| ︵1982 ᠤᠨ ᠤ 12 ᠰᠠᠷ᠎ᠠ ᠶᠢᠨ 4 ᠤ ᠡᠲᠤᠷ ᠲᠠᠪᠤᠲᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠲᠤᠭᠠᠷ ᠬᠤᠷᠠᠯᠲᠤᠭᠠᠨ ᠠᠴᠠ ᠪᠠᠲᠤᠯᠠᠪᠠ᠂ 1982 | ᠤᠨ ᠤ 12 ᠰᠠᠷ᠎ᠠ ᠶᠢᠨ 4 ᠤ ᠡᠲᠤᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠠᠷ ᠢᠶᠠᠷ ᠭᠡᠷᠡᠭᠵᠢᠬᠦᠯᠬᠦ ᠪᠠᠷ ᠨᠠᠶᠢᠲᠡᠯᠡᠪᠠ᠂ 1988 ᠤᠨ ᠤ 4 ᠰᠠᠷ᠎ᠠ ᠶᠢᠨ 12 ᠤ ᠡᠲᠤᠷ ᠲᠤᠯᠤᠲᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ | ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ | ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾᠂ 1993 ᠤᠨ ᠤ 3 ᠰᠠᠷ᠎ᠠ ᠶᠢᠨ 29 ᠤ ᠡᠲᠤᠷ ᠨᠠᠢᠮᠠᠲᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ | ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ | ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠪᠤᠯᠤᠨ 1999 ᠤᠨ ᠤ 3 ᠰᠠᠷ᠎ᠠ ᠶᠢᠨ 15 ᠤ ᠡᠲᠤᠷ | ᠶᠢᠰᠤᠲᠤᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠲᠤᠭᠠᠷ ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠪᠤᠯᠤᠨ 2004 ᠤᠨ ᠤ 3 ᠰᠠᠷ᠎ᠠ ᠶᠢᠨ 14 ᠤ | ᠡᠲᠤᠷ ᠠᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠲᠤᠭᠠᠷ ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠢ ᠦᠨᠲᠦᠰᠦᠯᠡᠵᠤ ᠵᠠᠰᠠᠪᠠ︶ | ᠭᠠᠷᠴᠠᠭ | ᠤᠷᠤᠰᠢᠯ | ᠨᠢᠭᠡᠲᠤᠭᠡᠷ ᠪᠦᠯᠦᠭ ᠶᠡᠷᠤᠩᠭᠡᠢ ᠬᠦᠲᠤᠯᠪᠤᠷᠢ | ᠬᠤᠶᠠᠲᠤᠭᠠᠷ ᠪᠦᠯᠦᠭ ᠠᠷᠠᠳ ᠢᠷᠭᠡᠨ ᠤ ᠦᠨᠲᠤᠰᠤᠨ ᠡᠷᠭᠡ ᠪᠠ ᠡᠬᠦᠷᠭᠡ | ᠭᠤᠷᠪᠠᠲᠤᠭᠠᠷ ᠪᠦᠯᠦᠭ ᠲᠦᠷᠤ ᠶᠢᠨ ᠪᠠᠶᠢᠭᠤᠯᠤᠮᠵᠢ | ᠨᠢᠭᠡᠲᠤᠭᠡᠷ ᠭᠡᠰᠡᠭ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠬᠤᠶᠠᠲᠤᠭᠠᠷ ᠭᠡᠰᠡᠭ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠭᠤᠷᠪᠠᠲᠤᠭᠠᠷ ᠭᠡᠰᠡᠭ ᠲᠦᠷᠤ ᠶᠢᠨ ᠶᠠᠪᠤᠲᠠᠯ ᠤᠨ ᠬᠤᠷᠢᠶ᠎ᠠ | ᠲᠦᠷᠪᠡᠲᠤᠭᠡᠷ ᠭᠡᠰᠡᠭ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ | ᠲᠠᠪᠤᠲᠤᠭᠠᠷ ᠭᠡᠰᠡᠭ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠪᠠ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ | ᠵᠢᠷᠭᠤᠲᠤᠭᠠᠷ ᠭᠡᠰᠡᠭ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ | ᠵᠠᠰᠠᠬᠤ ᠪᠠᠶᠢᠭᠤᠯᠭ᠎ᠠ | ᠲᠤᠯᠤᠳᠤᠭᠠᠷ ᠬᠡᠰᠡᠭ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ | ᠲᠦᠷᠪᠡᠲᠤᠭᠡᠷ ᠪᠦᠯᠦᠭ ᠤᠯᠤᠰ ᠤᠨ ᠲᠤᠭ᠂ ᠤᠯᠤᠰ ᠤᠨ ᠰᠦᠯᠲᠠ ᠲᠠᠭᠤᠤ᠂ ᠤᠯᠤᠰ ᠤᠨ ᠰᠦᠯᠲᠠ | ᠂ ᠨᠠᠶᠢᠰᠯᠠᠯ | ᠤᠷᠤᠰᠢᠯ | ᠲᠤᠮᠲᠠᠲᠤ ᠤᠯᠤᠰ ᠪᠤᠯ ᠲᠡᠯᠡᠭᠡᠢ ᠶᠢᠨ ᠬᠠᠮᠤᠭ ᠤᠨ ᠦᠨᠢ ᠤᠲᠠᠭᠠᠨ ᠲᠡᠤᠭᠡ ᠲᠠᠢ ᠤᠯᠤᠰ ᠤᠳ ᠤᠨ | ᠨᠢᠭᠡ ᠨᠢ ᠮᠦᠨ᠃ ᠲᠤᠮᠲᠠᠲᠤ ᠤᠯᠤᠰ ᠤᠨ ᠦᠨᠲᠤᠰᠤᠲᠡᠨ ᠨᠦᠭᠦᠳ ᠤᠨ ᠠᠷᠠᠳ ᠲᠦᠮᠠᠨ ᠭᠡᠷᠡᠯ ᠰᠠᠴᠤᠷᠠᠩᠭᠤᠢ | ᠰᠤᠶᠤᠯ ᠢ ᠬᠠᠮᠲᠤ ᠪᠠᠷ ᠡᠬᠦᠲᠤᠨ ᠪᠦᠲᠦᠭᠡᠭᠰᠠᠨ ᠪᠦᠭᠡᠳ ᠢᠷᠠᠭᠤ ᠠᠯᠲᠠᠷᠲᠤ ᠬᠤᠪᠢᠰᠬᠠᠯᠲᠤ ᠤᠯᠠᠮᠵᠢᠯᠠᠯ ᠲᠠᠢ ᠶᠤᠮ᠃ | | 1840 ᠤᠨ ᠠᠴᠠ ᠬᠤᠶᠢᠰᠢ᠂ ᠹᠸᠤᠲᠠᠯ ᠤᠨ ᠲᠤᠮᠲᠠᠲᠤ ᠤᠯᠤᠰ ᠣᠯᠠᠮ ᠢᠶᠠᠷ ᠬᠠᠭᠠᠰ ᠺᠤᠯᠤᠨᠢ᠂ | ᠬᠠᠭᠠᠰ ᠹᠸᠤᠲᠠᠯ ᠤᠨ ᠤᠯᠤᠰ ᠪᠤᠯᠤᠨ ᠬᠤᠪᠢᠷᠠᠪᠠ᠃ ᠲᠤᠮᠲᠠᠲᠤ ᠤᠯᠤᠰ ᠤᠨ ᠠᠷᠠᠳ ᠲᠦᠮᠠᠨ ᠤᠯᠤᠰ | ᠤᠷᠤᠨ ᠤ ᠪᠠᠨ ᠲᠤᠰᠠᠭᠠᠷ ᠲᠤᠭᠲᠠᠨᠢᠯ᠂ ᠦᠨᠲᠤᠰᠤᠲᠠᠨ ᠤ ᠪᠠᠨ ᠴᠢᠯᠦᠭᠡᠯᠡᠯᠲᠠ ᠪᠠ ᠠᠷᠠᠳᠴᠢᠯᠠᠯ ᠡᠷᠭᠡ | ᠴᠢᠯᠦᠭᠡᠨ ᠤ ᠪᠠᠨ ᠲᠦᠯᠦᠭᠡ ᠪᠤᠴᠠᠯᠲᠠ ᠨᠢᠴᠤᠯᠲᠠ ᠦᠭᠡᠢ ᠪᠠᠭᠠᠲᠤᠷᠯᠠᠨ ᠲᠡᠮᠡᠴᠡᠭᠰᠠᠨ ᠶᠤᠮ᠃ | 20 ᠳ᠋ᠤᠭᠠᠷ ᠵᠠᠭᠤᠨ ᠳᠤ᠂ ᠲᠤᠮᠲᠠᠲᠤ ᠤᠯᠤᠰ ᠲᠤ ᠲᠡᠭᠷᠢ ᠭᠠᠵᠠᠷ ᠢ ᠲᠤᠩᠰᠤᠯᠭᠠᠭᠰᠠᠨ ᠠᠭᠤᠤ ᠶᠡᠭᠡ | ᠲᠡᠤᠭᠡᠨ ᠬᠤᠪᠢᠷᠠᠯᠲᠠ ᠭᠠᠷᠴᠠᠢ᠃ | 1911 ᠤᠨ ᠳᠤ ᠰᠦᠨ ᠵᠦᠩ ᠱᠠᠨ ᠠᠪᠤᠭᠠᠢ ᠶᠢᠨ ᠤᠲᠤᠷᠢᠲᠤᠭᠰᠠᠨ ᠴᠠᠭᠠᠭᠴᠢᠨ ᠭᠠᠭ᠋ᠠᠢ ᠵᠢᠯ ᠤᠨ | ᠬᠤᠪᠢᠰᠬᠠᠯ ᠹᠸᠤᠲᠠᠯ ᠤᠨ ᠬᠠᠭᠠᠨᠲᠤ ᠪᠠᠶᠢᠭᠤᠯᠤᠯ ᠢ ᠨᠤᠷᠠᠭᠠᠭᠠᠳ᠂ ᠲᠤᠮᠲᠠᠲᠤ ᠢᠷᠭᠡᠨ ᠤᠯᠤᠰ ᠢ ᠪᠠᠶᠢᠭᠤᠯᠪᠠ᠃ | ᠭᠡᠪᠡᠴᠦ ᠡᠵᠡᠷᠭᠡᠭ ᠲᠦᠷᠢᠮᠡᠭᠡᠢ ᠶᠤᠰᠤ ᠪᠠ ᠹᠸᠤᠲᠠᠯ ᠶᠤᠰᠤ ᠶᠢ ᠡᠰᠡᠷᠭᠦᠴᠡᠬᠦ ᠲᠤᠮᠲᠠᠲᠤ ᠤᠯᠤᠰ ᠤᠨ ᠠᠷᠠᠳ | ᠲᠦᠮᠠᠨ ᠤ ᠲᠡᠤᠭᠡᠨ ᠡᠬᠦᠷᠭᠡ ᠬᠠᠷᠠᠬᠠᠨ ᠪᠡᠶᠡᠯᠡᠭᠲᠡᠵᠦ ᠴᠢᠲᠠᠭᠰᠠᠨ ᠦᠭᠡᠢ᠃ | 1949 ᠤᠨ ᠳᠤ᠂ ᠮᠠᠤ ᠽᠧ ᠳ᠋ᠦᠩ ᠲᠡᠷᠢᠬᠦᠯᠡᠭᠴᠢ ᠪᠠᠷ ᠤᠲᠤᠷᠢᠲᠤᠭᠴᠢ ᠪᠠᠨ ᠪᠤᠯᠭᠠᠭᠰᠠᠨ ᠲᠤᠮᠲᠠᠲᠤ | ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠢ ᠤᠲᠤᠷᠢᠲᠤᠨ | ᠂ ᠤᠷᠲᠤ ᠬᠤᠭᠤᠴᠠᠭᠠᠨ ᠤ ᠬᠦᠴᠢᠷ ᠪᠡᠷᠭᠡᠰᠢᠶᠠᠯ ᠲᠠᠢ ᠨᠤᠭᠤᠷᠠᠯ ᠪᠦᠲᠦᠷᠢᠯ ᠲᠠᠢ ᠵᠠᠪᠰᠡᠭᠲᠦ ᠲᠡᠮᠡᠴᠡᠯ ᠪᠠ ᠪᠤᠰᠤᠤᠨ | ᠭᠡᠯᠪᠠᠷᠢ ᠶᠢᠨ ᠲᠡᠮᠡᠴᠡᠯ ᠢ ᠶᠠᠪᠤᠭᠤᠯᠤᠭᠠᠳ᠂ ᠡᠴᠤᠰ ᠲᠡᠭᠡᠨ ᠡᠵᠡᠷᠭᠡᠭ ᠲᠦᠷᠢᠮᠡᠭᠡᠢ ᠶᠤᠰᠤ᠂ ᠹᠸᠤᠲᠠᠯ ᠶᠤᠰᠤ ᠪᠠ | ᠨᠤᠶᠠᠨᠴᠢ ᠬᠦᠷᠦᠩᠭᠡᠲᠤ ᠶᠤᠰᠤᠨ ᠤ ᠨᠤᠶᠠᠷᠬᠠᠯ ᠢ ᠲᠦᠯᠭᠢᠨ ᠤᠨᠠᠭᠠᠵᠤ᠂ ᠰᠢᠨ᠎ᠠ ᠠᠷᠠᠳᠴᠢᠯᠠᠭᠰᠠᠨ ᠬᠤᠪᠢᠰᠬᠠᠯ ᠤᠨ | ᠠᠭᠤᠤ ᠶᠡᠭᠡ ᠢᠯᠡᠯᠲᠠ ᠶᠢ ᠤᠯᠵᠤ᠂ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠢ ᠪᠠᠶᠢᠭᠤᠯᠵᠠᠢ᠃ | ᠲᠡᠬᠦᠨ ᠠᠴᠠ ᠬᠤᠶᠢᠰᠢ᠂ ᠲᠤᠮᠲᠠᠲᠤ ᠤᠯᠤᠰ ᠤᠨ ᠠᠷᠠᠳ ᠲᠦᠮᠠᠨ ᠤᠯᠤᠰ ᠤᠷᠤᠨ ᠤ ᠪᠠᠨ ᠡᠷᠭᠡ ᠶᠢ ᠡᠵᠡᠮᠰᠢᠵᠤ᠂ | ᠲᠦᠷᠤ ᠶᠢᠨ ᠡᠵᠡᠨ ᠪᠤᠯᠵᠠᠢ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠨ ᠤ ᠲᠠᠷᠠᠭ᠎ᠠ᠂ ᠮᠠᠨ ᠤ | ᠤᠯᠤᠰ ᠤᠨ ᠨᠠᠶᠢᠭᠡᠮ ᠰᠢᠨ᠎ᠠ ᠠᠷᠠᠳᠴᠢᠯᠠᠭᠰᠠᠨ ᠶᠤᠰᠤᠨ ᠠᠴᠠ ᠨᠠᠶᠢᠭᠡᠮ ᠵᠢᠷᠤᠮ ᠳᠤ ᠠᠯᠬᠤᠮ ᠠᠯᠬᠤᠮ ᠢᠶᠠᠷ | ᠰᠢᠯᠵᠢᠨ ᠤᠷᠤᠪᠠ᠃ ᠦᠢᠯᠡᠳᠪᠤᠷᠢᠯᠡᠯ ᠤᠨ ᠭᠡᠷᠡᠭᠰᠡᠯ ᠤᠨ ᠬᠤᠪᠢ ᠶᠢᠨ ᠦᠮᠴᠢᠯᠠᠯ ᠤᠨ ᠲᠠᠯ᠎ᠠ ᠪᠠᠷ ᠬᠢ ᠨᠠᠶᠢᠭᠡᠮ | ᠵᠢᠷᠤᠮᠲᠤ ᠦᠭᠡᠷᠡᠴᠢᠯᠡᠯᠲᠠ ᠨᠢᠭᠡᠨᠲᠠ ᠪᠡᠶᠡᠯᠡᠭᠲᠡᠵᠤ᠂ ᠬᠦᠮᠦᠨ ᠬᠦᠮᠦᠨ ᠢᠶᠠᠨ ᠮᠦᠯᠵᠢᠬᠦ ᠪᠠᠶᠢᠭᠤᠯᠤᠯ ᠤᠰᠠᠲᠤᠭᠠᠳ᠂ | ᠨᠠᠶᠢᠭᠡᠮ ᠵᠢᠷᠤᠮᠲᠤ ᠪᠠᠶᠢᠭᠤᠯᠤᠯ ᠲᠤᠭᠳᠠᠨᠢᠪᠠ᠃ ᠠᠵᠢᠯᠴᠢᠨ ᠠᠩᠭᠢ ᠶᠢᠨ ᠣᠳᠤᠷᠢᠳᠣᠭᠰᠠᠨ᠂ ᠠᠵᠢᠯᠴᠢᠨ | ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠭᠰᠠᠨ᠂ ᠮᠦᠨ ᠴᠢᠨᠠᠷ ᠲᠡᠭᠡᠷ᠎ᠠ ᠪᠠᠨ ᠦᠭᠡᠶᠢᠬᠦᠦ ᠠᠩᠭᠢ ᠶᠢᠨ | ᠲᠠᠷᠤᠩᠭᠤᠢᠢᠯᠠᠬᠤ ᠵᠠᠰᠠᠭ ᠪᠤᠯᠬᠤ ᠠᠷᠠᠳ ᠤᠨ ᠠᠷᠠᠳᠴᠢᠯᠠᠭᠰᠠᠨ ᠲᠠᠷᠤᠩᠭᠤᠢᠢᠯᠠᠬᠤ ᠵᠠᠰᠠᠭ ᠪᠠᠭᠢᠵᠢᠨ ᠭᠦᠭᠵᠢᠪᠠ᠃ | ᠲᠤᠮᠲᠠᠲᠤ ᠤᠯᠤᠰ ᠤᠨ ᠠᠷᠠᠳ ᠲᠦᠮᠠᠨ ᠪᠠ ᠲᠤᠮᠲᠠᠲᠤ ᠤᠯᠤᠰ ᠤᠨ ᠠᠷᠠᠳ ᠤᠨ ᠴᠢᠯᠦᠭᠡᠯᠡᠯᠬᠦ ᠴᠡᠷᠢᠭ ᠡᠵᠡᠷᠭᠡᠭ | ᠲᠦᠷᠢᠮᠡᠭᠡᠶᠢᠲᠠᠨ᠂ ᠡᠵᠡᠷᠭᠡᠬᠦ ᠦᠵᠡᠯᠲᠠᠨ ᠤ ᠲᠦᠷᠢᠮᠡᠭᠡᠶᠢᠯᠡᠯ᠂ ᠡᠪᠲᠡᠯᠡᠭᠡ᠂ ᠵᠠᠪᠰᠡᠭᠲᠤ ᠦᠲᠦᠭᠡᠯᠭᠡ ᠶᠢ ᠢᠯᠠᠭᠠᠳ᠂ | ᠤᠯᠤᠰ ᠤᠷᠤᠨ ᠤ ᠪᠠᠨ ᠲᠤᠰᠠᠭᠠᠷ ᠲᠤᠭᠲᠠᠨᠢᠯ ᠪᠠ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠᠨ ᠴᠢᠩᠭᠠᠳᠬᠠᠵᠠᠢ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ | ᠤᠯᠵᠤ᠂ ᠪᠡᠶ᠎ᠠ ᠪᠠᠨ ᠲᠠᠭᠠᠭᠠᠭᠰᠠᠨ᠂ ᠨᠡᠯᠢᠶᠡᠳ ᠪᠦᠷᠢᠨ ᠲᠡᠬᠦᠯᠲᠠᠷ ᠨᠠᠶᠢᠭᠡᠮ ᠵᠢᠷᠤᠮᠲᠤ ᠠᠵᠤ ᠦᠢᠯᠡᠳᠪᠤᠷᠢ ᠶᠢᠨ | ᠰᠢᠰᠲ᠋ᠧᠮ ᠦᠨᠲᠤᠰᠤᠨ ᠳᠡᠭᠡᠨ ᠪᠦᠷᠢᠯᠲᠤᠭᠡᠳ ᠬᠦᠲᠡᠭᠡ ᠠᠵᠤ ᠠᠬᠤᠢ ᠶᠢᠨ ᠦᠢᠯᠡᠳᠪᠤᠷᠢᠯᠡᠯ ᠮᠡᠲᠡᠭᠲᠡᠬᠦ᠋ᠢᠴᠨ | ᠲᠡᠭᠡᠭᠰᠢᠯᠡᠵᠠᠢ᠃ ᠰᠤᠷᠭᠠᠨ ᠬᠦᠮᠦᠵᠢᠯ᠂ ᠰᠢᠨᠵᠢᠯᠡᠬᠦ ᠣᠬᠠᠭᠠᠨ᠂ ᠰᠤᠶᠤᠯ ᠪᠤᠯᠪᠠᠰᠤᠷᠠᠯ ᠵᠡᠷᠭᠡ ᠦᠢᠯᠡᠰ ᠠᠰᠠᠷᠤ ᠶᠡᠭᠡ | ᠬᠦᠭᠵᠢᠭᠡᠳ᠂ ᠨᠠᠶᠢᠭᠡᠮ ᠵᠢᠷᠤᠮ ᠤᠨ ᠦᠵᠡᠯ ᠰᠠᠨᠠᠭᠠᠨ ᠤ ᠬᠦᠮᠦᠵᠢᠯ ᠮᠡᠲᠡᠭᠲᠡᠬᠦ᠋ᠢᠴᠨ ᠦᠷ᠎ᠠ ᠪᠦᠲᠤᠮᠵᠢ ᠤᠯᠵᠠᠢ᠃ | ᠦᠷᠭᠡᠨ ᠤᠯᠠᠨ ᠠᠷᠠᠳ ᠲᠦᠮᠠᠨ ᠤ ᠠᠮᠢᠲᠤᠷᠠᠯ ᠨᠠᠯᠢᠶᠡᠳ ᠶᠡᠭᠡ ᠪᠠᠷ ᠰᠠᠶᠢᠵᠢᠷᠠᠵᠠᠢ᠃ | ᠲᠤᠮᠲᠠᠲᠤ ᠤᠯᠤᠰ ᠤᠨ ᠰᠢᠨ᠎ᠠ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠪᠠ ᠨᠠᠶᠢᠭᠡᠮ ᠵᠢᠷᠤᠮᠲᠤ | ᠦᠢᠯᠠᠰ ᠤᠨ ᠠᠮᠵᠢᠯᠲᠠ ᠶᠢ ᠪᠤᠯ ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ | ᠦᠨᠲᠤᠰᠤᠲᠠᠨ ᠨᠦᠭᠦᠳ ᠤᠨ ᠠᠷᠠᠳ ᠲᠦᠮᠠᠨ ᠢ ᠤᠲᠤᠷᠢᠲᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭᠠᠨ ᠤ ᠵᠢᠯᠦᠭᠤᠲᠤᠯᠭᠠ ᠶᠢᠨ ᠲᠤᠤᠷ᠎ᠠ᠂ ᠦᠨᠨᠠ ᠶᠤᠰᠤ ᠶᠢ ᠪᠠᠷᠢᠮᠳ᠋ᠯᠠᠠᠨ᠂ ᠠᠯᠲᠠᠭ᠎ᠠ ᠪᠤᠷᠤᠭᠤ ᠪᠠᠨ | ᠵᠠᠯᠠᠷᠠᠭᠤᠯᠵᠤ᠂ ᠮᠠᠰᠢ ᠤᠯᠠᠨ ᠬᠦᠴᠢᠷ ᠪᠡᠷᠭᠡᠰᠢᠶᠠᠯ ᠬᠠᠷᠰᠢ ᠰᠠᠭᠠᠳ ᠢ ᠢᠯᠠᠨ ᠲᠠᠪᠠᠵᠤ ᠪᠠᠶᠢᠭᠠᠳ ᠤᠯᠤᠭᠰᠠᠨ ᠶᠤᠮ | ᠃ ᠮᠠᠨ ᠤ ᠤᠯᠤᠰ ᠨᠠᠶᠢᠭᠡᠮ ᠵᠢᠷᠤᠮ ᠤᠨ ᠠᠩᠬᠠᠨ ᠤ ᠱᠠᠳᠤᠨ ᠳᠤ ᠤᠷᠲᠤ ᠬᠤᠭᠤᠴᠠᠭ᠎ᠠ ᠪᠠᠷ ᠣᠷᠣᠰᠢᠬᠤ ᠪᠤᠯᠤᠨ᠎ᠠ᠃ | ᠲᠦᠷᠤ ᠶᠢᠨ ᠦᠨᠲᠤᠰᠤᠨ ᠡᠬᠦᠷᠭᠡ ᠪᠤᠯ ᠲᠤᠮᠲᠠᠲᠤ ᠤᠯᠤᠰ ᠤᠨ ᠤᠨᠴᠠᠯᠢᠭᠲᠤ ᠨᠠᠶᠢᠭᠡᠮ ᠵᠢᠷᠤᠮ ᠤᠨ ᠵᠠᠮ ᠢᠶᠠᠷ | ᠬᠦᠴᠤ ᠪᠠᠨ ᠲᠦᠪᠯᠡᠷᠡᠬᠦᠯᠦᠨ ᠨᠠᠶᠢᠭᠡᠮ ᠵᠢᠷᠤᠮ ᠤᠨ ᠤᠲᠤᠭᠢᠴᠢᠯᠠᠬᠤ ᠪᠦᠲᠦᠭᠡᠨ ᠪᠠᠶᠢᠭᠤᠯᠤᠯᠲᠠ ᠶᠢ ᠬᠢᠬᠦ ᠶᠠᠪᠤᠲᠠᠯ | ᠪᠤᠯᠤᠨ᠎ᠠ᠃ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠦᠷᠬᠦᠯᠵᠢᠯᠠᠨ ᠲᠤᠮᠲᠠᠲᠤ | ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠲᠤᠤᠷ᠎ᠠ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠤᠯᠤᠨ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ | ᠰᠠᠨᠠᠭ᠎ᠠ ᠶᠢᠨ ᠵᠢᠯᠦᠭᠤᠲᠤᠯᠭᠠ ᠲᠤᠤᠷ᠎ᠠ᠂ ᠠᠷᠠᠳ ᠤᠨ ᠠᠷᠠᠳᠴᠢᠯᠠᠭᠰᠠᠨ ᠲᠠᠷᠤᠩᠭᠤᠢᠢᠯᠠᠬᠤ ᠵᠠᠰᠠᠭ ᠢ ᠪᠠᠷᠢᠮᠲᠠᠯᠠᠨ᠂ | ᠨᠠᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠦᠭᠡᠷᠡᠴᠢᠯᠡᠯᠲᠠ ᠨᠡᠭᠡᠭᠡᠯᠲᠠ ᠭᠢᠬᠦ ᠶᠢ ᠪᠠᠷᠢᠮᠲᠠᠯᠠᠨ᠂ ᠨᠠᠶᠢᠭᠡᠮ | ᠵᠢᠷᠤᠮ ᠤᠨ ᠲᠦᠷᠢᠮ ᠲᠤᠭᠲᠠᠭᠠᠯ ᠤᠳ ᠢ ᠲᠠᠰᠤᠷᠠᠯᠲᠠ ᠦᠭᠡᠢ ᠲᠡᠬᠦᠯᠲᠡᠷᠵᠢᠬᠦᠯᠵᠤ᠂ ᠨᠠᠶᠢᠭᠡᠮ ᠵᠢᠷᠤᠮ ᠤᠨ ᠵᠠᠬ᠎ᠠ | ᠲᠡᠯᠭᠡᠬᠦᠷ ᠤᠨ ᠠᠵᠤ ᠠᠬᠤᠢ ᠶᠢ ᠬᠦᠭᠵᠢᠬᠦᠯᠦᠨ᠂ ᠨᠠᠶᠢᠭᠡᠮ ᠵᠢᠷᠤᠮ ᠤᠨ ᠠᠷᠠᠳᠴᠢᠯᠠᠯ ᠢ ᠬᠦᠭᠵᠢᠬᠦᠯᠵᠤ᠂ ᠨᠠᠶᠢᠭᠡᠮ | ᠵᠢᠷᠤᠮ ᠤᠨ ᠬᠠᠤᠯᠢ ᠲᠦᠷᠢᠮ ᠢ ᠲᠡᠬᠦᠯᠲᠡᠷᠵᠢᠬᠦᠯᠵᠤ᠂ ᠦᠪᠡᠷ ᠤᠨ ᠬᠦᠴᠦ ᠪᠠᠷ ᠢᠶᠠᠨ ᠲᠡᠭᠵᠢᠷᠡᠵᠤ᠂ ᠲᠡᠰᠪᠤᠷᠢ | ᠬᠠᠲᠠᠭᠤᠵᠢᠯᠲᠠᠢ ᠲᠡᠮᠡᠴᠡᠵᠤ ᠪᠠᠶᠢᠭᠠᠳ ᠠᠵᠤ ᠦᠢᠯᠡᠳᠪᠤᠷᠢ᠂ ᠬᠦᠲᠡᠭᠡ ᠠᠵᠤ ᠠᠬᠤᠢ᠂ ᠤᠯᠤᠰ ᠤᠨ ᠪᠠᠲᠤᠯᠠᠨ | ᠬᠠᠮᠠᠭᠠᠯᠯᠠᠲᠠ ᠪᠠ ᠰᠢᠨᠵᠢᠯᠡᠬᠦ ᠤᠬᠠᠭᠠᠠ ᠮᠡᠷᠭᠡᠵᠢᠯ ᠤᠨ ᠤᠲᠤᠭᠢᠴᠢᠯᠠᠯᠲᠠ ᠶᠢ ᠠᠯᠬᠤᠮ ᠠᠯᠬᠤᠮ ᠢᠶᠠᠷ ᠪᠡᠶᠡᠯᠡᠬᠦᠯᠵᠤ᠂ | ᠪᠤᠲᠠᠰ ᠤᠨ ᠪᠤᠯᠪᠠᠰᠤᠨ᠂ ᠤᠯᠤᠰ ᠲᠦᠷᠤ ᠶᠢᠨ ᠪᠤᠯᠪᠠᠰᠤᠨ ᠪᠠ ᠤᠶᠤᠨ ᠤ ᠪᠤᠯᠪᠠᠰᠤᠨ ᠤ ᠵᠤᠬᠢᠴᠠᠩᠭᠤᠢ | ᠭᠦᠭᠵᠢᠯᠲᠠ ᠶᠢ ᠲᠦᠯᠭᠢᠨ ᠤᠷᠤᠭᠰᠢᠯᠡᠭᠤᠯᠵᠤ᠂ ᠮᠠᠨ ᠤ ᠤᠯᠤᠰ ᠢᠶᠠᠨ ᠪᠠᠶᠠᠨ ᠬᠦᠴᠦᠷᠭᠡᠭ᠂ ᠠᠷᠠᠳᠴᠢᠯᠠᠭᠰᠠᠨ᠂ | ᠪᠤᠯᠪᠠᠰᠤᠨ ᠨᠡᠶᠢᠭᠡᠮ ᠵᠢᠷᠤᠮᠲᠤ ᠤᠯᠤᠰ ᠪᠤᠯᠭᠠᠨ ᠪᠦᠲᠤᠭᠡᠨ ᠪᠠᠶᠢᠭᠤᠯᠤᠨ᠎ᠠ᠃ | ᠮᠠᠨ ᠤ ᠤᠯᠤᠰ ᠲᠤ ᠮᠦᠯᠵᠢᠭᠴᠢ ᠠᠩᠭᠢ᠂ ᠠᠩᠭᠢ ᠶᠢᠨ ᠬᠤᠪᠢ ᠳᠤ ᠨᠢᠭᠡᠨᠲᠠ ᠤᠰᠠᠲᠤᠭᠰᠠᠨ ᠪᠤᠯᠪᠠᠴᠤ | ᠠᠩᠭᠢ ᠶᠢᠨ ᠲᠡᠮᠡᠴᠡᠯ ᠮᠦᠨ ᠯᠠ ᠵᠤᠬᠢᠬᠤ ᠭᠡᠪᠴᠢᠶᠠᠨ ᠳᠤ ᠤᠷᠲᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠃ | ᠮᠠᠨ ᠤ ᠤᠯᠤᠰ ᠤᠨ ᠨᠠᠶᠢᠭᠡᠮ ᠵᠢᠷᠤᠮᠲᠤ ᠪᠠᠶᠢᠭᠤᠯᠤᠯ ᠢ ᠲᠠᠶᠢᠰᠤᠩᠨᠠᠬᠤ ᠪᠠ ᠡᠪᠲᠡᠲᠡᠭ ᠤᠯᠤᠰ ᠤᠨ ᠲᠤᠲᠤᠭᠠᠲᠤ | ᠭᠠᠲᠠᠭᠠᠲᠤ ᠶᠢᠨ ᠲᠠᠶᠢᠰᠤᠩᠨᠠᠭᠴᠢ ᠬᠦᠴᠤᠨ ᠪᠣᠯᠣᠨ ᠲᠠᠶᠢᠰᠤᠩᠨᠠᠭᠴᠢ ᠡᠲᠡᠭᠡᠳ ᠲᠠᠢ ᠲᠤᠮᠲᠠᠲᠤ ᠤᠯᠤᠰ ᠤᠨ ᠠᠷᠠᠳ | ᠲᠦᠮᠠᠨ ᠡᠷᠭᠡᠪᠰᠢ ᠲᠡᠮᠡᠴᠡᠬᠦ ᠭᠡᠷᠡᠭᠲᠠᠢ᠃ | ᠲᠠᠶᠢᠸᠠᠨ ᠪᠤᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠠᠷᠬᠠᠨ ᠨᠤᠲᠤᠭ ᠲᠡᠪᠢᠰᠭᠡᠷ ᠤᠨ | ᠨᠢᠭᠡ ᠭᠡᠰᠡᠭ ᠨᠢ ᠮᠦᠨ᠃ ᠡᠭᠡ ᠤᠷᠤᠨ ᠢᠶᠠᠨ ᠨᠢᠭᠡᠳᠭᠡᠬᠦ ᠶᠡᠭᠡ ᠦᠢᠯᠡᠰ ᠢ ᠪᠡᠶᠡᠯᠡᠬᠦᠯᠬᠦ ᠶᠠᠪᠤᠲᠠᠯ ᠪᠤᠯ ᠲᠡᠶᠢᠸᠠᠨ ᠤ | ᠠᠬ᠎ᠠ ᠲᠠᠭᠦᠦ ᠨᠠᠷ ᠢ ᠪᠠᠭᠲᠠᠭᠠᠭᠰᠠᠨ ᠪᠦᠬᠦ ᠲᠤᠮᠲᠠᠲᠤ ᠤᠯᠤᠰ ᠤᠨ ᠠᠷᠠᠳ ᠲᠦᠮᠠᠨ ᠤ ᠠᠷᠢᠭᠤᠨ ᠲᠠᠷᠬᠠᠨ ᠡᠬᠦᠷᠭᠡ | ᠬᠠᠷᠢᠭᠤᠴᠠᠯᠭ᠎ᠠ ᠮᠦᠨ᠃ | ᠨᠠᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠡᠷᠭᠡᠪᠰᠢ ᠠᠵᠢᠯᠴᠢᠨ ᠲᠠᠷᠢᠶᠠᠴᠢᠨ | ᠰᠡᠭᠡᠭᠡᠲᠠᠨ ᠢ ᠲᠦᠰᠢᠭᠯᠡᠵᠤ᠂ ᠪᠦᠯᠬᠦᠮᠲᠡᠵᠤ ᠪᠤᠯᠬᠤ ᠭᠦᠴᠤᠨ ᠪᠦᠬᠦᠨ ᠲᠠᠢ ᠪᠦᠯᠭᠦᠮᠲᠡᠬᠦ ᠭᠡᠷᠡᠭᠲᠠᠢ᠃ ᠤᠷᠲᠤ | ᠬᠤᠭᠤᠴᠭᠠᠠᠨ ᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠶᠠᠪᠤᠴᠨ ᠳᠤ᠂ ᠲᠤᠮᠲᠠᠲᠤ ᠤᠯᠤᠰ ᠤᠨ ᠡᠪ | ᠬᠠᠮᠲᠤ ᠨᠠᠮ ᠤᠨ ᠣᠳᠣᠷᠢᠳᠣᠭᠰᠠᠨ᠂ ᠠᠷᠠᠳᠴᠢᠯᠠᠭᠰᠠᠨ ᠨᠠᠮ ᠪᠦᠯᠦᠭ ᠤᠳ ᠪᠠ ᠠᠷᠠᠳ ᠤᠨ ᠪᠦᠯᠭᠦᠮ ᠤᠳ ᠤᠨ | ᠤᠷᠤᠯᠴᠠᠭᠰᠠᠨ᠂ ᠪᠦᠬᠦ ᠨᠠᠶᠢᠭᠡᠮ ᠵᠢᠷᠤᠮᠲᠤ ᠬᠦᠲᠡᠯᠮᠤᠷᠢᠴᠢᠳ᠂ ᠨᠠᠶᠢᠭᠡᠮ ᠵᠢᠷᠤᠮᠲᠤ ᠦᠢᠯᠡᠰ ᠤᠨ ᠪᠦᠲᠦᠭᠡᠨ | ᠪᠠᠢᠭᠤᠯᠤᠭᠴᠢᠳ᠂ ᠨᠠᠶᠢᠭᠡᠮ ᠵᠢᠷᠤᠮ ᠢ ᠬᠦᠷᠢᠶᠡᠯᠡᠬᠦ ᠡᠭᠡ ᠤᠷᠤᠨᠴᠢᠳ ᠪᠠ ᠡᠭᠡ ᠤᠷᠤᠨ ᠤ ᠨᠢᠬᠡᠲᠤᠯ ᠢ ᠬᠦᠷᠢᠶᠡᠯᠡᠬᠦ | ᠡᠭᠡ ᠤᠷᠤᠨᠴᠢᠳ ᠢ ᠪᠠᠭᠲᠠᠭᠠᠭᠰᠠᠨ ᠦᠷᠭᠡᠨ ᠲᠡᠯᠭᠡᠷ ᠡᠭᠡ ᠤᠷᠤᠨᠴᠢ ᠨᠢᠭᠡᠲᠤᠮᠠᠯ ᠹᠷᠤᠨᠲ ᠪᠦᠷᠢᠯᠲᠦᠭᠰᠡᠨ ᠪᠦᠭᠡᠳ | ᠡᠨᠡ ᠬᠦ ᠨᠢᠭᠡᠲᠤᠮᠠᠯ ᠹᠷᠤᠨᠲ ᠴᠢᠨᠠᠭᠰᠢᠲᠠ ᠤᠯᠠᠮ ᠪᠠᠭᠢᠵᠢᠨ ᠬᠦᠭᠵᠢᠬᠦ ᠪᠤᠯᠤᠨ᠎ᠠ᠃ ᠲᠤᠮᠲᠠᠲᠤ ᠤᠯᠤᠰ ᠤᠨ | ᠠᠷᠠᠳ ᠤᠨ ᠤᠯᠤᠰ ᠲᠦᠷᠤ ᠶᠢᠨ ᠵᠦᠪᠯᠡᠯᠭᠡᠨ ᠪᠤᠯ ᠦᠷᠭᠡᠨ ᠲᠡᠯᠭᠡᠷᠡᠩᠬᠦᠢ ᠲᠦᠯᠦᠭᠡᠯᠡᠬᠦ ᠴᠢᠨᠠᠷ ᠪᠦᠬᠦᠢ ᠨᠢᠭᠡᠲᠤᠮᠠᠯ | ᠹᠷᠤᠨᠲ ᠤᠨ ᠵᠤᠬᠢᠶᠠᠨ ᠪᠠᠶᠢᠭᠤᠯᠤᠯᠲᠠ ᠮᠦᠨ᠂ ᠦᠩᠭᠡᠷᠡᠭᠰᠡᠨ ᠳᠤ ᠴᠢᠬᠤᠯᠠ ᠲᠡᠤᠭᠡᠲᠤ ᠦᠢᠯᠡᠲᠤᠯ ᠭᠠᠷᠭᠠᠭᠰᠠᠨ | ᠪᠦᠭᠡᠳ ᠡᠬᠦᠨ ᠠᠴᠠ ᠬᠤᠶᠢᠰᠢᠲᠠ ᠲᠦᠷᠤ ᠶᠢᠨ ᠤᠯᠤᠰ ᠲᠦᠷᠤ ᠶᠢᠨ ᠠᠮᠢᠲᠤᠷᠠᠯ᠂ ᠨᠠᠶᠢᠭᠡᠮ ᠤᠨ ᠠᠮᠢᠲᠤᠷᠠᠯ ᠪᠠ | ᠭᠠᠲᠠᠭᠠᠲᠤ ᠲᠠᠢ ᠨᠦᠬᠦᠷᠰᠡᠭ ᠢᠶᠠᠷ ᠬᠠᠷᠢᠯᠴᠠᠬᠤ ᠠᠵᠢᠯᠯᠠᠭᠠᠨ ᠤ ᠲᠤᠮᠲᠠ ᠨᠠᠶᠢᠭᠡᠮ ᠵᠢᠷᠤᠮ ᠤᠨ ᠤᠲᠤᠭᠢᠴᠢᠯᠠᠬᠤ | ᠪᠦᠲᠦᠭᠡᠨ ᠪᠠᠢᠭᠤᠯᠤᠯᠲᠠ ᠶᠢ ᠬᠢᠭᠦ᠂ ᠣᠯᠣᠰ ᠤᠷᠤᠨ ᠤ ᠨᠢᠭᠡᠲᠤᠯ ᠪᠠ ᠪᠦᠯᠬᠦᠮᠲᠡᠯ ᠢ ᠬᠠᠮᠠᠭᠠᠯᠠᠬᠤ ᠲᠡᠮᠡᠴᠡᠯ ᠤᠨ | ᠲᠤᠮᠲᠠ ᠪᠠᠰᠠ ᠤᠯᠠᠮ ᠨᠢᠭᠡ ᠠᠯᠬᠤᠮ ᠴᠢᠬᠤᠯᠠ ᠦᠢᠯᠡᠲᠤᠯ ᠭᠠᠷᠭᠠᠬᠤ ᠪᠤᠯᠤᠨ᠎ᠠ᠃ ᠲᠤᠮᠲᠠᠲᠤ ᠤᠯᠤᠰ ᠤᠨ ᠡᠪ | ᠬᠠᠮᠲᠤ ᠨᠠᠮ ᠤᠨ ᠤᠲᠤᠷᠢᠲᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠤ ᠶᠢᠨ ᠵᠦᠪᠯᠡᠯᠭᠡ | ᠬᠢᠬᠦ ᠲᠦᠷᠢᠮ ᠤᠷᠲᠤ ᠬᠤᠭᠤᠴᠠᠭ᠎ᠠ ᠪᠠᠷ ᠤᠷᠤᠰᠢᠵᠤ ᠬᠦᠭᠵᠢᠬᠦ ᠪᠤᠯᠤᠨ᠎ᠠ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠤᠯ ᠪᠦᠬᠦ ᠤᠯᠤᠰ ᠤᠨ ᠦᠨᠲᠤᠰᠤᠲᠠᠨ ᠨᠦᠭᠦᠳ ᠤᠨ | ᠠᠷᠠᠳ ᠲᠦᠮᠠᠨ ᠤ ᠬᠠᠮᠲᠤ ᠪᠠᠷ ᠢᠶᠠᠨ ᠴᠤᠭᠴᠠᠯᠠᠨ ᠪᠠᠶᠢᠭᠤᠯᠤᠭᠰᠠᠨ ᠤᠯᠠᠨ ᠦᠨᠲᠤᠰᠤᠲᠠᠨ ᠪᠦᠬᠦᠢ ᠨᠢᠭᠡᠲᠦᠭᠰᠡᠨ | ᠣᠯᠣᠰ ᠮᠦᠨ᠃ ᠡᠷᠭᠡ ᠲᠡᠭᠰᠢ᠂ ᠪᠦᠯᠬᠦᠮᠳᠠᠯ ᠲᠠᠢ᠂ ᠬᠠᠷᠢᠯᠴᠠᠨ ᠲᠣᠰᠠᠯᠠᠯᠴᠠᠬᠤ ᠨᠡᠶᠢᠭᠡᠮ ᠵᠢᠷᠦᠮᠳᠦ | ᠦᠨᠳᠦᠰᠦᠳᠡᠨ ᠤ ᠬᠠᠷᠢᠴᠠᠭ᠎ᠠ ᠨᠢᠭᠡᠨᠳᠡ ᠲᠤᠭᠳᠠᠭᠰᠠᠨ ᠪᠦᠭᠡᠳ ᠴᠢᠨᠠᠭᠰᠢᠳᠠ ᠪᠠᠳᠣᠵᠢᠬᠤ ᠪᠤᠯᠤᠨ᠎ᠠ᠃ | ᠦᠨᠳᠦᠰᠦᠳᠡᠨ ᠤ ᠪᠦᠯᠭᠦᠮᠲᠠᠯ ᠢ ᠬᠠᠮᠠᠭᠠᠯᠠᠬᠤ ᠲᠡᠮᠡᠴᠡᠯ ᠤᠨ ᠲᠤᠮᠲᠠ ᠦᠨᠲᠤᠰᠤᠲᠠᠨ ᠤ ᠲᠡᠭᠡᠷᠡᠩᠭᠦᠢ ᠦᠵᠡᠯ ᠢ | ᠡᠰᠡᠷᠬᠦᠴᠡᠬᠦ ᠭᠡᠷᠡᠭᠲᠡᠢ᠂ ᠭᠤᠣᠯᠳᠠᠭᠤ ᠶᠡᠭᠡ ᠭᠢᠲᠡᠳᠴᠢᠯᠠᠬᠤ ᠦᠵᠡᠯ ᠢ ᠡᠰᠡᠷᠬᠦᠴᠡᠬᠦ ᠭᠡᠷᠡᠭᠲᠡᠢ᠂ ᠤᠷᠤᠨ ᠨᠣᠳᠤᠭ ᠤᠨ | ᠦᠨᠲᠤᠰᠤᠲᠠᠨ ᠤ ᠦᠵᠡᠯ ᠢ ᠴᠤ ᠡᠰᠡᠷᠬᠦᠴᠡᠬᠦ ᠭᠡᠷᠡᠭᠲᠡᠢ᠃ ᠤᠯᠤᠰ ᠠᠴᠠ ᠪᠦᠬᠦ ᠤᠯᠤᠰ ᠤᠨ | ᠦᠨᠲᠤᠰᠤᠲᠠᠨ ᠨᠦᠭᠦᠳ ᠢ ᠬᠠᠮᠲᠤ ᠪᠠᠷ ᠴᠡᠴᠡᠭᠯᠡᠬᠦᠯᠦᠨ ᠬᠦᠭᠵᠢᠬᠦᠯᠬᠦ ᠶᠢᠨ ᠲᠦᠯᠦᠭᠡ ᠪᠦᠬᠦ ᠬᠦᠴᠦᠨ ᠢᠶᠠᠷ | ᠴᠢᠷᠮᠠᠶᠢᠨ᠎ᠠ᠃ | ᠲᠤᠮᠲᠠᠲᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠤᠯ ᠲᠡᠯᠡᠭᠡᠢ ᠶᠢᠨ | ᠠᠷᠠᠳ ᠲᠦᠮᠠᠨ ᠤ ᠲᠡᠮᠵᠢᠯᠭᠡ ᠲᠠᠢ ᠰᠠᠯᠤᠰᠢ ᠦᠭᠡᠢ ᠶᠤᠮ᠃ ᠲᠤᠮᠲᠠᠲᠤ ᠤᠯᠤᠰ ᠤᠨ ᠢᠷᠡᠭᠡᠲᠤᠢ ᠪᠤᠯ ᠲᠡᠯᠡᠭᠡᠢ ᠶᠢᠨ | ᠢᠷᠡᠭᠡᠲᠤᠢ ᠲᠠᠢ ᠨᠢᠭᠲᠠ ᠬᠤᠯᠪᠤᠭ᠎ᠠ ᠲᠠᠢ ᠪᠠᠶᠢᠲᠠᠭ᠃ ᠲᠤᠮᠲᠠᠲᠤ ᠤᠯᠤᠰ ᠪᠡᠶ᠎ᠠ ᠪᠠᠨ ᠲᠠᠭᠠᠭᠠᠵᠤ ᠡᠵᠡᠨ ᠮᠡᠲᠡᠬᠦ | ᠭᠠᠲᠠᠭᠠᠲᠤ ᠲᠦᠷᠦ ᠶᠢᠨ ᠪᠤᠲᠤᠯᠭ᠎ᠠ ᠶᠢ ᠪᠠᠷᠢᠮᠲᠡᠯᠡᠵᠤ᠂ ᠡᠷᠭᠡ ᠮᠡᠲᠡᠯ ᠪᠠ ᠨᠤᠲᠤᠭ ᠲᠡᠪᠢᠰᠭᠡᠷ ᠤᠨ ᠪᠦᠷᠢᠨ ᠪᠦᠲᠦᠨ | ᠪᠠᠶᠢᠬᠤ ᠶᠢ ᠬᠠᠷᠢᠯᠴᠠᠨ ᠬᠦᠨᠲᠦᠳᠭᠡᠬᠦ᠂ ᠬᠠᠷᠢᠯᠴᠠᠨ ᠦᠯᠦ ᠬᠠᠯᠲᠠᠬᠤ᠂ ᠲᠤᠲᠤᠭᠠᠲᠤ ᠵᠠᠰᠠᠭ ᠲᠤ ᠬᠠᠷᠢᠯᠴᠠᠨ ᠭᠠᠷ | ᠦᠯᠦ ᠲᠦᠷᠦᠬᠦ᠂ ᠡᠷᠭᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠲᠠᠯ ᠢᠶᠠᠷ ᠵᠡᠷᠭᠡᠴᠡᠨ ᠤᠷᠤᠰᠢᠬᠤ ᠲᠠᠪᠤᠨ | ᠵᠠᠷᠴᠢᠮ ᠢ ᠪᠠᠷᠢᠮᠲᠡᠯᠡᠵᠤ᠂ ᠡᠯ᠎ᠠ ᠤᠯᠤᠰ ᠯᠤᠭ᠎ᠠ ᠶᠢᠨ ᠭᠠᠲᠠᠭᠠᠲᠤ ᠬᠠᠷᠢᠯᠴᠠᠭ᠎ᠠ ᠪᠠ ᠠᠵᠦ ᠠᠬᠤᠢ᠂ ᠰᠤᠶᠤᠯ ᠤᠨ | ᠰᠤᠯᠢᠯᠴᠠᠭ᠎ᠠ ᠪᠠᠨ ᠭᠦᠭᠵᠢᠬᠦᠯᠦᠨ᠎ᠠ︔ ᠡᠵᠡᠷᠭᠡᠭ ᠲᠦᠷᠢᠮᠡᠭᠡᠢ ᠶᠤᠰᠤ᠂ ᠡᠵᠡᠷᠭᠡᠬᠦ ᠦᠵᠡᠯ᠂ ᠺᠤᠯᠤᠨᠢᠴᠢᠯᠡᠬᠤ | ᠦᠵᠡᠯ ᠢ ᠡᠰᠡᠷᠭᠦᠴᠡᠬᠦ ᠶᠢ ᠪᠠᠷᠢᠮᠲᠡᠯᠡᠵᠤ᠂ ᠲᠡᠯᠡᠭᠡᠢ ᠶᠢᠨ ᠡᠯ᠎ᠠ ᠤᠯᠤᠰ ᠤᠨ ᠠᠷᠠᠳ ᠲᠦᠮᠠᠨ ᠯᠦᠭᠡ ᠶᠢᠨ | ᠪᠦᠯᠭᠦᠮᠲᠠᠯ ᠢᠶᠠᠨ ᠴᠢᠩᠭᠠᠳᠬᠠᠵᠤ᠂ ᠲᠠᠷᠤᠯᠠᠭᠲᠡᠵᠤ ᠪᠠᠶᠢᠭ᠎ᠠ ᠦᠨᠲᠤᠰᠦᠲᠡᠨ ᠪᠠ ᠬᠦᠭᠵᠢᠵᠦ ᠪᠠᠶᠢᠭ᠎ᠠ ᠤᠯᠤᠰ | ᠤᠷᠤᠨ ᠤ ᠦᠨᠲᠤᠰᠤᠲᠠᠨ ᠤ ᠲᠤᠰᠠᠭᠠᠷ ᠲᠤᠭᠲᠠᠨᠢᠯ ᠢᠶᠠᠨ ᠲᠡᠮᠡᠴᠠᠨ ᠤᠯᠬᠤ ᠪᠠ ᠬᠠᠮᠠᠭᠠᠯᠠᠬᠤ᠂ ᠦᠨᠲᠦᠰᠦᠲᠡᠨ ᠤ | ᠠᠵᠤ ᠠᠬᠤᠢ ᠪᠠᠨ ᠬᠦᠭᠵᠢᠬᠦᠯᠬᠦ ᠰᠢᠲᠦᠷᠭᠤ ᠲᠡᠮᠡᠴᠡᠯ ᠢ ᠲᠡᠮᠵᠢᠵᠤ᠂ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠬᠤ | ᠪᠠ ᠬᠦᠮᠦᠨ ᠲᠦᠷᠦᠯᠭᠢᠲᠡᠨ ᠤ ᠲᠡᠪᠰᠢᠯᠲᠤ ᠦᠢᠯᠡᠰ ᠢ ᠠᠭᠢᠭᠤᠯᠬᠤ ᠪᠠᠷ ᠴᠢᠷᠮᠠᠶᠢᠨ᠎ᠠ᠃ | ᠲᠤᠰ ᠦᠨᠲᠤᠰᠤᠨ ᠬᠠᠤᠯᠢ ᠪᠤᠯ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠤ | ᠮᠠᠷᠡᠶᠢᠨ ᠲᠡᠮᠡᠴᠡᠭᠰᠡᠨ ᠦᠷ᠎ᠠ ᠪᠦᠲᠦᠭᠡᠯ ᠢ ᠬᠠᠤᠯᠢ ᠶᠢᠨ ᠭᠡᠯᠪᠠᠷᠢ ᠪᠠᠷ ᠨᠤᠲᠠᠯᠠᠨ ᠲᠡᠮᠲᠡᠭᠯᠡᠵᠤ᠂ ᠲᠦᠷᠤ ᠶᠢᠨ | ᠦᠨᠲᠤᠰᠤᠨ ᠪᠠᠶᠢᠭᠤᠯᠤᠯ ᠪᠠ ᠦᠨᠲᠤᠰᠤᠨ ᠡᠬᠦᠷᠭᠡ ᠶᠢ ᠲᠤᠭᠲᠠᠭᠠᠭᠰᠠᠨ ᠤᠯᠤᠰ ᠤᠨ ᠡᠭᠡ ᠬᠠᠤᠯᠢ ᠮᠦᠨ ᠪᠤᠯᠬᠤᠷ | ᠬᠠᠮᠤᠭ ᠤᠨ ᠶᠡᠭᠡ ᠬᠠᠤᠯᠢ ᠶᠢᠨ ᠬᠦᠴᠤᠨ ᠲᠠᠢ ᠶᠤᠮ᠃ ᠪᠦᠬᠦ ᠤᠯᠤᠰ ᠤᠨ ᠦᠨᠲᠤᠰᠤᠲᠠᠨ ᠨᠦᠭᠦᠳ ᠤᠨ ᠠᠷᠠᠳ | ᠲᠦᠮᠠᠨ᠂ ᠠᠯᠢᠪᠠ ᠲᠦᠷᠤ ᠶᠢᠨ ᠪᠠᠶᠢᠭᠤᠯᠭ᠎ᠠ ᠭᠢᠭᠡᠳ ᠵᠠᠪᠰᠡᠭᠲᠤ ᠬᠦᠴᠤᠨ᠂ ᠲᠦᠷᠤ ᠶᠢᠨ ᠨᠠᠮ ᠤᠳ ᠪᠠ | ᠨᠠᠶᠢᠭᠡᠮ ᠤᠨ ᠪᠦᠯᠭᠦᠮ ᠤᠳ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠨᠤᠭᠤᠳ ᠴᠦᠮ | ᠦᠨᠲᠤᠰᠤᠨ ᠬᠠᠤᠯᠢ ᠪᠠᠷ ᠠᠵᠢᠯᠯᠠᠭᠠᠨ ᠤ ᠪᠠᠨ ᠦᠨᠲᠤᠰᠤᠨ ᠪᠠᠷᠢᠮᠵᠢᠶ᠎ᠠ ᠪᠤᠯᠭᠠᠬᠤ ᠭᠡᠷᠡᠭᠲᠡᠢ ᠪᠦᠭᠡᠳ ᠦᠨᠲᠤᠰᠤᠨ | ᠬᠠᠤᠯᠢ ᠶᠢᠨ ᠨᠠᠷᠠ ᠬᠦᠨᠲᠤ ᠶᠢ ᠬᠠᠮᠠᠭᠠᠯᠠᠬᠤ᠂ ᠦᠨᠲᠤᠰᠤᠨ ᠬᠠᠤᠯᠢ ᠶᠢ ᠭᠡᠷᠡᠭᠵᠢᠬᠦᠯᠬᠦ ᠶᠢ ᠪᠠᠲᠤᠯᠠᠬᠤ ᠡᠬᠦᠷᠭᠡ | ᠬᠠᠷᠢᠭᠤᠴᠯᠠᠭ᠎ᠠ ᠲᠠᠢ ᠶᠤᠮ᠃ | ᠨᠢᠭᠡᠲᠤᠭᠡᠷ ᠪᠦᠯᠦᠭ ᠶᠡᠷᠤᠩᠭᠡᠢ ᠬᠦᠲᠤᠯᠪᠤᠷᠢ | ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠤᠯ ᠠᠵᠢᠯᠴᠢᠨ ᠠᠩᠭᠢ ᠶᠢᠨ | ᠤᠲᠤᠷᠢᠲᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠭᠰᠠᠨ ᠠᠷᠠᠳ ᠤᠨ ᠠᠷᠠᠳᠴᠢᠯᠠᠭᠰᠠᠨ | ᠲᠠᠷᠤᠩᠭᠤᠢᠢᠯᠠᠬᠤ ᠵᠠᠰᠠᠬᠲᠤ ᠨᠠᠶᠢᠭᠡᠮ ᠵᠢᠷᠤᠮᠲᠤ ᠤᠯᠤᠰ ᠮᠦᠨ᠃ ᠨᠡᠶᠢᠭᠡᠮ ᠵᠢᠷᠤᠮᠲᠤ ᠪᠠᠶᠢᠭᠤᠯᠤᠯ ᠪᠤᠯ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ ᠪᠠᠶᠢᠭᠤᠯᠤᠯ ᠮᠦᠨ᠃ ᠶᠠᠮᠠᠷᠪᠠ ᠵᠤᠬᠢᠶᠠᠨ ᠪᠠᠶᠢᠭᠤᠯᠤᠯᠲᠠ | ᠪᠤᠶᠤ ᠬᠤᠪᠢ ᠬᠦᠮᠦᠨ ᠤ ᠨᠠᠶᠢᠭᠡᠮ ᠵᠢᠷᠤᠮᠲᠤ ᠪᠠᠶᠢᠭᠤᠯᠤᠯ ᠢ ᠡᠪᠳᠡᠬᠦ ᠶᠠᠪᠤᠲᠠᠯ ᠢ ᠴᠠᠭᠠᠵᠠᠯᠠᠨ᠎ᠠ᠃ | ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦ ᠡᠷᠭᠡ ᠠᠷᠠᠳ | ᠲᠦᠮᠠᠨ ᠤ ᠮᠡᠲᠡᠯ ᠳᠤ ᠪᠠᠶᠢᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠠᠷᠠᠳ ᠲᠦᠮᠠᠨ ᠤ ᠲᠦᠷᠤ ᠶᠢᠨ ᠡᠷᠭᠡ ᠪᠠᠨ | ᠭᠡᠷᠡᠭᠵᠢᠬᠦᠯᠬᠦ ᠪᠠᠶᠢᠭᠤᠯᠭ᠎ᠠ ᠮᠦᠨ᠃ | ᠠᠷᠠᠳ ᠲᠦᠮᠠᠨ ᠬᠠᠤᠯᠢ ᠳᠤ ᠲᠤᠭᠲᠠᠭᠠᠭᠰᠠᠨ ᠶᠤᠰᠤᠭᠠᠷ ᠡᠯ᠎ᠠ ᠵᠦᠢᠯ ᠤᠨ ᠠᠷᠭ᠎ᠠ ᠵᠠᠮ ᠪᠠ ᠭᠡᠯᠪᠠᠷᠢ | ᠮᠠᠶ᠋ᠢᠭ ᠢᠶᠠᠷ ᠲᠠᠮᠵᠢᠭᠤᠯᠤᠨ ᠲᠦᠷᠤ ᠶᠢᠨ ᠭᠡᠷᠡᠭ ᠶᠠᠪᠤᠲᠠᠯ ᠢ ᠬᠠᠮᠢᠶᠠᠷᠴᠤ᠂ ᠠᠵᠤ ᠠᠬᠤᠢ ᠪᠠ ᠰᠤᠶᠤᠯ ᠤᠨ | ᠦᠢᠯᠡᠰ ᠢ ᠬᠠᠮᠢᠶᠠᠷᠴᠤ᠂ ᠨᠠᠶᠢᠭᠡᠮ ᠤᠨ ᠭᠡᠷᠡᠭ ᠶᠠᠪᠤᠲᠠᠯ ᠢ ᠬᠠᠮᠢᠶᠠᠷᠤᠨ᠎ᠠ᠃ | ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠦᠷᠤ ᠶᠢᠨ | ᠪᠠᠶᠢᠭᠤᠯᠤᠮᠵᠢ ᠨᠤᠭᠤᠳ ᠠᠷᠠᠳᠴᠢᠯᠠᠯ ᠲᠦᠪᠯᠡᠷᠡᠯ ᠤᠨ ᠵᠠᠷᠴᠢᠮ ᠢ ᠭᠡᠷᠡᠭᠵᠢᠬᠦᠯᠦᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠴᠦᠮ ᠠᠷᠠᠳᠴᠢᠯᠠᠭᠰᠠᠨ ᠰᠤᠩᠭᠤᠭᠤᠯᠢ ᠪᠠᠷ ᠪᠤᠢ | ᠪᠤᠯᠵᠤ᠂ ᠠᠷᠠᠳ ᠲᠦᠮᠠᠨ ᠳᠤ ᠬᠠᠷᠢᠭᠤᠴᠠᠵᠤ᠂ ᠠᠷᠠᠳ ᠲᠦᠮᠠᠨ ᠤ ᠭᠢᠨᠡᠯᠲᠠ ᠶᠢ ᠬᠦᠯᠢᠶᠡᠨ᠎ᠠ᠃ | ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ | ᠪᠠᠶᠢᠭᠤᠯᠭ᠎ᠠ ᠴᠦᠮ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ | ᠂ ᠲᠡᠬᠦᠨ ᠤ ᠭᠢᠨᠠᠨᠯᠲᠠ ᠶᠢ ᠬᠦᠯᠢᠶᠡᠨ᠎ᠠ᠃ | ᠲᠦᠪ ᠤᠨ ᠪᠠ ᠤᠷᠤᠨ ᠨᠤᠲᠤᠭ ᠤᠨ ᠲᠦᠷᠤ ᠶᠢᠨ ᠪᠠᠶᠢᠭᠤᠯᠤᠮᠵᠢ ᠶᠢᠨ ᠡᠷᠭᠡ ᠲᠤᠰᠢᠶᠠᠯ ᠢ | ᠬᠤᠪᠢᠶᠠᠬᠤ ᠳᠠᠭᠠᠨ ᠲᠦᠪ ᠤᠨ ᠨᠢᠭᠡᠲᠤᠯᠲᠠᠢ ᠤᠲᠤᠷᠢᠲᠤᠯᠭ᠎ᠠ ᠶᠢᠨ ᠲᠤᠤᠷ᠎ᠠ ᠤᠷᠤᠨ ᠨᠤᠲᠤᠭ ᠤᠨ ᠰᠠᠨᠠᠭᠠᠴᠢᠯᠭᠠᠲᠤ | ᠴᠢᠨᠠᠷ ᠪᠠ ᠢᠲᠡᠪᠭᠢᠵᠢᠯ ᠢ ᠬᠦᠢᠴᠡᠳ ᠪᠠᠲᠠᠷᠠᠭᠤᠯᠬᠤ ᠵᠠᠷᠴᠢᠮ ᠢ ᠵᠢᠷᠤᠮᠯᠠᠨ᠎ᠠ᠃ | ᠲᠦᠷᠪᠡᠲᠤᠭᠡᠷ ᠵᠦᠢᠯ ᠪᠥᠬᠦᠳᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠲᠠᠨ ᠪᠦᠬᠦᠨ | ᠡᠷᠭᠡ ᠲᠡᠭᠰᠢ᠃ ᠤᠯᠤᠰ ᠠᠴᠠ ᠴᠦᠭᠡᠨ ᠲᠤᠭᠠᠲᠤ ᠦᠨᠲᠤᠰᠤᠲᠠᠨ ᠨᠦᠭᠦᠳ ᠤᠨ ᠬᠠᠤᠯᠢ ᠶᠤᠰᠤᠨ ᠤ ᠡᠷᠭᠡ ᠠᠰᠢᠭ ᠢ | ᠪᠠᠲᠤᠯᠠᠨ᠂ ᠦᠨᠲᠤᠰᠤᠲᠠᠨ ᠨᠦᠭᠦᠳ ᠤᠨ ᠡᠷᠭᠡ ᠲᠡᠭᠰᠢ᠂ ᠪᠦᠯᠬᠦᠮᠲᠠᠯ ᠲᠠᠢ᠂ ᠬᠠᠷᠢᠯᠴᠠᠨ ᠲᠤᠰᠠᠯᠠᠯᠴᠠᠬᠤ | ᠬᠠᠷᠢᠴᠠᠭ᠎ᠠ ᠶᠢ ᠬᠠᠮᠠᠭᠠᠯᠠᠨ ᠬᠦᠭᠵᠢᠬᠦᠯᠦᠨ᠎ᠠ᠃ ᠠᠯᠢ ᠴᠤ ᠦᠨᠲᠤᠰᠤᠲᠠᠨ ᠢ ᠲᠤᠷᠤᠮᠵᠢᠯᠠᠬᠤ ᠪᠠ ᠲᠠᠷᠤᠯᠠᠬᠤ ᠶᠢ | ᠴᠠᠭᠠᠵᠠᠯᠠᠵᠦ᠂ ᠦᠨᠳᠦᠰᠦᠳᠡᠨ ᠤ ᠪᠦᠯᠬᠦᠮᠳᠠᠯ ᠢ ᠡᠪᠳᠡᠬᠦ ᠪᠠ ᠦᠨᠳᠦᠰᠦᠳᠠᠨ ᠤ ᠬᠠᠭᠠᠴᠠᠯ ᠭᠠᠷᠭᠠᠬᠤ ᠠᠵᠢᠯᠯᠠᠭ᠎ᠠ ᠶᠢ | ᠴᠠᠭᠠᠵᠠᠯᠠᠨ᠎ᠠ᠃ | ᠣᠯᠣᠰ ᠠᠴᠠ ᠴᠦᠭᠡᠨ ᠲᠤᠭᠠᠳᠦ ᠦᠨᠳᠦᠰᠦᠳᠠᠨ ᠨᠦᠭᠦᠳ ᠤᠨ ᠣᠨᠴᠠᠯᠢᠭ ᠪᠠ ᠬᠡᠷᠡᠭᠴᠡᠭᠡ ᠶᠢ | ᠦᠨᠳᠦᠰᠦᠯᠡᠵᠦ᠂ ᠴᠦᠭᠡᠨ ᠲᠤᠭᠠᠳᠦ ᠦᠨᠳᠦᠰᠦᠳᠡᠨ ᠤ ᠭᠠᠵᠠᠷ ᠤᠷᠤᠨ ᠢ ᠬᠠᠪᠰᠣᠷᠴᠦ ᠠᠵᠦ ᠠᠬᠤᠢ ᠪᠤᠯᠤᠨ | ᠰᠣᠶᠤᠯ ᠢ ᠨᠢ ᠬᠦᠭᠵᠢᠬᠦᠯᠦᠨ᠎ᠠ᠃ | ᠴᠦᠭᠡᠨ ᠲᠤᠭᠠᠲᠤ ᠦᠨᠲᠤᠰᠤᠲᠠᠨ ᠤ ᠲᠦᠪᠯᠡᠷᠡᠨ ᠰᠠᠭᠤᠭ᠎ᠠ ᠭᠠᠵᠠᠷ ᠤᠷᠤᠨ ᠳᠤ ᠤᠷᠤᠨ ᠤ ᠦᠪᠡᠷᠲᠡᠭᠡᠨ | ᠵᠠᠰᠠᠬᠤ ᠶᠢ ᠭᠡᠷᠡᠭᠵᠢᠬᠦᠯᠦᠨ᠂ ᠦᠪᠡᠷᠲᠡᠭᠡᠨ ᠵᠠᠰᠠᠬᠤ ᠪᠠᠶᠢᠭᠤᠯᠭ᠎ᠠ ᠪᠠᠶᠢᠭᠤᠯᠵᠤ᠂ ᠦᠪᠡᠷᠲᠡᠭᠡᠨ ᠵᠠᠰᠠᠬᠤ ᠡᠷᠭᠡ ᠶᠢ | ᠶᠠᠪᠤᠭᠤᠯᠬᠤ ᠪᠤᠯᠭᠠᠨ᠎ᠠ᠃ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠪᠦᠬᠦᠨ ᠪᠤᠯ ᠴᠦᠮ | ᠪᠦᠭᠦᠳᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠰᠠᠯᠵᠤ ᠪᠤᠯᠤᠰᠢ ᠦᠭᠡᠢ ᠭᠡᠰᠡᠭ ᠨᠢ ᠮᠦᠨ᠃ | ᠦᠨᠲᠤᠰᠤᠲᠠᠨ ᠪᠦᠬᠦᠨ ᠴᠦᠮ ᠦᠪᠠᠷ ᠤᠨ ᠦᠭᠡ ᠭᠡᠯᠡ ᠦᠰᠦᠭ ᠪᠢᠴᠢᠭ ᠢᠶᠠᠨ ᠭᠡᠷᠡᠭᠯᠡᠵᠤ ᠭᠦᠭᠵᠢᠬᠦᠯᠬᠦ | ᠡᠷᠭᠡ ᠴᠢᠯᠦᠭᠡ ᠲᠠᠢ᠂ ᠦᠪᠠᠷ ᠤᠨ ᠵᠠᠩ ᠲᠡᠳᠬᠠᠯ ᠢᠶᠠᠨ ᠬᠠᠲᠠᠭᠠᠯᠠᠬᠤ ᠪᠤᠶᠤ ᠦᠭᠡᠷᠡᠴᠢᠯᠡᠬᠦ ᠡᠷᠭᠡ ᠴᠢᠯᠦᠭᠡ ᠲᠠᠢ᠃ | ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠬᠠᠤᠯᠢ ᠶᠤᠰᠤᠭᠠᠷ | ᠤᠯᠤᠰ ᠢᠶᠠᠨ ᠵᠠᠰᠠᠬᠤ ᠶᠢ ᠭᠡᠷᠡᠭᠵᠢᠬᠦᠯᠵᠦ᠂ ᠨᠠᠶᠢᠭᠡᠮ ᠵᠢᠷᠤᠮᠲᠤ ᠬᠠᠤᠯᠢ ᠪᠠᠷ ᠵᠠᠰᠠᠬᠤ ᠤᠯᠤᠰ ᠢ ᠪᠦᠲᠦᠭᠡᠨ | ᠪᠠᠶᠢᠭᠤᠯᠤᠨ᠎ᠠ᠃ | ᠤᠯᠤᠰ ᠠᠴᠠ ᠨᠠᠶᠢᠭᠡᠮ ᠵᠢᠷᠤᠮ ᠤᠨ ᠬᠠᠤᠯᠢ ᠲᠦᠷᠢᠮ ᠤᠨ ᠨᠢᠭᠡᠲᠤᠯ ᠲᠠᠢ ᠪᠠᠶᠢᠬᠤ ᠶᠠᠪᠤᠲᠠᠯ ᠪᠠ ᠨᠠᠷᠠ | ᠬᠦᠨᠲᠤ ᠶᠢ ᠬᠠᠮᠠᠭᠠᠯᠠᠨ᠎ᠠ᠃ | ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠪᠠ ᠤᠷᠤᠨ ᠨᠤᠲᠤᠭ ᠤᠨ ᠴᠢᠨᠠᠷᠲᠠᠢ ᠬᠠᠤᠯᠢ | ᠲᠤᠭᠲᠠᠭᠠᠯ ᠪᠦᠬᠦᠨ ᠦᠨᠲᠤᠰᠤᠨ ᠬᠠᠤᠯᠢ ᠲᠠᠢ ᠬᠠᠷᠰᠢᠯᠲᠤᠵᠤ ᠪᠤᠯᠬᠤ ᠦᠭᠡᠢ᠃ | ᠲᠦᠷᠤ ᠶᠢᠨ ᠪᠠᠶᠢᠭᠤᠯᠭ᠎ᠠ ᠪᠠ ᠵᠠᠪᠰᠡᠭᠲᠦ ᠬᠦᠴᠦᠨ ᠨᠦᠭᠦᠳ᠂ ᠲᠦᠷᠤ ᠶᠢᠨ ᠨᠠᠮ ᠪᠠ ᠨᠠᠶᠢᠭᠡᠮ ᠤᠨ | ᠪᠦᠯᠭᠦᠮ ᠤᠳ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠪᠦᠬᠦᠨ ᠡᠷᠭᠡᠪᠰᠢ ᠴᠦᠮ | ᠦᠨᠲᠤᠰᠤᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠭᠢᠬᠤ ᠭᠡᠷᠡᠭᠲᠠᠢ᠃ ᠦᠨᠲᠤᠰᠤᠨ ᠬᠠᠤᠯᠢ ᠪᠠ ᠬᠠᠤᠯᠢ | ᠴᠠᠭᠠᠵᠠ ᠠᠴᠠ ᠵᠦᠷᠢᠴᠡᠭᠰᠡᠨ ᠠᠵᠢᠯᠯᠠᠭ᠎ᠠ ᠪᠦᠬᠦᠨ ᠤ ᠬᠠᠷᠢᠭᠤᠴᠠᠯᠭ᠎ᠠ ᠶᠢ ᠡᠷᠭᠡᠪᠰᠢ ᠨᠡᠭᠡᠮᠵᠢᠯᠡᠬᠦ ᠭᠡᠷᠡᠭᠲᠡᠢ᠃ | ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠳᠤ ᠴᠦᠮ ᠦᠨᠲᠤᠰᠤᠨ ᠬᠠᠤᠯᠢ ᠪᠠ ᠬᠠᠤᠯᠢ | ᠴᠠᠭᠠᠵᠠ ᠠᠴᠠ ᠲᠠᠪᠠᠭᠰᠠᠨ ᠤᠨᠴᠨ ᠡᠷᠭᠡ ᠪᠠᠶᠢᠵᠤ ᠪᠤᠯᠬᠤ ᠦᠭᠡᠢ᠃ | ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠨᠠᠢᠭᠡᠮ ᠵᠢᠷᠤᠮᠲᠤ ᠠᠵᠤ | ᠠᠬᠤᠢ ᠶᠢᠨ ᠪᠠᠶᠢᠭᠤᠯᠤᠯ ᠤᠨ ᠰᠠᠭᠤᠷᠢ ᠪᠤᠯ ᠦᠢᠯᠡᠳᠪᠤᠷᠢᠯᠠᠯ ᠤᠨ ᠭᠡᠷᠡᠭᠰᠡᠯ ᠤᠨ ᠨᠡᠶᠢᠭᠡᠮ ᠵᠢᠷᠤᠮᠲᠤ ᠨᠠᠶᠢᠲᠠ ᠶᠢᠨ | ᠦᠮᠴᠢᠯᠠᠯ ᠮᠦᠨ᠂ ᠲᠤᠬᠠᠢᠢᠯᠠᠪᠠᠯ ᠠᠷᠠᠳ ᠨᠠᠶᠢᠲᠠ ᠶᠢᠨ ᠦᠮᠴᠢᠯᠡᠯ ᠪᠠ ᠬᠦᠲᠡᠯᠮᠤᠷᠢᠴᠢᠨ ᠲᠦᠮᠠᠨ ᠤ ᠬᠠᠮᠲᠤ ᠶᠢᠨ | ᠦᠮᠴᠢᠯᠠᠯ ᠮᠦᠨ᠃ ᠨᠠᠶᠢᠭᠡᠮ ᠵᠢᠷᠤᠮᠲᠤ ᠨᠠᠶᠢᠲᠠ ᠶᠢᠨ ᠦᠮᠴᠢᠯᠡᠯ ᠨᠢ ᠬᠦᠮᠦᠨ ᠬᠦᠮᠦᠨ ᠢᠶᠠᠨ ᠮᠦᠯᠵᠢᠬᠦ | ᠪᠠᠶᠢᠭᠤᠯᠤᠯ ᠢ ᠤᠰᠠᠳᠬᠠᠵᠤ᠂ ᠴᠢᠲᠠᠯ ᠤᠨ ᠢᠶᠠᠨ ᠭᠢᠷᠢ ᠪᠠᠷ ᠬᠦᠲᠡᠯᠮᠤᠷᠢᠯᠡᠵᠤ᠂ ᠬᠦᠲᠡᠯᠮᠤᠷᠢᠯᠡᠭᠰᠡᠨ ᠤ ᠭᠢᠨᠢ | ᠭᠢᠷᠢ ᠪᠠᠷ ᠬᠤᠪᠢᠶᠠᠷᠢᠯᠠᠬᠤ ᠵᠠᠷᠴᠢᠮ ᠢ ᠭᠡᠷᠡᠭᠵᠢᠬᠦᠯᠦᠨ᠎ᠠ᠃ | ᠤᠯᠤᠰ ᠠᠴᠠ ᠨᠠᠶᠢᠭᠡᠮ ᠵᠢᠷᠤᠮ ᠤᠨ ᠠᠩᠬᠠᠨ ᠤ ᠱᠠᠲᠤᠨ ᠳᠤ ᠨᠠᠶᠢᠲᠠ ᠶᠢᠨ ᠦᠮᠴᠢᠯᠡᠯ ᠢᠶᠠᠷ ᠭᠤᠤᠯ | ᠴᠤᠭᠴᠨ ᠪᠤᠯᠭᠠᠭᠰᠠᠨ᠂ ᠤᠯᠠᠨ ᠲᠦᠷᠤᠯ ᠤᠨ ᠦᠮᠴᠢᠯᠡᠯ ᠤᠨ ᠠᠵᠤ ᠠᠬᠤᠢ ᠶᠢ ᠬᠠᠮᠲᠤ ᠪᠠᠷ ᠭᠦᠭᠵᠢᠬᠦᠯᠬᠦ ᠠᠵᠤ | ᠠᠬᠤᠢ ᠶᠢᠨ ᠦᠨᠲᠤᠰᠤᠨ ᠪᠠᠶᠢᠭᠤᠯᠤᠯ ᠢ ᠪᠠᠷᠢᠮᠲᠡᠯᠡᠨᠠ᠂ ᠬᠦᠲᠡᠯᠮᠦᠷᠢᠯᠡᠭᠰᠡᠨ ᠤ ᠭᠢᠨᠢ ᠭᠢᠷᠢ ᠪᠠᠷ ᠬᠤᠪᠢᠶᠠᠷᠢᠯᠡᠬᠤ ᠪᠠᠷ | ᠭᠤᠤᠯ ᠴᠤᠭᠴᠨ ᠪᠤᠯᠭᠠᠭᠰᠠᠨ᠂ ᠤᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠠᠷᠭᠡᠪᠠᠷ ᠭᠡᠷᠡᠭᠯᠡᠬᠦ | ᠬᠤᠪᠢᠶᠠᠷᠢᠯᠠᠯᠲᠠ ᠶᠢᠨ ᠲᠦᠷᠢᠮ ᠢ ᠪᠠᠷᠢᠮᠲᠡᠯᠡᠨᠠ᠃ | ᠲᠤᠯᠤᠲᠤᠭᠠᠷ ᠵᠦᠢᠯ ᠤᠯᠤᠰ ᠤᠨ ᠦᠮᠴᠢᠯᠠᠯ ᠤᠨ ᠠᠵᠤ ᠠᠬᠤᠢ᠂ ᠲᠤᠬᠠᠢᠢᠯᠠᠪᠠᠯ ᠨᠠᠶᠢᠭᠡᠮ ᠵᠢᠷᠤᠮᠲᠤ | ᠠᠷᠠᠳ ᠨᠠᠶᠢᠲᠠ ᠶᠢᠨ ᠦᠮᠴᠢᠯᠡᠯ ᠤᠨ ᠠᠵᠤ ᠠᠬᠤᠢ ᠪᠤᠯ ᠤᠯᠤᠰ ᠠᠷᠠᠳ ᠤᠨ ᠠᠵᠤ ᠠᠬᠤᠢ ᠶᠢᠨ ᠲᠤᠲᠤᠷᠠᠭᠢ | ᠭᠤᠤᠯᠯᠠᠭᠴᠢ ᠬᠦᠴᠤᠨ ᠮᠦᠨ᠃ ᠤᠯᠤᠰ ᠠᠴᠠ ᠤᠯᠤᠰ ᠤᠨ ᠦᠮᠴᠢᠯᠠᠯ ᠤᠨ ᠠᠵᠤ ᠠᠬᠤᠢ ᠶᠢᠨ ᠪᠠᠭᠢᠵᠢᠯ | ᠭᠦᠭᠵᠢᠯ ᠢ ᠪᠠᠲᠤᠯᠠᠨ᠎ᠠ᠃ | ᠨᠠᠢᠮᠠᠲᠤᠭᠠᠷ ᠵᠦᠢᠯ ᠬᠦᠲᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠨᠢ ᠡᠷᠤᠭᠡ ᠳᠤ ᠲᠠᠭᠠᠭᠠᠴᠢᠯᠠᠭᠤᠯᠤᠨ ᠡᠵᠡᠩᠨᠡᠬᠦᠯᠬᠦ ᠪᠠᠷ ᠰᠠᠭᠤᠷᠢ ᠪᠤᠯᠭᠠᠭᠰᠠᠨ᠂ ᠨᠢᠭᠡᠲᠤᠯᠲᠠᠢ | ᠡᠵᠡᠩᠨᠡᠬᠦ ᠪᠠ ᠲᠠᠷᠠᠬᠠᠢ ᠡᠵᠡᠩᠨᠡᠬᠦ ᠶᠢ ᠤᠶᠠᠯᠲᠤᠭᠤᠯᠤᠭᠰᠠᠨ ᠲᠠᠪᠬᠤᠷ ᠡᠵᠡᠩᠨᠡᠯᠲᠠ ᠶᠢᠨ ᠪᠠᠶᠢᠭᠤᠯᠤᠯ ᠢ | ᠭᠡᠷᠡᠭᠵᠢᠬᠦᠯᠦᠨ᠎ᠠ᠃ ᠬᠦᠲᠡᠭᠡ ᠲᠤᠰᠬᠤᠨ ᠳᠠᠬᠢ ᠦᠢᠯᠡᠳᠪᠦᠷᠢᠯᠡᠯ᠂ ᠬᠠᠩᠭᠠᠯᠭ᠎ᠠ ᠪᠤᠷᠤᠯᠠᠭᠤᠯᠭ᠎ᠠ᠂ ᠵᠢᠭᠡᠯᠡᠯᠭᠡ᠂ | ᠭᠡᠷᠡᠭᠯᠡᠭᠡ ᠵᠡᠷᠭᠡ ᠡᠯ᠎ᠠ ᠵᠦᠢᠯ ᠤᠨ ᠭᠡᠯᠪᠠᠷᠢ ᠶᠢᠨ ᠬᠤᠷᠰᠢᠭᠰᠠᠨ ᠠᠵᠤ ᠠᠬᠤᠢ ᠪᠤᠯ ᠨᠠᠶᠢᠭᠡᠮ ᠵᠢᠷᠤᠮ ᠤᠨ | ᠬᠦᠳᠡᠯᠮᠦᠷᠢᠴᠢᠨ ᠲᠦᠮᠡᠨ ᠤ ᠬᠠᠮᠳᠦ ᠶᠢᠨ ᠦᠮᠴᠢᠯᠡᠯ ᠤᠨ ᠠᠵᠦ ᠠᠬᠤᠢ ᠮᠦᠨ᠃ ᠬᠦᠳᠡᠭᠡ ᠲᠤᠰᠬᠤᠨ ᠤ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠣᠷᠣᠯᠴᠠᠭᠰᠠᠨ ᠬᠦᠲᠡᠯᠮᠤᠷᠢᠴᠢᠳ ᠬᠠᠤᠯᠢ ᠳᠤ | ᠲᠤᠭᠲᠠᠭᠠᠭᠰᠠᠨ ᠭᠡᠪᠴᠢᠶᠠᠨ ᠤ ᠲᠤᠲᠤᠷ᠎ᠠ ᠬᠤᠪᠢᠨ ᠳᠠᠭᠠᠨ ᠦᠯᠡᠲᠡᠭᠡᠭᠰᠡᠨ ᠲᠠᠷᠢᠶ᠎ᠠ᠂ ᠬᠤᠪᠢᠨ ᠳᠠᠭᠠᠨ | ᠦᠯᠡᠲᠡᠭᠡᠭᠰᠡᠨ ᠠᠭᠤᠯᠠ᠂ ᠭᠡᠷ ᠪᠦᠯᠢ ᠶᠢᠨ ᠲᠤᠰᠯᠠᠠᠬᠤ ᠦᠢᠯᠡᠳᠪᠤᠷᠢᠯᠡᠯ ᠢᠶᠠᠨ ᠡᠵᠡᠩᠨᠡᠬᠦ ᠪᠠ ᠬᠤᠪᠢᠨ ᠳᠠᠭᠠᠨ | ᠦᠯᠡᠲᠡᠭᠡᠭᠰᠡᠨ ᠮᠠᠯ ᠢᠶᠠᠨ ᠠᠷᠠᠴᠢᠯᠠᠵᠤ ᠲᠡᠵᠢᠭᠡᠬᠦ ᠡᠷᠭᠡ ᠲᠠᠢ᠃ | ᠬᠤᠲᠠ ᠪᠠᠯᠭᠠᠰᠤᠨ ᠳᠠᠬᠢ ᠭᠠᠷ ᠦᠢᠯᠡᠳᠪᠤᠷᠢ᠂ ᠠᠵᠤ ᠦᠢᠯᠡᠳᠪᠤᠷᠢ᠂ ᠪᠠᠷᠢᠯᠭ᠎ᠠ ᠶᠢᠨ ᠦᠢᠯᠡᠰ᠂ | ᠲᠡᠭᠡᠭᠡᠪᠤᠷᠢ ᠶᠢᠨ ᠦᠢᠯᠡᠰ᠂ ᠬᠤᠲᠠᠯᠲᠤᠭ᠎ᠠ᠂ ᠦᠢᠯᠡᠴᠢᠯᠡᠭᠡᠨ ᠤ ᠦᠢᠯᠡᠰ ᠵᠡᠷᠭᠡ ᠠᠵᠢᠯ ᠲᠦᠷᠤᠯ ᠤᠨ ᠡᠯ᠎ᠠ | ᠵᠦᠢᠯ ᠤᠨ ᠭᠡᠯᠪᠠᠷᠢ ᠶᠢᠨ ᠬᠤᠷᠰᠢᠭᠰᠠᠨ ᠠᠵᠤ ᠠᠬᠤᠢ ᠪᠤᠯ ᠴᠦᠮ ᠨᠠᠶᠢᠭᠡᠮ ᠵᠢᠷᠤᠮ ᠤᠨ ᠬᠦᠲᠡᠯᠮᠤᠷᠢᠴᠢᠨ ᠲᠦᠮᠠᠨ ᠤ | ᠬᠠᠮᠲᠤ ᠶᠢᠨ ᠦᠮᠴᠢᠯᠠᠯ ᠤᠨ ᠠᠵᠤ ᠠᠬᠤᠢ ᠮᠦᠨ᠃ | ᠤᠯᠤᠰ ᠠᠴᠠ ᠬᠤᠲᠠ ᠬᠦᠲᠡᠭᠡ ᠶᠢᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ | ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠬᠠᠮᠲᠤ ᠶᠢᠨ ᠠᠵᠤ ᠠᠬᠤᠢ ᠶᠢᠨ ᠭᠦᠭᠵᠢᠯᠲᠠ ᠶᠢ | ᠵᠤᠷᠢᠬᠵᠢᠭᠤᠯᠵᠤ᠂ ᠵᠢᠯᠦᠭᠤᠳᠴᠤ᠂ ᠬᠠᠪᠰᠤᠷᠤᠨ᠎ᠠ᠃ | ᠶᠢᠰᠤᠲᠤᠭᠡᠷ ᠵᠦᠢᠯ ᠠᠭᠤᠷᠬᠠᠢ ᠪᠤᠯᠠᠭᠲᠠᠴᠨ᠂ ᠭᠤᠤᠯ ᠮᠦᠷᠠᠨ᠂ ᠤᠢ ᠰᠢᠭᠤᠢ᠂ ᠠᠭᠤᠯᠠ ᠲᠠᠪᠠᠭ᠎ᠠ᠂ | ᠨᠤᠲᠤᠭ ᠪᠠᠯᠴᠢᠭᠡᠷ᠂ ᠠᠲᠠᠷ ᠭᠠᠵᠠᠷ᠂ ᠲᠠᠯᠠᠢ ᠶᠢᠨ ᠲᠠᠩ ᠵᠠᠷᠭᠡ ᠪᠠᠶᠢᠭᠠᠯᠠᠢ ᠶᠢᠨ ᠡᠭᠢ ᠪᠠᠶᠠᠯᠢᠭ ᠪᠤᠯ ᠴᠦᠮ | ᠤᠯᠤᠰ ᠤᠨ ᠦᠮᠴᠢ ᠮᠦᠨ᠂ ᠲᠤᠬᠠᠢᠢᠯᠠᠪᠠᠯ ᠠᠷᠠᠳ ᠨᠠᠶᠢᠲᠠ ᠶᠢᠨ ᠦᠮᠴᠢ ᠮᠦᠨ︔ ᠡᠬᠦᠨ ᠳᠤ ᠬᠠᠮᠲᠤ ᠶᠢᠨ | ᠦᠮᠴᠢᠯᠠᠯ ᠤᠨ ᠬᠢ ᠭᠡᠵᠤ ᠬᠠᠤᠯᠢ ᠳᠤ ᠲᠤᠭᠲᠠᠭᠠᠭᠰᠠᠨ ᠤᠢ ᠰᠢᠭᠤᠢ᠂ ᠠᠭᠤᠯᠠ ᠲᠠᠪᠠᠭ᠎ᠠ᠂ ᠨᠤᠲᠤᠭ ᠪᠡᠯᠴᠢᠭᠡᠷ᠂ | ᠠᠲᠠᠷ ᠭᠠᠵᠠᠷ ᠪᠠ ᠲᠠᠯᠠᠢ ᠶᠢᠨ ᠲᠠᠩ ᠪᠠᠭᠲᠠᠬᠤ ᠦᠭᠡᠢ᠃ | ᠤᠯᠤᠰ ᠠᠴᠠ ᠪᠠᠶᠢᠭᠠᠯᠢ ᠶᠢᠨ ᠡᠭᠢ ᠪᠠᠶᠠᠯᠢᠭ ᠢ ᠵᠦᠢ ᠵᠤᠬᠢᠰᠲᠠᠢ ᠠᠰᠢᠭᠯᠠᠬᠤ ᠶᠢ ᠪᠠᠳᠣᠯᠠᠵᠦ᠂ ᠬᠤᠪᠤᠷ | ᠨᠠᠨᠲᠢᠨ ᠠᠮᠢᠲᠠᠨ ᠪᠠ ᠤᠷᠭᠤᠮᠠᠯ ᠢ ᠬᠠᠮᠠᠭᠠᠯᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ | ᠶᠠᠮᠠᠷᠪᠠ ᠠᠷᠭ᠎ᠠ ᠪᠠᠷᠢᠯ ᠢᠶᠠᠷ ᠪᠠᠶᠢᠭᠠᠯᠢ ᠶᠢᠨ ᠡᠭᠢ ᠪᠠᠶᠠᠯᠢᠭ ᠢ ᠡᠵᠡᠯᠡᠬᠦ ᠪᠤᠶᠤ ᠡᠪᠲᠡᠬᠦ ᠶᠢ ᠴᠠᠭᠠᠵᠠᠯᠠᠨ᠎ᠠ᠃ | ᠠᠷᠪᠠᠲᠤᠭᠠᠷ ᠵᠦᠢᠯ ᠬᠤᠲᠠ ᠶᠢᠨ ᠭᠠᠵᠠᠷ ᠰᠢᠷᠤᠢ ᠪᠤᠯ ᠤᠯᠤᠰ ᠤᠨ ᠦᠮᠴᠢ ᠮᠦᠨ᠃ | ᠬᠦᠲᠡᠭᠡ ᠲᠤᠰᠬᠤᠨ ᠪᠤᠯᠤᠨ ᠬᠤᠲᠠ ᠶᠢᠨ ᠲᠡᠬᠦᠷᠭᠡ ᠶᠢᠨ ᠭᠠᠵᠠᠷ ᠰᠢᠷᠤᠢ ᠨᠢ ᠤᠯᠤᠰ ᠤᠨ ᠦᠮᠴᠢ ᠮᠦᠨ | ᠭᠡᠵᠤ ᠬᠠᠤᠯᠢ ᠳᠤ ᠲᠤᠭᠲᠠᠭᠠᠭᠰᠠᠨ ᠠᠴᠠ ᠪᠤᠰᠤᠤᠨ ᠨᠢ ᠬᠠᠮᠲᠤ ᠶᠢᠨ ᠦᠮᠴᠢ ᠮᠦᠨ︔ ᠤᠷᠤᠨ ᠰᠠᠭᠤᠴᠨ ᠶᠢᠨ | ᠭᠠᠵᠠᠷ᠂ ᠬᠤᠪᠢᠨ ᠳᠠᠭᠠᠨ ᠦᠯᠡᠲᠡᠭᠡᠭᠰᠡᠨ ᠲᠠᠷᠢᠶ᠎ᠠ᠂ ᠬᠤᠪᠢᠨ ᠳᠠᠭᠠᠨ ᠦᠯᠡᠲᠡᠭᠡᠭᠰᠡᠨ ᠠᠭᠤᠯᠠ ᠴᠤ ᠬᠠᠮᠲᠤ ᠶᠢᠨ | ᠦᠮᠴᠢ ᠮᠦᠨ᠃ | ᠤᠯᠤᠰ ᠠᠴᠠ ᠤᠯᠠᠨ ᠨᠠᠶᠢᠲᠠ ᠶᠢᠨ ᠠᠰᠢᠭ ᠲᠤᠰᠨ ᠶᠢᠨ ᠭᠡᠷᠡᠭᠴᠡᠭᠡᠨ ᠤ ᠲᠦᠯᠦᠭᠡ᠂ ᠬᠠᠤᠯᠢ ᠳᠤ | ᠲᠤᠭᠲᠠᠭᠠᠭᠰᠠᠨ ᠶᠤᠰᠤᠭᠠᠷ ᠭᠠᠵᠠᠷ ᠰᠢᠷᠤᠢ ᠶᠢ ᠲᠠᠲᠠᠪᠤᠷᠢᠯᠠᠨ ᠠᠪᠬᠤ ᠪᠤᠶᠤ ᠲᠠᠲᠠᠪᠤᠷᠢᠯᠠᠨ ᠭᠡᠷᠡᠭᠯᠡᠵᠤ ᠪᠤᠯᠬᠤ | ᠪᠦᠭᠡᠳ ᠨᠦᠬᠦᠪᠦᠷᠢ ᠤᠯᠭᠤᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠭᠠᠵᠠᠷ ᠰᠢᠷᠦᠢ ᠶᠢ ᠡᠵᠡᠯᠡᠬᠦ᠂ ᠮᠠᠶᠢᠮᠠᠶᠢᠯᠠᠬᠤ ᠪᠤᠶᠤ | ᠪᠤᠰᠤᠤᠨ ᠭᠡᠯᠪᠠᠷᠢ ᠪᠠᠷ ᠬᠠᠤᠯᠢ ᠪᠤᠰᠤ ᠪᠠᠷ ᠰᠢᠯᠵᠢᠬᠦᠯᠦᠨ ᠦᠭᠴᠤ ᠪᠤᠯᠬᠤ ᠦᠭᠡᠢ᠃ ᠭᠠᠵᠠᠷ ᠰᠢᠷᠤᠢ ᠶᠢ ᠭᠡᠷᠡᠭᠯᠡᠬᠦ | ᠡᠷᠭᠡ ᠶᠢ ᠬᠠᠤᠯᠢ ᠴᠠᠭᠠᠵᠠ ᠳᠤ ᠲᠤᠭᠲᠠᠭᠠᠭᠰᠠᠨ ᠶᠤᠰᠤᠭᠠᠷ ᠰᠢᠯᠵᠢᠬᠦᠯᠦᠨ ᠦᠭᠴᠤ ᠪᠤᠯᠤᠨ᠎ᠠ᠃ | ᠭᠠᠵᠠᠷ ᠰᠢᠷᠤᠢ ᠶᠢ ᠭᠡᠷᠡᠭᠯᠡᠬᠦ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠪᠦᠬᠦᠨ ᠭᠠᠵᠠᠷ ᠰᠢᠷᠦᠢ ᠶᠢ | ᠡᠷᠭᠡᠪᠰᠢ ᠵᠦᠢ ᠵᠤᠬᠢᠰᠲᠠᠢ ᠪᠠᠷ ᠠᠰᠢᠭᠯᠠᠬᠤ ᠭᠡᠷᠡᠭᠲᠡᠢ᠃ | ᠠᠷᠪᠠᠨ ᠨᠢᠭᠡᠲᠤᠭᠡᠷ ᠵᠦᠢᠯ ᠬᠠᠤᠯᠢ ᠳᠤ ᠲᠤᠭᠳᠠᠭᠠᠭᠰᠠᠨ ᠭᠡᠪᠴᠢᠶᠠᠨ ᠤ ᠲᠤᠲᠤᠷᠠᠭᠢ ᠬᠤᠪᠢ ᠶᠢᠨ | ᠠᠵᠤ ᠠᠬᠤᠢ᠂ ᠬᠤᠪᠢ ᠶᠢᠨ ᠡᠵᠡᠩᠨᠡᠭᠰᠠᠨ ᠠᠵᠤ ᠠᠬᠤᠢ ᠵᠡᠷᠭᠡ ᠨᠠᠶᠢᠲᠠ ᠶᠢᠨ ᠦᠮᠴᠢᠯᠠᠯ ᠤᠨ ᠪᠤᠰᠤ ᠠᠵᠤ ᠠᠬᠤᠢ | ᠪᠤᠯ ᠨᠠᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢᠨ ᠴᠢᠬᠤᠯᠠ ᠪᠦᠷᠢᠯᠲᠤᠭᠦᠨ ᠭᠡᠰᠡᠭ ᠮᠦᠨ᠃ | ᠤᠯᠤᠰ ᠠᠴᠠ ᠬᠤᠪᠢ ᠶᠢᠨ ᠠᠵᠤ ᠠᠬᠤᠢ᠂ ᠬᠤᠪᠢ ᠶᠢᠨ ᠡᠵᠡᠩᠨᠡᠭᠰᠡᠨ ᠠᠵᠤ ᠠᠬᠤᠢ ᠵᠡᠷᠭᠡ ᠨᠡᠶᠢᠲᠠ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠠᠤᠯᠢ ᠶᠤᠰᠤᠨ ᠤ ᠡᠷᠭᠡ ᠪᠠ ᠠᠰᠢᠭ ᠢ ᠬᠠᠮᠠᠭᠠᠯᠠᠨ᠎ᠠ᠃ ᠤᠯᠤᠰ ᠠᠴᠠ | ᠨᠡᠶᠢᠲᠠ ᠶᠢᠨ ᠦᠮᠴᠢᠯᠡᠯ ᠤᠨ ᠪᠣᠰᠤ ᠠᠵᠤ ᠠᠬᠤᠢ ᠶᠢᠨ ᠭᠦᠭᠵᠢᠯᠲᠠ ᠶᠢ ᠵᠤᠷᠢᠭᠵᠢᠭᠤᠯᠵᠤ᠂ ᠲᠡᠮᠵᠢᠬᠦ ᠪᠦᠭᠡᠳ | ᠬᠦᠲᠦᠯᠦᠨ ᠵᠢᠯᠦᠭᠤᠳᠬᠤ ᠶᠢᠨ ᠬᠠᠮᠲᠤ᠂ ᠨᠠᠶᠢᠲᠠ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠠᠤᠯᠢ ᠶᠤᠰᠤᠭᠠᠷ | ᠭᠢᠨᠡᠵᠤ᠂ ᠬᠠᠮᠢᠶᠠᠷᠤᠨ᠎ᠠ᠃ | ᠠᠷᠪᠠᠨ ᠬᠤᠶᠠᠲᠤᠭᠠᠷ ᠵᠦᠢᠯ ᠨᠠᠶᠢᠭᠡᠮ ᠵᠢᠷᠤᠮ ᠤᠨ ᠤᠯᠠᠨ ᠨᠠᠶᠢᠲᠠ ᠶᠢᠨ ᠡᠳ᠋ ᠬᠦᠷᠤᠩᠭᠡ ᠪᠤᠯ | ᠬᠠᠯᠲᠠᠵᠤ ᠪᠤᠯᠤᠰᠢ ᠦᠭᠡᠢ ᠲᠠᠷᠬᠠᠨ ᠵᠦᠢᠯ ᠮᠦᠨ᠃ | ᠤᠯᠤᠰ ᠠᠴᠠ ᠨᠠᠶᠢᠭᠡᠮ ᠵᠢᠷᠤᠮ ᠤᠨ ᠤᠯᠠᠨ ᠨᠠᠶᠢᠲᠠ ᠶᠢᠨ ᠡᠳ᠋ ᠬᠦᠷᠤᠩᠭᠡ ᠶᠢ ᠬᠠᠮᠠᠭᠠᠯᠠᠨ᠎ᠠ᠃ ᠶᠠᠮᠠᠷᠪᠠ | ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ ᠶᠠᠮᠠᠷᠪᠠ ᠠᠷᠭ᠎ᠠ ᠪᠠᠷᠢᠯ ᠢᠶᠠᠷ ᠤᠯᠤᠰ ᠤᠨ ᠪᠠ ᠬᠠᠮᠲᠤ | ᠨᠠᠶᠢᠲᠠ ᠶᠢᠨ ᠡᠳ᠋ ᠬᠦᠷᠦᠩᠭᠡ ᠶᠢ ᠡᠵᠡᠯᠡᠬᠦ ᠪᠤᠶᠤ ᠡᠪᠲᠡᠬᠦ ᠶᠢ ᠴᠠᠭᠠᠵᠠᠯᠠᠨ᠎ᠠ᠃ | ᠠᠷᠪᠠᠨ ᠭᠤᠷᠪᠠᠲᠤᠭᠠᠷ ᠵᠦᠢᠯ ᠠᠷᠠᠳ ᠢᠷᠭᠡᠨ ᠤ ᠬᠠᠤᠯᠢ ᠶᠤᠰᠤᠨ ᠤ ᠬᠤᠪᠢ ᠶᠢᠨ ᠡᠳ᠋ | ᠬᠦᠷᠦᠩᠭᠡ ᠳᠤ ᠬᠠᠯᠲᠠᠵᠤ ᠪᠤᠯᠬᠤ ᠦᠭᠡᠢ᠃ | ᠤᠯᠤᠰ ᠠᠴᠠ ᠬᠠᠤᠯᠢ ᠳᠤ ᠲᠤᠭᠲᠠᠭᠠᠭᠰᠠᠨ ᠶᠤᠰᠤᠭᠠᠷ ᠠᠷᠠᠳ ᠢᠷᠭᠡᠨ ᠤ ᠬᠤᠪᠢ ᠶᠢᠨ ᠡᠳ᠋ | ᠬᠦᠷᠦᠩᠭᠡ ᠶᠢᠨ ᠡᠷᠭᠡ ᠪᠠ ᠵᠠᠯᠭᠠᠮᠵᠢᠯᠠᠬᠤ ᠡᠷᠭᠡ ᠶᠢ ᠬᠠᠮᠠᠭᠠᠯᠠᠨ᠎ᠠ᠃ | ᠤᠯᠤᠰ ᠠᠴᠠ ᠤᠯᠠᠨ ᠨᠡᠶᠢᠲᠠ ᠶᠢᠨ ᠠᠰᠢᠭ ᠲᠤᠰᠨ ᠶᠢᠨ ᠭᠡᠷᠡᠭᠴᠡᠭᠡᠨ ᠤ ᠲᠦᠯᠦᠭᠡ᠂ ᠬᠠᠤᠯᠢ ᠳᠤ | ᠲᠤᠭᠲᠠᠭᠠᠭᠰᠠᠨ ᠶᠤᠰᠤᠭᠠᠷ ᠠᠷᠠᠳ ᠢᠷᠭᠡᠨ ᠤ ᠬᠤᠪᠢ ᠶᠢᠨ ᠡᠳ᠋ ᠬᠦᠷᠦᠩᠭᠡ ᠶᠢ ᠲᠠᠲᠠᠪᠤᠷᠢᠯᠠᠨ ᠠᠪᠬᠤ ᠪᠤᠶᠤ | ᠲᠠᠲᠠᠪᠤᠷᠢᠯᠠᠨ ᠬᠡᠷᠡᠭᠯᠡᠵᠤ ᠪᠤᠯᠬᠤ ᠪᠦᠭᠡᠳ ᠨᠦᠬᠦᠪᠤᠷᠢ ᠤᠯᠭᠤᠨ᠎ᠠ᠃ | ᠠᠷᠪᠠᠨ ᠲᠦᠷᠪᠡᠲᠤᠭᠡᠷ ᠵᠦᠢᠯ ᠤᠯᠤᠰ ᠠᠴᠠ ᠬᠦᠲᠡᠯᠮᠤᠷᠢᠴᠢᠳ ᠤᠨ ᠢᠲᠡᠪᠭᠢᠵᠢᠯ ᠪᠠ ᠲᠧᠭᠨᠢᠭ | ᠮᠡᠷᠭᠡᠵᠢᠯ ᠤᠨ ᠭᠡᠮᠵᠢᠶ᠎ᠠ ᠶᠢ ᠲᠡᠭᠡᠭᠰᠢᠯᠡᠬᠦᠯᠬᠦ᠂ ᠲᠡᠷᠢᠬᠦᠨ ᠤ ᠰᠢᠨᠵᠢᠯᠡᠬᠦ ᠤᠬᠠᠭᠠᠨ ᠮᠡᠷᠭᠡᠵᠢᠯ ᠢ ᠲᠡᠯᠭᠡᠷᠡᠬᠦᠯᠬᠦ᠂ ᠠᠵᠤ | ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠯ ᠪᠤᠯᠤᠨ ᠠᠵᠤ ᠠᠬᠤᠢᠢᠯᠠᠯ ᠤᠨ ᠡᠵᠡᠩᠨᠡᠯᠲᠠ ᠬᠠᠮᠢᠶᠠᠷᠤᠯᠲᠠ ᠶᠢᠨ | ᠲᠦᠷᠢᠮ ᠢ ᠲᠡᠬᠦᠯᠲᠡᠷᠵᠢᠬᠦᠯᠬᠦ᠂ ᠨᠠᠶᠢᠭᠡᠮ ᠵᠢᠷᠤᠮ ᠤᠨ ᠤᠯᠠᠨ ᠭᠡᠯᠪᠠᠷᠢ ᠶᠢᠨ ᠬᠠᠷᠢᠭᠤᠴᠠᠯᠭ᠎ᠠ ᠶᠢᠨ ᠲᠦᠷᠢᠮ ᠢ | ᠭᠡᠷᠡᠭᠵᠢᠬᠦᠯᠬᠦ᠂ ᠬᠦᠲᠡᠯᠮᠤᠷᠢ ᠶᠢᠨ ᠵᠤᠬᠢᠶᠠᠨ ᠪᠠᠶᠢᠭᠤᠯᠤᠯᠲᠠ ᠶᠢ ᠰᠠᠶᠢᠵᠢᠷᠠᠭᠤᠯᠬᠤ ᠪᠠᠷ ᠲᠠᠮᠵᠢᠭᠤᠯᠵᠤ ᠪᠠᠶᠢᠭᠠᠳ | ᠬᠦᠲᠡᠯᠮᠤᠷᠢ ᠦᠢᠯᠡᠳᠪᠤᠷᠢᠯᠡᠯ ᠤᠨ ᠪᠦᠲᠤᠮᠵᠢ ᠪᠤᠯᠤᠨ ᠠᠵᠤ ᠠᠬᠤᠢ ᠶᠢᠨ ᠦᠷ᠎ᠠ ᠠᠰᠢᠭ ᠢ ᠲᠠᠰᠤᠷᠠᠯᠲᠠ ᠦᠭᠡᠢ | ᠲᠡᠭᠡᠭᠰᠢᠯᠡᠬᠦᠯᠵᠤ᠂ ᠨᠠᠶᠢᠭᠡᠮ ᠤᠨ ᠦᠢᠯᠡᠳᠪᠤᠷᠢᠯᠡᠯ ᠤᠨ ᠭᠦᠴᠤ ᠶᠢ ᠬᠦᠭᠵᠢᠬᠦᠯᠦᠨ᠎ᠠ᠃ | ᠤᠯᠤᠰ ᠠᠴᠠ ᠠᠷᠪᠢᠯᠠᠨ ᠭᠠᠮᠠᠨᠠᠬᠤ ᠶᠢ ᠴᠢᠬᠤᠯᠠᠴᠢᠯᠠᠵᠤ᠂ ᠪᠦᠷᠢᠯᠭᠡᠨ ᠰᠦᠢᠳᠭᠡᠬᠦ ᠶᠢ ᠡᠰᠡᠷᠬᠦᠴᠡᠨ᠎ᠠ᠃ | ᠤᠯᠤᠰ ᠠᠴᠠ ᠬᠤᠷᠠᠮᠲᠤᠭᠤᠯᠭ᠎ᠠ ᠪᠠ ᠭᠡᠷᠡᠭᠯᠡᠭᠡ ᠶᠢ ᠵᠤᠬᠢᠰᠲᠠᠢ ᠪᠠᠷ ᠲᠤᠭᠢᠷᠠᠭᠤᠯᠤᠨ᠂ ᠤᠯᠤᠰ ᠠᠷᠠᠳ ᠪᠠ | ᠬᠠᠮᠲᠤ ᠨᠠᠶᠢᠲᠠ᠂ ᠬᠤᠪᠢ ᠬᠦᠮᠦᠨ ᠤ ᠠᠰᠢᠭ ᠲᠤᠰᠨ ᠶᠢ ᠵᠡᠷᠭᠡᠪᠠᠷ ᠬᠠᠷᠠᠭᠠᠯᠵᠠᠨ᠂ ᠦᠢᠯᠡᠳᠪᠤᠷᠢᠯᠡᠯ ᠢ | ᠬᠦᠭᠢᠬᠦᠯᠦᠭᠰᠡᠨ ᠰᠠᠭᠤᠷᠢᠨ ᠲᠡᠭᠡᠷ᠎ᠠ ᠠᠷᠠᠳ ᠲᠦᠮᠠᠨ ᠤ ᠪᠤᠲᠠᠰ ᠤᠨ ᠠᠮᠢᠲᠤᠷᠠᠯ ᠪᠠ ᠰᠤᠶᠤᠯ ᠤᠨ ᠠᠮᠢᠲᠤᠷᠠᠯ ᠢ | ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ | ᠤᠯᠤᠰ ᠠᠴᠠ ᠠᠵᠤ ᠠᠬᠤᠢ ᠶᠢᠨ ᠭᠦᠭᠵᠢᠯᠲᠠ ᠶᠢᠨ ᠭᠢᠷᠢ ᠭᠡᠮᠵᠢᠶ᠎ᠠ ᠯᠦᠭᠡ ᠵᠤᠬᠢᠴᠠᠯᠲᠤᠭᠰᠠᠨ ᠨᠠᠶᠢᠭᠡᠮ ᠤᠨ | ᠪᠠᠲᠤᠯᠭ᠎ᠠ ᠶᠢᠨ ᠲᠦᠷᠢᠮ ᠢ ᠪᠠᠶᠢᠭᠤᠯᠵᠤ ᠲᠡᠬᠦᠯᠲᠡᠷᠵᠢᠬᠦᠯᠦᠨ᠎ᠠ᠃ | ᠠᠷᠪᠠᠨ ᠲᠠᠪᠤᠲᠤᠭᠠᠷ ᠵᠦᠢᠯ ᠤᠯᠤᠰ ᠠᠴᠠ ᠨᠠᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ | ᠠᠬᠤᠢ ᠶᠢ ᠬᠡᠷᠡᠭᠵᠢᠬᠦᠯᠦᠨ᠎ᠠ᠃ | ᠤᠯᠤᠰ ᠠᠴᠠ ᠠᠵᠤ ᠠᠬᠤᠢ ᠶᠢᠨ ᠬᠠᠤᠯᠢ ᠲᠤᠭᠲᠠᠭᠠᠬᠤ ᠠᠵᠢᠯ ᠢ ᠴᠢᠩᠭᠠᠳᠬᠠᠵᠤ᠂ ᠬᠤᠷᠸ᠎ᠠ | ᠲᠤᠭᠢᠷᠠᠭᠤᠯᠤᠯ ᠡᠵᠡᠮᠲᠠᠯ ᠢ ᠰᠠᠶᠢᠵᠢᠷᠠᠭᠤᠯᠵᠤ ᠲᠡᠬᠦᠯᠲᠡᠷᠵᠢᠬᠦᠯᠦᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ ᠨᠠᠶᠢᠭᠡᠮ ᠤᠨ ᠠᠵᠤ ᠠᠬᠤᠢ ᠶᠢᠨ ᠡᠮᠭᠢ | ᠵᠢᠷᠤᠮ ᠢ ᠰᠠᠮᠠᠭᠤᠷᠠᠭᠤᠯᠬᠤ ᠶᠠᠪᠤᠲᠠᠯ ᠢ ᠬᠠᠤᠯᠢ ᠶᠤᠰᠤᠭᠠᠷ ᠴᠠᠭᠠᠵᠠᠯᠠᠨ᠎ᠠ᠃ | ᠠᠷᠪᠠᠨ ᠵᠢᠷᠭᠤᠲᠤᠭᠠᠷ ᠵᠦᠢᠯ ᠤᠯᠤᠰ ᠤᠨ ᠦᠮᠴᠢᠯᠡᠯ ᠤᠨ ᠠᠵᠤ ᠠᠬᠤᠢᠢᠯᠠᠯ ᠨᠢ ᠬᠠᠤᠯᠢ ᠳᠤ | ᠲᠤᠭᠳᠠᠭᠠᠭᠰᠠᠨ ᠭᠡᠪᠴᠢᠶᠠᠨ ᠤ ᠲᠤᠲᠤᠷ᠎ᠠ ᠦᠪᠠᠷ ᠢᠶᠠᠨ ᠡᠵᠡᠨ ᠮᠡᠲᠡᠵᠤ ᠡᠵᠡᠩᠨᠡᠬᠦ ᠡᠷᠭᠡ ᠲᠠᠢ᠃ | ᠤᠯᠤᠰ ᠤᠨ ᠦᠮᠴᠢᠯᠠᠯ ᠤᠨ ᠠᠵᠤ ᠠᠬᠤᠢᠢᠯᠠᠯ ᠨᠢ ᠬᠠᠤᠯᠢ ᠳᠤ ᠲᠤᠭᠲᠠᠭᠠᠭᠰᠠᠨ ᠶᠤᠰᠤᠭᠠᠷ ᠠᠵᠢᠯᠲᠠᠨ | ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠠ ᠪᠤᠰᠤᠤᠨ ᠭᠡᠯᠪᠠᠷᠢ ᠪᠠᠷ ᠲᠡᠮᠵᠢᠭᠤᠯᠤᠨ ᠠᠷᠠᠳᠴᠢᠯᠠᠭᠰᠠᠨ | ᠬᠠᠮᠢᠶᠠᠷᠤᠯᠲᠠ ᠶᠢ ᠭᠡᠷᠡᠭᠵᠢᠬᠦᠯᠦᠨ᠎ᠠ᠃ | ᠠᠷᠪᠠᠨ ᠲᠤᠯᠤᠲᠤᠭᠠᠷ ᠵᠦᠢᠯ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠤᠭᠤᠳ | ᠬᠤᠯᠪᠤᠭᠲᠠᠯ ᠪᠦᠭᠦᠢ ᠬᠠᠤᠯᠢ ᠴᠠᠭᠠᠵᠠ ᠶᠢ ᠵᠢᠷᠤᠮᠯᠡᠬᠤ ᠤᠷᠢᠲᠠᠯ ᠤᠨ ᠲᠤᠤᠷ᠎ᠠ᠂ ᠪᠠᠶ᠎ᠠ ᠪᠠᠨ ᠲᠠᠭᠠᠭᠠᠵᠤ ᠠᠵᠤ | ᠠᠬᠤᠢ ᠶᠢᠨ ᠠᠵᠢᠯᠯᠠᠭ᠎ᠠ ᠭᠢᠬᠦ ᠡᠵᠡᠨ ᠮᠡᠲᠡᠬᠦ ᠡᠷᠭᠡ ᠲᠠᠢ᠃ | ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠤᠭᠤᠳ ᠠᠷᠠᠳᠴᠢᠯᠠᠭᠰᠠᠨ ᠬᠠᠮᠢᠶᠠᠷᠤᠯᠲᠠ | ᠶᠠᠪᠤᠭᠤᠯᠵᠤ᠂ ᠬᠠᠤᠯᠢ ᠳᠤ ᠲᠤᠭᠳᠠᠭᠠᠭᠰᠠᠨ ᠶᠤᠰᠤᠭᠠᠷ ᠬᠠᠮᠢᠶᠠᠷᠤᠯᠲᠠ ᠶᠢᠨ ᠠᠵᠢᠯᠲᠠᠨ ᠢᠶᠠᠨ ᠰᠤᠩᠭᠤᠬᠤ ᠪᠠ | ᠪᠠᠭᠤᠯᠭᠠᠵᠤ᠂ ᠡᠵᠡᠩᠨᠡᠯᠲᠠ ᠬᠠᠮᠢᠶᠠᠷᠤᠯᠲᠠ ᠶᠢᠨ ᠴᠢᠬᠤᠯᠠ ᠠᠰᠠᠭᠤᠲᠠᠯ ᠤᠳ ᠢᠶᠠᠨ ᠲᠤᠭᠲᠠᠭᠠᠨ᠎ᠠ᠃ | ᠠᠷᠪᠠᠨ ᠨᠠᠢᠮᠠᠲᠤᠭᠠᠷ ᠵᠦᠢᠯ ᠭᠠᠲᠠᠭᠠᠲᠤ ᠤᠯᠤᠰ ᠤᠨ ᠠᠵᠤ ᠠᠬᠤᠢᠢᠯᠠᠯ᠂ ᠠᠵᠤ ᠠᠬᠤᠢ ᠶᠢᠨ | ᠪᠤᠰᠤᠤᠨ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ ᠪᠦᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠬᠠᠤᠯᠢ ᠳᠤ ᠲᠤᠭᠳᠠᠭᠠᠭᠰᠠᠨ ᠶᠤᠰᠤᠭᠠᠷ ᠲᠤᠮᠲᠠᠲᠤ ᠤᠯᠤᠰ ᠲᠤ ᠪᠠᠯᠠ ᠤᠷᠤᠭᠤᠯᠬᠤ᠂ ᠲᠤᠮᠲᠠᠲᠤ | ᠤᠯᠤᠰ ᠤᠨ ᠠᠵᠤ ᠠᠬᠤᠢᠢᠯᠠᠯ ᠪᠤᠶᠤ ᠠᠵᠤ ᠠᠬᠤᠢ ᠶᠢᠨ ᠪᠤᠰᠤᠤᠨ ᠵᠤᠬᠢᠶᠠᠨ ᠪᠠᠶᠢᠭᠤᠯᠤᠯᠲᠠ ᠯᠤᠭ᠎ᠠ ᠠᠵᠤ | ᠠᠬᠤᠢ ᠶᠢᠨ ᠤᠯᠠᠨ ᠭᠡᠯᠪᠠᠷᠢ ᠶᠢᠨ ᠬᠠᠮᠵᠢᠯᠴᠠᠭ᠎ᠠ ᠭᠢᠬᠦ ᠶᠢ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ | ᠵᠦᠪᠰᠢᠶᠠᠷᠡᠨ᠎ᠠ᠃ | ᠲᠤᠮᠲᠠᠲᠤ ᠤᠯᠤᠰ ᠤᠨ ᠭᠢᠯᠢ ᠶᠢᠨ ᠲᠤᠲᠤᠷ᠎ᠠ ᠪᠠᠶᠢᠭ᠎ᠠ ᠭᠠᠲᠠᠭᠠᠲᠤ ᠤᠯᠤᠰ ᠤᠨ ᠠᠵᠤ ᠠᠬᠤᠢᠢᠯᠠᠯ ᠪᠤᠯᠤᠨ | ᠭᠠᠲᠠᠭᠠᠲᠤ ᠤᠯᠤᠰ ᠤᠨ ᠠᠵᠤ ᠠᠬᠤᠢ ᠶᠢᠨ ᠪᠤᠰᠤᠤᠨ ᠵᠤᠬᠢᠶᠠᠨ ᠪᠠᠶᠢᠭᠤᠯᠤᠯᠲᠠ ᠭᠢᠭᠡᠳ ᠲᠤᠮᠲᠠᠲᠤ ᠭᠠᠲᠠᠭᠠᠲᠤ ᠶᠢᠨ | ᠪᠠᠯᠠ ᠨᠠᠶᠢᠯᠡᠬᠦᠯᠦᠨ ᠡᠵᠡᠩᠨᠡᠭᠰᠡᠨ ᠠᠵᠤ ᠠᠬᠤᠢᠢᠯᠠᠯ ᠤᠳ ᠡᠷᠭᠡᠪᠰᠢ ᠪᠦᠭᠦᠳ᠋ᠨ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠬᠠᠤᠯᠢ ᠴᠠᠭᠠᠵᠠ ᠶᠢ ᠵᠢᠷᠤᠮᠯᠡᠬᠤ ᠭᠡᠷᠡᠭᠲᠡᠢ᠃ ᠲᠡᠲᠡᠨ ᠤ ᠬᠠᠤᠯᠢ ᠶᠤᠰᠤᠨ ᠤ ᠡᠷᠭᠡ ᠠᠰᠢᠭ ᠢ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠤᠯᠢ ᠪᠠᠷ ᠬᠠᠮᠠᠭᠠᠯᠠᠨ᠎ᠠ᠃ | ᠠᠷᠪᠠ ᠶᠢᠰᠤᠲᠤᠭᠡᠷ ᠵᠦᠢᠯ ᠤᠯᠤᠰ ᠠᠴᠠ ᠨᠠᠶᠢᠭᠡᠮ ᠵᠢᠷᠤᠮ ᠤᠨ ᠰᠤᠷᠭᠠᠨ ᠬᠦᠮᠦᠵᠢᠯ ᠤᠨ ᠦᠢᠯᠡᠰ ᠢ | ᠬᠦᠭᠵᠢᠬᠦᠯᠵᠤ᠂ ᠪᠦᠬᠦ ᠤᠯᠤᠰ ᠤᠨ ᠠᠷᠠᠳ ᠲᠦᠮᠠᠨ ᠤ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠤᠨ ᠭᠢᠷᠢ | ᠭᠡᠮᠵᠢᠶ᠎ᠠ ᠶᠢ ᠲᠡᠭᠡᠭᠰᠢᠯᠡᠬᠦᠯᠦᠨ᠎ᠠ᠃ | ᠤᠯᠤᠰ ᠠᠴᠠ ᠡᠯ᠎ᠠ ᠵᠦᠢᠯ ᠤᠨ ᠰᠤᠷᠭᠠᠭᠤᠯᠢ ᠶᠢ ᠡᠷᠬᠢᠯᠡᠨ ᠪᠠᠶᠢᠭᠤᠯᠵᠤ᠂ ᠠᠩᠬ᠎ᠠ ᠵᠡᠷᠭᠡ ᠶᠢᠨ ᠠᠯᠪᠠᠨ | ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠂ ᠲᠤᠮᠲᠠᠲᠤ ᠵᠡᠷᠭᠡ ᠶᠢᠨ ᠰᠤᠷᠭᠠᠨ ᠬᠦᠮᠦᠵᠢᠯ᠂ | ᠲᠤᠬᠠᠢᠢᠯᠠᠭᠰᠠᠨ ᠠᠵᠢᠯ ᠤᠨ ᠰᠣᠷᠭᠠᠨ ᠬᠦᠮᠦᠵᠢᠯ ᠪᠠ ᠲᠡᠭᠡᠲᠤ ᠵᠡᠷᠭᠡ ᠶᠢᠨ ᠰᠤᠷᠭᠠᠨ ᠬᠦᠮᠦᠵᠢᠯ ᠢ ᠬᠦᠭᠵᠢᠬᠦᠯᠬᠦ | ᠪᠦᠭᠡᠳ ᠰᠤᠷᠭᠠᠭᠤᠯᠢ ᠳᠤ ᠤᠷᠤᠬᠤ ᠠᠴᠠ ᠡᠮᠤᠨᠡᠭᠢ ᠰᠤᠷᠭᠠᠨ ᠬᠦᠮᠦᠵᠢᠯ ᠢ ᠭᠦᠭᠵᠢᠬᠦᠯᠦᠨ᠎ᠠ᠃ | ᠤᠯᠤᠰ ᠠᠴᠠ ᠰᠤᠷᠭᠠᠨ ᠬᠦᠮᠦᠵᠢᠯ ᠤᠨ ᠡᠯ᠎ᠠ ᠵᠦᠢᠯ ᠤᠨ ᠲᠦᠬᠦᠭᠡᠷᠤᠮᠵᠢ ᠶᠢ ᠨᠡᠮᠡᠭᠲᠡᠬᠦᠯᠦᠨ᠂ ᠦᠰᠦᠭ | ᠦᠯᠦ ᠲᠠᠨᠢᠬᠤ ᠶᠠᠪᠤᠲᠠᠯ ᠢ ᠤᠰᠠᠳᠬᠠᠵᠤ᠂ ᠠᠵᠢᠯᠴᠢᠨ᠂ ᠲᠠᠷᠢᠶᠠᠴᠢᠨ᠂ ᠲᠦᠷᠤ ᠶᠢᠨ ᠠᠵᠢᠯᠲᠠᠨ ᠪᠠ ᠪᠤᠰᠤᠤᠨ | ᠬᠦᠲᠡᠯᠮᠤᠷᠢᠴᠢᠳ ᠲᠤ ᠤᠯᠤᠰ ᠲᠦᠷᠤ᠂ ᠰᠤᠶᠤᠯ ᠪᠤᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠢᠭ ᠮᠡᠷᠭᠡᠵᠢᠯ᠂ | ᠲᠤᠬᠠᠢᠢᠯᠠᠭᠰᠠᠨ ᠠᠵᠢᠯ ᠤᠨ ᠬᠦᠮᠦᠵᠢᠯ ᠭᠢᠵᠤ᠂ ᠦᠪᠠᠷ ᠢᠶᠠᠨ ᠰᠤᠷᠴᠤ ᠴᠢᠲᠠᠪᠤᠷᠢᠲᠠᠨ ᠪᠤᠯᠬᠤ ᠶᠢ ᠵᠤᠷᠢᠬᠵᠢᠭᠤᠯᠤᠨ᠎ᠠ | ᠃ | ᠤᠯᠤᠰ ᠠᠴᠠ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠤᠯᠤᠰ ᠤᠨ ᠠᠵᠤ ᠠᠬᠤᠢᠢᠯᠠᠯ | ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠪᠠ ᠨᠠᠶᠢᠭᠡᠮ ᠤᠨ ᠪᠤᠰᠤᠤᠨ ᠪᠦᠯᠭᠦᠮ ᠤᠨ ᠬᠠᠤᠯᠢ ᠳᠤ ᠲᠤᠭᠲᠠᠭᠠᠭᠰᠠᠨ | ᠶᠤᠰᠤᠭᠠᠷ ᠡᠯ᠎ᠠ ᠵᠦᠢᠯ ᠤᠨ ᠰᠤᠷᠭᠠᠨ ᠬᠦᠮᠦᠵᠢᠯ ᠤᠨ ᠦᠢᠯᠡᠰ ᠡᠷᠭᠢᠯᠡᠬᠦ ᠶᠢ ᠵᠤᠷᠢᠬᠵᠢᠭᠤᠯᠤᠨ᠎ᠠ᠃ | ᠤᠯᠤᠰ ᠠᠴᠠ ᠪᠦᠬᠦ ᠤᠯᠤᠰ ᠲᠤ ᠨᠠᠶᠢᠲᠠᠮ ᠭᠡᠷᠡᠭᠯᠡᠵᠤ ᠪᠠᠶᠢᠭ᠎ᠠ ᠨᠡᠶᠢᠲᠡᠯᠢᠭ ᠭᠡᠯᠡ ᠶᠢ ᠲᠡᠯᠭᠡᠷᠡᠬᠦᠯᠦᠨ᠎ᠠ᠃ | ᠬᠤᠷᠢᠲᠤᠭᠠᠷ ᠵᠦᠢᠯ ᠤᠯᠤᠰ ᠠᠴᠠ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠠᠶᠢᠭᠡᠮ ᠤᠨ ᠰᠢᠨᠵᠢᠯᠡᠬᠦ | ᠤᠬᠠᠭᠠᠨ ᠤ ᠦᠢᠯᠡᠰ ᠢ ᠭᠦᠭᠵᠢᠬᠦᠯᠵᠤ᠂ ᠰᠢᠨᠵᠢᠯᠡᠬᠦ ᠤᠬᠠᠭᠠᠨ ᠪᠠ ᠲᠧᠭᠨᠢᠭ ᠮᠡᠷᠭᠡᠵᠢᠯ ᠤᠨ ᠮᠡᠲᠡᠯᠭᠡ ᠶᠢ | ᠲᠡᠭᠡᠭᠰᠢᠯᠡᠬᠦᠯᠵᠤ᠂ ᠰᠢᠨᠵᠢᠯᠡᠬᠦ ᠤᠬᠠᠭᠠᠨ ᠤ ᠰᠤᠲᠤᠯᠭᠠᠨ ᠤ ᠠᠮᠵᠢᠯᠲᠠ ᠪᠦᠲᠦᠭᠡᠯ ᠪᠤᠯᠤᠨ ᠲᠧᠭᠨᠢᠭ ᠮᠡᠷᠭᠡᠵᠢᠯ ᠤᠨ | ᠨᠡᠭᠡᠭᠡᠯᠲᠠ ᠡᠬᠦᠲᠦᠯᠲᠠ ᠶᠢ ᠬᠦᠭᠢᠬᠦᠯᠦᠨ ᠱᠠᠩᠨᠠᠨ᠎ᠠ᠃ | ᠬᠤᠷᠢᠨ ᠨᠢᠭᠡᠲᠤᠭᠡᠷ ᠵᠦᠢᠯ ᠤᠯᠤᠰ ᠠᠴᠠ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ | ᠬᠦᠭᠵᠢᠬᠦᠯᠵᠤ᠂ ᠤᠲᠤ ᠦᠶ᠎ᠠ ᠶᠢᠨ ᠡᠮ ᠡᠮᠨᠡᠯᠭᠡ ᠪᠠ ᠮᠠᠨ ᠤ ᠤᠯᠤᠰ ᠤᠨ ᠤᠯᠠᠮᠵᠢᠯᠠᠯᠲᠤ ᠡᠮ ᠡᠮᠨᠡᠯᠭᠡ ᠶᠢ | ᠭᠦᠭᠵᠢᠬᠦᠯᠵᠤ᠂ ᠬᠦᠲᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠤᠯᠤᠰ ᠤᠨ | ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠪᠠ ᠵᠡᠭᠡᠯᠢ ᠭᠤᠲᠤᠮᠵᠢ ᠶᠢᠨ ᠵᠤᠬᠢᠶᠠᠨ | ᠪᠠᠶᠢᠭᠤᠯᠤᠯᠲᠠ ᠶᠢᠨ ᠡᠮ ᠡᠮᠨᠡᠯᠭᠡ ᠡᠷᠡᠬᠦᠯ ᠬᠠᠮᠠᠭᠠᠯᠠᠯ ᠤᠨ ᠡᠯ᠎ᠠ ᠵᠦᠢᠯ ᠤᠨ ᠲᠦᠬᠦᠭᠡᠷᠤᠮᠵᠢ ᠭᠠᠷᠭᠠᠵᠤ᠂ ᠤᠯᠠᠨ | ᠲᠦᠮᠡᠨᠴᠢ ᠴᠢᠨᠠᠷ ᠲᠠᠢ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠵᠤ᠂ ᠠᠷᠠᠳ ᠲᠦᠮᠠᠨ ᠤ ᠡᠷᠡᠬᠦᠯ ᠴᠢᠭᠢᠷᠠᠭ ᠢ | ᠬᠠᠮᠠᠭᠠᠯᠠᠬᠤ ᠶᠢ ᠵᠤᠷᠢᠬᠵᠢᠭᠤᠯᠤᠨ ᠲᠡᠮᠵᠢᠨ᠎ᠠ᠃ | ᠤᠯᠤᠰ ᠠᠴᠠ ᠪᠠᠶ᠎ᠠ ᠶᠢᠨ ᠲᠠᠮᠢᠷ ᠤᠨ ᠦᠢᠯᠡᠰ ᠢ ᠭᠦᠭᠵᠢᠬᠦᠯᠦᠨ᠂ ᠤᠯᠠᠨ ᠲᠦᠮᠡᠨᠴᠢ ᠴᠢᠨᠠᠷ ᠲᠠᠢ | ᠪᠡᠶ᠎ᠠ ᠶᠢᠨ ᠲᠠᠮᠢᠷ ᠤᠨ ᠬᠦᠲᠡᠯᠭᠡᠭᠡᠨ ᠢ ᠦᠷᠨᠢᠬᠦᠯᠵᠤ᠂ ᠠᠷᠠᠳ ᠲᠦᠮᠠᠨ ᠤ ᠪᠠᠶ᠎ᠠ ᠮᠠᠬᠠᠪᠤᠤᠨ ᠢ ᠴᠢᠬᠢᠷᠠᠭᠵᠢᠭᠤᠯᠤᠨ᠎ᠠ᠃ | | ᠬᠤᠷᠢᠨ ᠬᠤᠶᠠᠲᠤᠭᠠᠷ ᠵᠦᠢᠯ ᠤᠯᠤᠰ ᠠᠴᠠ ᠠᠷᠠᠳ ᠲᠦᠮᠠᠨ ᠳᠤ ᠦᠢᠯᠡᠴᠢᠯᠡᠬᠦ᠂ ᠨᠠᠶᠢᠭᠡᠮ | ᠵᠢᠷᠤᠮ ᠳᠤ ᠦᠢᠯᠡᠴᠢᠯᠡᠬᠦ ᠤᠳᠬ᠎ᠠ ᠵᠤᠭᠢᠶᠠᠯ ᠤᠷᠠᠯᠢᠭ ᠤᠨ ᠦᠢᠯᠡᠰ᠂ ᠰᠤᠨᠢᠨ ᠮᠡᠲᠡᠭᠡᠯᠡᠯ ᠷᠠᠲᠢᠤ᠋ ᠨᠠᠪᠲᠠᠷᠠᠬᠦᠯᠭᠡ | ᠲᠧᠯᠸᠢᠰ ᠤᠨ ᠦᠢᠯᠡᠰ᠂ ᠭᠡᠪᠯᠡᠨ ᠲᠠᠷᠬᠠᠭᠠᠬᠤ ᠦᠢᠯᠡᠰ᠂ ᠨᠤᠮ ᠤᠨ ᠰᠠᠩ᠂ ᠮᠦᠽᠸᠢ᠂ ᠰᠤᠶᠤᠯ ᠤᠨ ᠭᠡᠷ ᠪᠠ | ᠰᠤᠶᠤᠯ ᠤᠨ ᠪᠤᠰᠤᠤᠨ ᠦᠢᠯᠡᠰ ᠢ ᠬᠦᠭᠵᠢᠬᠦᠯᠵᠤ᠂ ᠤᠯᠠᠨ ᠲᠦᠮᠠᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠶᠢ | ᠦᠷᠨᠢᠬᠦᠯᠦᠨ᠎ᠠ᠃ | ᠤᠯᠤᠰ ᠠᠴᠠ ᠠᠯᠲᠠᠷᠲᠤ ᠦᠵᠡᠮᠵᠢ ᠡᠷᠲᠡᠨ ᠤ ᠲᠤᠷᠠᠰᠬᠠᠯ᠂ ᠲᠡᠤᠭᠡ ᠶᠢᠨ ᠬᠤᠪᠤᠷ ᠨᠠᠨᠲᠢᠨ ᠲᠤᠷᠠᠰᠬᠠᠯᠲᠤ | ᠵᠦᠢᠯ ᠪᠠ ᠲᠡᠤᠭᠡ ᠰᠤᠶᠤᠯ ᠤᠨ ᠪᠤᠰᠤᠤᠨ ᠴᠢᠬᠤᠯᠠ ᠦᠪ ᠢ ᠬᠠᠮᠠᠭᠠᠯᠠᠨ᠎ᠠ᠃ | ᠬᠤᠷᠢᠨ ᠭᠤᠷᠪᠠᠲᠤᠭᠠᠷ ᠵᠦᠢᠯ ᠤᠯᠤᠰ ᠠᠴᠠ ᠨᠠᠶᠢᠭᠡᠮ ᠵᠢᠷᠤᠮ ᠳᠤ ᠦᠢᠯᠡᠴᠢᠯᠡᠬᠦ ᠤᠯᠠᠨ ᠲᠠᠯ᠎ᠠ ᠶᠢᠨ | ᠲᠤᠰᠬᠠᠢ ᠴᠢᠲᠠᠪᠤᠷᠢᠲᠠᠨ ᠢ ᠬᠦᠮᠦᠵᠢᠬᠦᠯᠦᠨ᠂ ᠰᠡᠭᠡᠭᠡᠲᠠᠨ ᠤ ᠡᠩᠨᠡᠭᠡ ᠶᠢ ᠦᠷᠭᠡᠳᠭᠡᠵᠤ᠂ ᠨᠦᠬᠦᠴᠡᠯ | ᠪᠦᠷᠢᠯᠲᠦᠬᠦᠯᠵᠤ ᠪᠠᠶᠢᠭᠠᠳ ᠲᠡᠲᠡᠨ ᠤ ᠨᠡᠶᠢᠭᠡᠮ ᠵᠢᠷᠤᠮ ᠤᠨ ᠤᠲᠤᠭᠢᠴᠢᠯᠡᠬᠤ ᠪᠦᠲᠦᠭᠡᠨ ᠪᠢᠠᠢᠭᠤᠯᠤᠯᠲᠠ ᠶᠢᠨ | ᠲᠤᠮᠳ᠋ᠨ ᠭᠠᠷᠭᠠᠬᠤ ᠦᠢᠯᠡᠲᠤᠯ ᠢ ᠬᠦᠢᠴᠡᠳ ᠪᠠᠲᠠᠷᠠᠭᠤᠯᠤᠨ᠎ᠠ᠃ | ᠬᠤᠷᠢᠨ ᠲᠦᠷᠪᠡᠲᠤᠭᠡᠷ ᠵᠦᠢᠯ ᠤᠯᠤᠰ ᠠᠴᠠ ᠬᠦᠰᠡᠯᠡᠩ ᠤᠨ ᠬᠦᠮᠦᠵᠢᠯ᠂ ᠶᠤᠰᠤ ᠮᠤᠷᠠᠯ ᠤᠨ | ᠬᠦᠮᠦᠵᠢᠯ᠂ ᠰᠤᠶᠤᠯ ᠪᠤᠯᠪᠠᠰᠤᠷᠠᠯ ᠤᠨ ᠬᠦᠮᠦᠵᠢᠯ᠂ ᠰᠠᠭᠢᠯᠭ᠎ᠠ ᠪᠠᠲᠤ ᠪᠠ ᠬᠠᠤᠯᠢ ᠲᠦᠷᠢᠮ ᠤᠨ ᠬᠦᠮᠤᠵᠢᠯ ᠢ | ᠲᠦᠭᠡᠮᠡᠯᠵᠢᠬᠦᠯᠬᠦ ᠪᠠᠷ ᠲᠠᠮᠵᠢᠭᠤᠯᠵᠤ᠂ ᠬᠤᠲᠠ ᠬᠦᠲᠡᠭᠡ ᠶᠢᠨ ᠠᠲᠠᠯᠢ ᠪᠤᠰᠤ ᠭᠡᠪᠴᠢᠶᠠᠨ ᠳᠠᠬᠢ ᠤᠯᠠᠨ ᠲᠦᠮᠠᠨ ᠤ | ᠲᠤᠲᠤᠷ᠎ᠠ ᠡᠯ᠎ᠠ ᠵᠦᠢᠯ ᠤᠨ ᠲᠦᠷᠢᠮ᠂ ᠭᠡᠷ᠎ᠠ ᠲᠤᠭᠲᠠᠭᠠᠨ ᠭᠡᠷᠡᠭᠵᠢᠬᠦᠯᠬᠦ ᠪᠠᠷ ᠲᠠᠮᠵᠢᠭᠤᠯᠵᠤ᠂ ᠨᠡᠶᠢᠭᠡᠮ ᠵᠢᠷᠤᠮ ᠤᠨ | ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠠᠴᠠ ᠡᠭᠡ ᠤᠷᠤᠨ ᠢᠶᠠᠨ ᠬᠠᠶᠢᠷᠠᠯᠠᠬᠤ᠂ | ᠠᠷᠠᠳ ᠲᠦᠮᠠᠨ ᠢᠶᠠᠨ ᠬᠠᠶᠢᠷᠠᠯᠠᠬᠤ᠂ ᠬᠦᠲᠡᠯᠮᠤᠷᠢ ᠳᠤ ᠲᠤᠷᠠᠲᠠᠢ᠂ ᠰᠢᠨᠵᠢᠯᠡᠬᠦ ᠤᠬᠠᠭᠠᠨ ᠳᠤ ᠲᠤᠷᠠᠲᠠᠢ᠂ ᠨᠠᠶᠢᠭᠡᠮ | ᠵᠢᠷᠤᠮ ᠢ ᠬᠠᠶᠢᠷᠠᠯᠬᠤ ᠨᠠᠶᠢᠲᠠ ᠶᠢᠨ ᠶᠤᠰᠤ ᠮᠤᠷᠠᠯ ᠢ ᠡᠷᠭᠢᠮᠯᠡᠵᠤ᠂ ᠠᠷᠠᠳ ᠲᠦᠮᠠᠨ ᠳᠤ ᠡᠭᠡ ᠤᠷᠤᠨᠴᠢ ᠦᠵᠡᠯ᠂ | ᠨᠠᠶᠢᠲᠠᠴᠢ ᠦᠵᠡᠯ᠂ ᠢᠨᠲ᠋ᠧᠷᠨᠠᠼᠢᠤᠨᠠᠯ ᠤᠨ ᠦᠵᠡᠯ ᠪᠠ ᠡᠪ ᠬᠠᠮᠲᠤᠴᠢ ᠦᠵᠡᠯ ᠤᠨ ᠬᠦᠮᠤᠵᠢᠯ ᠭᠢᠵᠤ᠂ | ᠬᠤᠪᠢᠰᠤᠩᠭᠤᠢ ᠪᠤᠲᠠᠰᠴᠢ ᠦᠵᠡᠯ ᠪᠠ ᠲᠡᠤᠭᠡ ᠶᠢᠨ ᠪᠤᠲᠠᠰᠴᠢ ᠦᠵᠡᠯ ᠤᠨ ᠬᠦᠮᠤᠵᠢᠯ ᠭᠢᠨ᠎ᠠ᠂ ᠬᠦᠷᠤᠩᠭᠡᠲᠤ | ᠶᠤᠰᠤᠨ ᠤ ᠦᠵᠡᠯ ᠰᠠᠨᠠᠭ᠎ᠠ᠂ ᠹᠸᠤᠲᠠᠯ ᠤᠨ ᠦᠵᠡᠯ ᠰᠠᠨᠠᠭ᠎ᠠ ᠪᠠ ᠪᠤᠰᠤᠤᠨ ᠢᠯᠵᠡᠷᠠᠮᠠᠯ ᠦᠵᠡᠯ ᠰᠠᠨᠠᠭ᠎ᠠ ᠶᠢ | ᠡᠰᠡᠷᠬᠦᠴᠡᠨ᠎ᠠ᠃ | ᠬᠤᠷᠢᠨ ᠲᠠᠪᠤᠲᠤᠭᠠᠷ ᠵᠦᠢᠯ ᠤᠯᠤᠰ ᠠᠴᠠ ᠲᠦᠯᠤᠪᠯᠡᠭᠡ ᠲᠠᠢ ᠪᠠᠷ ᠭᠡᠤᠭᠡᠤᠨ ᠠᠪᠬᠤ ᠲᠦᠷᠢᠮ ᠢ | ᠭᠡᠷᠡᠭᠵᠢᠬᠦᠯᠵᠤ᠂ ᠬᠦᠮᠦᠨ ᠠᠮᠠ ᠶᠢᠨ ᠦᠰᠦᠯᠲᠠ ᠶᠢ ᠠᠵᠤ ᠠᠬᠤᠢ ᠪᠠ ᠨᠡᠶᠢᠭᠡᠮ ᠤᠨ ᠭᠦᠭᠵᠢᠯ ᠤᠨ | ᠲᠦᠯᠦᠪᠯᠡᠭᠡ ᠲᠠᠢ ᠵᠤᠬᠢᠴᠠᠭᠤᠯᠤᠨ᠎ᠠ᠃ | ᠬᠤᠷᠢᠨ ᠵᠢᠷᠭᠤᠲᠤᠭᠠᠷ ᠵᠦᠢᠯ ᠤᠯᠤᠰ ᠠᠴᠠ ᠠᠮᠢᠲᠤᠷᠠᠯ ᠤᠨ ᠤᠷᠴᠢᠨ ᠲᠤᠭᠤᠷᠢᠨ ᠪᠠ ᠠᠮᠢ | ᠠᠬᠤᠢ ᠶᠢᠨ ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠤ᠂ ᠪᠤᠭᠢᠷᠲᠤᠭᠤᠯᠤᠯ ᠪᠠ ᠤᠯᠠᠨ ᠨᠠᠶᠢᠲᠠ ᠳᠤ ᠬᠤᠤᠷ | ᠬᠦᠨᠤᠭᠡᠯ ᠤᠴᠠᠷᠠᠭᠤᠯᠬᠤ ᠪᠤᠰᠤᠤᠨ ᠬᠤᠤᠷᠲᠠᠭᠤᠯᠤᠯ ᠢ ᠰᠡᠷᠭᠡᠶᠢᠯᠡᠨ ᠵᠠᠰᠠᠨ᠎ᠠ᠃ | ᠤᠯᠤᠰ ᠠᠴᠠ ᠮᠤᠲᠤ ᠲᠠᠷᠢᠵᠤ ᠦᠢᠵᠢᠭᠤᠯᠬᠤ ᠶᠠᠪᠤᠲᠠᠯ ᠢ ᠵᠤᠬᠢᠶᠠᠨ ᠪᠠᠶᠢᠭᠤᠯᠬᠤ ᠪᠠ ᠵᠤᠷᠢᠬᠵᠢᠭᠤᠯᠵᠤ᠂ | ᠮᠤᠲᠤ ᠰᠢᠭᠤᠢ ᠶᠢ ᠬᠠᠮᠠᠭᠠᠯᠠᠨ᠎ᠠ᠃ | ᠬᠤᠷᠢᠨ ᠲᠤᠯᠤᠲᠤᠭᠠᠷ ᠵᠦᠢᠯ ᠲᠦᠷᠤ ᠶᠢᠨ ᠪᠠᠶᠢᠭᠤᠯᠭ᠎ᠠ ᠪᠦᠬᠦᠨ ᠴᠦᠮ ᠴᠤᠮᠬᠠᠳᠬᠠᠬᠤ ᠵᠠᠷᠴᠢᠮ ᠢ | ᠭᠡᠷᠡᠭᠵᠢᠬᠦᠯᠦᠨ᠂ ᠠᠵᠢᠯ ᠤᠨ ᠬᠠᠷᠢᠭᠤᠴᠯᠠᠭ᠎ᠠ ᠶᠢᠨ ᠲᠦᠷᠢᠮ ᠢ ᠭᠡᠷᠡᠭᠵᠢᠬᠦᠯᠵᠤ᠂ ᠠᠵᠢᠯᠲᠠᠨ ᠢ ᠪᠤᠯᠪᠠᠰᠤᠷᠠᠭᠤᠯᠬᠤ | ᠪᠠ ᠰᠢᠯᠭᠠᠨ ᠭᠢᠨᠠᠬᠤ ᠲᠦᠷᠢᠮ ᠢ ᠭᠡᠷᠡᠭᠵᠢᠬᠦᠯᠵᠤ᠂ ᠠᠵᠢᠯ ᠤᠨ ᠶᠠᠰᠤ ᠴᠢᠨᠠᠷ ᠪᠤᠯᠤᠨ ᠠᠵᠢᠯ ᠤᠨ ᠦᠷ᠎ᠠ | ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠨᠤᠶᠠᠨᠴᠢ ᠰᠤᠷᠲᠠᠯ ᠢ ᠡᠰᠡᠷᠬᠦᠴᠠᠨᠠ᠃ | ᠲᠦᠷᠤ ᠶᠢᠨ ᠪᠠᠶᠢᠭᠤᠯᠭ᠎ᠠ ᠪᠠ ᠲᠦᠷᠤ ᠶᠢᠨ ᠠᠵᠢᠯᠲᠠᠨ ᠪᠦᠭᠦᠨ ᠡᠷᠭᠡᠪᠰᠢ ᠠᠷᠠᠳ ᠲᠦᠮᠠᠨ ᠤ | ᠲᠠᠮᠵᠢᠯᠭᠡ ᠳᠤ ᠲᠦᠰᠢᠭᠯᠡᠨ᠂ ᠠᠷᠠᠳ ᠲᠦᠮᠠᠨ ᠲᠠᠢ ᠭᠡᠵᠢᠶᠠᠲᠠ ᠨᠢᠭᠲᠠ ᠬᠠᠷᠢᠯᠴᠠᠵᠤ᠂ ᠠᠷᠠᠳ ᠲᠦᠮᠠᠨ ᠤ ᠰᠠᠨᠠᠯ | ᠵᠦᠪᠯᠡᠯᠭᠡ ᠶᠢ ᠰᠤᠨᠤᠰᠤᠨ᠂ ᠠᠷᠠᠳ ᠲᠦᠮᠠᠨ ᠤ ᠭᠢᠨᠠᠯᠲᠠ ᠶᠢ ᠬᠦᠯᠢᠶᠡᠵᠤ᠂ ᠠᠷᠠᠳ ᠲᠦᠮᠠᠨ ᠳᠤ ᠴᠢᠷᠮᠠᠶᠢᠨ | ᠦᠢᠯᠡᠴᠢᠯᠡᠬᠦ ᠭᠡᠷᠡᠭᠲᠠᠢ᠃ | ᠬᠤᠷᠢᠨ ᠨᠠᠢᠮᠠᠲᠤᠭᠠᠷ ᠵᠦᠢᠯ ᠤᠯᠤᠰ ᠠᠴᠠ ᠨᠡᠶᠢᠭᠡᠮ ᠤᠨ ᠡᠮᠭᠢ ᠵᠢᠷᠤᠮ ᠢ ᠬᠠᠮᠠᠭᠠᠯᠠᠨ᠂ ᠤᠯᠤᠰ ᠠᠴᠠ | ᠤᠷᠪᠠᠭᠰᠠᠨ ᠪᠠ ᠤᠯᠤᠰ ᠤᠷᠤᠨ ᠤ ᠠᠮᠤᠷ ᠲᠦᠪᠰᠢᠨ ᠳᠤ ᠬᠤᠤᠷ ᠬᠦᠨᠤᠭᠡᠯ ᠤᠴᠠᠷᠠᠭᠤᠯᠤᠭᠰᠠᠨ ᠪᠤᠰᠤᠤᠨ ᠶᠠᠯᠠᠲᠤ | ᠠᠵᠢᠯᠯᠠᠭ᠎ᠠ ᠶᠢ ᠲᠠᠷᠤᠩᠭᠤᠢᠢᠯᠠᠵᠤ᠂ ᠨᠠᠶᠢᠭᠡᠮ ᠤᠨ ᠠᠮᠤᠷ ᠲᠦᠪᠰᠢᠨ ᠳᠤ ᠬᠤᠤᠷ ᠬᠦᠨᠤᠭᠡᠯ ᠤᠴᠠᠷᠠᠭᠤᠯᠤᠭᠰᠠᠨ᠂ | ᠨᠠᠶᠢᠭᠡᠮ ᠵᠢᠷᠤᠮ ᠤᠨ ᠠᠵᠤ ᠠᠬᠤᠢ ᠶᠢ ᠡᠪᠲᠡᠭᠰᠠᠨ ᠪᠠ ᠪᠤᠰᠤᠤᠨ ᠶᠠᠯ᠎ᠠ ᠭᠢᠭᠰᠡᠨ ᠠᠵᠢᠯᠯᠠᠭ᠎ᠠ ᠶᠢ ᠴᠢᠩᠭ᠎ᠠ ᠰᠢᠳᠭᠡᠵᠤ | ᠂ ᠶᠠᠯᠠᠲᠤ ᠡᠲᠡᠭᠡᠳ ᠢ ᠶᠠᠯᠠᠯᠠᠨ ᠰᠢᠳᠭᠡᠵᠤ᠂ ᠵᠠᠰᠠᠨ ᠦᠭᠡᠷᠡᠴᠢᠯᠡᠨ᠎ᠠ᠃ | ᠬᠤᠷᠢ ᠶᠢᠰᠤᠲᠤᠭᠡᠷ ᠵᠦᠢᠯ ᠪᠦᠭᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠵᠠᠪᠰᠡᠭᠲᠦ | ᠬᠦᠴᠦᠨ ᠪᠤᠯ ᠠᠷᠠᠳ ᠲᠦᠮᠠᠨ ᠤ ᠮᠡᠲᠡᠯ ᠳᠤ ᠪᠠᠶᠢᠨ᠎ᠠ᠃ ᠲᠡᠬᠦᠨ ᠤ ᠡᠬᠦᠷᠭᠡ ᠨᠢ ᠤᠯᠤᠰ ᠤᠨ ᠪᠠᠲᠤᠯᠠᠨ | ᠬᠠᠮᠠᠭᠠᠯᠠᠯᠲᠠ ᠶᠢ ᠪᠠᠭᠢᠵᠢᠬᠦᠯᠵᠤ᠂ ᠳᠦᠷᠢᠮᠡᠬᠡᠶᠢᠯᠡᠯ ᠢ ᠡᠰᠡᠷᠬᠦᠴᠡᠨ᠂ ᠡᠭᠡ ᠤᠷᠤᠨ ᠢᠶᠠᠨ ᠬᠠᠮᠠᠭᠠᠯᠠᠵᠤ᠂ ᠠᠷᠠᠳ | ᠲᠦᠮᠠᠨ ᠤ ᠡᠩᠭᠡ ᠲᠠᠶᠢᠪᠤᠩ ᠬᠦᠲᠡᠯᠮᠤᠷᠢ ᠶᠢ ᠬᠠᠮᠠᠭᠠᠯᠠᠨ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠦᠢᠯᠡᠰ ᠲᠤ ᠤᠷᠤᠯᠴᠠᠵᠤ᠂ ᠠᠷᠠᠳ ᠲᠦᠮᠠᠨ ᠳᠤ ᠴᠢᠷᠮᠠᠶᠢᠨ ᠦᠢᠯᠡᠴᠢᠯᠡᠬᠦ ᠶᠠᠪᠤᠲᠠᠯ ᠪᠤᠯᠤᠨ᠎ᠠ᠃ | ᠤᠯᠤᠰ ᠠᠴᠠ ᠵᠠᠪᠰᠡᠭᠲᠦ ᠬᠦᠴᠦᠨ ᠤ ᠬᠤᠪᠢᠰᠬᠠᠯᠵᠢᠬᠤ᠂ ᠵᠢᠩᠭᠢᠨᠡᠴᠢᠯᠡᠬᠦ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠨ ᠢ ᠴᠢᠩᠭᠠᠷᠠᠭᠤᠯᠤᠨ᠎ᠠ᠃ | ᠭᠤᠴᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠵᠠᠭᠢᠷᠭᠠᠨ ᠤ | ᠬᠤᠪᠢᠶᠠᠷᠢ ᠪᠤᠯ ᠲᠤᠤᠷᠠᠭᠢ ᠮᠠᠲᠤ᠄ | ︵ᠨᠢᠭᠡ︶ ᠪᠦᠬᠦ ᠤᠯᠤᠰ ᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ | ᠪᠤᠯᠭᠠᠨ ᠬᠤᠪᠢᠶᠠᠨ᠎ᠠ︔ | ︵ᠬᠤᠶᠠᠷ︶ ᠮᠤᠵᠢ᠂ ᠦᠪᠠᠷᠲᠡᠭᠡᠨ ᠵᠠᠰᠠᠬᠤ ᠤᠷᠤᠨ ᠢ ᠦᠪᠡᠷᠲᠡᠭᠡᠨ ᠵᠠᠰᠠᠬᠤ ᠵᠸᠤ᠂ ᠰᠢᠶᠠᠨ᠂ | ᠦᠪᠠᠷᠲᠡᠭᠡᠨ ᠵᠠᠰᠠᠬᠤ ᠰᠢᠶᠠᠨ᠂ ᠬᠤᠲᠠ ᠪᠤᠯᠭᠠᠨ ᠬᠤᠪᠢᠶᠠᠨ᠎ᠠ︔ | ︵ᠭᠤᠷᠪᠠ︶ ᠰᠢᠶᠠᠨ᠂ ᠦᠪᠡᠷᠲᠡᠭᠡᠨ ᠵᠠᠰᠠᠬᠤ ᠰᠢᠶᠠᠨ ᠢ ᠰᠤᠮᠤ᠂ ᠦᠨᠲᠤᠰᠤᠲᠠᠨ ᠤ ᠰᠤᠮᠤ᠂ ᠪᠠᠯᠭᠠᠰᠤ | ᠪᠤᠯᠭᠠᠨ ᠬᠤᠪᠢᠶᠠᠨ᠎ᠠ᠃ ᠰᠢᠭᠤᠤᠨ ᠬᠠᠷᠢᠶ᠎ᠠ ᠬᠤᠲᠠ ᠪᠠ ᠨᠡᠯᠢᠶᠡᠳ ᠶᠡᠭᠡ ᠰᠢᠭ ᠬᠤᠲᠠ ᠶᠢ ᠲᠤᠭᠤᠷᠢᠭ᠂ ᠰᠢᠶᠠᠨ | ᠪᠤᠯᠭᠠᠨ ᠬᠤᠪᠢᠶᠠᠨ᠎ᠠ᠃ ᠦᠪᠡᠷᠲᠡᠭᠡᠨ ᠵᠠᠰᠠᠬᠤ ᠵᠸᠤ ᠶᠢ ᠰᠢᠶᠠᠨ᠂ ᠦᠪᠡᠷᠲᠡᠭᠡᠨ ᠵᠠᠰᠠᠬᠤ ᠰᠢᠶᠠᠨ᠂ ᠬᠤᠲᠠ ᠪᠤᠯᠭᠠᠨ | ᠬᠤᠪᠢᠶᠠᠨ᠎ᠠ᠃ | ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ ᠵᠠᠰᠠᠬᠤ ᠰᠢᠶᠠᠨ ᠪᠤᠯ ᠴᠦᠮ | ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠪᠤᠯᠤᠨ᠎ᠠ᠃ | ᠭᠤᠴᠢᠨ ᠨᠢᠭᠡᠲᠤᠭᠡᠷ ᠵᠦᠢᠯ ᠴᠢᠬᠤᠯᠠ ᠲᠠᠢ ᠦᠶ᠎ᠠ ᠳᠤ ᠤᠯᠤᠰ ᠠᠴᠠ ᠵᠠᠰᠠᠭ ᠵᠠᠭᠢᠷᠭᠠᠨ ᠤ ᠤᠨᠴᠠᠭᠠᠢ | ᠤᠷᠤᠨ ᠪᠠᠶᠢᠭᠤᠯᠤᠨ᠎ᠠ᠃ ᠵᠠᠰᠠᠭ ᠵᠠᠭᠢᠷᠭᠠᠨ ᠤ ᠤᠨᠴᠠᠭᠠᠢ ᠤᠷᠤᠨ ᠤ ᠲᠤᠲᠤᠭᠠᠲᠤ ᠳᠤ ᠭᠡᠷᠡᠭᠵᠢᠬᠦᠯᠬᠦ ᠲᠦᠷᠢᠮ ᠢ | ᠪᠤᠲᠠᠲᠤ ᠪᠠᠶᠢᠲᠠᠯ ᠢ ᠨᠢ ᠦᠨᠲᠤᠰᠤᠯᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ | ᠬᠠᠤᠯᠢ ᠪᠠᠷ ᠲᠤᠭᠲᠠᠭᠠᠨ᠎ᠠ᠃ | ᠭᠤᠴᠢᠨ ᠬᠤᠶᠠᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠲᠤᠮᠲᠠᠲᠤ | ᠤᠯᠤᠰ ᠤᠨ ᠭᠢᠯᠢ ᠶᠢᠨ ᠲᠤᠲᠤᠷ᠎ᠠ ᠰᠠᠭᠤᠭ᠎ᠠ ᠭᠠᠳᠠᠭᠠᠳᠦ ᠤᠯᠤᠰ ᠤᠨ ᠬᠦᠮᠦᠨ ᠤ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠨ᠎ᠠ᠂ ᠲᠤᠮᠲᠠᠲᠤ ᠤᠯᠤᠰ ᠤᠨ ᠭᠢᠯᠢ ᠶᠢᠨ ᠲᠤᠲᠤᠷ᠎ᠠ ᠰᠠᠭᠤᠭ᠎ᠠ ᠭᠠᠲᠠᠭᠠᠲᠤ ᠤᠯᠤᠰ ᠤᠨ ᠬᠦᠮᠦᠨ | ᠡᠷᠭᠡᠪᠰᠢ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠤᠯᠢ ᠴᠠᠭᠠᠵᠠ ᠶᠢ ᠵᠢᠷᠤᠮᠯᠠᠨ ᠲᠠᠭᠠᠬᠤ ᠭᠡᠷᠡᠭᠲᠡᠢ | ᠃ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠯᠤᠰ ᠲᠦᠷᠤ ᠶᠢᠨ ᠰᠢᠯᠲᠠᠭᠠᠨ ᠠᠴᠠ ᠪᠤᠯᠵᠤ ᠠᠶᠤᠯ | ᠬᠠᠪᠴᠢᠯ ᠠᠴᠠ ᠵᠠᠶᠢᠯᠠᠵᠤ ᠰᠠᠭᠤᠬᠤ ᠶᠢ ᠭᠦᠰᠡᠭᠰᠡᠨ ᠭᠠᠲᠠᠭᠠᠲᠤ ᠶᠢᠨ ᠬᠦᠮᠦᠨ ᠳᠤ ᠬᠠᠮᠠᠭᠠᠯᠠᠭᠤᠯᠬᠤ ᠡᠷᠭᠡ | ᠤᠯᠭᠤᠵᠤ ᠪᠤᠯᠤᠨ᠎ᠠ᠃ | ᠬᠤᠶᠠᠲᠤᠭᠠᠷ ᠪᠦᠯᠦᠭ ᠠᠷᠠᠳ ᠢᠷᠭᠡᠨ ᠤ ᠦᠨᠲᠤᠰᠤᠨ ᠡᠷᠭᠡ ᠪᠠ ᠡᠬᠦᠷᠭᠡ | ᠭᠤᠴᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠷᠢᠶᠠᠨ ᠳᠤ | ᠪᠠᠶᠢᠭ᠎ᠠ ᠬᠦᠮᠦᠨ ᠪᠦᠬᠦᠨ ᠴᠦᠮ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠮᠦᠨ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠬᠠᠤᠯᠢ ᠴᠠᠭᠠᠵᠠ ᠶᠢᠨ ᠡᠮᠤᠨ᠎ᠠ ᠴᠦᠮ ᠡᠷᠭᠡ | ᠲᠡᠭᠰᠢ᠃ | ᠤᠯᠤᠰ ᠠᠴᠠ ᠬᠦᠮᠦᠨ ᠤ ᠡᠷᠭᠡ ᠶᠢ ᠬᠦᠨᠲᠤᠳᠭᠡᠵᠤ᠂ ᠪᠠᠲᠤᠯᠠᠨ᠎ᠠ᠃ | ᠠᠷᠠᠳ ᠢᠷᠭᠡᠨ ᠪᠦᠬᠦᠨ ᠦᠨᠲᠤᠰᠤᠨ ᠬᠠᠤᠯᠢ ᠪᠠ ᠬᠠᠤᠯᠢ ᠴᠠᠭᠠᠵᠠ ᠳᠤ ᠲᠤᠭᠳᠠᠭᠠᠭᠰᠠᠨ ᠡᠷᠭᠡ ᠶᠢ | ᠡᠳ᠋ᠯᠡᠬᠦ ᠶᠢᠨ ᠬᠠᠮᠲᠤ ᠦᠨᠲᠤᠰᠤᠨ ᠬᠠᠤᠯᠢ ᠪᠠ ᠬᠠᠤᠯᠢ ᠴᠠᠭᠠᠵᠠ ᠳᠤ ᠲᠤᠭᠲᠠᠭᠠᠭᠰᠠᠨ ᠡᠬᠦᠷᠭᠡ ᠶᠢ ᠡᠷᠭᠡᠪᠰᠢ | ᠬᠦᠢᠴᠡᠳᠭᠡᠬᠦ ᠭᠡᠷᠡᠭᠲᠡᠢ᠃ | ᠭᠤᠴᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦᠯᠢ | ᠠᠷᠪᠠᠨ ᠨᠠᠢᠮᠠᠨ ᠨᠠᠰᠤᠨ ᠳᠤ ᠬᠦᠷᠦᠭᠰᠡᠨ ᠠᠷᠠᠳ ᠢᠷᠭᠡᠨ ᠦᠨᠲᠤᠰᠤᠲᠠᠨ᠂ ᠠᠷᠠᠰᠤᠲᠠᠨ᠂ ᠡᠷᠡᠭᠲᠡᠢ ᠡᠮᠡᠭᠲᠡᠢ᠂ ᠠᠵᠢᠯ | ᠂ ᠭᠡᠷ ᠤᠨ ᠭᠠᠷᠤᠯ᠂ ᠱᠠᠰᠢᠨ ᠰᠢᠲᠤᠯᠭᠡ᠂ ᠬᠦᠮᠦᠵᠢᠯ ᠬᠦᠷᠲᠡᠭᠰᠡᠨ ᠭᠡᠮᠵᠢᠶ᠎ᠠ᠂ ᠡᠳ᠋ ᠬᠦᠷᠤᠩᠭᠡ ᠶᠢᠨ ᠪᠠᠶᠢᠲᠠᠯ᠂ | ᠤᠷᠤᠰᠢᠨ ᠰᠠᠭᠤᠭᠰᠠᠨ ᠬᠤᠭᠤᠴᠠᠭ᠎ᠠ ᠶᠢᠨ ᠢᠯᠭᠠᠯ ᠦᠭᠡᠢ ᠴᠦᠮ ᠰᠤᠩᠭᠤᠬᠤ ᠪᠠ ᠰᠤᠩᠭᠤᠭᠲᠠᠬᠤ ᠡᠷᠭᠡ ᠲᠠᠢ︔ | ᠭᠡᠪᠡᠴᠤ ᠤᠯᠤᠰ ᠲᠦᠷᠤ ᠶᠢᠨ ᠡᠷᠭᠡ ᠪᠠᠨ ᠬᠠᠤᠯᠢ ᠶᠤᠰᠤᠭᠠᠷ ᠬᠠᠰᠤᠭᠲᠠᠭᠰᠠᠨ ᠬᠦᠮᠦᠰ ᠡᠬᠦᠨ ᠳᠤ ᠪᠠᠭᠲᠠᠬᠤ ᠦᠭᠡᠢ᠃ | | ᠭᠤᠴᠢᠨ ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠰᠠᠨᠠᠯ ᠢᠶᠠᠨ ᠭᠡᠯᠡᠬᠦ᠂ ᠭᠡᠪᠯᠡᠨ ᠨᠡᠶᠢᠲᠡᠯᠠᠬᠦ᠂ ᠬᠤᠷᠠᠯ ᠴᠤᠭᠯᠠᠭ᠎ᠠ ᠭᠢᠬᠦ᠂ ᠡᠪᠯᠡᠨ ᠬᠤᠷᠰᠢᠬᠤ᠂ ᠵᠢᠭᠰᠠᠭᠠᠯ ᠶᠠᠪᠤᠭᠤᠯᠬᠤ | ᠂ ᠰᠦᠷ ᠦᠵᠡᠬᠦᠯᠬᠦ ᠡᠷᠭᠡ ᠴᠢᠯᠦᠭᠡ ᠲᠠᠢ᠃ | ᠭᠤᠴᠢᠨ ᠵᠢᠷᠭᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠱᠠᠰᠢᠨ ᠰᠢᠲᠤᠯᠭᠡ ᠶᠢᠨ ᠡᠷᠭᠡ ᠴᠢᠯᠦᠭᠡ ᠲᠠᠢ᠃ | ᠶᠠᠮᠠᠷᠪᠠ ᠲᠦᠷᠦ ᠶᠢᠨ ᠪᠠᠶᠢᠭᠤᠯᠭ᠎ᠠ᠂ ᠨᠠᠶᠢᠭᠡᠮ ᠤᠨ ᠪᠦᠯᠭᠦᠮ ᠪᠠ ᠬᠤᠪᠢ ᠬᠦᠮᠦᠨ ᠠᠷᠠᠳ ᠢᠷᠭᠡᠨ ᠢ | ᠱᠠᠰᠢᠨ ᠰᠢᠲᠤᠬᠦᠯᠬᠦ ᠪᠠᠷ ᠪᠤᠶᠤ ᠱᠠᠰᠢᠨ ᠦᠯᠦ ᠰᠢᠲᠤᠬᠦᠯᠬᠦ ᠪᠠᠷ ᠠᠯᠪᠠᠲᠠᠵᠤ ᠪᠤᠯᠬᠤ ᠦᠭᠡᠢ᠂ ᠱᠠᠰᠢᠨ ᠰᠢᠲᠦᠭᠦ | ᠠᠷᠠᠳ ᠢᠷᠭᠡᠨ ᠪᠠ ᠱᠠᠰᠢᠨ ᠦᠯᠦ ᠰᠢᠲᠦᠭᠦ ᠠᠷᠠᠳ ᠢᠷᠭᠡᠨ ᠢ ᠭᠠᠲᠠᠭᠤᠷᠴᠢᠯᠡᠵᠤ ᠪᠤᠯᠬᠤ ᠦᠭᠡᠢ᠃ | ᠤᠯᠤᠰ ᠠᠴᠠ ᠱᠠᠰᠢᠨ ᠰᠤᠷᠲᠠᠬᠤᠨ ᠤ ᠭᠡᠪ ᠤᠨ ᠠᠵᠢᠯᠠᠯᠭ᠎ᠠ ᠶᠢ ᠬᠠᠮᠠᠭᠠᠯᠠᠨ᠎ᠠ᠃ ᠶᠠᠮᠠᠷ ᠴᠤ ᠬᠦᠮᠦᠨ | ᠭᠡᠤᠨ ᠱᠠᠰᠢᠨ ᠰᠤᠷᠲᠠᠬᠤᠨ ᠢ ᠠᠰᠢᠭᠯᠠᠨ ᠨᠠᠶᠢᠭᠡᠮ ᠤᠨ ᠡᠮᠭᠢ ᠵᠢᠷᠤᠮ ᠢ ᠡᠪᠲᠡᠬᠦ᠂ ᠠᠷᠠᠳ ᠢᠷᠭᠡᠨ ᠤ ᠡᠷᠡᠬᠦᠯ | ᠮᠠᠨᠲᠤ ᠳᠤ ᠬᠤᠭᠢᠷᠠᠯ ᠤᠴᠠᠷᠠᠭᠤᠯᠬᠤ᠂ ᠤᠯᠤᠰ ᠤᠨ ᠰᠤᠷᠭᠠᠨ ᠬᠦᠮᠦᠵᠢᠯ ᠤᠨ ᠲᠦᠷᠢᠮ ᠢ ᠬᠠᠷᠰᠢᠯᠠᠬᠤ ᠠᠵᠢᠯᠠᠯᠭ᠎ᠠ | ᠭᠢᠵᠤ ᠪᠤᠯᠬᠤ ᠦᠭᠡᠢ᠃ | ᠱᠠᠰᠢᠨ ᠰᠤᠷᠲᠠᠬᠤᠨ ᠤ ᠪᠦᠯᠭᠦᠮ ᠪᠠ ᠱᠠᠰᠢᠨ ᠰᠤᠷᠲᠠᠬᠤᠨ ᠤ ᠭᠡᠷᠡᠭ ᠶᠠᠪᠤᠲᠠᠯ ᠭᠠᠲᠠᠭᠠᠲᠤ ᠤᠯᠤᠰ ᠤᠨ | ᠬᠦᠴᠦᠨ ᠳᠤ ᠵᠠᠭᠢᠷᠤᠭᠲᠠᠬᠤ ᠦᠭᠡᠢ᠃ | ᠭᠤᠴᠢᠨ ᠲᠤᠯᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠤ ᠪᠡᠶ᠎ᠠ ᠶᠢᠨ ᠡᠷᠭᠡ ᠴᠢᠯᠦᠭᠡ ᠳᠤ ᠬᠠᠯᠲᠠᠵᠤ ᠪᠤᠯᠬᠤ ᠦᠭᠡᠢ᠃ | ᠠᠷᠠᠳ ᠤᠨ ᠪᠠᠶᠢᠴᠠᠭᠠᠬᠤ ᠬᠤᠷᠢᠶᠠᠨ ᠤ ᠵᠦᠪᠰᠢᠶᠠᠷᠠᠯ ᠪᠤᠶᠤ ᠲᠤᠭᠲᠠᠭᠠᠯ ᠦᠭᠡᠢ᠂ ᠡᠰᠡᠬᠦᠯ᠎ᠠ ᠠᠷᠠᠳ ᠤᠨ | ᠰᠢᠬᠦᠬᠦ ᠬᠤᠷᠢᠶᠠᠨ ᠤ ᠲᠤᠭᠲᠠᠭᠠᠯ ᠦᠭᠡᠢ ᠪᠦᠭᠡᠳ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠᠷ ᠬᠦᠢᠴᠡᠳᠭᠡᠬᠦᠯᠬᠦ | ᠦᠭᠡᠢ ᠪᠤᠯ ᠶᠠᠮᠠᠷᠪᠠ ᠠᠷᠠᠳ ᠢᠷᠭᠡᠨ ᠢ ᠪᠠᠷᠢᠪᠴᠢᠯᠡᠵᠤ ᠪᠤᠯᠬᠤ ᠦᠭᠡᠢ᠃ | ᠠᠷᠠᠳ ᠢᠷᠭᠡᠨ ᠢ ᠬᠠᠤᠯᠢ ᠪᠤᠰᠤ ᠪᠠᠷ ᠬᠤᠷᠢᠬᠤ᠂ ᠠᠷᠠᠳ ᠢᠷᠭᠡᠨ ᠤ ᠪᠡᠶ᠎ᠠ ᠶᠢᠨ ᠡᠷᠭᠡ ᠴᠢᠯᠦᠭᠡ ᠶᠢ | ᠪᠤᠰᠤᠤᠨ ᠠᠷᠭ᠎ᠠ ᠪᠠᠷ ᠬᠠᠤᠯᠢ ᠪᠤᠰᠤ ᠪᠠᠷ ᠬᠠᠰᠤᠬᠤ ᠪᠤᠶᠤ ᠭᠢᠵᠠᠭᠠᠷᠯᠠᠬᠤ ᠶᠢ ᠴᠠᠭᠠᠵᠠᠯᠠᠨ᠎ᠠ᠂ ᠠᠷᠠᠳ ᠢᠷᠭᠡᠨ ᠤ | ᠪᠡᠶ᠎ᠠ ᠶᠢ ᠬᠠᠤᠯᠢ ᠪᠤᠰᠤ ᠪᠠᠷ ᠨᠡᠩᠵᠢᠬᠦ ᠶᠢ ᠴᠠᠭᠠᠵᠠᠯᠠᠨ᠎ᠠ᠃ | ᠭᠤᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠤ ᠨᠠᠷᠠ ᠬᠦᠨᠲᠤ ᠳᠤ ᠬᠠᠯᠲᠠᠵᠤ ᠪᠤᠯᠬᠤ ᠦᠭᠡᠢ᠃ ᠠᠷᠠᠳ ᠢᠷᠭᠡᠳ ᠢ ᠶᠠᠮᠠᠷᠪᠠ ᠠᠷᠭ᠎ᠠ ᠪᠠᠷ ᠭᠤᠲᠤᠭᠠᠨ | ᠲᠤᠷᠤᠮᠵᠢᠯᠠᠬᠤ᠂ ᠬᠦᠳᠭᠡᠬᠦ ᠪᠠ ᠬᠦᠵᠢᠷᠯᠡᠨ ᠵᠠᠭᠠᠯᠲᠤᠵᠤ ᠬᠤᠤᠷᠯᠠᠬᠤ ᠶᠢ ᠴᠠᠭᠠᠵᠠᠯᠠᠨ᠎ᠠ᠃ | ᠭᠤᠴᠢ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠤ ᠤᠷᠤᠨ ᠰᠠᠭᠤᠴᠨ ᠳᠤ ᠬᠠᠯᠲᠠᠵᠤ ᠪᠤᠯᠬᠤ ᠦᠭᠡᠢ᠃ ᠠᠷᠠᠳ ᠢᠷᠭᠡᠨ ᠤ ᠤᠷᠤᠨ ᠰᠠᠭᠤᠴᠨ ᠶᠢ ᠬᠠᠤᠯᠢ | ᠪᠤᠰᠤ ᠪᠠᠷ ᠨᠠᠩᠵᠢᠬᠦ ᠪᠤᠶᠤ ᠤᠷᠤᠨ ᠰᠠᠭᠤᠴᠨ ᠳᠤ ᠬᠠᠤᠯᠢ ᠪᠤᠰᠤ ᠪᠠᠷ ᠲᠦᠷᠢᠨ ᠤᠷᠤᠬᠤ ᠶᠢ ᠴᠠᠭᠠᠵᠠᠯᠠᠨ᠎ᠠ᠃ | ᠲᠦᠴᠢᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠤ | ᠵᠠᠭᠢᠲᠠᠯ ᠬᠠᠷᠢᠯᠴᠠᠭᠠᠨ ᠤ ᠡᠷᠭᠡ ᠴᠢᠯᠦᠭᠡ ᠪᠠ ᠵᠠᠭᠢᠲᠠᠯ ᠬᠠᠷᠢᠯᠴᠠᠭᠠᠨ ᠤ ᠨᠢᠭᠤᠴᠨ ᠶᠢ ᠬᠠᠤᠯᠢ ᠪᠠᠷ ᠬᠠᠮᠠᠭᠠᠯᠠᠨ᠎ᠠ᠃ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠡᠷᠡᠭᠴᠡᠭᠡ ᠪᠤᠶᠤ ᠡᠷᠡᠬᠦᠦ ᠶᠢᠨ ᠶᠠᠯᠠᠲᠤ ᠭᠡᠷᠡᠭ ᠢ ᠨᠡᠭᠡᠮᠵᠢᠯᠡᠨ | ᠪᠠᠶᠢᠴᠠᠭᠠᠬᠤ ᠭᠡᠷᠡᠭᠴᠡᠭᠡ ᠠᠴᠠ ᠪᠤᠯᠵᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠠᠶᠢᠴᠠᠭᠠᠬᠤ ᠪᠠᠶᠢᠭᠤᠯᠭ᠎ᠠ | ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠵᠠᠭᠢᠲᠠᠯ ᠴᠢᠮᠡᠭᠡ ᠶᠢ ᠪᠠᠶᠢᠴᠠᠭᠠᠬᠤ ᠠᠴᠠ ᠭᠠᠲᠠᠨ᠎ᠠ᠂ ᠶᠠᠮᠠᠷᠪᠠ | ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠠᠷᠠᠳ ᠢᠷᠭᠡᠨ ᠤ ᠵᠠᠭᠢᠲᠠᠯ ᠬᠠᠷᠢᠯᠴᠭᠠᠨ ᠤ ᠡᠷᠭᠡ ᠴᠢᠯᠦᠭᠡ ᠪᠠ | ᠵᠠᠭᠢᠲᠠᠯ ᠬᠠᠷᠢᠯᠴᠭᠠᠨ ᠤ ᠨᠢᠭᠤᠴᠨ ᠳᠤ ᠶᠠᠮᠠᠷ ᠴᠤ ᠰᠢᠯᠲᠠᠭᠠᠨ ᠢᠶᠠᠷ ᠬᠠᠯᠲᠠᠵᠤ ᠪᠤᠯᠬᠤ ᠦᠭᠡᠢ᠃ | ᠲᠦᠴᠢᠨ ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠲᠦᠷᠤ ᠶᠢᠨ ᠶᠠᠮᠠᠷᠪᠠ ᠪᠠᠶᠢᠭᠤᠯᠭ᠎ᠠ ᠭᠢᠭᠡᠳ ᠲᠦᠷᠤ ᠶᠢᠨ ᠠᠯᠢ ᠴᠤ ᠠᠵᠢᠯᠲᠠᠨ ᠳᠤ ᠰᠢᠬᠦᠮᠵᠢᠯᠡᠯ ᠰᠠᠨᠠᠭᠤᠯᠭ᠎ᠠ | ᠲᠠᠯᠪᠢᠬᠤ ᠡᠷᠭᠡ ᠲᠠᠢ︔ ᠲᠦᠷᠤ ᠶᠢᠨ ᠶᠠᠮᠠᠷᠪᠠ ᠪᠠᠶᠢᠭᠤᠯᠭ᠎ᠠ ᠭᠢᠭᠡᠳ ᠲᠦᠷᠤ ᠶᠢᠨ ᠠᠯᠢ ᠴᠤ ᠠᠵᠢᠯᠲᠠᠨ ᠤ | ᠬᠠᠤᠯᠢ ᠶᠢ ᠵᠦᠷᠢᠴᠡᠵᠤ ᠬᠠᠷᠢᠭᠤᠴᠠᠯᠭ᠎ᠠ ᠪᠠᠨ ᠠᠯᠲᠠᠭᠰᠠᠨ ᠠᠵᠢᠯᠯᠠᠭ᠎ᠠ ᠶᠢᠨ ᠲᠤᠬᠠᠢ ᠬᠤᠯᠪᠤᠭᠲᠠᠯ ᠪᠦᠬᠦᠢ | ᠲᠦᠷᠤ ᠶᠢᠨ ᠪᠠᠶᠢᠭᠤᠯᠭ᠎ᠠ ᠳᠤ ᠭᠤᠮᠤᠲᠠᠯ ᠲᠤᠭᠠᠴᠢᠬᠤ᠂ ᠵᠠᠭᠠᠯᠲᠤᠬᠤ ᠪᠤᠶᠤ ᠢᠯᠡᠴᠢᠯᠡᠬᠦ ᠡᠷᠭᠡ ᠲᠠᠢ᠃ ᠭᠡᠪᠡᠴᠤ | ᠭᠡᠷᠡᠭ ᠤᠴᠢᠷ ᠢ ᠬᠤᠲᠠᠯ ᠢᠶᠠᠷ ᠵᠤᠬᠢᠶᠠᠬᠤ ᠪᠤᠶᠤ ᠭᠠᠵᠠᠭᠤᠲᠠᠭᠤᠯᠵᠤ ᠪᠠᠶᠢᠭᠠᠳ ᠬᠦᠵᠢᠷᠯᠠᠨ ᠵᠠᠭᠠᠯᠲᠤᠵᠤ ᠬᠤᠤᠷᠯᠠᠵᠤ | ᠪᠤᠯᠬᠤ ᠦᠭᠡᠢ᠃ | ᠬᠤᠯᠪᠤᠭᠲᠠᠯ ᠪᠦᠬᠦᠢ ᠲᠦᠷᠤ ᠶᠢᠨ ᠪᠠᠶᠢᠭᠤᠯᠭ᠎ᠠ ᠡᠷᠭᠡᠪᠰᠢ ᠠᠷᠠᠳ ᠢᠷᠭᠡᠨ ᠤ ᠭᠤᠮᠤᠲᠠᠯ ᠲᠤᠭᠠᠴᠢᠭᠰᠠᠨ᠂ | ᠵᠠᠭᠠᠯᠲᠤᠭᠰᠠᠨ ᠪᠤᠶᠤ ᠢᠯᠡᠴᠢᠯᠡᠭᠰᠡᠨ ᠵᠦᠢᠯ ᠤᠨ ᠭᠡᠷᠡᠭ ᠤᠴᠢᠷ ᠢ ᠪᠠᠶᠢᠴᠠᠭᠠᠨ ᠲᠤᠲᠤᠷᠬᠠᠢᠢᠯᠡᠵᠤ ᠬᠠᠷᠢᠭᠤᠴᠠᠨ | ᠰᠢᠢᠳᠪᠤᠷᠢᠯᠡᠬᠦ ᠭᠡᠷᠡᠭᠲᠡᠢ᠃ ᠶᠠᠮᠠᠷ ᠴᠤ ᠬᠦᠮᠦᠨ ᠭᠡᠤᠨ ᠲᠠᠷᠤᠵᠤ ᠬᠤᠷᠢᠭᠯᠠᠬᠤ ᠪᠤᠶᠤ ᠴᠤᠭᠢᠯᠲᠠ ᠦᠭᠬᠦᠨ ᠦᠰᠢᠶ᠎ᠠ | ᠠᠪᠴᠤ ᠪᠤᠯᠬᠤ ᠦᠭᠡᠢ᠃ | ᠠᠷᠠᠳ ᠢᠷᠭᠡᠨ ᠤ ᠡᠷᠭᠡ ᠨᠢ ᠲᠦᠷᠤ ᠶᠢᠨ ᠪᠠᠶᠢᠭᠤᠯᠭ᠎ᠠ ᠪᠠ ᠲᠦᠷᠤ ᠶᠢᠨ ᠠᠵᠢᠯᠲᠠᠨ ᠤ ᠬᠠᠯᠲᠠᠯᠭ᠎ᠠ ᠳᠤ | ᠤᠴᠠᠷᠠᠭᠰᠠᠨ ᠠᠴᠠ ᠪᠤᠯᠵᠤ ᠬᠤᠭᠢᠷᠠᠯ ᠠᠮᠰᠠᠭᠰᠠᠨ ᠬᠦᠮᠦᠨ᠂ ᠬᠠᠤᠯᠢ ᠳᠤ ᠲᠤᠭᠲᠠᠭᠠᠭᠰᠠᠨ ᠶᠤᠰᠤᠭᠠᠷ ᠲᠦᠯᠦᠪᠤᠷᠢ | ᠠᠪᠬᠤ ᠡᠷᠭᠡ ᠲᠠᠢ᠃ | ᠲᠦᠴᠢᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠬᠦᠲᠡᠯᠮᠤᠷᠢᠯᠡᠬᠦ ᠡᠷᠭᠡ ᠪᠠ ᠡᠬᠦᠷᠭᠡ ᠲᠠᠢ᠃ | ᠤᠯᠤᠰ ᠠᠴᠠ ᠤᠯᠠᠨ ᠵᠦᠢᠯ ᠤᠨ ᠠᠷᠭ᠎ᠠ ᠵᠠᠮ ᠢᠶᠠᠷ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ | ᠬᠦᠲᠡᠯᠮᠤᠷᠢ ᠶᠢᠨ ᠬᠠᠮᠠᠭᠠᠯᠯᠲᠠ ᠶᠢ ᠴᠢᠩᠭᠠᠳᠬᠠᠵᠤ᠂ ᠬᠦᠲᠡᠯᠮᠤᠷᠢ ᠶᠢᠨ ᠨᠦᠬᠦᠴᠡᠯ ᠢ ᠰᠠᠶᠢᠵᠢᠷᠠᠭᠤᠯᠵᠤ᠂ | ᠦᠢᠯᠡᠳᠪᠤᠷᠢᠯᠡᠯ ᠢ ᠬᠦᠭᠵᠢᠬᠦᠯᠦᠭᠰᠡᠨ ᠰᠠᠭᠤᠷᠢ ᠲᠡᠭᠡᠷ᠎ᠠ ᠬᠦᠲᠡᠯᠮᠤᠷᠢ ᠶᠢᠨ ᠬᠦᠯᠦᠰᠤ ᠤᠯᠭᠤᠮᠵᠢ ᠪᠠ ᠠᠰᠠᠷᠠᠮᠵᠢ | ᠬᠠᠷᠠᠭᠠᠯᠵᠠᠯ ᠢ ᠨᠡᠮᠡᠭᠲᠡᠬᠦᠯᠦᠨᠠ᠃ | ᠬᠦᠲᠡᠯᠮᠤᠷᠢᠯᠡᠬᠦ ᠶᠠᠪᠤᠲᠠᠯ ᠪᠤᠯ ᠬᠦᠲᠡᠯᠮᠤᠷᠢᠯᠡᠬᠦ ᠴᠢᠲᠠᠯ ᠲᠠᠢ ᠠᠷᠠᠳ ᠢᠷᠭᠡᠨ ᠪᠦᠬᠦᠨ ᠤ ᠢᠷᠠᠭᠤ | ᠠᠯᠲᠠᠷᠲᠤ ᠡᠬᠦᠷᠭᠡ ᠬᠠᠷᠢᠭᠤᠴᠠᠯᠭ᠎ᠠ ᠮᠦᠨ᠃ ᠤᠯᠤᠰ ᠤᠨ ᠦᠮᠴᠢᠯᠡᠯ ᠤᠨ ᠠᠵᠤ ᠠᠬᠤᠢᠢᠯᠠᠯ ᠪᠤᠯᠤᠨ ᠬᠤᠲᠠ | ᠬᠦᠲᠡᠭᠡ ᠶᠢᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠠᠬᠢ ᠬᠦᠲᠡᠯᠮᠤᠷᠢᠴᠢᠳ ᠴᠦᠮ | ᠤᠯᠤᠰ ᠤᠨ ᠡᠵᠡᠨ ᠬᠦᠮᠦᠨ ᠤ ᠤᠪᠤᠷ ᠢᠶᠠᠷ ᠦᠪᠡᠷᠰᠡᠳ ᠤᠨ ᠬᠦᠲᠡᠯᠮᠤᠷᠢ ᠳᠡᠭᠡᠨ ᠬᠠᠨᠲᠤᠬᠤ ᠭᠡᠷᠡᠭᠲᠡᠢ᠃ | ᠤᠯᠤᠰ ᠠᠴᠠ ᠨᠡᠶᠢᠭᠡᠮ ᠵᠢᠷᠤᠮᠲᠤ ᠬᠦᠲᠡᠯᠮᠤᠷᠢ ᠶᠢᠨ ᠤᠷᠤᠯᠲᠤᠭᠠᠨ ᠶᠠᠪᠤᠭᠤᠯᠬᠤ ᠶᠢ ᠡᠷᠭᠢᠮᠯᠡᠨ ᠰᠠᠨᠠᠭᠠᠴᠢᠯᠡᠵᠤ᠂ | ᠬᠦᠲᠡᠯᠮᠤᠷᠢ ᠶᠢᠨ ᠵᠢᠱᠢᠶᠠᠴᠢ ᠬᠢᠭᠡᠳ ᠲᠡᠷᠢᠬᠦᠨ ᠤ ᠠᠵᠢᠯᠲᠠᠨ ᠢ ᠬᠦᠭᠢᠬᠦᠯᠦᠨ ᠱᠠᠩᠨᠠᠨ᠎ᠠ᠃ ᠤᠯᠤᠰ ᠠᠴᠠ ᠠᠷᠠᠳ | ᠢᠷᠭᠡᠨ ᠤ ᠠᠯᠪᠠᠨ ᠵᠢᠷᠤᠮ ᠤᠨ ᠬᠦᠲᠡᠯᠮᠤᠷᠢ ᠭᠢᠬᠦ ᠶᠢ ᠡᠷᠭᠢᠮᠯᠡᠵᠤ ᠰᠠᠨᠠᠭᠠᠴᠢᠯᠠᠨ᠎ᠠ᠃ | ᠤᠯᠤᠰ ᠠᠴᠠ ᠠᠵᠢᠯ ᠳᠤ ᠤᠷᠤᠬᠤ ᠠᠴᠠ ᠡᠮᠤᠨᠡᠭᠢ ᠠᠷᠠᠳ ᠢᠷᠭᠡᠨ ᠢ ᠠᠵᠢᠯ ᠳᠤ ᠤᠷᠤᠬᠤ ᠲᠤᠬᠠᠢ | ᠴᠢᠬᠤᠯᠡ ᠪᠦᠬᠦᠢ ᠬᠦᠲᠡᠯᠮᠤᠷᠢ ᠶᠢᠨ ᠪᠤᠯᠪᠠᠰᠤᠷᠠᠯ ᠳᠤ ᠣᠷᠣᠯᠴᠠᠭᠤᠯᠤᠨ᠎ᠠ᠃ | ᠲᠦᠴᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠬᠦᠲᠡᠯᠮᠤᠷᠢᠴᠢᠳ ᠠᠮᠠᠷᠠᠬᠤ ᠡᠷᠭᠡ ᠲᠠᠢ᠃ | ᠤᠯᠤᠰ ᠠᠴᠠ ᠬᠦᠲᠡᠯᠮᠤᠷᠢᠴᠢᠳ ᠤᠨ ᠠᠮᠠᠷᠠᠬᠤ᠂ ᠰᠤᠪᠢᠯᠡᠬᠤ ᠲᠦᠬᠦᠭᠡᠷᠦᠮᠵᠢ ᠶᠢ ᠤᠯᠠᠰᠢᠷᠠᠭᠤᠯᠵᠤ᠂ | ᠠᠵᠢᠯᠲᠠᠨ ᠠᠵᠢᠯᠴᠢᠨ ᠤ ᠠᠵᠢᠯᠠᠬᠤ ᠴᠠᠭ ᠪᠠ ᠠᠮᠠᠷᠠᠯᠲᠠ ᠶᠢᠨ ᠲᠦᠷᠢᠮ ᠢ ᠲᠤᠭᠲᠠᠭᠠᠨ᠎ᠠ᠃ | ᠲᠦᠴᠢᠨ ᠲᠦᠷᠪᠡᠲᠤᠭᠡᠷ ᠵᠦᠢᠯ ᠤᠯᠤᠰ ᠠᠴᠠ ᠬᠠᠤᠯᠢ ᠳᠤ ᠲᠤᠭᠲᠠᠭᠠᠭᠰᠠᠨ ᠶᠤᠰᠤᠭᠠᠷ ᠠᠵᠤ | ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠲᠠ ᠳᠠᠬᠢ ᠠᠵᠢᠯᠲᠠᠨ ᠠᠵᠢᠯᠴᠢᠨ ᠪᠠ ᠲᠦᠷᠤ ᠶᠢᠨ | ᠪᠠᠶᠢᠭᠤᠯᠭ᠎ᠠ ᠶᠢᠨ ᠠᠵᠢᠯᠲᠠᠨ ᠤ ᠨᠠᠰᠤᠨ ᠤ ᠠᠮᠠᠷᠠᠯᠲᠠ ᠠᠪᠬᠤ ᠲᠦᠷᠢᠮ ᠢ ᠭᠡᠷᠡᠭᠵᠢᠬᠦᠯᠦᠨ᠎ᠠ᠃ ᠨᠠᠰᠤᠨ ᠤ ᠠᠮᠠᠷᠠᠯᠲᠠ | ᠠᠪᠤᠭᠰᠡᠳ ᠤᠨ ᠠᠮᠢᠲᠤᠷᠠᠯ ᠢ ᠤᠯᠤᠰ ᠪᠠ ᠨᠠᠶᠢᠭᠡᠮ ᠠᠴᠠ ᠪᠠᠲᠤᠯᠠᠨ᠎ᠠ᠃ | ᠲᠦᠴᠢᠨ ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠦᠲᠡᠯᠦᠭᠰᠡᠨ᠂ ᠡᠪᠡᠳᠴᠢᠯᠡᠭᠰᠡᠨ ᠪᠤᠶᠤ ᠬᠦᠲᠡᠯᠮᠤᠷᠢᠯᠡᠬᠦ ᠴᠢᠲᠠᠪᠤᠷᠢ ᠪᠠᠨ ᠠᠯᠲᠠᠭᠰᠠᠨ ᠪᠠᠶᠢᠲᠠᠯ ᠤᠨ ᠲᠤᠤᠷ᠎ᠠ᠂ | ᠤᠯᠤᠰ ᠪᠠ ᠨᠡᠶᠢᠭᠡᠮ ᠠᠴᠠ ᠡᠳ᠋ ᠪᠤᠲᠠᠰ ᠤᠨ ᠲᠤᠰᠠᠯᠠᠮᠵᠢ ᠤᠯᠬᠤ ᠡᠷᠭᠡ ᠲᠠᠢ᠃ ᠤᠯᠤᠰ ᠠᠴᠠ ᠠᠷᠠᠳ ᠢᠷᠭᠡᠨ ᠤ | ᠡᠲᠡᠭᠡᠷ ᠡᠷᠭᠡ ᠪᠠᠨ ᠡᠳ᠋ᠯᠡᠬᠦ ᠳᠤ ᠱᠠᠭᠠᠷᠲᠠᠭᠲᠠᠬᠤ ᠨᠡᠶᠢᠭᠡᠮ ᠤᠨ ᠲᠠᠭᠠᠳᠬᠠᠯ᠂ ᠨᠡᠶᠢᠭᠡᠮ ᠤᠨ ᠲᠡᠳᠭᠦᠮᠵᠢ ᠪᠠ ᠡᠮ | ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ ᠬᠦᠭᠵᠢᠬᠦᠯᠦᠨ᠎ᠠ᠃ | ᠤᠯᠤᠰ ᠪᠠ ᠨᠡᠶᠢᠭᠡᠮ ᠠᠴᠠ ᠵᠠᠮᠲᠡᠭ ᠴᠡᠷᠢᠭ ᠤᠨ ᠠᠮᠢᠲᠤᠷᠠᠯ ᠢ ᠪᠠᠲᠤᠯᠠᠵᠤ᠂ ᠦᠷᠡᠭᠲᠡᠭᠰᠡᠨ | ᠪᠠᠭᠠᠲᠤᠷᠴᠤᠤᠨ ᠤᠨ ᠭᠡᠷ ᠪᠦᠯᠢ ᠶᠢᠨ ᠬᠢᠨ ᠳᠤ ᠠᠰᠠᠷᠠᠮᠵᠢ ᠦᠵᠡᠬᠦᠯᠵᠤ᠂ ᠴᠡᠷᠢᠭ ᠤᠨ ᠭᠡᠷ ᠪᠦᠯᠢ ᠶᠢ ᠬᠠᠷᠠᠭᠠᠯᠵᠠᠨ᠎ᠠ | ᠃ | ᠤᠯᠤᠰ ᠪᠠ ᠨᠡᠶᠢᠭᠡᠮ ᠠᠴᠠ ᠰᠤᠬᠤᠷ᠂ ᠲᠦᠯᠡᠢ᠂ ᠶᠠᠪᠠ ᠭᠢᠭᠡᠳ ᠪᠤᠰᠤᠤᠨ ᠵᠠᠮᠲᠡᠭ ᠠᠷᠠᠳ ᠢᠷᠭᠡᠨ ᠤ | ᠬᠦᠲᠡᠯᠮᠤᠷᠢ᠂ ᠠᠮᠢᠲᠤᠷᠠᠯ ᠪᠠ ᠰᠤᠷᠭᠠᠨ ᠬᠦᠮᠦᠵᠢᠯ ᠭᠦᠷᠲᠡᠬᠦ ᠶᠠᠪᠤᠲᠠᠯ ᠢ ᠬᠠᠪᠰᠤᠷᠴᠤ ᠲᠤᠭᠢᠷᠠᠭᠤᠯᠤᠨ᠎ᠠ᠃ | ᠲᠦᠴᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠰᠤᠷᠭᠠᠨ ᠬᠦᠮᠦᠵᠢᠯ ᠬᠦᠷᠲᠡᠬᠦ ᠡᠷᠭᠡ ᠪᠠ ᠡᠬᠦᠷᠭᠡ ᠲᠠᠢ᠃ | ᠤᠯᠤᠰ ᠠᠴᠠ ᠵᠠᠯᠠᠭᠤᠴᠤᠤᠨ᠂ ᠪᠠᠭᠠᠴᠤᠤᠨ᠂ ᠭᠡᠤᠭᠡᠤᠨ ᠢ ᠬᠦᠮᠦᠵᠢᠬᠦᠯᠵᠤ᠂ ᠵᠠᠩ ᠮᠤᠷᠠᠯ᠂ ᠤᠶᠤᠨ | ᠤᠬᠠᠭᠠᠨ᠂ ᠪᠡᠶ᠎ᠠ ᠮᠠᠬᠠᠪᠤᠤᠨ ᠵᠡᠷᠭᠡ ᠪᠦᠬᠦ ᠲᠠᠯ᠎ᠠ ᠪᠠᠷ ᠬᠦᠭᠵᠢᠬᠦᠯᠦᠨ᠎ᠠ᠃ | ᠲᠦᠴᠢᠨ ᠲᠤᠯᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠰᠢᠨᠵᠢᠯᠡᠬᠦ ᠤᠬᠠᠭᠠᠨ ᠤ ᠰᠤᠲᠤᠯᠭ᠎ᠠ ᠭᠢᠬᠦ᠂ ᠤᠳᠬ᠎ᠠ ᠵᠤᠬᠢᠶᠠᠯ ᠤᠷᠠᠯᠢᠭ ᠤᠨ ᠵᠤᠬᠢᠶᠠᠨ ᠪᠦᠲᠦᠭᠡᠬᠦ ᠠᠵᠢᠯ | ᠭᠢᠬᠦ ᠪᠠ ᠰᠤᠶᠤᠯ ᠤᠨ ᠪᠤᠰᠤᠤᠨ ᠠᠵᠢᠯᠯᠠᠭ᠎ᠠ ᠭᠢᠬᠦ ᠡᠷᠭᠡ ᠴᠢᠯᠦᠭᠡ ᠲᠠᠢ᠃ ᠰᠤᠷᠭᠠᠨ ᠬᠦᠮᠦᠵᠢᠯ᠂ ᠰᠢᠨᠵᠢᠯᠡᠬᠦ | ᠤᠬᠠᠭᠨᠠ᠂ ᠲᠧᠭᠨᠢᠭ ᠮᠡᠷᠭᠡᠵᠢᠯ᠂ ᠤᠳᠬ᠎ᠠ ᠵᠤᠬᠢᠶᠠᠯ᠂ ᠤᠷᠠᠯᠢᠭ ᠪᠠ ᠰᠤᠶᠤᠯ ᠤᠨ ᠪᠤᠰᠤᠤᠨ ᠦᠢᠯᠡᠰ ᠢ ᠭᠢᠵᠤ | ᠪᠠᠶᠢᠭ᠎ᠠ ᠠᠷᠠᠳ ᠢᠷᠭᠡᠨ ᠤ ᠭᠢᠭᠰᠡᠨ ᠠᠷᠠᠳ ᠲᠦᠮᠠᠨ ᠳᠤ ᠠᠴᠢ ᠲᠤᠰᠠᠲᠠᠢ ᠪᠦᠲᠦᠭᠡᠯᠴᠢ ᠠᠵᠢᠯ ᠢ ᠤᠯᠤᠰ ᠠᠴᠠ | ᠵᠤᠷᠢᠬᠵᠢᠭᠤᠯᠵᠤ ᠲᠤᠰᠠᠯᠠᠨ᠎ᠠ᠃ | ᠲᠦᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠡᠮᠡᠭᠲᠡᠶᠢᠴᠤᠤᠨ | ᠤᠯᠤᠰ ᠲᠦᠷᠤ᠂ ᠠᠵᠤ ᠠᠬᠤᠢ᠂ ᠰᠤᠶᠤᠯ ᠪᠤᠯᠪᠠᠰᠤᠷᠠᠯ᠂ ᠨᠡᠶᠢᠭᠡᠮ ᠪᠠ ᠭᠡᠷ ᠪᠦᠯᠢ ᠶᠢᠨ ᠠᠮᠢᠲᠤᠷᠠᠯ ᠵᠡᠷᠭᠡ ᠤᠯᠠᠨ | ᠲᠠᠯ᠎ᠠ ᠪᠠᠷ ᠡᠷᠡᠭᠲᠡᠶᠢᠴᠤᠤᠨ ᠲᠠᠢ ᠠᠲᠠᠯᠢ ᠲᠡᠭᠰᠢ ᠡᠷᠭᠡ ᠶᠢ ᠡᠳ᠋ᠯᠠᠨ᠎ᠠ᠃ | ᠤᠯᠤᠰ ᠠᠴᠠ ᠡᠮᠡᠭᠲᠡᠶᠢᠴᠤᠤᠨ ᠤᠨ ᠡᠷᠭᠡ ᠠᠰᠢᠭ ᠢ ᠬᠠᠮᠠᠭᠠᠯᠵᠤ᠂ ᠡᠷᠡᠭᠲᠡᠢ ᠡᠮᠡᠭᠲᠡᠢ ᠶᠢᠨ ᠠᠲᠠᠯᠢ | ᠠᠵᠢᠯ ᠳᠤ ᠠᠲᠠᠯᠢ ᠬᠦᠯᠦᠰᠤ ᠤᠯᠭᠤᠵᠤ᠂ ᠡᠮᠡᠭᠲᠡᠢ ᠺᠠᠳ᠋ᠷ ᠢ ᠬᠦᠮᠦᠵᠢᠭᠦᠯᠦᠨ ᠰᠢᠯᠢᠵᠤ ᠲᠠᠪᠰᠢᠬᠦᠯᠦᠨ᠎ᠠ᠃ | ᠲᠦᠴᠢ ᠶᠢᠰᠤᠲᠤᠭᠡᠷ ᠵᠦᠢᠯ ᠤᠷᠤᠭ ᠤᠨ ᠶᠠᠪᠤᠲᠠᠯ᠂ ᠭᠡᠷ ᠪᠦᠯᠢ᠂ ᠡᠭᠡ ᠪᠠ ᠭᠡᠤᠭᠡᠤᠨ ᠢ | ᠤᠯᠤᠰ ᠠᠴᠠ ᠬᠠᠮᠠᠭᠠᠯᠠᠨ᠎ᠠ᠃ | ᠡᠷ᠎ᠠ ᠡᠮ᠎ᠠ ᠬᠤᠶᠠᠭᠤᠯᠠ ᠪᠠᠨ ᠲᠦᠯᠦᠪᠯᠡᠭᠡ ᠲᠠᠢ ᠪᠠᠷ ᠭᠡᠤᠭᠡᠤᠨ ᠠᠪᠬᠤ ᠡᠬᠦᠷᠭᠡ ᠲᠠᠢ᠃ | ᠡᠴᠢᠭᠡ ᠡᠭᠡ ᠪᠤᠯᠤᠭᠰᠠᠳ ᠨᠠᠰᠤᠨ ᠳᠤ ᠬᠦᠷᠤᠭᠡᠲᠤᠢ ᠦᠷ᠎ᠠ ᠭᠡᠤᠭᠡᠤᠨ ᠢᠶᠠᠨ ᠦᠰᠭᠡᠨ ᠬᠦᠮᠦᠵᠢᠬᠦᠯᠬᠦ | ᠡᠬᠦᠷᠭᠡ ᠲᠠᠢ᠂ ᠨᠠᠰᠤᠨ ᠳᠤ ᠬᠦᠷᠦᠭᠰᠡᠨ ᠦᠷ᠎ᠠ ᠭᠡᠤᠭᠡᠤᠨ ᠨᠢ ᠡᠴᠢᠭᠡ ᠡᠭᠡ ᠪᠠᠨ ᠠᠰᠠᠷᠠᠨ ᠲᠡᠵᠢᠭᠡᠬᠦ ᠲᠡᠳᠭᠦᠨ | ᠲᠡᠮᠵᠢᠬᠦ ᠡᠬᠦᠷᠭᠡ ᠲᠠᠢ᠃ | ᠤᠷᠤᠭ ᠤᠨ ᠡᠷᠭᠡ ᠴᠢᠯᠦᠭᠡ ᠶᠢ ᠡᠪᠲᠡᠬᠦ ᠶᠢ ᠴᠠᠭᠠᠵᠠᠯᠠᠵᠤ᠂ ᠨᠠᠰᠤᠲᠠᠨ᠂ ᠡᠮᠡᠭᠲᠡᠶᠢᠴᠤᠤᠨ ᠪᠠ | ᠭᠡᠤᠭᠡᠤᠨ ᠲᠤ ᠬᠠᠯᠠ ᠦᠵᠡᠬᠦᠯᠬᠦ ᠶᠢ ᠴᠠᠭᠠᠵᠠᠯᠠᠨ᠎ᠠ᠃ | ᠲᠠᠪᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠠᠴᠠ ᠲᠤᠮᠲᠠᠲᠤ ᠶᠢᠨ | ᠬᠠᠷᠢᠶᠠᠲᠤ ᠨᠠᠷ ᠤᠨ ᠵᠦᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠤᠯᠤᠰ ᠲᠠᠭᠠᠨ ᠪᠤᠴᠠᠵᠤ ᠢᠷᠡᠭᠰᠡᠨ | ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ | | ᠲᠠᠪᠢᠨ ᠨᠢᠭᠡᠲᠤᠭᠡᠷ ᠵᠦᠢᠯ ᠪᠦᠭᠦᠳ᠋ᠨ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠷᠭᠡ ᠴᠢᠯᠦᠭᠡ ᠪᠠᠨ ᠡᠳ᠋ᠯᠡᠬᠦ ᠪᠠ ᠡᠷᠭᠡ ᠪᠠᠨ ᠭᠡᠷᠡᠭᠯᠡᠬᠦ ᠳᠡᠭᠡᠨ ᠤᠯᠤᠰ ᠤᠨ᠂ ᠨᠠᠶᠢᠭᠡᠮ ᠤᠨ᠂ ᠬᠠᠮᠲᠤ ᠶᠢᠨ ᠠᠰᠢᠭ | ᠲᠤᠰᠠ ᠪᠠ ᠪᠤᠰᠤᠤᠨ ᠠᠷᠠᠳ ᠢᠷᠭᠡᠨ ᠤ ᠬᠠᠤᠯᠢ ᠶᠤᠰᠤᠨ ᠤ ᠡᠷᠭᠡ ᠴᠢᠯᠦᠭᠡ ᠭᠢᠭᠡᠳ ᠡᠷᠭᠡ ᠶᠢ ᠬᠤᠭᠢᠷᠠᠭᠤᠯᠵᠤ | ᠪᠤᠯᠬᠤ ᠦᠭᠡᠢ᠃ | ᠲᠠᠪᠢᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠤᠯᠤᠰ ᠤᠷᠤᠨ ᠤ ᠨᠢᠭᠡᠲᠤᠯ ᠪᠠ ᠪᠦᠬᠦ ᠤᠯᠤᠰ ᠤᠨ ᠦᠨᠲᠤᠰᠤᠲᠠᠨ ᠨᠦᠭᠦᠳ ᠤᠨ ᠪᠦᠯᠬᠦᠮᠲᠡᠯ ᠢ ᠬᠠᠮᠠᠭᠠᠯᠠᠬᠤ | ᠡᠬᠦᠷᠭᠡ ᠲᠠᠢ᠃ | ᠲᠠᠪᠢᠨ ᠭᠤᠷᠪᠠᠲᠤᠭᠠᠷ ᠵᠦᠢᠯ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠷᠭᠡᠪᠰᠢ ᠦᠨᠲᠤᠰᠤᠨ ᠬᠠᠤᠯᠢ ᠪᠠ ᠬᠠᠤᠯᠢ ᠴᠠᠭᠠᠵᠠ ᠶᠢ ᠵᠢᠷᠤᠮᠯᠡᠵᠤ᠂ ᠤᠯᠤᠰ ᠤᠨ ᠨᠢᠭᠤᠴᠨ ᠶᠢ ᠬᠠᠮᠠᠭᠠᠯᠠᠵᠤ᠂ | ᠨᠠᠶᠢᠲᠠ ᠶᠢᠨ ᠡᠳ᠋ ᠬᠦᠷᠤᠩᠭᠡ ᠶᠢ ᠬᠠᠶᠢᠷᠠᠯᠠᠨ ᠬᠠᠮᠠᠭᠠᠯᠠᠵᠤ᠂ ᠬᠦᠲᠡᠯᠮᠤᠷᠢ ᠶᠢᠨ ᠰᠠᠭᠢᠯᠭ᠎ᠠ ᠶᠢ ᠰᠠᠭᠢᠵᠤ᠂ | ᠨᠠᠶᠢᠲᠠ ᠶᠢᠨ ᠡᠮᠭᠢ ᠵᠢᠷᠤᠮ ᠢ ᠵᠢᠷᠤᠮᠯᠡᠵᠤ᠂ ᠨᠠᠶᠢᠭᠡᠮ ᠨᠠᠶᠢᠲᠠ ᠶᠢᠨ ᠶᠤᠰᠤ ᠮᠤᠷᠠᠯ ᠢ ᠬᠦᠨᠲᠤᠳᠭᠡᠬᠦ ᠭᠡᠷᠡᠭᠲᠡᠢ᠃ | ᠲᠠᠪᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠭᠡ ᠤᠷᠤᠨ ᠤ ᠪᠠᠨ ᠠᠮᠤᠷ ᠲᠦᠪᠰᠢᠨ᠂ ᠠᠯᠲᠠᠷ ᠬᠦᠨᠲᠤ ᠪᠠ ᠠᠰᠢᠭ ᠲᠤᠰᠠ ᠶᠢ ᠬᠠᠮᠠᠭᠠᠯᠠᠬᠤ ᠡᠬᠦᠷᠭᠡ ᠲᠠᠢ᠂ ᠡᠭᠡ | ᠤᠷᠤᠨ ᠤ ᠪᠠᠨ ᠠᠮᠤᠷ ᠲᠦᠪᠰᠢᠨ᠂ ᠠᠯᠲᠠᠷ ᠬᠦᠨᠲᠤ ᠪᠠ ᠠᠰᠢᠭ ᠲᠤᠰᠨ ᠳᠤ ᠬᠤᠤᠷᠲᠠᠢ ᠠᠵᠢᠯᠯᠠᠭ᠎ᠠ ᠭᠢᠵᠤ ᠪᠤᠯᠬᠤ | ᠦᠭᠡᠢ᠃ | ᠲᠠᠪᠢᠨ ᠲᠠᠪᠤᠲᠤᠭᠠᠷ ᠵᠦᠢᠯ ᠡᠭᠡ ᠤᠷᠤᠨ ᠢᠶᠠᠨ ᠬᠠᠮᠠᠭᠠᠯᠠᠵᠤ᠂ ᠲᠦᠷᠢᠮᠡᠭᠡᠶᠢᠯᠡᠯ ᠢ ᠡᠰᠡᠷᠬᠦᠴᠡᠬᠦ | ᠶᠠᠪᠤᠲᠠᠯ ᠪᠤᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠨᠢᠭᠡᠪᠤᠷᠢ ᠶᠢᠨ ᠠᠷᠢᠭᠤᠨ | ᠲᠠᠷᠬᠠᠨ ᠡᠬᠦᠷᠭᠡ ᠬᠠᠷᠢᠭᠤᠴᠠᠯᠭ᠎ᠠ ᠮᠦᠨ᠃ | ᠬᠠᠤᠯᠢ ᠶᠤᠰᠤᠭᠠᠷ ᠴᠡᠷᠢᠭ ᠤᠨ ᠠᠯᠪᠠ ᠬᠠᠭᠠᠬᠤ ᠪᠠ ᠡᠷᠤᠭᠡ ᠶᠢᠨ ᠴᠡᠷᠢᠭ ᠤᠨ ᠵᠤᠬᠢᠶᠠᠨ | ᠪᠠᠶᠢᠭᠤᠯᠤᠯᠲᠠ ᠳᠤ ᠤᠷᠤᠯᠴᠠᠬᠤ ᠶᠠᠪᠤᠲᠠᠯ ᠪᠤᠯ ᠪᠦᠬᠦᠳ᠋ᠨ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠤ ᠢᠷᠠᠭᠤ ᠠᠯᠲᠠᠷᠲᠤ ᠡᠬᠦᠷᠭᠡ ᠮᠦᠨ᠃ | ᠲᠠᠪᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠬᠠᠤᠯᠢ ᠶᠤᠰᠤᠭᠠᠷ ᠭᠠᠶᠢᠯᠢ ᠲᠤᠰᠢᠶᠠᠬᠤ ᠡᠬᠦᠷᠭᠡ ᠲᠠᠢ᠃ | ᠭᠤᠷᠪᠠᠲᠤᠭᠠᠷ ᠪᠦᠯᠦᠭ ᠲᠦᠷᠤ ᠶᠢᠨ ᠪᠠᠶᠢᠭᠤᠯᠤᠮᠵᠢ | ᠨᠢᠭᠡᠲᠤᠭᠡᠷ ᠭᠡᠰᠡᠭ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠠᠪᠢᠨ ᠲᠤᠯᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠲᠦᠷᠤ ᠶᠢᠨ ᠲᠡᠭᠡᠲᠤ ᠡᠷᠭᠡᠲᠤ ᠪᠠᠶᠢᠭᠤᠯᠭ᠎ᠠ | ᠮᠦᠨ᠃ ᠲᠡᠬᠦᠨ ᠤ ᠪᠠᠶᠢᠩᠭᠤ ᠶᠢᠨ ᠪᠠᠶᠢᠭᠤᠯᠭ᠎ᠠ ᠪᠤᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠮᠦᠨ᠃ | ᠲᠠᠪᠢᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠤ ᠶᠢᠨ | ᠬᠠᠤᠯᠢ ᠲᠤᠭᠲᠠᠭᠠᠬᠤ ᠡᠷᠭᠡ ᠶᠢ ᠭᠡᠷᠡᠭᠵᠢᠬᠦᠯᠦᠨ᠎ᠠ᠃ | ᠲᠠᠪᠢ ᠶᠢᠰᠤᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ | ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ᠂ ᠵᠠᠰᠠᠭ ᠵᠠᠭᠢᠷᠭᠠᠨ ᠤ ᠤᠨᠴᠠᠭᠠᠢ ᠤᠷᠤᠨ ᠪᠠ | ᠴᠡᠷᠢᠭ ᠠᠩᠭᠢ ᠶᠢᠨ ᠰᠤᠩᠭᠤᠭᠰᠠᠨ ᠲᠦᠯᠦᠭᠡᠯᠡᠭᠴᠢᠳ ᠢᠶᠠᠷ ᠪᠦᠷᠢᠯᠲᠤᠨᠠ᠃ ᠴᠦᠭᠡᠨ ᠲᠤᠭᠠᠲᠤ | ᠦᠨᠳᠦᠰᠦᠳᠡᠨ ᠨᠦᠭᠦᠳ ᠪᠦᠷ ᠵᠤᠬᠢᠬᠤ ᠲᠤᠭᠠᠨ ᠤ ᠲᠦᠯᠦᠭᠡᠯᠡᠭᠴᠢ ᠲᠠᠢ ᠪᠠᠶᠢᠬᠤ ᠭᠡᠷᠡᠭᠲᠡᠢ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠤᠩᠭᠤᠭᠠᠯᠢ ᠶᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠡᠷᠬᠢᠯᠡᠨ᠎ᠡ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠨᠡᠷᠡᠰ | ᠪᠠ ᠲᠥᠯᠥᠭᠡᠯᠡᠭᠴᠢᠳ ᠤᠨ ᠪᠣᠢ ᠪᠣᠯᠬᠤ ᠠᠷᠭ᠎ᠠ ᠶᠢ ᠬᠠᠤᠯᠢ ᠪᠠᠷ ᠲᠤᠭᠲᠠᠭᠠᠨ᠎ᠠ᠃ | ᠵᠢᠷᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠤᠯᠤᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ | ᠲᠠᠭᠤᠰᠬᠤ ᠠᠴᠠ ᠬᠤᠶᠠᠷ ᠰᠠᠷ᠎ᠠ ᠶᠢᠨ ᠡᠮᠤᠨ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠡᠷᠭᠡᠪᠰᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠰᠤᠩᠭᠤᠬᠤ ᠶᠠᠪᠤᠲᠠᠯ ᠢ ᠪᠡᠶᠡᠯᠡᠬᠦᠯᠦᠭᠰᠡᠨ ᠪᠠᠶᠢᠬᠤ | ᠭᠡᠷᠡᠭᠲᠡᠢ᠃ ᠭᠡᠷᠪᠠ ᠰᠤᠩᠭᠤᠭᠤᠯᠢ ᠶᠠᠪᠤᠭᠤᠯᠵᠤ ᠦᠯᠦ ᠪᠤᠯᠬᠤ ᠶᠡᠷᠤ ᠪᠤᠰᠤ ᠶᠢᠨ ᠪᠠᠶᠢᠲᠠᠯ ᠲᠤᠭᠢᠶᠠᠯᠲᠤᠭᠠᠳ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ | ᠪᠦᠷᠢᠯᠲᠤᠭᠦᠨ ᠤ ᠭᠤᠷᠪᠠᠨ ᠤ ᠬᠤᠶᠠᠷ ᠬᠤᠪᠢ ᠠᠴᠠ ᠲᠡᠭᠡᠭᠰᠢᠭᠢ ᠤᠯᠠᠩᠭᠢ ᠲᠤᠭᠠᠨ ᠤ ᠬᠦᠮᠦᠰ ᠪᠠᠲᠤᠯᠠᠪᠠᠯ | ᠰᠤᠩᠭᠤᠭᠤᠯᠢ ᠶᠢ ᠬᠤᠶᠢᠰᠢᠯᠠᠭᠤᠯᠵᠤ᠂ ᠲᠤᠰ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ ᠶᠢ ᠤᠷᠲᠤᠳᠬᠠᠵᠤ ᠪᠤᠯᠤᠨ᠎ᠠ᠃ ᠶᠡᠷᠤ | ᠪᠤᠰᠤ ᠶᠢᠨ ᠪᠠᠶᠢᠲᠠᠯ ᠲᠡᠬᠦᠰᠦᠭᠰᠡᠨ ᠤ ᠰᠡᠬᠦᠯᠡᠷᠭᠢ ᠨᠢᠭᠡ ᠵᠢᠯ ᠤᠨ ᠲᠤᠲᠤᠷ᠎ᠠ᠂ ᠲᠠᠷᠠᠭ᠎ᠠ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠢ ᠰᠤᠩᠭᠤᠬᠤ ᠶᠠᠪᠤᠲᠠᠯ ᠢ ᠡᠷᠭᠡᠪᠰᠢ ᠪᠡᠶᠡᠯᠡᠬᠦᠯᠬᠦ ᠭᠡᠷᠡᠭᠲᠡᠢ᠃ | ᠵᠢᠷᠠᠨ ᠨᠢᠭᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠡᠷᠭᠢᠯᠡᠵᠤ ᠵᠢᠯ ᠪᠦᠷᠢ ᠨᠢᠭᠡ ᠤᠲᠠᠭ᠎ᠠ ᠬᠤᠷᠠᠯᠳᠣᠭᠤᠯᠣᠨ᠎ᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠢᠬᠤᠯᠠ ᠲᠠᠢ ᠭᠡᠵᠤ ᠦᠵᠡᠭᠰᠡᠨ ᠪᠤᠶᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠨ ᠤ ᠨᠢᠭᠡ ᠬᠤᠪᠢ ᠠᠴᠠ ᠲᠡᠭᠡᠭᠰᠢᠭᠢ ᠲᠦᠯᠦᠭᠡᠯᠡᠭᠴᠢᠳ | ᠲᠤᠷᠠᠲᠤᠯᠭ᠎ᠠ ᠭᠠᠷᠭᠠᠭᠰᠠᠨ ᠪᠠᠶᠢᠪᠠᠯ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠢ ᠲᠠᠷᠨ ᠲᠤᠬᠠᠢ ᠳᠤᠨᠢ ᠬᠤᠷᠠᠯᠲᠤᠭᠤᠯᠵᠤ ᠪᠤᠯᠤᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠢ | ᠬᠤᠷᠠᠯᠲᠤᠭᠤᠯᠬᠤ ᠳᠠᠭᠠᠨ ᠲᠡᠷᠢᠬᠦᠯᠡᠭᠴᠢᠳ ᠤᠨ ᠪᠦᠯᠭᠦᠮ ᠢ ᠰᠤᠩᠭᠤᠨ ᠭᠠᠷᠭᠠᠵᠤ ᠬᠤᠷᠠᠯᠲᠤᠭᠠᠨ ᠢ ᠡᠷᠭᠢᠯᠡᠬᠦᠯᠦᠨᠠ᠃ | | ᠵᠢᠷᠠᠨ ᠬᠤᠶᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠤᠤᠷ᠎ᠠ ᠲᠤᠷᠠᠲᠤᠭᠰᠠᠨ ᠡᠷᠭᠡ ᠲᠤᠰᠢᠶᠠᠯ ᠤᠳ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠨ᠎ᠠ︔ | ︵ᠬᠤᠶᠠᠷ︶ ᠦᠨᠲᠤᠰᠤᠨ ᠬᠠᠤᠯᠢ ᠶᠢ ᠭᠡᠷᠡᠭᠵᠢᠬᠦᠯᠵᠤ ᠪᠠᠶᠢᠭ᠎ᠠ ᠪᠠᠶᠢᠲᠠᠯ ᠳᠤ ᠭᠢᠨᠡᠯᠲᠠ ᠲᠠᠯᠪᠢᠨ᠎ᠠ︔ | ︵ᠭᠤᠷᠪᠠ︶ ᠡᠷᠡᠬᠦᠦ ᠶᠢᠨ ᠭᠡᠷᠡᠭ᠂ ᠢᠷᠭᠡᠨ ᠤ ᠭᠡᠷᠡᠭ᠂ ᠲᠦᠷᠤ ᠶᠢᠨ ᠪᠠᠶᠢᠭᠤᠯᠤᠮᠵᠢ ᠶᠢᠨ ᠪᠠ ᠪᠤᠰᠤᠤᠨ | ᠭᠤᠤᠯ ᠭᠤᠤᠯ ᠬᠠᠤᠯᠢ ᠴᠠᠭᠠᠵᠠ ᠶᠢ ᠲᠤᠭᠲᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠤᠨ᠎ᠠ︔ | ︵ᠲᠦᠷᠪᠠ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ | ᠲᠡᠷᠢᠬᠦᠯᠡᠭᠴᠢ ᠶᠢ ᠰᠤᠩᠭᠤᠨ᠎ᠠ︔ | ︵ᠲᠠᠪᠤ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠶᠢᠨ ᠲᠡᠪᠰᠢᠬᠦᠯᠦᠭᠰᠡᠨ | ᠨᠠᠷᠠ ᠶᠢ ᠦᠨᠲᠤᠰᠦᠯᠡᠨ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠪᠤᠯᠬᠤ ᠬᠦᠮᠦᠨ ᠢ | ᠲᠤᠭᠲᠠᠭᠠᠨ᠎ᠠ︔ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠤᠨ ᠲᠡᠪᠰᠢᠬᠦᠯᠦᠭᠰᠡᠨ ᠨᠠᠷᠠ ᠶᠢ | ᠦᠨᠲᠤᠰᠤᠯᠠᠨ ᠲᠦᠷᠤ ᠶᠢᠨ ᠶᠠᠪᠤᠲᠠᠯ ᠤᠨ ᠬᠤᠷᠢᠶᠠᠨ ᠤ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ | ᠭᠡᠰᠢᠬᠦᠦᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠭᠢᠯᠡᠭᠴᠢ᠂ ᠨᠢᠭᠲᠠᠯᠠᠨ ᠪᠠᠶᠢᠴᠠᠭᠠᠬᠤ ᠲᠠᠷᠤᠭ᠎ᠠ᠂ ᠨᠠᠷᠢᠨ | ᠪᠢᠴᠢᠭ ᠤᠨ ᠲᠠᠷᠤᠭ᠎ᠠ ᠪᠤᠯᠬᠤ ᠬᠦᠮᠦᠰ ᠢ ᠲᠤᠭᠲᠠᠭᠠᠨ᠎ᠠ︔ | ︵ᠵᠢᠷᠭᠤᠭ᠎ᠠ︶ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢ ᠰᠤᠩᠭᠤᠨ᠎ᠠ︔ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢᠨ ᠲᠠᠪᠰᠢᠬᠦᠯᠦᠭᠰᠡᠨ ᠨᠠᠷᠠ ᠶᠢ ᠦᠨᠲᠤᠰᠤᠯᠠᠨ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ ᠪᠦᠷᠢᠯᠲᠤᠭᠦᠨ ᠪᠤᠯᠬᠤ ᠬᠦᠮᠦᠰ ᠢ ᠲᠤᠭᠲᠠᠭᠠᠨ᠎ᠠ︔ | ︵ᠲᠤᠯᠤᠭ᠎ᠠ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠢ ᠰᠤᠩᠭᠤᠨ᠎ᠠ︔ | ︵ᠨᠠᠢᠮᠠ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠨ᠎ᠠ︔ | ︵ᠶᠢᠰᠤ︶ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ ᠭᠢᠭᠡᠳ | ᠲᠦᠯᠦᠪᠯᠡᠭᠡ ᠶᠢ ᠬᠦᠢᠴᠡᠳᠭᠡᠭᠰᠠᠨ ᠪᠠᠶᠢᠲᠠᠯ ᠤᠨ ᠲᠤᠬᠠᠢ ᠢᠯᠡᠳᠭᠡᠯ ᠢ ᠭᠢᠨᠠᠨ ᠵᠦᠪᠰᠢᠶᠠᠷᠠᠨ᠎ᠠ︔ | ︵ᠠᠷᠪᠠ︶ ᠤᠯᠤᠰ ᠤᠨ ᠲᠦᠰᠦᠪ ᠪᠠ ᠲᠦᠰᠦᠪ ᠢ ᠬᠦᠢᠴᠡᠳᠭᠡᠭᠰᠡᠨ ᠪᠠᠶᠢᠲᠠᠯ ᠤᠨ ᠲᠤᠬᠠᠢ ᠢᠯᠡᠳᠭᠡᠯ ᠢ | ᠭᠢᠨᠠᠨ ᠵᠦᠪᠰᠢᠶᠠᠷᠠᠨ᠎ᠠ︔ | ︵ᠠᠷᠪᠠᠨ ᠨᠢᠭᠡ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠵᠤᠬᠢᠰ ᠦᠭᠡᠢ ᠲᠤᠭᠲᠠᠭᠠᠯ ᠢ ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠨ᠎ᠠ︔ | ︵ᠠᠷᠪᠠᠨ ᠬᠤᠶᠠᠷ︶ ᠮᠤᠵᠢ᠂ ᠦᠪᠡᠷᠲᠡᠭᠡᠨ ᠵᠠᠰᠬᠤ ᠤᠷᠤᠨ ᠪᠠ ᠰᠢᠭᠤᠤᠨ ᠬᠠᠷᠢᠶ᠎ᠠ ᠬᠤᠲᠠ | ᠪᠠᠶᠢᠭᠤᠯᠬᠤ ᠶᠢ ᠵᠦᠪᠰᠢᠶᠠᠷᠠᠨ᠎ᠠ︔ | ︵ᠠᠷᠪᠠᠨ ᠭᠤᠷᠪᠠ︶ ᠵᠠᠰᠠᠭ ᠵᠠᠭᠢᠷᠭᠠᠨ ᠤ ᠤᠨᠴᠠᠭᠠᠢ ᠤᠷᠤᠨ ᠪᠠᠶᠢᠭᠤᠯᠬᠤ ᠶᠠᠪᠤᠲᠠᠯ ᠪᠠ ᠲᠡᠬᠦᠨ ᠤ | ᠲᠦᠷᠢᠮ ᠢ ᠲᠤᠭᠲᠠᠭᠠᠨ᠎ᠠ︔ | ︵ᠠᠷᠪᠠᠨ ᠲᠦᠷᠪᠠ︶ ᠲᠠᠶᠢᠨ ᠪᠠ ᠨᠠᠶᠢᠷᠠᠮᠲᠠᠯ ᠤᠨ ᠠᠰᠠᠭᠤᠲᠠᠯ ᠢ ᠲᠤᠭᠲᠠᠭᠠᠨ᠎ᠠ︔ | ︵ᠠᠷᠪᠠᠨ ᠲᠠᠪᠤ︶ ᠲᠦᠷᠤ ᠶᠢᠨ ᠲᠡᠭᠡᠲᠤ ᠡᠷᠭᠡᠲᠤ ᠪᠠᠶᠢᠭᠤᠯᠭ᠎ᠠ ᠶᠢᠨ ᠬᠦᠢᠴᠡᠳᠭᠡᠬᠦ ᠭᠡᠷᠡᠭᠲᠡᠢ ᠪᠤᠰᠤᠤᠨ | ᠡᠷᠭᠡ ᠲᠤᠰᠢᠶᠠᠯ ᠤᠳ ᠢ ᠭᠦᠢᠴᠡᠳᠭᠡᠨ᠎ᠠ᠃ | ᠵᠢᠷᠠᠨ ᠭᠤᠷᠪᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠤᠤᠷ᠎ᠠ ᠲᠤᠷᠠᠲᠤᠭᠰᠠᠨ ᠬᠦᠮᠦᠰ ᠢ ᠲᠤᠰᠢᠶᠠᠯ ᠠᠴᠠ ᠨᠢ ᠪᠠᠭᠤᠯᠭᠠᠬᠤ ᠡᠷᠭᠡ ᠲᠠᠢ᠄ | ︵ᠨᠢᠭᠡ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ︔ | | ︵ᠬᠤᠶᠠᠷ︶ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ᠂ | ᠲᠦᠷᠤ ᠶᠢᠨ ᠶᠠᠪᠤᠲᠠᠯ ᠤᠨ ᠭᠡᠰᠢᠬᠦᠤᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠭᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ︔ | ︵ᠭᠤᠷᠪᠠ︶ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠪᠠ ᠲᠦᠪ ᠤᠨ | ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ ᠪᠦᠷᠢᠯᠲᠤᠭᠦᠨ︔ | ︵ᠲᠦᠷᠪᠠ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ︔ | ︵ᠲᠠᠪᠤ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ᠃ | ᠵᠢᠷᠠᠨ ᠲᠦᠷᠪᠡᠲᠤᠭᠡᠷ ᠵᠦᠢᠯ ᠦᠨᠲᠤᠰᠤᠨ ᠬᠠᠤᠯᠢ ᠳᠤ ᠵᠠᠰᠠᠪᠤᠷᠢ ᠤᠷᠤᠭᠤᠯᠬᠤ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠨ ᠤ ᠨᠢᠭᠡ ᠬᠤᠪᠢ ᠠᠴᠠ ᠲᠡᠭᠡᠭᠰᠢᠭᠢ ᠲᠦᠯᠦᠭᠡᠯᠡᠭᠴᠢᠳ | ᠲᠤᠷᠠᠲᠤᠯᠭ᠎ᠠ ᠭᠠᠷᠭᠠᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦ | ᠲᠦᠯᠦᠭᠡᠯᠡᠭᠴᠢᠳ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢ ᠤᠯᠠᠩᠭᠢ ᠲᠤᠭ᠎ᠠ ᠪᠠᠷ ᠪᠠᠲᠤᠯᠠᠭᠤᠯᠤᠨ᠎ᠠ᠃ | ᠬᠠᠤᠯᠢ ᠴᠠᠭᠠᠵᠠ ᠪᠠ ᠪᠤᠰᠤᠤᠨ ᠰᠠᠨᠠᠯ ᠵᠦᠪᠯᠡᠯᠭᠡ ᠶᠢ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦ ᠲᠦᠯᠦᠭᠡᠯᠡᠭᠴᠢᠳ ᠤᠨ ᠬᠠᠭᠠᠰ ᠠᠴᠠ ᠲᠡᠭᠡᠭᠰᠢᠭᠢ ᠲᠤᠭ᠎ᠠ ᠪᠠᠷ | ᠪᠠᠳᠣᠯᠠᠭᠤᠯᠤᠨᠠ᠃ | ᠵᠢᠷᠠᠨ ᠲᠠᠪᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠤᠤᠷᠠᠭᠢ ᠬᠦᠮᠦᠰ ᠢᠶᠠᠷ ᠪᠦᠷᠢᠯᠲᠤᠨᠠ᠄ | ᠬᠤᠷᠢᠶᠠᠨ ᠲᠠᠷᠤᠭ᠎ᠠ᠂ | ᠲᠡᠳ᠋ ᠬᠤᠷᠢᠶᠠᠨ ᠲᠠᠷᠤᠭ᠎ᠠ ᠨᠠᠷ᠂ | ᠨᠠᠷᠢᠨ ᠪᠢᠴᠢᠭ ᠤᠨ ᠲᠠᠷᠤᠭ᠎ᠠ᠂ | ᠭᠡᠰᠢᠭᠦᠳ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠲᠤᠭᠦᠨ ᠨᠠᠷ ᠤᠨ ᠲᠤᠲᠤᠷ᠎ᠠ ᠴᠦᠭᠡᠨ ᠲᠤᠭᠠᠲᠤ ᠦᠨᠲᠤᠰᠤᠲᠠᠨ ᠤ ᠵᠤᠬᠢᠬᠤ ᠲᠤᠭᠠᠨ ᠤ ᠲᠦᠯᠦᠭᠡᠯᠡᠭᠴᠢ | ᠪᠠᠶᠢᠬᠤ ᠭᠡᠷᠡᠭᠲᠡᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠢ ᠰᠤᠩᠭᠤᠬᠤ ᠪᠠ | ᠪᠠᠭᠤᠯᠭᠠᠬᠤ ᠡᠷᠭᠡ ᠲᠠᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠲᠤᠭᠦᠨ ᠨᠠᠷ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ | ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠦ ᠪᠤᠯᠬᠤ ᠦᠭᠡᠢ᠃ | ᠵᠢᠷᠠᠨ ᠵᠢᠷᠭᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ | ᠠᠲᠠᠯᠢ᠂ ᠪᠠᠶᠢᠩᠭᠤ ᠶᠢᠨ ᠬᠤᠷᠢᠶ᠎ᠠ ᠨᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠰᠢᠨ᠎ᠠ ᠪᠠᠶᠢᠩᠭᠤ ᠶᠢᠨ ᠬᠤᠷᠢᠶ᠎ᠠ ᠶᠢ ᠰᠤᠩᠭᠤᠵᠤ ᠭᠠᠷᠭᠠᠬᠤ ᠪᠤᠯᠲᠠᠯ᠎ᠠ | ᠡᠷᠭᠡ ᠲᠤᠰᠢᠶᠠᠯ ᠢᠶᠠᠨ ᠬᠦᠢᠴᠡᠳᠭᠡᠨ᠎ᠠ᠃ | ᠬᠤᠷᠢᠶᠠᠨ ᠲᠠᠷᠤᠭ᠎ᠠ᠂ ᠲᠡᠳ᠋ ᠬᠤᠷᠢᠶᠠᠨ ᠲᠠᠷᠤᠭ᠎ᠠ ᠵᠠᠯᠭ᠎ᠠ ᠪᠠᠷ ᠬᠤᠶᠠᠷ ᠬᠤᠭᠤᠴᠠᠭ᠎ᠠ ᠠᠴᠠ ᠢᠯᠡᠬᠦᠦ | ᠲᠤᠰᠢᠶᠠᠯ ᠬᠠᠷᠢᠭᠤᠴᠠᠵᠤ ᠪᠤᠯᠬᠤ ᠦᠭᠡᠢ᠃ | ᠵᠢᠷᠠᠨ ᠲᠤᠯᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠤᠤᠷ᠎ᠠ ᠵᠢᠭᠰᠠᠭᠠᠭᠰᠠᠨ ᠡᠷᠭᠡ ᠲᠤᠰᠢᠶᠠᠯ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠳᠤ ᠲᠡᠶᠢᠯᠪᠤᠷᠢ ᠭᠢᠵᠤ᠂ ᠦᠨᠲᠤᠰᠤᠨ ᠬᠠᠤᠯᠢ ᠶᠢ ᠭᠡᠷᠡᠭᠵᠢᠬᠦᠯᠵᠤ | ᠪᠠᠶᠢᠭ᠎ᠠ ᠪᠠᠶᠢᠲᠠᠯ ᠳᠤ ᠭᠢᠨᠠᠯᠲᠠ ᠲᠠᠯᠪᠢᠨ᠎ᠠ︔ | ︵ᠬᠤᠶᠠᠷ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠬᠤ | ᠶᠤᠰᠤᠲᠠᠢ ᠬᠠᠤᠯᠢ ᠴᠠᠭᠠᠵᠠ ᠠᠴᠠ ᠪᠤᠰᠤᠤᠨ ᠬᠠᠤᠯᠢ ᠴᠠᠭᠠᠵᠠ ᠶᠢ ᠲᠤᠭᠲᠠᠭᠠᠬᠤ ᠪᠦᠭᠡᠳ ᠲᠡᠬᠦᠨ ᠳᠤ ᠵᠠᠰᠠᠪᠤᠷᠢ | ᠤᠷᠤᠭᠤᠯᠤᠨ᠎ᠠ︔ | ︵ᠭᠤᠷᠪᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠡᠨ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠤᠭᠲᠠᠭᠠᠭᠰᠠᠨ ᠬᠠᠤᠯᠢ ᠳᠤ ᠭᠡᠰᠡᠭ ᠲᠠᠯ᠎ᠠ ᠪᠠᠷ ᠨᠦᠬᠦᠪᠤᠷᠢᠯᠡᠨ᠂ ᠲᠡᠬᠦᠨ ᠳᠤ ᠵᠠᠰᠠᠪᠤᠷᠢ ᠤᠷᠤᠭᠤᠯᠤᠨ᠎ᠠ᠂ ᠭᠡᠪᠡᠴᠤ | ᠲᠤᠰ ᠬᠠᠤᠯᠢ ᠶᠢᠨ ᠦᠨᠲᠤᠰᠤᠨ ᠵᠠᠷᠴᠢᠮ ᠲᠠᠢ ᠬᠠᠷᠰᠢᠯᠲᠤᠭᠤᠯᠵᠤ ᠪᠤᠯᠬᠤ ᠦᠭᠡᠢ︔ | ︵ᠲᠦᠷᠪᠠ︶ ᠬᠠᠤᠯᠢ ᠴᠠᠭᠠᠵᠠ ᠳᠤ ᠲᠠᠶᠢᠯᠪᠤᠷᠢ ᠭᠢᠨ᠎ᠠ︔ | ︵ᠲᠠᠪᠤ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠯᠠᠲᠤᠭᠠᠨ | ᠲᠡᠬᠦᠰᠦᠭᠰᠡᠨ ᠬᠤᠭᠤᠴᠠᠭᠠᠨ ᠳᠤ᠂ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ | ᠲᠦᠯᠦᠪᠯᠡᠭᠡ᠂ ᠤᠯᠤᠰ ᠤᠨ ᠲᠦᠰᠦᠪ ᠢ ᠭᠡᠷᠡᠭᠵᠢᠬᠦᠯᠬᠦ ᠶᠠᠪᠤᠴᠨ ᠳᠤ ᠭᠢᠬᠦ ᠴᠢᠬᠤᠯᠠ ᠲᠠᠢ ᠭᠡᠰᠡᠭ ᠲᠠᠯ᠎ᠠ ᠶᠢᠨ | ᠲᠤᠭᠢᠷᠠᠭᠤᠯᠤᠯᠲᠠ ᠶᠢᠨ ᠲᠦᠰᠦᠯ ᠢ ᠭᠢᠨᠠᠨ ᠪᠠᠶᠢᠴᠠᠭᠠᠵᠤ ᠵᠦᠪᠰᠢᠶᠠᠷᠠᠨ᠎ᠠ︔ | ︵ᠵᠢᠷᠭᠤᠭ᠎ᠠ︶ ᠲᠦᠷᠤ ᠶᠢᠨ ᠶᠠᠪᠤᠲᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ᠂ | ᠠᠷᠠᠳ ᠤᠨ ᠲᠡᠭᠡᠲᠤ ᠰᠢᠬᠦᠬᠦ ᠬᠤᠷᠢᠶ᠎ᠠ᠂ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠠᠵᠢᠯ ᠳᠤ ᠭᠢᠨᠠᠯᠲᠠ | ᠲᠠᠯᠪᠢᠨ᠎ᠠ︔ | ︵ᠲᠤᠯᠤᠭ᠎ᠠ︶ ᠦᠨᠲᠤᠰᠤᠨ ᠬᠠᠤᠯᠢ᠂ ᠬᠠᠤᠯᠢ ᠴᠠᠭᠠᠵᠠ ᠲᠠᠢ ᠬᠠᠷᠰᠢᠯᠲᠤᠬᠤ ᠲᠦᠷᠤ ᠶᠢᠨ ᠶᠠᠪᠤᠲᠠᠯ ᠤᠨ | ᠬᠤᠷᠢᠶᠠᠨ ᠤ ᠲᠤᠭᠲᠠᠭᠠᠭᠰᠠᠨ ᠵᠠᠰᠠᠭ ᠵᠠᠭᠢᠷᠭᠠᠨ ᠤ ᠬᠠᠤᠯᠢ ᠲᠤᠭᠲᠠᠭᠠᠯ᠂ ᠲᠤᠭᠲᠠᠭᠠᠯ᠂ ᠵᠠᠷᠯᠢᠭ ᠢ ᠭᠦᠴᠦᠨ ᠦᠭᠡᠢ | ᠪᠤᠯᠭᠠᠨ᠎ᠠ︔ | ︵ᠨᠠᠢᠮᠠ︶ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠲᠠᠢ | ᠬᠠᠷᠰᠢᠯᠲᠤᠬᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ ᠲᠦᠷᠦ ᠶᠢᠨ ᠡᠷᠭᠡᠲᠤ | ᠪᠠᠶᠢᠭᠤᠯᠭ᠎ᠠ ᠶᠢᠨ ᠲᠤᠭᠲᠠᠭᠠᠭᠰᠠᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠠ ᠰᠢᠢᠳᠪᠤᠷᠢ ᠶᠢ | ᠬᠦᠴᠦᠨ ᠦᠭᠡᠢ ᠪᠤᠯᠭᠠᠨ᠎ᠠ︔ | ︵ᠶᠢᠰᠤ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠡᠨ ᠬᠤᠭᠤᠴᠠᠭᠠᠨ ᠳᠤ᠂ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠤᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠶᠠᠮᠤᠤᠨ ᠤᠨ ᠰᠠᠶᠢᠳ᠂ ᠬᠤᠷᠢᠶᠠᠳ ᠤᠨ ᠡᠷᠬᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠪᠤᠯᠬᠤ ᠭᠦᠮᠦᠰ ᠢ ᠲᠤᠭᠲᠠᠭᠠᠨ᠎ᠠ︔ | ︵ᠠᠷᠪᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠠᠨ ᠬᠤᠭᠤᠴᠠᠭᠠᠨ ᠳᠤ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ | ᠪᠦᠷᠢᠯᠲᠤᠭᠦᠨ ᠪᠤᠯᠬᠤ ᠬᠦᠮᠦᠰ ᠢ ᠲᠤᠭᠲᠠᠭᠠᠨ᠎ᠠ︔ | ︵ᠠᠷᠪᠠᠨ ᠨᠢᠭᠡ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠠᠷᠠᠳ ᠤᠨ ᠲᠡᠭᠡᠲᠤ ᠰᠢᠬᠦᠬᠦ ᠬᠤᠷᠢᠶᠠᠨ ᠤ ᠲᠡᠳ᠋ ᠲᠠᠷᠤᠭ᠎ᠠ᠂ ᠰᠢᠬᠦᠭᠴᠢ᠂ | ᠰᠢᠬᠦᠬᠦ ᠺᠤᠮᠢᠰ ᠤᠨ ᠭᠡᠰᠢᠬᠦᠤᠨ ᠪᠠ ᠴᠡᠷᠢᠭ ᠤᠨ ᠰᠢᠬᠦᠬᠦ ᠬᠤᠷᠢᠶᠠᠨ ᠤ ᠲᠠᠷᠤᠭ᠎ᠠ ᠶᠢ ᠲᠤᠮᠢᠯᠠᠬᠤ ᠪᠤᠶᠤ ᠪᠠᠭᠤᠯᠭᠠᠨ᠎ᠠ | ︔ | ︵ᠠᠷᠪᠠᠨ ᠬᠤᠶᠠᠷ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ | ᠲᠠᠷᠤᠭ᠎ᠠ᠂ ᠪᠠᠶᠢᠴᠠᠭᠠᠭᠴᠢ᠂ ᠪᠠᠶᠢᠴᠠᠭᠠᠬᠤ ᠺᠤᠮᠢᠰ ᠤᠨ ᠭᠡᠰᠢᠬᠦᠦᠨ ᠪᠠ ᠴᠡᠷᠢᠭ ᠤᠨ ᠪᠠᠶᠢᠴᠠᠭᠠᠬᠤ ᠬᠤᠷᠢᠶᠠᠨ ᠤ | ᠲᠠᠷᠤᠭ᠎ᠠ ᠶᠢ ᠲᠤᠮᠢᠯᠡᠬᠤ ᠪᠤᠶᠤ ᠪᠠᠭᠤᠯᠭᠠᠬᠤ ᠪᠦᠭᠡᠳ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠲᠤᠮᠢᠯᠡᠬᠤ ᠪᠤᠶᠤ ᠪᠠᠭᠤᠯᠭᠠᠬᠤ ᠶᠢ | ᠵᠦᠪᠰᠢᠶᠠᠷᠠᠨ᠎ᠠ︔ | ︵ᠠᠷᠪᠠᠨ ᠭᠤᠷᠪᠠ︶ ᠭᠠᠲᠠᠭᠠᠲᠤ ᠳᠤ ᠰᠠᠭᠤᠬᠤ ᠪᠦᠷᠢᠨ ᠡᠷᠭᠡᠲᠤ ᠲᠦᠯᠦᠭᠡᠯᠡᠭᠴᠢ ᠶᠢ ᠲᠤᠮᠢᠯᠡᠬᠤ ᠪᠤᠶᠤ | ᠪᠠᠭᠤᠯᠭᠠᠬᠤ ᠶᠢ ᠲᠤᠭᠲᠠᠭᠠᠨ᠎ᠠ︔ | ︵ᠠᠷᠪᠠᠨ ᠲᠦᠷᠪᠠ︶ ᠭᠠᠲᠠᠭᠠᠲᠤ ᠤᠯᠤᠰ ᠲᠠᠢ ᠪᠠᠶᠢᠭᠤᠯᠤᠭᠰᠠᠨ ᠭᠡᠷ᠎ᠠ ᠭᠢᠭᠡᠳ ᠴᠢᠬᠤᠯᠠ ᠬᠡᠯᠡᠯᠴᠡᠭᠡᠷ ᠢ | ᠵᠦᠪᠰᠢᠶᠠᠷᠠᠬᠦ ᠪᠠ ᠬᠦᠴᠤᠨ ᠦᠭᠡᠢ ᠪᠤᠯᠭᠠᠬᠤ ᠶᠢ ᠲᠤᠭᠲᠠᠭᠠᠨ᠎ᠠ︔ | ︵ᠠᠷᠪᠠᠨ ᠲᠠᠪᠤ︶ ᠴᠡᠷᠢᠭ ᠤᠨ ᠬᠦᠮᠦᠨ ᠪᠠ ᠭᠠᠲᠠᠭᠠᠲᠤ ᠶᠠᠪᠤᠲᠠᠯ ᠤᠨ ᠠᠵᠢᠯᠲᠠᠨ ᠤ ᠵᠡᠷᠭᠡ ᠴᠤᠯᠠ ᠶᠢᠨ | ᠲᠦᠷᠢᠮ ᠪᠠ ᠪᠤᠰᠤᠤᠨ ᠲᠤᠰᠬᠠᠢ ᠵᠡᠷᠭᠡ ᠴᠤᠯᠠ ᠶᠢᠨ ᠲᠦᠷᠢᠮ ᠢ ᠲᠤᠭᠲᠠᠭᠠᠨ᠎ᠠ︔ | ︵ᠠᠷᠪᠠᠨ ᠵᠢᠷᠭᠤᠭ᠎ᠠ︶ ᠤᠯᠤᠰ ᠤᠨ ᠭᠠᠪᠢᠶ᠎ᠠ ᠶᠢᠨ ᠲᠡᠮᠲᠡᠭ ᠪᠠ ᠬᠦᠨᠲᠤᠲᠤ ᠴᠤᠯᠠ ᠶᠢ ᠲᠤᠭᠲᠠᠭᠠᠬᠤ | ᠪᠦᠭᠡᠳ ᠡᠬᠦᠨ ᠢ ᠤᠯᠭᠤᠬᠤ ᠶᠢ ᠲᠤᠭᠲᠠᠭᠠᠨ᠎ᠠ︔ | ︵ᠠᠷᠪᠠᠨ ᠲᠤᠯᠤᠭ᠎ᠠ︶ ᠤᠨᠴᠨ ᠠᠭᠤᠴᠢᠯᠠᠯ ᠦᠵᠡᠬᠦᠯᠬᠦ ᠶᠢ ᠲᠤᠭᠲᠠᠭᠠᠨ᠎ᠠ︔ | ︵ᠠᠷᠪᠠᠨ ᠨᠠᠢᠮᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ᠂ ᠤᠯᠤᠰ ᠤᠷᠤᠨ ᠭᠡᠷᠪᠠ ᠵᠠᠪᠰᠡᠭᠲᠦ ᠬᠠᠯᠲᠠᠯᠭ᠎ᠠ ᠳᠤ ᠤᠴᠠᠷᠠᠬᠤ | ᠪᠤᠶᠤ ᠲᠦᠷᠢᠮᠡᠭᠡᠶᠢᠯᠡᠯ ᠢ ᠬᠠᠮᠲᠤ ᠪᠠᠷ ᠬᠤᠷᠢᠬᠯᠠᠬᠤ ᠪᠠᠷ ᠲᠤᠭᠲᠠᠭᠠᠭᠰᠠᠨ ᠤᠯᠠᠨ ᠤᠯᠤᠰ ᠤᠨ ᠬᠤᠭᠤᠷᠤᠨᠲᠤᠭᠢ | ᠭᠡᠷ᠎ᠠ ᠶᠢ ᠡᠷᠭᠡᠪᠰᠢ ᠪᠡᠶᠡᠯᠡᠬᠦᠯᠬᠦ ᠪᠠᠶᠢᠲᠠᠯ ᠭᠠᠷᠪᠠᠯ᠂ ᠲᠠᠶᠢᠨ ᠤ ᠪᠠᠶᠢᠲᠠᠯ ᠳᠤ ᠤᠷᠤᠬᠤ ᠶᠢ ᠵᠠᠷᠯᠠᠬᠤ ᠶᠠᠪᠤᠲᠠᠯ ᠢ | ᠲᠤᠭᠲᠠᠭᠠᠨ᠎ᠠ︔ | ︵ᠠᠷᠪᠠ ᠶᠢᠰᠤ︶ ᠤᠯᠤᠰ ᠲᠠᠶᠠᠭᠠᠷ ᠤᠨ ᠶᠠᠷᠤᠩᠭᠡᠢ ᠲᠠᠶᠢᠴᠢᠯᠠᠯᠲᠠ ᠪᠤᠶᠤ ᠭᠡᠰᠡᠭ ᠤᠷᠤᠨ ᠤ | ᠲᠠᠶᠢᠴᠢᠯᠠᠯᠲᠠ ᠶᠢ ᠲᠤᠭᠲᠠᠭᠠᠨ᠎ᠠ︔ | ︵ᠬᠤᠷᠢ︶ ᠪᠦᠬᠦ ᠤᠯᠤᠰ ᠤᠨ ᠪᠤᠶᠤ ᠤᠨᠴᠨ ᠵᠠᠷᠢᠮ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ | ᠬᠠᠷᠢᠶ᠎ᠠ ᠬᠤᠲᠠ ᠶᠢᠨ ᠪᠠᠴᠢᠮ ᠪᠠᠶᠢᠲᠠᠯ ᠳᠤ ᠤᠷᠤᠬᠤ ᠶᠢ ᠲᠤᠭᠲᠠᠭᠠᠨ᠎ᠠ︔ | ︵ᠬᠤᠷᠢᠨ ᠨᠢᠭᠡ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠤᠯᠭᠤᠭᠰᠠᠨ ᠪᠤᠰᠤᠤᠨ ᠡᠷᠭᠡ ᠲᠤᠰᠢᠶᠠᠯ ᠤᠳ ᠢ ᠬᠦᠢᠴᠡᠳᠭᠡᠨ᠎ᠠ᠃ | ᠵᠢᠷᠠᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠠᠷᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠢ ᠡᠷᠭᠢᠯᠡᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠲᠤᠭᠤᠯᠤᠨᠠ᠃ ᠲᠡᠳ᠋ ᠬᠤᠷᠢᠶᠠᠨ ᠲᠠᠷᠤᠭ᠎ᠠ᠂ ᠨᠠᠷᠢᠨ | ᠪᠢᠴᠢᠭ ᠤᠨ ᠲᠠᠷᠤᠭ᠎ᠠ ᠨᠢ ᠬᠤᠷᠢᠶᠠᠨ ᠲᠠᠷᠤᠭ᠎ᠠ ᠶᠢ ᠬᠠᠪᠰᠤᠷᠤᠨ ᠠᠵᠢᠯᠯᠠᠨ᠎ᠠ᠃ | ᠬᠤᠷᠢᠶᠠᠨ ᠲᠠᠷᠤᠭ᠎ᠠ᠂ ᠲᠡᠳ᠋ ᠬᠤᠷᠢᠶᠠᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠨᠠᠷ ᠬᠤᠷᠢᠶᠠᠨ | ᠲᠠᠷᠤᠭ᠎ᠠ ᠶᠢᠨ ᠬᠤᠷᠠᠯ ᠢ ᠪᠦᠷᠢᠯᠲᠦᠬᠦᠯᠦᠭᠡᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠲᠤᠷ ᠲᠤᠲᠤᠮ ᠤᠨ ᠴᠢᠬᠤᠯᠠ ᠠᠵᠢᠯ ᠢ ᠰᠢᠢᠳᠪᠤᠷᠢᠯᠡᠨ᠎ᠠ᠃ | ᠵᠢᠷᠠ ᠶᠢᠰᠤᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠦᠬᠦ ᠤᠯᠤᠰ ᠤᠨ ᠠᠷᠠᠳ ᠤᠨ ᠲᠦᠯᠦᠭᠡᠯᠭᠴᠢᠳ ᠤᠨ ᠶᠡᠭᠡ ᠬᠤᠷᠠᠯ ᠳᠤ ᠬᠠᠷᠢᠭᠤᠴᠠᠬᠤ | ᠪᠦᠭᠡᠳ ᠠᠵᠢᠯ ᠢᠶᠠᠨ ᠮᠡᠲᠡᠬᠦᠯᠦᠨᠠ᠃ | ᠲᠠᠯᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠦᠨᠲᠤᠰᠤᠲᠠᠨ ᠤ ᠺᠤᠮᠢᠰ᠂ ᠬᠠᠤᠯᠢ ᠴᠠᠭᠠᠵᠠ ᠶᠢᠨ ᠺᠤᠮᠢᠰ᠂ ᠡᠳ᠋ ᠤᠨ ᠵᠠᠰᠠᠭ ᠠᠵᠤ ᠠᠬᠤᠢ ᠶᠢᠨ ᠺᠤᠮᠢᠰ᠂ ᠰᠤᠷᠭᠠᠨ | ᠬᠦᠮᠦᠵᠢᠯ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠡᠷᠡᠬᠦᠯ ᠬᠠᠮᠠᠭᠠᠯᠠᠯ ᠤᠨ ᠺᠤᠮᠢᠰ᠂ ᠲᠤᠮᠲᠠᠲᠤ ᠶᠢᠨ ᠬᠠᠷᠢᠶᠠᠲᠤ | ᠨᠠᠷ ᠤᠨ ᠺᠤᠮᠢᠰ ᠭᠢᠭᠡᠳ ᠪᠠᠶᠢᠭᠤᠯᠬᠤ ᠴᠢᠬᠤᠯᠠ ᠲᠠᠢ ᠪᠤᠰᠤᠤᠨ ᠲᠤᠰᠬᠠᠢ ᠺᠤᠮᠢᠰ ᠤᠳ ᠢ ᠪᠠᠶᠢᠭᠤᠯᠤᠨ᠎ᠠ᠃ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ | ᠂ ᠲᠤᠰᠬᠠᠢ ᠺᠤᠮᠢᠰ ᠤᠳ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠤᠲᠤᠷᠢᠲᠤᠯᠭ᠎ᠠ ᠶᠢ ᠬᠦᠯᠢᠶᠠᠨ᠎ᠠ᠃ | ᠲᠤᠰᠬᠠᠢ ᠺᠤᠮᠢᠰ ᠤᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠲᠤᠷᠢᠲᠤᠯᠭ᠎ᠠ | ᠲᠤᠤᠷ᠎ᠡ ᠬᠤᠯᠪᠤᠭᠲᠠᠯ ᠪᠦᠭᠦᠢ ᠰᠠᠨᠠᠯ ᠵᠦᠪᠯᠡᠯᠭᠡ ᠨᠦᠭᠦᠳ ᠢ ᠰᠤᠲᠤᠯᠤᠨ ᠭᠢᠨᠠᠬᠤ ᠪᠤᠶᠤ ᠲᠤᠭᠤᠷᠪᠢᠨ ᠲᠤᠭᠲᠠᠭᠠᠨ᠎ᠠ᠃ | | ᠲᠠᠯᠠᠨ ᠨᠢᠭᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠴᠢᠬᠤᠯᠠ ᠲᠠᠢ ᠭᠡᠵᠤ ᠦᠵᠡᠪᠠᠯ᠂ ᠲᠤᠰᠬᠠᠢ ᠠᠰᠠᠭᠤᠲᠠᠯ ᠤᠨ ᠲᠤᠬᠠᠢ ᠪᠠᠶᠢᠴᠠᠭᠠᠬᠤ ᠺᠤᠮᠢᠰ ᠪᠠᠶᠢᠭᠤᠯᠵᠤ ᠪᠤᠯᠬᠤ | ᠪᠦᠭᠡᠳ ᠪᠠᠢᠴᠠᠭᠠᠬᠤ ᠺᠤᠮᠢᠰ ᠤᠨ ᠮᠡᠲᠡᠬᠦᠯᠦᠯᠲᠠ ᠶᠢ ᠦᠨᠲᠤᠰᠤᠯᠠᠨ ᠵᠤᠬᠢᠴᠠᠩᠭᠤᠢ ᠰᠢᠢᠳᠪᠤᠷᠢ ᠭᠠᠷᠭᠠᠵᠤ ᠪᠤᠯᠤᠨ᠎ᠠ᠃ | | ᠪᠠᠶᠢᠴᠠᠭᠠᠬᠤ ᠺᠤᠮᠢᠰ ᠪᠠᠶᠢᠴᠠᠭᠠᠯᠲᠠ ᠭᠢᠬᠦ ᠦᠶ᠎ᠠ ᠳᠤ᠂ ᠬᠤᠯᠪᠤᠭᠲᠠᠯ ᠪᠦᠭᠦᠢ ᠲᠦᠷᠤ ᠶᠢᠨ ᠪᠠᠶᠢᠭᠤᠯᠭ᠎ᠠ᠂ | ᠨᠠᠶᠢᠭᠡᠮ ᠤᠨ ᠪᠦᠯᠭᠦᠮ ᠭᠢᠭᠡᠳ ᠠᠷᠠᠳ ᠢᠷᠭᠡᠳ ᠲᠡᠭᠦᠨ ᠳᠤ ᠭᠡᠷᠡᠭᠴᠡᠭᠡ ᠲᠠᠢ ᠮᠡᠲ᠋ᠧᠷᠢᠶᠠᠯ ᠤᠯᠭᠤᠵᠤ ᠦᠭᠬᠦ | ᠡᠬᠦᠷᠭᠡ ᠲᠠᠢ᠃ | ᠲᠠᠯᠠᠨ ᠬᠤᠶᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠷᠢᠯᠲᠤᠭᠦᠨ ᠨᠠᠷ᠂ ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠡ ᠲᠤᠰᠢᠶᠠᠯ ᠤᠨ ᠭᠡᠪᠴᠢᠶᠠᠨ ᠳᠠᠬᠢ ᠰᠠᠨᠠᠯ ᠵᠦᠪᠯᠡᠯᠭᠡ ᠨᠦᠭᠦᠳ ᠢ ᠲᠤᠰ ᠲᠤᠰ | ᠲᠤᠷᠠᠳᠬᠤ ᠡᠷᠭᠡ ᠲᠠᠢ᠃ | ᠲᠠᠯᠠᠨ ᠭᠤᠷᠪᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠤ ᠬᠤᠭᠤᠴᠠᠭᠠᠨ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠪᠠᠶᠢᠩᠭᠤ ᠶᠢᠨ ᠬᠤᠷᠢᠶᠠᠨ ᠤ ᠬᠤᠷᠠᠯᠲᠤᠭᠠᠨ ᠤ ᠬᠤᠭᠤᠴᠠᠭᠠᠨ ᠳᠤ᠂ | ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠲᠦᠷᠤ ᠶᠢᠨ ᠶᠠᠪᠤᠲᠠᠯ ᠤᠨ ᠬᠤᠷᠢᠶ᠎ᠠ ᠪᠤᠶᠤ ᠲᠦᠷᠤ ᠶᠢᠨ | ᠶᠠᠪᠤᠲᠠᠯ ᠤᠨ ᠬᠤᠷᠢᠶᠠᠨ ᠤ ᠶᠠᠮᠤᠤᠨ ᠬᠤᠷᠢᠶᠠᠳ ᠠᠴᠠ ᠲᠤᠯᠭᠠᠨ ᠠᠰᠭᠠᠤᠬᠤ ᠰᠠᠨᠠᠯ ᠲᠤᠷᠠᠳᠬᠤ ᠡᠷᠭᠡ ᠲᠠᠢ᠃ | ᠠᠰᠠᠭᠤᠭᠲᠠᠭᠰᠠᠨ ᠪᠠᠶᠢᠭᠤᠯᠭ᠎ᠠ ᠡᠷᠭᠡᠪᠰᠢ ᠬᠠᠷᠢᠭᠤᠴᠠᠵᠤ ᠪᠠᠶᠢᠭᠠᠳ ᠬᠠᠷᠢᠭᠤᠯᠲᠠ ᠦᠭᠬᠦ ᠭᠡᠷᠡᠭᠲᠠᠢ᠃ | ᠲᠠᠯᠠᠨ ᠲᠦᠷᠪᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠤ ᠲᠡᠷᠢᠬᠦᠯᠡᠭᠴᠢᠳ ᠤᠨ ᠪᠦᠯᠭᠦᠮ ᠤᠨ ᠵᠦᠪᠰᠢᠶᠠᠷᠠᠯ ᠦᠭᠡᠢ ᠪᠠᠷ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠ ᠲᠡᠬᠦᠰᠦᠭᠰᠡᠨ ᠬᠤᠭᠤᠴᠠᠭᠠᠨ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠦᠪᠰᠢᠶᠠᠷᠠᠯ ᠦᠭᠡᠢ ᠪᠠᠷ | ᠪᠠᠷᠢᠪᠴᠢᠯᠠᠬᠤ ᠪᠤᠶᠤ ᠡᠷᠡᠬᠦᠦ ᠶᠢᠨ ᠭᠡᠷᠡᠭ ᠢᠶᠠᠷ ᠰᠢᠬᠦᠵᠤ ᠪᠤᠯᠬᠤ ᠦᠭᠡᠢ᠃ | ᠲᠠᠯᠠᠨ ᠲᠠᠪᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠡᠯ᠎ᠠ ᠵᠦᠢᠯ ᠤᠨ ᠬᠤᠷᠠᠯᠳᠣᠭᠠᠨ ᠲᠡᠭᠡᠷ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠭᠡᠯᠡᠭᠰᠠᠨ ᠦᠭᠡ ᠪᠠ ᠦᠭᠬᠦᠭᠰᠡᠨ ᠰᠠᠨᠠᠯ ᠢ ᠬᠠᠤᠯᠢ ᠴᠠᠭᠠᠵᠠ ᠪᠠᠷ ᠨᠡᠭᠡᠮᠵᠢᠯᠡᠵᠤ ᠪᠤᠯᠬᠤ | ᠦᠭᠡᠢ᠃ | ᠲᠠᠯᠠᠨ ᠵᠢᠷᠭᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠡᠷᠭᠡᠪᠰᠢ ᠦᠨᠲᠤᠰᠤᠨ ᠬᠠᠤᠯᠢ ᠪᠠ ᠬᠠᠤᠯᠢ ᠴᠠᠭᠠᠵᠠ ᠶᠢ ᠵᠢᠱᠢᠶᠠᠴᠢ ᠪᠠᠷ ᠵᠢᠷᠤᠮᠯᠠᠨ᠂ ᠤᠯᠤᠰ | ᠤᠷᠤᠨ ᠤ ᠨᠢᠭᠤᠴᠨ ᠶᠢ ᠬᠠᠮᠠᠭᠠᠯᠠᠬᠤ ᠶᠢᠨ ᠬᠠᠮᠲᠤ ᠦᠪᠡᠷ ᠤᠨ ᠤᠷᠤᠯᠴᠠᠭᠰᠠᠨ ᠦᠢᠯᠡᠳᠪᠤᠷᠢᠯᠡᠯ᠂ ᠠᠵᠢᠯ ᠪᠠ | ᠨᠠᠶᠢᠭᠡᠮ ᠤᠨ ᠠᠵᠢᠯᠯᠠᠭᠠᠨ ᠤ ᠲᠤᠮᠲᠠ ᠪᠠᠨ ᠦᠨᠲᠤᠰᠤᠨ ᠬᠠᠤᠯᠢ᠂ ᠬᠠᠤᠯᠢ ᠴᠠᠭᠠᠵᠠ ᠶᠢ ᠭᠡᠷᠡᠭᠵᠢᠬᠦᠯᠬᠦ ᠳᠤ | ᠬᠠᠪᠰᠤᠷᠴᠤ ᠲᠤᠰᠠᠯᠠᠬᠤ ᠭᠡᠷᠡᠭᠲᠠᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠨᠢ ᠤᠭ | ᠰᠤᠩᠭᠤᠭᠰᠠᠨ ᠨᠢᠭᠡᠴᠢ ᠪᠤᠯᠤᠨ ᠠᠷᠠᠳ ᠲᠦᠮᠠᠨ ᠲᠠᠢ ᠦᠷᠬᠦᠯᠵᠢ ᠨᠢᠭᠲᠠ ᠬᠠᠷᠢᠯᠴᠠᠵᠤ᠂ ᠠᠷᠠᠳ ᠲᠦᠮᠠᠨ ᠤ ᠰᠠᠨᠠᠯ | ᠱᠠᠭᠠᠷᠲᠠᠯᠭ᠎ᠠ ᠶᠢ ᠰᠤᠨᠤᠰᠴᠤ ᠲᠤᠰᠬᠠᠨ᠂ ᠠᠷᠠᠳ ᠲᠦᠮᠠᠨ ᠳᠤ ᠴᠢᠷᠮᠠᠶᠢᠨ ᠦᠢᠯᠡᠴᠢᠯᠡᠬᠦ ᠭᠡᠷᠡᠭᠲᠡᠢ᠃ | ᠲᠠᠯᠠᠨ ᠲᠤᠯᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠨᠢ ᠤᠭ ᠰᠤᠩᠭᠤᠭᠰᠠᠨ | ᠨᠢᠭᠡᠴᠡ ᠶᠢᠨ ᠢᠶᠠᠨ ᠭᠢᠨᠠᠯᠲᠠ ᠶᠢ ᠬᠦᠯᠢᠶᠠᠨ᠎ᠠ᠃ ᠤᠭ ᠰᠤᠩᠭᠤᠭᠰᠠᠨ ᠨᠢᠭᠡᠴᠡ ᠨᠢ ᠬᠠᠤᠯᠢ ᠳᠤ ᠲᠤᠭᠲᠠᠭᠠᠭᠰᠠᠨ | ᠵᠢᠷᠤᠮ ᠶᠤᠰᠤᠭᠠᠷ ᠲᠤᠰ ᠨᠢᠭᠡᠴᠡ ᠶᠢᠨ ᠰᠤᠩᠭᠤᠭᠰᠠᠨ ᠲᠦᠯᠦᠭᠡᠯᠡᠭᠴᠢ ᠪᠠᠨ ᠪᠠᠭᠤᠯᠭᠠᠬᠤ ᠡᠷᠭᠡ ᠲᠠᠢ᠃ | ᠲᠠᠯᠠᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠵᠤᠬᠢᠶᠠᠨ ᠪᠠᠶᠢᠭᠤᠯᠤᠯᠲᠠ ᠪᠠ ᠠᠵᠢᠯ ᠤᠨ ᠵᠢᠷᠤᠮ ᠢ ᠬᠠᠤᠯᠢ ᠪᠠᠷ ᠲᠤᠭᠲᠠᠭᠠᠨ᠎ᠠ᠃ | ᠬᠤᠶᠠᠲᠤᠭᠠᠷ ᠭᠡᠰᠡᠭ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠳᠠᠯ᠎ᠠ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ | ᠲᠡᠳ᠋ ᠲᠡᠷᠢᠬᠦᠯᠡᠭᠴᠢ ᠶᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠰᠤᠩᠭᠤᠨ᠎ᠠ᠃ | ᠰᠤᠩᠭᠤᠬᠤ ᠡᠷᠭᠡ ᠪᠠ ᠰᠤᠩᠭᠤᠭᠲᠠᠬᠤ ᠡᠷᠭᠡ ᠲᠠᠢ ᠪᠦᠬᠦᠯᠢ ᠲᠦᠴᠢᠨ ᠲᠠᠪᠤᠨ ᠨᠠᠰᠤᠨ ᠳᠤ ᠬᠦᠷᠦᠭᠰᠡᠨ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠪᠦᠬᠦᠨ ᠪᠦᠬᠦᠲᠠ ᠨᠠᠶᠢᠷᠠᠮᠲᠠᠬᠤ ᠲᠤᠮᠲᠠᠲᠤ | ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠᠷ ᠰᠤᠩᠭᠤᠭᠲᠠᠵᠤ ᠪᠤᠯᠤᠨ᠎ᠠ᠃ | ᠪᠦᠬᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ | ᠬᠤᠭᠤᠴᠠᠭ᠎ᠠ ᠠᠴᠠ ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ | ᠨᠠᠶᠠᠲᠤᠭᠠᠷ ᠵᠦᠢᠯ ᠪᠦᠬᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠲᠠᠭᠠᠯ ᠢ ᠦᠨᠲᠤᠰᠤᠯᠠᠨ ᠬᠠᠤᠯᠢ | ᠴᠠᠭᠠᠵᠠ ᠶᠢ ᠨᠠᠶᠢᠲᠡᠯᠡᠨ᠎ᠠ᠂ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ | ᠂ ᠲᠦᠷᠤ ᠶᠢᠨ ᠶᠠᠪᠤᠲᠠᠯ ᠤᠨ ᠭᠡᠰᠢᠬᠦᠦᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠬᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠶᠢ ᠲᠤᠰᠢᠶᠠᠯ ᠳᠤ ᠲᠤᠮᠢᠯᠠᠬᠤ ᠪᠤᠶᠤ ᠲᠤᠰᠢᠶᠠᠯ ᠠᠴᠠ | ᠪᠠᠭᠤᠯᠭᠠᠨ᠎ᠠ᠂ ᠤᠯᠤᠰ ᠤᠨ ᠭᠠᠪᠢᠶ᠎ᠠ ᠶᠢᠨ ᠲᠡᠮᠲᠡᠭ ᠪᠠ ᠬᠦᠨᠲᠤᠲᠤ ᠴᠤᠯᠠ ᠶᠢ ᠤᠯᠭᠤᠨ᠎ᠠ᠂ ᠤᠨᠴᠨ | ᠠᠭᠤᠴᠢᠯᠠᠯ ᠤᠨ ᠵᠠᠷᠯᠢᠭ ᠢ ᠨᠡᠶᠢᠲᠡᠯᠠᠨᠠ᠂ ᠪᠠᠴᠢᠮ ᠪᠠᠶᠢᠲᠠᠯ ᠳᠤ ᠤᠷᠤᠭᠰᠠᠨ ᠢ ᠵᠠᠷᠯᠠᠨ᠎ᠠ᠂ ᠲᠠᠶᠢᠨ ᠤ ᠪᠠᠶᠢᠲᠠᠯ ᠳᠤ | ᠤᠷᠤᠭᠰᠠᠨ ᠢ ᠵᠠᠷᠯᠠᠨ᠎ᠠ᠂ ᠲᠠᠶᠢᠴᠢᠯᠠᠯᠲᠠ ᠶᠢᠨ ᠵᠠᠷᠯᠢᠭ ᠢ ᠵᠠᠷᠯᠠᠨ᠎ᠠ᠃ | ᠨᠠᠶᠠᠨ ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠢ ᠲᠦᠯᠦᠭᠡᠯᠡᠨ ᠲᠦᠷᠤ ᠶᠢᠨ ᠠᠵᠢᠯᠯᠠᠭ᠎ᠠ ᠶᠠᠪᠤᠭᠤᠯᠵᠤ᠂ | ᠭᠠᠲᠠᠭᠠᠲᠤ ᠶᠢᠨ ᠡᠯᠴᠢᠨ ᠰᠠᠶᠢᠳ ᠢ ᠬᠦᠯᠢᠶᠠᠨ ᠠᠪᠤᠨ᠎ᠠ︔ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠲᠠᠭᠠᠯ ᠢ ᠦᠨᠲᠤᠰᠤᠯᠠᠨ᠂ ᠭᠠᠲᠠᠭᠠᠲᠤ ᠳᠤ ᠰᠠᠭᠤᠬᠤ ᠪᠦᠷᠢᠨ | ᠡᠷᠭᠡᠲᠤ ᠲᠦᠯᠦᠭᠡᠯᠡᠭᠴᠢ ᠶᠢ ᠲᠤᠮᠢᠯᠠᠬᠤ ᠪᠤᠶᠤ ᠡᠭᠡᠬᠦᠯᠦᠨ ᠠᠪᠴᠢᠷᠠᠨ᠎ᠠ᠂ ᠭᠠᠲᠠᠭᠠᠲᠤ ᠲᠠᠢ ᠪᠠᠶᠢᠭᠤᠯᠤᠭᠰᠠᠨ ᠭᠡᠷ᠎ᠠ | ᠪᠤᠯᠤᠨ ᠴᠢᠬᠤᠯᠠ ᠭᠡᠯᠡᠯᠴᠡᠭᠡᠷ ᠢ ᠵᠦᠪᠰᠢᠶᠠᠷᠠᠬᠦ ᠪᠤᠶᠤ ᠬᠦᠴᠤᠨ ᠦᠭᠡᠢ ᠪᠤᠯᠭᠠᠨ᠎ᠠ᠃ | ᠨᠠᠶᠠᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠳ᠋ | ᠲᠡᠷᠢᠬᠦᠯᠡᠭᠴᠢ ᠨᠢ ᠲᠡᠷᠢᠬᠦᠯᠡᠭᠴᠢ ᠶᠢ ᠬᠠᠪᠰᠤᠷᠤᠨ ᠠᠵᠢᠯᠯᠠᠨ᠎ᠠ᠃ ᠪᠦᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠲᠡᠳ᠋ ᠲᠡᠷᠢᠬᠦᠯᠡᠭᠴᠢ ᠨᠢ ᠲᠡᠷᠢᠬᠦᠯᠡᠭᠴᠢ ᠶᠢᠨ ᠭᠡᠰᠡᠭ ᠡᠷᠭᠡ ᠲᠤᠰᠢᠶᠠᠯ ᠢ ᠤᠷᠤᠯᠠᠨ ᠬᠦᠢᠴᠡᠳᠭᠡᠵᠤ | ᠪᠤᠯᠤᠨ᠎ᠠ᠃ | ᠨᠠᠶᠠᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ | ᠲᠡᠳ᠋ ᠲᠡᠷᠢᠬᠦᠯᠡᠭᠴᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠠᠴᠠ ᠰᠤᠩᠭᠤᠭᠲᠠᠭᠰᠠᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢ ᠲᠤᠰᠢᠶᠠᠯ ᠳᠤ ᠭᠠᠷᠬᠤ ᠪᠤᠯᠲᠠᠯ᠎ᠠ ᠡᠷᠭᠡ | ᠲᠤᠰᠢᠶᠠᠯ ᠢᠶᠠᠨ ᠬᠦᠢᠴᠡᠳᠭᠡᠨ᠎ᠡ᠃ | ᠨᠠᠶᠠᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠲᠡᠷᠢᠬᠦᠯᠡᠭᠴᠢ ᠶᠢᠨ ᠤᠷᠤ ᠰᠤᠯᠠ ᠭᠠᠷᠪᠠᠯ᠂ ᠲᠡᠷᠢᠬᠦᠯᠡᠭᠴᠢ ᠶᠢᠨ ᠲᠤᠰᠢᠶᠠᠯ ᠢ ᠲᠡᠳ᠋ ᠲᠡᠷᠢᠬᠦᠯᠡᠭᠴᠢ ᠵᠠᠯᠭᠠᠮᠵᠢᠯᠠᠨ | ᠬᠠᠷᠢᠭᠤᠴᠠᠨ᠎ᠠ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠳ᠋ ᠲᠡᠷᠢᠬᠦᠯᠡᠭᠴᠢ ᠶᠢᠨ ᠤᠷᠤ ᠰᠤᠯᠠ ᠭᠠᠷᠪᠠᠯ᠂ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠦᠬᠦᠪᠤᠷᠢᠯᠠᠨ ᠰᠤᠩᠭᠤᠨ᠎ᠠ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢᠨ ᠤᠷᠤ | ᠴᠦᠮ ᠰᠤᠯᠠ ᠭᠠᠷᠪᠠᠯ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠦᠬᠦᠪᠤᠷᠢᠯᠡᠨ | ᠰᠤᠩᠭᠤᠨ᠎ᠠ︔ ᠨᠦᠬᠦᠪᠤᠷᠢᠯᠠᠨ ᠰᠤᠩᠭᠤᠵᠤ ᠭᠠᠷᠭᠠᠬᠤ ᠠᠴᠠ ᠡᠮᠤᠨ᠎ᠠ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠤᠭ᠎ᠠ ᠠᠴᠠ ᠲᠡᠷᠢᠬᠦᠯᠡᠭᠴᠢ ᠶᠢᠨ | ᠲᠤᠰᠢᠶᠠᠯ ᠢ ᠲᠦᠷ ᠤᠷᠤᠯᠠᠨᠠ᠃ | ᠭᠤᠷᠪᠠᠲᠤᠭᠠᠷ ᠭᠡᠰᠡᠭ ᠲᠦᠷᠤ ᠶᠢᠨ ᠶᠠᠪᠤᠲᠠᠯ ᠤᠨ ᠬᠤᠷᠢᠶ᠎ᠠ | ᠨᠠᠶᠠᠨ ᠲᠠᠪᠤᠲᠤᠭᠠᠷ ᠵᠦᠢᠯ ᠠᠷᠠᠳ ᠤᠨ ᠲᠦᠪ ᠵᠠᠰᠠᠭ ᠤᠨ ᠤᠷᠲᠤᠨ ᠪᠤᠯᠬᠤ ᠪᠦᠬᠦᠲᠠ ᠨᠠᠶᠢᠷᠠᠮᠲᠠᠬᠤ | ᠲᠤᠮᠲᠠᠲᠤ ᠠᠷᠠᠳ ᠤᠯᠤᠰ ᠤᠨ ᠲᠦᠷᠤ ᠶᠢᠨ ᠶᠠᠪᠤᠲᠠᠯ ᠤᠨ ᠬᠤᠷᠢᠶ᠎ᠠ ᠪᠤᠯ ᠲᠦᠷᠤ ᠶᠢᠨ ᠲᠡᠭᠡᠲᠤ ᠡᠷᠭᠡᠲᠤ | ᠪᠠᠶᠢᠭᠤᠯᠭ᠎ᠠ ᠶᠢᠨ ᠬᠦᠢᠴᠡᠳᠭᠡᠬᠦ ᠪᠠᠶᠢᠭᠤᠯᠭ᠎ᠠ ᠮᠦᠨ᠂ ᠲᠦᠷᠤ ᠶᠢᠨ ᠲᠡᠭᠡᠲᠤ ᠡᠷᠭᠡᠲᠤ ᠵᠠᠰᠠᠭ ᠵᠠᠭᠢᠷᠭᠠᠨ ᠤ | ᠪᠠᠶᠢᠭᠤᠯᠭ᠎ᠠ ᠮᠦᠨ᠃ | ᠨᠠᠶᠠᠨ ᠵᠢᠷᠭᠤᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠲᠤᠤᠷᠠᠭᠢ ᠬᠦᠮᠦᠰ ᠢᠶᠠᠷ | ᠪᠦᠷᠢᠯᠲᠤᠨᠠ᠄ | ᠶᠡᠷᠤᠩᠭᠡᠢ ᠰᠠᠶᠢᠳ᠂ | ᠲᠡᠳ᠋ ᠶᠡᠷᠤᠩᠭᠡᠢ ᠰᠠᠶᠢᠳ ᠨᠠᠷ᠂ | ᠲᠦᠷᠤ ᠶᠢᠨ ᠶᠠᠪᠤᠲᠠᠯ ᠤᠨ ᠭᠡᠰᠢᠬᠦᠤᠨ᠂ | ᠶᠠᠮᠤᠤᠨ ᠤᠨ ᠰᠠᠶᠢᠳ ᠨᠠᠷ᠂ | ᠬᠤᠷᠢᠶᠠᠳ ᠤᠨ ᠡᠷᠭᠢᠯᠡᠭᠴᠢ᠂ | ᠨᠢᠭᠲᠠᠯᠠᠨ ᠪᠠᠶᠢᠴᠠᠭᠠᠬᠤ ᠲᠠᠷᠤᠭ᠎ᠠ᠂ | ᠨᠠᠷᠢᠨ ᠪᠢᠴᠢᠭ ᠤᠨ ᠲᠠᠷᠤᠭ᠎ᠠ᠃ | ᠲᠦᠷᠤ ᠶᠢᠨ ᠶᠠᠪᠤᠲᠠᠯ ᠤᠨ ᠬᠤᠷᠢᠶ᠎ᠠ ᠳᠤ ᠶᠡᠷᠤᠩᠭᠡᠢ ᠰᠠᠶᠢᠳ ᠤᠨ ᠬᠠᠷᠢᠭᠤᠴᠠᠬᠤ ᠲᠦᠷᠢᠮ ᠢ ᠶᠠᠪᠤᠭᠤᠯᠤᠨ᠎ᠠ | ᠃ | ᠶᠠᠮᠤᠤᠨ᠂ ᠬᠤᠷᠢᠶᠠᠳ ᠤᠨ ᠰᠠᠶᠢᠳ᠂ ᠡᠷᠭᠢᠯᠡᠭᠴᠢ ᠶᠢᠨ ᠬᠠᠷᠢᠭᠤᠴᠠᠬᠤ ᠲᠦᠷᠢᠮ ᠢ ᠶᠠᠪᠤᠭᠤᠯᠤᠨ᠎ᠠ᠃ | ᠲᠦᠷᠤ ᠶᠢᠨ ᠶᠠᠪᠤᠲᠠᠯ ᠤᠨ ᠬᠤᠷᠢᠶᠠᠨ ᠤ ᠵᠤᠬᠢᠶᠠᠨ ᠪᠠᠶᠢᠭᠤᠯᠤᠯᠲᠠ ᠶᠢ ᠬᠠᠤᠯᠢ ᠪᠠᠷ ᠲᠤᠭᠲᠠᠭᠠᠨ᠎ᠠ᠃ | ᠨᠠᠶᠠᠨ ᠲᠤᠯᠤᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶᠠᠨ ᠤ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ | ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ ᠭᠡᠰᠢᠬᠦᠨ ᠨᠠᠷ ᠵᠠᠯᠭ᠎ᠠ ᠪᠠᠷ | ᠬᠤᠶᠠᠷ ᠬᠤᠭᠤᠴᠠᠭ᠎ᠠ ᠠᠴᠠ ᠢᠯᠡᠭᠦᠣ ᠲᠤᠰᠢᠶᠠᠯ ᠬᠠᠷᠢᠭᠤᠴᠠᠵᠦ ᠪᠤᠯᠬᠤ ᠦᠭᠡᠢ᠃ | ᠨᠠᠶᠠᠨ ᠨᠠᠢᠮᠠᠳᠣᠭᠠᠷ ᠵᠦᠢᠯ ᠶᠡᠷᠤᠩᠭᠡᠢ ᠰᠠᠶᠢᠳ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ | ᠣᠳᠣᠷᠢᠳᠣᠨ᠎ᠠ᠃ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ ᠭᠡᠰᠢᠬᠦᠨ ᠨᠢ ᠶᠠᠷᠦᠩᠭᠡᠢ ᠰᠠᠶᠢᠳ ᠢ | ᠬᠠᠪᠰᠣᠷᠣᠨ ᠠᠵᠢᠯᠯᠠᠨ᠎ᠠ᠃ | ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ ᠭᠡᠰᠢᠬᠦᠨ᠂ ᠨᠠᠷᠢᠨ | ᠪᠢᠴᠢᠭ ᠤᠨ ᠲᠠᠷᠤᠭ᠎ᠠ ᠨᠠᠷ ᠲᠦᠷᠤ ᠶᠢᠨ ᠶᠠᠪᠤᠲᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠪᠦᠷᠢᠯᠲᠤᠭᠦᠯᠦᠨᠠ᠃ | ᠶᠡᠷᠤᠩᠭᠡᠢ ᠰᠠᠶᠢᠳ ᠲᠦᠷᠤ ᠶᠢᠨ ᠶᠠᠪᠤᠲᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠪᠠ ᠲᠦᠷᠤ ᠶᠢᠨ | ᠶᠠᠪᠤᠲᠠᠯ ᠤᠨ ᠬᠤᠷᠢᠶᠠᠨ ᠤ ᠪᠦᠬᠦᠲᠠ ᠬᠤᠷᠠᠯ ᠢ ᠬᠤᠷᠠᠯᠲᠤᠭᠤᠯᠬᠤ ᠪᠦᠭᠡᠳ ᠡᠷᠭᠢᠯᠡᠨ᠎ᠠ᠃ | ᠨᠠᠶᠠ ᠶᠢᠰᠤᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠲᠤᠤᠷ᠎ᠠ ᠵᠢᠭᠰᠠᠭᠠᠭᠰᠠᠨ ᠡᠷᠭᠡ | ᠲᠤᠰᠢᠶᠠᠯ ᠤᠳ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠪᠠ ᠬᠠᠤᠯᠢ ᠴᠭᠠᠵᠠ ᠶᠢ ᠦᠨᠲᠤᠰᠤᠯᠠᠨ᠂ ᠵᠠᠰᠠᠭ ᠵᠠᠭᠢᠷᠭᠠᠨ ᠤ ᠠᠷᠭ᠎ᠠ | ᠭᠡᠮᠵᠢᠶ᠎ᠠ ᠶᠢ ᠲᠤᠭᠲᠠᠭᠠᠵᠤ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠢ ᠲᠤᠭᠲᠠᠭᠠᠵᠤ᠂ ᠲᠤᠭᠲᠠᠭᠠᠯ ᠪᠠ ᠵᠠᠷᠯᠢᠭ ᠢ | ᠨᠠᠶᠢᠲᠡᠯᠡᠨ᠎ᠠ︔ | ︵ᠬᠤᠶᠠᠷ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠰᠠᠨᠠᠯ ᠵᠦᠪᠯᠡᠯᠭᠡ | ᠲᠤᠷᠠᠲᠤᠨᠠ︔ | ︵ᠭᠤᠷᠪᠠ︶ ᠶᠠᠮᠤᠤᠨ ᠬᠤᠷᠢᠶᠠᠳ ᠤᠨ ᠡᠬᠦᠷᠭᠡ ᠪᠠ ᠲᠤᠰᠢᠶᠠᠯ ᠬᠠᠷᠢᠭᠤᠴᠠᠯᠭ᠎ᠠ ᠶᠢ ᠲᠤᠭᠲᠠᠭᠠᠵᠤ᠂ | ᠶᠠᠮᠤᠤᠨ ᠬᠤᠷᠢᠶᠠᠳ ᠤᠨ ᠠᠵᠢᠯ ᠢ ᠨᠢᠭᠡᠲᠤᠯᠲᠠᠢ ᠤᠲᠤᠷᠢᠳᠬᠤ ᠪᠦᠭᠡᠳ ᠶᠠᠮᠤᠤᠨ ᠬᠤᠷᠢᠶᠠᠳ ᠲᠤ ᠦᠯᠦ | ᠬᠠᠷᠢᠶᠠᠯᠠᠭᠲᠠᠬᠤ ᠪᠦᠬᠦ ᠤᠯᠤᠰ ᠤᠨ ᠴᠢᠨᠠᠷᠲᠠᠢ ᠵᠠᠰᠠᠭ ᠵᠠᠭᠢᠷᠭᠠᠨ ᠤ ᠠᠵᠢᠯ ᠢ ᠤᠲᠤᠷᠢᠲᠤᠨ᠎ᠠ︔ | ︵ᠲᠦᠷᠪᠠ︶ ᠪᠦᠬᠦ ᠤᠯᠤᠰ ᠤᠨ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠵᠠᠰᠠᠭ ᠵᠠᠭᠢᠷᠭᠠᠨ ᠤ | ᠪᠠᠶᠢᠭᠤᠯᠭ᠎ᠠ ᠶᠢᠨ ᠠᠵᠢᠯ ᠢ ᠨᠢᠭᠡᠲᠤᠯᠲᠠᠢ ᠤᠲᠤᠷᠢᠳᠴᠤ᠂ ᠲᠦᠪ ᠪᠤᠯᠤᠨ ᠮᠤᠵᠢ᠂ ᠦᠪᠠᠷᠲᠠᠭᠡᠨ ᠵᠠᠰᠠᠬᠤ ᠤᠷᠤᠨ᠂ | ᠰᠢᠭᠤᠤᠨ ᠬᠠᠷᠢᠶ᠎ᠠ ᠬᠤᠲᠠ ᠶᠢᠨ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠡᠷᠭᠡ ᠲᠤᠰᠢᠶᠠᠯ ᠤᠨ ᠪᠤᠲᠠᠲᠠᠢ | ᠬᠤᠪᠢᠶᠠᠷᠢᠯᠠᠯ ᠢ ᠲᠤᠭᠲᠠᠭᠠᠨ᠎ᠠ︔ | ︵ᠲᠠᠪᠤ︶ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ᠂ | ᠤᠯᠤᠰ ᠤᠨ ᠲᠦᠰᠤᠪ ᠢ ᠨᠠᠶᠢᠷᠠᠭᠤᠯᠤᠨ ᠲᠤᠭᠲᠠᠭᠠᠬᠤ ᠪᠦᠭᠡᠳ ᠭᠦᠢᠴᠡᠳᠬᠡᠨ᠎ᠡ︔ | ︵ᠵᠢᠷᠭᠤᠭ᠎ᠠ︶ ᠠᠵᠤ ᠠᠬᠤᠢ ᠶᠢᠨ ᠠᠵᠢᠯ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢ | ᠤᠲᠤᠷᠢᠲᠤᠨ ᠬᠠᠮᠢᠶᠠᠷᠤᠨ᠎ᠠ︔ | ︵ᠲᠤᠯᠤᠭ᠎ᠠ︶ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠪᠤᠯᠪᠠᠰᠤᠷᠠᠯ᠂ ᠡᠷᠡᠬᠦᠯ ᠬᠠᠮᠠᠭᠠᠯᠠᠯ | ᠂ ᠪᠡᠶ᠎ᠠ ᠶᠢᠨ ᠲᠠᠮᠢᠷ ᠪᠤᠯᠤᠨ ᠲᠦᠯᠦᠪᠯᠡᠭᠡᠲᠠᠢ ᠪᠠᠷ ᠭᠡᠤᠭᠡᠤᠨ ᠠᠪᠬᠤ ᠠᠵᠢᠯ ᠢ ᠤᠲᠤᠷᠢᠲᠤᠨ ᠬᠠᠮᠢᠶᠠᠷᠤᠨ᠎ᠠ︔ | ︵ᠨᠠᠢᠮᠠ︶ ᠠᠷᠠᠳ ᠤᠨ ᠶᠠᠪᠤᠲᠠᠯ᠂ ᠲᠤᠲᠤᠭᠠᠲᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ | ᠵᠠᠭᠢᠷᠭ᠎ᠠ ᠪᠠ ᠭᠢᠨᠠᠨ ᠪᠠᠶᠢᠴᠠᠭᠠᠬᠤ ᠵᠠᠷᠭᠡ ᠠᠵᠢᠯ ᠢ ᠤᠲᠤᠷᠢᠲᠤᠨ ᠬᠠᠮᠢᠶᠠᠷᠤᠨ᠎ᠠ︔ | ︵ᠶᠢᠰᠤ︶ ᠭᠠᠲᠠᠭᠠᠲᠤ ᠶᠠᠪᠤᠲᠠᠯ ᠢ ᠬᠠᠮᠢᠶᠠᠷᠴᠦ᠂ ᠭᠠᠲᠠᠭᠠᠲᠤ ᠤᠯᠤᠰ ᠲᠠᠢ ᠭᠡᠷ᠎ᠠ ᠪᠠ ᠭᠡᠯᠡᠯᠴᠡᠭᠡᠷ | ᠲᠤᠭᠲᠠᠭᠠᠨ᠎ᠠ︔ | ︵ᠠᠷᠪᠠ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ | ᠤᠲᠤᠷᠢᠲᠤᠨ ᠬᠠᠮᠢᠶᠠᠷᠤᠨ᠎ᠠ︔ | ︵ᠠᠷᠪᠠᠨ ᠨᠢᠭᠡ︶ ᠦᠨᠲᠤᠰᠤᠲᠠᠨ ᠤ ᠭᠡᠷᠡᠭ ᠶᠠᠪᠤᠲᠠᠯ ᠢ ᠤᠲᠤᠷᠢᠲᠤᠨ ᠬᠠᠮᠢᠶᠠᠷᠴᠤ᠂ ᠴᠦᠭᠡᠨ ᠲᠤᠭᠠᠲᠤ | ᠦᠨᠲᠤᠰᠤᠲᠠᠨ ᠨᠦᠭᠦᠳ ᠤᠨ ᠲᠡᠭᠰᠢ ᠡᠷᠭᠡ ᠪᠤᠯᠤᠨ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠠᠷᠲᠡᠭᠡᠨ ᠵᠠᠰᠠᠬᠤ ᠡᠷᠭᠡ ᠶᠢ ᠪᠠᠲᠤᠯᠠᠭ᠎ᠠ ᠲᠠᠢ ᠪᠤᠯᠭᠠᠨ᠎ᠠ︔ | ︵ᠠᠷᠪᠠᠨ ᠬᠤᠶᠠᠷ︶ ᠲᠤᠮᠲᠠᠲᠤ ᠶᠢᠨ ᠬᠠᠷᠢᠶᠠᠲᠤ ᠨᠠᠷ ᠤᠨ ᠵᠦᠢ ᠶᠤᠰᠤᠨ ᠤ ᠡᠷᠭᠡ ᠠᠰᠢᠭ ᠢ ᠬᠠᠮᠠᠭᠠᠯᠠᠵᠤ | ᠂ ᠤᠯᠤᠰ ᠲᠠᠭᠠᠨ ᠪᠤᠴᠠᠵᠤ ᠢᠷᠡᠭᠰᠡᠨ ᠲᠤᠮᠲᠠᠲᠤ ᠶᠢᠨ ᠬᠠᠷᠢᠶᠠᠲᠤ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ | ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ︔ | ︵ᠠᠷᠪᠠᠨ ᠭᠤᠷᠪᠠ︶ ᠶᠠᠮᠤᠤᠨ᠂ ᠬᠤᠷᠢᠶᠠᠳ ᠤᠨ ᠨᠠᠶᠢᠲᠡᠯᠡᠭᠰᠡᠨ ᠵᠤᠭᠢᠰ ᠦᠭᠡᠢ ᠵᠠᠷᠯᠢᠭ᠂ ᠵᠢᠭᠠᠪᠤᠷᠢ ᠪᠠ | ᠲᠦᠷᠢᠮ ᠲᠤᠭᠲᠠᠭᠠᠯ ᠢ ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠨ᠎ᠠ︔ | ︵ᠠᠷᠪᠠᠨ ᠳᠥᠷᠪᠡ︶ ᠣᠷᠣᠨ ᠨᠤᠲᠤᠭ ᠤᠨ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠶᠢᠨ ᠵᠣᠬᠢᠰ | ᠦᠭᠡᠢ ᠰᠢᠢᠳᠪᠦᠷᠢ ᠪᠠ ᠵᠠᠷᠯᠢᠭ ᠢ ᠬᠤᠪᠢᠷᠠᠭᠤᠯᠬᠤ ᠪᠣᠶᠣ ᠬᠦᠴᠦᠨ ᠦᠭᠡᠢ ᠪᠣᠯᠭᠠᠨ᠎ᠠ︔ | ︵ᠠᠷᠪᠠᠨ ᠲᠠᠪᠤ︶ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ ᠤᠷᠤᠨ ᠤ | ᠬᠤᠪᠢᠶᠠᠷᠢᠯᠠᠯ ᠢ ᠵᠦᠪᠰᠢᠶᠠᠷᠠᠵᠤ᠂ ᠦᠪᠡᠷᠲᠡᠭᠡᠨ ᠵᠠᠰᠠᠬᠤ ᠵᠸᠤ᠂ ᠰᠢᠶᠠᠨ᠂ ᠦᠪᠡᠷᠲᠡᠭᠡᠨ ᠵᠠᠰᠠᠬᠤ ᠰᠢᠶᠠᠨ᠂ ᠬᠤᠲᠠ | ᠪᠠᠶᠢᠭᠤᠯᠬᠤ ᠶᠠᠪᠤᠲᠠᠯ ᠪᠠ ᠤᠷᠤᠨ ᠤ ᠬᠤᠪᠢᠶᠠᠷᠢᠯᠠᠯ ᠢ ᠵᠦᠪᠰᠢᠶᠠᠷᠠᠨ᠎ᠠ︔ | ︵ᠠᠷᠪᠠᠨ ᠵᠢᠷᠭᠤᠭ᠎ᠠ︶ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ | ᠭᠡᠪᠴᠢᠶᠠᠨ ᠳᠠᠬᠢ ᠭᠡᠰᠡᠭ ᠭᠠᠵᠠᠷ ᠤᠨ ᠪᠠᠴᠢᠮ ᠪᠠᠶᠢᠲᠠᠯ ᠳᠤ ᠤᠷᠤᠬᠤ ᠶᠢ ᠬᠠᠤᠯᠢ ᠳᠤ ᠲᠤᠭᠲᠠᠭᠠᠭᠰᠠᠨ ᠶᠤᠰᠤᠭᠠᠷ | ᠲᠤᠭᠲᠠᠭᠠᠨ᠎ᠠ︔ | ︵ᠠᠷᠪᠠᠨ ᠲᠤᠯᠤᠭ᠎ᠠ︶ ᠵᠠᠰᠠᠭ ᠵᠠᠭᠢᠷᠭᠠᠨ ᠤ ᠪᠠᠶᠢᠭᠤᠯᠤᠮᠵᠢ ᠶᠢᠨ ᠤᠷᠤᠨ ᠲᠤᠭ᠎ᠠ ᠶᠢ ᠭᠢᠨᠠᠨ ᠲᠤᠭᠲᠠᠭᠠᠵᠤ | ᠂ ᠬᠠᠤᠯᠢ ᠳᠤ ᠲᠤᠭᠲᠠᠭᠠᠭᠰᠠᠨ ᠶᠤᠰᠤᠭᠠᠷ ᠵᠠᠰᠠᠭ ᠵᠠᠭᠢᠷᠭᠠᠨ ᠤ ᠠᠵᠢᠯᠲᠠᠨ ᠢ ᠲᠤᠮᠢᠯᠡᠵᠤ᠂ ᠪᠠᠭᠤᠯᠭᠠᠵᠤ᠂ | ᠬᠦᠮᠦᠵᠢᠬᠦᠯᠦᠨ ᠪᠤᠯᠪᠠᠰᠤᠷᠠᠭᠤᠯᠵᠤ᠂ ᠭᠢᠨᠠᠨ ᠰᠢᠯᠭᠠᠵᠤ᠂ ᠱᠠᠩᠨᠠᠵᠤ ᠰᠢᠳᠭᠡᠨ᠎ᠠ︔ | ︵ᠠᠷᠪᠠᠨ ᠨᠠᠢᠮᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠤᠯᠭᠤᠭᠰᠠᠨ | ᠪᠤᠰᠤᠤᠨ ᠡᠷᠭᠡ ᠲᠤᠰᠢᠶᠠᠯ ᠤᠳ ᠢ ᠬᠦᠢᠴᠡᠳᠭᠡᠨ᠎ᠡ᠃ | ᠶᠠᠷᠠᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶᠠᠨ ᠤ ᠶᠠᠮᠤᠤᠨ ᠤᠨ ᠰᠠᠶᠢᠳ᠂ ᠬᠤᠷᠢᠶᠠᠳ ᠤᠨ | ᠡᠷᠭᠢᠯᠡᠭᠴᠢ ᠲᠤᠰ ᠰᠠᠯᠠᠭ᠎ᠠ ᠮᠦᠴᠢᠷ ᠤᠨ ᠢᠶᠠᠨ ᠠᠵᠢᠯ ᠢ ᠬᠠᠷᠢᠭᠤᠴᠠᠨ᠎ᠠ︔ ᠶᠠᠮᠤᠨ ᠤ ᠶᠠᠪᠤᠲᠠᠯ ᠤᠨ ᠬᠤᠷᠠᠯ ᠪᠤᠶᠤ | ᠬᠤᠷᠢᠶᠠᠨ ᠤ ᠬᠤᠷᠠᠯ᠂ ᠬᠤᠷᠶᠠᠨ ᠤ ᠶᠠᠪᠤᠲᠠᠯ ᠤᠨ ᠬᠤᠷᠠᠯ ᠢ ᠬᠤᠷᠠᠯᠲᠤᠭᠤᠯᠬᠤ ᠪᠦᠭᠡᠳ ᠡᠷᠭᠢᠯᠡᠵᠤ᠂ ᠲᠤᠰ ᠰᠠᠯᠠᠭ᠎ᠠ | ᠮᠦᠴᠢᠷ ᠤᠨ ᠢᠶᠠᠨ ᠠᠵᠢᠯ ᠤᠨ ᠴᠢᠬᠤᠯᠠ ᠶᠡᠭᠡ ᠠᠰᠠᠭᠤᠲᠠᠯ ᠢ ᠶᠠᠷᠢᠯᠴᠠᠨ ᠲᠤᠭᠲᠠᠭᠠᠨ᠎ᠠ᠃ | ᠶᠠᠮᠤᠤᠨ᠂ ᠬᠤᠷᠢᠶᠠᠳ ᠬᠠᠤᠯᠢ ᠴᠠᠭᠠᠵᠠ ᠪᠠ ᠲᠦᠷᠤ ᠶᠢᠨ ᠶᠠᠪᠤᠲᠠᠯ ᠤᠨ ᠬᠤᠷᠢᠶᠠᠨ ᠤ ᠵᠠᠰᠠᠭ ᠵᠠᠭᠢᠷᠭᠠᠨ ᠤ | ᠬᠠᠤᠯᠢ ᠲᠤᠭᠲᠠᠭᠠᠯ᠂ ᠲᠤᠭᠲᠠᠭᠠᠯ᠂ ᠵᠠᠷᠯᠢᠭ ᠢ ᠦᠨᠲᠤᠰᠤᠯᠠᠨ᠂ ᠲᠤᠰ ᠰᠠᠯᠠᠭ᠎ᠠ ᠮᠦᠴᠢᠷ ᠤᠨ ᠢᠶᠠᠨ ᠡᠷᠭᠡ | ᠮᠡᠲᠡᠯ ᠤᠨ ᠭᠡᠪᠴᠢᠶᠠᠨ ᠳᠤ ᠵᠠᠷᠯᠢᠭ᠂ ᠵᠢᠭᠠᠪᠤᠷᠢ ᠪᠠ ᠲᠦᠷᠢᠮ ᠲᠤᠭᠲᠠᠭᠠᠯ ᠢ ᠨᠠᠶᠢᠲᠡᠯᠡᠨ᠎ᠠ᠃ | ᠶᠠᠷᠠᠨ ᠨᠢᠭᠡᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠨᠢᠭᠲᠠᠯᠠᠨ ᠪᠠᠶᠢᠴᠠᠭᠠᠬᠤ ᠪᠠᠶᠢᠭᠤᠯᠭ᠎ᠠ | ᠪᠠᠶᠢᠭᠤᠯᠵᠤ᠂ ᠲᠦᠷᠤ ᠶᠢᠨ ᠶᠠᠪᠤᠲᠠᠯ ᠤᠨ ᠬᠤᠷᠢᠶᠠᠨ ᠤ ᠡᠯ᠎ᠠ ᠰᠠᠯᠠᠭ᠎ᠠ ᠮᠦᠴᠢᠷ᠂ ᠤᠷᠤᠨ ᠨᠤᠲᠤᠭ ᠤᠨ ᠡᠯ᠎ᠠ | ᠱᠠᠲᠤᠨ ᠤ ᠵᠠᠰᠠᠭ ᠤᠨ ᠤᠷᠲᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠪᠠ ᠲᠦᠷᠤ ᠶᠢᠨ ᠡᠳ᠋ ᠤᠨ ᠵᠠᠰᠠᠭ | ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ | ᠪᠠᠶᠢᠭᠤᠯᠤᠯᠲᠠ ᠨᠤᠭᠤᠳ ᠤᠨ ᠡᠳ᠋ ᠮᠦᠩᠭᠦᠨ ᠤ ᠤᠷᠤᠯᠭ᠎ᠠ ᠵᠠᠷᠤᠯᠭ᠎ᠠ ᠶᠢ ᠨᠢᠭᠲᠠᠯᠠᠨ ᠪᠠᠶᠢᠴᠠᠭᠠᠵᠤ ᠭᠢᠨᠠᠯᠲᠠ | ᠲᠠᠯᠪᠢᠨ᠎ᠠ᠃ | ᠨᠢᠭᠲᠠᠯᠠᠨ ᠪᠠᠶᠢᠴᠠᠭᠠᠬᠤ ᠪᠠᠶᠢᠭᠤᠯᠭ᠎ᠠ ᠨᠢ ᠲᠦᠷᠤ ᠶᠢᠨ ᠶᠠᠪᠤᠲᠠᠯ ᠤᠨ ᠬᠤᠷᠢᠶᠠᠨ ᠤ ᠶᠠᠷᠤᠩᠭᠡᠢ ᠰᠠᠶᠢᠳ ᠤᠨ | ᠤᠲᠤᠷᠢᠲᠤᠯᠭ᠎ᠠ ᠲᠤᠤᠷ᠎ᠠ᠂ ᠬᠠᠤᠯᠢ ᠶᠢᠨ ᠲᠤᠭᠲᠠᠭᠠᠯ ᠶᠤᠰᠤᠭᠠᠷ ᠨᠢᠭᠲᠠᠯᠠᠨ ᠪᠠᠶᠢᠴᠠᠭᠠᠬᠤ ᠭᠢᠨᠠᠯᠲᠠ ᠲᠠᠯᠪᠢᠬᠤ | ᠡᠷᠭᠡ ᠪᠠᠨ ᠪᠡᠶ᠎ᠠ ᠪᠠᠨ ᠲᠠᠭᠠᠭᠠᠵᠤ ᠭᠦᠢᠴᠡᠳᠭᠡᠨ᠎ᠠ᠂ ᠵᠠᠰᠠᠭ ᠵᠠᠭᠢᠷᠭᠠᠨ ᠤ ᠪᠤᠰᠤᠤᠨ ᠪᠠᠶᠢᠭᠤᠯᠭ᠎ᠠ᠂ ᠨᠠᠶᠢᠭᠡᠮ ᠤᠨ | ᠪᠦᠯᠭᠦᠮ ᠪᠠ ᠬᠤᠪᠢ ᠬᠦᠮᠦᠨ ᠭᠠᠷ ᠲᠦᠷᠤᠵᠤ ᠪᠤᠯᠬᠤ ᠦᠭᠡᠢ᠃ | ᠶᠠᠷᠠᠨ ᠬᠤᠶᠠᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ︔ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ᠂ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠵᠤ᠂ | ᠠᠵᠢᠯ ᠢᠶᠠᠨ ᠮᠡᠲᠡᠬᠦᠯᠦᠨᠠ᠃ | ᠲᠦᠷᠪᠡᠲᠤᠭᠡᠷ ᠭᠡᠰᠡᠭ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ | ᠶᠠᠷᠠᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠦᠪ ᠤᠨ | ᠴᠡᠷᠢᠭ ᠤᠨ ᠶᠠᠪᠤᠲᠠᠯ ᠤᠨ ᠬᠤᠷᠢᠶ᠎ᠠ ᠪᠦᠬᠦ ᠤᠯᠤᠰ ᠤᠨ ᠵᠠᠪᠰᠡᠭᠲᠦ ᠬᠦᠴᠤᠨ ᠢ ᠤᠲᠤᠷᠢᠲᠤᠨ᠎ᠠ᠃ | ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ ᠲᠤᠤᠷ᠎ᠠ ᠲᠤᠷᠠᠲᠤᠭᠰᠠᠨ ᠬᠦᠮᠦᠰ ᠢᠶᠠᠷ ᠪᠦᠷᠢᠯᠲᠤᠨᠠ᠄ | ᠲᠡᠷᠢᠬᠦᠯᠡᠭᠴᠢ᠂ | ᠲᠡᠳ᠋ ᠲᠡᠷᠢᠬᠦᠯᠡᠭᠴᠢ ᠨᠠᠷ᠂ | ᠭᠡᠰᠢᠬᠦᠦᠨ᠃ | ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ ᠲᠡᠷᠢᠬᠦᠯᠡᠭᠴᠢ ᠶᠢᠨ ᠬᠠᠷᠢᠭᠤᠴᠠᠬᠤ ᠲᠦᠷᠢᠮ ᠢ | ᠭᠡᠷᠡᠭᠵᠢᠬᠦᠯᠦᠨ᠎ᠠ᠃ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ | ᠶᠠᠷᠠᠨ ᠲᠦᠷᠪᠠᠲᠤᠭᠡᠷ ᠵᠦᠢᠯ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠨᠢ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠨ᠎ᠠ᠃ | ᠲᠠᠪᠤᠲᠤᠭᠠᠷ ᠭᠡᠰᠡᠭ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠪᠠ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ | ᠶᠠᠷᠠᠨ ᠲᠠᠪᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠰᠢᠶᠠᠨ᠂ ᠬᠤᠲᠠ᠂ ᠬᠤᠲᠠ ᠶᠢᠨ | ᠬᠠᠷᠢᠶ᠎ᠠ ᠲᠤᠭᠤᠷᠢᠭ᠂ ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠳᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠠᠷᠠᠳ ᠤᠨ ᠵᠠᠰᠠᠭ ᠤᠨ ᠤᠷᠲᠤᠨ ᠢ ᠪᠠᠶᠢᠭᠤᠯᠤᠨ᠎ᠠ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ | ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠤ ᠵᠤᠬᠢᠶᠠᠨ ᠪᠠᠶᠢᠭᠤᠯᠤᠯᠲᠠ ᠶᠢ ᠬᠠᠤᠯᠢ ᠪᠠᠷ | ᠲᠤᠭᠲᠠᠭᠠᠨ᠎ᠠ᠃ | ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ ᠵᠠᠰᠠᠬᠤ ᠰᠢᠶᠠᠨ ᠳᠤ | ᠦᠪᠡᠷᠲᠡᠭᠡᠨ ᠵᠠᠰᠠᠬᠤ ᠪᠠᠶᠢᠭᠤᠯᠭ᠎ᠠ ᠶᠢ ᠪᠠᠶᠢᠭᠤᠯᠤᠨ᠎ᠠ᠃ ᠦᠪᠡᠷᠲᠡᠭᠡᠨ ᠵᠠᠰᠠᠬᠤ ᠪᠠᠶᠢᠭᠤᠯᠭ᠎ᠠ ᠶᠢᠨ ᠵᠤᠬᠢᠶᠠᠨ | ᠪᠠᠶᠢᠭᠤᠯᠤᠯᠲᠠ ᠪᠠ ᠠᠵᠢᠯ ᠢ ᠦᠨᠲᠤᠰᠤᠨ ᠬᠠᠤᠯᠢ ᠶᠢᠨ ᠭᠤᠷᠪᠠᠲᠤᠭᠠᠷ ᠪᠦᠯᠦᠭ ᠤᠨ ᠲᠠᠪᠤᠲᠤᠭᠠᠷ ᠭᠡᠰᠡᠭ᠂ | ᠵᠢᠷᠭᠤᠲᠤᠭᠠᠷ ᠭᠡᠰᠡᠭ ᠲᠤ ᠲᠤᠭᠲᠠᠭᠠᠭᠰᠠᠨ ᠦᠨᠲᠤᠰᠤᠨ ᠵᠠᠷᠴᠢᠮ ᠢ ᠦᠨᠲᠤᠰᠤᠯᠠᠨ ᠬᠠᠤᠯᠢ ᠪᠠᠷ ᠲᠤᠭᠲᠠᠭᠠᠨ᠎ᠠ᠃ | ᠶᠠᠷᠠᠨ ᠵᠢᠷᠭᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠤᠯ ᠤᠷᠤᠨ ᠨᠤᠲᠤᠭ ᠤᠨ ᠲᠦᠷᠤ ᠶᠢᠨ ᠡᠷᠭᠡᠲᠤ ᠪᠠᠶᠢᠭᠤᠯᠭ᠎ᠠ ᠮᠦᠨ᠃ | ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠪᠠᠶᠢᠩᠭᠤ ᠶᠢᠨ ᠬᠤᠷᠢᠶ᠎ᠠ ᠪᠠᠶᠢᠭᠤᠯᠤᠨ᠎ᠠ᠃ | ᠶᠠᠷᠠᠨ ᠲᠤᠯᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠲᠤᠭᠤᠷᠢᠭ ᠪᠦᠭᠦᠢ ᠬᠤᠲᠠ ᠶᠢᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠲᠤᠤᠷ᠎ᠠ ᠨᠢᠭᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠢᠶᠠᠷ ᠰᠤᠩᠭᠤᠨ᠎ᠠ︔ ᠰᠢᠶᠠᠨ᠂ ᠲᠤᠭᠤᠷᠢᠭ ᠦᠭᠡᠢ ᠬᠤᠲᠠ᠂ ᠬᠤᠲᠠ ᠶᠢᠨ | ᠬᠠᠷᠢᠶ᠎ᠠ ᠲᠤᠭᠤᠷᠢᠭ᠂ ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠢ ᠰᠤᠩᠭᠤᠭᠤᠯᠢ ᠶᠢᠨ ᠠᠷᠠᠳ ᠰᠢᠭᠤᠤᠨ ᠰᠤᠩᠭᠤᠨ᠎ᠠ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠲᠤᠭ᠎ᠠ ᠪᠠ ᠲᠦᠯᠦᠭᠡᠯᠡᠭᠴᠢᠳ ᠢ ᠭᠠᠷᠭᠠᠬᠤ ᠠᠷᠭ᠎ᠠ ᠶᠢ ᠬᠠᠤᠯᠢ ᠪᠠᠷ ᠲᠤᠭᠲᠠᠭᠠᠨ᠎ᠠ᠃ | ᠶᠠᠷᠠᠨ ᠨᠠᠢᠮᠠᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠤᠯᠤᠨ᠎ᠠ᠃ | ᠶᠠᠷᠨ ᠶᠢᠰᠤᠲᠤᠭᠡᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠲᠤᠰ ᠵᠠᠰᠠᠭ ᠵᠠᠭᠢᠷᠭᠠᠨ ᠤ ᠤᠷᠤᠨ ᠳᠠᠭᠠᠨ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ | ᠵᠠᠭᠢᠷᠭᠠᠨ ᠤ ᠬᠠᠤᠯᠢ ᠲᠤᠭᠲᠠᠭᠠᠯ ᠢ ᠵᠢᠷᠤᠮᠯᠡᠬᠤ ᠪᠠ ᠬᠦᠢᠴᠡᠳᠭᠡᠬᠦ ᠶᠠᠪᠤᠲᠠᠯ ᠢ ᠪᠠᠲᠤᠯᠠᠨ᠎ᠠ︔ ᠬᠠᠤᠯᠢ ᠳᠤ | ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠳᠡᠭᠡᠨ ᠰᠢᠢᠳᠪᠤᠷᠢ ᠪᠠᠲᠤᠯᠠᠬᠤ ᠪᠠ ᠨᠠᠶᠢᠲᠡᠯᠡᠵᠤ᠂ ᠤᠷᠤᠨ | ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠤᠶᠤᠯ ᠤᠨ ᠪᠦᠲᠤᠭᠡᠨ ᠪᠠᠶᠢᠭᠤᠯᠤᠯᠲᠠ ᠪᠠ ᠤᠯᠠᠨ | ᠨᠠᠶᠢᠲᠠ ᠶᠢᠨ ᠠᠵᠢᠯ ᠦᠢᠯᠡᠰ ᠤᠨ ᠪᠦᠲᠤᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠭᠢᠨᠠᠨ ᠪᠠᠶᠢᠴᠭᠠᠬᠤ ᠪᠦᠭᠡᠳ | ᠲᠤᠭᠲᠠᠭᠠᠨ᠎ᠠ᠃ | ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠲᠤᠰ ᠵᠠᠰᠠᠭ ᠵᠠᠭᠢᠷᠭᠠᠨ ᠤ ᠤᠷᠤᠨ ᠤ ᠲᠤᠲᠤᠷᠠᠭᠢ ᠤᠯᠤᠰ ᠠᠷᠠᠳ ᠤᠨ ᠠᠵᠤ | ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ᠂ ᠲᠦᠰᠦᠪ ᠭᠢᠭᠡᠳ ᠲᠡᠲᠡᠭᠡᠷ ᠢ ᠭᠦᠢᠴᠡᠳᠭᠡᠭᠰᠠᠨ | ᠪᠠᠶᠢᠲᠠᠯ ᠤᠨ ᠮᠡᠲᠡᠬᠦᠯᠦᠯᠲᠠ ᠶᠢ ᠭᠢᠨᠠᠨ ᠪᠠᠶᠢᠴᠠᠭᠠᠬᠤ ᠪᠦᠭᠡᠳ ᠵᠦᠪᠰᠢᠶᠠᠷᠠᠨ᠎ᠠ︔ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠤᠬᠢᠰ ᠦᠭᠡᠢ ᠲᠤᠭᠲᠠᠭᠠᠯ ᠢ ᠦᠭᠡᠷᠡᠴᠢᠯᠡᠬᠦ | ᠪᠤᠶᠤ ᠬᠦᠴᠤᠨ ᠦᠭᠡᠢ ᠪᠤᠯᠭᠠᠬᠤ ᠡᠷᠭᠡ ᠲᠠᠢ᠃ | ᠦᠨᠲᠤᠰᠤᠲᠠᠨ ᠤ ᠰᠤᠮᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠬᠠᠤᠯᠢ ᠳᠤ | ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ ᠦᠨᠲᠤᠰᠤᠲᠠᠨ ᠤ ᠤᠨᠴᠠᠯᠢᠭ ᠲᠠᠭᠠᠨ ᠲᠤᠭᠢᠷᠠᠬᠤ ᠪᠤᠲᠠᠲᠠᠢ | ᠠᠷᠭ᠎ᠠ ᠭᠡᠮᠵᠢᠶ᠎ᠠ ᠠᠪᠴᠤ ᠪᠤᠯᠤᠨ᠎ᠠ᠃ | ᠵᠠᠭᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠲᠡᠬᠦᠨ ᠤ ᠪᠠᠶᠢᠩᠭᠤ ᠶᠢᠨ ᠬᠤᠷᠢᠶ᠎ᠠ ᠨᠢ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ | ᠵᠠᠭᠢᠷᠭᠠᠨ ᠤ ᠬᠠᠤᠯᠢ ᠲᠤᠭᠲᠠᠭᠠᠯ ᠲᠠᠢ ᠬᠠᠷᠰᠢᠯᠲᠤᠬᠤ ᠦᠭᠡᠢ ᠤᠷᠢᠳᠠᠯ ᠲᠤᠤᠷ᠎ᠠ᠂ ᠤᠷᠤᠨ ᠨᠤᠲᠤᠭ ᠤᠨ ᠴᠢᠨᠠᠷᠲᠠᠢ | ᠬᠠᠤᠯᠢ ᠲᠤᠭᠲᠠᠭᠠᠯ ᠲᠤᠭᠲᠠᠭᠠᠵᠤ ᠪᠤᠯᠤᠨ᠎ᠠ᠂ ᠲᠡᠬᠦᠨ ᠢᠶᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠲᠡᠬᠦᠯᠦᠨ ᠲᠠᠩᠰᠠᠯᠠᠭᠤᠯᠤᠨ᠎ᠠ᠃ | ᠵᠠᠭᠤ ᠪᠦᠭᠡᠳ ᠨᠢᠭᠡᠲᠤᠭᠡᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠲᠤᠰ ᠱᠠᠲᠤᠨ ᠤ ᠠᠷᠠᠳ ᠤᠨ ᠵᠠᠰᠠᠭ ᠤᠨ ᠤᠷᠲᠤᠨ ᠤ ᠮᠤᠵᠢ ᠶᠢᠨ ᠲᠠᠷᠤᠭ᠎ᠠ | ᠪᠠ ᠮᠤᠵᠢ ᠶᠢᠨ ᠲᠡᠳ᠋ ᠲᠠᠷᠤᠭ᠎ᠠ᠂ ᠬᠤᠲᠠ ᠶᠢᠨ ᠲᠠᠷᠤᠭ᠎ᠠ ᠪᠠ ᠬᠤᠲᠠ ᠶᠢᠨ ᠲᠡᠳ᠋ ᠲᠠᠷᠤᠭ᠎ᠠ᠂ ᠰᠢᠶᠠᠨ ᠤ ᠲᠠᠷᠤᠭ᠎ᠠ | ᠪᠠ ᠰᠢᠶᠠᠠ ᠤ ᠲᠡᠳ᠋ ᠲᠠᠷᠤᠭ᠎ᠠ᠂ ᠲᠤᠭᠤᠷᠢᠭ ᠤᠨ ᠲᠠᠷᠤᠭ᠎ᠠ ᠪᠠ ᠲᠤᠭᠤᠷᠢᠭ ᠤᠨ ᠲᠡᠳ᠋ ᠲᠠᠷᠤᠭ᠎ᠠ᠂ ᠰᠤᠮᠤᠨ ᠤ | ᠲᠠᠷᠤᠭ᠎ᠠ ᠪᠠ ᠰᠤᠮᠤᠨ ᠤ ᠲᠡᠳ᠋ ᠲᠠᠷᠤᠭ᠎ᠠ᠂ ᠪᠠᠯᠭᠠᠰᠤᠨ ᠤ ᠲᠠᠷᠤᠭ᠎ᠠ ᠪᠠ ᠪᠠᠯᠭᠠᠰᠤᠨ ᠤ ᠲᠡᠳ᠋ ᠲᠠᠷᠤᠭ᠎ᠠ ᠶᠢ | ᠰᠤᠩᠭᠤᠬᠤ ᠪᠦᠭᠡᠳ ᠪᠠᠭᠤᠯᠭᠠᠬᠤ ᠡᠷᠭᠡ ᠲᠠᠢ᠃ | ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ | ᠪᠠ ᠲᠤᠰ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠬᠤ ᠪᠦᠭᠡᠳ | ᠪᠠᠭᠤᠯᠭᠠᠬᠤ ᠡᠷᠭᠡ ᠲᠠᠢ᠃ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠬᠤ ᠪᠤᠶᠤ | ᠪᠠᠭᠤᠯᠭᠠᠬᠤ ᠳᠠᠭᠠᠨ ᠡᠷᠭᠡᠪᠰᠢ ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠲᠠᠷᠤᠭ᠎ᠠ ᠳᠤ ᠮᠡᠲᠡᠬᠦᠯᠦᠭᠡᠳ᠂ ᠲᠠᠷᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠳᠤ ᠲᠠᠪᠰᠢᠬᠦᠯᠵᠤ | ᠵᠦᠪᠰᠢᠶᠠᠷᠠᠬᠦᠯᠬᠦ ᠭᠡᠷᠡᠭᠲᠡᠢ᠃ | ᠵᠠᠭᠤ ᠪᠦᠭᠡᠳ ᠬᠤᠶᠠᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠲᠤᠭᠤᠷᠢᠭ ᠪᠦᠭᠦᠢ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠨᠢ ᠤᠭ ᠰᠤᠩᠭᠤᠭᠰᠠᠨ | ᠨᠢᠭᠡᠴᠡ ᠶᠢᠨ ᠢᠶᠠᠨ ᠭᠢᠨᠠᠯᠲᠠ ᠶᠢ ᠬᠦᠯᠢᠶᠡᠨ᠎ᠠ︔ ᠰᠢᠶᠠᠨ᠂ ᠲᠤᠭᠤᠷᠢᠭ ᠦᠭᠡᠢ ᠬᠤᠲᠠ᠂ ᠬᠤᠲᠠ ᠶᠢᠨ ᠬᠠᠷᠢᠶ᠎ᠠ | ᠲᠤᠭᠤᠷᠢᠭ᠂ ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠨᠢ ᠰᠤᠩᠭᠤᠭᠤᠯᠢ ᠶᠢᠨ ᠠᠷᠠᠳ ᠤᠨ ᠢᠶᠠᠨ ᠭᠢᠨᠠᠯᠲᠠ ᠶᠢ ᠬᠦᠯᠢᠶᠡᠨ᠎ᠠ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠢ ᠰᠤᠩᠭᠤᠵᠤ ᠭᠠᠷᠭᠠᠭᠰᠠᠨ ᠨᠢᠭᠡᠴᠡ ᠪᠠ ᠰᠤᠩᠭᠤᠭᠤᠯᠢ ᠶᠢᠨ ᠠᠷᠠᠳ ᠦᠪᠠᠷ ᠤᠨ ᠰᠤᠩᠭᠤᠵᠤ | ᠭᠠᠷᠭᠠᠭᠰᠠᠨ ᠲᠦᠯᠦᠭᠡᠯᠡᠭᠴᠢ ᠪᠠᠨ ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠪᠠᠭᠤᠯᠭᠠᠬᠤ ᠡᠷᠭᠡ ᠲᠠᠢ᠃ | ᠵᠠᠭᠤ ᠪᠦᠭᠡᠳ ᠭᠤᠷᠪᠠᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ | ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠡᠷᠭᠢᠯᠡᠭᠴᠢ᠂ | ᠲᠡᠳ᠋ ᠡᠷᠭᠢᠯᠡᠭᠴᠢ ᠭᠡᠲᠤᠨ ᠭᠦᠮᠦᠨ᠂ ᠭᠡᠰᠢᠬᠦᠨ ᠭᠡᠲᠤᠨ ᠬᠦᠮᠦᠨ ᠢᠶᠠᠷ ᠪᠦᠷᠢᠯᠲᠤᠵᠤ᠂ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ | ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠪᠥᠷᠢᠯᠳᠦᠭᠦᠨ ᠨᠠᠷ ᠢ ᠰᠣᠩᠭᠤᠬᠤ ᠶᠢᠨ ᠬᠠᠮᠲᠤ ᠤᠭᠴᠠᠷᠠᠭᠤᠯᠬᠤ ᠡᠷᠬᠡ ᠲᠠᠢ᠃ | ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠲᠦᠷᠤ ᠶᠢᠨ ᠵᠠᠰᠠᠭ | ᠵᠠᠭᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ | ᠬᠠᠷᠢᠭᠤᠴᠠᠵᠤ ᠪᠤᠯᠬᠤ ᠦᠭᠡᠢ᠃ | ᠵᠠᠭᠤ ᠪᠦᠭᠡᠳ ᠲᠦᠷᠪᠡᠲᠤᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ | ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠵᠠᠰᠠᠭ | ᠵᠠᠭᠢᠷᠭᠠᠨ ᠤ ᠤᠷᠤᠨ ᠤ ᠪᠠᠨ ᠲᠤᠲᠤᠷᠠᠭᠢ ᠡᠯ᠎ᠠ ᠲᠠᠯ᠎ᠠ ᠶᠢᠨ ᠠᠵᠢᠯ ᠤᠨ ᠴᠢᠬᠤᠯᠠ ᠶᠠᠪᠤᠲᠠᠯ ᠤᠳ ᠢ ᠶᠠᠷᠢᠯᠴᠠᠬᠤ | ᠪᠦᠭᠡᠳ ᠲᠤᠭᠲᠠᠭᠠᠨ᠎ᠠ︔ ᠲᠤᠰ ᠱᠠᠲᠤᠨ ᠤ ᠪᠠᠨ ᠠᠷᠠᠳ ᠤᠨ ᠵᠠᠰᠠᠭ ᠤᠨ ᠤᠷᠲᠤᠨ᠂ ᠠᠷᠠᠳ ᠤᠨ ᠰᠢᠬᠦᠬᠦ ᠬᠤᠷᠢᠶ᠎ᠠ | ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤ ᠭᠢᠨᠠᠯᠲᠠ ᠲᠠᠯᠪᠢᠨ᠎ᠠ︔ ᠲᠤᠰ ᠱᠠᠲᠤᠨ ᠤ ᠠᠷᠠᠳ ᠤᠨ | ᠵᠠᠰᠠᠭ ᠤᠨ ᠤᠷᠲᠤᠨ ᠤ ᠵᠤᠬᠢᠰ ᠦᠭᠡᠢ ᠲᠤᠭᠲᠠᠭᠠᠯ᠂ ᠵᠠᠷᠯᠢᠭ ᠢ ᠬᠦᠴᠤᠨ ᠦᠭᠡᠢ ᠪᠤᠯᠭᠠᠨ᠎ᠠ︔ ᠲᠤᠤᠷ᠎ᠠ ᠨᠢᠭᠡ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠰ ᠦᠭᠡᠢ ᠰᠢᠢᠳᠪᠤᠷᠢ ᠶᠢ ᠬᠦᠴᠤᠨ ᠦᠭᠡᠢ | ᠪᠤᠯᠭᠠᠨ᠎ᠠ︔ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ ᠲᠦᠷᠤ ᠶᠢᠨ ᠪᠠᠶᠢᠭᠤᠯᠭ᠎ᠠ ᠶᠢᠨ | ᠠᠵᠢᠯᠳᠠᠨ ᠢ ᠲᠤᠮᠢᠯᠡᠬᠤ ᠪᠤᠶᠤ ᠪᠠᠭᠤᠯᠭᠠᠬᠤ ᠶᠢ ᠲᠤᠭᠲᠠᠭᠠᠨ᠎ᠠ︔ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠳᠣᠭᠠᠨ ᠲᠡᠬᠦᠰᠦᠭᠰᠡᠨ ᠬᠤᠭᠤᠴᠠᠭᠠᠨ ᠳᠤ᠂ ᠲᠡᠭᠡᠷ᠎ᠠ ᠨᠢᠭᠡ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠨᠴᠨ ᠵᠠᠷᠢᠮ ᠲᠦᠯᠦᠭᠡᠯᠡᠭᠴᠢ ᠶᠢ ᠪᠠᠭᠤᠯᠭᠠᠬᠤ | ᠪᠤᠶᠤ ᠨᠦᠬᠦᠪᠤᠷᠢᠯᠡᠵᠤ ᠰᠤᠩᠭᠤᠨ᠎ᠠ᠃ | ᠵᠠᠭᠤ ᠪᠦᠭᠡᠳ ᠲᠠᠪᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ | ᠤᠷᠲᠤᠨ ᠪᠤᠯ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠡᠷᠭᠡᠲᠤ ᠪᠠᠶᠢᠭᠤᠯᠭ᠎ᠠ ᠶᠢᠨ ᠭᠦᠢᠢᠴᠡᠳᠭᠡᠬᠦ | ᠪᠠᠶᠢᠭᠤᠯᠭ᠎ᠠ ᠮᠦᠨ ᠪᠦᠭᠡᠳ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ | ᠮᠦᠨ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠮᠤᠵᠢ ᠶᠢᠨ ᠲᠠᠷᠤᠭ᠎ᠠ᠂ | ᠬᠤᠲᠠ ᠶᠢᠨ ᠲᠠᠷᠤᠭ᠎ᠠ᠂ ᠰᠢᠶᠠᠨ ᠤ ᠲᠠᠷᠤᠭ᠎ᠠ᠂ ᠲᠤᠭᠤᠷᠢᠭ ᠤᠨ ᠲᠠᠷᠤᠭ᠎ᠠ᠂ ᠰᠤᠮᠤᠨ ᠤ ᠲᠠᠷᠤᠭ᠎ᠠ᠂ ᠪᠠᠯᠭᠠᠰᠤᠨ ᠤ | ᠲᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ | ᠵᠠᠭᠤ ᠪᠦᠭᠡᠳ ᠵᠢᠷᠭᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ | ᠤᠷᠲᠤᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ | ᠵᠠᠭᠤ ᠪᠦᠭᠡᠳ ᠲᠤᠯᠤᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠵᠠᠰᠠᠭ ᠤᠨ ᠤᠷᠲᠤᠨ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ | ᠲᠤᠰ ᠵᠠᠰᠠᠭ ᠵᠠᠭᠢᠷᠭᠠᠨ ᠤ ᠤᠷᠤᠨ ᠤ ᠠᠵᠤ ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ | ᠪᠤᠯᠪᠠᠰᠤᠷᠠᠯ᠂ ᠡᠷᠡᠬᠦᠯ ᠬᠠᠮᠠᠭᠠᠯᠠᠯ᠂ ᠪᠡᠶ᠎ᠠ ᠶᠢᠨ ᠲᠠᠮᠢᠷ ᠤᠨ ᠦᠢᠯᠡᠰ᠂ ᠬᠤᠲᠠ ᠬᠦᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠲᠠᠯ᠂ ᠲᠤᠲᠤᠭᠠᠲᠤ ᠶᠢ ᠬᠠᠮᠠᠭᠠᠯᠠᠬᠤ᠂ | ᠦᠨᠲᠤᠰᠤᠲᠠᠨ ᠤ ᠭᠡᠷᠡᠭ ᠶᠠᠪᠤᠲᠠᠯ᠂ ᠬᠠᠤᠯᠢ ᠴᠠᠭᠠᠵᠠ ᠶᠢᠨ ᠵᠠᠰᠠᠭ ᠵᠠᠭᠢᠷᠭ᠎ᠠ᠂ ᠭᠢᠨᠠᠨ ᠪᠠᠶᠢᠴᠠᠭᠠᠬᠤ᠂ | ᠲᠦᠯᠦᠪᠯᠡᠭᠡ ᠲᠠᠢ ᠪᠠᠷ ᠭᠡᠤᠭᠡᠤᠨ ᠠᠪᠬᠤ ᠵᠠᠷᠭᠡ ᠶᠢᠨ ᠵᠠᠰᠠᠭ ᠵᠠᠭᠢᠷᠭᠠᠨ ᠤ ᠠᠵᠢᠯ ᠢ ᠬᠠᠮᠢᠶᠠᠷᠴᠤ᠂ ᠲᠤᠭᠲᠠᠭᠠᠯ ᠪᠠ | ᠵᠠᠷᠯᠢᠭ ᠨᠠᠶᠢᠲᠡᠯᠡᠵᠤ᠂ ᠵᠠᠰᠠᠭ ᠵᠠᠭᠢᠷᠭᠠᠨ ᠤ ᠠᠵᠢᠯᠲᠠᠳ ᠢ ᠲᠤᠮᠢᠯᠠᠬᠤ ᠪᠠ ᠪᠠᠭᠤᠯᠭᠠᠵᠤ᠂ ᠬᠦᠮᠦᠵᠢᠬᠦᠯᠦᠨ | ᠪᠤᠯᠪᠠᠰᠤᠷᠠᠭᠤᠯᠵᠤ᠂ ᠭᠢᠨᠠᠨ ᠰᠢᠯᠭᠠᠵᠤ᠂ ᠱᠠᠩᠨᠠᠵᠤ ᠰᠢᠳᠭᠡᠨ᠎ᠠ᠃ | ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠤᠷᠲᠤᠨ ᠨᠢ ᠲᠤᠰ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠤᠷᠢ ᠪᠠ ᠲᠦᠷᠤ ᠶᠢᠨ ᠲᠡᠭᠡᠲᠤ ᠱᠠᠲᠤᠨ ᠤ | ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠲᠤᠭᠲᠠᠭᠠᠯ ᠵᠠᠷᠯᠢᠭ ᠢ ᠬᠦᠢᠴᠡᠳᠭᠡᠵᠤ᠂ ᠲᠤᠰ ᠵᠠᠰᠠᠭ ᠵᠠᠭᠢᠷᠭᠠᠨ ᠤ | ᠤᠷᠤᠨ ᠤ ᠪᠠᠨ ᠵᠠᠰᠠᠭ ᠵᠠᠭᠢᠷᠭᠠᠨ ᠤ ᠠᠵᠢᠯ ᠢ ᠬᠠᠮᠢᠶᠠᠷᠤᠨ᠎ᠠ᠃ | ᠮᠤᠵᠢ᠂ ᠰᠢᠭᠤᠤᠨ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠨᠢ ᠰᠤᠮᠤ᠂ | ᠦᠨᠲᠤᠰᠤᠲᠠᠨ ᠤ ᠰᠤᠮᠤ᠂ ᠪᠠᠯᠭᠠᠰᠤ ᠪᠠᠶᠢᠭᠤᠯᠬᠤ ᠶᠠᠪᠤᠲᠠᠯ ᠪᠠ ᠤᠷᠤᠨ ᠤ ᠬᠤᠪᠢᠶᠠᠷᠢᠯᠠᠯ ᠢ ᠲᠤᠭᠲᠠᠭᠠᠨ᠎ᠠ᠃ | ᠵᠠᠭᠤ ᠪᠦᠭᠡᠳ ᠨᠠᠢᠮᠠᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠵᠠᠰᠠᠭ ᠤᠨ ᠤᠷᠲᠤᠨ ᠦᠪᠠᠷ ᠤᠨ ᠬᠠᠷᠢᠶ᠎ᠠ ᠠᠵᠢᠯ ᠤᠨ ᠰᠠᠯᠠᠭ᠎ᠠ ᠮᠦᠴᠢᠷ ᠤᠳ ᠪᠠ | ᠲᠤᠤᠷᠠᠲᠤ ᠱᠠᠲᠤᠨ ᠤ ᠠᠷᠠᠳ ᠤᠨ ᠵᠠᠰᠠᠭ ᠤᠨ ᠤᠷᠲᠤᠨ ᠤ ᠠᠵᠢᠯ ᠢ ᠤᠲᠤᠷᠢᠲᠤᠨ᠎ᠠ᠂ ᠦᠪᠡᠷ ᠤᠨ ᠬᠠᠷᠢᠶ᠎ᠠ | ᠠᠵᠢᠯ ᠤᠨ ᠰᠠᠯᠠᠭ᠎ᠠ ᠮᠦᠴᠢᠷ ᠤᠨ ᠪᠠ ᠲᠤᠤᠷᠠᠲᠤ ᠱᠠᠲᠤᠨ ᠤ ᠠᠷᠠᠳ ᠤᠨ ᠵᠠᠰᠠᠭ ᠤᠨ ᠤᠷᠲᠤᠨ ᠤ ᠵᠤᠭᠢᠰ ᠦᠭᠡᠢ | ᠲᠤᠭᠲᠠᠭᠠᠯ ᠢ ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠬᠤ ᠡᠷᠭᠡ ᠲᠠᠢ᠃ | ᠵᠠᠭᠤ ᠪᠦᠭᠡᠳ ᠶᠢᠰᠤᠲᠤᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠵᠠᠰᠠᠭ ᠤᠨ ᠤᠷᠲᠤᠨ ᠳᠤ ᠨᠢᠭᠲᠠᠯᠠᠨ ᠪᠠᠶᠢᠴᠠᠭᠠᠬᠤ ᠪᠠᠶᠢᠭᠤᠯᠭ᠎ᠠ ᠭᠠᠷᠭᠠᠨ᠎ᠠ᠃ ᠤᠷᠤᠨ ᠨᠤᠲᠤᠭ ᠤᠨ | ᠡᠯ᠎ᠠ ᠱᠠᠲᠤᠨ ᠤ ᠨᠢᠭᠲᠠᠯᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠳᠤ ᠲᠤᠭᠲᠠᠭᠠᠭᠰᠠᠨ ᠶᠤᠰᠤᠭᠠᠷ ᠨᠢᠭᠲᠠᠯᠠᠨ | ᠪᠠᠶᠢᠴᠠᠭᠠᠬᠤ ᠭᠢᠨᠠᠯᠲᠠ ᠲᠠᠯᠪᠢᠬᠤ ᠡᠷᠭᠡ ᠪᠠᠨ ᠪᠡᠶ᠎ᠠ ᠪᠠᠨ ᠲᠠᠭᠠᠭᠠᠨ ᠬᠦᠢᠴᠡᠳᠭᠡᠵᠤ᠂ ᠲᠤᠰ ᠱᠠᠲᠤᠨ ᠤ ᠠᠷᠠᠳ ᠤᠨ | ᠵᠠᠰᠠᠭ ᠤᠨ ᠤᠷᠲᠤᠨ ᠪᠠ ᠲᠡᠭᠡᠷ᠎ᠠ ᠨᠢᠭᠡ ᠱᠠᠲᠤᠨ ᠤ ᠨᠢᠭᠲᠠᠯᠠᠨ ᠪᠠᠶᠢᠴᠠᠭᠠᠬᠤ ᠪᠠᠶᠢᠭᠤᠯᠭ᠎ᠠ ᠳᠤ ᠬᠠᠷᠢᠭᠤᠴᠠᠨ᠎ᠠ᠃ | ᠵᠠᠭᠤ ᠠᠷᠪᠠᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ | ᠤᠷᠲᠤᠨ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ ᠠᠵᠢᠯ ᠢᠶᠠᠨ | ᠮᠡᠲᠡᠬᠦᠯᠦᠨᠠ᠃ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠵᠠᠰᠠᠭ ᠤᠨ ᠤᠷᠲᠤᠨ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠡᠨ ᠬᠤᠭᠤᠴᠠᠭᠠᠨ ᠳᠤ ᠪᠤᠯ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠨᠢ ᠲᠡᠭᠡᠷ᠎ᠠ ᠨᠢᠭᠡ ᠱᠠᠲᠤᠨ ᠤ | ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ ᠪᠦᠬᠦ | ᠤᠯᠤᠰ ᠤᠨ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠪᠤᠯ ᠴᠦᠮ ᠲᠦᠷᠤ ᠶᠢᠨ | ᠶᠠᠪᠤᠲᠠᠯ ᠤᠨ ᠬᠤᠷᠢᠶᠠᠨ ᠤ ᠨᠢᠭᠡᠲᠤᠯᠲᠠᠢ ᠤᠲᠤᠷᠢᠲᠤᠯᠭ᠎ᠠ ᠲᠤᠤᠷᠡᠭᠢ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ | ᠮᠦᠨ᠂ ᠴᠦᠮ ᠲᠦᠷᠤ ᠶᠢᠨ ᠶᠠᠪᠤᠲᠠᠯ ᠤᠨ ᠬᠤᠷᠢᠶ᠎ᠠ ᠶᠢ ᠲᠠᠭᠠᠬᠤ ᠭᠡᠷᠡᠭᠲᠠᠢ᠃ | ᠵᠠᠭᠤ ᠠᠷᠪᠠᠨ ᠨᠢᠭᠡᠲᠤᠭᠡᠷ ᠵᠦᠢᠯ ᠬᠤᠲᠠ ᠪᠠ ᠬᠦᠲᠡᠭᠡ ᠲᠤᠰᠬᠤᠨ ᠤ ᠰᠠᠭᠤᠭᠠᠯᠢ ᠠᠷᠠᠳ ᠤᠨ | ᠤᠷᠤᠰᠢᠨ ᠰᠠᠭᠤᠵᠤ ᠪᠠᠶᠢᠭ᠎ᠠ ᠭᠠᠵᠠᠷ ᠤᠷᠤᠨ ᠢᠶᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠵᠦᠪᠯᠡᠯ ᠪᠤᠶᠤ | ᠭᠠᠴᠠᠭᠠᠨ ᠤ ᠠᠷᠠᠳ ᠤᠨ ᠵᠦᠪᠯᠡᠯ ᠪᠤᠯ ᠦᠨᠲᠤᠰᠤᠨ ᠱᠠᠲᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ | ᠵᠤᠬᠢᠶᠠᠨ ᠪᠠᠶᠢᠭᠤᠯᠤᠯᠲᠠ ᠮᠦᠨ᠃ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠤᠨ | ᠡᠷᠭᠢᠯᠡᠭᠴᠢ᠂ ᠲᠡᠳ᠋ ᠡᠷᠭᠢᠯᠡᠭᠴᠢ ᠪᠠ ᠭᠡᠰᠢᠬᠦᠦᠨ ᠢ ᠰᠠᠭᠤᠭᠠᠯᠢ ᠠᠷᠠᠳ ᠰᠤᠩᠭᠤᠨ ᠭᠠᠷᠭᠠᠨ᠎ᠠ᠃ ᠰᠠᠭᠤᠭᠠᠯᠢ | ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠪᠤᠯᠤᠨ ᠦᠨᠲᠤᠰᠤᠨ ᠱᠠᠲᠤᠨ ᠤ ᠵᠠᠰᠠᠭ ᠤᠨ | ᠬᠤᠭᠤᠷᠤᠨᠲᠤᠭᠢ ᠬᠠᠷᠢᠴᠠᠭ᠎ᠠ ᠶᠢ ᠬᠠᠤᠯᠢ ᠪᠠᠷ ᠲᠤᠭᠲᠠᠭᠠᠨ᠎ᠠ᠃ | ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠠᠯ ᠨᠢ ᠠᠷᠠᠳ ᠤᠨ ᠡᠶᠡᠲᠡᠬᠦᠯᠬᠦ᠂ | ᠠᠮᠤᠷ ᠢ ᠬᠠᠮᠠᠭᠠᠯᠠᠬᠤ᠂ ᠤᠯᠠᠨ ᠨᠠᠶᠢᠲᠠ ᠶᠢᠨ ᠡᠷᠡᠬᠦᠯ ᠬᠠᠮᠠᠭᠠᠯᠠᠯ ᠵᠡᠷᠭᠡ ᠶᠢᠨ ᠺᠤᠮᠢᠰ ᠢ ᠪᠠᠶᠢᠭᠤᠯᠵᠤ᠂ ᠤᠷᠤᠰᠢᠨ | ᠰᠠᠭᠤᠵᠤ ᠪᠠᠶᠢᠭ᠎ᠠ ᠭᠠᠵᠠᠷ ᠤᠷᠤᠨ ᠤ ᠪᠠᠨ ᠤᠯᠠᠨ ᠨᠠᠶᠢᠲᠠ ᠶᠢᠨ ᠭᠡᠷᠡᠭ ᠶᠠᠪᠤᠲᠠᠯ ᠪᠠ ᠨᠡᠶᠢᠳᠡ ᠶᠢᠨ ᠠᠰᠠᠷᠠᠮᠵᠢ ᠶᠢᠨ | ᠦᠢᠯᠡᠰ ᠢ ᠡᠷᠭᠢᠯᠡᠵᠤ᠂ ᠠᠷᠠᠳ ᠤᠨ ᠬᠤᠭᠤᠷᠤᠨᠲᠤᠭᠢ ᠵᠢᠭᠤᠷᠭᠠᠨ ᠢ ᠡᠶᠡᠲᠡᠬᠦᠯᠵᠤ᠂ ᠨᠠᠶᠢᠭᠡᠮ ᠤᠨ ᠠᠮᠤᠷ | ᠲᠦᠪᠰᠢᠨ ᠢ ᠬᠠᠮᠠᠭᠠᠯᠠᠬᠤ ᠶᠠᠪᠤᠲᠠᠯ ᠳᠤ ᠬᠠᠪᠰᠤᠷᠬᠤ ᠪᠦᠭᠡᠳ ᠠᠷᠠᠳ ᠤᠨ ᠵᠠᠰᠠᠭ ᠤᠨ ᠤᠷᠲᠤᠨ ᠳᠤ ᠤᠯᠠᠨ | ᠲᠦᠮᠠᠨ ᠤ ᠰᠠᠨᠠᠯ ᠱᠠᠭᠠᠷᠲᠠᠯᠭ᠎ᠠ ᠶᠢ ᠲᠤᠰᠬᠠᠵᠤ ᠰᠠᠨᠠᠭᠤᠯᠭ᠎ᠠ ᠭᠠᠷᠭᠠᠨ᠎ᠠ᠃ | ᠵᠢᠷᠭᠤᠲᠤᠭᠠᠷ ᠭᠡᠰᠡᠭ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ | ᠵᠠᠰᠠᠬᠤ ᠪᠠᠶᠢᠭᠤᠯᠭ᠎ᠠ | ᠵᠠᠭᠤ ᠠᠷᠪᠠᠨ ᠬᠤᠶᠠᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠪᠤᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ | ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠵᠠᠰᠠᠭ ᠤᠨ ᠤᠷᠲᠤᠨ ᠮᠦᠨ᠃ | | ᠵᠠᠭᠤ ᠠᠷᠪᠠᠨ ᠭᠤᠷᠪᠠᠲᠤᠭᠠᠷ ᠵᠦᠢᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ | ᠦᠪᠡᠷᠲᠡᠭᠡᠨ ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠨ ᠤ ᠦᠪᠡᠷᠲᠡᠭᠡᠨ | ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠲᠦᠯᠦᠭᠡᠯᠡᠭᠴᠢ ᠪᠠᠶᠢᠬᠤ ᠠᠴᠠ ᠭᠠᠲᠠᠨ᠎ᠠ ᠤᠤᠯ ᠵᠠᠰᠠᠭ | ᠵᠠᠭᠢᠷᠭᠠᠨ ᠤ ᠤᠷᠤᠨ ᠳᠤ ᠰᠠᠭᠤᠵᠤ ᠪᠠᠶᠢᠭ᠎ᠠ ᠪᠤᠰᠤᠤᠨ ᠦᠨᠲᠤᠰᠤᠲᠠᠨ ᠤ ᠵᠤᠬᠢᠬᠤ ᠲᠤᠭᠠᠨ ᠤ ᠲᠦᠯᠦᠭᠡᠯᠡᠭᠴᠢ ᠪᠠᠰᠠ | ᠪᠠᠶᠢᠬᠤ ᠭᠡᠷᠡᠭᠲᠡᠢ᠃ | ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠠᠷᠲᠡᠭᠡᠨ ᠵᠠᠰᠠᠬᠤ ᠰᠢᠶᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠲᠤᠷ᠎ᠠ ᠤᠷᠤᠨ ᠤ | ᠦᠪᠡᠷᠲᠡᠭᠡᠨ ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠠᠷᠠᠳ ᠢᠷᠭᠡᠨ ᠡᠷᠭᠢᠯᠡᠭᠴᠢ ᠪᠤᠶᠤ ᠲᠡᠳ᠋ | ᠡᠷᠭᠢᠯᠡᠭᠴᠢ ᠪᠤᠯᠤᠭᠰᠠᠨ ᠪᠠᠶᠢᠬᠤ ᠭᠡᠷᠡᠭᠲᠡᠢ᠃ | ᠵᠠᠭᠤ ᠠᠷᠪᠠᠨ ᠲᠦᠷᠪᠡᠲᠤᠭᠡᠷ ᠵᠦᠢᠯ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ | ᠵᠠᠰᠠᠬᠤ ᠵᠸᠤ ᠶᠢᠨ ᠲᠠᠷᠤᠭ᠎ᠠ᠂ ᠦᠪᠡᠷᠲᠡᠭᠡᠨ ᠵᠠᠰᠠᠬᠤ ᠰᠢᠶᠠᠨ ᠤ ᠲᠠᠷᠤᠭ᠎ᠠ ᠶᠢᠨ ᠲᠤᠰᠢᠶᠠᠯ ᠢ ᠤᠷᠤᠨ ᠤ ᠦᠪᠡᠷᠲᠡᠭᠡᠨ | ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠠᠷᠠᠳ ᠢᠷᠭᠡᠨ ᠡᠬᠦᠷᠭᠡᠯᠡᠨ᠎ᠠ᠃ | ᠵᠠᠭᠤ ᠠᠷᠪᠠᠨ ᠲᠠᠪᠤᠲᠤᠭᠠᠷ ᠵᠦᠢᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ | ᠦᠪᠡᠷᠲᠡᠭᠡᠨ ᠵᠠᠰᠠᠬᠤ ᠰᠢᠶᠠᠨ ᠤ ᠦᠪᠡᠷᠲᠡᠭᠡᠨ ᠵᠠᠰᠠᠬᠤ ᠪᠠᠶᠢᠭᠤᠯᠭ᠎ᠠ ᠦᠨᠲᠤᠰᠤᠨ ᠬᠠᠤᠯᠢ ᠶᠢᠨ ᠭᠤᠷᠪᠠᠲᠤᠭᠠᠷ | ᠪᠦᠯᠦᠭ ᠤᠨ ᠲᠠᠪᠤᠲᠤᠭᠠᠷ ᠭᠡᠰᠡᠭ ᠲᠤ ᠲᠤᠭᠲᠠᠭᠠᠭᠰᠠᠨ ᠤᠷᠤᠨ ᠨᠤᠲᠤᠭ ᠤᠨ ᠲᠦᠷᠤ ᠶᠢᠨ ᠪᠠᠶᠢᠭᠤᠯᠭ᠎ᠠ ᠶᠢᠨ ᠡᠷᠭᠡ | ᠲᠤᠰᠢᠶᠠᠯ ᠢ ᠭᠦᠢᠴᠡᠳᠭᠡᠬᠦ ᠶᠢᠨ ᠬᠠᠮᠲᠤ᠂ ᠦᠨᠲᠤᠰᠤᠨ ᠬᠠᠤᠯᠢ᠂ ᠦᠨᠲᠤᠰᠤᠲᠠᠨ ᠤ ᠤᠷᠤᠨ ᠤ ᠦᠪᠡᠷᠲᠡᠭᠡᠨ | ᠵᠠᠰᠠᠬᠤ ᠬᠠᠤᠯᠢ ᠪᠠ ᠪᠤᠰᠤᠤᠨ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶ᠎ᠠ ᠲᠤᠲᠤᠷ᠎ᠠ ᠦᠪᠡᠷᠲᠡᠭᠡᠨ | ᠵᠠᠰᠠᠬᠤ ᠡᠷᠭᠡ ᠪᠠᠨ ᠬᠡᠷᠡᠭᠵᠢᠬᠦᠯᠵᠤ᠂ ᠲᠤᠰ ᠤᠷᠤᠨ ᠤ ᠪᠠᠨ ᠪᠤᠲᠠᠲᠠᠢ ᠪᠠᠶᠢᠲᠠᠯ ᠢ ᠦᠨᠲᠤᠰᠤᠯᠠᠨ ᠤᠯᠤᠰ ᠤᠨ | ᠬᠠᠤᠯᠢ ᠴᠠᠭᠠᠵᠠ᠂ ᠲᠦᠷᠤ ᠶᠢᠨ ᠪᠤᠲᠤᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠠ᠃ | ᠵᠠᠭᠤ ᠠᠷᠪᠠᠨ ᠵᠢᠷᠭᠤᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠭᠠᠵᠠᠷ ᠤᠨ ᠦᠨᠲᠤᠰᠤᠲᠠᠨ ᠤ ᠤᠯᠤᠰ ᠲᠦᠷᠤ᠂ ᠠᠵᠤ | ᠠᠬᠤᠢ᠂ ᠰᠤᠶᠤᠯ ᠪᠤᠯᠪᠠᠰᠤᠷᠠᠯ ᠤᠨ ᠤᠨᠴᠠᠯᠢᠭ ᠢ ᠦᠨᠲᠤᠰᠤᠯᠠᠵᠤ ᠦᠪᠡᠷᠲᠡᠭᠡᠨ ᠵᠠᠰᠠᠬᠤ ᠲᠦᠷᠢᠮ ᠪᠠ ᠲᠤᠰᠬᠠᠢ | ᠲᠦᠷᠢᠮ ᠲᠤᠭᠲᠠᠭᠠᠬᠤ ᠡᠷᠭᠡ ᠲᠠᠢ᠃ ᠦᠪᠡᠷᠲᠡᠭᠡᠨ ᠵᠠᠰᠠᠬᠤ ᠤᠷᠤᠨ ᠤ ᠦᠪᠡᠷᠲᠡᠭᠡᠨ ᠵᠠᠰᠠᠬᠤ ᠲᠦᠷᠢᠮ ᠪᠠ ᠲᠤᠰᠬᠠᠢ | ᠲᠦᠷᠢᠮ ᠨᠢ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠮᠡᠲᠡᠬᠦᠯᠵᠤ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠤᠨ ᠲᠠᠢ ᠪᠤᠯᠤᠨ᠎ᠠ᠃ ᠦᠪᠡᠷᠲᠡᠭᠡᠨ ᠵᠠᠰᠠᠬᠤ ᠵᠸᠤ᠂ | ᠦᠪᠡᠷᠲᠡᠭᠡᠨ ᠵᠠᠰᠠᠬᠤ ᠰᠢᠶᠠᠨ ᠤ ᠦᠪᠡᠷᠲᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠨᠢ ᠮᠤᠵᠢ ᠪᠤᠶᠤ | ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠮᠡᠲᠡᠬᠦᠯᠵᠤ ᠵᠦᠪᠰᠢᠶᠠᠷᠠᠬᠦᠯᠦᠭᠰᠡᠨ ᠤ ᠲᠠᠷᠠᠭ᠎ᠠ ᠬᠦᠴᠤᠨ ᠲᠠᠢ ᠪᠤᠯᠬᠤ ᠪᠦᠭᠡᠳ ᠲᠡᠬᠦᠨ ᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠲᠡᠬᠦᠯᠵᠤ | ᠲᠠᠩᠰᠠᠯᠠᠭᠤᠯᠤᠨ᠎ᠠ᠃ | ᠵᠠᠭᠤ ᠠᠷᠪᠠᠨ ᠲᠤᠯᠤᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠢ ᠤᠷᠤᠨ ᠨᠤᠲᠤᠭ ᠤᠨ ᠡᠳ᠋ ᠤᠨ ᠵᠠᠰᠠᠭ ᠢᠶᠠᠨ ᠬᠠᠮᠢᠶᠠᠷᠬᠤ ᠦᠪᠡᠷᠲᠡᠭᠡᠨ | ᠵᠠᠰᠠᠬᠤ ᠡᠷᠭᠡ ᠲᠠᠢ᠃ ᠤᠯᠤᠰ ᠤᠨ ᠡᠳ᠋ ᠤᠨ ᠵᠠᠰᠠᠭ ᠤᠨ ᠪᠠᠶᠢᠭᠤᠯᠤᠯ ᠤᠨ ᠶᠤᠰᠤᠭᠠᠷ ᠦᠨᠲᠤᠰᠤᠲᠠᠨ ᠤ ᠦᠪᠡᠷᠲᠡᠭᠡᠨ | ᠵᠠᠰᠠᠬᠤ ᠤᠷᠤᠨ ᠨᠤᠲᠤᠭ ᠲᠤ ᠬᠠᠷᠢᠶᠠᠯᠠᠭᠲᠠᠬᠤ ᠡᠳ᠋ ᠤᠨ ᠵᠠᠰᠠᠭ ᠤᠨ ᠤᠷᠤᠯᠭ᠎ᠠ ᠪᠦᠭᠦᠨ ᠢ ᠴᠦᠮ ᠦᠨᠲᠤᠰᠤᠲᠠᠨ ᠤ | ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ ᠵᠠᠰᠠᠬᠤ ᠪᠠᠶᠢᠭᠤᠯᠭ᠎ᠠ ᠠᠴᠠ ᠡᠵᠡᠨ ᠮᠡᠲᠡᠵᠤ | ᠲᠤᠭᠢᠷᠠᠭᠤᠯᠤᠨ ᠭᠡᠷᠡᠭᠯᠡᠨ᠎ᠠ᠃ | ᠵᠠᠭᠤ ᠠᠷᠪᠠᠨ ᠨᠠᠢᠮᠠᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠤᠯᠤᠰ ᠤᠨ ᠲᠦᠯᠦᠪᠯᠡᠭᠡᠨ ᠤ ᠵᠢᠯᠦᠭᠤᠲᠤᠯᠭᠠ ᠶᠢᠨ ᠲᠤᠤᠷ᠎ᠠ᠂ ᠤᠷᠤᠨ | ᠨᠤᠲᠤᠭ ᠤᠨ ᠴᠢᠨᠠᠷᠲᠠᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠡᠵᠡᠨ ᠮᠡᠲᠡᠵᠤ | ᠲᠤᠭᠢᠷᠠᠭᠤᠯᠤᠨ ᠬᠠᠮᠢᠶᠠᠷᠤᠨ᠎ᠠ᠃ | ᠤᠯᠤᠰ ᠠᠴᠠ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠲᠤ ᠡᠳ᠋ ᠪᠠᠶᠠᠯᠢᠭ ᠢ ᠨᠡᠭᠡᠭᠡᠵᠤ | ᠠᠰᠢᠭᠯᠠᠵᠤ᠂ ᠠᠵᠤ ᠠᠬᠤᠢᠢᠯᠠᠯ ᠪᠠᠶᠢᠭᠤᠯᠬᠤ ᠳᠠᠭᠠᠨ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠠᠰᠢᠭ ᠲᠤᠰᠨ ᠶᠢ ᠬᠠᠷᠠᠭᠠᠯᠵᠠᠬᠤ ᠭᠡᠷᠡᠭᠲᠡᠢ᠃ | ᠵᠠᠭᠤ ᠠᠷᠪᠠ ᠶᠢᠰᠤᠲᠤᠭᠡᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠲᠤᠰ ᠭᠠᠵᠠᠷ ᠤᠨ ᠢᠶᠠᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ | ᠰᠤᠶᠤᠯ ᠪᠤᠯᠪᠠᠰᠤᠷᠠᠯ᠂ ᠡᠷᠡᠬᠦᠯ ᠬᠠᠮᠠᠭᠠᠯᠠᠯ᠂ ᠪᠠᠶ᠎ᠠ ᠶᠢᠨ ᠲᠠᠮᠢᠷ ᠤᠨ ᠦᠢᠯᠡᠰ ᠢ ᠡᠵᠡᠨ ᠮᠡᠲᠡᠨ ᠬᠠᠮᠢᠶᠠᠷᠴᠤ᠂ | ᠦᠨᠲᠤᠰᠤᠲᠠᠨ ᠤ ᠪᠠᠨ ᠰᠤᠶᠤᠯ ᠤᠨ ᠦᠪ ᠢ ᠬᠠᠮᠠᠭᠠᠯᠠᠨ ᠡᠮᠭᠢᠳᠭᠡᠵᠤ᠂ ᠦᠨᠲᠤᠰᠤᠲᠠᠨ ᠤ ᠪᠠᠨ ᠰᠤᠶᠤᠯ ᠢ | ᠴᠡᠴᠡᠭᠯᠡᠬᠦᠯᠦᠨ ᠬᠦᠭᠵᠢᠬᠦᠯᠬᠦ ᠭᠡᠷᠡᠭᠲᠡᠢ᠃ | ᠵᠠᠭᠤ ᠬᠤᠷᠢᠳᠣᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠤᠯᠤᠰ ᠤᠷᠤᠨ ᠤ ᠴᠡᠷᠢᠭ ᠤᠨ ᠶᠠᠪᠤᠲᠠᠯ ᠤᠨ ᠲᠦᠷᠢᠮ ᠪᠠ ᠲᠤᠰ | ᠭᠠᠵᠠᠷ ᠤᠨ ᠢᠶᠠᠨ ᠪᠤᠲᠠᠲᠠᠢ ᠭᠡᠷᠡᠭᠴᠡᠭᠡ ᠶᠢ ᠦᠨᠲᠤᠰᠤᠯᠠᠨ᠂ ᠲᠦᠷᠤ ᠶᠢᠨ ᠶᠠᠪᠤᠲᠠᠯ ᠤᠨ ᠬᠤᠷᠢᠶ᠎ᠠ ᠪᠠᠷ | ᠵᠦᠪᠰᠢᠶᠡᠷᠡᠬᠦᠯᠦᠭᠡᠳ᠂ ᠨᠠᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠤᠰ ᠭᠠᠵᠠᠷ ᠤᠨ ᠢᠶᠠᠨ ᠲᠤᠲᠤᠭᠠᠲᠤ ᠶᠢ | ᠬᠠᠮᠠᠭᠠᠯᠬᠤ ᠴᠡᠷᠢᠭ ᠢ ᠪᠠᠶᠢᠭᠤᠯᠵᠤ ᠪᠤᠯᠤᠨ᠎ᠠ᠃ | ᠵᠠᠭᠤ ᠬᠤᠷᠢᠨ ᠨᠢᠭᠡᠲᠤᠭᠡᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠡᠬᠦᠷᠭᠡ ᠲᠤᠰᠢᠶᠠᠯ ᠢᠶᠠᠨ ᠬᠦᠢᠴᠡᠳᠭᠡᠬᠦ ᠳᠡᠭᠡᠨ ᠲᠤᠰ ᠦᠨᠲᠤᠰᠤᠲᠠᠨ ᠤ | ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ ᠵᠠᠰᠠᠬᠤ ᠲᠦᠷᠢᠮ ᠤᠨ ᠲᠤᠭᠲᠠᠭᠠᠯ ᠶᠤᠰᠤᠭᠠᠷ ᠲᠤᠰ | ᠭᠠᠵᠠᠷ ᠲᠤ ᠨᠠᠶᠢᠲᠠᠮ ᠭᠡᠷᠡᠭᠯᠡᠵᠤ ᠪᠠᠶᠢᠭ᠎ᠠ ᠨᠢᠭᠡ ᠪᠤᠶᠤ ᠭᠡᠲᠤᠨ ᠵᠦᠢᠯ ᠤᠨ ᠦᠭᠡ ᠭᠡᠯᠡ ᠦᠰᠦᠭ ᠪᠢᠴᠢᠭ ᠢ | ᠬᠡᠷᠡᠭᠯᠡᠨ᠎ᠡ᠃ | ᠵᠠᠭᠤ ᠬᠤᠷᠢᠨ ᠬᠤᠶᠠᠲᠤᠭᠠᠷ ᠵᠦᠢᠯ ᠤᠯᠤᠰ ᠠᠴᠠ ᠡᠳ᠋ ᠤᠨ ᠵᠠᠰᠠᠭ᠂ ᠡᠳ᠋ ᠪᠤᠲᠠᠰ᠂ ᠲᠧᠭᠨᠢᠭ | ᠮᠡᠷᠭᠡᠵᠢᠯ ᠵᠡᠷᠭᠡ ᠲᠠᠯ᠎ᠠ ᠪᠠᠷ ᠴᠦᠭᠡᠨ ᠲᠤᠭᠠᠲᠤ ᠦᠨᠲᠤᠰᠤᠲᠠᠨ ᠨᠦᠭᠦᠳ ᠢ ᠬᠠᠪᠰᠤᠷᠴᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠨᠢ ᠲᠦᠷᠭᠡᠨ | ᠭᠦᠭᠵᠢᠬᠦᠯᠦᠨ᠎ᠠ᠃ | ᠤᠯᠤᠰ ᠠᠴᠠ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠢ ᠬᠠᠪᠰᠤᠷᠴᠤ᠂ ᠲᠤᠰ | ᠭᠠᠵᠠᠷ ᠤᠨ ᠭᠢᠨᠢ ᠦᠨᠲᠤᠰᠤᠲᠠᠨ ᠨᠦᠭᠦᠳ ᠤᠨ ᠲᠤᠲᠤᠷ᠎ᠠ ᠠᠴᠠ ᠡᠯ᠎ᠠ ᠱᠠᠲᠤᠨ ᠤ ᠺᠠᠳ᠋ᠷ᠂ ᠲᠦᠷᠤᠯ ᠪᠦᠷᠢ ᠶᠢᠨ | ᠲᠤᠰᠬᠠᠢ ᠴᠢᠲᠠᠪᠤᠷᠢᠲᠠᠨ ᠪᠠ ᠮᠡᠷᠭᠡᠵᠢᠯᠲᠠᠢ ᠠᠵᠢᠯᠴᠢᠨ ᠢ ᠦᠯᠡᠮᠵᠢᠭᠡᠨ ᠬᠦᠮᠦᠵᠢᠬᠦᠯᠦᠨ᠎ᠠ᠃ | ᠲᠤᠯᠤᠲᠤᠭᠠᠷ ᠭᠡᠰᠡᠭ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ | ᠵᠠᠭᠤ ᠬᠤᠷᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠠᠷᠠᠳ ᠤᠨ ᠰᠢᠬᠦᠬᠦ ᠬᠤᠷᠢᠶ᠎ᠠ ᠪᠤᠯ ᠲᠦᠷᠤ ᠶᠢᠨ ᠰᠢᠬᠦᠨ ᠲᠠᠰᠤᠯᠬᠤ ᠪᠠᠶᠢᠭᠤᠯᠭ᠎ᠠ ᠮᠦᠨ᠃ | ᠵᠠᠭᠤ ᠬᠤᠷᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠠᠷᠠᠳ ᠤᠨ ᠲᠡᠭᠡᠲᠤ ᠰᠢᠬᠦᠬᠦ ᠬᠤᠷᠢᠶ᠎ᠠ᠂ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠰᠢᠬᠦᠬᠦ ᠬᠤᠷᠢᠶ᠎ᠠ ᠪᠠ | ᠴᠡᠷᠢᠭ ᠤᠨ ᠶᠠᠪᠤᠲᠠᠯ ᠤᠨ ᠰᠢᠬᠦᠬᠦ ᠬᠤᠷᠢᠶ᠎ᠠ ᠵᠠᠷᠭᠡ ᠲᠤᠰᠬᠠᠢ ᠠᠷᠠᠳ ᠤᠨ ᠰᠢᠬᠦᠬᠦ ᠬᠤᠷᠢᠶ᠎ᠠ ᠪᠠᠶᠢᠭᠤᠯᠤᠨ᠎ᠠ᠃ | ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠢᠨ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ ᠬᠤᠭᠤᠴᠠᠭ᠎ᠠ ᠠᠴᠠ | ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ | ᠠᠷᠠᠳ ᠤᠨ ᠰᠢᠬᠦᠬᠦ ᠬᠤᠷᠢᠶᠠᠨ ᠤ ᠵᠤᠬᠢᠶᠠᠨ ᠪᠠᠶᠢᠭᠤᠯᠤᠯᠳᠠ ᠶᠢ ᠬᠠᠤᠯᠢ ᠪᠠᠷ ᠲᠤᠭᠲᠠᠭᠠᠨ᠎ᠠ᠃ | ᠵᠠᠭᠤ ᠬᠤᠷᠢᠨ ᠲᠠᠪᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ ᠭᠡᠷᠡᠭ ᠰᠢᠬᠦᠬᠦ ᠳᠡᠭᠡᠨ ᠬᠠᠤᠯᠢ ᠳᠤ | ᠲᠤᠭᠲᠠᠭᠠᠭᠰᠠᠨ ᠤᠨᠴᠠᠭᠠᠢ ᠪᠠᠶᠢᠲᠠᠯ ᠠᠴᠠ ᠪᠤᠰᠤᠤᠨ ᠢ ᠨᠢ ᠴᠦᠮ ᠢᠯᠠ ᠪᠠᠷ ᠶᠠᠪᠤᠭᠤᠯᠤᠨ᠎ᠠ᠃ ᠵᠠᠭᠠᠯᠲᠤᠭᠲᠠᠭᠰᠠᠳ | ᠦᠮᠦᠭᠯᠡᠬᠦᠯᠬᠦ ᠡᠷᠭᠡ ᠲᠠᠢ᠃ | ᠵᠠᠭᠤ ᠬᠤᠷᠢᠨ ᠵᠢᠷᠭᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ ᠬᠠᠤᠯᠢ ᠳᠤ ᠲᠤᠭᠲᠠᠭᠠᠭᠰᠠᠨ | ᠶᠤᠰᠤᠭᠠᠷ ᠰᠢᠬᠦᠨ ᠲᠠᠰᠤᠯᠬᠤ ᠡᠷᠭᠡ ᠪᠠᠨ ᠪᠡᠶ᠎ᠠ ᠪᠠᠨ ᠲᠠᠭᠠᠭᠠᠵᠤ ᠭᠡᠷᠡᠭᠵᠢᠬᠦᠯᠦᠨ᠎ᠠ᠂ ᠵᠠᠰᠠᠭ ᠵᠠᠭᠢᠷᠭᠠᠨ ᠤ | ᠪᠠᠶᠢᠭᠤᠯᠭ᠎ᠠ᠂ ᠨᠠᠶᠢᠭᠡᠮ ᠤᠨ ᠪᠦᠯᠭᠦᠮ ᠪᠠ ᠬᠤᠪᠢ ᠬᠦᠮᠦᠨ ᠤ ᠭᠠᠷ ᠲᠦᠷᠤᠭᠦ ᠶᠢ ᠬᠦᠯᠢᠶᠡᠬᠦ ᠦᠭᠡᠢ᠃ | ᠵᠠᠭᠤ ᠬᠤᠷᠢᠨ ᠲᠤᠯᠤᠲᠤᠭᠠᠷ ᠵᠦᠢᠯ ᠠᠷᠠᠳ ᠤᠨ ᠲᠡᠭᠡᠲᠤ ᠰᠢᠬᠦᠬᠦ ᠬᠤᠷᠢᠶ᠎ᠠ ᠪᠤᠯ ᠲᠡᠭᠡᠲᠤ ᠰᠢᠬᠦᠨ | ᠲᠠᠰᠤᠯᠬᠤ ᠪᠠᠶᠢᠭᠤᠯᠭ᠎ᠠ ᠮᠦᠨ᠃ | ᠠᠷᠠᠳ ᠤᠨ ᠲᠡᠭᠡᠲᠤ ᠰᠢᠬᠦᠬᠦ ᠬᠤᠷᠢᠶ᠎ᠠ ᠨᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠰᠢᠬᠦᠬᠦ | ᠬᠤᠷᠢᠶᠠᠨ ᠤ ᠪᠠ ᠠᠷᠠᠳ ᠤᠨ ᠲᠤᠰᠬᠠᠢ ᠰᠢᠬᠦᠬᠦ ᠬᠤᠷᠢᠶᠠᠨ ᠤ ᠰᠢᠬᠦᠨ ᠲᠠᠰᠤᠯᠬᠤ ᠠᠵᠢᠯ ᠳᠤ ᠭᠢᠨᠠᠯᠲᠠ ᠲᠠᠯᠪᠢᠨ᠎ᠠ᠂ | ᠲᠡᠭᠡᠲᠤ ᠱᠠᠲᠤᠨ ᠤ ᠠᠷᠠᠳ ᠤᠨ ᠰᠢᠬᠦᠬᠦ ᠬᠤᠷᠢᠶ᠎ᠠ ᠨᠢ ᠲᠤᠤᠷᠠᠲᠤ ᠱᠠᠲᠤᠨ ᠤ ᠠᠷᠠᠳ ᠤᠨ ᠰᠢᠬᠦᠬᠦ ᠬᠤᠷᠢᠶᠠᠨ ᠤ | ᠰᠢᠬᠦᠨ ᠲᠠᠰᠤᠯᠬᠤ ᠠᠵᠢᠯ ᠳᠤ ᠭᠢᠨᠠᠯᠲᠠ ᠲᠠᠯᠪᠢᠨ᠎ᠠ᠃ | ᠵᠠᠭᠤ ᠬᠤᠷᠢᠨ ᠨᠠᠢᠮᠠᠲᠤᠭᠠᠷ ᠵᠦᠢᠯ ᠠᠷᠠᠳ ᠤᠨ ᠲᠡᠭᠡᠲᠤ ᠰᠢᠬᠦᠬᠦ ᠬᠤᠷᠢᠶ᠎ᠠ ᠨᠢ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠷᠢᠭᠤᠴᠠᠨ᠎ᠠ᠃ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠰᠢᠬᠦᠬᠦ ᠬᠤᠷᠢᠶ᠎ᠠ ᠨᠢ ᠲᠡᠬᠦᠨ ᠢ ᠭᠠᠷᠭᠠᠭᠰᠠᠨ ᠲᠦᠷᠤ ᠶᠢᠨ ᠡᠷᠭᠡᠲᠤ ᠪᠠᠶᠢᠭᠤᠯᠭ᠎ᠠ ᠳᠤ ᠬᠠᠷᠢᠭᠤᠴᠠᠨ᠎ᠠ᠃ | ᠵᠠᠭᠤ ᠬᠤᠷᠢ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠤᠨ | ᠪᠠᠶᠢᠴᠠᠭᠠᠬᠤ ᠬᠤᠷᠢᠶ᠎ᠠ ᠪᠤᠯ ᠲᠦᠷᠤ ᠶᠢᠨ ᠬᠠᠤᠯᠢ ᠴᠠᠭᠠᠵᠠ ᠶᠢᠨ ᠭᠢᠨᠠᠯᠲᠠ ᠲᠠᠯᠪᠢᠬᠤ ᠪᠠᠶᠢᠭᠤᠯᠭ᠎ᠠ ᠮᠦᠨ᠃ | ᠵᠠᠭᠤ ᠭᠤᠴᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠠᠷᠠᠳ ᠤᠨ ᠲᠡᠭᠡᠲᠤ | ᠪᠠᠶᠢᠴᠠᠭᠠᠬᠤ ᠬᠤᠷᠢᠶ᠎ᠠ᠂ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ ᠴᠡᠷᠢᠭ ᠤᠨ | ᠪᠠᠶᠢᠴᠠᠭᠠᠬᠤ ᠬᠤᠷᠢᠶ᠎ᠠ ᠵᠡᠷᠭᠡ ᠠᠷᠠᠳ ᠤᠨ ᠲᠤᠰᠬᠠᠢ ᠪᠠᠶᠢᠴᠠᠭᠠᠬᠤ ᠬᠤᠷᠢᠶ᠎ᠠ ᠪᠠᠶᠢᠭᠤᠯᠤᠨ᠎ᠠ᠃ | ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ ᠬᠤᠭᠤᠴᠠᠭ᠎ᠠ ᠠᠴᠠ | ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ | ᠠᠷᠠᠳ ᠤᠨ ᠪᠠᠶᠢᠴᠠᠭᠠᠬᠤ ᠬᠤᠷᠢᠶᠠᠨ ᠤ ᠵᠤᠬᠢᠶᠠᠨ ᠪᠠᠢᠭᠤᠯᠤᠯᠲᠠ ᠶᠢ ᠬᠠᠤᠯᠢ ᠪᠠᠷ ᠲᠤᠭᠳᠠᠭᠠᠨ᠎ᠠ᠃ | ᠵᠠᠭᠤ ᠭᠤᠴᠢᠨ ᠨᠢᠭᠡᠲᠤᠭᠡᠷ ᠵᠦᠢᠯ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠳᠤ ᠲᠤᠭᠲᠠᠭᠠᠭᠰᠠᠨ | ᠶᠤᠰᠤᠭᠠᠷ ᠪᠠᠶᠢᠴᠠᠭᠠᠬᠤ ᠡᠷᠭᠡ ᠪᠠᠨ ᠪᠡᠶ᠎ᠠ ᠪᠠᠨ ᠲᠠᠭᠠᠭᠠᠵᠤ ᠭᠡᠷᠡᠭᠵᠢᠬᠦᠯᠦᠨ᠎ᠠ᠂ ᠵᠠᠰᠠᠭ ᠵᠠᠭᠢᠷᠭᠠᠨ ᠤ ᠪᠠᠶᠢᠭᠤᠯᠭ᠎ᠠ᠂ | ᠨᠠᠶᠢᠭᠡᠮ ᠤᠨ ᠪᠦᠯᠭᠦᠮ ᠪᠠ ᠬᠤᠪᠢ ᠬᠦᠮᠦᠨ ᠤ ᠭᠠᠷ ᠲᠦᠷᠦᠬᠦ ᠶᠢ ᠬᠦᠯᠢᠶᠡᠬᠦ ᠦᠭᠡᠢ᠃ | ᠵᠠᠭᠤ ᠭᠤᠴᠢᠨ ᠬᠤᠶᠠᠲᠤᠭᠠᠷ ᠵᠦᠢᠯ ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠪᠤᠯ ᠲᠡᠭᠡᠲᠤ | ᠪᠠᠶᠢᠴᠠᠭᠠᠬᠤ ᠪᠠᠶᠢᠭᠤᠯᠭ᠎ᠠ ᠮᠦᠨ᠃ | ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠨᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠ ᠠᠷᠠᠳ ᠤᠨ ᠲᠤᠰᠬᠠᠢ ᠪᠠᠶᠢᠴᠠᠭᠠᠬᠤ ᠬᠤᠷᠢᠶᠠᠨ ᠤ ᠠᠵᠢᠯ ᠢ ᠤᠲᠤᠷᠢᠲᠤᠨ᠎ᠠ᠂ | ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠲᠤᠤᠷᠠᠲᠤ ᠱᠠᠲᠤᠨ ᠤ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠢ ᠤᠲᠤᠷᠢᠲᠤᠨ᠎ᠠ᠃ | ᠵᠠᠭᠤ ᠭᠤᠴᠢᠨ ᠭᠤᠷᠪᠠᠲᠤᠭᠠᠷ ᠵᠦᠢᠯ ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠨᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠨ᠎ᠠ᠃ ᠤᠷᠤᠨ ᠨᠤᠲᠤᠭ ᠤᠨ | ᠡᠯ᠎ᠠ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠲᠡᠬᠦᠨ ᠢ ᠭᠠᠷᠭᠠᠭᠰᠠᠨ ᠲᠦᠷᠤ ᠶᠢᠨ ᠡᠷᠭᠡᠲᠤ ᠪᠠᠶᠢᠭᠤᠯᠭ᠎ᠠ | ᠪᠠ ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠠᠷᠢᠭᠤᠴᠠᠨ᠎ᠠ᠃ | ᠵᠠᠭᠤ ᠭᠤᠴᠢᠨ ᠲᠦᠷᠪᠡᠲᠤᠭᠡᠷ ᠵᠦᠢᠯ ᠦᠨᠲᠤᠰᠤᠲᠠᠨ ᠨᠦᠭᠦᠳ ᠤᠨ ᠠᠷᠠᠳ ᠢᠷᠭᠡᠨ ᠴᠦᠮ | ᠦᠨᠲᠤᠰᠤᠲᠠᠨ ᠤ ᠪᠠᠨ ᠦᠭᠡ ᠭᠡᠯᠡ ᠦᠰᠦᠭ ᠪᠢᠴᠢᠭ ᠢᠶᠠᠷ ᠵᠠᠷᠭᠤᠯᠲᠤᠬᠤ ᠡᠷᠭᠡ ᠲᠠᠢ᠃ ᠠᠷᠠᠳ ᠤᠨ ᠰᠢᠬᠦᠬᠦ | ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠨᠢ ᠲᠤᠰ ᠭᠠᠵᠠᠷ ᠲᠤ ᠨᠡᠶᠢᠲᠡᠮ ᠭᠡᠷᠡᠭᠯᠡᠵᠤ ᠪᠠᠶᠢᠭ᠎ᠠ ᠦᠭᠡ ᠭᠡᠯᠡ | ᠦᠰᠦᠭ ᠪᠢᠴᠢᠭ ᠢ ᠮᠡᠲᠡᠬᠦ ᠦᠭᠡᠢ ᠵᠠᠷᠭᠤ ᠳᠤ ᠤᠷᠤᠯᠴᠠᠭᠰᠠᠳ ᠲᠤ ᠤᠷᠴᠢᠭᠤᠯᠵᠤ ᠦᠭᠬᠦ ᠭᠡᠷᠡᠭᠲᠡᠢ᠃ | ᠴᠦᠭᠡᠨ ᠲᠤᠭᠠᠲᠤ ᠦᠨᠲᠤᠰᠤᠲᠠᠨ ᠤ ᠲᠦᠪᠯᠡᠷᠡᠨ ᠰᠠᠭᠤᠭ᠎ᠠ ᠪᠤᠶᠤ ᠤᠯᠠᠨ ᠦᠨᠲᠤᠰᠤᠲᠠᠨ ᠤ ᠴᠤᠭᠯᠠᠷᠠᠨ | ᠰᠠᠭᠤᠭ᠎ᠠ ᠤᠷᠤᠨ ᠳᠤ ᠪᠤᠯ᠂ ᠲᠤᠰ ᠭᠠᠵᠠᠷ ᠲᠤ ᠨᠠᠶᠢᠲᠠᠮ ᠭᠡᠷᠡᠭᠯᠡᠵᠤ ᠪᠠᠶᠢᠭ᠎ᠠ ᠦᠭᠡ ᠭᠡᠯᠡ ᠪᠠᠷ ᠰᠢᠬᠦᠨ | ᠰᠢᠢᠳᠪᠤᠷᠢᠯᠡᠨ᠎ᠠ︔ ᠪᠤᠲᠠᠲᠤ ᠭᠡᠷᠡᠭᠴᠡᠭᠡ ᠶᠢ ᠦᠨᠲᠤᠰᠤᠯᠠᠵᠤ ᠵᠠᠭᠠᠯᠲᠤᠯᠭ᠎ᠠ ᠶᠢᠨ ᠪᠢᠢᠴᠭ᠂ ᠰᠢᠬᠦᠨ ᠲᠠᠰᠤᠯᠤᠭᠰᠠᠨ | ᠪᠢᠴᠢᠭ᠂ ᠵᠠᠷ ᠪᠠ ᠪᠤᠰᠤᠤᠨ ᠪᠢᠴᠢᠭ ᠮᠠᠲ᠋ᠧᠷᠢᠶᠠᠯ ᠢ ᠲᠤᠰ ᠭᠠᠵᠠᠷ ᠲᠤ ᠨᠠᠶᠢᠲᠠᠮ ᠭᠡᠷᠡᠭᠯᠡᠵᠤ ᠪᠠᠶᠢᠭ᠎ᠠ ᠨᠢᠭᠡ | ᠵᠦᠢᠯ ᠤᠨ ᠪᠤᠶᠤ ᠭᠡᠲᠤᠨ ᠵᠦᠢᠯ ᠤᠨ ᠦᠰᠦᠭ ᠪᠢᠴᠢᠭ ᠢᠶᠠᠷ ᠪᠢᠴᠢᠬᠦ ᠭᠡᠷᠡᠭᠲᠡᠢ᠃ | ᠵᠠᠭᠤ ᠭᠤᠴᠢᠨ ᠲᠠᠪᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠡᠷᠡᠬᠦᠦ ᠶᠢᠨ ᠭᠡᠷᠡᠭ ᠢ ᠰᠢᠢᠳᠪᠤᠷᠢᠯᠡᠬᠦ ᠳᠡᠭᠡᠨ | ᠠᠵᠢᠯ ᠬᠤᠪᠢᠶᠠᠨ ᠬᠠᠷᠢᠭᠤᠴᠠᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠨᠦᠬᠦᠴᠠᠯᠲᠤᠵᠤ ᠪᠠᠶᠢᠭᠠᠳ ᠬᠠᠤᠯᠢ | ᠴᠠᠭᠠᠵᠠ ᠶᠢ ᠤᠨᠤᠪᠴᠢᠲᠠᠢ ᠪᠦᠭᠡᠳ ᠬᠦᠴᠤᠨ ᠲᠡᠬᠦᠯᠲᠠᠷ ᠭᠡᠷᠡᠭᠵᠢᠬᠦᠯᠬᠦ ᠶᠢ ᠪᠠᠲᠤᠯᠠᠬᠤ ᠭᠡᠷᠡᠭᠲᠡᠢ᠃ | ᠲᠦᠷᠪᠡᠲᠤᠭᠡᠷ ᠪᠦᠯᠦᠭ ᠤᠯᠤᠰ ᠤᠨ ᠲᠤᠭ᠂ ᠤᠯᠤᠰ ᠤᠨ ᠰᠦᠯᠲᠠ ᠲᠠᠭᠤᠤ᠂ ᠤᠯᠤᠰ ᠤᠨ ᠰᠦᠯᠲᠠ | ᠂ ᠨᠠᠶᠢᠰᠯᠠᠯ | ᠵᠠᠭᠤ ᠭᠤᠴᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠤᠯᠤᠰ ᠤᠨ ᠲᠤᠭ ᠪᠤᠯ ᠲᠠᠪᠤᠨ ᠤᠲᠤᠲᠤ ᠤᠯᠠᠭᠠᠨ ᠲᠤᠭ ᠮᠦᠨ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠰᠦᠯᠲᠠ ᠲᠠᠭᠤᠤ ᠪᠤᠯ ︽ᠵᠢᠷᠤᠮ ᠤᠨ | ᠴᠡᠷᠢᠭ ᠤᠨ ᠤᠷᠤᠭᠰᠢᠯᠠᠯᠲᠠ ᠶᠢᠨ ᠲᠠᠭᠤᠤ︾ ᠪᠤᠯᠤᠨ᠎ᠠ᠃ | ᠵᠠᠭᠤ ᠭᠤᠴᠢᠨ ᠲᠤᠯᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠤᠯᠤᠰ ᠤᠨ ᠰᠦᠯᠲᠠ ᠪᠤᠯ ᠲᠤᠮᠲᠠ ᠪᠠᠨ ᠲᠠᠪᠤᠨ ᠤᠲᠤᠨ ᠢᠶᠠᠷ ᠭᠡᠷᠡᠯᠲᠤᠬᠦᠯᠦᠭᠰᠡᠨ ᠲᠢᠶᠠᠨ ᠠᠨ ᠮᠧᠨ ᠠᠰᠠᠷ ᠲᠠᠢ᠂ | ᠬᠦᠪᠡᠭᠡ ᠪᠠᠷ ᠢᠶᠠᠨ ᠲᠠᠷᠢᠶᠠᠨ ᠲᠦᠷᠦᠬᠦᠦ ᠪᠠ ᠠᠷᠠᠭᠠᠲᠤ ᠬᠦᠷᠲᠤ ᠲᠠᠢ᠃ | ᠵᠠᠭᠤ ᠭᠤᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠨᠠᠶᠢᠰᠯᠠᠯ | ᠪᠤᠯ ᠪᠡᠭᠡᠵᠢᠩ ᠮᠦᠨ᠃ | |