ᠤᠯᠠᠭᠠᠨᠬᠠᠳᠠ ᠬᠤᠲᠠ ᠶᠢᠨ ᠦᠨᠳᠦᠷ ᠳᠤᠮᠳᠠᠳᠤ ᠶᠢᠨ ᠰᠤᠷᠤᠭᠴᠢ ᠡᠯᠰᠡᠬᠦ ᠠᠵᠢᠯ ᠰᠢᠨ᠎ᠡ ᠬᠤᠪᠢᠷᠠᠯᠲᠠ ᠲᠠᠢ ᠪᠤᠯᠪᠠ
ᠨᠡᠶᠢᠲᠡᠯᠡᠭᠰᠡᠨ ᠴᠠᠭ᠄
2017-02-28
       ᠤᠶᠢᠷ᠎ᠠ ᠳᠤ᠂ ᠤᠯᠠᠭᠠᠨᠬᠠᠳᠠ ᠬᠤᠲᠠ ᠶᠢᠨ ︽2017 ᠤᠨ ᠤ ᠦᠨᠳᠦᠷ ᠳᠤᠮᠳᠠᠳᠤ ᠶᠢᠨ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠲᠦᠰᠦᠯ︾ ᠵᠢᠩᠬᠢᠨᠢ ᠪᠠᠷ ᠨᠡᠶᠢᠲᠡᠯᠡᠭᠳᠡᠪᠡ᠃ ᠤᠶᠢᠯᠠᠭᠠᠭᠰᠠᠨ ᠢᠶᠠᠷ᠂ ︽ᠲᠦᠰᠦᠯ︾ ᠨᠢ ᠤᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠰᠠᠭᠤᠷᠢᠨ ᠳᠡᠭᠡᠷ᠎ᠡ ᠭᠤᠷᠪᠠᠨ ᠰᠢᠨ᠎ᠡ ᠬᠤᠪᠢᠷᠠᠯᠲᠠ ᠲᠠᠢ ᠪᠤᠯᠪᠠ᠄ ᠤᠨᠴᠠ ᠴᠢᠳᠠᠪᠤᠷᠢ ᠲᠠᠢ ᠰᠤᠷᠤᠭᠴᠢ ᠶᠢ ᠱᠠᠲᠤ ᠠᠯᠤᠰᠯᠠᠨ ᠡᠯᠰᠡᠵᠦ ᠪᠠᠶᠢᠭᠰᠠᠨ ᠠᠴᠠ ᠤᠷᠢᠳᠴᠢᠯᠠᠨ ᠡᠯᠰᠡᠬᠦ ᠪᠤᠯᠤᠨ᠎ᠠ︔ ᠠᠮᠢᠳᠤ ᠪᠤᠳᠠᠰ ᠤᠨ ᠲᠤᠷᠰᠢᠯᠲᠠ ᠶᠢᠨ ᠬᠢᠴᠢᠶᠡᠯ ᠤᠨ ᠰᠢᠯᠭᠠᠯᠲᠠ ᠶᠢ ᠠᠩᠬ᠎ᠠ ᠳᠤᠮᠳᠠᠳᠤ ᠶᠢᠨ ᠭᠤᠷᠪᠠᠳᠤᠭᠠᠷ ᠤᠨ ᠳᠤ ᠰᠢᠯᠭᠠᠵᠤ ᠪᠠᠶᠢᠭᠰᠠᠨ ᠠᠴᠠ ᠬᠤᠶᠠᠳᠤᠭᠠᠷ ᠤᠨ ᠳᠤ ᠰᠢᠯᠭᠠᠬᠤ ᠪᠠᠷ ᠪᠤᠯᠭᠠᠪᠠ︔ ᠤᠷᠤᠨ ᠪᠦᠰᠡ ᠶᠢᠨ ᠭᠠᠳᠠᠨᠠᠬᠢ ᠰᠤᠷᠤᠭᠴᠢ ᠡᠯᠰᠡᠬᠦ ᠬᠦᠮᠦᠨ ᠤ ᠲᠤᠭ᠎ᠠ ᠶᠢᠨ ᠬᠢᠵᠠᠭᠠᠷᠯᠠᠯ ᠪᠠ ᠨᠦᠬᠦᠴᠡᠯ ᠢ ᠳᠡᠭᠡᠭᠰᠢᠯᠡᠭᠦᠯᠪᠡ᠃        ᠡᠨᠡ ᠵᠢᠯ ᠤᠨ ᠤᠨᠴᠠ ᠴᠢᠳᠠᠪᠤᠷᠢ ᠲᠠᠢ ᠰᠤᠷᠤᠭᠴᠢ ᠶᠢ ᠤᠷᠢᠳᠴᠢᠯᠠᠨ ᠡᠯᠰᠡᠬᠦ ᠪᠠᠷ ᠪᠤᠯᠪᠠ᠃ ᠤᠨᠴᠠ ᠢᠷᠠᠭᠤ ᠠᠯᠳᠠᠷ ᠬᠦᠷᠲᠡᠭᠰᠡᠨ ᠮᠦᠷᠲᠡᠭᠡᠨ ᠢᠯᠡᠷᠬᠡᠢ ᠦᠪᠡᠷᠮᠢᠴᠡ ᠠᠪᠢᠶᠠᠰ ᠴᠢᠳᠠᠪᠤᠷᠢ ᠶᠢ ᠬᠦᠮᠦᠵᠢᠭᠦᠯᠬᠦ ᠳᠠᠪᠠᠭᠤᠯᠢᠭ ᠲᠠᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠦᠬᠦ ᠬᠤᠲᠠ ᠶᠢᠨ ᠬᠡᠪᠴᠢᠶᠡᠨ ᠳᠤ ᠰᠤᠷᠤᠭᠴᠢ ᠡᠯᠰᠡᠵᠦ ᠪᠤᠯᠤᠨ᠎ᠠ᠃ ᠤᠶᠢᠷ᠎ᠠ ᠶᠢᠨ ᠬᠤᠶᠠᠷ ᠵᠢᠯ ᠳᠤ ᠬᠤᠰᠢᠭᠤ ᠰᠢᠶᠠᠨ ᠠᠴᠠ ᠳᠡᠭᠡᠭᠰᠢᠬᠢ ᠬᠠᠮᠢᠶ᠎ᠠ ᠪᠦᠬᠦᠢ ᠡᠷᠬᠡ ᠲᠤᠰᠢᠶᠠᠯᠲᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠭᠰᠠᠨ ᠤᠷᠤᠯᠳᠤᠭᠠᠨ ᠳᠤ ᠤᠷᠤᠯᠴᠠᠭᠰᠠᠨ ᠪᠦᠭᠡᠳ ᠰᠢᠯᠭᠠᠬᠤ ᠪᠠᠷ ᠨᠡᠷ᠎ᠡ ᠮᠡᠳᠡᠭᠦᠯᠦᠭᠰᠡᠨ ᠲᠤᠰᠬᠠᠢ ᠮᠡᠷᠭᠡᠵᠢᠯ ᠤᠨ ᠤᠷᠤᠯᠳᠤᠭᠠᠨ ᠤ ᠶᠡᠷᠦᠩᠬᠡᠢ ᠬᠤᠪᠢ ᠨᠢ ᠨᠢᠭᠡᠳᠦᠭᠡᠷ ᠲᠤ ᠵᠢᠭᠰᠠᠭᠠᠭᠳᠠᠭᠰᠠᠨ ᠰᠢᠯᠭᠠᠭᠤᠯᠤᠭᠰᠠᠳ ︽ᠪᠡᠶ᠎ᠡ ᠶᠢᠨ ᠲᠠᠮᠢᠷ ᠤᠨ ᠲᠦᠷᠦᠯ ᠤᠨ ᠬᠦᠯ ᠪᠦᠮᠪᠦᠭᠡ ᠠᠴᠠ ᠭᠠᠳᠠᠨ᠎ᠠ︾᠂ ︽ᠲᠡᠷᠢᠭᠦᠯᠡᠭᠴᠢ ᠬᠤᠨᠳᠠᠭᠠᠲᠤ︾ ᠬᠦᠯ ᠪᠦᠮᠪᠦᠭᠡᠨ ᠤᠷᠤᠯᠳᠤᠭᠠᠨ ᠳᠤ ᠤᠷᠤᠯᠴᠠᠭᠰᠠᠨ ᠪᠦᠬᠦ ᠰᠤᠷᠤᠭᠴᠢᠳ ᠪᠤᠯᠤᠨ ︽ᠬᠤᠰᠢᠭᠤᠨ ᠳᠠᠷᠤᠭ᠎ᠠ ᠬᠤᠨᠳᠠᠭᠠᠲᠤ︾ ᠬᠦᠯ ᠪᠦᠮᠪᠦᠭᠡᠨ ᠤᠷᠤᠯᠳᠤᠭᠠᠨ ᠳᠤᠮᠳᠠ ᠬᠠᠮᠤᠭ ᠰᠢᠯᠢᠳᠡᠭ ᠵᠢᠭᠰᠠᠭᠠᠯ ᠤᠨ ᠨᠡᠷᠡᠰ ᠲᠤ ᠵᠢᠭᠰᠠᠭᠠᠭᠳᠠᠭᠰᠠᠨ ᠰᠤᠷᠤᠭᠴᠢ ︵ᠳᠠᠭᠤᠤ ᠬᠦᠭᠵᠢᠮ᠂ ᠤᠷᠠᠨ ᠵᠢᠷᠤᠭ ᠤᠨ ᠨᠢᠭᠡᠳᠦᠭᠡᠷ ᠲᠦᠷᠦᠯ᠂ ᠬᠦᠯ ᠪᠦᠮᠪᠦᠭᠡ ᠶᠢᠨ ᠬᠤᠶᠠᠳᠤᠭᠠᠷ ᠲᠦᠷᠦᠯ ᠤᠨ︶ ᠴᠦᠮ ᠦᠨᠳᠦᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠬᠢᠷᠢ ᠬᠡᠮ ᠳᠤ ᠬᠦᠷᠦᠭᠰᠡᠨ ᠪᠤᠯ ᠰᠢᠭᠤᠳ ᠡᠯᠰᠡᠭᠳᠡᠵᠦ ᠪᠤᠯᠤᠨ᠎ᠠ᠃ ᠵᠢᠩᠬᠢᠨᠢ ᠪᠠᠷ ᠡᠯᠰᠡᠬᠦ ᠳᠤᠮᠳᠠ ᠰᠤᠶᠤᠯ ᠤᠨ ᠬᠢᠴᠢᠶᠡᠯ ᠤᠨ ᠬᠤᠪᠢ ᠶᠢᠨ ᠬᠠᠮᠤᠭ ᠳᠤᠤᠷ᠎ᠠ ᠪᠠᠷᠢᠮᠵᠢᠶ᠎ᠠ ᠶᠢ ᠲᠤᠬᠢᠷᠠᠭᠤᠯᠵᠤ᠂ ᠲᠤᠰᠬᠠᠢ ᠮᠡᠷᠭᠡᠵᠢᠯ ᠤᠨ ᠬᠢᠴᠢᠶᠡᠯ ᠤᠨ ᠬᠢᠷᠢ ᠪᠦᠲᠦᠮᠵᠢ ᠶᠢ ᠤᠷᠢᠳᠴᠢᠯᠠᠨ ᠪᠤᠳᠤᠯᠬᠢᠯᠠᠨ᠎ᠠ᠂ ᠤᠨᠴᠠ ᠴᠢᠳᠠᠪᠤᠷᠢ ᠲᠠᠢ ᠰᠤᠷᠤᠭᠴᠢ 4 ᠰᠠᠷ᠎ᠠ ᠶᠢᠨ 10 ᠤ ᠡᠳᠦᠷ ᠠᠴᠠ 4 ᠰᠠᠷ᠎ᠠ ᠶᠢᠨ 15 ᠤ ᠡᠳᠦᠷ ᠪᠤᠯᠲᠠᠯ᠎ᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ ᠠᠮᠢᠳᠤ ᠪᠤᠳᠠᠰ ᠤᠨ ᠬᠢᠴᠢᠶᠡᠯ ᠢ ᠠᠩᠬ᠎ᠠ ᠳᠤᠮᠳᠠᠳᠤ ᠶᠢᠨ ᠬᠤᠶᠠᠳᠤᠭᠠᠷ ᠤᠨ ᠳᠤ ᠨᠢᠭᠡᠨᠲᠡ ᠰᠤᠷᠴᠤ ᠳᠠᠭᠤᠰᠤᠭᠰᠠᠨ ᠪᠤᠯᠬᠤᠷ ᠬᠡᠷᠪᠡ ᠭᠤᠷᠪᠠᠳᠤᠭᠠᠷ ᠤᠨ ᠪᠤᠯᠤᠭᠠᠳ ᠲᠠᠬᠢᠵᠤ ᠠᠮᠢᠳᠤ ᠪᠤᠳᠠᠰ ᠢ ᠲᠤᠷᠰᠢᠯᠲᠠ ᠶᠢᠨ ᠬᠢᠴᠢᠶᠡᠯ ᠢ ᠰᠢᠯᠭᠠᠬᠤ ᠳᠤ ᠬᠦᠷᠪᠡᠯ᠂ ᠰᠢᠯᠠᠭᠠᠭᠤᠯᠤᠭᠰᠠᠳ ᠤᠨ ᠰᠤᠷᠤᠯᠴᠠᠬᠤ ᠳᠠᠷᠤᠯᠲᠠ ᠶᠢ ᠨᠡᠮᠡᠭᠳᠡᠭᠦᠯᠬᠦ ᠪᠤᠯᠬᠤᠷ᠂ 2017 ᠤᠨ ᠠᠴᠠ ᠬᠤᠶᠢᠰᠢ ᠠᠮᠢᠳᠤ ᠪᠤᠳᠠᠰ ᠤᠨ ᠲᠤᠷᠰᠢᠯᠲᠠ ᠶᠢᠨ ᠬᠢᠴᠢᠶᠡᠯ ᠤᠨ ᠰᠢᠯᠭᠠᠯᠲᠠ ᠶᠢ ᠠᠩᠬ᠎ᠠ ᠳᠤᠮᠳᠠᠳᠤ ᠶᠢᠨ ᠬᠤᠶᠠᠳᠤᠭᠠᠷ ᠤᠨ ᠤ ᠬᠢᠴᠢᠶᠡᠯ ᠲᠡᠭᠦᠰᠬᠦ ᠦᠶ᠎ᠡ ᠳᠤ ᠰᠢᠯᠭᠠᠨ᠎ᠠ᠃        ᠡᠯ᠎ᠡ ᠬᠤᠰᠢᠭᠤ ᠰᠢᠶᠠᠨ ᠤ ᠰᠤᠷᠭᠠᠨ ᠬᠦᠮᠦᠵᠢᠯ ᠤᠨ ᠲᠡᠩᠴᠡᠭᠦᠷᠢ ᠲᠠᠢ ᠬᠦᠭᠵᠢᠯᠲᠡ ᠶᠢ ᠪᠠᠲᠤᠯᠠᠬᠤ ᠶᠢᠨ ᠲᠦᠯᠦᠭᠡ᠂ ᠰᠢᠯᠢᠳᠡᠭ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠦᠷᠢ ᠶᠢᠨ ᠤᠷᠠᠨ ᠪᠦᠰᠡ ᠶᠢᠨ ᠭᠠᠳᠠᠨᠠᠬᠢ ᠰᠤᠷᠤᠭᠴᠢ ᠡᠯᠰᠡᠬᠦ ᠬᠦᠮᠦᠨ ᠤ ᠲᠤᠭ᠎ᠠ 40 ᠠᠴᠠ ᠬᠡᠲᠦᠷᠡᠵᠦ ᠪᠤᠯᠬᠤ ᠦᠭᠡᠢ᠂ ᠪᠦᠬᠦ ᠬᠤᠲᠠ ᠶᠢᠨ ᠬᠠᠮᠤᠭ ᠶᠡᠭᠡ ᠬᠢᠵᠠᠭᠠᠷ  ᠨᠢ 200 ᠬᠦᠮᠦᠨ ᠠᠴᠠ ᠬᠡᠲᠦᠷᠡᠵᠦ ᠪᠤᠯᠬᠤ ᠦᠭᠡᠢ ᠭᠡᠵᠦ ᠲᠤᠭᠲᠠᠭᠠᠪᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号