠡ ᠨᠤᠲᠤᠭ ᠤᠨ ᠤᠯᠠᠨ ᠶᠠᠩᠵᠤ ᠵᠡᠷᠭᠡ ᠶᠢ ᠰᠤᠳᠤᠯᠬᠤ ᠳᠤ ᠴᠢᠬᠤᠯᠠ ᠪᠤᠷᠤ ᠮᠠᠲ᠋ᠧᠷᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号