ᠡᠨᠡ ᠵᠢᠯ ᠬᠠᠮᠤᠭ ᠤᠯᠠᠨ ᠳᠠᠭᠠᠨ 25 ᠲᠦᠮᠡᠨ ᠲᠦᠭᠦᠷᠢᠭ ᠳᠠᠩᠰᠠᠨ ᠠᠴᠠ ᠲᠠᠶᠢᠯᠠᠵᠤ | ᠪᠤᠯᠤᠨ᠎ᠠ | ᠤᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠨᠡᠶᠢᠭᠡᠮ ᠤᠨ ᠡᠮᠨᠡᠯᠭᠡ ᠶᠢᠨ ᠳᠠᠭᠠᠳᠬᠠᠯ ᠤᠨ | ᠬᠠᠮᠢᠶᠠᠷᠤᠯᠲᠠ ᠶᠢᠨ ᠲᠤᠪᠴᠢᠶᠠᠨ ᠠᠴᠠ ᠤᠶᠢᠯᠠᠭᠠᠭᠰᠠᠨ ᠢᠶᠠᠷ᠂ 2017 ᠤᠨ ᠤ 1 ᠰᠠᠷ᠎ᠠ ᠶᠢᠨ 1 ᠤ ᠡᠳᠦᠷ ᠠᠴᠠ | ᠡᠬᠢᠯᠡᠨ ᠬᠦᠨᠳᠦ ᠡᠪᠡᠳᠴᠢᠨ ᠤ ᠡᠮᠨᠡᠯᠭᠡ ᠶᠢᠨ ᠳᠠᠭᠠᠳᠬᠠᠯ ᠤᠨ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠃ | ᠰᠢᠨ᠎ᠡ ᠲᠦᠷᠦ ᠶᠢᠨ ᠪᠤᠳᠤᠯᠭ᠎ᠠ ᠨᠢ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ | ᠳᠠᠭᠠᠳᠬᠠᠯ ᠳᠤ ᠤᠷᠤᠯᠴᠠᠭᠰᠠᠳ ᠢ ᠬᠠᠮᠤᠷᠴᠤ᠂ ᠡᠨᠡ ᠵᠢᠯ ᠬᠠᠮᠤᠭ ᠤᠯᠠᠨ ᠳᠠᠭᠠᠨ 25 ᠲᠦᠮᠡᠨ ᠲᠦᠭᠦᠷᠢᠭ | ᠳᠠᠩᠰᠠᠨ ᠠᠴᠠ ᠲᠠᠶᠢᠯᠠᠵᠤ᠂ ᠨᠢᠳᠤᠨᠤᠨ ᠵᠢᠯ ᠲᠠᠢ ᠠᠳᠠᠯᠢᠳᠬᠠᠪᠠᠯ 10 ᠲᠦᠮᠡᠨ ᠲᠦᠭᠦᠷᠢᠭ ᠨᠡᠮᠡᠭᠳᠡᠭᠰᠡᠨ ᠪᠠᠶᠢᠨ᠎ᠠ᠃ | | ︽ᠰᠢᠨ᠎ᠡ ᠲᠦᠷᠦ ᠶᠢᠨ ᠪᠤᠳᠤᠯᠭ᠎ᠠ︾ ᠳᠤ ᠲᠤᠭᠲᠠᠭᠠᠭᠰᠠᠨ ᠢᠶᠠᠷ᠂ 2017 ᠤᠨ ᠳᠤ ᠮᠠᠨ ᠤ | ᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠤᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ ᠨᠢ ᠲᠤᠰ ᠲᠤᠰ 60 ᠲᠦᠭᠦᠷᠢᠭ ᠪᠠ 45 ᠲᠦᠭᠦᠷᠢᠭ | ᠪᠠᠶᠢᠵᠤ᠂ ᠪᠠᠲᠤᠯᠠᠬᠤ ᠬᠦᠷᠢᠶ᠎ᠡ ᠬᠡᠪᠴᠢᠶ᠎ᠠ ᠨᠢ ᠲᠤᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠰᠦᠢᠳᠬᠡᠯ᠂ ᠳᠠᠷᠤᠢ | ᠦᠪᠦᠷ ᠮᠤᠩᠭᠤᠯ ᠤᠷᠤᠨ ᠤ ᠨᠢᠭᠡᠲᠦᠯᠲᠡᠢ ᠬᠠᠮᠢᠶᠠᠷᠤᠯᠲᠠ ᠳᠤ ᠪᠠᠶᠢᠭ᠎ᠠ ᠬᠤᠲᠠ ᠪᠠᠯᠭᠠᠰᠤ ᠶᠢᠨ ᠦᠨᠳᠦᠰᠦᠨ | ᠡᠮᠨᠡᠯᠭᠡ ᠶᠢᠨ ᠳᠠᠭᠠᠳᠬᠠᠯ ᠤᠨ ︽ᠡᠮ ᠤᠨ ᠭᠠᠷᠴᠠᠭ︾᠂ ︽ᠤᠨᠤᠰᠢᠯᠠᠨ ᠡᠮᠨᠡᠬᠦ ᠲᠦᠷᠦᠯ ᠵᠦᠢᠯ︾ ᠪᠠ ︽ | ᠡᠮᠨᠡᠯᠭᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠷᠢᠮᠵᠢᠶ᠎ᠠ︾ ᠳᠤ ᠲᠤᠭᠲᠠᠭᠠᠭᠰᠠᠨ ᠡᠮᠨᠡᠯᠭᠡ ᠳᠤ ᠰᠠᠭᠤᠵᠤ | ᠡᠮᠨᠡᠭᠦᠯᠬᠦ ᠰᠦᠢᠳᠬᠡᠯ ᠢ ᠪᠠᠭᠲᠠᠭᠠᠨ᠎ᠠ᠃ 2017 ᠤᠨ ᠳᠤ ᠬᠤᠲᠠ ᠪᠠᠯᠭᠠᠰᠤ ᠶᠢᠨ ᠠᠵᠢᠯᠲᠠᠨ ᠪᠠ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠡᠮᠨᠡᠯᠭᠡ ᠶᠢᠨ ᠳᠠᠭᠠᠳᠬᠠᠯ ᠲᠤᠰᠢᠶᠠᠬᠤ ᠪᠠᠷᠢᠮᠵᠢᠶ᠎ᠠ ᠨᠢ ᠲᠤᠰ ᠲᠤᠰ 3 ᠲᠦᠮᠡᠨ | ᠲᠦᠭᠦᠷᠢᠭ ᠪᠠ 2 ᠲᠦᠮᠡᠨ ᠲᠦᠭᠦᠷᠢᠭ ᠪᠠᠶᠢᠵᠤ᠂ ᠬᠤᠪᠢ ᠬᠦᠮᠦᠨ ᠤ ᠵᠠᠷᠤᠴᠠᠭᠤᠯᠤᠭᠰᠠᠨ ᠡᠮᠨᠡᠯᠭᠡ ᠶᠢᠨ | ᠰᠦᠢᠳᠬᠡᠯ ᠤᠨ 10 ᠲᠦᠮᠡᠨ ᠲᠦᠭᠦᠷᠢᠭ ︵10 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠤᠷᠤᠭᠰᠢᠬᠢ | ᠬᠡᠰᠡᠭ ᠲᠤ 50% ᠪᠠᠷ ᠨᠦᠬᠦᠪᠦᠷᠢ ᠦᠭᠴᠦ᠂ 10 ᠲᠦᠮᠡᠨ ᠲᠦᠭᠦᠷᠢᠭ ᠠᠴᠠ ᠳᠡᠭᠡᠭᠰᠢ᠂ 20 ᠲᠦᠮᠡᠨ | ᠲᠦᠭᠦᠷᠢᠭ ︵20 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠤᠷᠤᠭᠰᠢᠬᠢ ᠬᠡᠰᠡᠭ ᠲᠤ 60% ᠪᠠᠷ ᠨᠦᠬᠦᠪᠦᠷᠢ | ᠦᠭᠴᠦ᠂ 20 ᠲᠦᠮᠡᠨ ᠲᠦᠭᠦᠷᠢᠭ ᠠᠴᠠ ᠳᠡᠭᠡᠭᠰᠢ᠂ 25 ᠲᠦᠮᠡᠨ ᠲᠦᠭᠦᠷᠢᠭ ︵25 ᠲᠦᠮᠡᠨ ᠲᠦᠭᠦᠷᠢᠭ ᠢ | ᠪᠠᠭᠲᠠᠭᠠᠨ᠎ᠠ︶ ᠠᠴᠠ ᠳᠤᠷᠤᠭᠰᠢᠬᠢ ᠬᠡᠰᠡᠭ ᠲᠤ 70% ᠪᠠᠷ ᠨᠦᠬᠦᠪᠦᠷᠢ ᠦᠭᠭᠦᠨ᠎ᠡ᠃ |