ᠮᠠᠨ ᠤ ᠤᠷᠤᠨ ᠳᠤ ᠠᠰᠫᠢᠷᠠᠨᠲ ᠢ ᠬᠠᠮᠲᠤᠷᠠᠨ ᠬᠦᠮᠦᠵᠢᠭᠦᠯᠬᠦ ᠰᠠᠭᠤᠷᠢᠨ ᠰᠢᠨ᠎ᠡ ᠪᠠᠷ 12 ᠨᠡᠮᠡᠭᠳᠡᠵᠡᠢ
ᠨᠡᠶᠢᠲᠡᠯᠡᠭᠰᠡᠨ ᠴᠠᠭ᠄
2017-02-07
       ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠳᠤ ᠠᠰᠫᠢᠷᠠᠨᠲ ᠢ ᠬᠠᠮᠲᠤᠷᠠᠨ ᠬᠦᠮᠦᠵᠢᠭᠦᠯᠬᠦ ᠰᠠᠭᠤᠷᠢᠨ ᠢ ᠰᠢᠨ᠎ᠡ ᠪᠠᠷ 12 ᠨᠡᠮᠡᠵᠦ ᠂ ᠠᠰᠫᠢᠷᠠᠨᠲ ᠤᠨ ᠰᠢᠨ᠎ᠡ ᠶᠢ ᠡᠭᠦᠳᠬᠦ᠂ ᠦᠢᠯᠡᠰ ᠪᠤᠰᠬᠠᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠪᠠᠷ ᠪᠠᠶᠢᠨ᠎ᠠ᠃
       ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠪᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠠᠮᠲᠤᠷᠠᠨ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠬᠦᠷᠢᠶᠡᠨ ᠤ ᠠᠰᠫᠢᠷᠠᠨᠲ ᠬᠦᠮᠦᠵᠢᠭᠦᠯᠦᠨ᠎ᠡ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠠ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠤᠮᠫᠠᠨᠢ ᠬᠠᠮᠲᠤᠷᠠᠨ ᠪᠠᠷᠢᠯᠭ᠎ᠠ ᠶᠢᠨ ᠢᠨᠵᠧᠨᠧᠷᠢᠩ ᠤᠨ ᠬᠦᠷᠢᠶᠡᠨ ᠤ ᠠᠰᠫᠢᠷᠠᠨᠲ ᠬᠦᠮᠦᠵᠢᠭᠦᠯᠦᠨ᠎ᠡ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠪᠤᠯᠤᠨ ᠪᠡᠭᠡᠵᠢᠩ ᠬᠤᠲᠠ ᠶᠢᠨ ᠴᠤᠤᠶᠠᠩ ᠲᠤᠭᠤᠷᠢᠭ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠲᠦᠪ ᠬᠠᠮᠲᠤᠷᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠰᠡᠷᠭᠡᠶᠢᠯᠡᠯᠲᠡ ᠶᠢᠨ ᠠᠨᠠᠭᠠᠬᠤ ᠤᠬᠠᠭᠠᠨ ᠤ ᠬᠦᠷᠢᠶᠡᠨ ᠳᠠᠬᠢ ᠠᠰᠫᠢᠷᠠᠨᠲ ᠬᠦᠮᠦᠵᠢᠭᠦᠯᠦᠨ᠎ᠡ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠪᠤᠯᠤᠨ ᠬᠤᠸᠠᠵᠦ᠋ᠩ ᠪᠠᠭᠰᠢ ᠶᠢᠨ ᠶᠡᠭᠡ ᠰᠤᠷᠭᠠᠭᠤᠯᠢ ᠬᠠᠮᠲᠤᠷᠠᠨ ᠰᠤᠷᠭᠠᠨ ᠬᠦᠮᠦᠵᠢᠯ ᠤᠨ ᠬᠦᠷᠢᠶᠡᠨ ᠤ ᠠᠰᠫᠢᠷᠠᠨᠲ ᠬᠦᠮᠦᠵᠢᠭᠦᠯᠬᠦ ᠵᠡᠷᠭᠡ ᠠᠰᠫᠢᠷᠠᠨᠲ ᠬᠦᠮᠦᠵᠢᠭᠦᠯᠬᠦ ᠰᠠᠭᠤᠷᠢᠨ ᠢ ᠰᠢᠨ᠎ᠡ ᠪᠠᠷ 12 ᠨᠡᠮᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号