ᠪᠢᠴᠢᠯ ᠺᠢᠨᠤ᠋ ︽ᠠᠳᠠᠯᠢᠬᠠᠨ ᠦᠬᠡᠷ︾ ᠪᠦᠬᠦ ᠤᠯᠤᠰ ᠤᠨ ᠰᠢᠭᠦᠬᠦ ᠬᠤᠷᠢᠶ᠎ᠠ ᠶᠢᠨ ᠰᠢᠰᠲ᠋ᠧᠮ ᠤᠨ ᠠᠷᠪᠠᠨ ᠰᠢᠯᠢᠳᠡᠭ ᠪᠢᠴᠢᠯ ᠺᠢᠨᠤ᠋ ᠶᠢᠨ ᠱᠠᠩᠨᠠᠯ ᠢ ᠬᠦᠷᠲᠡᠪᠡ
ᠨᠡᠶᠢᠲᠡᠯᠡᠭᠰᠡᠨ ᠴᠠᠭ᠄
2017-03-27
       ᠠᠷᠠᠳ ᠤᠨ ᠳᠡᠭᠡᠳᠦ ᠰᠢᠭᠦᠬᠦ ᠬᠤᠷᠢᠶ᠎ᠠ᠂ ᠳᠤᠮᠳᠠᠳᠤ ᠶᠢᠨ ᠪᠦᠬᠦ ᠤᠯᠤᠰ ᠤᠨ ᠬᠠᠤᠯᠢ ᠳᠦᠷᠢᠮ ᠤᠨ ᠰᠤᠨᠢᠨ ᠮᠡᠳᠡᠭᠡ ᠶᠢᠨ ᠨᠡᠶᠢᠭᠡᠮᠯᠢᠭ᠂ ᠲᠦᠪ ᠤᠨ ᠲᠧᠯᠸᠢᠰ ᠬᠤᠷᠢᠶ᠎ᠠ ᠬᠠᠮᠲᠤᠷᠠᠨ ᠡᠷᠬᠢᠯᠡᠵᠦ᠂ ᠳᠤᠮᠳᠠᠳᠤ ᠤᠯᠤᠰ ᠤᠨ ᠰᠢᠭᠦᠬᠦ ᠬᠤᠷᠢᠶ᠎ᠠ ᠶᠢᠨ ᠰᠦᠯᠵᠢᠶ᠎ᠡ ᠠᠴᠠ ᠳᠠᠭᠠᠭᠠᠨ ᠡᠷᠬᠢᠯᠡᠭᠰᠡᠨ ︽ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠰᠢᠭᠦᠬᠦ ᠬᠤᠷᠢᠶ᠎ᠠ ᠶᠢᠨ ᠰᠢᠰᠲ᠋ᠧᠮ ᠤᠨ ᠠᠷᠪᠠᠨ ᠰᠢᠯᠢᠳᠡᠭ ᠪᠢᠴᠢᠯ ᠺᠢᠨᠤ᠋︾ ᠶᠢ ᠰᠢᠯᠭᠠᠷᠠᠭᠤᠯᠬᠤ ᠠᠵᠢᠯᠯᠠᠭ᠎ᠠ ᠤᠶᠢᠷ᠎ᠠ ᠳᠤ ᠦᠨᠳᠦᠷᠯᠡᠪᠡ᠃ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠶᠢᠨ ᠦᠨᠡᠨ ᠬᠡᠷᠡᠭ ᠢ ᠦᠭᠡᠷᠡᠴᠢᠯᠡᠨ ᠨᠠᠶᠢᠷᠠᠭᠤᠯᠤᠭᠰᠠᠨ ᠪᠢᠴᠢᠯ ᠺᠢᠨᠤ᠋ ︽ᠠᠳᠠᠯᠢᠬᠠᠨ ᠦᠬᠡᠷ︾ ᠲᠤᠰ ᠤᠳᠠᠭ᠎ᠠ ᠶᠢᠨ ᠰᠢᠯᠭᠠᠷᠠᠭᠤᠯᠤᠯᠲᠠ ᠳᠤ ᠰᠢᠯᠢᠳᠡᠭ ᠪᠢᠴᠢᠯ ᠺᠢᠨᠤ᠋ ᠪᠠᠷ ᠦᠨᠡᠯᠡᠭᠳᠡᠵᠡᠢ᠃        ᠤᠶᠢᠯᠠᠭᠠᠭᠰᠠᠨ ᠢᠶᠠᠷ᠂ ᠲᠤᠰ ᠪᠢᠴᠢᠯ ᠺᠢᠨᠤ᠋ ᠪᠤᠯ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠶᠢᠨ ᠬᠤᠨᠲᠤ ᠰᠢᠭᠦᠬᠦ ᠲᠢᠩᠬᠢᠮ ᠤᠨ ᠰᠢᠭᠦᠨ ᠲᠠᠰᠤᠯᠤᠭᠰᠠᠨ ᠨᠢᠭᠡᠨ ᠦᠨᠡᠨ ᠬᠡᠷᠡᠭ ᠢ ᠦᠭᠡᠷᠡᠴᠢᠯᠡᠨ ᠨᠠᠶᠢᠷᠠᠭᠤᠯᠤᠭᠰᠠᠨ ᠺᠢᠨᠤ᠋ ᠪᠤᠯᠤᠨ᠎ᠠ᠃ ᠬᠡᠷᠡᠭ ᠡᠭᠦᠰᠦᠭᠰᠡᠨ ᠭᠠᠵᠠᠷ ᠲᠤ᠂ ᠬᠡᠰᠡᠭ ᠰᠢᠭᠦᠭᠴᠢ ᠲᠤᠰᠢᠶᠠᠯᠲᠠᠨ ᠪᠠ ᠲᠤᠬᠠᠢ ᠶᠢᠨ ᠭᠠᠵᠠᠷ ᠤᠨ ᠮᠠᠯᠴᠢᠳ ᠬᠠᠮᠲᠤᠷᠠᠨ ᠲᠤᠭᠯᠠᠨ ᠰᠡᠭᠦᠳᠡᠷᠯᠡᠵᠦ᠂ ᠰᠢᠭᠦᠭᠴᠢ ᠲᠤᠰᠢᠶᠠᠯᠲᠠᠨ ᠬᠡᠷᠡᠭ ᠢ ᠰᠢᠭᠦᠨ ᠲᠠᠰᠤᠯᠬᠤ ᠳᠤᠮᠳᠠ᠂ ᠠᠷᠠᠳ ᠲᠤ ᠳᠦᠭᠦᠮ ᠠᠷᠠᠳ ᠲᠤ ᠠᠰᠢᠭ ᠲᠠᠢ ᠪᠠᠶᠢᠬᠤ ᠡᠭᠦᠳᠡᠨ ᠠᠴᠠ᠂ ᠰᠢᠭᠦᠨ ᠲᠠᠰᠤᠯᠬᠤ ᠤᠶᠤᠨ ᠤᠬᠠᠭᠠᠨ ᠪᠠ ᠠᠮᠢᠳᠤᠷᠠᠯ ᠤᠨ ᠲᠤᠷᠰᠢᠯᠭ᠎ᠠ ᠪᠠᠨ ᠭᠦᠢᠴᠡᠳ ᠠᠰᠢᠭᠯᠠᠨ᠂ ᠵᠦᠷᠢᠴᠡᠯ ᠵᠢᠭᠤᠷᠠᠭᠠᠨ ᠢ ᠠᠮᠵᠢᠯᠲᠠ ᠲᠠᠢ ᠡᠶᠡᠳᠡᠭᠦᠯᠦᠨ᠂ ᠲᠤᠬᠠᠢ ᠶᠢᠨ ᠭᠠᠵᠠᠷ ᠤᠨ ᠮᠠᠯᠴᠢᠨ ᠲᠦᠮᠡᠨ ᠤ ᠨᠡᠶᠢᠳᠡᠮ ᠤᠨ ᠬᠦᠷᠢᠶᠡᠯᠡᠯ ᠢ ᠤᠯᠤᠭᠰᠠᠨ ᠦᠯᠢᠭᠡᠷ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号