ᠦᠳᠡ ᠳᠤ ᠠᠯᠬᠤᠬᠤ ᠬᠢᠭᠡᠳ ᠠᠵᠢᠯ ᠤᠨ ᠪᠦᠲᠦᠮᠵᠢ
ᠨᠡᠶᠢᠲᠡᠯᠡᠭᠰᠡᠨ ᠴᠠᠭ᠄
2017-02-04
       ᠲᠠᠶᠢᠸᠠᠨ ᠤ ︽ᠡᠷᠡᠭᠦᠯ ᠮᠡᠨᠳᠦ︾ ᠶᠢᠨ ᠰᠡᠳᠬᠦᠯ ᠤᠶᠢᠷ᠎ᠠ ᠳᠤ ᠬᠠᠮᠤᠭ ᠤᠨ ᠰᠢᠨ᠎ᠡ ᠰᠤᠳᠤᠯᠭᠠᠨ ᠤ ᠮᠡᠳᠡᠭᠦᠯᠦᠯᠲᠡ ᠨᠡᠶᠢᠲᠡᠯᠡᠵᠦ ᠬᠡᠯᠡᠭᠰᠡᠨ ᠢᠶᠠᠷ᠂ ᠦᠳᠡ ᠶᠢᠨ ᠬᠤᠭᠤᠯᠠᠨ ᠤ ᠳᠠᠷᠠᠭ᠎ᠠ ᠬᠠᠭᠠᠰ ᠴᠠᠭ ᠠᠯᠬᠤᠪᠠᠯ ᠠᠵᠢᠯ ᠤᠨ ᠦᠷ᠎ᠡ ᠪᠦᠲᠦᠮᠵᠢ ᠨᠡᠩ ᠦᠨᠳᠦᠷ ᠪᠤᠯᠤᠨ᠎ᠠ᠃ ᠰᠤᠳᠤᠯᠭᠠᠲᠠᠳ ᠤᠳᠠᠭᠠᠨ ᠰᠠᠭᠤᠭᠠᠳ ᠠᠵᠢᠯᠯᠠᠳᠠᠭ 300 ᠭᠠᠷᠤᠢ ᠰᠠᠶᠢᠨ ᠳᠤᠷᠠᠴᠤᠤᠯ ᠢ ᠡᠯᠰᠡᠨ᠂ ᠵᠠᠯᠭᠠᠪᠠᠷ 10 ᠭᠠᠷᠠᠭ ᠦᠳᠡ ᠶᠢᠨ ᠬᠤᠭᠤᠯᠠᠨ ᠤ ᠳᠠᠷᠠᠭ᠎ᠠ ᠬᠠᠭᠠᠰ ᠴᠠᠭ ᠠᠯᠬᠤᠨ᠂ ᠭᠠᠷᠠᠭ ᠪᠦᠷᠢ ᠨᠠᠭᠠᠲᠤ ᠵᠠᠬ᠎ᠠ ᠳᠠᠭᠠᠨ 3 ᠤᠳᠠᠭ᠎ᠠ ᠠᠯᠬᠤᠬᠤ ᠭᠡᠷᠡᠭᠲᠡᠢ ᠭᠡᠵᠦ ᠲᠤᠭᠲᠠᠭᠠᠵᠠᠢ᠃ ᠰᠤᠳᠤᠯᠭᠠᠲᠠᠳ ᠰᠠᠶᠢᠨ ᠳᠤᠷᠠᠴᠤᠤᠯ ᠤᠨ ᠭᠠᠷ ᠤᠲᠠᠰᠤᠨ ᠳᠤ ᠨᠢᠭᠡ ᠬᠡᠷᠡᠭᠯᠡᠭᠡᠨ ᠤ ᠫᠷᠦᠭᠷᠡᠮ ᠤᠭᠰᠠᠷᠠᠨ᠂ ᠲᠡᠳᠡᠨ ᠤ ᠠᠯᠬᠤᠬᠤ ᠶᠢᠨ ᠡᠮᠦᠨ᠎ᠡ ᠬᠤᠶᠢᠨᠠᠬᠢ ᠳᠠᠷᠤᠯᠲᠠ᠂ ᠠᠮᠢᠵᠢᠷᠠᠯ ᠤᠨ ᠬᠦᠴᠦᠨ᠂ ᠪᠠᠴᠢᠮ ᠪᠠᠶᠢᠳᠠᠯ᠂ ᠠᠵᠢᠯ ᠤᠨ ᠨᠤᠷᠮ᠎ᠠ ᠶᠢᠨ ᠶᠡᠭᠡ ᠪᠠᠭ᠎ᠠ᠂ ᠪᠡᠶ᠎ᠡ ᠮᠠᠬᠠᠪᠤᠳ ᠤᠨ ᠪᠠᠶᠢᠳᠠᠯ ᠵᠢᠴᠢ ᠠᠵᠢᠯ ᠤᠨ ᠡᠭᠦᠷᠭᠡ ᠶᠢᠨ ᠬᠡᠮᠵᠢᠶᠡᠨ ᠤ ᠲᠤᠬᠠᠢ ᠦᠵᠡᠯᠲᠡ ᠵᠡᠷᠭᠡ ᠰᠤᠷᠠᠭ ᠵᠠᠩᠭᠢ ᠶᠢ ᠨᠢ ᠴᠠᠭ ᠳᠠᠷᠤᠢ ᠳᠤᠨᠢ ᠡᠵᠡᠮᠰᠢᠭᠡᠳ ᠦᠳᠡ ᠶᠢᠨ ᠬᠤᠭᠤᠯᠠᠨ ᠤ ᠳᠠᠷᠠᠭ᠎ᠠ ᠬᠠᠭᠠᠰ ᠴᠠᠭ ᠠᠯᠬᠤᠭᠰᠠᠨ ᠬᠦᠮᠦᠨ ᠦᠳᠡ ᠶᠢᠨ ᠬᠤᠶᠢᠨ᠎ᠠ ᠠᠵᠢᠯ ᠳᠠᠭᠠᠨ ᠨᠡᠩ ᠬᠠᠯᠠᠭᠤᠮᠰᠤᠭ᠂ ᠤᠪᠤᠷ ᠪᠠᠶᠢᠳᠠᠯ  ᠨᠢ ᠴᠦ ᠨᠡᠩ ᠲᠠᠯᠪᠢᠭᠤᠬᠠᠨ᠂ ᠠᠰᠠᠭᠤᠳᠠᠯ ᠰᠢᠢᠳᠪᠦᠷᠢᠯᠡᠬᠦ ᠴᠢᠳᠠᠪᠤᠷᠢ ᠨᠢ ᠨᠡᠩ ᠴᠢᠩᠭ᠎ᠠ ᠪᠠᠶᠢᠳᠠᠭ ᠢ ᠤᠯᠵᠤ ᠮᠡᠳᠡᠵᠡᠢ᠃ ᠦᠷᠭᠦᠯᠵᠢ ᠰᠤᠯᠠ ᠠᠯᠬᠤᠪᠠᠯ ᠶᠡᠭᠡ ᠳᠠᠷᠢᠬᠢᠨ ᠤ ᠪᠤᠷᠤ ᠳᠠᠪᠬᠤᠷᠭ᠎ᠠ ᠶᠢᠨ ᠬᠦᠭᠰᠡᠬᠦ᠂ ᠬᠤᠷᠢᠭᠯᠠᠬᠤ᠂ ᠵᠤᠬᠢᠴᠠᠭᠤᠯᠬᠤ ᠶᠠᠪᠤᠴᠠ ᠶᠢ ᠰᠠᠶᠢᠵᠢᠷᠠᠭᠤᠯᠵᠤ᠂ ᠡᠭᠦᠨ ᠤ ᠤᠯᠠᠮ ᠠᠴᠠ ᠶᠠᠳᠠᠷᠠᠭ᠎ᠠ ᠶᠢ ᠲᠠᠶᠢᠯᠦᠨ᠂ ᠪᠡᠶ᠎ᠡ ᠰᠡᠳᠬᠢᠯ ᠢ  ᠨᠢ ᠲᠠᠯᠪᠢᠭᠤᠷᠠᠭᠤᠯᠤᠨ᠂ ᠲᠠᠷᠢᠬᠢ ᠲᠤᠯᠤᠭᠠᠢ ᠶᠢ ᠨᠡᠩ ᠰᠡᠷᠭᠡᠭ ᠪᠤᠯᠭᠠᠳᠠᠭ᠃ ᠡᠶᠢᠮᠦ ᠠᠴᠠ ᠰᠤᠯᠠ ᠠᠯᠬᠤᠯᠠᠳᠠᠭ ᠬᠦᠮᠦᠰ ᠲᠠᠮᠢᠷ ᠤᠨ ᠬᠦᠳᠡᠯᠭᠡᠭᠡᠨ ᠬᠢᠳᠡᠭ ᠦᠭᠡᠢ ᠬᠦᠮᠦᠰ ᠠᠴᠠ ᠨᠡᠩ ᠲᠠᠯᠪᠢᠭᠤᠨ᠂ ᠨᠡᠩ ᠰᠡᠷᠭᠦᠯᠡᠩ᠂ ᠨᠡᠩ ᠪᠠᠶᠠᠷᠲᠠᠢ ᠪᠠᠶᠢᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号