ᠦᠨᠳᠦᠰᠦᠲᠡᠨ ᠤ ᠰᠤᠷᠭᠠᠨ ᠬᠦᠮᠦᠵᠢᠯ ᠤᠨ ᠬᠦᠷᠦᠰᠦᠨ ᠳᠤ ᠦᠨᠳᠦᠰᠦ ᠭᠦᠨ ᠬᠠᠳᠬᠤᠨᠠᠮ
ᠨᠡᠶᠢᠲᠡᠯᠡᠭᠰᠡᠨ ᠴᠠᠭ᠄
2017-02-15
ᠰ᠊᠂ ᠳᠡᠯᠭᠡᠷ                      — ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠵᠢᠭᠠᠨ ᠰᠤᠷᠭᠠᠬᠤ ᠴᠢᠳᠠᠪᠤᠷᠢᠲᠠᠨ                         ᠬᠢᠴᠢᠶᠡᠯ ᠲᠦᠷᠦᠯ ᠤᠨ ᠳᠠᠭᠠᠭᠤᠯᠤᠭᠴᠢ ᠦᠨᠳᠦᠰᠦ ᠪᠠᠭᠰᠢ ᠶᠢ ᠲᠡᠮᠳᠡᠭᠯᠡᠪᠡ        ᠰᠤᠷᠭᠠᠭᠤᠯᠢ ᠪᠤᠯ ᠪᠠᠭᠠᠴᠤᠳ ᠬᠡᠦᠬᠡᠳ ᠤᠨ ᠰᠤᠶᠤᠯ ᠤᠨ ᠬᠦᠷᠢᠶᠡᠯᠡᠩ᠂ ᠪᠠᠭᠰᠢ ᠪᠤᠯ ᠬᠦᠮᠦᠨ ᠲᠦᠷᠦᠯᠬᠢᠲᠡᠨ ᠤ ᠤᠶᠤᠨ ᠤ ᠢᠨᠵᠧᠨᠧᠷ ᠶᠤᠮ᠃ ᠦᠷ᠎ᠡ ᠬᠡᠦᠬᠡᠳ ᠢᠶᠠᠨ ᠡᠷᠳᠡᠮ ᠮᠡᠳᠡᠯᠭᠡ ᠲᠠᠢ ᠬᠦᠮᠦᠨ ᠪᠤᠯᠭᠠᠬᠤ ᠵᠤᠷᠢᠯᠲᠠ ᠪᠠᠷ ᠰᠤᠷᠭᠠᠭᠤᠯᠢ ᠳᠤ ᠤᠷᠤᠭᠤᠯᠵᠤ᠂ ᠪᠠᠭᠰᠢ ᠳᠤᠨᠢ ᠲᠤᠰᠢᠶᠠᠬᠤ ᠲᠡᠷᠡ ᠴᠠᠭ ᠮᠦᠴᠡ ᠳᠤ ᠭᠡᠷ ᠤᠨ ᠠᠬᠠᠮᠠᠳ ᠤᠨ ᠪᠤᠳᠤᠯ ᠰᠡᠳᠬᠢᠯ ᠢ ᠦᠪᠡᠷ ᠤᠨ ᠰᠡᠳᠬᠢᠯ ᠤᠨ ᠮᠡᠳᠡᠷᠡᠮᠵᠢ ᠪᠠᠷ ᠢᠶᠠᠷ ᠭᠦᠢᠴᠡᠳ ᠬᠦᠯᠢᠶᠡᠨ ᠠᠪᠴᠤ᠂ ᠲᠡᠷᠡᠴᠢᠯᠡᠨ ᠲᠡᠭᠦᠨ ᠤ ᠪᠠᠨ ᠲᠦᠯᠦᠭᠡ ᠠᠯᠢᠪᠠ ᠪᠠᠨ ᠵᠤᠷᠢᠭᠤᠯᠤᠭᠰᠠᠨ ᠪᠠᠭᠰᠢ ᠪᠤᠯ ᠮᠠᠨᠤᠰ ᠤᠨ ᠬᠠᠮᠤᠭ ᠤᠨ ᠬᠦᠨᠳᠦᠳᠬᠡᠯ ᠲᠠᠢ ᠬᠦᠮᠦᠨ ᠪᠠᠶᠢᠭ᠎ᠠ ᠶᠤᠮ᠃ ᠦᠨᠳᠦᠰᠦᠲᠡᠨ ᠤ ᠪᠠᠨ ᠰᠤᠷᠭᠠᠨ ᠬᠦᠮᠦᠵᠢᠯ ᠤᠨ ᠢᠶᠠᠨ ᠦᠢᠯᠡᠰ ᠤᠨ ᠲᠦᠯᠦᠭᠡ ᠭᠤᠶᠠᠴᠢ ᠦᠭᠡᠢ ᠵᠢᠳᠬᠦᠵᠦ᠂ ᠲᠦᠮᠡᠨ ᠤᠯᠠᠨ ᠪᠠᠭᠰᠢᠨᠠᠷ ᠤᠨ ᠢᠶᠠᠨ ᠡᠩᠨᠡᠭᠡᠨ ᠳᠤ ᠲᠤᠭᠴᠢ ᠪᠤᠯᠵᠤ ᠶᠠᠪᠤᠭ᠎ᠠ ᠦᠨᠳᠦᠰᠦ ᠪᠠᠭᠰᠢ ᠪᠤᠯ ᠶᠠᠭ ᠡᠶᠢᠮᠦ ᠬᠦᠮᠦᠨ ᠰᠠᠨ᠃ ᠬᠡᠴᠢᠨᠡᠨ ᠵᠢᠯ ᠤᠨ ᠲᠤᠷᠰᠢᠲᠠ ᠲᠡᠷᠡᠪᠡᠷ ᠦᠷᠭᠡᠨ ᠤᠯᠠᠨ ᠭᠡᠷ ᠤᠨ ᠠᠬᠠᠮᠠᠳ ᠤᠨ ᠬᠦᠰᠡᠯ ᠨᠠᠶᠢᠳᠠᠯᠭ᠎ᠠ ᠶᠢ ᠬᠦᠰᠡᠷᠳᠡᠭᠦᠯᠦᠭᠰᠡᠨ ᠦᠭᠡᠢ ᠪᠦᠭᠡᠳ ᠦᠪᠡᠷ ᠤᠨ ᠬᠦᠮᠦᠨ ᠮᠦᠰᠦ ᠪᠠ ᠡᠷᠳᠡᠮ ᠤᠬᠠᠭᠠᠨ ᠢᠶᠠᠷ ᠢᠶᠠᠨ ᠰᠤᠷᠤᠭᠴᠢᠳ ᠲᠠᠭᠠᠨ ᠳᠠᠭᠤᠷᠢᠶᠠᠯ ᠪᠤᠯᠵᠤ ᠨᠢᠭᠡᠨ ᠪᠠᠭᠰᠢ ᠬᠦᠮᠦᠨ ᠤ ᠪᠠᠶᠢᠪᠠᠰᠤ ᠵᠤᠬᠢᠬᠤ ᠬᠡᠪ ᠴᠢᠨᠠᠷ ᠬᠢᠭᠡᠳ ᠭᠦᠢᠴᠡᠳᠬᠡᠪᠡᠰᠦ ᠵᠤᠬᠢᠬᠤ ᠬᠠᠷᠢᠭᠤᠴᠠᠯᠭ᠎ᠠ ᠪᠠᠷ ᠢᠶᠠᠨ ᠦᠨᠦᠳᠦᠷ ᠤᠨ ᠢᠶᠠᠨ ᠠᠮᠵᠢᠯᠲᠠ ᠳᠤ ᠬᠦᠷᠦᠭᠰᠡᠨ ᠪᠠᠶᠢᠪᠠ᠃ ᠡᠷᠳᠡᠮ ᠮᠡᠳᠡᠯᠭᠡ ᠶᠢᠨ ᠭᠦᠨ ᠤᠭᠲᠠᠷᠭᠤᠢ ᠳᠤ ᠬᠠᠯᠢᠨ ᠳᠡᠭᠦᠯᠢᠬᠦ ᠬᠦᠰᠡᠯ ᠤᠨ ᠰᠠᠶᠢᠬᠠᠨ ᠡᠷᠡᠨ ᠳᠡᠭᠡᠨ ᠮᠤᠩᠭᠤᠯ ᠬᠡᠦᠬᠡᠳ ᠤᠳ ᠶᠠᠭ ᠯᠠ ᠤᠰᠤᠨ ᠤ ᠳᠠᠪᠠᠯᠭᠠᠨ ᠰᠢᠭ᠋ ᠤᠯᠠᠭᠠᠨᠬᠠᠳᠠ ᠳᠠᠬᠢ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠠᠭᠠᠨ ᠵᠢᠯ ᠤᠨ ᠵᠢᠯ ᠢᠷᠡᠳᠡᠭ ᠪᠤᠯᠬᠤᠷ ᠲᠡᠷᠡ ᠬᠠᠯᠠᠭᠤᠨ ᠢᠶᠠᠷ ᠤᠭᠲᠤᠵᠤ᠂ ᠨᠠᠮᠤᠷ ᠤᠨ ᠨᠠᠮᠤᠷ ᠨᠢᠰᠦᠨ ᠳᠡᠪᠲᠡᠷᠢᠭᠦᠯᠦᠨ ᠬᠤᠯᠠ ᠶᠢ ᠵᠤᠷᠢᠭᠤᠯᠵᠤ ᠪᠠᠶᠢᠭ᠎ᠠ ᠳᠠᠭᠠᠨ ᠳᠡᠰᠬᠡᠯ ᠦᠭᠡᠢ ᠤᠮᠤᠭᠰᠢᠨᠠᠮ᠃ ᠡᠷᠬᠢᠮ ᠤᠩᠰᠢᠭᠴᠢᠳ ᠮᠠᠨᠢ ᠠᠮᠲᠠᠷᠬᠠᠨ ᠤᠩᠰᠢᠮᠤ᠃                                        — ᠨᠠᠶᠢᠷᠠᠭᠤᠯᠤᠭᠴᠢ ᠠᠴᠠ        ᠳᠤᠮᠳᠠᠳᠤ ᠤᠯᠤᠰ ᠤᠨ ᠤᠷᠴᠢᠨ ᠦᠶ᠎ᠡ ᠶᠢᠨ ᠠᠯᠳᠠᠷᠲᠤ ᠰᠤᠷᠭᠠᠨ ᠬᠦᠮᠦᠵᠢᠯᠲᠡᠨ ᠲᠤᠤ ᠰᠢᠩ ᡁᠢ ᠠᠪᠤᠭᠠᠢ ᠠᠴᠠ᠄ ︽ᠰᠤᠷᠭᠠᠨ ᠬᠦᠮᠦᠵᠢᠯ ᠪᠤᠯ ᠨᠡᠷ᠎ᠡ ᠲᠦᠷᠦ᠂ ᠤᠯᠵᠠ ᠠᠰᠢᠭ ᠦᠭᠡᠢ᠂ ᠲᠡᠷᠡᠴᠢᠯᠡᠨ ᠠᠯᠳᠠᠷ ᠬᠦᠨᠳᠦ ᠦᠭᠡᠢ ᠠᠵᠢᠯ ᠶᠤᠮ᠃ ᠰᠤᠷᠭᠠᠨ ᠬᠦᠮᠦᠵᠢᠯᠲᠡᠨ ᠳᠤ ᠤᠯᠳᠠᠬᠤ ᠵᠠᠪᠰᠢᠶᠠᠨ ᠪᠤᠯ ᠵᠦᠪᠬᠡᠨ ᠦᠢᠯᠡᠴᠢᠯᠡᠬᠦ ᠵᠠᠪᠰᠢᠶᠠᠨ᠂ ᠦᠪᠡᠷ ᠢ ᠪᠠᠨ ᠦᠷᠡᠭᠳᠡᠭᠦᠯᠬᠦ ᠵᠠᠪᠰᠢᠶᠠᠨ ᠶᠤᠮ︾ ᠭᠡᠵᠦ ᠬᠡᠯᠡᠵᠦ ᠦᠩᠭᠡᠷᠡᠭᠰᠡᠨ ᠶᠤᠮ᠃ ᠦᠨᠳᠦᠰᠦ ᠪᠠᠭᠰᠢ ᠭᠠᠯ ᠵᠠᠯᠠᠭᠤ ᠬᠤᠷᠢᠨ ᠬᠡᠳᠦᠨ ᠨᠠᠰᠤᠨ ᠳᠠᠭᠠᠨ ᠡᠨᠡᠬᠦ ︽ᠵᠢᠷ ᠤᠨ ᠮᠦᠷᠲᠡᠭᠡᠨ ᠵᠢᠷ ᠤᠨ ᠪᠤᠰᠤ︾ ᠠᠵᠢᠯ ᠤᠨ ᠪᠠᠶᠢᠷᠢᠨ ᠳᠤ ᠠᠩᠬ᠎ᠠ ᠭᠠᠷᠤᠭᠰᠠᠨ ᠠᠴᠠ ᠪᠠᠨ ᠠᠪᠤᠭᠠᠳ ᠬᠡᠳᠦᠬᠡᠨ ᠠᠯᠬᠤᠮ ᠤᠨ ᠬᠢᠴᠢᠶᠡᠯ ᠤᠨ ᠲᠠᠶᠢᠰᠠᠨ ᠳᠤ ᠬᠤᠷᠢᠨ ᠨᠠᠢᠮᠠᠨ ᠵᠢᠯ ᠢ ᠨᠢᠭᠡ ᠡᠳᠦᠷ ᠮᠡᠲᠦ ᠦᠩᠭᠡᠷᠡᠭᠡᠵᠦ᠂ ᠡᠬᠡ ᠬᠡᠯᠡᠨ ᠤ ᠵᠢᠭᠠᠨ ᠰᠤᠷᠭᠠᠯᠲᠠ ᠶᠢᠨ ᠲᠦᠯᠦᠭᠡ ᠵᠢᠷᠦᠬᠡᠨ ᠲᠠᠮᠢᠷ ᠢᠶᠠᠨ ᠰᠢᠪᠬᠠᠨ ᠮᠠᠬᠠᠷᠠᠨ ᠵᠢᠳᠬᠦᠵᠦ ᠢᠷᠡᠪᠡ᠃        ᠦᠨᠳᠦᠰᠦ ᠪᠠᠭᠰᠢ᠂ 1965 ᠤᠨ ᠤ ᠡᠪᠦᠯ ᠪᠠᠭᠠᠷᠢᠨ ᠪᠠᠷᠠᠭᠤᠨ ᠬᠤᠰᠢᠭᠤᠨ ᠤ ᠪᠠᠶᠢᠰᠢᠩ ᠪᠠᠯᠭᠠᠰᠤᠨ ᠳᠤ ᠠᠷᠠᠳ ᠤᠨ ᠪᠠᠭᠰᠢ ᠡᠩᠬᠡ᠂ ᠠᠯᠪᠠᠨ ᠤ ᠨᠢᠷᠪᠠ ᠰᠠᠷᠠᠨᠵᠢᠷᠤᠭ ᠤᠨ ᠤᠤᠭᠠᠨ ᠬᠦᠪᠡᠭᠦᠨ ᠪᠤᠯᠵᠤ ᠵᠠᠶᠠᠭᠠᠵᠠᠢ᠃        ︽ᠰᠤᠶᠤᠯ ᠤᠨ ᠬᠤᠪᠢᠰᠬᠠᠯ︾ ᠤᠨ ᠬᠠᠷᠠᠭ᠎ᠠ ᠪᠠᠷ ᠵᠢᠷᠭᠤᠭᠠᠬᠠᠨ ᠰᠠᠷ᠎ᠠ ᠲᠠᠢ ᠳᠠᠭᠠᠨ ᠡᠮᠡᠭᠡ ᠶᠢᠨ ᠢᠶᠠᠨ ᠭᠠᠷ ᠳᠡᠭᠡᠷ᠎ᠡ ᠦᠷᠡᠴᠢᠯᠡᠭᠳᠡᠵᠦ᠂ ᠮᠤᠩᠭᠤᠯ ᠨᠤᠲᠤᠭ ᠤᠨ ᠲᠤᠷᠭᠠᠨ ᠬᠦᠷᠦᠰᠦᠨ ᠳᠡᠭᠡᠷ᠎ᠡ ᠬᠤᠷᠠᠭ᠎ᠠ ᠲᠤᠭᠤᠯ ᠲᠠᠢ ᠨᠤᠴᠤᠯᠳᠤᠨ ᠦᠰᠦᠭᠰᠡᠨ ᠨᠢ ᠬᠤᠵᠢᠮ ᠤᠨ ᠡᠳᠦᠷ ᠮᠤᠩᠭᠤᠯ ᠬᠡᠯᠡᠨ ᠤ ᠴᠡᠪᠡᠷ ᠠᠭᠠᠷ ᠲᠤ ᠰᠠᠨᠠᠭᠠᠨ ᠲᠠᠪᠠ ᠪᠠᠷ ᠢᠶᠠᠨ ᠳᠡᠪᠲᠡᠷᠢᠬᠦ ᠳᠤᠨᠢ ᠵᠢᠭᠦᠷ ᠤᠷᠭᠤᠭᠤᠯᠤᠭᠰᠠᠨ ᠪᠠᠶᠢᠯ᠎ᠠ᠃ ᠲᠡᠷᠡ 1984 ᠤᠨ ᠤ ᠠᠯᠲᠠᠨ ᠨᠠᠮᠤᠷ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠡᠯᠰᠡᠭᠳᠡᠨ᠂ ︽ᠬᠡᠭᠡᠷ᠎ᠡ ᠶᠢᠨ ᠭᠠᠯᠠᠭᠤ ᠨᠢᠰᠦᠭᠡᠳ ᠬᠦᠷᠬᠦ ᠦᠭᠡᠢ ᠭᠠᠵᠠᠷ ᠠᠴᠠ᠂ ᠬᠦᠮᠦᠨ ᠤ ᠬᠦᠦ ᠡᠷᠳᠡᠨᠢ ᠡᠪᠦᠷᠯᠡᠭᠡᠳ ᠢᠷᠡᠬᠦ︾ ᠡᠷᠢᠯ ᠳᠤ ᠮᠤᠷᠳᠠᠵᠤ᠂ 1988 ᠤᠨ ᠤ ᠨᠠᠮᠤᠷ ᠰᠤᠷᠤᠯᠭ᠎ᠠ ᠪᠠᠨ ᠲᠡᠭᠦᠰᠬᠡᠵᠦ᠂ ᠤᠯᠠᠭᠠᠨᠬᠠᠳᠠ ᠳᠠᠬᠢ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠠᠵᠢᠯ ᠤᠨ ᠭᠠᠷᠤᠭ᠎ᠠ ᠠᠪᠴᠠᠢ᠃ ᠤᠳᠤ ᠲᠡᠷᠡ ᠤᠯᠠᠭᠠᠨᠬᠠᠳᠠ ᠳᠠᠬᠢ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠳᠡᠭᠡᠳᠦ ᠳᠡᠰ ᠤᠨ ᠪᠠᠭᠰᠢ ᠪᠠᠷ ᠠᠵᠢᠯᠯᠠᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠵᠢᠭᠠᠨ ᠰᠤᠷᠭᠠᠬᠤ ᠴᠢᠳᠠᠪᠤᠷᠢᠲᠠᠨ᠂ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠬᠢᠴᠢᠶᠡᠯ ᠲᠦᠷᠦᠯ ᠤᠨ ᠳᠠᠭᠠᠭᠤᠯᠤᠭᠴᠢ ᠪᠠᠷ ᠭᠢᠯᠠᠷᠠᠭᠤᠯᠵᠤ ᠶᠠᠪᠤᠨ᠎ᠠ᠃        ᠨᠢᠭᠡ᠂ ᠵᠢᠭᠠᠨ ᠰᠤᠷᠭᠠᠯᠲᠠ ᠶᠢᠨ ᠦᠢᠯᠡᠰ ᠲᠤ ᠵᠢᠷᠦᠬᠡᠨ ᠲᠠᠮᠢᠷ ᠢᠶᠠᠨ ᠰᠢᠪᠬᠠᠨᠠᠮ        ᠦᠨᠳᠦᠰᠦ ᠪᠠᠭᠰᠢ ᠤᠸ᠎ᠠ ᠶᠢᠨ ᠪᠢᠷ ᠠᠳᠬᠤᠨ ᠬᠢᠴᠢᠶᠡᠯᠯᠡᠬᠦ ᠲᠠᠶᠢᠰᠠᠨ᠎ᠠ ᠠᠩᠬ᠎ᠠ ᠵᠤᠭᠰᠤᠭᠰᠠᠨ ᠠᠴᠠ ᠠᠪᠤᠭᠠᠳ ᠤᠳᠤ ᠪᠤᠯᠲᠠᠯ᠎ᠠ ᠠᠷᠪᠠᠭᠠᠳ ᠤᠳᠠᠭ᠎ᠠ ᠲᠡᠭᠦᠰᠬᠦ ᠠᠩᠭᠢ ᠶᠢᠨ ᠬᠢᠴᠢᠶᠡᠯ ᠢ ᠵᠢᠯᠤᠭᠤᠳᠴᠤ ᠪᠤᠢ᠃ ᠲᠡᠷᠡ ᠤᠯᠠᠮᠵᠢᠯᠠᠯᠲᠤ ᠵᠢᠭᠠᠨ ᠰᠤᠷᠭᠠᠯᠲᠠ ᠶᠢᠨ ᠰᠢᠯᠢᠳᠡᠭ ᠵᠦᠢᠯᠡᠰ ᠢ ᠵᠠᠯᠭᠠᠮᠵᠢᠯᠠᠨ᠂ ᠤᠳᠤᠬᠢᠴᠢᠯᠠᠭᠰᠠᠨ ᠵᠢᠭᠠᠨ ᠰᠤᠷᠭᠠᠯᠲᠠ ᠶᠢ ᠴᠠᠭ ᠲᠤᠬᠠᠢ  ᠳᠤᠨᠢ ᠬᠦᠯᠢᠶᠡᠨ ᠠᠪᠴᠤ᠂ ᠰᠤᠷᠤᠭᠴᠢᠳ ᠤᠨ ᠡᠵᠡᠨ ᠪᠡᠶ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠤᠭᠴᠢᠳ ᠤᠨ ᠪᠡᠶ᠎ᠡ ᠪᠠᠨ ᠳᠠᠭᠠᠭᠠᠨ ᠰᠤᠷᠬᠤ ᠪᠠ ᠰᠢᠨ᠎ᠡ ᠶᠢ ᠡᠭᠦᠳᠬᠦ ᠵᠤᠷᠢᠭ ᠰᠠᠨᠠᠭ᠎ᠠ ᠶᠢ ᠬᠦᠮᠦᠵᠢᠭᠦᠯᠬᠦ ᠶᠢ ᠴᠠᠭ ᠦᠷᠭᠦᠯᠵᠢ ᠠᠩᠬᠠᠷᠳᠠᠭ᠃ ᠲᠡᠷᠡ ᠰᠤᠷᠤᠭᠴᠢᠳ ᠤᠨ ᠪᠦᠲᠦᠭᠡᠯᠴᠢ ᠴᠢᠳᠠᠪᠤᠷᠢ ᠪᠠ ᠨᠢᠭᠤᠭᠳᠠᠮᠠᠯ ᠬᠦᠴᠦᠨ ᠢ ᠭᠦᠢᠴᠡᠳ ᠨᠡᠭᠡᠭᠡᠨ ᠠᠰᠢᠭᠯᠠᠵᠤ᠂ ᠲᠡᠳᠡᠨ ᠤ ᠬᠡᠯᠡ ᠪᠢᠴᠢᠭ ᠰᠤᠷᠬᠤ ᠤᠷᠮᠠᠰ ᠢ ᠳᠠᠶᠢᠴᠢᠯᠠᠵᠤ ᠴᠢᠳᠠᠭᠰᠠᠨ ᠠᠴᠠ ᠭᠢᠯᠠᠯᠵᠠᠭᠰᠠᠨ ᠠᠮᠵᠢᠯᠲᠠ ᠤᠯᠵᠠᠢ᠃ ᠰᠤᠷᠤᠭᠴᠢᠳ ᠤᠨ ᠡᠬᠡ ᠬᠡᠯᠡ ᠪᠠᠨ ᠬᠦᠨᠳᠦᠳᠬᠡᠨ᠂ ᠦᠪ ᠰᠤᠶᠤᠯ ᠢᠶᠠᠨ ᠵᠠᠯᠭᠠᠮᠵᠢᠯᠠᠬᠤ ᠬᠡᠪ ᠪᠤᠯᠪᠠᠰᠤᠷᠠᠯ ᠢ ᠬᠦᠮᠦᠵᠢᠭᠦᠯᠦᠭᠰᠡᠨ ᠢᠶᠠᠷ ᠰᠤᠷᠤᠭᠴᠢᠳ ᠤᠨ ᠬᠡᠯᠡ ᠪᠢᠴᠢᠭ ᠰᠤᠷᠬᠤ ᠢᠳᠡᠪᠬᠢᠵᠢᠯ ᠨᠢ ᠠᠶᠠᠨᠳᠠᠭᠠᠨ ᠳᠡᠭᠡᠭᠰᠢᠯᠡᠵᠦ᠂ ᠲᠡᠭᠦᠨ ᠤ ᠵᠢᠭᠠᠭᠰᠠᠨ ᠠᠩᠭᠢ ᠶᠢᠨ ᠬᠡᠯᠡ ᠪᠢᠴᠢᠭ ᠤᠨ ᠬᠢᠷᠢ ᠪᠦᠲᠦᠮᠵᠢ ᠤᠳᠠᠭ᠎ᠠ ᠳᠠᠷᠠᠭᠠᠯᠠᠨ ᠬᠤᠲᠠ ᠪᠠ ᠤᠷᠤᠨ ᠤ ᠡᠮᠦᠨ᠎ᠡ ᠪᠠᠶᠢᠷᠢᠨ ᠳᠤ ᠲᠤᠳᠤᠷᠠᠪᠠ᠃ 1996 ᠤᠨ ᠳᠤ ᠮᠤᠩᠭᠤᠯ ᠬᠡᠯᠡᠨ ᠤ ᠲᠡᠭᠰᠢᠳᠬᠡᠯ ᠬᠤᠪᠢ 117 ᠬᠤᠪᠢ ᠪᠠᠷ᠂ 2008 ᠤᠨ ᠳᠤ ᠮᠤᠩᠭᠤᠯ ᠬᠡᠯᠡᠨ ᠤ ᠲᠡᠭᠰᠢᠳᠬᠡᠯ ᠬᠤᠪᠢ 120.7 ᠬᠤᠪᠢ ᠪᠠᠷ ᠪᠦᠬᠦ ᠤᠷᠤᠨ ᠳᠤ ᠮᠠᠩᠯᠠᠶᠢᠯᠠᠪᠠ᠃ ᠲᠡᠭᠦᠨ ᠤ ᠰᠤᠷᠤᠭᠴᠢ ᠲᠠᠯᠢᠨᠲᠤᠶᠠᠭ᠎ᠠ 1994 ᠤᠨ ᠳᠤ ᠪᠦᠬᠦ ᠤᠷᠤᠨ ᠤ ᠮᠤᠩᠭᠤᠯ ᠢᠶᠠᠷ ᠰᠢᠯᠭᠠᠭᠤᠯᠤᠭᠰᠠᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠳᠤ ᠲᠡᠷᠢᠭᠦᠯᠡᠵᠦ᠂ ᠮᠤᠩᠭᠤᠯ ᠬᠡᠯᠡᠨ ᠤ ᠬᠢᠷᠢ ᠪᠦᠲᠦᠮᠵᠢ ᠪᠠᠷ ᠢᠶᠠᠨ ᠪᠦᠬᠦ ᠤᠷᠤᠨ ᠳᠤ ᠦᠵᠦᠭᠦᠷᠯᠡᠪᠡ᠃ 1994 ᠤᠨ ᠳᠤ ᠰᠤᠷᠤᠭᠴᠢ ᠨᠠᠷᠠᠨᠬᠤᠸᠠᠷ ᠪᠦᠬᠦ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠠᠩᠭᠢ ᠶᠢᠨ ︽ᠢᠨᠵᠠᠨᠨᠠᠰᠢ ᠬᠤᠨᠳᠠᠭ᠎ᠠ︾ ᠶᠢᠨ ᠤᠷᠤᠯᠳᠤᠭᠠᠨ ᠳᠤ ᠲᠡᠷᠢᠭᠦᠯᠡᠵᠡᠢ᠃ ᠤᠷᠤᠨ ᠪᠠ ᠬᠤᠲᠠ ᠶᠢᠨ ᠡᠯ᠎ᠡ ᠵᠦᠢᠯ ᠤᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠤᠷᠤᠯᠳᠤᠭᠠᠨ ᠪᠠ ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠲᠡᠭᠦᠨ ᠤ ᠵᠢᠯᠤᠭᠤᠳᠤᠭᠰᠠᠨ ᠰᠤᠷᠤᠭᠴᠢ ᠤᠯᠠᠨ ᠤᠳᠠᠭ᠎ᠠ ᠡᠮᠦᠨ᠎ᠡ ᠪᠠᠶᠢᠷᠢᠨ ᠳᠤ ᠲᠤᠳᠤᠷᠠᠭᠰᠠᠨ ᠪᠠᠶᠢᠨ᠎ᠠ᠃ 2011 ᠤᠨ ᠳᠤ ᠪᠦᠬᠦ ᠤᠯᠤᠰ ᠤᠨ ᠨᠠᠢᠮᠠᠨ ᠮᠤᠵᠢ ᠤᠷᠤᠨ ᠤ ︽ᠨᠠᠢᠮᠠᠨ ᠰᠢᠷᠭ᠎ᠠ︾ ᠨᠡᠷᠡᠮᠵᠢᠲᠦ ᠰᠤᠷᠤᠭᠴᠢᠳ ᠤᠨ ᠵᠤᠬᠢᠶᠠᠯ ᠤᠨ ᠤᠷᠤᠯᠳᠤᠭᠠᠨ ᠳᠤ ᠲᠡᠭᠦᠨ ᠤ ᠵᠢᠯᠤᠭᠤᠳᠤᠭᠰᠠᠨ ᠰᠤᠷᠤᠭᠴᠢ ᠴᠡᠯᠡᠭᠡᠷ ᠳᠡᠳ᠋ᠯᠡᠵᠦ ᠂ ᠪᠦᠮᠰᠠᠩ ᠭᠤᠷᠪᠠᠳᠤᠭᠠᠷ ᠲᠤ ᠤᠷᠤᠪᠠ᠃ 2014 ᠤᠨ ᠳᠤ ᠪᠦᠬᠦ ᠤᠯᠤᠰ ᠤᠨ ᠨᠠᠢᠮᠠᠨ ᠮᠤᠵᠢ ᠤᠷᠤᠨ ᠤ ︽ᠨᠠᠢᠮᠠᠨ ᠰᠢᠷᠭ᠎ᠠ︾ ᠨᠡᠷᠡᠮᠵᠢᠲᠦ ᠰᠤᠷᠤᠭᠴᠢᠳ ᠤᠨ ᠵᠤᠬᠢᠶᠠᠯ ᠤᠨ ᠤᠷᠤᠯᠳᠤᠭᠠᠨ ᠳᠤ ᠳᠡᠭᠦᠨ ᠤ ᠵᠢᠯᠤᠭᠤᠳᠤᠭᠰᠠᠨ ᠰᠤᠷᠤᠭᠴᠢ ᠭᠤ᠂ ᠴᠠᠰᠤᠨ᠎ᠠ ᠳᠡᠳ᠋ᠯᠡᠵᠡᠢ᠃        ᠬᠤᠶᠠᠷ᠂ ᠰᠤᠳᠤᠯᠭ᠎ᠠ ᠰᠢᠨᠵᠢᠯᠡᠭᠡ ᠶᠢᠨ ᠵᠠᠮ ᠢᠶᠠᠷ ᠤᠷ᠎ᠠ ᠤᠬᠠᠭᠠᠨ ᠢᠶᠠᠨ ᠳᠡᠯᠡᠨᠡᠮ        ᠦᠨᠳᠦᠰᠦ ᠪᠠᠭᠰᠢ ᠬᠢᠴᠢᠶᠡᠯ ᠤᠨ ᠦᠭᠡᠷᠡᠴᠢᠯᠡᠯᠲᠡ᠂ ᠬᠡᠪ ᠴᠢᠨᠠᠷ ᠤᠨ ᠰᠤᠷᠭᠠᠨ ᠬᠦᠮᠦᠵᠢᠯ ᠤᠨ ᠲᠤᠤᠱᠯᠠᠭᠤᠯᠤᠯ ᠢ ᠴᠠᠭ ᠢᠮᠠᠭᠲᠠ ᠠᠩᠬᠠᠷᠴᠤ᠂ ᠰᠤᠷᠤᠭᠴᠢᠳ ᠢᠶᠠᠨ ᠬᠠᠶᠢᠷᠠᠯᠠᠨ᠂ ᠲᠡᠳᠡᠨ ᠢ ᠤᠶᠢᠯᠠᠭᠠᠵᠤ᠂ ᠨᠢᠭᠤᠭᠳᠠᠮᠠᠯ ᠬᠦᠴᠦᠨ ᠢ ᠨᠡᠭᠡᠭᠡᠨ ᠂ ᠰᠢᠨ᠎ᠡ ᠶᠢ ᠡᠭᠦᠳᠦᠨ ᠪᠦᠲᠦᠭᠡᠯᠴᠢ ᠪᠠᠶᠢᠬᠤ ᠶᠢ ᠲᠡᠷᠢᠭᠦᠨ ᠪᠠᠶᠢᠷᠢᠨ ᠳᠤ ᠲᠠᠯᠪᠢᠭᠰᠠᠨ ᠪᠠᠶᠢᠨ᠎ᠠ᠃ ᠰᠠᠭᠤᠷᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠬᠦᠲᠦᠯᠪᠦᠷᠢ ᠶᠢ ᠰᠠᠶᠢᠲᠤᠷ ᠰᠤᠷᠤᠯᠴᠠᠨ᠂ ᠲᠡᠷᠢᠭᠦᠨ ᠤ ᠵᠢᠭᠠᠨ ᠰᠤᠷᠭᠠᠯᠲᠠ ᠶᠢᠨ ᠤᠬᠠᠮᠰᠠᠷ ᠢ ᠪᠤᠢ ᠪᠤᠯᠭᠠᠨ᠂ ᠬᠢᠴᠢᠶᠡᠯ ᠤᠨ ᠴᠠᠭ ᠤᠨ ᠵᠢᠭᠠᠨ ᠰᠤᠷᠭᠠᠯᠲᠠ ᠪᠠ ᠬᠢᠴᠢᠶᠡᠯ ᠤᠨ ᠭᠠᠳᠠᠨᠠᠬᠢ ᠦᠢᠯᠡᠳᠦᠯᠭᠡ᠂ ᠪᠠᠭᠰᠢ ᠰᠤᠷᠤᠭᠴᠢ ᠶᠢᠨ ᠬᠠᠷᠢᠴᠠᠭᠠᠨ ᠤ ᠬᠤᠪᠢᠷᠠᠯᠲᠠ᠂ ᠬᠢᠴᠢᠶᠡᠯ ᠤᠨ ᠪᠦᠲᠦᠴᠡ ᠪᠠ ᠡᠬᠢ ᠪᠠᠶᠠᠯᠢᠭ ᠵᠡᠷᠭᠡ ᠶᠢ ᠤᠶᠠᠯᠳᠤᠭᠤᠯᠵᠤ᠂ ᠢᠯᠡᠳᠲᠡ ᠦᠷ᠎ᠡ ᠪᠦᠲᠦᠮᠵᠢ ᠤᠯᠵᠠᠢ᠃        ᠲᠡᠷᠡ ᠤᠷᠢᠳ ᠬᠤᠵᠢᠳ ︽ᠦᠪᠦᠷ ᠮᠤᠩᠭᠤᠯ ᠤᠨ ᠰᠤᠷᠭᠠᠨ ᠬᠦᠮᠦᠵᠢᠯ︾᠂ ︽ᠲᠤᠷᠭᠠᠨ ᠵᠢᠯᠤᠭᠤ︾᠂ ︽ᠠᠯᠲᠠᠨ ᠦᠨᠳᠦᠰᠦ︾ ᠵᠡᠷᠭᠡ ᠤᠷᠤᠨ ᠤ ᠳᠡᠰ ᠤᠨ ᠰᠤᠷᠭᠠᠨ ᠬᠦᠮᠦᠵᠢᠯ ᠤᠨ ᠡᠷᠳᠡᠮ ᠰᠢᠨᠵᠢᠯᠡᠭᠡᠨ ᠤ ᠰᠡᠳᠬᠦᠯ ᠳᠡᠭᠡᠷ᠎ᠡ ︽ᠰᠢᠨ᠎ᠡ ᠪᠠᠷ ᠨᠠᠶᠢᠷᠠᠭᠤᠯᠤᠭᠰᠠᠨ ᠬᠢᠴᠢᠶᠡᠯ ᠤᠨ ᠪᠢᠴᠢᠭ ᠲᠤ ᠦᠨᠳᠦᠰᠦᠲᠡᠨ ᠤ ᠶᠤᠰᠤ ᠵᠠᠩᠰᠢᠯ ᠤᠨ ᠠᠭᠤᠯᠭ᠎ᠠ ᠶᠢ ᠬᠡᠷᠬᠢᠨ ᠨᠡᠪᠴᠢᠭᠡᠬᠦ ᠲᠤᠬᠠᠢ︾᠂ ︽ᠤᠨᠴᠠᠯᠢᠭᠲᠤ ᠰᠤᠷᠭᠠᠭᠤᠯᠢ ᠶᠢᠨ ᠲᠤᠬᠠᠢ ᠳᠦᠭᠦᠮ ᠦᠭᠦᠯᠡᠬᠦ ᠨᠢ︾᠂ ︽ᠪᠢᠳᠡ ᠬᠡᠦᠬᠡᠳ ᠲᠠᠢ ᠴᠤᠬᠤᠮ ᠵᠢᠩᠬᠢᠨᠢ ᠡᠷᠬᠡ ᠲᠡᠭᠰᠢ ᠪᠠᠶᠢᠷᠢᠨ ᠳᠤ ᠪᠠᠶᠢᠨ᠎ᠠ ᠦᠦ︖︾ ᠵᠡᠷᠭᠡ 40 ᠭᠠᠷᠤᠢ ᠡᠷᠳᠡᠮ ᠰᠢᠨᠵᠢᠯᠡᠭᠡᠨ ᠤ ᠦᠭᠦᠯᠡᠯ ᠨᠡᠶᠢᠲᠡᠯᠡᠪᠡ᠃ ᠡᠭᠦᠨ ᠳᠤ ︽ᠰᠢᠨ᠎ᠡ ᠪᠠᠷ ᠨᠠᠶᠢᠷᠠᠭᠤᠯᠤᠭᠰᠠᠨ ᠬᠢᠴᠢᠶᠡᠯ ᠤᠨ ᠪᠢᠴᠢᠭ ᠲᠤ ᠦᠨᠳᠦᠰᠦᠲᠡᠨ ᠤ ᠶᠤᠰᠤ ᠵᠠᠩᠰᠢᠯ ᠤᠨ ᠠᠭᠤᠯᠭ᠎ᠠ ᠶᠢ ᠬᠡᠷᠬᠢᠨ ᠨᠡᠪᠴᠢᠭᠡᠬᠦ ᠲᠤᠬᠠᠢ︾ ᠭᠡᠰᠡᠨ ᠦᠭᠦᠯᠡᠯ ᠨᠢ ᠤᠷᠤᠨ ᠤ ᠲᠤᠲᠤᠷ᠎ᠠ ᠶᠡᠬᠡᠬᠡᠨ ᠨᠦᠯᠦᠭᠡ ᠭᠠᠷᠭᠠᠵᠤ᠂ ︽ᠭᠢᠷᠢᠨ ᠤ ᠮᠤᠩᠭᠤᠯ ᠬᠡᠯᠡ︾ ᠰᠡᠳᠬᠦᠯ ᠰᠢᠯᠵᠢᠭᠦᠯᠦᠨ ᠬᠡᠷᠡᠭᠯᠡᠵᠡᠢ᠃        ᠲᠡᠷᠡ ᠰᠤᠷᠤᠭᠴᠢᠳ ᠤᠨ ᠵᠤᠬᠢᠶᠠᠨ ᠪᠢᠴᠢᠯᠭᠡ ᠶᠢ ᠳᠡᠭᠡᠭᠰᠢᠯᠡᠭᠦᠯᠬᠦ ᠲᠠᠯ᠎ᠠ ᠪᠠᠷ ᠦᠪᠡᠷ ᠤᠨ ᠭᠡᠰᠡᠨ ᠤᠨᠴᠠᠯᠢᠭ ᠪᠦᠬᠦᠢ ᠪᠦᠲᠦᠭᠡᠯᠴᠢ ᠵᠠᠮ ᠢ ᠡᠷᠢᠯᠬᠢᠯᠡᠵᠦ ᠢᠯᠡᠳᠲᠡ ᠠᠮᠵᠢᠯᠲᠠ ᠤᠯᠪᠠ᠃ ᠡᠭᠦᠨ ᠳᠤ ᠡᠩ ᠤᠨ ᠴᠠᠭ ᠤᠨ ᠵᠤᠬᠢᠶᠠᠨ ᠪᠢᠴᠢᠯᠭᠡ ᠠᠴᠠ ᠴᠠᠭ ᠲᠠᠢ ᠵᠤᠬᠢᠶᠠᠨ ᠪᠢᠴᠢᠯᠭᠡ ᠳᠤ ᠬᠦᠲᠦᠯᠬᠦ᠂ ᠵᠤᠬᠢᠶᠠᠨ ᠪᠢᠴᠢᠯᠭᠡ ᠶᠢᠨ ᠳ᠋ᠦᠩᠨᠡᠯᠲᠡ ᠬᠢᠵᠦ᠂ ᠵᠤᠬᠢᠶᠠᠨ ᠪᠢᠴᠢᠯᠭᠡ ᠳᠡᠭᠡᠨ ᠰᠠᠶᠢᠨ ᠰᠤᠷᠤᠭᠴᠢ ᠪᠠᠷ ᠰᠠᠭᠤᠷᠢ ᠠᠨᠠᠢ ᠰᠤᠷᠤᠭᠴᠢ ᠶᠢ ᠳᠠᠭᠠᠭᠤᠯᠬᠤ᠂ ᠵᠤᠬᠢᠶᠠᠨ ᠪᠢᠴᠢᠯᠭᠡ ᠳᠤ ᠠᠪᠢᠶᠠᠰ  ᠲᠠᠢ ᠰᠤᠷᠤᠭᠴᠢᠳ ᠤᠨ ᠪᠦᠲᠦᠭᠡᠯ ᠢ ᠰᠤᠨᠢᠨ ᠰᠡᠳᠬᠦᠯ ᠳᠤ ᠨᠡᠶᠢᠲᠡᠯᠡᠭᠦᠯᠵᠦ ᠤᠷᠮᠠᠰᠢᠭᠤᠯᠬᠤ᠂ ᠠᠩᠭᠢ ᠨᠢᠭᠡᠴᠡ ᠪᠠ ᠤᠨ ᠨᠢᠭᠡᠴᠡ ᠶᠢᠨ ᠬᠤᠭᠤᠷᠤᠨᠳᠤ ᠵᠤᠬᠢᠶᠠᠨ ᠪᠢᠴᠢᠯᠭᠡ ᠶᠢᠨ ᠤᠷᠤᠯᠳᠤᠭᠠᠨ ᠦᠷᠨᠢᠭᠦᠯᠬᠦ ᠵᠡᠷᠭᠡ ᠪᠤᠯᠤᠯᠴᠠᠭᠠᠲᠤ ᠠᠷᠭ᠎ᠠ ᠬᠡᠮᠵᠢᠶ᠎ᠡ ᠠᠪᠴᠤ ᠪᠤᠲᠠᠲᠠᠢ ᠦᠷ᠎ᠡ ᠠᠰᠢᠭ ᠢ ᠤᠯᠵᠠᠢ᠃        ᠭᠤᠷᠪᠠ᠂ ᠢᠲᠡᠭᠡᠯ ᠬᠠᠶᠢᠷ᠎ᠠ ᠶᠢᠨ ᠬᠦᠴᠦ ᠪᠠᠷ ᠢᠶᠠᠨ ᠢᠷᠡᠭᠡᠳᠦᠢ ᠶᠢᠨ ᠬᠦᠯᠦᠭ ᠢ ᠰᠤᠷᠢᠨᠠᠮ        ᠠᠩᠭᠢ ᠡᠷᠬᠢᠯᠡᠭᠴᠢ ᠶᠢᠨ ᠠᠵᠢᠯ ᠭᠡᠵᠦ ᠶᠤᠰᠤᠲᠠᠢ ᠬᠠᠯᠠ ᠲᠠᠢ ᠮᠦᠷᠲᠡᠭᠡᠨ ᠨᠠᠷᠢᠯᠢᠭ ᠠᠵᠢᠯ ᠭᠡᠳᠡᠭ ᠢ ᠪᠠᠭᠰᠢ ᠪᠤᠯᠤᠭᠰᠠᠳ ᠴᠦᠮ ᠤᠶᠢᠯᠠᠭᠠᠨ᠎ᠠ᠃ ᠢᠯᠠᠩᠭᠤᠶ᠎ᠠ ᠵᠠᠭᠤᠨ ᠤ ᠵᠠᠭᠤ ᠪᠠᠷ ᠪᠠᠶᠢᠷᠢᠯᠠᠵᠤ ᠪᠠᠶᠢᠭ᠎ᠠ ᠰᠤᠷᠭᠠᠭᠤᠯᠢ ᠳᠤ ᠠᠪᠴᠤ ᠬᠡᠯᠡᠪᠡᠯ ᠠᠩᠭᠢ ᠡᠷᠬᠢᠯᠡᠭᠴᠢ ᠪᠤᠯᠤᠨ᠎ᠠ ᠭᠡᠳᠡᠭ ᠦᠷᠯᠦᠭᠡ ᠶᠢᠨ ᠲᠠᠮᠢᠷ ᠠᠴᠠ ᠦᠳᠡᠰᠢ ᠶᠢᠨ ᠳᠠᠪᠲᠠᠯᠭ᠎ᠠ ᠪᠠᠭᠤᠲᠠᠯ᠎ᠠ ᠰᠤᠷᠤᠭᠴᠢᠳ ᠲᠠᠢ ᠨᠤᠤᠷᠠᠯᠳᠤᠵᠤ᠂ ︽ᠬᠠᠯᠠᠲᠠᠢ ᠡᠴᠢᠭᠡ ᠮᠦᠷᠲᠡᠭᠡᠨ ᠬᠠᠯᠠᠮᠵᠢᠲᠠᠢ ᠡᠵᠢ︾ ᠶᠢᠨ ᠡᠭᠦᠷᠭᠡ ᠶᠢ ᠭᠦᠢᠴᠡᠳᠬᠡᠬᠦ ᠶᠠᠪᠤᠳᠠᠯ ᠪᠤᠯᠤᠨ᠎ᠠ᠃ ᠭᠡᠲᠡᠯ᠎ᠡ ᠨᠢᠭᠡ ᠶᠠᠭᠤᠮ᠎ᠠ ᠶᠢ ᠡᠬᠢᠯᠡᠨ ᠬᠢᠪᠡᠯ ᠦᠵᠦᠭᠦᠷ ᠲᠤᠨᠢ ᠭᠠᠷᠬᠤ ᠦᠭᠡᠢ ᠪᠤᠯ ᠵᠤᠭᠰᠤᠳᠠᠭ ᠦᠭᠡᠢ ᠵᠠᠩ ᠲᠠᠢ ᠦᠨᠳᠦᠰᠦ ᠪᠠᠭᠰᠢ ᠬᠤᠷᠢ ᠭᠠᠷᠤᠢ ᠵᠢᠯ ᠡᠨᠡᠬᠦ ᠠᠯᠪᠠᠨ ᠳᠤ ᠨᠢᠭᠡ ᠡᠳᠦᠷ ᠴᠦ ᠬᠤᠶᠢᠰᠢ ᠤᠬᠤᠷᠢᠯ ᠦᠭᠡᠢ ᠮᠡᠷᠡᠶᠢᠨ ᠵᠢᠳᠬᠦᠵᠦ ᠢᠷᠡᠵᠡᠢ᠃ ᠲᠡᠷᠡ ᠰᠤᠷᠤᠭᠴᠢᠳ ᠢᠶᠠᠨ ᠦᠪᠡᠷ ᠤᠨ ᠬᠡᠦᠬᠡᠳ ᠰᠢᠭ ᠢᠶᠠᠨ ᠬᠠᠶᠢᠷᠠᠯᠠᠵᠤ ᠬᠠᠯᠠᠮᠵᠢᠯᠠᠵᠤ ᠶᠠᠪᠤᠭᠰᠠᠨ ᠢᠶᠠᠷ ᠰᠤᠷᠤᠭᠴᠢᠳ ᠪᠠ ᠭᠡᠷ ᠤᠨ ᠠᠬᠠᠮᠠᠳ ᠤᠨ ᠬᠠᠯᠠᠭᠤᠨ ᠬᠦᠷᠢᠶᠡᠯᠡᠯ ᠢ ᠤᠯᠵᠠᠢ᠃ ᠡᠨᠡᠬᠦ ᠶᠠᠪᠤᠴᠠ ᠳᠤ ᠲᠡᠷᠡ ᠬᠡᠳᠦᠨ ᠲᠠᠯ᠎ᠠ ᠶᠢᠨ ᠠᠮᠵᠢᠯᠲᠠ ᠲᠠᠢ ᠨᠠᠨᠳᠢᠨ ᠲᠤᠷᠰᠢᠯᠭ᠎ᠠ ᠶᠢ ᠳ᠋ᠦᠩᠨᠡᠨ ᠤᠯᠤᠭᠰᠠᠨ ᠪᠦᠭᠡᠳ ᠲᠡᠷᠡᠴᠢᠯᠡᠨ ᠶᠤᠰᠤᠴᠢᠯᠠᠨ ᠭᠦᠢᠴᠡᠳᠬᠡᠵᠡᠢ᠃        1. ᠰᠤᠷᠤᠭᠴᠢᠳ ᠢᠶᠠᠨ ᠢᠲᠡᠭᠡᠨ ᠰᠤᠷᠠᠭᠴᠢᠳ ᠲᠠᠢ ᠪᠠᠨ ᠦᠨᠡᠨ ᠰᠡᠳᠬᠢᠯ ᠤᠨ ᠨᠠᠶᠢᠵᠠ ᠪᠤᠯᠤᠯᠴᠠᠬᠤ ᠨᠢ ᠴᠢᠬᠤᠯᠠ᠃ ᠤᠯᠠᠮᠵᠢᠯᠠᠯᠲᠤ ᠰᠤᠷᠭᠠᠨ ᠬᠦᠮᠦᠵᠢᠯ ᠳᠤ ᠪᠠᠭᠰᠢ ᠶᠢᠨ ᠪᠠᠶᠢᠷᠢ ᠰᠠᠭᠤᠷᠢ ᠶᠢ ᠬᠠᠷᠢᠴᠠᠯᠠᠰᠢᠭᠦᠢ ᠶᠡᠬᠡᠰᠬᠡᠨ ᠪᠠᠭᠰᠢ  ᠨᠢ ᠵᠠᠬᠢᠷᠤᠭᠴᠢ ᠶᠢᠨ ᠪᠠᠶᠢᠷᠢᠨ ᠳᠤ ᠪᠠᠶᠢᠵᠤ᠂ ᠰᠤᠷᠤᠭᠴᠢᠳ ᠶᠡᠷᠦ ᠠᠴᠠ ᠳᠡᠳ᠋ᠯᠡᠬᠦ ᠪᠠᠶᠢᠷᠢᠨ ᠳᠤ ᠤᠷᠤᠰᠢᠳᠠᠭ᠃ ᠡᠨᠡ ᠪᠤᠯ ᠰᠤᠷᠭᠠᠨ ᠬᠦᠮᠦᠵᠢᠯ ᠤᠨ ᠶᠡᠭᠡ ᠠᠯᠳᠠᠰᠢ ᠭᠡᠮ ᠶᠤᠮ᠃ ᠪᠠᠭᠰᠢ ᠠᠴᠠ ᠰᠤᠷᠤᠭᠴᠢ ᠶᠢᠨ ᠲᠤᠲᠤᠭᠠᠳᠤ ᠶᠢᠷᠲᠢᠨᠴᠦ ᠶᠢᠨ ᠴᠤᠩᠬᠤ ᠶᠢ ᠨᠡᠭᠡᠭᠡᠵᠦ᠂ ᠰᠤᠷᠤᠭᠴᠢᠳ ᠤᠨ ᠢᠲᠡᠭᠡᠯ ᠪᠢᠰᠢᠷᠡᠯ ᠪᠠ ᠬᠦᠨᠳᠦᠳᠬᠡᠯ ᠢ ᠤᠯᠤᠮᠠᠨᠵᠢᠨ ᠰᠠᠶ᠋ᠢ ᠪᠠᠭᠰᠢ ᠰᠤᠷᠤᠭᠴᠢ ᠶᠢᠨ ᠡᠶ᠎ᠡ ᠵᠤᠬᠢᠴᠠᠯᠲᠤ ᠬᠠᠷᠢᠴᠠᠭᠠᠨ ᠤ ᠪᠠᠲᠤ ᠰᠠᠭᠤᠷᠢ ᠶᠢ ᠲᠠᠯᠪᠢᠵᠤ ᠴᠢᠳᠠᠳᠠᠭ᠃ ᠦᠨᠳᠦᠰᠦ ᠪᠠᠭᠰᠢ ᠰᠤᠷᠤᠭᠴᠢᠳ ᠲᠤ ᠦᠭᠬᠦ ᠠᠩᠬᠠᠨ ᠤ ᠰᠠᠭᠤᠭᠳᠠᠯ ᠢ ᠠᠩᠬᠠᠷᠴᠤ᠂ ᠠᠩᠬ᠎ᠠ ᠤᠳᠠᠭ᠎ᠠ ᠶᠢᠨ ᠠᠩᠭᠢ ᠶᠢᠨ ᠬᠤᠷᠠᠯ ᠠᠴᠠ ᠡᠬᠢᠯᠡᠨ ᠠᠯᠬᠤᠮ ᠪᠦᠷᠢ ᠳᠡᠭᠡᠨ ᠦᠪᠡᠷ ᠤᠨ ᠦᠭᠡ ᠶᠠᠷᠢᠶ᠎ᠠ᠂ ᠠᠪᠤᠷᠢ ᠵᠠᠩ ᠢᠶᠠᠨ ᠠᠩᠬᠠᠷᠴᠤ ᠢᠷᠡᠵᠡᠢ᠃ ᠲᠡᠷᠡ ᠦᠪᠡᠷ ᠤᠨ ᠬᠡᠯᠡᠭᠰᠡᠨ ᠦᠭᠡᠨ ᠳᠡᠭᠡᠨ ᠵᠠᠪᠠᠯ ᠡᠵᠡᠨ ᠰᠠᠭᠤᠵᠤ᠂ ᠬᠡᠯᠡᠭᠰᠡᠨ ᠵᠦᠢᠯ ᠢᠶᠠᠨ ᠵᠠᠪᠠᠯ ᠪᠤᠳᠠᠲᠠᠶᠢᠴᠢᠯᠠᠨ ᠪᠡᠶᠡᠯᠡᠭᠦᠯᠵᠦ᠂ ︽ᠡᠷ᠎ᠡ ᠬᠦᠮᠦᠨ ᠬᠡᠯᠡᠪᠡᠯ ᠦᠭᠡ᠂ ᠬᠢᠰᠬᠢᠪᠡᠯ ᠭᠠᠵᠠᠷ︾ ᠭᠡᠰᠡᠨ ᠶᠤᠰᠤ ᠶᠢ ᠰᠤᠷᠤᠭᠴᠢᠳ ᠤᠨ ᠢᠶᠠᠨ ᠤᠢ ᠴᠡᠭᠡᠵᠢᠯᠡᠯ ᠳᠤᠨᠢ ᠲᠠᠮᠠᠭᠠᠯᠠᠵᠠᠢ᠃        2. ︽ᠬᠠᠶᠢᠷ᠎ᠠ ᠦᠭᠡᠢ ᠪᠤᠯ ᠰᠤᠷᠭᠠᠨ ᠬᠦᠮᠦᠵᠢᠯ ᠦᠭᠡᠢ︾᠃ ᠰᠤᠷᠤᠭᠴᠢᠳ ᠢᠶᠠᠨ ᠦᠪᠡᠷ ᠤᠨ ᠬᠡᠦᠬᠡᠳ ᠢᠶᠠᠨ ᠰᠢᠭ ᠬᠠᠶᠢᠷᠠᠯᠠᠵᠤ ᠬᠠᠯᠠᠮᠵᠢᠯᠠᠬᠤ ᠪᠤᠯ ᠰᠤᠷᠤᠭᠴᠢᠳ ᠤᠨ ᠦᠵᠡᠯ ᠰᠠᠨᠠᠭ᠎ᠠ ᠪᠤᠳᠤᠯ ᠰᠡᠳᠬᠢᠯ ᠢ ᠤᠶᠢᠯᠠᠭᠠᠬᠤ ᠶᠢᠨ ᠬᠠᠮᠤᠭ ᠪᠦᠲᠦᠮᠵᠢᠲᠡᠢ ᠠᠷᠭ᠎ᠠ ᠬᠡᠯᠪᠡᠷᠢ ᠪᠤᠯᠬᠤ ᠪᠢᠯᠡ᠃ ᠰᠤᠷᠤᠭᠴᠢᠳ ᠢ ᠤᠶᠢᠯᠠᠭᠠᠬᠤ ᠭᠡᠪᠡᠯ ᠵᠠᠪᠠᠯ ᠰᠤᠷᠤᠭᠴᠢᠳ ᠢ ᠬᠦᠨᠳᠦᠳᠬᠡᠨ ᠂ ᠲᠡᠳᠡᠨ ᠢ ᠦᠪᠡᠷ ᠤᠨ ᠪᠡᠶ᠎ᠡ ᠯᠦᠭᠡ ᠠᠳᠠᠯᠢ ᠲᠡᠭᠰᠢ ᠪᠠᠶᠢᠷᠢᠨ ᠳᠤ ᠲᠠᠯᠪᠢᠵᠤ᠂ ᠲᠡᠳᠡᠨ ᠢ ᠢᠲᠡᠭᠡᠵᠦ᠂ ᠲᠡᠳᠡᠨ ᠢ ᠤᠶᠢᠯᠠᠭᠠᠵᠤ᠂ ᠢᠳᠡᠪᠬᠢᠲᠡᠢ ᠮᠦᠷᠲᠡᠭᠡᠨ ᠬᠦᠳᠡᠯᠦᠩᠭᠦᠢ ᠪᠠᠷ ᠲᠡᠳᠡᠨ ᠲᠠᠢ ᠤᠶᠢᠷᠠᠳᠴᠤ᠂ ᠰᠡᠳᠬᠢᠯ ᠢᠶᠠᠨ ᠮᠡᠳᠡᠯᠴᠡᠬᠦ ᠬᠡᠷᠡᠭᠲᠡᠢ᠃ ᠦᠨᠳᠦᠰᠦ ᠪᠠᠭᠰᠢ ᠶᠠᠭ ᠡᠨᠡᠬᠦ ᠵᠢᠮ᠎ᠡ ᠶᠤᠰᠤ ᠶᠢ ᠮᠦᠷᠳᠡᠵᠦ᠂ ᠰᠤᠷᠤᠭᠴᠢᠳ ᠤᠨ ᠬᠠᠯᠠᠮᠵᠢᠲᠤ ᠠᠬᠠᠮᠠᠳ ᠨᠢ ᠮᠦᠷᠲᠡᠭᠡᠨ ᠲᠤᠲᠤᠨᠤ ᠨᠠᠶᠢᠵᠠ ᠨᠢ ᠪᠤᠯᠵᠤ ᠴᠢᠳᠠᠭᠰᠠᠨ ᠢᠶᠠᠷ ᠠᠩᠭᠢ ᠶᠢᠨ ᠡᠯ᠎ᠡ ᠲᠠᠯ᠎ᠠ ᠶᠢᠨ ᠠᠵᠢᠯ ᠤᠷᠤᠭᠰᠢᠲᠠᠢ ᠶᠠᠪᠤᠭᠳᠠᠵᠤ ᠴᠢᠳᠠᠭᠰᠠᠨ ᠪᠠᠶᠢᠨ᠎ᠠ᠃        3. ᠰᠤᠷᠤᠭᠴᠢ ᠪᠤᠯᠭᠠᠨ ᠳᠤ ᠠᠳᠠᠯᠢ ᠲᠡᠭᠰᠢ ᠬᠠᠨᠳᠤᠨ᠂ ᠰᠤᠷᠤᠭᠴᠢ ᠶᠢ ᠢᠯᠭᠠᠵᠤ ᠦᠵᠡᠬᠦ ᠶᠢ ᠴᠡᠭᠡᠷᠯᠡᠬᠦ ᠬᠡᠷᠡᠭᠲᠡᠢ᠃ ︽ᠰᠠᠶᠢᠨ ᠰᠤᠷᠭᠠᠵᠤ ᠴᠢᠳᠠᠬᠤ ᠦᠭᠡᠢ ᠪᠠᠭᠰᠢ ᠪᠠᠶᠢᠬᠤ ᠠᠴᠠ ᠪᠢᠰᠢ ᠰᠠᠶᠢᠨ ᠰᠤᠷᠴᠤ ᠴᠢᠳᠠᠬᠤ ᠦᠭᠡᠢ ᠰᠤᠷᠤᠭᠴᠢ ᠪᠠᠶᠢᠬᠤ ᠦᠭᠡᠢ︾ ᠶᠤᠮ᠃ ᠰᠤᠷᠤᠭᠴᠢᠳ ᠬᠠᠪᠰᠤᠷᠤᠯᠭ᠎ᠠ ᠳᠡᠮᠵᠢᠯᠭᠡ ᠬᠦᠰᠡᠬᠦ ᠦᠶᠡᠰ ᠲᠡᠳᠡᠨ ᠳᠤ ᠰᠠᠶᠢᠨ ᠳᠤᠷ᠎ᠠ ᠠᠴᠠ ᠪᠠᠨ ᠲᠤᠰᠠᠯᠠᠵᠤ᠂ ᠠᠯᠢ ᠨᠢᠭᠡ ᠰᠤᠷᠤᠭᠴᠢ ᠡᠩᠨᠡᠭᠡᠨ ᠠᠴᠠ ᠪᠠᠨ ᠬᠤᠴᠤᠷᠬᠤ ᠦᠶᠡᠰ ᠴᠠᠭ ᠲᠤᠬᠠᠢ ᠳᠤᠨᠢ ᠲᠡᠳᠡᠨ ᠢ ᠲᠠᠲᠠᠨ ᠠᠪᠬᠤ ᠶᠢ ᠬᠢᠴᠢᠶᠡᠬᠦ ᠬᠡᠷᠡᠭᠲᠡᠢ᠃ ᠢᠯᠠᠩᠭᠤᠶ᠎ᠠ ᠬᠤᠴᠤᠷᠤᠩᠭᠤᠢ ᠰᠤᠷᠤᠭᠴᠢ ᠳᠤ ᠬᠠᠨᠳᠤᠬᠤ ᠳᠠᠭᠠᠨ ᠲᠤᠶᠢᠯ ᠤᠨ ᠬᠦᠯᠢᠴᠡᠩᠭᠦᠢ ᠪᠠᠶᠢᠵᠤ᠂ ᠦᠨᠡᠨ ᠰᠡᠳᠬᠢᠯ ᠠᠴᠠ ᠪᠠᠨ ᠲᠡᠳᠡᠨ ᠳᠤ ᠬᠠᠨᠳᠤᠬᠤ ᠬᠡᠷᠡᠭᠲᠡᠢ᠃ ᠦᠨᠳᠦᠰᠦ ᠪᠠᠭᠰᠢ ᠰᠤᠷᠠᠭᠴᠢ ᠳᠠᠭᠠᠨ ᠬᠠᠨᠳᠤᠬᠤ ᠳᠠᠭᠠᠨ ᠬᠤᠪᠢᠰᠤᠩᠭᠤᠢ ᠪᠠᠷ ᠪᠦᠬᠦ ᠲᠠᠯ᠎ᠠ ᠶᠢᠨ ᠦᠵᠡᠯᠲᠡ ᠪᠠᠷ ᠬᠠᠨᠳᠤᠨ᠂ ᠲᠡᠳᠡᠨ ᠤ ᠦᠩᠭᠡᠷᠡᠭᠰᠡᠨ ᠪᠠ ᠤᠳᠤ ᠶᠢᠨ ᠪᠠᠶᠢᠳᠠᠯ ᠢ ᠴᠦᠮ ᠨᠠᠷᠢᠨ ᠤᠶᠢᠯᠠᠭᠠᠳᠠᠭ᠃ ᠢᠯᠠᠩᠭᠤᠶ᠎ᠠ ᠬᠤᠴᠤᠷᠤᠩᠭᠤᠢ ᠰᠤᠷᠤᠭᠴᠢ ᠶᠢᠨ ᠪᠡᠶ᠎ᠡ ᠳᠡᠭᠡᠷᠡᠬᠢ ᠪᠠᠭ᠎ᠠ ᠴᠦ ᠭᠡᠰᠡᠨ ︽ᠭᠢᠯᠠᠰ︾ ᠴᠡᠭ ᠢ ᠤᠯᠵᠤ ᠬᠠᠷᠠᠳᠠᠭ ᠠᠴᠠ ᠰᠤᠷᠤᠭᠴᠢᠳ ᠤᠨ ᠢᠶᠠᠨ ᠢᠲᠡᠭᠡᠯ ᠢ ᠤᠯᠵᠤ᠂ ᠪᠦᠭᠦᠳᠡ ᠪᠠᠷ ᠴᠢᠷᠮᠠᠶᠢᠨ ᠬᠠᠮᠲᠤ ᠪᠠᠷ ᠳᠠᠪᠰᠢᠬᠤ ᠵᠤᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ᠃        4. ᠠᠩᠭᠢ ᠶᠢᠨ ᠺᠠᠳ᠋ᠷ ᠤᠨ ᠡᠩᠨᠡᠭᠡ ᠶᠢ ᠠᠩᠬᠠᠯᠠᠨ ᠲᠤᠭᠲᠠᠭᠠᠬᠤ ᠳᠠᠭᠠᠨ ᠡᠷᠬᠡᠪᠰᠢ ᠠᠷᠠᠳᠴᠢᠯᠠᠯ ᠢ ᠪᠠᠳᠠᠷᠠᠭᠤᠯᠬᠤ ᠮᠦᠷᠲᠡᠭᠡᠨ ᠠᠪᠢᠶᠠᠰ ᠴᠢᠳᠠᠪᠤᠷᠢ ᠲᠠᠢ ᠰᠤᠷᠤᠭᠴᠢ ᠶᠢ ᠰᠤᠩᠭᠤᠵᠤ ᠠᠩᠭᠢ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠢ᠃ ᠠᠷᠠᠳᠴᠢᠯᠠᠯ ᠤᠨ ᠠᠭᠤᠷ ᠠᠮᠢᠰᠬᠤᠯ ᠪᠠ ᠡᠷᠬᠡ ᠲᠡᠭᠰᠢ ᠦᠷᠢᠰᠦᠯᠳᠦᠬᠦ ᠨᠦᠬᠦᠴᠡᠯ ᠳᠤᠤᠷ᠎ᠠ ᠰᠤᠩᠭᠤᠭᠳᠠᠭᠰᠠᠨ ᠠᠩᠭᠢ ᠶᠢᠨ ᠺᠠᠳ᠋ᠷ ᠰᠠᠶ᠋ᠢ ᠪᠤᠳᠠᠲᠠᠢ ᠦᠢᠯᠡᠳᠦᠯᠭᠡ ᠳᠤᠮᠳᠠᠬᠢ ᠬᠠᠲᠠᠭᠤ ᠰᠢᠯᠭᠠᠯᠲᠠ ᠶᠢ ᠳᠠᠭᠠᠭᠠᠵᠤ ᠴᠢᠳᠠᠳᠠᠭ᠃ ᠡᠶᠢᠮᠦ ᠠᠴᠠ ᠦᠨᠳᠦᠰᠦ ᠪᠠᠭᠰᠢ ᠠᠩᠭᠢ ᠶᠢᠨ ᠺᠠᠳ᠋ᠷ ᠰᠤᠩᠭᠤᠬᠤ ᠳᠠᠭᠠᠨ ᠵᠦᠪᠬᠡᠨ ᠰᠤᠷᠤᠯᠭ᠎ᠠ ᠳᠠᠭᠠᠨ ᠰᠠᠶᠢᠨ ᠡᠰᠡᠭᠦ ᠪᠠᠷ ᠪᠠᠷᠢᠮᠵᠢᠶ᠎ᠠ ᠪᠤᠯᠭᠠᠳᠠᠭ ᠦᠭᠡᠢ᠂ ᠬᠠᠷᠢᠨ ᠤᠯᠠᠨ ᠤ ᠳᠤᠮᠳᠠ ᠪᠠᠨ ᠬᠦᠷᠢᠶᠡᠯᠡᠯ ᠲᠠᠢ᠂ ᠵᠤᠬᠢᠶᠠᠨ ᠪᠠᠶᠢᠭᠤᠯᠬᠤ ᠴᠢᠳᠠᠪᠤᠷᠢ ᠪᠠᠷ ᠰᠠᠶᠢᠨ ᠰᠤᠷᠤᠭᠴᠢ ᠶᠢ ᠬᠡᠷᠡᠭᠯᠡᠳᠡᠭ᠃ 1999 ᠤᠨ ᠳᠤ ᠲᠡᠭᠦᠨ ᠤ ᠡᠷᠬᠢᠯᠡᠭᠰᠡᠨ ᠠᠩᠭᠢ ᠶᠢᠨ ᠰᠤᠷᠤᠭᠴᠢ ᠨᠠᠷᠠ ᠤᠷᠤᠨ ᠤ ᠳᠡᠰ ᠤᠨ ᠰᠢᠯᠢᠳᠡᠭ ᠰᠤᠷᠤᠭᠴᠢ ᠪᠠᠷ ᠰᠤᠩᠭᠤᠭᠳᠠᠵᠤ᠂ ᠰᠢᠯᠭᠠᠯᠲᠠ ᠪᠠᠷ ᠳᠠᠮᠵᠢᠨ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠪᠠᠲᠤᠯᠠᠭᠳᠠᠨ ᠬᠦᠷᠭᠡᠭᠳᠡᠵᠡᠢ᠃ ᠰᠤᠷᠤᠭᠴᠢ ᠶᠤᠸᠠᠨ ᠬᠤᠢ ᠬᠤᠲᠠ ᠶᠢᠨ ᠳᠡᠰ ᠤᠨ ᠰᠢᠯᠢᠳᠡᠭ ᠺᠠᠳ᠋ᠷ ᠢᠶᠠᠷ ᠰᠤᠩᠭᠤᠭᠳᠠᠵᠤ᠂ ᠳᠤᠮᠳᠠᠳᠤ ᠰᠤᠷᠭᠠᠭᠤᠯᠢ ᠳᠠᠭᠠᠨ ᠡᠪᠯᠡᠯ ᠤᠨ ᠡᠭᠦᠷ ᠨᠢ ᠬᠤᠲᠠ ᠶᠢᠨ ᠳᠡᠰ ᠤᠨ ᠰᠢᠯᠢᠳᠡᠭ ᠡᠪᠯᠡᠯ ᠤᠨ ᠡᠭᠦᠷ ᠢᠶᠠᠷ ᠰᠤᠩᠭᠤᠭᠳᠠᠵᠤ᠂ ᠰᠤᠷᠤᠭᠴᠢ ᠤᠶᠤᠨᠴᠢᠮᠡᠭ ᠬᠤᠲᠠ ᠶᠢᠨ ᠳᠡᠰ ᠤᠨ ᠰᠢᠯᠢᠳᠡᠭ ᠠᠩᠭᠢ ᠶᠢᠨ ᠺᠠᠳ᠋ᠷ ᠢᠶᠠᠷ ᠰᠤᠩᠭᠤᠭᠳᠠᠭᠰᠠᠨ ᠪᠠᠶᠢᠨ᠎ᠠ᠃ 2012 ᠤᠨ ᠳᠤ ᠡᠷᠬᠢᠯᠡᠭᠰᠡᠨ ᠠᠩᠭᠢ ᠨᠢ ᠤᠷᠤᠨ ᠤ ᠳᠡᠰ ᠤᠨ ᠰᠢᠯᠢᠳᠡᠭ ᠠᠩᠭᠢ ᠨᠢᠭᠡᠴᠡ ᠪᠠᠷ ᠰᠤᠩᠭᠤᠭᠳᠠᠵᠤ᠂  ᠰᠤᠷᠤᠭᠴᠢ ᠢᠷᠠᠭᠤ ᠬᠤᠲᠠ ᠶᠢᠨ ᠳᠡᠰ ᠤᠨ ᠭᠤᠷᠪᠠᠨ ᠰᠠᠶᠢᠲᠠᠢ ᠰᠤᠷᠤᠭᠴᠢ ᠪᠤᠯᠵᠠᠢ᠃        ᠳᠦᠷᠪᠡ᠂ ᠴᠦᠬᠦᠷᠡᠯ ᠦᠭᠡᠢ ᠴᠢᠷᠮᠠᠶᠢᠯᠭ᠎ᠠ ᠠᠴᠠ ᠠᠮᠵᠢᠯᠲᠠ ᠶᠢᠨ ᠵᠢᠮᠢᠰ ᠤᠨᠵᠢᠭᠢᠨᠠᠨᠠᠮ        ᠦᠨᠳᠦᠰᠦ ᠪᠠᠭᠰᠢ 2000 ᠤᠨ ᠳᠤ ᠶᠠᠪᠤᠭᠳᠠᠭᠰᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠩᠬᠠᠳᠤᠭᠠᠷ ᠤᠳᠠᠭᠠᠨ ᠤ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ᠰᠢᠯᠢᠳᠡᠭ ᠬᠢᠴᠢᠶᠡᠯᠯᠡᠭᠡ ᠶᠢᠨ ᠤᠷᠤᠯᠳᠤᠭᠠᠨ ᠳᠤ ᠲᠡᠷᠢᠭᠦᠯᠡᠵᠦ᠂ ᠦᠪᠡᠷ ᠤᠨ ᠤᠯᠠᠨ ᠠᠴᠠ ᠬᠡᠲᠦᠶᠢᠳᠦᠭᠰᠡᠨ ᠠᠪᠢᠶᠠᠰ ᠪᠢᠯᠢᠭ᠂ ᠵᠢᠭᠠᠬᠤ ᠮᠡᠷᠭᠡᠵᠢᠯ ᠢ ᠳᠠᠶᠠᠭᠠᠷ ᠤᠯᠠᠨ ᠳᠤ ᠠᠩᠬ᠎ᠠ ᠭᠠᠶᠢᠬᠠᠭᠤᠯᠵᠠᠢ᠃ 2009 ᠤᠨ ᠳᠤ ᠤᠯᠠᠭᠠᠨᠬᠠᠳᠠ ᠬᠤᠲᠠ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠤᠷᠢᠲᠠᠨ ᠤ ᠰᠢᠯᠭᠠᠷᠠᠭᠤᠯᠤᠯᠲᠠ ᠳᠤ ᠲᠡᠷᠢᠭᠦᠯᠡᠵᠦ᠂ 2010 ᠤᠨ ᠳᠤ ᠤᠯᠠᠭᠠᠨᠬᠠᠳᠠ ᠬᠤᠲᠠ ᠶᠢᠨ ᠬᠢᠴᠢᠶᠡᠯ ᠲᠦᠷᠦᠯ ᠤᠨ ᠳᠠᠭᠠᠭᠤᠯᠤᠭᠴᠢ ᠶᠢᠨ ᠰᠢᠯᠭᠠᠷᠠᠭᠤᠯᠤᠯᠲᠠ ᠳᠤ ᠮᠠᠩᠯᠠᠶᠢᠯᠠᠵᠠᠢ᠃ 2010 ᠤᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠵᠢᠭᠠᠨ ᠰᠤᠷᠭᠠᠬᠤ ᠴᠢᠳᠠᠪᠤᠷᠢᠲᠠᠨ ᠢᠶᠠᠷ ᠰᠤᠩᠭᠤᠭᠳᠠᠵᠤ᠂ 2011 ᠤᠨ ᠳᠤ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠬᠢᠴᠢᠶᠡᠯ ᠲᠦᠷᠦᠯ ᠤᠨ ᠳᠠᠭᠠᠭᠤᠯᠤᠭᠴᠢ ᠶᠢᠨ ᠴᠤᠯᠠ ᠬᠦᠷᠲᠡᠪᠡ᠃ 2013 ᠤᠨ ᠳᠤ ᠤᠯᠠᠭᠠᠨᠬᠠᠳᠠ ᠬᠤᠲᠠ ᠶᠢᠨ ︽ᠮᠤᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ ᠬᠤᠪᠢ ᠬᠦᠮᠦᠨ︾ ᠢᠶᠠᠷ ᠱᠠᠩᠨᠠᠭᠳᠠᠵᠤ᠂ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠠᠴᠠ ︽ᠬᠦᠳᠡᠯᠮᠦᠷᠢ ᠶᠢᠨ ᠵᠢᠱᠢᠶᠡᠴᠢ︾ ᠴᠤᠯᠠ ᠬᠦᠷᠲᠡᠭᠡᠵᠡᠢ᠃ 2015 ᠤᠨ ᠳᠤ ᠪᠦᠬᠦ ᠤᠷᠤᠨ ᠤ ᠠᠩᠬᠠᠳᠤᠭᠠᠷ ᠤᠳᠠᠭᠠᠨ ᠤ ᠮᠤᠩᠭᠤᠯ ᠢᠶᠠᠷ ᠬᠢᠴᠢᠶᠡᠯᠯᠡᠬᠦ ᠳᠤᠮᠳᠠᠳᠤ ᠰᠤᠷᠭᠠᠭᠤᠯᠢ ᠶᠢᠨ ︽ᠨᠡᠷᠡᠲᠦ ᠪᠠᠭᠰᠢ︾ ᠪᠠᠷ ᠴᠤᠯᠠᠯᠠᠭᠳᠠᠪᠠ᠃ ︽ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠭᠡᠢ︾ ᠭᠡᠳᠡᠭ ᠢᠶᠠᠷ ᠳᠡᠭᠡᠳᠦ ᠱᠠᠲᠤᠨ ᠤ ᠤᠳᠤᠷᠢᠳᠤᠯᠭ᠎ᠠ ᠠᠴᠠ ᠦᠨᠳᠦᠰᠦ ᠪᠠᠭᠰᠢ ᠶᠢᠨ ᠠᠵᠢᠯ ᠤᠨ ᠴᠢᠳᠠᠪᠤᠷᠢ ᠪᠠ ᠠᠪᠢᠶᠠᠰ ᠪᠢᠯᠢᠭ ᠢ ᠦᠵᠡᠨ ᠲᠤᠭᠤᠵᠤ᠂ 2007 ᠤᠨ ᠳᠤ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠤᠨ ᠰᠢᠯᠭᠠᠯᠲᠠ ᠶᠢᠨ ᠲᠦᠪ ᠠᠴᠠ ᠪᠦᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠮᠤᠩᠭᠤᠯ ᠬᠡᠯᠡᠨ ᠤ ᠰᠢᠯᠭᠠᠯᠲᠠ ᠭᠠᠷᠭᠠᠬᠤ ᠠᠵᠢᠯ ᠳᠤ ᠲᠡᠭᠦᠨ ᠢ ᠤᠨᠴᠠᠭᠠᠶᠢᠯᠠᠨ ᠤᠷᠢᠵᠤ ᠤᠷᠤᠯᠴᠠᠭᠤᠯᠪᠠ᠃ 2008 ᠤᠨ ᠳᠤ ᠤᠯᠠᠭᠠᠨᠬᠠᠳᠠ ᠬᠤᠲᠠ ᠶᠢᠨ ᠵᠢᠭᠠᠬᠤ ᠶᠢ ᠰᠤᠳᠤᠯᠬᠤ ᠲᠦᠪ ᠤᠨ ᠤᠷᠢᠯᠭ᠎ᠠ ᠶᠢ ᠬᠦᠯᠢᠶᠡᠵᠦ᠂ ᠤᠯᠠᠭᠠᠨᠬᠠᠳᠠ ᠬᠤᠲᠠ ᠶᠢᠨ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠮᠤᠩᠭᠤᠯ ᠬᠡᠯᠡᠨ ᠤ ᠰᠡᠳᠦᠪ ᠭᠠᠷᠭᠠᠬᠤ ᠠᠵᠢᠯ ᠳᠤ ᠤᠷᠢᠭᠳᠠᠨ ᠤᠷᠤᠯᠴᠠᠵᠠᠢ᠃ 2013-2016 ᠤᠨ ᠪᠤᠯᠲᠠᠯ᠎ᠠ ᠤᠷᠢᠳ ᠬᠤᠵᠢᠳ ᠪᠦᠬᠦ ᠤᠯᠤᠰ ᠤᠨ ᠮᠤᠩᠭᠤᠯ ᠵᠢᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠵᠦᠪᠯᠡᠯ ᠤᠨ ᠤᠷᠢᠯᠭ᠎ᠠ ᠬᠦᠯᠢᠶᠡᠵᠦ᠂ 66᠂ 85᠂ 91᠂ 95᠂ 110᠂ 111 ᠳ᠋ᠦ᠋ᠭᠡᠷ ᠤᠳᠠᠭᠠᠨ ᠤ ᠪᠦᠬᠦ ᠤᠯᠤᠰ ᠤᠨ ᠮᠤᠩᠭᠤᠯ ᠵᠢᠭᠠᠬᠤ ᠮᠠᠲ᠋ᠧᠷᠢᠶᠠᠯ ᠬᠢᠨᠠᠨ ᠪᠠᠶᠢᠴᠠᠭᠠᠬᠤ ᠬᠤᠷᠠᠯ ᠳᠤ ᠲᠤᠰᠬᠠᠢ ᠮᠡᠷᠭᠡᠵᠢᠯᠲᠡᠨ ᠢᠶᠠᠷ ᠤᠷᠢᠭᠳᠠᠪᠠ᠃ 2011 ᠤᠨ ᠪᠠ 2013 ᠤᠨ ᠳᠤ ᠪᠦᠬᠦ ᠤᠯᠤᠰ ᠤᠨ  ᠨᠠᠢᠮᠠᠨ ᠮᠤᠵᠢ ᠤᠷᠤᠨ ᠤ ᠰᠤᠷᠤᠭᠴᠢᠳ ᠤᠨ ︽ᠨᠠᠢᠮᠠᠨ ᠰᠢᠷᠭ᠎ᠠ︾ ᠨᠡᠷᠡᠮᠵᠢᠲᠦ ᠵᠤᠬᠢᠶᠠᠯ ᠪᠦᠲᠦᠭᠡᠯ ᠤᠨ ᠤᠷᠤᠯᠳᠤᠭᠠᠨ ᠳᠤ ︽ᠵᠤᠬᠢᠶᠠᠨ ᠪᠠᠶᠢᠭᠤᠯᠤᠭᠰᠠᠨ ᠬᠤᠪᠢ ᠬᠦᠮᠦᠨ︾ ᠤ ᠱᠠᠩᠨᠠᠯ ᠢ ᠲᠤᠰᠴᠠᠢ᠃        ᠬᠡᠯᠡ ᠪᠢᠴᠢᠭ ᠤᠨ ᠪᠠᠭᠰᠢ ᠪᠤᠯ ᠰᠤᠷᠤᠭᠴᠢᠳ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠤᠷᠴᠤ ᠬᠡᠷᠡᠭᠯᠡᠬᠦ ᠶᠢᠨ ᠳᠠᠭᠤᠷᠢᠶᠠᠯ ᠮᠦᠷᠲᠡᠭᠡᠨ ᠲᠤᠭᠴᠢ ᠪᠠᠶᠢᠬᠤ ᠶᠤᠰᠤᠲᠠᠢ᠃ ᠦᠨᠳᠦᠰᠦ ᠪᠠᠭᠰᠢ ᠶᠠᠭ ᠡᠶᠢᠮᠦᠷᠬᠦ ᠠᠷᠢᠭᠤᠨ ᠲᠠᠷᠬᠠᠨ ᠬᠠᠷᠢᠭᠤᠴᠠᠯᠭ᠎ᠠ ᠪᠠ ᠭᠠᠯ ᠬᠠᠯᠠᠭᠤᠨ ᠤᠷᠮᠠᠰ ᠲᠠᠭᠠᠨ ᠬᠦᠲᠦᠯᠦᠭᠳᠡᠨ ︽ᠦᠨᠢᠷ ᠴᠡᠴᠡᠭ︾᠂ ︽ᠳᠤᠮᠳᠠᠳᠤ ᠶᠢᠨ ᠦᠨᠳᠦᠰᠦᠲᠡᠨ︾᠂ ︽ᠰᠢᠯᠢ ᠶᠢᠨ ᠭᠤᠤᠯ︾᠂ ︽ᠰᠢᠷ᠎ᠠ ᠮᠦᠷᠡᠨ︾᠂ ︽ᠦᠪᠦᠷ ᠮᠤᠩᠭᠤᠯ ᠤᠨ ᠵᠠᠯᠠᠭᠤᠴᠤᠳ︾᠂ ︽ᠠᠯᠲᠠᠨ ᠭᠠᠨᠳᠠᠷᠢ︾ ᠵᠡᠷᠭᠡ ᠤᠷᠤᠨ ᠠᠶᠢᠮᠠᠭ ᠤᠨ ᠤᠷᠠᠨ ᠵᠤᠬᠢᠶᠠᠯ ᠤᠨ ᠰᠡᠳᠬᠦᠯ ᠳᠡᠭᠡᠷ᠎ᠡ 300 ᠭᠠᠷᠤᠢ ᠰᠢᠯᠦᠭ᠂ ᠨᠠᠶᠢᠷᠠᠭᠤᠯᠤᠯ᠂ ᠰᠤᠯᠠ ᠪᠢᠴᠢᠯᠭᠡ ᠪᠠᠨ ᠨᠡᠶᠢᠲᠡᠯᠡᠭᠦᠯᠵᠦ᠂ 2006 ᠤᠨ ᠳᠤ ᠤᠤᠭᠠᠨ ᠲᠡᠭᠦᠪᠦᠷᠢ ︽ᠪᠦᠭᠲᠦᠷ ᠬᠠᠶᠢᠯᠠᠰᠤ︾ ᠶᠢ ᠨᠢ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ 2013 ᠤᠨ ᠳᠤ ᠬᠤᠶᠠᠳᠤᠭᠠᠷ ᠲᠡᠭᠦᠪᠦᠷᠢ ︽ᠠᠮᠢᠳᠤ ᠲᠡᠦᠬᠡ︾ ᠶᠢ ᠨᠢ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠡᠢ᠃ ᠲᠡᠷᠡ ︽ᠪᠦᠭᠲᠦᠷ ᠬᠠᠶᠢᠯᠠᠰᠤ︾ ᠨᠠᠶᠢᠷᠠᠭᠤᠯᠤᠯ ᠢᠶᠠᠷ ᠢᠶᠠᠨ ︽ᠰᠢᠷ᠎ᠠ ᠮᠦᠷᠡᠨ︾ ᠰᠡᠳᠬᠦᠯ ᠤᠨ ︽ᠠᠪᠤ ᠡᠵᠢ ᠶᠢᠨ ᠰᠡᠳᠦᠪᠲᠦ ᠱᠠᠩᠨᠠᠯᠲᠤ ᠤᠷᠤᠯᠳᠤᠭᠠᠨ︾ ᠳᠤ ᠲᠡᠷᠢᠭᠦᠯᠡᠵᠦ᠂ 2014 ᠤᠨ ᠳᠤ ︽ᠤᠨᠠᠭᠰᠠᠨ ᠨᠤᠲᠤᠭ᠂ ᠤᠤᠭᠠᠨ ᠬᠠᠶᠢᠷ᠎ᠠ ᠰᠢᠪᠠᠷᠲᠠᠢ ᠮᠢᠨᠢ︾ ᠭᠡᠳᠡᠭ ᠨᠠᠶᠢᠷᠠᠭᠤᠯᠤᠯ ᠢᠶᠠᠷ ᠢᠶᠠᠨ ︽ᠰᠢᠷ᠎ᠠ ᠮᠦᠷᠡᠨ︾ ᠰᠡᠳᠬᠦᠯ ᠤᠨ ᠬᠤᠶᠠᠳᠤᠭᠠᠷ ᠳᠡᠰ ᠤᠨ ᠱᠠᠩᠨᠠᠯ ᠢ ᠲᠤᠰᠴᠠᠢ᠃ ᠲᠡᠭᠦᠨ ᠤ ᠭᠤᠷᠪᠠᠳᠤᠭᠠᠷ ᠲᠡᠭᠦᠪᠦᠷᠢ ︽ᠪᠠᠭᠰᠢ ᠬᠦᠮᠦᠨ ᠤ ᠤᠯᠵᠠᠷᠬᠠᠯ︾ ᠨᠢ ᠤᠳᠠᠯ ᠦᠭᠡᠢ ᠤᠩᠰᠢᠭᠴᠢ ᠲᠦᠮᠡᠨ ᠤ ᠠᠯᠠᠭᠠᠨ ᠳᠡᠭᠡᠷ᠎ᠡ ᠲᠠᠯᠪᠢᠭᠳᠠᠬᠤ ᠳᠤ ᠪᠡᠯᠡᠬᠡᠨ ᠪᠤᠯᠤᠭᠠᠳ ᠪᠠᠶᠢᠨ᠎ᠠ᠃        ᠦᠨᠳᠦᠰᠦ ᠪᠠᠭᠰᠢ ᠤᠳᠤ ᠬᠡᠳᠦᠶᠢᠪᠡᠷ ᠨᠠᠰᠤᠨ ᠤ ᠨᠠᠮᠤᠷ ᠢᠶᠠᠨ ᠤᠭᠲᠤᠨ ᠰᠠᠨᠴᠢᠭ ᠲᠤᠨᠢ ᠬᠢᠷᠠᠭᠤ ᠪᠠᠭᠤᠭᠰᠠᠨ ᠴᠦ᠂ ᠵᠢᠭᠠᠨ ᠰᠤᠷᠭᠠᠯᠲᠠ ᠶᠢᠨ ᠳᠠᠶᠢᠴᠢᠨ ᠹᠷᠤᠨᠲ ᠳᠤ ᠦᠷᠭᠦᠯᠵᠢᠯᠡᠨ ᠢᠯᠴᠢ ᠭᠢᠯᠪᠠᠭ᠎ᠠ ᠪᠠᠨ ᠰᠠᠴᠤᠷᠠᠭᠠᠨ ᠪᠠᠳᠠᠷᠠᠭᠤᠯᠵᠤ᠂ ᠦᠪᠡᠷ ᠤᠨ ᠵᠤᠷᠢᠭ ᠲᠡᠪᠴᠢᠶᠡᠷᠢ᠂ ᠢᠲᠡᠭᠡᠯ ᠬᠠᠶᠢᠷ᠎ᠠ᠂ ᠡᠭᠦᠷᠭᠡ ᠬᠠᠷᠢᠭᠤᠴᠠᠯᠭ᠎ᠠ ᠪᠠᠷ ᠢᠶᠠᠨ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠲᠤ ᠨᠢᠭᠡᠨ ᠦᠵᠦᠭᠦᠷᠲᠦ ᠰᠡᠳᠬᠢᠯ ᠢᠶᠠᠷ ᠲᠡᠮᠡᠦᠯᠦᠭᠰᠡᠭᠡᠷ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号