︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠬᠡᠷᠡᠭᠵᠢᠭᠦᠯᠵᠦ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2017-02-03
       ᠰᠤᠷᠪᠤᠯᠵᠢᠯᠠᠭᠰᠠᠨ ᠴᠠᠭ᠄        2016 ᠤᠨ ᠤ 11 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ        ᠰᠤᠷᠪᠤᠯᠵᠢᠯᠠᠭᠰᠠᠨ ᠵᠤᠴᠢᠨ᠄        ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠨ ᠬᠡᠷᠡᠭᠵᠢᠭᠦᠯᠬᠦ ᠶᠢᠨ ᠬᠠᠷᠠᠯᠲᠠ ᠪᠤᠯ ᠲᠠᠪᠤᠨ ᠵᠢᠯ ᠤᠨ ᠬᠤᠭᠤᠴᠠᠭ᠎ᠠ ᠶᠢ ᠠᠰᠢᠭᠯᠠᠨ᠂ ᠪᠥᠬᠦ ᠣᠷᠣᠨ ᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠨᠡᠩ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠬᠤ ᠣᠷᠴᠢᠨ ᠨᠦᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠠᠮᠢᠳᠤ ᠰᠣᠷᠭᠤᠭ ᠬᠦᠴᠦᠨ ᠴᠢᠳᠠᠯ ᠢ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠭᠤᠷ ᠠᠮᠢᠰᠬᠤᠯ ᠢ ᠡᠳᠦᠷ ᠠᠴᠠ ᠡᠳᠦᠷ ᠰᠠᠶᠢᠵᠢᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠤ ᠦᠢᠯᠡᠳᠦᠯ ᠢ ᠨᠡᠩ ᠲᠤᠪᠤᠶᠢᠮ᠎ᠠ ᠪᠤᠯᠭᠠᠭᠠᠳ᠂ 2020 ᠣᠨ ᠪᠤᠯᠬᠤ ᠳᠤ᠂ ᠪᠦᠬᠦ ᠣᠷᠣᠨ ᠳᠤ ᠠᠳᠠᠯ ᠦᠢᠯᠡᠰ ᠴᠤᠭᠴᠠᠯᠠᠬᠤ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ 30 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ 100 ᠲᠦᠮᠠ ᠠᠴᠠ ᠳᠡᠭᠡᠭᠰᠢ ᠬᠦᠮᠦᠨ ᠳᠤ ᠠᠵᠢᠯ ᠤᠯᠭᠤᠬᠤ ᠶᠢ ᠳᠠᠶᠢᠴᠢᠯᠠᠬᠤ ᠶᠠᠪᠤᠳᠠᠯ ᠪᠤᠯᠤᠨ᠎ᠠ᠃        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠥᠲᠥᠯᠥᠭᠴᠢ᠄        ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠠᠯᠪᠠᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠫᠷᠦᠭᠷᠡᠮ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ ᠢ ᠤᠷᠢᠵᠤ᠂ ᠲᠠ ᠪᠦᠬᠦᠨ ᠲᠠᠢ ᠰᠦᠯᠵᠢᠶᠡᠨ ᠳᠡᠭᠡᠷ᠎ᠡ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠰᠤᠯᠢᠯᠴᠠᠬᠤ ᠶᠢᠨ ᠬᠠᠮᠲᠤ ᠰᠦᠯᠵᠢᠶᠡᠨ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ ᠪᠤᠯᠤᠯ᠎ᠠ᠃        ᠯᠢᠦ ᠬᠤᠤ ᠱᠧᠩ᠄        ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠲᠠ ᠪᠦᠬᠦᠨ ᠰᠠᠶᠢᠨ ᠪᠠᠶᠢᠵᠠᠭᠠᠨ᠎ᠠ ᠤᠤ︕ ᠠᠳᠡ ᠲᠠ ᠪᠦᠬᠦᠨ ᠲᠠᠢ ᠰᠠᠨᠠᠯ ᠢᠶᠠᠨ ᠰᠤᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠡᠨᠡ ᠬᠦ ᠲᠠᠰᠢᠷᠠᠮ ᠢᠶᠠᠷ᠂ ᠪᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠡᠮᠦᠨ᠎ᠡ ᠠᠴᠠ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠠᠵᠢᠯ ᠳᠤ ᠢᠮᠠᠭᠲᠠ ᠰᠡᠳᠬᠢᠯ ᠲᠠᠯᠪᠢᠵᠤ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃        ᠬᠥᠲᠥᠯᠥᠭᠴᠢ᠄        ᠥᠪᠡᠷᠲᠡᠭᠡᠨ ᠵᠠᠰᠠᠬᠤ ᠣᠷᠣᠨ ᠤᠯᠤᠰ ᠣᠷᠣᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ︽ᠰᠢᠨ᠎ᠡ ᠬᠥᠳᠡᠯᠭᠡᠭᠦᠷ︾ ᠪᠤᠯᠭᠠᠵᠤ᠂ ᠠᠳᠠᠯ ᠦᠢᠯᠡᠰ ᠴᠣᠭᠴᠠᠯᠠᠬᠤ ᠶᠢ ᠵᠤᠷᠢᠭᠵᠢᠭᠤᠯᠬᠤ ᠶᠠᠪᠤᠳᠠᠯ ᠢ ᠠᠵᠢᠯ ᠣᠯᠭᠤᠯᠲᠠ ᠶᠢ ᠠᠬᠢᠭᠤᠯᠬᠤ ︽ᠰᠢᠨ᠎ᠡ ᠬᠥᠳᠡᠯᠭᠡᠬᠦ ᠬᠦᠴᠦ︾ ᠪᠤᠯᠭᠠᠪᠠ᠃ ᠡᠨᠡ ᠵᠢᠯ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠡᠬᠢᠯᠡᠭᠦᠯᠪᠡ᠂ ᠲᠠ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠲᠣᠪᠴᠢᠬᠠᠨ ᠲᠠᠨᠢᠯᠴᠠᠭᠤᠯᠵᠤ ᠦᠭᠭᠦᠨᠡᠦ︖        ᠯᠢᠦ ᠬᠤᠤ ᠱᠧᠩ᠄        ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠢ ᠲᠦᠷᠭᠡᠪᠴᠢᠯᠡᠨ ᠪᠣᠢ ᠪᠣᠯᠭᠠᠵᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠤᠰᠠᠳᠠ᠂ ᠨᠢᠳᠤᠨᠤᠨ ᠵᠢᠯ ᠤᠨ ᠡᠴᠦᠰ ᠲᠤ᠂ ᠮᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠨ ᠵᠠᠰᠠᠭ ᠤᠨ ᠤᠷᠳᠤᠨ ᠢ ᠤᠷᠤᠯᠠᠨ ︽︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ﹀ ᠠᠵᠢᠯᠯᠠᠭ᠎ᠠ ᠶᠢᠨ ᠲᠦᠯᠦᠪᠯᠡᠪᠡ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠲᠤᠭᠤᠷᠪᠢᠨ ᠪᠢᠴᠢᠵᠦ᠂ ᠡᠨᠡ ᠵᠢᠯ ᠪᠦᠬᠦ ᠤᠷᠤᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠪᠡ᠂ ᠡᠭᠦᠨ ᠳᠤ ᠭᠤᠣᠯᠳᠠᠭᠤ ᠪᠦᠬᠦ ᠣᠷᠣᠨ ᠳᠤ 6 ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄ ᠨᠢᠭᠡ ᠳᠤ ᠰᠢᠨ᠎ᠡ ᠶᠢ ᠡᠭᠦᠳᠬᠦ ᠰᠡᠳᠬᠢᠬᠦ ᠦᠷ᠎ᠡ ᠪᠦᠲᠦᠮᠵᠢ ᠶᠢ ᠤᠯᠠᠷᠢᠭᠤᠯᠬᠤ ᠪᠠ ᠨᠡᠶᠢᠭᠡᠮ ᠤᠨ ᠬᠥᠷᠥᠩᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠭᠤᠷᠢᠨ ᠳᠤ᠂ ︽ᠡᠭᠦᠳᠦᠭᠴᠢ ᠴᠣᠭᠴᠠᠯᠠᠭᠴᠢ ᠶᠢᠨ ᠬᠦᠰᠡᠯ ᠵᠡᠭᠦᠳᠦ ᠪᠠᠨ ᠪᠡᠶᠡᠯᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠬᠤᠷᠠᠮᠳᠠᠭᠤᠯᠤᠭᠰᠠᠨ᠂ ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠤᠨ᠎ᠠ᠃ ᠬᠤᠶᠠᠷ ᠲᠤ ᠠᠳᠠᠯ ᠦᠢᠯᠡᠰ ᠴᠤᠭᠴᠠᠯᠠᠭᠰᠠᠳ ᠲᠤ ᠭᠠᠵᠠᠷ ᠲᠠᠯᠠᠪᠠᠢ ᠶᠢᠨ ᠳᠡᠮᠵᠢᠯᠭᠡ ᠦᠵᠡᠭᠦᠯᠬᠦ ᠲᠤᠭᠤᠷᠢᠨ ᠳᠤ᠂ ︽ᠠᠳᠠᠯ ᠦᠢᠯᠡᠰ ᠴᠣᠭᠴᠠᠯᠠᠬᠤ ᠡᠭᠦᠷ ᠴᠤᠭᠴᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠰᠤᠯᠠ ᠰᠡᠯᠡᠭᠦᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ ᠠᠰᠢᠭᠯᠠᠵᠤ᠂ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠲᠤᠭᠤᠷᠢᠨ ᠳᠤ᠂ ︽ᠠᠳᠠᠯ ᠦᠢᠯᠡᠰ ᠴᠣᠭᠴᠠᠯᠠᠬᠤ ᠶᠢ ᠳᠠᠭᠠᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠰᠢᠯᠢᠳᠡᠭ ᠪᠠᠭᠰᠢ ᠶᠢᠨ ᠴᠢᠳᠠᠪᠤᠷᠢᠲᠠᠨ ᠤ ᠬᠥᠮᠥᠷᠭᠡ ᠪᠣᠯᠤᠨ ᠳᠡᠭᠡᠳᠦ ᠬᠢᠷᠢ ᠲᠦᠪᠰᠢᠨ ᠪᠦᠬᠦᠢ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠠᠳᠠᠯ ᠦᠢᠯᠡᠰ ᠴᠤᠭᠴᠠᠯᠠᠬᠤ ᠰᠤᠷᠭᠠᠨ ᠬᠥᠮᠦᠵᠢᠯ ᠪᠠ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠡᠷᠴᠢᠮ ᠢ ᠨᠡᠮᠡᠭᠳᠡᠭᠦᠯᠦᠨ᠎ᠡ᠃ ᠲᠦᠷᠪᠡ ᠳᠤ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠬᠤ ᠳᠤ ᠪᠡᠷᠬᠡᠲᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ᠂ ︽ᠪᠡᠯᠡ ᠲᠤᠬᠢᠷᠠᠭᠤᠯᠭ᠎ᠠ ᠶᠢ ᠰᠠᠭᠠᠳ ᠦᠭᠡᠢ ᠨᠡᠪᠲᠡᠷᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠠᠳᠠᠯ ᠦᠢᠯᠡᠰ ᠴᠣᠭᠴᠠᠯᠠᠬᠤ ᠬᠥᠭᠵᠢᠭᠦᠯᠦᠯᠲᠡ ᠶᠢᠨ ᠪᠡᠯᠡ ᠮᠥᠩᠭᠦ ᠪᠠᠶᠢᠭᠤᠯᠬᠤ ᠶᠢᠨ ᠬᠠᠮᠲᠤ ᠨᠡᠶᠢᠭᠡᠮ ᠤᠨ ᠪᠡᠯᠡ ᠮᠥᠩᠭᠦ ᠪᠠ ᠮᠥᠩᠭᠦᠨ ᠭᠦᠢᠯᠭᠡᠭᠡᠨ ᠤ ᠬᠦᠷᠦᠩᠭᠡ ᠶᠢ ᠬᠥᠲᠥᠯᠥᠨ ᠵᠢᠯᠣᠭᠤᠳᠴᠤ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠠᠳᠠᠯ ᠦᠢᠯᠡᠰ ᠴᠤᠭᠴᠠᠯᠠᠭᠰᠠᠳ ᠲᠤ ᠠᠳᠠᠯ ᠦᠢᠯᠡᠰ ᠴᠣᠭᠴᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠲᠠᠪᠤ ᠳᠤ ᠣᠶᠤᠲᠠᠨ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠬᠦ ᠲᠤᠭᠤᠷᠢᠨ ᠳᠤ᠂ ︽ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠲᠥᠯᠥᠪᠯᠡᠭᠡ︾ ᠶᠢ ᠬᠡᠷᠡᠭᠵᠢᠬᠦᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠶᠢ ᠲᠡᠳᠬᠦᠨ ᠳᠡᠮᠵᠢᠵᠤ ᠂ ᠠᠳᠠᠯ ᠦᠢᠯᠡᠰ ᠴᠣᠭᠴᠠᠯᠠᠬᠤ ᠬᠡᠪᠴᠢᠶ᠎ᠡ ᠶᠢ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠶᠢᠨ ᠠᠮᠵᠢᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠡ᠃ ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠤᠭᠤᠷᠢᠨ ᠳᠤ᠂ ︽ᠬᠦᠴᠦ ᠶᠠᠪᠤᠭᠴᠢ ᠮᠠᠯᠴᠢᠨ ᠲᠠᠷᠢᠶᠠᠴᠢᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠥᠯᠥᠪᠯᠡᠭᠡ︾ ᠶᠢ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠣᠷᠣᠨ ᠢᠯᠠᠩᠭᠤᠶ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠲᠡᠳᠭᠦᠨ ᠳᠡᠮᠵᠢᠬᠦ ᠪᠠ ᠬᠥᠲᠥᠯᠥᠨ ᠵᠢᠯᠣᠭᠤᠳᠴᠤ᠂ ᠶᠠᠳᠠᠭᠤ ᠬᠦᠴᠢᠷᠳᠡᠯᠲᠡᠶ ᠬᠥᠳᠡᠯᠮᠦᠷᠢᠴᠢᠨ ᠢ ᠤᠢᠢᠷ᠎ᠠ ᠬᠠᠪᠢ ᠳᠤᠨᠢ ᠪᠤᠶᠤ ᠲᠤᠬᠠᠶ ᠶᠢᠨ ᠭᠠᠵᠠᠷ ᠲᠤᠨᠢ ᠰᠢᠯᠵᠢᠬᠦᠯᠦᠨ ᠠᠵᠢᠯ ᠤᠯᠬᠤ ᠶᠢ ᠳᠠᠶᠢᠴᠢᠯᠠᠨ᠎ᠠ᠃        ᠬᠥᠲᠥᠯᠥᠭᠴᠢ᠄        ︽12 · 5︾ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠦᠷᠨᠢᠬᠦᠯᠬᠦ ᠳᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠮᠠᠷ ᠰᠢᠨ᠎ᠡ ᠳᠤᠷᠠᠳᠤᠯᠭ᠎ᠠ ᠪᠤᠶᠤ ᠭᠢᠯᠠᠰ ᠴᠡᠭ ᠪᠠᠶᠢᠬᠤ ᠪᠤᠢ︖        ᠯᠢᠦ ᠬᠤᠤ ᠱᠧᠩ᠄        ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠬᠦᠯᠦᠨ᠂ ᠵᠢᠷᠭᠤᠭᠠᠨ ᠲᠥᠯᠥᠪᠯᠡᠭᠡ ᠶᠢ ᠬᠡᠷᠡᠭᠵᠢᠬᠦᠯᠬᠦ ᠪᠤᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠶᠢᠳᠠᠪᠤᠷᠢᠵᠢᠭᠤᠯᠬᠤ ᠴᠢᠬᠤᠯᠠ ᠲᠠᠢ ᠠᠵᠢᠯ ᠤᠨ ᠳ᠋ᠦᠩᠨᠡᠯᠲᠡ ᠬᠤᠷᠢᠶᠠᠩᠭᠤᠶᠢᠯᠠᠯ ᠤᠨ ᠲᠤᠬᠠᠢ ᠰᠢᠨ᠎ᠡ ᠳᠤᠷᠠᠳᠤᠯᠭ᠎ᠠ ᠪᠤᠯᠤᠨ᠎ᠠ᠃ ᠵᠢᠷᠭᠤᠭᠠᠨ ᠲᠥᠯᠥᠪᠯᠡᠭᠡ ᠳᠤ᠂ ᠠᠩᠬ᠎ᠠ ᠤᠳᠠᠭ᠎ᠠ ᠳᠤᠤᠷᠠᠬᠢ ᠵᠦᠢᠯᠡᠰ ᠢ ᠳᠤᠷᠠᠳᠤᠨ ᠭᠠᠷᠭᠠᠪᠠ᠄ 1 . ᠠᠳᠠᠯ ᠦᠢᠯᠡᠰ ᠴᠣᠭᠴᠠᠯᠠᠬᠤ ᠪᠡᠯᠠ ᠣᠷᠣᠭᠤᠯᠤᠯᠲᠠ ᠶᠢᠨ ᠪᠠᠶᠢᠭᠤᠯᠤᠮᠵᠢ᠂ ᠲᠤᠰᠬᠠᠶᠢᠵᠢᠭᠰᠠᠨ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ᠂ ᠨᠠᠶᠢᠳᠠᠵᠤ ᠬᠠᠮᠢᠶᠠᠷᠤᠭᠤᠯᠬᠤ ᠵᠡᠷᠭᠡ ᠵᠠᠭᠪᠤᠷᠰᠢᠯ ᠢ ᠠᠪᠴᠤ᠂ ᠠᠶᠢᠮᠠᠭ ᠬᠤᠳᠠ ᠳᠤ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠬᠤᠷᠠᠮᠳᠤᠭᠤᠯᠤᠭᠰᠠᠨ᠂ ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ 10 ᠠᠴᠠ ᠳᠡᠭᠡᠭᠰᠢ ᠪᠠᠶᠢᠭᠤᠯᠤᠨ᠎ᠠ᠃ 2 . ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠲᠦᠪᠯᠡᠷᠡᠭᠦᠯᠦᠨ ᠪᠤᠯᠪᠠᠰᠤᠷᠠᠭᠤᠯᠵᠤ ᠵᠢᠭᠠᠨ ᠵᠢᠯᠣᠭᠤᠳᠬᠤ᠂ ᠲᠥᠷᠥᠯ ᠵᠦᠢᠯ ᠢ ᠵᠤᠯᠭᠠᠭᠤᠯᠬᠤ᠂ ᠨᠡᠪᠴᠢᠭᠦᠯᠦᠯᠭᠡ ᠳᠤ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠢ 10 ᠠᠴᠠ ᠳᠡᠭᠡᠭᠰᠢ ᠴᠤᠭᠴᠠᠯᠠᠨ᠎ᠠ᠃ 3 . 2020 ᠣᠨ ᠪᠣᠯᠬᠤ ᠳᠤ᠂ ᠨᠢᠭᠡ ᠪᠦᠯᠦᠭ ᠲᠤᠰ ᠲᠤᠰ ᠤᠨ ᠣᠨᠴᠠᠯᠢᠭ ᠲᠠᠢ᠂ ᠦᠢᠯᠡᠳᠦᠯ ᠴᠢᠳᠠᠮᠵᠢ ᠨᠢ ᠪᠦᠷᠢᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠢ ᠪᠠᠶᠢᠭᠤᠯᠤᠨ᠎ᠠ᠃ 4 . 1000 ᠬᠥᠮᠦᠨ ᠠᠴᠠ ᠳᠡᠭᠡᠭᠰᠢᠬᠢ ᠳᠡᠭᠡᠳᠦ ᠬᠢᠷᠢ ᠲᠦᠪᠰᠢᠨ ᠪᠦᠬᠦᠢ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ 5 . ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠶᠣᠰᠣᠭᠠᠷ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠪᠤᠯᠤᠨ ᠳᠠᠭᠠᠭᠠᠯᠲᠠᠲᠤ ᠰᠠᠭᠤᠷᠢ ᠮᠥᠩᠭᠦ ᠳᠤ ᠵᠣᠬᠢᠰᠲᠠᠶ ᠬᠡᠷᠡᠭᠯᠡᠨ᠎ᠡ᠃        ᠬᠥᠲᠥᠯᠥᠭᠴᠢ᠄        ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠶᠢ ᠵᠣᠬᠢᠬᠤ ᠬᠡᠮᠵᠢᠶ᠎ᠡ ᠪᠠᠷ ᠨᠦᠯᠦᠭᠡᠯᠡᠪᠡ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠠᠴᠠ ᠦᠵᠡᠪᠡᠯ᠂ ᠬᠤᠶᠢᠰᠢᠳᠠ ᠶᠢᠨ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠡᠭᠦᠷᠭᠡ ᠨᠡᠯᠢᠶᠡᠳ ᠬᠠᠲᠠᠭᠤ ᠪᠡᠷᠬᠡ ᠪᠠᠶᠢᠨ᠎ᠠ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠤᠯᠤᠭᠠᠶᠢᠯᠠᠭᠴᠢ ᠰᠠᠯᠠᠭ᠎ᠠ ᠮᠦᠴᠢᠷ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠬᠠᠷᠠᠯᠲᠠᠲᠤ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠬᠤ ᠶᠢᠨ ᠲᠤᠯᠠᠳᠠ᠂ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖        ᠯᠢᠦ ᠬᠤᠤ ᠱᠧᠩ᠄        ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠠᠵᠢᠯᠯᠠᠭ᠎ᠠ ᠶᠢ ᠦᠷᠨᠢᠬᠦᠯᠬᠦ ᠶᠠᠪᠤᠳᠠᠯ ᠨᠢ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠴᠠᠭ ᠦᠶ᠎ᠡ ᠶᠢᠨ ᠱᠠᠭᠠᠷᠳᠠᠯᠭ᠎ᠠ ᠶᠢ ᠠᠬᠢᠭᠤᠯᠬᠤ ᠶᠠᠪᠤᠳᠠᠯ ᠳᠤ ᠨᠡᠶᠢᠴᠡᠬᠦᠯᠵᠤ᠂ ᠰᠢᠨ᠎ᠡ ᠬᠥᠳᠡᠯᠭᠡᠭᠴᠢ ᠴᠢᠳᠠᠪᠬᠢ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠪᠤᠯᠤᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠦᠭᠵᠢᠬᠡᠬᠦ ᠪᠦᠲᠦᠮᠵᠢᠲᠡᠶ ᠠᠷᠭ᠎ᠠ ᠵᠠᠮ ᠪᠤᠯᠬᠤ ᠮᠦᠷᠲᠡᠭᠡᠨ ᠪᠠᠰᠠ ᠠᠵᠢᠯ ᠣᠯᠭᠤᠯᠲᠠ ᠶᠢᠨ ᠳᠠᠷᠤᠭᠠᠰᠤ ᠶᠢ ᠨᠠᠮᠳᠠᠭᠤᠯᠬᠤ ᠴᠢᠬᠤᠯᠠ ᠭᠠᠷᠳᠠᠴᠠ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠶᠢᠳᠠᠪᠤᠷᠢᠵᠢᠭᠤᠯᠬᠤ ᠠᠵᠢᠯ ᠢ ᠲᠠᠪᠤᠨ ᠲᠠᠯ᠎ᠠ ᠪᠠᠷ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠂ ᠨᠢᠭᠡ ᠳᠤ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠷ ᠲᠤ ᠠᠳᠠᠯ ᠦᠢᠯᠡᠰ ᠴᠤᠭᠴᠠᠯᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠳᠤ ᠬᠦᠴᠦᠲᠡᠶ ᠲᠦᠰᠢᠭ ᠲᠤᠯᠭᠠᠭᠤᠷᠢ ᠤᠯᠭᠤᠨ᠎ᠠ᠃ ᠭᠤᠷᠪᠠ ᠳᠤ ᠮᠥᠩᠭᠦᠨ ᠭᠦᠢᠯᠭᠡᠭᠡᠨ ᠢᠶᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠳᠠᠯ ᠦᠢᠯᠡᠰ ᠴᠤᠭᠴᠠᠯᠠᠬᠤ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ ᠭᠤᠣᠯᠳᠠᠯᠭ᠎ᠠ ᠲᠠᠢ ᠪᠦᠯᠦᠭᠯᠡᠯ ᠤᠨ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠲᠠᠪᠤ ᠳᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠤ᠂ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃        ᠬᠥᠲᠥᠯᠥᠭᠴᠢ᠄        ᠯᠢᠦ ᠲᠢᠩᠬᠢᠮ ᠤᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ︕ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠭᠰᠠᠨ ᠳᠤ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号