| ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠲᠡ | | | | — — 2017 ᠤᠨ ᠤ 11 ᠰᠠᠷ᠎ᠠ ᠶᠢᠨ 28 ᠤ ᠡᠳᠦᠷ ᠤᠯᠠᠭᠠᠨᠬᠠᠳᠠ ᠬᠤᠲᠠ ᠶᠢᠨ | ᠬᠤᠩ ᠱᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ | ᠬᠤᠷᠠᠯ ᠳᠡᠭᠡᠷ᠎ᠡ ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢᠨ ᠵᠢᠩ ᠬᠤᠸᠠ | | | | ᠲᠦᠯᠦᠭᠡᠯᠡᠭᠴᠢᠳ ᠡ᠄ | | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠂ ᠲᠡᠭᠦᠨᠴᠢᠯᠡᠨ ᠲᠤᠭᠤᠷᠢᠭ ᠤᠨ ᠤᠯᠤᠰ ᠲᠦᠷᠦ ᠶᠢᠨ | ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠨ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠵᠠᠰᠠᠭ ᠤᠨ ᠤᠷᠳᠤᠨ ᠲᠤᠰᠢᠶᠠᠯ ᠡᠭᠦᠷᠭᠡᠯᠡᠭᠰᠡᠨ ᠠᠴᠠ | ᠨᠠᠰᠢᠬᠢ ᠲᠠᠪᠤᠨ ᠵᠢᠯ ᠪᠤᠯ ᠬᠤᠩ ᠱᠠᠨ ᠲᠤᠭᠤᠷᠢᠭ ᠤᠨ ᠬᠦᠭᠵᠢᠯᠲᠡ ᠶᠢᠨ ᠲᠡᠦᠬᠡᠨ ᠳᠠᠬᠢ ᠵᠢᠷ ᠤᠨ ᠪᠤᠰᠤ ᠲᠠᠪᠤᠨ | ᠵᠢᠯ ᠪᠤᠯᠤᠨ᠎ᠠ᠃ ᠬᠦᠴᠢᠷ ᠪᠤᠳᠤᠯᠢᠶᠠᠨᠲᠠᠢ ᠠᠵᠤ ᠠᠬᠤᠢ ᠶᠢᠨ ᠤᠷᠴᠢᠨ ᠲᠤᠭᠤᠷᠢᠨ ᠪᠤᠯᠤᠨ ᠬᠠᠲᠠᠭᠤᠵᠢᠯᠲᠠᠢ | ᠬᠦᠭᠵᠢᠯᠲᠡ ᠶᠢᠨ ᠡᠭᠦᠷᠭᠡ ᠳᠤᠤᠷ᠎ᠠ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠲᠤᠭᠤᠷᠢᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠤᠤᠷ᠎ᠠ᠂ ᠬᠦᠴᠢᠷ | ᠠᠰᠠᠭᠤᠳᠠᠯ ᠢ ᠰᠢᠢᠳᠪᠦᠷᠢᠯᠡᠨ᠂ ᠪᠡᠷᠬᠡᠰᠢᠶᠡᠯ ᠢ ᠲᠤᠭᠤᠯᠵᠤ᠂ ᠪᠤᠭᠤᠮᠲᠠ ᠰᠢᠪᠲᠤᠯᠤᠨ᠂ ︽ᠠᠷᠪᠠᠨ ᠬᠤᠶᠠᠳᠤᠭᠠᠷ | ᠲᠠᠪᠤᠨ ᠵᠢᠯ ᠤᠨ ᠲᠦᠯᠦᠪᠵᠢᠭᠦᠯᠭᠡ︾ ᠶᠢ ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤᠨ | ᠵᠢᠯ ᠤᠨ ᠲᠦᠯᠦᠪᠵᠢᠭᠦᠯᠭᠡ︾ ᠶᠢ ᠤᠷᠤᠭᠰᠢᠲᠠᠢ ᠨᠠᠶᠢᠳᠠᠪᠤᠷᠢᠵᠢᠭᠤᠯᠤᠨ᠂ ᠲᠤᠭᠤᠷᠢᠭ ᠤᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠤᠭᠲᠠᠭᠠᠭᠰᠠᠨ | ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠰᠠ ᠨᠢᠭᠡᠨ ᠬᠦᠭᠵᠢᠯᠲᠡ ᠶᠢᠨ ᠰᠢᠵᠢᠷ ᠠᠯᠲᠠᠨ | ᠴᠠᠭ ᠦᠶ᠎ᠡ ᠶᠢ ᠴᠤᠭᠴᠠᠯᠠᠪᠠ᠃ | ᠦᠩᠭᠡᠷᠡᠭᠰᠡᠨ ᠲᠠᠪᠤᠨ ᠵᠢᠯ ᠳᠤ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠨᠠᠶᠢᠳᠠᠪᠤᠷᠢᠵᠢᠭᠤᠯᠤᠨ | ᠰᠤᠳᠤᠨ ᠲᠤᠭᠤᠷᠢᠭ ᠢ ᠪᠦᠲᠦᠭᠡᠨ ᠪᠠᠶᠢᠭᠤᠯᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠ᠃ ᠦᠵᠡᠯ | ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠦᠪ ᠢ ᠡᠷᠢᠬᠦ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠯᠠᠭᠤᠯᠤᠯᠲᠠ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠤᠯᠤᠨ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ | ᠪᠦᠲᠦᠭᠡᠯᠴᠢ ᠪᠠᠷ ᠠᠵᠢᠯᠯᠠᠬᠤ ᠲᠠᠢ ᠨᠢᠭᠡᠲᠦᠯᠵᠢᠭᠦᠯᠵᠦ᠂ ᠬᠦᠭᠵᠢᠯᠲᠡ ᠶᠢᠨ ᠵᠢᠮ᠎ᠡ ᠶᠤᠰᠤ ᠶᠢ ᠠᠳᠬᠤᠵᠤ᠂ | ᠬᠦᠭᠵᠢᠯᠲᠡ ᠶᠢᠨ ᠪᠠᠶᠢᠳᠠᠯ ᠲᠠᠢ ᠵᠤᠬᠢᠴᠠᠨ᠂ ︽ᠪᠦᠬᠦ ᠬᠤᠲᠠ ᠶᠢᠨ ᠠᠮᠢᠵᠢᠷᠠᠯ ᠤᠨ ᠬᠦᠴᠦᠨ ᠪᠢᠯᠬᠠᠭᠰᠠᠨ᠂ ᠠᠵᠤ | ᠠᠬᠤᠢ ᠴᠡᠴᠡᠭᠯᠡᠨ ᠬᠦᠭᠵᠢᠭᠰᠡᠨ᠂ ᠠᠮᠢ ᠠᠬᠤᠢ ᠶᠢᠨ ᠲᠤᠬᠢᠯᠢᠭ᠂ ᠪᠤᠯᠪᠠᠰᠤᠨ ᠡᠶ᠎ᠡ ᠵᠤᠬᠢᠴᠠᠯᠲᠤ ᠰᠤᠳᠤᠨ | ᠲᠤᠭᠤᠷᠢᠭ ᠢ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠳᠤᠷᠠᠳᠴᠤ᠂ ︽ᠵᠢᠷᠭᠤᠭᠠᠨ ᠰᠠᠭᠤᠷᠢᠨ᠂ ᠳᠦᠷᠪᠡᠨ | ᠲᠦᠪ ᠢ ᠴᠤᠭᠴᠠᠯᠠᠵᠤ᠂ ᠵᠢᠷᠭᠤᠭᠠᠨ ᠲᠠᠬᠢᠨ ᠤ ᠨᠡᠮᠡᠭᠳᠡᠯ ᠢ ᠪᠡᠶᠡᠯᠡᠭᠦᠯᠦᠨ᠂ ᠨᠢᠭᠡ ᠶᠢ ᠪᠠᠲᠤᠯᠠᠵᠤ᠂ ᠬᠤᠶᠠᠷ ᠲᠤ | ᠲᠡᠷᠢᠭᠦᠯᠡᠬᠦ ᠶᠢ ᠪᠡᠶᠡᠯᠡᠭᠦᠯᠬᠦ︾ ᠶᠡᠷᠦᠩᠬᠡᠢ ᠡᠭᠦᠷᠭᠡ ᠶᠢ ᠲᠤᠭᠲᠠᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠲᠦᠷᠭᠡᠪᠴᠢᠯᠡᠨ ᠪᠦᠲᠦᠭᠡᠨ ᠪᠠᠶᠢᠭᠤᠯᠪᠠ᠃ ᠬᠦᠭᠵᠢᠯᠲᠡ ᠶᠢᠨ ᠵᠠᠮ ᠳᠤ᠂ ᠬᠤᠶᠠᠷ ᠠᠵᠤ ᠦᠢᠯᠡᠳᠪᠦᠷᠢ ᠶᠢᠨ | ᠲᠠᠪᠴᠠᠩ ᠢ ᠰᠠᠶᠢᠲᠤᠷ ᠬᠢᠵᠦ᠂ ︽ᠨᠢᠭᠡ ᠲᠡᠩᠭᠡᠯᠢᠭ ᠬᠤᠶᠠᠷ ᠪᠦᠰᠡ ᠭᠤᠷᠪᠠᠨ ᠲᠤᠭᠤᠷᠢᠭ ᠨᠢᠭᠡ ᠬᠦᠷᠢᠶᠡᠯᠡᠩ︾ | ᠤᠨ ᠦᠢᠯᠡᠴᠢᠯᠡᠭᠡᠨ ᠤ ᠦᠢᠯᠡᠰ ᠤᠨ ᠲᠤᠭᠲᠠᠴᠠ ᠶᠢ ᠴᠤᠭᠴᠠᠯᠠᠵᠤ᠂ ᠨᠢᠭᠡ ᠰᠢᠷᠢᠰ ᠨᠢᠭᠡᠲᠦᠯᠲᠡᠢ | ᠲᠦᠯᠦᠪᠵᠢᠭᠦᠯᠬᠦ ᠶᠢ ᠴᠢᠩᠭᠠᠳᠬᠠᠬᠤ᠂ ᠲᠤᠲᠠᠭᠳᠠᠯ ᠢ ᠨᠦᠬᠦᠪᠦᠷᠢᠯᠡᠬᠦ᠂ ᠡᠶ᠎ᠡ ᠵᠤᠬᠢᠴᠠᠯ ᠢ ᠠᠬᠢᠭᠤᠯᠬᠤ ᠠᠷᠠᠳ ᠤᠨ | ᠠᠮᠢᠳᠤᠷᠠᠯ ᠤᠨ ᠢᠨᠵᠧᠨᠧᠷᠢᠩ ᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠤᠷᠠᠭ | ᠵᠠᠩᠭᠢᠵᠢᠯᠲᠠ᠂ ᠤᠳᠤᠬᠢᠴᠢᠯᠠᠭᠰᠠᠨ ᠲᠠᠷᠢᠶᠠᠯᠠᠩ᠂ ᠬᠤᠲᠠ ᠪᠠᠯᠭᠠᠰᠤᠨ ᠤ ᠨᠢᠭᠡ ᠴᠤᠭᠴᠠᠵᠢᠯᠲᠠ ᠶᠢᠨ ᠭᠦᠨᠵᠡᠭᠡᠢ | ᠠᠭᠤᠰᠤᠯᠴᠠᠬᠤ᠂ ᠵᠤᠬᠢᠴᠠᠨ ᠬᠦᠭᠵᠢᠬᠦ ᠶᠢ ᠶᠡᠭᠡ ᠬᠦᠴᠦᠨ ᠢᠶᠠᠷ ᠠᠬᠢᠭᠤᠯᠪᠠ᠃ ᠡᠳᠡᠭᠡᠷ ᠦᠷᠭᠡᠨ ᠤᠯᠠᠨ ᠤ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠬᠦᠭᠵᠢᠯᠲᠡ ᠶᠢᠨ ᠰᠡᠳᠬᠢᠮᠵᠢ ᠨᠢ ᠬᠦᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠦᠳᠡᠯᠭᠡᠭᠴᠢ ᠬᠦᠴᠦᠨ ᠪᠤᠯᠵᠤ᠂ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ | ᠲᠦᠮᠡᠨ ᠤ ᠰᠢᠨ᠎ᠡ ᠶᠢ ᠡᠭᠦᠳᠬᠦ ᠦᠢᠯᠡᠰ ᠪᠤᠰᠬᠠᠬᠤ ᠪᠠᠶᠡᠴᠢ ᠦᠢᠯᠡᠳᠦᠯᠭᠡ ᠲᠤ ᠬᠦᠴᠦᠨ ᠪᠦᠬᠦᠢ ᠬᠦᠲᠦᠴᠢ ᠪᠤᠯᠪᠠ᠃ | | ᠦᠩᠭᠡᠷᠡᠭᠰᠡᠨ ᠲᠠᠪᠤᠨ ᠵᠢᠯ ᠳᠤ ᠠᠵᠤ ᠠᠬᠤᠢ ᠲᠤᠭᠲᠠᠭᠤᠨ ᠡᠷᠡᠭᠦᠯ ᠢᠶᠠᠷ ᠬᠦᠭᠵᠢᠵᠦ᠂ ᠶᠡᠷᠦᠩᠬᠡᠶᠢᠯᠡᠭᠰᠡᠨ | ᠪᠤᠳᠠᠲᠤ ᠬᠦᠴᠦᠨ ᠪᠤᠯᠤᠨ ᠦᠷᠢᠰᠦᠯᠳᠦᠬᠦ ᠬᠦᠴᠦᠨ ᠢᠯᠡᠷᠬᠡᠢ ᠴᠢᠩᠭᠠᠷᠠᠪᠠ᠃ ᠲᠤᠭᠲᠠᠭᠤᠨ ᠨᠡᠮᠡᠭᠳᠡᠯ ᠢ ᠲᠡᠷᠢᠭᠦᠨ | ᠴᠢᠬᠤᠯᠠ ᠡᠭᠦᠷᠭᠡ ᠪᠤᠯᠭᠠᠵᠤ᠂ ᠠᠵᠤ ᠠᠬᠤᠢ ᠶᠢᠨ ᠬᠦᠭᠵᠢᠯᠲᠡ ᠶᠢ ᠬᠤᠷᠳᠤᠴᠠ ᠠᠯᠳᠠᠯ ᠦᠭᠡᠢ ᠳᠡᠰ ᠳᠡᠪᠰᠢᠭᠦᠯᠵᠦ᠂ | ᠦᠷᠭᠦᠯᠵᠢᠯᠡᠨ ᠰᠢᠨ᠎ᠡ ᠲᠡᠭᠲᠡᠷ ᠲᠤ ᠭᠠᠷᠭᠠᠪᠠ᠃ ᠤᠷᠢᠳᠴᠢᠯᠠᠨ ᠵᠢᠱᠢᠯᠲᠡ ᠪᠠᠷ᠂ 2017 ᠤᠨ ᠳᠤ ᠪᠦᠬᠦ | ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠤᠯᠤᠨ ᠡᠩ ᠤᠨ ᠤᠯᠠᠨ ᠨᠡᠶᠢᠲᠡ ᠶᠢᠨ | ᠲᠦᠰᠦᠪ ᠤᠨ ᠤᠷᠤᠯᠭ᠎ᠠ 350 ᠳ᠋ᠦᠩᠰᠢᠭᠤᠷ ᠲᠦᠭᠦᠷᠢᠭ ᠪᠠ 21.7 ᠳ᠋ᠦᠩᠰᠢᠭᠤᠷ ᠲᠦᠭᠦᠷᠢᠭ ᠬᠦᠷᠴᠦ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠲᠤᠰᠪᠤᠷᠢ 33500 ᠪᠠ 17900 ᠲᠦᠭᠦᠷᠢᠭ ᠬᠦᠷᠴᠦ᠂ | ᠪᠦᠷ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠤᠭᠤᠴᠠᠭᠠᠨ ᠰᠡᠭᠦᠯᠴᠢ ᠶᠢᠨ ᠲᠤᠭ᠎ᠠ | ᠪᠠᠷᠢᠮᠲᠠ ᠶᠢᠨ ᠰᠠᠭᠤᠷᠢᠨ ᠳᠡᠭᠡᠷ᠎ᠡ ᠨᠢᠭᠡ ᠲᠠᠬᠢᠨ ᠨᠡᠮᠡᠭᠳᠡᠪᠡ᠃ ᠨᠡᠶᠢᠲᠡ ᠪᠡᠶᠡᠯᠡᠭᠦᠯᠦᠭᠰᠡᠨ ᠲᠤᠭᠲᠠᠮᠠᠯ ᠬᠦᠷᠦᠩᠭᠡ ᠶᠢᠨ | ᠪᠡᠯᠡ ᠤᠷᠤᠭᠤᠯᠤᠯᠲᠠ 858 ᠳ᠋ᠦᠩᠰᠢᠭᠤᠷ ᠲᠦᠭᠦᠷᠢᠭ᠂ ᠵᠢᠯ ᠤᠨ ᠳᠤᠮᠳᠠᠴᠢ ᠨᠡᠮᠡᠭᠳᠡᠯ 16.8%︔ 108 | ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ | ᠬᠦᠭᠵᠢᠯᠲᠡ ᠳᠤ ᠬᠦᠴᠦᠷᠬᠡᠭ ᠬᠦᠳᠡᠯᠭᠡᠭᠴᠢ ᠬᠦᠴᠦᠨ ᠤᠯᠭᠤᠪᠠ᠃ ᠰᠢᠨ᠎ᠡ ᠬᠡᠷᠡᠭᠯᠡᠭᠡᠨ ᠤ ᠬᠡᠯᠪᠡᠷᠢ ᠪᠤᠯᠤᠨ ᠠᠵᠤ | ᠦᠢᠯᠡᠰ ᠤᠨ ᠲᠦᠯᠦᠪ ᠲᠠᠰᠤᠷᠠᠯᠲᠠ ᠦᠭᠡᠢ ᠢᠯᠡᠷᠡᠵᠦ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ | ᠪᠤᠷᠤᠯᠠᠭᠤᠯᠤᠭᠰᠠᠨ ᠶᠡᠷᠦᠩᠬᠡᠢ ᠲᠤᠭ᠎ᠠ 92.6 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 155 ᠳ᠋ᠦᠩᠰᠢᠭᠤᠷ | ᠲᠦᠭᠦᠷᠢᠭ ᠪᠤᠯᠪᠠ᠃ ᠤᠯᠤᠰ ᠤᠨ ᠤᠢ ᠰᠢᠭᠤᠢ ᠶᠢᠨ ᠬᠤᠲᠠ᠂ ᠤᠯᠤᠰ ᠤᠨ ᠴᠡᠴᠡᠷᠯᠢᠭᠵᠢᠭᠰᠡᠨ ᠬᠤᠲᠠ᠂ | ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠦᠢᠯᠡᠴᠢᠯᠡᠭᠡᠨ ᠤ ᠦᠢᠯᠡᠰ ᠤᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠵᠠᠷ ᠤᠷᠤᠨ᠂ ᠤᠯᠤᠰ ᠤᠨ ᠰᠢᠨᠵᠢᠯᠡᠭᠡ | ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠤᠷᠤᠨ᠂ ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ | ᠲᠤᠷᠰᠢᠯᠲᠠ ᠶᠢᠨ ᠤᠷᠤᠨ᠂ ᠤᠯᠤᠰ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠭᠤᠤᠯᠳᠠᠯᠭᠠᠲᠤ ᠬᠠᠷᠢᠯᠴᠠᠭᠠᠨ ᠤ ᠴᠡᠭ᠂ ᠪᠦᠬᠦ ᠤᠯᠤᠰ ᠤᠨ ᠠᠮᠤᠷ ᠲᠦᠪᠰᠢᠨ ᠪᠦᠲᠦᠭᠡᠨ | ᠪᠠᠶᠢᠭᠤᠯᠤᠯᠲᠠ ᠶᠢᠨ ᠲᠡᠷᠢᠭᠦᠨ ᠤ ᠤᠷᠤᠨ᠂ ᠪᠦᠬᠦ ᠤᠯᠤᠰ ᠤᠨ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ | ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠤᠷᠤᠨ ᠵᠡᠷᠭᠡ ᠤᠯᠠᠨ ᠲᠦᠷᠦᠯ ᠤᠨ ᠤᠯᠤᠰ ᠤᠨ | ᠳᠡᠰ ᠤᠨ ᠢᠷᠠᠭᠤ ᠠᠯᠳᠠᠷ ᠬᠦᠷᠲᠡᠪᠡ᠃ | ᠦᠩᠭᠡᠷᠡᠭᠰᠡᠨ ᠲᠠᠪᠤᠨ ᠵᠢᠯ ᠳᠤ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ ᠳᠡᠰ ᠳᠡᠪᠰᠢᠭᠦᠯᠬᠦ᠂ | ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠯᠤᠲᠤ ᠶᠡᠭᠡ ᠰᠢᠪᠲᠤᠯᠤᠯᠲᠠ ᠲᠠᠢ᠃ ᠭᠤᠷᠪᠠᠨ ᠠᠵᠤ ᠦᠢᠯᠡᠰ ᠤᠨ | ᠬᠠᠷᠢᠴᠠᠯ 2.6᠄ 52.6᠄ 44.8 ᠠᠴᠠ 2.2᠄ 42.3᠄ 55.5 ᠪᠤᠯᠤᠨ ᠲᠤᠬᠢᠷᠠᠭᠤᠯᠤᠭᠳᠠᠵᠤ᠂ ︽ᠬᠤᠶᠠᠷ | ᠭᠤᠷᠪᠠ ᠨᠢᠭᠡ︾ ᠠᠴᠠ ︽ᠭᠤᠷᠪᠠ ᠬᠤᠶᠠᠷ ᠨᠢᠭᠡ︾ ᠶᠢᠨ ᠲᠡᠦᠬᠡᠲᠦ ᠴᠢᠨᠠᠷᠲᠠᠢ ᠠᠬᠢᠯᠲᠠ ᠶᠢ ᠪᠡᠶᠡᠯᠡᠭᠦᠯᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠦᠭᠵᠢᠭᠦᠯᠪᠡ᠃ ᠦᠪᠦᠷ ᠮᠤᠩᠭᠤᠯ ᠤᠨ ᠵᠡᠭᠦᠨ | ᠬᠡᠰᠡᠭ ᠡᠾᠧᠪᠸᠢ ᠶᠢᠨ ᠤᠮᠠᠷᠠᠲᠤ ᠬᠡᠰᠡᠭ ᠯᠢᠶᠤᠤᠨᠢᠩ ᠤᠨ ᠪᠠᠷᠠᠭᠤᠨ ᠬᠡᠰᠡᠭ ᠤᠨ ᠠᠷᠠᠯᠵᠢᠶ᠎ᠠ ᠬᠤᠳᠠᠯᠳᠤᠭᠠᠨ ᠤ | ᠪᠠᠷᠠᠭᠠᠨ ᠭᠦᠢᠯᠭᠡᠭᠡᠨ ᠤ ᠲᠦᠪ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠠᠷᠠᠭᠠᠨ | ᠭᠦᠢᠯᠭᠡᠭᠡᠨ ᠤ ᠬᠦᠷᠢᠶᠡᠯᠡᠩ ᠲᠤᠭᠤᠷᠢᠭ ᠤᠯᠤᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ | ᠲᠤᠭᠤᠷᠢᠭ ᠪᠤᠯᠵᠤ᠂ ᠰᠤᠯᠢᠯᠴᠠᠭᠠᠨ ᠤ ᠲᠤᠭ᠎ᠠ 200 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 470 | ᠳ᠋ᠦᠩᠰᠢᠭᠤᠷ ᠲᠦᠭᠦᠷᠢᠭ ᠪᠤᠯᠪᠠ︔ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠨᠢ ᠪᠤᠭᠤᠮᠲᠠ | ᠪᠢᠲᠡᠭᠦᠮᠵᠢᠯᠡᠨ ᠡᠵᠡᠩᠨᠡᠵᠦ᠂ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠶᠢᠨ ᠰᠤᠯᠢᠯᠴᠠᠭ᠎ᠠ᠂ ᠳᠤᠮᠳᠠᠳᠤ | ᠡᠸᠦ᠋ᠷᠦᠫᠡ ︵ᠤᠯᠠᠭᠠᠨᠬᠠᠳᠠ ᠮᠠᠨᠵᠤᠤᠷ ᠡᠸᠦ᠋ᠷᠦᠫᠡ︶ ᠡᠭᠡᠯᠵᠢᠲᠦ ᠭᠠᠯᠲᠤ᠂ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭ᠎ᠠ᠂ ᠦᠢᠯᠡᠳᠪᠦᠷᠢ ᠬᠤᠳᠠᠯᠳᠤᠭᠠᠨ ᠤ ᠬᠢᠨ ᠤ ᠡᠷᠬᠡ ᠤᠯᠭᠤᠯᠲᠠ ᠶᠢ ᠳᠠᠮᠵᠢᠬᠤ ᠦᠭᠡᠢ ᠪᠠᠷ | ᠠᠷᠠᠯᠵᠢᠶᠠᠴᠢᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠠᠴᠠ ᠬᠤᠳᠠᠯᠳᠤᠨ ᠠᠪᠴᠤ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠪᠤᠷᠤᠯᠠᠭᠤᠯᠬᠤ ᠵᠡᠷᠭᠡ ᠠᠵᠢᠯ ᠤᠨ ᠴᠢᠳᠠᠮᠵᠢ ᠶᠢ ᠦᠷᠭᠡᠳᠬᠡᠵᠦ᠂ ᠤᠨ ᠤ ᠠᠷᠠᠯᠵᠢᠶᠠᠨ ᠤ ᠲᠤᠭ᠎ᠠ 1. | 5 ᠳ᠋ᠦᠩᠰᠢᠭᠤᠷ ᠲᠦᠭᠦᠷᠢᠭ ᠬᠦᠷᠪᠡ︔ ᠸᠠᠨ ᠳ᠋ᠠ ᠠᠭᠤᠳᠠᠮ ᠲᠠᠯᠠᠪᠠᠢ ᠵᠡᠷᠭᠡ ᠬᠤᠲᠠ ᠶᠢᠨ ᠶᠡᠷᠦᠩᠬᠡᠶᠢᠯᠡᠭᠰᠡᠨ | ᠴᠤᠭᠴᠠ ᠨᠢ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠳᠡᠰ ᠳᠡᠪᠰᠢᠯᠲᠠ ᠳᠤ ᠬᠦᠲᠦᠴᠢ ᠪᠤᠯᠵᠤ᠂ ᠲᠢᠶᠠᠨ ᠹᠧᠩ | ᠠᠷᠠᠯᠵᠢᠶ᠎ᠠ ᠬᠤᠳᠠᠯᠳᠤᠭᠠᠨ ᠤ ᠬᠤᠲᠠ ᠵᠡᠷᠭᠡ ᠲᠤᠰᠬᠠᠢ ᠵᠠᠬ᠎ᠠ ᠳᠡᠯᠭᠡᠭᠦᠷ ᠤᠨ ᠪᠠᠶᠢᠭᠤᠯᠤᠯᠲᠠ ᠨᠢ ᠬᠠᠭᠤᠴᠢᠨ ᠵᠠᠬ᠎ᠠ | ᠳᠡᠯᠭᠡᠭᠦᠷ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠳᠠᠶᠢᠴᠢᠯᠠᠪᠠ᠃ ᠤᠯᠠᠭᠠᠨᠬᠠᠳᠠ ᠶᠢᠨ | ᠮᠦᠩᠭᠦᠨ ᠭᠦᠢᠯᠭᠡᠭᠡᠨ ᠤ ᠲᠦᠪ ᠤᠨ ᠪᠠᠶᠢᠭᠤᠯᠤᠯᠲᠠ ᠰᠢᠪᠲᠤᠯᠤᠯᠲᠠ ᠲᠠᠢ ᠪᠠᠶᠢᠵᠤ᠂ 12 ᠡᠷᠦᠬᠡ ᠮᠦᠩᠭᠦᠨ | ᠭᠦᠢᠯᠭᠡᠭᠡᠨ ᠤ ᠪᠠᠶᠢᠭᠤᠯᠤᠮᠵᠢ ᠰᠢᠨ᠎ᠡ ᠪᠠᠷ ᠨᠡᠮᠡᠭᠳᠡᠵᠦ᠂ ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ | ᠪᠠᠯᠭᠠᠰᠤ ᠶᠢ ᠡᠬᠢᠯᠡᠨ ᠨᠠᠶᠢᠳᠠᠪᠤᠷᠢᠵᠢᠭᠤᠯᠵᠤ᠂ ᠤᠮᠠᠷᠠᠲᠤ ᠤᠷᠤᠨ ᠤ ᠦᠩᠭᠡᠲᠦ ᠲᠡᠮᠦᠷᠯᠢᠭ ᠤᠨ ᠠᠵᠤ ᠠᠬᠤᠶᠢᠯᠠᠯ ᠤᠨ | ᠶᠡᠷᠦᠩᠬᠡᠢ ᠬᠡᠯᠲᠡᠰ ᠤᠨ ᠰᠠᠭᠤᠷᠢᠨ ᠠᠵᠢᠯ ᠳᠠᠭᠤᠰᠴᠤ ᠡᠵᠡᠩᠨᠡᠪᠡ᠃ ᠤᠯᠠᠭᠠᠨᠬᠠᠳᠠ ᠶᠢᠨ ᠵᠢᠭᠤᠯᠴᠢᠯᠠᠯ ᠢ | ᠲᠦᠪᠯᠡᠷᠡᠭᠦᠯᠦᠨ ᠲᠠᠷᠬᠠᠭᠠᠬᠤ ᠲᠦᠪ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠦᠷᠨᠢᠭᠦᠯᠵᠦ᠂ ᠵᠢᠭᠤᠯᠴᠢᠯᠠᠯ ᠤᠨ | ᠬᠦᠮᠦᠨ ᠠᠮᠠ ᠪᠤᠯᠤᠨ ᠤᠷᠤᠯᠭ᠎ᠠ ᠶᠢᠨ ᠵᠢᠯ ᠤᠨ ᠳᠤᠮᠳᠠᠴᠢ ᠨᠡᠮᠡᠭᠳᠡᠯ 8.2% ᠪᠤᠯᠤᠨ 24.8%᠃ ᠠᠵᠤ | ᠦᠢᠯᠡᠳᠪᠦᠷᠢ ᠲᠤᠭᠲᠠᠭᠤᠨ ᠠᠬᠢᠪᠠ᠃ ᠠᠵᠤ ᠦᠢᠯᠡᠳᠪᠦᠷᠢ ᠶᠢᠨ ᠨᠡᠮᠡᠭᠳᠡᠯ ᠤᠨ ᠦᠷᠲᠡᠭ ᠤᠨ ᠵᠢᠯ ᠤᠨ ᠳᠤᠮᠳᠠᠴᠢ | ᠨᠡᠮᠡᠭᠳᠡᠯ 9.5%᠃ 21 ᠡᠷᠦᠬᠡ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠲᠠᠢ ᠪᠤᠯᠵᠤ᠂ | ᠶᠤᠸᠠᠨ ᠯᠢᠶᠠᠨ ᠪᠤᠯᠤᠳ ᠲᠡᠮᠦᠷ ︽ᠳᠤᠮᠳᠠᠳᠤ ᠤᠯᠤᠰ ᠤᠨ ᠠᠷᠠᠳ ᠠᠴᠠ ᠡᠷᠬᠢᠯᠡᠭᠰᠡᠨ 500 ᠬᠦᠴᠦᠷᠬᠡᠭ ᠠᠵᠤ | ᠠᠬᠤᠶᠢᠯᠠᠯ︾ ᠤᠨ ᠡᠩᠨᠡᠭᠡᠨ ᠳᠤ ᠤᠷᠤᠪᠠ᠃ ᠡᠮ ᠡᠮᠨᠡᠯᠭᠡ᠂ ᠨᠡᠬᠡᠮᠡᠯ ᠤᠨ ᠠᠵᠤ ᠦᠢᠯᠡᠰ ᠬᠤᠲᠠ ᠠᠴᠠ ᠤᠬᠤᠷᠢᠨ | ᠬᠦᠷᠢᠶᠡᠯᠡᠩ ᠳᠤ ᠤᠷᠤᠬᠤ ᠶᠢ ᠪᠡᠶᠡᠯᠡᠭᠦᠯᠪᠡ︔ ᠶᠡᠭᠡ ᠳ᠋ᠠᠶᠢᠲ᠋ᠠ᠂ ᠡᠯᠧᠺᠲᠷᠤᠨ ᠲᠦᠬᠦᠭᠡᠷᠦᠮᠵᠢ ᠦᠢᠯᠡᠳᠬᠦ ᠵᠡᠷᠭᠡ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠷᠢᠴᠠᠯ 12% ᠬᠦᠷᠪᠡ᠃ ᠠᠵᠤ ᠦᠢᠯᠡᠰ ᠤᠨ ᠲᠦᠪᠯᠡᠷᠡᠯ | ᠴᠤᠭᠯᠠᠷᠠᠯ ᠤᠨ ᠦᠢᠯᠡᠴᠢᠯᠡᠯ ᠦᠷᠭᠦᠯᠵᠢᠯᠡᠨ ᠭᠦᠨᠵᠡᠭᠡᠶᠢᠷᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠬᠦᠷᠢᠶᠡᠯᠡᠩ ᠨᠢ ᠤᠯᠤᠰ ᠤᠨ ᠳᠤᠤᠷ᠎ᠠ ᠨᠡᠭᠦᠷᠡᠰᠦᠲᠦ᠋ᠷᠦᠭᠴᠢᠲᠦ ᠠᠵᠤ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠪᠤᠯᠵᠤ᠂ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ ᠨᠢ | ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠲᠤᠭᠤᠷᠢᠭ ᠪᠤᠯᠵᠤ᠂ ᠶᠡᠭᠡ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠨᠢ | ᠤᠯᠤᠰ ᠤᠨ ᠳᠡᠰ ᠤᠨ ᠦᠢᠯᠡᠰ ᠪᠦᠲᠦᠭᠡᠬᠦ ᠨᠡᠪᠴᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠪᠤᠯᠪᠠ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠤᠯᠤᠨ ᠨᠡᠷᠡᠲᠦ ᠲᠠᠸᠠᠷ ᠢ ᠡᠭᠦᠳᠬᠦ ᠶᠢᠨ ᠬᠦᠲᠦᠴᠢ ᠶᠢᠨ ᠦᠢᠯᠡᠳᠦᠯ ᠢ | ᠪᠠᠳᠠᠷᠠᠭᠤᠯᠵᠤ᠂ 10 ᠡᠷᠦᠬᠡ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 19 ᠠᠵᠤ | ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠤᠭᠠᠯᠠᠯ ᠪᠤᠯᠤᠨ ᠦᠪᠡᠷᠲᠡᠭᠡᠨ | ᠵᠠᠰᠠᠬᠤ ᠤᠷᠤᠨ ᠤ ᠳᠡᠰ ᠠᠴᠠ ᠳᠡᠭᠡᠭᠰᠢᠬᠢ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠰᠢᠨ᠎ᠡ ᠪᠠᠷ ᠨᠡᠮᠡᠭᠳᠡᠪᠡ︔ | ᠳ᠋ᠦ᠋ ᠢ ᠵᠢᠶᠠ ᠪᠤᠯᠤᠨ ᠳ᠋ᠦᠸᠧ ᠸᠧᠢ ᠡᠯ ᠠᠮᠢᠳᠤ ᠪᠤᠳᠠᠰ ᠤᠯᠤᠰ ᠤᠨ ᠨᠡᠷᠡᠲᠦ ᠲᠠᠸᠠᠷ ᠪᠤᠯᠪᠠ᠃ ᠤᠳᠤ ᠦᠶ᠎ᠡ ᠶᠢᠨ | ᠲᠠᠷᠢᠶᠠᠯᠠᠩ ᠤᠨ ᠬᠦᠭᠵᠢᠯᠲᠡ ᠶᠢᠨ ᠪᠦᠲᠦᠮᠵᠢ ᠢᠯᠡᠷᠬᠡᠢ᠃ ︽1571︾ ᠢᠨᠵᠧᠨᠧᠷᠢᠩ ᠢ ᠠᠮᠵᠢᠯᠲᠠ ᠲᠠᠢ | ᠪᠡᠶᠡᠯᠡᠭᠦᠯᠵᠦ᠂ ︽3661︾ ᠢᠨᠵᠧᠨᠧᠷᠢᠩ ᠢ ᠬᠦᠴᠦᠲᠡᠢ ᠠᠬᠢᠭᠤᠯᠵᠤ᠂ 1.24 ᠲᠦᠮᠡᠨ ᠮᠦ᠂ 2.2 ᠲᠦᠮᠡᠨ | ᠮᠦ ᠪᠤᠯᠤᠨ 9.66 ᠲᠦᠮᠡᠨ ᠮᠦ ᠤᠨᠴᠠᠯᠢᠭᠲᠤ ᠲᠠᠷᠢᠮᠠᠯ᠂ ᠤᠰᠤ ᠠᠷᠪᠢᠯᠠᠬᠤ ᠲᠠᠷᠢᠶᠠᠯᠠᠩ ᠪᠤᠯᠤᠨ ᠭᠠᠵᠠᠷ | ᠰᠢᠷᠦᠢ ᠶᠢᠨ ᠤᠷᠴᠢᠯᠳᠤᠭᠤᠯᠤᠨ ᠠᠰᠢᠭᠯᠠᠯᠲᠠ ᠶᠢ ᠰᠢᠨ᠎ᠡ ᠪᠠᠷ ᠨᠡᠮᠡᠭᠳᠡᠭᠦᠯᠵᠦ᠂ 137 ᠡᠷᠦᠬᠡ ᠪᠤᠯᠤᠨ 27 ᠡᠷᠦᠬᠡ | ᠲᠠᠷᠢᠶᠠᠴᠢᠳ ᠤᠨ ᠲᠤᠰᠬᠠᠶᠢᠵᠢᠭᠰᠠᠨ ᠬᠤᠷᠰᠢᠭᠰᠠᠨ ᠵᠤᠬᠢᠶᠠᠨ ᠪᠠᠶᠢᠭᠤᠯᠤᠯᠲᠠ ᠪᠤᠯᠤᠨ ᠠᠵᠤ ᠦᠢᠯᠡᠰᠵᠢᠭᠰᠡᠨ | ᠲᠤᠯᠤᠭᠠᠶᠢᠯᠠᠭᠴᠢ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠭᠠᠵᠠᠷ ᠰᠢᠷᠦᠢ ᠶᠢᠨ ᠡᠷᠭᠢᠯᠲᠡ ᠶᠢᠨ ᠨᠤᠷᠮ᠎ᠠ᠂ | ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ ᠪᠤᠯᠤᠨ ᠲᠠᠷᠢᠶᠠᠯᠠᠩ ᠤᠨ ᠪᠦᠲᠦᠭᠡᠭᠳᠡᠭᠦᠨ ᠢ | ᠲᠤᠬᠠᠢ ᠶᠢᠨ ᠭᠠᠵᠠᠷ ᠲᠤᠨᠢ ᠪᠤᠯᠪᠠᠰᠤᠷᠠᠭᠤᠯᠤᠨ ᠤᠯᠠᠷᠢᠭᠤᠯᠤᠭᠰᠠᠨ ᠨᠤᠷᠮ᠎ᠠ ᠪᠦᠷ 55% ᠢ ᠳᠠᠪᠠᠪᠠ᠃ | ᠦᠪᠡᠷᠲᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠰᠢᠶᠠᠩ ᠲᠤᠰᠬᠤᠨ ᠤ ᠵᠤᠭᠠᠴᠠᠯ ᠤᠨ ᠵᠢᠱᠢᠶ᠎ᠡ | ᠦᠵᠡᠭᠦᠯᠬᠦ ᠤᠷᠤᠨ ᠪᠤᠯᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠᠲᠤ ᠲᠤᠷᠰᠢᠯᠲᠠ ᠶᠢᠨ ᠴᠡᠭ ᠤᠨ | ᠬᠤᠰᠢᠭᠤ ᠰᠢᠶᠠᠨ ᠪᠤᠯᠪᠠ᠃ | ᠦᠩᠭᠡᠷᠡᠭᠰᠡᠨ ᠲᠠᠪᠤᠨ ᠵᠢᠯ ᠳᠤ ᠦᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ | ᠬᠦᠭᠵᠢᠯᠲᠡ ᠶᠢᠨ ᠬᠦᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠢᠳᠡᠪᠬᠢᠵᠢᠪᠡ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠡᠷᠬᠡ | ᠬᠠᠷᠢᠭᠤᠴᠠᠯᠭ᠎ᠠ ᠶᠢᠨ ᠳᠠᠩᠰᠠ ᠶᠢᠨ ᠬᠠᠮᠢᠶᠠᠷᠤᠯᠲᠠ ᠪᠤᠯᠤᠨ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠠ | ᠨᠡᠶᠢᠲᠡᠯᠡᠬᠦ︾ ᠬᠢᠨᠠᠨ ᠬᠠᠮᠢᠶᠠᠷᠤᠯᠲᠠ ᠶᠢ ᠪᠦᠬᠦᠨ ᠢ ᠪᠦᠷᠬᠦᠭᠦᠯᠬᠦ ᠶᠢ ᠨᠠᠶᠢᠳᠠᠪᠤᠷᠢᠵᠢᠭᠤᠯᠪᠠ᠃ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯ ᠤᠨ ︽ᠭᠤᠷᠪᠠ ᠶᠢ ᠲᠦᠪᠯᠡᠷᠡᠭᠦᠯᠵᠦ ᠭᠤᠷᠪᠠ ᠶᠢ ᠪᠠᠶᠢᠷᠢᠨ ᠳᠤᠨᠢ ᠬᠦᠷᠭᠡᠬᠦ︾ ᠦᠭᠡᠷᠡᠴᠢᠯᠡᠯᠲᠡ | ᠦᠷᠭᠡᠵᠢᠨ ᠭᠦᠨᠵᠡᠭᠡᠶᠢᠷᠡᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠤᠯᠤᠨ | ᠡᠯᠧᠺᠲᠷᠤᠨ ᠵᠠᠰᠠᠭ ᠤᠨ ᠶᠠᠪᠤᠳᠠᠯ ᠤᠨ ᠲᠢᠩᠬᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠬᠢᠨᠠᠨ ᠵᠦᠪᠰᠢᠶᠡᠷᠡᠬᠦ | ᠨᠢᠭᠡ ᠦᠷᠲᠡᠭᠡᠴᠢᠯᠡᠨ ᠰᠢᠢᠳᠪᠦᠷᠢᠯᠡᠬᠦ᠂ ᠤᠶᠢᠷ᠎ᠠ ᠤᠷᠴᠢᠮ ᠳᠤᠨᠢ ᠰᠢᠢᠳᠪᠦᠷᠢᠯᠡᠬᠦ᠂ ᠰᠦᠯᠵᠢᠶᠡᠨ ᠳᠤ | ᠰᠢᠢᠳᠪᠦᠷᠢᠯᠡᠬᠦ ᠶᠢ ᠪᠡᠶᠡᠯᠡᠭᠦᠯᠪᠡ᠃ ᠠᠷᠠᠯᠵᠢᠶᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢᠨ ᠪᠦᠲᠦᠮᠵᠢ | ᠢᠯᠡᠷᠬᠡᠢ᠂ 2.9 ᠲᠦᠮᠡᠨ ᠡᠷᠦᠬᠡ ᠵᠠᠬ᠎ᠠ ᠳᠡᠯᠭᠡᠭᠦᠷ ᠤᠨ ᠭᠤᠤᠯ ᠴᠤᠭᠴᠠ ᠰᠢᠨ᠎ᠡ ᠪᠠᠷ ᠨᠡᠮᠡᠭᠳᠡᠨ᠂ ᠨᠡᠶᠢᠲᠡ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠠᠷᠢᠴᠠᠯ 59% ᠬᠦᠷᠪᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ | ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠰᠤᠶᠤᠯ ᠲᠠᠮᠢᠷ ᠵᠤᠭᠠᠴᠠᠯ᠂ ᠲᠠᠷᠢᠶᠠᠯᠠᠩ ᠮᠠᠯ ᠠᠵᠤ ᠠᠬᠤᠢ | ᠤᠰᠤᠨ ᠠᠰᠢᠭᠯᠠᠯᠲᠠ ᠵᠡᠷᠭᠡ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠲᠡ ᠶᠢ ᠡᠮᠬᠢ ᠴᠡᠭᠴᠡ ᠲᠠᠢ | ᠠᠬᠢᠭᠤᠯᠵᠤ᠂ ᠵᠠᠰᠠᠭ ᠤᠨ ᠤᠷᠳᠤᠨ ᠤ ᠴᠢᠳᠠᠮᠵᠢ ᠶᠢ ᠤᠯᠠᠮ ᠨᠢᠭᠡ ᠠᠯᠬᠤᠮ ᠬᠤᠪᠢᠷᠠᠭᠤᠯᠪᠠ᠃ ᠤᠯᠤᠰ ᠤᠨ | ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢ ᠪᠠᠶᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠵᠠᠰᠠᠭ ᠠᠵᠤ ᠠᠬᠤᠶᠢᠯᠠᠯ ᠢ ᠰᠠᠯᠭᠠᠬᠤ ᠶᠢ ᠪᠡᠶᠡᠯᠡᠭᠦᠯᠪᠡ᠃ PPP ᠬᠡᠯᠪᠡᠷᠢ ᠶᠢ ᠠᠰᠢᠭᠯᠠᠵᠤ᠂ 29 ᠳ᠋ᠦᠩᠰᠢᠭᠤᠷ | ᠲᠦᠭᠦᠷᠢᠭ ᠤᠨ ᠨᠡᠶᠢᠭᠡᠮ ᠤᠨ ᠪᠡᠯᠡ ᠮᠦᠩᠭᠦ ᠶᠢ ᠬᠤᠲᠠ ᠶᠢᠨ ᠶᠠᠪᠤᠳᠠᠯ ᠤᠨ ᠲᠦᠬᠦᠭᠡᠷᠦᠮᠵᠢ᠂ ᠴᠡᠴᠡᠷᠯᠢᠭᠵᠢᠭᠦᠯᠦᠯᠲᠡ | ᠂ ᠤᠶᠢᠵᠢᠭᠤᠯᠤᠯᠲᠠ ᠪᠤᠯᠤᠨ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠳᠤ ᠬᠦᠲᠦᠯᠦᠨ ᠤᠷᠤᠭᠤᠯᠪᠠ᠃ | ᠮᠦᠩᠭᠦᠨ ᠭᠦᠢᠯᠭᠡᠭᠡᠨ ᠤ ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠂ 13 ᠡᠷᠦᠬᠡ ᠠᠵᠤ | ᠠᠬᠤᠶᠢᠯᠠᠯ ᠤᠯᠠᠨ ᠳᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠲᠤ ᠤᠷᠤᠪᠠ᠃ ᠤᠯᠤᠰ ᠤᠨ | ᠬᠦᠮᠦᠷᠭᠡ ᠶᠢᠨ ᠲᠦᠪᠯᠡᠷᠡᠭᠦᠯᠦᠨ ᠲᠦᠯᠦᠪᠦᠷᠢᠯᠡᠬᠦ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠦᠰᠦᠪ ᠪᠠ | ᠲᠦᠰᠦᠪ ᠤᠨ ᠭᠦᠢᠴᠡᠳᠬᠡᠯ ᠢ ᠨᠡᠶᠢᠭᠡᠮ ᠳᠤ ᠢᠯᠡ ᠨᠡᠶᠢᠲᠡᠯᠡᠪᠡ᠃ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠠ ᠤᠷᠤᠨ ᠰᠠᠭᠤᠴᠠ ᠳᠤ ᠬᠡᠷᠡᠭᠯᠡᠬᠦ ᠭᠠᠵᠠᠷ ᠤᠨ ᠡᠷᠬᠡ ᠶᠢ ᠪᠠᠲᠤᠯᠠᠬᠤ ᠳᠠᠩᠰᠠᠯᠠᠯᠲᠠ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠦᠢ ᠶᠢᠨ ᠳᠠᠭᠠᠭᠠᠴᠢᠯᠠᠨ ᠡᠵᠡᠩᠨᠡᠯᠲᠡ ᠶᠢᠨ ᠡᠷᠬᠡ ᠶᠢ ᠪᠠᠲᠤᠯᠠᠬᠤ | ᠳᠠᠩᠰᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠦᠳᠡᠭᠡ ᠲᠤᠰᠬᠤᠨ ᠤ ᠬᠦᠭᠵᠢᠯᠲᠡ ᠶᠢᠨ ᠠᠮᠢᠵᠢᠷᠠᠯ ᠤᠨ | ᠬᠦᠴᠦᠨ ᠢ ᠪᠦᠲᠦᠮᠵᠢᠲᠡᠢ ᠢᠳᠡᠪᠬᠢᠵᠢᠭᠦᠯᠪᠡ᠃ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠦᠷᠭᠡᠳᠬᠡᠵᠦ᠂ ᠨᠡᠶᠢᠲᠡ | 404 ᠳ᠋ᠦᠩᠰᠢᠭᠤᠷ ᠲᠦᠭᠦᠷᠢᠭ ᠤᠨ ᠪᠡᠯᠡ ᠲᠠᠲᠠᠨ ᠤᠷᠤᠭᠤᠯᠵᠤ᠂ ᠵᠢᠯ ᠤᠨ ᠳᠤᠮᠳᠠᠴᠢ ᠨᠡᠮᠡᠭᠳᠡᠯ 15%︔ | ᠭᠠᠳᠠᠭᠠᠳᠤ ᠠᠷᠠᠯᠵᠢᠶᠠᠨ ᠤ ᠤᠷᠤᠭᠤᠯᠵᠤ ᠭᠠᠷᠭᠠᠭᠰᠠᠨ ᠶᠡᠷᠦᠩᠬᠡᠢ ᠲᠤᠭ᠎ᠠ ᠶᠢ 30 ᠳ᠋ᠦᠩᠰᠢᠭᠤᠷ ᠳ᠋ᠤᠯᠯᠠᠷ ᠬᠦᠷᠭᠡᠵᠦ᠂ | ᠪᠦᠬᠦ ᠬᠤᠲᠠ ᠶᠢᠨ ᠭᠤᠷᠪᠠᠨ ᠤ ᠬᠤᠶᠠᠷ ᠢ ᠡᠵᠡᠯᠡᠪᠡ᠃ | ᠦᠩᠭᠡᠷᠡᠭᠰᠡᠨ ᠲᠠᠪᠤᠨ ᠵᠢᠯ ᠳᠤ ᠬᠤᠲᠠ ᠪᠠᠯᠭᠠᠰᠤ ᠶᠢ ᠨᠢᠭᠡᠲᠦᠯᠲᠡᠢ ᠲᠦᠯᠦᠪᠵᠢᠭᠦᠯᠬᠦ ᠬᠦᠴᠦᠯᠡᠴᠡ ᠬᠠᠮᠤᠭ | ᠶᠡᠭᠡ᠂ ᠬᠦᠮᠦᠨ ᠰᠠᠭᠤᠷᠢᠰᠢᠯ ᠤᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠡᠬᠡᠪᠡᠷ ᠰᠠᠶᠢᠵᠢᠷᠠᠪᠠ᠃ ᠡᠷᠦᠬᠡ | ᠠᠮᠠ ᠶᠢᠨ ᠳᠠᠩᠰᠠᠨ ᠳᠠᠬᠢ ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ 77.9%᠂ 43.3 ᠲᠡᠭᠰᠢ | ᠳᠦᠷᠪᠡᠯᠵᠢᠨ ᠺᠢᠯᠦᠮᠧᠲᠷ ᠭᠠᠵᠠᠷ ᠤᠷᠤᠨ ᠢ ᠪᠦᠲᠦᠭᠡᠨ ᠪᠠᠶᠢᠭᠤᠯᠪᠠ᠃ ᠬᠤᠲᠠ ᠶᠢᠨ ᠬᠤᠤᠰ ᠰᠡᠯᠪᠢᠯᠲᠡ ᠶᠢᠨ | ᠢᠨᠵᠧᠨᠧᠷᠢᠩ ᠢ ᠠᠬᠢᠭᠤᠯᠪᠠ᠃ 1.1 ᠲᠦᠮᠡᠨ ᠡᠷᠦᠭᠡ ᠳᠦᠭᠦᠮ ᠪᠦᠲᠦᠴᠡᠲᠦ ᠤᠷᠤᠨ ᠰᠠᠭᠤᠴᠠ᠂ 207 ᠲᠦᠮᠡᠨ | ᠲᠡᠭᠰᠢ ᠳᠦᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠵᠤ᠂ ᠭᠤᠷᠪᠠᠨ ᠵᠢᠯ ᠤᠨ | ᠲᠤᠲᠤᠷ᠎ᠠ ᠲᠢᠶᠧ ᠨᠠᠨ ᠤ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠪᠠᠶᠢᠭᠤᠯᠵᠤ | ᠲᠦᠪᠬᠢᠨᠡᠭᠦᠯᠬᠦ ᠡᠭᠦᠷᠭᠡ ᠶᠢ ᠪᠡᠶᠡᠯᠡᠭᠦᠯᠦᠨ᠂ ᠭᠤᠷᠪᠠᠨ ᠵᠢᠯ ᠤᠨ ᠲᠤᠲᠤᠷ᠎ᠠ ᠬᠦᠳᠡᠭᠡ ᠲᠤᠰᠬᠤᠨ ᠤ ᠠᠶᠤᠯᠲᠠᠢ ᠭᠡᠷ | ᠪᠠᠶᠢᠰᠢᠩ ᠢ ᠤᠰᠠᠳᠬᠠᠵᠤ᠂ 10 ᠭᠠᠷᠤᠢ ᠲᠦᠮᠡᠨ ᠠᠷᠠᠳ ᠢᠷᠭᠡᠳ ᠤᠨ ᠤᠷᠤᠰᠢᠨ ᠰᠠᠭᠤᠷᠢᠰᠢᠬᠤ ᠨᠦᠬᠦᠴᠡᠯ ᠢ | ᠰᠠᠶᠢᠵᠢᠷᠠᠭᠤᠯᠪᠠ᠃ ᠰᠢᠨᠬᠤᠸᠠ ᠬᠦᠭᠦᠷᠭᠡ᠂ ᠤᠴᠢ ᠵᠠᠮ ᠤᠨ ᠶᠡᠭᠡ ᠬᠦᠭᠦᠷᠭᠡ᠂ ᠬᠤᠲᠠ ᠶᠢᠨ ᠡᠮᠦᠨᠡᠬᠢ ᠪᠤᠰᠤᠭ᠎ᠠ | ᠰᠤᠯᠪᠢᠴᠠᠲᠤ ᠬᠦᠭᠦᠷᠭᠡ ᠵᠡᠷᠭᠡ 8 ᠰᠠᠭᠤᠷᠢ ᠬᠦᠭᠦᠷᠭᠡ ᠶᠢ ᠰᠢᠨ᠎ᠡ ᠪᠠᠷ ᠪᠠᠶᠢᠭᠤᠯᠤᠭᠰᠠᠨ ᠪᠠ ᠵᠠᠰᠠᠵᠤ᠂ | ᠴᠢᠯᠦᠭᠡᠯᠡᠯᠲᠡ ᠵᠠᠮ ᠢ ᠪᠠᠷᠠᠭᠤᠨᠰᠢ ᠨᠡᠪᠲᠡᠷᠡᠭᠦᠯᠬᠦ ᠪᠠ 306 ᠤᠯᠤᠰ ᠤᠨ ᠵᠠᠮ ᠢ ᠦᠭᠡᠷᠡᠴᠢᠯᠡᠨ ᠪᠠᠶᠢᠭᠤᠯᠬᠤ ᠶᠢ | ᠪᠡᠶᠡᠯᠡᠭᠦᠯᠵᠦ᠂ 167 ᠺᠢᠯᠦᠮᠧᠲᠷ ᠬᠤᠲᠠ ᠶᠢᠨ ᠶᠠᠪᠤᠳᠠᠯ ᠤᠨ ᠵᠠᠮ ᠪᠤᠯᠤᠨ ᠵᠠᠰᠠᠮᠠᠯ ᠵᠠᠮ ᠢ ᠰᠢᠨ᠎ᠡ ᠪᠠᠷ | ᠨᠡᠮᠡᠭᠳᠡᠭᠦᠯᠵᠦ᠂ 101 ᠵᠤᠷᠪᠤᠰ ᠵᠡᠭᠡᠯᠢ ᠭᠤᠳᠤᠮ ᠢ ᠦᠭᠡᠷᠡᠴᠢᠯᠡᠨ ᠪᠠᠶᠢᠭᠤᠯᠵᠤ᠂ 5000 ᠤᠶᠤᠨᠴᠢ ᠲᠡᠷᠭᠡᠨ | ᠵᠤᠭᠰᠤᠭᠠᠯ ᠢ ᠪᠠᠶᠢᠭᠤᠯᠪᠠ᠃ 3.7 ᠲᠦᠮᠡᠨ ᠮᠦ ᠭᠤᠤᠯᠳᠠᠯᠭ᠎ᠠ ᠲᠠᠢ ᠤᠷᠤᠨ ᠬᠡᠪᠴᠢᠶᠡᠨ ᠤ ᠤᠶᠢᠵᠢᠭᠤᠯᠤᠯᠲᠠ | ᠪᠤᠯᠤᠨ ᠴᠡᠴᠡᠷᠯᠢᠭᠵᠢᠭᠦᠯᠦᠯᠲᠡ ᠶᠢ ᠬᠡᠷᠡᠭᠵᠢᠭᠦᠯᠦᠨ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠪᠤᠯᠤᠨ | ᠤᠶᠢᠵᠢᠭᠤᠯᠤᠯᠲᠠ ᠶᠢᠨ ᠪᠦᠷᠬᠦᠴᠡ ᠶᠢᠨ ᠨᠤᠷᠮ᠎ᠠ 31.08% ᠪᠠ 44.5% ᠬᠦᠷᠪᠡ᠃ 5000 ᠡᠷᠦᠬᠡ | ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠬᠠᠮᠠᠭᠠᠯᠠᠬᠤ ᠭᠦᠸᠧᠯᠸᠦ ᠶᠢ ᠦᠭᠡᠷᠡᠴᠢᠯᠡᠨ ᠰᠠᠶᠢᠵᠢᠷᠠᠭᠤᠯᠵᠤ᠂ | 242 ᠨᠡᠭᠦᠷᠡᠰᠦᠨ ᠲᠦᠯᠡᠰᠢᠲᠦ ᠭᠦᠸᠧᠯᠸᠦ ᠶᠢ ᠲᠠᠶᠠᠭᠳᠠᠨ᠂ 35 ᠲᠦᠷᠦᠯ ᠤᠨ ᠭᠤᠤᠯᠳᠠᠯᠭ᠎ᠠ ᠲᠠᠢ ᠠᠵᠤ | ᠠᠬᠤᠶᠢᠯᠠᠯ ᠤᠨ ᠤᠷᠴᠢᠨ ᠲᠤᠭᠤᠷᠢᠨ ᠢ ᠬᠠᠮᠠᠭᠠᠯᠠᠬᠤ ᠲᠦᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠲᠤᠭᠤᠭᠠᠨ ᠭᠡᠷ ᠤᠨ ᠬᠠᠶᠠᠭᠳᠠᠮᠠᠯ ᠪᠤᠳᠠᠰ ᠢ ᠤᠷᠴᠢᠯᠳᠤᠭᠤᠯᠤᠨ ᠠᠰᠢᠭᠯᠠᠬᠤ | ᠲᠦᠷᠦᠯ ᠵᠦᠢᠯ ᠢ ᠪᠦᠲᠦᠭᠡᠨ ᠪᠠᠶᠢᠭᠤᠯᠵᠤ᠂ ᠡᠯ᠎ᠡ ᠲᠦᠷᠦᠯ ᠤᠨ ᠡᠨᠧᠷᠭᠢ ᠠᠷᠪᠢᠯᠠᠵᠤ ᠪᠤᠬᠢᠷᠳᠤᠯ ᠢ ᠪᠠᠭᠠᠰᠬᠠᠬᠤ | ᠡᠭᠦᠷᠭᠡ ᠶᠢ ᠪᠡᠶᠡᠯᠡᠭᠦᠯᠪᠡ᠃ ᠦᠵᠡᠰᠬᠦᠯᠡᠩᠲᠦ ᠬᠦᠳᠡᠭᠡ ᠲᠤᠰᠬᠤᠨ ᠢ ᠶᠡᠭᠡ ᠬᠦᠴᠦᠨ ᠢᠶᠠᠷ ᠪᠦᠲᠦᠭᠡᠨ ᠪᠠᠶᠢᠭᠤᠯᠪᠠ᠃ | ᠨᠡᠶᠢᠲᠡ 11.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠤᠲᠠ ᠶᠢᠨ ᠰᠠᠭᠤᠷᠢ ᠲᠦᠬᠦᠭᠡᠷᠦᠮᠵᠢ | ᠪᠤᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠦᠳᠡᠭᠡ ᠲᠤᠰᠬᠤᠨ ᠳᠤ ᠪᠦᠬᠦ ᠲᠠᠯ᠎ᠠ ᠪᠠᠷ ᠦᠷᠭᠡᠵᠢᠭᠦᠯᠦᠨ | ᠪᠦᠷᠬᠦᠭᠦᠯᠵᠦ᠂ ᠬᠦᠳᠡᠭᠡ ᠲᠤᠰᠬᠤᠨ ᠤ ᠳᠦᠷᠰᠦ ᠪᠠᠶᠢᠳᠠᠯ ᠲᠡᠦᠬᠡᠲᠦ ᠴᠢᠨᠠᠷᠲᠠᠢ ᠶᠡᠭᠡ ᠬᠤᠪᠢᠷᠠᠯᠲᠠ ᠭᠠᠷᠪᠠ᠃ | ᠬᠤᠲᠠ ᠪᠠᠯᠭᠠᠰᠤᠨ ᠤ ᠶᠡᠷᠦᠩᠬᠡᠶᠢᠯᠡᠨ ᠵᠠᠰᠠᠯᠲᠠ ᠶᠢᠨ ᠰᠢᠨ᠎ᠡ ᠶᠢ ᠡᠭᠦᠳᠪᠡ᠃ ᠭᠤᠤᠯᠳᠠᠯᠭ᠎ᠠ ᠶᠢ ᠳᠤᠷᠤᠭᠰᠢ | ᠰᠢᠯᠵᠢᠭᠦᠯᠬᠦ ᠬᠤᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠦᠭᠡᠷᠡᠴᠢᠯᠡᠯᠲᠡ ᠶᠢ ᠬᠡᠷᠡᠭᠵᠢᠭᠦᠯᠦᠨ᠂ ᠬᠠᠤᠯᠢ | ᠵᠦᠷᠢᠴᠡᠵᠦ ᠲᠤᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠡᠷᠡᠰ ᠴᠤᠬᠢᠯᠲᠠ ᠦᠭᠬᠦ ᠪᠤᠯᠤᠨ ᠴᠢᠩᠭ᠎ᠠ ᠬᠠᠮᠢᠶᠠᠷᠤᠨ | ᠴᠡᠭᠴᠡᠯᠡᠵᠦ᠂ ᠬᠤᠲᠠ ᠪᠠᠯᠭᠠᠰᠤᠨ ᠤ ᠤᠷᠴᠢᠨ ᠲᠤᠭᠤᠷᠢᠨ ᠢᠯᠡᠷᠬᠡᠢ ᠰᠠᠶᠢᠵᠢᠷᠠᠪᠠ᠃ ᠤᠶᠤᠨᠴᠢ ᠬᠤᠲᠠ ᠶᠢᠨ | ᠪᠠᠶᠢᠭᠤᠯᠤᠯᠲᠠ ᠶᠢ ᠠᠬᠢᠭᠤᠯᠵᠤ᠂ ᠡᠵᠡᠩᠨᠡᠯᠲᠡ ᠶᠢᠨ ᠵᠢᠯᠤᠭᠤᠳᠬᠤ ᠲᠦᠪ᠂ ᠲᠤᠰᠬᠠᠢ ᠭᠡᠷᠡᠯ ᠰᠢᠷᠬᠡᠭ ᠤᠨ ᠭᠤᠤᠯ | ᠲᠤᠤᠷ᠂ ᠤᠯᠠᠨ ᠨᠡᠶᠢᠲᠡ ᠶᠢᠨ ᠬᠠᠷᠠᠭᠠᠨ ᠳᠠᠪᠲᠠᠮᠵᠢ ᠶᠢᠨ ᠠᠯᠤᠰ ᠡᠵᠡᠮᠰᠢᠯ ᠵᠡᠷᠭᠡ ᠰᠠᠭᠤᠷᠢ ᠢᠨᠵᠧᠨᠧᠷᠢᠩ ᠪᠤᠯᠤᠨ | ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠬᠤᠲᠠ ᠶᠢᠨ ᠶᠠᠪᠤᠳᠠᠯ᠂ ᠤᠶᠤᠨᠴᠢ ᠠᠶᠦᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ᠂ ᠤᠶᠤᠨᠴᠢ ᠢᠳᠡᠭᠡᠨ ᠡᠮ ᠤᠨ ᠬᠢᠨᠠᠨ ᠬᠠᠮᠢᠶᠠᠷᠤᠯᠲᠠ ᠵᠡᠷᠭᠡ | ᠬᠡᠷᠡᠭᠯᠡᠭᠡᠨ ᠤ ᠲᠦᠷᠦᠯ ᠵᠦᠢᠯ ᠢ ᠪᠠᠶᠢᠭᠤᠯᠵᠤ᠂ ᠬᠤᠲᠠ ᠶᠢᠨ ᠴᠡᠭᠴᠡᠯᠡᠨ ᠵᠠᠰᠠᠯᠲᠠ ᠶᠢᠨ ᠰᠤᠷᠠᠭ ᠵᠠᠩᠭᠢᠵᠢᠯᠲᠠ ᠶᠢᠨ | ᠬᠢᠷᠢ ᠲᠦᠪᠰᠢᠨ ᠢᠯᠡᠷᠬᠡᠢ ᠳᠡᠭᠡᠭᠰᠢᠯᠡᠪᠡ᠃ ᠨᠡᠶᠢᠭᠡᠮ ᠲᠤᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ | ᠲᠤᠭᠤᠷᠢᠭ ᠤᠨ ᠴᠡᠭᠴᠡᠯᠡᠯᠲᠡ ᠶᠢᠨ ᠰᠢᠨ᠎ᠡ ᠶᠢ ᠡᠭᠦᠳᠴᠦ᠂ 3.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ | ᠂ 4.6 ᠲᠦᠮᠡᠨ ᠲᠡᠭᠰᠢ ᠳᠦᠷᠪᠡᠯᠵᠢᠨ ᠮᠧᠲᠷ ᠤᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠳᠤ ᠬᠡᠷᠡᠭᠰᠡᠬᠦ ᠭᠡᠷ | ᠪᠠᠶᠢᠰᠢᠩ ᠢ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠨᠡᠶᠢᠭᠡᠮ ᠲᠤᠭᠤᠷᠢᠭ ᠤᠨ ᠦᠢᠯᠡᠴᠢᠯᠡᠭᠡᠨ ᠳᠤ | ᠬᠡᠷᠡᠭᠰᠡᠬᠦ ᠭᠡᠷ ᠪᠠᠶᠢᠰᠢᠩ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠡᠭᠦᠨ ᠳᠤ 45 ᠨᠡᠶᠢᠭᠡᠮ ᠲᠤᠭᠤᠷᠢᠭ ᠨᠢ | 1000 ᠲᠡᠭᠰᠢ ᠳᠦᠷᠪᠡᠯᠵᠢᠨ ᠮᠧᠲᠷ ᠠᠴᠠ ᠳᠡᠭᠡᠭᠰᠢ ᠬᠦᠷᠪᠡ︔ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ | ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠠᠬᠢᠭᠤᠯᠵᠤ᠂ ︽ᠨᠠᠮ ᠤᠨ | ᠪᠠᠶᠢᠭᠤᠯᠤᠯᠲᠠ ᠪᠠᠷ ᠬᠦᠲᠦᠴᠢ ᠪᠤᠯᠭᠠᠨ᠂ ᠭᠤᠷᠪᠠᠨ ᠨᠡᠶᠢᠭᠡᠮ ᠲᠤᠭᠤᠷᠢᠭ ᠬᠤᠯᠪᠤᠭᠠᠯᠠᠵᠤ᠂ ᠰᠤᠷᠠᠭ | ᠵᠠᠩᠭᠢᠵᠢᠯᠲᠠ ᠪᠠᠷ ᠲᠤᠯᠭᠠᠭᠤᠷᠢᠯᠠᠭᠤᠯᠬᠤ︾ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠪᠡ᠃ | ᠦᠩᠭᠡᠷᠡᠭᠰᠡᠨ ᠲᠠᠪᠤᠨ ᠵᠢᠯ ᠳᠤ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠵᠦ᠂ ᠠᠷᠠᠳ ᠤᠨ | ᠠᠮᠢᠳᠤᠷᠠᠯ ᠤᠨ ᠪᠤᠶᠠᠨ ᠬᠡᠰᠢᠭ ᠶᠡᠬᠡᠪᠡᠷ ᠨᠡᠮᠡᠭᠳᠡᠪᠡ᠃ ᠠᠷᠠᠳ ᠲᠦᠮᠡᠨ ᠢᠶᠠᠷ ᠲᠦᠪ ᠪᠤᠯᠭᠠᠬᠤ ᠬᠦᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠨ᠂ ᠡᠳ᠋ ᠤᠨ ᠵᠠᠰᠠᠭ ᠤᠨ ᠵᠠᠷᠤᠯᠭ᠎ᠠ ᠶᠢᠨ 74.2% ᠶᠢ ᠠᠷᠠᠳ ᠤᠨ ᠠᠮᠢᠳᠤᠷᠠᠯ ᠳᠤ | ᠬᠡᠷᠡᠭᠯᠡᠵᠦ᠂ ᠠᠷᠠᠳ ᠲᠦᠮᠡᠨ ᠤ ᠬᠦᠷᠲᠡᠭᠡᠮᠵᠢᠲᠦ ᠲᠦᠷᠦᠭᠳᠡᠯ ᠢᠯᠡᠷᠬᠡᠢ ᠨᠡᠮᠡᠭᠳᠡᠪᠡ᠃ ᠠᠵᠢᠯ | ᠤᠯᠭᠤᠯᠲᠠ ᠦᠷᠭᠦᠯᠵᠢᠯᠡᠨ ᠲᠤᠭᠲᠠᠭᠤᠨ ᠪᠠᠶᠢᠳᠠᠯ ᠲᠠᠢ᠃ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ | ᠤᠯᠭᠤᠯᠲᠠ ᠶᠢᠨ ᠵᠢᠯ ᠤᠨ ᠳᠤᠮᠳᠠᠴᠢ ᠨᠡᠮᠡᠭᠳᠡᠯ 9000 ᠬᠦᠮᠦᠨ︔ 5 ᠦᠢᠯᠡᠰ ᠪᠤᠰᠬᠠᠬᠤ ᠨᠡᠪᠴᠢᠭᠦᠯᠦᠯᠲᠡ ᠶᠢᠨ | ᠰᠠᠭᠤᠷᠢᠨ ᠢ ᠪᠠᠶᠢᠭᠤᠯᠵᠤ᠂ ᠡᠭᠦᠨ ᠳᠤ 2 ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ | ᠤᠷᠤᠨ ᠵᠠᠢ ᠪᠤᠢ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠪᠤᠯᠤᠨ ᠡᠮ ᠡᠮᠨᠡᠯᠭᠡ ᠶᠢᠨ ᠳᠠᠭᠠᠳᠬᠠᠯ | ᠪᠦᠬᠦᠨ ᠢ ᠪᠦᠷᠬᠦᠵᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠭᠦ᠂ | ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠨᠡᠶᠢᠭᠡᠮ ᠲᠤᠭᠤᠷᠢᠭ ᠤᠨ ᠨᠢᠭᠡᠳᠦᠭᠡᠷ ᠤᠲᠠᠰᠤᠨ ᠤ ᠠᠵᠢᠯᠲᠠᠳ ᠤᠨ | ᠬᠦᠯᠦᠰᠦ ᠤᠯᠭᠤᠮᠵᠢ ᠲᠤᠭᠲᠠᠭᠤᠨ ᠨᠡᠮᠡᠭᠳᠡᠪᠡ᠃ ᠰᠢᠨ᠎ᠡ ᠬᠡᠯᠪᠡᠷᠢ ᠶᠢᠨ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠦᠨᠳᠦᠰᠦᠨ ᠳᠡᠭᠡᠨ ᠪᠦᠷᠢᠯᠳᠦᠵᠦ᠂ ᠬᠦᠴᠢᠷᠳᠡᠯᠲᠡᠢ ᠤᠯᠠᠨ ᠲᠦᠮᠡᠨ ᠪᠤᠯᠤᠨ ᠬᠠᠷᠠᠭᠠᠯᠵᠠᠯ ᠬᠦᠷᠲᠡᠬᠦ | ᠡᠲᠡᠭᠡᠳ ᠤᠨ ᠠᠮᠢᠳᠤᠷᠠᠯ ᠳᠤ ᠪᠠᠲᠤᠯᠠᠭ᠎ᠠ ᠬᠠᠩᠭᠠᠵᠤ᠂ ᠨᠡᠶᠢᠲᠡ 2.6 ᠳ᠋ᠦᠩᠰᠢᠭᠤᠷ ᠲᠦᠭᠦᠷᠢᠭ ᠤᠨ ᠠᠪᠤᠷᠠᠨ | ᠲᠤᠰᠠᠯᠠᠬᠤ ᠮᠦᠩᠭᠦ ᠲᠠᠷᠬᠠᠭᠠᠵᠤ᠂ 8.2 ᠲᠦᠮᠡᠨ ᠬᠦᠮᠦᠨ ᠤᠳᠠᠭ᠎ᠠ ᠲᠤᠰᠠᠯᠠᠮᠵᠢ ᠬᠦᠷᠲᠡᠭᠡᠪᠡ᠃ ᠶᠠᠳᠠᠭᠤ ᠠᠴᠠ | ᠠᠩᠭᠢᠵᠢᠷᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠵᠤ᠂ | 1760 ᠡᠷᠦᠬᠡ ᠶᠠᠳᠠᠭᠤ ᠬᠦᠴᠢᠷᠳᠡᠯᠲᠡᠢ ᠡᠷᠦᠬᠡ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠪᠡ᠃ ᠰᠤᠷᠭᠠᠨ | ᠬᠦᠮᠦᠵᠢᠯ ᠤᠨ ᠦᠢᠯᠡᠰ ᠪᠦᠬᠦ ᠲᠠᠯ᠎ᠠ ᠪᠠᠷ ᠬᠦᠭᠵᠢᠪᠡ᠃ 15 ᠰᠠᠭᠤᠷᠢ ᠳᠤᠮᠳᠠᠳᠤ ᠪᠠᠭ᠎ᠠ ᠰᠤᠷᠭᠠᠭᠤᠯᠢ ᠪᠤᠯᠤᠨ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠵᠠᠰᠠᠨ ᠦᠷᠭᠡᠳᠬᠡᠵᠦ᠂ 2 ᠲᠦᠮᠡᠨ ᠲᠡᠭᠰᠢ | ᠳᠦᠷᠪᠡᠯᠵᠢᠨ ᠮᠧᠲᠷ ᠬᠦᠳᠡᠭᠡ ᠲᠤᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠦᠬᠦᠴᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠤᠷᠤᠬᠤ ᠨᠤᠷᠮ᠎ᠠ 43.8% ᠠᠴᠠ 50% ᠪᠤᠯᠤᠨ ᠳᠡᠭᠡᠭᠰᠢᠯᠡᠵᠦ᠂ | ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠬᠡᠯᠪᠡᠷᠢ ᠶᠢ ᠬᠡᠷᠡᠭᠵᠢᠭᠦᠯᠬᠦ ᠶᠢ ᠠᠬᠢᠭᠤᠯᠵᠤ᠂ ᠤᠶᠤᠨᠴᠢ ᠰᠤᠷᠭᠠᠨ | ᠬᠦᠮᠦᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠪᠠ᠃ ᠨᠡᠷᠡᠲᠦ ᠰᠤᠷᠭᠠᠭᠤᠯᠢ ᠶᠢ ᠪᠦᠲᠦᠭᠡᠨ | ᠪᠠᠶᠢᠭᠤᠯᠤᠭᠰᠠᠨ ᠦᠷ᠎ᠡ ᠪᠦᠲᠦᠭᠡᠯ ᠢᠯᠡᠷᠬᠡᠢ᠂ ᠳᠡᠭᠡᠳᠦ ᠰᠢᠯᠭᠠᠯᠲᠠ ᠶᠢᠨ ᠵᠢᠯ ᠤᠨ ᠳᠤᠮᠳᠠᠴᠢ ᠱᠤᠭᠤᠮ ᠳᠤ | ᠬᠦᠷᠦᠭᠰᠡᠳ 1800 ᠬᠦᠮᠦᠨ᠃ ᠬᠤᠩ ᠱᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠦᠯᠦᠭᠯᠡᠯ ᠨᠢ | 7000 ᠢᠯᠡᠭᠦᠦ ᠲᠤᠰᠬᠠᠢ ᠮᠡᠷᠭᠡᠵᠢᠯ ᠤᠨ ᠮᠡᠷᠭᠡᠵᠢᠯᠲᠡᠨ ᠢ ᠬᠦᠮᠦᠵᠢᠭᠦᠯᠪᠡ᠃ ᠬᠤᠶᠠᠳᠤᠭᠠᠷ ᠡᠮᠨᠡᠯᠭᠡ ᠶᠢᠨ | ᠬᠤᠷᠢᠶᠠᠨ ᠤ ᠡᠭᠦᠳᠡᠨ ᠡᠮᠨᠡᠯᠭᠡ ᠪᠤᠯᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠠᠰᠠᠷ ᠢ ᠪᠠᠶᠢᠭᠤᠯᠵᠤ᠂ 89 ᠡᠷᠦᠬᠡ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠰᠢᠨ᠎ᠡ ᠪᠠᠷ ᠨᠡᠮᠡᠭᠳᠡᠵᠦ᠂ ᠭᠡᠷᠡᠲᠦ ᠦᠢᠯᠡᠴᠢᠯᠡᠭᠡ᠂ ᠱᠠᠲᠤ ᠬᠤᠪᠢᠶᠠᠨ | ᠡᠮᠴᠢᠯᠡᠬᠦ ᠪᠤᠯᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠤᠯᠤᠰ ᠤᠨ ᠦᠨᠳᠦᠰᠦᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠭᠤᠤᠯᠳᠠᠯᠭ᠎ᠠ ᠲᠠᠢ ᠬᠠᠷᠢᠯᠴᠠᠬᠤ ᠴᠡᠭ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠲᠦᠯᠦᠪᠯᠡᠭᠡᠲᠦ | ᠦᠷᠡᠵᠢᠯ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠡᠬᠡ ᠨᠢᠯᠬᠠᠰ ᠤᠨ ᠡᠷᠡᠭᠦᠯᠵᠢᠯ ᠤᠨ | ᠦᠢᠯᠡᠴᠢᠯᠡᠭᠡᠨ ᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ | ᠬᠢᠨᠠᠨ ᠬᠠᠮᠢᠶᠠᠷᠤᠯᠲᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠬᠢᠨᠠᠨ ᠬᠠᠮᠢᠶᠠᠷᠤᠯᠲᠠ ᠶᠢᠨ ᠬᠢᠷᠢ | ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠰᠤᠶᠤᠯ ᠲᠠᠮᠢᠷ ᠤᠨ ᠠᠵᠢᠯ ᠦᠢᠯᠡᠰ ᠦᠷᠨᠢᠭᠦᠨ ᠬᠦᠭᠵᠢᠪᠡ᠃ | ᠤᠯᠠᠭᠠᠨᠬᠠᠳᠠ ᠶᠢᠨ ᠤᠷᠠᠨ ᠵᠢᠷᠤᠭ ᠤᠨ ᠤᠷᠳᠤᠨ᠂ ᠬᠤᠩ ᠱᠠᠨ ᠲᠤᠭᠤᠷᠢᠭ ᠤᠨ ᠰᠤᠶᠤᠯ ᠤᠨ ᠲᠦᠪ᠂ ᠡᠯ ᠳ᠋ᠤᠤ | ᠵᠢᠩᠽᠢ ᠶᠢᠨ ᠪᠠᠭᠤᠷᠢ ᠶᠢᠨ ᠮᠦᠸᠧᠽᠸᠢ ᠪᠤᠯᠤᠨ ᠲᠠᠮᠢᠷ ᠤᠨ ᠲᠠᠯᠠᠪᠤᠷ᠂ ᠫᠢᠩᠫᠤᠩ ᠪᠦᠮᠪᠦᠭᠡ ᠦᠳᠦᠨ ᠪᠦᠮᠪᠦᠭᠡᠨ | ᠲᠦᠪ᠂ 198 ᠦᠨᠳᠦᠰᠦᠨ ᠱᠠᠲᠤᠨ ᠤ ᠰᠤᠶᠤᠯ ᠤᠨ ᠦᠷᠲᠡᠭᠡ ᠲᠠᠰᠤᠭ᠂ 453 ᠬᠡᠰᠡᠭ ︵ᠵᠤᠷᠪᠤᠰ︶ ᠪᠡᠶ᠎ᠡ | ᠴᠢᠬᠢᠷᠠᠭᠵᠢᠭᠤᠯᠬᠤ ᠲᠠᠯᠠᠪᠤᠷ ᠪᠤᠯᠤᠨ ᠵᠠᠮ ᠢ ᠰᠢᠨ᠎ᠡ ᠪᠠᠷ ᠨᠡᠮᠡᠭᠳᠡᠭᠦᠯᠪᠡ᠃ ᠤᠷᠤᠨ ᠨᠤᠲᠤᠭ ᠤᠨ ᠤᠶᠢᠯᠠᠯᠭ᠎ᠠ ᠶᠢ | ᠨᠠᠶᠢᠷᠠᠭᠤᠯᠬᠤ ᠶᠢ ᠴᠢᠩᠭᠠᠳᠬᠠᠨ᠂ ᠲᠤᠭᠤᠷᠢᠭ ᠤᠨ ᠳᠠᠩᠰᠠ ᠡᠪᠬᠡᠮᠡᠯ ᠤᠨ ᠤᠷᠳᠤᠨ ᠤᠯᠤᠰ ᠤᠨ ᠬᠤᠶᠠᠳᠤᠭᠠᠷ | ᠳᠡᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠤᠷᠳᠤᠨ ᠪᠤᠯᠤᠨ ᠳᠡᠰ ᠳᠡᠪᠰᠢᠪᠡ᠃ ᠰᠤᠶᠤᠯ ᠤᠨ ᠦᠪ ᠢ | ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠬᠤᠩ ᠱᠠᠨ ᠰᠤᠶᠤᠯ ᠤᠨ ᠪᠠᠭᠤᠷᠢ ᠶᠢ ᠡᠷᠡᠮᠡᠯᠵᠡᠬᠦ ᠶᠢ | ᠲᠤᠭᠲᠠᠭᠤᠨ ᠠᠬᠢᠭᠤᠯᠵᠤ᠂ ᠯᠠᠯᠤ ᠶᠢᠨ ᠬᠤᠶᠢᠲᠤ ᠶᠡᠭᠡ ᠰᠦᠮ᠎ᠡ᠂ ᠸᠧᠢ ᠵᠢᠶᠠ ᠸᠦ᠋ ᠫᠦ᠋ ᠪᠠᠭᠤᠷᠢ᠂ ᠡᠯ ᠳ᠋ᠤᠤ | ᠵᠢᠩᠽᠢ ᠶᠢᠨ ᠪᠠᠭᠤᠷᠢ ᠪᠦᠬᠦ ᠤᠯᠤᠰ ᠤᠨ ᠭᠤᠤᠯᠳᠠᠯᠭ᠎ᠠ ᠲᠠᠢ ᠲᠡᠦᠬᠡᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠨᠢᠭᠡᠴᠡ ᠪᠤᠯᠪᠠ᠃ ᠡᠭᠦᠨ ᠠᠴᠠ ᠭᠠᠳᠠᠨ᠎ᠠ᠂ ᠠᠬᠠᠮᠠᠳ ᠨᠠᠰᠤᠲᠠᠳ᠂ ᠬᠤᠶᠢᠴᠢ ᠦᠶ᠎ᠡ ᠶᠢ ᠬᠠᠯᠠᠮᠵᠢᠯᠠᠬᠤ᠂ ᠤᠯᠠᠭᠠᠨ | ᠵᠠᠭᠠᠯᠮᠠᠶᠢᠲᠠᠨ᠂ ᠵᠡᠮᠳᠡᠭᠴᠦᠳ ᠤᠨ ᠠᠵᠢᠯ ᠵᠡᠷᠭᠡ ᠪᠦᠷ ᠰᠢᠨ᠎ᠡ ᠠᠬᠢᠯᠲᠠ ᠲᠠᠢ ᠪᠤᠯᠪᠠ᠃ | ᠦᠩᠭᠡᠷᠡᠭᠰᠡᠨ ᠲᠠᠪᠤᠨ ᠵᠢᠯ ᠳᠤ ᠨᠡᠶᠢᠭᠡᠮ ᠤᠨ ᠶᠡᠭᠡ ᠬᠠᠨᠳᠤᠰᠢ ᠲᠤᠭᠲᠠᠭᠤᠨ ᠡᠶ᠎ᠡ ᠵᠤᠬᠢᠴᠠᠯ ᠲᠠᠢ᠂ | ᠵᠠᠰᠠᠭ ᠤᠨ ᠤᠷᠳᠤᠨ ᠤ ᠦᠪᠡᠷ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠬᠠᠤᠯᠢ ᠪᠠᠷ ᠵᠠᠰᠠᠬᠤ | ᠬᠤᠩ ᠱᠠᠨ ᠤ ᠪᠠᠶᠢᠭᠤᠯᠤᠯᠲᠠ ᠶᠢ ᠪᠠᠲᠤᠲᠠᠢ ᠠᠬᠢᠭᠤᠯᠵᠤ᠂ ᠬᠠᠤᠯᠢ ᠪᠠᠷ ᠵᠠᠰᠠᠬᠤ ᠬᠦᠴᠦᠨ ᠨᠡᠩ ᠢᠯᠡᠷᠬᠡᠢ | ᠨᠡᠮᠡᠭᠳᠡᠪᠡ᠃ ᠪᠦᠬᠦ ᠤᠯᠤᠰ ᠤᠨ ᠪᠤᠯᠪᠠᠰᠤᠨ ᠬᠤᠲᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ | ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢ ᠶᠡᠭᠡ ᠬᠦᠴᠦᠨ ᠢᠶᠠᠷ ᠪᠠᠳᠠᠷᠠᠭᠤᠯᠤᠨ᠂ ᠦᠵᠡᠯ ᠤᠬᠠᠮᠰᠠᠷ ᠤᠨ | ᠬᠡᠯᠪᠡᠷᠢ ᠶᠢᠨ ᠢᠳᠡᠪᠬᠢ ᠳᠠᠶᠢᠯᠠᠯᠳᠤᠭᠠᠨ ᠢ ᠰᠠᠶᠢᠲᠤᠷ ᠬᠢᠵᠦ᠂ ᠭᠤᠤᠯ ᠠᠶᠢᠵᠠᠮ ᠨᠢ ᠨᠡᠩ ᠢᠷᠠᠭᠤ᠂ ᠵᠦᠪ ᠡᠨᠧᠷᠭᠢ | ᠢᠳᠡᠪᠬᠢ ᠬᠦᠴᠦᠨ ᠢ ᠨᠡᠩ ᠶᠡᠭᠡ ᠪᠣᠯᠭᠠᠪᠠ᠃ ᠠᠮᠤᠷ ᠲᠦᠪᠰᠢᠨ ᠬᠤᠩ ᠱᠠᠨ ᠤ ᠪᠠᠶᠢᠭᠤᠯᠤᠯᠲᠠ ᠶᠢ ᠴᠢᠩᠭᠠᠳᠬᠠᠨ᠂ | ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠨᠡᠶᠢᠭᠡᠮ ᠤᠨ ᠵᠦᠷᠢᠴᠡᠯ ᠢ | ᠨᠠᠮᠬᠠᠳᠬᠠᠬᠤ ᠲᠤᠭᠲᠠᠴᠠ ᠲᠠᠰᠤᠷᠠᠯᠲᠠ ᠦᠭᠡᠢ ᠪᠦᠷᠢᠨᠰᠢᠨ᠂ ᠬᠠᠤᠯᠢ ᠵᠦᠷᠢᠴᠡᠵᠦ ᠶᠠᠯ᠎ᠠ ᠬᠢᠭᠰᠡᠨ ᠠᠵᠢᠯᠯᠠᠭ᠎ᠠ ᠳᠤ | ᠬᠠᠤᠯᠢ ᠶᠤᠰᠤᠭᠠᠷ ᠴᠢᠩᠭ᠎ᠠ ᠴᠤᠬᠢᠯᠲᠠ ᠦᠭᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠳᠠᠯ ᠢ | ᠪᠠᠲᠤᠳᠬᠠᠨ ᠬᠦᠭᠵᠢᠭᠦᠯᠪᠡ᠃ ᠨᠠᠢᠮᠠ ᠤᠳᠠᠭ᠎ᠠ ᠳᠠᠷᠠᠭᠠᠯᠠᠨ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ᠪᠤᠯᠪᠠ᠃ ᠠᠶᠦᠯᠭᠦᠢ ᠦᠢᠯᠡᠳᠪᠦᠷᠢᠯᠡᠯ ᠤᠨ ︽1+8︾ ᠳᠦᠷᠢᠮ ᠤᠨ ᠰᠢᠰᠲ᠋ᠧᠮ ᠢ ᠪᠠᠶᠢᠭᠤᠯᠵᠤ᠂ | ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠶᠦᠯᠭᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠭᠲᠠᠭᠤᠨ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ | ᠲᠦᠷᠦ ᠶᠢᠨ ᠳᠦᠷᠢᠮ ᠲᠤᠭᠲᠠᠭᠠᠯ ᠢ ᠴᠢᠩᠭ᠎ᠠ ᠵᠢᠷᠦᠮᠯᠠᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭᠠᠨ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ︾ ᠲᠤᠰᠬᠠᠢ ᠬᠦᠮᠦᠵᠢᠯ ᠢ | ᠯᠠᠪᠳᠠᠭᠤᠨ ᠪᠠᠲᠤᠲᠠᠢ ᠦᠷᠨᠢᠭᠦᠯᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠲᠦᠪ ᠤᠨ ᠨᠠᠢᠮᠠᠨ | ᠲᠤᠭᠲᠠᠭᠠᠯ ᠤᠨ ᠵᠤᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠤᠯᠤᠨ ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠤᠨ ᠮᠡᠳᠡᠭᠦᠯᠦᠯᠲᠡ ᠬᠢᠵᠦ᠂ ᠤᠯᠤᠰ | ᠲᠦᠷᠦ ᠶᠢᠨ ᠵᠦᠪᠯᠡᠯᠭᠡᠨ ᠳᠤ ᠪᠠᠶᠢᠳᠠᠯ ᠢ ᠮᠡᠳᠡᠭᠳᠡᠵᠦ᠂ ᠨᠡᠶᠢᠲᠡ 630 ᠬᠤᠪᠢ ᠠᠷᠠᠳ ᠤᠨ ᠲᠦᠯᠦᠭᠡᠯᠡᠭᠴᠢᠳ ᠤᠨ | ᠳᠡᠪᠰᠢᠭᠦᠯᠦᠭᠰᠡᠨ ᠰᠠᠨᠠᠯ᠂ 595 ᠬᠤᠪᠢ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠭᠦᠢᠴᠡᠳᠬᠡᠪᠡ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠦᠨ᠂ ᠴᠢᠭᠡᠴᠢ | ᠵᠠᠰᠠᠭ ᠤᠨ ᠲᠦᠭᠰᠢᠭᠦᠷᠢ ᠶᠢ ᠡᠵᠡᠮᠳᠡᠬᠦ ᠶᠢ ᠴᠢᠩᠭᠠᠳᠬᠠᠵᠤ᠂ ︽ᠪᠤᠲᠠᠲᠠᠢ ᠠᠵᠢᠯᠯᠠᠵᠤ᠂ ᠵᠤᠷᠢᠭᠲᠠᠢ ᠡᠭᠦᠷᠭᠡᠯᠡᠬᠦ᠂ | ᠵᠤᠷᠢᠭᠤᠯᠬᠤ ᠶᠢ ᠠᠳᠠᠯᠢᠳᠬᠠᠵᠤ᠂ ᠠᠰᠢᠭ ᠯᠠ ᠦᠵᠡᠪᠡᠯ ᠰᠢᠨᠤᠬᠤ ᠬᠡᠯᠪᠡᠷᠢ ᠶᠢᠨ ᠢᠯᠵᠢᠷᠠᠯ ᠢ ᠴᠡᠭᠴᠡᠯᠡᠬᠦ︾ | ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠠᠷᠢᠭᠤᠨ ᠴᠢᠭᠡᠴᠢ᠂ ᠵᠠᠰᠠᠭ ᠤᠨ ᠶᠠᠪᠤᠳᠠᠯ ᠳᠤ ᠠᠵᠢᠯᠰᠠᠭ᠂ ᠪᠤᠳᠠᠲᠠᠢ | ᠠᠵᠢᠯᠯᠠᠭ᠎ᠠ ᠶᠢ ᠡᠷᠬᠢᠮᠯᠡᠬᠦ᠂ ᠴᠢᠨᠠᠷᠯᠢᠭ ᠪᠦᠲᠦᠮᠵᠢᠲᠡᠢ ᠵᠠᠰᠠᠭ ᠤᠨ ᠤᠷᠳᠤᠨ ᠤ ᠳᠦᠷᠢ ᠳᠦᠷᠬᠦ ᠶᠢ ᠴᠤᠭᠴᠠᠯᠠᠪᠠ᠃ | | | | | | | | | | | | |