ᠰᠤᠨᠢᠨ ᠮᠡᠳᠡᠭᠡᠨ ᠤ ᠠᠵᠢᠯᠲᠠᠳ ᠦᠪᠡᠷ ᠢ ᠪᠠᠨ ᠦᠷᠭᠦᠯᠵᠢ ᠲᠡᠭᠦᠯᠳᠡᠷᠵᠢᠭᠦᠯᠬᠦ ᠲᠤᠬᠠᠢ ᠳᠦᠭᠦᠮ ᠦᠭᠦᠯᠡᠬᠦ ᠨᠢ
ᠨᠡᠶᠢᠲᠡᠯᠡᠭᠰᠡᠨ ᠴᠠᠭ᠄
2017-03-27
       ᠴᠠᠭ ᠦᠶ᠎ᠡ ᠶᠢᠨ ᠬᠦᠭᠵᠢᠯᠲᠡ ᠬᠤᠪᠢᠷᠠᠯᠲᠠ ᠶᠢ ᠳᠠᠭᠠᠯᠳᠤᠨ ᠰᠤᠨᠢᠨ ᠮᠡᠳᠡᠭᠡᠨ ᠤ ᠲᠤᠰᠬᠠᠢ ᠮᠡᠷᠭᠡᠵᠢᠯ ᠨᠢ ᠪᠤᠰᠤᠳ ᠲᠦᠷᠦᠯ ᠤᠨ ᠲᠤᠰᠬᠠᠢ ᠮᠡᠷᠭᠡᠵᠢᠯ ᠲᠠᠢ ᠠᠳᠠᠯᠢ ᠪᠠᠷ ᠲᠠᠰᠤᠷᠠᠯᠲᠠ ᠦᠭᠡᠢ ᠬᠦᠭᠵᠢᠵᠦ᠂ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠲᠠᠢ ᠵᠤᠬᠢᠴᠠᠨ ᠡᠳᠦᠷ ᠪᠦᠷᠢ ᠬᠤᠪᠢᠷᠠᠯᠲᠠ ᠭᠠᠷᠳᠠᠭ᠃ ᠡᠨᠡ ᠨᠢ ᠴᠠᠭ ᠦᠶ᠎ᠡ ᠠᠴᠠ ᠱᠠᠭᠠᠷᠳᠠᠭᠳᠠᠳᠠᠭ ᠰᠤᠨᠢᠨ ᠮᠡᠳᠡᠭᠡᠨ ᠤ ᠠᠵᠢᠯ ᠤᠨ ᠦᠪᠡᠷ ᠤᠨ ᠬᠢᠨᠢ ᠵᠢᠮ᠎ᠡ ᠮᠦᠨ᠃ ᠲᠡᠶᠢᠮᠦ ᠠᠴᠠ ᠰᠤᠨᠢᠨ ᠮᠡᠳᠡᠭᠡᠨ ᠤ ᠠᠵᠢᠯ ᠬᠢᠵᠦ ᠪᠠᠶᠢᠭ᠎ᠠ ᠬᠦᠮᠦᠰ ᠴᠠᠭ ᠦᠶ᠎ᠡ ᠶᠢᠨ ᠬᠦᠭ ᠠᠶᠠᠰ ᠢ ᠳᠠᠭᠠᠬᠤ ᠮᠦᠷᠲᠡᠭᠡᠨ ᠡᠵᠡᠮᠳᠡᠵᠦ ᠴᠢᠳᠠᠭᠰᠠᠨ ᠤ ᠳᠠᠭᠠᠤ ᠰᠢᠨ᠎ᠡ ᠪᠠᠶᠢᠳᠠᠯ ᠢ ᠢᠳᠡᠪᠬᠢᠲᠡᠢ ᠡᠵᠡᠮᠰᠢᠨ᠂ ᠤᠯᠠᠨ ᠲᠠᠯ᠎ᠠ ᠪᠠᠷ ᠦᠪᠡᠷ ᠢ ᠪᠠᠨ ᠴᠠᠭ ᠢᠮᠠᠭᠲᠠ ᠲᠡᠭᠦᠯᠳᠡᠷᠵᠢᠭᠦᠯᠵᠦ ᠡᠳᠦᠷ ᠪᠦᠷᠢ ᠶᠢᠨ ᠳᠠᠪᠠᠯᠲᠠ ᠬᠢᠵᠦ ᠪᠠᠶᠢᠬᠤ ᠬᠡᠷᠡᠭᠲᠡᠢ᠃ ᠢᠩᠭᠢᠪᠡᠯ ᠰᠠᠶ᠋ᠢ ᠰᠤᠨᠢᠨ ᠮᠡᠳᠡᠭᠡ ᠨᠢ ᠬᠦᠮᠦᠨ ᠨᠡᠶᠢᠭᠡᠮ ᠴᠠᠭ ᠦᠶ᠎ᠡ ᠶᠢ ᠨᠦᠯᠦᠭᠡᠯᠡᠵᠦ᠂ ᠰᠤᠨᠢᠨ ᠮᠡᠳᠡᠭᠡᠨ ᠤ ᠰᠤᠷᠲᠠᠯ ᠤᠬᠠᠭᠤᠯᠭ᠎ᠠ ᠶᠢᠨ ᠵᠤᠷᠢᠯᠭ᠎ᠠ ᠳᠠᠭᠠᠨ ᠬᠦᠷᠴᠦ ᠴᠢᠳᠠᠬᠤ ᠪᠤᠯᠤᠨ᠎ᠠ᠃        ᠨᠢᠭᠡᠨ ᠰᠤᠨᠢᠨ ᠮᠡᠳᠡᠭᠡᠨ ᠤ ᠠᠵᠢᠯᠲᠠᠨ ᠳᠤ ᠠᠪᠴᠤ ᠬᠡᠯᠡᠪᠡᠯ᠂ ᠰᠤᠨᠢᠨ ᠮᠡᠳᠡᠭᠡᠨ ᠤ ᠲᠤᠬᠠᠶᠢᠯᠠᠭᠰᠠᠨ ᠠᠵᠢᠯ ᠤᠨ ᠮᠡᠳᠡᠯᠭᠡ ᠪᠤᠯᠪᠠᠰᠤᠷᠠᠯ ᠢ ᠪᠦᠷᠢᠯᠳᠦᠭᠦᠯᠵᠦ ᠦᠪᠡᠷ ᠢ ᠪᠠᠨ ᠢᠮᠠᠭᠲᠠ ᠲᠡᠭᠦᠯᠳᠡᠷᠵᠢᠭᠦᠯᠦᠨ ᠱᠠᠭᠠᠷᠳᠠᠬᠤ ᠨᠢ ᠬᠠᠮᠤᠭ ᠤᠨ ᠦᠨᠳᠦᠰᠦᠨ ᠱᠠᠭᠠᠷᠳᠠᠯᠭ᠎ᠠ ᠮᠦᠷᠲᠡᠭᠡᠨ ᠪᠦᠲᠦᠭᠡᠯᠴᠢ ᠴᠢᠨᠠᠷᠲᠠᠢ ᠠᠵᠢᠯᠯᠠᠬᠤ ᠶᠢᠨ ᠬᠦᠴᠦᠨ ᠵᠦᠢᠯ ᠪᠤᠯᠬᠤ ᠶᠤᠮ᠃ ᠰᠤᠨᠢᠨ ᠮᠡᠳᠡᠭᠡᠨ ᠤ ᠳᠡᠭᠡᠳᠦ ᠬᠡᠮᠵᠢᠶᠡᠨ ᠤ ᠪᠤᠯᠪᠠᠰᠤᠷᠠᠯ ᠲᠠᠢ ᠪᠤᠯᠪᠠᠯ ᠰᠠᠶ᠋ᠢ ᠦᠪᠡᠷ ᠢᠶᠠᠨ ᠰᠠᠶᠢᠨ ᠰᠤᠨᠢᠨ ᠮᠡᠳᠡᠭᠡ ᠪᠢᠴᠢᠵᠦ ᠨᠠᠶᠢᠷᠠᠭᠤᠯᠵᠤ᠂ ᠰᠤᠨᠢᠨ ᠮᠡᠳᠡᠭᠡ ᠶᠢ ᠬᠠᠮᠤᠭ ᠰᠠᠶᠢᠨ ᠢᠶᠠᠷ ᠨᠠᠮ ᠵᠠᠰᠠᠭ ᠤᠨ ᠳᠠᠭᠤᠨ ᠬᠤᠭᠤᠯᠠᠢ ᠪᠤᠯᠭᠠᠵᠤ᠂ ᠰᠤᠨᠢᠨ ᠮᠡᠳᠡᠭᠡ ᠪᠠᠷ ᠠᠯᠢᠪᠠ ᠬᠡᠷᠡᠭ ᠪᠤᠳᠠᠰ ᠤᠨ ᠬᠦᠭᠵᠢᠯᠲᠡ ᠶᠢᠨ ᠵᠢᠮ᠎ᠡ ᠬᠠᠤᠯᠢ ᠶᠢ ᠢᠯᠡᠷᠡᠭᠦᠯᠵᠦ ᠳᠡᠶᠢᠯᠬᠦ ᠮᠦᠷᠲᠡᠭᠡᠨ ᠠᠷᠠᠳ ᠲᠦᠮᠡᠨ ᠳᠤ ᠦᠨᠡᠨ ᠬᠦ ᠰᠠᠶᠢᠲᠤᠷ ᠦᠢᠯᠡᠴᠢᠯᠡᠵᠦ ᠳᠡᠶᠢᠯᠬᠦ ᠪᠤᠯᠤᠨ᠎ᠠ᠃ ᠲᠡᠶᠢᠮᠦ ᠮᠦᠷᠲᠡᠭᠡᠨ ᠬᠤᠷᠴᠠ ᠲᠤᠳᠤ ᠰᠡᠳᠬᠢᠬᠦᠢ  ᠲᠠᠢ᠂ ᠡᠭᠦᠳᠦᠨ ᠪᠦᠲᠦᠭᠡᠯᠴᠢ ᠠᠵᠢᠯᠯᠠᠭ᠎ᠠ ᠲᠠᠢ᠂ ᠬᠠᠷᠢᠭᠤᠴᠠᠯᠭᠠᠲᠤ ᠰᠡᠳᠬᠢᠯᠭᠡ ᠲᠠᠢ᠂ ᠭᠦᠨ ᠭᠦᠨᠵᠡᠭᠡᠢ ᠤᠬᠠᠭᠠᠯᠠᠯ ᠲᠦᠰᠦᠪᠯᠡᠯ ᠲᠠᠢ᠂ ᠰᠢᠯᠢᠳᠡᠭ ᠰᠠᠶᠢᠨ ᠰᠤᠨᠢᠨ ᠮᠡᠳᠡᠭᠡᠨ ᠤ ᠠᠵᠢᠯᠲᠠᠨ ᠪᠤᠯᠬᠤ ᠳᠤ ᠰᠠᠭᠤᠷᠢ ᠨᠦᠭᠦᠴᠡᠯ ᠪᠦᠷᠢᠯᠳᠦᠭᠦᠯᠵᠦ᠂ ᠠᠵᠢᠭᠴᠢ ᠬᠢᠷᠠᠬᠠᠢ ᠨᠡᠶᠢᠭᠡᠮ ᠤᠨ ᠤᠬᠠᠭᠠᠨᠲᠠᠨ ᠪᠤᠯᠵᠤ ᠬᠦᠮᠦᠵᠢᠭᠳᠡᠬᠦ ᠳᠤ ᠠᠰᠢᠭᠲᠠᠢ ᠶᠤᠮ᠃        ︵ᠨᠢᠭᠡ︶ ᠪᠠᠲᠤ ᠴᠢᠩᠭ᠎ᠠ ᠤᠯᠤᠰ ᠲᠦᠷᠦ ᠶᠢᠨ ᠬᠡᠪ ᠪᠤᠯᠪᠠᠰᠤᠷᠠᠯ᠂ ᠤᠨᠤᠯ ᠲᠦᠷᠦ ᠶᠢᠨ ᠪᠤᠳᠤᠯᠭ᠎ᠠ ᠬᠠᠤᠯᠢ ᠴᠠᠭᠠᠵᠠ ᠰᠠᠬᠢᠯᠭ᠎ᠠ ᠪᠠᠲᠤ ᠶᠢᠨ ᠰᠠᠭᠤᠷᠢ ᠪᠤᠯᠪᠠᠰᠤᠷᠠᠯ ᠲᠠᠢ ᠪᠠᠶᠢᠬᠤ ᠬᠡᠷᠡᠭᠲᠡᠢ᠃ ᠤᠨᠤᠯ ᠪᠤᠯ ᠠᠵᠢᠯᠯᠠᠭᠠᠨ ᠤ ᠵᠦᠭᠯᠡᠭᠦᠷ ᠢ ᠵᠢᠭᠠᠳᠠᠭ ᠶᠤᠮ᠃ ᠰᠤᠨᠢᠨ ᠮᠡᠳᠡᠭᠡᠨ ᠤ ᠠᠵᠢᠯᠲᠠᠳ ᠨᠡᠯᠢᠶᠡᠳ ᠦᠨᠳᠦᠷ ᠤᠨᠤᠯ᠂ ᠲᠦᠷᠦ ᠶᠢᠨ ᠪᠤᠳᠤᠯᠭ᠎ᠠ ᠶᠢᠨ ᠬᠢᠷᠢ ᠲᠦᠪᠰᠢᠨ ᠢ ᠪᠦᠷᠢᠯᠳᠦᠭᠦᠯᠬᠦ ᠳᠤ ᠡᠷᠬᠡᠪᠰᠢ ᠮᠠᠷᠺᠰ ᠯᠧᠨᠢᠨ ᠤ ᠦᠵᠡᠯ᠂ ᠮᠠᠦ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠠ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠴᠢᠷᠮᠠᠶᠢᠨ ᠰᠤᠷᠤᠯᠴᠠᠵᠤ᠂ ᠤᠨᠤᠯ ᠤᠨ ᠬᠢᠷᠢ ᠲᠦᠪᠰᠢᠨ ᠢᠶᠠᠨ ᠴᠠᠭ ᠢᠮᠠᠭᠲᠠ ᠳᠡᠭᠡᠭᠰᠢᠯᠡᠭᠦᠯᠬᠦ ᠬᠡᠷᠡᠭᠲᠡᠢ᠃ ᠤᠨᠤᠯ᠂ ᠲᠦᠷᠦ ᠶᠢᠨ ᠪᠤᠳᠤᠯᠭ᠎ᠠ ᠶᠢᠨ ᠲᠠᠯ᠎ᠠ ᠶᠢᠨ ᠪᠤᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠪᠠᠯ᠂ ᠳᠦᠷᠪᠡᠨ ᠦᠨᠳᠦᠰᠦᠨ ᠵᠠᠷᠴᠢᠮ ᠢ ᠤᠬᠠᠮᠰᠠᠷ ᠠᠴᠠ ᠪᠠᠨ ᠴᠢᠩᠭ᠎ᠠ ᠪᠠᠷᠢᠮᠲᠠᠯᠠᠵᠤ᠂ ᠨᠠᠮ ᠤᠨ ᠲᠦᠪ ᠬᠤᠷᠢᠶ᠎ᠠ ᠯᠤᠭ᠎ᠠ ᠤᠯᠤᠰ ᠲᠦᠷᠦ ᠶᠢᠨ ᠳᠡᠭᠡᠳᠦ ᠤᠬᠠᠮᠰᠠᠷ ᠠᠴᠠ ᠪᠠᠨ ᠨᠢᠭᠡᠲᠦᠯᠲᠡᠢ ᠪᠠᠶᠢᠵᠤ ᠳᠡᠶᠢᠯᠬᠦ᠂ ᠪᠤᠳᠠᠲᠠᠢ ᠠᠮᠢᠳᠤᠯᠢᠭ ᠠᠭᠤᠯᠭ᠎ᠠ ᠪᠠ ᠤᠯᠠᠨ ᠬᠡᠯᠪᠡᠷᠢ ᠪᠠᠷ ᠳᠠᠮᠵᠢᠵᠤ ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ᠂ ᠠᠵᠢᠯ ᠤᠨ ᠡᠭᠦᠷᠭᠡ ᠪᠠ ᠠᠵᠢᠯ ᠤᠨ ᠠᠷᠭ᠎ᠠ ᠶᠢ ᠵᠦᠪ ᠢᠶᠠᠷ ᠤᠯᠠᠨ ᠲᠦᠮᠡᠨ ᠳᠤ ᠳᠠᠮᠵᠢᠭᠤᠯᠵᠤ᠂ ᠤᠯᠠᠨ ᠲᠦᠮᠡᠨ ᠤ ᠤᠬᠠᠮᠰᠠᠷᠲᠤ ᠠᠵᠢᠯᠯᠠᠭ᠎ᠠ ᠶᠢ ᠬᠤᠪᠢᠷᠠᠭᠤᠯᠵᠤ ᠴᠢᠳᠠᠬᠤ ᠶᠤᠮ᠃ ᠰᠤᠨᠢᠨ ᠮᠡᠳᠡᠭᠡ ᠪᠤᠯ ᠰᠢᠨ᠎ᠡ ᠬᠡᠷᠡᠭ ᠪᠤᠳᠠᠰ ᠲᠠᠢ ᠡᠭᠦᠷᠢᠳᠡ ᠬᠤᠯᠪᠤᠭ᠎ᠠ ᠲᠠᠢ ᠲᠤᠯᠠ ᠰᠤᠨᠢᠨ ᠮᠡᠳᠡᠭᠡᠨ ᠤ ᠠᠵᠢᠯᠲᠠᠳ ᠪᠦᠲᠦᠭᠡᠯᠴᠢ ᠴᠢᠨᠠᠷᠲᠠᠢ ᠪᠠᠷ ᠠᠵᠢᠯᠯᠠᠬᠤ ᠳᠤ ᠤᠨᠤᠯ᠂ ᠲᠦᠷᠦ ᠶᠢᠨ ᠪᠤᠳᠤᠯᠭ᠎ᠠ ᠶᠢᠨ ᠲᠠᠯ᠎ᠠ ᠶᠢᠨ ᠪᠤᠯᠪᠠᠰᠤᠷᠠᠯ ᠦᠭᠡᠢ ᠪᠤᠯ ᠪᠤᠯᠬᠤ ᠦᠭᠡᠢ ᠶᠤᠮ᠃ ᠰᠤᠨᠢᠨ ᠮᠡᠳᠡᠭᠡᠨ ᠤ ᠠᠵᠢᠯᠲᠠᠳ ᠤᠨ ᠤᠯᠤᠰ ᠲᠦᠷᠦ ᠶᠢᠨ ᠬᠡᠪ ᠪᠤᠯᠪᠠᠰᠤᠷᠠᠯ ᠨᠢ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠡᠳᠦᠷ ᠢᠷᠡᠬᠦᠶ᠎ᠡ ᠶᠠᠷᠰᠢᠭ ᠪᠤᠳᠤᠯᠢᠶᠠᠨᠲᠠᠢ ᠪᠤᠯᠵᠤ ᠪᠠᠶᠢᠭ᠎ᠠ ᠤᠴᠢᠷ ᠠᠴᠠ ᠰᠤᠨᠢᠨ ᠮᠡᠳᠡᠭᠡᠨ ᠤ ᠠᠵᠢᠯᠲᠠᠳ ᠡᠷᠬᠡᠪᠰᠢ ᠤᠬᠠᠭᠤᠯᠭ᠎ᠠ ᠰᠤᠷᠲᠠᠯᠴᠢᠯᠠᠭ᠎ᠠ ᠦᠵᠡᠯ ᠰᠠᠨᠠᠭᠠᠨ ᠤ ᠠᠵᠢᠯ ᠤᠨ ᠦᠨᠳᠦᠰᠦᠨ ᠡᠭᠦᠷᠭᠡ ᠪᠠ ᠱᠠᠭᠠᠷᠳᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠤᠭ ᠲᠡᠮᠳᠡᠭ ᠲᠤᠳᠤᠷᠬᠠᠢ᠂ ᠦᠵᠡᠯ ᠰᠠᠨᠠᠭ᠎ᠠ ᠪᠠᠲᠤ ᠴᠢᠩᠭ᠎ᠠ ᠪᠠᠶᠢᠬᠤ ᠬᠡᠷᠡᠭᠲᠡᠢ᠃ ᠰᠤᠨᠢᠨ ᠮᠡᠳᠡᠭᠡᠨ ᠤ ᠠᠵᠢᠯᠲᠠᠨ ᠪᠤᠯᠤᠭᠰᠠᠨ ᠤ ᠬᠤᠪᠢ ᠳᠤ ᠤᠯᠤᠰ ᠲᠦᠷᠦ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠭᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠦᠨᠳᠦᠰᠦᠨ ᠵᠢᠮ᠎ᠡ ᠶᠤᠰᠤ ᠶᠢ ᠡᠵᠡᠮᠰᠢᠵᠦ᠂ ᠤᠨᠤᠯ ᠢ ᠬᠡᠷᠡᠭᠯᠡᠵᠦ ᠶᠢᠷᠲᠢᠨᠴᠦ ᠶᠢ ᠠᠵᠢᠭᠯᠠᠵᠤ᠂ ᠬᠡᠷᠡᠭ ᠪᠤᠳᠠᠰ ᠢ ᠵᠠᠳᠠᠯᠵᠤ ᠴᠢᠳᠠᠬᠤ ᠲᠦᠪᠰᠢᠨ ᠳᠤ ᠬᠦᠷᠬᠦ ᠪᠠᠷ ᠴᠠᠭ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠬᠤ ᠬᠡᠷᠡᠭᠲᠡᠢ᠃        ︵ᠬᠤᠶᠠᠷ︶ ᠮᠡᠳᠡᠯᠭᠡ ᠶᠢᠨ ᠬᠡᠪ ᠪᠤᠯᠪᠠᠰᠤᠷᠠᠯ ᠢᠶᠠᠨ ᠦᠨᠳᠦᠷ ᠪᠠᠶᠢᠯᠭᠠᠬᠤ ᠬᠡᠷᠡᠭᠲᠡᠢ᠃ ᠰᠤᠨᠢᠨ ᠮᠡᠳᠡᠭᠡᠨ ᠤ ᠠᠵᠢᠯᠲᠠᠳ ᠡᠷᠬᠡᠪᠰᠢ ᠦᠷᠭᠡᠨ ᠳᠡᠯᠭᠡᠷ ᠮᠡᠳᠡᠯᠭᠡ ᠪᠤᠯᠪᠠᠰᠤᠷᠠᠯ ᠲᠠᠢ ᠪᠠᠶᠢᠬᠤ ᠬᠡᠷᠡᠭᠲᠡᠢ᠃ ᠲᠡᠦᠬᠡ᠂ ᠤᠳᠬ᠎ᠠ ᠵᠤᠬᠢᠶᠠᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢᠨ ᠪᠤᠯᠪᠠᠰᠤᠷᠠᠯ ᠢᠶᠠᠷ ᠴᠢᠩᠭ᠎ᠠ ᠪᠠᠶᠢᠬᠤ ᠬᠡᠷᠡᠭᠲᠡᠢ᠃ ᠮᠡᠳᠡᠯᠭᠡ ᠪᠠᠷ ᠶᠠᠳᠠᠭᠤ ᠬᠤᠭᠤᠰᠤᠨ ᠪᠤᠯ ᠨᠢᠭᠡ ᠬᠢᠷᠢ ᠲᠡᠩᠴᠡᠭᠰᠡᠨ ᠰᠤᠨᠢᠨ ᠮᠡᠳᠡᠭᠡᠨ ᠤ ᠠᠵᠢᠯᠲᠠᠨ ᠪᠤᠯᠵᠤ ᠳᠡᠶᠢᠯᠬᠦ ᠦᠭᠡᠢ᠃ ᠡᠭᠦᠨ ᠳᠤ ᠲᠡᠦᠬᠡ ᠶᠢᠨ ᠲᠠᠯ᠎ᠠ ᠶᠢᠨ ᠨᠤᠮ ᠪᠢᠴᠢᠭ ᠢ ᠠᠷᠪᠢᠨ ᠤᠩᠰᠢᠬᠤ ᠵᠠᠩᠰᠢᠯ ᠲᠠᠢ ᠪᠤᠯᠵᠤ᠂ ᠲᠡᠦᠬᠡ ᠶᠢᠨ ᠨᠤᠮ ᠪᠢᠴᠢᠭ ᠢ ᠴᠠᠭ ᠦᠷᠭᠦᠯᠵᠢ ᠦᠵᠡᠵᠦ ᠤᠩᠰᠢᠪᠠᠯ ᠡᠷᠲᠡ ᠡᠳᠦᠭᠡ ᠶᠢᠨ ᠲᠡᠦᠬᠡ ᠶᠢᠨ ᠬᠡᠷᠡᠭ ᠢ ᠠᠷᠪᠢᠨ ᠮᠡᠳᠡᠵᠦ᠂ ᠲᠡᠦᠬᠡ ᠶᠢᠨ ᠪᠤᠳᠠᠰᠴᠢ ᠦᠵᠡᠯ ᠤᠨ ᠲᠠᠨᠢᠯᠲᠠ ᠪᠠᠷ ᠠᠰᠠᠭᠤᠳᠠᠯ ᠢ ᠲᠠᠨᠢᠵᠤ᠂ ᠪᠤᠳᠠᠲᠠᠢ ᠠᠰᠠᠭᠤᠳᠠᠯ ᠢ ᠵᠦᠪ ᠤᠨᠤᠪᠴᠢᠲᠠᠢ ᠪᠠᠷ ᠵᠠᠳᠠᠯᠵᠤ ᠴᠢᠳᠠᠬᠤ ᠪᠠ ᠰᠢᠢᠳᠪᠦᠷᠢᠯᠡᠵᠦ ᠴᠢᠳᠠᠬᠤ ᠶᠤᠮ᠃ ᠰᠤᠨᠢᠨ ᠮᠡᠳᠡᠭᠡᠨ ᠤ ᠠᠵᠢᠯᠲᠠᠳ ᠲᠤ ᠠᠪᠴᠤ ᠬᠡᠯᠡᠪᠡᠯ ᠤᠳᠬ᠎ᠠ ᠵᠣᠬᠢᠶᠠᠯ ᠤᠨ ᠮᠡᠳᠡᠯᠭᠡ ᠪᠤᠯ ᠮᠠᠰᠢ ᠴᠢᠬᠤᠯᠠ ᠪᠠᠶᠢᠳᠠᠭ᠃ ᠲᠡᠶᠢᠮᠦ ᠠᠴᠠ ᠰᠤᠨᠢᠨ ᠮᠡᠳᠡᠭᠡᠨ ᠤ ᠠᠵᠢᠯᠲᠠᠨ ᠲᠤᠬᠠᠶᠢᠯᠠᠭᠰᠠᠨ ᠠᠵᠢᠯ ᠳᠠᠭᠠᠨ ᠤᠳᠬ᠎ᠠ ᠵᠤᠬᠢᠶᠠᠯ ᠤᠨ ᠮᠡᠳᠡᠯᠭᠡ ᠬᠤᠷᠠᠮᠳᠤᠭᠤᠯᠬᠤ ᠶᠢ ᠶᠠᠭᠠᠬᠢᠭᠰᠠᠨ ᠴᠦ ᠤᠮᠳᠤᠭᠠᠶᠢᠯᠠᠵᠤ ᠪᠤᠯᠬᠤ ᠦᠭᠡᠢ᠃ ᠬᠠᠷᠢᠨ ᠰᠤᠨᠢᠨ ᠮᠡᠳᠡᠭᠡᠨ ᠤ ᠵᠤᠬᠢᠶᠠᠨ ᠪᠢᠴᠢᠯᠭᠡ ᠳᠡᠭᠡᠨ ᠤᠳᠬ᠎ᠠ ᠵᠤᠬᠢᠶᠠᠯ ᠤᠨ ᠮᠡᠳᠡᠯᠭᠡ ᠶᠢ ᠭᠤᠤᠯ ᠴᠢᠮᠦᠭᠡ ᠪᠤᠯᠭᠠᠨ ᠬᠡᠷᠡᠭᠯᠡᠵᠦ ᠴᠢᠳᠠᠭᠰᠠᠨ ᠪᠠᠶᠢᠬᠤ ᠬᠡᠷᠡᠭᠲᠡᠢ᠃ ᠰᠤᠨᠢᠨ ᠮᠡᠳᠡᠭᠡᠨ ᠤ ᠠᠵᠢᠯᠲᠠᠳ ᠡᠳᠦᠷ ᠪᠦᠷᠢ ᠠᠳᠠᠯᠢ ᠪᠤᠰᠤ ᠠᠵᠢᠯ ᠮᠡᠷᠭᠡᠵᠢᠯ ᠤᠨ᠂ ᠠᠳᠠᠯᠢ ᠪᠤᠰᠤ ᠬᠦᠷᠢᠶ᠎ᠡ ᠴᠠᠷᠠᠭᠠᠨ ᠤ ᠬᠦᠮᠦᠰ ᠲᠠᠢ ᠬᠠᠷᠢᠯᠴᠠᠳᠠᠭ᠃ ᠡᠶᠢᠮᠦ ᠠᠴᠠ ᠡᠷᠬᠡᠪᠰᠢ ᠮᠡᠳᠡᠯᠭᠡ ᠪᠠᠨ ᠦᠷᠭᠡᠵᠢᠭᠦᠯᠵᠦ᠂ ᠠᠳᠠᠯᠢ ᠪᠤᠰᠤ ᠲᠤᠰᠬᠠᠢ ᠮᠡᠷᠭᠡᠵᠢᠯ ᠤᠨ ᠮᠡᠳᠡᠯᠭᠡ ᠳᠤ ᠨᠡᠪᠲᠡᠷᠡᠬᠦ ᠬᠡᠷᠡᠭᠲᠡᠢ᠃        ︵ᠭᠤᠷᠪᠠ︶ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠷ ᠦᠨᠳᠦᠷ ᠪᠠᠶᠢᠬᠤ ᠬᠡᠷᠡᠭᠲᠡᠢ᠃ ᠰᠤᠨᠢᠨ ᠮᠡᠳᠡᠭᠡᠨ ᠤ ᠠᠵᠢᠯᠲᠠᠨ ᠮᠡᠳᠡᠯᠭᠡ ᠪᠠᠷ ᠦᠷᠭᠡᠨ ᠳᠡᠯᠭᠡᠷ ᠪᠠᠶᠢᠬᠤ ᠬᠡᠷᠡᠭᠲᠡᠢ ᠪᠦᠭᠡᠳ ᠪᠠᠰᠠ ᠲᠤᠰᠬᠠᠢ ᠮᠡᠷᠭᠡᠵᠢᠯ ᠤᠨ ᠠᠵᠢᠯ ᠳᠠᠭᠠᠨ ᠨᠡᠪᠲᠡᠷᠬᠡᠢ ᠪᠠᠶᠢᠬᠤ ᠬᠡᠷᠡᠭᠲᠡᠢ᠃ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠭᠡᠳᠡᠭ ᠨᠢ ᠰᠤᠨᠢᠨ ᠮᠡᠳᠡᠭᠡᠨ ᠤ ᠠᠵᠢᠯᠲᠠᠳ ᠤᠨ ᠰᠤᠨᠢᠨ ᠮᠡᠳᠡᠭᠡᠨ ᠤ ᠠᠵᠢᠯ ᠡᠷᠬᠢᠯᠡᠬᠦ ᠴᠢᠳᠠᠪᠤᠷᠢ ᠶᠢ ᠵᠢᠭᠠᠵᠤ ᠪᠤᠢ᠃ ᠭᠤᠤᠯᠳᠠᠭᠤ ᠰᠤᠨᠢᠨ ᠮᠡᠳᠡᠭᠡᠨ ᠤ ᠤᠨᠤᠯ ᠤᠨ ᠮᠡᠳᠡᠯᠭᠡ ᠂ ᠰᠤᠨᠢᠨ ᠮᠡᠳᠡᠭᠡᠨ ᠤ ᠠᠵᠢᠯ ᠲᠦᠷᠦᠯ ᠤᠨ ᠶᠤᠰᠤ ᠮᠤᠷᠠᠯ ᠪᠠ ᠴᠠᠭ ᠦᠶ᠎ᠡ ᠶᠢ ᠲᠠᠭᠠᠨ ᠤᠷᠤᠭᠰᠢᠯᠠᠬᠤ ᠡᠭᠦᠳᠦᠨ ᠪᠦᠲᠦᠭᠡᠯᠴᠢ ᠴᠢᠳᠠᠪᠤᠷᠢ ᠵᠡᠷᠭᠡ ᠳᠤ ᠢᠯᠡᠷᠡᠵᠦ ᠪᠠᠶᠢᠳᠠᠭ᠃ ᠢᠨᠲ᠋ᠧᠷ ᠰᠦᠯᠵᠢᠶᠡᠨ ᠤ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠨᠢᠨ ᠮᠡᠳᠡᠭᠡᠨ ᠤ ᠠᠵᠢᠯᠲᠠᠨ ᠪᠤᠯᠬᠤ ᠭᠡᠪᠡᠯ ᠡᠷᠬᠡᠪᠰᠢ ᠤᠤᠯ ᠤᠨ ᠰᠤᠨᠢᠨ ᠡᠷᠬᠢᠯᠡᠬᠦ ᠦᠵᠡᠯᠲᠡ ᠪᠠᠨ ᠬᠤᠪᠢᠷᠠᠭᠤᠯᠤᠨ ᠤᠯᠠᠮᠵᠢᠯᠠᠯᠲᠤ ᠰᠤᠨᠢᠨ ᠮᠡᠳᠡᠭᠡᠨ ᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠬᠠᠮᠲᠤ ᠪᠠᠷ ᠤᠷᠤᠰᠢᠨ ᠲᠤᠭᠲᠠᠨᠢᠵᠤ ᠬᠠᠷᠢᠯᠴᠠᠨ ᠨᠦᠬᠦᠪᠦᠷᠢᠯᠡᠵᠦ᠂ ᠠᠭᠤᠰᠤᠯᠴᠠᠨ ᠨᠢᠭᠡᠲᠦᠭᠰᠡᠨ ᠬᠠᠮ ᠵᠠᠭᠤᠴᠢᠯᠠᠭᠤᠷ ᠤᠨ ᠦᠵᠡᠯᠲᠡ ᠶᠢ ᠪᠤᠢ ᠪᠤᠯᠭᠠᠵᠤ᠂ ᠰᠤᠨᠢᠨ ᠮᠡᠳᠡᠭᠡᠨ ᠤ ᠤᠬᠠᠭᠤᠯᠭ᠎ᠠ ᠪᠠ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠤᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠰᠢᠨᠡᠴᠢᠯᠡᠬᠦ ᠬᠡᠷᠡᠭᠲᠡᠢ᠃ ᠢᠨᠲ᠋ᠧᠷ ᠰᠦᠯᠵᠢᠶᠡᠨ ᠤ ᠴᠠᠭ ᠦᠶ᠎ᠡ ᠳᠤ ᠰᠤᠨᠢᠨ ᠮᠡᠳᠡᠭᠡᠨ ᠤ ᠠᠵᠢᠯᠲᠠᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠪᠤᠯ ᠨᠢᠭᠡᠨ ᠰᠢᠰᠲ᠋ᠧᠮᠲᠦ ᠢᠨᠵᠧᠨᠧᠷᠢᠩ ᠪᠤᠯᠬᠤ ᠶᠤᠮ᠃ ᠪᠢᠳᠡ ᠡᠷᠬᠡᠪᠰᠢ ᠰᠢᠨ᠎ᠡ ᠵᠠᠭᠤᠴᠢᠯᠠᠭᠤᠷ ᠤᠨ ᠠᠪᠴᠢᠷᠠᠭᠰᠠᠨ ᠠᠵᠠ ᠲᠤᠬᠢᠶᠠᠯ ᠢ ᠠᠳᠬᠤᠨ ᠠᠪᠴᠤ᠂ ᠦᠪᠡᠷ ᠤᠨ ᠪᠤᠳᠠᠲᠤ ᠪᠠᠶᠢᠳᠠᠯ  ᠲᠠᠢ ᠪᠠᠨ ᠤᠶᠠᠯᠳᠤᠭᠤᠯᠵᠤ᠂ ᠵᠠᠭᠤᠴᠢᠯᠠᠭᠤᠷ ᠢᠶᠠᠨ ᠪᠦᠲᠦᠮᠵᠢᠲᠠᠢ ᠡᠵᠡᠩᠨᠡᠨ ᠬᠠᠮᠢᠶᠠᠷᠴᠤ᠂ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠦᠨ᠂ ᠴᠠᠭ ᠦᠶ᠎ᠡ ᠶᠢ ᠲᠠᠭᠠᠨ ᠤᠷᠤᠭᠰᠢᠯᠠᠵᠤ᠂ ᠨᠢᠭᠡᠨ ᠬᠢᠷᠢ ᠲᠡᠩᠴᠡᠭᠰᠡᠨ ᠰᠤᠨᠢᠨ ᠮᠡᠳᠡᠭᠡᠨ ᠤ ᠠᠵᠢᠯᠲᠠᠨ ᠪᠤᠯᠬᠤ ᠬᠡᠷᠡᠭᠲᠡᠢ᠃        ︵ᠳᠦᠷᠪᠡ︶ ᠳᠡᠭᠡᠳᠦ ᠬᠡᠮᠵᠢᠶᠡᠨ ᠤ ᠡᠷᠳᠡᠮ ᠰᠢᠨᠵᠢᠯᠡᠭᠡᠨ ᠤ ᠮᠡᠳᠡᠯᠭᠡ ᠪᠤᠯᠪᠠᠰᠤᠷᠠᠯ ᠲᠠᠢ ᠪᠠᠶᠢᠬᠤ ᠬᠡᠷᠡᠭᠲᠡᠢ᠃ ᠳᠡᠭᠡᠳᠦ ᠬᠡᠮᠵᠢᠶᠡᠨ ᠤ ᠡᠷᠳᠡᠮ ᠰᠢᠨᠵᠢᠯᠡᠭᠡᠨ ᠤ ᠮᠡᠳᠡᠯᠭᠡ ᠪᠤᠯᠪᠠᠰᠤᠷᠠᠯ ᠲᠠᠢ ᠪᠤᠯᠬᠤ ᠨᠢ ᠰᠤᠨᠢᠨ ᠮᠡᠳᠡᠭᠡᠨ ᠤ ᠠᠵᠢᠯᠲᠠᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠵᠦ᠂ ᠠᠵᠢᠯ ᠤᠨ ᠰᠡᠳᠬᠢᠮᠵᠢ ᠶᠢ ᠦᠷᠭᠡᠳᠬᠡᠨ ᠲᠡᠯᠡᠵᠦ᠂ ᠰᠤᠳᠤᠯᠭᠠᠨ ᠤ ᠬᠦᠷᠢᠶ᠎ᠡ ᠴᠠᠷᠠᠭ᠎ᠠ ᠶᠢ ᠦᠷᠭᠡᠳᠬᠡᠵᠦ᠂ ᠨᠡᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠪᠡᠶᠡᠯᠡᠭᠦᠯᠬᠦ ᠳᠤ ᠡᠷᠴᠢᠮ ᠬᠦᠴᠦᠨ ᠪᠤᠯᠳᠠᠭ᠃ ᠨᠡᠶᠢᠭᠡᠮ ᠠᠬᠤᠢ ᠤᠯᠠᠨ ᠲᠠᠯ᠎ᠠ ᠲᠠᠢ ᠬᠤᠯᠪᠤᠭᠳᠠᠳᠠᠭ ᠤᠨ ᠤᠴᠢᠷ ᠰᠣᠨᠢᠨ ᠤ ᠨᠠᠶᠢᠷᠠᠭᠤᠯᠤᠭᠴᠢ ᠨᠠᠷ ᠡᠷᠬᠡᠪᠰᠢ ᠤᠯᠠᠨ ᠲᠠᠯ᠎ᠠ ᠶᠢᠨ ᠮᠡᠳᠡᠯᠭᠡ ᠪᠤᠯᠪᠠᠰᠤᠷᠠᠯ ᠲᠠᠢ ᠪᠤᠯᠬᠤ ᠶᠢᠨ ᠳᠠᠭᠠᠤ ᠤᠯᠠᠨ ᠬᠠᠷᠠᠭᠠᠰᠤ ᠠᠴᠠ ᠨᠡᠶᠢᠭᠡᠮ ᠠᠬᠤᠢ ᠶᠢ ᠰᠢᠨᠵᠢᠯᠡᠵᠦ ᠰᠤᠷᠬᠤ ᠬᠡᠷᠡᠭᠲᠡᠢ ᠶᠤᠮ᠃ ᠳᠡᠭᠡᠳᠦ ᠬᠡᠮᠵᠢᠶᠡᠨ ᠤ ᠡᠷᠳᠡᠮ ᠰᠢᠨᠵᠢᠯᠡᠭᠡᠨ ᠤ ᠮᠡᠳᠡᠯᠭᠡ ᠪᠤᠯᠪᠠᠰᠤᠷᠠᠯ ᠢ ᠪᠦᠷᠢᠯᠳᠦᠭᠦᠯᠬᠦ ᠳᠤ ᠤᠷᠲᠤ ᠬᠤᠭᠤᠴᠠᠭᠠᠨ ᠤ ᠰᠤᠷᠤᠯᠴᠠᠯᠭ᠎ᠠ ᠪᠠ ᠰᠤᠳᠤᠯᠤᠯ ᠰᠢᠨᠵᠢᠯᠡᠯ ᠢᠶᠠᠷ ᠳᠠᠮᠵᠢᠨ ᠤᠯᠠᠨ ᠲᠠᠯ᠎ᠠ ᠶᠢᠨ ᠮᠡᠳᠡᠯᠭᠡ ᠮᠡᠳᠡᠴᠡ ᠶᠢ ᠰᠤᠷᠴᠤ ᠡᠵᠡᠮᠰᠢᠬᠦ ᠴᠢᠬᠤᠯᠠ ᠲᠠᠢ ᠲᠤᠯᠠ ᠶᠠᠮᠠᠷᠪᠠ ᠠᠵᠢᠯ ᠤᠨ ᠰᠤᠳᠤᠯᠤᠯ ᠰᠢᠨᠵᠢᠯᠡᠯ ᠤᠨ ᠠᠷᠭ᠎ᠠ ᠤᠬᠠᠭᠠᠨ ᠠᠶᠠᠨᠳᠠᠭᠠᠨ ᠪᠦᠷᠢᠯᠳᠦᠵᠦ᠂ ᠨᠢᠭᠡ ᠳᠤ ᠴᠠᠭᠠᠷᠠᠵᠤ ᠤᠯᠠᠨ ᠳᠤ ᠮᠡᠷᠭᠡᠰᠢᠭᠰᠡᠨ ᠰᠤᠨᠢᠨ ᠮᠡᠳᠡᠭᠡᠨ ᠤ ᠠᠵᠢᠯᠲᠠᠨ ᠪᠤᠯᠵᠤ ᠳᠡᠶᠢᠯᠦᠨ᠎ᠡ᠃        ᠶᠡᠷᠦᠩᠬᠡᠢ ᠳᠤᠨᠢ ᠠᠪᠴᠤ ᠬᠡᠯᠡᠪᠡᠯ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠦᠲᠦᠭᠡᠨ ᠪᠠᠶᠢᠭᠤᠯᠬᠤ ᠶᠠᠪᠤᠴᠠ ᠳᠤ᠂ ᠨᠠᠮ ᠤᠨ ᠰᠤᠨᠢᠨ ᠮᠡᠳᠡᠭᠡᠨ ᠤ ᠠᠵᠢᠯᠲᠠᠳ ᠨᠠᠮ ᠤᠨ ᠰᠤᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠳᠤ ᠰᠤᠨᠢᠨ ᠮᠡᠳᠡᠭᠡᠨ ᠤ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠨᠠᠮ ᠤᠨ ᠰᠤᠨᠢᠨ ᠤ ᠨᠠᠮᠴᠢ ᠴᠢᠨᠠᠷ ᠤᠨ ᠵᠠᠷᠴᠢᠮ ᠢ ᠭᠤᠶᠢᠪᠢᠰᠢ ᠦᠭᠡᠢ ᠪᠠᠷ ᠪᠠᠷᠢᠮᠲᠠᠯᠠᠵᠤ᠂ ᠵᠦᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠤᠨᠤᠯ ᠢᠶᠠᠷ ᠰᠤᠨᠢᠨ ᠮᠡᠳᠡᠭᠡᠨ ᠤ ᠦᠢᠯᠡᠰ ᠪᠠ ᠰᠤᠷᠪᠤᠯᠵᠢᠯᠠᠭ᠎ᠠ ᠨᠠᠶᠢᠷᠠᠭᠤᠯᠭ᠎ᠠ ᠶᠢᠨ ᠠᠵᠢᠯᠯᠠᠭ᠎ᠠ ᠪᠠᠨ ᠵᠢᠯᠤᠭᠤᠳᠤᠭᠤᠯᠵᠤ᠂ ᠨᠠᠮ ᠤᠨ ᠰᠤᠨᠢᠨ ᠮᠡᠳᠡᠭᠡᠨ ᠤ ᠠᠵᠢᠯ ᠤᠨ ᠡᠭᠦᠷᠭᠡ ᠱᠠᠭᠠᠷᠳᠠᠯᠭ᠎ᠠ ᠶᠢ ᠪᠡᠶᠡᠯᠡᠭᠦᠯᠬᠦ ᠳᠤ ᠰᠤᠨᠢᠨ ᠮᠡᠳᠡᠭᠡᠨ ᠤ ᠠᠵᠢᠯᠲᠠᠨ ᠲᠤᠰ ᠪᠡᠶ᠎ᠡ ᠶᠢᠨ ᠪᠤᠯᠪᠠᠰᠤᠷᠠᠯ ᠢᠶᠠᠨ ᠦᠨᠡᠨ ᠬᠦ ᠳᠡᠭᠡᠭᠰᠢᠯᠡᠭᠦᠯᠵᠦ᠂ ᠡᠷᠬᠡᠪᠰᠢ ᠴᠠᠭ ᠦᠶ᠎ᠡ ᠠᠴᠠ ᠢᠮᠠᠭᠲᠠ ᠰᠤᠷᠤᠯᠴᠠᠬᠤ ᠵᠠᠩᠰᠢᠯ ᠲᠠᠢ ᠪᠤᠯᠵᠤ᠂ ᠡᠷᠳᠡᠮ ᠮᠡᠳᠡᠯᠭᠡ ᠶᠢᠨ ᠬᠦᠷᠢᠶ᠎ᠡ ᠪᠠᠨ ᠦᠷᠭᠡᠳᠬᠡᠵᠦ᠂ ᠰᠠᠭᠤᠷᠢ ᠪᠠᠨ ᠭᠦᠨ ᠪᠠᠶᠠᠯᠢᠭ ᠪᠤᠯᠭᠠᠬᠤ ᠬᠡᠷᠡᠭᠲᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号