ᠬᠦᠳᠡᠯᠭᠡᠭᠡᠨ ᠬᠢᠬᠦ ᠦᠭᠡᠢ ᠤᠳᠠᠭᠠᠨ ᠰᠠᠭᠤᠪᠠᠯ ᠡᠷᠲᠡ ᠦᠲᠡᠯᠦᠨ᠎ᠡ
ᠨᠡᠶᠢᠲᠡᠯᠡᠭᠰᠡᠨ ᠴᠠᠭ᠄
2017-02-28
       ᠠᠮᠧᠷᠢᠺᠡ ᠶᠢᠨ ᠰᠢᠨᠵᠢᠯᠡᠬᠦ ᠤᠬᠠᠭᠠᠨᠲᠠᠳ ᠤᠨ ᠢᠯᠡᠷᠡᠭᠦᠯᠦᠭᠰᠡᠨ ᠢᠶᠠᠷ᠂ ᠨᠠᠰᠤᠲᠠᠶᠢᠴᠤᠤᠯ ᠤᠠᠳᠠᠭᠠᠨ ᠰᠠᠭᠤᠬᠤ ᠨᠢ ᠲᠡᠳᠡᠨ ᠤ ᠦᠲᠡᠯᠬᠦ ᠬᠤᠷᠳᠤᠴᠠ ᠶᠢ ᠲᠦᠷᠭᠡᠳᠬᠡᠨ᠎ᠡ᠃ ᠨᠢᠭᠡ ᠡᠳᠦᠷ ᠲᠤ 10 ᠴᠠᠭ ᠠᠴᠠ ᠳᠡᠭᠡᠭᠰᠢ ᠨᠠᠮ ᠰᠠᠭᠤᠬᠤ ᠪᠦᠭᠡᠳ 40 ᠮᠢᠨᠦ᠋ᠲ ᠠᠴᠠ ᠳᠤᠷᠤᠭᠰᠢ ᠬᠦᠳᠡᠯᠭᠡᠭᠡᠨ ᠬᠢᠭᠰᠡᠳ ᠦᠪᠡᠷ ᠤᠨ ᠪᠤᠳᠠᠲᠠᠢ ᠨᠠᠰᠤᠨ ᠠᠴᠠ ᠪᠠᠨ ᠠᠳᠠᠭ ᠲᠠᠭᠠᠨ 8 ᠨᠠᠰᠤ ᠡᠷᠲᠡ ᠦᠲᠡᠯᠦᠨ᠎ᠡ᠃ ᠺᠠᠯᠢᠹᠤᠷᠨᠢᠶ᠎ᠠ ᠶᠡᠭᠡ ᠰᠤᠷᠭᠠᠭᠤᠯᠢ ᠶᠢᠨ ᠰᠤᠳᠤᠯᠭᠠᠲᠠᠳ 1500 ᠨᠡᠷ᠎ᠡ 64-95 ᠨᠠᠰᠤᠨ ᠤ ᠨᠠᠰᠤᠲᠠᠶᠢᠴᠤᠳ ᠲᠤ ᠬᠢᠨᠠᠨ ᠬᠡᠮᠵᠢᠯᠲᠡ ᠶᠢᠨ ᠲᠦᠬᠦᠭᠡᠷᠦᠮᠵᠢ ᠵᠡᠭᠦᠯᠭᠡᠨ᠂ ᠲᠡᠳᠡᠨ ᠤ ᠨᠢᠭᠡ ᠭᠠᠷᠠᠭ ᠤᠨ ᠬᠤᠭᠤᠴᠠᠭᠠᠨ ᠳᠠᠬᠢ ᠬᠦᠳᠡᠯᠭᠡᠭᠡᠨ ᠤ ᠪᠠᠶᠢᠳᠠᠯ ᠢ ᠲᠡᠮᠳᠡᠭᠯᠡᠵᠦ᠂ ᠲᠠᠬᠢᠨ ᠴᠢᠰᠤᠨ ᠤ ᠪᠠᠶᠢᠴᠠᠭᠠᠯᠲᠠ ᠪᠠᠷ ᠳᠠᠮᠵᠢᠨ ᠲᠡᠳᠡᠨ ᠤ ᠪᠡᠶ᠎ᠡ ᠶᠢᠨ ᠡᠰ ᠤᠨ ᠡᠷᠡᠭᠦᠯ ᠴᠢᠬᠢᠷᠠᠭ ᠤᠨ ᠪᠠᠶᠢᠳᠠᠯ ᠢ ᠵᠠᠳᠠᠯᠪᠠ᠃  ᠪᠠᠶᠢᠴᠠᠭᠠᠯᠲᠠ ᠶᠢᠨ ᠳ᠋ᠦᠩ ᠳᠤ᠂ ᠬᠦᠳᠡᠯᠭᠡᠭᠡᠨ ᠪᠠᠭᠠᠲᠠᠢ ᠨᠠᠰᠤᠲᠠᠶᠢᠴᠤᠳ ᠤᠨ ᠡᠰ ᠮᠠᠰᠢ ᠡᠷᠡᠭᠦᠯ ᠪᠤᠰᠤ ᠮᠦᠷᠲᠡᠭᠡᠨ ᠪᠤᠳᠤᠭᠲᠤ ᠴᠤᠭᠴᠠ ᠶᠢᠨ ᠤᠷᠲᠤ ᠶᠢᠨ ᠬᠡᠮᠵᠢᠶ᠎ᠡ ᠨᠡᠩ ᠤᠬᠤᠷ ᠭᠡᠳᠡᠭ ᠢ ᠢᠯᠡᠷᠡᠭᠦᠯᠵᠡᠢ᠃ ᠪᠤᠳᠤᠭᠲᠤ ᠴᠤᠭᠴᠠ ᠶᠢᠨ ᠦᠵᠦᠭᠦᠷᠯᠢᠭ ᠪᠤᠯ ᠪᠤᠳᠤᠭᠲᠤ ᠴᠤᠭᠴᠠ ᠶᠢᠨ ᠦᠲᠡᠯᠬᠦ ᠶᠢ ᠰᠡᠷᠭᠡᠶᠢᠯᠡᠬᠦ ᠴᠢᠳᠠᠮᠵᠢ ᠲᠠᠢ ᠶᠤᠮ᠃ ᠲᠡᠭᠡᠬᠦ ᠪᠠᠷ᠂ ᠲᠡᠭᠦᠨ ᠢᠶᠠᠷ ᠳᠠᠮᠵᠢᠨ ᠬᠦᠮᠦᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠳᠠᠯ ᠢ ᠬᠠᠷᠠᠭᠤᠯᠵᠤ ᠪᠤᠯᠬᠤ ᠮᠦᠷᠲᠡᠭᠡᠨ ᠬᠦᠮᠦᠨ ᠤ ᠠᠮᠢᠳᠤ ᠪᠤᠳᠠᠰ ᠤᠨ ᠨᠠᠰᠤ ᠶᠢ ᠲᠦᠰᠦᠭᠡᠯᠡᠨ ᠪᠤᠳᠤᠵᠤ ᠪᠤᠯᠳᠠᠭ᠃ ᠶᠡᠷᠦᠩᠬᠡᠢ ᠳᠡᠭᠡᠨ ᠬᠦᠮᠦᠨ ᠤ ᠪᠤᠳᠠᠲᠠᠢ ᠨᠠᠰᠤ ᠨᠡᠮᠡᠭᠳᠡᠬᠦ ᠲᠤᠰᠤᠮ ᠪᠤᠳᠤᠭᠲᠤ ᠪᠡᠶ᠎ᠡ ᠶᠢᠨ ᠦᠵᠦᠭᠦᠷᠯᠢᠭ ᠤᠯᠠᠮ ᠤᠬᠤᠷ ᠪᠤᠯᠳᠠᠭ᠃ ᠭᠡᠪᠡᠴᠦ ᠤᠳᠠᠭᠠᠨ ᠰᠠᠭᠤᠭᠰᠠᠨ ᠠᠴᠠ ᠪᠤᠯᠤᠭᠰᠠᠨ ᠭᠡᠮ ᠠᠷᠬᠠᠭ ᠢ ᠬᠦᠳᠡᠯᠭᠡᠭᠡᠨ ᠬᠢᠬᠦ ᠪᠠᠷ ᠳᠠᠮᠵᠢᠨ ᠨᠦᠬᠦᠪᠦᠷᠢᠯᠡᠵᠦ ᠪᠤᠯᠤᠨ᠎ᠠ ᠭᠡᠵᠦ ᠰᠤᠳᠤᠯᠭᠠᠲᠠᠳ ᠦᠵᠡᠵᠦ ᠪᠠᠶᠢᠨ᠎ᠠ᠃ ᠲᠤᠬᠠᠶᠢᠯᠠᠪᠠᠯ ᠦᠷᠭᠦᠯᠵᠢ ᠬᠦᠳᠡᠯᠭᠡᠭᠡᠨ ᠬᠢᠬᠦ ᠦᠭᠡᠢ ᠰᠠᠭᠤᠭᠠᠳ ᠯᠡ ᠪᠠᠶᠢᠳᠠᠭ ᠨᠠᠰᠤᠲᠠᠶᠢᠴᠤᠤᠯ ᠡᠳᠦᠷ ᠪᠦᠷᠢ ᠬᠠᠭᠠᠰ ᠴᠠᠭ ᠠᠴᠠ ᠳᠡᠭᠡᠭᠰᠢ ᠬᠦᠳᠡᠯᠭᠡᠭᠡᠨ ᠬᠢᠬᠦ ᠳᠤ ᠬᠦᠷᠪᠡᠯ ᠨᠠᠰᠤ ᠠᠴᠠ ᠪᠠᠨ ᠬᠡᠲᠦ ᠦᠲᠡᠯᠬᠦ ᠠᠴᠠ ᠵᠠᠶᠢᠯᠠᠰᠬᠢᠵᠦ ᠳᠡᠶᠢᠯᠬᠦ ᠶᠤᠮ ᠪᠠᠶᠢᠨ᠎ᠠ᠃ ᠡᠨᠡᠬᠦ ᠰᠤᠳᠤᠯᠭᠠᠨ ᠨᠢ ᠵᠦᠪᠬᠡᠨ ᠡᠮᠡᠭᠲᠡᠶᠢᠴᠦᠳ ᠢᠶᠠᠷ ᠰᠤᠳᠤᠯᠤᠭᠳᠠᠬᠤᠨ ᠪᠤᠯᠭᠠᠭᠰᠠᠨ ᠶᠤᠮ᠃ ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠤᠯᠤᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ ᠵᠤᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠪᠤᠯᠤᠨ᠎ᠠ ᠭᠡᠵᠦ ᠰᠤᠳᠤᠯᠭᠠᠲᠠᠳ ᠰᠠᠨᠠᠭᠤᠯᠵᠤ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号