ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠄ | ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠤᠯᠤᠰ ᠤᠨ ᠰᠤᠷᠭᠠᠨ ᠬᠦᠮᠦᠵᠢᠯ ᠤᠨ ᠦᠨᠳᠦᠰᠦᠨ | ᠲᠦᠷᠢᠮ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠠᠴᠠ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠲᠤᠬᠠᠢ ᠪᠦᠬᠦ ᠲᠠᠯ᠎ᠠ ᠪᠠᠷ | ᠪᠠᠶᠢᠷᠢᠯᠠᠭᠤᠯᠤᠯᠳᠠ ᠬᠢᠭᠰᠡᠨ ᠪᠦᠭᠡᠳ ᠡᠨᠡ ᠵᠢᠯ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠴᠤ | ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠢᠯᠡ᠃ ᠦᠭᠡᠷᠡᠴᠢᠯᠡᠯᠳᠡ ᠨᠡᠭᠡᠭᠡᠯᠳᠡ ᠬᠢᠭᠰᠡᠨ 30 ᠭᠠᠷᠤᠢ ᠵᠢᠯ ᠤᠨ | ᠲᠤᠷᠰᠢ᠂ ᠮᠠᠨ ᠤ ᠤᠯᠤᠰ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠲᠠᠰᠤᠷᠠᠯᠳᠠ ᠦᠭᠡᠢ ᠦᠭᠡᠷᠡᠴᠢᠯᠡᠨ | ᠲᠡᠬᠦᠯᠳᠡᠷᠵᠢᠬᠦᠯᠦᠭᠡᠳ ᠰᠢᠯᠭᠠᠯᠳᠠ ᠬᠢᠵᠤ ᠰᠤᠷᠤᠭᠴᠢ ᠡᠯᠰᠡᠬᠦ ᠲᠠᠯ᠎ᠠ ᠪᠠᠷ ᠨᠡᠯᠢᠶᠡᠳ ᠲᠡᠬᠦᠯᠳᠡᠷᠵᠢᠭᠰᠡᠨ ᠰᠢᠰᠲ᠋ᠧᠮ ᠢ | ᠠᠩᠬ᠎ᠠ ᠠᠯᠬᠤᠮ ᠪᠦᠷᠢᠯᠳᠤᠬᠦᠯᠵᠤ᠂ ᠰᠤᠷᠤᠭᠴᠢ ᠶᠢᠨ ᠦᠰᠦᠯᠳᠡ ᠪᠤᠶᠢᠵᠢᠯᠳᠠ᠂ ᠤᠯᠤᠰ ᠠᠴᠠ ᠴᠢᠳᠠᠪᠤᠷᠢᠳᠠᠨ ᠢ | ᠰᠤᠩᠭᠤᠬᠤ ᠪᠠ ᠨᠡᠶᠢᠭᠡᠮ ᠤᠨ ᠡᠷᠭᠡ ᠲᠡᠭᠰᠢ ᠳᠤ ᠲᠡᠦᠭᠡᠳᠤ ᠴᠢᠨᠠᠷᠳᠠᠢ ᠬᠤᠪᠢ ᠨᠡᠮᠡᠷᠢ ᠪᠠᠨ ᠦᠵᠡᠬᠦᠯᠦᠨ᠂ ᠲᠡᠭᠡᠳᠤ | ᠵᠡᠷᠭᠡ ᠶᠢᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ᠂ ᠠᠷᠠᠳ ᠢᠷᠭᠡᠳ ᠤᠨ ᠬᠡᠪ | ᠪᠤᠯᠪᠠᠰᠤᠷᠠᠯ ᠢ ᠲᠡᠭᠡᠭᠰᠢᠯᠡᠬᠦᠯᠬᠦ᠂ ᠤᠯᠤᠰ ᠤᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠳᠤ ᠦᠢᠯᠡᠴᠢᠯᠡᠬᠦ ᠳᠤ | ᠤᠷᠤᠯᠠᠭᠤᠯᠵᠤ ᠪᠤᠯᠤᠰᠢ ᠦᠭᠡᠢ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠃ ᠡᠨᠡᠬᠦ ᠲᠦᠷᠢᠮ ᠨᠢ ᠤᠯᠤᠰ ᠤᠨ | ᠪᠠᠶᠢᠳᠠᠯ ᠲᠠᠢ ᠶᠡᠷᠦᠩᠭᠡᠢ ᠳᠡᠭᠡᠨ ᠨᠡᠶᠢᠴᠡᠵᠤ᠂ ᠡᠷᠭᠡ ᠰᠦᠷᠳᠤ ᠴᠢᠨᠠᠷ ᠪᠤᠯᠤᠨ ᠡᠷᠭᠡ ᠲᠡᠭᠰᠢ ᠴᠢᠨᠠᠷ ᠢᠶᠠᠷ ᠢᠶᠠᠨ | ᠨᠡᠶᠢᠭᠡᠮ ᠨᠡᠶᠢᠳᠡ ᠳᠤ ᠮᠡᠳᠡᠷᠡᠭᠳᠡᠭᠰᠡᠨ ᠶᠤᠮ᠂ ᠬᠡᠪᠡᠴᠤ ᠪᠠᠰᠠ ᠵᠠᠷᠢᠮ ᠲᠠᠯ᠎ᠠ ᠪᠠᠷ ᠨᠡᠶᠢᠭᠡᠮ ᠤᠨ ᠲᠤᠰᠬᠠᠯ ᠢᠶᠠᠷ | ᠴᠢᠩᠭ᠎ᠠ ᠠᠰᠠᠭᠤᠳᠠᠯ ᠴᠤ ᠤᠷᠤᠰᠢᠵᠤ ᠪᠤᠢ᠂ ᠭᠤᠤᠯᠳᠠᠭᠤ ᠵᠦᠪᠬᠡᠨ ᠰᠢᠯᠭᠠᠯᠳᠠ ᠶᠢᠨ ᠬᠤᠪᠢ ᠪᠠᠷ ᠰᠤᠷᠤᠭᠴᠢ ᠶᠢᠨ | ᠪᠦᠬᠦ ᠲᠠᠯ᠎ᠠ ᠶᠢᠨ ᠬᠦᠭᠵᠢᠯᠳᠡ ᠶᠢ ᠨᠦᠯᠦᠭᠡᠯᠡᠵᠤ ᠨᠢᠭᠡ ᠰᠢᠯᠭᠠᠯᠳᠠ ᠪᠠᠷ ᠨᠠᠰᠤᠨ ᠲᠤᠷᠰᠢᠬᠢ ᠶᠢ ᠲᠤᠭᠳᠠᠭᠠᠬᠤ | ᠪᠤᠯᠤᠭᠰᠠᠨ ᠠᠴᠠ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠤ ᠲᠡᠩᠳᠡᠬᠦᠦ ᠬᠦᠨᠳᠤ ᠪᠠᠶᠢᠬᠤ᠂ ᠤᠷᠤᠨ ᠪᠦᠰᠡ᠂ | ᠬᠤᠳᠠ ᠬᠦᠳᠡᠭᠡ ᠶᠢᠨ ᠰᠤᠷᠤᠭᠴᠢ ᠶᠢᠨ ᠰᠤᠷᠭᠠᠭᠤᠯᠢ ᠳᠤ ᠤᠷᠤᠬᠤ ᠨᠦᠬᠦᠴᠡᠯ ᠲᠤᠬᠢᠶᠠᠯ ᠵᠦᠷᠢᠶ᠎ᠡ ᠲᠠᠢ ᠪᠠᠶᠢᠬᠤ᠂ | ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠰᠤᠩᠭᠤᠬᠤ ᠦᠵᠡᠭᠳᠡᠯ ᠲᠤᠪᠤᠶᠢᠮ᠎ᠠ ᠪᠠᠶᠢᠬᠤ᠂ ᠬᠤᠳᠠᠯ | ᠬᠠᠭᠤᠷᠮᠠᠭ ᠢᠶᠠᠷ ᠬᠤᠪᠢ ᠨᠡᠮᠡᠬᠦ᠂ ᠲᠦᠷᠢᠮ ᠲᠤᠭᠳᠠᠭᠠᠯ ᠢ ᠵᠦᠷᠢᠴᠡᠨ ᠰᠤᠷᠤᠭᠴᠢ ᠡᠯᠰᠡᠬᠦ ᠦᠵᠡᠭᠳᠡᠯ ᠴᠤ ᠬᠠᠶᠠ | ᠭᠠᠷᠴᠤ ᠪᠠᠶᠢᠨ᠎ᠠ᠃ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ | ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠤᠳᠤ ᠰᠢᠯᠭᠠᠯᠳᠠ ᠬᠢᠵᠤ | ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠲᠤᠤᠷᠠᠬᠢ ᠮᠡᠳᠤ ᠬᠡᠷᠡᠭᠵᠢᠬᠦᠯᠬᠦ | ᠰᠠᠨᠠᠯ ᠢ ᠨᠡᠶᠢᠳᠡᠯᠡᠪᠡ᠃ | ᠨᠢᠭᠡ᠂ ᠶᠡᠷᠦᠩᠭᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ | ᠮᠠᠨᠳᠤᠭᠤᠯᠤᠨ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠰᠤᠷᠭᠠᠨ | ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠤᠰᠤ ᠰᠤᠷᠳᠠᠬᠤᠨ ᠢᠶᠠᠷ ᠬᠦᠮᠦᠨ ᠢ | ᠬᠦᠮᠦᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠤᠯᠠᠨ ᠲᠠᠯ᠎ᠠ ᠶᠢᠨ ᠴᠢᠳᠠᠪᠤᠷᠢ ᠲᠠᠢ | ᠦᠨᠳᠦᠷ ᠬᠡᠪ ᠴᠢᠨᠠᠷ ᠪᠦᠬᠦᠢ ᠴᠢᠳᠠᠪᠤᠷᠢᠳᠠᠨ ᠢ ᠬᠡᠷᠡᠭᠰᠡᠬᠦ ᠱᠠᠭᠠᠷᠳᠠᠯᠭ᠎ᠠ ᠳᠤ ᠵᠤᠬᠢᠴᠠᠭᠤᠯᠤᠨ᠂ ᠰᠤᠷᠤᠭᠴᠢ ᠶᠢᠨ | ᠡᠷᠡᠬᠦᠯ ᠴᠢᠬᠢᠷᠠᠭ ᠬᠦᠭᠵᠢᠯᠳᠡ ᠶᠢ ᠠᠬᠢᠭᠤᠯᠬᠤ ᠳᠤ ᠲᠤᠰᠠᠳᠠᠢ᠂ ᠡᠯ᠎ᠡ ᠲᠦᠷᠦᠯ ᠤᠨ ᠴᠢᠳᠠᠪᠤᠷᠢᠳᠠᠨ ᠢ ᠰᠢᠨᠵᠢᠯᠡᠬᠦ | ᠤᠬᠠᠭᠠᠨᠴᠢ ᠪᠠᠷ ᠰᠤᠩᠭᠤᠨ ᠰᠢᠯᠭᠠᠷᠠᠭᠤᠯᠬᠤ ᠪᠠ ᠨᠡᠶᠢᠭᠡᠮ ᠤᠨ ᠡᠷᠭᠡ ᠲᠡᠭᠰᠢ ᠶᠢ ᠬᠠᠮᠠᠭᠠᠯᠠᠬᠤ ᠡᠬᠦᠳᠡᠨ ᠠᠴᠠ | ᠭᠠᠷᠳᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠨ᠂ ᠠᠰᠠᠭᠤᠳᠠᠯ ᠢ ᠬᠦᠳᠦᠯᠦᠨ ᠵᠢᠯᠤᠭᠤᠳᠬᠤ ᠶᠢ | ᠲᠤᠪᠤᠶᠢᠯᠭᠠᠵᠤ᠂ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ | ᠠᠷᠠᠳ ᠤᠯᠠᠨ ᠤ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠤ᠂ ᠬᠦᠮᠦᠨ ᠤ ᠬᠦᠴᠦᠨ ᠤ | ᠡᠬᠢ ᠪᠠᠶᠠᠯᠢᠭ ᠢᠶᠠᠷ ᠬᠦᠴᠦᠷᠭᠡᠭ ᠤᠯᠤᠰ ᠢ ᠪᠠᠶᠢᠭᠤᠯᠬᠤ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠶᠢᠨ | ᠲᠦᠯᠦᠭᠡ᠂ ︽ᠬᠤᠶᠠᠷ ᠨᠢᠭᠡ ᠵᠠᠭᠤᠨ ᠵᠢᠯ︾ ᠤᠨ ᠲᠡᠮᠡᠴᠡᠬᠦ ᠬᠠᠷᠠᠯᠳᠠ ᠪᠤᠯᠤᠨ ᠲᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠮᠠᠨᠳᠤᠯᠳᠠ ᠶᠢᠨ ᠲᠤᠮᠳᠠᠳᠤ ᠶᠢᠨ ᠵᠠᠬᠦᠳᠤ ᠶᠢ ᠲᠡᠷᠭᠡᠯᠰᠢᠬᠦᠯᠬᠦ ᠳᠤ ᠬᠦᠴᠦᠨ ᠪᠦᠬᠦᠢ ᠴᠢᠳᠠᠪᠤᠷᠢᠳᠠᠨ ᠤ | ᠲᠡᠮᠵᠢᠯᠭᠡ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠬᠦᠮᠦᠨ ᠢ ᠬᠦᠮᠦᠵᠢᠬᠦᠯᠬᠦ ᠪᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠰᠤᠷᠭᠠᠨ ᠬᠦᠮᠦᠵᠢᠯ ᠤᠨ ᠵᠢᠮ᠎ᠡ | ᠬᠠᠤᠯᠢ ᠶᠢ ᠵᠢᠷᠤᠮᠯᠠᠨ᠎ᠠ᠃ ᠰᠤᠷᠤᠭᠴᠢ ᠶᠢᠨ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ | ᠦᠭᠡᠷᠡᠴᠢᠯᠡᠯᠳᠡ ᠶᠢᠨ ᠬᠠᠷᠠᠭ᠎ᠠ ᠪᠠ ᠵᠤᠭᠰᠤᠴᠠ ᠪᠤᠯᠭᠠᠵᠤ᠂ ᠬᠡᠰᠡᠭ ᠲᠠᠯ᠎ᠠ ᠶᠢ ᠬᠦᠭᠡᠭᠡᠴᠡᠯᠳᠦᠭᠰᠡᠨ ᠰᠢᠯᠭᠠᠯᠳᠠ ᠶᠢ | ᠠᠷᠭᠠᠴᠠᠬᠤ ᠰᠤᠷᠭᠠᠨ ᠬᠦᠮᠦᠵᠢᠯ ᠤᠨ ᠬᠠᠨᠳᠤᠰᠢ ᠶᠢ ᠬᠤᠪᠢᠷᠠᠭᠤᠯᠤᠨ᠂ ᠬᠦᠮᠦᠨ ᠬᠦᠮᠦᠵᠢᠬᠦᠯᠬᠦ ᠵᠦᠪ ᠤᠨᠤᠪᠴᠢᠳᠠᠢ | ᠬᠦᠳᠦᠯᠤᠮᠵᠢ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ | ᠦᠢᠯᠡᠳᠦᠯᠭᠡᠵᠢᠬᠦᠯᠦᠨ᠂ ᠬᠡᠪ ᠴᠢᠨᠠᠷ ᠤᠨ ᠰᠤᠷᠭᠠᠨ ᠬᠦᠮᠦᠵᠢᠯ ᠢ ᠬᠦᠨᠵᠡᠭᠡᠢ ᠠᠬᠢᠭᠤᠯᠵᠤ᠂ ᠶᠤᠰᠤ ᠰᠤᠷᠳᠠᠬᠤᠨ᠂ | ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ | ᠵᠢᠷᠦᠮ ᠤᠨ ᠪᠦᠳᠦᠭᠡᠨ ᠪᠠᠶᠢᠭᠤᠯᠤᠭᠴᠢᠳ ᠪᠤᠯᠤᠨ ᠵᠠᠯᠭᠠᠮᠵᠢᠯᠠᠭᠴᠢᠳ ᠢ ᠬᠦᠮᠦᠵᠢᠬᠦᠯᠦᠨ᠎ᠡ᠃ ᠲᠦᠷᠢᠮ ᠲᠤᠭᠳᠠᠭᠠᠯ ᠢ | ᠲᠡᠬᠦᠯᠳᠡᠷᠵᠢᠬᠦᠯᠦᠨ᠂ ᠡᠷᠭᠡ ᠲᠡᠭᠰᠢ ᠲᠦᠪ ᠭᠤᠤᠯᠴᠢ ᠶᠢ ᠪᠠᠳᠤᠯᠠᠬᠤ ᠲᠡᠭᠡᠷ᠎ᠡ ᠬᠦᠴᠦ ᠪᠠᠨ ᠲᠠᠯᠪᠢᠨ᠎ᠠ᠃ ᠡᠷᠭᠡ | ᠲᠡᠭᠰᠢ ᠲᠦᠪ ᠭᠤᠤᠯᠴᠢ ᠶᠢ ᠠᠬᠢᠭᠤᠯᠬᠤ ᠪᠠᠷ ᠦᠭᠡᠷᠡᠴᠢᠯᠡᠯᠳᠡ ᠶᠢᠨ ᠦᠨᠳᠦᠰᠦᠨ ᠦᠷᠳᠡᠭ ᠤᠨ ᠴᠢᠭᠯᠡᠯ ᠪᠤᠯᠭᠠᠨ᠂ | ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠤᠭᠳᠠᠭᠠᠯ ᠢ ᠲᠡᠬᠦᠯᠳᠡᠷᠵᠢᠬᠦᠯᠦᠨ᠂ | ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠵᠤ᠂ ᠰᠢᠯᠭᠠᠯᠳᠠ ᠬᠢᠵᠤ ᠰᠤᠷᠤᠭᠴᠢ ᠡᠯᠰᠡᠬᠦ ᠠᠵᠠ ᠲᠤᠬᠢᠶᠠᠯ ᠨᠢ | ᠡᠷᠭᠡ ᠲᠡᠭᠰᠢ᠂ ᠲᠡᠰ ᠲᠠᠷᠠᠭᠠᠯᠠᠯ ᠨᠢ ᠢᠯᠡ ᠲᠤᠳᠤ᠂ ᠦᠷ᠎ᠡ ᠳ᠋ᠦᠩ ᠨᠢ ᠲᠦᠪ ᠭᠤᠤᠯᠴᠢ ᠪᠠᠶᠢᠬᠤ ᠶᠢ ᠦᠨᠡᠨᠬᠦ | ᠪᠠᠳᠤᠯᠠᠨ᠎ᠠ᠃ | ᠰᠢᠨᠵᠢᠯᠡᠬᠦ ᠤᠬᠠᠭᠠᠨᠴᠢ ᠪᠦᠭᠡᠳ ᠦᠨᠳᠦᠷ ᠪᠦᠳᠦᠮᠵᠢᠳᠡᠢ ᠪᠠᠶᠢᠬᠤ ᠶᠢ ᠢᠯᠡᠷᠡᠬᠦᠯᠦᠨ᠂ ᠰᠤᠩᠭᠤᠨ | ᠰᠢᠯᠭᠠᠷᠠᠭᠤᠯᠬᠤ ᠲᠦᠪᠰᠢᠨ ᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠰᠤᠩᠭᠤᠯᠳᠠ ᠬᠢᠬᠦ ᠡᠷᠭᠡ ᠶᠢ ᠨᠡᠮᠡᠭᠳᠡᠬᠦᠯᠦᠨ᠂ | ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠬᠤ ᠶᠢ ᠠᠬᠢᠭᠤᠯᠵᠤ᠂ ᠵᠠᠰᠠᠭ ᠤᠨ ᠤᠷᠳᠤᠨ ᠤ ᠬᠢᠨᠠᠯᠳᠠ | ᠲᠠᠯᠪᠢᠬᠤ ᠲᠤᠭᠳᠠᠴᠠ ᠶᠢ ᠲᠡᠬᠦᠯᠳᠡᠷᠵᠢᠬᠦᠯᠦᠨ᠂ ᠰᠢᠯᠭᠠᠯᠳᠠ ᠬᠢᠵᠤ ᠰᠤᠷᠤᠭᠴᠢ ᠡᠯᠰᠡᠬᠦ ᠠᠵᠢᠯ ᠤᠨ ᠦᠨᠳᠦᠷ ᠦᠷ᠎ᠡ | ᠪᠦᠳᠦᠮᠵᠢᠳᠠᠢ᠂ ᠡᠮᠬᠢ ᠲᠠᠷᠠᠭ᠎ᠠ ᠲᠠᠢ ᠶᠠᠪᠤᠭᠳᠠᠬᠤ ᠶᠢ ᠪᠠᠳᠤᠯᠠᠨ᠎ᠠ᠃ | ᠨᠢᠭᠡᠳᠦᠯᠳᠡᠢ ᠲᠦᠯᠦᠪᠵᠢᠬᠦᠯᠬᠦ ᠶᠢ ᠴᠢᠩᠭᠠᠳᠬᠠᠨ᠂ ᠢᠳᠡᠪᠬᠢᠳᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ | ᠃ ᠰᠠᠭᠤᠷᠢ ᠰᠤᠷᠭᠠᠨ ᠬᠦᠮᠦᠵᠢᠯ ᠠᠴᠠ ᠠᠪᠤᠭᠠᠳ ᠲᠡᠭᠡᠳᠤ ᠵᠡᠷᠭᠡ ᠶᠢᠨ ᠰᠤᠷᠭᠠᠨ ᠬᠦᠮᠦᠵᠢᠯ ᠬᠦᠷᠳᠡᠯ᠎ᠡ ᠰᠢᠯᠭᠠᠯᠳᠠ | ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠵᠢᠷᠤᠭᠯᠠᠨ ᠲᠦᠯᠦᠪᠯᠡᠵᠤ᠂ ᠡᠩ ᠤᠨ ᠰᠤᠷᠭᠠᠨ | ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠦᠷᠬᠦᠯᠵᠢᠯᠡᠭᠰᠡᠨ ᠰᠤᠷᠭᠠᠨ ᠬᠦᠮᠦᠵᠢᠯ ᠬᠤᠭᠤᠷᠤᠨᠳᠤ ᠪᠠᠨ | ᠵᠠᠯᠭᠠᠯᠳᠤᠨ ᠠᠭᠤᠰᠤᠯᠴᠠᠬᠤ ᠶᠢ ᠠᠬᠢᠭᠤᠯᠤᠨ᠂ ᠰᠢᠯᠭᠠᠯᠳᠠ ᠬᠢᠬᠦ᠂ ᠰᠤᠷᠤᠭᠴᠢ ᠡᠯᠰᠡᠬᠦ ᠪᠠ ᠬᠠᠮᠢᠶᠠᠷᠤᠯᠳᠠ ᠶᠢᠨ | ᠲᠦᠷᠢᠮ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠤᠷᠢᠳᠠᠪᠡᠷ | ᠲᠤᠷᠰᠢᠯᠳᠡ ᠶᠢᠨ ᠠᠵᠢᠯ ᠢ ᠶᠠᠪᠤᠭᠳᠠᠭᠤᠯᠤᠨ ᠲᠠᠷᠠᠭ᠎ᠠ ᠨᠢ ᠠᠯᠭᠤᠷ ᠢᠶᠠᠷ ᠠᠬᠢᠭᠤᠯᠤᠨ᠎ᠠ᠃ | ︵ᠭᠤᠷᠪᠠ︶ ᠶᠡᠷᠦᠩᠭᠡᠢ ᠬᠠᠷᠠᠯᠳᠠ | 2014 ᠤᠨ ᠳᠤ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ | ᠲᠤᠷᠰᠢᠯᠳᠠ ᠶᠢᠨ ᠴᠡᠭ ᠤᠨ ᠠᠵᠢᠯ ᠢ ᠬᠢᠵᠤ᠂ 2017 ᠤᠨ ᠪᠤᠯᠬᠤ ᠳᠤ ᠪᠦᠬᠦ ᠲᠠᠯ᠎ᠠ ᠪᠠᠷ ᠠᠬᠢᠭᠤᠯᠤᠨ᠂ 2020 | ᠤᠨ ᠪᠤᠯᠬᠤ ᠳᠤ ᠲᠤᠮᠳᠠᠳᠤ ᠤᠯᠤᠰ ᠤᠨ ᠤᠨᠴᠠᠯᠢᠭ ᠲᠠᠢ ᠤᠳᠤ ᠦᠶ᠎ᠡ ᠶᠢᠨ ᠰᠤᠷᠭᠠᠨ ᠬᠦᠮᠦᠵᠢᠯ ᠤᠨ ᠰᠢᠯᠭᠠᠯᠳᠠ | ᠬᠢᠵᠤ ᠰᠤᠷᠤᠭᠴᠢ ᠡᠯᠰᠡᠬᠦ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠲᠦᠷᠦᠯ ᠬᠤᠪᠢᠶᠠᠨ ᠰᠢᠯᠭᠠᠬᠤ᠂ | ᠶᠡᠷᠦᠩᠭᠡᠶᠢᠯᠡᠨ ᠦᠨᠡᠯᠡᠬᠦ᠂ ᠤᠯᠠᠨ ᠠᠷᠭ᠎ᠠ ᠬᠡᠯᠪᠡᠷᠢ ᠪᠠᠷ ᠰᠤᠷᠤᠭᠴᠢ ᠡᠯᠰᠡᠬᠦ ᠵᠠᠭᠪᠤᠷ ᠢ ᠪᠤᠢ ᠪᠤᠯᠭᠠᠨ᠂ ᠡᠷᠭᠡ | ᠲᠡᠭᠰᠢ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠵᠤ᠂ ᠡᠷᠴᠢᠮᠯᠢᠭ᠌ ᠬᠢᠨᠠᠯᠳᠠ | ᠲᠠᠯᠪᠢᠭᠰᠠᠨ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠦᠨ᠂ ᠡᠯ᠎ᠡ ᠱᠠᠳᠤᠨ ᠤ ᠡᠯ᠎ᠡ ᠲᠦᠷᠦᠯ ᠤᠨ | ᠰᠤᠷᠭᠠᠨ ᠬᠦᠮᠦᠵᠢᠯ ᠬᠠᠷᠢᠯᠴᠠᠨ ᠵᠠᠯᠭᠠᠯᠳᠤᠨ ᠤᠶᠠᠯᠳᠤᠵᠤ᠂ ᠰᠤᠷᠤᠯᠴᠠᠭᠰᠠᠨ ᠬᠢᠷᠢ ᠪᠦᠳᠦᠮᠵᠢ ᠶᠢ ᠮᠡᠳᠡᠷᠡᠭᠰᠡᠨ | ᠨᠠᠰᠤᠨ ᠲᠤᠷᠰᠢᠳᠠ ᠰᠤᠷᠤᠯᠴᠠᠬᠤ ᠡᠯ᠎ᠡ ᠵᠦᠢᠯ ᠤᠨ ︽ᠵᠦᠷᠢᠯᠢᠭ ᠬᠦᠬᠦᠷᠭᠡ︾ ᠶᠢ ᠪᠠᠶᠢᠭᠤᠯᠤᠨ᠎ᠠ᠃ | ᠬᠤᠶᠠᠷ᠂ ᠭᠤᠤᠯ ᠡᠬᠦᠷᠭᠡ ᠪᠠ ᠠᠷᠭ᠎ᠠ ᠪᠠᠷᠢᠯ | ︵ᠨᠢᠭᠡ︶ ᠰᠤᠷᠤᠭᠴᠢ ᠡᠯᠰᠡᠬᠦ ᠲᠦᠯᠦᠪᠯᠡᠭᠡ ᠶᠢ ᠬᠤᠪᠢᠶᠠᠷᠢᠯᠠᠬᠤ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ | | 1. ᠲᠤᠮᠳᠠᠳᠤ ᠪᠠᠷᠠᠭᠤᠨ ᠬᠡᠰᠡᠭ ᠤᠨ ᠭᠠᠵᠠᠷ ᠤᠷᠤᠨ ᠪᠤᠯᠤᠨ ᠬᠦᠮᠦᠨ ᠠᠮᠠ ᠪᠠᠷ ᠤᠯᠠᠨ ᠮᠤᠵᠢ ᠶᠢᠨ | ᠨᠢᠭᠡᠳᠦᠯᠳᠡᠢ ᠰᠢᠯᠭᠠᠯᠳᠠ ᠶᠢᠨ ᠰᠤᠷᠤᠭᠴᠢ ᠡᠯᠰᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠢᠷᠡᠯᠳᠡ | ᠠᠷᠪᠢᠨ ᠪᠠ ᠰᠤᠷᠭᠠᠭᠤᠯᠢ ᠡᠷᠬᠢᠯᠡᠬᠦ ᠨᠦᠬᠦᠴᠡᠯ᠂ ᠲᠡᠬᠦᠰᠦᠭᠰᠡᠨ ᠰᠤᠷᠤᠭᠴᠢ ᠶᠢᠨ ᠠᠵᠢᠯ ᠤᠯᠬᠤ ᠪᠠᠶᠢᠳᠠᠯ ᠵᠡᠷᠭᠡ | ᠡᠯᠧᠮᠧᠨ᠋ᠲ ᠢ ᠶᠡᠷᠦᠩᠭᠡᠶᠢᠯᠡᠨ ᠪᠤᠳᠤᠯᠬᠢᠯᠠᠵᠤ᠂ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠳᠠᠭᠠᠬᠤ ᠠᠷᠭ᠎ᠠ | ᠪᠠᠷᠢᠯ ᠢ ᠲᠡᠬᠦᠯᠳᠡᠷᠵᠢᠬᠦᠯᠦᠨ᠂ ᠲᠡᠭᠡᠳᠤ ᠵᠡᠷᠭᠡ ᠶᠢᠨ ᠰᠤᠷᠭᠠᠭᠤᠯᠢ ᠶᠢ ᠱᠠᠯᠠᠪᠳᠠᠭᠤᠯᠤᠨ ᠰᠤᠷᠤᠭᠴᠢ ᠡᠯᠰᠡᠬᠦ | ᠲᠦᠯᠦᠪᠯᠡᠭᠡ ᠶᠢ ᠡᠷᠡᠰ ᠢᠶᠠᠷ ᠬᠡᠷᠡᠭᠵᠢᠬᠦᠯᠬᠦ ᠶᠢ ᠱᠠᠭᠠᠷᠳᠠᠨ᠎ᠠ᠃ ᠲᠤᠮᠳᠠ ᠪᠠᠷᠠᠭᠤᠨ ᠬᠡᠰᠡᠭ ᠤᠨ ᠭᠠᠵᠠᠷ ᠤᠷᠤᠨ ᠤ | ᠰᠤᠷᠤᠭᠴᠢ ᠡᠯᠰᠡᠬᠦ ᠶᠢ ᠲᠡᠮᠵᠢᠬᠦ ᠬᠠᠮᠵᠢᠯᠴᠠᠭ᠎ᠠ ᠶᠢᠨ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ ᠵᠠᠬᠦᠨ | ᠭᠡᠰᠡᠭ ᠤᠨ ᠭᠠᠵᠠᠷ ᠤᠷᠤᠨ ᠤ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠳᠤ | ᠲᠤᠮᠳᠠᠳᠤ ᠪᠠᠷᠠᠭᠤᠨ ᠭᠡᠰᠡᠭ ᠤᠨ ᠭᠠᠵᠠᠷ ᠤᠷᠤᠨ ᠠᠴᠠ ᠰᠤᠷᠤᠭᠴᠢ ᠡᠯᠰᠡᠬᠦ ᠲᠤᠭ᠎ᠠ ᠶᠢ ᠲᠤᠰᠬᠠᠢ ᠲᠤᠬᠢᠷᠠᠭᠤᠯᠤᠨ᠎ᠠ᠃ | ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ ᠲᠡᠭᠡᠳᠤ ᠵᠡᠷᠭᠡ ᠶᠢᠨ ᠰᠤᠷᠭᠠᠭᠤᠯᠢ ᠢᠯᠡ ᠪᠠᠷ | ᠰᠤᠷᠤᠭᠴᠢ ᠡᠯᠰᠡᠬᠦ ᠲᠤᠭ᠎ᠠ ᠶᠢ ᠬᠤᠪᠢᠶᠠᠷᠢᠯᠠᠬᠤ ᠵᠠᠷᠴᠢᠮ ᠪᠠ ᠠᠷᠭ᠎ᠠ ᠪᠠᠷ ᠮᠤᠵᠢ ᠬᠤᠪᠶᠠᠨ ᠰᠤᠷᠤᠭᠴᠢ ᠡᠯᠰᠡᠬᠦ | ᠲᠦᠯᠦᠪᠯᠡᠭᠡ ᠪᠠᠨ ᠵᠤᠬᠢᠰᠳᠠᠢ ᠲᠤᠭᠳᠠᠭᠠᠵᠤ᠂ ᠬᠠᠷᠢᠶᠠᠯᠠᠭᠳᠠᠬᠤ ᠭᠠᠵᠠᠷ ᠤᠷᠤᠨ ᠤ ᠰᠤᠷᠤᠭᠴᠢ ᠶᠢ ᠡᠯᠰᠡᠬᠦ ᠲᠤᠭ᠎ᠠ ᠶᠢ | ᠡᠷᠡᠰ ᠬᠢᠵᠠᠭᠠᠷᠯᠠᠨ᠎ᠠ᠃ 2017 ᠤᠨ ᠪᠤᠯᠬᠤ ᠳᠤ ᠰᠤᠷᠤᠭᠴᠢ ᠡᠯᠰᠡᠬᠦ ᠨᠤᠷᠮ᠎ᠠ ᠪᠠᠷ ᠬᠠᠮᠤᠭ ᠤᠨ ᠲᠤᠤᠷ᠎ᠠ ᠮᠤᠵᠢ ᠶᠢ | ᠪᠦᠬᠦ ᠤᠯᠤᠰ ᠤᠨ ᠲᠡᠭᠰᠢᠳᠭᠡᠭᠰᠡᠨ ᠲᠦᠪᠰᠢᠨ ᠤ ᠵᠦᠷᠢᠶ᠎ᠡ ᠠᠴᠠ 2013 ᠤᠨ ᠳᠤ ᠵᠠᠭᠤᠨ ᠤ ᠬᠠᠷᠢᠴᠠᠯ ᠢᠶᠠᠷ 6 | ᠬᠤᠪᠢ ᠪᠠᠶᠢᠭᠰᠠᠨ ᠢ ᠵᠠᠭᠤᠨ ᠤ ᠬᠠᠷᠢᠴᠠᠯ ᠢᠶᠠᠷ 4 ᠬᠤᠪᠢ ᠪᠤᠯᠭᠠᠨ᠎ᠠ᠃ | 2. ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠶᠡᠭᠡ ᠰᠤᠷᠭᠠᠭᠤᠯᠢ ᠳᠤ ᠤᠷᠤᠬᠤ | ᠲᠤᠭ᠎ᠠ ᠶᠢ ᠨᠡᠮᠡᠭᠳᠡᠬᠦᠯᠦᠨ᠎ᠡ᠃ ᠤᠯᠤᠰ ᠠᠴᠠ ᠬᠦᠳᠡᠭᠡ ᠲᠤᠰᠬᠤᠨ ᠤ ᠶᠠᠳᠠᠭᠤ ᠬᠦᠴᠢᠷᠳᠠᠢ ᠭᠠᠵᠠᠷ ᠤᠷᠤᠨ ᠳᠤ | ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠢ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ | ᠭᠤᠤᠯᠳᠠᠯᠭ᠎ᠠ ᠲᠠᠢ ᠶᠡᠭᠡ ᠰᠤᠷᠭᠠᠭᠤᠯᠢ ᠨᠤᠭᠤᠳ ᠶᠠᠳᠠᠭᠤ ᠬᠦᠴᠢᠷᠳᠡᠢ ᠭᠠᠵᠠᠷ ᠤᠷᠤᠨ ᠳᠤ ᠬᠠᠨᠳᠤᠭᠤᠯᠤᠨ | ᠬᠠᠨᠳᠤᠯᠭ᠎ᠠ ᠲᠠᠢ ᠪᠠᠷ ᠰᠤᠷᠤᠭᠴᠢ ᠡᠯᠰᠡᠨ᠎ᠡ᠃ ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ | ᠲᠡᠭᠡᠳᠤ ᠵᠡᠷᠭᠡ ᠶᠢᠨ ᠰᠤᠷᠭᠠᠭᠤᠯᠢ᠂ ᠮᠤᠵᠢ ᠳᠤ ᠬᠠᠷᠢᠶᠠᠯᠠᠭᠳᠠᠵᠤ ᠪᠠᠶᠢᠭ᠎ᠠ ᠭᠤᠤᠯᠳᠠᠯᠭ᠎ᠠ ᠲᠠᠢ ᠲᠡᠭᠡᠳᠤ ᠵᠡᠷᠭᠡ ᠶᠢᠨ | ᠰᠤᠷᠭᠠᠭᠤᠯᠢ ᠵᠤᠬᠢᠬᠤ ᠬᠠᠷᠢᠴᠠᠯ ᠪᠦᠬᠦᠢ ᠰᠤᠷᠤᠭᠴᠢ ᠡᠯᠰᠡᠬᠦ ᠤᠷᠤᠨ ᠲᠤᠭ᠎ᠠ ᠭᠠᠷᠭᠠᠵᠤ ᠪᠤᠶᠢᠳᠠ ᠪᠦᠭᠯᠡᠬᠦᠦ᠂ | ᠶᠠᠳᠠᠭᠤ ᠬᠦᠴᠢᠷᠳᠠᠢ᠂ ᠦᠨᠳᠦᠰᠦᠳᠡᠨ ᠤ ᠭᠠᠵᠠᠷ ᠤᠷᠤᠨ ᠤ ᠬᠦᠳᠡᠭᠡ ᠲᠤᠰᠬᠤᠨ ᠤ ᠰᠢᠯᠢᠳᠡᠭ ᠰᠤᠷᠤᠭᠴᠢ ᠶᠢ | ᠡᠯᠰᠡᠨ᠎ᠡ᠃ 2017 ᠤᠨ ᠪᠤᠯᠬᠤ ᠳᠤ ᠶᠠᠳᠠᠭᠤ ᠬᠦᠴᠢᠷᠳᠡᠢ ᠭᠠᠵᠠᠷ ᠤᠷᠤᠨ ᠤ ᠬᠦᠳᠡᠭᠡ ᠲᠤᠰᠬᠤᠨ ᠤ | ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠳᠤ ᠤᠷᠤᠬᠤ ᠲᠤᠭ᠎ᠠ ᠶᠢ ᠮᠡᠳᠡᠭᠳᠡᠮ᠎ᠡ | ᠨᠡᠮᠡᠭᠳᠡᠬᠦᠯᠦᠨ᠂ ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠳᠤ | ᠤᠷᠤᠬᠤ ᠶᠢ ᠪᠠᠳᠤᠯᠠᠬᠤ ᠤᠷᠳᠤ ᠬᠤᠭᠤᠴᠠᠭᠠᠳᠤ ᠲᠤᠭᠳᠠᠴᠠ ᠶᠢ ᠪᠤᠢ ᠪᠤᠯᠭᠠᠨ᠎ᠠ᠃ | 3. ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠲᠡᠬᠦᠯᠳᠡᠷᠵᠢᠬᠦᠯᠦᠨ᠂ | ᠰᠤᠷᠭᠠᠭᠤᠯᠢ ᠰᠤᠩᠭᠤᠬᠤ ᠠᠰᠠᠭᠤᠳᠠᠯ ᠢ ᠰᠢᠢᠳᠪᠦᠷᠢᠯᠡᠨ᠎ᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠡᠩᠴᠡᠬᠦᠷᠢ ᠲᠠᠢ ᠬᠦᠭᠵᠢᠯᠳᠡ ᠶᠢ ᠠᠬᠢᠭᠤᠯᠤᠨ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠢ ᠬᠦᠷᠳᠡᠬᠦ ᠰᠤᠷᠤᠭᠴᠢ ᠶᠢ ᠰᠢᠯᠭᠠᠬᠤ ᠦᠭᠡᠢ ᠪᠠᠷ ᠰᠤᠷᠭᠠᠭᠤᠯᠢ ᠳᠤ ᠤᠷᠤᠭᠤᠯᠬᠤ ᠪᠤᠳᠠᠳᠠᠢ ᠠᠷᠭ᠎ᠠ ᠶᠢ | ᠲᠡᠬᠦᠯᠳᠡᠷᠵᠢᠬᠦᠯᠦᠨ᠂ ᠰᠤᠷᠬᠤ ᠲᠤᠭᠤᠷᠢᠭ ᠤᠨ ᠲᠦᠷᠢᠮ ᠪᠤᠯᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠢᠵᠢᠯ ᠲᠦᠷᠦᠯ ᠢᠶᠠᠷ ᠰᠤᠷᠤᠭᠴᠢ ᠡᠯᠰᠡᠬᠦ ᠲᠦᠷᠢᠮ ᠢ ᠬᠡᠷᠡᠭᠵᠢᠬᠦᠯᠦᠨ᠎ᠡ᠃ ᠦᠨᠳᠦᠷ ᠲᠤᠮᠳᠠᠳᠤ ᠶᠢᠨ | ᠱᠠᠳᠤᠨ ᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ | ᠡᠩ ᠤᠨ ᠰᠢᠯᠢᠳᠡᠭ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠪᠤᠯᠤᠨ ᠲᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ ᠶᠢ ᠤᠷᠤᠨ ᠲᠤᠭᠤᠷᠢᠭ ᠤᠨ ᠠᠩᠬ᠎ᠠ ᠵᠡᠷᠭᠡ ᠶᠢᠨ | ᠲᠤᠮᠳᠠᠳᠤ ᠰᠤᠷᠭᠠᠭᠤᠯᠢ ᠨᠤᠭᠤᠳ ᠲᠤ ᠵᠤᠬᠢᠰᠳᠠᠢ ᠬᠤᠪᠢᠶᠠᠷᠢᠯᠠᠨ ᠦᠭᠬᠦ ᠠᠷᠭ᠎ᠠ ᠶᠢ ᠬᠡᠷᠡᠭᠵᠢᠬᠦᠯᠦᠨ᠎ᠡ᠃ ᠬᠤᠳᠠ | ᠤᠷᠤᠭᠰᠠᠨ ᠬᠦᠯᠦᠰᠦᠨ ᠠᠵᠢᠯᠴᠢᠨ ᠤ ᠲᠠᠭᠠᠵᠤ ᠢᠷᠡᠭᠰᠡᠨ ᠦᠷ᠎ᠡ ᠬᠡᠦᠭᠡᠳ ᠤᠨ ᠰᠤᠷᠭᠠᠭᠤᠯᠢ ᠳᠤ ᠤᠷᠤᠬᠤ ᠪᠠ | ᠰᠤᠷᠭᠠᠭᠤᠯᠢ ᠲᠡᠪᠰᠢᠬᠦ ᠰᠢᠯᠭᠠᠯᠳᠠ ᠶᠢᠨ ᠲᠦᠷᠦ ᠶᠢᠨ ᠪᠤᠳᠤᠯᠭ᠎ᠠ ᠪᠠ ᠠᠷᠭ᠎ᠠ ᠪᠠᠷᠢᠯ ᠢ ᠴᠢᠨᠠᠭᠰᠢᠳᠠ | ᠲᠡᠬᠦᠯᠳᠡᠷᠵᠢᠬᠦᠯᠵᠤ ᠬᠡᠷᠡᠭᠵᠢᠬᠦᠯᠦᠨ᠎ᠡ᠃ | ︵ᠬᠤᠶᠠᠷ︶ ᠰᠢᠯᠭᠠᠯᠳᠠ ᠶᠢᠨ ᠬᠡᠯᠪᠡᠷᠢ ᠪᠤᠯᠤᠨ ᠠᠭᠤᠯᠭ᠎ᠠ ᠶᠢ ᠦᠭᠡᠷᠡᠴᠢᠯᠡᠨ᠎ᠡ | 1. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ | ᠲᠡᠬᠦᠯᠳᠡᠷᠵᠢᠬᠦᠯᠦᠨ᠎ᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠪᠤᠯ ᠭᠤᠤᠯᠳᠠᠭᠤ ᠰᠤᠷᠤᠭᠴᠢ ᠶᠢᠨ | ᠰᠤᠷᠤᠯᠴᠠᠭᠰᠠᠨ ᠬᠢᠷᠢ ᠬᠡᠮᠵᠢᠶ᠎ᠡ ᠶᠢ ᠰᠢᠯᠭᠠᠭᠰᠠᠨ ᠪᠠᠶᠢᠴᠠᠭᠠᠯᠳᠠ ᠪᠤᠯᠤᠨ᠎ᠠ᠂ ᠡᠨᠡ ᠨᠢ ᠰᠤᠷᠤᠭᠴᠢ ᠶᠢᠨ ᠲᠡᠬᠦᠰᠬᠦ ᠪᠠ | ᠰᠤᠷᠭᠠᠭᠤᠯᠢ ᠲᠡᠪᠰᠢᠬᠦ ᠳᠤ ᠴᠢᠬᠤᠯᠠ ᠬᠡᠷᠡᠴᠢ ᠪᠠᠷᠢᠮᠳᠠ ᠪᠤᠯᠬᠤ ᠶᠤᠮ᠃ ᠰᠢᠯᠭᠠᠯᠳᠠ ᠶᠢᠨ ᠬᠦᠷᠢᠶ᠎ᠡ ᠬᠡᠪᠴᠢᠶ᠎ᠡ ᠨᠢ | ᠤᠯᠤᠰ ᠤᠨ ᠲᠤᠭᠳᠠᠭᠠᠭᠰᠠᠨ ᠪᠤᠢ ᠪᠦᠬᠦᠢ ᠰᠤᠷᠤᠯᠴᠠᠬᠤ ᠬᠢᠴᠢᠶᠠᠯ ᠲᠦᠷᠦᠯ ᠢ ᠪᠠᠭᠳᠠᠭᠠᠵᠤ᠂ ᠰᠤᠷᠤᠭᠴᠢᠳ ᠢ | ᠬᠦᠳᠦᠯᠦᠨ ᠵᠢᠯᠤᠭᠤᠳᠴᠤ ᠬᠢᠴᠢᠶᠠᠯ ᠪᠦᠬᠦᠨ ᠢ ᠬᠢᠨᠠᠮᠠᠭᠠᠢ ᠰᠤᠷᠤᠯᠴᠠᠭᠤᠯᠤᠨ᠂ ᠬᠦᠨᠳᠤ ᠨᠤᠴᠢᠳᠠᠢ ᠪᠠᠷ ᠬᠢᠴᠢᠶᠠᠯ | ᠭᠤᠯᠤᠬᠤ ᠠᠴᠠ ᠵᠠᠶᠢᠯᠠᠰᠬᠢᠯᠭᠡᠨᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ ᠮᠤᠵᠢ ᠶᠢᠨ ᠱᠠᠳᠤᠨ ᠤ ᠰᠤᠷᠭᠠᠨ | ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠠᠴᠠ ᠤᠯᠤᠰ ᠤᠨ ᠬᠢᠴᠢᠶᠡᠯᠡᠯᠭᠡ ᠶᠢᠨ ᠪᠠᠷᠢᠮᠵᠢᠶ᠎ᠠ ᠪᠤᠯᠤᠨ | ᠰᠢᠯᠭᠠᠯᠳᠠ ᠶᠢᠨ ᠱᠠᠭᠠᠷᠳᠠᠯᠭ᠎ᠠ ᠪᠠᠷ ᠵᠤᠬᠢᠶᠠᠨ ᠪᠠᠶᠢᠭᠤᠯᠵᠤ ᠶᠠᠪᠤᠭᠳᠠᠭᠤᠯᠤᠨ᠂ ᠰᠢᠯᠭᠠᠯᠳᠠ ᠨᠢ ᠠᠮᠤᠷ ᠲᠦᠪᠰᠢᠨ | ᠪᠦᠭᠡᠳ ᠡᠮᠬᠢ ᠲᠠᠷᠠᠭ᠎ᠠ ᠲᠠᠢ᠂ ᠬᠢᠷᠢ ᠪᠦᠳᠦᠮᠵᠢ ᠨᠢ ᠦᠨᠡᠨ ᠪᠤᠳᠠᠳᠠᠢ ᠢᠳᠡᠭᠡᠮᠵᠢᠳᠡᠢ ᠪᠠᠶᠢᠬᠤ ᠶᠢ ᠪᠠᠳᠤᠯᠠᠨ᠎ᠠ᠃ | ᠡᠯ᠎ᠡ ᠭᠠᠵᠠᠷ ᠤᠷᠤᠨ ᠡᠷᠬᠡᠪᠰᠢ ᠬᠢᠴᠢᠶᠡᠯᠡᠯᠭᠡ ᠶᠢᠨ ᠠᠬᠢᠴᠠ ᠪᠤᠯᠤᠨ ᠰᠢᠯᠭᠠᠯᠳᠠ ᠶᠢᠨ ᠴᠠᠭ ᠢᠶᠠᠨ ᠵᠦᠢ ᠵᠤᠬᠢᠰᠳᠠᠢ | ᠲᠤᠬᠢᠷᠠᠭᠤᠯᠵᠤ᠂ ᠠᠳᠠᠯᠢ ᠨᠢᠭᠡ ᠬᠢᠴᠢᠶᠡᠯ ᠲᠦᠷᠦᠯ ᠤᠨ ᠰᠢᠯᠭᠠᠯᠳᠠ ᠶᠢ ᠬᠤᠶᠠᠷ ᠤᠳᠠᠭ᠎ᠠ ᠤᠷᠤᠯᠴᠠᠵᠤ ᠪᠤᠯᠬᠤ | ᠰᠤᠷᠤᠭᠴᠢ ᠳᠤ ᠦᠨᠡᠨᠬᠦ ᠨᠦᠬᠦᠴᠡᠯ ᠪᠦᠷᠢᠯᠳᠤᠬᠦᠯᠵᠤ ᠪᠠᠶᠢᠭᠠᠳ ᠠᠵᠠ ᠲᠤᠬᠢᠶᠠᠯ ᠬᠠᠩᠭᠠᠨ ᠦᠭᠬᠦ ᠬᠡᠷᠡᠭᠳᠡᠢ᠃ | 2014 ᠤᠨ ᠳᠤ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ | ᠲᠡᠬᠦᠯᠳᠡᠷᠵᠢᠬᠦᠯᠬᠦ ᠲᠤᠬᠠᠢ ᠵᠢᠯᠤᠭᠤᠳᠬᠤ ᠰᠠᠨᠠᠯ ᠢ ᠨᠡᠶᠢᠳᠡᠯᠡᠨ᠎ᠡ᠃ | 2. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ | ᠦᠨᠡᠯᠡᠯᠳᠡ ᠶᠢ ᠲᠦᠷᠢᠮᠵᠢᠬᠦᠯᠦᠨ᠎ᠡ᠃ ᠶᠡᠷᠦᠩᠭᠡᠢ ᠬᠡᠪ ᠴᠢᠨᠠᠷ ᠤᠨ ᠦᠨᠡᠯᠡᠯᠳᠡ ᠨᠢ ᠭᠤᠤᠯᠳᠠᠭᠤ ᠰᠤᠷᠤᠭᠴᠢ ᠶᠢᠨ | ᠶᠤᠰᠤ ᠰᠤᠷᠳᠠᠬᠤᠨ᠂ ᠤᠶᠦᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠶᠢᠨ | ᠬᠦᠭᠵᠢᠯᠳᠡ ᠶᠢᠨ ᠪᠠᠶᠢᠳᠠᠯ ᠢ ᠲᠤᠰᠬᠠᠵᠤ᠂ ᠰᠤᠷᠤᠭᠴᠢ ᠶᠢᠨ ᠲᠡᠬᠦᠰᠬᠦ ᠪᠠ ᠰᠤᠷᠭᠠᠭᠤᠯᠢ ᠲᠡᠪᠰᠢᠬᠦ ᠳᠤ ᠴᠢᠬᠤᠯᠠ | ᠯᠠᠪᠯᠠᠯᠳᠠ ᠪᠤᠯᠬᠤ ᠶᠤᠮ᠃ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ ᠲᠦᠷᠢᠮᠵᠢᠭᠰᠡᠨ ᠲᠡᠩᠰᠠ ᠡᠪᠬᠡᠮᠡᠯ ᠢ | ᠪᠠᠶᠢᠭᠤᠯᠵᠤ᠂ ᠰᠤᠷᠤᠭᠴᠢ ᠶᠢᠨ ᠦᠰᠦᠯᠳᠡ ᠪᠤᠶᠢᠵᠢᠯᠳᠡ ᠶᠢᠨ ᠶᠠᠪᠤᠴᠠ ᠳᠠᠬᠢ ᠲᠤᠪᠤᠶᠢᠮ᠎ᠠ ᠢᠯᠡᠷᠡᠯ ᠢ | ᠪᠤᠰᠤᠳᠴᠢ ᠪᠠᠷ ᠲᠡᠮᠳᠡᠭᠯᠡᠨ᠂ ᠨᠡᠶᠢᠭᠡᠮ ᠤᠨ ᠬᠠᠷᠢᠭᠤᠴᠠᠯᠭᠠᠳᠤ ᠰᠡᠳᠬᠢᠯᠭᠡ᠂ ᠪᠦᠳᠦᠭᠡᠯᠴᠢ ᠵᠤᠷᠢᠭ ᠰᠠᠨᠠᠭ᠎ᠠ ᠪᠤᠯᠤᠨ | ᠦᠢᠯᠡᠳᠦᠯᠭᠡ ᠶᠢᠨ ᠴᠢᠳᠠᠪᠤᠷᠢ ᠶᠢ ᠴᠢᠬᠤᠯᠠᠴᠢᠯᠠᠨ᠎ᠠ᠃ ᠡᠬᠦᠨ ᠳᠤ ᠭᠤᠤᠯᠳᠠᠭᠤ ᠰᠤᠷᠤᠭᠴᠢ ᠶᠢᠨ ᠦᠵᠡᠯ ᠰᠠᠨᠠᠭ᠎ᠠ | ᠶᠤᠰᠤ ᠰᠤᠷᠳᠠᠬᠤᠨ᠂ ᠰᠤᠷᠤᠯᠭ᠎ᠠ ᠶᠢᠨ ᠲᠦᠪᠰᠢᠨ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ᠂ ᠲᠤᠷ᠎ᠠ ᠪᠠᠬ᠎ᠠ | ᠦᠪᠡᠷᠮᠢᠴᠡ ᠴᠢᠳᠠᠪᠤᠷᠢ᠂ ᠨᠡᠶᠢᠭᠡᠮ ᠤᠨ ᠦᠢᠯᠡᠳᠦᠯᠭᠡ ᠵᠡᠷᠭᠡ ᠠᠭᠤᠯᠭ᠎ᠠ ᠶᠢ ᠪᠠᠭᠳᠠᠭᠠᠨ᠎ᠠ᠃ ᠲᠡᠰ ᠲᠠᠷᠠᠭᠠᠯᠠᠯ ᠢ | ᠴᠢᠩᠳᠠᠯᠠᠨ᠂ ᠬᠢᠨᠠᠯᠳᠠ ᠲᠠᠯᠪᠢᠬᠤ ᠶᠢ ᠴᠢᠩᠭᠠᠳᠬᠠᠵᠤ᠂ ᠢᠯᠡ ᠲᠤᠳᠤ ᠶᠢ ᠪᠠᠳᠤᠯᠠᠨ᠂ ᠠᠭᠤᠯᠭ᠎ᠠ ᠨᠢ ᠦᠨᠡᠨ | ᠪᠤᠳᠠᠳᠠᠢ ᠵᠦᠪ ᠤᠨᠤᠪᠴᠢᠳᠠᠢ ᠪᠠᠶᠢᠬᠤ ᠶᠢ ᠪᠠᠳᠤᠯᠠᠨ᠎ᠠ᠃ 2014 ᠤᠨ ᠳᠤ ᠦᠨᠳᠦᠷ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠢ ᠦᠨᠡᠯᠡᠬᠦ ᠶᠢ ᠲᠦᠷᠢᠮᠵᠢᠬᠦᠯᠬᠦ ᠲᠤᠬᠠᠢ ᠵᠢᠯᠤᠭᠤᠳᠬᠤ | ᠰᠠᠨᠠᠯ ᠢ ᠨᠡᠶᠢᠳᠡᠯᠡᠨ᠎ᠡ᠃ ᠡᠯ᠎ᠡ ᠮᠤᠵᠢ ︵ᠦᠪᠡᠷᠳᠡᠭᠡᠨ ᠵᠠᠰᠠᠬᠤ ᠤᠷᠤᠨ᠂ ᠬᠤᠳᠠ︶ ᠶᠡᠷᠦᠩᠭᠡᠢ ᠬᠡᠪ ᠴᠢᠨᠠᠷ ᠢ | ᠦᠨᠡᠯᠡᠬᠦ ᠦᠨᠳᠦᠰᠦᠨ ᠱᠠᠭᠠᠷᠳᠠᠯᠭ᠎ᠠ ᠶᠢ ᠲᠤᠭᠳᠠᠭᠠᠭᠰᠠᠨ ᠤ ᠲᠠᠷᠠᠭ᠎ᠠ ᠰᠤᠷᠭᠠᠭᠤᠯᠢ ᠶᠢ ᠵᠤᠬᠢᠶᠠᠨ ᠪᠠᠶᠢᠭᠤᠯᠵᠤ | ᠬᠡᠷᠡᠭᠵᠢᠬᠦᠯᠦᠨ᠎ᠡ᠃ | 3. ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠲᠦᠷᠦᠯ ᠬᠤᠪᠢᠶᠠᠨ | ᠰᠢᠯᠭᠠᠯᠳᠠ ᠬᠢᠬᠦ ᠶᠢ ᠲᠦᠷᠭᠡᠳᠭᠡᠨ ᠠᠬᠢᠭᠤᠯᠤᠨ᠎ᠠ᠃ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠶᠢ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠠᠴᠠ | ᠬᠠᠷᠢᠴᠠᠩᠭᠤᠢ ᠪᠠᠷ ᠰᠠᠯᠭᠠᠵᠤ᠂ ︽ᠰᠤᠶᠤᠯ ᠤᠨ ᠬᠡᠪ ᠴᠢᠨᠠᠷ + ᠮᠡᠷᠭᠡᠵᠢᠯ ᠴᠢᠳᠠᠪᠤᠷᠢ︾ ᠶᠢ ᠦᠨᠡᠯᠡᠬᠦ ᠠᠷᠭ᠎ᠠ ᠶᠢ | ᠬᠡᠷᠡᠭᠵᠢᠬᠦᠯᠦᠨ᠎ᠡ᠃ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ | ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠤᠷᠤᠬᠤ ᠳᠤ ᠰᠤᠶᠤᠯ ᠤᠨ ᠰᠠᠭᠤᠷᠢ ᠮᠡᠳᠡᠯᠭᠡ | ᠪᠤᠯᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ ᠬᠢᠨᠠᠨ ᠰᠢᠯᠭᠠᠯᠳᠠ ᠳᠤ ᠤᠷᠤᠯᠴᠠᠨ᠎ᠠ᠃ ᠡᠩ ᠤᠨ ᠦᠨᠳᠦᠷ | ᠵᠡᠷᠭᠡ ᠶᠢᠨ ᠲᠤᠮᠳᠠᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ | ᠲᠡᠭᠡᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ ᠳᠤ ᠤᠷᠤᠬᠤ ᠳᠤ ᠮᠡᠷᠭᠡᠵᠢᠯ ᠴᠢᠳᠠᠪᠤᠷᠢ ᠶᠢᠨ ᠬᠢᠨᠠᠨ ᠰᠢᠯᠭᠠᠯᠳᠠ ᠳᠤ ᠤᠷᠤᠯᠴᠠᠵᠤ᠂ ᠰᠤᠶᠤᠯ ᠤᠨ ᠬᠡᠪ | ᠴᠢᠨᠠᠷ ᠤᠨ ᠬᠢᠷᠢ ᠪᠦᠳᠦᠮᠵᠢ ᠶᠢ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ | ᠰᠢᠯᠭᠠᠯᠳᠠ ᠶᠢᠨ ᠬᠢᠷᠢ ᠪᠦᠳᠦᠮᠵᠢ ᠪᠠᠷ ᠤᠷᠤᠯᠠᠭᠤᠯᠤᠨ᠂ ᠶᠡᠷᠦᠩᠭᠡᠢ ᠬᠡᠪ ᠴᠢᠨᠠᠷ ᠤᠨ ᠦᠨᠡᠯᠡᠯᠳᠡ ᠶᠢᠨ ᠬᠢᠨᠠᠨ | ᠰᠢᠯᠭᠠᠯᠳᠠ ᠳᠤ ᠤᠷᠤᠯᠴᠠᠨ᠎ᠠ᠃ ᠰᠤᠷᠤᠭᠴᠢᠳ ᠨᠢᠭᠡᠳᠦᠯᠳᠡᠢ ᠰᠢᠯᠭᠠᠯᠳᠠ ᠪᠠᠷ ᠲᠠᠮᠵᠢᠨ ᠲᠡᠭᠡᠳᠤ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠴᠤ ᠤᠷᠤᠵᠤ ᠪᠤᠯᠤᠨ᠎ᠠ᠃ 2015 ᠤᠨ ᠪᠤᠯᠬᠤ ᠳᠤ ᠲᠦᠷᠦᠯ ᠬᠤᠪᠢᠶᠠᠭᠰᠠᠨ | ᠰᠢᠯᠭᠠᠯᠳᠠ ᠪᠠᠷ ᠲᠠᠮᠵᠢᠨ ᠡᠯᠰᠡᠳᠡᠭᠰᠡᠨ ᠰᠤᠷᠤᠭᠴᠢ ᠶᠢᠨ ᠲᠤᠭ᠎ᠠ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠲᠤᠭᠠᠨ ᠤ ᠬᠠᠭᠠᠰ ᠤᠷᠴᠢᠮ ᠢ ᠡᠵᠡᠯᠡᠨ᠎ᠡ᠂ 2017 ᠤᠨ | ᠪᠤᠯᠬᠤ ᠳᠤ ᠡᠨᠡ ᠨᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠭᠤᠤᠯ | ᠠᠷᠭ᠎ᠠ ᠵᠠᠮ ᠪᠤᠯᠤᠨ᠎ᠠ᠃ | 4. ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠳᠠ ᠶᠢᠨ | ᠠᠭᠤᠯᠭ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠲᠡᠭᠡᠳᠤ ᠵᠡᠷᠭᠡ ᠶᠢᠨ ᠰᠤᠷᠭᠠᠭᠤᠯᠢ ᠶᠢᠨ | ᠴᠢᠳᠠᠪᠤᠷᠢᠳᠠᠨ ᠢ ᠰᠤᠩᠭᠤᠨ ᠰᠢᠯᠭᠠᠷᠠᠭᠤᠯᠬᠤ ᠱᠠᠭᠠᠷᠳᠠᠯᠭ᠎ᠠ ᠪᠤᠯᠤᠨ ᠤᠯᠤᠰ ᠤᠨ ᠬᠢᠴᠢᠶᠡᠯᠡᠯᠭᠡ ᠶᠢᠨ ᠪᠠᠷᠢᠮᠵᠢᠶ᠎ᠡ ᠶᠢ | ᠦᠨᠳᠦᠰᠦᠯᠡᠨ᠂ ᠰᠡᠳᠦᠪ ᠭᠠᠷᠭᠠᠬᠤ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠦᠯᠦᠪᠯᠡᠵᠤ᠂ ᠰᠠᠭᠤᠷᠢ | ᠮᠡᠳᠡᠯᠭᠡ ᠶᠢᠨ ᠴᠢᠨᠠᠷᠳᠠᠢ᠂ ᠶᠡᠷᠦᠩᠭᠡᠶᠢᠯᠡᠭᠰᠡᠨ ᠴᠢᠨᠠᠷᠳᠠᠢ ᠠᠭᠤᠯᠭ᠎ᠠ ᠶᠢ ᠨᠡᠮᠡᠭᠳᠡᠬᠦᠯᠦᠨ᠂ ᠰᠤᠷᠤᠭᠴᠢ ᠶᠢᠨ ᠪᠡᠶ᠎ᠡ ᠪᠠᠨ | ᠲᠠᠭᠠᠭᠠᠵᠤ ᠰᠡᠳᠬᠢᠬᠦ ᠪᠠ ᠰᠤᠷᠤᠭᠰᠠᠨ ᠮᠡᠳᠡᠯᠭᠡ ᠪᠠᠨ ᠠᠰᠢᠭᠯᠠᠨ ᠠᠰᠠᠭᠤᠳᠠᠯ ᠢ ᠵᠠᠳᠠᠯᠬᠤ᠂ ᠠᠰᠠᠭᠤᠳᠠᠯ ᠢ | ᠰᠢᠢᠳᠪᠦᠷᠢᠯᠡᠬᠦ ᠲᠡᠭᠡᠷ᠎ᠡ ᠬᠡᠷᠡᠭᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠬᠤᠪᠢ ᠦᠨᠡᠯᠡᠨ | ᠦᠭᠬᠦ ᠠᠷᠭ᠎ᠠ ᠶᠢ ᠬᠠᠯᠠᠨ ᠰᠠᠶᠢᠵᠢᠷᠠᠭᠤᠯᠵᠤ᠂ ᠰᠢᠯᠭᠠᠯᠳᠠ ᠶᠢᠨ ᠬᠠᠭᠤᠳᠠᠰᠤ ᠬᠢᠨᠠᠬᠤ ᠬᠠᠮᠢᠶᠠᠷᠤᠯᠳᠠ ᠶᠢ | ᠴᠢᠩᠭᠠᠳᠬᠠᠨ᠂ ᠬᠢᠷᠢ ᠪᠦᠳᠦᠮᠵᠢ ᠶᠢᠨ ᠮᠡᠳᠡᠬᠦᠯᠦᠯᠳᠡ ᠶᠢ ᠲᠡᠬᠦᠯᠳᠡᠷᠵᠢᠬᠦᠯᠦᠨ᠎ᠡ᠃ ᠤᠯᠤᠰ ᠤᠨ ᠰᠤᠷᠭᠠᠨ | ᠬᠦᠮᠦᠵᠢᠯ ᠤᠨ ᠰᠢᠯᠭᠠᠯᠳᠠ ᠶᠢᠨ ᠪᠠᠶᠢᠭᠤᠯᠤᠮᠵᠢ᠂ ᠤᠯᠤᠰ ᠤᠨ ᠰᠢᠯᠭᠠᠯᠳᠠ ᠶᠢᠨ ᠬᠦᠮᠦᠷᠭᠡ ᠪᠤᠯᠤᠨ ᠭᠠᠳᠠᠭᠠᠳᠤ | ᠬᠡᠯᠡᠨ ᠤ ᠴᠢᠳᠠᠪᠤᠷᠢ ᠶᠢ ᠬᠢᠨᠠᠨ ᠰᠢᠯᠭᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ 2015 | ᠤᠨ ᠠᠴᠠ ᠡᠬᠢᠯᠡᠨ ᠪᠦᠬᠦ ᠤᠯᠤᠰ ᠤᠨ ᠭᠠᠷᠭᠠᠭᠰᠠᠨ ᠨᠢᠭᠡᠳᠦᠯᠳᠡᠢ ᠰᠢᠯᠭᠠᠯᠳᠠ ᠶᠢᠨ ᠬᠠᠭᠤᠳᠠᠰᠤ ᠶᠢ ᠬᠡᠷᠡᠭᠯᠡᠬᠦ | ᠮᠤᠵᠢ ᠶᠢᠨ ᠬᠦᠷᠢᠶ᠎ᠡ ᠬᠡᠪᠴᠢᠶ᠎ᠡ ᠶᠢ ᠨᠡᠮᠡᠭᠳᠡᠬᠦᠯᠦᠨ᠎ᠡ᠃ | ︵ᠭᠤᠷᠪᠠ︶ ᠰᠤᠷᠤᠭᠴᠢ ᠡᠯᠰᠡᠬᠦ ᠲᠤᠭᠲᠠᠴᠠ ᠶᠢ ᠦᠭᠡᠷᠡᠴᠢᠯᠡᠨ᠎ᠡ | 1. ᠰᠢᠯᠭᠠᠯᠲᠠ ᠳᠤ ᠬᠤᠪᠢ ᠨᠡᠮᠡᠬᠦ ᠶᠢ ᠴᠦᠭᠡᠳᠭᠡᠨ ᠳᠦᠷᠢᠮᠵᠢᠭᠦᠯᠦᠨ᠎ᠡ᠃ ᠰᠢᠯᠭᠠᠯᠲᠠ ᠳᠤ ᠬᠤᠪᠢ ᠨᠡᠮᠡᠬᠦ | ᠲᠦᠷᠦᠯ ᠵᠦᠢᠯ ᠢ ᠶᠡᠬᠡᠪᠡᠷ ᠴᠦᠭᠡᠳᠭᠡᠵᠤ ᠡᠷᠡᠰ ᠬᠢᠵᠠᠭᠠᠷᠯᠠᠨ᠂ 2015 ᠤᠨ ᠠᠴᠠ ᠡᠬᠢᠯᠡᠨ ᠪᠡᠶ᠎ᠡ ᠶᠢᠨ ᠲᠠᠮᠢᠷ᠂ | ᠤᠷᠠᠯᠢᠭ ᠤᠨ ᠤᠨᠴᠠ ᠴᠢᠳᠠᠪᠤᠷᠢ ᠶᠢᠨ ᠰᠤᠷᠤᠭᠴᠢ ᠳᠤ ᠬᠤᠪᠢ ᠨᠡᠮᠡᠬᠦ ᠲᠦᠷᠦᠯ ᠵᠦᠢᠯ ᠢ ᠦᠭᠡᠶᠢᠰᠬᠡᠨ᠎ᠡ᠃ ᠦᠨᠡᠨᠬᠦ | ᠦᠯᠡᠳᠡᠭᠡᠬᠦ ᠴᠢᠬᠤᠯᠠᠲᠠᠢ ᠨᠡᠮᠡᠬᠦ ᠬᠤᠪᠢ ᠶᠢᠨ ᠲᠦᠷᠦᠯ ᠵᠦᠢᠯ ᠳᠤ ᠨᠡᠮᠡᠬᠦ ᠬᠤᠪᠢ ᠶᠢᠨ ᠦᠷᠲᠡᠭ ᠢ ᠵᠤᠬᠢᠰᠲᠠᠢ | ᠲᠤᠬᠢᠷᠠᠭᠤᠯᠤᠨ᠎ᠠ᠃ ᠬᠢᠯᠢ ᠬᠢᠵᠠᠭᠠᠷ ᠤᠷᠤᠨ ᠤ ᠦᠨᠳᠦᠰᠦᠲᠡᠨ ᠤ ᠤᠨᠴᠠ ᠶᠠᠳᠠᠭᠤ ᠬᠦᠴᠢᠷᠲᠠᠢ ᠭᠠᠵᠠᠷ ᠤᠷᠤᠨ ᠤ | ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠰᠦᠪᠡᠭᠴᠢᠯᠡᠵᠤ ᠲᠡᠭᠦᠯᠳᠡᠷᠵᠢᠭᠦᠯᠦᠨ᠎ᠡ᠃ ᠤᠷᠤᠨ ᠨᠤᠲᠤᠭ ᠤᠨ ᠴᠢᠨᠠᠷᠲᠠᠢ | ᠨᠢᠭᠡᠳᠦᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ | ᠤᠷᠳᠤᠨ ᠠᠴᠠ ᠲᠤᠭᠲᠠᠭᠠᠬᠤ ᠶᠢᠨ ᠬᠠᠮᠲᠤ ᠰᠤᠷᠭᠠᠨ ᠬᠦᠮᠦᠵᠢᠯ ᠤᠨ ᠶᠠᠮᠤᠨ ᠳᠤ ᠮᠡᠳᠡᠭᠦᠯᠵᠤ ᠳᠠᠩᠰᠠᠯᠠᠭᠤᠯᠤᠨ᠂ | ᠵᠠᠷᠴᠢᠮ ᠳᠡᠭᠡᠷ᠎ᠡ ᠪᠠᠨ ᠵᠦᠪᠬᠡᠨ ᠲᠤᠰ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠳᠤ ᠬᠠᠷᠢᠶᠠᠯᠠᠭᠳᠠᠬᠤ | ᠳᠡᠭᠡᠲᠤ ᠵᠡᠷᠭᠡ ᠶᠢᠨ ᠰᠤᠷᠭᠠᠭᠤᠯᠢ ᠶᠢᠨ ᠲᠤᠰ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠠᠴᠠ | ᠰᠤᠷᠤᠭᠴᠢ ᠡᠯᠰᠡᠬᠦ ᠳᠤ ᠵᠤᠬᠢᠴᠠᠭᠰᠠᠨ ᠪᠠᠶᠢᠬᠤ ᠬᠡᠷᠡᠭᠲᠠᠢ᠃ ᠰᠢᠯᠭᠠᠭᠤᠯᠤᠭᠰᠠᠳ ᠲᠤ ᠬᠤᠪᠢ ᠨᠡᠮᠡᠬᠦ ᠬᠢᠷᠢ ᠬᠡᠮ ᠤᠨ | ᠬᠢᠨᠠᠨ ᠵᠦᠪᠰᠢᠶᠡᠷᠡᠬᠦ ᠠᠵᠢᠯ ᠢ ᠴᠢᠩᠭᠠᠳᠬᠠᠵᠤ᠂ ᠦᠨᠡᠯᠡᠨ ᠲᠤᠭᠲᠠᠭᠠᠬᠤ ᠳᠡᠰ ᠳᠠᠷᠠᠭᠠᠯᠠᠯ ᠢ ᠴᠢᠩᠭᠠᠷᠠᠭᠤᠯᠤᠨ᠂ | ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠠᠵᠢᠯ ᠢ ᠰᠠᠶᠢᠲᠤᠷ ᠬᠢᠵᠤ᠂ ᠬᠢᠨᠠᠯᠲᠠ ᠲᠠᠯᠪᠢᠬᠤ ᠬᠠᠮᠢᠶᠠᠷᠤᠯᠲᠠ ᠶᠢ | ᠴᠢᠩᠭᠠᠳᠬᠠᠨ᠎ᠠ᠃ 2014 ᠤᠨ ᠤ ᠵᠢᠯ ᠤᠨ ᠡᠴᠦᠰ ᠲᠤ ᠨᠢᠭᠡᠳᠤᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ | ᠵᠦᠢᠯ ᠪᠤᠯᠤᠨ ᠬᠤᠪᠢ ᠶᠢᠨ ᠦᠷᠲᠡᠭ ᠢ ᠴᠢᠨᠠᠭᠰᠢᠳᠠ ᠴᠦᠭᠡᠳᠭᠡᠨ ᠲᠦᠷᠢᠮᠵᠢᠭᠦᠯᠬᠦ ᠲᠤᠬᠠᠢ ᠰᠠᠨᠠᠯ ᠢ ᠨᠡᠶᠢᠲᠡᠯᠡᠨ᠎ᠡ᠃ | | 2. ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠶᠢ ᠲᠡᠭᠦᠯᠳᠡᠷᠵᠢᠭᠦᠯᠦᠨ ᠳᠦᠷᠢᠮᠵᠢᠭᠦᠯᠦᠨ᠎ᠡ᠃ | ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠨᠢ ᠭᠤᠤᠯᠳᠠᠭᠤ ᠰᠢᠨᠵᠢᠯᠡᠭᠡᠨ ᠤ ᠰᠠᠯᠠᠭᠠᠨ ᠤ ᠲᠠᠯ᠎ᠠ ᠪᠠᠷ ᠤᠨᠴᠠ | ᠴᠢᠳᠠᠪᠤᠷᠢ ᠲᠠᠢ ᠪᠠ ᠪᠦᠲᠦᠭᠡᠯᠴᠢ ᠴᠢᠳᠠᠪᠤᠷᠢ ᠶᠢᠨ ᠲᠠᠯ᠎ᠠ ᠪᠠᠷ ᠳᠠᠯᠳᠠ ᠬᠦᠴᠦᠨ ᠲᠠᠢ ᠰᠢᠯᠢᠳᠡᠭ ᠰᠤᠷᠤᠭᠴᠢ ᠶᠢ | ᠰᠢᠯᠭᠠᠷᠠᠭᠤᠯᠬᠤ ᠪᠤᠯᠤᠨ᠎ᠠ᠃ ᠭᠤᠶᠤᠴᠢᠯᠠᠭᠰᠠᠨ ᠰᠤᠷᠤᠭᠴᠢᠳ ᠪᠦᠬᠦ ᠤᠯᠤᠰ ᠤᠨ ᠨᠢᠭᠡᠳᠦᠯᠲᠠᠢ ᠰᠢᠯᠭᠠᠯᠲᠠ ᠳᠤ | ᠤᠷᠤᠯᠴᠠᠭᠠᠳ ᠵᠤᠬᠢᠬᠤ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠨᠡᠷ᠎ᠡ ᠮᠡᠳᠡᠭᠦᠯᠵᠤ ᠰᠢᠯᠭᠠᠭᠤᠯᠤᠭᠰᠠᠨ ᠳᠡᠭᠡᠲᠤ | ᠵᠡᠷᠭᠡ ᠶᠢᠨ ᠰᠤᠷᠭᠠᠭᠤᠯᠢ ᠶᠢᠨ ᠬᠢᠨᠠᠨ ᠰᠢᠯᠭᠠᠯᠲᠠ ᠶᠢ ᠬᠦᠯᠢᠶᠡᠨ᠎ᠡ᠃ ᠲᠤᠷᠰᠢᠯᠲᠠ ᠶᠢᠨ ᠴᠡᠭ ᠢ ᠬᠡᠷᠡᠭᠵᠢᠬᠦᠯᠬᠦ ᠬᠡᠵᠤ | ᠪᠠᠶᠢᠭ᠎ᠠ ᠳᠡᠭᠡᠲᠤ ᠵᠡᠷᠭᠡ ᠶᠢᠨ ᠰᠤᠷᠭᠠᠭᠤᠯᠢ ᠡᠷᠬᠡᠪᠰᠢ ᠬᠢᠨᠠᠨ ᠰᠢᠯᠭᠠᠬᠤ ᠠᠭᠤᠯᠭ᠎ᠠ ᠪᠠᠨ ᠵᠦᠢ ᠵᠤᠬᠢᠰᠲᠠᠢ | ᠲᠤᠭᠲᠠᠭᠠᠵᠤ᠂ ᠬᠠᠮᠲᠤᠷᠠᠨ ᠰᠢᠯᠭᠠᠬᠤ ᠠᠷᠭ᠎ᠠ ᠪᠠ ᠲᠤᠰᠬᠠᠢ ᠪᠤᠯᠪᠠᠰᠤᠷᠠᠯ ᠬᠦᠷᠲᠡᠭᠡᠬᠦ ᠶᠢ ᠵᠤᠬᠢᠶᠠᠨ ᠪᠠᠶᠢᠭᠤᠯᠵᠤ | ᠪᠤᠯᠬᠤ ᠦᠭᠡᠢ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠠᠷᠭ᠎ᠠ᠂ ᠬᠢᠨᠠᠨ ᠰᠢᠯᠭᠠᠬᠤ ᠠᠯᠬᠤᠮ ᠳᠠᠷᠠᠭ᠎ᠠ | ᠪᠠ ᠡᠯᠰᠡᠬᠦ ᠦᠷ᠎ᠡ ᠳ᠋ᠦᠩ ᠢ ᠨᠡᠶᠢᠲᠡᠯᠡᠬᠦ ᠶᠢ ᠳᠦᠷᠢᠮᠵᠢᠭᠦᠯᠦᠨ᠎ᠡ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ | ᠬᠦᠷᠢᠶ᠎ᠡ ᠬᠡᠪᠴᠢᠶ᠎ᠡ ᠶᠢ ᠡᠷᠡᠰ ᠬᠢᠵᠠᠭᠠᠷᠯᠠᠨ᠎ᠠ᠃ 2015 ᠤᠨ ᠠᠴᠠ ᠡᠬᠢᠯᠡᠨ ᠦᠪᠡᠷ ᠢᠶᠠᠨ ᠡᠵᠡᠨ ᠮᠡᠳᠡᠵᠤ | ᠰᠤᠷᠤᠭᠴᠢ ᠡᠯᠰᠡᠬᠦ ᠶᠢ ᠪᠦᠬᠦ ᠤᠯᠤᠰ ᠤᠨ ᠨᠢᠭᠡᠳᠦᠯᠲᠠᠢ ᠰᠢᠯᠭᠠᠯᠲᠠ ᠶᠢᠨ ᠳᠠᠷᠠᠭ᠎ᠠ ᠲᠤᠬᠢᠷᠠᠭᠤᠯᠵᠤ | ᠶᠠᠪᠤᠭᠳᠠᠭᠤᠯᠬᠤ ᠶᠢ ᠠᠬᠢᠭᠤᠯᠤᠨ᠎ᠠ᠃ | 3. ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠵᠤ ᠰᠤᠩᠭᠤᠨ ᠰᠢᠯᠭᠠᠷᠠᠭᠤᠯᠬᠤ | ᠲᠤᠭᠲᠠᠴᠠ ᠶᠢ ᠲᠡᠬᠦᠯᠳᠡᠷᠵᠢᠭᠦᠯᠦᠨᠡ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠰᠢᠯᠭᠠᠯᠲᠠ ᠬᠢᠵᠤ ᠰᠤᠷᠤᠭᠴᠢ | ᠡᠯᠰᠡᠬᠦ ᠲᠠᠢ ᠬᠤᠯᠪᠤᠭᠳᠠᠭᠰᠠᠨ ᠲᠦᠷᠦᠯ ᠵᠦᠢᠯ᠂ ᠪᠠᠷᠢᠮᠵᠢᠶ᠎ᠠ᠂ ᠨᠦᠬᠦᠴᠡᠯ ᠪᠤᠯᠤᠨ ᠳᠡᠰ ᠳᠠᠷᠠᠭ᠎ᠠ ᠵᠡᠷᠭᠡ | ᠠᠭᠤᠯᠭ᠎ᠠ ᠶᠢ ᠰᠤᠷᠤᠭᠴᠢ ᠡᠯᠰᠡᠬᠦ ᠳᠦᠷᠢᠮ ᠳᠡᠭᠡᠨ ᠨᠠᠷᠢᠨ ᠲᠤᠲᠤᠷᠬᠠᠢ ᠪᠢᠴᠢᠵᠤ ᠤᠷᠤᠭᠤᠯᠤᠨ ᠨᠡᠶᠢᠭᠡᠮ ᠳᠡᠭᠡᠷ᠎ᠡ | ᠤᠷᠢᠳᠴᠢᠯᠠᠨ ᠨᠡᠶᠢᠲᠡᠯᠡᠬᠦ ᠬᠡᠷᠡᠭᠲᠠᠢ᠃ ᠰᠤᠷᠭᠠᠭᠤᠯᠢ ᠶᠢᠨ ᠰᠤᠷᠤᠭᠴᠢ ᠡᠯᠰᠡᠬᠦ ᠵᠦᠪᠯᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠲᠠᠭᠠᠬᠤ᠂ ᠰᠤᠷᠤᠭᠴᠢ ᠡᠯᠰᠡᠬᠦ | ᠲᠦᠷᠦ ᠶᠢᠨ ᠪᠤᠳᠤᠯᠭ᠎ᠠ ᠪᠤᠯᠤᠨ ᠲᠤᠭᠲᠠᠭᠠᠯ ᠢ ᠲᠤᠭᠲᠠᠭᠠᠬᠤ᠂ ᠰᠤᠷᠤᠭᠴᠢ ᠡᠯᠰᠡᠬᠦ ᠴᠢᠬᠤᠯᠠ ᠶᠡᠭᠡ ᠤᠴᠢᠷ | ᠶᠠᠪᠤᠳᠠᠯ ᠢ ᠲᠤᠭᠲᠠᠭᠠᠬᠤ ᠵᠡᠷᠭᠡ ᠲᠠᠯ᠎ᠠ ᠪᠠᠷ ᠰᠤᠷᠤᠭᠴᠢ ᠡᠯᠰᠡᠬᠦ ᠵᠦᠪᠯᠡᠯ ᠤᠨ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠨᠡᠶᠢᠭᠡᠮ ᠳᠡᠭᠡᠷ᠎ᠡ ᠠᠴᠠ ᠬᠢᠨᠠᠯᠲᠠ ᠲᠠᠯᠪᠢᠭᠴᠢ ᠶᠢ | ᠤᠷᠢᠬᠤ ᠠᠷᠭ᠎ᠠ ᠪᠠᠷ ᠰᠤᠷᠭᠠᠭᠤᠯᠢ ᠶᠢᠨ ᠬᠢᠨᠠᠨ ᠰᠢᠯᠭᠠᠯᠲᠠ᠂ ᠰᠤᠷᠤᠭᠴᠢ ᠡᠯᠰᠡᠬᠦ ᠠᠬᠤᠢ ᠲᠠᠯᠠᠪᠠᠢ ᠶᠢ ᠲᠤᠭᠤᠷᠢᠨ | ᠪᠠᠶᠢᠴᠠᠭᠠᠯᠭᠠᠬᠤ ᠵᠡᠷᠭᠡ ᠠᠷᠭ᠎ᠠ ᠪᠠᠷ ᠰᠤᠷᠤᠭᠴᠢ ᠡᠯᠰᠡᠬᠦ ᠠᠵᠢᠯ ᠳᠤ ᠭᠤᠷᠪᠠᠳᠤᠭᠠᠷ ᠡᠲᠡᠭᠡᠳ ᠤᠨ ᠬᠢᠨᠠᠯᠲᠠ ᠶᠢ | ᠲᠠᠯᠪᠢᠭᠤᠯᠵᠤ ᠪᠤᠯᠤᠨ᠎ᠠ᠃ ᠰᠢᠯᠭᠠᠯᠲᠠ ᠬᠢᠵᠤ ᠰᠤᠷᠤᠭᠴᠢ ᠡᠯᠰᠡᠬᠦ ᠳᠤ ᠭᠤᠮᠤᠳᠠᠯ ᠲᠤᠭᠠᠴᠢᠬᠤ ᠲᠤᠭᠲᠠᠴᠠ ᠶᠢ | ᠪᠠᠶᠢᠭᠤᠯᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠭᠰᠡᠨ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠬᠤ | ᠬᠡᠷᠡᠭᠲᠠᠢ᠃ ᠰᠤᠷᠤᠭᠴᠢ ᠡᠯᠰᠡᠬᠦ ᠠᠵᠢᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠪᠠᠶᠢᠭᠤᠯᠵᠤ᠂ 2015 | ᠤᠨ ᠠᠴᠠ ᠡᠬᠢᠯᠡᠨ ᠰᠤᠷᠭᠠᠭᠤᠯᠢ ᠶᠢᠨ ᠵᠠᠬᠢᠷᠤᠯ ᠤᠨ ᠭᠠᠷ ᠤᠨ ᠦᠰᠦᠭ ᠵᠢᠷᠤᠭᠰᠠᠨ ᠰᠤᠷᠭᠠᠭᠤᠯᠢ ᠳᠤ ᠤᠷᠤᠬᠤ | ᠮᠡᠳᠡᠭᠳᠡᠯ ᠤᠨ ᠪᠢᠴᠢᠭ ᠢ ᠬᠡᠷᠡᠭᠵᠢᠭᠦᠯᠵᠤ᠂ ᠰᠤᠷᠤᠭᠴᠢ ᠡᠯᠰᠡᠭᠰᠡᠨ ᠦᠷ᠎ᠡ ᠳ᠋ᠦᠩ ᠳᠤ ᠬᠠᠷᠢᠭᠤᠴᠠᠯᠭ᠎ᠠ | ᠡᠭᠦᠷᠭᠡᠯᠡᠭᠦᠯᠦᠨ᠎ᠡ᠃ | 4. ᠰᠤᠷᠤᠭᠴᠢ ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ ᠨᠢᠭᠡᠳᠦᠯᠲᠠᠢ ᠰᠢᠯᠭᠠᠯᠲᠠ ᠶᠢᠨ ᠬᠢᠷᠢ | ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ ᠰᠤᠷᠭᠠᠭᠤᠯᠢ ᠳᠤ ᠤᠷᠤᠬᠤ ᠡᠷᠡᠮᠡᠯᠵᠡᠯ ᠲᠠᠭᠯᠠᠬᠤ ᠠᠷᠭ᠎ᠠ ᠶᠢ | ᠬᠡᠷᠡᠭᠵᠢᠭᠦᠯᠦᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠦᠬᠦᠴᠡᠯ | ᠪᠦᠷᠢᠯᠳᠦᠭᠦᠯᠵᠤ ᠪᠠᠶᠢᠭᠠᠳ ᠢᠳᠡᠭ ᠢᠳᠡᠭ ᠢᠶᠠᠷ ᠦᠭᠡᠶᠢᠰᠭᠡᠨ᠎ᠡ᠃ ᠳᠠᠩᠰᠠ ᠡᠪᠬᠡᠮᠡᠯ ᠢ ᠭᠠᠷᠭᠠᠨ ᠦᠭᠴᠦ | ᠰᠤᠷᠤᠭᠴᠢ ᠡᠯᠰᠡᠬᠦ ᠵᠠᠭᠪᠤᠷ ᠢ ᠬᠠᠯᠠᠨ ᠦᠭᠡᠷᠡᠴᠢᠯᠡᠵᠤ᠂ ᠡᠷᠡᠮᠡᠯᠵᠡᠯ ᠲᠠᠭᠯᠠᠬᠤ ᠪᠠ ᠳᠠᠩᠰᠠ ᠡᠪᠬᠡᠮᠡᠯ ᠢ ᠵᠡᠷᠭᠡᠪᠡᠷ | ᠭᠠᠷᠭᠠᠵᠤ ᠦᠭᠬᠦ ᠠᠷᠭ᠎ᠠ ᠶᠢ ᠲᠡᠭᠦᠯᠳᠡᠷᠵᠢᠭᠦᠯᠦᠨ ᠠᠬᠢᠭᠤᠯᠵᠤ᠂ ᠳᠡᠭᠡᠲᠤ ᠵᠡᠷᠭᠡ ᠶᠢᠨ ᠰᠤᠷᠭᠠᠭᠤᠯᠢ ᠪᠤᠯᠤᠨ | ᠰᠤᠷᠤᠭᠴᠢ ᠶᠢᠨ ᠬᠤᠶᠠᠷ ᠲᠠᠯ᠎ᠠ ᠪᠠᠷ ᠢᠶᠠᠨ ᠰᠤᠩᠭᠤᠯᠲᠠ ᠬᠢᠬᠦ ᠠᠵᠠ ᠲᠤᠬᠢᠶᠠᠯ ᠢ ᠨᠡᠮᠡᠭᠳᠡᠭᠦᠯᠦᠨ᠎ᠡ᠃ 2015 | ᠤᠨ ᠠᠴᠠ ᠡᠬᠢᠯᠡᠨ ᠨᠦᠬᠦᠴᠡᠯ ᠲᠠᠢ ᠮᠤᠵᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠳᠤ ᠦᠭᠡᠷᠡᠴᠢᠯᠡᠯᠲᠡ ᠬᠢᠬᠦ | ᠲᠤᠷᠰᠢᠯᠲᠠ ᠶᠢ ᠶᠠᠪᠤᠭᠳᠠᠭᠤᠯᠤᠨ᠎ᠠ᠃ | 5. ᠨᠡᠶᠢᠭᠡᠮ ᠤᠨ ᠬᠦᠮᠦᠰ ᠤᠨ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ ᠢ ᠦᠷᠭᠡᠳᠭᠡᠨ᠎ᠡ᠃ | ᠨᠡᠶᠢᠭᠡᠮ ᠤᠨ ᠬᠦᠮᠦᠰ ᠤᠨ ᠤᠯᠠᠨ ᠡᠰᠢᠴᠢᠯᠡᠭᠰᠡᠨ ᠰᠤᠷᠭᠠᠨ ᠬᠦᠮᠦᠵᠢᠯ ᠬᠦᠷᠲᠡᠬᠦ ᠠᠵᠠ ᠲᠤᠬᠢᠶᠠᠯ ᠢ ᠦᠷᠭᠡᠳᠭᠡᠵᠤ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠩᠰᠠᠯᠠᠵᠤ ᠰᠤᠷᠭᠠᠭᠤᠯᠢ ᠳᠤ ᠤᠷᠤᠬᠤ ᠶᠢ | ᠬᠡᠷᠡᠭᠵᠢᠭᠦᠯᠵᠤ᠂ ᠨᠠᠰᠤᠨ ᠳᠤ ᠬᠦᠷᠦᠭᠰᠡᠳ ᠤᠨ ᠳᠡᠭᠡᠲᠤ ᠵᠡᠷᠭᠡ ᠶᠢᠨ ᠰᠤᠷᠤᠯᠭ᠎ᠠ ᠶᠢᠨ ᠨᠠᠮᠳᠠᠷ ᠤᠨ ᠰᠤᠷᠭᠠᠨ | ᠬᠦᠮᠦᠵᠢᠯ ᠳᠤ ᠬᠠᠷᠢᠮᠠᠬᠠᠢ ᠰᠤᠷᠤᠯᠭ᠎ᠠ ᠶᠢᠨ ᠳᠦᠷᠢᠮ ᠢ ᠬᠡᠷᠡᠭᠵᠢᠭᠦᠯᠦᠨ᠂ ᠰᠤᠷᠭᠠᠭᠤᠯᠢ ᠳᠤ ᠤᠷᠤᠬᠤ ᠨᠦᠬᠦᠴᠡᠯ ᠢ | ᠠᠭᠤᠵᠢᠭᠤ ᠲᠠᠯᠪᠢᠵᠤ ᠰᠤᠷᠭᠠᠭᠤᠯᠢ ᠠᠴᠠ ᠲᠡᠭᠦᠰᠬᠦ ᠨᠦᠬᠦᠴᠡᠯ ᠢ ᠦᠨᠳᠦᠷ ᠪᠤᠯᠭᠠᠨ᠎ᠠ᠃ ᠵᠡᠮᠳᠡᠭᠴᠤᠤᠳ ᠵᠡᠷᠭᠡ | ᠤᠨᠴᠠᠭᠠᠢ ᠬᠦᠮᠦᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠬᠤ ᠳᠤ ᠦᠢᠯᠡᠴᠢᠯᠡᠭᠡ ᠬᠠᠩᠭᠠᠨ᠎ᠠ᠃ ᠤᠯᠠᠨ | ᠬᠡᠯᠪᠡᠷᠢ ᠮᠠᠶ᠋ᠢᠭ ᠢᠶᠠᠷ ᠰᠤᠷᠤᠯᠴᠠᠭᠰᠠᠨ ᠰᠤᠷᠤᠯᠭ᠎ᠠ ᠶᠢᠨ ᠬᠢᠷᠢ ᠪᠦᠲᠦᠮᠵᠢ ᠶᠢ ᠦᠨᠡᠯᠡᠨ ᠲᠤᠭᠲᠠᠭᠠᠵᠤ ᠬᠤᠪᠢᠷᠠᠭᠤᠯᠬᠤ | ᠳᠦᠷᠢᠮ ᠢ ᠰᠦᠪᠡᠭᠴᠢᠯᠡᠨ ᠪᠠᠶᠢᠭᠤᠯᠵᠤ᠂ ᠡᠩ ᠤᠨ ᠳᠡᠭᠡᠲᠤ ᠵᠡᠷᠭᠡ ᠶᠢᠨ ᠰᠤᠷᠭᠠᠭᠤᠯᠢ᠂ ᠳᠡᠭᠡᠲᠤ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠲᠤ ᠵᠡᠷᠭᠡ ᠶᠢᠨ ᠰᠤᠷᠭᠠᠭᠤᠯᠢ ᠬᠤᠭᠤᠷᠤᠨᠳᠤ ᠪᠠᠨ | ᠰᠤᠷᠤᠯᠭ᠎ᠠ ᠶᠢᠨ ᠬᠤᠪᠢ ᠶᠢ ᠮᠡᠳᠡᠷᠡᠯᠴᠡᠬᠦ ᠠᠷᠭ᠎ᠠ ᠶᠢ ᠬᠡᠷᠡᠭᠵᠢᠭᠦᠯᠦᠨ᠂ ᠤᠯᠠᠨ ᠵᠦᠢᠯ ᠤᠨ ᠰᠤᠷᠤᠯᠴᠠᠬᠤ ᠠᠷᠭ᠎ᠠ ᠵᠠᠮ | ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠬᠤ ᠶᠠᠪᠤᠴᠠ ᠶᠢ ᠬᠠᠷᠢᠯᠴᠠᠨ ᠵᠠᠯᠭᠠᠭᠤᠯᠤᠨ ᠤᠶᠠᠯᠳᠤᠭᠤᠯᠬᠤ ᠶᠢ | ᠪᠡᠶᠡᠯᠡᠬᠦᠯᠵᠤ᠂ ᠴᠢᠳᠠᠪᠤᠷᠢᠲᠠᠨ ᠤ ᠦᠰᠦᠯᠲᠡ ᠪᠤᠶᠢᠵᠢᠯᠲᠠ ᠳᠤ ︽ᠵᠦᠷᠢᠯᠢᠭ ᠬᠦᠬᠦᠷᠭᠡ︾ ᠳᠡᠪᠢᠰᠴᠤ ᠦᠭᠬᠦᠨ᠎ᠡ᠃ | 2015 ᠤᠨ ᠳᠤ ᠰᠤᠷᠤᠯᠭ᠎ᠠ ᠶᠢᠨ ᠬᠤᠪᠢ ᠶᠢ ᠬᠠᠷᠢᠯᠴᠠᠨ ᠵᠦᠪᠰᠢᠶᠡᠷᠡᠬᠦ ᠪᠠ ᠬᠠᠷᠢᠯᠴᠠᠨ ᠮᠡᠳᠡᠷᠡᠯᠴᠡᠬᠦ ᠲᠤᠬᠠᠢ | ᠰᠠᠨᠠᠯ ᠢ ᠰᠤᠳᠤᠯᠵᠤ ᠨᠡᠶᠢᠲᠡᠯᠡᠨ᠎ᠡ᠃ | ︵ᠳᠦᠷᠪᠡ︶ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠤᠭᠲᠠᠴᠠ ᠶᠢ ᠬᠠᠯᠠᠨ ᠦᠭᠡᠷᠡᠴᠢᠯᠡᠨ᠎ᠡ᠃ | 1. ᠮᠡᠳᠡᠭᠡ ᠵᠠᠩᠬᠢ ᠶᠢ ᠢᠯᠡ ᠨᠡᠶᠢᠲᠡᠯᠡᠬᠦ ᠶᠢ ᠴᠢᠩᠭᠠᠳᠬᠠᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠶᠢᠨ | ︽ᠢᠯᠡ ᠪᠠᠷ ᠰᠤᠷᠤᠭᠴᠢ ᠡᠯᠰᠡᠬᠦ ᠢᠨᠵᠧᠨᠧᠷᠢᠩ︾ ᠢ ᠬᠦᠨᠵᠡᠭᠡᠢ ᠨᠠᠶᠢᠳᠠᠪᠤᠷᠢᠵᠢᠭᠤᠯᠵᠤ᠂ ᠱᠠᠲᠤᠨ ᠬᠤᠪᠢᠶᠠᠨ | ᠬᠠᠷᠢᠭᠤᠴᠠᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠶᠢ | ᠢᠯᠡ ᠪᠤᠯᠭᠠᠬᠤ ᠠᠭᠤᠯᠭ᠎ᠠ ᠶᠢ ᠴᠢᠨᠠᠭᠰᠢᠲᠠ ᠦᠷᠭᠡᠳᠭᠡᠵᠤ᠂ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ᠂ | ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠳᠦᠷᠢᠮ᠂ ᠰᠤᠷᠤᠭᠴᠢ ᠡᠯᠰᠡᠬᠦ ᠲᠦᠯᠦᠪᠯᠡᠭᠡ᠂ ᠰᠤᠷᠤᠭᠴᠢ | ᠡᠯᠰᠡᠬᠦ ᠶᠠᠪᠤᠴᠠ᠂ ᠰᠤᠷᠤᠭᠴᠢ ᠡᠯᠰᠡᠭᠰᠡᠨ ᠦᠷ᠎ᠡ ᠳ᠋ᠦᠩ ᠵᠢᠴᠢ ᠯᠠᠪᠯᠠᠨ ᠪᠠᠶᠢᠴᠠᠭᠠᠬᠤ ᠪᠠ ᠭᠤᠮᠤᠳᠠᠯ ᠲᠤᠭᠠᠴᠢᠬᠤ | ᠠᠷᠭ᠎ᠠ ᠵᠠᠮ᠂ ᠳᠦᠷᠢᠮ ᠲᠤᠭᠲᠠᠭᠠᠯ ᠢ ᠵᠦᠷᠢᠴᠡᠭᠰᠡᠨ ᠴᠢᠬᠤᠯᠠ ᠶᠡᠭᠡ ᠤᠴᠢᠷ ᠶᠠᠪᠤᠳᠠᠯ ᠢ ᠰᠢᠢᠳᠪᠦᠷᠢᠯᠡᠭᠰᠡᠨ ᠦᠷ᠎ᠡ | ᠳ᠋ᠦᠩ᠂ ᠡᠯᠰᠡᠭᠰᠡᠨ ᠰᠢᠨ᠎ᠡ ᠰᠤᠷᠤᠭᠴᠢ ᠶᠢ ᠳᠠᠬᠢᠨ ᠪᠠᠶᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ | ᠲᠤᠬᠠᠢ ᠳᠤ ᠨᠢ ᠢᠯᠡ ᠨᠡᠶᠢᠲᠡᠯᠡᠨ᠎ᠡ᠃ ᠮᠡᠳᠡᠭᠡ ᠵᠠᠩᠭᠢ ᠶᠢ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠶᠢ ᠴᠢᠨᠠᠭᠰᠢᠲᠠ | ᠦᠷᠭᠡᠳᠭᠡᠵᠤ᠂ ᠰᠢᠯᠭᠠᠭᠤᠯᠤᠭᠰᠠᠳ᠂ ᠰᠤᠷᠭᠠᠭᠤᠯᠢ ᠪᠤᠯᠤᠨ ᠬᠡᠷ ᠤᠨ ᠠᠬᠠᠮᠠᠳ ᠤᠨ ᠬᠢᠨᠠᠯᠲᠠ ᠶᠢ ᠬᠦᠯᠢᠶᠡᠨ᠎ᠡ᠃ | 2. ᠪᠠᠲᠤᠯᠠᠭ᠎ᠠ ᠶᠢᠨ ᠳᠦᠷᠢᠮ ᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ | ᠬᠤᠭᠤᠷᠤᠨᠳᠤᠬᠢ ᠬᠠᠮᠲᠤᠷᠠᠯᠴᠠᠬᠤ ᠲᠤᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠰᠤᠷᠭᠠᠨ ᠬᠦᠮᠦᠵᠢᠯ ᠤᠨ | ᠰᠢᠭᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠡᠷᠡᠰ ᠴᠢᠩᠭ᠎ᠠ ᠬᠠᠮᠢᠶᠠᠷᠤᠯᠲᠠ ᠪᠦᠬᠦᠢ ᠰᠤᠷᠭᠠᠨ ᠬᠦᠮᠦᠵᠢᠯ ᠤᠨ | ᠰᠢᠯᠭᠠᠯᠲᠠ ᠶᠢᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠤᠨ᠎ᠠ᠃ ᠢᠲᠡᠭᠡᠮᠵᠢᠲᠤ ᠳᠦᠷᠢᠮ ᠢ ᠲᠡᠭᠦᠯᠳᠡᠷᠵᠢᠭᠦᠯᠦᠨ᠂ | ᠰᠢᠯᠭᠠᠭᠤᠯᠤᠭᠰᠠᠳ ᠤᠨ ᠢᠲᠡᠭᠡᠮᠵᠢᠲᠤ ᠬᠦᠮᠦᠵᠢᠯ ᠪᠤᠯᠤᠨ ᠢᠲᠡᠭᠡᠮᠵᠢᠲᠤ ᠳᠠᠩᠰᠠ ᠡᠪᠬᠡᠮᠡᠯ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠢᠯᠭᠠᠯᠲᠠ ᠬᠢᠵᠤ ᠰᠤᠷᠤᠭᠴᠢ ᠡᠯᠰᠡᠬᠦ ᠬᠠᠤᠯᠢ ᠴᠠᠭᠠᠵᠠ ᠬᠠᠤᠯᠢ | ᠲᠤᠭᠲᠠᠭᠠᠯ ᠢ ᠲᠡᠭᠦᠯᠳᠡᠷᠵᠢᠭᠦᠯᠦᠨ᠂ ᠰᠢᠯᠭᠠᠯᠲᠠ ᠬᠢᠵᠤ ᠰᠤᠷᠤᠭᠴᠢ ᠡᠯᠰᠡᠬᠦ ᠬᠠᠤᠯᠢᠵᠢᠭᠰᠠᠨ ᠲᠦᠪᠰᠢᠨ ᠢ | ᠳᠡᠭᠡᠭᠰᠢᠯᠡᠬᠦᠯᠦᠨ᠎ᠡ᠃ | 3. ᠳᠦᠷᠢᠮ ᠲᠤᠭᠲᠠᠭᠠᠯ ᠢ ᠵᠦᠷᠢᠴᠡᠭᠰᠡᠳ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ | ᠰᠢᠯᠭᠠᠯᠲᠠ ᠬᠢᠵᠤ ᠰᠤᠷᠤᠭᠴᠢ ᠡᠯᠰᠡᠬᠦ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠠᠤᠯᠢ | ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠵᠤ᠂ ᠲᠤᠬᠠᠢ ᠶᠢᠨ ᠬᠦᠮᠦᠨ ᠪᠤᠯᠤᠨ ᠬᠤᠯᠪᠤᠭᠳᠠᠯ | ᠪᠦᠬᠦᠢ ᠬᠦᠮᠦᠨ ᠤ ᠬᠠᠷᠢᠭᠤᠴᠠᠯᠭ᠎ᠠ ᠶᠢ ᠨᠡᠬᠡᠮᠵᠢᠯᠡᠨ᠂ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢ ᠴᠠᠭ | ᠲᠤᠬᠠᠢ ᠳᠤ ᠨᠢ ᠢᠯᠡ ᠨᠡᠶᠢᠲᠡᠯᠡᠨ᠎ᠡ᠃ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠤᠯ ᠬᠠᠤᠯᠢ ᠴᠠᠭᠠᠵᠠ ᠶᠢᠨ | ᠪᠠᠶᠢᠭᠤᠯᠤᠯᠭ᠎ᠠ ᠠᠴᠠ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠶᠢᠨ | ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠵᠤ ᠦᠷᠨᠢᠭᠦᠯᠦᠨ᠎ᠡ᠃ | 1. ᠰᠢᠯᠭᠠᠯᠲᠠ ᠬᠢᠬᠦ ᠬᠢᠴᠢᠶᠡᠯ ᠲᠦᠷᠦᠯ ᠤᠨ ᠲᠤᠬᠢᠷᠠᠭᠤᠯᠤᠯᠲᠠ ᠶᠢ ᠦᠭᠡᠷᠡᠴᠢᠯᠡᠨ᠎ᠡ᠃ ᠳᠡᠭᠡᠲᠤ | ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠪᠠ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠰᠤᠷᠤᠯᠴᠠᠯᠭ᠎ᠠ ᠶᠢᠨ ᠬᠠᠷᠢᠯᠴᠠᠨ ᠬᠤᠯᠪᠤᠯᠳᠤᠬᠤ ᠡᠷᠴᠢᠮ ᠢ ᠴᠢᠩᠭᠠᠷᠠᠭᠤᠯᠵᠤ᠂ | ᠰᠢᠯᠭᠠᠭᠤᠯᠤᠭᠰᠠᠳ ᠤᠨ ᠶᠡᠷᠦᠩᠭᠡᠢ ᠬᠢᠷᠢ ᠪᠦᠲᠦᠮᠵᠢ ᠳᠤ ᠨᠢᠭᠡᠳᠦᠯᠲᠠᠢ ᠰᠢᠯᠭᠠᠯᠲᠠ ᠶᠢᠨ ᠬᠡᠯᠡ ᠪᠢᠴᠢᠭ᠂ ᠲᠤᠭᠠᠨ ᠤ | ᠤᠬᠠᠭᠠᠨ᠂ ᠭᠠᠳᠠᠭᠠᠲᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠤᠨ ᠬᠢᠷᠢ ᠪᠦᠲᠦᠮᠵᠢ ᠪᠤᠯᠤᠨ ᠦᠨᠳᠦᠷ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ 3 ᠬᠢᠴᠢᠶᠡᠯ ᠲᠦᠷᠦᠯ ᠤᠨ | ᠬᠢᠷᠢ ᠪᠦᠲᠦᠮᠵᠢ ᠶᠢ ᠪᠤᠳᠤᠵᠤ ᠤᠷᠤᠭᠤᠯᠤᠨ᠎ᠠ᠃ ᠨᠢᠭᠡᠳᠤᠯᠲᠠᠢ ᠰᠢᠯᠭᠠᠯᠲᠠ ᠶᠢᠨ ᠰᠢᠯᠭᠠᠬᠤ ᠲᠦᠷᠦᠯ ᠵᠦᠢᠯ ᠳᠤ | ᠬᠡᠯᠡ ᠪᠢᠴᠢᠭ᠂ ᠲᠤᠭᠠᠨ ᠤ ᠤᠬᠠᠭᠠᠨ᠂ ᠭᠠᠳᠠᠭᠠᠲᠤ ᠬᠡᠯᠡ ᠨᠢ ᠬᠤᠪᠢᠷᠠᠬᠤ ᠦᠭᠡᠢ᠂ ᠬᠤᠪᠢ ᠶᠢᠨ ᠦᠷᠲᠡᠭ ᠴᠤ | ᠬᠤᠪᠢᠷᠠᠬᠤ ᠦᠭᠡᠢ᠃ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠭᠡᠨ ᠤ ᠲᠦᠷᠦᠯ ᠵᠦᠢᠯ ᠬᠡᠵᠤ ᠬᠤᠪᠢᠶᠠᠬᠤ ᠦᠭᠡᠢ᠂ | ᠭᠠᠳᠠᠭᠠᠲᠤ ᠬᠡᠯᠡᠨ ᠤ ᠬᠢᠴᠢᠶᠡᠯ ᠤᠨ ᠰᠢᠯᠭᠠᠯᠲᠠ ᠳᠤ ᠬᠤᠶᠠᠷ ᠤᠳᠠᠭ᠎ᠠ ᠤᠷᠤᠯᠴᠠᠵᠤ ᠪᠤᠯᠬᠤ ᠠᠵᠠ ᠲᠤᠬᠢᠶᠠᠯ | ᠤᠯᠭᠤᠨ᠎ᠠ᠃ ᠶᠡᠷᠦᠩᠭᠡᠢ ᠬᠢᠷᠢ ᠪᠦᠲᠦᠮᠵᠢ ᠳᠤ ᠪᠤᠳᠤᠵᠤ ᠤᠷᠤᠭᠤᠯᠬᠤ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ ᠲᠦᠷᠦᠯ ᠳᠤ ᠰᠢᠯᠭᠠᠭᠤᠯᠤᠭᠰᠠᠳ ᠨᠡᠷ᠎ᠡ | ᠮᠡᠳᠡᠭᠦᠯᠵᠤ ᠰᠢᠯᠭᠠᠭᠤᠯᠤᠭᠰᠠᠨ ᠳᠡᠭᠡᠲᠤ ᠵᠡᠷᠭᠡ ᠶᠢᠨ ᠰᠤᠷᠭᠠᠭᠤᠯᠢ ᠶᠢᠨ ᠱᠠᠭᠠᠷᠳᠠᠯᠭ᠎ᠠ ᠪᠤᠯᠤᠨ ᠦᠪᠡᠷ ᠤᠨ | ᠦᠪᠡᠷᠮᠢᠴᠡ ᠤᠴᠠᠯᠢᠭ ᠢᠶᠠᠨ ᠦᠨᠳᠦᠰᠦᠯᠡᠨ᠂ ᠦᠵᠡᠯ ᠰᠠᠨᠠᠭ᠎ᠠ ᠤᠯᠤᠰ ᠲᠦᠷᠦ᠂ ᠲᠡᠤᠭᠡ᠂ ᠭᠠᠵᠠᠷ ᠵᠦᠢ᠂ ᠬᠢᠮᠢ᠂ | ᠹᠢᠽᠢᠺ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠳᠤᠲᠤᠷ᠎ᠠ ᠠᠴᠠ ᠦᠪᠡᠷ ᠢᠶᠠᠨ ᠰᠤᠩᠭᠤᠯᠲᠠ ᠬᠢᠨ᠎ᠠ᠃ | 2. ᠰᠤᠷᠤᠭᠴᠢ ᠡᠯᠰᠡᠬᠦ ᠲᠤᠭᠲᠠᠴᠠ ᠶᠢ ᠦᠭᠡᠷᠡᠴᠯᠡᠨᠡ᠃ ᠨᠢᠭᠡᠳᠤᠯᠲᠠᠢ ᠰᠢᠯᠭᠠᠯᠲᠠ ᠪᠤᠯᠤᠨ ᠦᠨᠳᠦᠷ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠷᠢ ᠲᠦᠪᠰᠢᠨ ᠤ | ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠵᠤ᠂ ᠶᠡᠷᠦᠩᠭᠡᠢ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ | ᠪᠤᠯᠭᠠᠭᠰᠠᠨ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠲᠤᠭᠲᠠᠴᠠ ᠶᠢ ᠰᠦᠪᠡᠭᠴᠢᠯᠡᠨ᠎ᠡ᠃ ᠳᠡᠭᠡᠲᠤ ᠵᠡᠷᠭᠡ ᠶᠢᠨ | ᠰᠤᠷᠭᠠᠭᠤᠯᠢ ᠨᠤᠭᠤᠳ ᠰᠤᠷᠭᠠᠭᠤᠯᠢ ᠡᠷᠬᠢᠯᠡᠬᠦ ᠪᠠᠶᠢᠷᠢ ᠲᠤᠭᠲᠠᠭᠠᠯᠲᠠ ᠪᠤᠯᠤᠨ ᠲᠤᠰᠬᠠᠢ ᠮᠡᠷᠭᠡᠵᠢᠯ ᠤᠨ ᠬᠦᠮᠦᠨ | ᠬᠦᠮᠦᠵᠢᠬᠦᠯᠬᠦ ᠬᠠᠷᠠᠯᠲᠠ ᠪᠠᠨ ᠦᠨᠳᠦᠰᠦᠯᠡᠨ᠂ ᠰᠢᠯᠭᠠᠭᠤᠯᠤᠭᠰᠠᠳ ᠤᠨ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ ᠲᠦᠷᠦᠯ ᠢᠶᠠᠨ ᠦᠨᠳᠦᠰᠦᠯᠡᠨ ᠨᠡᠷ᠎ᠡ | ᠮᠡᠳᠡᠭᠦᠯᠵᠤ ᠰᠢᠯᠭᠠᠭᠤᠯᠤᠭᠰᠠᠨ ᠱᠠᠭᠠᠷᠳᠠᠯᠭ᠎ᠠ ᠪᠤᠯᠤᠨ ᠶᠡᠷᠦᠩᠭᠡᠢ ᠬᠡᠪ ᠴᠢᠨᠠᠷ ᠤᠨ ᠦᠨᠡᠯᠡᠯᠲᠡ ᠶᠢ ᠶᠠᠭᠠᠬᠢᠵᠤ | ᠡᠰᠢᠯᠡᠵᠤ ᠠᠰᠢᠭᠯᠠᠬᠤ ᠲᠤᠬᠠᠢ ᠠᠷᠭ᠎ᠠ ᠶᠢ ᠰᠤᠳᠤᠯᠤᠨ ᠲᠤᠭᠲᠠᠭᠠᠵᠤ ᠨᠡᠶᠢᠭᠡᠮ ᠳᠤ ᠤᠷᠢᠳᠴᠢᠯᠠᠨ ᠢᠯᠡ ᠨᠡᠶᠢᠲᠡᠯᠡᠨ᠎ᠡ | ᠃ | 3. ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠎ᠡ᠃ ᠨᠢᠭᠡᠳᠦᠯᠲᠠᠢ | ᠲᠦᠯᠦᠪᠵᠢᠬᠦᠯᠬᠦ᠂ ᠲᠤᠷᠰᠢᠯᠲᠠ ᠶᠢᠨ ᠠᠵᠢᠯ ᠢ ᠤᠷᠢᠳᠠᠪᠡᠷ ᠶᠠᠪᠤᠭᠳᠠᠭᠤᠯᠬᠤ᠂ ᠠᠯᠬᠤᠮ ᠬᠤᠪᠢᠶᠠᠨ ᠬᠡᠷᠡᠭᠵᠢᠬᠦᠯᠬᠦ᠂ | ᠳᠡᠰ ᠳᠠᠷᠠᠭ᠎ᠠ ᠲᠠᠢ ᠪᠠᠷ ᠠᠬᠢᠭᠤᠯᠬᠤ ᠵᠠᠷᠴᠢᠮ ᠢᠶᠠᠷ᠂ ᠨᠦᠬᠦᠴᠡᠯ ᠲᠠᠢ ᠮᠤᠵᠢ ︵ᠬᠤᠲᠠ︶ ᠶᠢ ᠰᠤᠩᠭᠤᠵᠤ | ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠨᠢᠭᠦᠯᠦᠨ᠎ᠡ᠃ | ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠴᠠᠭ ᠲᠤᠬᠠᠢ ᠳᠤ ᠨᠢ ᠲᠡᠭᠦᠯᠳᠡᠷᠵᠢᠭᠦᠯᠤᠨ ᠳ᠋ᠦᠩᠨᠡᠵᠤ᠂ | ᠶᠡᠷᠦᠩᠭᠡᠶᠢᠯᠡᠭᠰᠡᠨ ᠦᠭᠡᠷᠡᠴᠢᠯᠡᠯᠲᠡ ᠪᠠᠷ ᠳᠠᠮᠵᠢᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠨᠡᠩ | ᠰᠠᠶᠢᠲᠤᠷ ᠲᠤᠤᠱᠯᠠᠭᠤᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠂ | ᠰᠤᠷᠤᠭᠴᠢ ᠶᠢᠨ ᠰᠤᠩᠭᠤᠯᠲᠠ ᠬᠢᠬᠦ ᠶᠢ ᠨᠡᠮᠡᠭᠳᠡᠬᠦᠯᠵᠤ᠂ ᠰᠤᠷᠤᠭᠴᠢ ᠶᠢᠨ ᠰᠢᠯᠭᠠᠯᠲᠠ ᠶᠢᠨ ᠳᠠᠷᠤᠭᠠᠰᠤ ᠶᠢ ᠦᠨᠡᠨᠬᠦ | ᠬᠦᠩᠭᠡᠷᠡᠭᠦᠯᠦᠨ᠂ ᠰᠤᠷᠤᠭᠴᠢ ᠶᠢ ᠪᠦᠬᠦ ᠲᠠᠯ᠎ᠠ ᠪᠠᠷ ᠬᠦᠭᠵᠢᠭᠦᠯᠬᠦ ᠮᠦᠷᠲᠡᠭᠡᠨ ᠪᠠᠰᠠ ᠦᠪᠡᠷᠮᠢᠴᠡ ᠴᠢᠳᠠᠪᠤᠷᠢ ᠲᠠᠢ | ᠪᠤᠯᠭᠠᠨ ᠬᠦᠮᠦᠵᠢᠭᠦᠯᠬᠦ ᠶᠢ ᠠᠬᠢᠭᠤᠯᠤᠨ᠎ᠠ᠃ 2014 ᠤᠨ ᠳᠤ ᠱᠠᠩᠬᠠᠢ ᠬᠤᠲᠠ᠂ ᠵᠧᠵᠢᠶᠠᠩ ᠮᠤᠵᠢ ᠲᠤᠰ ᠪᠦᠷᠢ | ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠦᠰᠦᠯ ᠢ | ᠲᠤᠭᠲᠠᠭᠠᠵᠤ᠂ 2014 ᠤᠨ ᠤ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠦᠨᠳᠦᠷ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠨᠢᠭᠡᠳᠦᠭᠡᠷ ᠤᠨ ᠤ ᠰᠤᠷᠤᠭᠴᠢ ᠠᠴᠠ ᠡᠬᠢᠯᠡᠵᠤ ᠬᠡᠷᠡᠭᠵᠢᠬᠦᠯᠦᠨ᠎ᠡ᠃ | ᠲᠤᠷᠰᠢᠯᠲᠠ ᠶᠢᠨ ᠴᠡᠭ ᠢᠶᠠᠷ ᠪᠤᠰᠤᠳ ᠮᠤᠵᠢ ︵ᠦᠪᠡᠷᠲᠡᠭᠡᠨ ᠵᠠᠰᠠᠬᠤ ᠤᠷᠤᠨ᠂ ᠬᠤᠳᠠ︶ ᠶᠢᠨ ᠬᠢᠨ ᠤ | ᠨᠢᠭᠡᠳᠦᠯᠲᠠᠢ ᠰᠢᠯᠭᠠᠯᠲᠠ ᠶᠢᠨ ᠦᠭᠡᠷᠡᠴᠢᠯᠡᠯᠲᠡ ᠶᠢ ᠬᠢᠬᠦ ᠳᠤ ᠬᠡᠷᠡᠴᠢ ᠪᠠᠷᠢᠮᠲᠠ ᠪᠤᠯᠭᠠᠨ᠎ᠠ᠃ | ᠭᠤᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ︵ᠨᠢᠬᠡ︶ ᠬᠡᠷᠡᠭᠵᠢᠬᠦᠯᠬᠦ ᠲᠦᠰᠦᠯ ᠢ ᠨᠡᠷᠢᠯᠢᠭ᠌ᠵᠢᠭᠤᠯᠤᠨᠠ᠃ ᠡᠯ᠎ᠡ ᠭᠠᠵᠠᠷ ᠤᠷᠤᠨ ᠤ ᠡᠯ᠎ᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠴᠢᠬᠤᠯᠠᠴᠢᠯᠠᠨ᠂ | ᠤᠳᠦᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠶᠠᠮᠤᠨ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ᠂ ᠲᠦᠭᠦᠷᠵᠢᠭᠰᠡᠨ ᠪᠢᠴᠢᠭ ᠮᠠᠲ᠋ᠧᠷᠢᠶᠠᠯ ᠢ ᠳᠠᠷᠦ᠋ᠢᠬᠠᠨ ᠰᠤᠳᠤᠯᠤᠨ ᠲᠤᠭᠲᠠᠭᠠᠨ᠎ᠠ᠃ ᠡᠯ᠎ᠡ ᠮᠤᠵᠢ | ︵ᠦᠪᠡᠷᠲᠡᠭᠡᠨ ᠵᠠᠰᠠᠬᠤ ᠤᠷᠤᠨ᠂ ᠬᠤᠲᠠ︶ ᠲᠤᠰ ᠭᠠᠵᠠᠷ ᠤᠷᠤᠨ ᠤ ᠪᠠᠨ ᠪᠤᠳᠠᠲᠤ ᠪᠠᠶᠢᠳᠠᠯ ᠲᠠᠢ | ᠤᠶᠠᠯᠳᠤᠭᠤᠯᠤᠨ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠬᠦ | ᠲᠦᠰᠦᠯ ᠢ ᠲᠤᠭᠲᠠᠭᠠᠵᠤ᠂ ᠰᠤᠷᠭᠠᠨ ᠬᠦᠮᠦᠵᠢᠯ ᠤᠨ ᠶᠠᠮᠤᠨ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ ᠳᠤ | ᠨᠡᠶᠢᠲᠡᠯᠡᠨ᠎ᠡ᠃ | ︵ᠬᠤᠶᠠᠷ︶ ᠡᠮᠬᠢ ᠳᠠᠷᠠᠭ᠎ᠠ ᠲᠠᠢ ᠪᠠᠷ ᠠᠬᠢᠭᠤᠯᠵᠤ ᠬᠡᠷᠡᠭᠵᠢᠬᠦᠯᠦᠨ᠎ᠡ᠃ ᠰᠤᠷᠭᠠᠨ ᠬᠦᠮᠦᠵᠢᠯ ᠤᠨ | ᠦᠶᠡᠯᠡᠯ ᠤᠨ ᠬᠤᠭᠤᠴᠠᠭ᠎ᠠ ᠶᠢ ᠭᠦᠢᠴᠡᠳ ᠪᠤᠳᠤᠯᠬᠢᠯᠠᠵᠤ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ | ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢᠶᠠᠨ ᠤᠷᠢᠳᠴᠢᠯᠠᠨ ᠨᠡᠶᠢᠲᠡᠯᠡᠵᠤ᠂ ᠰᠢᠯᠭᠠᠭᠤᠯᠤᠭᠰᠠᠳ ᠪᠤᠯᠤᠨ | ᠨᠡᠶᠢᠭᠡᠮ ᠨᠡᠶᠢᠲᠡ ᠳᠤ ᠲᠤᠲᠤᠷᠬᠠᠢ ᠪᠦᠭᠡᠳ ᠲᠤᠭᠲᠠᠩᠭᠤᠢ ᠵᠢᠱᠢᠯᠲᠡ ᠦᠭᠭᠦᠨ᠎ᠡ᠃ ᠦᠭᠡᠷᠡᠴᠢᠯᠡᠯᠲᠡ ᠶᠢᠨ ᠳᠤᠮᠳᠠ | ᠲᠤᠬᠢᠶᠠᠯᠳᠤᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠴᠠᠭ ᠲᠤᠬᠠᠢ ᠳᠤ ᠨᠢ | ᠰᠤᠳᠤᠯᠤᠨ ᠲᠤᠭᠲᠠᠭᠠᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠤ ᠠᠷᠭ᠎ᠠ ᠪᠠᠷᠢᠯ ᠢᠶᠠᠨ | ᠲᠡᠭᠦᠯᠳᠡᠷᠵᠢᠭᠦᠯᠦᠨ ᠲᠤᠬᠢᠷᠠᠭᠤᠯᠤᠨ᠎ᠠ᠃ | ︵ᠭᠤᠷᠪᠠ︶ ᠤᠬᠠᠭᠤᠯᠵᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃ ᠦᠭᠡᠷᠡᠴᠢᠯᠡᠯᠲᠡ ᠶᠢᠨ | ᠲᠦᠰᠦᠯ ᠪᠤᠯᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ | ᠨᠡᠶᠢᠭᠡᠮ ᠨᠡᠶᠢᠲᠡ ᠶᠢᠨ ᠠᠩᠬᠠᠷᠤᠯ ᠲᠦᠪᠯᠡᠷᠡᠯ ᠳᠤ ᠬᠠᠷᠢᠭᠤ ᠲᠤᠰᠬᠠᠯ ᠦᠭᠴᠦ᠂ ᠲᠦᠭᠡᠷᠢᠭᠳᠡᠯ ᠢ ᠠᠷᠢᠯᠭᠠᠨ ᠮᠠᠳᠠᠭ ᠢ | ᠲᠠᠶᠢᠯᠪᠤᠷᠢᠯᠠᠵᠤ᠂ ᠬᠠᠮᠲᠤ ᠶᠢᠨ ᠲᠠᠨᠢᠯᠲᠠ ᠪᠠᠨ ᠨᠢᠭᠡᠳᠭᠡᠵᠤ᠂ ᠦᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠳᠤ | ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃ | | | | ᠲᠦᠷᠦ ᠶᠢᠨ ᠶᠠᠪᠤᠳᠠᠯ ᠤᠨ ᠬᠤᠷᠢᠶ᠎ᠠ | 2014 ᠤᠨ 9 ᠰᠠᠷ᠎ᠠ ᠶᠢᠨ 3 ᠤ ᠡᠳᠦᠷ | | |