| ᠤᠯᠠᠭᠠᠨᠴᠠᠪ ᠨᠢ ᠤᠯᠠᠭᠠᠨ ᠠᠭᠤᠯᠠᠨ ᠠᠮᠠ ᠭᠡᠳᠡᠭ ᠦᠭᠡᠨ ᠠᠴᠠ ᠢᠷᠡᠯᠲᠡᠢ᠃ ᠤᠯᠠᠭᠠᠨᠴᠠᠪ ᠬᠤᠲᠠ ᠨᠢ | ᠵᠢᠨᠢᠩ ᠬᠤᠲᠠ᠂ ᠹᠧᠩᠵᠧᠨ ᠬᠤᠲᠠ᠂ ᠰᠢᠩᠾᠧ ᠰᠢᠶᠠᠨ᠂ ᠬᠤᠸᠠᠳᠧ ᠰᠢᠶᠠᠨ᠂ ᠱᠠᠩᠳᠦ ᠰᠢᠶᠠᠨ᠂ ᠯᠢᠶᠠᠩᠴᠧᠩ | ᠰᠢᠶᠠᠨ᠂ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ᠂ ᠳᠦᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 1 ᠲᠤᠭᠤᠷᠢᠭ | 1 ᠬᠤᠲᠠ 5 ᠰᠢᠶᠠᠨ᠂ 4 ᠬᠤᠰᠢᠭᠤ ᠶᠢ ᠬᠠᠷᠢᠶᠠᠯᠠᠵᠤ᠂ ᠶᠡᠷᠦᠩᠬᠡᠢ ᠲᠠᠯᠠᠪᠠᠢ ᠨᠢ 5.4 ᠲᠦᠮᠡᠨ ᠺᠦᠸᠠᠳ᠋ | ᠺᠢᠯᠦᠮᠧᠲᠷ᠂ ᠨᠡᠶᠢᠲᠡ ᠬᠦᠮᠦᠨ ᠠᠮᠠ ᠨᠢ 270 ᠭᠠᠷᠤᠢ ᠲᠦᠮᠡ ᠪᠠᠶᠢᠨ᠎ᠠ᠃ 2003 ᠤᠨ ᠤ 12 ᠰᠠᠷ᠎ᠠ ᠶᠢᠨ | 1 ᠳᠤ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠤᠤᠯ ᠤᠨ ᠤᠯᠠᠭᠠᠨᠴᠠᠪ ᠠᠶᠢᠮᠠᠭ ᠢ ᠤᠯᠠᠭᠠᠨᠴᠠᠪ | ᠬᠤᠲᠠ ᠪᠤᠯᠭᠠᠨ ᠦᠭᠡᠷᠡᠴᠢᠯᠡᠨ ᠪᠠᠶᠢᠭᠤᠯᠵᠠᠢ᠃ | | ᠤᠯᠠᠭᠠᠨᠴᠠᠪ ᠬᠤᠲᠠ ᠪᠤᠯ ᠡᠯᠪᠡᠭ ᠳᠡᠯᠪᠡᠭ ᠠᠭᠤᠷᠬᠠᠢ ᠶᠢᠨ ᠭᠠᠷᠤᠯᠲᠠ ᠲᠠᠢ᠂ ᠡᠯᠳᠡᠪ ᠵᠦᠢᠯ ᠤᠨ ᠠᠮᠤ | ᠪᠤᠳᠠᠭᠠᠨ ᠤ ᠭᠠᠷᠤᠯᠲᠠ ᠶᠢᠨ ᠤᠷᠤᠨ ᠶᠤᠮ᠃ ᠤᠯᠠᠭᠠᠨᠴᠠᠪ ᠬᠤᠲᠠ ᠶᠢᠨ ᠨᠤᠲᠤᠭ ᠲᠤ ᠤᠳᠤ ᠢᠯᠡᠷᠡᠭᠦᠯᠦᠭᠰᠡᠨ | ᠠᠭᠤᠷᠬᠠᠢ ᠶᠢᠨ ᠲᠦᠷᠦᠯ ᠵᠦᠢᠯ 68 ᠪᠠᠶᠢᠭ᠎ᠠ ᠪᠦᠭᠡᠳ ᠡᠭᠦᠨ ᠤ ᠲᠤᠲᠤᠷ᠎ᠠ ᠪᠠᠯ ᠴᠢᠯᠠᠭᠤ ᠶᠢᠨ ᠡᠬᠢ ᠪᠠᠶᠠᠯᠢᠭ ᠤᠨ | ᠬᠠᠳᠠᠭᠠᠯᠠᠭᠳᠠᠴᠠ ᠡᠯᠪᠡᠭ᠂ ᠭᠠᠷᠤᠯᠲᠠ ᠶᠡᠭᠡ ᠪᠠᠶᠢᠵᠤ᠂ ᠤᠯᠤᠰ ᠤᠨ ᠲᠤᠲᠤᠭᠠᠳᠤ ᠶᠢᠨ ᠭᠤᠷᠪᠠᠨ ᠶᠡᠭᠡ ᠪᠠᠯ | ᠴᠢᠯᠠᠭᠤ ᠶᠢᠨ ᠭᠠᠷᠤᠯᠲᠠ ᠶᠢᠨ ᠭᠠᠵᠠᠷ ᠤᠨ ᠨᠢᠭᠡ ᠳᠤ ᠤᠷᠤᠨ᠎ᠠ᠃ ᠭᠤᠤᠯ ᠨᠢ ᠰᠢᠩᠾᠧ ᠰᠢᠶᠠᠨ ᠪᠠ ᠹᠧᠩᠵᠧᠨ | ᠬᠤᠲᠠ ᠶᠢᠨ ᠬᠠᠷᠢᠶ᠎ᠠ ᠭᠠᠵᠠᠷ ᠢᠶᠠᠷ ᠲᠠᠷᠬᠠᠵᠤ ᠪᠤᠢ᠃ ᠶᠡᠷᠦᠩᠬᠡᠢ ᠬᠠᠳᠠᠭᠠᠯᠠᠭᠳᠠᠴᠠ ᠨᠢ 394 ᠲᠦᠮᠡᠨ ᠲᠤᠨ | ᠪᠠᠶᠢᠵᠤ᠂ ᠪᠦᠬᠦ ᠤᠷᠤᠨ ᠤ ᠪᠠᠯ ᠴᠢᠯᠠᠭᠤ ᠶᠢᠨ ᠶᠡᠷᠦᠩᠬᠡᠢ ᠬᠡᠮᠵᠢᠶᠡᠨ ᠤ 68.76% ᠶᠢ ᠡᠵᠡᠯᠡᠵᠦ ᠪᠤᠢ᠃ | ᠭᠠᠤᠯᠢ ᠶᠢᠨ ᠬᠠᠳᠠᠭᠠᠯᠠᠭᠳᠠᠴᠠ ᠨᠢ ᠮᠠᠰᠢ ᠡᠯᠪᠡᠭ ᠪᠠᠶᠢᠵᠤ᠂ ᠪᠦᠬᠦ ᠤᠷᠤᠨ ᠳᠤ ᠬᠤᠶᠠᠳᠤᠭᠠᠷ ᠲᠤ ᠵᠢᠭᠰᠠᠭᠠᠭᠳᠠᠵᠤ | ᠪᠠᠶᠢᠨ᠎ᠠ᠃ | | | | ᠤᠯᠠᠭᠠᠨᠴᠠᠪ ᠬᠤᠲᠠ ᠪᠤᠯ ᠮᠠᠨ ᠤ ᠤᠯᠤᠰ ᠤᠨ ᠲᠦᠮᠦᠰᠦ ᠦᠢᠯᠡᠳᠪᠦᠷᠢᠯᠡᠵᠦ᠂ ᠭᠠᠳᠠᠭᠠᠳᠤ ᠳᠤ ᠭᠠᠷᠭᠠᠬᠤ | ᠬᠠᠮᠤᠭ ᠤᠨ ᠶᠡᠭᠡ ᠰᠠᠭᠤᠷᠢᠨ ᠭᠠᠵᠠᠷ ᠪᠤᠯᠤᠨ᠎ᠠ᠃ ᠮᠦᠨᠴᠦ ᠮᠠᠨ ᠤ ᠤᠷᠤᠨ ᠤ ᠬᠠᠮᠤᠭ ᠤᠨ ᠶᠡᠭᠡ ᠡᠯᠳᠡᠪ ᠠᠮᠤ | ᠦᠢᠯᠡᠳᠪᠦᠷᠢᠯᠡᠬᠦ ᠰᠠᠭᠤᠷᠢᠨ ᠭᠠᠵᠠᠷ ᠪᠤᠯᠤᠨ᠎ᠠ᠃ ᠲᠡᠭᠦᠨ ᠤ ᠲᠤᠲᠤᠷ᠎ᠠ ᠶᠤᠤᠮᠠᠢ ᠨᠢ ᠦᠪᠦᠷ ᠮᠤᠩᠭᠤᠯ ᠤᠨ ︽ | ᠭᠤᠷᠪᠠᠨ ᠡᠷᠳᠡᠨᠢ︾ ᠶᠢᠨ ᠨᠢᠭᠡ ᠭᠡᠵᠦ ᠠᠯᠳᠠᠷᠰᠢᠵᠠᠢ᠃ ᠰᠠᠭᠠᠭ ᠪᠤᠯ ᠤᠯᠠᠭᠠᠨᠴᠠᠪ ᠬᠤᠲᠠ ᠶᠢᠨ ᠤᠯᠠᠮᠵᠢᠯᠠᠯᠲᠤ | ᠭᠠᠳᠠᠭᠠᠳᠤ ᠳᠤ ᠭᠠᠷᠭᠠᠬᠤ ᠪᠦᠲᠦᠭᠡᠭᠳᠡᠭᠦᠨ ᠪᠤᠯᠤᠨ᠎ᠠ᠃ ᠶᠤᠤᠮᠠᠢ ᠪᠤᠯ ᠤᠭᠤᠷᠠᠭ ᠠᠭᠤᠯᠤᠭᠳᠠᠵᠤ ᠪᠠᠶᠢᠭ᠎ᠠ | ᠬᠡᠮᠵᠢᠶ᠎ᠡ ᠪᠠᠷ ᠢᠶᠠᠨ ᠲᠠᠪᠤᠨ ᠲᠠᠷᠢᠶ᠎ᠠ ᠶᠢᠨ ᠤᠬᠢ ᠪᠤᠯᠳᠠᠭ ᠪᠢᠯᠡ᠃ ᠮᠦᠨᠴᠦ ᠮᠤᠩᠭᠤᠯ ᠬᠢᠲᠠᠳ ᠡᠮᠨᠡᠯᠭᠡ ᠶᠢᠨ | ᠢᠳᠡᠭᠡᠨ ᠤᠮᠳᠠᠭᠠᠨ ᠤ ᠵᠠᠰᠠᠯ ᠤᠨ ᠡᠮᠴᠢᠯᠡᠭᠡᠨ ᠤ ᠵᠦᠢᠯ ᠶᠤᠮ᠃ ᠤᠯᠠᠭᠠᠨᠴᠠᠪ ᠨᠤᠲᠤᠭ ᠲᠤ ᠶᠤᠤᠮᠠᠢ ᠶᠢ ᠲᠠᠷᠢᠵᠤ | ᠠᠰᠢᠭᠯᠠᠭᠠᠳ ᠨᠢᠭᠡᠨᠲᠡ 1100 ᠵᠢᠯ ᠤᠨ ᠲᠡᠦᠬᠡ ᠲᠠᠢ ᠪᠤᠯᠵᠠᠢ᠃ ᠠᠯᠢ ᠡᠷᠲᠡ ᠠᠴᠠ ︽ᠮᠤᠨᠢ ᠠᠭᠤᠯᠠ ᠶᠢᠨ | ᠶᠤᠤᠮᠠᠢ ᠲᠡᠭᠷᠢ ᠶᠢᠨ ᠳᠤᠤᠷᠠᠬᠢ ᠮᠠᠩᠯᠠᠢ︾ ᠭᠡᠰᠡᠨ ᠰᠠᠶᠢᠬᠠᠨ ᠠᠯᠳᠠᠷ ᠲᠠᠢ ᠪᠢᠯᠡ᠃ ᠶᠤᠤᠮᠠᠢ ᠪᠤᠯ ᠳᠤᠮᠳᠠᠳᠤ ᠶᠢᠨ | ᠢᠳᠡᠭᠡᠨ ᠤ ᠵᠦᠢᠯ ᠳᠤᠲᠤᠷ᠎ᠠ ᠴᠤᠷ ᠤᠨ ᠭᠠᠭᠴᠠ ᠭᠤᠷᠪᠠᠨ ᠵᠦᠢᠯ ᠤᠨ ᠪᠤᠯᠭᠤᠬᠤ ᠠᠷᠭ᠎ᠠ ᠶᠢ ᠬᠡᠷᠡᠭᠯᠡᠵᠦ ᠪᠤᠯᠳᠠᠭ | ᠢᠳᠡᠭᠡᠨ ᠶᠤᠮ᠃ ᠶᠤᠤᠮᠠᠢ ᠶᠢ ᠬᠠᠭᠤᠷᠴᠤ ᠪᠤᠯᠭᠤᠵᠤ ᠪᠤᠯᠤᠨ᠎ᠠ᠂ ᠴᠢᠨᠠᠵᠤ ᠪᠤᠯᠭᠤᠵᠤ ᠪᠤᠯᠤᠨ᠎ᠠ᠂ ᠵᠢᠩᠨᠡᠵᠦ | ᠪᠤᠯᠭᠤᠵᠤ ᠪᠤᠯᠤᠨ᠎ᠠ᠃ ᠡᠶᠢᠮᠦ ᠳᠡᠭᠡᠨ ᠶᠤᠤᠮᠠᠢ ᠤᠯᠠᠭᠠᠨᠴᠠᠪ ᠨᠤᠲᠤᠭ ᠤᠨ ᠭᠤᠤᠯ ᠢᠳᠡᠭᠡᠨ ᠤ ᠨᠢᠭᠡ ᠪᠤᠯᠤᠭᠰᠠᠨ ᠢᠶᠠᠷ | ᠦᠯᠦ ᠪᠠᠷᠠᠮ ᠭᠠᠳᠠᠭᠠᠳᠤ ᠳᠤ ᠭᠠᠷᠭᠠᠬᠤ ᠴᠢᠬᠤᠯᠠ ᠢᠳᠡᠭᠡᠨ ᠤ ᠲᠦᠷᠦᠯ ᠪᠤᠯᠤᠭᠰᠠᠨ ᠪᠠᠶᠢᠨ᠎ᠠ᠃ ᠰᠠᠭᠠᠭ ᠪᠤᠯ | 2000 ᠵᠢᠯ ᠤᠨ ᠲᠡᠦᠬᠡ ᠲᠠᠢ ᠳᠤᠮᠳᠠᠳᠤ ᠶᠢᠨ ᠤᠯᠠᠮᠵᠢᠯᠠᠯᠲᠤ ᠢᠳᠡᠭᠡᠨ ᠤ ᠵᠦᠢᠯ ᠶᠤᠮ᠃ ᠤᠳᠤ ᠰᠠᠭᠠᠭ ᠨᠢ | ᠳᠡᠯᠡᠬᠡᠢ ᠳᠡᠭᠡᠷ᠎ᠡ 21 ᠳ᠋ᠤᠭᠡᠷ ᠵᠠᠭᠤᠨ ᠤ ᠡᠷᠡᠭᠦᠯ ᠴᠢᠬᠢᠷᠠᠭ ᠢᠳᠡᠭᠡᠨ ᠢᠶᠠᠷ ᠦᠨᠡᠯᠡᠭᠳᠡᠵᠦ᠂ ᠢᠯᠠᠩᠭᠤᠶ᠎ᠠ ᠴᠢᠰᠤᠨ | ᠳᠠᠷᠤᠯᠲᠠ ᠵᠡᠷᠭᠡ ᠡᠯ᠎ᠡ ᠵᠦᠢᠯ ᠤᠨ ᠡᠪᠡᠳᠴᠢᠨ ᠢ ᠰᠤᠪᠢᠯᠠᠨ ᠵᠠᠰᠠᠬᠤ ᠡᠷᠳᠡᠨᠢ ᠶᠢᠨ ᠢᠳᠡᠭᠡᠨ ᠢᠶᠠᠷ ᠨᠡᠷᠡᠯᠡᠭᠳᠡᠵᠡᠢ᠃ | | ᠤᠯᠠᠭᠠᠨᠴᠠᠪ ᠬᠤᠲᠠ ᠳᠤ ᠦᠵᠡᠮᠵᠢᠲᠦ ᠰᠠᠶᠢᠬᠠᠨ ᠬᠡᠭᠡᠷ᠎ᠡ ᠲᠠᠯ᠎ᠠ ᠪᠠ ᠡᠷᠲᠡᠨ ᠤ ᠰᠤᠶᠤᠯ ᠤᠨ ᠪᠠᠭᠤᠷᠢ᠂ | ᠡᠳ᠋ ᠦᠷᠯᠦᠭ ᠤᠨ ᠵᠦᠢᠯᠡᠰ ᠤᠯᠠᠨ ᠪᠠᠶᠢᠳᠠᠭ ᠶᠤᠮ᠃ ᠭᠡᠭᠡᠨᠲᠡᠯᠡ ᠲᠠᠯ᠎ᠠ ᠨᠤᠲᠤᠭ ᠤᠨ ᠵᠢᠭᠤᠯᠴᠢᠯᠠᠯ ᠤᠨ ᠭᠠᠵᠠᠷ | ᠪᠤᠯ ᠤᠯᠤᠰ ᠤᠨ 4A ᠳᠡᠰ ᠤᠨ ᠵᠢᠭᠤᠯᠴᠢᠯᠠᠯ ᠤᠨ ᠤᠷᠤᠨ ᠪᠤᠯᠤᠨ᠎ᠠ᠃ ᠠᠳᠡ ᠵᠤᠨ ᠨᠠᠮᠤᠷ ᠤᠨ ᠴᠠᠭ ᠲᠤ 200 | ᠭᠠᠷᠤᠢ ᠡᠪᠡᠰᠦ ᠴᠡᠴᠡᠭ ᠮᠢᠷᠠᠯᠵᠠᠨ ᠳᠡᠯᠭᠡᠷᠡᠳᠡᠭ ᠪᠦᠭᠡᠳ 10 ᠭᠠᠷᠤᠢ ᠲᠦᠷᠦᠯ ᠵᠦᠢᠯ ᠤᠨ ᠬᠡᠭᠡᠷ᠎ᠡ ᠶᠢᠨ ᠠᠮᠢᠲᠠᠨ | ᠬᠠ ᠶᠠ ᠦᠭᠡᠢ ᠵᠢᠷᠪᠢᠯᠵᠡᠨ ᠦᠩᠭᠡᠷᠡᠬᠦ ᠨᠢ ᠦᠷᠭᠦᠯᠵᠢ ᠬᠠᠷᠠᠭᠳᠠᠳᠠᠭ ᠪᠢᠯᠡ᠃ ᠬᠦᠢᠲᠡᠨ ᠰᠢᠯᠢ ᠶᠢᠨ ᠬᠡᠭᠡᠷ᠎ᠡ ᠲᠠᠯ᠎ᠠ | ᠪᠤᠯ ᠳᠡᠯᠡᠬᠡᠢ ᠳᠡᠭᠡᠷ᠎ᠡ ᠴᠦᠭᠡᠨ ᠪᠠᠶᠢᠳᠠᠭ ᠦᠨᠳᠦᠷ ᠠᠭᠤᠯᠠᠨ ᠤ ᠨᠤᠭᠤ ᠶᠢᠨ ᠬᠡᠭᠡᠷ᠎ᠡ ᠲᠠᠯ᠎ᠠ ᠪᠤᠯᠤᠨ᠎ᠠ᠃ ᠡᠨᠡᠬᠦ | ᠦᠨᠳᠦᠷᠯᠢᠭ ᠬᠡᠭᠡᠷ᠎ᠡ ᠲᠠᠯ᠎ᠠ ᠳᠡᠭᠡᠷ᠎ᠡ ᠪᠠᠶᠢᠭᠠᠯᠢᠯᠢᠭ ᠪᠢᠴᠢᠬᠠᠨ ᠨᠠᠭᠤᠷ ᠲᠤᠭᠤᠷᠢᠮ ᠠᠰᠬᠠᠭᠰᠠᠨ ᠰᠤᠪᠤᠳ ᠰᠢᠭ᠋ | ᠡᠩᠨᠡᠷᠡᠨ ᠲᠠᠷᠬᠠᠵᠤ ᠪᠠᠶᠢᠳᠠᠭ ᠢᠶᠠᠷ ᠢᠶᠠᠨ ︽ᠶᠡᠷᠡ ᠶᠢᠰᠦᠨ ᠪᠤᠯᠠᠭ︾ ᠭᠡᠯᠴᠡᠳᠡᠭ ᠶᠤᠮ᠃ ᠡᠨᠡᠬᠦ ᠲᠠᠯ᠎ᠠ ᠳᠡᠭᠡᠷ᠎ᠡ | ᠪᠠᠰᠠ ᠶᠡᠭᠡ ᠮᠤᠩᠭᠤᠯ ᠤᠨ ᠲᠠᠶᠢᠽᠦ᠋ᠩ ᠬᠠᠭᠠᠨ ᠦᠭᠡᠳᠡᠢ ᠶᠢᠨ ᠴᠡᠷᠢᠭ ᠮᠤᠷᠢ ᠪᠤᠯᠪᠠᠰᠤᠷᠠᠭᠤᠯᠬᠤ ︽ᠵᠠᠩᠵᠤᠨ ᠤ | ᠲᠠᠪᠴᠠᠩ︾ ᠪᠤᠢ᠃ | | ᠤᠯᠠᠭᠠᠨᠴᠠᠪ ᠬᠤᠲᠠ ᠤᠳᠤ ᠠᠭᠤᠷᠬᠠᠢ᠂ ᠲᠠᠷᠢᠶᠠᠯᠠᠩ ᠮᠠᠯ ᠠᠵᠤ ᠠᠬᠤᠢ᠂ ᠵᠢᠭᠠᠰᠤᠨ ᠤ ᠠᠵᠤ | ᠠᠬᠤᠶᠢᠯᠠᠯ᠂ ᠵᠢᠭᠤᠯᠴᠢᠯᠠᠯ ᠵᠡᠷᠭᠡ ᠤᠯᠠᠨ ᠲᠦᠷᠦᠯ ᠤᠨ ᠠᠵᠤ ᠦᠢᠯᠡᠰ ᠢ ᠵᠡᠷᠭᠡᠪᠡᠷ ᠬᠦᠭᠵᠢᠭᠦᠯᠦᠨ ᠪᠠᠶᠠᠵᠢᠯ | ᠬᠦᠴᠦᠷᠬᠡᠭᠵᠢᠯ ᠤᠨ ᠵᠠᠮ ᠢᠶᠠᠷ ᠬᠤᠷᠳᠤᠯᠠᠨ ᠤᠷᠤᠭᠰᠢᠯᠠᠵᠤ ᠪᠤᠢ᠃ | |