| — — 2017 ᠤᠨ ᠤ 1 ᠰᠠᠷ᠎ᠠ ᠶᠢᠨ 12 ᠤᠨ ᠡᠳᠦᠷ ᠤᠯᠠᠭᠠᠨᠬᠠᠳᠠ ᠬᠤᠲᠠ ᠶᠢᠨ | ᠬᠤᠩ ᠱᠠᠨ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ | ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢᠨ ᠵᠢᠩ ᠬᠤᠸᠠ | ᠲᠦᠯᠦᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠨ ᠪᠤᠯᠤᠨ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2016 ᠤᠨ ᠤ ᠠᠵᠢᠯ ᠤᠨ ᠡᠷᠭᠢᠴᠡᠭᠦᠯᠦᠯ | 2016 ᠤᠨ ᠳᠤ᠂ ᠪᠦᠬᠦ ᠲᠤᠭᠤᠷᠢᠭ ᠤᠨ ᠤᠯᠠᠨ ᠲᠦᠮᠡᠨ ᠬᠦᠳᠡᠯᠦᠩᠭᠦᠢ ᠪᠠᠷ ᠰᠢᠨ᠎ᠡ ᠬᠡᠪ ᠪᠠᠶᠢᠳᠠᠯ ᠳᠤ | ᠵᠤᠬᠢᠴᠠᠬᠤ ᠪᠠ ᠠᠳᠬᠤᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠶᠡᠭᠡ ᠬᠦᠴᠦᠨ ᠢᠶᠠᠷ | ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ | ᠱᠤᠭᠤᠮ ᠪᠤᠯᠭᠠᠨ᠂ ᠰᠢᠨ᠎ᠡ ᠶᠢ ᠡᠭᠦᠳᠬᠦ ᠬᠦᠳᠡᠯᠭᠡᠭᠦᠷ᠂ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠢ ᠴᠢᠷᠮᠠᠶᠢᠨ | ᠠᠬᠢᠭᠤᠯᠵᠤ᠂ ᠲᠤᠰ ᠵᠢᠯ ᠤᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠨ᠂ ︽ | ᠠᠷᠪᠠᠨ ᠭᠤᠷᠪᠠᠳᠤᠭᠠᠷ ᠲᠡᠪᠤᠨ ᠵᠢᠯ︾ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠪᠡ᠃ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠷᠢᠳᠴᠢᠯᠠᠨ ᠵᠢᠱᠢᠭᠰᠡᠨ ᠢᠶᠠᠷ 316 ᠳ᠋ᠦᠩᠰᠢᠭᠤᠷ | ᠲᠦᠭᠦᠷᠢᠭ ᠬᠦᠷᠴᠦ᠂ 8% ᠪᠠᠷ ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ | 23.1 ᠳ᠋ᠦᠩᠰᠢᠭᠤᠷ ᠲᠦᠭᠦᠷᠢᠭ᠂ 7% ᠪᠠᠷ ᠨᠡᠮᠡᠭᠳᠡᠪᠡ︔ 500 ᠲᠦᠮᠡᠨ ᠲᠦᠭᠦᠷᠢᠭ ᠠᠴᠠ ᠳᠡᠭᠡᠭᠰᠢᠬᠢ | ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 173 ᠳ᠋ᠦᠩᠰᠢᠭᠤᠷ ᠲᠦᠭᠦᠷᠢᠭ᠂ 13% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 141 ᠳ᠋ᠦᠩᠰᠢᠭᠤᠷ | ᠲᠦᠭᠦᠷᠢᠭ᠂ 11% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠲᠤᠰᠪᠤᠷᠢ 30800 ᠲᠦᠭᠦᠷᠢᠭ ᠪᠤᠯᠤᠨ 16600 | ᠲᠦᠭᠦᠷᠢᠭ᠂ ᠲᠤᠰᠪᠤᠷᠢ 10% ᠪᠠ 11% ᠪᠠᠷ ᠨᠡᠮᠡᠭᠳᠡᠪᠡ᠃ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠤ ᠳᠤᠮᠳᠠ ᠠᠬᠢᠯᠲᠠ ᠲᠠᠢ᠃ | ᠦᠪᠡᠷ ᠤᠨ ᠦᠷᠲᠡᠭ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ 3600 ᠲᠦᠮᠡᠨ ᠲᠦᠭᠦᠷᠢᠭ ᠤᠨ ᠴᠠᠬᠢᠯᠭᠠᠨ ᠤ ᠦᠨ᠎ᠡ ᠬᠠᠩᠰᠢ ᠶᠢᠨ ᠨᠦᠬᠦᠪᠦᠷᠢ᠂ ᠲᠤᠮᠤ | ᠬᠡᠷᠡᠭᠯᠡᠭᠴᠢ ᠳᠤ 8.5 ᠳ᠋ᠦᠩᠰᠢᠭᠤᠷ ᠭᠷᠠᠳᠦ᠋ᠰ ᠴᠠᠬᠢᠯᠭᠠᠨ ᠤ ᠰᠢᠭᠤᠳ ᠬᠠᠩᠭᠠᠯᠭ᠎ᠠ ᠶᠢ ᠪᠠᠲᠤᠯᠠᠵᠤ᠂ 5400 | ᠲᠦᠮᠡᠨ ᠲᠦᠭᠦᠷᠢᠭ ᠤᠨ ᠭᠠᠶᠢᠯᠢ ᠶᠢ ᠬᠠᠰᠤᠵᠦ ᠬᠡᠯᠲᠦᠷᠢᠭᠦᠯᠦᠨ᠂ ᠶᠤᠸᠠᠨ ᠯᠢᠶᠠᠨ ᠪᠤᠯᠤᠳ ᠲᠡᠮᠦᠷ᠂ ᠸᠧᠢ ᠰᠢᠨ | ᠨᠤᠤᠰᠤᠨ ᠨᠡᠬᠡᠮᠡᠯ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠠᠯᠳᠠᠭᠳᠠᠯ ᠲᠠᠢ ᠪᠠᠶᠢᠭᠰᠠᠨ ᠠᠴᠠ ᠪᠠᠨ ᠠᠰᠢᠭ | ᠤᠷᠤᠯᠭ᠎ᠠ ᠲᠠᠢ ᠪᠤᠯᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 8% ᠪᠠᠷ | ᠨᠡᠮᠡᠭᠳᠡᠪᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠬᠦᠴᠦᠨ ᠢᠶᠠᠷ ᠠᠬᠢᠭᠤᠯᠤᠨ᠂ ᠴᠤᠸᠠᠩ ᠯᠢᠩ | ᠮᠤᠩᠭᠤᠯ ᠬᠢᠲᠠᠳ ᠡᠮ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠪᠠ︔ ᠨᠤᠸᠠᠨ ᠵᠢᠶᠧ ᠪᠤᠯᠤᠨ ᠪᠠᠢ ᠹᠧᠩ | ᠶᠤᠸᠠᠨ ᠵᠡᠷᠭᠡ 6 ᠠᠵᠤ ᠠᠬᠤᠶᠢᠯᠠᠯ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠪᠠ︔ 85 | ᠲᠤᠰᠬᠠᠢ ᠠᠰᠢᠭ ᠤᠨ ᠡᠷᠬᠡ ᠤᠯᠵᠦ᠂ 1.4 ᠳᠠᠬᠢᠨ ᠨᠡᠮᠡᠭᠳᠡᠪᠡ᠃ 6 ᠰᠢᠨ᠎ᠡ ᠪᠠᠷ ᠨᠡᠮᠡᠭᠳᠡᠭᠰᠡᠨ ᠦᠪᠡᠷᠲᠡᠭᠡᠨ | ᠵᠠᠰᠠᠬᠤ ᠤᠷᠤᠨ ᠤ ᠨᠡᠷᠡᠲᠤ ᠲᠠᠸᠠᠷ᠂ ᠳ᠋ᠥᠸᠧ ᠸᠧᠢ ᠡᠯ ᠳᠤᠮᠳᠠᠳᠤ ᠤᠯᠤᠰ ᠤᠨ ᠨᠡᠷᠡᠲᠤ ᠲᠠᠸᠠᠷ ᠪᠤᠯᠵᠤ ᠳᠡᠰ | ᠳᠡᠪᠰᠢᠪᠡ᠃ ᠠᠵᠤ ᠦᠢᠯᠡᠳᠪᠦᠷᠢ ᠶᠢᠨ ︽ᠵᠢᠷᠭᠤᠭᠠᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠦᠩ ᠰᠢᠨ ᠨᠡᠬᠡᠮᠡᠯ ᠤᠨ ᠦᠢᠯᠡᠳᠪᠦᠷᠢᠯᠡᠯ ᠤᠨ ᠰᠠᠭᠤᠷᠢᠨ᠂ ᠲᠠᠢ ᠯᠢᠩ ᠭᠧᠨ ᠤ ᠪᠠᠶᠢᠴᠠᠭᠠᠨ | ᠰᠢᠯᠭᠠᠬᠤ ᠤᠷᠪᠠᠯᠵᠢ ᠵᠡᠷᠭᠡ ᠲᠦᠷᠦᠯ ᠵᠦᠢᠯ ᠠᠵᠢᠯ ᠳᠠᠭᠤᠰᠴᠤ ᠦᠢᠯᠡᠳᠪᠦᠷᠢᠯᠡᠨ᠂ ᠶᠢᠨ ᠵᠢᠶᠠᠨ ᠬᠦᠷᠡᠯ ᠤᠨ | ᠦᠢᠯᠡᠰ 40 ᠲᠦᠮᠡᠨ ᠲᠤᠨ ᠬᠦᠷᠡᠯ ᠬᠠᠶᠢᠯᠤᠭᠤᠯᠤᠨ ᠪᠤᠯᠪᠠᠰᠤᠷᠠᠭᠤᠯᠤᠭᠰᠠᠨ᠂ ᠤᠯᠠᠭᠠᠨᠬᠠᠳᠠ ᠶᠢᠨ ᠡᠮ ᠤᠨ | ᠦᠢᠯᠡᠰ ᠬᠤᠲᠠ ᠠᠴᠠ ᠤᠬᠤᠷᠢᠨ ᠬᠦᠷᠢᠶᠡᠯᠡᠩ ᠳᠤ ᠤᠷᠤᠭᠰᠠᠨ᠂ ᠬᠠᠢ ᠨᠠᠨ ᠤ ᠲᠢᠶᠠᠨ ᠬᠤᠸᠠᠩ ᠡᠮ ᠤᠨ ᠦᠢᠯᠡᠰ | ᠵᠡᠷᠭᠡ ᠲᠦᠷᠦᠯ ᠵᠦᠢᠯ ᠤᠷᠤᠭᠰᠢᠲᠠᠢ ᠶᠠᠪᠤᠭᠳᠠᠵᠤ᠂ ᠲᠦᠸᠧ ᠵᠢᠶᠠ ᠡᠯᠧᠺᠲᠷᠤᠨ ᠰᠤᠷᠠᠭ ᠵᠠᠩᠭᠢ ᠶᠢᠨ ᠠᠵᠤ | ᠦᠢᠯᠡᠰ ᠤᠨ ᠰᠠᠭᠤᠷᠢᠨ ᠤ ᠦᠢᠯᠡᠳᠪᠦᠷᠢᠯᠡᠯ ᠤᠨ ᠦᠷᠲᠡᠭ 3 ᠳ᠋ᠦᠩᠰᠢᠭᠤᠷ ᠢ ᠳᠠᠪᠠᠪᠠ᠃ ᠬᠦᠷᠢᠶᠡᠯᠡᠩ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 13 ᠠᠵᠤ ᠠᠬᠤᠶᠢᠯᠠᠯ ᠰᠢᠨ᠎ᠡ ᠪᠠᠷ ᠬᠦᠷᠢᠶᠡᠯᠡᠩ | ᠲᠤᠭᠤᠷᠢᠭ ᠲᠤ ᠤᠷᠤᠪᠠ᠃ | ︵ᠬᠤᠶᠠᠷ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠦᠭᠵᠢᠭᠦᠯᠪᠡ᠃ ᠪᠠᠷᠠᠭᠠᠨ | ᠭᠦᠢᠯᠭᠡᠭᠡᠨ ᠤ ᠬᠦᠷᠢᠶᠡᠯᠡᠩ ᠲᠤᠭᠤᠷᠢᠭ ᠠᠩᠬᠠᠨ ᠤ ᠪᠦᠯᠦᠭ ︽ᠤᠯᠤᠰ ᠤᠨ ᠵᠢᠱᠢᠶᠡᠴᠢ ᠪᠠᠷᠠᠭᠠᠨ ᠭᠦᠢᠯᠭᠡᠭᠡᠨ ᠤ | ᠲᠤᠭᠤᠷᠢᠭ︾ ᠤᠨ ᠡᠩᠨᠡᠭᠡᠨ ᠳᠤ ᠵᠢᠭᠰᠠᠵᠤ᠂ 450 ᠳ᠋ᠦᠩᠰᠢᠭᠤᠷ ᠲᠦᠭᠦᠷᠢᠭ ᠤᠨ ᠰᠤᠯᠢᠯᠴᠠᠭᠠᠨ ᠤ ᠦᠷᠲᠡᠭ ᠢ | ᠪᠡᠶᠡᠯᠡᠭᠦᠯᠪᠡ᠃ ᠮᠦᠩᠭᠦᠨ ᠭᠦᠢᠯᠭᠡᠭᠡ ᠪᠠᠷᠠᠭᠠᠨ ᠭᠦᠢᠯᠭᠡᠭᠡᠨ ᠤ ᠭᠠᠷᠠᠮ ᠤᠨ ᠬᠤᠶᠠᠳᠤᠭᠠᠷ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠠᠵᠢᠯ ᠳᠠᠭᠤᠰᠤᠨ ᠡᠵᠡᠩᠨᠡᠵᠤ᠂ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ | ᠲᠤᠷᠰᠢᠯᠲᠠ ᠶᠢᠨ ᠴᠡᠭ ᠪᠤᠯᠪᠠ᠃ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠲᠤ ᠤᠷᠤᠵᠤ | ᠰᠠᠭᠤᠷᠢᠰᠢᠭᠰᠠᠨ ᠠᠵᠤ ᠠᠬᠤᠶᠢᠯᠠᠯ 30 ᠪᠠᠶᠢᠵᠤ᠂ ᠰᠤᠯᠢᠯᠴᠠᠭᠠᠨ ᠤ ᠦᠷᠲᠡᠭ 1 ᠳ᠋ᠦᠩᠰᠢᠭᠤᠷ ᠲᠦᠭᠦᠷᠢᠭ ᠢ | ᠳᠠᠪᠠᠨ᠂ 5.6 ᠳᠠᠬᠢᠨ ᠨᠡᠮᠡᠭᠳᠡᠪᠡ︔ ᠤᠯᠠᠭᠠᠨᠬᠠᠳᠠ ᠮᠠᠨᠵᠤᠤᠷ ᠡᠸᠦ᠋ᠷᠦᠫᠡ ᠤᠯᠠᠨ ᠤᠯᠤᠰ ᠤᠨ ᠪᠠᠷᠠᠭᠠᠨ ᠤ | ᠲᠡᠭᠡᠭᠡᠪᠦᠷᠢ ᠶᠢᠨ ᠭᠠᠯᠲᠤ ᠶᠢ ᠨᠡᠪᠲᠡᠷᠡᠭᠦᠯᠵᠦ᠂ ᠭᠠᠶᠢᠯᠢ ᠪᠠᠲᠤᠯᠠᠬᠤ ᠲᠠᠸᠠᠷ ᠤᠨ ᠰᠢᠭᠤᠳ ᠡᠵᠡᠩᠨᠡᠯᠲᠡ ᠶᠢᠨ | ᠳᠡᠯᠭᠡᠭᠦᠷ 10 ᠶᠢ ᠦᠷᠭᠡᠳᠬᠡᠪᠡ︔ ᠪᠤᠭᠤᠮᠲᠠ ᠶᠢᠨ ᠶᠡᠷᠦᠩᠬᠡᠢ ᠵᠠᠬᠢᠷᠭ᠎ᠠ ᠠᠴᠠ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠭᠠᠶᠢᠯᠢ ᠪᠠᠲᠤᠯᠠᠬᠤ᠂ ᠭᠠᠳᠠᠭᠠᠳᠤ ᠠᠴᠠ ᠤᠷᠤᠭᠤᠯᠬᠤ ᠠᠵᠢᠯ ᠢ ᠬᠢᠨᠠᠨ ᠵᠦᠪᠰᠢᠶᠡᠷᠡᠵᠦ᠂ ︽ | ᠤᠯᠠᠭᠠᠨᠬᠠᠳᠠ ᠬᠤᠳᠠᠯᠳᠤᠭ᠎ᠠ︾ ᠰᠦᠯᠵᠢᠶᠡᠨ ᠳᠤ ᠨᠡᠪᠲᠡᠷᠡᠨ ᠡᠵᠡᠩᠨᠡᠪᠡ᠃ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠤᠷᠤᠨ ᠲᠡᠮᠦᠷ ᠵᠠᠮ ᠤᠨ ᠪᠠᠷᠠᠭᠠᠨ ᠤ ᠲᠠᠯᠠᠪᠠᠢ ᠪᠤᠯᠤᠨ ᠲᠤᠰᠬᠠᠢ ᠱᠤᠭᠤᠮ ᠪᠠᠶᠢᠭᠤᠯᠤᠯᠲᠠ | ᠳᠠᠭᠤᠰᠤᠨ ᠡᠵᠡᠩᠨᠡᠪᠡ᠃ ᠵᠢᠭᠤᠯᠴᠢᠯᠠᠯ ᠤᠨ ᠦᠢᠯᠡᠰ ᠲᠦᠷᠭᠡᠪᠴᠢᠯᠡᠨ ᠬᠦᠭᠵᠢᠵᠦ᠂ ᠵᠢᠭᠤᠯᠴᠢᠯᠠᠯ ᠤᠨ ᠤᠷᠤᠯᠭ᠎ᠠ | 50 ᠳ᠋ᠦᠩᠰᠢᠭᠤᠷ ᠲᠦᠭᠦᠷᠢᠭ ᠬᠦᠷᠴᠦ᠂ 12.6% ᠪᠠᠷ ᠨᠡᠮᠡᠭᠳᠡᠪᠡ᠃ ᠸᠠᠨ ᠶᠤᠸᠠᠢ ᠬᠤᠲᠠ ᠶᠢᠨ ᠠᠭᠤᠳᠠᠮ | ᠲᠠᠯᠠᠪᠠᠢ᠂ ᠯᠦᠩ ᠲᠧᠩ ᠭᠦᠸᠧ ᠵᠢᠢ ᠠᠭᠤᠳᠠᠮ ᠲᠠᠯᠠᠪᠠᠢ ᠵᠡᠷᠭᠡ ᠤᠳᠤ ᠦᠶ᠎ᠡ ᠶᠢᠨ ᠬᠤᠲᠠ ᠶᠢᠨ ᠶᠡᠷᠦᠩᠬᠡᠶᠢᠯᠡᠭᠰᠡᠨ | ᠴᠤᠭᠴᠠ ᠪᠤᠯᠤᠨ ᠪᠤᠯᠤᠳ ᠤᠨ ᠬᠤᠲᠠ᠂ ᠴᠢᠯᠠᠭᠤᠨ ᠮᠠᠲ᠋ᠧᠷᠢᠶᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ | ᠤᠷᠤᠭᠰᠢᠲᠠᠢ ᠶᠠᠪᠤᠭᠳᠠᠪᠠ᠃ ᠮᠦᠩᠭᠦᠨ ᠭᠦᠢᠯᠭᠡᠭᠡ᠂ ᠳᠠᠭᠠᠳᠬᠠᠯ᠂ ᠰᠤᠷᠠᠭ ᠵᠠᠩᠭᠢ᠂ ᠠᠰᠠᠭᠤᠨ ᠯᠠᠪᠯᠠᠬᠤ᠂ | ᠵᠠᠭᠤᠴᠢ᠂ ᠳᠡᠯᠭᠡᠨ ᠦᠵᠡᠭᠦᠯᠭᠡ ᠵᠡᠷᠭᠡ ᠡᠯ᠎ᠡ ᠲᠦᠷᠦᠯ ᠤᠨ ᠦᠢᠯᠡᠴᠢᠯᠡᠭᠡᠨ ᠤ ᠦᠢᠯᠡᠰ ᠲᠦᠷᠭᠡᠪᠴᠢᠯᠡᠨ ᠬᠦᠭᠵᠢᠪᠡ᠃ | ᠮᠠᠨ ᠤ ᠲᠤᠭᠤᠷᠢᠭ ᠠᠮᠵᠢᠯᠲᠠ ᠲᠠᠢ ᠪᠠᠷ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠪᠤᠯᠪᠠ᠃ | ︵ᠭᠤᠷᠪᠠ︶ ᠬᠤᠲᠠ ᠶᠢᠨ ᠤᠷᠤᠰᠢᠨ ᠰᠠᠭᠤᠬᠤ ᠬᠢᠷᠢ ᠲᠦᠪᠰᠢᠨ ᠪᠦᠲᠦᠮᠵᠢᠲᠡᠢ ᠳᠡᠭᠡᠭᠰᠢᠯᠡᠪᠡ᠃ ᠲᠢᠶᠧ | ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠲᠦᠪᠬᠢᠨᠡᠭᠦᠯᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠶᠡᠷᠦᠩᠬᠡᠢ ᠰᠠᠶᠢᠳ ᠲᠤ ᠠᠮᠠᠯᠠᠭᠰᠠᠨ ᠢᠶᠠᠨ ᠬᠤᠭᠤᠴᠠᠭ᠎ᠠ ᠶᠤᠰᠤᠭᠠᠷ ᠪᠡᠶᠡᠯᠡᠭᠦᠯᠪᠡ᠃ | ᠪᠤᠰᠤᠳ ᠳᠦᠭᠦᠮ ᠪᠦᠲᠦᠴᠡᠲᠦ ᠤᠷᠤᠨ ᠰᠠᠭᠤᠴᠠ ᠶᠢ ᠲᠦᠪᠯᠡᠷᠡᠭᠦᠯᠦᠨ ᠦᠭᠡᠷᠡᠴᠢᠯᠡᠨ ᠪᠠᠶᠢᠭᠤᠯᠬᠤ ᠠᠵᠢᠯ ᠤᠨ | ᠪᠡᠯᠡᠳᠬᠡᠯ ᠠᠵᠢᠯ ᠳᠠᠭᠤᠰᠪᠠ᠃ ᠬᠤᠷᠢᠶᠠᠨ ᠲᠠᠲᠠᠪᠤᠷᠢᠯᠠᠬᠤ ᠢᠨᠵᠧᠨᠧᠷᠢᠩ ᠵᠢᠴᠢ ᠲᠠᠰᠤᠭ ᠪᠤᠰᠤᠭ ᠳᠦᠭᠦᠮ | ᠪᠦᠲᠦᠴᠡᠲᠦ ᠤᠷᠤᠨ ᠰᠠᠭᠤᠴᠠ 16.4 ᠲᠦᠮᠡᠨ ᠲᠡᠭᠰᠢ ᠳᠦᠷᠪᠡᠯᠵᠢᠨ ᠮᠧᠲᠷ᠃ ᠲᠢᠶᠧ ᠨᠠᠨ ᠶᠡᠭᠡ ᠵᠡᠭᠡᠯᠢ ᠪᠤᠯᠤᠨ | 306 ᠤᠯᠤᠰ ᠤᠨ ᠵᠠᠮ ᠪᠦᠬᠦ ᠱᠤᠭᠤᠮ ᠢᠶᠠᠷ ᠨᠡᠪᠲᠡᠷᠡᠨ᠂ ᠤᠴᠢ ᠵᠠᠮ ᠤᠨ ᠬᠦᠭᠦᠷᠭᠡ ᠪᠤᠯᠤᠨ ᠬᠤᠲᠠ ᠶᠢᠨ | ᠡᠮᠦᠨᠡᠬᠢ ᠪᠤᠰᠤᠭ᠎ᠠ ᠰᠤᠯᠪᠢᠴᠠᠲᠤ ᠬᠦᠭᠦᠷᠭᠡ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ᠂ 10 ᠵᠤᠷᠪᠤᠰ ᠵᠡᠭᠡᠯᠢ | ᠭᠤᠳᠤᠮ ᠢ ᠴᠡᠭᠴᠡᠯᠡᠨ ᠵᠠᠰᠠᠵᠤ᠂ 28 ᠲᠦᠮᠡᠨ ᠲᠡᠭᠰᠢ ᠳᠦᠷᠪᠡᠯᠵᠢᠨ ᠮᠧᠲᠷ ᠵᠠᠮ ᠢ ᠵᠠᠰᠠᠨ᠂ 3650 ᠲᠡᠷᠭᠡᠨ | ᠵᠤᠭᠰᠤᠭᠠᠯ ᠢ ᠰᠢᠨ᠎ᠡ ᠪᠠᠷ ᠪᠠᠶᠢᠭᠤᠯᠪᠠ᠃ ᠹᠦ᠋ ᠯᠦᠩ 3×116 ᠰᠠᠶ᠎ᠠ ᠸᠠᠲ ᠬᠠᠯᠠᠭᠤᠨ ᠤᠰᠤᠨ ᠤ ᠵᠤᠤᠬ᠎ᠠ 1 | ᠨᠤᠮᠧᠷᠲᠤ ᠮᠠᠰᠢᠨ ᠤ ᠳᠤᠭᠤᠶᠢᠯᠠᠩ ᠲᠤᠤᠷ ᠨᠡᠶᠢᠯᠡᠭᠦᠯᠦᠨ ᠳᠤᠯᠠᠭᠠᠯᠠᠭ᠎ᠠ ᠬᠠᠩᠭᠠᠪᠠ᠃ 18 ᠺᠢᠯᠦᠮᠧᠲᠷ ᠤᠨ | ᠳᠤᠯᠠᠭᠠᠯᠠᠭ᠎ᠠ ᠶᠢᠨ ᠬᠤᠭᠤᠯᠠᠢ ᠰᠢᠨ᠎ᠡ ᠪᠠᠷ ᠨᠡᠮᠡᠵᠦ᠂ 126 ᠺᠢᠯᠦᠮᠧᠲᠷ ᠤᠨ ᠪᠤᠬᠢᠷ ᠤᠰᠤᠨ ᠤ ᠬᠤᠭᠤᠯᠠᠢ ᠶᠢ | ᠨᠡᠪᠲᠡᠷᠡᠭᠦᠯᠦᠨ᠂ 1000 ᠡᠷᠦᠬᠡ ᠶᠢᠨ ᠭᠡᠷ ᠬᠦᠷᠢᠶᠡᠨ ᠤ ᠰᠦᠯᠵᠢᠶᠡᠨ ᠲᠤᠤᠷ ᠢ ᠪᠠᠴᠢᠮ ᠦᠭᠡᠷᠡᠴᠢᠯᠡᠪᠡ᠃ | ᠤᠯᠤᠰ ᠤᠨ ᠴᠡᠴᠡᠷᠯᠢᠭ ᠤᠨ ᠬᠤᠲᠠ ᠶᠢ ᠢᠳᠡᠪᠬᠢᠲᠡᠢ ᠪᠠᠶᠢᠭᠤᠯᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠪᠤᠯᠤᠨ | ᠤᠯᠤᠰ ᠤᠨ ᠵᠠᠮ᠂ ᠮᠤᠵᠢ ᠶᠢᠨ ᠵᠠᠮ ᠵᠡᠷᠭᠡ ᠭᠤᠤᠯᠳᠠᠯᠭ᠎ᠠ ᠲᠠᠢ ᠤᠷᠤᠨ ᠤ ᠤᠶᠢᠵᠢᠭᠤᠯᠤᠯᠲᠠ ᠶᠢ ᠶᠡᠬᠡᠪᠡᠷ | ᠠᠬᠢᠭᠤᠯᠵᠤ᠂ 1 ᠲᠦᠮᠡᠨ ᠮᠦ ᠭᠠᠵᠠᠷ ᠢ ᠵᠠᠰᠠᠨ ᠤᠶᠢᠵᠢᠭᠤᠯᠤᠭᠰᠠᠨ ᠪᠠ ᠰᠢᠨ᠎ᠡ ᠪᠠᠷ ᠤᠶᠢᠵᠢᠭᠤᠯᠵᠠᠢ᠃ ᠢᠳᠡᠭᠡᠨ | ᠤᠮᠳᠠᠭᠠᠨ ᠤ ᠦᠢᠯᠡᠰ ᠤᠨ ᠬᠠᠶᠠᠭᠳᠠᠮᠠᠯ ᠪᠤᠳᠠᠰ ᠢ ᠡᠷᠭᠢᠯᠳᠦᠭᠦᠯᠦᠨ ᠠᠰᠢᠭᠯᠠᠬᠤ ᠪᠠ ᠬᠤᠤᠷ ᠦᠭᠡᠶᠢᠲᠡᠭᠦᠯᠦᠨ | ᠰᠢᠢᠳᠪᠦᠷᠢᠯᠡᠬᠦ ᠢᠨᠵᠧᠨᠧᠷᠢᠩ ᠢ ᠡᠬᠢᠯᠡᠭᠦᠯᠪᠡ᠃ ᠤᠷᠴᠢᠨ ᠲᠤᠭᠤᠷᠢᠨ ᠤ ᠨᠢᠭᠤᠭᠳᠠᠮᠠᠯ᠂ ᠳᠤᠪᠤᠶᠢᠮ᠎ᠠ | ᠠᠰᠠᠭᠤᠳᠠᠯ ᠳᠤ ᠪᠠᠶᠢᠴᠠᠭᠠᠨ ᠴᠡᠭᠴᠡᠯᠡᠯᠲᠡ ᠬᠢᠵᠦ᠂ 11 ᠭᠤᠤᠯᠳᠠᠯᠭ᠎ᠠ ᠲᠠᠢ ᠪᠤᠬᠢᠷᠳᠤᠯ ᠢ ᠪᠠᠭᠠᠰᠬᠠᠬᠤ | ᠢᠨᠵᠧᠨᠧᠷᠢᠩ ᠢ ᠭᠦᠢᠴᠡᠳᠬᠡᠨ᠂ 5000 ᠡᠷᠦᠬᠡ ᠶᠢᠨ ᠪᠠᠶᠢᠰᠢᠩ ᠤᠨ ᠨᠡᠭᠦᠷᠡᠰᠦᠨ ᠵᠤᠤᠬ᠎ᠠ ᠶᠢ ᠦᠭᠡᠷᠡᠴᠢᠯᠡᠨ | ᠪᠠᠶᠢᠭᠤᠯᠵᠤ᠂ ᠤᠷᠴᠢᠨ ᠲᠤᠭᠤᠷᠢᠨ ᠤ ᠶᠠᠰᠤ ᠴᠢᠨᠠᠷ ᠰᠠᠶᠢᠨ ᠡᠳᠦᠷ 314 ᠬᠦᠷᠪᠡ᠃ ᠬᠠᠤᠯᠢ ᠬᠡᠷᠡᠭᠵᠢᠭᠦᠯᠬᠦ | ᠭᠤᠤᠯᠯᠠᠭᠴᠢ ᠶᠢ ᠳᠤᠷᠤᠭᠰᠢ ᠰᠢᠯᠵᠢᠭᠦᠯᠬᠦ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠰᠢᠰᠲ᠋ᠧᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ᠲᠠᠪᠤᠨ ᠶᠡᠭᠡ ᠠᠵᠢᠯᠯᠠᠭ᠎ᠠ︾ ᠶᠢ ᠦᠷᠨᠢᠭᠦᠯᠦᠨ᠂ | 8 ᠲᠦᠮᠡᠨ ᠲᠡᠭᠰᠢ ᠳᠦᠷᠪᠡᠯᠵᠢᠨ ᠮᠧᠲᠷ ᠤᠨ ᠳᠦᠷᠢᠮ ᠵᠦᠷᠢᠴᠡᠭᠰᠡᠨ ᠪᠠᠷᠢᠯᠭ᠎ᠠ ᠶᠢ ᠨᠤᠷᠠᠭᠠᠯᠭᠠᠵᠤ᠂ 220 ᠬᠤᠲᠠᠨ | ᠳᠤᠮᠳᠠᠬᠢ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠦᠷᠲᠡᠭᠡ ᠶᠢ ᠦᠭᠡᠶᠢᠰᠬᠡᠨ᠂ 1.1 ᠲᠦᠮᠡᠨ ᠤᠳᠠᠭ᠎ᠠ | ᠳᠡᠯᠭᠡᠭᠦᠷ ᠤᠨ ᠵᠠᠳᠠᠭᠠᠢ ᠡᠵᠡᠩᠨᠡᠭᠰᠡᠨ ᠠᠵᠢᠯᠯᠠᠭ᠎ᠠ ᠶᠢ ᠵᠤᠭᠰᠤᠭᠠᠵᠤ᠂ 1500 ᠰᠢᠯᠵᠢᠮᠡᠯ ᠳᠡᠯᠭᠡᠭᠦᠷ ᠢ ᠴᠡᠭᠴᠡᠯᠡᠵᠦ᠂ | 100 ᠲᠦᠮᠡᠨ ᠲᠤᠨ ᠬᠤᠷᠠᠮᠠᠯ ᠯᠤᠪᠰᠢ ᠶᠢ ᠠᠷᠢᠯᠭᠠᠨ᠂ ᠬᠤᠲᠠ ᠪᠠᠯᠭᠠᠰᠤᠨ ᠤ ᠤᠷᠴᠢᠨ ᠲᠤᠭᠤᠷᠢᠨ ᠢᠯᠡᠷᠬᠡᠢ | ᠰᠠᠶᠢᠵᠢᠷᠠᠪᠠ᠃ ᠤᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠶᠤᠨᠴᠢ ᠬᠤᠲᠠ ᠶᠢᠨ | ᠪᠠᠶᠢᠭᠤᠯᠤᠯᠲᠠ ᠳᠤ ᠲᠤᠰᠬᠠᠢ ᠬᠡᠷᠡᠭᠰᠡᠬᠦ ᠭᠡᠷᠡᠯ ᠰᠢᠷᠬᠡᠭ ᠭᠤᠤᠯ ᠲᠤᠤᠷ᠂ ᠡᠵᠡᠩᠨᠡᠯᠲᠡ ᠶᠢᠨ ᠵᠢᠯᠤᠭᠤᠳᠬᠤ ᠲᠦᠪ᠂ | ᠤᠯᠠᠨ ᠨᠡᠶᠢᠲᠡ ᠶᠢᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ ᠤᠨ ᠨᠢᠭᠡᠳᠦᠭᠡᠷ ᠬᠤᠭᠤᠴᠠᠭ᠎ᠠ ᠵᠡᠷᠭᠡ ᠰᠠᠭᠤᠷᠢ | ᠢᠨᠵᠧᠨᠧᠷᠢᠩ ᠢ ᠪᠠᠶᠢᠭᠤᠯᠵᠤ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠨᠡᠶᠢᠭᠡᠮ ᠲᠤᠭᠤᠷᠢᠭ ᠵᠡᠷᠭᠡ | ᠬᠡᠷᠡᠭᠯᠡᠭᠡᠨ ᠤ ᠲᠦᠷᠦᠯ ᠵᠦᠢᠯ ᠢ ᠠᠬᠢᠭᠤᠯᠤᠨ᠂ ᠬᠤᠲᠠ ᠶᠢᠨ ᠴᠡᠭᠴᠡᠯᠡᠨ ᠵᠠᠰᠠᠯᠲᠠ ᠶᠢᠨ ᠨᠠᠷᠢᠯᠢᠭᠵᠢᠯᠲᠠ᠂ ᠰᠤᠷᠠᠭ | ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ︵ᠳᠦᠷᠪᠡ︶ ᠦᠵᠡᠰᠬᠦᠯᠡᠩᠲᠦ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠢᠯᠡᠷᠬᠡᠢ ᠪᠦᠲᠦᠮᠵᠢ | ᠤᠯᠪᠠ᠃ 7.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠦᠵᠡᠰᠬᠦᠯᠡᠩᠲᠦ ᠬᠦᠳᠡᠭᠡ ᠲᠤᠰᠬᠤᠨ ᠤ | ᠪᠦᠲᠦᠭᠡᠨ ᠪᠠᠶᠢᠭᠤᠯᠤᠯᠲᠠ ᠶᠢ ᠦᠨᠳᠦᠷ ᠪᠠᠷᠢᠮᠵᠢᠶ᠎ᠠ᠂ ᠦᠨᠳᠦᠷ ᠳᠡᠰ ᠢᠶᠠᠷ ᠲᠦᠯᠬᠢᠨ ᠠᠬᠢᠭᠤᠯᠵᠤ᠂ ᠬᠦᠳᠡᠭᠡ | ᠲᠤᠰᠬᠤᠨ ᠤ ᠳᠦᠷᠰᠦ ᠪᠠᠶᠢᠳᠠᠯ ᠲᠡᠦᠬᠡᠲᠦ ᠴᠢᠨᠡᠷᠲᠡᠢ ᠬᠤᠪᠢᠰᠤᠯᠲᠠ ᠭᠠᠷᠪᠠ᠃ 2489 ᠡᠷᠦᠬᠡ ᠶᠢᠨ ᠠᠶᠤᠯᠲᠠᠢ | ᠭᠡᠷ ᠪᠠᠶᠢᠰᠢᠩ ᠪᠠ ᠰᠢᠷᠤᠢ ᠶᠢᠨ ᠪᠠᠶᠢᠰᠢᠩ ᠢ ᠦᠭᠡᠷᠡᠴᠢᠯᠡᠨ ᠪᠠᠶᠢᠭᠤᠯᠵᠤ᠂ 359 ᠺᠢᠯᠦᠮᠧᠲᠷ ᠲᠤᠰᠬᠤᠨ ᠤ | ᠬᠤᠭᠤᠷᠤᠨᠳᠤᠬᠢ ᠵᠠᠮ ᠪᠠ ᠵᠠᠭᠡᠯᠢ ᠭᠤᠳᠤᠮᠵᠢ ᠶᠢ ᠳᠡᠪᠢᠰᠴᠦ ᠨᠡᠪᠲᠡᠷᠡᠭᠦᠯᠦᠨ᠂ 3 ᠠᠮᠤᠷ ᠲᠦᠪᠰᠢᠨ ᠢᠳᠡᠬᠦ | ᠤᠰᠤᠨ ᠤ ᠢᠨᠵᠧᠨᠧᠷᠢᠩ᠂ 7 ᠬᠦᠳᠡᠭᠡ ᠲᠤᠰᠬᠤᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠪ᠂ 35 | ᠭᠤᠤᠯ ᠰᠡᠳᠦᠪᠲᠦ ᠰᠤᠶᠤᠯ ᠤᠨ ᠦᠷᠦᠭᠡ ᠪᠤᠯᠤᠨ ᠡᠷᠡᠭᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠨᠡᠮᠡᠨ᠂ 42 | ᠰᠤᠶᠤᠯ ᠲᠠᠮᠢᠷ ᠤᠨ ᠠᠭᠤᠳᠠᠮ ᠲᠠᠯᠠᠪᠠᠢ ᠶᠢ ᠪᠠᠶᠢᠭᠤᠯᠵᠤ᠂ 20 ᠠᠷᠠᠳ ᠲᠤ ᠳᠦᠭᠦᠮ ᠦᠵᠡᠭᠦᠯᠬᠦ ᠬᠤᠯᠪᠤᠭᠠᠲᠤ | ᠬᠡᠲᠦ ᠳᠡᠯᠭᠡᠭᠦᠷ ᠢ ᠳᠡᠰ ᠳᠡᠪᠰᠢᠭᠦᠯᠪᠡ᠃ ᠭᠤᠸᠠᠵᠢᠭᠤᠯᠬᠤ ᠤᠶᠢᠵᠢᠭᠤᠯᠬᠤ ᠴᠡᠪᠡᠷᠵᠢᠭᠦᠯᠬᠦ ᠢᠨᠵᠧᠨᠧᠷᠢᠩ ᠢ | ᠲᠦᠯᠬᠢᠨ ᠠᠬᠢᠭᠤᠯᠵᠤ᠂ ᠪᠠᠶᠢᠭᠠᠯᠢᠯᠢᠭ ᠲᠤᠰᠬᠤᠨ ᠪᠦᠷᠢ ᠳᠤ ᠴᠡᠪᠡᠷᠯᠡᠭᠴᠢ᠂ ᠨᠡᠶᠢᠲᠡ ᠶᠢᠨ ᠵᠤᠷᠯᠤᠩ ᠵᠢᠴᠢ ᠬᠤᠭ | ᠯᠤᠪᠰᠢ ᠬᠤᠷᠢᠶᠠᠨ ᠬᠠᠳᠠᠭᠠᠯᠠᠬᠤ ᠲᠦᠬᠦᠭᠡᠷᠦᠮᠵᠢ ᠲᠤᠬᠢᠷᠠᠭᠤᠯᠤᠨ᠂ ᠬᠤᠲᠠ ᠪᠠᠯᠭᠠᠰᠤᠨ ᠤ ᠤᠷᠴᠢᠨ ᠲᠤᠭᠤᠷᠢᠨ ᠢ | ᠬᠠᠮᠠᠭᠠᠯᠠᠬᠤ ᠪᠠ ᠴᠡᠪᠡᠷᠯᠡᠬᠦ ᠶᠢ ᠨᠢᠭᠡ ᠴᠤᠭᠴᠠᠵᠢᠭᠤᠯᠪᠠ᠃ ᠬᠦᠳᠡᠭᠡ ᠲᠤᠰᠬᠤᠨ ᠤ ᠵᠤᠭᠠᠴᠠᠯ ᠢ ᠶᠡᠭᠡ ᠬᠦᠴᠦᠨ ᠢᠶᠠᠷ | ᠬᠦᠭᠵᠢᠭᠦᠯᠵᠦ᠂ ᠵᠠᠭᠤᠨ ᠭᠠᠵᠠᠷ ᠤᠨ ᠬᠦᠳᠡᠭᠡ ᠲᠤᠰᠬᠤᠨ ᠤ ᠵᠤᠭᠠᠴᠠᠯ ᠤᠨ ᠦᠵᠡᠮᠵᠢ ᠶᠢᠨ ᠪᠦᠰᠡ ᠶᠢ ᠪᠠᠶᠢᠭᠤᠯᠤᠨ᠂ | 58 ᠰᠡᠯᠡᠭᠦᠴᠡᠯ ᠲᠠᠷᠢᠮᠠᠯ ᠤᠨ ᠬᠦᠷᠢᠶᠡᠯᠡᠩ ᠵᠡᠷᠭᠡ ᠬᠦᠳᠡᠭᠡ ᠲᠤᠰᠬᠤᠨ ᠤ ᠵᠤᠭᠠᠴᠠᠯ ᠤᠨ ᠪᠦᠲᠦᠭᠡᠭᠳᠡᠭᠦᠨ ᠢ | ᠡᠭᠦᠳᠦᠨ ᠨᠡᠭᠡᠭᠡᠵᠦ᠂ ︽ᠦᠪᠡᠷᠲᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ | ᠵᠤᠭᠠᠴᠠᠯ ᠤᠨ ᠵᠢᠱᠢᠶᠡᠴᠢ ᠤᠷᠤᠨ︾ ᠤ ᠡᠩᠨᠡᠭᠡᠨ ᠳᠤ ᠠᠮᠵᠢᠯᠲᠠ ᠲᠠᠢ ᠪᠠᠷ ᠵᠢᠭᠰᠠᠪᠠ᠃ ︽3661︾ | ᠢᠨᠵᠧᠨᠧᠷᠢᠩ ᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ 3000 ᠮᠦ ᠲᠦᠬᠦᠭᠡᠷᠦᠮᠵᠢ ᠶᠢᠨ ᠲᠠᠷᠢᠶᠠᠯᠠᠩ ᠢ | ᠦᠭᠡᠷᠡᠴᠢᠯᠡᠨ ᠰᠢᠯᠢᠳᠡᠭᠵᠢᠭᠦᠯᠦᠭᠰᠡᠨ ᠪᠠ ᠰᠢᠨ᠎ᠡ ᠪᠠᠷ ᠨᠡᠮᠡᠵᠡᠢ᠃ 2.8 ᠲᠦᠮᠡᠨ ᠮᠦ ᠡᠷᠳᠡᠨᠢ ᠰᠢᠰᠢ ᠲᠠᠷᠢᠬᠤ | ᠲᠠᠯᠠᠪᠠᠢ ᠶᠢ ᠪᠠᠭᠠᠰᠬᠠᠨ᠂ ᠭᠠᠵᠠᠷ ᠰᠢᠷᠤᠢ ᠶᠢ ᠡᠷᠭᠢᠯᠳᠦᠭᠦᠯᠦᠨ ᠠᠰᠢᠭᠯᠠᠬᠤ ᠨᠤᠷᠮ᠎ᠠ᠂ ᠬᠤᠷᠰᠢᠨ ᠪᠠᠶᠢᠭᠤᠯᠬᠤ | ᠪᠦᠷᠬᠦᠴᠡ ᠶᠢᠨ ᠨᠤᠷᠮ᠎ᠠ ᠪᠤᠯᠤᠨ ᠲᠠᠷᠢᠶᠠᠯᠠᠩ ᠤᠨ ᠪᠦᠲᠦᠭᠡᠭᠳᠡᠭᠦᠨ ᠤ ᠲᠤᠬᠠᠢ ᠶᠢᠨ ᠭᠠᠵᠠᠷ ᠲᠤᠨᠢ ᠪᠤᠯᠪᠠᠰᠤᠷᠠᠭᠤᠯᠬᠤ | ᠨᠤᠷᠮ᠎ᠠ ᠲᠤᠰᠪᠤᠷᠢ 45.5%᠂ 48.8% ᠪᠠ 56% ᠬᠦᠷᠴᠦ᠂ ᠳ᠋ᠦᠩ ᠯᠢ ᠨᠤᠤᠰᠤᠨ ᠨᠡᠬᠡᠮᠡᠯ ᠨᠢ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠤᠯᠳᠠᠯᠭ᠎ᠠ ᠲᠠᠢ ᠲᠤᠯᠤᠭᠠᠶᠢᠯᠠᠭᠴᠢ ᠠᠵᠤ ᠠᠬᠤᠶᠢᠯᠠᠯ | ᠪᠤᠯᠪᠠ᠃ | ︵ᠲᠠᠪᠤ︶ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠭᠴᠢ ᠬᠦᠴᠦᠨ ᠲᠠᠰᠤᠷᠠᠯᠲᠠ ᠦᠭᠡᠢ ᠴᠢᠩᠭᠠᠷᠠᠪᠠ | ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠵᠤ ᠳᠠᠭᠤᠰᠤᠨ᠂ ᠲᠤᠭᠤᠷᠢᠭ ᠪᠠᠯᠭᠠᠰᠤ ᠲᠤᠰᠬᠤᠨ ᠤ ᠭᠤᠷᠪᠠᠨ | ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠪᠠᠲᠤᠲᠠᠢ | ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭ ᠶᠠᠪᠤᠳᠠᠯ ᠤᠨ ᠬᠢᠨᠠᠨ ᠵᠦᠪᠰᠢᠶᠡᠷᠡᠬᠦ ᠴᠠᠭ ᠤᠨ | ᠬᠢᠵᠠᠭᠠᠷ ᠢ 25% ᠪᠠᠷ ᠪᠠᠭᠠᠰᠬᠠᠪᠠ᠃ ᠠᠵᠤ ᠠᠬᠤᠶᠢᠯᠠᠯ ᠤᠨ ︽ᠲᠠᠪᠤᠨ ᠦᠨᠡᠮᠯᠡᠯ ᠢ ᠨᠢᠭᠡᠳᠬᠡᠨ ᠨᠢᠭᠡ ᠪᠣᠯᠭᠠᠵᠤ᠂ | ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠪᠤᠯᠤᠨ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠬᠦ︾ ᠳᠠᠩᠰᠠᠯᠠᠨ ᠲᠡᠮᠳᠡᠭᠯᠡᠬᠦ | ᠳᠦᠷᠢᠮ ᠢ ᠠᠬᠢᠭᠤᠯᠵᠤ᠂ 9000 ᠢᠯᠡᠭᠦᠦ ᠡᠷᠦᠬᠡ ᠵᠠᠬ᠎ᠠ ᠳᠡᠯᠭᠡᠭᠦᠷ ᠤᠨ ᠭᠤᠤᠯ ᠴᠤᠭᠴᠠ ᠰᠢᠨ᠎ᠡ ᠪᠠᠷ ᠨᠡᠮᠡᠭᠳᠡᠵᠡᠢ | ᠃ ︽ᠨᠢᠭᠡ ᠨᠠᠷᠢᠨ ᠳᠠᠩᠰᠠ᠂ ᠬᠤᠶᠠᠷ ᠬᠦᠮᠦᠷᠭᠡ᠂ ᠨᠢᠭᠡ ᠨᠠᠷᠢᠨ ᠳᠦᠷᠢᠮ︾ ᠢ ᠪᠠᠶᠢᠭᠤᠯᠤᠨ᠂ ︽ᠬᠤᠶᠠᠷ | ᠳᠠᠰᠢᠷᠠᠮ ᠢᠶᠠᠷ᠂ ᠨᠢᠭᠡ ᠢᠯᠡ ᠪᠤᠯᠭᠠᠬᠤ︾ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢ ᠲᠦᠯᠬᠢᠨ ᠠᠬᠢᠭᠤᠯᠪᠠ᠃ | ᠵᠠᠰᠠᠭ ᠤᠨ ᠤᠷᠳᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠦᠭᠡᠷᠡᠴᠢᠯᠡᠯᠲᠡ ᠶᠢ ᠶᠡᠭᠡ | ᠬᠦᠴᠦᠨ ᠢᠶᠠᠷ ᠠᠬᠢᠭᠤᠯᠪᠠ᠃ ᠢᠳᠡᠪᠬᠢᠲᠡᠢ ᠪᠠᠷ ᠪᠡᠯᠡ ᠤᠷᠤᠭᠤᠯᠤᠯᠲᠠ ᠬᠦᠷᠦᠩᠭᠡ ᠤᠷᠤᠭᠤᠯᠤᠯᠲᠠ ᠶᠢᠨ | ᠲᠤᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠰᠠᠭᠤᠷᠢ ᠮᠦᠩᠭᠦ᠂ PPP ᠵᠡᠷᠭᠡ ᠠᠷᠭ᠎ᠠ | ᠠᠪᠴᠠᠯ ᠢᠶᠠᠷ 80 ᠳ᠋ᠦᠩᠰᠢᠭᠤᠷ ᠲᠦᠭᠦᠷᠢᠭ ᠤᠨ ᠬᠦᠷᠦᠩᠭᠡ ᠤᠷᠤᠭᠤᠯᠪᠠ᠃ ᠮᠦᠩᠭᠦᠨ ᠭᠦᠢᠯᠭᠡᠭᠡᠨ ᠤ | ᠦᠢᠯᠡᠴᠢᠯᠡᠭᠡᠨ ᠤ ᠠᠷᠪᠠᠨ ᠵᠦᠢᠯ ᠤᠨ ᠠᠷᠭ᠎ᠠ ᠠᠪᠴᠠᠯ ᠭᠠᠷᠭᠠᠵᠤ᠂ ᠭᠤᠤᠯᠳᠠᠯᠭ᠎ᠠ ᠲᠠᠢ ᠳᠤᠮᠳᠠ ᠵᠢᠵᠢᠭ ᠠᠵᠤ | ᠠᠬᠤᠶᠢᠯᠠᠯ ᠳᠤ ᠤᠯᠤᠰ ᠤᠨ ᠲᠤᠰᠬᠠᠢ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ ᠪᠤᠯᠤᠨ ᠡᠯ᠎ᠡ | ᠲᠦᠷᠦᠯ ᠤᠨ ᠵᠢᠭᠡᠯᠡᠯᠭᠡ 8.8 ᠳ᠋ᠦᠩᠰᠢᠭᠤᠷ ᠲᠦᠭᠦᠷᠢᠭ ᠤᠯᠭᠤᠵᠤ᠂ ᠵᠢᠶᠠ ᠪᠤᠤ ᠱᠢ ᠠᠮᠢᠳᠤ ᠪᠤᠳᠠᠰ ᠭᠤᠷᠪᠠᠳᠠᠬᠢ | ᠲᠦᠷᠦᠯ ᠤᠨ ᠬᠤᠪᠢᠴᠠᠭᠠᠨ ᠤ ᠵᠠᠬ᠎ᠠ ᠲᠤ ᠫᠠᠶᠢᠰᠠ ᠡᠯᠭᠦᠪᠡ᠃ ᠠᠯᠪᠠᠨ ᠤ ᠲᠡᠷᠭᠡ ᠶᠢᠨ ᠳᠦᠷᠢᠮ ᠤᠨ | ᠦᠭᠡᠷᠡᠴᠢᠯᠡᠯᠲᠡ ᠪᠤᠯᠤᠨ ᠤᠯᠤᠰ ᠤᠨ ᠦᠮᠴᠢᠯᠡᠯᠲᠦ ᠤᠢ ᠶᠢᠨ ᠲᠠᠯᠠᠪᠠᠢ ᠶᠢᠨ ᠦᠭᠡᠷᠡᠴᠢᠯᠡᠯᠲᠡ ᠶᠢ ᠪᠡᠶᠡᠯᠡᠭᠦᠯᠪᠡ᠃ | ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠪᠠᠲᠤᠯᠠᠬᠤ | ᠳᠠᠩᠰᠠᠯᠠᠯᠲᠠ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ | ᠭᠠᠵᠠᠷ ᠪᠤᠯᠤᠨ ᠰᠠᠭᠤᠴᠠ ᠰᠠᠭᠤᠷᠢᠨ ᠳᠤ ᠬᠡᠷᠡᠭᠰᠡᠬᠦ ᠭᠠᠵᠠᠷ ᠤᠨ ᠡᠷᠬᠡ ᠶᠢ ᠪᠠᠲᠤᠯᠠᠬᠤ ᠳᠠᠩᠰᠠᠯᠠᠯᠲᠠ ᠶᠢ ᠠᠮᠵᠢᠯᠲᠠ | ᠲᠠᠢ ᠪᠡᠶᠡᠯᠡᠭᠦᠯᠦᠨ᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ︽ᠬᠠᠭᠤᠴᠢᠨ ᠢ ᠦᠭᠡᠷᠡᠴᠢᠯᠡᠵᠦ ᠰᠢᠨ᠎ᠡ | ᠶᠢ ᠲᠠᠷᠬᠠᠭᠠᠵᠠᠢ︾᠃ ᠤᠨᠤᠪᠴᠢᠲᠠᠢ ᠡᠷᠴᠢᠮᠲᠡᠢ ᠪᠦᠲᠦᠮᠵᠢᠲᠡᠢ ᠪᠡᠯᠡ ᠤᠷᠤᠭᠤᠯᠵᠤ᠂ ᠪᠦᠬᠦ ᠵᠢᠯ ᠳᠤ 5000 | ᠲᠦᠮᠡᠨ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠢ 58 ᠶᠢ ᠠᠵᠢᠯ ᠡᠬᠢᠯᠡᠭᠦᠯᠦᠨ᠂ 105 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠪᠠ︔ 69 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠲᠠᠲᠠᠨ | ᠤᠷᠤᠭᠤᠯᠵᠤ᠂ 10% ᠪᠠᠷ ᠨᠡᠮᠡᠭᠳᠡᠪᠡ᠃ ᠲᠦᠮᠡᠨ ᠤᠯᠠᠨ ᠢᠶᠠᠷ ᠢᠶᠠᠨ ᠦᠢᠯᠡᠰ ᠪᠤᠰᠬᠠᠨ᠂ ᠲᠦᠭ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠦᠷᠨᠢᠯᠲᠡ ᠭᠠᠷᠴᠤ᠂ 5 ᠦᠢᠯᠡᠰ ᠪᠤᠰᠬᠠᠬᠤ ᠨᠡᠪᠴᠢᠯᠡᠭᠦᠷ ᠤᠨ ᠰᠠᠭᠤᠷᠢᠨ ᠢ | ᠪᠠᠶᠢᠭᠤᠯᠤᠨ᠂ ᠡᠭᠦᠯᠡᠨ ᠪᠤᠳᠤᠯᠲᠠ ᠶᠢᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠪᠤᠯᠤᠨ ᠬᠦᠴᠦ | ᠬᠠᠮᠲᠤᠳᠬᠠᠨ ᠦᠢᠯᠡᠰ ᠪᠤᠰᠬᠠᠬᠤ ᠤᠷᠤᠨ ᠵᠠᠢ ᠨᠢ ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ | ᠪᠤᠰᠬᠠᠬᠤ ᠤᠷᠤᠨ ᠵᠠᠢ ᠪᠤᠯᠪᠠ᠃ | ︵ᠵᠢᠷᠭᠤᠭ᠎ᠠ︶ ᠠᠷᠠᠳ ᠤᠨ ᠠᠮᠢᠳᠤᠷᠠᠯ᠂ ᠨᠡᠶᠢᠭᠡᠮ ᠤᠨ ᠠᠵᠢᠯ ᠦᠢᠯᠡᠰ ᠦᠷᠭᠦᠯᠵᠢᠯᠡᠨ ᠬᠦᠭᠵᠢᠪᠡ᠃ | ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠳᠠᠭᠠᠳᠬᠠᠯ ᠵᠢᠯ ᠳᠤ ᠳᠤᠮᠳᠠᠴᠢ ᠪᠠᠷ 6. | 5% ᠨᠡᠮᠡᠭᠳᠡᠵᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠪᠤᠯᠤᠨ ᠨᠡᠶᠢᠭᠡᠮ ᠲᠤᠭᠤᠷᠢᠭ ᠤᠨ | ᠠᠵᠢᠯᠲᠠᠳ ᠤᠨ ᠵᠢᠯ ᠤᠨ ᠳᠤᠮᠳᠠᠴᠢ ᠤᠷᠤᠯᠭ᠎ᠠ 15% ᠨᠡᠮᠡᠭᠳᠡᠨ᠂ ᠬᠤᠲᠠ ᠬᠦᠳᠡᠭᠡ ᠶᠢᠨ ᠳᠤᠤᠷ᠎ᠠ | ᠪᠠᠲᠤᠯᠠᠭ᠎ᠠ ᠶᠢᠨ ᠪᠠᠷᠢᠮᠵᠢᠶ᠎ᠠ ᠵᠢᠯ ᠳᠤ ᠳᠤᠮᠳᠠᠴᠢ ᠪᠠᠷ 420 ᠲᠦᠭᠦᠷᠢᠭ ᠪᠤᠯᠤᠨ 150 ᠲᠦᠭᠦᠷᠢᠭ ᠨᠡᠮᠡᠭᠳᠡᠵᠦ᠂ | ᠲᠦᠯᠦᠪᠯᠡᠭᠡᠲᠦ ᠦᠷᠡᠵᠢᠯ ᠤᠨ ᠤᠨᠴᠠᠭᠠᠢ ᠭᠡᠷ ᠪᠦᠯᠢ ᠳᠤ ᠨᠢᠭᠡ ᠤᠳᠠᠭᠠᠨ ᠤ ᠴᠢᠨᠠᠷᠲᠠᠢ ᠳᠡᠳᠬᠦᠮᠵᠢ ᠶᠢᠨ ᠮᠦᠩᠭᠦ | ᠲᠠᠷᠬᠠᠭᠠᠨ᠂ ᠳᠤᠤᠷ᠎ᠠ ᠤᠷᠤᠯᠭ᠎ᠠ ᠲᠠᠢ ᠲᠠᠷᠢᠶᠠᠴᠢᠨ ᠡᠷᠦᠬᠡ ᠪᠦᠷᠢ ᠳᠤ 600 ᠲᠦᠭᠦᠷᠢᠭ ᠤᠨ ᠳᠤᠯᠠᠭᠠᠯᠠᠭ᠎ᠠ ᠶᠢᠨ | ᠨᠦᠬᠦᠪᠦᠷᠢ ᠲᠠᠷᠬᠠᠭᠠᠪᠠ᠃ 208 ᠢᠵᠢ ᠨᠡᠶᠢᠲᠡ ᠶᠢᠨ ᠳᠦᠷᠢᠶᠡᠰᠦᠨ ᠭᠡᠷ ᠢ ᠪᠠᠶᠢᠭᠤᠯᠵᠤ᠂ 81 ᠲᠦᠮᠡᠨ ᠲᠡᠭᠰᠢ | ᠳᠦᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠪᠠ᠃ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠯᠠᠪᠳᠠᠭᠤᠨ | ᠠᠬᠢᠭᠤᠯᠵᠤ᠂ ᠬᠤᠲᠠ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠢ ᠨᠢᠬᠡᠳᠬᠡᠬᠦ ᠶᠢ ᠪᠡᠶᠡᠯᠡᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠠᠵᠢᠯ ᠢ ᠶᠡᠭᠡ ᠬᠦᠴᠦᠨ ᠢᠶᠠᠷ ᠠᠬᠢᠭᠤᠯᠤᠨ᠂ 4 ᠦᠪᠡᠷᠲᠡᠭᠡᠨ ᠵᠠᠰᠠᠬᠤ ᠤᠷᠤᠨ ᠤ | ᠳᠡᠰ ᠤᠨ ᠶᠠᠳᠠᠭᠤ ᠬᠦᠴᠢᠷᠳᠡᠯᠲᠡᠢ ᠲᠤᠰᠬᠤᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠪᠠᠷᠢᠮᠵᠢᠶ᠎ᠠ ᠠᠴᠠ | ᠳᠤᠷᠤᠭᠰᠢᠬᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠲᠤᠭ᠎ᠠ ᠳᠤᠷᠤᠭᠰᠢᠯᠠᠭᠠᠳ 487 ᠪᠤᠯᠪᠠ᠃ | ᠤᠨᠴᠠᠯᠢᠭᠲᠦ ᠰᠤᠷᠭᠠᠨ ᠬᠦᠮᠦᠵᠢᠯ ᠤᠨ ᠪᠠᠶᠢᠭᠤᠯᠤᠯᠲᠠ ᠶᠢ ᠠᠬᠢᠭᠤᠯᠤᠨ᠂ ᠪᠦᠲᠦᠮᠵᠢᠲᠡᠢ ᠬᠢᠴᠢᠶᠡᠯ ᠤᠨ ᠲᠢᠩᠭᠢᠮ ᠤᠨ | ᠰᠤᠷᠭᠠᠨ ᠬᠦᠮᠦᠵᠢᠯ ᠤᠨ ᠬᠡᠯᠪᠡᠷᠢ ᠶᠢ ᠲᠡᠯᠭᠡᠷᠡᠭᠦᠯᠵᠦ᠂ ᠰᠤᠷᠭᠠᠨ ᠬᠦᠮᠦᠵᠢᠯ ᠵᠢᠭᠠᠨ ᠰᠤᠷᠭᠠᠬᠤ ᠬᠢᠷᠢ ᠲᠦᠪᠰᠢᠨ | ᠲᠤᠭᠲᠠᠭᠤᠨ ᠢᠶᠠᠷ ᠳᠡᠭᠡᠭᠰᠢᠯᠡᠨ᠂ ᠳᠡᠭᠡᠳᠦ ᠳᠤᠮᠳᠠᠳᠤ ᠲᠡᠭᠦᠰᠬᠦ ᠰᠢᠯᠭᠠᠯᠲᠠ ᠳᠤ 900 ᠬᠤᠪᠢ ᠠᠴᠠ ᠳᠡᠭᠡᠭᠰᠢᠬᠢ | ᠬᠦᠮᠦᠨ ᠤ ᠲᠤᠭ᠎ᠠ ᠪᠦᠬᠦ ᠬᠤᠲᠠ ᠶᠢᠨ 1/3 ᠶᠢ ᠡᠵᠡᠯᠡᠪᠡ︔ ᠬᠤᠩ ᠱᠠᠨ ᠵᠢᠶᠦ᠋ᠨ ᠵᠤᠤ ᠤᠳᠠ ᠪᠠᠭ᠎ᠠ | ᠰᠤᠷᠭᠠᠭᠤᠯᠢ ᠪᠤᠯᠤᠨ ᠨᠠᠨ ᠳ᠋ᠠ ᠶᠢᠩᠽᠢ ᠴᠡᠴᠡᠷᠯᠢᠭ ᠢ ᠪᠠᠶᠢᠭᠤᠯᠤᠨ᠂ ᠬᠦᠳᠡᠭᠡ ᠲᠤᠰᠬᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠪᠡ︔ | ᠺᠤᠮᠫᠢᠦ᠋ᠲ᠋ᠧᠷ ᠪᠤᠯᠤᠨ 2641 ᠰᠠᠭᠤᠷᠢ ︵ᠢᠵᠢ︶ ᠤᠯᠠᠨ ᠵᠠᠭᠤᠴᠢᠲᠣ ᠲᠦᠬᠦᠭᠡᠷᠦᠮᠵᠢ ᠶᠢ ᠤᠭᠰᠠᠷᠠᠨ᠂ ᠰᠤᠷᠭᠠᠨ | ᠬᠦᠮᠦᠵᠢᠯ ᠤᠨ ᠰᠤᠷᠠᠭ ᠵᠠᠩᠭᠢᠵᠢᠯᠲᠠ ᠶᠢᠨ ᠠᠵᠢᠯ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠤᠷᠤᠪᠠ᠃ | ᠤᠯᠤᠰ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠭᠤᠤᠯᠳᠠᠯᠭ᠎ᠠ | ᠲᠠᠢ ᠬᠠᠷᠢᠯᠴᠠᠭᠠᠨ ᠤ ᠴᠡᠭ ᠤᠨ ᠠᠵᠢᠯ ᠢ ᠪᠡᠶᠡᠯᠡᠭᠦᠯᠦᠨ᠂ ᠤᠯᠠᠭᠠᠨᠬᠠᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ | ᠭᠤᠷᠪᠠᠳᠤᠭᠠᠷ ᠳᠡᠰ ᠤᠨ ᠬᠦᠬᠡᠭᠴᠢᠨ ᠳᠡᠰ ᠤᠨ ᠡᠮᠨᠡᠯᠭᠡ ᠶᠢᠨ ᠬᠤᠷᠢᠶ᠎ᠠ ᠪᠤᠯᠵᠣ ᠳᠡᠰ ᠳᠡᠪᠰᠢᠪᠡ᠃ ᠡᠯ ᠳ᠋ᠤᠤ ᠵᠢᠩ | ᠽᠢ ᠶᠢᠨ ᠪᠠᠭᠤᠷᠢ ᠶᠢᠨ ᠬᠠᠮᠠᠭᠠᠯᠠᠯᠲᠠ ᠶᠢᠨ ᠳᠡᠯᠭᠡᠨ ᠦᠵᠡᠭᠦᠯᠦᠯᠭᠡ ᠶᠢᠨ ᠤᠷᠳᠤᠨ ᠦᠨᠳᠦᠰᠦᠨ ᠳᠡᠭᠡᠨ ᠠᠵᠢᠯ | ᠳᠠᠭᠤᠰᠴᠤ᠂ ᠲᠡᠦᠬᠡ ᠰᠤᠶᠤᠯ ᠤᠨ ᠦᠯᠡᠳᠡᠭᠳᠡᠯ ᠤᠨ ᠬᠠᠮᠠᠭᠠᠯᠠᠯᠲᠠ ᠪᠤᠯᠤᠨ ᠠᠰᠢᠭᠯᠠᠯᠲᠠ ᠰᠢᠨ᠎ᠡ ᠠᠬᠢᠯᠲᠠ ᠤᠯᠪᠠ᠃ | | ︵ᠳᠤᠯᠤᠭ᠎ᠠ︶ ᠠᠷᠠᠳᠴᠢᠯᠠᠯᠲᠦ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ | ᠴᠢᠩᠭᠠᠷᠠᠪᠠ᠃ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠦᠯᠢᠶᠡᠨ᠂ 118 | ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠪᠤᠯᠤᠨ 115 ᠬᠤᠪᠢ ᠤᠯᠤᠰ ᠲᠦᠷᠦ ᠶᠢᠨ ᠵᠦᠪᠯᠡᠯᠭᠡᠨ ᠤ | ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠡᠢ᠃ ︽ᠬᠤᠶᠠᠷ ᠢ ᠰᠤᠷᠤᠯᠴᠠᠨ᠂ ᠬᠢᠷᠢ ᠲᠡᠩᠴᠡᠭᠰᠡᠨ ᠨᠠᠮ ᠤᠨ ᠭᠡᠰᠢᠭᠦᠨ | ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠪᠠ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠤᠨ ᠤᠷᠳᠤᠨ ᠤ ᠵᠠᠰᠠᠭ | ᠶᠠᠪᠤᠭᠤᠯᠬᠤ ᠴᠢᠳᠠᠪᠤᠷᠢ ᠢᠯᠡᠳᠲᠡ ᠴᠢᠩᠭᠠᠷᠠᠪᠠ᠃ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠪᠤᠯᠤᠨ | ᠦᠢᠯᠡᠴᠢᠯᠡᠭᠡᠨ ᠤ ᠰᠢᠨ᠎ᠡ ᠶᠢ ᠡᠭᠦᠳᠬᠦ ᠰᠢ ᠲᠦᠨ ᠤ ᠬᠡᠪ ᠵᠠᠭᠪᠤᠷ ᠢ ᠡᠭᠦᠳᠦᠨ ᠪᠦᠲᠦᠭᠡᠬᠦ ᠶᠢᠨ ᠬᠠᠮᠲᠤ ᠪᠦᠬᠦ | ᠲᠠᠯ᠎ᠠ ᠪᠠᠷ ᠲᠦᠭᠡᠮᠡᠯᠵᠢᠭᠦᠯᠵᠦ᠂ ᠪᠦᠬᠦ ᠲᠤᠭᠤᠷᠢᠭ ᠤᠨ ᠰᠢᠨ᠎ᠡ ᠳᠠᠩᠰᠠᠯᠠᠭᠤᠯᠤᠭᠰᠠᠨ ᠪᠠ ᠪᠦᠷᠢᠳᠬᠡᠭᠦᠯᠦᠭᠰᠡᠨ | ᠨᠡᠶᠢᠭᠡᠮ ᠤᠨ ᠵᠤᠬᠢᠶᠠᠨ ᠪᠠᠶᠢᠭᠤᠯᠤᠯᠲᠠ 423 ᠪᠠᠶᠢᠵᠤ᠂ 52 ᠨᠡᠶᠢᠭᠡᠮ ᠲᠤᠭᠤᠷᠢᠭ ᠤᠨ ᠦᠢᠯᠡᠴᠢᠯᠡᠭᠡᠨ ᠳᠤ | ᠬᠡᠷᠡᠭᠰᠡᠬᠦ ᠭᠡᠷ ᠪᠠᠷᠢᠯᠭ᠎ᠠ ᠪᠦᠷ ᠪᠠᠷᠢᠮᠵᠢᠶ᠎ᠠ ᠳᠤ ᠬᠦᠷᠪᠡ᠃ ᠪᠦᠬᠦ ᠤᠯᠤᠰ ᠤᠨ ᠪᠤᠯᠪᠠᠰᠤᠨ ᠬᠤᠲᠠ ᠶᠢᠨ ᠪᠦᠲᠦᠭᠡᠨ | ᠪᠠᠶᠢᠭᠤᠯᠤᠯᠲᠠ ᠱᠠᠲᠤᠴᠢ ᠴᠢᠨᠠᠷᠲᠠᠢ ᠠᠮᠵᠢᠯᠲᠠ ᠤᠯᠪᠠ᠃ ︽ᠳᠤᠯᠤᠭ᠎ᠠ ᠲᠠᠪᠤ︾ ᠬᠠᠤᠯᠢ ᠶᠢ ᠲᠦᠭᠡᠮᠡᠯᠵᠢᠭᠦᠯᠬᠦ | ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ᠠᠮᠤᠷ ᠲᠦᠪᠰᠢᠨ ᠬᠤᠩ ᠱᠠᠨ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠢ ᠠᠬᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠬᠠᠨᠳᠤᠰᠢ ᠶᠡᠷᠦᠩᠬᠡᠢ ᠳᠡᠭᠡᠨ ᠲᠤᠭᠲᠠᠭᠤᠨ᠃ ᠢᠳᠡᠭᠡᠨ | ᠡᠮ ᠤᠨ ᠠᠮᠤᠷ ᠲᠦᠪᠰᠢᠨ ᠤ ᠭᠤᠷᠪᠠᠨ ᠳᠡᠰ ᠤᠨ ᠬᠢᠨᠠᠨ ᠬᠠᠮᠢᠶᠠᠷᠬᠤ ᠰᠦᠯᠵᠢᠶ᠎ᠡ ᠠᠩᠬ᠎ᠠ ᠠᠯᠬᠤᠮ ᠪᠦᠷᠢᠯᠳᠦᠵᠦ᠂ | ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠡᠶᠢᠷᠢᠨ ᠳᠤ ᠬᠤᠤᠰ ᠬᠠᠷᠢᠭᠤᠴᠠᠯᠭ᠎ᠠ︾᠂ ︽ᠲᠠᠪᠤᠨ | ᠱᠠᠲᠤ ᠶᠢ ᠪᠦᠬᠦᠨ ᠢ ᠪᠦᠷᠬᠦᠬᠦ︾ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ | ᠦᠨᠳᠦᠰᠦᠨ ᠳᠡᠭᠡᠨ ᠪᠦᠷᠢᠯᠳᠦᠨ᠂ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠢ | ᠦᠷᠨᠢᠭᠦᠯᠵᠦ᠂ ᠪᠦᠬᠦ ᠵᠢᠯ ᠳᠤ ᠬᠦᠨᠳᠦ ᠨᠤᠴᠢᠲᠠᠢ ᠠᠶᠦᠯᠭᠦᠢ ᠦᠢᠯᠡᠳᠪᠦᠷᠢᠯᠡᠯ ᠤᠨ ᠠᠳᠡᠯ ᠪᠤᠯᠤᠨ ᠤᠷᠤᠨ | ᠬᠡᠪᠴᠢᠶᠡᠨ ᠤ ᠴᠢᠨᠠᠷᠲᠠᠢ ᠴᠢᠬᠤᠯᠠ ᠶᠡᠭᠡ ᠢᠳᠡᠭᠡᠨ ᠤ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠪᠤᠯᠤᠨ | ᠬᠤᠶᠠᠷ ᠢ ᠬᠦᠷᠢᠶᠡᠯᠡᠬᠦ ᠶᠢ ᠬᠠᠮᠲᠤᠪᠠᠷ ᠪᠠᠶᠢᠭᠤᠯᠬᠤ ᠶᠢ ᠪᠠᠲᠤᠲᠠᠢ ᠠᠬᠢᠭᠤᠯᠤᠨ᠂ ᠦᠨᠳᠦᠰᠦᠲᠡᠨ ᠱᠠᠰᠢᠨ ᠰᠤᠷᠲᠠᠬᠤᠨ | ᠂ ᠪᠦᠷᠢᠳᠬᠡᠯ᠂ ᠳᠠᠩᠰᠠ ᠡᠪᠬᠡᠮᠡᠯ᠂ ᠠᠬᠠᠮᠠᠳ ᠺᠠᠳ᠋ᠷ᠂ ᠬᠤᠶᠢᠴᠢ ᠦᠶ᠎ᠡ ᠪᠤᠯᠤᠨ ᠵᠡᠮᠳᠡᠭᠴᠦᠳ ᠢ ᠬᠠᠯᠠᠮᠵᠢᠯᠠᠬᠤ | ᠵᠡᠷᠭᠡ ᠠᠵᠢᠯ ᠪᠦᠷ ᠰᠢᠨ᠎ᠡ ᠳᠠᠪᠠᠯᠲᠠ ᠲᠠᠢ ᠪᠤᠯᠪᠠ᠃ | ᠲᠦᠯᠦᠭᠡᠯᠡᠭᠴᠢᠳ ᠡ᠂ ᠡᠳᠡᠭᠡᠷ ᠠᠮᠵᠢᠯᠲᠠ ᠶᠢ ᠤᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠤᠯᠤᠨ ᠲᠤᠭᠤᠷᠢᠭ ᠤᠨ ᠨᠠᠮ ᠤᠨ ᠬᠤᠷᠢᠶᠠᠨ ᠤ ᠬᠦᠭᠵᠢᠯᠲᠡ ᠶᠢᠨ ᠪᠠᠶᠢᠯᠳᠤᠬᠤ | ᠪᠤᠳᠤᠯᠭ᠎ᠠ ᠠᠴᠠ ᠦᠢᠯᠡᠳᠦᠯᠭᠡ ᠶᠢ ᠠᠬᠢᠭᠤᠯᠬᠤ ᠶᠠᠪᠤᠴᠠ ᠳᠠᠬᠢ ᠵᠦᠪ ᠤᠨᠤᠪᠴᠢᠲᠠᠢ ᠤᠳᠤᠷᠢᠳᠤᠯᠭ᠎ᠠ᠂ ᠠᠷᠠᠳ ᠤᠨ | ᠲᠦᠯᠦᠭᠡᠯᠡᠭᠴᠢᠳ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠵᠠᠰᠠᠭ ᠲᠤ ᠤᠷᠤᠯᠴᠠᠨ ᠵᠠᠰᠠᠭ ᠢ | ᠵᠦᠪᠯᠡᠵᠦ᠂ ᠡᠭᠦᠷᠭᠡ ᠲᠤᠰᠢᠶᠠᠯ ᠢᠶᠠᠨ ᠬᠢᠨᠠᠮᠠᠭᠠᠢ ᠪᠡᠶᠡᠯᠡᠭᠦᠯᠦᠭᠰᠡᠨ ᠬᠠᠳᠠᠭᠤᠵᠢᠯᠲᠠᠢ ᠴᠢᠷᠮᠠᠶᠢᠯᠭ᠎ᠠ᠂ ᠦᠷᠭᠡᠨ ᠤᠯᠠᠨ | ᠠᠷᠠᠳ ᠲᠦᠮᠡᠨ ᠤ ᠦᠵᠡᠰᠬᠦᠯᠡᠩᠲᠦ ᠰᠠᠶᠢᠬᠠᠨ ᠭᠡᠷ ᠤᠷᠤᠨ ᠢᠶᠠᠨ ᠪᠦᠲᠦᠭᠡᠨ ᠪᠠᠶᠢᠭᠤᠯᠬᠤ ᠰᠢᠷᠭᠠᠭᠤ ᠴᠢᠷᠮᠠᠶᠢᠯᠭ᠎ᠠ | ᠠᠴᠠ ᠰᠠᠯᠤᠰᠢ ᠦᠭᠡᠢ ᠶᠤᠮ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ | ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ᠂ ᠠᠯᠢᠪᠠ ᠬᠤᠩ ᠱᠠᠨ ᠲᠤᠭᠤᠷᠢᠭ ᠤᠨ | ᠬᠦᠭᠵᠢᠯᠲᠡ ᠶᠢ ᠬᠠᠯᠠᠮᠵᠢᠯᠠᠵᠤ᠂ ᠳᠡᠮᠵᠢᠵᠦ᠂ ᠤᠷᠤᠯᠴᠠᠳᠠᠭ ᠨᠦᠬᠦᠳ᠂ ᠨᠠᠶᠢᠵᠠ ᠨᠠᠷ ᠲᠠᠭᠠᠨ ᠴᠢᠩ ᠰᠡᠳᠬᠢᠯ ᠤᠨ | ᠲᠠᠯᠠᠷᠬᠠᠯ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠠᠨ ᠤᠯᠵᠤ ᠬᠠᠷᠠᠬᠤ ᠶᠢᠨ ᠬᠠᠮᠲᠤ ᠪᠠᠰᠠ ᠮᠠᠨ ᠤ ᠲᠤᠭᠤᠷᠢᠭ ᠤᠨ ᠠᠵᠤ ᠠᠬᠤᠢ | ᠨᠡᠶᠢᠭᠡᠮ ᠤᠨ ᠬᠦᠭᠵᠢᠯᠲᠡ ᠪᠠᠭ᠎ᠠ ᠪᠤᠰᠤ ᠠᠰᠠᠭᠤᠳᠠᠯ ᠳᠤ ᠲᠤᠯᠭᠠᠷᠠᠵᠤ ᠪᠠᠶᠢᠭ᠎ᠠ ᠶᠢ ᠰᠡᠷᠭᠡᠭ ᠢᠶᠠᠷ ᠲᠠᠨᠢᠪᠠ᠄ ᠨᠢᠭᠡ᠂ | ᠵᠠᠷᠢᠮ ᠦᠭᠡᠷᠡᠴᠢᠯᠡᠯᠲᠡ ᠶᠢᠨ ᠠᠷᠭ᠎ᠠ ᠠᠪᠴᠠᠯ ᠲᠤᠶᠢᠯᠪᠤᠷᠢᠲᠠᠢ ᠨᠠᠶᠢᠳᠠᠪᠤᠷᠢᠵᠢᠭᠠ ᠦᠭᠡᠢ᠂ ᠪᠢᠴᠢᠯ ᠭᠤᠤᠯ | ᠴᠤᠭᠴᠠ ᠶᠢᠨ ᠳᠤᠳᠤᠭᠠᠳᠦ ᠠᠮᠢᠵᠢᠷᠠᠯ ᠤᠨ ᠬᠦᠴᠦᠨ ᠪᠠᠭᠤᠷᠠᠢ᠂ ᠪᠦᠲᠦᠮᠵᠢᠲᠡᠢ ᠪᠡᠯᠡ ᠤᠷᠤᠭᠤᠯᠤᠯᠲᠠ ᠶᠢᠨ | ᠨᠡᠮᠡᠭᠳᠡᠯ ᠢ ᠪᠠᠲᠤᠯᠠᠬᠤ ᠳᠠᠷᠤᠯᠲᠠ ᠮᠦᠨ ᠬᠦ ᠶᠡᠭᠡ ᠪᠠᠶᠢᠭᠰᠠᠭᠠᠷ᠃ ᠬᠤᠶᠠᠷ᠂ ᠰᠢᠨ᠎ᠡ ᠶᠢ ᠡᠭᠦᠳᠬᠦ ᠬᠥᠳᠡᠯᠭᠡᠭᠴᠢ | ᠬᠦᠴᠦᠨ ᠮᠡᠬᠦᠰ᠂ ᠤᠯᠠᠮᠵᠢᠯᠠᠯᠲᠤ ᠠᠵᠤ ᠦᠢᠯᠡᠰ ᠢ ᠦᠭᠡᠷᠡᠴᠢᠯᠡᠨ ᠳᠡᠰ ᠳᠡᠪᠰᠢᠭᠦᠯᠬᠦ ᠠᠬᠢᠴᠠ ᠤᠳᠠᠭᠠᠨ᠂ | ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠪᠠᠭᠤᠷᠠᠢ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠡᠭᠦᠷᠭᠡ ᠮᠦᠨ ᠬᠦ ᠬᠦᠨᠳᠦ ᠪᠠᠶᠢᠭᠰᠠᠭᠠᠷ᠃ ᠭᠤᠷᠪᠠ ᠂ | ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠲᠤᠲᠠᠭᠳᠠᠯ ᠤᠯᠠᠨ᠂ ᠳᠦᠭᠦᠮ ᠪᠦᠲᠦᠴᠡᠲᠦ ᠤᠷᠤᠨ | ᠰᠠᠭᠤᠴᠠ ᠪᠤᠯᠤᠨ ᠬᠠᠭᠤᠴᠢᠨ ᠰᠠᠭᠤᠭᠠᠯᠢ ᠲᠤᠭᠤᠷᠢᠭ ᠭᠡᠷ ᠪᠠᠶᠢᠰᠢᠩ ᠤᠨ ᠦᠭᠡᠷᠡᠴᠢᠯᠡᠨ ᠪᠠᠶᠢᠭᠤᠯᠤᠯᠲᠠ ᠶᠢᠨ | ᠳᠠᠷᠤᠯᠲᠠ ᠶᠡᠭᠡ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠳᠤ ᠪᠠᠰᠠ ᠨᠡᠩ ᠤᠯᠠᠨ ᠬᠦᠴᠦ ᠬᠦᠳᠡᠯᠮᠦᠷᠢ ᠵᠠᠷᠤᠴᠠᠭᠤᠯᠬᠤ ᠬᠡᠷᠡᠭᠲᠡᠢ᠃ ᠳᠦᠷᠪᠡ᠂ ᠰᠤᠷᠭᠠᠨ | ᠬᠦᠮᠦᠵᠢᠯ᠂ ᠰᠤᠶᠤᠯ᠂ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠬᠢ ᠪᠠᠶᠠᠯᠢᠭ ᠨᠢ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤᠶᠠ ᠪᠡᠷᠬᠡ᠂ ᠬᠠᠮᠲᠤᠪᠡᠷ ᠡᠳ᠋ᠯᠡᠬᠦ | ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ᠃ ᠲᠠᠪᠤ᠂ ᠠᠶᠦᠯᠭᠦᠢ ᠦᠢᠯᠡᠳᠪᠦᠷᠢᠯᠡᠯ ᠪᠤᠯᠤᠨ | ᠢᠳᠡᠭᠡᠨ ᠤᠮᠳᠠᠭᠠᠨ ᠤ ᠠᠮᠤᠷ ᠲᠦᠪᠰᠢᠨ ᠤ ᠰᠠᠭᠤᠷᠢ ᠠᠨᠠᠢ᠂ ᠡᠨᠧᠷᠭᠢ ᠠᠷᠪᠢᠯᠠᠨ ᠤᠷᠴᠢᠨ ᠲᠤᠭᠤᠷᠢᠨ ᠢ | ᠬᠠᠮᠠᠭᠠᠯᠠᠬᠤ ᠪᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠮᠦᠨ ᠬᠦ ᠬᠦᠨᠳᠦ ᠪᠠᠶᠢᠭᠰᠠᠭᠠᠷ᠃ | ᠵᠢᠷᠭᠤᠭ᠎ᠠ᠂ ᠵᠠᠷᠢᠮ ᠺᠠᠳ᠋ᠷ ᠠᠵᠢᠯ ᠤᠨ ᠤᠷᠭᠢᠯᠤᠮ᠎ᠠ ᠬᠠᠯᠠᠭᠤᠨ ᠰᠡᠳᠬᠢᠯᠭᠡ ᠪᠤᠯᠤᠨ ᠰᠢᠨ᠎ᠡ ᠶᠢ ᠡᠭᠦᠳᠬᠦ ᠤᠮᠤᠭ | ᠵᠤᠷᠢᠭ ᠢᠶᠠᠷ ᠲᠤᠲᠠᠮᠠᠭ ᠪᠠᠶᠢᠵᠤ᠂ ᠴᠢᠳᠠᠪᠤᠷᠢ ᠦᠭᠡᠢ᠂ ᠦᠵᠡᠯ ᠤᠬᠠᠮᠰᠠᠷ ᠲᠤᠲᠠᠮᠠᠭ ᠵᠡᠷᠭᠡ ᠠᠰᠠᠭᠤᠳᠠᠯ ᠨᠡᠯᠢᠶᠠᠳ | ᠳᠤᠪᠤᠶᠢᠮ᠎ᠠ᠃ ᠡᠶᠢᠮᠦ ᠠᠴᠠ᠂ ᠪᠢᠳᠡ ᠠᠰᠠᠭᠤᠳᠠᠯ ᠪᠤᠯᠤᠨ ᠬᠠᠷᠠᠯᠲᠠ ᠶᠢᠨ ᠬᠦᠲᠦᠴᠢ ᠶᠢ ᠪᠠᠷᠢᠮᠲᠠᠯᠠᠵᠤ᠂ ᠤᠳᠠᠭᠠᠨ | ᠳᠠᠭᠠᠮᠠᠭᠠᠢ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠪᠦᠲᠦᠮᠵᠢᠲᠡᠢ ᠠᠷᠭ᠎ᠠ ᠠᠪᠴᠠᠯ ᠬᠡᠷᠡᠭᠵᠢᠭᠦᠯᠵᠦ᠂ | ᠬᠢᠨᠠᠮᠠᠭᠠᠢ ᠰᠢᠢᠳᠪᠦᠷᠢᠯᠡᠨ᠂ ᠦᠷᠭᠦᠯᠵᠢᠯᠡᠨ ᠪᠦᠬᠦ ᠲᠤᠭᠤᠷᠢᠭ ᠤᠨ ᠡᠯ᠎ᠡ ᠲᠦᠷᠦᠯ ᠤᠨ ᠠᠵᠢᠯ ᠦᠢᠯᠡᠰ ᠢ ᠤᠷᠤᠭᠰᠢ | ᠠᠬᠢᠭᠤᠯᠬᠤ ᠬᠡᠷᠡᠭᠲᠡᠢ᠃ | ᠬᠤᠶᠠᠷ᠂ 2017 ᠤᠨ ᠤ ᠭᠤᠤᠯᠳᠠᠯᠭ᠎ᠠ ᠲᠠᠢ ᠠᠵᠢᠯ | 2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ | ᠨᠠᠶᠢᠳᠠᠪᠤᠷᠢᠵᠢᠭᠤᠯᠬᠤ ᠴᠢᠬᠤᠯᠠ ᠨᠢᠭᠡᠨ ᠵᠢᠯ ᠪᠤᠯᠤᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠠᠬᠢᠭᠤᠯᠬᠤ ᠭᠦᠨᠵᠡᠭᠡᠶᠢᠷᠡᠯᠲᠡ ᠶᠢᠨ ᠤᠨ ᠪᠤᠯᠤᠨ᠎ᠠ᠂ ᠪᠠᠰᠠᠴᠤ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠤᠯᠤᠨ ᠤᠯᠠᠭᠠᠨᠬᠠᠳᠠ ᠬᠤᠲᠠ ᠶᠢᠨ | ᠳᠤᠯᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ | ᠱᠠᠭᠠᠷᠳᠠᠯᠭ᠎ᠠ ᠪᠤᠯ᠄ ᠲᠦᠪ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠪᠤᠯᠤᠨ ᠲᠤᠭᠤᠷᠢᠭ ᠤᠨ | ᠨᠠᠮ ᠤᠨ ᠬᠤᠷᠢᠶᠠᠨ ᠤ ᠰᠢᠷᠢᠰ ᠴᠢᠬᠤᠯᠠ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ | ᠲᠤᠤᠱᠯᠠᠭᠤᠯᠵᠤ᠂ ᠯᠠᠪᠳᠠᠭᠤᠨ ᠤ ᠳᠤᠮᠳᠠ ᠲᠤᠭᠲᠠᠭᠤᠨ ᠤᠷᠤᠭᠰᠢᠯᠠᠬᠤ ᠠᠵᠢᠯ ᠤᠨ ᠦᠨᠳᠦᠰᠦᠨ ᠰᠡᠳᠬᠢᠮᠵᠢ ᠶᠢ | ᠪᠠᠷᠢᠮᠲᠠᠯᠠᠨ᠂ ᠰᠢᠨ᠎ᠡ ᠬᠦᠭᠵᠢᠯᠲᠡ ᠰᠢᠨ᠎ᠡ ᠤᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠲᠦᠪ ᠪᠤᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ | ᠪᠤᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ᠂ ᠬᠤᠲᠠ | ᠪᠠᠯᠭᠠᠰᠤᠨ ᠤ ᠨᠢᠭᠡᠲᠦᠯᠲᠡᠢ ᠲᠦᠯᠦᠪᠵᠢᠭᠦᠯᠦᠨ ᠬᠦᠭᠵᠢᠭᠦᠯᠬᠦ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠤᠯᠤᠨ ᠨᠡᠶᠢᠭᠡᠮ ᠤᠨ ᠴᠡᠭᠴᠡᠯᠡᠨ ᠵᠠᠰᠠᠯᠲᠠ ᠶᠢ ᠴᠢᠩᠭᠠᠳᠬᠠᠨ᠂ ᠰᠢᠨ᠎ᠡ ᠬᠦᠳᠡᠯᠭᠡᠭᠴᠢ ᠬᠦᠴᠦᠨ ᠢ | ᠪᠤᠶᠢᠵᠢᠭᠤᠯᠵᠤ᠂ ᠰᠢᠨ᠎ᠡ ᠬᠠᠩᠭᠠᠯᠭ᠎ᠠ ᠬᠡᠷᠡᠭᠴᠡᠭᠡ ᠶᠢ ᠡᠭᠦᠳᠦᠨ᠂ ᠲᠤᠲᠠᠭᠳᠠᠯ ᠢᠶᠠᠨ ᠬᠦᠴᠦᠯᠡᠨ ᠨᠦᠬᠦᠪᠦᠷᠢᠯᠡᠵᠦ᠂ | ᠬᠦᠭᠵᠢᠯᠲᠡ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠤᠨ ᠳᠤᠤᠷ᠎ᠠ ᠵᠠᠬ᠎ᠠ ᠶᠢ ᠡᠷᠡᠰ ᠠᠳᠬᠤᠨ᠂ ᠪᠦᠬᠦ | ᠬᠤᠲᠠ ᠶᠢᠨ ᠲᠡᠷᠢᠭᠦᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠪᠠᠷ | ᠴᠢᠷᠮᠠᠶᠢᠵᠤ᠂ ᠠᠵᠤ ᠠᠬᠤᠢ ᠲᠤᠭᠲᠠᠭᠤᠨ ᠡᠷᠡᠭᠦᠯ ᠬᠦᠭᠵᠢᠬᠦ ᠪᠤᠯᠤᠨ ᠨᠡᠶᠢᠭᠡᠮ ᠡᠶ᠎ᠡ ᠵᠤᠬᠢᠴᠠᠯᠲᠤ ᠲᠤᠭᠲᠠᠭᠤᠨ | ᠪᠠᠶᠢᠬᠤ ᠰᠢᠯᠢᠳᠡᠭ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠦᠪᠡᠷᠲᠡᠭᠡᠨ ᠵᠠᠰᠠᠬᠤ | ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ᠎ᠠ᠃ ᠠᠵᠤ ᠠᠬᠤᠢ ᠨᠡᠶᠢᠭᠡᠮ ᠤᠨ ᠬᠦᠭᠵᠢᠯᠲᠡ ᠶᠢᠨ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ | 8% ᠤᠷᠴᠢᠮ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ 7% | ᠤᠷᠴᠢᠮ᠂ 500 ᠲᠦᠮᠡᠨ ᠲᠦᠭᠦᠷᠢᠭ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ | ᠨᠡᠮᠡᠭᠳᠡᠯ 15% ᠤᠷᠴᠢᠮ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ | ᠲᠤᠭᠠᠨ ᠤ ᠨᠡᠮᠡᠭᠳᠡᠯ 11% ᠤᠷᠴᠢᠮ᠂ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠲᠤᠰᠪᠤᠷᠢ 10% ᠪᠠ 11% ᠤᠷᠴᠢᠮ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ | ᠬᠡᠷᠡᠭᠲᠡᠢ᠄ | ︵ᠨᠢᠭᠡ︶ ᠤᠯᠠᠨ ᠠᠷᠭ᠎ᠠ ᠠᠪᠴᠠᠯ ᠢ ᠬᠡᠷᠡᠭᠵᠢᠭᠦᠯᠦᠨ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠭᠴᠢ | ᠬᠦᠴᠦᠨ ᠢ ᠴᠢᠩᠭᠠᠷᠠᠭᠤᠯᠤᠨ᠎ᠠ᠃ | ᠨᠢᠭᠡ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠤᠯᠤᠨ ᠠᠷᠠᠯᠵᠢᠶᠠᠴᠢᠨ ᠤᠷᠢᠵᠤ ᠪᠡᠯᠡ | ᠲᠠᠲᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠲᠤᠭᠲᠠᠭᠤᠨ | ᠨᠡᠮᠡᠭᠳᠡᠭᠦᠯᠦᠨ ᠪᠦᠲᠦᠴᠡ ᠶᠢ ᠲᠤᠬᠢᠷᠠᠭᠤᠯᠬᠤ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ | 181 ᠵᠦᠢᠯ ᠤᠨ 100 ᠲᠦᠮᠡᠨ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠪᠡᠯᠡ ᠤᠷᠤᠭᠤᠯᠤᠯᠲᠠ ᠶᠢᠨ | ᠲᠦᠷᠦᠯ ᠵᠦᠢᠯ ᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠦᠷᠦᠩᠭᠡ | ᠤᠷᠤᠭᠤᠯᠤᠯᠲᠠ ᠶᠢᠨ ᠲᠤᠭᠲᠠᠴᠠ ᠶᠢᠨ ᠦᠭᠡᠷᠡᠴᠢᠯᠡᠯᠲᠡ ᠰᠢᠨᠡᠴᠢᠯᠡᠯᠲᠡ ᠶᠢ ᠠᠬᠢᠭᠤᠯᠤᠨ᠂ PPP ᠪᠤᠯᠤᠨ | ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠡᠯ᠎ᠡ ᠲᠦᠷᠦᠯ ᠤᠨ | ᠬᠦᠷᠦᠩᠭᠡ ᠤᠷᠤᠭᠤᠯᠤᠯᠲᠠ᠂ ᠰᠠᠭᠤᠷᠢ ᠲᠦᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ | ᠵᠦᠢᠯ ᠢ ᠢᠳᠡᠪᠬᠢᠲᠡᠢ ᠤᠷᠤᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠪᠤᠯᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠤᠯᠠᠷᠢᠯ ᠤᠨ ᠪᠤᠭᠤᠮᠲᠠ ᠰᠢᠪᠳᠤᠯᠬᠤ ᠠᠵᠢᠯᠯᠠᠭᠠᠨ︾ ᠢ ᠪᠦᠬᠦ | ᠬᠦᠴᠦᠨ ᠢᠶᠠᠷ ᠦᠷᠨᠢᠭᠦᠯᠦᠨ᠂ 62 ᠵᠦᠢᠯ ᠤᠨ ᠬᠤᠲᠠ ᠶᠢᠨ ᠱᠠᠲᠤᠨ ᠠᠴᠠ ᠲᠤᠬᠢᠷᠠᠭᠤᠯᠤᠭᠰᠠᠨ ᠭᠤᠤᠯᠳᠠᠯᠭ᠎ᠠ ᠲᠠᠢ | ᠲᠦᠷᠦᠯ ᠵᠦᠢᠯ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠬᠦ ᠨᠦᠬᠦᠴᠡᠯ ᠢ ᠪᠦᠷᠢᠯᠳᠦᠭᠦᠯᠦᠨ᠂ 21 | ᠵᠦᠢᠯ ᠤᠨ ᠭᠤᠤᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ ᠤᠨ ᠭᠠᠷ ᠤᠨ ᠦᠰᠦᠭ | ᠵᠢᠷᠤᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠪᠤᠯᠤᠨ ᠤᠯᠠᠭᠠᠨᠬᠠᠳᠠ | ᠬᠤᠲᠠ ᠶᠢᠨ ᠪᠦᠬᠦ ᠲᠠᠯ᠎ᠠ ᠪᠠᠷ ᠴᠢᠯᠦᠭᠡᠲᠡᠢ ᠪᠠᠶᠢᠬᠤ ᠲᠦᠷᠦ ᠶᠢᠨ ᠪᠤᠳᠤᠯᠭ᠎ᠠ ᠶᠢ ᠠᠰᠢᠭᠯᠠᠨ᠂ ᠰᠢᠯᠢᠳᠡᠭ | ᠬᠤᠳᠠᠯᠳᠤᠭ᠎ᠠ ᠡᠵᠡᠩᠨᠡᠯᠲᠡ ᠶᠢᠨ ᠤᠷᠴᠢᠨ ᠲᠤᠭᠤᠷᠢᠨ ᠢ ᠪᠠᠶᠢᠭᠤᠯᠵᠤ᠂ ᠪᠦᠬᠦ ᠬᠡᠰᠢᠭᠦᠨ ᠠᠷᠠᠯᠵᠢᠶᠠᠴᠢᠨ ᠤᠷᠢᠵᠤ | ᠪᠡᠯᠡ ᠲᠠᠲᠠᠬᠤ ᠶᠢ ᠬᠡᠷᠡᠭᠵᠢᠭᠦᠯᠦᠨ᠂ ᠪᠦᠬᠦ ᠵᠢᠯ ᠤᠨ ᠪᠡᠯᠡ ᠤᠷᠤᠭᠤᠯᠤᠯᠲᠠ ᠶᠢ 77 ᠳ᠋ᠦᠩᠰᠢᠭᠤᠷ ᠲᠦᠭᠦᠷᠢᠭ | ᠬᠦᠷᠭᠡᠵᠦ᠂ 10% ᠠᠴᠠ ᠳᠡᠭᠡᠭᠰᠢ ᠨᠡᠮᠡᠭᠳᠡᠭᠦᠯᠬᠦ ᠪᠤᠯᠤᠨ᠎ᠠ᠃ ᠠᠷᠠᠯᠵᠢᠶᠠᠴᠢᠨ ᠤᠷᠢᠬᠤ ᠲᠦᠷᠦᠯ ᠵᠦᠢᠯ ᠤᠨ | ᠪᠤᠴᠠᠯᠲᠠ ᠲᠤᠭᠲᠠᠴᠠ ᠶᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠬᠤ ᠬᠦᠴᠦᠨ ᠮᠡᠭᠦᠰ᠂ ᠠᠵᠢᠯ ᠡᠬᠢᠯᠡᠬᠦ ᠳᠤ | ᠪᠡᠷᠬᠡ ᠲᠦᠷᠦᠯ ᠵᠦᠢᠯ ᠤᠨ ᠬᠡᠷᠡᠭᠰᠡᠬᠦ ᠭᠠᠵᠠᠷ᠂ ᠤᠰᠤ ᠵᠡᠷᠭᠡ ᠶᠢ ᠬᠤᠷᠢᠶᠠᠨ ᠠᠪᠴᠤ᠂ ᠰᠢᠨ᠎ᠡ ᠲᠦᠷᠦᠯ ᠵᠦᠢᠯ ᠳᠤ | ᠤᠷᠤᠨ ᠵᠠᠢ ᠤᠯᠭᠤᠨ᠎ᠠ︔ ᠪᠤᠯᠵᠤᠨ ᠲᠤᠭᠲᠠᠭᠰᠠᠨ ᠬᠤᠭᠤᠴᠠᠭᠠᠨ ᠤ ᠲᠤᠲᠤᠷ᠎ᠠ ᠪᠡᠯᠡ ᠤᠷᠤᠭᠤᠯᠵᠤ ᠪᠦᠲᠦᠭᠡᠨ | ᠪᠠᠶᠢᠭᠤᠯᠵᠤ ᠳᠡᠶᠢᠯᠦᠭᠰᠡᠨ ᠦᠭᠡᠢ ᠲᠦᠷᠦᠯ ᠵᠦᠢᠯ ᠤᠨ ᠠᠯᠢᠪᠠ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ | ᠦᠭᠡᠶᠢᠰᠬᠡᠨ᠎ᠡ᠃ | ᠬᠤᠶᠠᠷ ᠲᠤ᠂ ︽ᠲᠦᠮᠡᠨ ᠤᠯᠠᠨ ᠢᠶᠠᠷ ᠢᠶᠠᠨ ᠦᠢᠯᠡᠰ ᠪᠤᠰᠬᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ | ᠡᠭᠦᠳᠬᠦ︾ ᠰᠢᠮᠡᠲᠦ ᠬᠦᠷᠦᠰᠦ ᠶᠢ ᠪᠤᠶᠢᠵᠢᠭᠤᠯᠤᠨ᠎ᠠ᠃ 1 ᠳ᠋ᠦᠩᠰᠢᠭᠤᠷ ᠲᠦᠭᠦᠷᠢᠭ ᠤᠨ ᠦᠢᠯᠡᠰ ᠪᠤᠰᠬᠠᠬᠤ | ᠲᠤᠰᠬᠠᠢ ᠲᠦᠷᠦᠯ ᠤᠨ ᠵᠢᠭᠡᠯᠡᠯᠭᠡ ᠶᠢ ᠲᠤᠬᠢᠷᠠᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠤᠬᠠᠢ ᠶᠢᠨ | ᠭᠠᠵᠠᠷ ᠲᠠᠭᠠᠨ ᠦᠢᠯᠡᠰ ᠪᠤᠰᠬᠠᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠦᠪᠡᠷᠲᠡᠭᠡᠨ ᠦᠢᠯᠡᠰ | ᠪᠤᠰᠬᠠᠬᠤ ᠶᠢ ᠳᠡᠮᠵᠢᠨ᠎ᠡ᠃ ᠡᠸ᠋ᠨ ᡁᠢ ᠪᠠᠷᠠᠭᠠᠨ ᠭᠦᠢᠯᠭᠡᠭᠡᠨ᠂ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ | ᠭᠤᠳᠤᠮ᠂ ᠲᠦᠸᠧ ᠵᠢᠶᠠ ᠡᠯᠧᠺᠲᠷᠤᠨ ᠵᠡᠷᠭᠡ ᠠᠵᠤ ᠠᠬᠤᠶᠢᠯᠠᠯ ᠤᠨ ᠲᠤᠯᠤᠭᠠᠶᠢᠯᠠᠭᠴᠢ ᠦᠢᠯᠡᠳᠦᠯ ᠢ | ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠦᠪᠯᠡᠷᠡᠭᠦᠯᠵᠦ᠂ ︽ᠲᠠᠪᠴᠠᠩ + ᠵᠠᠬ᠎ᠠ ᠳᠡᠯᠭᠡᠭᠦᠷ︾ | ᠨᠡᠪᠴᠢᠯᠡᠭᠦᠷ ᠤᠨ ᠬᠡᠯᠪᠡᠷᠢ ᠪᠠᠷ ᠳᠠᠮᠵᠢᠭᠤᠯᠤᠨ᠂ ᠦᠢᠯᠡᠰ ᠪᠤᠰᠬᠠᠭᠴᠢᠳ ᠤᠨ ᠦᠢᠯᠡᠰ ᠪᠤᠰᠬᠠᠬᠤ ᠶᠢ ᠳᠠᠶᠢᠴᠢᠯᠠᠨ᠎ᠠ᠃ | ᠲᠦᠮᠡᠨ ᠤᠯᠠᠨ ᠢᠶᠠᠷ ᠢᠶᠠᠨ ᠬᠠᠮᠲᠤᠷᠠᠯᠴᠠᠨ ᠦᠢᠯᠡᠰ ᠪᠤᠰᠬᠠᠬᠤ ᠨᠡᠪᠴᠢᠯᠡᠭᠦᠷ ᠤᠨ ᠤᠷᠤᠨ ᠵᠠᠢ᠂ ᠸᠠᠨ ᠳ᠋ᠠ ᠦᠢᠯᠡᠰ | ᠪᠤᠰᠬᠠᠬᠤ ᠨᠡᠪᠴᠢᠯᠡᠭᠦᠷ ᠤᠨ ᠰᠠᠭᠤᠷᠢᠨ᠂ ᠵᠠᠯᠠᠭᠤᠴᠤᠳ ᠤᠨ ᠦᠢᠯᠡᠰ ᠪᠤᠰᠬᠠᠬᠤ ᠨᠡᠪᠴᠢᠯᠡᠭᠦᠷ ᠤᠨ ᠰᠠᠭᠤᠷᠢᠨ ᠵᠡᠷᠭᠡ | ᠲᠦᠮᠡᠨ ᠤᠯᠠᠨ ᠢᠶᠠᠷ ᠢᠶᠠᠨ ᠦᠢᠯᠡᠰ ᠪᠤᠰᠠᠬᠬᠤ ᠲᠠᠪᠴᠠᠩ ᠢ ᠢᠳᠡᠪᠬᠢᠲᠡᠢ ᠳᠠᠶᠢᠴᠢᠯᠠᠨ᠂ ᠨᠡᠪᠴᠢᠯᠡᠭᠦᠷ ᠤᠨ | ᠦᠢᠯᠡᠴᠢᠯᠡᠭᠡ ᠪᠤᠯᠤᠨ ᠬᠦᠷᠦᠩᠭᠡ ᠤᠷᠤᠭᠤᠯᠤᠯᠲᠠ ᠶᠢᠨ ᠬᠡᠯᠪᠡᠷᠢ ᠶᠢ ᠲᠡᠭᠦᠯᠳᠡᠷᠵᠢᠭᠦᠯᠵᠦ᠂ ᠨᠡᠪᠴᠢᠯᠡᠭᠦᠷ ᠤᠨ | ᠴᠢᠳᠠᠪᠤᠷᠢ ᠶᠢ ᠳᠡᠭᠡᠭᠰᠢᠯᠡᠭᠦᠯᠦᠨ᠂ ᠠᠰᠢᠭ ᠤᠷᠤᠯᠭ᠎ᠠ ᠶᠢᠨ ᠤᠷᠤᠨ ᠵᠠᠢ ᠶᠢ ᠦᠷᠭᠡᠳᠬᠡᠨ᠎ᠡ᠃ ᠰᠢᠨ᠎ᠡ ᠬᠡᠯᠪᠡᠷᠢ ᠶᠢᠨ | ᠨᠡᠪᠴᠢᠯᠡᠭᠦᠷ ᠤᠨ ᠪᠠᠶᠢᠭᠤᠯᠤᠮᠵᠢ ᠶᠢᠨ ᠭᠡᠷᠡᠴᠢᠯᠡᠯᠲᠡ ᠵᠢᠴᠢ ᠱᠠᠩᠨᠠᠨ ᠬᠦᠬᠢᠭᠦᠯᠬᠦ ᠲᠦᠷᠦ ᠶᠢᠨ ᠪᠤᠳᠤᠯᠭ᠎ᠠ ᠭᠠᠷᠭᠠᠵᠤ᠂ | ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠠᠴᠠ ᠵᠢᠯ ᠪᠦᠷᠢ 500 ᠲᠦᠮᠡᠨ ᠲᠦᠭᠦᠷᠢᠭ ᠤᠨ ᠲᠤᠰᠬᠠᠢ | ᠲᠦᠷᠦᠯ ᠤᠨ ᠪᠡᠯᠡ ᠮᠦᠩᠭᠦ ᠲᠤᠬᠢᠷᠠᠭᠤᠯᠤᠨ᠂ ᠨᠦᠬᠦᠴᠡᠯ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠨᠡᠪᠴᠢᠯᠡᠭᠦᠷ ᠤᠨ | ᠪᠠᠶᠢᠭᠤᠯᠤᠮᠵᠢ ᠳᠤ ᠪᠡᠯᠡ ᠮᠦᠩᠭᠦ ᠶᠢᠨ ᠨᠦᠬᠦᠪᠦᠷᠢ ᠤᠯᠭᠤᠨ᠎ᠠ᠃ ᠴᠢᠳᠠᠪᠤᠷᠢᠲᠠᠨ ᠢᠶᠠᠷ ᠲᠤᠭᠤᠷᠢᠭ ᠢᠶᠠᠨ | ᠭᠦᠴᠦᠷᠬᠡᠭᠵᠢᠭᠦᠯᠭᠦ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠂ ᠳᠡᠭᠡᠳᠦ ᠳᠡᠰ ᠤᠨ ᠴᠢᠳᠠᠪᠤᠷᠢᠲᠠᠨ ᠢ ᠤᠷᠢᠨ | ᠬᠡᠷᠡᠭᠯᠡᠬᠦ ᠲᠤᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠴᠦ ᠦᠢᠯᠡᠰ ᠪᠤᠰᠬᠠᠬᠤ ᠪᠡᠯᠡ ᠮᠦᠩᠭᠦ᠂ ᠦᠷ᠎ᠡ | ᠬᠡᠦᠬᠡᠳ ᠤᠨ ᠰᠤᠷᠭᠠᠭᠤᠯᠢ ᠳᠤ ᠤᠷᠤᠬᠤ᠂ ᠤᠷᠤᠨ ᠰᠠᠭᠤᠴᠠ᠂ ᠡᠮ ᠡᠮᠨᠡᠯᠭᠡ ᠵᠡᠷᠭᠡ ᠲᠠᠯ᠎ᠠ ᠳᠤ ᠪᠦᠬᠦ ᠲᠠᠯ᠎ᠠ ᠶᠢᠨ | ᠪᠠᠲᠤᠯᠠᠭ᠎ᠠ ᠬᠠᠩᠭᠠᠨ᠂ ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠴᠦ ᠦᠢᠯᠡᠰ ᠪᠤᠰᠠᠬᠠᠬᠤ ᠬᠦᠴᠦᠨ ᠢ | ᠬᠤᠷᠠᠮᠳᠤᠭᠤᠯᠤᠨ᠎ᠠ᠃ | ᠭᠤᠷᠪᠠ ᠳᠤ᠂ ᠤᠯᠠᠨ ᠠᠷᠭ᠎ᠠ ᠵᠠᠮ ᠢᠶᠠᠷ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠪᠤᠵᠠᠭᠠᠶᠢᠷᠠᠭᠤᠯᠤᠨ᠎ᠠ᠃ | ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠢ ᠶᠡᠭᠡ ᠬᠦᠴᠦᠨ ᠢᠶᠠᠷ ᠬᠦᠭᠵᠢᠭᠦᠯᠦᠨ᠂ ᠨᠡᠶᠢᠲᠡ ᠶᠢᠨ | ᠦᠮᠴᠢᠯᠡᠯ ᠤᠨ ᠪᠤᠰᠤ ᠬᠦᠷᠦᠩᠭᠡ ᠶᠢᠨ ᠤᠨᠴᠠ ᠵᠦᠪᠰᠢᠶᠡᠷᠡᠨ ᠡᠵᠡᠩᠨᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠤᠯᠠᠨ ᠬᠦᠷᠢᠶ᠎ᠡ ᠬᠡᠪᠴᠢᠶᠡᠨ ᠳᠤ ᠤᠷᠤᠬᠤ ᠶᠢ ᠳᠡᠮᠵᠢᠨ᠂ ᠠᠷᠠᠳ | ᠤᠯᠠᠨ ᠤ ᠪᠡᠯᠡ ᠮᠦᠩᠭᠦ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃ ᠲᠦᠷᠦ ᠶᠢᠨ ᠪᠤᠳᠤᠯᠭ᠎ᠠ | ᠲᠤᠭᠲᠠᠭᠠᠵᠤ ᠳᠤᠮᠳᠠ ᠵᠢᠵᠢᠭ ᠠᠵᠤ ᠠᠬᠤᠶᠢᠯᠠᠯ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ | ᠳᠠᠶᠢᠴᠢᠯᠠᠨ᠂ ᠨᠡᠩ ᠤᠯᠠᠨ ᠠᠵᠢᠯ ᠳᠠᠭᠤᠰᠴᠤ ᠡᠵᠡᠩᠨᠡᠭᠰᠡᠨ ᠲᠦᠷᠦᠯ ᠵᠦᠢᠯ ᠢ ᠳᠦᠷᠢᠮᠵᠢᠭᠦᠯᠬᠦ ᠶᠢ ᠠᠬᠢᠭᠤᠯᠵᠤ᠂ | ᠪᠦᠬᠦ ᠵᠢᠯ ᠳᠤ 9 ᠡᠷᠦᠬᠡ ᠬᠡᠪᠴᠢᠶᠡᠵᠢᠯ ᠠᠴᠠ ᠳᠠᠪᠠᠭᠰᠠᠨ ᠠᠵᠤ ᠠᠬᠤᠶᠢᠯᠠᠯ ᠪᠤᠯᠤᠨ ᠬᠢᠵᠠᠭᠠᠷ ᠦᠷᠲᠡᠭ ᠠᠴᠠ | ᠳᠠᠪᠠᠭᠰᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠃ ᠪᠤᠳᠠᠲᠠᠢ ᠠᠵᠤ ᠠᠬᠤᠢ ᠶᠢᠨ | ᠦᠷᠲᠡᠭ ᠢ ᠪᠠᠭᠤᠷᠠᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠭᠠᠶᠢᠯᠢ ᠶᠢ ᠪᠠᠭᠠᠰᠬᠠᠬᠤ᠂ ᠵᠠᠷᠤᠳᠠᠯ ᠢ | ᠪᠠᠭᠠᠰᠬᠠᠬᠤ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠰᠤᠯᠢᠯᠴᠠᠭᠠᠨ ᠤ ᠦᠷᠲᠡᠭ ᠢ ᠪᠠᠭᠠᠰᠬᠠᠬᠤ ᠶᠢᠨ ᠬᠠᠮᠲᠤ | ᠂ ᠡᠯᠧᠮᠧᠨ᠋ᠲ ᠤᠨ ᠦᠷᠲᠡᠭ ᠢ ᠪᠠᠭᠠᠰᠬᠠᠬᠤ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ | ᠦᠪᠡᠷ ᠤᠨ ᠦᠷᠲᠡᠭ ᠢᠶᠠᠨ ᠪᠠᠭᠤᠷᠠᠭᠤᠯᠵᠤ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠳᠡᠭᠡᠳᠦ | ᠰᠢᠨ᠎ᠡ ᠲᠧᠭᠨᠢᠭ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠴᠠᠬᠢᠯᠭᠠᠨ ᠤ ᠦᠢᠯᠡᠳᠪᠦᠷᠢ ᠶᠢᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ᠂ ᠦᠷᠭᠦᠯᠵᠢᠯᠡᠨ ᠲᠤᠮᠤ ᠬᠡᠷᠡᠭᠯᠡᠭᠴᠢ ᠠᠵᠤ ᠠᠬᠤᠶᠢᠯᠠᠯ ᠳᠤ ᠰᠢᠭᠤᠳ | ᠴᠠᠬᠢᠯᠭᠠᠨ ᠬᠦᠷᠭᠡᠬᠦ᠂ ᠴᠠᠬᠢᠯᠭᠠᠨ ᠤ ᠦᠨ᠎ᠡ ᠶᠢᠨ ᠨᠦᠬᠦᠪᠦᠷᠢ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ | ᠤᠯᠭᠤᠨ᠂ ᠠᠵᠤ ᠠᠬᠤᠶᠢᠯᠠᠯ ᠤᠨ ᠡᠨᠧᠷᠭᠢ ᠶᠢᠨ ᠦᠷᠲᠡᠭ ᠢ ᠪᠠᠭᠤᠷᠠᠭᠤᠯᠤᠨ᠎ᠠ︔ ᠤᠯᠠᠭᠠᠨᠬᠠᠳᠠ ᠮᠠᠨᠵᠤᠤᠷ | ᠡᠸᠦ᠋ᠷᠦᠫᠡ ᠶᠢᠨ ᠤᠯᠠᠨ ᠤᠯᠤᠰ ᠤᠨ ᠪᠠᠷᠠᠭᠠᠨ ᠤ ᠡᠭᠡᠯᠵᠢ ᠶᠢᠨ ᠭᠠᠯᠲᠤ ᠲᠡᠷᠭᠡ᠂ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠲᠡᠮᠦᠷ ᠵᠠᠮ ᠤᠨ ᠪᠠᠷᠠᠭᠠᠨ ᠲᠠᠯᠠᠪᠤᠷ ᠵᠢᠴᠢ ᠲᠤᠰᠬᠠᠢ ᠱᠤᠭᠤᠮ ᠤᠨ ᠴᠢᠳᠠᠮᠵᠢ ᠶᠢ ᠪᠠᠳᠠᠷᠠᠭᠤᠯᠤᠨ᠂ | ᠠᠵᠤ ᠠᠬᠤᠶᠢᠯᠠᠯ ᠤᠨ ᠪᠠᠷᠠᠭᠠᠨ ᠭᠦᠢᠯᠭᠡᠭᠡᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ︔ ᠮᠦᠩᠭᠦᠨ | ᠭᠦᠢᠯᠭᠡᠭᠡᠨ ᠤ ᠦᠢᠯᠡᠴᠢᠯᠡᠭᠡᠨ ᠤ ᠠᠷᠪᠠᠨ ᠵᠤᠷᠪᠤᠰ ᠠᠷᠭ᠎ᠠ ᠠᠪᠴᠠᠯ ᠤᠨ ᠴᠢᠳᠠᠮᠵᠢ ᠶᠢ ᠭᠦᠢᠴᠡᠳ ᠪᠠᠳᠠᠷᠠᠭᠤᠯᠤᠨ᠂ | ᠮᠦᠩᠭᠦᠨ ᠭᠦᠢᠯᠭᠡᠭᠡᠨ ᠤ ᠪᠡᠯᠡ ᠮᠦᠩᠭᠦ ᠶᠢᠨ ᠪᠤᠳᠠᠲᠤ ᠠᠵᠤ ᠠᠬᠤᠢ ᠳᠤ ᠤᠷᠤᠰᠤᠨ ᠤᠷᠤᠬᠤ ᠵᠠᠮ ᠢ ᠨᠡᠪᠲᠡᠷᠡᠭᠦᠯᠵᠦ | ᠂ ᠠᠵᠤ ᠠᠬᠤᠶᠢᠯᠠᠯ ᠤᠨ ᠮᠦᠩᠭᠦᠨ ᠭᠦᠢᠯᠭᠡᠭᠡᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ ︽ᠨᠡᠷᠡᠲᠦ | ᠳᠡᠮᠳᠡᠭᠲᠦ ᠬᠤᠩ ᠱᠠᠨ︾ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠨᠠᠷᠢᠯᠢᠭ | ᠴᠢᠨᠠᠷᠯᠢᠭ ᠵᠤᠷᠢᠭ ᠰᠠᠨᠠᠭ᠎ᠠ ᠶᠢ ᠳᠠᠶᠢᠴᠢᠯᠠᠵᠤ᠂ ᠨᠡᠷᠡᠲᠦ ᠲᠠᠸᠠᠷ ᠤᠨ ᠪᠠᠶᠢᠭᠤᠯᠤᠯᠲᠠ ᠶᠢ ᠴᠢᠩᠭᠠᠳᠬᠠᠨ᠂ ᠪᠦᠬᠦ | ᠵᠢᠯ ᠳᠤ 4 ᠤᠯᠤᠰ ᠪᠠ ᠤᠷᠤᠨ ᠤ ᠨᠡᠷᠡᠲᠦ ᠳᠡᠮᠳᠡᠭᠲᠦ ᠶᠢ ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯᠲᠠᠨ ᠢ | ᠬᠦᠨᠳᠦᠳᠬᠡᠬᠦ ᠪᠤᠯ ᠦᠢᠯᠡᠳᠪᠦᠷᠢᠯᠡᠯ ᠤᠨ ᠬᠦᠴᠦᠨ ᠢ ᠬᠦᠨᠳᠦᠳᠬᠡᠬᠦ ᠤᠶᠢᠯᠠᠭᠠᠭᠳᠠᠬᠤᠨ ᠢ ᠪᠠᠲᠤᠵᠢᠭᠤᠯᠵᠤ᠂ ᠠᠵᠤ | ᠠᠬᠤᠶᠢᠯᠠᠯᠲᠠᠨ ᠤ ᠵᠤᠷᠢᠭ ᠰᠠᠨᠠᠭ᠎ᠠ ᠶᠢ ᠬᠠᠮᠠᠭᠠᠯᠠᠨ᠂ ᠠᠵᠤ ᠠᠬᠤᠶᠢᠯᠠᠯᠲᠠᠨ ᠳᠤ ᠲᠠᠭᠠᠯᠠᠮᠵᠢᠲᠠᠢ ᠤᠷᠴᠢᠨ ᠲᠤᠭᠤᠷᠢᠨ | ᠤᠯᠭᠤᠬᠤ ᠪᠠᠷ ᠴᠢᠷᠮᠠᠶᠢᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠳᠡᠮᠵᠢᠨ᠎ᠡ᠃ | ᠠᠵᠤ ᠦᠢᠯᠡᠰ᠂ ᠨᠡᠶᠢᠭᠡᠮᠯᠢᠭ᠂ ᠬᠤᠳᠠᠯᠳᠤᠭᠠᠨ ᠤ ᠨᠡᠶᠢᠭᠡᠮᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠢ | ᠬᠦᠭᠵᠢᠭᠦᠯᠬᠦ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠬᠦ᠂ ᠠᠵᠤ ᠦᠢᠯᠡᠰ ᠤᠨ ᠤᠬᠠᠮᠰᠠᠷ ᠢ | ᠳᠡᠭᠡᠭᠰᠢᠯᠡᠭᠦᠯᠬᠦ᠂ ᠪᠦᠯᠬᠦᠮ ᠨᠢᠭᠡᠴᠡ ᠶᠢᠨ ᠪᠠᠷᠢᠮᠵᠢᠶ᠎ᠠ ᠶᠢ ᠲᠤᠭᠲᠠᠭᠠᠬᠤ ᠵᠡᠷᠭᠡ ᠲᠠᠯ᠎ᠠ ᠳᠤ ᠢᠳᠡᠪᠬᠢᠲᠡᠢ ᠦᠢᠯᠡᠳᠦᠯ | ᠪᠠᠳᠠᠷᠠᠭᠤᠯᠬᠤ ᠶᠢ ᠵᠤᠷᠢᠭᠵᠢᠭᠤᠯᠵᠤ᠂ ᠡᠭᠦᠨ ᠤ ᠤᠯᠠᠮ ᠢᠶᠠᠷ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢᠨ ᠴᠢᠬᠤᠯᠠ ᠬᠦᠴᠦᠨ ᠪᠤᠯᠭᠠᠨ᠎ᠠ᠃ | ᠳᠦᠷᠪᠡ ᠳᠤ᠂ ᠴᠢᠬᠤᠯᠠ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ | ︽ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ | ᠵᠦᠪᠰᠢᠶᠡᠷᠡᠨ ᠤᠷᠤᠬᠤ ᠨᠠᠵᠠᠭᠠᠢ ᠨᠠᠷᠢᠨ ᠳᠠᠩᠰᠠ ᠶᠢ ᠲᠤᠭᠲᠠᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠲᠤᠭᠤᠷᠢᠭ ᠪᠠᠯᠭᠠᠰᠤ ᠲᠤᠰᠬᠤᠨ ᠭᠤᠷᠪᠠᠨ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ᠂ ᠭᠤᠷᠪᠠᠨ ᠱᠠᠲᠤᠨ ᠤ ᠬᠢᠨᠠᠨ ᠵᠦᠪᠰᠢᠶᠡᠷᠡᠬᠦ | ᠲᠠᠪᠴᠠᠩ᠂ ᠡᠵᠡᠩᠨᠡᠯᠲᠡ ᠶᠢᠨ ᠬᠡᠯᠪᠡᠷᠢ᠂ ᠳᠦᠷᠢᠮ ᠤᠨ ᠪᠠᠲᠤᠯᠠᠭ᠎ᠠ ︽ᠭᠤᠷᠪᠠ ᠶᠢ ᠨᠢᠭᠡᠳᠬᠡᠬᠦ︾ ᠶᠢ ᠪᠡᠶᠡᠯᠡᠭᠦᠯᠦᠨ᠂ | ᠪᠤᠳᠠᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠠᠴᠠ ᠰᠦᠯᠵᠢᠶᠡᠨ ᠤ ᠲᠢᠩᠬᠢᠮ ᠲᠡᠶᠢᠰᠢ | ᠦᠷᠭᠡᠳᠬᠡᠬᠦ ᠶᠢ ᠠᠬᠢᠭᠤᠯᠵᠤ᠂ ᠤᠯᠠᠨ ᠲᠦᠮᠡᠨ ᠤ ᠨᠠᠰᠢ ᠴᠠᠰᠢ ᠶᠠᠪᠤᠵᠤ ᠤᠴᠢᠷ ᠰᠢᠢᠳᠪᠦᠷᠢᠯᠡᠳᠡᠭ ᠠᠴᠠ ᠰᠤᠷᠠᠭ | ᠵᠠᠩᠭᠢ ᠶᠢᠨ ᠳᠠᠮᠵᠢᠯᠲᠠ ᠪᠤᠯᠭᠠᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠷᠢᠳᠬᠡᠬᠦ ᠳᠠᠩᠰᠠᠯᠠᠬᠤ ᠪᠦᠬᠦ ᠶᠠᠪᠤᠴᠠ ᠶᠢ ᠡᠯᠧᠺᠲᠷᠤᠨᠵᠢᠭᠦᠯᠦᠨ᠂ ᠡᠯᠧᠺᠲᠷᠤᠨ | ᠡᠵᠡᠩᠨᠡᠯᠲᠡ ᠶᠢᠨ ᠦᠨᠡᠮᠯᠡᠯ ᠪᠤᠯᠤᠨ ᠳᠦᠭᠦᠮ ᠠᠪᠰᠠᠷ ᠬᠦᠴᠦᠨ ᠦᠭᠡᠢ ᠪᠤᠯᠭᠠᠬᠤ ᠳᠠᠩᠰᠠᠯᠠᠯᠲᠠ ᠶᠢ ᠠᠬᠢᠭᠤᠯᠤᠨ᠂ | ᠡᠭᠦᠨ ᠤ ᠤᠯᠠᠮ ᠢᠶᠠᠷ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢ ᠨᠡᠩ ᠳᠦᠭᠦᠮ ᠬᠢᠯᠪᠡᠷ ᠪᠤᠯᠭᠠᠨ᠎ᠠ᠃ | ᠬᠡᠷᠡᠭ ᠤᠨ ᠶᠠᠪᠤᠴᠠ ᠳᠠᠬᠢ ᠪᠤᠯᠤᠨ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠂ ︽ᠬᠤᠶᠠᠷ | ᠳᠠᠰᠢᠷᠠᠮ ᠢᠶᠠᠷ᠂ ᠨᠢᠭᠡ ᠢᠯᠡ ᠪᠤᠯᠭᠠᠬᠤ︾ ᠬᠢᠨᠠᠨ ᠬᠠᠮᠢᠶᠠᠷᠤᠯᠲᠠ ᠶᠢ ᠪᠦᠷᠢᠨ ᠪᠦᠷᠬᠦᠭᠦᠯᠦᠨ᠎ᠡ᠃ ᠬᠠᠩᠭᠠᠨ | ᠪᠤᠷᠤᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠡᠶᠡᠯᠡᠭᠦᠯᠦᠨ᠎ᠡ᠃ ᠬᠤᠩ ᠱᠠᠨ ᠬᠦᠳᠡᠭᠡ | ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢ ᠬᠦᠳᠡᠭᠡ ᠲᠤᠰᠬᠤᠨ ᠤ ᠠᠷᠠᠯᠵᠢᠶᠠᠨ ᠤ ᠪᠠᠩᠭᠢ ᠪᠤᠯᠭᠠᠨ | ᠦᠭᠡᠷᠡᠴᠢᠯᠡᠬᠦ ᠶᠢ ᠠᠬᠢᠭᠤᠯᠤᠨ᠎ᠠ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠯᠲᠡ ᠶᠢᠨ | ᠡᠷᠬᠡ ᠶᠢ ᠪᠠᠲᠤᠯᠠᠬᠤ ᠳᠠᠩᠰᠠᠯᠠᠯᠲᠠ ᠶᠢ ᠪᠡᠶᠡᠯᠡᠭᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠯ ᠤᠨ | ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠭᠤᠷᠪᠠᠨ ᠡᠷᠬᠡ ᠶᠢ ᠬᠤᠪᠢᠶᠠᠷᠢᠯᠠᠨ | ᠲᠤᠬᠢᠷᠠᠭᠤᠯᠬᠤ ᠶᠢ ᠲᠦᠷᠭᠡᠪᠴᠢᠯᠡᠨ ᠠᠬᠢᠭᠤᠯᠤᠨ᠎ᠠ᠃ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠤᠨ | ᠦᠭᠡᠷᠡᠴᠢᠯᠡᠯᠲᠡ ᠪᠤᠯᠤᠨ ᠨᠡᠶᠢᠭᠡᠮ ᠤᠨ ᠠᠵᠤ ᠦᠢᠯᠡᠰ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠠᠵᠢᠯ ᠢ | ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ | ᠪᠠᠳᠠᠷᠠᠭᠤᠯᠤᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠳᠡᠰ ᠳᠡᠪᠰᠢᠭᠦᠯᠬᠦ ᠶᠢᠨ ᠰᠢᠨ᠎ᠡ ᠶᠢ | ᠡᠭᠦᠳᠦᠨ ᠠᠬᠢᠭᠤᠯᠤᠨ᠎ᠠ | ᠨᠢᠭᠡ ᠳᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠬᠦᠴᠦᠨ ᠢᠶᠠᠷ ᠠᠬᠢᠭᠤᠯᠤᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢᠨ ᠢᠨᠵᠧᠨᠧᠷᠢᠩ ᠢ ᠠᠳᠬᠤᠨ᠂ | ᠴᠣᠸᠠᠩ ᠯᠢᠩ ᠮᠤᠩᠭᠤᠯ ᠬᠢᠲᠠᠳ ᠡᠮ ᠤᠨ ᠰᠤᠳᠤᠯᠭᠠᠨ ᠤ ᠬᠦᠷᠢᠶᠡᠯᠡᠩ᠂ ᠰᠠᠢ ᠯᠢᠨ ᠲᠠᠢ ᠳᠠᠭᠤᠷᠢᠶᠠᠮᠠᠯ ᠡᠮ ᠤᠨ | ᠰᠤᠳᠤᠯᠭᠠᠨ ᠤ ᠲᠦᠪ᠂ ᠤᠯᠠᠭᠠᠨᠬᠠᠳᠠ ᠶᠢᠨ ᠡᠮ ᠤᠨ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ | ᠦᠪᠦᠷ ᠮᠤᠩᠭᠤᠯ ᠤᠨ ᠵᠦᠩ ᠰᠧᠨ ᠤᠶᠤᠨᠴᠢ ᠦᠵᠦᠭᠦᠷ ᠤᠨ ᠰᠤᠳᠤᠯᠭᠠᠨ ᠤ ᠲᠦᠪ ᠤᠨ ᠦᠪᠡᠷᠲᠡᠭᠡᠨ ᠵᠠᠰᠠᠬᠤ | ᠤᠷᠤᠨ ᠤ ᠰᠢᠨ᠎ᠡ ᠬᠡᠯᠪᠡᠷᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠨᠢᠭᠡᠴᠡ ᠪᠠᠷ ᠡᠷᠡᠮᠡᠯᠵᠡᠬᠦ ᠶᠢ ᠳᠡᠮᠵᠢᠨ᠂ | ᠳ᠋ᠠᠨ ᠯᠦᠩ ᠡᠮ ᠤᠨ ᠦᠢᠯᠡᠰ᠂ ᠭᠧ ᠯᠢᠨ ᠲᠧ ᠡᠮ ᠤᠨ ᠦᠢᠯᠡᠰ ᠵᠡᠷᠭᠡ ᠠᠵᠤ ᠠᠬᠤᠶᠢᠯᠠᠯ ᠤᠨ ᠤᠯᠤᠰ ᠤᠨ | ᠳᠡᠭᠡᠳᠦ ᠲᠧᠭᠨᠢᠭ ᠤᠨ ᠠᠵᠤ ᠠᠬᠤᠶᠢᠯᠠᠯ ᠪᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠲᠠᠢ ᠯᠢᠩ ᠡᠮ ᠡᠮᠨᠡᠯᠭᠡ᠂ ᠰᠠᠢ ᠯᠢᠨ ᠲᠠᠢ ᠡᠮ ᠤᠨ ᠦᠢᠯᠡᠰ᠂ | ᠤᠯᠠᠭᠠᠨᠬᠠᠳᠠ ᠶᠢᠨ ᠡᠮ ᠤᠨ ᠦᠢᠯᠡᠰ ᠵᠡᠷᠭᠡ ᠠᠵᠤ ᠠᠬᠤᠶᠢᠯᠠᠯ ᠤᠨ ᠳᠤᠮᠳᠠ ᠬᠤᠭᠤᠴᠠᠭᠠᠨ ᠤ ᠲᠤᠷᠰᠢᠯᠲᠠ ᠶᠢᠨ | ᠰᠠᠭᠤᠷᠢᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠨᠡᠩ ᠤᠯᠠᠨ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠤᠨ ᠮᠠᠨ ᠤ ᠲᠤᠭᠤᠷᠢᠭ ᠲᠤ ᠰᠢᠯᠵᠢᠨ ᠰᠠᠭᠤᠷᠢᠰᠢᠬᠤ ᠶᠢ ᠲᠦᠯᠬᠢᠨ ᠠᠬᠢᠭᠤᠯᠤᠨ᠎ᠠ᠃ ᠬᠤᠩ ᠱᠠᠨ | ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠤᠨ ︽ᠳᠤᠯᠤᠭᠠᠨ ᠶᠡᠭᠡ ᠲᠦᠪ︾ ᠪᠦᠬᠦᠨ ᠢᠶᠠᠷ ᠢᠶᠠᠨ | ᠠᠰᠢᠭᠯᠠᠯᠲᠠ ᠳᠤ ᠤᠷᠤᠵᠤ ᠡᠵᠡᠩᠨᠡᠬᠦ ᠶᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ | ᠠᠵᠤ ᠠᠬᠤᠶᠢᠯᠠᠯ ᠢ ᠢᠳᠡᠪᠬᠢᠲᠡᠢ ᠨᠡᠪᠴᠢᠭᠦᠯᠦᠨ ᠬᠦᠭᠵᠢᠭᠦᠯᠦᠨ᠎ᠡ᠃ ᠠᠵᠤ ᠠᠬᠤᠶᠢᠯᠠᠯ ᠤᠨ ᠲᠤᠰᠬᠠᠢ ᠠᠰᠢᠭ | ᠡᠷᠡᠮᠡᠯᠵᠡᠬᠦ ᠶᠢ ᠵᠤᠷᠢᠭᠵᠢᠭᠤᠯᠤᠨ᠂ ᠲᠤᠰᠬᠠᠢ ᠠᠰᠢᠭ ᠡᠷᠡᠮᠡᠯᠵᠡᠬᠦ ᠬᠡᠮᠵᠢᠶ᠎ᠡ ᠪᠤᠯᠤᠨ ᠲᠤᠰᠬᠠᠢ ᠠᠰᠢᠭ ᠤᠨ ᠡᠷᠬᠡ | ᠬᠦᠷᠲᠡᠭᠰᠡᠨ ᠬᠡᠮᠵᠢᠶ᠎ᠡ ᠶᠢ ᠪᠦᠷ 10% ᠠᠴᠠ ᠳᠡᠭᠡᠭᠰᠢ ᠨᠡᠮᠡᠭᠳᠡᠭᠦᠯᠦᠨ᠎ᠡ᠃ | ᠬᠤᠶᠠᠷ ᠲᠤ᠂ ᠠᠵᠤ ᠦᠢᠯᠡᠳᠪᠦᠷᠢ ᠶᠢᠨ ︽ᠵᠢᠷᠭᠤᠭᠠᠨ ᠰᠠᠭᠤᠷᠢᠨ︾ ᠤ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠶᠡᠷᠦᠩᠬᠡᠢ ᠦᠷᠲᠡᠭ 436 ᠳ᠋ᠦᠩᠰᠢᠭᠤᠷ ᠲᠦᠭᠦᠷᠢᠭ | ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠨᠡᠮᠡᠭᠳᠡᠯ ᠤᠨ ᠦᠷᠲᠡᠭ ᠢ 8% ᠤᠷᠴᠢᠮ | ᠨᠡᠮᠡᠭᠳᠡᠭᠦᠯᠦᠨ᠎ᠡ᠃ ᠶᠢᠨ ᠵᠢᠶᠠᠨ ᠬᠦᠷᠡᠯ ᠤᠨ ᠦᠢᠯᠡᠰ ᠤᠨ 40 ᠲᠦᠮᠡᠨ ᠲᠤᠨ ᠬᠦᠷᠡᠯ ᠬᠠᠶᠢᠯᠤᠭᠤᠯᠤᠨ | ᠪᠤᠯᠪᠠᠰᠤᠷᠠᠭᠤᠯᠵᠤ᠂ ᠶᠤᠸᠠᠨ ᠯᠢᠶᠠᠨ 200 ᠲᠦᠮᠡᠨ ᠲᠤᠨ ᠤ ᠬᠠᠪᠳᠠᠰᠦ ᠤᠷᠳᠤᠳᠬᠠᠨ ᠴᠢᠳᠬᠤᠬᠤ ᠳᠠᠷᠤᠴᠠ | ᠪᠤᠯᠤᠨ 950 ᠦᠷᠭᠡᠨ ᠪᠦᠰᠡᠲᠦ ᠪᠤᠯᠤᠳ ᠤᠨ ᠦᠢᠯᠡᠳᠪᠦᠷᠢᠯᠡᠯ ᠤᠨ ᠱᠤᠭᠤᠮ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠦᠩᠭᠡᠲᠦ ᠲᠡᠮᠦᠷᠯᠢᠭ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ | ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠰᠠᠢ ᠯᠢᠨ ᠲᠠᠢ ᠡᠮ ᠤᠨ ᠦᠢᠯᠡᠰ ᠪᠤᠯᠤᠨ ᠬᠠᠢ ᠨᠠᠨ ᠤ | ᠲᠢᠶᠠᠨ ᠬᠤᠸᠠᠩ ᠡᠮ ᠤᠨ ᠦᠢᠯᠡᠰ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠂ ᠤᠯᠠᠭᠠᠨᠬᠠᠳᠠ | ᠶᠢᠨ ᠡᠮ ᠤᠨ ᠦᠢᠯᠡᠰ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠪᠠᠲᠤᠯᠠᠨ᠎ᠠ︔ ᠲᠠᠢ ᠯᠢᠩ | ᠴᠤᠸᠠᠩ ᠰᠢᠨᠵᠢᠯᠡᠭᠡ ᠲᠧᠭᠨᠢᠭ ᠤᠨ ᠬᠦᠷᠢᠶᠡᠯᠡᠩ ᠢ ᠪᠠᠶᠢᠭᠤᠯᠵᠤ᠂ ᠳᠡᠭᠡᠳᠦ ᠳᠡᠰ ᠤᠨ ᠰᠢᠨ᠎ᠡ ᠶᠢ ᠡᠭᠦᠳᠬᠦ | ᠴᠢᠳᠠᠪᠤᠷᠢᠲᠠᠨ ᠢ ᠲᠦᠪᠯᠡᠷᠡᠭᠦᠯᠦᠨ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠤᠨᠤᠰᠢᠯᠠᠬᠤ ᠤᠷᠪᠠᠯᠵᠢ ᠪᠠᠷ ᠤᠨᠴᠠᠯᠢᠭ | ᠪᠤᠯᠭᠠᠨ᠂ ᠮᠤᠩᠭᠤᠯ ᠡᠮ ᠤᠨ ᠤᠳᠤᠬᠢᠴᠢᠯᠠᠯᠲᠠ ᠪᠤᠯᠤᠨ ᠳᠤᠮᠳᠠ ᠬᠤᠭᠤᠴᠠᠭᠠᠨ ᠤ ᠲᠤᠷᠰᠢᠯᠲᠠ ᠶᠢᠨ | ᠦᠢᠯᠡᠳᠪᠦᠷᠢᠯᠡᠯ ᠢᠶᠠᠷ ᠤᠷᠲᠤᠳᠬᠠᠯ ᠪᠤᠯᠭᠠᠭᠰᠠᠨ ᠠᠮᠢᠳᠤ ᠪᠤᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠴᠤᠭᠯᠠᠷᠠᠯ ᠢ ᠪᠠᠶᠢᠭᠤᠯᠤᠨ᠎ᠠ᠃ ᠳ᠋ᠦᠩ ᠯᠢ ᠨᠤᠤᠰᠤᠨ ᠨᠡᠬᠡᠮᠡᠯ᠂ ᠵᠤᠤ ᠤᠳᠠ ᠨᠤᠤᠰᠤᠨ ᠨᠡᠬᠡᠮᠡᠯ ᠵᠡᠷᠭᠡ ᠠᠵᠤ | ᠠᠬᠤᠶᠢᠯᠠᠯ ᠤᠨ ᠨᠡᠷᠡᠲᠦ ᠲᠠᠸᠠᠷ ᠢ ᠪᠤᠶᠢᠵᠢᠭᠤᠯᠤᠨ ᠬᠦᠭᠵᠢᠭᠦᠯᠬᠦ ᠶᠢ ᠵᠤᠷᠢᠭᠵᠢᠭᠤᠯᠵᠤ᠂ ᠦᠢᠯᠡᠳᠬᠦ | ᠦᠢᠯᠡᠳᠪᠦᠷᠢᠯᠡᠯ ᠢ ᠶᠡᠭᠡ ᠬᠦᠴᠦᠨ ᠢᠶᠠᠷ ᠦᠷᠨᠢᠭᠦᠯᠦᠨ᠂ ᠨᠤᠤᠰᠤᠨ ᠨᠡᠬᠡᠮᠡᠯ ᠤᠨ ᠦᠢᠯᠡᠰ ᠤᠨ ᠳᠡᠰ ᠳᠡᠪᠰᠢᠯᠲᠡ ᠶᠢ | ᠠᠬᠢᠭᠤᠯᠤᠨ᠎ᠠ᠃ ᠵᠦᠩ ᠯᠢᠶᠠᠩ ᠪᠦᠯᠦᠭᠯᠡᠯ ᠵᠡᠷᠭᠡ ᠢᠳᠡᠭᠡᠨ ᠪᠤᠯᠪᠠᠰᠤᠷᠠᠭᠤᠯᠬᠤ ᠲᠤᠯᠤᠭᠠᠶᠢᠯᠠᠭᠴᠢ ᠠᠵᠤ | ᠠᠬᠤᠶᠢᠯᠠᠯ ᠢ ᠢᠳᠡᠪᠬᠢᠲᠡᠢ ᠲᠠᠲᠠᠨ ᠤᠷᠤᠭᠤᠯᠵᠤ᠂ 7 ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠠᠶᠢᠭᠤᠯᠤᠨ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠳᠡᠭᠡᠳᠦ ᠦᠵᠦᠭᠦᠷ ᠲᠡᠶᠢᠰᠢ ᠦᠷᠭᠡᠳᠬᠦ ᠶᠢ | ᠠᠬᠢᠭᠤᠯᠤᠨ᠎ᠠ᠃ ᠲᠠᠨ ᠭᠦ᠋ ᠰᠢᠨᠵᠢᠯᠡᠭᠡ ᠲᠧᠭᠨᠢᠭ ᠤᠨ ᠹᠦ᠋ ᠯᠧ ᠠᠯᠺᠧᠨ ᠤ ᠠᠵᠤ ᠦᠢᠯᠡᠰ ᠤᠨ ᠬᠦᠷᠢᠶᠡᠯᠡᠩ᠂ ᠦ᠋ | ᠯᠦᠩ ᠪᠦᠯᠦᠭᠯᠡᠯ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠲᠦᠷᠦᠯ ᠵᠦᠢᠯ ᠤᠨ ᠨᠡᠶᠢᠳᠡᠪᠦᠷᠢᠵᠢᠭᠤᠯᠤᠯᠲᠠ ᠶᠢ | ᠭᠦᠴᠦᠯᠡᠨ ᠱᠠᠭᠠᠷᠳᠠᠨ᠎ᠠ︔ ᠲᠦᠸᠧ ᠵᠢᠶᠠ ᠡᠯᠧᠺᠲᠷᠤᠨ ᠰᠤᠷᠠᠭ ᠵᠠᠩᠭᠢ ᠶᠢᠨ ᠠᠵᠤ ᠦᠢᠯᠡᠰ ᠤᠨ ᠰᠠᠭᠤᠷᠢᠨ ᠢ | ᠲᠦᠷᠭᠡᠪᠴᠢᠯᠡᠨ ᠪᠠᠶᠢᠭᠤᠯᠵᠤ᠂ ᠳᠡᠭᠡᠷ᠎ᠡ ᠳᠤᠮᠳᠠ ᠳᠤᠤᠷ᠎ᠠ ᠵᠠᠬ᠎ᠠ ᠨᠢᠭᠲᠠ ᠬᠤᠯᠪᠤᠭᠳᠠᠭᠰᠠᠨ᠂ ᠢᠵᠢ ᠪᠦᠷᠢᠳᠦᠭᠰᠡᠨ | ᠡᠯᠧᠺᠲᠷᠤᠨ ᠤᠭᠰᠠᠷᠠᠨ ᠦᠢᠯᠡᠳᠬᠦ ᠠᠵᠤ ᠦᠢᠯᠡᠰ ᠤᠨ ᠰᠢᠰᠲ᠋ᠧᠮ ᠢ ᠪᠤᠶᠢᠵᠢᠭᠤᠯᠤᠨ ᠪᠦᠷᠢᠯᠳᠦᠭᠦᠯᠦᠨ᠎ᠠ᠃ | ᠦᠪᠡᠷᠲᠡᠭᠡᠨ ᠵᠠᠰᠠᠬᠤ ᠤᠷᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ | ᠪᠦᠲᠦᠭᠡᠨ ᠪᠠᠶᠢᠭᠤᠯᠤᠯᠲᠠ ᠳᠤ ᠤᠷᠤᠭᠰᠠᠨ ᠠᠵᠠ ᠲᠤᠬᠢᠶᠠᠯ ᠢ ᠠᠳᠬᠤᠵᠤ᠂ ᠡᠭᠦᠯᠡᠨ ᠪᠤᠳᠤᠯᠲᠠ ᠪᠤᠯᠤᠨ ᠶᠡᠭᠡ | ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠂ ᠮᠧᠩ ᠳ᠋ᠦᠩ | ᠶᠡᠭᠡ ᠳ᠋ᠠᠶᠢᠲ᠋ᠠ ᠶᠢᠨ ᠲᠦᠪ ᠢ ᠳᠡᠰ ᠳᠡᠪᠰᠢᠭᠦᠯᠵᠦ᠂ ᠠᠵᠢᠯ ᠲᠦᠷᠦᠯ ᠤᠨ ᠬᠡᠷᠡᠭᠯᠡᠭᠡᠨ ᠤ ᠲᠤᠭ᠎ᠠ ᠪᠠᠷᠢᠮᠲᠠ ᠶᠢᠨ | ᠭᠦᠮᠦᠷᠭᠡ ᠶᠢ ᠪᠠᠶᠢᠭᠤᠯᠵᠦ᠂ ᠡᠭᠦᠯᠡᠨ ᠪᠤᠳᠤᠯᠲᠠ ᠶᠢᠨ ᠠᠮᠤᠷ ᠲᠦᠪᠰᠢᠨ ᠦᠢᠯᠡᠴᠢᠯᠡᠭᠡᠨ ᠤ ᠲᠠᠪᠴᠠᠩ ᠢ ᠡᠭᠦᠳᠦᠨ | ᠪᠠᠶᠢᠭᠤᠯᠵᠦ᠂ ᠤᠶᠤᠨᠴᠢ ᠬᠤᠲᠠ ᠶᠢᠨ ᠲᠤᠰᠬᠠᠢ ᠬᠡᠷᠡᠭᠯᠡᠬᠦ ᠭᠡᠷᠡᠯ ᠰᠢᠷᠬᠡᠭ ᠤᠨ ᠰᠦᠯᠵᠢᠶ᠎ᠡ ᠶᠢ ᠪᠠᠶᠢᠭᠤᠯᠤᠨ᠂ | 2000 ᠬᠤᠯᠪᠤᠯᠴᠠᠯ ᠨᠧᠲ ᠤᠨ ᠤᠶᠤᠨᠴᠢ ᠦᠵᠦᠭᠦᠷ᠂ 1 ᠲᠦᠮᠡᠨ ᠬᠠᠷᠠᠭᠠᠨ ᠳᠠᠪᠲᠠᠮᠵᠢ ᠶᠢᠨ ᠬᠢᠨᠠᠨ | ᠡᠵᠡᠮᠰᠢᠭᠦᠷ ᠢ ᠪᠠᠶᠢᠷᠢᠯᠠᠭᠤᠯᠵᠤ᠂ ᠬᠤᠲᠠ ᠶᠢᠨ ᠡᠯᠧᠮᠧᠨ᠋ᠲ ᠤᠨ ᠵᠠᠩᠭᠢᠯᠠᠭ᠎ᠠ ᠶᠢᠨ ᠴᠡᠭ ᠤᠨ ᠪᠠᠶᠢᠷᠢ᠂ ᠲᠤᠰᠬᠠᠢ | ᠰᠦᠯᠵᠢᠶᠡᠨ ᠤ ᠬᠤᠯᠪᠤᠯᠴᠠᠯ ᠳᠠᠮᠵᠢᠯᠲᠠ᠂ ᠰᠠᠭᠤᠷᠢ ᠲᠤᠭ᠎ᠠ ᠪᠠᠷᠢᠮᠲᠠ ᠶᠢᠨ ᠨᠡᠶᠢᠯᠡᠯ ᠠᠭᠤᠰᠤᠯᠴᠠᠯ ᠢ ᠪᠡᠶᠡᠯᠡᠭᠦᠯᠦᠨ᠂ | ᠶᠡᠭᠡ ᠳ᠋ᠠᠶᠢᠲ᠋ᠠ ᠶᠢᠨ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ᠂ ᠠᠵᠤ ᠦᠢᠯᠡᠰ ᠵᠡᠷᠭᠡ ᠡᠯ᠎ᠡ ᠬᠦᠷᠢᠶ᠎ᠡ | ᠬᠡᠪᠴᠢᠶᠡᠨ ᠳᠠᠬᠢ ᠲᠦᠭᠡᠮᠡᠯᠵᠢᠯᠲᠡ ᠪᠤᠯᠤᠨ ᠬᠡᠷᠡᠭᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠩ ᠱᠠᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠤᠨ ᠪᠤᠬᠢᠷᠳᠤᠯ ᠦᠭᠡᠢ ᠢᠳᠡᠭᠡᠨ | ᠤᠮᠳᠠᠭᠠᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠦᠪ | ᠬᠤᠳᠠᠯᠳᠤᠭᠠᠨ ᠤ ᠶᠠᠪᠤᠳᠠᠯ ᠤᠨ ᠲᠤᠭᠤᠷᠢᠭ᠂ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ᠂ ᠪᠢᠴᠢᠯ ᠵᠢᠵᠢᠭ ᠠᠵᠤ ᠠᠬᠤᠶᠢᠯᠠᠯ ᠤᠨ ᠦᠢᠯᠡᠰ ᠪᠦᠳᠦᠭᠡᠬᠦ ᠨᠡᠪᠴᠢᠭᠦᠯᠬᠦ ᠰᠠᠭᠤᠷᠢᠨ᠂ | ᠹᠦ᠋ ᠯᠦᠩ ᠢᠯᠴᠢ ᠴᠠᠬᠢᠯᠭᠠᠨ ᠤ ᠬᠤᠯᠪᠤᠭᠠᠲᠤ ᠠᠵᠤ ᠦᠢᠯᠡᠰ ᠪᠤᠯᠤᠨ ᠬᠤᠲᠠ ᠶᠢᠨ ᠶᠠᠪᠤᠳᠠᠯ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠩ ᠱᠠᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠤᠷᠤᠨ ᠪᠤᠯᠵᠤ ᠳᠡᠰ ᠳᠡᠪᠰᠢᠬᠦ ᠶᠢ ᠠᠬᠢᠭᠤᠯᠤᠨ᠎ᠠ᠃ | ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠡᠷᠴᠢᠮᠲᠡᠢ ᠦᠷᠨᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ︽ᠳᠦᠷᠪᠡᠨ ᠲᠦᠪ︾ ᠤᠨ | ᠪᠠᠶᠢᠭᠤᠯᠤᠯᠲᠠ ᠶᠢᠨ ᠲᠤᠭᠤᠷᠢᠨ ᠳᠤ᠂ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠶᠢᠨ ᠬᠦᠴᠦᠯᠡᠴᠡ ᠶᠢ ᠴᠢᠩᠭᠠᠳᠬᠠᠨ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ | ᠲᠦᠷᠭᠡᠳᠬᠡᠵᠦ᠂ ᠬᠠᠷᠢᠴᠠᠯ ᠢ ᠨᠡᠮᠡᠭᠳᠡᠭᠦᠯᠦᠨ᠂ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ ᠤᠳᠤ | ᠦᠶ᠎ᠡ ᠶᠢᠨ ᠪᠠᠷᠠᠭᠠᠨ ᠭᠦᠢᠯᠭᠡᠭᠡᠨ ᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠎ᠡ᠃ ᠪᠠᠷᠠᠭᠠᠨ ᠭᠦᠢᠯᠭᠡᠭᠡᠨ ᠤ | ᠬᠦᠷᠢᠶᠡᠯᠡᠩ ᠲᠤᠭᠤᠷᠢᠭ ᠤᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠲᠢᠶᠧ ᠹᠠ ᠪᠠᠷᠠᠭᠠᠨ | ᠭᠦᠢᠯᠭᠡᠭᠡᠨ ᠤ ᠰᠠᠭᠤᠷᠢᠨ᠂ ᠮᠧᠩ ᠳ᠋ᠦᠩ ᠹᠧᠩ ᠴᠤᠸᠠᠩ ᠡᠯᠧᠺᠲᠷᠤᠨ ᠬᠤᠳᠠᠯᠳᠤᠭᠠᠨ ᠤ ᠰᠦᠯᠵᠢᠶᠡᠨ ᠬᠦᠮᠦᠷᠭᠡ | ᠵᠡᠷᠭᠡ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠲᠦᠷᠦᠯ ᠵᠦᠢᠯ ᠢ ᠠᠬᠢᠭᠤᠯᠤᠨ᠂ ᠮᠦᠩᠭᠦᠨ ᠭᠦᠢᠯᠭᠡᠭᠡ ᠪᠠᠷᠠᠭᠠᠨ | ᠭᠦᠢᠯᠭᠡᠭᠡᠨ ᠤ ᠭᠤᠳᠤᠮ ᠤᠨ ᠭᠤᠷᠪᠠᠳᠤᠭᠠᠷ ᠬᠤᠭᠤᠴᠠᠭ᠎ᠠ ᠶᠢ ᠡᠬᠢᠯᠡᠨ ᠪᠠᠶᠢᠭᠤᠯᠵᠤ᠂ ᠡᠸ᠋ᠨ ᡁᠢ ᠪᠠᠷᠠᠭᠠᠨ | ᠭᠦᠢᠯᠭᠡᠭᠡᠨ ᠪᠤᠯᠤᠨ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠬᠠᠮᠲᠤᠷᠠᠯᠴᠠᠨ ᠤᠶᠤᠨᠴᠢ | ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠢ ᠨᠡᠪᠴᠢᠭᠦᠯᠬᠦ ᠶᠢ ᠠᠬᠢᠭᠤᠯᠤᠨ᠂ ᠤᠶᠤᠨᠴᠢ ᠪᠠᠷᠠᠭᠠᠨ ᠭᠦᠢᠯᠭᠡᠭᠡᠨ ᠤ | ᠬᠦᠷᠢᠶᠡᠯᠡᠩ ᠲᠤᠭᠤᠷᠢᠭ ᠢ ᠪᠠᠶᠢᠭᠤᠯᠵᠤ᠂ ᠵᠢᠯ ᠤᠨ ᠰᠤᠯᠢᠯᠴᠠᠭᠠᠨ ᠤ ᠦᠷᠲᠡᠭ ᠢ 470 ᠳ᠋ᠦᠩᠰᠢᠭᠤᠷ ᠲᠦᠭᠦᠷᠢᠭ | ᠬᠦᠷᠭᠡᠨ᠎ᠡ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠤᠷᠤᠨ ᠤ ᠪᠠᠶᠢᠭᠤᠯᠤᠯᠲᠠ ᠶᠢ ᠲᠦᠷᠭᠡᠳᠬᠡᠨ᠂ | ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠠᠳᠠᠭᠠᠯᠠᠯᠲᠠ ᠶᠢᠨ ᠬᠦᠮᠦᠷᠭᠡ ᠵᠡᠷᠭᠡ ᠲᠦᠷᠦᠯ ᠵᠦᠢᠯ ᠢ ᠪᠦᠲᠦᠭᠡᠨ | ᠪᠠᠶᠢᠭᠤᠯᠤᠨ᠎ᠠ᠃ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠤᠨ ᠠᠷᠠᠯᠵᠢᠶᠠᠴᠢᠨ ᠡᠯᠰᠡᠬᠦ ᠪᠠ | ᠡᠵᠡᠩᠨᠡᠯᠲᠡ ᠶᠢ ᠰᠠᠶᠢᠲᠤᠷ ᠠᠳᠬᠤᠨ᠂ ᠭᠠᠳᠠᠭᠠᠳᠤ ᠠᠷᠠᠯᠵᠢᠶᠠᠨ ᠤ ᠤᠷᠤᠭᠤᠯᠵᠤ ᠭᠠᠷᠭᠠᠬᠤ ᠠᠵᠤ ᠠᠬᠤᠶᠢᠯᠠᠯ | ᠪᠤᠯᠤᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠦᠬᠦ ᠬᠦᠴᠦᠨ ᠢᠶᠠᠷ ᠤᠷᠤᠭᠤᠯᠵᠤ᠂ ᠭᠠᠶᠢᠯᠢ ᠪᠠᠲᠤᠯᠠᠬᠤ | ᠲᠠᠸᠠᠷ ᠤᠨ ᠦᠵᠡᠭᠦᠯᠦᠯᠭᠡ ᠰᠤᠯᠢᠯᠴᠠᠭ᠎ᠠ᠂ ᠬᠢᠯᠢ ᠠᠯᠤᠰᠯᠠᠭᠰᠠᠨ ᠪᠠᠷᠠᠭᠠᠨ ᠲᠡᠭᠡᠭᠡᠪᠦᠷᠢ ᠵᠡᠷᠭᠡ ᠠᠵᠢᠯ ᠢ ᠦᠷᠭᠡᠳᠬᠡᠨ | ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠢᠵᠢ ᠪᠦᠷᠢᠳᠦᠭᠰᠡᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠦᠪᠦᠷ ᠮᠤᠩᠭᠤᠯ ᠤᠨ ᠬᠢᠯᠢ ᠠᠯᠤᠰᠯᠠᠭᠰᠠᠨ ᠰᠦᠯᠵᠢᠶᠡᠨ ᠬᠤᠳᠠᠯᠳᠤᠭ᠎ᠠ᠂ ᠨᠡᠷᠡᠲᠦ ᠬᠤᠳᠠᠯᠳᠤᠭᠠᠨ ᠤ | ᠬᠤᠲᠠ ᠵᠡᠷᠭᠡ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠰᠤᠯᠢᠯᠴᠠᠭᠠᠨ ᠤ ᠲᠠᠪᠴᠠᠩ ᠤᠨ | ᠰᠦᠯᠵᠢᠶᠡᠨ ᠳᠤ ᠨᠡᠪᠲᠡᠷᠡᠨ ᠡᠵᠡᠩᠨᠡᠬᠦ ᠶᠢ ᠠᠬᠢᠭᠤᠯᠤᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠢ | ᠡᠷᠡᠮᠡᠯᠵᠡᠨ ᠪᠠᠶᠢᠭᠤᠯᠬᠤ ᠠᠵᠢᠯ ᠢ ᠢᠵᠢᠯ ᠠᠯᠬᠤᠮ ᠢᠶᠠᠷ ᠠᠬᠢᠭᠤᠯᠵᠤ᠂ ᠨᠦᠯᠦᠭᠡ ᠶᠡᠬᠡᠲᠦ ᠮᠧᠩ ᠳ᠋ᠦᠩ᠂ | ᠡᠸᠦ᠋ᠷᠦᠫᠡ ᠠᠽᠢᠶ᠎ᠠ ᠶᠢ ᠬᠤᠯᠪᠤᠭᠰᠠᠨ ᠬᠢᠯᠢ ᠠᠯᠤᠰᠯᠠᠭᠰᠠᠨ ᠪᠠᠷᠠᠭᠠᠨ ᠭᠦᠢᠯᠭᠡᠭᠡᠨ ᠤ ᠳᠠᠷᠳᠠᠩ ᠵᠠᠮ ᠢ | ᠪᠤᠶᠢᠵᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠦᠭᠡᠷᠡᠴᠢᠯᠡᠨ | ᠬᠦᠭᠵᠢᠭᠦᠯᠦᠨ᠎ᠡ᠃ ᠤᠳᠤ ᠦᠶ᠎ᠡ ᠶᠢᠨ ᠬᠤᠲᠠ ᠶᠢᠨ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠶᠢ | ᠲᠦᠷᠭᠡᠳᠬᠡᠨ᠂ ᠱᠠᠩᠬᠠᠢ ᠶᠢᠨ ᠰᠢᠨ᠎ᠡ ᠬᠤᠲᠠ ᠪᠦᠯᠦᠭᠯᠡᠯ ᠤᠨ ᠡᠦ ᠶᠤᠸᠠᠢ ᠠᠭᠤᠳᠠᠮ ᠲᠠᠯᠠᠪᠠᠢ ᠶᠢᠨ ᠲᠦᠷᠦᠯ ᠵᠦᠢᠯ | ᠢ ᠭᠦᠴᠦᠯᠡᠨ ᠤᠷᠤᠭᠤᠯᠵᠦ᠂ ᠠᠢ ᠮᠸᠢ ᠤᠯᠠᠨ ᠤᠯᠤᠰ ᠤᠨ ᠠᠭᠤᠳᠠᠮ ᠲᠠᠯᠠᠪᠠᠢ ᠶᠢ ᠡᠬᠢᠯᠡᠨ ᠪᠠᠶᠢᠭᠤᠯᠵᠦ᠂ ᠸᠠᠠ | ᠶᠤᠸᠠᠢ ᠬᠤᠲᠠ ᠶᠢᠨ ᠠᠭᠤᠳᠠᠮ ᠲᠠᠯᠠᠪᠠᠢ ᠪᠠ ᠯᠦᠩ ᠲᠧᠩ ᠤᠯᠠᠨ ᠤᠯᠤᠰ ᠤᠨ ᠠᠭᠤᠳᠠᠮ ᠲᠠᠯᠠᠪᠠᠢ ᠶᠢᠨ | ᠪᠠᠶᠢᠭᠤᠯᠤᠯᠲᠠ ᠡᠵᠡᠩᠨᠡᠯᠲᠡ ᠶᠢ ᠭᠦᠴᠦᠯᠡᠨ ᠱᠠᠭᠠᠷᠳᠠᠨ᠎ᠠ᠃ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ | ᠪᠠ ᠢᠳᠡᠰᠢᠨ ᠨᠤᠭᠤᠭᠠᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠬᠠᠭᠤᠴᠢᠨ ᠲᠡᠷᠭᠡᠨ ᠤ | ᠰᠤᠯᠢᠯᠴᠠᠭᠠᠨ ᠤ ᠵᠠᠬ᠎ᠠ ᠳᠡᠯᠭᠡᠭᠦᠷ᠂ ᠮᠠᠰᠢᠨ ᠲᠦᠬᠦᠭᠡᠷᠦᠮᠵᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠷᠭᠡᠳᠬᠡᠨ᠂ ᠪᠤᠯᠤᠳ ᠮᠠᠲ᠋ᠧᠷᠢᠶᠠᠯ ᠤᠨ ᠬᠤᠲᠠ ᠪᠤᠯᠤᠨ ᠴᠢᠯᠠᠭᠤᠨ ᠮᠠᠲ᠋ᠧᠷᠢᠶᠠᠯ ᠤᠨ ᠬᠤᠲᠠ ᠶᠢ ᠪᠠᠶᠢᠭᠤᠯᠵᠤ᠂ | ᠴᠢᠶᠠᠨ ᠰᠢ ᠵᠠᠬ᠎ᠠ ᠳᠡᠯᠭᠡᠭᠦᠷ᠂ ᠳ᠋ᠠ ᠹᠦ᠋ ᠵᠠᠬ᠎ᠠ ᠳᠡᠯᠭᠡᠭᠦᠷ ᠵᠡᠷᠭᠡ ᠬᠠᠭᠤᠴᠢᠨ ᠬᠤᠲᠠ ᠲᠤᠭᠤᠷᠢᠭ ᠤᠨ ᠲᠤᠰᠬᠠᠢ | ᠵᠠᠬ᠎ᠠ ᠳᠡᠯᠭᠡᠭᠦᠷ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠲᠦᠯᠬᠢᠨ ᠠᠬᠢᠭᠤᠯᠤᠨ᠎ᠠ᠃ | ᠠᠷᠠᠯᠵᠢᠶ᠎ᠠ ᠠᠵᠤ ᠠᠬᠤᠶᠢᠯᠠᠯ ᠢᠶᠠᠷ ᠭᠤᠤᠯᠳᠠᠯᠭ᠎ᠠ ᠪᠤᠯᠭᠠᠨ᠂ ᠨᠡᠶᠢᠭᠡᠮᠯᠢᠭ ᠢᠶᠠᠷ ᠠᠬᠢᠭᠤᠯᠵᠤ᠂ ᠵᠠᠰᠠᠭ ᠤᠨ ᠤᠷᠳᠤᠨ | ᠬᠦᠲᠦᠯᠦᠨ ᠵᠢᠯᠤᠭᠤᠳᠬᠤ ᠠᠷᠭ᠎ᠠ ᠮᠠᠶ᠋ᠢᠭ ᠢ ᠠᠪᠴᠤ᠂ ᠰᠢᠨᠬᠤᠸᠠ ᠬᠤᠳᠠᠯᠳᠤᠭᠠᠨ ᠤ ᠶᠠᠪᠠᠭᠠᠨ ᠵᠡᠭᠡᠯᠢ ᠶᠢᠨ | ᠡᠵᠡᠩᠨᠡᠯᠲᠡ ᠶᠢᠨ ᠰᠡᠯᠡᠭᠦᠴᠡᠯ ᠦᠢᠯᠡᠳᠦᠯᠭᠡ ᠶᠢᠨ ᠬᠡᠯᠪᠡᠷᠢ ᠲᠡᠶᠢᠰᠢ᠂ ᠠᠷᠠᠯᠵᠢᠶ᠎ᠠ ᠵᠤᠭᠠᠴᠠᠯ ᠤᠶᠠᠯᠳᠤᠭᠰᠠᠨ | ᠬᠦᠭᠵᠢᠯᠲᠡ ᠲᠡᠶᠢᠰᠢ᠂ ᠪᠤᠳᠠᠲᠠᠢ ᠪᠠ ᠰᠦᠯᠵᠢᠶ᠎ᠡ ᠤᠶᠠᠯᠳᠤᠨ ᠦᠷᠭᠡᠵᠢᠨ ᠬᠦᠭᠵᠢᠬᠦ ᠲᠡᠶᠢᠰᠢ ᠠᠬᠢᠭᠤᠯᠤᠨ᠂ | ᠠᠷᠠᠯᠵᠢᠶᠠᠨ ᠤ ᠬᠠᠭᠤᠴᠢᠨ ᠬᠤᠲᠠ ᠲᠤᠭᠤᠷᠢᠭ ᠢ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠨ᠎ᠠ᠃ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠦᠨ ᠬᠦᠭᠵᠢᠭᠦᠯᠦᠨ᠎ᠡ᠃ ᠲᠦᠪ | ᠠᠷᠠᠯᠵᠢᠶ᠎ᠠ ᠬᠤᠳᠠᠯᠳᠤᠭᠠᠨ ᠤ ᠲᠤᠭᠤᠷᠢᠭ ᠢ ᠲᠦᠰᠦᠪᠯᠡᠨ ᠪᠠᠶᠢᠭᠤᠯᠵᠤ᠂ ᠪᠡᠯᠨ ᠠᠭᠤᠰᠬᠠᠨ ᠲᠦᠷᠢᠶᠡᠰᠦᠯᠡᠭᠦᠯᠬᠦ᠂ | ᠬᠠᠩᠭᠠᠯᠭ᠎ᠠ ᠬᠡᠷᠡᠭᠴᠡᠭᠡ ᠶᠢ ᠮᠦᠩᠭᠦᠨ ᠭᠦᠢᠯᠭᠡᠭᠡᠨ ᠲᠠᠢ ᠬᠤᠯᠪᠤᠬᠤ ᠵᠡᠷᠭᠡ ᠰᠢᠨ᠎ᠡ ᠪᠠᠷ ᠬᠦᠭᠵᠢᠭᠰᠡᠨ ᠠᠵᠤ | ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠤᠷᠤᠨ ᠬᠡᠪᠴᠢᠶᠡᠨ ᠤ ᠴᠢᠨᠠᠷᠲᠠᠢ ᠶᠡᠷᠦᠩᠬᠡᠢ ᠭᠠᠵᠠᠷ ᠤᠨ ᠠᠵᠤ ᠠᠬᠤᠢ | ᠶᠢ ᠶᠡᠭᠡ ᠬᠦᠴᠦᠨ ᠢᠶᠠᠷ ᠬᠦᠭᠵᠢᠭᠦᠯᠦᠨ᠂ ᠮᠦᠩᠭᠦᠨ ᠭᠦᠢᠯᠭᠡᠭᠡᠨ ᠳᠠᠭᠠᠳᠬᠠᠯ᠂ ᠶᠡᠷᠦᠩᠬᠡᠢ ᠬᠡᠯᠲᠡᠰ ᠰᠤᠳᠤᠯᠤᠨ | ᠨᠡᠭᠡᠭᠡᠬᠦ᠂ ᠳᠡᠭᠡᠳᠦ ᠳᠡᠰ ᠤᠨ ᠬᠤᠳᠠᠯᠳᠤᠭᠠᠨ ᠤ ᠶᠠᠪᠤᠳᠠᠯ ᠢ ᠨᠢᠭᠡ ᠴᠤᠭᠴᠠᠵᠢᠭᠤᠯᠤᠭᠰᠠᠨ ᠮᠦᠩᠭᠦᠨ ᠭᠦᠢᠯᠭᠡᠭᠡᠨ ᠤ | ᠠᠮᠢ ᠠᠬᠤᠢ ᠶᠢᠨ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠠᠶᠢᠭᠤᠯᠤᠨ᠎ᠠ᠃ ᠡᠯᠧᠮᠧᠨ᠋ᠲ ᠤᠨ ᠰᠤᠯᠢᠯᠴᠠᠭᠠᠨ ᠤ | ᠵᠠᠬ᠎ᠠ ᠳᠡᠯᠭᠡᠭᠦᠷ ᠢ ᠬᠦᠭᠵᠢᠭᠦᠯᠦᠨ᠂ ᠶᠡᠭᠡ ᠬᠡᠮᠵᠢᠶᠡᠨ ᠤ ᠲᠠᠸᠠᠷ ᠤᠨ ᠰᠤᠯᠢᠯᠴᠠᠭᠠᠨ ᠤ ᠲᠦᠪ ᠢ ᠲᠦᠷᠢᠮᠵᠢᠭᠦᠯᠦᠨ | ᠬᠦᠭᠵᠢᠭᠦᠯᠵᠦ᠂ ᠪᠠᠷᠢᠮᠵᠢᠶ᠎ᠠ ᠪᠤᠰᠤ ᠦᠩᠭᠡᠲᠦ ᠲᠡᠮᠦᠷᠯᠢᠭ ᠤᠨ ᠰᠤᠯᠢᠯᠴᠠᠭᠠᠨ ᠤ ᠲᠦᠪ ᠤᠨ ᠠᠰᠢᠭᠯᠠᠯᠲᠠ ᠳᠤ | ᠤᠷᠤᠵᠤ ᠡᠵᠡᠩᠨᠡᠬᠦ ᠶᠢ ᠠᠬᠢᠭᠤᠯᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠢ ᠪᠡᠯᠡ ᠮᠦᠩᠭᠦᠨ ᠤ ᠵᠠᠬ᠎ᠠ ᠳᠡᠯᠭᠡᠭᠦᠷ | ᠲᠠᠢ ᠵᠤᠯᠭᠠᠭᠤᠯᠬᠤ ᠶᠢ ᠠᠬᠢᠭᠤᠯᠵᠤ᠂ ᠰᠢᠭᠤᠳ ᠪᠡᠯᠡ ᠠᠭᠤᠰᠬᠠᠬᠤ ᠶᠢ ᠪᠡᠶᠡᠯᠡᠭᠦᠯᠦᠨ᠂ ᠵᠢᠯ ᠤᠨ ᠳᠤᠳᠤᠷ᠎ᠠ | ᠭᠤᠷᠪᠠᠳᠤᠭᠠᠷ ᠲᠦᠷᠦᠯ ᠤᠨ ᠬᠤᠪᠢᠴᠠᠭᠠᠨ ᠤ ᠵᠠᠬ᠎ᠠ ᠳᠤ ᠫᠠᠶᠢᠰᠠ ᠡᠯᠭᠦᠨ ᠡᠷᠦᠬᠡ ᠰᠡᠭᠦᠭᠦ ᠠᠵᠤ ᠠᠬᠤᠶᠢᠯᠠᠯ 5 ᠶᠢ | ᠨᠡᠮᠡᠭᠳᠡᠭᠦᠯᠦᠨ᠎ᠡ᠃ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠤᠰᠬᠠᠢ ᠪᠡᠯᠡ ᠮᠦᠩᠭᠦ ᠶᠢ ᠲᠤᠬᠢᠷᠠᠭᠤᠯᠤᠨ᠂ | ᠮᠦᠩᠭᠦᠨ ᠭᠦᠢᠯᠭᠡᠭᠡᠨ ᠤ ᠦᠭᠡᠷᠡᠴᠢᠯᠡᠯᠲᠡ ᠶᠢ ᠳᠠᠮᠵᠢᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠤᠷᠢᠨ | ᠤᠷᠤᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ ᠤᠷᠤᠨ ᠬᠡᠪᠴᠢᠶᠡᠨ ᠤ | ᠵᠤᠭᠠᠴᠠᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠦᠨ ᠨᠠᠶᠢᠳᠠᠪᠤᠷᠢᠵᠢᠭᠤᠯᠤᠨ᠎ᠠ᠃ ᠭᠠᠵᠠᠷ | ᠤᠷᠤᠨ ᠤ ᠳᠠᠪᠠᠭᠤᠯᠢᠭ ᠪᠤᠯᠤᠨ ᠰᠤᠶᠤᠯ ᠤᠨ ᠠᠭᠤᠯᠬᠤᠨ ᠳᠤ ᠲᠦᠰᠢᠭᠯᠡᠨ᠂ ᠳᠡᠭᠡᠳᠦ ᠬᠤᠷᠳᠤ ᠶᠢᠨ ᠲᠡᠮᠦᠷ ᠵᠠᠮ ᠤᠨ | ᠴᠠᠭ ᠦᠶ᠎ᠡ ᠳᠤ ᠬᠠᠨᠳᠤᠭᠤᠯᠵᠤ᠂ ᠤᠷᠤᠨ ᠬᠡᠪᠴᠢᠶᠡᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢ | ᠰᠢᠯᠢᠳᠡᠭᠵᠢᠭᠦᠯᠦᠨ᠂ ᠤᠷᠤᠨ ᠬᠡᠪᠴᠢᠶᠡᠨ ᠤ ᠵᠤᠭᠠᠴᠠᠯ ᠤᠨ ᠬᠦᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ | ᠵᠤᠭᠠᠴᠠᠯ ᠤᠨ ᠦᠢᠯᠡᠰ ᠢ ᠮᠠᠨ ᠤ ᠲᠤᠭᠤᠷᠢᠭ ᠤᠨ ᠰᠢᠨ᠎ᠡ ᠲᠤᠯᠭᠠᠭᠤᠷᠢ ᠠᠵᠤ ᠦᠢᠯᠡᠰ ᠪᠤᠯᠭᠠᠨ ᠪᠤᠶᠢᠵᠢᠭᠤᠯᠤᠨ᠎ᠠ᠃ | ᠵᠤᠭᠠᠴᠠᠯ ᠤᠨ ᠬᠦᠭᠵᠢᠯᠲᠡ ᠶᠢᠨ ᠵᠦᠪᠯᠡᠯ ᠪᠤᠯᠤᠨ ᠵᠤᠭᠠᠴᠠᠯ ᠤᠨ ᠲᠤᠰᠬᠠᠢ ᠮᠡᠷᠭᠡᠵᠢᠯᠲᠡᠳ ᠤᠨ ᠠᠰᠠᠭᠤᠨ ᠯᠠᠪᠯᠠᠬᠤ | ᠵᠦᠪᠯᠡᠯ ᠢ ᠪᠠᠶᠢᠭᠤᠯᠵᠤ᠂ ᠤᠷᠤᠨ ᠬᠡᠪᠴᠢᠶᠡᠨ ᠤ ᠵᠤᠭᠠᠴᠠᠯ ᠤᠨ ᠶᠡᠷᠦᠩᠬᠡᠶᠢᠯᠡᠭᠰᠡᠨ ᠵᠤᠬᠢᠴᠠᠭᠤᠯᠬᠤ ᠵᠤᠬᠢᠴᠠᠮᠵᠢ ᠶᠢ | ᠪᠦᠷᠢᠯᠳᠦᠭᠦᠯᠦᠨ᠎ᠡ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠷᠭ᠎ᠠ ᠮᠠᠶ᠋ᠢᠭ ᠢ ᠠᠪᠴᠤ᠂ ᠨᠡᠶᠢᠭᠡᠮ ᠤᠨ | ᠬᠦᠷᠦᠩᠭᠡ ᠶᠢ ᠲᠠᠲᠠᠨ ᠵᠤᠭᠠᠴᠠᠯ ᠤᠨ ᠲᠦᠷᠦᠯ ᠵᠦᠢᠯ ᠤᠨ ᠨᠡᠭᠡᠭᠡᠯᠲᠡ ᠪᠠ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠤᠷᠤᠯᠴᠠᠭᠤᠯᠤᠨ᠎ᠠ᠃ ᠡᠨᠡ ᠵᠢᠯ ︽ᠬᠤᠶᠠᠷ ᠠᠭᠤᠯᠠ ᠬᠤᠶᠠᠷ ᠬᠦᠷᠢᠶᠡᠯᠡᠩ︾᠂ | ᠤᠯᠠᠭᠠᠨᠬᠠᠳᠠ ᠶᠢᠨ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪ᠂ ᠡᠯ ᠳ᠋ᠤᠤ ᠵᠢᠩ | ᠽᠢ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠳ᠋ᠤᠤ ᠭᠦ᠋ ᠡᠮᠦᠨ᠎ᠡ ᠠᠭᠤᠯᠠᠨ ᠤ ᠠᠮᠢ ᠠᠬᠤᠢ ᠶᠢᠨ | ᠵᠤᠭᠠᠴᠠᠯ ᠠᠷᠠᠯᠵᠢᠶᠠᠨ ᠤ ᠤᠷᠤᠨ᠂ ᠱᠢ ᠱᠠᠩ ᠲᠢᠶᠠᠨ ᠵᠢᠶᠧ ᠵᠡᠭᠡᠯᠢ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ | ᠰᠠᠶᠢᠲᠤᠷ ᠨᠠᠶᠢᠳᠠᠪᠤᠷᠢᠵᠢᠭᠤᠯᠵᠤ᠂ ︽ᠶᠢᠰᠦᠨ ᠵᠡᠭᠡᠯᠢ ᠭᠤᠷᠪᠠᠨ ᠵᠠᠬ᠎ᠠ︾ ᠲᠡᠦᠬᠡ ᠰᠤᠶᠤᠯ ᠤᠨ ᠵᠡᠭᠡᠯᠢ | ᠲᠤᠭᠤᠷᠢᠭ ᠤᠨ ᠡᠯ᠎ᠡ ᠲᠦᠷᠦᠯ ᠤᠨ ᠪᠡᠯᠡᠳᠬᠡᠯ ᠠᠵᠢᠯ ᠢ ᠯᠠᠪᠳᠠᠭᠤᠨ ᠠᠬᠢᠭᠤᠯᠵᠤ᠂ ᠵᠤᠭᠠᠴᠠᠯ ᠠᠷᠠᠯᠵᠢᠶᠠᠨ ᠤ | ᠴᠠᠭᠠᠷᠢᠭ᠂ ᠵᠤᠭᠠᠴᠠᠯ ᠤᠨ ᠵᠤᠷᠯᠤᠩ᠂ ᠵᠤᠭᠠᠴᠠᠯ ᠤᠨ ᠲᠠᠸᠠᠷ ᠤᠨ ᠨᠡᠭᠡᠭᠡᠯᠲᠡ ᠵᠡᠷᠭᠡ ᠢᠵᠢ ᠪᠦᠷᠢᠳᠦᠭᠰᠡᠨ | ᠢᠨᠵᠧᠨᠧᠷᠢᠩ ᠢ ᠲᠡᠭᠦᠯᠳᠡᠷᠵᠢᠭᠦᠯᠦᠨ᠂ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠵᠢᠯ ᠤᠨ ᠵᠤᠭᠠᠴᠠᠯ ᠤᠨ ᠤᠷᠤᠯᠭ᠎ᠠ ᠶᠢ 53 | ᠳ᠋ᠦᠩᠰᠢᠭᠤᠷ ᠲᠦᠭᠦᠷᠢᠭ ᠲᠤ ᠭᠦᠷᠭᠦ ᠶᠢ ᠪᠠᠶᠠᠯᠠᠭᠦᠯᠵᠦ᠂ ︽ᠤᠯᠤᠰ ᠤᠨ ᠤᠷᠤᠨ ᠬᠡᠪᠴᠢᠶᠡᠨ ᠤ ᠵᠤᠭᠠᠴᠠᠯ ᠤᠨ | ᠵᠢᠱᠢᠶ᠎ᠡ ᠦᠵᠡᠭᠦᠯᠬᠦ ᠲᠤᠭᠤᠷᠢᠭ︾ ᠪᠤᠯᠬᠤ ᠪᠠᠷ ᠬᠦᠴᠦᠯᠡᠨ ᠴᠢᠷᠮᠠᠶᠢᠨ᠎ᠠ᠃ ᠡᠷᠡᠭᠦᠯ ᠴᠢᠬᠢᠷᠠᠭ ᠨᠠᠰᠤᠵᠢᠯ ᠤᠨ | ᠠᠰᠠᠷᠠᠮᠵᠢ ᠶᠢᠨ ᠦᠢᠯᠡᠰ ᠢ ᠪᠤᠶᠢᠵᠢᠭᠤᠯᠤᠨ ᠬᠦᠭᠵᠢᠭᠦᠯᠦᠨ᠎ᠡ᠃ ᠴᠢᠶᠣᠣ ᠪᠸᠢ ᠪᠤᠯᠤᠨ ᠡᠯ ᠳ᠋ᠤᠤ ᠵᠢᠩ ᠽᠢ ᠶᠢᠨ | ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠦᠷᠢᠶᠡᠯᠡᠩ ᠢ ᠲᠦᠰᠦᠪᠯᠡᠨ ᠪᠠᠶᠢᠭᠤᠯᠬᠤ ᠠᠵᠢᠯ ᠢ | ᠡᠬᠢᠯᠡᠭᠦᠯᠦᠨ᠎ᠡ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠤᠨᠴᠠᠯᠢᠭᠲᠤ ᠨᠡᠶᠢᠭᠡᠮ ᠲᠤᠭᠤᠷᠢᠭ ᠤᠨ | ᠨᠠᠰᠤᠵᠢᠯ ᠤᠨ ᠠᠰᠠᠷᠠᠮᠵᠢ ᠪᠠ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ ᠬᠡᠯᠪᠡᠷᠢ ᠶᠢ | ᠬᠦᠭᠵᠢᠭᠦᠯᠦᠨ᠂ 2 ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠢ | ᠪᠠᠶᠢᠭᠤᠯᠵᠤ᠂ 20 % ᠠᠴᠠ ᠳᠡᠭᠡᠭᠰᠢᠬᠢ ᠰᠠᠭᠤᠭᠠᠯᠢ ᠠᠷᠠᠳ ︵ᠨᠠᠰᠤᠲᠠᠳ︶ ᠢ ᠬᠠᠮᠤᠷᠤᠨ᠎ᠠ᠃ | ︵ᠭᠤᠷᠪᠠ︶ ᠬᠤᠲᠠ ᠪᠠᠯᠭᠠᠰᠤᠨ ᠤ ᠨᠢᠭᠡᠲᠦᠯᠲᠡᠢ ᠲᠦᠯᠦᠪᠵᠢᠭᠦᠯᠵᠦ ᠨᠡᠶᠢᠳᠡᠮ ᠳᠤᠨᠢ ᠵᠤᠬᠢᠴᠠᠭᠤᠯᠬᠤ | ᠬᠦᠭᠵᠢᠯᠲᠡ ᠶᠢ ᠦᠨᠡᠨᠬᠦ ᠠᠬᠢᠭᠤᠯᠤᠨ᠎ᠠ | ᠨᠢᠭᠡ ᠳᠤ᠂ ᠬᠤᠲᠠ ᠶᠢᠨ ᠤᠷᠭᠠᠨᠢᠭ ᠰᠢᠨᠡᠴᠢᠯᠡᠯᠲᠡ ᠶᠢ ᠠᠬᠢᠭᠤᠯᠤᠨ᠎ᠠ᠃ ᠲᠢᠶᠧ ᠨᠠᠨ ᠪᠦᠯᠦᠭᠲᠦ | ᠴᠤᠭᠴᠠ ᠶᠢᠨ ᠦᠭᠡᠷᠡᠴᠢᠯᠡᠨ ᠪᠠᠶᠢᠭᠤᠯᠤᠯᠲᠠ ᠶᠢ ᠲᠦᠷᠭᠡᠳᠬᠡᠨ᠂ ᠰᠤᠯᠠᠯᠠᠨ ᠭᠠᠷᠭᠠᠭᠰᠠᠨ ᠭᠠᠵᠠᠷ ᠤᠨ ᠨᠡᠭᠡᠭᠡᠯᠲᠡ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ 29 ᠺᠢᠯᠦᠮᠧᠲᠷ ᠰᠠᠯᠪᠤᠷᠢ ᠵᠠᠮ ᠤᠨ ᠲᠤᠤᠷ ᠢ ᠪᠠᠶᠢᠭᠤᠯᠤᠨ᠂ ᠸᠧᠨ | ᠯᠢᠶᠠᠨ ᠵᠠᠮ᠂ ᠶᠤᠸᠠᠨ ᠯᠢᠨ ᠡᠮᠦᠨ᠎ᠡ ᠵᠠᠮ᠂ ᠰᠦᠩ ᠵᠸᠦ ᠡᠮᠦᠨ᠎ᠡ ᠵᠠᠮ ᠤᠨ ᠲᠤᠷᠤᠭᠰᠢ ᠨᠡᠪᠲᠡᠷᠡᠬᠦ ᠨᠦᠬᠡᠨ ᠵᠠᠮ ᠤᠨ | ᠢᠨᠵᠧᠨᠧᠷᠢᠩ ᠪᠤᠯᠤᠨ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠰᠤᠶᠤᠯ ᠲᠠᠮᠢᠷ ᠤᠨ ᠬᠦᠳᠡᠯᠭᠡᠭᠡᠨ ᠤ ᠲᠦᠪ | ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢ ᠡᠬᠢᠯᠡᠨ ᠪᠠᠶᠢᠭᠤᠯᠵᠤ᠂ 1.5 ᠺᠢᠯᠦᠮᠧᠲᠷ ᠪᠠᠷᠠᠭᠤᠨ ᠬᠠᠭᠤᠷᠠᠢ | ᠭᠤᠤᠯ ᠢ ᠴᠡᠭᠴᠡᠯᠡᠨ ᠵᠠᠰᠠᠵᠤ᠂ 3 ᠺᠢᠯᠦᠮᠧᠲᠷ ᠤᠷᠲᠤ ᠡᠮᠦᠨ᠎ᠡ ᠠᠭᠤᠯᠠᠨ ᠤ ᠤᠷᠤᠰᠬᠠᠯ ᠦᠭᠡᠷᠡᠳᠡᠭᠦᠯᠬᠦ ᠰᠤᠪᠠᠭ ᠢ | ᠪᠠᠶᠢᠭᠤᠯᠤᠨ᠎ᠠ᠃ ᠳ᠋ᠦᠩ ᠴᠧᠩ᠂ ᠰᠢ ᠴᠧᠩ᠂ ᠰᠢ ᠨᠠᠨ ᠳ᠋ᠢ ᠪᠤᠯᠤᠨ ᠴᠢᠶᠤᠤ ᠪᠸᠢ ᠶᠢᠨ ᠬᠠᠳᠠᠨᠬᠤᠰᠢᠭᠤ ᠳᠦᠭᠦᠮ | ᠪᠦᠲᠦᠴᠡᠲᠦ ᠭᠡᠷ ᠪᠠᠶᠢᠰᠢᠩ ᠢ ᠬᠤᠷᠢᠶᠠᠨ ᠲᠠᠲᠠᠪᠤᠷᠢᠯᠠᠬᠤ ᠠᠵᠢᠯ ᠢ ᠡᠬᠢᠯᠡᠭᠦᠯᠦᠨ᠂ ᠳᠦᠭᠦᠮ ᠪᠦᠲᠦᠴᠡᠲᠦ ᠤᠷᠤᠨ | ᠰᠠᠭᠤᠴᠠ ᠶᠢ ᠦᠭᠡᠷᠡᠴᠢᠯᠡᠨ ᠪᠠᠶᠢᠭᠤᠯᠬᠤ ᠪᠤᠭᠤᠮᠲᠠ ᠰᠢᠪᠳᠤᠯᠬᠤ ᠪᠠᠶᠢᠯᠳᠤᠭᠠᠨ ᠢ ᠡᠬᠢᠯᠡᠭᠦᠯᠦᠨ᠎ᠡ᠃ ᠬᠠᠭᠤᠴᠢᠨ | ᠰᠠᠭᠤᠭᠠᠯᠢ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠭᠤᠴᠢᠨ ᠰᠠᠭᠤᠭᠠᠯᠢ | ᠲᠤᠭᠤᠷᠢᠭ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠪᠠᠷᠠᠭᠠᠨ ᠭᠦᠢᠯᠭᠡᠭᠡᠨ ᠤ | ᠬᠠᠮᠢᠶᠠᠷᠤᠯᠲᠠ ᠶᠢᠨ ᠤᠨ ᠤ ᠠᠵᠢᠯᠯᠠᠭᠠᠨ ᠢ ᠦᠷᠭᠦᠯᠵᠢᠯᠡᠨ ᠦᠷᠨᠢᠭᠦᠯᠵᠦ᠂ ᠬᠢᠷᠢ ᠲᠡᠩᠴᠡᠬᠦ ᠦᠭᠡᠢ ᠪᠠᠷᠠᠭᠠᠨ | ᠭᠦᠢᠯᠭᠡᠭᠡᠨ ᠤ ᠠᠵᠤ ᠠᠬᠤᠶᠢᠯᠠᠯ ᠢ ᠡᠷᠡᠰ ᠴᠠᠭᠠᠵᠠᠯᠠᠨ᠎ᠠ᠃ | ᠬᠤᠶᠠᠷ ᠲᠤ᠂ ᠵᠠᠮ ᠬᠠᠷᠢᠯᠴᠠᠭᠠᠨ ᠤ ᠲᠦᠭᠵᠢᠷᠡᠯ ᠪᠤᠯᠤᠨ ᠬᠤᠲᠠ ᠲᠤᠭᠤᠷᠢᠭ ᠤᠨ ᠦᠶᠡᠷ ᠤᠰᠠᠳᠤᠯ | ᠵᠡᠷᠭᠡ ᠬᠤᠲᠠ ᠶᠢᠨ ᠭᠡᠮ ᠠᠷᠬᠠᠭ ᠢ ᠶᠡᠭᠡ ᠬᠦᠴᠦᠨ ᠢᠶᠠᠷ ᠴᠡᠭᠴᠡᠯᠡᠨ ᠵᠠᠰᠠᠨ᠎ᠠ᠃ ᠵᠠᠮ ᠬᠠᠷᠢᠯᠴᠠᠭᠠᠨ ᠤ | ᠲᠦᠭᠵᠢᠷᠡᠯ ᠢ ᠨᠠᠮᠳᠠᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠤᠲᠠ ᠶᠢᠨ ᠲᠦᠷᠭᠡᠨ ᠬᠤᠷᠳᠤᠴᠠᠲᠤ ᠵᠠᠮ᠂ | ᠬᠤᠲᠠ ᠶᠢᠨ ᠬᠦᠩᠭᠡᠨ ᠵᠠᠮ ︵ᠲᠡᠮᠦᠷ ᠵᠠᠮ ᠤᠨ︶ ᠪᠤᠯᠤᠨ ᠵᠠᠮ ᠲᠡᠮᠦᠷᠲᠦ ᠴᠠᠬᠢᠯᠭᠠᠨ ᠲᠡᠷᠭᠡ ᠶᠢᠨ ᠪᠠᠶᠢᠭᠤᠯᠤᠯᠲᠠ ᠶᠢ | ᠠᠬᠢᠭᠤᠯᠵᠤ᠂ ᠤᠴᠢ ᠵᠠᠮ ᠤᠨ ᠶᠡᠭᠡ ᠬᠦᠭᠦᠷᠭᠡ᠂ ᠬᠤᠲᠠ ᠶᠢᠨ ᠡᠮᠦᠨᠡᠭᠢ ᠪᠤᠰᠤᠭ᠎ᠠ ᠰᠤᠯᠪᠢᠴᠠᠲᠤ ᠬᠦᠭᠦᠷᠭᠡ᠂ | ᠬᠤᠩ ᠰᠢᠩ ᠵᠠᠮ ᠤᠨ ᠦᠷᠲᠡᠭᠡᠨ ᠡᠮᠦᠨᠡᠬᠢ ᠬᠦᠭᠦᠷᠭᠡ ᠶᠢ ᠪᠠᠶᠢᠭᠤᠯᠵᠤ᠂ ᠬᠤᠩ ᠶᠤᠸᠠᠨ ᠶᠡᠭᠡ ᠵᠠᠮ ᠢ ᠡᠬᠢᠯᠡᠨ | ᠪᠠᠶᠢᠭᠤᠯᠵᠤ᠂ 306 ᠤᠯᠤᠰ ᠤᠨ ᠵᠠᠮ ᠤᠨ ᠬᠤᠲᠠᠨ ᠳᠠᠬᠢ ᠬᠡᠰᠡᠭ ᠢ ᠦᠭᠡᠷᠡᠴᠢᠯᠡᠨ ᠪᠠᠶᠢᠭᠤᠯᠵᠤ᠂ ᠨᠢᠩ ᠯᠠᠨ ᠵᠠᠮ᠂ | ᠰᠦᠩ ᠵᠸᠦ ᠵᠠᠮ᠂ ᠳ᠋ᠠᠪᠠᠨ ᠵᠠᠮ ᠵᠡᠷᠭᠡ ᠲᠠᠰᠤᠷᠬᠠᠢ ᠦᠵᠦᠭᠦᠷ ᠢ ᠨᠡᠪᠲᠡᠷᠡᠭᠦᠯᠦᠨ᠎ᠡ᠃ ᠬᠠᠮᠢᠶᠠᠷᠬᠤ ᠬᠠᠮᠠᠭᠠᠯᠠᠬᠤ | ᠰᠠᠯᠤᠩᠬᠢ ᠲᠤᠭᠲᠠᠴᠠ ᠪᠤᠯᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ ᠬᠡᠷᠡᠭᠵᠢᠭᠦᠯᠵᠦ᠂ 32 ᠵᠤᠷᠪᠤᠰ | ᠵᠠᠮ᠂ 40 ᠵᠤᠷᠪᠤᠰ ᠭᠤᠳᠤᠮ ᠢ ᠴᠡᠭᠴᠡᠯᠡᠨ ᠵᠠᠰᠠᠵᠤ ᠦᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠬᠦᠭᠡᠷᠦᠮᠵᠢ ᠶᠢ | ᠲᠡᠭᠦᠯᠳᠡᠷᠵᠢᠭᠦᠯᠵᠦ᠂ ᠤᠶᠤᠨᠴᠢ ᠲᠡᠷᠭᠡ ᠵᠤᠭᠰᠤᠭᠠᠬᠤ ᠰᠤᠷᠠᠭ ᠵᠠᠩᠭᠢ ᠶᠢᠨ ᠲᠠᠪᠴᠠᠩ ᠪᠤᠯᠤᠨ ᠬᠦᠲᠦᠯᠦᠨ | ᠵᠢᠯᠤᠭᠤᠳᠴᠤ ᠲᠡᠷᠭᠡ ᠵᠤᠭᠰᠤᠭᠠᠬᠤ᠂ ᠳᠦᠷᠢᠮ ᠵᠦᠷᠢᠴᠡᠨ ᠲᠡᠷᠭᠡ ᠵᠤᠭᠰᠤᠭᠠᠬᠤ ᠶᠢ ᠠᠮᠵᠢᠨ ᠰᠡᠭᠦᠳᠡᠷᠯᠡᠬᠦ | ᠰᠢᠰᠲ᠋ᠧᠮ ᠢ ᠪᠠᠶᠢᠭᠤᠯᠤᠨ᠂ 1.5 ᠲᠦᠮᠡᠨ ᠤᠶᠤᠨᠴᠢ ᠲᠡᠷᠭᠡᠨ ᠵᠤᠭᠰᠤᠭᠠᠯ ᠰᠢᠨ᠎ᠡ ᠪᠠᠷ ᠪᠠᠶᠢᠭᠤᠯᠬᠤ ᠪᠠ | ᠦᠭᠡᠷᠡᠴᠢᠯᠡᠨ ᠪᠠᠶᠢᠭᠤᠯᠤᠨ᠎ᠠ︔ ᠲᠦᠷᠦ ᠶᠢᠨ ᠪᠤᠳᠤᠯᠭ᠎ᠠ ᠲᠤᠭᠲᠠᠭᠠᠨ ᠴᠢᠶᠤᠤ ᠪᠸᠢ ᠪᠤᠯᠤᠨ ᠲᠢᠶᠧ ᠨᠠᠨ ᠪᠦᠯᠦᠭᠲᠦ | ᠴᠤᠭᠴᠠ ᠶᠢᠨ ᠰᠠᠭᠤᠭᠠᠯᠢ ᠲᠤᠭᠤᠷᠢᠭ ᠤᠨ ᠭᠠᠵᠠᠷ ᠳᠤᠤᠷᠠᠬᠢ ᠲᠡᠷᠭᠡᠨ ᠵᠤᠭᠰᠤᠭᠠᠯ ᠨᠡᠭᠡᠭᠡᠬᠦ ᠶᠢ ᠵᠤᠷᠢᠭᠵᠢᠭᠤᠯᠵᠤ᠂ | ᠲᠡᠷᠭᠡ ᠵᠤᠭᠰᠤᠭᠠᠬᠤ ᠳᠤ ᠬᠦᠴᠢᠷ᠂ ᠡᠮᠬᠢ ᠲᠢᠭᠯᠢᠮ ᠦᠭᠡᠢ ᠵᠤᠭᠰᠤᠭᠠᠬᠤ ᠵᠡᠷᠭᠡ ᠠᠰᠠᠭᠤᠳᠠᠯ ᠢ ᠪᠦᠬᠦ ᠲᠠᠯ᠎ᠠ ᠪᠠᠷ | ᠨᠠᠮᠳᠠᠭᠤᠯᠤᠨ᠎ᠠ᠃ ᠬᠤᠲᠠ ᠶᠢᠨ ᠦᠶᠡᠷ ᠤᠰᠠᠳᠤᠯ ᠤᠨ ᠴᠡᠭᠴᠡᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠪᠦᠬᠦ | ᠲᠤᠭᠤᠷᠢᠭ ᠤᠨ 260 ᠺᠢᠯᠦᠮᠧᠲᠷ ᠤᠰᠤ ᠭᠠᠳᠠᠭᠰᠢᠯᠠᠭᠤᠯᠬᠤ ᠬᠤᠭᠤᠯᠠᠢ ᠱᠤᠭᠤᠮ ᠢ ᠨᠡᠪᠲᠡᠷᠡᠭᠦᠯᠵᠦ᠂ 19 | ᠰᠠᠭᠤᠷᠢ ᠬᠤᠷ᠎ᠠ ᠤᠰᠤᠨ ᠬᠦᠭᠡᠷᠭᠡ᠂ 12 ᠺᠢᠯᠦᠮᠧᠲᠷ ᠤᠨ ᠪᠤᠷᠤᠭᠠᠨ ᠤᠰᠤ ᠪᠠ ᠪᠤᠬᠢᠷ ᠤᠰᠤᠨ ᠤ ᠬᠤᠭᠤᠯᠠᠢ᠂ | 13 ᠺᠢᠯᠦᠮᠧᠲᠷ ᠤᠨ ᠰᠠᠯᠪᠤᠷᠢ ᠵᠠᠮ ᠤᠨ ᠲᠤᠤᠷ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ ᠤᠰᠤ | ᠭᠠᠳᠠᠭᠰᠢᠯᠠᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠬᠤᠲᠠ ᠶᠢᠨ ᠦᠶᠡᠷ ᠤᠰᠠᠳᠤᠯ ᠢ ᠨᠠᠮᠳᠠᠭᠤᠯᠤᠨ᠎ᠠ᠃ | ᠤᠯᠤᠰ ᠤᠨ ᠪᠤᠯᠪᠠᠰᠤᠨ ᠬᠤᠲᠠ ᠪᠤᠯᠤᠨ ᠤᠯᠤᠰ ᠤᠨ ᠴᠡᠴᠡᠷᠯᠢᠭᠵᠢᠭᠰᠡᠨ ᠬᠤᠲᠠ ᠶᠢᠨ ᠪᠦᠲᠦᠭᠡᠨ ᠪᠠᠶᠢᠭᠤᠯᠤᠯᠲᠠ | ᠲᠠᠢ ᠤᠶᠠᠯᠳᠤᠭᠤᠯᠤᠨ᠂ ᠠᠵᠢᠯᠯᠠᠭᠠᠨ ᠤ ᠠᠭᠤᠳᠠᠮ ᠲᠠᠯᠠᠪᠠᠢ᠂ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠢ | ᠵᠦᠢ ᠵᠤᠬᠢᠰᠲᠠᠢ ᠪᠠᠶᠢᠷᠢᠰᠢᠭᠤᠯᠬᠤ ᠪᠠ ᠪᠠᠶᠢᠭᠤᠯᠵᠤ᠂ ᠠᠷᠠᠳ ᠲᠦᠮᠡᠨ ᠤ ᠠᠮᠢᠳᠤᠷᠠᠯ ᠳᠤ ᠨᠡᠩ ᠳᠦᠭᠦᠮ | ᠦᠵᠡᠭᠦᠯᠬᠦ ᠪᠠᠷ ᠴᠢᠷᠮᠠᠶᠢᠨ᠎ᠠ᠃ | ᠭᠤᠷᠪᠠ ᠳᠤ᠂ ᠬᠤᠲᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ | ᠲᠦᠯᠦᠪᠵᠢᠭᠦᠯᠭᠡ ᠪᠠᠷ ᠵᠢᠯᠤᠭᠤᠳᠤᠭᠤᠯᠬᠤ ᠶᠢ ᠪᠠᠷᠢᠮᠲᠠᠯᠠᠨ᠂ ᠸᠧᠨ ᠵᠦᠩ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠪᠠ ᠳ᠋ᠦᠩ ᠬᠤᠸᠠᠨ ᠵᠠᠮ ᠤᠨ ᠬᠡᠰᠡᠭ᠂ ᠴᠢᠯᠦᠭᠡᠯᠡᠯᠲᠡ ᠪᠠᠷᠠᠭᠤᠨ ᠵᠠᠮ ᠤᠨ ᠬᠡᠰᠡᠭ᠂ ᠴᠢᠶᠣᠣ ᠪᠸᠢ | ᠬᠠᠳᠠᠨᠬᠤᠰᠢᠭᠤ ᠬᠡᠰᠡᠭ ᠤᠨ ᠨᠠᠷᠢᠯᠢᠭ ᠲᠦᠯᠦᠪᠵᠢᠭᠦᠯᠭᠡ ᠶᠢ ᠨᠠᠶᠢᠷᠠᠭᠤᠯᠵᠤ᠂ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠵᠢᠷᠤᠮᠯᠠᠬᠤ ᠠᠴᠠ ᠲᠦᠯᠦᠪᠵᠢᠭᠦᠯᠭᠡ ᠲᠠᠢ᠂ ᠰᠠᠬᠢᠬᠤ ᠠᠴᠠ ᠲᠤᠭᠲᠠᠭᠠᠯ ᠲᠠᠢ ᠪᠤᠯᠭᠠᠨ᠎ᠠ᠃ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠴᠢᠩᠭᠠᠳᠬᠠᠨ᠂ ᠦᠴᠦᠬᠡᠨ ᠴᠤ ᠢᠯᠳᠡᠷ | ᠬᠠᠶᠠᠬᠤ ᠦᠭᠡᠢ ᠤᠪᠤᠷ ᠢᠶᠠᠷ ᠬᠠᠤᠯᠢ ᠠᠴᠠ ᠵᠦᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠲᠦᠭᠦᠬᠡᠢ ᠮᠠᠲ᠋ᠧᠷᠢᠶᠠᠯ ᠢ | ᠵᠡᠭᠡᠯᠢ ᠳᠤ ᠵᠠᠳᠠᠭᠠᠢ ᠳᠡᠯᠭᠡᠨ ᠪᠤᠷᠤᠯᠠᠭᠤᠯᠬᠤ᠂ ᠳᠤᠷ᠎ᠠ ᠲᠠᠪᠠ ᠪᠠᠷ ᠲᠦᠷ ᠴᠠᠭ ᠤᠨ ᠵᠠᠬ᠎ᠠ ᠳᠡᠯᠭᠡᠭᠦᠷ᠂ ᠱᠤᠷᠤᠯᠠᠭ | ᠰᠢᠷᠠᠬᠤ᠂ ᠪᠠᠷᠢᠯᠭ᠎ᠠ ᠶᠢᠨ ᠬᠤᠭ ᠯᠤᠪᠰᠢ᠂ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠯᠲᠡ ᠠᠷᠠᠳ ᠢ | ᠬᠠᠷᠰᠢᠯᠠᠬᠤ ᠵᠡᠷᠭᠡ 6 ᠲᠦᠷᠦᠯ ᠤᠨ ᠠᠵᠢᠯᠯᠠᠭ᠎ᠠ ᠶᠢᠨ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ᠂ ᠬᠠᠤᠯᠢ ᠪᠤᠰᠤ | ᠲᠦᠬᠦᠭᠡᠷᠦᠮᠵᠢ ᠶᠢ ᠰᠢᠨ᠎ᠡ ᠪᠠᠷ ᠨᠡᠮᠡᠬᠦ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠵᠤᠭᠰᠤᠭᠠᠬᠤ ᠲᠠᠯᠪᠢᠬᠤ᠂ ᠲᠡᠷᠭᠡ | ᠤᠭᠢᠶᠠᠵᠤ ᠲᠡᠷᠭᠡ ᠵᠠᠰᠠᠬᠤ ᠳᠤ ᠤᠯᠠᠨ ᠨᠡᠶᠢᠲᠡ ᠶᠢᠨ ᠲᠠᠯᠠᠪᠤᠷ ᠢ ᠡᠵᠡᠯᠡᠬᠦ᠂ ᠪᠠᠷᠢᠯᠭ᠎ᠠ ᠶᠢᠨ ᠭᠠᠵᠠᠷ ᠰᠦᠨᠢ | ᠠᠵᠢᠯᠯᠠᠵᠤ ᠠᠷᠠᠳ ᠢ ᠬᠠᠷᠰᠢᠯᠠᠬᠤ᠂ ᠵᠦᠪᠰᠢᠶᠡᠷᠡᠯ ᠦᠭᠡᠢ ᠪᠠᠷ ᠰᠤᠷᠲᠠᠯ ᠤᠬᠠᠭᠤᠯᠭ᠎ᠠ ᠬᠢᠬᠦ᠂ ᠳᠤᠷ᠎ᠠ ᠪᠠᠷ | ᠬᠠᠭᠤᠴᠢᠨ ᠬᠠᠶᠠᠭᠳᠠᠮᠠᠯ ᠡᠳ᠋ ᠢ ᠬᠤᠷᠢᠶᠠᠨ ᠴᠤᠭᠯᠠᠭᠤᠯᠬᠤ ᠲᠠᠯᠠᠪᠤᠷ ᠭᠠᠷᠭᠠᠬᠤ᠂ ᠰᠠᠭᠤᠭᠠᠯᠢ ᠲᠤᠭᠤᠷᠢᠭ ᠲᠤ ᠬᠤᠭ | ᠬᠤᠷᠢᠶᠠᠨ ᠴᠤᠭᠯᠠᠭᠤᠯᠬᠤ᠂ ᠤᠯᠠᠨ ᠨᠡᠶᠢᠲᠡ ᠶᠢᠨ ᠵᠠᠳᠠᠭᠠᠢ ᠲᠠᠯᠠᠪᠤᠷ ᠲᠤ ᠠᠮᠢᠲᠠᠨ ᠢ ᠠᠯᠠᠵᠤ ᠪᠤᠷᠤᠯᠠᠭᠤᠯᠬᠤ᠂ | ᠳᠤᠷ᠎ᠠ ᠲᠠᠪᠠ ᠪᠠᠷ ᠮᠠᠯᠵᠢᠬᠤ᠂ ᠬᠦᠯᠦᠰᠢ ᠤᠨᠤᠭ᠎ᠠ ᠶᠢᠨ ᠲᠡᠷᠭᠡ ᠵᠡᠭᠡᠯᠢ ᠳᠤ ᠤᠷᠤᠬᠤ ᠵᠡᠷᠭᠡ 10 ᠲᠦᠷᠦᠯ ᠤᠨ | ᠠᠵᠢᠯᠯᠠᠭ᠎ᠠ ᠶᠢ ᠡᠷᠴᠢᠮᠲᠠᠢ ᠠᠷᠭ᠎ᠠ ᠠᠪᠴᠠᠯ ᠢᠶᠠᠷ ᠴᠢᠩᠭ᠎ᠠ ᠡᠵᠡᠮᠳᠡᠨ ᠬᠠᠮᠢᠶᠠᠷᠴᠤ᠂ ᠬᠤᠲᠠ ᠪᠠᠯᠭᠠᠰᠤᠨ ᠤ ᠤᠷᠴᠢᠨ | ᠲᠤᠭᠤᠷᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠭ ᠯᠤᠪᠰᠢ ᠪᠤᠯᠠᠵᠤ ᠬᠠᠶᠠᠬᠤ ᠲᠠᠯᠠᠪᠤᠷ ᠢ ᠦᠭᠡᠷᠡᠴᠢᠯᠡᠬᠦ | ᠪᠠ ᠪᠠᠲᠤᠳᠬᠠᠵᠤ᠂ 19 ᠰᠠᠭᠤᠷᠢ ᠬᠤᠭ ᠯᠤᠪᠰᠢ ᠳᠠᠷᠤᠰᠢᠭᠤᠯᠬᠤ ᠦᠷᠲᠡᠭᠡ ᠶᠢ ᠰᠢᠨ᠎ᠡ ᠪᠠᠷ ᠪᠠᠶᠢᠭᠤᠯᠬᠤ ᠪᠠ | ᠦᠭᠡᠷᠡᠴᠢᠯᠡᠨ ᠪᠠᠶᠢᠭᠤᠯᠵᠤ᠂ 50 ᠬᠤᠭ ᠤᠨ ᠰᠠᠪᠠ ᠶᠢ ᠰᠢᠨ᠎ᠡ ᠪᠠᠷ ᠨᠡᠮᠡᠨ᠂ 41 ᠵᠤᠷᠯᠤᠩ ᠢ ᠵᠠᠰᠠᠨ᠎ᠠ᠃ | ᠳᠦᠷᠪᠡ ᠳᠤ᠂ ᠤᠷᠤᠰᠢᠨ ᠰᠠᠭᠤᠵᠤ ᠦᠢᠯᠡᠰ ᠪᠤᠰᠬᠠᠬᠤ ᠳᠤ ᠲᠤᠬᠢᠯᠢᠭ ᠦᠵᠡᠰᠬᠦᠯᠡᠩᠲᠦ ᠬᠦᠳᠡᠭᠡ | ᠲᠤᠰᠬᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ | ᠪᠤᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠤᠷᠲᠤᠮᠵᠢ ᠶᠢᠨ ᠴᠢᠨᠠᠷᠲᠠᠢ ᠬᠠᠮᠢᠶᠠᠷᠤᠯᠲᠠ | ᠬᠠᠮᠠᠭᠠᠯᠠᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠤ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ᠎ᠠ᠃ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠬᠤᠲᠠ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠤᠨ | ᠂ ᠲᠠᠷᠢᠶᠠᠴᠢᠳ ᠤᠨ ᠲᠤᠬᠠᠢ ᠶᠢᠨ ᠭᠠᠵᠠᠷ ᠲᠠᠭᠠᠨ ᠬᠤᠲᠠ ᠪᠠᠯᠭᠠᠰᠤᠵᠢᠬᠤ ᠶᠢ ᠪᠡᠶᠡᠯᠡᠭᠦᠯᠦᠨ᠎ᠡ᠃ ︽3661︾ | ᠢᠨᠵᠧᠨᠧᠷᠢᠩ ᠢ ᠠᠬᠢᠭᠤᠯᠵᠤ᠂ 2000 ᠮᠦ ᠲᠦᠬᠦᠭᠡᠷᠦᠮᠵᠢ ᠶᠢᠨ ᠲᠠᠷᠢᠶᠠᠯᠠᠩ ᠢ ᠰᠢᠨ᠎ᠡ ᠪᠠᠷ ᠨᠡᠮᠡᠨ᠂ 4000 ᠮᠦ | ᠠᠵᠤ ᠠᠬᠤᠢ ᠶᠢᠨ ᠤᠢ ᠪᠤᠯᠤᠨ ᠳᠤᠤᠷ᠎ᠠ ᠠᠰᠢᠭᠲᠤ ᠤᠢ ᠶᠢ ᠦᠭᠡᠷᠡᠴᠢᠯᠡᠨ ᠪᠠᠶᠢᠭᠤᠯᠬᠤ ᠪᠠ ᠰᠢᠨ᠎ᠡ ᠪᠠᠷ ᠨᠡᠮᠡᠵᠦ᠂ | ᠭᠠᠵᠠᠷ ᠰᠢᠷᠤᠢ ᠶᠢᠨ ᠡᠷᠭᠢᠯᠲᠡ ᠶᠢᠨ ᠨᠤᠷᠮ᠎ᠠ᠂ ᠬᠠᠮᠲᠤᠷᠠᠨ ᠵᠤᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠨᠤᠷᠮ᠎ᠠ | ᠪᠤᠯᠤᠨ ᠲᠠᠷᠢᠶᠠᠯᠠᠩ ᠤᠨ ᠪᠦᠲᠦᠭᠡᠭᠳᠡᠭᠦᠨ ᠤ ᠲᠤᠬᠠᠢ ᠶᠢᠨ ᠭᠠᠵᠠᠷ ᠲᠠᠭᠠᠨ ᠡᠳ᠋ᠰᠢᠭᠦᠯᠦᠨ ᠪᠤᠯᠪᠠᠰᠤᠷᠠᠭᠤᠯᠤᠭᠰᠠᠨ | ᠨᠤᠷᠮ᠎ᠠ ᠲᠤᠰᠪᠤᠷᠢ 47.5%᠂ 51.5% ᠪᠠ 58%᠃ ᠽᠧᠩ ᠵᠢᠶᠠᠩ ᠶᠤᠸᠠᠨ᠂ ᠫᠦ᠋ ᠨᠦᠩ ᠵᠡᠷᠭᠡ | ᠭᠤᠤᠯᠳᠠᠯᠭ᠎ᠠ ᠲᠠᠢ ᠬᠦᠳᠡᠭᠡ ᠲᠤᠰᠬᠤᠨ ᠤ ᠵᠤᠭᠠᠴᠠᠯ ᠤᠨ ᠲᠦᠷᠦᠯ ᠵᠦᠢᠯ ᠢ ᠲᠦᠷᠭᠡᠪᠴᠢᠯᠡᠨ ᠠᠬᠢᠭᠤᠯᠤᠨ᠎ᠠ︔ | ᠵᠦᠩ ᠲᠢᠶᠧ ᠵᠤᠭᠠᠴᠠᠯ ᠵᠡᠷᠭᠡ ᠠᠵᠤ ᠠᠬᠤᠶᠢᠯᠠᠯ ᠤᠨ ᠪᠦᠯᠦᠭᠯᠡᠯ ᠲᠠᠢ ᠵᠤᠯᠭᠠᠯᠴᠠᠭᠤᠯᠤᠨ ᠬᠠᠮᠵᠢᠯᠴᠠᠬᠤ ᠶᠢ | ᠴᠢᠩᠭᠠᠳᠬᠠᠨ᠂ ᠲᠤᠰᠬᠤᠨ ᠢᠶᠠᠷ ᠢᠶᠠᠨ ᠭᠤᠤᠯ ᠰᠡᠳᠦᠪᠲᠦ ᠵᠠᠩ ᠦᠢᠯᠡ ᠶᠢᠨ ᠬᠦᠷᠢᠶᠡᠯᠡᠩ ᠪᠠᠶᠢᠭᠤᠯᠬᠤ᠂ | ᠬᠤᠲᠠ ᠶᠢᠨ ᠰᠠᠭᠤᠭᠠᠯᠢ ᠠᠷᠠᠳ ᠤᠨ ᠤᠯᠠᠨ ᠳᠡᠰ ᠳᠠᠪᠬᠤᠷᠭ᠎ᠠ᠂ ᠤᠯᠠᠨ ᠶᠠᠩᠵᠤ ᠶᠢᠨ ᠵᠤᠭᠠᠴᠠᠯ ᠤᠨ | ᠱᠠᠭᠠᠷᠳᠠᠯᠭ᠎ᠠ ᠶᠢ ᠬᠠᠩᠭᠠᠵᠤ᠂ ᠲᠠᠷᠢᠶᠠᠴᠢᠳ ᠤᠨ ᠠᠵᠢᠯ ᠤᠯᠵᠤ ᠤᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ | ︵ᠳᠦᠷᠪᠡ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠠᠵᠢᠯ ᠢ ᠬᠦᠴᠦᠯᠡᠨ ᠰᠠᠶᠢᠲᠤᠷ | ᠬᠢᠨ᠎ᠡ | ᠨᠢᠭᠡ ᠳᠤ᠂ ᠠᠵᠢᠯ ᠤᠯᠭᠤᠯᠲᠠ ᠪᠠᠷ ᠠᠬᠢᠭᠤᠯᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ | ᠴᠢᠩᠭᠠᠳᠬᠠᠨ᠎ᠠ᠃ ᠢᠳᠡᠪᠬᠢᠲᠡᠢ ᠠᠵᠢᠯ ᠤᠯᠭᠤᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠤᠯᠠᠨ | ᠠᠷᠭ᠎ᠠ ᠠᠪᠴᠠᠯ ᠢᠶᠠᠷ ᠠᠵᠢᠯ ᠤᠯᠭᠤᠯᠲᠠ ᠶᠢ ᠠᠳᠬᠤᠨ᠎ᠠ᠃ ᠱᠤᠭᠤᠮ ᠳᠡᠭᠡᠷᠡᠬᠢ ᠪᠠ ᠱᠤᠭᠤᠮ ᠳᠤᠤᠷᠠᠬᠢ ︵ | ᠪᠤᠳᠠᠲᠠᠢ ᠪᠠ ᠰᠦᠯᠵᠢᠶ᠎ᠡ︶ ᠨᠢᠭᠡ ᠴᠣᠭᠴᠠᠵᠢᠭᠰᠠᠨ ᠠᠵᠢᠯ ᠤᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠵᠢᠯᠲᠠᠨ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠲᠠᠢ | ᠨᠠᠷᠢᠨ ᠤᠨᠤᠪᠴᠢᠲᠠᠢ ᠠᠪᠴᠠᠯᠳᠤᠭᠤᠯᠵᠤ᠂ ᠠᠵᠢᠯ ᠤᠯᠭᠤᠯᠲᠠ ᠶᠢᠨ ᠬᠦᠮᠦᠵᠢᠯ ᠢ ᠬᠠᠨᠳᠤᠯᠭᠠᠲᠤ ᠴᠢᠨᠠᠷ ᠲᠠᠢ ᠪᠠᠷ | ᠦᠷᠨᠢᠭᠦᠯᠦᠨ᠂ ᠪᠦᠲᠦᠴᠡ ᠶᠢᠨ ᠴᠢᠨᠠᠷᠲᠠᠢ ᠠᠵᠢᠯ ᠤᠯᠭᠤᠯᠲᠠ ᠶᠢᠨ ᠵᠦᠷᠢᠴᠡᠯ ᠢ ᠨᠠᠮᠳᠠᠭᠤᠯᠤᠨ᠎ᠠ᠃ ︽ᠢᠨᠲ᠋ᠧᠷᠨᠧᠲ | ᠰᠦᠯᠵᠢᠶ᠎ᠡ +︾ ᠳᠤ ᠲᠦᠰᠢᠭᠯᠡᠨ᠂ ᠬᠤᠪᠢᠶᠠᠯᠴᠠᠨ ᠡᠳ᠋ᠯᠡᠬᠦ ᠠᠵᠤ ᠠᠬᠤᠢ ᠶᠢᠨ ᠬᠡᠯᠪᠡᠷᠢ ᠶᠢ ᠲᠦᠯᠬᠢᠨ ᠠᠬᠢᠭᠤᠯᠵᠤ᠂ | ᠰᠡᠯᠡᠭᠦᠴᠡ ᠡᠬᠢ ᠪᠠᠶᠠᠯᠢᠭ ᠢ ᠦᠨᠳᠦᠷ ᠦᠷ᠎ᠡ ᠠᠰᠢᠭᠲᠠᠢ ᠪᠠᠷ ᠲᠤᠬᠢᠷᠠᠭᠤᠯᠤᠨ᠂ ᠠᠮᠢᠳᠤᠯᠢᠭ ᠢᠶᠠᠷ ᠠᠵᠢᠯ | ᠤᠯᠭᠤᠬᠤ ᠶᠢ ᠪᠦᠲᠦᠮᠵᠢᠲᠡᠢ ᠠᠬᠢᠭᠤᠯᠤᠨ᠎ᠠ᠃ ᠠᠵᠢᠯ ᠤᠯᠭᠤᠯᠲᠠ ᠶᠢᠨ ᠲᠤᠰᠠᠯᠠᠯᠲᠠ ᠶᠢᠨ ᠲᠤᠭᠲᠠᠴᠠ ᠶᠢ | ᠪᠦᠷᠢᠨᠰᠢᠭᠦᠯᠵᠦ᠂ 600 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠭᠡᠭᠡᠨ᠎ᠡ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠶᠢ ᠳᠠᠩᠰᠠᠯᠠᠬᠤ ᠲᠦᠯᠦᠪᠯᠡᠭᠡ ᠶᠢ ᠨᠠᠶᠢᠳᠠᠪᠤᠷᠢᠵᠢᠭᠤᠯᠤᠨ᠂ ᠲᠠᠪᠤᠨ | ᠳᠠᠭᠠᠳᠬᠠᠯ ᠳᠤ ᠤᠷᠤᠯᠴᠠᠭᠰᠠᠳ ᠢ 2000 ᠬᠦᠮᠦᠨ ᠠᠴᠠ ᠳᠡᠭᠡᠭᠰᠢ ᠴᠡᠪᠡᠷ ᠨᠡᠮᠡᠭᠳᠡᠭᠦᠯᠦᠨ᠎ᠡ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠳᠠᠩᠰᠠᠯᠠᠯᠲᠠ ᠶᠢᠨ ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠨ᠂ | ︽ᠨᠠᠰᠤᠨ ᠲᠤᠷᠰᠢᠲᠠ ᠲᠡᠮᠳᠡᠭᠯᠡᠵᠦ᠂ ᠨᠠᠰᠤᠨ ᠲᠤᠷᠰᠢᠲᠠ ᠪᠠᠲᠤᠯᠠᠬᠤ︾ ᠶᠢ ᠪᠡᠶᠡᠯᠡᠭᠦᠯᠦᠨ᠎ᠡ᠃ ᠬᠤᠲᠠ | ᠪᠠᠯᠭᠠᠰᠤᠨ ᠤ ᠠᠪᠤᠷᠠᠨ ᠲᠤᠰᠠᠯᠠᠬᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ | ᠨᠠᠰᠤᠲᠠᠨ ᠢ ᠲᠡᠳᠬᠦᠬᠦ᠂ ᠵᠡᠮᠳᠡᠭ ᠢ ᠲᠤᠰᠠᠯᠠᠬᠤ᠂ ᠦᠨᠦᠴᠢᠨ ᠢ ᠠᠰᠠᠷᠠᠬᠤ᠂ ᠬᠠᠷᠠᠭᠠᠯᠵᠠᠬᠤ᠂ ᠨᠡᠶᠢᠲᠡ ᠶᠢᠨ | ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠢ ᠲᠦᠯᠬᠢᠨ ᠠᠬᠢᠭᠤᠯᠵᠤ᠂ ᠬᠦᠴᠢᠷᠳᠡᠯ ᠲᠠᠢ ᠡᠷᠦᠬᠡ | ᠪᠦᠷᠢ ᠶᠢᠨ ᠠᠮᠢᠳᠤᠷᠠᠯ ᠢ ᠪᠠᠲᠤᠯᠠᠭ᠎ᠠ ᠲᠠᠢ ᠪᠤᠯᠭᠠᠨ᠎ᠠ᠃ ᠦᠭᠡᠷ᠎ᠡ ᠭᠠᠵᠠᠷ ᠰᠢᠯᠵᠢᠭᠦᠯᠦᠨ ᠨᠡᠭᠦᠯᠭᠡᠵᠦ ᠶᠠᠳᠠᠭᠤ ᠶᠢ | ᠳᠡᠳᠬᠦᠬᠦ ᠢᠨᠵᠧᠨᠧᠷᠢᠩ ᠢ ᠪᠡᠶᠡᠯᠡᠭᠦᠯᠦᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠪᠦᠬᠦᠨ ᠢᠶᠠᠷ ᠢᠶᠠᠨ | ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠎ᠡ᠃ | ᠬᠤᠶᠠᠷ ᠲᠤ᠂ ᠰᠤᠷᠭᠠᠨ ᠬᠦᠮᠦᠵᠢᠯ ᠤᠨ ᠡᠷᠬᠡ ᠲᠡᠭᠰᠢ ᠴᠢᠨᠠᠷᠯᠢᠭ ᠬᠦᠭᠵᠢᠯᠲᠡ ᠶᠢ ᠠᠬᠢᠭᠤᠯᠤᠨ᠎ᠠ᠃ | ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠭᠠᠨ ᠬᠦᠮᠦᠵᠢᠯ ᠤᠨ ᠡᠷᠬᠡ | ᠲᠡᠭᠰᠢ ᠶᠢ ᠬᠦᠴᠦᠯᠡᠨ ᠠᠬᠢᠭᠤᠯᠵᠤ᠂ ᠡᠯ᠎ᠡ ᠳᠡᠰ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠵᠤᠬᠢᠴᠠᠩᠭᠤᠢ | ᠬᠦᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠂ ᠬᠤᠩ ᠱᠠᠨ ᠲᠤᠭᠤᠷᠢᠭ ᠤᠨ ᠪᠦᠬᠦ ᠬᠤᠲᠠ ᠳᠠᠬᠢ ᠰᠤᠷᠭᠠᠨ | ᠬᠦᠮᠦᠵᠢᠯ ᠤᠨ ᠲᠦᠪ ᠤᠨ ᠪᠠᠶᠢᠷᠢ ᠰᠠᠭᠤᠷᠢ ᠶᠢ ᠴᠢᠩᠭᠠᠳᠬᠠᠨ᠎ᠠ᠃ ᠤᠯᠠᠨ ᠠᠷᠭ᠎ᠠ ᠵᠠᠮ ᠢᠶᠠᠷ ᠰᠤᠷᠭᠠᠨ | ᠬᠦᠮᠦᠵᠢᠯ ᠤᠨ ᠪᠡᠯᠡ ᠤᠷᠤᠭᠤᠯᠤᠯᠲᠠ ᠶᠢ ᠨᠡᠮᠡᠭᠳᠡᠭᠦᠯᠦᠨ᠂ 3 ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ | ᠰᠢᠨ᠎ᠡ ᠪᠠᠷ ᠪᠠᠶᠢᠭᠤᠯᠵᠤ᠂ 4 ᠠᠯᠪᠠᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ | ᠪᠠᠶᠢᠭᠤᠯᠵᠤ᠂ 2600 ᠴᠡᠴᠡᠷᠯᠢᠭ ᠨᠡᠮᠡᠵᠦ᠂ ᠴᠡᠴᠡᠷᠯᠢᠭ ᠲᠤ ᠤᠷᠤᠬᠤ ᠳᠤ ᠬᠦᠴᠢᠷ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ | ᠬᠦᠭᠵᠢᠯᠲᠡ ᠶᠢ ᠠᠬᠢᠭᠤᠯᠤᠨ᠂ ᠳᠦᠷᠪᠡᠳᠦᠭᠡᠷ ᠪᠠᠭ᠎ᠠ ᠰᠤᠷᠭᠠᠭᠤᠯᠢ ᠶᠢ ᠪᠠᠷᠢᠵᠤ ᠳᠠᠭᠤᠰᠬᠠᠨ ᠰᠤᠷᠤᠭᠴᠢ ᠡᠯᠰᠡᠵᠦ᠂ | ᠠᠷᠪᠠᠳᠤᠭᠠᠷ ᠪᠠᠭ᠎ᠠ ᠰᠤᠷᠭᠠᠭᠤᠯᠢ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ᠂ ᠤᠯᠠᠭᠠᠨᠬᠠᠳᠠ ᠶᠢᠨ ᠶᠢᠰᠦᠳᠦᠭᠡᠷ | ᠳᠤᠮᠳᠠᠳᠤ ᠰᠤᠷᠭᠠᠭᠤᠯᠢ ᠵᠡᠷᠭᠡ 6 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢ ᠡᠬᠢᠯᠡᠨ ᠪᠠᠶᠢᠭᠤᠯᠵᠤ᠂ ᠬᠤᠶᠠᠳᠤᠭᠠᠷ | ᠢ ᠹᠦ᠋ ᠪᠠᠭ᠎ᠠ ᠰᠤᠷᠭᠠᠭᠤᠯᠢ ᠪᠤᠯᠤᠨ ᠤᠯᠠᠭᠠᠨᠬᠠᠳᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢ ᠦᠭᠡᠷᠡᠴᠢᠯᠡᠨ | ᠪᠠᠶᠢᠭᠤᠯᠵᠤ᠂ ᠬᠦᠳᠡᠭᠡ ᠲᠤᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ | ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠂ 8 ᠰᠠᠭᠤᠷᠢ ᠰᠤᠷᠭᠠᠭᠤᠯᠢ ᠶᠢᠨ ᠪᠠᠷᠢᠮᠵᠢᠶᠠᠵᠢᠭᠰᠠᠨ ᠲᠠᠮᠢᠷ ᠤᠨ | ᠲᠠᠯᠠᠪᠤᠷ ᠪᠤᠯᠤᠨ ᠬᠤᠩ ᠮᠢᠶᠤᠤ ᠽᠢ ᠳᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ ᠢ ᠪᠠᠶᠢᠭᠤᠯᠵᠤ᠂ ᠤᠶᠤᠨᠴᠢ | ᠰᠤᠷᠭᠠᠭᠤᠯᠢ ᠶᠢᠨ ᠬᠦᠷᠢᠶ᠎ᠡ ᠶᠢ ᠲᠦᠷᠭᠡᠪᠴᠢᠯᠡᠨ ᠪᠠᠶᠢᠭᠤᠯᠵᠤ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠲᠡᠩᠴᠡᠭᠦᠷᠢᠰᠢᠯ ᠪᠠ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠴᠢᠶᠣᠣ | ᠪᠸᠢ ᠬᠤᠪᠢᠶᠠᠷᠢ ᠰᠤᠷᠭᠠᠭᠤᠯᠢ ᠶᠢ ᠡᠬᠢᠯᠡᠨ ᠪᠠᠶᠢᠭᠤᠯᠵᠤ᠂ ᠰᠢᠯᠢᠳᠡᠭ ᠦᠨᠳᠦᠷ ᠳᠤᠮᠳᠠᠳᠤ ᠶᠢᠨ ᠰᠤᠷᠭᠠᠨ | ᠬᠦᠮᠦᠵᠢᠯ ᠤᠨ ᠪᠦᠷᠬᠦᠴᠡ ᠶᠢ ᠦᠷᠭᠡᠳᠬᠡᠨ᠎ᠡ︔ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨ | ᠤᠷᠳᠤᠨ ᠢ ᠪᠠᠶᠢᠭᠤᠯᠤᠨ᠂ ᠲᠠᠮᠢᠷ ᠤᠷᠠᠯᠢᠭ ᠤᠨ ᠤᠨᠴᠠᠯᠢᠭᠲᠤ ᠰᠤᠷᠭᠠᠭᠤᠯᠢ ᠶᠢ ᠪᠠᠶᠢᠭᠤᠯᠤᠨ᠎ᠠ᠃ ᠤᠯᠠᠭᠠᠨᠬᠠᠳᠠ ᠶᠢᠨ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠤᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | ᠡᠬᠢᠯᠡᠭᠦᠯᠦᠨ᠂ ︽ᠠᠵᠤ ᠦᠢᠯᠡᠰ᠂ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠵᠢᠭᠠᠨ ᠰᠤᠷᠭᠠᠯᠲᠠ︾ | ᠭᠦᠨᠵᠡᠭᠡᠢ ᠤᠶᠠᠯᠳᠤᠭᠰᠠᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ | ᠪᠠᠶᠢᠭᠤᠯᠤᠨ᠎ᠠ᠃ | ᠭᠤᠷᠪᠠ ᠳᠤ᠂ ᠡᠷᠡᠭᠦᠯ ᠴᠢᠬᠢᠷᠠᠭ ᠬᠤᠩ ᠱᠠᠨ ᠢ ᠲᠦᠷᠭᠡᠪᠴᠢᠯᠡᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ | ᠱᠠᠲᠤᠨ ᠳᠤ ᠠᠩᠬ᠎ᠠ ᠤᠨᠤᠰᠢᠯᠠᠨ ᠡᠮᠴᠢᠯᠠᠵᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠴᠢᠯᠡᠬᠦ᠂ ᠲᠦᠷᠭᠡᠨ | ᠤᠳᠠᠭᠠᠨ ᠢ ᠢᠯᠭᠠᠨ ᠡᠮᠴᠢᠯᠡᠬᠦ᠂ ᠳᠡᠭᠡᠷ᠎ᠡ ᠳᠤᠤᠷ᠎ᠠ ᠱᠠᠲᠤ ᠬᠤᠯᠪᠤᠭᠠᠯᠠᠬᠤ ᠳᠡᠰ ᠬᠤᠪᠢᠶᠠᠨ ᠡᠮᠴᠢᠯᠡᠬᠦ ᠬᠡᠯᠪᠡᠷᠢ ᠶᠢ | ᠲᠡᠭᠦᠯᠳᠡᠷᠵᠢᠭᠦᠯᠦᠨ᠎ᠡ᠃ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠲᠦᠭᠡᠮᠡᠯᠵᠢᠭᠦᠯᠦᠨ᠂ ᠭᠤᠤᠯᠳᠠᠯᠭ᠎ᠠ | ᠲᠠᠢ ᠬᠦᠮᠦᠰ ᠤᠨ ᠭᠡᠷ᠎ᠡ ᠲᠤᠭᠲᠠᠬᠤ ᠨᠤᠷᠮ᠎ᠠ ᠶᠢᠨ ᠪᠦᠷᠬᠦᠴᠡ ᠶᠢ 60% ᠠᠴᠠ ᠳᠡᠭᠡᠭᠰᠢ ᠬᠦᠷᠭᠡᠨ᠎ᠡ᠃ ᠡᠮ | ᠡᠮᠨᠡᠯᠭᠡ ᠶᠢᠨ ᠬᠠᠮᠵᠢᠯᠴᠠᠭᠠᠨ ᠤ ᠬᠠᠮᠲᠤ ᠶᠢᠨ ᠴᠤᠭᠴᠠ ᠶᠢ ᠲᠡᠭᠦᠯᠳᠡᠷᠵᠢᠭᠦᠯᠦᠨ᠂ 3 ᠤᠷᠤᠨ ᠤ ᠳᠡᠰ ᠤᠨ | ᠡᠮᠨᠡᠯᠭᠡ ᠶᠢᠨ ᠬᠤᠷᠢᠶ᠎ᠠ ᠪᠤᠯᠤᠨ 8 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ | ᠪᠦᠲᠦᠮᠵᠢᠲᠡᠢ ᠬᠤᠯᠪᠤᠭᠠᠯᠠᠬᠤ ᠶᠢ ᠠᠬᠢᠭᠤᠯᠤᠨ᠎ᠠ᠃ ᠤᠯᠠᠭᠠᠨᠬᠠᠳᠠ ᠶᠢᠨ ᠬᠤᠶᠠᠳᠤᠭᠠᠷ ᠮᠤᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢ ᠲᠦᠷᠭᠡᠪᠴᠢᠯᠡᠨ ᠰᠢᠯᠵᠢᠭᠦᠯᠵᠦ ᠰᠢᠨ᠎ᠡ ᠪᠠᠷ ᠪᠠᠶᠢᠭᠤᠯᠤᠨ᠂ ᠡᠬᠡ ᠨᠢᠯᠬᠠᠰ ᠤᠨ | ᠡᠷᠡᠭᠦᠯᠵᠢᠯ ᠤᠨ ᠭᠠᠵᠠᠷ ᠢ ᠰᠢᠯᠵᠢᠭᠦᠯᠵᠦ ᠦᠭᠡᠷᠡᠴᠢᠯᠡᠨ ᠪᠠᠶᠢᠭᠤᠯᠤᠨ᠎ᠠ᠃ ᠠᠯᠪᠠᠨ ᠤ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠲᠡ ᠶᠢ ᠦᠷᠨᠢᠭᠦᠯᠦᠨ᠂ ᠠᠯᠪᠠᠨ ᠤ ᠡᠮᠨᠡᠯᠭᠡ ᠶᠢᠨ ᠬᠤᠷᠢᠶᠠᠨ ᠤ ᠨᠦᠬᠦᠪᠦᠷᠢ ᠶᠢᠨ ᠲᠤᠭᠲᠠᠴᠠ ᠪᠠ | ᠦᠨᠳᠦᠷ ᠦᠷ᠎ᠡ ᠠᠰᠢᠭᠲᠤ ᠬᠠᠮᠢᠶᠠᠷᠤᠯᠲᠠ ᠶᠢᠨ ᠲᠤᠭᠲᠠᠴᠠ ᠶᠢ ᠰᠦᠪᠡᠭᠴᠢᠯᠡᠨ ᠪᠠᠶᠢᠭᠤᠯᠵᠤ᠂ ︽ᠡᠮ ᠢᠶᠠᠷ | ᠡᠮᠴᠢᠯᠡᠬᠦ ᠶᠢ ᠤᠷᠤᠯᠠᠭᠤᠯᠬᠤ︾ ᠶᠢ ᠠᠭᠠᠵᠢᠮ ᠢᠶᠠᠷ ᠤᠰᠠᠳᠬᠠᠨ᠎ᠠ᠃ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠡᠷᠡᠭᠦᠯ ᠢᠶᠠᠷ ᠠᠬᠢᠭᠤᠯᠬᠤ ᠠᠵᠢᠯ ᠢ ᠦᠷᠨᠢᠭᠦᠯᠦᠨ᠂ ᠡᠷᠡᠭᠦᠯ ᠴᠢᠬᠢᠷᠠᠭ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ | ᠤᠬᠠᠭᠤᠯᠤᠨ᠎ᠠ᠃ ᠦᠨᠳᠦᠰᠦᠨ ᠱᠠᠲᠤᠨ ᠤ ᠮᠤᠩᠭᠤᠯ ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ | ᠬᠦᠭᠵᠢᠯᠲᠡ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠤᠨ ᠬᠢᠨᠠᠨ ᠪᠠᠶᠢᠴᠠᠭᠠᠯᠲᠠ᠂ ᠡᠪᠡᠳᠴᠢᠨ ᠡᠮᠬᠡᠭ ᠤᠨ | ᠤᠷᠢᠳᠴᠢᠯᠠᠨ ᠰᠡᠷᠭᠡᠶᠢᠯᠡᠯᠲᠡ ᠪᠤᠯᠤᠨ ᠡᠷᠡᠭᠦᠯ ᠬᠠᠮᠠᠭᠠᠯᠠᠯ ᠤᠨ ᠪᠠᠴᠢᠮ ᠢ ᠠᠷᠭᠠᠴᠠᠬᠤ ᠶᠢ ᠴᠢᠩᠭᠠᠳᠬᠠᠨ᠂ | ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠪᠠᠴᠢᠮ ᠢ ᠠᠷᠭᠠᠴᠠᠬᠤ ᠵᠢᠱᠢᠶᠡᠴᠢ ᠲᠤᠭᠤᠷᠢᠭ ᠢ | ᠪᠠᠶᠢᠭᠤᠯᠤᠨ᠎ᠠ᠃ ︽ᠬᠤᠶᠠᠷ ᠬᠡᠦᠬᠡᠳ ᠠᠪᠬᠤ︾ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯᠵᠢᠯ ᠪᠤᠯᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ᠬᠤᠶᠠᠳᠤᠭᠠᠷ ᠡᠷᠭᠢᠯᠭᠡᠨ ᠤ ᠪᠦᠬᠦ ᠠᠷᠠᠳ ᠢᠶᠠᠷ ᠢᠶᠠᠨ ᠴᠢᠬᠢᠷᠠᠭᠵᠢᠬᠤ ᠲᠦᠯᠦᠪᠵᠢᠭᠦᠯᠭᠡ ᠶᠢ | ᠡᠬᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠢᠳᠡᠪᠬᠢᠲᠡᠢ ᠳᠡᠯᠭᠡᠷᠡᠭᠦᠯᠦᠨ᠎ᠡ᠃ | ᠳᠦᠷᠪᠡ ᠳᠤ᠂ ᠰᠤᠶᠤᠯ ᠤᠨ ᠬᠦᠴᠦᠷᠬᠡᠭ ᠲᠤᠭᠤᠷᠢᠭ ᠢ ᠴᠢᠷᠮᠠᠶᠢᠨ ᠪᠠᠶᠢᠭᠤᠯᠤᠨ᠎ᠠ᠃ ᠪᠦᠬᠦ ᠤᠯᠤᠰ ᠤᠨ | ᠪᠤᠯᠪᠠᠰᠤᠨ ᠬᠤᠲᠠ ᠶᠢᠨ ᠪᠠᠶᠢᠭᠤᠯᠤᠯᠲᠠ ᠶᠢ ᠭᠦᠨᠵᠡᠭᠡᠢ ᠦᠷᠨᠢᠭᠦᠯᠦᠨ᠂ ᠴᠠᠭ ᠦᠶ᠎ᠡ ᠶᠢᠨ ᠵᠤᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮᠳᠤ ᠭᠤᠤᠯᠯᠠᠭᠴᠢ ᠦᠷᠲᠡᠭ ᠤᠨ ᠦᠵᠡᠯᠲᠡ ᠶᠢ ᠢᠳᠡᠪᠬᠢᠲᠡᠢ | ᠦᠢᠯᠡᠳᠦᠯᠭᠡᠵᠢᠭᠦᠯᠦᠨ ᠭᠦᠮᠦᠵᠢᠭᠦᠯᠵᠦ᠂ ᠬᠤᠲᠠ ᠶᠢᠨ ᠠᠷᠠᠳ ᠤᠨ ᠪᠤᠯᠪᠠᠰᠣᠨ ᠰᠤᠷᠲᠠᠯ ᠢ ᠳᠡᠭᠡᠭᠰᠢᠯᠡᠭᠦᠯᠦᠨ᠎ᠡ᠃ | ᠰᠤᠶᠤᠯ ᠤᠨ ᠠᠵᠢᠯ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠂ ᠪᠠᠷᠢᠮᠵᠢᠶᠠᠵᠢᠭᠰᠠᠨ ᠨᠡᠶᠢᠭᠡᠮ ᠲᠤᠭᠤᠷᠢᠭ ᠲᠤ | ᠲᠦᠰᠢᠭᠯᠡᠨ᠂ ᠶᠡᠷᠦᠩᠬᠡᠶᠢᠯᠡᠭᠰᠡᠨ ᠰᠤᠶᠤᠯ ᠤᠨ ᠦᠷᠲᠡᠭᠡ ᠪᠤᠯᠤᠨ ᠰᠤᠶᠤᠯ ᠤᠨ ᠦᠢᠯᠡᠴᠢᠯᠡᠭᠡᠨ ᠤ ᠲᠦᠪ ᠢ | ᠨᠢᠭᠡᠲᠦᠯᠲᠡᠢ ᠲᠦᠯᠦᠪᠵᠢᠭᠦᠯᠦᠨ ᠪᠠᠶᠢᠭᠤᠯᠵᠤ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ | ᠭᠦᠨᠵᠡᠭᠡᠢ ᠦᠷᠨᠢᠭᠦᠯᠦᠨ᠂ ᠰᠤᠶᠤᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠡᠯᠪᠡᠶᠢᠯᠭᠡᠬᠦ ᠶᠢ ᠠᠬᠢᠭᠤᠯᠤᠨ᠎ᠠ᠃ | ᠲᠡᠦᠬᠡ ᠰᠤᠶᠤᠯ ᠤᠨ ᠦᠯᠡᠳᠡᠭᠳᠡᠯ ᠢ ᠬᠠᠮᠠᠭᠠᠯᠠᠬᠤ ᠪᠤᠯᠤᠨ ᠠᠰᠢᠭᠯᠠᠬᠤ ᠶᠢ ᠴᠢᠩᠭᠠᠳᠬᠠᠨ᠂ ᠬᠤᠩ ᠱᠠᠨ | ᠰᠤᠶᠤᠯ ᠤᠨ ᠦᠵᠡᠭᠦᠯᠦᠯᠭᠡ ᠶᠢᠨ ᠲᠦᠪ ᠪᠤᠯᠤᠨ ᠡᠯ ᠳ᠋ᠤᠤ ᠵᠢᠩ ᠽᠢ ᠬᠠᠭᠤᠴᠢ ᠰᠤᠳᠤᠯᠤᠯ ᠤᠨ ᠦᠯᠡᠳᠡᠭᠳᠡᠯ | ᠴᠡᠴᠡᠷᠯᠢᠭ ᠢ ᠲᠦᠷᠭᠡᠪᠴᠢᠯᠡᠨ ᠪᠠᠶᠢᠭᠤᠯᠵᠤ᠂ ᠬᠤᠩ ᠱᠠᠨ ᠰᠤᠶᠤᠯ ᠤᠨ ᠦᠯᠡᠳᠡᠭᠳᠡᠯ ᠤᠨ ᠪᠠᠭᠤᠷᠢ ᠶᠢ ᠡᠷᠡᠮᠡᠯᠵᠡᠬᠦ | ᠠᠵᠢᠯ ᠤᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠤᠨ᠎ᠠ᠃ ᠨᠡᠶᠢᠭᠡᠮ ᠤᠨ ᠦᠷ᠎ᠡ ᠠᠰᠢᠭ ᠪᠤᠯᠤᠨ ᠠᠵᠤ | ᠠᠬᠤᠢ ᠶᠢᠨ ᠦᠷ᠎ᠡ ᠠᠰᠢᠭ ᠤᠨ ᠤᠷᠭᠠᠨᠢᠭ ᠤᠶᠠᠯᠳᠤᠯ ᠢ ᠪᠠᠷᠢᠮᠲᠠᠯᠠᠨ᠂ ᠰᠤᠶᠤᠯ ᠤᠨ ᠰᠢᠰᠲ᠋ᠧᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠪᠡᠯᠡ ᠮᠦᠩᠭᠦ ᠶᠢ ᠲᠠᠲᠠᠨ ᠤᠷᠠᠨ ᠵᠢᠷᠤᠭ ᠤᠨ ᠤᠷᠳᠤᠨ᠂ | ᠰᠤᠶᠤᠯ ᠤᠨ ᠤᠷᠳᠤᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠲᠠᠯᠠᠪᠤᠷ ᠤᠷᠳᠤᠨ ᠤ | ᠡᠵᠡᠩᠨᠡᠯᠲᠡ ᠳᠤ ᠤᠷᠤᠯᠴᠠᠭᠤᠯᠵᠤ᠂ ᠲᠤᠲᠤᠭᠠᠳᠤ ᠠᠮᠢᠵᠢᠷᠠᠯ ᠤᠨ ᠬᠦᠴᠦᠨ ᠢ ᠠᠮᠢᠯᠠᠭᠤᠯᠤᠨ᠎ᠠ᠃ ᠬᠤᠩ ᠱᠠᠨ | ᠰᠤᠶᠤᠯ ᠵᠤᠭᠠᠴᠠᠯ ᠠᠷᠠᠯᠵᠢᠶ᠎ᠠ ᠬᠤᠳᠠᠯᠳᠤᠭᠠᠨ ᠤ ᠬᠤᠲᠠ ᠪᠠᠷ ᠠᠴᠢᠶᠠᠯᠠᠭᠴᠢ ᠪᠤᠯᠭᠠᠨ᠂ ᠰᠤᠶᠤᠯ ᠤᠨ ᠪᠦᠲᠦᠭᠡᠯᠴᠢ | ᠠᠬᠤᠢ ᠪᠦᠬᠦᠢ ᠠᠵᠤ ᠠᠬᠤᠶᠢᠯᠠᠯ ᠪᠤᠯᠤᠨ ᠲᠠᠷᠠᠬᠠᠢ ᠪᠤᠲᠠᠷᠬᠠᠢ ᠰᠤᠶᠤᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠡᠷᠦᠬᠡ ᠶᠢ ᠲᠦᠪᠯᠡᠷᠡᠭᠦᠯᠦᠨ ᠬᠦᠭᠵᠢᠭᠦᠯᠵᠦ᠂ ᠨᠤᠮ ᠪᠢᠴᠢᠭ ᠤᠨ ᠳᠡᠯᠭᠡᠨ ᠦᠵᠡᠭᠦᠯᠦᠯᠭᠡ᠂ ᠵᠠᠷ ᠮᠡᠳᠡᠭᠡᠨ ᠤ | ᠲᠦᠰᠦᠪᠯᠡᠯ᠂ ᠵᠤᠭᠠᠴᠠᠯ ᠤᠨ ᠪᠦᠲᠦᠭᠡᠭᠳᠡᠭᠦᠨ ᠤ ᠪᠦᠲᠦᠭᠡᠯᠴᠢ ᠰᠠᠨᠠᠭ᠎ᠠ᠂ ᠡᠷᠲᠡᠨ ᠤ ᠡᠳ᠋ ᠪᠤᠯᠤᠨ ᠤᠷᠠᠨ | ᠪᠦᠲᠦᠭᠡᠯ ᠤᠨ ᠰᠤᠯᠢᠯᠴᠠᠭ᠎ᠠ ᠵᠡᠷᠭᠡ ᠡᠵᠡᠩᠨᠡᠯᠲᠡ ᠶᠢᠨ ᠲᠦᠯᠦᠪ ᠢ ᠬᠦᠴᠦᠯᠡᠨ ᠪᠤᠶᠢᠵᠢᠭᠤᠯᠵᠤ᠂ ᠰᠤᠶᠤᠯ ᠤᠨ | ᠪᠦᠲᠦᠭᠡᠯᠴᠢ ᠠᠬᠤᠢ ᠪᠦᠬᠦᠢ ᠠᠵᠤ ᠦᠢᠯᠡᠰ ᠤᠨ ᠲᠦᠪᠯᠡᠷᠡᠯ ᠤᠨ ᠲᠤᠭᠤᠷᠢᠭ ᠢ ᠪᠠᠶᠢᠭᠤᠯᠤᠨ᠎ᠠ᠃ | ᠲᠠᠪᠤ ᠳᠤ᠂ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ | ᠡᠭᠦᠳᠬᠦ ᠶᠢᠨ ᠰᠢᠨ᠎ᠡ ᠰᠢᠪᠲᠤᠯᠤᠯᠲᠠ ᠶᠢ ᠠᠬᠢᠭᠤᠯᠤᠨ᠎ᠠ᠃ ᠪᠦᠬᠦ ᠤᠯᠤᠰ ᠤᠨ ᠨᠡᠶᠢᠭᠡᠮ ᠲᠤᠭᠤᠷᠢᠭ ᠤᠨ ᠴᠡᠭᠴᠡᠯᠡᠨ | ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠲᠤᠭᠤᠷᠢᠭ ᠤᠨ ᠪᠠᠶᠢᠭᠤᠯᠤᠯᠲᠠ ᠶᠢᠨ | ᠵᠢᠷᠭᠤᠭᠠᠨ ᠶᠡᠭᠡ ᠠᠵᠢᠯᠯᠠᠭᠠᠨ ᠢ ᠶᠡᠭᠡ ᠬᠦᠴᠦᠨ ᠢᠶᠠᠷ ᠠᠬᠢᠭᠤᠯᠤᠨ᠂ ᠨᠡᠶᠢᠭᠡᠮ ᠲᠤᠭᠤᠷᠢᠭ ᠤᠨ ᠴᠡᠭᠴᠡᠯᠡᠨ | ᠵᠠᠰᠠᠯᠲᠠ ᠶᠢᠨ ᠦᠢᠯᠡᠴᠢᠯᠡᠭᠡᠨ ᠤ ᠰᠢᠨ᠎ᠡ ᠲᠤᠭᠲᠠᠴᠠ ᠶᠢ ᠪᠠᠶᠢᠭᠤᠯᠤᠨ᠎ᠠ᠃ ᠬᠤᠲᠠ ᠪᠠᠯᠭᠠᠰᠤᠨ ᠤ ᠨᠡᠶᠢᠭᠡᠮ | ᠲᠤᠭᠤᠷᠢᠭ ᠤᠨ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ᠎ᠠ᠃ 20 ᠬᠤᠲᠠ ᠶᠢᠨ ᠨᠡᠶᠢᠭᠡᠮ ᠲᠤᠭᠤᠷᠢᠭ | ᠪᠤᠯᠤᠨ 5 ᠬᠦᠳᠡᠭᠡ ᠲᠤᠰᠬᠤᠨ ᠤ ᠨᠡᠶᠢᠭᠡᠮ ᠲᠤᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠢ ᠳᠡᠰ | ᠳᠡᠪᠰᠢᠭᠦᠯᠦᠨ᠎ᠡ᠃ ᠨᠡᠶᠢᠭᠡᠮ ᠲᠤᠭᠤᠷᠢᠭ ᠤᠨ ᠠᠵᠢᠯ ᠢ ᠨᠠᠷᠢᠯᠢᠭᠵᠢᠭᠤᠯᠬᠤ ᠪᠠ ᠳᠦᠷᠢᠮᠵᠢᠭᠦᠯᠵᠦ᠂ ᠬᠤᠲᠠ ᠶᠢᠨ | ᠨᠡᠶᠢᠭᠡᠮ ᠲᠤᠭᠤᠷᠢᠭ ᠤᠨ ᠬᠠᠷᠢᠭᠤᠴᠠᠯᠭ᠎ᠠ ᠶᠢᠨ ᠵᠠᠭᠠᠭ ᠱᠤᠭᠤᠮ ᠢ ᠲᠤᠳᠤᠷᠬᠠᠶᠢᠯᠠᠨ᠂ ᠨᠡᠶᠢᠭᠡᠮ ᠲᠤᠭᠤᠷᠢᠭ ᠤᠨ | ᠳᠠᠷᠤᠭᠠᠰᠤ ᠶᠢ ᠬᠦᠩᠭᠡᠯᠡᠨ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠡᠩᠨᠡᠭᠡᠨ ᠤ | ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠦᠷᠨᠢᠭᠦᠯᠦᠨ᠂ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠤᠭᠤᠷᠢᠭ ᠤᠨ ᠰᠠᠶᠢᠨ ᠳᠤᠷᠠᠴᠤᠳ ᠤᠨ ᠡᠩᠨᠡᠭᠡ ᠶᠢ | ᠬᠦᠭᠵᠢᠭᠦᠯᠦᠨ ᠪᠤᠵᠠᠭᠠᠶᠢᠷᠠᠭᠤᠯᠵᠤ᠂ ᠰᠠᠭᠤᠭᠠᠯᠢ ᠠᠷᠠᠳ ᠤᠨ ᠦᠪᠡᠷᠲᠡᠭᠡᠨ ᠵᠠᠰᠠᠬᠤ ᠶᠢᠨ ᠭᠦᠨᠵᠡᠭᠡᠶᠢᠷᠡᠨ | ᠬᠦᠭᠵᠢᠬᠦ ᠶᠢ ᠠᠬᠢᠭᠤᠯᠤᠨ᠎ᠠ᠃ ᠭᠤᠷᠪᠠᠨ ᠳᠡᠰ ᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠪᠤᠶᠢᠵᠢᠭᠤᠯᠤᠨ | ᠬᠦᠮᠦᠵᠢᠭᠦᠯᠬᠦ ᠲᠠᠪᠴᠠᠩ ᠢ ᠡᠷᠡᠭᠦᠯᠵᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ | ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠳᠡᠮᠵᠢᠬᠦ ᠬᠦᠴᠦᠯᠡᠴᠡ ᠶᠢ ᠨᠡᠮᠡᠭᠳᠡᠭᠦᠯᠦᠨ᠂ | ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠵᠢᠯ ᠤᠨ | ᠲᠤᠲᠤᠷ᠎ᠠ᠂ ᠡᠯ᠎ᠡ ᠪᠠᠯᠭᠠᠰᠤ ᠵᠡᠭᠡᠯᠢ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠳᠠᠭ ᠲᠠᠭᠠᠨ 5 | ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠳᠠᠩᠰᠠᠯᠠᠵᠤ᠂ ᠨᠡᠶᠢᠭᠡᠮ ᠲᠤᠭᠤᠷᠢᠭ ᠨᠢᠭᠡᠪᠦᠷᠢ ᠠᠳᠠᠭ ᠲᠠᠭᠠᠨ 10 | ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠪᠦᠷᠢᠳᠬᠡᠨ ᠳᠠᠩᠰᠠᠯᠠᠨ᠎ᠠ᠃ ᠤᠶᠤᠨᠴᠢ ᠨᠡᠶᠢᠭᠡᠮ ᠲᠤᠭᠤᠷᠢᠭ ᠢ | ᠲᠦᠷᠭᠡᠪᠴᠢᠯᠡᠨ ᠪᠠᠶᠢᠭᠤᠯᠵᠤ᠂ ︽ᠬᠤᠩ ᠱᠠᠨ ᠸᠢᠴᠠᠲ ᠨᠡᠶᠢᠭᠡᠮ ᠲᠤᠭᠤᠷᠢᠭ︾ ᠤᠨ ᠦᠢᠯᠡᠴᠢᠯᠡᠭᠡᠨ ᠤ | ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠤᠯᠠᠨ ᠡᠰᠢᠲᠦ ᠬᠠᠮᠲᠤᠪᠠᠷ ᠵᠠᠰᠠᠬᠤ ᠬᠦᠳᠡᠭᠡ | ᠲᠤᠰᠬᠤᠨ ᠤ ᠨᠡᠶᠢᠭᠡᠮ ᠲᠤᠭᠤᠷᠢᠭᠵᠢᠭᠰᠠᠨ ᠲᠤᠷᠰᠢᠯᠲᠠ ᠶᠢᠨ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ | ᠬᠤᠲᠠᠨ ᠳᠠᠬᠢ ᠲᠤᠰᠬᠤᠨ ᠮᠡᠲᠦ ᠶᠢᠨ ᠲᠤᠰᠬᠤᠨ ᠰᠠᠭᠤᠭᠠᠯᠢ ᠵᠡᠷᠭᠡᠴᠡᠬᠦ ᠲᠤᠷᠰᠢᠯᠲᠠ ᠶᠢᠨ ᠴᠡᠭ ᠢ ᠯᠠᠪᠳᠠᠭᠤᠨ | ᠠᠬᠢᠭᠤᠯᠤᠨ᠂ ᠲᠤᠰᠬᠤᠨ ᠤ ᠠᠷᠠᠳ ᠤᠨ ᠦᠪᠡᠷᠲᠡᠭᠡᠨ ᠦᠢᠯᠡᠴᠢᠯᠡᠬᠦ ᠵᠠᠰᠠᠭ ᠤᠨ ᠤᠷᠳᠤᠨ ᠤ ᠤᠯᠠᠨ ᠨᠡᠶᠢᠲᠡ ᠶᠢᠨ | ᠦᠢᠯᠡᠴᠢᠯᠡᠭᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠪᠦᠲᠦᠮᠵᠢᠲᠡᠢ ᠤᠶᠠᠯᠳᠤᠭᠰᠠᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠴᠡᠭᠴᠡᠯᠡᠨ ᠵᠠᠰᠠᠬᠤ | ᠲᠤᠭᠲᠠᠴᠠ ᠶᠢ ᠴᠢᠷᠮᠠᠶᠢᠨ ᠪᠠᠶᠢᠭᠤᠯᠵᠤ᠂ ᠬᠦᠳᠡᠭᠡ ᠲᠤᠰᠬᠤᠨ ᠤ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠶᠢᠨ | ᠰᠢᠨ᠎ᠡ ᠠᠷᠭ᠎ᠠ ᠵᠠᠮ ᠢ ᠡᠷᠢᠯᠬᠢᠯᠡᠨ᠎ᠡ᠃ | ︵ᠲᠠᠪᠤ︶ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ | ᠨᠢᠭᠡ ᠳᠤ᠂ ᠡᠳ᠋ ᠤᠨ ᠵᠠᠰᠠᠭ ᠪᠤᠯᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠴᠢᠷᠮᠠᠶᠢᠨ ᠰᠡᠷᠭᠡᠶᠢᠯᠡᠨ᠎ᠡ᠃ | ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠤᠯᠲᠠ ᠶᠢ ᠴᠢᠩᠭᠠᠳᠬᠠᠨ᠂ ᠤᠯᠠᠨ ᠠᠷᠭ᠎ᠠ ᠵᠠᠮ ᠢᠶᠠᠷ ᠭᠠᠶᠢᠯᠢ ᠶᠢᠨ | ᠰᠤᠷᠪᠤᠯᠵᠢ ᠶᠢ ᠪᠤᠶᠢᠵᠢᠭᠤᠯᠤᠨ ᠬᠦᠮᠦᠵᠢᠭᠦᠯᠵᠦ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠴᠢᠷᠮᠠᠶᠢᠨ ᠦᠷᠭᠡᠳᠬᠡᠨ᠎ᠡ᠃ ᠵᠠᠰᠠᠭ ᠤᠨ ᠤᠷᠳᠤᠨ ᠤ ᠴᠢᠨᠡᠷᠲᠡᠢ ᠦᠷᠢ ᠦᠭᠴᠡᠭᠡᠨ ᠤ ᠬᠠᠮᠢᠶᠠᠷᠤᠯᠲᠠ ᠶᠢ | ᠴᠢᠩᠭᠠᠳᠬᠠᠨ᠂ ᠦᠷᠢ ᠦᠭᠴᠡᠭᠡᠨ ᠤ ᠬᠦᠷᠢᠶ᠎ᠡ ᠬᠡᠪᠴᠢᠶᠡᠨ ᠤ ᠡᠵᠡᠮᠳᠡᠯ ᠪᠤᠯᠤᠨ ᠲᠦᠰᠦᠪ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ︽ᠵᠢᠭᠡᠯᠡᠬᠦ ᠬᠡᠷᠡᠭᠯᠡᠬᠦ ᠪᠤᠴᠠᠭᠠᠬᠤ︾ ᠬᠠᠷᠢᠯᠴᠠᠨ ᠤᠶᠠᠯᠳᠤᠭᠰᠠᠨ ᠵᠠᠰᠠᠭ ᠤᠨ ᠤᠷᠳᠤᠨ ᠤ ᠦᠷᠢ | ᠦᠭᠴᠡᠭᠡᠨ ᠤ ᠬᠠᠮᠢᠶᠠᠷᠤᠯᠲᠠ ᠶᠢᠨ ᠲᠤᠭᠲᠠᠴᠠ ᠶᠢ ᠡᠷᠡᠭᠦᠯᠵᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ | ᠳᠠᠷᠤᠭᠳᠠᠮᠠᠯ ᠦᠷᠢ ᠦᠭᠴᠡᠭᠡ ᠶᠢ ᠬᠠᠷᠢᠭᠤᠯᠵᠤ᠂ ᠲᠦᠭᠰᠢᠭᠦᠷᠢ ᠶᠢ ᠡᠵᠡᠮᠳᠡᠬᠦ ᠶᠢ ᠦᠨᠡᠨᠬᠦ ᠪᠡᠶᠡᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ᠂ ᠪᠠᠭ᠎ᠠ | ᠲᠤᠭᠠᠨ ᠤ ᠵᠢᠭᠡᠯᠡᠯᠭᠡ ᠶᠢᠨ ᠺᠤᠮᠫᠠᠨᠢ᠂ ᠬᠦᠷᠦᠩᠭᠡ ᠠᠭᠤᠰᠬᠠᠬᠤ ᠬᠡᠯᠪᠡᠷᠢ ᠶᠢᠨ ᠳᠠᠭᠠᠭᠠᠯᠲᠠ ᠶᠢᠨ ᠺᠤᠮᠫᠠᠨᠢ᠂ | ᠳᠠᠩᠵᠠᠯᠠᠬᠤ ᠭᠠᠵᠠᠷ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠠᠵᠤ ᠦᠢᠯᠡᠰ ᠤᠨ ᠲᠦᠭᠰᠢᠭᠦᠷᠢ ᠶᠢᠨ ᠰᠡᠷᠡᠮᠵᠢ ᠶᠢ | ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠵᠦᠷᠢᠴᠡᠬᠦ ᠠᠵᠢᠯᠯᠠᠭ᠎ᠠ ᠡᠭᠦᠰᠬᠦ ᠶᠢ | ᠴᠢᠩᠭ᠎ᠠ ᠰᠡᠷᠭᠡᠶᠢᠯᠡᠵᠦ᠂ ᠤᠷᠤᠨ ᠬᠡᠪᠴᠢᠶᠡᠨ ᠤ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ | ᠦᠭᠡᠢ ᠪᠠᠶᠢᠬᠤ ᠳᠤᠤᠷ᠎ᠠ ᠵᠠᠬ᠎ᠠ ᠶᠢ ᠴᠢᠩᠭ᠎ᠠ ᠠᠳᠬᠤᠨ᠎ᠠ᠃ | ᠬᠤᠶᠠᠷ ᠲᠤ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠂ ᠲᠦᠪ ᠬᠤᠲᠠ ᠲᠤᠭᠤᠷᠢᠭ ᠤᠨ | 50 ᠺᠢᠯᠦᠮᠧᠲᠷ ᠷᠠᠳᠢᠦᠰ ᠪᠦᠬᠦᠢ ᠠᠮᠢ ᠠᠬᠤᠢ ᠠᠵᠤ ᠠᠬᠤᠢ ᠶᠢᠨ ᠴᠠᠭᠠᠷᠢᠭ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠳᠡᠭᠡᠳᠦ ᠬᠤᠷᠳᠤ ᠶᠢᠨ ᠵᠠᠰᠠᠮᠠᠯ ᠵᠠᠮ᠂ 306 ᠤᠯᠤᠰ ᠤᠨ ᠵᠠᠮ᠂ ᡂᠢ ᠶᠤᠸᠠᠨ | ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠰᠠᠯᠪᠤᠷᠢ ᠱᠤᠭᠤᠮ ᠤᠨ ᠤᠶᠢᠵᠢᠭᠤᠯᠤᠯᠲᠠ ᠭᠤᠸᠠᠵᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠂ ᠡᠮᠦᠨ᠎ᠡ ᠠᠭᠤᠯᠠᠨ ᠤ ᠦᠵᠡᠮᠵᠢ ᠶᠢᠨ ᠤᠷᠤᠨ ᠪᠤᠯᠤᠨ ᠬᠤᠩ ᠱᠠᠨ ᠦᠵᠡᠮᠵᠢ ᠶᠢᠨ | ᠤᠷᠤᠨ ᠤ ᠠᠮᠢ ᠠᠬᠤᠢ ᠶᠢᠨ ᠦᠵᠡᠮᠦᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠨᠠᠶᠢᠳᠠᠪᠤᠷᠢᠵᠢᠭᠤᠯᠵᠤ᠂ ᠨᠠᠷᠠᠰᠤᠨ | ᠮᠤᠳᠤᠨ ᠤ ᠴᠡᠴᠡᠷᠯᠢᠭ ᠪᠤᠯᠤᠨ ᠬᠠᠶᠢᠯᠠᠷ ᠨᠠᠷᠠᠰᠤᠨ ᠤ ᠴᠡᠴᠡᠷᠯᠢᠭ ᠢ ᠪᠠᠶᠢᠭᠤᠯᠤᠨ᠂ ᠬᠤᠲᠠ ᠲᠤᠭᠤᠷᠢᠭᠰᠠᠨ ᠤᠰᠤᠨ | ᠰᠢᠰᠲ᠋ᠧᠮ ᠤᠨ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠪᠤᠯᠤᠨ ᠠᠵᠤ ᠠᠬᠤᠢ ᠶᠢᠨ ᠵᠤᠬᠢᠴᠠᠩᠭᠤᠢ | ᠬᠦᠭᠵᠢᠯᠲᠡ ᠶᠢ ᠠᠬᠢᠭᠤᠯᠤᠨ᠎ᠠ᠃ ᠬᠠᠭᠤᠴᠢᠨ ᠬᠤᠲᠠ ᠶᠢ ᠤᠶᠢᠵᠢᠭᠤᠯᠬᠤ᠂ ᠪᠦᠯᠦᠭᠯᠡᠯᠲᠦ ᠴᠤᠭᠴᠠ ᠶᠢ | ᠤᠶᠢᠵᠢᠭᠤᠯᠬᠤ᠂ ᠬᠦᠷᠢᠶᠡᠯᠡᠩ ᠲᠤᠭᠤᠷᠢᠭ ᠢ ᠤᠶᠢᠵᠢᠭᠤᠯᠬᠤ ᠶᠢ ᠠᠬᠢᠭᠤᠯᠤᠨ᠂ 150 ᠲᠦᠮᠡᠨ ᠲᠡᠭᠰᠢ | ᠳᠦᠷᠪᠡᠯᠵᠢᠨ ᠮᠧᠲᠷ ᠵᠦᠯᠭᠡ ᠶᠢ ᠰᠢᠨ᠎ᠡ ᠪᠠᠷ ᠤᠶᠢᠵᠢᠭᠤᠯᠬᠤ ᠪᠠ ᠡᠳᠡᠭᠡᠷᠡᠭᠦᠯᠵᠦ᠂ ᠤᠯᠤᠰ ᠤᠨ ᠴᠡᠴᠡᠷᠯᠢᠭᠵᠢᠭᠰᠡᠨ | ᠬᠤᠲᠠ ᠶᠢ ᠴᠢᠷᠮᠠᠶᠢᠨ ᠪᠦᠲᠦᠭᠡᠨ ᠪᠠᠶᠢᠭᠤᠯᠤᠨ᠎ᠠ᠃ ᠠᠭᠠᠷ ᠮᠠᠨᠳᠠᠯ᠂ ᠤᠰᠤ᠂ ᠭᠠᠵᠠᠷ ᠰᠢᠷᠤᠢ ᠪᠤᠯᠤᠨ ᠬᠦᠨᠳᠦ | ᠲᠡᠮᠦᠷᠯᠢᠭ ᠤᠨ ᠪᠤᠵᠠᠷᠳᠤᠯ ᠤᠨ ᠰᠡᠷᠭᠡᠶᠢᠯᠡᠨ ᠵᠠᠰᠠᠯᠲᠠ ᠶᠢ ᠴᠢᠩᠭᠠᠳᠬᠠᠨ᠂ ᠭᠤᠤᠯ ᠪᠤᠯᠬᠤ ᠪᠤᠵᠠᠷᠳᠤᠯ ᠪᠤᠳᠠᠰ ᠤᠨ | ᠢᠯᠭᠠᠷᠠᠭᠤᠯᠬᠤ ᠬᠡᠮᠵᠢᠶ᠎ᠡ ᠶᠢ ᠪᠠᠭᠠᠰᠬᠠᠬᠤ ᠶᠢ ᠢᠳᠡᠪᠬᠢᠲᠡᠢ ᠠᠬᠢᠭᠤᠯᠵᠤ᠂ ᠤᠷᠴᠢᠨ ᠲᠤᠭᠤᠷᠢᠨ ᠤ ᠬᠢᠨᠠᠨ | ᠬᠠᠮᠢᠶᠠᠷᠤᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠠᠵᠤ ᠦᠢᠯᠡᠰ ᠪᠤᠯᠤᠨ ᠬᠦᠷᠢᠶ᠎ᠡ ᠬᠡᠪᠴᠢᠶᠡᠨ ᠤ ᠳᠤᠪᠤᠶᠢᠮ᠎ᠠ | ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠤᠷᠴᠢᠨ | ᠲᠤᠭᠤᠷᠢᠨ ᠤ ᠴᠢᠨᠠᠷ ᠴᠢᠨᠰᠠᠭ᠎ᠠ ᠶᠢ ᠴᠢᠷᠮᠠᠶᠢᠨ ᠰᠠᠶᠢᠵᠢᠷᠠᠭᠤᠯᠤᠨ᠎ᠠ᠃ ᠬᠠᠮᠤᠭ ᠠᠴᠠ ᠴᠢᠩᠭ᠎ᠠ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠰᠤᠷᠪᠤᠯᠵᠢ ᠶᠢᠨ ᠡᠬᠢ ᠶᠢᠨ | ᠬᠠᠮᠠᠭᠠᠯᠠᠯᠲᠠ ᠶᠢ ᠴᠢᠩᠭᠠᠳᠬᠠᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ ᠪᠠᠷ ᠭᠠᠵᠠᠷ | ᠳᠤᠤᠷᠠᠬᠢ ᠤᠰᠤ ᠶᠢ ᠠᠰᠢᠭᠯᠠᠬᠤ ᠶᠢ ᠵᠦᠪᠰᠢᠶᠡᠷᠡᠬᠦ ᠦᠭᠡᠢ᠃ ᠲᠠᠬᠢᠯᠲᠠ ᠤᠰᠤ ᠠᠰᠢᠭᠯᠠᠬᠤ ᠶᠢ ᠵᠤᠷᠢᠭᠵᠢᠭᠤᠯᠵᠤ᠂ | ᠭᠠᠵᠠᠷ ᠳᠤᠤᠷᠠᠬᠢ ᠤᠰᠤ ᠶᠢ ᠠᠷᠪᠢᠯᠠᠨ᠎ᠠ᠃ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠨ᠂ ᠪᠦᠬᠦ ᠠᠷᠠᠳ ᠤᠨ | ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠡᠷᠭᠢᠯᠳᠦᠭᠦᠯᠦᠨ ᠠᠰᠢᠭᠯᠠᠬᠤ᠂ ᠳᠤᠤᠷ᠎ᠠ | ᠨᠡᠭᠦᠷᠡᠰᠦᠲᠦ᠋ᠷᠦᠭᠴᠢᠲᠦ ᠬᠦᠭᠵᠢᠯᠲᠡ ᠶᠢ ᠠᠬᠢᠭᠤᠯᠤᠨ᠂ ᠲᠠᠬᠢᠨ ᠡᠭᠦᠰᠴᠦ ᠪᠤᠯᠬᠤ ᠡᠬᠢ ᠪᠠᠶᠠᠯᠢᠭ ᠢ ᠡᠷᠭᠢᠯᠳᠦᠭᠦᠯᠦᠨ | ᠠᠰᠢᠭᠯᠠᠬᠤ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠬᠤᠭ ᠰᠢᠲᠠᠭᠠᠨ | ᠴᠠᠬᠢᠯᠭᠠᠨ ᠭᠠᠷᠭᠠᠬᠤ᠂ ᠲᠠᠬᠢᠨ ᠡᠭᠦᠰᠴᠦ ᠪᠤᠯᠬᠤ ᠡᠬᠢ ᠪᠠᠶᠠᠯᠢᠭ ᠢ ᠬᠤᠷᠢᠶᠠᠨ ᠠᠰᠢᠭᠯᠠᠬᠤ ᠲᠤᠰᠬᠠᠢ ᠵᠠᠬ᠎ᠠ | ᠳᠡᠯᠭᠡᠭᠦᠷ ᠵᠡᠷᠭᠡ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠭᠠᠯ ᠲᠤᠭᠤᠭᠠᠨ ᠤ ᠬᠠᠶᠠᠭᠳᠠᠮᠠᠯ ᠡᠳ᠋ ᠢ ᠡᠬᠢ | ᠪᠠᠶᠠᠯᠢᠭᠵᠢᠭᠤᠯᠤᠨ ᠠᠰᠢᠭᠯᠠᠬᠤ ᠪᠤᠯᠤᠨ ᠬᠤᠤᠷ ᠦᠭᠡᠶᠢᠲᠡᠭᠦᠯᠦᠨ ᠰᠢᠢᠳᠪᠦᠷᠢᠯᠡᠬᠦ ᠢᠨᠵᠧᠨᠧᠷᠢᠩ ᠢ ᠪᠠᠶᠢᠭᠤᠯᠵᠤ | ᠡᠵᠡᠩᠨᠡᠨ᠎ᠡ᠃ | ᠭᠤᠷᠪᠠ ᠳᠤ᠂ ᠬᠤᠲᠠ ᠶᠢᠨ ᠠᠮᠤᠷ ᠲᠦᠪᠰᠢᠨ ᠪᠤᠯᠤᠨ ᠨᠡᠶᠢᠭᠡᠮ ᠤᠨ ᠲᠤᠭᠲᠠᠭᠤᠨ ᠢ ᠪᠠᠲᠤᠯᠠᠨ᠎ᠠ᠃ ᠠᠮᠤᠷ | ᠲᠦᠪᠰᠢᠨ ᠢᠶᠠᠷ ᠦᠷᠡᠭᠳᠡᠯ ᠪᠤᠯᠭᠠᠬᠤ ᠦᠭᠡᠢ ᠬᠦᠭᠵᠢᠯᠲᠡ ᠶᠢᠨ ᠬᠤᠷᠢᠭ᠎ᠠ ᠱᠤᠭᠤᠮ ᠢ ᠪᠠᠷᠢᠮᠲᠠᠯᠠᠵᠤ᠂ ᠤᠯᠠᠨ | ᠨᠡᠶᠢᠲᠡ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠴᠤ ᠡᠵᠡᠮᠳᠡᠬᠦ᠂ ᠡᠯ᠎ᠡ ᠲᠦᠷᠦᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠪᠠᠷ ᠭᠤᠤᠯᠳᠠᠯᠭ᠎ᠠ ᠪᠤᠯᠭᠠᠨ᠂ ᠬᠠᠤᠯᠢ ᠶᠤᠰᠤᠭᠠᠷ | ᠴᠡᠭᠴᠡᠯᠡᠨ ᠵᠠᠰᠠᠬᠤ ᠶᠢ ᠪᠠᠷᠢᠮᠲᠠᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠳᠤ ᠬᠤᠤᠰ | ᠬᠠᠷᠢᠭᠤᠴᠠᠯᠭ᠎ᠠ ᠲᠠᠢ᠂ ᠬᠠᠮᠲᠤ ᠳᠤᠨᠢ ᠠᠳᠬᠤᠵᠤ ᠨᠢᠭᠡᠲᠦᠯᠲᠡᠢ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ | ᠨᠡᠬᠡᠮᠵᠢᠯᠡᠬᠦ︾ ᠶᠢ ᠪᠠᠷᠢᠮᠲᠠᠯᠠᠨ᠂ ︽ᠭᠤᠷᠪᠠᠨ ᠡᠷᠬᠡᠪᠰᠢ︾ ᠵᠠᠷᠴᠢᠮ ᠢ ᠪᠠᠷᠢᠮᠲᠠᠯᠠᠵᠤ᠂ ᠬᠢᠨᠠᠨ ᠬᠠᠮᠢᠶᠠᠷᠤᠯᠲᠠ ᠶᠢᠨ | ᠭᠡᠮ ᠰᠤᠭᠤᠭ ᠢ ᠠᠷᠢᠯᠭᠠᠨ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ︽ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠤᠨ︾ ᠤ ᠠᠵᠢᠯᠯᠠᠭᠠᠨ ᠢ ᠦᠷᠨᠢᠭᠦᠯᠵᠦ᠂ ᠪᠦᠬᠦ ᠲᠤᠭᠤᠷᠢᠭ ᠲᠤ ᠦᠯᠡᠳᠡᠭᠡᠵᠦ ᠬᠤᠴᠤᠷᠤᠭᠤᠯᠬᠤ | ᠦᠭᠡᠢ᠂ ᠬᠤᠷᠢᠭᠠᠲᠤ ᠤᠷᠤᠨ ᠦᠭᠡᠢ᠂ ᠪᠦᠬᠦᠨ ᠢ ᠬᠠᠮᠤᠷᠤᠭᠰᠠᠨ ᠠᠶᠦᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠦᠷᠭᠦᠯᠵᠢᠯᠡᠨ ᠦᠷᠨᠢᠭᠦᠯᠵᠦ᠂ ᠬᠠᠤᠯᠢ ᠳᠦᠷᠢᠮ ᠵᠦᠷᠢᠴᠡᠭᠰᠡᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠳᠤ ᠡᠷᠡᠰ ᠴᠤᠬᠢᠯᠲᠠ ᠦᠭᠬᠦ ᠪᠠᠶᠢᠩᠭᠤ ᠶᠢᠨ ᠤᠪᠤᠷ ᠪᠠᠶᠢᠳᠠᠯ ᠢ ᠴᠠᠭ ᠦᠷᠭᠦᠯᠵᠢ ᠪᠠᠷᠢᠮᠲᠠᠯᠠᠨ᠂ | ᠬᠠᠤᠯᠢ ᠶᠢ ᠴᠢᠩᠭ᠎ᠠ ᠬᠡᠷᠡᠭᠵᠢᠭᠦᠯᠦᠨ᠂ ᠴᠢᠩᠭ᠎ᠠ ᠰᠢᠢᠳᠬᠡᠨ᠎ᠡ᠃ ᠠᠶᠦᠯᠭᠦᠢ ᠦᠢᠯᠡᠳᠪᠦᠷᠢᠯᠡᠯ ᠤᠨ | ᠤᠷᠤᠭᠤᠯᠤᠯᠲᠠ ᠪᠠᠨ ᠨᠡᠮᠡᠭᠳᠡᠭᠦᠯᠦᠨ᠂ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ | ᠤᠶᠤᠨᠴᠢ ᠠᠮᠤᠷ ᠲᠦᠪᠰᠢᠨ ᠤ ᠬᠢᠨᠠᠯᠲᠠ ᠶᠢᠨ ᠡᠭᠦᠯᠡᠨ ᠲᠠᠪᠴᠠᠩ ᠢ ᠲᠦᠭᠡᠮᠡᠯᠵᠢᠭᠦᠯᠦᠨ ᠬᠡᠷᠡᠭᠯᠡᠵᠦ᠂ ᠠᠶᠦᠯᠭᠦᠢ | ᠦᠢᠯᠡᠳᠪᠦᠷᠢᠯᠡᠯ ᠤᠨ ᠪᠦᠬᠦᠯᠢ ᠴᠤᠭᠴᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠢᠳᠡᠭᠡᠨ ᠡᠮ ᠤᠨ | ᠵᠦᠢᠯᠡᠰ ᠤᠨ ᠠᠮᠤᠷ ᠲᠦᠪᠰᠢᠨ ᠤ ᠲᠦᠭᠰᠢᠭᠦᠷᠢ ᠶᠢ ᠡᠵᠡᠮᠳᠡᠬᠦ ᠪᠠ ᠡᠯᠧᠺᠲᠷᠤᠨᠵᠢᠭ᠍ᠰᠡᠨ ᠬᠢᠨᠠᠨ ᠬᠠᠮᠢᠶᠠᠷᠤᠯᠲᠠ ᠶᠢ | ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠭᠦᠨ ᠪᠤᠯᠤᠨ ᠢᠳᠡᠭᠡᠨ ᠤ ᠰᠢᠯᠭᠠᠨ ᠪᠠᠶᠢᠴᠠᠭᠠᠬᠤ ᠲᠦᠪ ᠢ ᠪᠠᠶᠢᠭᠤᠯᠵᠤ᠂ | ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠢᠳᠡᠭᠡᠨ ᠤ ᠠᠮᠤᠷ | ᠲᠦᠪᠰᠢᠨ ᠢ ᠪᠠᠲᠤ ᠰᠠᠬᠢᠨ᠎ᠠ᠃ ᠦᠶᠡᠷ ᠢ ᠰᠡᠷᠭᠡᠶᠢᠯᠡᠬᠦ ᠭᠠᠩ ᠢ ᠰᠡᠷᠭᠡᠶᠢᠯᠡᠬᠦ᠂ ᠤᠢ ᠰᠢᠭᠤᠢ ᠶᠢᠨ ᠭᠠᠯ ᠤᠨ ᠠᠶᠤᠯ ᠢ | ᠰᠡᠷᠭᠡᠶᠢᠯᠡᠬᠦ᠂ ᠡᠪᠡᠳᠴᠢᠨ ᠡᠮᠬᠡᠭ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠨ᠂ ᠶᠡᠷᠦᠩᠬᠡᠶᠢᠯᠡᠭᠰᠡᠨ ᠪᠠᠴᠢᠮ ᠢ | ᠠᠪᠤᠷᠠᠨ ᠰᠢᠢᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ ︽ᠳᠤᠯᠤᠭ᠎ᠠ ᠲᠠᠪᠤ︾ ᠬᠠᠤᠯᠢ ᠲᠦᠭᠡᠮᠡᠯᠵᠢᠭᠦᠯᠬᠦ ᠶᠢ | ᠠᠬᠢᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠶᠢ ᠪᠠᠷᠢᠮᠲᠠᠯᠠᠵᠤ᠂ ᠪᠦᠬᠦ | ᠠᠷᠠᠳ ᠢᠶᠠᠷ ᠢᠶᠠᠨ ᠬᠠᠤᠯᠢ ᠶᠢ ᠰᠤᠷᠴᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠶᠢ ᠠᠬᠢᠭᠤᠯᠤᠨ᠎ᠠ᠃ ᠨᠡᠶᠢᠭᠡᠮ ᠤᠨ | ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ᠎ᠠ᠃ ᠪᠤᠰᠤᠭ᠎ᠠ ᠴᠤᠭᠴᠠᠲᠤ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ | ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠦᠷᠦᠯ ᠤᠨ ᠬᠠᠤᠯᠢ ᠵᠦᠷᠢᠴᠡᠵᠦ ᠶᠠᠯ᠎ᠠ ᠬᠢᠬᠦ ᠶᠢ | ᠪᠦᠲᠦᠮᠵᠢᠲᠡᠢ ᠤᠷᠢᠳᠴᠢᠯᠠᠨ ᠰᠡᠷᠭᠡᠶᠢᠯᠡᠬᠦ ᠪᠠ ᠡᠷᠡᠰ ᠴᠤᠬᠢᠯᠲᠠ ᠦᠭᠭᠦᠨ᠎ᠡ᠃ ᠬᠠᠤᠯᠢᠵᠢᠭᠰᠠᠨ᠂ ᠬᠠᠷᠢᠭᠤᠴᠠᠯᠭᠠᠲᠤ᠂ | ᠢᠯᠡ ᠲᠤᠲᠤ ᠵᠠᠬᠢᠲᠠᠯ ᠰᠤᠷᠪᠤᠯᠵᠢᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠤᠳᠤᠷᠢᠳᠤᠯᠭ᠎ᠠ ᠳᠠᠭᠠᠭᠠᠴᠢᠯᠠᠬᠤ᠂ | ᠠᠵᠢᠯ ᠡᠷᠬᠡ ᠲᠠᠭᠠᠨ ᠤᠷᠤᠭᠰᠢᠯᠠᠬᠤ᠂ ᠠᠩᠬ᠎ᠠ ᠰᠢᠢᠳᠪᠦᠷᠢᠯᠡᠨ ᠬᠠᠷᠢᠭᠤᠴᠠᠬᠤ ᠵᠡᠷᠭᠡ ᠳᠦᠷᠢᠮ ᠢ | ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠲᠤᠬᠠᠢ ᠶᠢᠨ ᠲᠠᠯᠠᠪᠤᠷ ᠲᠤᠨᠢ ᠵᠦᠷᠢᠴᠡᠯ ᠵᠢᠭᠤᠷᠠᠭᠠᠨ ᠢ ᠨᠠᠮᠳᠠᠭᠠᠨ | ᠰᠢᠢᠳᠪᠦᠷᠢᠯᠡᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ | ᠪᠤᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠠᠳᠬᠤᠵᠤ᠂ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠨ᠎ᠡ᠃ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ | ᠲᠦᠯᠦᠭᠡᠯᠡᠭᠴᠢᠳ ᠡ᠂ ᠵᠠᠰᠠᠭ ᠤᠨ ᠤᠷᠳᠤᠨ ᠤ ᠴᠢᠳᠠᠪᠤᠷᠢ ᠪᠤᠯᠤᠨ ᠰᠤᠷᠲᠠᠯ ᠪᠤᠯ ᠠᠵᠢᠯ ᠢ ᠰᠠᠶᠢᠲᠤᠷ | ᠬᠢᠬᠦ ᠶᠢᠨ ᠪᠠᠲᠤᠯᠠᠭ᠎ᠠ ᠮᠦᠨ᠃ ᠲᠤᠭᠤᠷᠢᠭ ᠤᠨ ᠵᠠᠰᠠᠭ ᠤᠨ ᠤᠷᠳᠤᠨ ︽ᠳᠦᠷᠪᠡᠨ ᠦᠵᠡᠯ ᠤᠬᠠᠮᠰᠠᠷ︾ ᠢ ᠤᠯᠠᠮ | ᠨᠢᠭᠡ ᠠᠯᠬᠤᠮ ᠴᠢᠩᠭᠠᠳᠬᠠᠨ᠂ ᠤᠨᠴᠠᠭᠠᠶᠢᠯᠠᠨ ᠭᠤᠤᠯᠯᠠᠭᠴᠢ ᠶᠢᠨ ᠤᠬᠠᠮᠰᠠᠷ᠂ ᠰᠤᠷᠤᠯᠴᠠᠬᠤ ᠤᠬᠠᠮᠰᠠᠷ ᠢ | ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠ ᠤᠯᠤᠰ ᠲᠦᠷᠦ ᠶᠢᠨ ᠳᠦᠷᠢᠮ ᠲᠤᠭᠲᠠᠭᠠᠯ ᠢ ᠪᠠᠲᠤ ᠰᠠᠬᠢᠵᠤ᠂ | ᠠᠵᠢᠯ ᠤᠨ ᠰᠤᠷᠲᠠᠯ ᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠵᠤ᠂ ᠨᠠᠶᠢᠳᠠᠪᠤᠷᠢᠵᠢᠭᠤᠯᠬᠤ ᠴᠢᠳᠠᠮᠵᠢ ᠪᠠ | ᠢᠲᠡᠭᠡᠭᠦᠯᠬᠦ ᠬᠦᠴᠦᠨ ᠢ ᠦᠨᠡᠨᠬᠦ ᠨᠡᠮᠡᠭᠳᠡᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠤᠯᠤᠨ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠠᠤᠯᠢ ᠶᠤᠰᠤᠭᠠᠷ ᠬᠦᠯᠢᠶᠡᠵᠦ᠂ ᠴᠢᠬᠤᠯᠠ ᠶᠡᠭᠡ ᠰᠢᠢᠳᠪᠦᠷᠢ ᠳᠤ ᠤᠯᠠᠨ | ᠲᠦᠮᠡᠨ ᠤ ᠤᠷᠤᠯᠴᠠᠬᠤ᠂ ᠲᠤᠰᠬᠠᠢ ᠮᠡᠷᠭᠡᠵᠢᠯᠲᠡᠨ ᠬᠢᠨᠠᠨ ᠭᠡᠷᠡᠴᠢᠯᠡᠬᠦ᠂ ᠲᠦᠭᠰᠢᠭᠦᠷᠢ ᠶᠢᠨ ᠦᠨᠡᠯᠡᠯᠲᠡ᠂ ᠬᠠᠤᠯᠢᠲᠤ | ᠴᠢᠨᠠᠷ ᠤᠨ ᠬᠢᠨᠠᠨ ᠪᠠᠶᠢᠴᠠᠭᠠᠯᠲᠠ ᠪᠤᠯᠤᠨ ᠬᠠᠮᠲᠤ ᠪᠠᠷ ᠶᠠᠷᠢᠯᠴᠠᠨ ᠲᠤᠭᠲᠠᠭᠠᠬᠤ ᠵᠡᠷᠭᠡ ᠠᠯᠬᠤᠮ ᠳᠠᠷᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ | ᠤᠷᠳᠤᠨ ᠤ ᠠᠵᠢᠯ ᠤᠨ ᠬᠠᠤᠯᠢᠵᠢᠬᠤ᠂ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ᠂ ᠤᠶᠤᠨᠴᠢ ᠠᠵᠤ ᠦᠢᠯᠡᠰ ᠪᠠ ᠤᠳᠤ | ᠦᠶ᠎ᠡ ᠶᠢᠨ ᠮᠦᠩᠭᠦᠨ ᠭᠦᠢᠯᠭᠡᠭᠡᠨ ᠤ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠬᠠᠷᠠᠴᠠ ᠪᠠᠨ ᠦᠷᠭᠡᠳᠬᠡᠨ᠂ | ᠰᠡᠳᠬᠢᠮᠵᠢ ᠪᠠᠨ ᠰᠢᠨᠡᠴᠢᠯᠡᠵᠦ᠂ ᠰᠢᠨ᠎ᠡ ᠪᠠᠶᠢᠳᠠᠯ ᠳᠤᠤᠷᠠᠬᠢ ᠠᠵᠤ ᠠᠬᠤᠢ ᠶᠢᠨ ᠠᠵᠢᠯ ᠢ ᠵᠤᠬᠢᠶᠠᠨ ᠪᠠᠶᠢᠭᠤᠯᠬᠤ | ᠴᠢᠳᠠᠪᠤᠷᠢ ᠪᠠᠨ ᠨᠡᠮᠡᠭᠳᠡᠭᠦᠯᠦᠨ᠎ᠡ᠃ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠰᠤᠷᠤᠯᠴᠠᠯᠭ᠎ᠠ ᠬᠦᠮᠦᠵᠢᠯ ᠤᠨ ᠦᠷ᠎ᠡ ᠪᠦᠲᠦᠭᠡᠯ ᠢ ᠪᠠᠲᠤᠳᠬᠠᠨ᠂ ᠴᠢᠷᠮᠠᠶᠢᠨ ᠠᠵᠢᠯᠯᠠᠵᠤ ᠪᠤᠳᠠᠲᠠᠢ ᠬᠢᠬᠦ ᠰᠤᠷᠲᠠᠯ ᠢ | ᠪᠠᠳᠠᠷᠠᠭᠤᠯᠵᠤ᠂ ᠬᠠᠷᠢᠭᠤᠴᠠᠯᠭᠠᠲᠤ ᠵᠤᠷᠢᠭ ᠰᠠᠨᠠᠭ᠎ᠠ ᠶᠢ ᠬᠦᠭᠵᠢᠯᠲᠡ ᠶᠢᠨ ᠬᠦᠳᠡᠯᠭᠡᠭᠴᠢ ᠬᠦᠴᠦᠨ ᠪᠤᠯᠭᠠᠨ᠎ᠠ᠃ | ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠴᠡᠭᠴᠡᠯᠡᠯᠲᠡ ᠶᠢ ᠦᠷᠨᠢᠭᠦᠯᠦᠨ᠂ ᠬᠢᠨᠠᠨ ᠲᠤᠭᠲᠠᠭᠠᠯ ᠬᠠᠷᠢᠭᠤᠴᠠᠯᠭ᠎ᠠ | ᠨᠡᠬᠡᠮᠵᠢᠯᠡᠬᠦ ᠲᠤᠭᠲᠠᠴᠠ ᠶᠢ ᠲᠡᠭᠦᠯᠳᠡᠷᠵᠢᠭᠦᠯᠵᠦ᠂ ᠵᠢᠭᠠᠪᠤᠷᠢ ᠶᠢ ᠲᠤᠤᠱᠯᠠᠭᠤᠯᠬᠤ ᠦᠭᠡᠢ᠂ ᠬᠤᠷᠢᠭ᠎ᠠ ᠶᠢ ᠰᠠᠬᠢᠬᠤ | ᠦᠭᠡᠢ ᠪᠣᠯᠤᠨ ᠠᠵᠢᠯᠯᠠᠬᠤ ᠦᠭᠡᠢ᠂ ᠤᠳᠠᠭᠠᠰᠢᠷᠠᠭᠤᠯᠬᠤ ᠵᠡᠷᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠵᠠᠰᠠᠭ ᠤᠨ ᠵᠢᠭᠠᠪᠤᠷᠢ ᠶᠢᠨ ᠢᠯᠭᠤᠮ ᠨᠡᠪᠲᠡᠷᠡᠬᠦ ᠶᠢ ᠪᠠᠲᠤᠯᠠᠨ᠎ᠠ᠃ ᠠᠷᠢᠭᠤᠨ ᠴᠢᠭᠡᠴᠢ ᠶᠢᠨ ᠲᠤᠭᠲᠠᠭᠠᠯ ᠪᠠ | ᠰᠠᠬᠢᠯᠭ᠎ᠠ ᠪᠠᠲᠤ ᠶᠢᠨ ᠰᠢᠳᠬᠡᠯ ᠦᠭᠬᠦ ᠳᠦᠷᠢᠮ ᠲᠤᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ | ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭᠠᠳᠬᠠᠨ᠂ ᠨᠠᠮ ᠤᠨ ᠰᠤᠷᠲᠠᠯ ᠴᠢᠭᠡᠴᠢ ᠵᠠᠰᠠᠭ ᠤᠨ | ᠪᠠᠶᠢᠭᠤᠯᠤᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠬᠢᠯᠭ᠎ᠠ | ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠤᠯᠤᠨ | ᠵᠠᠩᠭᠢᠯᠠᠭ᠎ᠠ ᠶᠢᠨ ᠬᠡᠰᠡᠭ ᠲᠠᠬᠢ ᠴᠢᠭᠡᠴᠢ ᠵᠠᠰᠠᠭ ᠤᠨ ᠲᠦᠭᠰᠢᠭᠦᠷᠢ ᠶᠢ ᠡᠵᠡᠮᠳᠡᠬᠦ ᠶᠢ ᠴᠢᠩᠭᠠᠳᠬᠠᠨ᠂ ᠢᠯᠵᠢᠷᠠᠯ ᠢ | ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠶᠢ ᠡᠷᠡᠰ ᠰᠢᠭᠤᠷᠬᠠᠢ ᠪᠠᠷ ᠠᠬᠢᠭᠤᠯᠵᠤ᠂ ᠦᠨᠳᠦᠷ ᠪᠦᠲᠦᠮᠵᠢᠲᠦ | ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠲᠦᠯᠦᠭᠡᠯᠡᠭᠴᠢᠳ ᠡ᠂ ᠡᠨᠡ ᠵᠢᠯ ᠤᠨ ᠠᠵᠢᠯ ᠢ ᠰᠠᠶᠢᠲᠤᠷ ᠪᠡᠶᠡᠯᠡᠭᠦᠯᠬᠦ ᠳᠤ ᠡᠭᠦᠷᠭᠡ ᠬᠠᠷᠢᠭᠤᠴᠠᠯᠭ᠎ᠠ | ᠬᠦᠨᠳᠦ ᠶᠤᠮ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠬᠦᠴᠦᠨ ᠢᠶᠠᠨ ᠬᠠᠮᠲᠤᠳᠬᠠᠨ᠂ ᠬᠦᠴᠦᠯᠡᠨ | ᠴᠢᠷᠮᠠᠶᠢᠵᠤ᠂ ᠬᠤᠩ ᠱᠠᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠪᠠᠷ ᠴᠢᠷᠮᠠᠶᠢᠨ ᠲᠡᠮᠡᠴᠡᠵᠡᠭᠡᠶ᠎ᠡ︕ | | |