︽ᠰᠡᠷᠭᠦᠯᠡᠩ ᠪᠦᠪᠡᠢ︾ ᠠᠩᠬᠠᠨ ᠤ ᠬᠦᠮᠦᠵᠢᠯ ᠤᠨ ᠪᠢᠴᠢᠭ
ᠨᠡᠶᠢᠲᠡᠯᠡᠭᠰᠡᠨ ᠴᠠᠭ᠄
2017-03-10
       ᠰᠤᠷᠭᠠᠭᠤᠯᠢ ᠶᠢᠨ ᠨᠠᠰᠤᠨ ᠠᠴᠠ ᠡᠮᠦᠨᠡᠬᠢ ᠡᠷᠪᠡᠢ ᠵᠢᠭᠠᠯ ᠤᠳ ᠤᠨ ᠠᠩᠬᠠᠨ ᠤ ᠬᠦᠮᠦᠵᠢᠯ ᠤᠨ ᠪᠢᠴᠢᠭ ᠪᠤᠯᠤᠭᠰᠠᠨ ︽ᠰᠡᠷᠭᠦᠯᠡᠩ ᠪᠦᠪᠡᠢ︾ ᠬᠡᠮᠡᠬᠦ ᠳᠦᠷᠪᠡᠨ ᠳᠡᠪᠳᠡᠷ ᠵᠢᠷᠤᠭᠳᠤ ᠨᠤᠮ ᠢ ᠲᠦᠷᠦᠭᠦᠬᠡᠨ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠠᠴᠠ ᠬᠡᠪᠯᠡᠭᠦᠯᠦᠨ ᠲᠠᠷᠬᠠᠭᠠᠯ᠎ᠠ᠃
       ᠲᠣᠰ ᠠᠩᠬᠠᠨ ᠤ ᠬᠦᠮᠦᠵᠢᠯ ᠤᠨ ᠪᠢᠴᠢᠭ ᠲᠤ ︽ᠠᠮᠢᠲᠠᠨ ᠢ ᠲᠠᠨᠢᠬᠤ︾᠂ ︽ᠲᠤᠭ᠎ᠠ ᠲᠠᠨᠢᠬᠤ︾᠂ ︽ᠥᠩᠭᠡ ᠬᠡᠯᠪᠡᠷᠢ ᠳᠦᠷᠰᠦ ᠲᠠᠨᠢᠬᠤ︾᠂ ︽ᠵᠢᠮᠢᠰ ᠢᠳᠡᠰᠢᠨ ᠨᠣᠭᠤᠭ᠎ᠠ ᠲᠠᠨᠢᠬᠤ︾ ᠵᠡᠷᠭᠡ ᠳᠥᠷᠪᠡᠨ ᠨᠣᠮ ᠪᠠᠭᠲᠠᠯᠴᠠᠵᠤ ᠲᠣᠰ ᠲᠣᠰ ᠳᠥᠴᠢ ᠭᠠᠷᠤᠢ ᠠᠮᠢᠲᠠᠨ᠂ ᠲᠤᠭ᠎ᠠ᠂ ᠥᠩᠭᠡ ᠪᠠ ᠬᠡᠯᠪᠡᠷᠢ ᠳᠦᠷᠰᠦ᠂ ᠵᠢᠮᠢᠰ ᠪᠠ ᠢᠳᠡᠰᠢᠨ ᠨᠣᠭᠤᠭ᠎ᠠ ᠪᠠᠷ ᠰᠡᠳᠦᠪᠯᠡᠨ᠂ ᠡᠳᠡᠬᠡᠷ ᠲᠠᠢ ᠬᠠᠷᠠᠭᠠᠯᠵᠠᠭᠰᠠᠨ ᠴᠡᠪᠡᠷ ᠲᠣᠳᠣ᠂ ᠠᠮᠢᠳᠤᠯᠢᠭ ᠰᠠᠶᠢᠬᠠᠨ ᠵᠢᠷᠤᠬ ᠳᠦᠷᠰᠦ ᠶᠢ ᠬᠠᠪᠰᠤᠷᠭᠠᠵᠠᠢ᠃ ᠡᠳᠡᠬᠡᠷ ᠤᠨ ᠢᠶᠠᠨ ᠨᠡᠷ᠎ᠡ ᠶᠢ ᠪᠠᠰᠠ ᠮᠣᠩᠭᠤᠯ᠂ ᠬᠢᠲᠠᠳ᠂ ᠠᠩᠭ᠍ᠯᠢ᠂ ᠺᠢᠷᠢᠯ ᠳᠥᠷᠪᠡᠨ ᠳᠦᠷᠦᠯ ᠤᠨ ᠦᠰᠦᠭ ᠢᠶᠠᠷ ᠬᠠᠵᠠᠭᠤ ᠳᠤ ᠨᠢ ᠬᠠᠳᠠᠭᠰᠠᠨ ᠪᠠᠶᠢᠨ᠎ᠠ᠃
       ︽ᠰᠡᠷᠭᠦᠯᠡᠩ ᠪᠦᠪᠡᠢ︾ ᠨᠣᠮ ᠳᠤ ᠠᠮᠢᠯᠠᠭᠤᠯᠤᠭᠰᠠᠨ ᠠᠷᠢᠶᠠᠳᠠᠨ ᠠᠮᠢᠲᠠᠨ ᠪᠤᠯᠤᠨ ᠵᠢᠮᠢᠰ ᠢᠳᠡᠰᠢᠨ ᠨᠣᠭᠤᠭ᠎ᠠ᠂ ᠥᠩᠭᠡ ᠪᠤᠳᠤᠭ ᠬᠡᠯᠪᠡᠷᠢ ᠳᠦᠷᠰᠦ᠂ ᠲᠤᠭ᠎ᠠ ᠵᠡᠷᠬᠡ ᠨᠢ ᠬᠡᠤᠬᠡᠳ ᠤᠳ ᠤᠨ ᠬᠠᠷᠠᠭᠠᠨ ᠰᠠᠷᠠᠯ ᠳᠤ ᠰᠡᠳᠡᠯᠲᠡ ᠥᠭᠴᠦ ᠠᠷᠢᠶᠠᠳᠠᠨ ᠠᠮᠢᠲᠠᠨ᠂ ᠲᠤᠭ᠎ᠠ᠂ ᠥᠩᠭᠡ ᠪᠤᠳᠤᠭ ᠬᠡᠯᠪᠡᠷᠢ ᠳᠦᠷᠰᠦ ᠪᠤᠯᠤᠨ ᠵᠢᠮᠢᠰ ᠢᠳᠡᠰᠢᠨ ᠨᠣᠭᠤᠭ᠎ᠠ ᠶᠢᠨ ᠲᠤᠬᠠᠢ ᠣᠶᠢᠯᠠᠭᠠᠭᠳᠠᠬᠤᠨ ᠲᠠᠢ ᠪᠣᠯᠭᠠᠨ᠂ ᠲᠡᠭᠦᠨ ᠤ ᠲᠤᠬᠠᠢ ᠰᠤᠷᠤᠯᠴᠠᠬᠤ ᠤᠷᠮ᠎ᠠ ᠪᠠᠬ᠎ᠠ ᠶᠢ ᠨᠢ ᠬᠥᠭᠵᠢᠭᠡᠵᠦ ᠨᠡᠩ ᠴᠢᠨᠠᠭᠰᠢᠯᠠᠨ ᠣᠶᠤᠨ ᠤᠬᠠᠭᠠᠨ ᠢ ᠨᠢ ᠨᠡᠭᠡᠭᠡᠭᠳᠡᠭᠦᠯᠬᠦ ᠳᠤ ᠶᠡᠬᠡᠬᠡᠨ ᠠᠴᠢ ᠲᠤᠰᠠ ᠲᠠᠢ᠃ ᠡᠶᠢᠮᠦ ᠶᠢᠨ ᠳᠤᠯᠠ ᠲᠣᠰ ᠨᠣᠮ 0-3 ᠨᠠᠰᠤᠨ ᠤ ᠥᠰᠪᠦᠷᠢ ᠶᠢᠨ ᠬᠡᠦᠬᠡᠳ ᠤᠳ ᠤᠨ ᠬᠤᠪᠢ ᠳᠤ ᠳᠤᠲᠠᠭᠳᠠᠵᠤ ᠪᠣᠯᠣᠰᠢ ᠦᠭᠡᠢ ᠠᠩᠬᠠᠨ ᠤ ᠬᠦᠮᠦᠵᠢᠯ ᠤᠨ ᠲᠠᠨᠢᠨ ᠮᠡᠳᠡᠬᠦᠢ ᠶᠢᠨ ᠪᠢᠴᠢᠭ ᠪᠤᠯᠤᠨ᠎ᠠ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号