ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠬ᠎ᠠ ᠶᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2017-03-02
       ᠰᠤᠷᠪᠤᠯᠵᠢᠯᠠᠭᠰᠠᠨ ᠴᠠᠭ᠄        2017 ᠣᠨ ᠤ 1 ᠳ᠋ᠦ᠋ᠭᠡᠷ ᠰᠠᠷ᠎ᠠ ᠶᠢᠨ 24 ᠤ ᠦᠳᠡ ᠶᠢᠨ ᠡᠮᠦᠨ᠎ᠡ ᠶᠢᠨ 9 ᠴᠠᠭ ᠲᠤ        ᠰᠤᠷᠪᠤᠯᠵᠢᠯᠠᠭᠰᠠᠨ ᠵᠣᠴᠢᠨ᠄        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠠᠨ ᠡᠾᠧᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠣᠶᠢᠷ᠎ᠠ ᠶᠢᠨ ᠵᠢᠯ ᠤᠨ ᠲᠤᠷᠰᠢ᠂ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ᠂ ᠳᠤᠮᠳᠠ ᠳᠡᠭᠡᠳᠦ ᠳᠡᠰ ᠵᠦᠭ ᠳᠠᠪᠰᠢᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠭᠦᠨ ᠳᠤ ᠭᠤᠣᠯᠳᠠᠭᠤ᠄ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠲᠦᠷᠦ ᠶᠢᠨ ᠪᠤᠳᠤᠯᠭ᠎ᠠ ᠶᠢᠨ ᠲᠣᠬᠢᠷᠠᠬᠤ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠵᠢᠵᠢᠭ ᠪᠢᠴᠢᠯ ᠠᠵᠤ ᠠᠬᠤᠶᠢᠯᠠᠯ ᠢ ᠥᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠨᠥᠬᠦᠴᠡᠯ ᠢ ᠠᠭᠤᠵᠢᠭᠤ ᠲᠠᠯᠪᠢᠬᠤ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠲᠥᠷᠥ ᠶᠢᠨ ᠪᠤᠳᠤᠯᠭ᠎ᠠ ᠶᠢᠨ ᠬᠡᠪᠴᠢᠶ᠎ᠡ ᠶᠢ ᠥᠷᠭᠡᠳᠬᠡᠬᠦ᠂ ᠭᠤᠣᠯᠳᠠᠯᠭ᠎ᠠ ᠲᠠᠢ ᠳᠡᠮᠵᠢᠵᠦ ᠪᠠᠶᠢᠭ᠎ᠠ ᠠᠵᠢᠯ ᠲᠦᠷᠦᠯ ᠳᠤ ᠨᠡᠩ ᠢᠯᠡᠭᠦᠦ ᠬᠠᠷᠠᠭᠠᠯᠵᠠᠯ ᠤᠨ ᠲᠣᠭᠲᠠᠮᠠᠯ ᠬᠥᠷᠥᠩᠭᠡ ᠶᠢᠨ ᠡᠯᠡᠭᠳᠡᠯ ᠢ ᠲᠦᠷᠭᠡᠳᠬᠡᠬᠦ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠬᠦᠷᠢᠶ᠎ᠡ ᠬᠡᠪᠴᠢᠶ᠎ᠡ ᠶᠢ ᠡᠮᠬᠢ ᠵᠢᠷᠤᠮ ᠲᠠᠢ ᠥᠷᠭᠡᠳᠬᠡᠬᠦ᠂ ᠦᠨᠡᠮᠰᠢᠨ ᠲᠣᠭᠲᠠᠭᠠᠬᠤ ᠭᠠᠷᠳᠠᠮ ᠢ ᠳᠦᠭᠦᠮᠴᠢᠯᠡᠬᠦ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠭᠤᠯᠭ᠎ᠠ ᠪᠠᠭᠲᠠᠨ᠎ᠠ᠃        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄        ᠬᠥᠲᠥᠯᠥᠭᠴᠢ᠄        ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠃ ᠤᠳᠣᠬᠠᠨ ᠳᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠣᠯᠣᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠳᠤᠮᠳᠠ ᠭᠠᠶᠢᠯᠢ ᠶᠢᠨ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠵᠢᠴᠢ ᠭᠠᠶᠢᠯᠢ ᠶᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢᠨ ᠦᠵᠡᠭᠦᠯᠬᠦ ᠦᠢᠯᠡᠳᠦᠯ ᠤᠯᠠᠮ ᠠᠴᠠ ᠤᠯᠠᠮ ᠢᠯᠡᠷᠬᠡᠶ ᠪᠣᠯᠵᠤ᠂ ᠤᠯᠠᠨ ᠤ ᠡᠭᠦᠨ ᠤ ᠲᠤᠬᠠᠶ ᠠᠩᠬᠠᠷᠤᠯ ᠤᠨ ᠬᠡᠮᠵᠢᠶ᠎ᠡ ᠴᠦ ᠤᠯᠠᠮ ᠠᠴᠠ ᠤᠯᠠᠮ ᠥᠨᠳᠥᠷ ᠪᠤᠯᠵᠤ ᠪᠠᠶᠢᠨ᠎ᠠ᠃ ᠥᠨᠥᠳᠦᠷ᠂ ᠪᠢᠳᠡ ᠮᠠᠰᠢ ᠪᠠᠶᠠᠷᠲᠠᠶ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠠᠨ ᠡᠾᠧᠩ ᠢ ᠤᠷᠢᠵᠤ᠂ ᠤᠯᠠᠨ ᠤ ᠨᠡᠶᠢᠳᠡᠮ ᠠᠩᠬᠠᠷᠴᠤ ᠪᠠᠶᠢᠭ᠎ᠠ ᠰᠡᠳᠦᠪ ᠤᠨ ᠲᠠᠯ᠎ᠠ ᠪᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠂ ᠲᠡᠭᠦᠨ ᠢᠶᠠᠷ ᠬᠤᠯᠪᠣᠭᠳᠠᠯ ᠪᠦᠬᠦᠢ ᠪᠠᠶᠢᠳᠠᠯ ᠢ ᠤᠯᠠᠨ ᠳᠤ ᠲᠠᠨᠢᠯᠴᠠᠭᠤᠯᠬᠤ ᠶᠢᠨ ᠬᠠᠮᠲᠤ ᠤᠯᠠᠨ ᠤ ᠠᠰᠠᠭᠤᠯᠲᠠ ᠶᠢ ᠬᠠᠷᠠᠭᠤᠯᠬᠤ ᠪᠠᠷ ᠪᠣᠯᠪᠠ᠃        ᠲᠠᠨ ᠡᠾᠧᠩ᠄        ᠬᠥᠲᠥᠯᠥᠭᠴᠢ᠂ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ ᠡᠨᠡ ᠲᠠᠰᠢᠷᠠᠮ ᠳᠤ᠂ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ ᠭᠠᠶᠢᠯᠢ ᠲᠠᠲᠠᠪᠤᠷᠢ ᠶᠢᠨ ᠠᠵᠢᠯ ᠳᠤ ᠢᠮᠠᠭᠲᠠ ᠰᠡᠳᠬᠢᠯ ᠲᠠᠯᠪᠢᠵᠤ᠂ ᠳᠡᠮᠵᠢᠵᠦ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃        ᠬᠥᠲᠥᠯᠥᠭᠴᠢ᠄        ᠶᠠᠭᠤᠨ ᠤ ᠤᠷᠢᠳ ᠲᠠ ᠣᠶᠢᠷ᠎ᠠ ᠶᠢᠨ ᠵᠢᠯ ᠤᠳ ᠲᠤ ᠪᠢᠳᠠ ᠶᠠᠮᠠᠷ ᠶᠠᠮᠠᠷ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠤᠤ︖        ᠲᠠᠨ ᠡᠾᠧᠩ᠄        ᠣᠶᠢᠷ᠎ᠠ ᠶᠢᠨ ᠵᠢᠯ ᠳᠤ᠂ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠠᠬᠢᠭᠤᠯᠵᠤ᠂ ᠳᠤᠮᠳᠠ ᠳᠡᠭᠡᠳᠦ ᠳᠡᠰ ᠵᠦᠭ ᠳᠠᠪᠰᠢᠭᠤᠯᠬᠤ ᠶᠢ ᠠᠬᠢᠭᠤᠯᠬᠤ ᠶᠢᠨ ᠲᠤᠯᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠬᠡᠷᠡᠭᠵᠢᠭᠦᠯᠪᠡ᠂ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠪᠣᠯᠣᠨ ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠪᠣᠯ ᠡᠭᠦᠨ ᠤ ᠳᠣᠲᠣᠷᠠᠬᠢ ᠴᠢᠬᠤᠯᠠ ᠨᠢᠭᠡ ᠲᠠᠯ᠎ᠠ ᠪᠣᠯᠤᠨ᠎ᠠ᠃ ᠡᠭᠦᠨ ᠳᠤ ᠭᠤᠣᠯᠳᠠᠭᠤ ᠳᠣᠣᠷᠠᠬᠢ ᠠᠭᠤᠯᠭ᠎ᠠ ᠤᠳ ᠪᠠᠭᠲᠠᠨ᠎ᠠ᠄ ᠨᠢᠭᠡ ᠳᠤ 2013 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠪᠥᠬᠦ ᠣᠷᠣᠨ ᠤ ᠵᠠᠮ ᠲᠡᠭᠡᠭᠡᠪᠦᠷᠢ ᠶᠢᠨ ᠦᠢᠯᠡᠰ ᠪᠣᠯᠣᠨ ᠬᠡᠰᠡᠭ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠬᠢᠵᠦ᠂ 2016 ᠣᠨ ᠤ 5 ᠳ᠋ᠤᠭᠠᠷ ᠰᠠᠷ᠎ᠠ ᠶᠢᠨ 1 ᠤ ᠡᠳᠦᠷ ᠪᠣᠯᠬᠤ ᠳᠤ ᠮᠥᠩᠭᠦᠨ ᠭᠦᠢᠯᠭᠡᠭᠡᠨ ᠤ ᠦᠢᠯᠡᠰ ᠵᠡᠷᠭᠡ ᠳᠥᠷᠪᠡᠨ ᠲᠣᠮᠣ ᠠᠵᠢᠯ ᠲᠥᠷᠥᠯ ᠳᠤ ᠪᠦᠬᠦ ᠲᠠᠯ᠎ᠠ ᠪᠠᠷ ᠳᠡᠯᠭᠡᠷᠡᠭᠦᠯᠦᠨ᠂ ᠪᠤᠢ ᠪᠦᠬᠦᠢ ᠡᠳ᠋ ᠪᠠᠷᠠᠭ᠎ᠠ᠂ ᠦᠢᠯᠡᠴᠢᠯᠡᠭᠡᠨ ᠤ ᠪᠤᠢ ᠪᠦᠭᠦᠢ ᠵᠠᠩᠭᠢᠯᠠᠭ᠎ᠠ ᠨᠤᠭᠤᠳ ᠲᠤ ︽ᠪᠦᠷᠢᠨ ᠪᠥᠷᠬᠦᠭᠦᠯᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ 2016 ᠣᠨ ᠤ ᠵᠢᠯ ᠤᠨ ᠡᠴᠦᠰ ᠪᠣᠯᠬᠤ ᠳᠤ᠂ ᠪᠥᠬᠦ ᠣᠷᠣᠨ ᠳᠤ ︽ᠪᠣᠶ ᠪᠥᠬᠦᠶ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠬᠠᠰᠤᠭᠳᠠᠭᠤᠯᠬᠤ ᠠᠴᠠ ᠪᠢᠰᠢ ᠨᠡᠮᠡᠭᠳᠡᠭᠦᠯᠬᠦ ᠦᠭᠡᠶ ᠪᠠᠶᠢᠬᠤ ︾ ᠥᠭᠡᠷᠡᠴᠢᠯᠡᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠳᠥᠷᠪᠡᠨ ᠲᠣᠮᠣ ᠠᠵᠢᠯ ᠲᠥᠷᠥᠯ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢ 18.53 ᠳ᠋ᠦᠩᠰᠢᠭᠤᠷ ᠲᠦᠬᠦᠷᠢᠭ ᠬᠠᠰᠤᠵᠤ᠂ ᠭᠠᠶᠢᠯᠢ ᠬᠠᠰᠤᠭᠰᠠᠨ ᠭᠠᠶᠢᠯᠢ ᠲᠤᠰᠢᠶᠠᠭᠴᠢ ᠶᠢᠨ ᠡᠷᠦᠬᠡ ᠶᠢᠨ ᠲᠣᠭᠠᠨ ᠤ ᠬᠠᠷᠢᠴᠠᠯ ᠨᠢ 99.22% ᠲᠤ ᠬᠦᠷᠴᠦ᠂ ︽3 + 7︾ ᠠᠵᠢᠯ ᠲᠥᠷᠥᠯ ᠤᠨ 21.41 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ᠂ ᠤᠤᠯ ᠤᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢ ᠶᠢᠨ 35.76 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ᠂ ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠡᠳ ᠨᠡᠶᠢᠲᠡ 75.7 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠪᠠ︔ ᠬᠤᠶᠠᠷ ᠲᠤ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠠᠴᠠ ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠲᠦᠷᠦ ᠶᠢᠨ ᠪᠤᠳᠤᠯᠭ᠎ᠠ ᠶᠢᠨ ᠲᠣᠬᠢᠷᠠᠬᠤ ᠬᠦᠷᠢᠶ᠎ᠡ ᠬᠡᠪᠴᠢᠶ᠎ᠡ ᠶᠢ ᠤᠷᠢᠳ ᠬᠤᠵᠢᠳ 4 ᠤᠳᠠᠭ᠎ᠠ ᠥᠷᠭᠡᠳᠬᠡᠨ᠂ ᠵᠢᠯ ᠤᠨ ᠭᠠᠶᠢᠯᠢ ᠲᠤᠰᠢᠶᠠᠬᠤ ᠶᠣᠰᠣᠲᠠᠶ ᠣᠯᠵᠠᠪᠤᠷᠢ ᠶᠢᠨ ᠲᠤᠭ᠎ᠠ ᠨᠢ ᠤᠤᠯ ᠳᠠᠭᠠᠨ 3 ᠲᠦᠮᠡᠨ ᠲᠥᠭᠦᠷᠢᠭ ᠪᠠᠶᠢᠭᠰᠠᠨ ᠠᠴᠠ ᠨᠢ ᠠᠯᠬᠤᠮ ᠠᠯᠬᠤᠮ ᠪᠠᠷ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ︔ ᠭᠤᠷᠪᠠ ᠳᠤ᠂ ᠵᠢᠵᠢᠭ ᠪᠢᠴᠢᠯ ᠠᠵᠤ ᠠᠬᠤᠶᠢᠯᠠᠯ ᠢ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠨᠥᠬᠦᠴᠡᠯ ᠢ ᠬᠤᠶᠠᠷ ᠣᠳᠠᠭ᠎ᠠ ᠠᠭᠤᠵᠢᠭᠤ ᠲᠠᠯᠪᠢᠵᠤ᠂ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 5000 ᠲᠥᠭᠦᠷᠢᠭ ᠪᠠᠶᠢᠭᠰᠠᠨ ᠠᠴᠠ ᠨᠢ 3 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ︔ ᠲᠦᠷᠪᠡ ᠳᠤ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠳᠦᠷᠦ ᠶᠢᠨ ᠪᠤᠲᠤᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ 2 ᠤᠳᠠᠭ᠎ᠠ ᠥᠷᠭᠡᠳᠬᠡᠨ᠂ ᠵᠦᠩ ᠭᠤᠸᠠᠨ ᠴᠦᠨ ᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠤᠯᠤᠰ ᠳᠠᠶᠠᠭᠠᠷ ᠲᠤ ᠳᠡᠯᠭᠡᠷᠡᠭᠦᠯᠪᠡ ︔ ᠲᠠᠪᠤ ᠳᠤ ᠭᠤᠣᠯᠳᠠᠯᠭ᠎ᠠ ᠲᠠᠢ ᠳᠡᠮᠵᠢᠬᠦ 6 ᠠᠵᠢᠯ ᠲᠦᠷᠦᠯ ᠳᠤ ᠲᠣᠭᠲᠠᠮᠠᠯ ᠬᠥᠷᠥᠩᠭᠡ ᠶᠢᠨ ᠡᠯᠡᠭᠳᠡᠯ ᠢ ᠲᠦᠷᠭᠡᠳᠬᠡᠬᠦ ᠨᠡᠩ ᠢᠯᠡᠭᠦᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠠᠭ᠎ᠠ ᠪᠠᠷ ᠨᠢ 10 ᠠᠵᠢᠯ ᠲᠥᠷᠥᠯ ᠪᠣᠯᠭᠠᠨ ᠥᠷᠭᠡᠳᠬᠡᠪᠡ᠃ ᠵᠢᠷᠭᠤᠭ᠎ᠠ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠬᠦᠷᠢᠶ᠎ᠡ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠵᠦ᠂ ᠦᠨᠡᠮᠰᠢᠨ ᠲᠣᠭᠲᠠᠭᠠᠬᠤ ᠭᠠᠷᠳᠠᠮ ᠢ ᠳᠦᠭᠦᠮᠴᠢᠯᠡᠪᠡ᠃
       ᠬᠥᠲᠥᠯᠥᠭᠴᠢ᠄        ᠭᠠᠶᠢᠯᠢ ᠲᠠᠲᠠᠪᠤᠷᠢ ᠶᠢᠨ ᠲᠦᠷᠢᠮ ᠤᠨ ᠥᠭᠡᠷᠡᠴᠢᠯᠡᠯᠲᠡ ᠪᠣᠯᠣᠨ ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠶᠠᠮᠠᠷ ᠦᠢᠯᠡᠳᠦᠯ ᠦᠵᠡᠭᠦᠯᠦᠭᠰᠡᠨ ᠪᠤᠢ︖        ᠲᠠᠨ ᠾᠧᠩ᠄        ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ 2012 ᠣᠨ ᠠᠴᠠ 2016 ᠣᠨ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ GDP ᠶᠢᠨ ᠨᠡᠮᠡᠭᠳᠡᠯ ᠨᠢ 10.59% ᠪᠠᠶᠢᠭᠰᠠᠨ ᠠᠴᠠ ᠪᠠᠨ ᠢᠳᠡᠭ ᠢᠳᠡᠭ ᠢᠶᠠᠷ 7.3% ᠣᠷᠴᠢᠮ ᠪᠣᠯᠣᠨ ᠪᠠᠭᠤᠷᠠᠵᠤ᠂ ᠨᠡᠮᠡᠭᠳᠡᠯ ᠨᠢ 3.29 ᠵᠠᠭᠤᠨ ᠤ ᠴᠡᠭ ᠪᠠᠭᠤᠷᠠᠪᠠ᠃ ᠡᠨᠡ ᠬᠦ 7.3% ᠣᠷᠴᠢᠮ ᠤᠨ ᠨᠡᠮᠡᠭᠳᠡᠯ ᠤᠨ ᠬᠡᠮᠵᠢᠶ᠎ᠡ ᠨᠢ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠳᠡᠰ ᠢ ᠳᠡᠪᠰᠢᠭᠦᠯᠬᠦ᠂ ᠬᠥᠳᠡᠯᠭᠡᠭᠴᠢ ᠡᠨᠧᠷᠭᠢ ᠶᠢᠨ ᠰᠣᠯᠢᠯᠲᠠ ᠳᠤᠮᠳᠠ ᠪᠡᠶᠡᠯᠡᠭᠦᠯᠦᠭᠰᠡᠨ ᠪᠣᠯᠬᠤᠷ ᠨᠡᠩ ᠡᠷᠬᠢᠮ ᠨᠠᠨᠳᠢᠨ ᠪᠣᠯᠬᠤ ᠶᠤᠮ᠃ ᠭᠠᠶᠢᠯᠢ ᠬᠠᠰᠤᠵᠤ ᠬᠡᠯᠲᠦᠷᠢᠭᠦᠯᠬᠦ ᠪᠠᠷ ᠭᠤᠣᠯ ᠠᠭᠤᠯᠭ᠎ᠠ ᠪᠣᠯᠭᠠᠭᠰᠠᠨ ᠠᠯᠢ ᠤᠯᠠᠨ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠮᠠᠨ ᠤ ᠣᠷᠣᠨ ᠤ ᠤᠯᠤᠰ ᠤᠨ ᠭᠠᠶᠢᠯᠢ ᠶᠢᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠨᠢ 2012 ᠣᠨ ᠳᠤ 4.1% ᠪᠠᠶᠢᠭᠰᠠᠨ ᠠᠴᠠ ᠪᠠᠨ ᠪᠠᠭᠤᠷᠠᠭᠠᠳ 2016 ᠣᠨ ᠳᠤ 0.7% ᠪᠣᠯᠵᠤ ︵ᠰᠢᠨ᠎ᠡ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠳᠥᠷᠪᠡᠨ ᠶᠡᠭᠡ ᠠᠵᠢᠯ ᠲᠥᠷᠥᠯ ᠤᠨ ᠬᠠᠷᠢᠴᠠᠭᠤᠯᠵᠤ ᠪᠣᠯᠤᠰᠢ ᠦᠬᠡᠢ ᠡᠯᠧᠮᠧᠨ᠋ᠲ ᠢ ᠬᠠᠰᠤᠪᠠ︶᠂ 3.4 ᠵᠠᠭᠤᠨ ᠤ ᠴᠡᠭ ᠪᠠᠭᠤᠷᠠᠵᠤ᠂ ᠠᠳᠠᠯᠢ ᠬᠤᠭᠤᠴᠠᠭᠠᠨ ᠤ GDP ᠶᠢᠨ ᠨᠡᠮᠡᠭᠳᠡᠯ ᠤᠨ ᠪᠠᠭᠤᠷᠠᠯᠲᠠ ᠠᠴᠠ ᠪᠠᠰᠠ ᠢᠯᠡᠭᠦᠦ ᠰᠢᠭ ᠪᠣᠯᠪᠠ᠃ ᠡᠭᠦᠨ ᠳᠤ ᠬᠡᠳᠦ᠋ᠢᠪᠡᠷ ᠣᠯᠠᠨ ᠵᠦᠢᠯ ᠤᠨ ᠰᠢᠯᠲᠠᠭᠠᠨ ᠪᠠᠶᠢᠬᠤ ᠪᠣᠯᠪᠠᠴᠤ ᠭᠠᠶᠢᠯᠢ ᠬᠠᠰᠤᠵᠤ ᠬᠡᠯᠲᠦᠷᠢᠭᠦᠯᠦᠭᠰᠡᠨ ᠨᠢ ᠴᠢᠬᠤᠯᠠ ᠰᠢᠯᠲᠠᠭᠠᠨ ᠤ ᠨᠢᠭᠡ ᠨᠢ ᠪᠣᠯᠬᠤ ᠨᠢ ᠳᠠᠮᠵᠢᠭ ᠦᠭᠡᠢ᠃ 2012 ᠣᠨ ᠠᠴᠠ 2016 ᠪᠣᠯᠲᠠᠯ᠎ᠠ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ 100.4 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ ᠬᠡᠯᠲᠦᠷᠢᠭᠦᠯᠵᠦ ᠪᠠᠶᠢᠭᠰᠠᠨ ᠠᠴᠠ ᠪᠠᠨ 199.5 ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠵᠦ᠂ ᠲᠤᠰ ᠵᠢᠯ ᠤᠨ ᠭᠠᠶᠢᠯᠢ ᠶᠢᠨ ᠣᠷᠣᠯᠭ᠎ᠠ ᠶᠢᠨ ᠬᠠᠷᠢᠴᠠᠯ ᠤᠨ 9% ᠶᠢ ᠡᠵᠡᠯᠡᠵᠦ ᠪᠠᠶᠢᠭᠰᠠᠨ ᠠᠴᠠ ᠪᠠᠨ 20.3% ᠪᠣᠯᠣᠨ ᠳᠡᠭᠡᠭᠰᠢᠯᠡᠪᠡ᠃ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠦᠷᠭᠦᠯᠵᠢᠯᠡᠨ ᠪᠠᠭᠤᠷᠠᠭᠰᠠᠨ ᠪᠠ ᠬᠠᠰᠤᠵᠤ ᠬᠡᠯᠲᠦᠷᠢᠭᠦᠯᠬᠦ ᠶᠠᠪᠤᠳᠠᠯ ᠲᠠᠰᠤᠷᠠᠯᠳᠠ ᠦᠭᠡᠢ ᠳᠡᠭᠡᠭᠰᠢᠯᠡᠭᠰᠡᠨ ᠨᠢ ᠭᠠᠶᠢᠯᠢ ᠬᠠᠰᠤᠵᠤ ᠬᠡᠯᠲᠦᠷᠢᠭᠦᠯᠬᠦ ᠠᠯᠢ ᠣᠯᠠᠨ ᠲᠦᠷᠦ ᠶᠢᠨ ᠪᠤᠳᠤᠯᠭ᠎ᠠ ᠨᠢ ᠭᠠᠶᠢᠯᠢ ᠲᠤᠰᠢᠶᠠᠭᠴᠢᠳ ᠲᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠭᠰᠡᠨ ᠢ ᠲᠣᠳᠣᠷᠬᠠᠶᠢᠯᠠᠪᠠ ᠃ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠪᠠ ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠨᠢ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠡᠭᠦᠷᠭᠡᠯᠡᠯ ᠢ ᠰᠢᠭᠤᠳ ᠬᠥᠩᠭᠡᠯᠡᠭᠰᠡᠨ ᠢᠶᠠᠷ ᠪᠠᠷᠠᠬᠤ ᠦᠭᠡᠢ ᠪᠠᠰᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠣᠯᠣᠨ ᠭᠠᠶᠢᠯᠢ ᠲᠤᠰᠢᠶᠠᠭᠴᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠠᠬᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠵᠡᠢ᠃        ᠬᠥᠲᠥᠯᠥᠭᠴᠢ᠄        ᠲᠠ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠨᠢ ᠪᠣᠳᠠᠲᠤ ᠴᠣᠭᠴᠠ ᠶᠢᠨ ᠠᠵᠤ ᠠᠬᠤᠶ ᠳᠤ ᠶᠠᠮᠠᠷ ᠨᠥᠯᠥᠭᠡ ᠦᠵᠡᠭᠦᠯᠦᠭᠰᠡᠨ ᠢ ᠶᠠᠷᠢᠭᠠᠳ ᠥᠭᠭᠦᠨ᠎ᠡ ᠦᠦ︖        ᠲᠠᠨ ᠾᠧᠩ᠄        ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠪᠠ ᠭᠠᠶᠢᠯᠢ ᠲᠠᠲᠠᠪᠤᠷᠢ ᠶᠢᠨ ᠠᠯᠢ ᠤᠯᠠᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠵᠡᠷᠭᠡ ᠪᠣᠳᠠᠲᠤ ᠴᠣᠭᠴᠠ ᠶᠢᠨ ᠠᠵᠤ ᠠᠬᠤᠶ ᠳᠤ ᠠᠰᠢᠭ ᠬᠦᠷᠲᠡᠭᠡᠵᠦ᠂ ᠲᠣᠩ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠢᠶᠠᠷ ᠠᠪᠴᠤ ᠬᠡᠯᠡᠪᠡᠯ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯ ᠤᠤᠯ ᠳᠠᠭᠠᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢ ᠪᠠᠶᠢᠵᠤ᠂ ᠲᠤᠰ ᠪᠡᠶ᠎ᠡ ᠨᠢ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠬᠡᠪᠴᠢᠶᠡᠨ ᠳᠤ ᠪᠠᠭᠲᠠᠬᠤ ᠦᠭᠡᠢ ᠪᠠᠶᠢᠪᠠ᠃ ᠭᠡᠪᠡᠴᠦ ᠲᠡᠳ᠋ᠨ ᠰᠢᠨ᠎ᠡ ᠪᠠᠷ ᠥᠷᠭᠡᠳᠬᠡᠭᠰᠡᠨ ᠬᠡᠪᠴᠢᠶᠡᠨ ᠳᠠᠬᠢ ᠭᠠᠶᠢᠯᠢ ᠲᠤᠰᠢᠶᠠᠭᠴᠢ ᠶᠢᠨ ᠬᠤᠪᠢ ᠪᠠᠷ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠲᠠᠷᠠᠭ᠎ᠠ ᠭᠠᠷᠭᠠᠭᠰᠠᠨ ᠤᠶᠢᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠪᠠᠷ ᠲᠤᠯᠭᠠᠨ ᠬᠠᠰᠤᠵᠤ ᠪᠣᠯᠬᠤ ᠪᠣᠯᠣᠭᠰᠠᠨ ᠲᠤᠯᠠ ᠵᠣᠬᠢᠬᠤ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠲᠡᠳᠡ ᠪᠣᠯ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠳᠤ ︽ᠴᠡᠪᠡᠷ ᠠᠰᠢᠭ ᠬᠦᠷᠳᠡᠭᠴᠢ︾ ᠨᠢ ᠮᠥᠨ᠃ 2013 ᠣᠨ ᠠᠴᠠ 2015 ᠣᠨ ᠪᠣᠯᠲᠠᠯ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠭᠤᠣᠯ ᠪᠣᠯᠭᠠᠭᠰᠠᠨ ᠤᠤᠯ ᠤᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢᠳ ︽3 + 7︾ ᠠᠵᠢᠯ ᠲᠥᠷᠥᠯ ᠤᠨ ᠲᠤᠯᠭᠠᠨ ᠬᠠᠰᠤᠭᠰᠠᠨ ᠭᠠᠶᠢᠯᠢ ᠨᠢ ᠲᠤᠰ ᠲᠤᠰ 4.83 ᠳ᠋ᠦᠩᠰᠢᠭᠤᠷ ᠲᠥᠭᠦᠷᠢᠭ᠂ 16.86 ᠳ᠋ᠦᠩᠰᠢᠭᠤᠷ ᠲᠥᠭᠦᠷᠢᠭ᠂ 18.52 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠠᠯᠬᠤᠮ ᠠᠯᠬᠤᠮ ᠢᠶᠠᠷ ᠨᠡᠮᠡᠭᠳᠡᠬᠦ ᠬᠠᠨᠳᠤᠰᠢ ᠲᠠᠢ ᠪᠣᠯᠵᠠᠢ᠃ ᠢᠯᠠᠩᠭᠤᠶ᠎ᠠ 2016 ᠣᠨ ᠳᠤ ᠭᠠᠶᠢᠯᠢ ᠶᠢᠨ ᠬᠠᠰᠤᠬᠤ ᠬᠡᠪᠴᠢᠶ᠎ᠡ ᠦᠷᠭᠦᠯᠵᠢᠯᠡᠨ ᠥᠷᠭᠡᠳᠴᠦ᠂ 1 — 4 ᠳ᠋ᠦ᠋ᠭᠡᠷ ᠰᠠᠷ᠎ᠠ ᠳᠤ ᠤᠤᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠲᠤᠰᠢᠶᠠᠭᠴᠢ ︽3 + 7︾ ᠠᠵᠢᠯ ᠲᠥᠷᠤᠯ ᠤᠨ ᠲᠤᠯᠭᠠᠨ ᠬᠠᠰᠤᠭᠰᠠᠨ ᠭᠠᠶᠢᠯᠢ ᠨᠢ 6.84 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 5 ᠳ᠋ᠤᠭᠠᠷ ᠰᠠᠷ᠎ᠠ ᠳᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠲᠤᠯᠭᠠᠨ ᠬᠠᠰᠤᠵᠤ ᠪᠣᠯᠬᠤ ᠭᠠᠶᠢᠯᠢ ᠶᠢᠨ ᠲᠤᠭ᠎ᠠ ᠦᠷᠭᠦᠯᠵᠢᠯᠡᠨ ᠨᠡᠮᠡᠭᠳᠡᠵᠦ᠂ 5 — 12 ᠳ᠋ᠤᠭᠠᠷ ᠰᠠᠷ᠎ᠠ ᠳᠤ ︽3 + 7︾ ᠠᠵᠢᠯ ᠲᠥᠷᠥᠯ ᠤᠨ ᠲᠤᠯᠭᠠᠨ ᠬᠠᠰᠤᠭᠰᠠᠨ ᠭᠠᠶᠢᠯᠢ ᠨᠢ 16.37 ᠳ᠋ᠦᠩᠰᠢᠭᠤᠷ ᠲᠥᠭᠦᠷᠢᠭ ᠪᠣᠯᠣᠭᠰᠠᠨ ᠠᠴᠠ ᠭᠠᠳᠠᠨ᠎ᠠ᠂ ᠪᠠᠰᠠ ᠰᠢᠨ᠎ᠡ ᠪᠠᠷ ᠨᠡᠮᠡᠭᠳᠡᠭᠰᠡᠨ ᠳᠥᠷᠪᠡᠨ ᠶᠡᠭᠡ ᠠᠵᠢᠯ ᠲᠥᠷᠥᠯ ᠤᠨ ᠲᠤᠯᠭᠠᠨ ᠬᠠᠰᠤᠭᠰᠠᠨ ᠭᠠᠶᠢᠯᠢ 12.55 ᠳ᠋ᠦᠩᠰᠢᠭᠤᠷ ᠲᠥᠭᠦᠷᠢᠭ ᠣᠯᠪᠠ᠃ ᠢᠩᠭᠢᠭᠰᠡᠨ ᠢᠶᠠᠷ᠂ 2016 ᠣᠨ ᠳᠤ᠂ ᠤᠤᠯ ᠤᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢᠳ ᠲᠤ ᠨᠡᠶᠢᠲᠡ 35.76 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠨ ᠥᠭᠴᠦ᠂ ᠪᠦᠬᠦ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠨ ᠬᠠᠰᠤᠭᠰᠠᠨ ᠭᠠᠶᠢᠯᠢ ᠶᠢᠨ ᠲᠤᠭ᠎ᠠ ᠶᠢᠨ ᠪᠠᠷᠤᠭ ᠬᠤᠶᠠᠷ ᠬᠤᠪᠢ ᠶᠢᠨ ᠨᠢᠭᠡ ᠰᠢᠬᠠᠮ ᠢ ᠡᠵᠡᠯᠡᠪᠡ᠃ ᠪᠦᠬᠦ ᠣᠷᠣᠨ ᠤ ᠠᠵᠤ ᠦᠢᠯᠡᠳᠪᠦᠷᠢ ᠶᠢᠨ ᠦᠷᠳᠡᠭ ᠨᠡᠮᠡᠭᠳᠡᠯ ᠤᠨ ᠭᠠᠶᠢᠯᠢ ᠪᠠ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠬᠠᠷᠢᠴᠠᠯ ᠬᠡᠮᠵᠢᠭᠳᠡᠯ ᠤᠨ ᠬᠤᠪᠢᠷᠠᠯᠲᠠ ᠶᠢᠨ ᠪᠠᠶᠢᠳᠠᠯ ᠠᠴᠠ ᠦᠵᠡᠪᠡᠯ᠂ 2012 ᠣᠨ ᠳᠤ ᠡᠨᠡ ᠬᠦ ᠬᠠᠷᠢᠴᠠᠯ ᠨᠢ 6.7% ᠪᠠᠶᠢᠵᠤ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠬᠦᠷᠢᠶ᠎ᠡ ᠬᠡᠪᠴᠢᠶ᠎ᠡ ᠲᠠᠰᠤᠷᠠᠯᠳᠡ ᠦᠭᠡᠢ ᠥᠷᠭᠡᠵᠢᠬᠦ ᠶᠢ ᠳᠠᠭᠠᠯᠳᠤᠨ᠂ ᠲᠤᠯᠭᠠᠨ ᠬᠠᠰᠤᠭᠰᠠᠨ ᠭᠠᠶᠢᠯᠢ ᠶᠢᠨ ᠲᠤᠭ᠎ᠠ ᠲᠠᠰᠤᠷᠠᠯᠲᠠ ᠦᠭᠡᠶ ᠨᠡᠮᠡᠭᠳᠡᠵᠦ᠂ ᠡᠨᠡ ᠬᠦ ᠬᠠᠷᠢᠴᠠᠯ ᠨᠢ ᠵᠢᠯ ᠳᠠᠷᠠᠭᠠᠯᠠᠨ ᠪᠠᠭᠤᠷᠠᠨ 2015 ᠣᠨ ᠳᠤ 5.1% ᠪᠣᠯᠪᠠ᠃ ᠣᠳᠣᠬᠠᠨ᠂ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶ᠎ᠠ 2016 ᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠬᠠᠷᠠᠬᠠᠨ ᠨᠡᠶᠢᠲᠡᠯᠡᠭᠡᠳᠦᠢ᠂ ᠠᠵᠤ ᠦᠢᠯᠡᠳᠪᠦᠷᠢ ᠶᠢᠨ ᠦᠷᠳᠡᠭ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 4. 6% ᠪᠠᠭᠤᠷᠠᠭᠰᠠᠨ ᠪᠣᠯᠬᠤᠷ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠡᠶᠢᠲᠡᠯᠡᠭᠰᠡᠨ 1 — 11 ᠳ᠋ᠦ᠋ᠭᠡᠷ ᠰᠠᠷ᠎ᠠ ᠪᠣᠯᠲᠠᠯᠠᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 7. 2% ᠨᠡᠮᠡᠭᠳᠡᠵᠦ᠂ ᠨᠢᠭᠡ ᠨᠢ ᠪᠠᠭᠤᠷᠠᠭᠠᠳ ᠨᠢᠭᠡ ᠨᠢ ᠨᠡᠮᠡᠭᠳᠡᠵᠦ᠂ 2016 ᠣᠨ ᠤ ᠠᠵᠤ ᠦᠢᠯᠡᠳᠪᠦᠷᠢ ᠶᠢᠨ ᠦᠷᠳᠡᠭ ᠨᠡᠮᠡᠭᠳᠡᠯ ᠤᠨ ᠭᠠᠶᠢᠯᠢ ᠪᠣᠯᠣᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠬᠠᠷᠢᠴᠠᠯ ᠬᠡᠮᠵᠢᠭᠳᠡᠯ ᠨᠢ ᠯᠠᠪᠲᠠᠶ ᠨᠡᠩ ᠳᠣᠣᠷ᠎ᠠ ᠰᠢᠭ᠋ ᠪᠣᠯᠣᠨ᠎ᠠ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠵᠢᠴᠢ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠨᠢ ᠪᠣᠳᠠᠲᠤ ᠴᠣᠭᠴᠠ ᠶᠢᠨ ᠠᠵᠤ ᠠᠬᠤᠶ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠦᠢᠯᠡᠳᠬᠡᠯ ᠤᠨ ᠠᠵᠤ ᠦᠢᠯᠡᠰ ᠲᠤ ᠦᠵᠡᠭᠦᠯᠦᠭᠰᠡᠨ ᠭᠠᠶᠢᠯᠢ ᠬᠠᠰᠤᠬᠤ ᠦᠢᠯᠡᠳᠦᠯ ᠨᠢ ᠦᠨᠡᠨ ᠪᠣᠳᠠᠲᠠᠶ ᠪᠥᠭᠡᠳ ᠡᠳᠡᠭᠡᠷ ᠠᠵᠤ ᠠᠬᠤᠶᠢᠯᠠᠯ ᠤᠨ ᠠᠵᠤ ᠠᠬᠤᠶ ᠶᠢᠨ ᠤᠷᠤᠭᠤᠳᠠᠯ ᠤᠨ ᠳᠠᠷᠤᠯᠲᠠ ᠶᠢ ᠠᠷᠭᠠᠴᠠᠬᠤ ᠳᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠭᠰᠡᠨ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠭᠦᠯᠬᠦ ᠳᠤ ᠬᠥᠭᠵᠢᠯᠲᠡ ᠶᠢᠨ ᠵᠠᠮ ᠡᠷᠢᠯᠬᠢᠯᠡᠬᠦ ᠳᠤ ᠦᠵᠡᠭᠦᠯᠦᠭᠰᠡᠨ ᠬᠠᠪᠰᠤᠷᠤᠯᠭ᠎ᠠ ᠨᠢ ᠴᠦ ᠦᠨᠡᠨ ᠪᠣᠲᠠᠲᠠᠢ ᠶᠤᠮ᠃        ᠬᠥᠲᠥᠯᠥᠭᠴᠢ᠄        ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠨᠢ ᠵᠢᠵᠢᠭ ᠠᠵᠤ ᠠᠬᠤᠶᠢᠯᠠᠯ ᠳᠤ ᠶᠠᠮᠠᠷ ᠶᠠᠮᠠᠷ ᠲᠡᠳᠬᠦᠨ ᠳᠡᠮᠵᠢᠬᠦ ᠦᠢᠯᠡᠳᠦᠯ ᠦᠵᠡᠭᠦᠯᠦᠭᠰᠡᠨ ᠪᠤᠢ︖        ᠲᠠᠨ ᠾᠧᠩ᠄        ᠵᠢᠵᠢᠭ ᠠᠵᠤ ᠠᠬᠤᠶᠢᠯᠠᠯ ᠪᠣᠯ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠳᠤ ᠮᠠᠰᠢ ᠶᠡᠭᠡ ᠠᠰᠢᠭ ᠲᠤᠰᠠ ᠬᠦᠷᠲᠡᠭᠰᠡᠨ ᠬᠠᠮᠲᠤ ᠨᠡᠶᠢᠲᠡ ᠪᠣᠯᠣᠨ᠎ᠠ᠃ ᠪᠦᠷᠢᠳᠬᠡᠯ ᠠᠴᠠ ᠦᠵᠡᠪᠡᠯ᠂ ᠨᠢᠳᠤᠨᠤᠨ ᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠤᠷᠰᠢᠯᠲᠠ ᠶᠢᠨ ᠴᠡᠭ ᠤᠨ 23. 8 ᠲᠦᠮᠡᠨ ᠡᠷᠦᠬᠡ ᠭᠠᠶᠢᠯᠢ ᠲᠤᠰᠢᠶᠠᠭᠴᠢᠳ ᠤᠨ ᠳᠣᠲᠣᠷ᠎ᠠ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ 22.6 ᠲᠦᠮᠡᠨ ᠡᠷᠦᠬᠡ ᠪᠠᠶᠢᠵᠤ᠂ ᠪᠦᠬᠦ ᠲᠤᠷᠰᠢᠯᠲᠠ ᠶᠢᠨ ᠴᠡᠭ ᠤᠨ ᠭᠠᠶᠢᠯᠢ ᠲᠤᠰᠢᠶᠠᠭᠴᠢ ᠶᠢᠨ 95% ᠶᠢ ᠡᠵᠡᠯᠡᠵᠡᠶ᠃ 5 — 12 ᠳ᠋ᠤᠭᠠᠷ ᠰᠠᠷ᠎ᠠ ᠳᠤ᠂ ᠡᠨᠡ ᠬᠦ 22.6 ᠲᠦᠮᠡᠨ ᠡᠷᠦᠬᠡ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠭᠠᠶᠢᠯᠢ ᠶᠢᠨ ᠡᠭᠦᠷᠭᠡᠯᠡᠯ ᠨᠢ ᠳᠤᠮᠳᠠᠴᠢ ᠪᠠᠷ 36.8% ᠪᠠᠷ ᠪᠠᠭᠤᠷᠠᠵᠠᠢ᠃ ᠡᠨᠡ ᠨᠢ ᠲᠦᠷᠢᠮ ᠤᠨ ᠲᠥᠯᠥᠪᠯᠡᠭᠡᠨ ᠤ ᠦᠢᠯᠡᠴᠢᠯᠡᠬᠦ ᠲᠠᠯ᠎ᠠ ᠪᠠᠷ ᠢᠯᠡᠷᠡᠭᠰᠡᠨ ᠮᠥᠷᠲᠡᠭᠡᠨ ᠪᠠᠰᠠ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠤᠰᠢᠶᠠᠬᠤ ᠳᠤ ᠦᠢᠯᠡᠴᠢᠯᠡᠬᠦ ᠲᠠᠯ᠎ᠠ ᠪᠠᠷ ᠭᠦᠢᠴᠡᠳ ᠢᠯᠡᠷᠡᠵᠠᠢ᠃ ᠲᠦᠷᠢᠮ ᠤᠨ ᠲᠥᠯᠥᠪᠯᠡᠭᠡᠨ ᠤ ᠲᠠᠯ᠎ᠠ ᠪᠠᠷ ᠠᠪᠴᠤ ᠬᠡᠯᠡᠪᠡᠯ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ᠲᠣᠭᠲᠠᠭᠠᠯ ᠨᠢ᠂ ᠵᠢᠵᠢᠭ ᠠᠵᠤ ᠠᠬᠤᠶᠢᠯᠠᠯ ᠳᠤ 3% ᠪᠠᠷ ᠲᠠᠲᠠᠪᠤᠷᠢᠯᠠᠬᠤ ᠨᠤᠷᠮ᠎ᠠ ᠶᠢ ᠬᠡᠷᠡᠭᠵᠢᠭᠦᠯᠪᠡ᠃ ᠬᠡᠷᠪᠡ ᠲᠡᠳᠡ ᠤᠤᠯ ᠳᠠᠭᠠᠨ 5% ᠶᠢᠨ ᠡᠵᠡᠩᠨᠡᠯᠲᠡ ᠶᠢᠨ ᠭᠠᠶᠢᠯᠢ ᠲᠣᠰᠢᠶᠠᠵᠤ ᠪᠠᠶᠢᠭᠰᠠᠨ ᠪᠣᠯ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠠᠴᠠ ᠬᠤᠶᠢᠰᠢ ᠲᠠᠲᠠᠪᠤᠷᠢᠯᠠᠬᠤ ᠨᠤᠷᠮ᠎ᠠ ᠨᠢ 3% ᠪᠣᠯᠵᠤ ᠪᠠᠭᠤᠷᠠᠵᠤ᠂ ᠡᠭᠦᠷᠭᠡᠯᠡᠬᠦ ᠬᠡᠮᠵᠢᠶ᠎ᠡ ᠨᠢ ᠰᠢᠭᠤᠳ 40% ᠪᠠᠷ ᠪᠠᠭᠤᠷᠠᠪᠠ︔ ᠬᠡᠷᠪᠡ ᠲᠡᠳᠡ ᠤᠤᠯ ᠳᠠᠭᠠᠨ 3% ᠶᠢᠨ ᠡᠵᠡᠩᠨᠡᠯᠲᠡ ᠶᠢᠨ ᠭᠠᠶᠢᠯᠢ ᠲᠣᠰᠢᠶᠠᠵᠤ ᠪᠠᠶᠢᠭᠰᠠᠨ ᠪᠣᠯ ᠦᠡᠭᠭᠡᠨ ᠲᠠᠯ᠎ᠠ ᠠᠴᠠ ᠨᠢ ᠦᠵᠡᠪᠡᠯ ᠵᠥᠪᠬᠡᠨ ᠭᠠᠶᠢᠯᠢ ᠶᠢᠨ ᠡᠭᠦᠷᠭᠡᠯᠡᠯ ᠨᠢ ᠵᠡᠷᠭᠡᠴᠡᠡ ᠰᠢᠯᠵᠢᠵᠡᠢ᠂ ᠭᠡᠪᠡᠴᠦ ᠬᠡᠷᠡᠭ ᠳᠡᠭᠡᠷ᠎ᠡ ᠪᠠᠨ ᠭᠠᠶᠢᠯᠢ ᠪᠤᠳᠦᠬᠤ ᠦᠨᠳᠦᠰᠦᠯᠡᠯ ᠳᠤᠨᠢ ᠬᠤᠪᠢᠷᠠᠯᠲᠠ ᠭᠠᠷᠴᠤ᠂ ᠤᠤᠯ ᠤᠨ ᠡᠵᠡᠩᠨᠡᠯᠲᠡ ᠶᠢᠨ ᠭᠠᠶᠢᠯᠢ ᠶᠢᠨ ᠭᠠᠶᠢᠯᠢ ᠪᠤᠳᠤᠬᠤ ᠦᠨᠳᠦᠰᠦᠯᠡᠯ ᠳᠤᠨᠢ ᠭᠠᠶᠢᠯᠢ ᠶᠢᠨ ᠦᠨ᠎ᠡ ᠪᠠᠭᠲᠠᠭᠠᠵᠤ ᠪᠠᠶᠢᠭᠰᠠᠨ ᠪᠣᠯ ᠦᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠪᠤᠳᠦᠬᠤ ᠦᠨᠳᠦᠰᠦᠯᠡᠯ ᠳᠤ ᠭᠠᠶᠢᠯᠢ ᠶᠢᠨ ᠦᠨ᠎ᠡ ᠪᠠᠭᠲᠠᠬᠤ ᠦᠭᠡᠢ ᠪᠣᠯᠵᠠᠢ᠂ ᠢᠩᠭᠢᠵᠦ ᠰᠣᠯᠢᠵᠤ ᠪᠣᠳᠣᠪᠠᠯ ᠭᠠᠶᠢᠯᠢ ᠶᠢᠨ ᠡᠭᠦᠷᠭᠡᠯᠡᠯ ᠨᠢ ᠴᠦ ᠪᠠᠭᠤᠷᠠᠵᠠᠢ᠃ ᠭᠠᠶᠢᠯᠢ ᠲᠤᠰᠢᠶᠠᠬᠤ ᠳᠤ ᠦᠢᠯᠡᠴᠢᠯᠡᠬᠦ ᠲᠠᠯ᠎ᠠ ᠪᠠᠷ ᠠᠪᠴᠤ ᠬᠡᠯᠡᠪᠡᠯ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠨᠢ ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠡᠯ᠎ᠡ ᠱᠠᠲᠤᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ 80 ᠵᠦᠢᠯ ᠤᠨ ᠭᠠᠶᠢᠯᠢ ᠲᠤᠰᠢᠶᠠᠬᠤ ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠤᠭᠤᠳ ᠴᠡᠭ ᠱᠤᠭᠤᠮ ᠨᠡᠶᠢᠳᠡᠮ ᠢ ᠤᠶᠠᠯᠳᠤᠭᠤᠯᠵᠤ᠂ ᠡᠯ᠎ᠡ ᠲᠦ᠋ᠷᠦᠯ ᠤᠨ ᠭᠠᠶᠢᠯᠢ ᠲᠤᠰᠢᠶᠠᠭᠴᠢ ᠶᠢᠨ ᠪᠣᠯᠪᠠᠰᠤᠷᠠᠭᠤᠯᠤᠯ ᠢ 1341 ᠤᠳᠠᠭ᠎ᠠ ᠬᠢᠵᠦ᠂ ᠭᠠᠶᠢᠯᠢ ᠲᠤᠰᠢᠶᠠᠭᠴᠢ ᠳᠤ 22.54 ᠲᠦᠮᠡᠨ ᠡᠷᠦᠬᠡ ᠤᠳᠠᠭ᠎ᠠ ᠪᠣᠯᠪᠠᠰᠤᠷᠠᠭᠤᠯᠤᠯ ᠬᠢᠵᠦ᠂ 91.04 ᠲᠦᠮᠡᠨ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ 12366 ᠦᠢᠯᠡᠴᠢᠯᠡᠭᠡᠨ ᠤ ᠰᠢᠭᠤᠳ ᠤᠲᠠᠰᠤ ᠪᠠᠷ ᠳᠠᠮᠵᠢᠭᠤᠯᠤᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠶᠢ 1.5 ᠲᠦᠮᠡ ᠭᠠᠷᠤᠶ ᠬᠦᠯᠢᠶᠡᠨ ᠠᠪᠴᠤ ᠭᠦᠢᠴᠡᠳᠬᠡᠪᠡ᠂ ᠸᠢᠴᠠᠲ ᠲᠠᠪᠴᠠᠩ ᠺᠣᠳ᠋ ᠢᠶᠠᠷ ᠳᠠᠮᠵᠢᠭᠤᠯᠤᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠣᠶᠢᠯᠠᠭᠠᠭᠤᠯᠵᠤ᠂ ᠵᠢᠵᠢᠭ ᠠᠵᠤ ᠠᠬᠤᠶᠢᠯᠠᠯ ᠤᠳ ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢ ᠭᠦᠶ᠋ᠴᠡᠳ ᠬᠡᠷᠡᠭᠯᠡᠬᠦ ᠳᠤᠨᠢ ᠬᠠᠪᠰᠤᠷᠤᠯᠭ᠎ᠠ ᠦᠵᠡᠭᠦᠯᠪᠡ᠃ ᠰᠢᠦᠳᠠᠨ ᠳᠤ ᠨᠠᠶᠢᠳᠠᠵᠤ ︽ᠬᠤᠶᠠᠷ ᠢ ᠣᠷᠣᠯᠠᠬᠤ︾᠂ ᠲᠤᠰᠬᠠᠶ ᠪᠠᠷᠢᠮᠲᠠ ᠶᠢ ᠣᠷᠣᠯᠠᠨ ᠬᠢᠵᠦ ᠥᠭᠬᠦ ᠶᠢ ᠰᠦᠯᠵᠢᠶᠡᠨ ᠳᠡᠭᠡᠷ᠎ᠡ ᠤᠷᠢᠳᠴᠢᠯᠠᠨ ᠭᠤᠶᠤᠴᠢᠯᠠᠬᠤ᠂ ᠥᠪᠡᠷᠲᠡᠭᠡᠨ ᠪᠠᠷᠢᠮᠲᠠ ᠣᠷᠣᠯᠠᠨ ᠬᠢᠵᠦ ᠥᠭᠬᠦ ᠦᠵᠦᠭᠦᠷ ᠲᠣᠬᠢᠷᠠᠭᠤᠯᠬᠤ᠂ ᠪᠠᠷᠢᠮᠲᠠ ᠭᠠᠷᠭᠠᠨ ᠠᠪᠬᠤ ᠤᠳᠠᠭ᠎ᠠ ᠲᠤᠭ᠎ᠠ ᠶᠢ ᠳᠥᠭᠦᠮᠴᠢᠯᠡᠬᠦ ᠵᠡᠷᠭᠡ ᠪᠠᠷ ᠳᠠᠮᠵᠢᠭᠤᠯᠤᠨ ᠪᠠᠷᠢᠮᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠬᠠᠤᠯᠢ ᠶᠣᠰᠣᠭᠠᠷ ᠭᠠᠶᠢᠯᠢ ᠲᠤᠰᠢᠶᠠᠭᠰᠠᠨ ᠭᠤᠶᠤᠴᠢᠯᠠᠯ ᠤᠨ ᠤᠳᠠᠭ᠎ᠠ ᠲᠤᠭ᠎ᠠ ᠶᠢ ᠳᠥᠭᠦᠮᠴᠢᠯᠡᠵᠦ ᠂ ᠬᠠᠨᠳᠤᠯᠭ᠎ᠠ ᠲᠠᠢ ᠰᠠᠨᠠᠭᠤᠯᠬᠤ ᠣᠬᠤᠷ ᠮᠡᠳᠡᠭᠡ ᠶᠢ 42 ᠲᠦᠮᠡᠨ ᠵᠤᠷᠪᠤᠰ ᠶᠠᠪᠤᠭᠤᠯᠪᠠ᠃ ᠬᠤᠨᠣᠭᠯᠠᠬᠤ ᠠᠵᠤ ᠦᠢᠯᠡᠰ ᠤᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠲᠤᠷᠰᠢᠯᠲᠠ ᠂ ᠥᠪᠡᠰᠦᠪᠡᠨ ᠲᠤᠰᠬᠠᠶ ᠪᠠᠷᠢᠮᠲᠠ ᠭᠠᠷᠭᠠᠬᠤ ᠶᠢ ᠬᠢᠪᠡ᠃ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ ᠥᠨᠡᠮᠰᠢᠯᠡᠯᠲᠡ ᠶᠢ ᠦᠭᠡᠶᠢᠰᠬᠡᠬᠦ ᠬᠦᠷᠢᠶ᠎ᠡ ᠬᠡᠪᠴᠢᠶ᠎ᠡ ᠶᠢ ᠭᠠᠶᠢᠯᠢ ᠲᠤᠰᠢᠶᠠᠬᠤ ᠢᠲᠡᠭᠡᠮᠵᠢ ᠶᠢᠨ C ᠲᠡᠰ ᠤᠨ ᠭᠠᠶᠢᠯᠢ ᠲᠤᠰᠢᠶᠠᠭᠴᠢ ᠬᠦᠷᠲᠡᠯ᠎ᠡ ᠥᠷᠭᠡᠳᠬᠡᠵᠤ᠂ ᠥᠨᠡᠮᠰᠢᠯᠡᠯᠲᠡ ᠶᠢ ᠦᠭᠡᠶᠢᠰᠬᠡᠬᠦ ᠨᠤᠷᠮ᠎ᠠ ᠶᠢ 68% ᠳᠤ ᠬᠦᠷᠦᠭᠦᠯᠵᠦ᠂ ᠥᠷᠭᠡᠨ ᠤᠯᠠᠨ ᠵᠢᠵᠢᠭ ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠵᠦ᠂ ᠲᠡᠳᠡᠨ ᠤ ᠭᠠᠶᠢᠯᠢ ᠭᠦᠢᠴᠡᠳᠬᠡᠬᠦ ᠥᠪᠡᠷ ᠤᠨ ᠥᠷᠳᠡᠭ ᠢ ᠨᠢ ᠪᠦᠲᠦᠮᠵᠢᠲᠡᠶ ᠪᠠᠷ ᠪᠠᠭᠤᠷᠠᠭᠤᠯᠵᠠᠶ᠃
       ᠬᠥᠲᠥᠯᠥᠭᠴᠢ᠄        ᠲᠨ ᠰᠠᠶ᠋ᠢ ︽ᠪᠣᠶ ᠪᠥᠬᠦᠶ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠶ︾ ᠭᠡᠵᠦ ᠶᠠᠷᠢᠪᠠ᠂ ᠭᠡᠲᠡᠯ᠎ᠡ ᠣᠶᠢᠯᠠᠭᠠᠭᠰᠠᠨ ᠢᠶᠠᠷ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠴᠥᠭᠡᠨ ᠲᠣᠭᠠᠨ ᠤ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠨᠢ ᠨᠡᠮᠡᠭᠳᠡᠭᠰᠡᠨ ᠪᠠᠶᠢᠨ᠎ᠠ᠂ ᠲᠠ ᠡᠨᠡ ᠠᠰᠠᠭᠤᠳᠠᠯ ᠢ ᠤᠯᠠᠨ ᠳᠤ ᠲᠠᠶᠢᠯᠪᠤᠷᠢᠯᠠᠭᠠᠳ ᠥᠭᠭᠦᠨ᠎ᠡ ᠦᠦ᠃        ᠲᠠᠨ ᠾᠧᠩ᠄        2016 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠵᠤ ᠠᠬᠤᠶᠢᠯᠠᠯ ᠤᠨ ᠨᠡᠶᠢᠲᠡᠴᠢ ᠴᠢᠨᠠᠷᠲᠠᠶ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠨᠥᠬᠦᠪᠥᠷᠢ ᠲᠣᠭᠲᠠᠭᠠᠯ ᠭᠠᠷᠭᠠᠭᠰᠠᠨ ᠪᠦᠭᠡᠳ ᠦᠢᠯᠡᠴᠢᠯᠡᠭᠡ ᠶᠢ ᠰᠢᠯᠢᠳᠡᠭᠵᠢᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠶ ᠪᠥᠬᠦᠶ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠦᠬᠦᠨ ᠢ ᠬᠥᠩᠭᠡᠷᠡᠭᠦᠯᠬᠦ ᠶᠢ ᠪᠡᠶᠡᠯᠡᠭᠦᠯᠪᠡ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠵᠠᠷᠢᠮ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠬᠦᠨᠳᠦᠷᠡᠬᠦ ᠪᠠᠶᠢᠳᠠᠯ ᠠᠯᠬᠤᠮ ᠠᠯᠬᠤᠮ ᠢᠶᠠᠷ ᠢᠳᠡᠪᠬᠢᠲᠡᠶ ᠬᠤᠪᠢᠷᠠᠯᠲᠠ ᠭᠠᠷᠪᠠ᠃ ᠪᠥᠬᠦ ᠣᠷᠣᠨ ᠤ ᠪᠠᠶᠢᠳᠠᠯ ᠠᠴᠠ ᠦᠵᠡᠪᠡᠯ᠂ 2016 ᠣᠨ ᠤ 5 ᠳ᠋ᠤᠭᠠᠷ ᠰᠠᠷ᠎ᠠ ᠳᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠤᠰ ᠰᠠᠷ᠎ᠠ ᠳᠤ ᠂ ᠳᠥᠷᠪᠡᠨ ᠶᠡᠭᠡ ᠠᠵᠢᠯ ᠲᠥᠷᠥᠯ ᠳᠣᠲᠣᠷᠠᠬᠢ ᠭᠠᠶᠢᠯᠢ ᠶᠢᠨ ᠡᠭᠦᠷᠭᠡᠯᠡᠯ ᠨᠢ ᠬᠥᠨᠳᠦᠷᠡᠭᠰᠡᠨ ᠭᠠᠶᠢᠯᠢ ᠲᠤᠰᠢᠶᠠᠭᠴᠢ ᠶᠢᠨ ᠬᠠᠷᠢᠴᠠᠯ ᠨᠢ 1.02% ᠪᠣᠯᠪᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ 2016 ᠣᠨ ᠤ 12 ᠳ᠋ᠤᠭᠠᠷ ᠰᠠᠷ᠎ᠠ ᠪᠣᠯᠬᠤ ᠳᠤ᠂ ᠳᠥᠷᠪᠡᠨ ᠶᠡᠭᠡ ᠠᠵᠢᠯ ᠲᠥᠷᠥᠯ ᠤᠨ 23.8 ᠲᠦᠮᠡᠨ ᠡᠷᠦᠬᠡ ᠲᠤᠷᠰᠢᠯᠲᠠ ᠶᠢᠨ ᠴᠡᠭ ᠤᠨ ᠭᠠᠶᠢᠯᠢ ᠲᠤᠰᠢᠶᠠᠭᠴᠢᠳ ᠤᠨ ᠳᠣᠲᠣᠷ᠎ᠠ᠂ ᠵᠥᠪᠬᠡᠨ 0.78% ᠭᠠᠶᠢᠯᠢ ᠲᠤᠰᠢᠶᠠᠭᠴᠢᠳ ᠤᠨ ᠭᠠᠶᠢᠯᠢ ᠶᠢᠨ ᠡᠭᠦᠷᠭᠡᠯᠡᠯ ᠨᠢ ᠠᠳᠠᠯᠢ ᠪᠤᠰᠤ ᠬᠡᠮᠵᠢᠶ᠎ᠡ ᠪᠠᠷ ᠬᠥᠨᠳᠦᠷᠡᠬᠦ ᠠᠰᠠᠭᠤᠳᠠᠯ ᠣᠷᠣᠰᠢᠵᠤ ᠪᠠᠶᠢᠪᠠ᠃ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠤᠨ ᠲᠣᠭᠲᠠᠭᠤᠨ ᠪᠤᠰᠤ ᠪᠠᠶᠢᠳᠠᠯ ᠤᠨ ᠢᠯᠡᠷᠡᠯ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠪᠦᠲᠦᠴᠡ ᠶᠢᠨ ᠴᠢᠨᠠᠷᠲᠠᠶ ᠬᠤᠪᠢᠷᠠᠬᠤ ᠪᠠᠶᠢᠳᠠᠯ ᠢᠯᠡᠷᠡᠵᠡᠢ᠄ ᠳᠥᠷᠪᠡᠨ ᠶᠡᠭᠡ ᠠᠵᠢᠯ ᠲᠥᠷᠥᠯ ᠤᠨ 26 ᠵᠢᠵᠢᠭ ᠠᠵᠢᠯ ᠲᠦᠷᠦᠯ ᠤᠨ ᠳᠣᠲᠣᠷ᠎ᠠ᠂ ᠵᠠᠷᠢᠮ ᠵᠢᠵᠢᠭ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠨᠢ ᠬᠥᠨᠳᠦᠷᠡᠭᠰᠡᠨ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ ᠬᠠᠷᠢᠴᠠᠩᠭᠤᠶ ᠪᠠᠷ ᠣᠯᠠᠨ ᠰᠢᠭ᠋᠂ ᠵᠠᠷᠢᠮ ᠨᠢ ᠴᠥᠭᠡᠨ ᠰᠢᠭ ᠪᠥᠭᠡᠳ ᠬᠤᠪᠢᠷᠠᠯᠲᠠ ᠶᠢᠨ ᠳᠤᠮᠳᠠ ᠣᠷᠣᠰᠢᠵᠤ ᠪᠠᠶᠢᠨ᠎ᠠ︔ ᠵᠠᠷᠢᠮ ᠠᠵᠤ ᠠᠬᠤᠶᠢᠯᠠᠯ ᠤᠨ ᠡᠨᠡ ᠰᠠᠷ᠎ᠠ ᠶᠢᠨ ᠭᠠᠶᠢᠯᠢ ᠶᠢᠨ ᠡᠭᠦᠷᠭᠡᠯᠡᠯ ᠨᠢ ᠬᠥᠨᠳᠥᠷᠡᠵᠦ᠂ ᠳᠠᠷᠠᠭ᠎ᠠ ᠰᠠᠷ᠎ᠠ ᠶᠢᠨ ᠭᠠᠶᠢᠯᠢ ᠶᠢᠨ ᠡᠭᠦᠷᠭᠡᠯᠡᠯ ᠨᠢ ᠪᠠᠭᠤᠷᠠᠳᠠᠭ︔ ᠠᠳᠠᠯᠢ ᠨᠢᠭᠡᠨ ᠵᠢᠵᠢᠭ ᠠᠵᠢᠯ ᠲᠦᠷᠦᠯ ᠤᠨ ᠳᠣᠲᠣᠷ᠎ᠠ᠂ ᠵᠠᠷᠢᠮ ᠳᠠᠭᠠᠨ ᠡᠨᠡ ᠨᠢᠭᠡᠨ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠨᠢ ᠬᠥᠨᠳᠥᠷᠡᠵᠦ᠂ ᠵᠠᠷᠢᠮ ᠳᠠᠭᠠᠨ ᠲᠡᠷᠡ ᠨᠢᠭᠡ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠨᠢ ᠳᠡᠭᠡᠭᠰᠢᠯᠡᠳᠡᠭ᠃ ᠭᠡᠪᠡᠴᠦ ᠭᠠᠶᠢᠯᠢ ᠶᠢᠨ ᠡᠭᠦᠷᠭᠡᠯᠡᠯ ᠤᠨ ᠬᠥᠨᠳᠦᠷᠡᠬᠦ ᠬᠡᠮᠵᠢᠶ᠎ᠡ ᠪᠣᠯᠤᠨ ᠲᠤᠭ᠎ᠠ ᠬᠡᠮᠵᠢᠶ᠎ᠡ ᠨᠢ ᠣᠯᠠᠩᠬᠢ ᠳᠠᠭᠠᠨ ᠪᠠᠭᠤᠷᠠᠬᠤ ᠬᠠᠨᠳᠤᠰᠢ ᠲᠠᠢ ᠪᠣᠯᠤᠭᠰᠠᠨ ᠶᠤᠮ᠃ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠤᠨ ᠬᠡᠯᠪᠡᠯᠵᠡᠯ ᠭᠠᠷᠤᠭᠰᠠᠨ ᠰᠢᠯᠲᠠᠭᠠᠨ ᠨᠢ ᠤᠯᠠᠨ ᠲᠠᠯ᠎ᠠ ᠶᠢᠨ ᠪᠠᠶᠢᠳᠠᠭ᠂ ᠪᠡᠯᠡ ᠤᠷᠤᠭᠤᠯᠤᠯᠲᠠ ᠶᠢᠨ ᠦᠶᠡᠯᠡᠯ ᠤᠨ ᠬᠤᠭᠤᠴᠠᠭ᠎ᠠ᠂ ᠬᠥᠷᠥᠩᠭᠡ ᠶᠢᠨ ᠪᠦᠲᠦᠴᠡ᠂ ᠬᠠᠮᠢᠶᠠᠷᠤᠯᠲᠠ ᠶᠢᠨ ᠪᠠᠶᠢᠳᠠᠯ᠂ ᠲᠥᠷᠥ ᠶᠢᠨ ᠪᠤᠳᠦᠯᠭ᠎ᠠ ᠣᠶᠢᠯᠠᠭᠠᠬᠤ ᠬᠡᠮᠵᠢᠶ᠎ᠡ ᠵᠡᠷᠭᠡ ᠤᠯᠠᠨ ᠵᠦᠢᠯ ᠤᠨ ᠬᠦᠴᠦᠨ ᠵᠦᠢᠯ ᠪᠦᠷ ᠨᠥᠯᠥᠭᠡᠯᠡᠳᠡᠭ᠃ ᠠᠵᠤ ᠠᠬᠤᠶᠢᠯᠠᠯ ᠤᠨ ᠪᠠᠶᠢᠳᠠᠯ ᠲᠦᠮᠨ ᠮᠢᠩᠭᠠᠨ ᠢᠯᠭᠠᠭ᠎ᠠ ᠵᠥᠷᠢᠶ᠎ᠡ ᠲᠠᠢ ᠪᠣᠯᠣᠭᠠᠳ᠂ ᠨᠢᠭᠡᠳᠦᠯᠲᠡᠶ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠳᠣᠣᠷ᠎ᠠ ᠪᠤᠢ ᠪᠦ᠋ᠬᠦᠢ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠪᠤᠢ ᠪᠦᠬᠦᠢ ᠴᠠᠭ ᠦᠶ᠎ᠡ ᠶᠢᠨ ᠭᠠᠶᠢᠯᠢ ᠶᠢᠨ ᠡᠭᠦᠷᠭᠡᠯᠡᠯ ᠢ ᠴᠥᠮ ᠪᠠᠭᠤᠷᠠᠭᠤᠯᠬᠤ ᠳᠤ ᠦᠨᠡᠬᠡᠷ ᠬᠦᠴᠢᠷᠲᠡᠶ ᠶᠤᠮ᠂ ᠬᠡᠳᠦ᠋ᠢᠪᠡᠷ ᠬᠤᠪᠢᠷᠠᠯᠲᠠ ᠶᠢᠨ ᠬᠠᠨᠳᠤᠰᠢ ᠰᠠᠶᠢᠨ ᠪᠠᠶᠢᠪᠠᠴᠤ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠤᠭᠤᠳ ᠡᠨᠡ ᠠᠰᠠᠭᠤᠳᠠᠯ ᠢ ᠮᠥᠨ ᠬᠦ ᠥᠩᠭᠡᠷᠡᠭᠰᠡᠨ ᠲᠠᠢ ᠪᠠᠨ ᠠᠳᠠᠯᠢ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ 2016 ᠣᠨ ᠤ 12 ᠳ᠋ᠤᠭᠠᠷ ᠰᠠᠷ᠎ᠠ ᠶᠢᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠦᠬᠦ ᠣᠷᠣᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ ᠦᠨᠡᠯᠡᠨ ᠵᠢᠱᠢᠭᠰᠡᠨ ᠤ ᠳᠠᠭᠠᠤ᠂ ᠲᠤᠰᠬᠠᠢ ᠬᠥᠮᠥᠨ ᠵᠣᠬᠢᠶᠠᠨ ᠪᠠᠶᠢᠭᠤᠯᠦᠨ ᠭᠠᠶᠢᠯᠢ ᠶᠢᠨ ᠡᠭᠦᠷᠭᠡᠯᠡᠯ ᠨᠢ 0.78% ᠬᠥᠨᠳᠦᠷᠡᠭᠰᠡᠨ ᠠᠵᠤ ᠠᠬᠤᠶᠢᠯᠠᠯ ᠤᠳ ᠲᠤ ᠵᠠᠳᠠᠯᠵᠤ ᠰᠤᠳᠤᠯᠤᠨ ᠮᠠᠭᠠᠳᠯᠠᠯᠲᠠ ᠬᠢᠪᠡ᠃ ᠠᠵᠤ ᠠᠬᠤᠶᠢᠯᠠᠯ ᠤᠨ ᠵᠦᠢ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠢᠳᠡᠪᠬᠢᠲᠡᠶ ᠰᠢᠢᠳᠪᠦᠷᠢᠯᠡᠭᠰᠡᠨ ᠪᠤᠶᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠳᠤ ᠲᠤᠰᠬᠠᠪᠠ᠃ ᠡᠭᠦᠨ ᠠᠴᠠ ᠭᠠᠳᠠᠨ᠎ᠠ ᠪᠠᠰᠠ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠭᠠᠶᠢᠯᠢ ᠶᠢᠨ ᠡᠭᠦᠷᠭᠡᠯᠡᠯ ᠨᠢ ᠣᠬᠤᠷ ᠬᠤᠭᠤᠴᠠᠭᠠᠨ ᠳᠤ ᠢᠯᠡᠳᠲᠡ ᠬᠥᠨᠳᠦᠷᠡᠭᠰᠡᠨ ᠠᠵᠤ ᠠᠬᠤᠶᠢᠯᠠᠯ ᠤᠳ ᠲᠤ ᠣᠴᠢᠨ ᠬᠠᠪᠰᠤᠷᠤᠨ ᠵᠢᠯᠣᠭᠤᠳᠴᠤ᠂ ᠠᠵᠤ ᠠᠬᠤᠶᠢᠯᠠᠯ ᠢ ᠬᠠᠪᠰᠣᠷᠣᠨ ᠳᠣᠲᠣᠭᠠᠳᠤ ᠶᠢᠨ ᠬᠠᠮᠢᠶᠠᠷᠤᠯᠲᠠ ᠶᠢ ᠨᠢ ᠰᠠᠶᠢᠵᠢᠷᠠᠭᠤᠯᠤᠨ᠂ ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠵᠢᠴᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠭᠦᠶ᠋ᠴᠡᠳ ᠰᠠᠶᠢᠨ ᠬᠡᠷᠡᠭᠯᠡᠭᠦᠯᠵᠦ᠂ ᠨᠡᠩ ᠤᠯᠠᠨ ᠠᠵᠤ ᠠᠬᠤᠶᠢᠯᠠᠯ ᠤᠳ ᠲᠤ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢᠨ ᠠᠰᠢᠭ ᠬᠦᠷᠲᠡᠭᠡᠪᠡ᠃        ᠬᠥᠲᠥᠯᠥᠭᠴᠢ᠄        ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠨᠢ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠪᠤᠯᠭᠠᠨ ᠦᠭᠡᠷᠡᠴᠢᠯᠡᠬᠦ ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠶᠠᠮᠠᠷ ᠨᠥᠯᠥᠭᠡ ᠦᠵᠡᠭᠦᠯᠬᠦ ᠪᠤᠢ︖        ᠲᠠᠨ ᠾᠧᠩ᠄        ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠢ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠤ ᠬᠤᠪᠢ ᠳᠤ᠂ ᠭᠠᠶᠢᠯᠢ ᠶᠢ ᠰᠢᠭᠤᠳ ᠬᠠᠰᠤᠵᠤ ᠬᠡᠯᠲᠦᠷᠢᠭᠦᠯᠬᠦ ᠲᠠᠢ ᠪᠦᠷᠢᠮᠦᠰᠦᠨ ᠠᠳᠠᠯᠢ ᠦᠭᠡᠢ ᠶᠤᠮ᠂ ᠠᠵᠤ ᠠᠬᠤᠶᠢᠯᠠᠯ ᠨᠢ ᠲᠥᠷᠢᠮ ᠤᠨ ᠱᠠᠭᠠᠷᠳᠠᠯᠭ᠎ᠠ ᠶᠢᠨ ᠬᠤᠪᠢᠷᠠᠯᠲᠠ ᠶᠢ ᠦᠨᠳᠦᠰᠦᠯᠡᠨ ᠳᠣᠲᠣᠭᠠᠳᠤ ᠶᠢᠨ ᠬᠠᠮᠢᠶᠠᠷᠤᠯᠲᠠ ᠪᠠᠨ ᠵᠣᠬᠢᠴᠠᠩᠭᠤᠶ ᠰᠠᠶᠢᠵᠢᠷᠠᠭᠤᠯᠬᠤ ᠪᠠ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠢᠳᠠᠬᠤ ᠶᠢᠨ ᠬᠢᠷᠢ ᠪᠠᠷ ᠢᠯᠡᠭᠦᠬᠡᠨ ᠬᠦᠷᠲᠡᠬᠦ ᠨᠢ ᠨᠡᠩ ᠴᠢᠬᠤᠯᠠ ᠶᠤᠮ᠃ ᠨᠢᠭᠡ ᠵᠢᠱᠢᠶ᠎ᠡ ᠲᠠᠲᠠᠵᠤ ᠬᠡᠯᠡᠪᠡᠯ᠄ 2016 ᠣᠨ ᠤ 5 ᠳ᠋ᠤᠭᠠᠷ ᠰᠠᠷ᠎ᠠ ᠠᠴᠠ ᠤᠷᠢᠳ ᠬᠤᠵᠢᠳ ᠢᠶᠠᠷ᠂ ᠭᠠᠳᠠᠷ ᠮᠤᠵᠢ ᠳᠤ ᠪᠠᠭᠤᠳᠠᠯ ᠤᠨ ᠦᠢᠯᠡᠰ ᠨᠢ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠡᠷ᠎ᠡ ᠪᠠᠷ ᠦᠨ᠎ᠡ ᠦᠰᠭᠡᠭᠰᠡᠨ ᠬᠡᠷᠡᠭ ᠭᠠᠷᠴᠤ᠂ ᠨᠡᠶᠢᠭᠡᠮ ᠤᠨ ᠠᠩᠬᠠᠷᠤᠯ ᠢ ᠲᠠᠲᠠᠪᠠ᠃ ᠡᠭᠦᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠪᠠ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠳ ᠲᠡᠷᠡ ᠳᠠᠷᠤᠶ ᠳᠤᠨᠢ ᠰᠢᠢᠳᠪᠦᠷᠢᠯᠡᠪᠡ᠃ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠤᠭᠤᠳ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠲᠥᠷᠥ ᠶᠢᠨ ᠪᠤᠳᠤᠯᠭ᠎ᠠ ᠶᠢᠨ ᠲᠤᠭᠲᠠᠭᠠᠯ ᠢ ᠠᠵᠤ ᠠᠬᠤᠶᠢᠯᠠᠯ ᠳᠤ ᠤᠯᠠᠮ ᠨᠠᠷᠢᠨ ᠲᠠᠶᠢᠯᠪᠤᠷᠢᠯᠠᠯᠲᠠ ᠲᠠᠶᠢᠯᠤᠮᠵᠢ ᠬᠢᠵᠦ᠂ ᠠᠵᠤ ᠠᠬᠤᠶᠢᠯᠠᠯ ᠤᠨ ᠪᠤᠷᠤᠭᠤ ᠣᠶᠢᠯᠠᠭᠠᠯᠲᠠ ᠶᠢ ᠴᠠᠭ ᠲᠤᠬᠠᠶ ᠳᠤᠨᠢ ᠠᠷᠢᠯᠭᠠᠵᠤ᠂ ᠪᠦᠬᠦ ᠤᠯᠤᠰ ᠤᠨ ᠠᠩᠬᠠᠳᠠᠭᠴᠢ ᠢᠳᠡᠭᠡᠨ ᠤᠮᠳᠠᠭᠠᠨ ᠤ ᠦᠢᠯᠡᠰ ᠲᠤ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠲᠣᠭᠲᠠᠭᠠᠵᠤ ᠬᠠᠰᠤᠬᠤ ᠠᠷᠭ᠎ᠠ ᠶᠢ ᠬᠡᠷᠡᠭᠵᠢᠭᠦᠯᠪᠡ᠃ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ 2016 ᠣᠨ ᠤ 5-12 ᠳ᠋ᠤᠭᠠᠷ ᠰᠠᠷ᠎ᠠ ᠪᠤᠯᠲᠠᠯ᠎ᠠ ᠢᠳᠡᠭᠡᠨ ᠤᠮᠳᠠᠭᠠᠨ ᠤ ᠦᠢᠯᠡᠰ ᠲᠤ 1.1 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ᠂ ᠭᠠᠶᠢᠯᠢ ᠶᠢᠨ ᠡᠭᠦᠷᠭᠡᠯᠡᠯ ᠢ 40.5% ᠪᠠᠭᠤᠷᠠᠭᠤᠯᠪᠠ︔ ᠬᠤᠨᠣᠭᠯᠠᠬᠤ ᠦᠢᠯᠡᠰ ᠲᠤ 0.7 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ᠂ ᠭᠠᠶᠢᠯᠢ ᠶᠢᠨ ᠡᠭᠦᠷᠭᠡᠯᠡᠯ ᠢ 37.1% ᠪᠠᠭᠤᠷᠠᠭᠤᠯᠤᠭᠰᠠᠨ ᠪᠠᠶᠢᠨ᠎ᠠ᠃ ᠪᠠᠰᠠ ᠵᠢᠱᠢᠶᠡᠯᠡᠪᠡᠯ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠮᠠᠢ ᠳ᠋ᠠᠩ ᠯᠤᠤ ᠶᠢᠨ ᠥᠪᠡᠷᠲᠡᠭᠡᠨ ᠡᠵᠡᠩᠨᠡᠬᠦ ᠳᠡᠯᠭᠡᠭᠦᠷ ᠤᠨ ᠦᠷᠲᠡᠭ ᠨᠡᠮᠡᠭᠳᠡᠯ ᠤᠨ ᠭᠠᠶᠢᠯᠢ ᠶᠢᠨ ᠡᠭᠦᠷᠭᠡᠯᠡᠯ ᠨᠢ ᠢᠯᠡᠳᠲᠡ ᠪᠠᠭᠤᠷᠠᠵᠠᠢ᠂ ᠪᠦᠬᠦ ᠣᠷᠣᠨ ᠤ ᠪᠠᠶᠢᠳᠠᠯ ᠠᠴᠠ ᠦᠵᠡᠪᠡᠯ᠂ 2016 ᠣᠨ ᠤ 1 — 4 ᠳ᠋ᠦ᠋ᠭᠡᠷ ᠰᠠᠷ᠎ᠠ ᠳᠤ 4.9% ᠪᠠᠶᠢᠭᠰᠠᠨ ᠠᠴᠠ ᠪᠠᠨ 5-12 ᠳ᠋ᠤᠭᠠᠷ ᠰᠠᠷ᠎ᠠ ᠪᠤᠯᠬᠤ ᠳᠤ 0.5% ᠪᠤᠯᠵᠤ ᠪᠠᠭᠤᠷᠠᠪᠠ᠃ ᠡᠨᠡᠬᠦ ᠬᠤᠪᠢᠷᠠᠯᠲᠠ ᠨᠢ᠂ ᠨᠢᠭᠡ ᠲᠠᠯ᠎ᠠ ᠪᠠᠷ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠢ ᠲᠤᠯᠭᠠᠨ ᠬᠠᠰᠤᠬᠤ ᠲᠣᠭᠲᠠᠴᠠ ᠶᠢ ᠤᠷᠤᠭᠤᠯᠤᠭᠰᠠᠨ ᠠᠴᠠ ᠪᠤᠯᠤᠭᠰᠠᠨ ᠪᠠ ᠡᠭᠦᠨ ᠲᠠᠢ ᠠᠳᠠᠯᠢᠬᠠᠨ ᠴᠢᠬᠤᠯᠠ ᠨᠢ ᠮᠠᠢ ᠳ᠋ᠠᠩ ᠯᠤᠤ ᠳᠣᠲᠣᠭᠠᠳᠤ ᠶᠢᠨ ᠬᠠᠮᠢᠶᠠᠷᠤᠯᠲᠠ ᠶᠢᠨ ᠡᠵᠡᠮᠰᠢᠯ ᠤᠨ ᠳᠦᠷᠢᠮ ᠢᠶᠠᠨ ᠴᠠᠭ ᠲᠤᠬᠠᠶ ᠳᠤᠨᠢ ᠳᠡᠰ ᠲᠡᠪᠰᠢᠭᠦᠯᠦᠨ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠲᠤᠬᠢᠶᠠᠯ ᠢ ᠠᠳᠬᠤᠵᠤ᠂ ᠬᠤᠳᠠᠯᠳᠤᠨ ᠠᠪᠬᠤ ᠰᠢᠰᠲ᠋ᠧᠮᠵᠢ᠂ ᠲᠦᠭᠦᠬᠡᠶ ᠡᠳ᠋ ᠮᠠᠲ᠋ᠧᠷᠢᠶᠠᠯ ᠪᠣᠯᠪᠠᠰᠤᠷᠠᠭᠤᠯᠬᠤ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠶᠢᠨ ᠲᠤᠰᠬᠠᠶᠢᠵᠢᠭᠤᠯᠤᠭᠰᠠᠨ ᠠᠵᠢᠯ ᠤᠨ ᠬᠤᠪᠢᠶᠠᠷᠢᠯᠠᠯ ᠢᠶᠠᠷ ᠳᠠᠮᠵᠢᠭᠤᠯᠤᠨ᠂ ᠦᠢᠯᠡᠳᠬᠦᠨ ᠤ ᠬᠡᠯᠬᠢᠶ᠎ᠡ ᠶᠢ ᠰᠢᠯᠢᠳᠡᠭᠵᠢᠭᠦᠯᠵᠦ᠂ ᠡᠵᠡᠩᠨᠡᠯᠲᠡ ᠶᠢᠨ ᠵᠠᠭᠪᠤᠷ ᠢ ᠤᠯᠠᠮ ᠠᠮᠢᠳᠤᠯᠢᠭ ᠪᠣᠯᠭᠠᠵᠤ᠂ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠠᠰᠤᠬᠤ ᠴᠢᠬᠤᠯᠠᠲᠠᠢ ᠶᠢ ᠨᠢ ᠴᠦᠮ ᠬᠠᠰᠤᠬᠤ︾ ᠶᠢ ᠪᠡᠶᠡᠯᠡᠭᠦᠯᠵᠦ᠂ ᠭᠠᠶᠢᠯᠢ ᠶᠢᠨ ᠡᠭᠦᠷᠭᠡᠯᠡᠯ ᠢᠶᠠᠨ ᠶᠡᠬᠡᠪᠡᠷ ᠬᠦᠩᠭᠡᠷᠡᠭᠦᠯᠦᠭᠰᠡᠨ ᠳᠤ ᠪᠤᠢ᠃ ᠭᠠᠶᠢᠯᠢ ᠶᠢᠨ ᠡᠭᠦᠷᠭᠡᠯᠡᠯ ᠢ ᠬᠦᠩᠭᠡᠷᠡᠭᠦᠯᠦᠭᠰᠡᠨ ᠵᠢᠱᠢᠶ᠎ᠡ ᠮᠠᠰᠢ ᠠᠷᠪᠢᠨ ᠪᠠᠶᠢᠬᠤ ᠨᠢ ᠠᠵᠤ ᠠᠬᠤᠶᠢᠯᠠᠯ ᠳᠣᠲᠣᠭᠠᠳᠤ ᠶᠢᠨ ᠬᠠᠮᠢᠶᠠᠷᠤᠯᠲᠠ ᠪᠤᠯ ᠴᠢᠩᠭᠠᠳᠬᠠᠨ ᠰᠠᠶᠢᠵᠢᠷᠠᠭᠤᠯᠵᠤ᠂ ᠡᠵᠡᠩᠨᠡᠯᠲᠡ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠪᠡᠯ ᠲᠤᠯᠭᠠᠨ ᠬᠠᠰᠤᠬᠤ ᠶᠢ ᠴᠢᠳᠠᠬᠤ ᠶᠢᠨ ᠬᠢᠷᠢ ᠪᠠᠷ ᠢᠯᠡᠭᠦᠦ ᠬᠦᠷᠲᠡᠭᠡᠳ ᠭᠠᠶᠢᠯᠢ ᠶᠢᠨ ᠡᠭᠦᠷᠭᠡᠯᠡᠯ ᠢᠶᠠᠨ ᠬᠦᠩᠭᠡᠯᠡᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ ᠭᠡᠰᠡᠨ ᠢ ᠬᠠᠷᠠᠭᠤᠯᠵᠤ ᠪᠠᠶᠢᠨ᠎ᠠ᠃ ᠴᠠᠭ ᠬᠤᠭᠤᠴᠠᠭᠠᠨ ᠤ ᠤᠯᠠᠷᠢᠯᠲᠠ ᠶᠢ ᠳᠠᠭᠠᠯᠳᠤᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠲᠡᠰᠦᠷᠡᠯᠳᠠ ᠦᠭᠡᠢ ᠰᠠᠶᠢᠵᠢᠷᠠᠵᠤ᠂ ᠲᠤᠯᠭᠠᠨ ᠬᠠᠰᠤᠬᠤ ᠨᠡᠩ ᠢᠯᠡᠭᠦᠦ ᠪᠦᠷᠢᠨ ᠭᠦᠢᠴᠡᠳ ᠪᠤᠯᠵᠤ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠭᠠᠶᠢᠯᠢ ᠶᠢ ᠬᠥᠩᠭᠡᠯᠡᠬᠦ ᠦᠢᠯᠡᠳᠦᠯ ᠤᠯᠠᠮ ᠠᠴᠠ ᠤᠯᠠᠮ ᠢᠯᠡᠷᠬᠡᠶ ᠪᠣᠯᠵᠤ᠂ ᠠᠵᠤ ᠠᠬᠤᠶᠢᠯᠠᠯ ᠢ ᠳᠡᠮᠵᠢᠬᠦ ᠶᠠᠪᠤᠳᠠᠯ ᠤᠯᠠᠮ ᠠᠴᠠ ᠤᠯᠠᠮ ᠪᠦᠲᠦᠮᠵᠢᠲᠡᠶ ᠪᠣᠯᠤᠨ᠎ᠠ ᠭᠡᠵᠦ ᠪᠢ ᠪᠠᠲᠤ ᠢᠲᠡᠭᠡᠵᠦ ᠪᠠᠶᠢᠨ᠎ᠠ᠃        ᠬᠥᠲᠥᠯᠥᠭᠴᠢ᠄        ᠥᠭᠡᠷᠡᠴᠢᠯᠡᠯᠲᠡ ᠭᠡᠪᠡᠯ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠵᠢᠯ ᠢᠯᠡᠭᠦᠦ ᠶᠠᠪᠤᠭᠳᠠᠵᠤ ᠪᠠᠶᠢᠨ᠎ᠠ᠂ ᠪᠢᠳᠡ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠤᠯᠤᠭᠰᠠᠨ ᠢ ᠲᠠ ᠤᠯᠠᠨ ᠳᠤ ᠲᠠᠨᠢᠯᠴᠠᠭᠤᠯᠵᠤ ᠦᠭᠭᠦᠨ᠎ᠡ ᠤᠤ︖        ᠲᠠᠨ ᠾᠧᠩ᠄        ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠬᠤ ᠪᠠᠶᠢᠷᠢᠰᠢᠯ ᠢ ᠪᠤᠢ ᠪᠤᠯᠭᠠᠬᠤ ᠪᠠᠷ ᠭᠤᠣᠯᠳᠠᠯᠭ᠎ᠠ ᠪᠣᠯᠭᠠᠨ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ 10 ᠲᠦᠷᠦᠯ ᠵᠦᠢᠯ ᠪᠠ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ 3 ᠲᠦᠷᠦᠯ ᠵᠦᠢᠯ ᠢ ᠲᠤᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠠᠬᠢᠭᠤᠯᠬᠤ ᠬᠤᠷᠠᠯ ᠬᠢᠯᠭᠡᠵᠦ᠂ ᠤᠷᠢᠳ ᠬᠤᠵᠢᠳ ︽ᠲᠥᠰᠦᠯ︾ ᠢ ᠰᠢᠮᠳᠠᠭᠤᠯᠤᠨ ᠨᠠᠶᠢᠳᠠᠪᠤᠷᠢᠵᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ 12 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠨᠠᠷᠢᠨ ᠪᠤᠲᠠᠲᠠᠢ ᠶᠢ ᠵᠡᠷᠭᠡᠪᠡᠷ ᠠᠳᠬᠤᠵᠤ᠂ 62 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠭᠰᠡᠨ ᠪᠠ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠤ᠂ ᠭᠠᠶᠢᠯᠢ ᠲᠤᠰᠢᠶᠠᠭᠴᠢ ᠶᠢᠨ ᠬᠦᠷᠲᠡᠮᠵᠢ ᠶᠢᠨ ᠲᠦᠷᠦᠭᠳᠡᠯ ᠪᠣᠯᠤᠨ ᠲᠠᠭᠠᠰᠢᠶᠠᠯ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠨᠢᠭᠡ ᠳᠤ ᠲᠠᠲᠠᠪᠤᠷᠢᠯᠠᠨ ᠬᠠᠮᠢᠶᠠᠷᠬᠤ ᠬᠠᠷᠢᠭᠤᠴᠠᠯᠭ᠎ᠠ ᠶᠢ ᠬᠤᠪᠢᠶᠠᠷᠢᠯᠠᠬᠤ ᠶᠢ ᠰᠢᠯᠤᠭᠤᠳᠬᠠᠬᠤ ᠲᠠᠯ᠎ᠠ ᠪᠠᠷ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠳᠤ ︽ᠰᠠᠶᠢᠲᠤᠷ ᠪᠠᠷᠢᠮᠲᠠ ᠬᠢᠬᠦ︾᠂ ︽ᠰᠠᠶᠢᠲᠤᠷ ᠭᠠᠶᠢᠯᠢ ᠮᠡᠳᠡᠭᠦᠯᠬᠦ︾᠂ ︽ᠰᠠᠶᠢᠲᠤᠷ ᠵᠠᠳᠠᠯᠤᠯᠲᠠ ᠬᠢᠬᠦ︾᠂ ︽ᠰᠠᠶᠢᠲᠤᠷ ᠰᠠᠶᠢᠵᠢᠷᠠᠭᠤᠯᠬᠤ︾ ᠲᠦᠷᠪᠡᠨ ᠳᠠᠶᠢᠯᠠᠯᠳᠤᠭᠠᠨ ᠢ ᠦᠷᠬᠦᠯᠵᠢᠯᠡᠨ ᠰᠠᠶᠢᠲᠤᠷ ᠬᠢᠵᠦ᠂ ︽ᠬᠤᠶᠠᠷ ᠢ ᠦᠷᠭᠡᠳᠬᠡᠨ ᠨᠢᠭᠡ ᠶᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ︽ᠦᠷ᠎ᠡ ᠠᠰᠢᠭ︾ ᠢ ᠦᠷᠭᠦᠯᠵᠢᠯᠡᠨ ᠴᠢᠯᠦᠭᠡᠯᠡᠪᠡ︔ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠬᠠᠷᠢᠯᠴᠠᠨ ᠨᠠᠶᠢᠳᠠᠵᠤ ᠣᠷᠣᠯᠠᠨ ᠲᠠᠲᠠᠪᠤᠷᠢᠯᠠᠬᠤ ᠠᠵᠢᠯ ᠢ ᠰᠠᠶᠢᠲᠤᠷ ᠬᠢᠪᠡ᠃ ᠬᠤᠶᠠᠷ ᠲᠤ ᠭᠠᠶᠢᠯᠢ ᠲᠤᠰᠢᠶᠠᠬᠤ ᠳᠤ ᠦᠢᠯᠡᠴᠢᠯᠡᠬᠦ ᠲᠤᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ᠃ ︽ᠭᠠᠶᠢᠯᠢ ᠲᠤᠰᠢᠶᠠᠭᠴᠢ ᠳᠤ ᠳᠦᠬᠦᠮ ᠦᠵᠡᠭᠦᠯᠬᠦ ᠬᠠᠪᠤᠷ ᠤᠨ ᠰᠠᠯᠬᠢᠨ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ 10 ᠲᠥᠷᠥᠯ ᠤᠨ 34 ᠵᠦᠢᠯ ᠤᠨ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠠᠪᠤᠪᠠ︔ 37 ᠵᠦᠢᠯ ᠤᠨ ᠦᠨᠳᠦᠰᠦᠨ ᠬᠠᠮᠲᠤᠷᠠᠯᠴᠠᠭᠠᠨ ᠤ ᠵᠦᠢᠯᠡᠰ ᠪᠠ 14 ᠵᠦᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠦᠢᠯᠡᠰ ᠢ ᠲᠦᠯᠬᠢᠨ ᠠᠬᠢᠭᠤᠯᠪᠠ︔ 7 ᠲᠣᠮᠣ ᠲᠦᠷᠦᠯ 54 ᠶᠡᠭᠡ ᠵᠦᠢᠯ 211 ᠪᠠᠭ᠎ᠠ ᠵᠦᠢᠯ ᠤᠨ ᠲᠤᠬᠠᠶᠢᠯᠠᠭᠰᠠᠨ ᠠᠵᠢᠯ ᠤᠨ ︽ᠪᠥᠬᠦ ᠣᠷᠣᠨ ᠳᠤ ᠨᠡᠶᠢᠳᠡᠮ ᠰᠢᠢᠳᠪᠦᠷᠢᠯᠡᠬᠦ︾ ᠶᠢ ᠬᠡᠷᠡᠭᠵᠢᠭᠦᠯᠪᠡ︔ ᠬᠠᠷᠢᠭᠤᠴᠠᠯᠭ᠎ᠠ ᠠᠩᠬ᠎ᠠ ᠲᠤᠯᠭᠠᠬᠤ᠂ ᠬᠤᠭᠤᠴᠠᠭ᠎ᠠ ᠲᠣᠭᠲᠠᠭᠠᠨ ᠭᠦᠢᠴᠡᠳᠬᠡᠵᠦ ᠳᠠᠭᠤᠰᠬᠠᠬᠤ᠂ ᠤᠷᠢᠳᠴᠢᠯᠠᠨ ᠪᠣᠯᠵᠣᠵᠤ ᠭᠠᠶᠢᠯᠢ ᠭᠦᠢᠴᠡᠳᠬᠡᠬᠦ᠂ ᠴᠠᠭ ᠤᠷᠲᠤᠳᠬᠠᠨ ᠦᠢᠯᠡᠴᠢᠯᠡᠬᠦ ᠶᠢ ᠪᠦᠷᠢᠨᠰᠢᠭᠦᠯᠪᠡ︔ ᠭᠠᠶᠢᠯᠢ ᠲᠤᠰᠢᠶᠠᠭᠴᠢ ᠶᠢᠨ ᠲᠠᠭᠠᠰᠢᠶᠠᠯ ᠤᠨ ᠬᠡᠮᠵᠢᠶ᠎ᠡ ᠶᠢᠨ ᠪᠠᠶᠢᠴᠠᠭᠠᠯᠲᠠ ᠶᠢ ᠰᠠᠶᠢᠲᠤᠷ ᠬᠢᠪᠡ︔ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠴᠤᠪᠤᠷᠠᠯ ᠢ ᠳᠥᠭᠦᠮᠴᠢᠯᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠪᠡ︔ ᠭᠠᠶᠢᠯᠢ ᠭᠦᠶ᠋ᠴᠡᠳᠬᠡᠬᠦ ᠦᠶ᠋ᠯᠡᠴᠢᠯᠡᠭᠡᠨ ᠤ 300 ᠢᠵᠢ ᠠᠦ᠋ᠲ᠋ᠤ᠋ ᠦᠵᠦᠭᠦᠷ ᠠᠰᠢᠭᠯᠠᠯᠲᠠ ᠳᠤ ᠤᠷᠤᠭᠤᠯᠤᠨ ᠬᠡᠷᠡᠭᠯᠡᠪᠡ︔ ᠭᠠᠶᠢᠯᠢ ᠶᠢᠨ ᠬᠥᠮᠥᠷᠭᠡ ᠶᠢᠨ ᠮᠥᠩᠭᠦᠨ ᠤ ᠰᠢᠰᠲ᠋ᠧᠮ ᠢ ᠨᠡᠪᠲᠡᠷᠡᠭᠦᠯᠵᠦ᠂ 80% ᠶᠢᠨ ᠭᠠᠶᠢᠯᠢ ᠶᠢᠨ ᠮᠦᠩᠭᠦ ᠶᠢ ᠡᠯᠧᠺᠲᠷᠤᠨ ᠢᠶᠠᠷ ᠲᠤᠰᠢᠶᠠᠬᠤ ᠶᠢ ᠪᠡᠶᠡᠯᠡᠭᠦᠯᠪᠡ︔ ᠪᠦᠬᠦ ᠣᠷᠣᠨ ᠤ 118 ᠬᠤᠰᠢᠭᠤ ᠰᠢᠶᠠᠨ ᠨᠢᠭᠡᠴᠡ ᠪᠦᠷ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠬᠢᠨ ᠬᠠᠮᠲᠤᠷᠠᠨ ᠭᠠᠶᠢᠯᠢ ᠭᠦᠶ᠋ᠴᠡᠳᠬᠡᠬᠦ ᠶᠢ ᠪᠡᠶᠡᠯᠡᠭᠦᠯᠵᠦ᠂ ︽ᠨᠢᠭᠡ ᠡᠭᠦᠳᠡ ᠪᠠᠷ ᠤᠷᠤᠵᠤ᠂ ᠬᠤᠶᠠᠷ ᠡᠷᠦᠬᠡ ᠶᠢᠨ ᠤᠴᠢᠷ ᠢ ᠰᠢᠢᠳᠪᠦᠷᠢᠯᠡᠬᠦ︾ ᠶᠢ ᠪᠡᠶᠡᠯᠡᠭᠦᠯᠪᠡ︔ ︽ᠮᠦᠩᠭᠦ ᠭᠠᠶᠢᠯᠢ ᠶᠢᠨ ᠰᠤᠯᠢᠯᠴᠠᠭ᠎ᠠ︾ ᠶᠢᠨ ᠲᠠᠪᠴᠠᠩ ᠭᠠᠷᠭᠠᠵᠤ᠂ 7.65 ᠳ᠋ᠦᠩᠰᠢᠭᠤᠷ ᠲᠦᠬᠦᠷᠢᠭ ᠤᠨ ᠵᠢᠭᠡᠯᠡᠯᠭᠡ ᠲᠠᠯᠪᠢᠵᠤ᠂ 3000 ᠭᠠᠷᠤᠶ ᠬᠥᠮᠦᠨ ᠢ ᠳᠠᠶᠢᠴᠢᠯᠠᠨ ᠠᠵᠢᠯ ᠤᠯᠭᠤᠵᠤ᠂ ︽ᠬᠤᠤᠰ ᠡᠭᠦᠳᠦᠯᠲᠡ︾ ᠶᠢ ᠬᠦᠴᠦᠲᠡᠢ ᠲᠤᠰᠠᠯᠠᠪᠠ ︔ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠬᠢᠨ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠲᠠᠪᠴᠠᠩ ᠢ ᠬᠠᠮᠲᠤᠪᠠᠷ ᠪᠠᠶᠢᠭᠤᠯᠪᠠ᠃        ᠭᠤᠷᠪᠠ ᠳᠤ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠯ᠎ᠠ ᠪᠠᠷ᠃ ᠪᠥᠬᠦ ᠣᠷᠣᠨ ᠳᠤ ᠭᠠᠶᠢᠯᠢ ᠲᠤᠰᠢᠶᠠᠭᠴᠢ ᠶᠢ ᠲᠦᠷᠦᠯ ᠬᠤᠪᠢᠶᠠᠨ ᠲᠡᠰ ᠬᠤᠪᠢᠶᠠᠨ ᠬᠠᠮᠢᠶᠠᠷᠬᠤ ᠶᠢ ᠪᠥᠬᠦ ᠲᠠᠯ᠎ᠠ ᠪᠠᠷ ᠬᠡᠷᠡᠭᠵᠢᠭᠦᠯᠪᠡ︔ ᠲᠤᠮᠤ ᠠᠵᠤ ᠠᠬᠤᠶᠢᠯᠠᠯ ᠳᠤ ᠦᠢᠯᠡᠴᠢᠯᠡᠬᠦ ᠬᠢᠭᠡᠳ ᠬᠠᠮᠢᠶᠠᠷᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ︔ ᠭᠠᠶᠢᠯᠢ ᠬᠠᠰᠤᠵᠤ ᠬᠡᠯᠲᠦᠷᠢᠭᠦᠯᠬᠦ ᠬᠢᠨᠠᠨ ᠪᠣᠳᠣᠯᠲᠠ ᠶᠢᠨ ᠰᠢᠰᠲ᠋ᠧᠮᠵᠢ ᠶᠢ ᠪᠦᠷᠢᠨᠰᠢᠭᠦᠯᠪᠡ︔ ︽ᠬᠠᠨᠳᠤᠯᠭᠠᠲᠤ ᠪᠠᠶᠢᠴᠠᠭᠠᠯᠲᠠ︾ ᠶᠢᠨ ᠬᠡᠪ ᠵᠠᠭᠪᠤᠷ ᠢ ᠬᠡᠷᠡᠭᠵᠢᠭᠦᠯᠪᠡ︔ ᠪᠠᠷᠢᠮᠲᠠ ᠶᠢᠨ ᠰᠢᠨ᠎ᠡ ᠰᠢᠰᠲ᠋ᠧᠮ ᠢ ᠬᠡᠷᠡᠭᠵᠢᠭᠦᠯᠵᠦ᠂ ᠪᠠᠷᠢᠮᠲᠠ ᠶᠢᠨ ᠲᠤᠮᠤ ᠳ᠋ᠠᠶᠢᠲ᠋ᠠ ᠶᠢ ᠠᠰᠢᠭᠯᠠᠨ ᠪᠠᠷᠢᠮᠲᠠ ᠶᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ ᠡᠵᠡᠮᠳᠡᠪᠡ︔ ᠬᠤᠪᠢ ᠶᠢᠨ ᠡᠵᠡᠩᠨᠡᠯᠲᠡ ᠶᠢᠨ ᠭᠠᠶᠢᠯᠢ ᠲᠠᠲᠠᠪᠤᠷᠢ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠪᠡ ᠃ ᠲᠦᠷᠪᠡ ᠳᠤ ᠤᠯᠠᠨ ᠤᠯᠤᠰ ᠤᠨ ᠬᠠᠮᠲᠤᠷᠠᠯᠴᠠᠭ᠎ᠠ ᠳᠤ ᠭᠦᠨᠵᠡᠭᠡᠶ ᠤᠷᠤᠯᠴᠠᠬᠤ ᠲᠠᠯ᠎ᠠ ᠪᠠᠷ᠃ ︽ᠤᠯᠠᠨ ᠲᠠᠯᠠᠲᠤ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ ᠬᠠᠷᠢᠯᠴᠠᠨ ᠲᠤᠰᠠᠯᠠᠯᠴᠠᠬᠤ ᠨᠡᠶᠢᠲᠡ ᠶᠢᠨ ᠭᠡᠷ᠎ᠡ︾ ᠶᠢ ᠰᠠᠶᠢᠲᠤᠷ ᠭᠦᠢᠴᠡᠳᠬᠡᠪᠡ︔ ︽ᠭᠠᠳᠠᠭᠰᠢ ᠭᠠᠷᠬᠤ︾ ᠭᠠᠶᠢᠯᠢ ᠲᠤᠰᠢᠶᠠᠭᠴᠢ ᠶᠢᠨ ᠰᠠᠭᠤᠷᠢ ᠮᠡᠳᠡᠭᠡ ᠵᠠᠩᠭᠢ ᠪᠣᠯᠣᠨ ᠭᠠᠶᠢᠯᠢ ᠲᠠᠲᠠᠪᠤᠷᠢ ᠶᠢᠨ ᠲᠥᠷᠥ ᠶᠢᠨ ᠪᠤᠳᠤᠯᠭ᠎ᠠ ᠶᠢᠨ ᠯᠠᠪᠯᠠᠯᠲᠠ ᠥᠭᠬᠦ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠬᠢᠪᠡ︔ ᠤᠯᠠᠨ ᠤᠯᠤᠰ ᠤᠨ ᠭᠠᠶᠢᠯᠢ ᠲᠠᠲᠠᠪᠤᠷᠢ ᠶᠢᠨ ᠮᠡᠳᠡᠭᠡᠯᠡᠯ ᠤᠨ ᠰᠣᠯᠢᠯᠴᠠᠯ ᠢ ᠴᠢᠩᠭᠠᠳᠬᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠪᠡ︔ ᠤᠯᠤᠰ ᠤᠨ ᠢᠯᠭᠠᠯᠳᠤ ᠭᠠᠶᠢᠯᠢ ᠲᠠᠲᠠᠪᠤᠷᠢ ᠶᠢᠨ ᠮᠡᠳᠡᠭᠡ ᠵᠠᠩᠭᠢ ᠶᠢᠨ ᠰᠣᠳᠣᠯᠣᠯᠲᠠ ᠶᠢ ᠠᠬᠢᠭᠤᠯᠪᠠ᠃ ᠲᠠᠪᠤ ᠳᠤ ᠭᠠᠶᠢᠯᠢ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠰᠢᠯᠢᠳᠡᠭᠵᠢᠭᠦᠯᠬᠦ ᠲᠠᠯ᠎ᠠ ᠪᠠᠷ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠵᠤ᠂ ᠴᠢᠳᠠᠪᠤᠷᠢᠲᠠᠨ ᠢᠶᠠᠷ ᠭᠠᠶᠢᠯᠢ ᠲᠠᠲᠠᠪᠤᠷᠢ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ︽1155︾ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠥᠷᠨᠢᠭᠦᠯᠪᠡ︔ ᠴᠢᠳᠠᠪᠤᠷᠢᠲᠠᠨ ᠤ ᠬᠥᠮᠥᠷᠭᠡ 14 ᠪᠠᠶᠢᠭᠤᠯᠵᠤ᠂ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠨᠡᠮᠡᠭᠳᠡᠭᠦᠯᠪᠡ︔ ︽ᠪᠦᠭᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ︾ 1 ᠶᠢ ᠪᠠᠶᠢᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠᠷ ᠨᠡᠷᠡᠶᠢᠳᠦᠭᠳᠡᠭᠰᠡᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠵᠢᠱᠢᠶ᠎ᠡ ᠦᠵᠡᠭᠦᠯᠬᠦ ᠴᠡᠭ ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ 104 ᠪᠠᠶᠢᠨ᠎ᠠ︔ ᠬᠡᠷᠡᠭᠯᠡᠭᠡᠨ ᠤ ᠭᠠᠶᠢᠯᠢ ᠲᠠᠲᠠᠪᠤᠷᠢ ᠶᠢᠨ ᠲᠦᠭᠰᠢᠭᠦᠷᠢ ᠬᠢᠭᠡᠳ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ︽ᠬᠤᠶᠠᠷ ᠡᠷᠬᠡ︾ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠪᠠ᠃ ᠵᠢᠷᠭᠤᠭ᠎ᠠ ᠳᠤ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠪᠠᠶᠢᠷᠢᠰᠢᠯ ᠢ ᠪᠠᠶᠢᠭᠤᠯᠬᠤ ᠲᠠᠯ᠎ᠠ ᠪᠠᠷ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠠᠶᠢᠯᠢ ᠶᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠵᠤ᠂ ᠠᠯᠳᠡᠠ ᠭᠠᠶᠢᠯᠢ ᠶᠢᠨ ᠭᠤᠷᠪᠠᠳᠤᠭᠠᠷ ᠬᠤᠭᠤᠴᠠᠭ᠎ᠠ᠂ ᠬᠠᠭᠤᠷᠮᠠᠭ ᠢ ᠰᠡᠷᠭᠡᠶᠢᠯᠡᠬᠦ ᠭᠠᠶᠢᠯᠢ ᠡᠵᠡᠮᠳᠡᠬᠦ ᠵᠡᠷᠭᠡ 9 ᠰᠢᠰᠲ᠋ᠧᠮ ᠤᠨ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠭᠠᠶᠢᠯᠢ ᠲᠠᠲᠠᠪᠤᠷᠢ ᠶᠢᠨ ᠲᠤᠮᠤ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠂ ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠬᠥᠷᠲᠡᠬᠦ ᠵᠢᠴᠢ ᠦᠷᠳᠡᠭ ᠤᠨ ᠨᠡᠮᠡᠭᠳᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠪᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠪᠡ︔ ᠪᠦᠬᠦ ᠤᠯᠤᠰ ᠤᠨ ᠠᠩᠬᠠᠳᠠᠭᠴᠢ ᠰᠦᠯᠵᠢᠶᠡᠨ ᠳᠡᠭᠡᠷᠡᠬᠢ ᠠᠯᠳᠡᠠ ᠭᠠᠶᠢᠯᠢ ᠶᠢᠨ ᠭᠤᠷᠪᠠᠳᠤᠭᠠᠷ ᠬᠤᠭᠤᠴᠠᠭᠠᠨ ᠤ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠰᠢᠰᠲ᠋ᠧᠮᠵᠢᠭᠦᠯᠦᠨ ᠵᠤᠯᠭᠠᠯᠳᠤᠭᠤᠯᠬᠤ ᠶᠢ ᠪᠡᠶᠡᠯᠡᠭᠦᠯᠪᠡ︔ ︽ᠲᠠᠪᠤᠨ ᠦᠨᠡᠮᠯᠡᠯ ᠢ ᠨᠢᠭᠡᠳᠬᠡᠬᠦ︾ ︽ᠬᠤᠶᠠᠷ ᠦᠨᠡᠮᠯᠡᠯ ᠢ ᠨᠡᠶᠢᠯᠡᠭᠦᠯᠬᠦ︾ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠪᠡ︔ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠪᠠᠩᠬᠢ ᠶᠢᠨ ᠦᠢᠯᠡᠰ ᠲᠤ ᠬᠢᠨᠠᠯᠲᠠ ᠲᠠᠯᠪᠢᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠠᠶᠢᠯᠢ ᠶᠢᠨ ᠴᠠᠭᠳᠠᠭᠠᠨ ᠤ ᠬᠠᠷᠢᠯᠴᠠᠬᠤ ᠲᠣᠭᠲᠠᠴᠠ ᠶᠢᠨ ᠠᠯᠪᠠᠨ ᠭᠡᠷ︾ ᠢ ᠪᠠᠶᠢᠭᠤᠯᠪᠠ︔ ᠬᠠᠤᠯᠢ ᠴᠠᠭᠠᠵᠠ ᠶᠢᠨ ᠶᠡᠷᠦᠩᠬᠡᠶ ᠵᠥᠪᠯᠡᠭᠴᠢ ᠶᠢᠨ ᠳᠦᠷᠢᠮ ᠪᠣᠯᠣᠨ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠬᠡᠷᠡᠭᠵᠢᠭᠦᠯᠪᠡ︔ ᠬᠠᠤᠯᠢ ᠪᠠᠷ ᠵᠠᠰᠠᠬᠤ ᠭᠠᠶᠢᠯᠢ ᠶᠢᠨ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠡ︔ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠭᠡᠷᠡᠴᠢᠯᠡᠯᠲᠡ ᠶᠢ ᠣᠶᠢᠯᠭᠠᠬᠤ ᠬᠡᠮᠵᠢᠶ᠎ᠡ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃        ᠬᠥᠲᠥᠯᠥᠭᠴᠢ᠄        ᠡᠨᠡ ᠵᠢᠯ ᠮᠠᠨ ᠤ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠤᠢ︖        ᠲᠠᠨ ᠾᠧᠩ᠄        ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠴᠢᠬᠤᠯᠠᠴᠢᠯᠠᠭᠰᠠᠨ ᠨᠢ᠂ 2017 ᠣᠨ ᠳᠤ ᠠᠵᠤ ᠠᠬᠤᠶᠢᠯᠠᠯ ᠤᠨ ᠭᠠᠶᠢᠯᠢ ᠶᠢᠨ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠢ ᠭᠡᠪᠡ᠃ ᠪᠦᠭᠦ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯᠳᠤᠭᠠᠨ ᠠᠴᠠ᠂ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠤᠭᠤᠳ ᠬᠠᠤᠯᠢ ᠶᠣᠰᠣᠭᠠᠷ ᠭᠠᠶᠢᠯᠢ ᠲᠠᠲᠠᠪᠤᠷᠢᠯᠠᠵᠤ᠂ ︽ᠬᠡᠳᠤ ᠭᠠᠶᠢᠯᠢ︾ ᠲᠠᠲᠠᠪᠤᠷᠢᠯᠠᠵᠦ ᠤᠭᠲᠤ ᠪᠣᠯᠬᠤ ᠦᠭᠡᠢ᠂ ᠭᠠᠶᠢᠯᠢ ᠶᠢ ᠬᠠᠰᠤᠵᠤ ᠬᠡᠯᠲᠡᠷᠢᠭᠦᠯᠬᠦ ᠶᠢ ᠡᠷᠡᠰ ᠨᠠᠶᠢᠳᠠᠪᠤᠷᠢᠵᠢᠭᠤᠯᠵᠤ᠂ ᠭᠠᠶᠢᠯᠢ ᠠᠴᠠ ᠵᠠᠶᠢᠯᠠᠬᠤ ᠭᠠᠶᠢᠯᠢ ᠮᠡᠬᠡᠯᠡᠬᠦ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃ ᠦᠢᠷ᠎ᠠ ᠶᠢᠨ ᠡᠳᠦᠷ᠂ ᠪᠢᠳᠡ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠬᠢᠵᠦ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ︽ᠶᠡᠭᠡ ᠬᠠᠪᠰᠤᠷᠤᠨ ᠵᠢᠯᠤᠭᠤᠳᠤᠯᠭ᠎ᠠ︾ ᠶᠢ ᠭᠦᠨᠵᠡᠭᠡᠶ ᠥᠷᠨᠢᠭᠦᠯᠵᠦ᠂ ᠬᠠᠨᠳᠤᠯᠭᠠᠲᠤ ᠴᠢᠨᠠᠷᠲᠠᠶ ᠪᠠᠷ ᠭᠠᠶᠢᠯᠢ ᠲᠤᠰᠢᠶᠠᠭᠴᠢ ᠶᠢ ᠬᠠᠪᠰᠤᠷᠤᠨ ᠲᠤᠯᠭᠠᠨ ᠬᠠᠰᠤᠬᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠭᠦᠯᠵᠦ᠂ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ︽ᠠᠰᠢᠭ ᠣᠷᠣᠯᠭ᠎ᠠ︾ ᠶᠢ ᠨᠡᠩ ᠰᠠᠶᠢᠨ ᠡᠳ᠋ᠯᠡᠭᠦᠯᠦᠨ᠎ᠡ᠃ 2017 ᠣᠨ ᠤ ︽ᠭᠠᠶᠢᠯᠢ ᠲᠤᠰᠢᠶᠠᠭᠴᠢ ᠳᠤ ᠳᠥᠭᠦᠮ ᠦᠵᠡᠭᠦᠯᠬᠦ ᠬᠠᠪᠤᠷ ᠤᠨ ᠰᠠᠯᠬᠢᠨ ᠠᠵᠢᠯᠯᠠᠭ᠎ᠠ︾ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ ᠳᠤ ︽ᠶᠡᠭᠡ ᠪᠠᠷ ᠦᠢᠯᠡᠴᠢᠯᠡᠬᠦ︾ ᠶᠢ ᠬᠦᠴᠦᠯᠡᠨ ᠰᠢᠯᠢᠳᠡᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠠᠷᠭ᠎ᠠ ᠬᠢᠳᠡᠯ ᠢ ᠢᠯᠡᠭᠦᠬᠡᠨ ᠠᠪᠴᠤ᠂ ᠠᠷᠠᠳ ᠲᠤ ᠠᠰᠢᠭᠲᠠᠶ ᠠᠷᠭ᠎ᠠ ᠪᠤᠳᠤᠯᠭ᠎ᠠ ᠶᠢ ᠢᠯᠡᠭᠦᠬᠡᠨ ᠬᠡᠷᠡᠭᠵᠢᠭᠦᠯᠵᠦ᠂ ᠭᠠᠶᠢᠯᠢ ᠲᠤᠰᠢᠶᠠᠭᠴᠢᠳ ᠤᠨ ᠬᠦᠷᠲᠡᠮᠵᠢᠲᠦ ᠲᠦᠷᠦᠭᠳᠡᠯ ᠪᠣᠯᠤᠨ ᠲᠠᠭᠠᠰᠢᠶᠠᠯ ᠤᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ 4 ᠳ᠋ᠦ᠋ᠭᠡᠷ ᠰᠠᠷ᠎ᠠ ᠳᠤ ᠪᠣᠯᠬᠤ 26 ᠳ᠋ᠤᠭᠠᠷ ᠤᠳᠠᠭ᠎ᠠ ᠶᠢᠨ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠦᠷᠨᠢᠭᠦᠯᠵᠦ᠂ ᠰᠢᠨ᠎ᠡ ᠨᠢᠭᠡᠨ ᠡᠭᠡᠯᠵᠢ ᠶᠢᠨ ᠭᠠᠶᠢᠯᠢ ᠲᠠᠲᠠᠪᠤᠷᠢ ᠶᠢᠨ ︽ᠶᠡᠭᠡ ᠤᠬᠠᠭᠤᠯᠭ᠎ᠠ︾ ᠶᠢ ᠦᠷᠨᠢᠭᠦᠯᠵᠦ᠂ ᠢᠯᠠᠩᠭᠤᠶ᠎ᠠ ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠵᠢᠴᠢ ᠲᠡᠭᠦᠨ ᠤ ᠲᠤᠤᠱᠯᠠᠭᠤᠯᠵᠤ ᠪᠠᠶᠢᠭ᠎ᠠ ᠦᠷ᠎ᠡ ᠪᠦᠲᠦᠮᠵᠢ ᠶᠢᠨ ᠤᠬᠠᠭᠤᠯᠤᠭ᠎ᠠ ᠶᠢ ᠴᠢᠩᠭᠠᠳᠬᠠᠵᠦ᠂ ᠭᠠᠶᠢᠯᠢ ᠲᠤᠰᠢᠶᠠᠭᠴᠢᠳ ᠲᠤ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠵᠢᠴᠢ ᠠᠵᠢᠯᠯᠠᠭᠠᠨ ᠤ ᠠᠷᠭ᠎ᠠ ᠶᠢ ᠨᠡᠩ ᠰᠠᠶᠢᠨ ᠮᠡᠳᠡᠭᠦᠯᠵᠦ᠂ ᠨᠡᠩ ᠣᠯᠠᠨ ︽ᠠᠰᠢᠭ ᠣᠷᠣᠯᠭ᠎ᠠ︾ ᠬᠦᠷᠲᠡᠭᠡᠨ᠎ᠡ᠃ ᠪᠠᠭᠴᠠᠯᠠᠭᠠᠳ ᠬᠡᠯᠡᠪᠡᠯ᠄ ᠪᠢᠳᠡ ᠬᠠᠷᠢᠯᠴᠠᠨ ᠣᠶᠢᠯᠠᠭᠠᠯᠴᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠰᠢᠰᠲ᠋ᠧᠮ ᠤᠨ ᠬᠤᠷᠠᠮᠠᠯ︾ ᠢ ᠨᠡᠩ ᠴᠢᠬᠤᠯᠠᠴᠢᠯᠠᠨ᠂ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠡᠯ᠎ᠡ ᠵᠦᠶ᠋ᠯ ᠤᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠨ ᠪᠡᠯᠭᠡᠯᠡᠨ᠎ᠡ᠃        ᠬᠥᠲᠥᠯᠥᠭᠴᠢ᠄        ᠵᠠ ᠰᠠᠶᠢᠨ ᠪᠣᠯᠣᠯ᠎ᠠ᠂ ᠲᠠᠨ ᠤ ᠲᠠᠶᠢᠯᠤᠮᠵᠢ ᠬᠢᠭᠰᠡᠨ ᠳᠤ ᠲᠤᠩ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠴᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠳ᠋ᠤᠭᠠᠷ ᠲᠤ ᠪᠠᠶᠠᠷᠲᠠᠶ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号