| ᠠᠷᠠᠯᠵᠢᠶ᠎ᠠ ᠬᠤᠳᠠᠯᠳᠤᠭ᠎ᠠ ᠡᠷᠬᠢᠯᠡᠭᠴᠢᠳ ᠪᠤᠷᠤᠯᠠᠭᠤᠯᠭ᠎ᠠ ᠪᠠᠨ ᠨᠡᠮᠡᠭᠳᠡᠭᠦᠯᠬᠦ ᠶᠢᠨ ᠲᠤᠰᠠᠲᠠ | ᠳᠡᠯᠭᠡᠭᠦᠷ ᠲᠡᠭᠡᠨ WIFI ᠤᠭᠰᠠᠷᠠᠭᠰᠠᠨ ᠠᠴᠠ ᠦᠰᠦ ᠵᠠᠰᠠᠬᠤ ᠭᠠᠵᠠᠷ ᠠᠴᠠ ᠡᠬᠢᠯᠡᠭᠡᠳ ᠬᠤᠭᠤᠯᠠᠨ ᠭᠡᠷ᠂ | ᠠᠷᠠᠯᠵᠢᠶ᠎ᠠ ᠬᠤᠳᠠᠯᠳᠤᠭᠠᠨ ᠤ ᠭᠠᠵᠠᠷ ᠤᠨ ᠠᠯᠢ ᠨᠢᠭᠡᠨ ᠳᠤᠨᠢ ᠬᠦᠷᠦᠭᠰᠡᠨ ᠴᠦ WIFI ᠶᠢ ᠴᠢᠯᠦᠭᠡᠲᠡᠢ ᠬᠡᠷᠡᠭᠯᠡᠵᠦ | ᠪᠤᠯᠳᠠᠭ᠃ ᠢᠩᠭᠢᠵᠦ ᠤᠯᠠᠨ ᠨᠡᠶᠢᠲᠡ ᠶᠢᠨ WIFI ᠶᠢ ᠬᠡᠷᠡᠭᠯᠡᠬᠦ ᠨᠢ ᠵᠠᠷᠤᠳᠠᠯ ᠳᠤ ᠠᠷᠪᠢᠲᠡᠢ ᠪᠤᠯᠪᠠᠴᠤ | ᠰᠦᠯᠵᠢᠶᠡᠨ ᠤ ᠪᠠᠩᠬᠢ ᠶᠢᠨ ᠳᠠᠩᠰᠠ ᠪᠠᠨ ᠬᠤᠯᠠᠭᠠᠶᠢᠯᠠᠭᠳᠠᠬᠤ ᠵᠡᠷᠭᠡ ᠲᠦᠭᠰᠢᠭᠦᠷᠢ ᠴᠦ ᠶᠡᠭᠡ ᠪᠠᠶᠢᠳᠠᠭ᠃ | ᠲᠡᠶᠢᠮᠦ ᠠᠴᠠ ᠤᠯᠠᠨ ᠨᠡᠶᠢᠲᠡ ᠶᠢᠨ ᠭᠠᠵᠠᠷ WIFI ᠬᠡᠷᠡᠭᠯᠡᠬᠦ ᠳᠡᠭᠡᠨ ᠳᠤᠤᠷᠠᠬᠢ ᠬᠡᠳᠦᠨ ᠲᠠᠯ᠎ᠠ ᠶᠢ | ᠠᠩᠬᠠᠷᠤᠯ ᠳᠠᠭᠠᠨ ᠠᠪᠤᠪᠠᠯ ᠵᠤᠬᠢᠨ᠎ᠠ᠃ | ᠨᠢᠭᠡ᠂ ᠤᠯᠠᠨ ᠨᠡᠶᠢᠲᠡ ᠶᠢᠨ ᠭᠠᠵᠠᠷ WIFI ᠬᠡᠷᠡᠭᠯᠡᠬᠦ ᠳᠡᠭᠡᠨ ᠪᠤᠯᠭᠤᠮᠵᠢᠲᠠᠢ ᠪᠠᠶᠢᠵᠤ᠂ ᠠᠯᠪᠠᠨ ᠤ | ᠲᠠᠯ᠎ᠠ ᠶᠢᠨ ᠬᠠᠩᠭᠠᠭᠰᠠᠨ ᠪᠦᠭᠡᠳ ᠪᠠᠶᠢᠴᠠᠭᠠᠨ ᠭᠡᠷᠡᠴᠢᠯᠡᠬᠦ ᠲᠤᠭᠲᠠᠴᠠ ᠲᠠᠢ WIFI ᠶᠢ ᠠᠰᠠᠭᠤᠵᠤ | ᠮᠠᠭᠠᠳᠯᠠᠭᠤᠯᠤᠭᠰᠠᠨ ᠤ ᠳᠠᠷᠠᠭ᠎ᠠ ᠬᠡᠷᠡᠭᠯᠡᠨ᠎ᠡ᠃ ᠰᠢᠭᠤᠳ ᠵᠠᠯᠭᠠᠵᠤ ᠪᠤᠯᠬᠤ ᠪᠦᠭᠡᠳ ᠪᠠᠶᠢᠴᠠᠭᠠᠨ ᠭᠡᠷᠡᠴᠢᠯᠡᠬᠦ | ᠭᠠᠷᠳᠠᠮ ᠦᠭᠡᠢ ᠪᠤᠶᠤ ᠨᠢᠭᠤᠴᠠ ᠨᠤᠮᠧᠷ ᠦᠭᠡᠢ ᠤᠯᠠᠨ ᠨᠡᠶᠢᠲᠡ ᠶᠢᠨ WIFI ᠶᠢ ᠪᠤᠯᠬᠤ ᠶᠢᠨ ᠲᠤᠲᠤᠷ᠎ᠠ ᠬᠡᠷᠡᠭᠯᠡᠬᠦ | ᠦᠭᠡᠢ ᠪᠤᠯ ᠵᠤᠬᠢᠨ᠎ᠡ᠃ | ᠬᠤᠶᠠᠷ᠂ ᠤᠯᠠᠨ ᠨᠡᠶᠢᠲᠡ ᠶᠢᠨ WIFI ᠶᠢ ᠬᠡᠷᠡᠭᠯᠡᠬᠦ ᠳᠡᠭᠡᠨ ᠴᠢᠳᠠᠬᠤ ᠶᠢᠨ ᠲᠤᠲᠤᠷ᠎ᠠ ᠰᠦᠯᠵᠢᠶᠡᠨ ᠤ | ᠪᠠᠩᠬᠢ ᠶᠢ ᠬᠡᠷᠡᠭᠯᠡᠬᠦ ᠦᠭᠡᠢ᠂ ᠬᠤᠪᠢ ᠬᠦᠮᠦᠨ ᠤ ᠮᠡᠳᠡᠭᠡ ᠵᠠᠩᠭᠢ ᠪᠠᠨ ᠵᠠᠳᠠᠷᠠᠭᠤᠯᠬᠤ ᠦᠭᠡᠢ ᠪᠠᠶᠢᠵᠤ᠂ ᠬᠠᠷ᠎ᠠ | ᠪᠠᠩᠬᠢ ᠶᠢᠨ ᠳᠠᠩᠰᠠ ᠰᠢᠯᠵᠢᠭᠦᠯᠬᠦ ᠶᠢ ᠰᠡᠷᠭᠡᠶᠢᠯᠡᠨ᠎ᠡ᠃ | ᠭᠤᠷᠪᠠ᠂ WIFI ᠬᠡᠷᠡᠭᠯᠡᠬᠦ ᠰᠠᠶᠢᠨ ᠳᠠᠳᠬᠠᠯ ᠲᠠᠢ ᠪᠤᠯᠬᠤ ᠬᠡᠷᠡᠭᠲᠡᠢ᠃ ᠭᠠᠷ ᠤᠲᠠᠰᠤ ᠨᠢ ᠬᠡᠷᠡᠭᠯᠡᠵᠦ | ᠦᠩᠭᠡᠷᠡᠭᠰᠡᠨ WIFI ᠶᠢᠨ ᠳᠤᠯᠭᠢᠶᠠᠨ ᠢ ᠬᠦᠯᠢᠶᠡᠨ ᠠᠪᠬᠤ ᠴᠡᠭᠡᠵᠢᠯᠡᠬᠦ ᠴᠢᠳᠠᠪᠤᠷᠢ ᠲᠠᠢ ᠪᠠᠶᠢᠳᠠᠭ᠃ WIFI ᠶᠢᠨ | ᠳᠤᠯᠭᠢᠶᠠᠨ ᠢ ᠬᠦᠯᠢᠶᠡᠨ ᠠᠪᠬᠤ ᠨᠡᠭᠡᠯᠡᠬᠡᠢ ᠨᠢ ᠨᠡᠭᠡᠭᠡᠯᠲᠡ ᠲᠠᠢ ᠦᠶᠡᠰ ᠭᠠᠷ ᠤᠲᠠᠰᠤ ᠨᠢ ᠡᠷᠭᠢᠨ ᠲᠤᠭᠤᠷᠢᠨ ᠤ | ᠳᠤᠯᠭᠢᠶᠠᠨ ᠳᠤ ᠲᠠᠰᠤᠷᠠᠯᠲᠠ ᠦᠭᠡᠢ ᠬᠠᠶᠢᠯᠲᠠ ᠬᠢᠵᠦ᠂ ᠠᠳᠠᠯᠢ ᠳᠤᠯᠭᠢᠶᠠᠨ ᠲᠠᠭᠠᠷᠠᠯᠳᠤᠪᠠᠯ ᠠᠶᠠᠨᠳᠠᠭᠠᠨ | ᠵᠠᠯᠭᠠᠭᠳᠠᠬᠤ ᠲᠤᠯᠠ ᠬᠠᠤᠯᠢ ᠪᠤᠰᠤ ᠡᠲᠡᠭᠡᠳ ᠡᠭᠦᠨ ᠢ ᠠᠰᠢᠭᠯᠠᠨ ᠭᠠᠷ ᠤᠲᠠᠰᠤᠨ ᠲᠤᠲᠤᠷᠠᠬᠢ ᠴᠢᠮᠡᠭᠡ ᠵᠠᠩᠭᠢ ᠶᠢ | ᠬᠤᠯᠠᠭᠠᠶᠢᠯᠠᠬᠤ ᠠᠶᠤᠯᠲᠠᠢ᠃ ᠲᠡᠶᠢᠮᠦ ᠠᠴᠠ ᠤᠯᠠᠨ ᠨᠡᠶᠢᠲᠡ ᠶᠢᠨ ᠲᠠᠯᠠᠪᠤᠷ ᠲᠤ WIFI ᠵᠠᠯᠭᠠᠬᠤ ᠨᠡᠭᠡᠯᠡᠬᠡᠢ ᠶᠢ | ᠵᠠᠯᠭᠠᠬᠤ ᠦᠭᠡᠢ ᠪᠠᠯ ᠰᠠᠶᠢᠨ᠃ | ᠳᠦᠷᠪᠡ᠂ ᠭᠡᠷ ᠲᠤᠲᠤᠷᠠᠬᠢ ᠰᠦᠯᠵᠢᠶᠡᠨ ᠤ ᠵᠠᠯᠭᠠᠭᠤᠷ ᠤᠨ ᠬᠠᠮᠢᠶᠠᠷᠤᠯᠲᠠ ᠶᠢᠨ ᠠᠷᠤ ᠬᠠᠮᠢᠶᠠᠷᠤᠯᠲᠠ ᠶᠢᠨ | ᠳᠠᠩᠰᠠᠨ ᠡᠷᠦᠬᠡ᠂ ᠨᠢᠭᠤᠴᠠ ᠨᠤᠮᠧᠷ ᠲᠤ ᠠᠶᠠᠨᠳᠠᠭᠠᠨ ᠮᠡᠳᠡᠷᠡᠬᠦ admin ᠬᠡᠷᠡᠭᠯᠡᠬᠦ ᠠᠴᠠ ᠬᠢᠴᠢᠶᠡᠵᠦ᠂ ᠨᠢᠭᠤᠴᠠ | ᠨᠤᠮᠧᠷ ᠢᠶᠠᠨ ᠬᠠᠷᠢᠴᠠᠩᠭᠤᠢ ᠪᠤᠳᠤᠯᠢᠶᠠᠨᠲᠠᠢ ᠰᠤᠩᠭᠤᠪᠠᠯ ᠨᠢᠭᠤᠴᠠ ᠲᠠᠶᠢᠯᠬᠤ ᠬᠦᠴᠢᠷᠳᠡᠯ ᠢ ᠨᠡᠮᠡᠭᠳᠡᠭᠦᠯᠵᠦ ᠴᠢᠳᠠᠨ᠎ᠠ | ᠃ | ᠲᠠᠪᠤ᠂ ᠭᠠᠷ ᠤᠲᠠᠰᠤ᠂ ᠺᠤᠮᠫᠢᠦ᠋ᠲ᠋ᠧᠷ ᠲᠠᠭᠠᠨ ᠠᠶᠤᠯᠭᠦᠢ ᠵᠦᠭᠡᠯᠡᠨ ᠲᠤᠨᠤᠭ ᠤᠭᠰᠠᠷᠠᠬᠤ ᠬᠡᠷᠡᠭᠲᠡᠢ᠃ |