| ᠰᠤᠷᠪᠤᠯᠵᠢᠯᠠᠭᠰᠠᠨ ᠴᠠᠭ᠄ | 2016 ᠤᠨ ᠤ 7 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠤᠴᠢᠨ᠄ | ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ | ᠶᠢᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠤᠯ ᠮᠠᠨ ᠤ ᠤᠯᠤᠰ ᠤᠨ | ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠤ ᠠᠬᠤᠶ ᠶᠢᠨ ᠠᠵᠢᠯ ᠤᠨ ᠨᠢᠭᠡᠨ ᠴᠢᠬᠤᠯᠠ ᠡᠭᠦᠷᠭᠡ ᠮᠥᠨ᠃ | ᠲᠦᠩᠯᠢᠶᠣᠤ ᠬᠤᠲᠠ ᠳᠤ ᠠᠪᠴᠤ ᠬᠡᠯᠡᠪᠡᠯ᠂ ᠯᠠᠪᠳᠠᠭᠤᠨ ᠢᠶᠠᠷ ᠨᠡᠮᠡᠭᠳᠡᠭᠦᠯᠬᠦ ᠪᠠ ᠪᠦᠲᠦᠴᠡ ᠶᠢ ᠲᠣᠬᠢᠷᠠᠭᠤᠯᠬᠤ᠂ | ᠪᠦᠲᠦᠮᠵᠢᠲᠡᠶ ᠬᠡᠷᠡᠭᠴᠡᠭᠡ ᠶᠢ ᠦᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠬᠡᠷᠡᠴᠢᠯᠡᠯᠲᠡ ᠶᠢ ᠠᠬᠢᠭᠤᠯᠬᠤ ᠬᠠᠮᠤᠭ ᠰᠠᠶᠢᠨ ᠤᠶᠠᠯᠳᠤᠯ ᠤᠨ ᠴᠡᠭ ᠢ ᠬᠡᠷᠬᠢᠨ ᠣᠨᠣᠪᠴᠢᠲᠠᠶ ᠡᠷᠢᠵᠦ᠂ ︽ | ᠵᠢᠷᠭᠤᠭᠠᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠢ ᠴᠤᠭᠴᠠᠯᠠᠬᠤ ᠲᠠᠢ ᠤᠶᠠᠯᠳᠤᠭᠤᠯᠤᠨ᠂ ᠬᠠᠷᠢᠴᠠᠩᠭᠤᠢ | ᠳᠠᠪᠠᠭᠤᠯᠢᠭ ᠲᠠᠯ᠎ᠠ ᠪᠠᠨ ᠭᠦᠨᠵᠡᠭᠡᠶ ᠠᠭᠤᠳᠠᠯᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠳᠡᠭᠡᠭᠰᠢᠯᠡᠭᠦᠯᠵᠦ᠂ | ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ | ᠡᠷᠬᠢᠯᠲᠡ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠪᠤᠯ ᠡᠨᠡ ᠵᠢᠯ ᠤᠨ ᠠᠵᠤ | ᠠᠬᠤᠶ ᠶᠢᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠤᠶᠢᠷ᠎ᠠ ᠳᠤ᠂ ᠪᠢᠳᠡ ᠲᠦᠩᠯᠢᠶᠣᠤ | ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ ᠶᠢᠩ ᠢ ᠤᠷᠢᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ᠂ ᠪᠦᠲᠦᠮᠵᠢᠲᠡᠶ ᠪᠡᠯᠡ | ᠣᠷᠣᠭᠤᠯᠤᠯᠲᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠲᠠᠢ ᠠᠳᠬᠤᠬᠤ ᠲᠤᠬᠠᠢ ᠥᠷᠭᠡᠨ | ᠣᠯᠠᠨ ᠰᠦᠯᠵᠢᠶᠡᠨ ᠠᠨᠳᠠ ᠨᠠᠷ ᠲᠠᠢ ᠶᠠᠷᠢᠯᠴᠠᠬᠤ ᠪᠤᠯᠤᠨ᠎ᠠ᠃ ᠲᠤᠬᠠᠶ ᠶᠢᠨ ᠴᠠᠭ ᠲᠤ᠂ ᠰᠦᠯᠵᠢᠶᠡᠨ ᠠᠨᠳᠠ | ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ | ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ ᠶᠢᠩ ᠢ | ᠠᠵᠠ ᠲᠠᠢ ᠪᠠᠷ ᠤᠷᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ | ᠲᠤᠭᠤᠷᠢᠨ ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠬᠡᠷᠬᠢᠨ ᠰᠠᠶᠢᠲᠤᠷ ᠠᠳᠬᠤᠵᠤ᠂ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠵᠡᠷᠭᠡ ᠬᠤᠯᠪᠣᠭᠳᠠᠯ | ᠪᠦᠬᠦᠢ ᠪᠠᠶᠢᠳᠠᠯ ᠤᠨ ᠲᠤᠬᠠᠢ ᠲᠠ ᠪᠦᠬᠦᠨ ᠲᠠᠢ ᠶᠠᠷᠢᠯᠴᠠᠬᠤ ᠪᠠᠷ ᠪᠠᠶᠢᠨ᠎ᠠ᠃ ᠯᠢᠦ ᠡᠷᠬᠢᠯᠡᠭᠴᠢ ᠶᠢ ᠪᠠᠶᠠᠷᠯᠠᠨ | ᠤᠭᠲᠤᠵᠤ ᠪᠠᠶᠢᠨ᠎ᠠ︕ | ᠯᠢᠤ ᠯᠠᠨ ᠶᠢᠩ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠤᠤ︕ ᠡᠨᠡ ᠬᠦ ᠲᠠᠪᠴᠠᠩ ᠢᠶᠠᠷ | ᠬᠤᠶᠠᠳᠤᠭᠠᠷ ᠤᠳᠠᠭ᠎ᠠ ᠲᠠ ᠨᠠᠷ ᠲᠠᠢ ᠶᠠᠷᠢᠯᠴᠠᠬᠤ ᠪᠤᠯᠤᠭᠰᠠᠨ ᠳᠠᠭᠠᠨ ᠪᠠᠶᠠᠷᠯᠠᠵᠤ ᠪᠠᠶᠢᠨ᠎ᠠ᠃ ᠰᠦᠯᠵᠢᠶᠡᠨ ᠠᠨᠳᠠ | ᠨᠠᠷ ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠳᠤ ᠲᠠᠯᠠᠷᠬᠠᠵᠤ ᠪᠠᠶᠢᠨ᠎ᠠ︕ | ᠬᠥᠲᠥᠯᠥᠭᠴᠢ᠄ | ᠲᠠ ᠲᠦᠩᠯᠢᠶᠣᠤ ᠬᠤᠲᠠ ᠶᠢᠨ ᠡᠨᠡ ᠵᠢᠯ ᠤᠨ ᠲᠣᠭᠲᠠᠭᠠᠭᠰᠠᠨ ᠠᠵᠤ ᠠᠬᠤᠶ ᠶᠢᠨ ᠭᠤᠣᠯ ᠬᠠᠷᠠᠯᠲᠠ ᠶᠢ | ᠲᠤᠪᠴᠢ ᠲᠠᠨᠢᠯᠴᠠᠭᠤᠯᠤᠭᠠᠳ ᠦᠭᠭᠦᠨ᠎ᠡ ᠤᠤ︖ | ᠯᠢᠤ ᠯᠠᠨ ᠶᠢᠩ᠄ | ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ ᠠᠵᠤ | ᠠᠬᠤᠶ ᠨᠡᠶᠢᠭᠡᠮ ᠤᠨ ᠬᠦᠭᠵᠢᠯᠲᠠ ᠶᠢ ᠠᠬᠢᠭᠤᠯᠵᠤ ᠰᠠᠶᠢᠠ ᠡᠬᠢᠯᠡᠯᠲᠡ ᠲᠠᠢ ᠪᠣᠯᠭᠠᠬᠤ ᠶᠢ ᠪᠠᠲᠤᠯᠠᠬᠤ ᠶᠢᠨ ᠲᠤᠯᠠᠳᠠ᠂ | ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ 2016 ᠣᠨ ᠤ ᠭᠤᠣᠯ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠤᠢᠷᠳᠡᠭ ᠢ 8% ᠪᠠᠷ ᠨᠡᠮᠡᠭᠳᠡᠭᠦᠯᠵᠤ᠂ ᠡ᠊ᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 6.5% ᠪᠠᠷ ᠨᠡᠮᠡᠭᠳᠡᠭᠦᠯᠵᠤ᠂ ᠬᠢᠵᠠᠭᠠᠷᠲᠤ ᠲᠣᠭᠠᠨ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 13% ᠪᠠᠷ ᠨᠡᠮᠡᠭᠳᠡᠭᠦᠯᠵᠤ᠂ ᠨᠡᠶᠢᠭᠡᠮ ᠤᠨ ᠬᠡᠷᠡᠭᠯᠡᠭᠡᠨ ᠤ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 9% ᠪᠠᠷ ᠨᠡᠮᠡᠭᠳᠡᠭᠦᠯᠵᠤ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 9% ᠪᠠ | 10% ᠪᠠᠷ ᠨᠡᠮᠡᠭᠳᠡᠭᠦᠯᠬᠦ ᠪᠤᠯᠤᠨ᠎ᠠ᠃ | ᠬᠥᠲᠥᠯᠥᠭᠴᠢ᠄ | ᠡᠨᠡ ᠵᠢᠯ ᠤᠨ ᠳᠤᠷᠠᠳᠤᠭᠰᠠᠨ ᠬᠠᠷᠠᠯᠲᠠ ᠠᠴᠠ ᠣᠯᠵᠤ ᠮᠡᠳᠡᠭᠦᠰᠢᠲᠠᠢ ᠨᠢ᠂ ᠲᠦᠩᠯᠢᠶᠣᠤ ᠬᠤᠲᠠ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠳᠤ ᠢᠲᠡᠭᠡᠯ ᠳᠦᠭᠦᠷᠡᠩ ᠪᠠᠶᠢᠨ᠎ᠠ᠂ ᠬᠥᠷᠰᠢ ᠵᠡᠷᠭᠡᠯᠡᠳᠡᠭᠡ ᠵᠡᠭᠦᠨ | ᠬᠤᠶᠢᠲᠤ ᠣᠷᠣᠨ ᠤ ᠭᠤᠷᠪᠠᠨ ᠮᠤᠵᠢ ᠶᠢᠨ ᠠᠵᠤ ᠠᠬᠤᠶ ᠶᠢᠨ ᠨᠡᠮᠡᠭᠳᠡᠯ ᠡᠭ᠍ᠴᠡ ᠭᠠᠨᠭ᠍ᠭ᠎ᠠ ᠮᠡᠲᠤ ᠤᠷᠤᠭᠤᠳᠠᠵᠤ | ᠪᠠᠶᠢᠭ᠎ᠠ ᠠᠬᠤᠶ ᠪᠠᠶᠢᠳᠠᠯ ᠤᠨ ᠳᠣᠣᠷ᠎ᠠ᠂ ᠬᠢᠵᠠᠭᠠᠷᠲᠤ ᠲᠣᠭᠠᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 13% ᠪᠠᠷ ᠨᠡᠮᠡᠭᠳᠡᠭᠦᠯᠦᠨ᠎ᠡ ᠬᠡᠵᠤ ᠳᠤᠷᠠᠳᠪᠠ᠂ ᠪᠢᠳᠡ ᠶᠠᠮᠠᠷ ᠠᠷᠭ᠎ᠠ ᠬᠡᠮᠵᠢᠶ᠎ᠡ ᠠᠪᠤᠪᠠᠯ ᠡ᠊ᠨᠡ | ᠬᠦ ᠬᠠᠷᠠᠯᠲᠠ ᠶᠢ ᠪᠡᠶᠡᠯᠡᠬᠦᠯᠵᠤ ᠴᠢᠳᠠᠬᠤ ᠪᠤᠢ︖ | ᠯᠢᠤ ᠯᠠᠨ ᠶᠢᠩ᠄ | ᠶᠡᠷᠦᠩᠬᠡᠶ ᠳᠤᠨᠢ ᠠᠪᠴᠤ ᠦᠵᠡᠪᠡᠯ᠂ 2016 ᠣᠨ ᠳᠤ ᠠᠵᠠ ᠲᠣᠬᠢᠶᠠᠯ ᠪᠤᠯᠤᠨ ᠥᠷᠢᠰᠥᠯᠳᠦᠭᠡᠨ | ᠵᠡᠷᠭᠡᠴᠡᠨ ᠣᠷᠣᠰᠢᠵᠤ᠂ ᠠᠵᠠ ᠲᠣᠬᠢᠶᠠᠯ ᠨᠢ ᠥᠷᠢᠰᠥᠯᠳᠦᠭᠡᠨ ᠠᠴᠠ ᠶᠡᠭᠡ ᠪᠠᠶᠢᠵᠤ᠂ ᠮᠥᠨ ᠬᠦ ᠶᠡᠭᠡ ᠦᠢᠯᠡᠰ | ᠪᠦᠲᠦᠭᠡᠵᠦ ᠪᠣᠯᠬᠤ ᠨᠢᠭᠡ ᠵᠢᠯ ᠮᠥᠨ᠃ ᠪᠢᠳᠡ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ | ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠢᠲᠡᠭᠡᠯ ᠵᠤᠷᠢᠭ ᠢᠶᠠᠨ ᠭᠤᠶᠢᠪᠢᠰᠢ ᠦᠭᠡᠢ ᠪᠤᠯᠭᠠᠵᠤ᠂ ᠬᠤᠳᠠ ᠶᠢᠨ | ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠ ᠶᠢᠨ ᠠᠵᠢᠯ ᠤᠨ ᠬᠤᠷᠠᠯ ᠪᠠ ᠬᠤᠲᠠ ᠶᠢᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ᠂ ᠸᠠᠩ | ᠵᠢᠶᠦ᠋ᠨ ᠱᠦᠵᠢ ᠵᠢᠴᠢ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠯᠦᠸᠧ ᠶᠦᠩ ᠭᠠᠨᠭ᠌ ᠱᠦᠵᠢ ᠶᠢᠨ ︽ | ᠰᠢᠨ᠎ᠡ ᠬᠡᠪ ᠪᠠᠶᠢᠳᠠᠯ ᠢ ᠬᠡᠷᠬᠢᠨ ᠦᠵᠡᠵᠤ᠂ ᠰᠢᠨ᠎ᠡ ᠬᠡᠪ ᠪᠠᠶᠢᠳᠠᠯ ᠳᠣᠣᠷ᠎ᠠ ᠶᠠᠭᠠᠬᠢᠵᠤ ᠬᠢᠬᠦ︾ ᠲᠤᠬᠠᠶ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠭᠤᠭᠴᠣᠭᠠᠨ ᠳᠤ ᠲᠤᠤᠱᠯᠠᠭᠤᠯᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ ᠪᠦᠲᠦᠮᠵᠢᠲᠡᠶ ᠪᠡᠯᠡ | ᠣᠷᠣᠭᠤᠯᠤᠯᠲᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠦᠷᠭᠡᠳᠭᠡᠬᠦ ᠳᠤ᠂ ᠭᠤᠣᠯᠳᠠᠭᠤ ᠳᠣᠣᠷᠠᠬᠢ ᠲᠠᠪᠤᠨ | ᠲᠠᠯ᠎ᠠ ᠪᠠᠷ ᠰᠢᠪᠲᠤᠯᠬᠤ ᠬᠡᠷᠡᠭᠲᠠᠢ᠄ ᠨᠢᠭᠡ ᠳᠤ ᠠᠵᠢᠯ ᠡᠬᠢᠯᠡᠬᠦ ᠲᠥᠷᠥᠯ ᠵᠦᠢᠯ ᠤᠨ ᠠᠬᠢᠴᠠ ᠶᠢ ᠲᠤᠪᠤᠶᠢᠮ᠎ᠠ | ᠰᠠᠶᠢᠲᠤᠷ ᠠᠳᠬᠤᠨ᠎ᠠ᠂ ᠬᠤᠶᠠᠷ ᠲᠤ ᠴᠢᠬᠤᠯᠠ ᠶᠡᠭᠡ ᠲᠦᠷᠦᠯ ᠵᠦᠢᠯ ᠢ ᠲᠥᠯᠬᠢᠨ ᠠᠬᠢᠭᠤᠯᠬᠤ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠎ᠠ᠂ ᠭᠤᠷᠪᠠ ᠳᠤ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠭᠦᠢᠴᠡᠳᠬᠡᠬᠦ ᠠᠬᠢᠴᠠ ᠶᠢ ᠲᠦᠷᠭᠡᠳᠭᠡᠨ᠎ᠡ᠂ ᠲᠦᠷᠪᠡ ᠳᠤ ᠪᠥᠳᠥᠭᠡᠨ ᠪᠠᠶᠢᠭᠤᠯᠤᠯᠲᠠ ᠶᠢᠨ | ᠲᠤᠰᠬᠠᠶ ᠰᠠᠭᠤᠷᠢ ᠮᠥᠩᠭᠦ ᠶᠢ ᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ᠂ ᠲᠠᠪᠤ ᠳᠤ ᠪᠡᠯᠡ ᠣᠷᠣᠭᠤᠯᠵᠤ ᠪᠡᠯᠡ | ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ | ᠬᠥᠲᠥᠯᠥᠭᠴᠢ᠄ | ᠯᠢᠦ ᠡᠷᠬᠢᠯᠡᠭᠴᠢ ᠡ᠂ ᠡᠨᠡ ᠵᠢᠯ ᠤᠨ ᠮᠠᠨ ᠤ ᠬᠤᠲᠠ ᠶᠢᠨ ᠪᠠᠷᠢᠯᠭ᠎ᠠ ᠡᠬᠢᠯᠡᠬᠦ ᠲᠥᠷᠥᠯ ᠵᠦᠢᠯ ᠳᠤ ᠶᠠᠮᠠᠷ | ᠶᠠᠮᠠᠷ ᠵᠦᠢᠯ ᠪᠠᠶᠢᠬᠤ ᠪᠤᠢ︖ | ᠯᠢᠦ ᠯᠠᠨ ᠶᠢᠩ᠄ | ᠡᠨᠡ ᠵᠢᠯ ᠪᠢᠳᠡ ᠪᠡᠯᠡ ᠣᠷᠣᠭᠤᠯᠤᠯᠲᠠ ᠶᠢᠨ ᠪᠥᠲᠥᠮᠵᠢᠲᠦ ᠴᠢᠨᠠᠷ ᠢ ᠨᠡᠩ ᠴᠢᠬᠤᠯᠠᠴᠢᠯᠠᠵᠤ᠂ | ᠳᠤᠲᠠᠭᠤᠳᠠᠯ ᠢᠶᠠᠨ ᠨᠥᠬᠦᠪᠦᠷᠢᠯᠡᠬᠦ ᠶᠢ ᠴᠢᠩᠭ᠎ᠠ ᠠᠳᠬᠤᠵᠤ᠂ ᠵᠢᠷᠭᠤᠭᠠᠨ ᠶᠡᠭᠡ ᠠᠵᠤ ᠦᠢᠯᠡᠰ ᠤᠨ ᠰᠠᠭᠤᠷᠢᠨ | ᠭᠠᠵᠠᠷ᠂ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ᠂ ︽ᠠᠷᠪᠠ ᠶᠢ ᠪᠦᠷᠢᠨ ᠪᠥᠷᠭᠦᠭᠦᠯᠬᠦ︾ ᠢᠨᠵᠧᠨᠧᠷᠢᠩ᠂ | ᠶᠠᠳᠠᠭᠤ ᠶᠢ ᠲᠡᠳᠬᠦᠬᠦ ᠰᠢᠪᠲᠦᠯᠦᠯᠲᠡ᠂ ᠠᠮᠢ ᠠᠬᠤᠶ ᠶᠢᠨ ᠬᠠᠮᠠᠭᠠᠯᠠᠯᠲᠠ ᠪᠣᠯᠣᠨ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ᠂ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶᠡᠨ ᠳᠤ ᠪᠡᠯᠡ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ | ᠪᠣᠯᠣᠨ᠎ᠠ᠃ 2016 ᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠭᠲᠠᠭᠰᠠᠨ ᠪᠥᠲᠦᠭᠡᠨ | ᠪᠠᠶᠢᠭᠤᠯᠤᠯᠲᠠ ᠶᠢᠨ 128 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠬᠦ ᠶᠢ ᠦᠨᠡᠨ ᠬᠦ ᠪᠠᠲᠤᠯᠠᠵᠤ᠂ | 437 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠵᠦ ᠪᠣᠢ᠂ ᠡᠭᠦᠨ ᠳᠤ ᠦᠷᠭᠦᠯᠵᠢᠯᠡᠨ | ᠪᠠᠶᠢᠭᠤᠯᠬᠤ ᠲᠥᠷᠥᠯ ᠵᠦᠢᠯ 81 ᠪᠠᠶᠢᠵᠤ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ 47 ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠭᠰᠠᠨ 35 ᠴᠢᠬᠤᠯᠠ ᠶᠡᠭᠡ ᠲᠥᠷᠥᠯ ᠵᠦᠢᠯ ᠢ ᠪᠣᠳᠣᠵᠣ | ᠣᠷᠤᠭᠤᠯᠪᠠᠯ᠂ ᠨᠡᠶᠢᠲᠡ 1179 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠵᠤ᠂ 2016 ᠣᠨ ᠳᠤ 240 | ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠭᠰᠡᠨ ᠪᠠᠶᠢᠨ᠎ᠠ᠃ ᠬᠤᠲᠠ ᠠᠴᠠ | ᠲᠣᠬᠢᠷᠠᠭᠤᠯᠤᠭᠰᠠᠨ ᠴᠢᠬᠤᠯᠠ ᠶᠡᠭᠡ ᠲᠥᠷᠥᠯ ᠵᠦᠢᠯ 45 ᠪᠠᠶᠢᠵᠤ᠂ ᠨᠡᠶᠢᠲᠡ 424.5 ᠳ᠋ᠥᠡᠭᠰᠢᠭᠤᠷ | ᠲᠥᠭᠦᠷᠢᠭ ᠤᠨ ᠪᠡᠯᠡ ᠣᠷᠤᠭᠤᠯᠵᠤ᠂ 2016 ᠣᠨ ᠳᠤ 99.6 ᠳ᠋ᠥᠡᠭᠰᠢᠭᠤᠷ ᠲᠥᠭᠦᠷᠢᠭ ᠤᠨ ᠪᠡᠯᠡ | ᠣᠷᠤᠭᠤᠯᠬᠤ ᠪᠠᠷ ᠲᠥᠯᠥᠪᠯᠡᠵᠦ ᠪᠣᠢ᠃ | ᠯᠢᠦ ᠯᠠᠨ ᠶᠢᠩ᠄ | ᠥᠪᠡᠷᠲᠡᠭᠡᠨ ᠵᠠᠰᠠᠬᠤ ᠣᠷᠣᠨ ᠤ ᠳᠠᠯᠠᠨ ᠵᠢᠯ ᠤᠨ ᠤᠢ ᠶᠢ ᠦᠪᠡᠳᠡᠭᠰᠢ ᠶᠡᠬᠡᠪᠡᠷ ᠪᠡᠯᠭᠡᠯᠡᠬᠦ ᠳᠤ | ᠵᠣᠷᠢᠭᠤᠯᠤᠭᠰᠠᠨ 11 ᠶᠡᠭᠡ ᠲᠥᠷᠥᠯ ᠤᠨ 119 ᠵᠦᠢᠯ ᠳᠤ᠂ 2400 ᠳ᠋ᠥᠡᠭᠰᠢᠭᠤᠷ ᠲᠥᠭᠦᠷᠢᠭ ᠤᠨ ᠪᠡᠯᠡ | ᠣᠷᠤᠭᠤᠯᠵᠤ᠂ 2016 ᠣᠨ ᠳᠤ 437.9 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠳᠡᠭᠡᠭᠰᠢ | ᠮᠡᠳᠡᠭᠦᠯᠪᠡ᠂ ᠡᠭᠦᠨ ᠳᠤ ᠭᠤᠣᠯᠳᠠᠭᠤ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ ᠵᠡᠷᠭᠡ ᠥᠩᠭᠡᠲᠦ ᠲᠡᠮᠦᠷᠯᠢᠭ ᠤᠨ | ᠠᠵᠤ ᠦᠢᠯᠡᠰ ᠤᠨ 12 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠢᠭᠤᠨ ᠴᠡᠪᠡᠷ | ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ 15 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ | ᠢᠨᠵᠧᠨᠧᠷᠢᠩ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | 5 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠪᠣᠬᠢᠷᠳᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ 9 ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠦᠢᠯᠡᠳᠪᠦᠷᠢᠯᠡᠯ ᠤᠨ 6 ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ | ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ 4 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ | ᠢᠨᠵᠧᠨᠧᠷᠢᠩ᠂ ᠣᠷᠣᠨ ᠨᠤᠲᠤᠭ ᠤᠨ ᠤᠳᠤ ᠦᠶ᠎ᠡ ᠶᠢᠨ ᠶᠡᠷᠦᠩᠬᠡᠶᠢᠯᠡᠭᠰᠡᠨ ᠭᠤᠣᠯ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ 33 ᠢᠨᠵᠧᠨᠧᠷᠢᠩ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ 4 ᠢᠨᠵᠧᠨᠧᠷᠢᠩ᠂ | ᠨᠡᠶᠢᠭᠡᠮ ᠤᠨ ᠠᠷᠠᠳ ᠤᠨ ᠠᠮᠢᠳᠤᠷᠠᠯ ᠤᠨ 29 ᠭᠤᠣᠯᠳᠠᠯᠭ᠎ᠠ ᠲᠠᠢ ᠢᠨᠵᠧᠨᠧᠷᠢᠩ ᠵᠢᠴᠢ ᠮᠠᠯᠵᠢᠬᠤ ᠲᠠᠷᠢᠶᠠᠯᠠᠬᠤ | ᠣᠷᠣᠨ ᠤ ︽ᠠᠷᠪᠠ ᠶᠢ ᠪᠦᠷᠢᠨ ᠪᠦᠷᠭᠦᠭᠦᠯᠬᠦ︾ ᠢᠨᠵᠧᠨᠧᠷᠢᠩ᠂ ᠶᠠᠳᠠᠭᠤ ᠠᠴᠠ ᠠᠩᠭᠢᠵᠢᠷᠠᠭᠤᠯᠬᠤ | ᠰᠢᠪᠲᠦᠯᠦᠯᠲᠡ ᠶᠢᠨ ᠢᠨᠵᠧᠨᠧᠷᠢᠩ ᠵᠡᠷᠭᠡ ᠶᠢ ᠪᠠᠭᠲᠠᠭᠠᠨ᠎ᠠ᠃ | ᠯᠢᠦ ᠯᠠᠨ ᠶᠢᠩ᠄ | ᠵᠢᠯ ᠤᠨ ᠳᠣᠲᠣᠷ᠎ᠠ ᠪᠦᠳᠦᠭᠡᠨ ᠪᠠᠶᠢᠭᠤᠯᠬᠤ ᠪᠠᠷ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠳᠤ᠄ | ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠦᠩᠯᠢᠶᠣᠤ ᠠᠴᠠ | ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠲᠡᠮᠦᠷ ᠵᠠᠮ ᠤᠨ | ᠪᠠᠷᠢᠯᠭ᠎ᠠ ᠶᠢ ᠡᠬᠢᠯᠡᠭᠦᠯᠦᠨ᠂ ᠲᠦᠩᠯᠢᠶᠣᠤ ᠠᠴᠠ ᠳ᠋ᠠᠯᠢᠶᠠᠨ ᠬᠦᠷᠬᠦ᠂ ᠲᠦᠩᠯᠢᠶᠣᠤ ᠠᠴᠠ ᠬᠤᠤᠯᠢᠨ ᠭᠤᠣᠯ ᠬᠦᠷᠬᠦ᠂ | ᠲᠦᠩᠯᠢᠶᠣᠤ ᠠᠴᠠ ᠰᠾᠢ ᠫᠢᠡᠭ ᠬᠦᠷᠬᠦ ᠲᠡᠮᠥᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ | ᠪᠡᠶᠡᠯᠡᠭᠦᠯᠵᠦ᠂ ᠪᠡᠭᠡᠵᠢᠩ ᠠᠴᠠ ᠲᠦᠡᠭᠯᠢᠶᠤᠤ ᠬᠦᠷᠬᠦ᠂ ᠲᠦᠩᠯᠢᠶᠣᠤ ᠠᠴᠠ ᠳ᠋ᠠᠴᠢᠩ ᠬᠦᠷᠬᠦ᠂ ᠰᠾᠢ ᠫᠢᠡᠭ ᠠᠴᠠ | ᠴᠢᠴᠢᠬᠠᠷ ᠬᠦᠷᠬᠦ ᠵᠡᠷᠭᠡ 3 ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠪᠠᠷᠢᠯᠭ᠎ᠠ ᠶᠢ | ᠡᠬᠢᠯᠡᠭᠦᠯᠦᠨ᠎ᠡ᠃ ᠳ᠋ᠠᠴᠢᠩ ᠠᠴᠠ ᠭᠤᠸᠠᠩᠵᠧᠦ ᠬᠦᠷᠬᠦ ᠲᠥᠷᠭᠡᠨ ᠬᠤᠷᠳᠤ ᠶᠢᠨ ᠵᠠᠰᠠᠮᠠᠯ ᠵᠠᠮ ᠤᠨ ᠲᠠᠴᠢᠨᠲᠠᠯ᠎ᠠ ᠠᠴᠠ | ᠪᠠᠶ ᠵᠢᠶᠠ ᠸᠠᠨ ᠽᠢ ᠬᠦᠷᠬᠦ ᠬᠡᠰᠡᠭ᠂ ᠯᠦᠪᠧᠢ — ᠺᠠᠶᠢᠯᠦ᠂ ᠱᠧᠪᠠᠷᠲᠦ — ᠬᠠᠭ ᠤᠨ ᠰᠦᠮ᠎ᠡ ᠬᠦᠷᠬᠦ 3 | ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ᠎ᠡ᠃ ᠲᠦᠩᠯᠢᠶᠣᠤ ᠠᠴᠠ ᠯᠦᠪᠧᠢ ᠬᠦᠷᠬᠦ ᠲᠥᠷᠭᠡᠨ ᠬᠤᠷᠳᠤ ᠶᠢᠨ | ᠵᠠᠰᠠᠮᠠᠯ ᠵᠠᠮ ᠤᠨ ᠪᠠᠶᠢᠭᠤᠯᠤᠯᠲᠠ ᠶᠢ ᠲᠥᠷᠭᠡᠨ ᠠᠬᠢᠭᠤᠯᠤᠨ᠎ᠠ᠃ ᠵᠠᠷᠤᠳ ᠬᠤᠰᠢᠭᠤᠨ ᠤ ᠮᠣᠳᠣᠨ ᠤᠰᠤᠨ | ᠴᠥᠭᠦᠷᠥᠮ ᠢ ᠲᠥᠷᠭᠡᠨ ᠪᠠᠶᠢᠭᠤᠯᠤᠨ᠎ᠠ᠃ ᠤᠯᠤᠰ ᠤᠨ ᠰᠦᠯᠵᠢᠶᠡᠨ ᠤ ᠺᠣᠮᠫᠠᠨᠢ ᠶᠢ ᠬᠠᠮᠵᠢᠯᠴᠠᠨ ᠵᠠᠷᠤᠳ — | ᠴᠢᠩᠵᠸᠥ ±800 ᠺᠢᠯᠣᠸᠣᠯᠲ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ | ᠪᠥᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠨᠢᠰᠦᠯᠲᠡ ᠶᠢᠨ | ᠣᠷᠣᠨ ᠢ ᠥᠭᠡᠷᠡᠴᠢᠯᠡᠨ ᠥᠷᠭᠡᠳᠬᠡᠬᠦ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ᠃ | ᠯᠢᠦ ᠯᠠᠨ ᠶᠢᠩ᠄ | ᠠᠵᠤ ᠦᠢᠯᠡᠳᠪᠦᠷᠢ ᠶᠢ ᠬᠥᠭᠵᠢᠭᠦᠯᠬᠦ ᠲᠠᠯ᠎ᠠ ᠪᠠᠷ᠂ ᠶᠢᠨ ᠯᠢᠶᠠᠨ ᠬᠤᠶᠠᠳᠤᠭᠠᠷ ᠬᠤᠭᠤᠴᠠᠭ᠎ᠠ ᠶᠢᠨ 2 | ᠰᠠᠦᠷᠢ 66 ᠲᠥᠮᠡᠨ ᠺᠢᠯᠣᠸᠣᠯᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠥᠲᠦᠭᠡᠨ ᠪᠠᠶᠢᠭᠤᠯᠵᠤ | ᠂ ᠴᠤᠸᠠᠩ ᠶᠣᠸᠠᠨ ᠤ 3 ᠰᠠᠦᠷᠢ 33 ᠲᠥᠮᠡᠨ ᠺᠢᠯᠣᠸᠣᠯᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ | ᠂ ᠺᠠᠶᠢᠯᠦ ᠶᠢᠨ ᠵᠠᠭᠤᠨ ᠲᠦᠮᠡᠨ ᠺᠢᠯᠣᠸᠣᠯᠲ ᠤᠨ ᠳᠡᠰ ᠤᠨ ᠰᠠᠯᠬᠢᠨ ᠬᠦᠴᠦᠨ ᠤ ᠰᠠᠭᠤᠷᠢᠨ ᠭᠠᠵᠠᠷ ᠢ | ᠥᠷᠭᠦᠯᠵᠢᠯᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠭᠦᠷᠡᠰᠦ ᠮᠠᠯᠲᠠᠭᠰᠠᠨ ᠠᠴᠠ ᠪᠤᠯᠵᠤ ᠬᠤᠳᠦ᠋ᠢᠭ᠌ᠰᠠᠨ | ᠣᠷᠣᠨ ᠢ ᠭᠡᠷᠡᠯ ᠸᠣᠯᠲ ᠢᠶᠠᠷ ᠵᠠᠰᠠᠬᠤ᠂ ᠭᠡᠷᠡᠯ ᠸᠣᠯᠲ ᠢᠶᠠᠷ ᠡᠯᠡᠰᠦ ᠶᠢ ᠵᠠᠰᠠᠬᠤ ᠵᠡᠷᠭᠡ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢ ᠲᠥᠷᠭᠡᠨ ᠠᠬᠢᠭᠤᠯᠤᠨ᠎ᠠ᠃ ᠵᠥᠩ ᠳ᠋ᠠ ᠬᠦᠡᠭᠭᠡᠨ ᠴᠠᠭᠠᠨ ᠤ ᠦᠢᠯᠡᠰ ᠤᠨ ᠠᠭᠠᠷ | ᠠᠶᠠᠯᠠᠯ ᠤᠨ ᠳᠡᠰ ᠤᠨ ᠬᠥᠡᠭᠭᠡᠨ ᠴᠠᠭᠠᠨ ᠤ ᠵᠤᠵᠠᠭᠠᠨ ᠬᠠᠪᠲᠠᠰᠤ ᠪᠣᠯᠣᠨ ᠮᠠᠰᠢᠨ ᠲᠡᠷᠭᠡ ᠭᠠᠳᠠᠷᠯᠠᠬᠤ ᠬᠦᠡᠭᠬᠡᠨ | ᠴᠠᠭᠠᠨ ᠤ ᠬᠠᠪᠲᠠᠰᠤ ᠶᠢᠨ ᠲᠥᠷᠥᠯ ᠵᠦᠢᠯ᠂ ᠶᠢᠨ ᠯᠢᠶᠠᠨ ᠬᠥᠩᠭᠡᠨ ᠴᠠᠭᠠᠨ ᠤ ᠬᠠᠪᠲᠠᠰᠤ ᠶᠢᠨ ᠢᠯᠳᠠᠰᠤ ᠶᠢᠨ | ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ ᠴᠤᠸᠠᠩ ᠶᠣᠸᠠᠨ ᠤ ᠬᠥᠡᠭᠭᠡᠨ ᠴᠠᠭᠠᠨ ᠤ ᠬᠠᠶᠢᠯᠤᠰᠢ ᠶᠢᠨ | ᠳᠠᠭᠠᠭᠠᠮᠠᠭᠠᠢ ᠮᠠᠲ᠋ᠧᠷᠢᠶᠠᠯ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ ᠯᠢᠶᠠᠨ ᠱᠧᠩ ᠬᠠᠪᠲᠠᠰᠤ ᠶᠢᠨ | ᠢᠯᠳᠠᠰᠤ ︵ᠨᠢᠭᠡᠳᠦᠭᠡᠷ ᠬᠤᠭᠤᠴᠠᠭ᠎ᠠ︶ ᠵᠡᠷᠭᠡ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠴᠢᠳᠠᠪᠬᠢ ᠶᠢ ᠥᠷᠭᠡᠳᠬᠡᠨ ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠢᠯ᠂ ᠮᠧᠶ ᠬᠤᠸᠠ | ᠠᠮᠢᠳᠤ ᠪᠣᠳᠠᠰ ᠤᠨ ᠬᠤᠶᠠᠳᠤᠭᠠᠷ ᠬᠤᠭᠤᠴᠠᠭᠠᠨ ᠤ ᠰᠢᠪᠲᠦᠷᠲᠦ ᠬᠦᠴᠢᠯ ᠤᠨ ᠦᠢᠯᠡᠳᠬᠦᠨ ᠤ ᠦᠢᠯᠡᠳᠪᠦᠷᠢᠯᠡᠯ ᠤᠨ | ᠱᠤᠭᠤᠮ ᠢ ᠥᠭᠡᠷᠡᠴᠢᠯᠡᠨ ᠰᠠᠶᠢᠵᠢᠷᠠᠭᠤᠯᠬᠤ GMP ᠲᠥᠷᠥᠯ ᠵᠦᠢᠯ ᠢ ᠲᠥᠷᠭᠡᠨ ᠪᠠᠶᠢᠭᠤᠯᠤᠨ᠎ᠠ᠃ ᠪᠠᠩ ᠵᠢᠶᠧ᠂ | ᠬᠤᠷᠴᠢᠨ ᠦᠬᠡᠷ ᠤᠨ ᠦᠢᠯᠡᠰ᠂ ᠮᠦ ᠡᠾᠧ ᠵᠢᠶᠠ᠂ ᠭᠦ᠋ ᠷᠦᠨ ᠮᠢᠬᠠᠨ ᠤ ᠦᠢᠯᠡᠰ ᠵᠡᠷᠭᠡ ᠪᠣᠬᠢᠷᠳᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠥᠲᠦᠭᠡᠭᠳᠡᠭᠦᠨ ᠤ ᠲᠥᠷᠥᠯ ᠵᠦᠢᠯ ᠢ ᠠᠬᠢᠭᠤᠯᠤᠨ᠎ᠠ᠃ | | ᠯᠢᠦ ᠯᠠᠨ ᠶᠢᠩ᠄ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠲᠠ ᠶᠢᠨ ᠭᠤᠣᠯ ᠲᠣᠭᠤᠷᠢᠭ ᠤᠨ | ᠬᠤᠣᠯᠢᠨ ᠭᠤᠣᠯ ᠶᠡᠭᠡ ᠵᠡᠭᠡᠯᠢ ᠶᠢᠨ ᠵᠡᠭᠦᠨ ᠬᠡᠰᠡᠭ ᠢ ᠥᠷᠭᠡᠳᠬᠡᠨ ᠥᠭᠡᠷᠡᠴᠢᠯᠡᠬᠦ᠂ ᠬᠤᠲᠠ ᠶᠢᠨ ᠭᠤᠣᠯ | ᠲᠣᠭᠤᠷᠢᠭ ᠤᠨ ᠤᠰᠤ ᠬᠠᠩᠭᠠᠬᠤ ᠬᠤᠭᠤᠯᠠᠶ ᠲᠣᠣᠷ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠵᠡᠷᠭᠡ | ᠢᠨᠵᠧᠨᠧᠷᠢᠩ ᠢ ᠭᠤᠣᠯᠳᠠᠯᠭ᠎ᠠ ᠲᠠᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠵᠠᠮ᠂ ᠬᠤᠭ ᠨᠣᠪᠰᠢ ᠶᠢᠨ | ᠰᠢᠢᠳᠪᠦᠷᠢᠯᠡᠯᠲᠡ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠢᠵᠢ | ᠪᠦᠷᠢᠳᠦᠭᠦᠯᠬᠦ ᠬᠤᠭᠤᠯᠠᠶ ᠲᠣᠣᠷ ᠤᠨ ᠪᠥᠳᠥᠭᠡᠨ ᠪᠠᠶᠢᠭᠤᠯᠤᠯᠲᠠ ᠶᠢ ᠲᠥᠷᠭᠡᠳᠬᠡᠨ᠎ᠡ᠃ ᠠᠮᠢ ᠠᠬᠤᠶ ᠶᠢᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠬᠤᠷᠴᠢᠨ ᠤ ︽ᠬᠤᠣᠰ ᠮᠢᠩᠭᠠᠨ ᠲᠦᠮᠡᠨ ᠮᠦ︾ ᠡᠯᠡᠰᠦᠷᠬᠡᠭ ᠭᠠᠵᠠᠷ ᠪᠣᠯᠣᠨ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠢᠱᠢᠶ᠎ᠡ ᠦᠵᠡᠭᠦᠯᠬᠦ ᠣᠷᠣᠨ ᠤ ᠢᠨᠵᠧᠨᠧᠷᠢᠩ᠂ ᠤᠳᠠᠨ ᠲᠠᠯ᠎ᠠ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠬᠤᠷᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠮᠦᠨ᠎ᠡ ᠲᠣᠭᠤᠷᠢᠭ ᠤᠨ | ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠴᠢ ᠬᠥᠮᠦᠨ ᠤ ᠬᠦᠴᠦ ᠪᠠᠷ ᠪᠠᠶᠢᠭᠤᠯᠬᠤ ᠨᠤᠭᠤ | ᠭᠠᠵᠠᠷ ᠤᠨ ᠠᠮᠢ ᠠᠬᠤᠶ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠨᠡᠶᠢᠭᠡᠮ ᠤᠨ ᠦᠢᠯᠡᠰ ᠤᠨ ᠲᠠᠯ᠎ᠠ ᠪᠠᠷ᠂ ᠬᠤᠳᠠ ᠶᠢᠨ ᠡᠮᠨᠡᠯᠭᠡ ᠶᠢᠨ ᠡᠭᠦᠳᠡᠨ ᠡᠮᠨᠡᠯᠭᠡ ᠶᠢᠨ | ᠬᠡᠦᠭᠡᠳ ᠤᠨ ᠰᠠᠯᠠᠭᠠᠨ ᠤ ᠶᠡᠷᠦᠩᠬᠡᠶᠢᠯᠡᠭᠰᠡᠨ ᠠᠰᠠᠷ᠂ ᠬᠤᠳᠠ ᠶᠢᠨ ᠮᠣᠩᠭᠤᠯ ᠡᠮᠨᠡᠯᠭᠡ ᠶᠢᠨ ᠲᠥᠪ ᠡᠮᠨᠡᠯᠭᠡ ᠶᠢᠨ | ᠬᠤᠷᠢᠶ᠎ᠠ᠂ ᠬᠤᠳᠠ ᠶᠢᠨ ᠨᠠᠰᠤᠲᠠᠶᠢᠴᠤᠳ ᠢ ᠠᠰᠠᠷᠠᠨ ᠬᠠᠮᠠᠭᠠᠯᠠᠬᠤ ᠲᠥᠪ᠂ ᠮᠣᠩᠭᠤᠯ ᠬᠢᠲᠠᠳ ᠦᠨᠳᠦᠰᠦᠲᠡᠨ ᠤ | ᠰᠤᠷᠭᠠᠨ ᠬᠥᠮᠦᠵᠢᠯ ᠤᠨ ᠪᠠᠷᠢᠮᠵᠢᠶᠠᠵᠢᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ | ᠯᠢᠦ ᠯᠠᠨ ᠶᠢᠩ᠄ | ᠬᠤᠳᠠᠯᠳᠤᠭ᠎ᠠ ᠠᠷᠠᠯᠵᠢᠶ᠎ᠠ ᠪᠠᠷᠠᠭ᠎ᠠ ᠭᠦᠢᠯᠭᠡᠭᠡ ᠶᠢᠨ ᠲᠠᠯ᠎ᠠ ᠪᠠᠷ᠂ ︽ᠪᠠᠷᠠᠭ᠎ᠠ ᠭᠦᠢᠯᠭᠡᠭᠡᠨ ᠤ ᠲᠠᠪᠤᠨ ᠶᠡᠭᠡ | ᠲᠠᠪᠴᠠᠩ ᠤᠨ ᠪᠠᠶᠢᠭᠤᠯᠤᠯᠲᠠ︾ ᠶᠢ ᠠᠬᠢᠭᠤᠯᠵᠤ᠂ ᠸᠠᠨ ᠯᠢ ᠴᠸᠡᠭ᠂ ᠡᠦ ᠵᠸᠦ ᠣᠯᠠᠨ ᠤᠯᠤᠰ ᠤᠨ ᠠᠷᠠᠯᠵᠢᠶ᠎ᠠ | ᠬᠤᠳᠠᠯᠳᠤᠭᠠᠨ ᠤ ᠬᠤᠲᠠ᠂ ᠲᠦᠩᠯᠢᠶᠣᠤ ᠶᠢᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠬᠥᠮᠥᠷᠭᠡᠯᠡᠨ | ᠬᠠᠳᠠᠭᠠᠯᠠᠯᠲᠠ ᠵᠢᠴᠢ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ᠂ ᠵᠡᠭᠦᠨ ᠬᠡᠰᠡᠭ ᠤᠨ ᠨᠡᠭᠦᠷᠡᠰᠦᠨ ᠤ | ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠎ᠠ᠃ | ᠵᠢᠭᠤᠯᠴᠢᠯᠠᠯ ᠤᠨ ᠲᠠᠯ᠎ᠠ ᠪᠠᠷ᠂ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ ᠬᠤᠷᠴᠢᠨ ᠤ 500 ᠺᠢᠯᠦᠮᠧᠲᠷ ᠤᠨ | ᠰᠣᠶᠣᠯ ᠤᠨ ᠦᠵᠡᠮᠵᠢᠲᠦ ᠵᠠᠮ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ︽ᠵᠡᠭᠦᠨ | ᠬᠤᠶᠢᠲᠤ ᠶᠢᠨ ᠲᠠᠯ᠎ᠠ ᠨᠤᠲᠤᠭ ᠢ ᠰᠣᠨᠢᠷᠬᠠᠨ᠂ ᠥᠪᠡᠷ ᠤᠨ ᠮᠠᠰᠢᠨ ᠢᠶᠠᠷ ᠢᠶᠠᠨ ᠲᠦᠩᠯᠢᠶᠣᠤ ᠳᠤ ᠵᠢᠭᠤᠯᠴᠢᠯᠠᠬᠤ︾ | ᠵᠡᠷᠭᠡ ᠰᠢᠷᠢᠰ ᠲᠥᠷᠥᠯ ᠵᠦᠢᠯ ᠢ ᠪᠤᠶᠢᠵᠢᠭᠤᠯᠵᠤ᠂ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ ᠪᠥᠬᠦ ᠣᠯᠣᠰ ᠤᠨ | ᠠᠯᠳᠠᠷᠲᠤ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠬᠤ ᠪᠣᠯᠣᠨ᠎ᠠ᠃ ᠯᠢᠶᠠᠨ ᠵᠥᠡᠭ ᠤᠨ ᠳᠠᠯᠠᠢ ᠲᠠᠩᠬᠢᠰ ᠤᠨ | ᠣᠳᠣᠨ ᠵᠢᠭᠤᠯᠴᠢᠯᠠᠯ ᠤᠨ ᠠᠮᠠᠷᠠᠯᠲᠠ ᠶᠢᠨ ᠲᠣᠰᠬᠤᠨ᠂ ᠲᠠᠮᠤ ᠶᠢᠨ ᠴᠠᠭᠠᠨ ᠡᠯᠡᠰᠦᠨ ᠴᠥᠯ ᠤᠨ ᠦᠵᠡᠮᠵᠢᠲᠦ | ᠣᠷᠣᠨ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠤ ᠡᠯᠡᠰᠦᠨ ᠴᠥᠯ ᠤᠨ ᠰᠣᠶᠣᠯ ᠤᠨ ᠠᠵᠤ ᠦᠢᠯᠡᠰ ᠤᠨ | ᠬᠦᠷᠢᠶᠡᠯᠡᠩ ᠵᠡᠷᠭᠡ ᠵᠢᠭᠤᠯᠴᠢᠯᠠᠯ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠨ | ᠠᠳᠬᠤᠨ᠎ᠠ᠃ | ᠬᠥᠲᠥᠯᠥᠭᠴᠢ᠄ | ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠤᠯᠠᠰᠢᠷᠠᠵᠤ᠂ ᠶᠠᠰᠤ ᠴᠢᠨᠠᠷ ᠴᠦ ᠥᠨᠳᠥᠷ | ᠱᠠᠭᠠᠷᠳᠠᠯᠭ᠎ᠠ ᠲᠠᠢ ᠪᠤᠯᠵᠠᠢ᠂ ᠪᠢᠳᠡ ᠶᠠᠮᠠᠷ ᠶᠠᠮᠠᠷ ᠪᠤᠲᠠᠲᠠᠢ ᠠᠷᠭ᠎ᠠ ᠬᠡᠮᠵᠢᠶ᠎ᠡ ᠠᠪᠴᠤ ᠡᠳᠡᠭᠡᠷ ᠲᠦᠷᠦᠯ ᠵᠦᠢᠯ ᠢ | ᠬᠤᠭᠤᠴᠠᠭ᠎ᠠ ᠶᠣᠰᠣᠭᠠᠷ ᠠᠵᠢᠯ ᠳᠠᠭᠤᠰᠬᠠᠬᠤ ᠶᠢ ᠦᠨᠡᠨ ᠬᠦ ᠪᠠᠲᠤᠯᠠᠬᠤ ᠪᠤᠢ︖ | ᠯᠢᠦ ᠯᠠᠨ ᠶᠢᠩ᠄ | ᠪᠦᠬᠦ ᠵᠢᠯ ᠤᠨ ᠪᠡᠯᠡ ᠣᠷᠣᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ︽ | ᠡᠭᠦᠷᠭᠡ ᠶᠢ ᠲᠥᠷᠥᠯ ᠵᠥᠢᠯᠵᠢᠬᠦᠯᠬᠦ︾ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢᠶᠠᠷ ᠬᠦᠴᠦᠯᠡᠬᠦ | ᠴᠡᠭ ᠪᠣᠯᠭᠠᠨ᠂᠂ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠶᠤᠨ | ᠴᠢᠳᠠᠯ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠢᠶᠠᠷᠤᠯᠲᠠ ᠶᠢ | ᠭᠤᠤᠯᠳᠠᠭᠤ ᠭᠤᠷᠪᠠᠨ ᠲᠠᠯ᠎ᠠ ᠪᠠᠷ ᠴᠢᠩᠭᠠᠳᠬᠠᠨ᠎ᠠ᠄ ᠨᠢᠭᠡ ᠳᠤ ᠭᠤᠤᠯᠳᠠᠯᠭ᠎ᠠ ᠲᠠᠢ ᠲᠦᠷᠦᠯ ᠵᠦᠢᠯ ᠢ ᠲᠦᠯᠬᠢᠨ | ᠠᠬᠢᠭᠤᠯᠬᠤ ᠬᠠᠷᠢᠭᠤᠴᠠᠯᠭ᠎ᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠱᠠᠲᠤᠨ ᠤ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠴᠠᠭ ᠤᠨ ᠬᠦᠰᠦᠨᠦᠭᠲᠦ ᠶᠢ | ᠲᠤᠭᠲᠠᠭᠠᠵᠤ᠂ ᠠᠵᠢᠯ ᠤᠨ ᠲᠤᠬᠢᠷᠠᠭᠤᠯᠭ᠎ᠠ ᠪᠠᠨ ᠴᠢᠩᠭᠠᠳᠬᠠᠨ᠎ᠠ᠃ ᠭᠤᠤᠯᠳᠠᠯᠭ᠎ᠠ ᠲᠠᠢ ᠲᠥᠷᠥᠯ ᠵᠦᠢᠯ ᠢ ᠭᠤᠷᠪᠠᠨ | ᠱᠠᠲᠤ ᠪᠠᠷ ᠲᠦᠯᠬᠢᠨ ᠠᠬᠢᠭᠤᠯᠬᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠷᠠᠭ ᠤᠨ ᠲᠤᠬᠢᠷᠠᠭᠤᠯᠭ᠎ᠠ᠂ | ᠰᠠᠷ᠎ᠠ ᠶᠢᠨ ᠪᠦᠷᠢᠳᠬᠡᠯ᠂ ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ ᠪᠠᠭ᠎ᠠ ᠳ᠋ᠦᠩᠨᠡᠯᠲᠡ᠂ ᠪᠦᠬᠦ ᠵᠢᠯ ᠤᠨ | ᠳ᠋ᠦᠩᠨᠡᠯᠲᠡ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠲᠠᠯ᠎ᠠ ᠪᠠᠷ ᠡᠵᠡᠮᠰᠢᠵᠦ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠠᠶᠢᠳᠠᠯ ᠢ ᠵᠠᠳᠠᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠳᠠᠩᠰᠠ | ᠡᠪᠬᠡᠮᠡᠯ ᠪᠠᠶᠢᠭᠤᠯᠵᠤ᠂ ᠡᠭᠡ ᠳᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠥᠷᠥᠯ ᠵᠦᠢᠯ ᠤᠨ ᠭᠠᠵᠠᠷ ᠰᠢᠷᠣᠶ᠂ | ᠲᠥᠯᠥᠪᠵᠢᠭᠦᠯᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ | ᠡᠵᠡᠮᠰᠢᠵᠦ᠂ ᠲᠥᠷᠥᠯ ᠵᠦᠢᠯ ᠤᠨ ᠰᠠᠭᠤᠷᠢᠰᠢᠭᠤᠯᠬᠤ᠂ ᠠᠵᠢᠯ ᠡᠬᠢᠯᠡᠭᠦᠯᠬᠦ᠂ ᠪᠠᠷᠢᠯᠭ᠎ᠠ ᠳᠠᠭᠤᠰᠬᠠᠬᠤ᠂ | ᠠᠰᠢᠭᠯᠠᠯᠲᠠ ᠳᠤ ᠣᠷᠣᠭᠤᠯᠬᠤ ᠵᠡᠷᠭᠡ ᠵᠠᠩᠭᠢᠯᠠᠭ᠎ᠠ ᠶᠢᠨ ᠴᠠᠭ ᠦᠶ᠎ᠡ ᠶᠢ ᠴᠢᠩᠭ᠎ᠠ ᠠᠳᠬᠤᠨ᠂ ᠭᠤᠤᠯᠳᠠᠯᠭ᠎ᠠ ᠲᠠᠢ | ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃ | ᠯᠢᠦ ᠯᠠᠨ ᠶᠢᠩ᠄ | ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ | ᠭᠦᠨᠵᠡᠭᠡᠶᠢᠷᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ | ᠪᠣᠯᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠣᠭᠲᠠᠭᠤᠨ ᠢᠶᠠᠷ ᠨᠡᠮᠡᠭᠳᠡᠭᠦᠯᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ | ᠲᠦᠷᠤᠯ ᠵᠦᠢᠯ ᠤᠨ ᠤᠷᠤᠭᠰᠢᠲᠠᠶ ᠠᠬᠢᠬᠤ ᠶᠢ ᠦᠨᠡᠨ ᠬᠦ ᠪᠠᠲᠤᠯᠠᠵᠤ᠂ ᠡᠷᠲᠡ ᠦᠷ᠎ᠡ ᠪᠦᠲᠦᠭᠡᠯ ᠭᠠᠷᠭᠠᠵᠤ᠂ | ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠭᠤᠷᠪᠠ ᠳᠤ ᠭᠤᠤᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠳᠠᠯᠤᠨ ᠲᠣᠬᠢᠷᠠᠭᠤᠯᠬᠤ᠂ ᠲᠣᠭᠤᠷᠢᠨ ᠪᠠᠶᠢᠴᠠᠭᠠᠬᠤ᠂ ᠤᠷᠮᠠᠰᠢᠭᠤᠯᠬᠤ ᠬᠠᠷᠢᠭᠤᠴᠠᠯᠭ᠎ᠠ | ᠨᠡᠬᠡᠮᠵᠢᠯᠡᠬᠦ ᠵᠡᠷᠭᠡ ᠲᠦᠷᠢᠮ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠨᠠᠶᠢᠳᠠᠪᠤᠷᠢᠵᠢᠵᠤ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠨ᠎ᠠ᠃ | ᠲᠦᠷᠪᠡ ᠳᠤ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠥᠪ᠂ | ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠦᠷᠦᠯ ᠵᠦᠢᠯ ᠳᠤ ᠬᠢᠨᠠᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | | ᠬᠥᠲᠥᠯᠥᠭᠴᠢ᠄ | ᠯᠢᠦ ᠡᠷᠬᠢᠯᠡᠭᠴᠢ ᠡ᠂ ᠲᠠᠨ ᠤ ᠰᠠᠶ᠋ᠢ ᠶᠢᠨ ᠳᠤᠷᠠᠳᠤᠭᠰᠠᠨ ᠭᠤᠤᠯᠳᠠᠯᠭ᠎ᠠ ᠲᠠᠢ ᠲᠦᠷᠦᠯ ᠵᠦᠢᠯ ᠢ ᠲᠥᠯᠬᠢᠨ | ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠭᠡᠳᠡᠭ ᠲᠤ ᠮᠠᠨ ᠤ ᠬᠤᠲᠠ ᠡᠮᠦᠨᠡᠬᠢ | ᠬᠤᠭᠤᠴᠠᠭᠠᠨ ᠤ ᠶᠠᠮᠠᠷ ᠶᠠᠮᠠᠷ ᠭᠤᠤᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠤᠢ︖ | ᠯᠢᠦ ᠯᠠᠨ ᠶᠢᠩ᠄ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠰᠡᠯᠭᠦᠬᠦ ᠬᠦᠴᠦᠨ ᠢ ᠴᠢᠩᠭᠠᠳᠬᠠᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠦᠢᠯᠡᠳᠦᠯ | ᠦᠵᠡᠭᠦᠯᠵᠦ᠂ ᠲᠦᠩᠯᠢᠶᠣᠤ ᠬᠤᠲᠠ ᠶᠢᠨ ︽13 · 5︾ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠦᠭᠵᠢᠯᠲᠡ ᠶᠢ ᠰᠢᠭᠤᠳ ᠨᠥᠯᠥᠭᠡᠯᠡᠵᠦ ᠪᠠᠶᠢᠳᠠᠭ᠂ ᠡᠶᠢᠮᠦ ᠠᠴᠠ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠬᠢᠨᠠᠨ ᠵᠥᠪᠰᠢᠶᠡᠷᠡᠬᠦ ᠠᠬᠢᠴᠠ ᠶᠢ ᠡᠷᠬᠡᠪᠰᠢ ᠶᠡᠭᠡ ᠪᠠᠷ ᠲᠦᠯᠬᠢᠨ ᠠᠬᠢᠭᠤᠯᠵᠤ᠂ ᠨᠢᠭᠡ ᠪᠦᠯᠦᠭ ᠠᠵᠤ ᠠᠬᠤᠶ | ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠴᠢᠳᠠᠪᠤᠷᠢ ᠲᠠᠢ ᠳᠦᠷᠦᠯ ᠵᠦᠢᠯ ᠤᠳ ᠢ ᠴᠢᠷᠮᠠᠶᠢᠵᠤ ᠪᠠᠶᠢᠭᠠᠳ ᠡᠷᠲᠡᠬᠡᠨ | ᠠᠵᠢᠯ ᠡᠬᠢᠯᠡᠭᠦᠯᠬᠦ ᠬᠡᠷᠡᠭᠲᠡᠢ ᠶᠤᠮ᠃ ᠲᠡᠮᠦᠷ ᠵᠠᠮ ᠤᠨ ᠲᠠᠯ᠎ᠠ ᠪᠠᠷ᠂ ᠲᠦᠩᠯᠢᠶᠣᠤ — ᠤᠯᠠᠭᠠᠨᠬᠤᠲᠠ — | ᠬᠠᠶᠢᠯᠠᠷ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ | ᠪᠦᠬᠦ ᠬᠦᠴᠦᠨ ᠢᠶᠠᠷ ᠢᠶᠠᠨ ᠬᠠᠪᠰᠤᠷᠤᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠲᠤᠰᠬᠠᠶ ᠬᠡᠷᠡᠭᠯᠡᠭᠡᠨ ᠤ | ᠲᠡᠮᠦᠷ ᠵᠠᠮ ᠤᠨ ᠬᠢᠨᠠᠨ ᠵᠦᠪᠰᠢᠶᠡᠷᠡᠯᠲᠡ ᠶᠢ ᠲᠦᠷᠭᠡᠳᠬᠡᠨ᠎ᠡ᠃ ᠵᠠᠰᠠᠮᠠᠯ ᠵᠠᠮ ᠤᠨ ᠲᠠᠯ᠎ᠠ ᠪᠠᠷ᠂ ᠮᠤᠵᠢ ᠶᠢᠨ | ᠬᠤᠭᠤᠷᠤᠨᠳᠤᠬᠢ ᠵᠠᠮ ᠢ ᠨᠢᠭᠡᠳᠦᠭᠡᠷ ᠳᠡᠰ ᠤᠨ ᠳᠡᠭᠡᠳᠦ ᠬᠤᠷᠳᠤᠴᠠᠲᠤ ᠵᠠᠰᠠᠮᠠᠯ ᠵᠠᠮ ᠪᠤᠯᠭᠠᠬᠤ ᠦᠭᠡᠷᠡᠴᠢᠯᠠᠯᠲᠡ᠂ | ᠳ᠋ᠠᠯᠢᠨ — ᠺᠠᠩ ᠫᠢᠩ᠂ ᠪᠣᠣ ᠯᠦᠩ ᠱᠠᠨ — ᠲᠦᠩ ᠢᠦᠢ᠂ ᠶᠢᠨ ᠪᠦᠦ ᠳᠦᠨ — ᠭᠠᠨᠵᠤᠭ᠎ᠠ ᠬᠦᠷᠬᠦ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ | ᠯᠢᠦ ᠯᠠᠨ ᠶᠢᠩ᠄ | ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠲᠦᠩᠯᠢᠶᠣᠤ ᠨᠢᠰᠬᠡᠯ ᠤᠨ ᠪᠠᠭᠤᠳᠠᠯ ᠤᠨ ᠤᠯᠠᠨ | ᠤᠯᠤᠰ ᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠤᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ | ᠪᠠᠷᠢᠯᠭ᠎ᠠ ᠶᠢ ᠡᠬᠢᠯᠡᠭᠦᠯᠵᠦ᠂ ᠨᠠᠢᠮᠠᠨ᠂ ᠬᠦᠷᠢᠶ᠎ᠡ ᠶᠢᠨ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠠᠯ᠎ᠠ ᠪᠠᠷ᠂ ︽ | ᠴᠤᠤᠯ ᠭᠤᠣᠯ ᠤᠨ ᠤᠰᠤ ᠶᠢ ᠲᠠᠲᠠᠨ ᠪᠠᠷᠠᠭᠤᠨ ᠯᠢᠶᠣᠤ ᠡᠾᠧ ᠭᠤᠤᠯ ᠢ ᠲᠡᠳᠬᠦᠬᠦ︾ ᠰᠠᠯᠪᠤᠷᠢ ᠱᠤᠭᠤᠮ᠂ ᠯᠢᠶᠣᠤ | ᠰᠢ ᠠᠴᠠ ᠤᠰᠤ ᠲᠠᠲᠠᠵᠤ ᠲᠦᠩᠯᠢᠶᠣᠤ ᠶᠢ ᠬᠠᠩᠭᠠᠬᠤ ᠰᠠᠯᠪᠤᠷᠢ ᠱᠤᠭᠤᠮ᠂ ︽ᠨᠤᠨ ᠮᠦᠷᠡᠨ ᠤ ᠤᠰᠤ ᠶᠢ ᠲᠠᠲᠠᠨ | ᠬᠤᠤᠯᠢᠨ ᠭᠤᠤᠯ ᠢ ᠲᠡᠳᠬᠦᠬᠦ︾ ᠢᠨᠵᠧᠨᠧᠷᠢᠩ᠂ ᠭᠠᠭ᠋ᠠᠢ ᠠᠭᠤᠯᠠ ᠶᠢᠨ ᠤᠰᠤᠨ ᠴᠥᠭᠦᠷᠥᠮ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠡᠨᠧᠷᠭᠢ ᠶᠢᠨ ᠲᠠᠯ᠎ᠠ ᠪᠠᠷ᠂ ᠮᠠᠨ ᠤ ᠬᠤᠲᠠ ᠶᠢᠨ ᠬᠤᠶᠢᠲᠤ | ᠪᠡᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠥᠪᠡᠷᠮᠢᠴᠡ ᠴᠢᠨᠠᠷ ᠢ ᠤᠯᠤᠰ᠂ ᠥᠪᠡᠷᠲᠡᠭᠡᠨ ᠵᠠᠰᠠᠬᠤ ᠤᠷᠤᠨ ᠳᠤ | ᠬᠠᠷᠢᠭᠤ ᠮᠡᠳᠡᠭᠦᠯᠵᠦ᠂ ᠵᠠᠬ᠎ᠠ ᠨᠠᠭᠤᠷ ᠤᠨ ᠬᠦᠩᠭᠡᠨ ᠴᠠᠭᠠᠨ ᠤ ᠦᠢᠯᠡᠰ ᠤᠨ ᠬᠤᠶᠠᠳᠤᠭᠠᠷ ᠬᠤᠭᠤᠴᠠᠭᠠᠨ ᠤ 38 | ᠲᠦᠮᠡᠨ ᠲᠣᠨ ᠲᠦᠭᠦᠬᠡᠢ ᠬᠦᠡᠭᠭᠡᠨ ᠴᠠᠭᠠᠨ ᠦᠢᠯᠡᠳᠪᠦᠷᠢᠯᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ︔ | ᠡᠨᠧᠷᠬᠢ ᠶᠢ ᠭᠠᠳᠠᠭᠰᠢ ᠬᠦᠷᠭᠡᠬᠦ ᠵᠠᠮ ᠤᠨ ᠪᠥᠳᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠡᠬᠢᠯᠡᠯᠲᠡ ᠶᠢᠨ ᠴᠡᠭ ᠢ ᠲᠤᠭᠲᠠᠭᠤᠨ ᠪᠠᠶᠢᠯᠭᠠᠵᠤ᠂ ᠲᠦᠭᠡᠭᠡᠯ ᠲᠤᠭ᠎ᠠ ᠶᠢ ᠲᠡᠮᠡᠴᠡᠨ᠂ ᠲᠣᠭᠲᠠᠮᠠᠯ ᠭᠥᠶᠥᠳᠡᠯᠳᠦ | ᠴᠠᠬᠢᠯᠭᠠᠨ ᠬᠦᠷᠭᠡᠬᠦ ᠪᠠᠷᠢᠯᠭ᠎ᠠ ᠲᠠᠢ ᠤᠶᠠᠯᠳᠤᠭᠤᠯᠤᠨ᠂ ᠵᠢᠷᠦᠬᠡ ᠶᠢᠨ ᠭᠤᠤᠯ ᠤᠨ 200 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠦᠷᠨᠢᠭᠦᠯᠵᠦ | ᠂ ᠤᠯᠤᠰ ᠤᠨ ᠳᠡᠰ ᠤᠨ ᠠᠷᠢᠭᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ︔ ᠬᠤᠣᠯᠢᠨ | ᠭᠤᠤᠯ ᠤᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ 2 | × 35 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠶᠢᠨ ᠯᠢᠶᠠᠨ ᠤ ᠬᠤᠶᠠᠳᠤᠭᠠᠷ | ᠬᠤᠭᠤᠴᠠᠭᠠᠨ ᠤ 2 ᠰᠠᠤᠷᠢ 66 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ | ᠴᠤᠸᠠᠩ ᠶᠤᠸᠠᠨ ᠤ 3 ᠰᠠᠤᠷᠢ 33 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠨᠡᠩ ᠤᠯᠠᠨ ᠭᠡᠷᠡᠯ ᠸᠣᠯᠲ ᠪᠠ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠤᠯᠤᠰ ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠳᠤ | ᠤᠷᠤᠭᠤᠯᠬᠤ ᠪᠠᠷ ᠴᠢᠷᠮᠠᠶᠢᠨ᠎ᠠ᠃ ᠲᠦᠩᠯᠢᠶᠣᠤ — ᠶᠤᠸᠠᠨ ᠪᠦᠦ ᠱᠠᠨ᠂ ᠲᠦᠩᠯᠢᠶᠣᠤ — ᠬᠤᠣᠯᠢᠨ | ᠭᠤᠣᠯ ᠶᠢᠨ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ᠎ᠡ᠃ | ᠬᠥᠲᠥᠯᠥᠭᠴᠢ᠄ | ᠯᠢᠦ ᠡᠷᠬᠢᠯᠡᠭᠴᠢ ᠡ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠭᠦᠢᠴᠡᠳᠬᠡᠬᠦ | ᠠᠬᠢᠴᠠ ᠶᠢ ᠲᠦᠷᠭᠡᠳᠬᠡᠬᠦ ᠲᠠᠯ᠎ᠠ ᠪᠠᠷ᠂ ᠪᠢᠳᠡ ᠶᠠᠮᠠᠷ ᠰᠠᠶᠢᠨ ᠠᠷᠭ᠎ᠠ ᠠᠪᠤᠭᠰᠠᠨ ᠪᠤᠢ︖ | ᠯᠢᠦ ᠯᠠᠨ ᠶᠢᠩ᠄ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠨᠢ ᠳᠠᠪᠠᠭᠤᠯᠢᠭ ᠠᠵᠤ ᠦᠢᠯᠡᠰ ᠢ | ᠲᠡᠳᠬᠦᠨ ᠳᠡᠮᠵᠢᠬᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠬᠦ ᠶᠢ ᠬᠥᠲᠥᠯᠥᠨ ᠵᠢᠯᠣᠭᠤᠳᠬᠤ ᠴᠢᠬᠤᠯᠠ | ᠳᠠᠭᠠᠭᠤᠯᠬᠤ ᠦᠢᠯᠡᠳᠦᠯ ᠲᠠᠢ ᠶᠤᠮ᠃ ᠨᠢᠭᠡᠳᠦᠭᠡᠷ ᠲᠤ᠂ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ᠂ ᠭᠦᠢᠴᠡᠳ | ᠬᠡᠷᠡᠭᠯᠡᠵᠦ᠂ ᠤᠯᠤᠰ ᠤᠨ ᠲᠥᠷᠥᠯ ᠵᠦᠢᠯ ᠢ ᠡᠩ ᠲᠡᠷᠢᠭᠦᠨ ᠳᠤ ᠳᠤᠮᠳᠠ ᠪᠠᠷᠠᠭᠤᠨ ᠣᠷᠣᠨ ᠪᠠ ᠦᠨᠳᠦᠰᠦᠲᠡᠨ ᠤ | ᠭᠠᠵᠠᠷ ᠣᠷᠣᠨ ᠳᠤ ᠪᠠᠶᠢᠷᠢᠰᠢᠭᠤᠯᠬᠤ ᠴᠢᠬᠤᠯᠠ ᠶᠡᠭᠡ ᠠᠵᠠ ᠲᠤᠬᠢᠶᠠᠯ ᠢ ᠢᠳᠡᠪᠬᠢᠲᠡᠶ ᠵᠠᠪᠳᠤᠨ ᠠᠳᠬᠤᠵᠤ᠂ | ᠤᠯᠤᠰ ᠠᠴᠠ ᠳᠡᠮᠵᠢᠯᠭᠡ ᠦᠵᠡᠭᠦᠯᠬᠦ ᠪᠡᠯᠡ ᠤᠷᠤᠭᠤᠯᠤᠯᠲᠠ ᠶᠢᠨ ᠬᠦᠷᠢᠶ᠎ᠠ ᠬᠡᠪᠴᠢᠶ᠎ᠡ ᠶᠢᠨ ᠲᠤᠭᠤᠷᠢᠨ ᠳᠤ᠂ | ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢ ᠠᠯᠢ ᠪᠣᠯᠬᠤ ᠪᠠᠷ ᠢᠯᠡᠭᠦᠬᠡᠨ ᠲᠡᠮᠡᠴᠡᠨ ᠤᠯᠵᠤ᠂ ᠪᠥᠬᠦ | ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭ᠋ᠤ ᠪᠠᠷ ᠴᠢᠷᠮᠠᠶᠢᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ︽ᠳᠠᠯᠢᠮ ᠢᠶᠠᠷ ᠠᠯᠲᠠ ᠪᠤᠯᠭᠠᠬᠤ︾ ᠬᠥᠲᠥᠯᠥᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠪᠦᠲᠦᠮᠵᠢᠲᠡᠶ ᠳᠡᠮᠵᠢᠨ᠎ᠡ᠃ ᠬᠤᠶᠠᠳᠤᠭᠠᠷ ᠲᠤ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢᠨ | ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠱᠠᠭᠠᠷᠳᠠᠨ᠂ ᠲᠡᠮᠡᠴᠡᠨ ᠤᠯᠤᠭᠰᠠᠨ ᠲᠥᠷᠥᠯ ᠵᠦᠢᠯ ᠤᠨ | ᠨᠠᠶᠢᠳᠠᠪᠤᠷᠢᠵᠢᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠪᠠᠰᠠ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠵᠤ | ᠂ ᠠᠵᠢᠯ ᠬᠢᠭᠰᠡᠨ ᠨᠢ ᠬᠦᠷᠦᠯᠴᠡᠬᠦ ᠦᠭᠡᠢ ᠪᠠᠶᠢᠬᠤ ᠪᠠ ᠬᠢᠨᠠᠯᠲᠠ ᠬᠠᠮᠢᠶᠠᠷᠤᠯᠲᠠ ᠳᠤᠲᠠᠮᠠᠭ ᠲᠦᠷᠦᠯ ᠵᠦᠢᠯ ᠤᠨ | ᠨᠢᠭᠡᠴᠡ ᠵᠢᠴᠢ ᠪᠠᠶᠢᠭ᠎ᠠ ᠬᠤᠰᠢᠭᠤ ᠰᠢᠶᠠᠨ ᠲᠠᠢ ᠬᠤᠭᠤᠴᠠᠭ᠎ᠠ ᠪᠣᠯᠵᠣᠨ ᠬᠡᠯᠡᠯᠴᠡᠵᠦ᠂ ᠤᠴᠢᠷ ᠰᠢᠯᠲᠠᠭᠠᠨ | ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠠᠵᠢᠯ ᠢᠶᠠᠨ ᠡᠬᠢᠯᠡᠭᠦᠯᠦᠭᠰᠡᠨ ᠦᠭᠡᠢ ᠲᠦᠷᠦᠯ ᠵᠦᠢᠯ ᠢ ᠴᠠᠭ ᠲᠤᠬᠠᠶ ᠳᠤᠨᠢ | ᠲᠣᠬᠢᠷᠠᠭᠤᠯᠬᠤ ᠪᠤᠶᠤ ᠣᠷᠣᠭᠤᠯᠤᠭᠰᠠᠨ ᠪᠡᠯᠡ ᠮᠦᠩᠭᠦ ᠶᠢ ᠨᠢ ᠪᠤᠴᠠᠭᠠᠨ ᠠᠪᠤᠨ᠎ᠠ᠃ | ᠯᠢᠦ ᠯᠠᠨ ᠶᠢᠩ᠄ | ᠭᠤᠷᠪᠠ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠥᠭᠡᠴᠡᠯᠡᠬᠦ ᠪᠠ | ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠴᠢᠩᠭᠠᠳᠬᠠᠨ᠎ᠠ᠃ ︽ᠡᠨᠡ ᠵᠢᠯ ᠤᠨ ᠠᠵᠢᠯ ᠢᠶᠠᠨ ᠬᠢᠵᠦ᠂ ᠢᠷᠡᠬᠦ ᠵᠢᠯ ᠤᠨ ᠠᠵᠢᠯ ᠢᠶᠠᠨ ᠪᠡᠯᠡᠳᠴᠦ᠂ ᠴᠠᠭᠠᠲᠤ | ᠵᠢᠯ ᠤᠨ ᠠᠵᠢᠯ ᠢᠶᠠᠨ ᠬᠠᠷᠠᠵᠤ᠂ ᠲᠡᠭᠦᠨ ᠠᠴᠠ ᠴᠠᠭᠠᠳᠤ ᠵᠢᠯ ᠤᠨ ᠠᠵᠢᠯ ᠢᠶᠠᠨ ᠪᠣᠳᠣᠯᠬᠢᠯᠠᠬᠤ︾ ᠱᠠᠭᠠᠷᠳᠠᠯᠭ᠎ᠠ | ᠶᠣᠰᠣᠭᠠᠷ᠂ ᠲᠦᠷᠦᠯ ᠵᠦᠢᠯ ᠢ ᠨᠥᠭᠡᠴᠡᠯᠡᠬᠦ ᠪᠠ ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠰᠠᠶᠢᠳᠤᠷ ᠬᠢᠨ᠎ᠡ᠃ ᠳᠥᠷᠪᠡ ᠳᠤ᠂ ᠮᠣᠩᠭᠤᠯ ᠡᠮ | ᠡᠮᠨᠡᠯᠭᠡ ᠶᠢᠨ ᠠᠵᠤ ᠦᠢᠯᠡᠰ᠂ ᠬᠤᠷᠴᠢᠨ ᠤ ᠦᠬᠡᠷ ᠤᠨ ᠮᠢᠬ᠎ᠠ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠵᠡᠷᠭᠡ ᠨᠢᠭᠡ ᠪᠦᠯᠦᠭ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠴᠢᠬᠤᠯᠠ ᠶᠡᠭᠡ ᠢᠨᠵᠧᠨᠧᠷᠢᠩ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ᠂ ᠤᠯᠤᠰ ᠤᠨ ᠲᠤᠰᠬᠠᠶ | ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠬᠦᠴᠦᠯᠡᠨ ᠴᠢᠷᠮᠠᠶᠢᠨ᠎ᠠ᠃ | ᠬᠥᠲᠥᠯᠥᠭᠴᠢ᠄ | ᠯᠢᠦ ᠡᠷᠬᠢᠯᠡᠭᠴᠢ ᠡ᠂ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠭᠡᠵᠦ ᠶᠠᠭᠤ ᠪᠤᠢ︖ | ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠤᠯᠬᠤ ᠬᠦᠴᠦᠯᠡᠴᠡ ᠪᠠᠨ ᠬᠡᠷᠬᠢᠨ ᠨᠡᠮᠡᠭᠳᠡᠭᠦᠯᠬᠦ ᠪᠤᠢ︖ | | ᠯᠢᠦ ᠯᠠᠨ ᠶᠢᠩ᠄ | ᠠᠵᠤ ᠠᠬᠤᠶ ᠤᠷᠤᠭᠤᠳᠠᠬᠤ ᠳᠠᠷᠤᠯᠲᠠ ᠶᠢ ᠠᠷᠭᠠᠴᠠᠬᠤ ᠳᠤ ᠠᠵᠤ ᠠᠬᠤᠶ ᠶᠢᠨ ᠨᠡᠮᠡᠭᠳᠡᠯ ᠳᠠᠬᠢ ᠪᠡᠯᠡ | ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠳᠤᠨᠤᠨ ᠤ 7 ᠳ᠋ᠤᠭᠠᠷ | ᠰᠠᠷ᠎ᠠ ᠶᠢᠨ ᠰᠡᠭᠦᠯᠴᠢ ᠪᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠦᠲᠦᠭᠡᠨ | ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠵᠣ᠂ ︽ᠣᠨᠣᠪᠴᠢᠲᠠᠢ᠂ ᠠᠴᠢ | ᠬᠠᠷᠢᠭᠤᠯᠲᠠ ᠲᠠᠢ ᠪᠠᠶᠢᠵᠤ᠂ ᠦᠯᠡᠭᠦᠳᠡᠬᠦ ᠦᠢᠯᠡᠳᠪᠦᠷᠢᠯᠡᠯ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠦᠭᠡᠢ᠂ | ᠳᠠᠪᠬᠤᠷᠳᠠᠭᠰᠠᠨ ᠪᠦᠳᠦᠭᠡᠨ ᠪᠠᠶᠢᠭᠤᠯᠤᠯᠲᠠ ᠬᠢᠬᠦ ᠦᠭᠡᠢ᠂ ᠰᠢᠬᠠᠬᠤ ᠨᠥᠯᠥᠭᠡᠯᠡᠯ ᠢ ᠪᠣᠢ ᠪᠣᠯᠭᠠᠬᠤ ᠦᠭᠡᠢ︾ | ᠪᠠᠶᠢᠬᠤ ᠪᠠᠷ ᠵᠠᠷᠴᠢᠮ ᠪᠣᠯᠭᠠᠨ᠂ ᠪᠡᠯᠡ ᠣᠷᠣᠭᠤᠯᠤᠯᠲᠠ ᠶᠡᠭᠡ᠂ ᠬᠤᠭᠤᠴᠠᠭ᠎ᠠ ᠨᠢ ᠤᠷᠳᠤ᠂ ᠡᠭᠡᠭᠦᠯᠦᠨ ᠬᠤᠷᠢᠶᠠᠬᠤ | ᠬᠤᠭᠤᠴᠠᠭ᠎ᠠ ᠨᠢ ᠤᠳᠠᠭᠠᠨ᠂ ᠵᠦᠢ ᠵᠣᠬᠢᠰᠲᠠᠶ ᠠᠴᠢ ᠬᠠᠷᠢᠭᠤᠯᠲᠠ ᠲᠠᠢ ᠨᠡᠶᠢᠲᠡ ᠶᠢᠨ ᠠᠰᠠᠷᠠᠮᠵᠢ ᠶᠢᠨ ᠰᠢᠨᠵᠢᠲᠡᠢ | ᠪᠠ ᠰᠠᠭᠤᠷᠢ ᠴᠢᠨᠠᠷᠲᠠᠶ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠳᠡᠮᠵᠢᠵᠦ᠂ ᠲᠥᠷᠥᠯ ᠵᠦᠢᠯ ᠤᠨ ᠬᠦᠷᠦᠩᠭᠡ | ᠮᠥᠩᠭᠦ ᠶᠢᠨ ᠣᠷᠣᠭᠤᠯᠤᠯᠲᠠ ᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠳᠤ ᠬᠡᠷᠡᠭᠯᠡᠬᠦ ᠬᠡᠷᠡᠭᠲᠡᠢ ᠭᠡᠵᠡᠢ᠃ | ᠮᠡᠳᠡᠭᠳᠡᠯ ᠢ ᠣᠯᠤᠭᠰᠠᠨ ᠤ ᠳᠠᠷᠠᠭ᠎ᠠ᠂ ᠪᠦᠬᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠭᠡᠨ ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠵᠢᠷᠭᠤᠭᠠᠨ ᠪᠥᠯᠥᠭ ᠲᠥᠷᠥᠯ ᠵᠦᠢᠯ ᠢ ᠨᠥᠭᠡᠴᠡᠯᠡᠬᠦ ᠲᠥᠯᠥᠪᠯᠡᠭᠡ ᠶᠢ | ᠳᠡᠭᠡᠭᠰᠢ ᠮᠡᠳᠡᠭᠦᠯᠬᠦ ᠪᠠᠷ ᠴᠢᠷᠮᠠᠶᠢᠵᠤ᠂ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠳᠤ 28.94 | ᠳ᠋ᠦᠩᠰᠢᠭᠤᠷ ᠲᠥᠭᠦᠷᠢᠭ ᠣᠷᠣᠭᠤᠯᠵᠤ᠂ ᠭᠤᠣᠯᠳᠠᠭᠤ ᠲᠡᠮᠦᠷ ᠵᠠᠮ᠂ ᠴᠠᠬᠢᠯᠭᠠᠨ ᠬᠦᠴᠦ᠂ ᠪᠣᠬᠢᠷ ᠤᠰᠤ ᠬᠤᠭ | ᠨᠣᠪᠰᠢ ᠰᠢᠢᠳᠪᠦᠷᠢᠯᠡᠬᠦ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠵᠢᠭᠤᠯᠴᠢᠯᠠᠯ ᠵᠡᠷᠭᠡ ᠳᠤ ᠬᠡᠷᠡᠭᠯᠡᠨ᠎ᠡ᠃ ᠡᠨᠡ ᠵᠢᠯ ᠪᠢᠳᠠ | ᠵᠣᠯᠭᠠᠯᠳᠤᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠪᠡᠯᠡ ᠮᠥᠩᠭᠦ ᠲᠣᠬᠢᠷᠠᠭᠤᠯᠬᠤ | ᠳᠡᠮᠵᠢᠯᠭᠡ ᠶᠢᠨ ᠴᠢᠭᠯᠡᠯ ᠢ ᠦᠨᠳᠦᠰᠦᠯᠡᠨ᠂ ᠲᠦᠷᠦᠯ ᠵᠦᠢᠯ ᠢ ᠰᠢᠭᠰᠢᠨ ᠮᠡᠳᠡᠭᠦᠯᠬᠦ ᠠᠵᠢᠯ ᠢ ᠦᠨᠡᠨ ᠬᠦ ᠰᠠᠶᠢᠲᠤᠷ | ᠬᠢᠬᠦ ᠪᠥᠭᠡᠳ ᠨᠢᠭᠡ ᠪᠦᠯᠦᠭ ᠡᠮᠦᠨᠡᠬᠢ ᠬᠤᠭᠤᠴᠠᠭᠠᠨ ᠤ ᠠᠵᠢᠯ ᠨᠢ ᠪᠣᠯᠪᠠᠰᠤᠷᠠᠩᠭᠤᠶ ᠪᠣᠯᠣᠭᠰᠠᠨ ᠲᠥᠷᠥᠯ ᠵᠦᠢᠯ ᠢ | ᠴᠢᠩᠭ᠎ᠠ ᠠᠳᠬᠤᠨ ᠳᠡᠭᠡᠭᠰᠢ ᠮᠡᠳᠡᠭᠦᠯᠵᠦ᠂ ᠤᠯᠤᠰ ᠤᠨ ᠨᠡᠩ ᠣᠯᠠᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ | ᠢᠳᠡᠪᠬᠢᠲᠡᠶ ᠴᠢᠷᠮᠠᠶᠢᠵᠤ ᠪᠣᠢ᠃ | ᠬᠥᠲᠥᠯᠥᠭᠴᠢ᠄ | ᠯᠢᠦ ᠡᠷᠬᠢᠯᠡᠭᠴᠢ ᠡ᠂ ᠰᠠᠶ᠋ᠢ ᠲᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠶᠠᠷᠢᠭᠰᠠᠨ ᠪᠠᠶᠢᠨ᠎ᠠ᠂ ᠲᠡᠭᠡᠪᠡᠯ ᠪᠡᠯᠡ ᠣᠷᠣᠭᠤᠯᠵᠤ ᠪᠡᠯᠡ | ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠴᠥᠮ ᠶᠠᠮᠠᠷ ᠶᠠᠮᠠᠷ ᠪᠣᠳᠠᠲᠠᠶ ᠠᠷᠭ᠎ᠠ ᠠᠪᠤᠭᠰᠠᠨ ᠪᠣᠢ︖ | ᠯᠢᠦ ᠯᠠᠨ ᠶᠢᠩ᠄ | ᠪᠢᠳᠡ ᠳᠡᠭᠡᠪᠦᠷ ᠵᠢᠷᠤᠭ ᠲᠥᠯᠥᠪᠯᠡᠭᠡ ᠪᠠ ᠦᠢᠯᠡᠳᠦᠯᠭᠡ ᠶᠢᠨ ᠬᠠᠶᠢᠨ ᠰᠦᠪᠡᠭᠴᠢᠯᠡᠯᠲᠡ ᠶᠢ | ᠤᠶᠠᠯᠳᠤᠭᠤᠯᠬᠤ ᠶᠢ ᠪᠠᠷᠢᠮᠲᠠᠯᠠᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ | ᠲᠠᠰᠤᠷᠠᠯᠲᠠ ᠦᠭᠡᠢ ᠰᠢᠨ᠎ᠡ ᠪᠠᠷ ᠡᠭᠦᠳᠦᠨ᠂ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ ᠪᠤᠢ᠃ ᠨᠢᠭᠡ ᠳᠤ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠣᠳᠣᠬᠠᠨ ᠳᠤ᠂ ᠮᠠᠨ ᠤ ᠵᠥᠪᠯᠡᠯ ᠤᠷᠢᠳ | ᠬᠤᠵᠢᠳ ᠬᠤᠶᠠᠷ ᠤᠳᠠᠭ᠎ᠠ ᠨᠡᠶᠢᠲᠡ 48 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠳᠣᠷᠣᠭᠰᠢ ᠪᠠᠭᠤᠯᠭᠠᠵᠤ᠂ ᠲᠦᠩᠯᠢᠶᠣᠤ ᠬᠤᠳᠠ ᠶᠢᠨ ᠳᠣᠷᠣᠭᠰᠢ ᠪᠠᠭᠤᠯᠭᠠᠭᠰᠠᠨ ᠬᠢᠨᠠᠨ ᠵᠥᠪᠰᠢᠶᠡᠷᠡᠬᠦ ᠵᠦᠢᠯᠡᠰ ᠤᠨ | ᠬᠠᠭᠠᠰ ᠠᠴᠠ ᠳᠡᠭᠡᠭᠰᠢᠬᠢ ᠶᠢ ᠡᠵᠡᠯᠡᠵᠦ᠂ ᠪᠠᠭᠤᠯᠭᠠᠵᠤ ᠪᠣᠯᠬᠤ ᠶᠢ ᠨᠢ ᠪᠦᠭᠦᠳᠡ ᠶᠢ ᠪᠠᠭᠤᠯᠭᠠᠭᠰᠠᠨ ᠭᠡᠵᠦ ᠪᠣᠯᠤᠨ᠎ᠠ | ᠃ ᠡᠨᠡ ᠵᠢᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯᠣᠨ᠎ᠠ᠃ ᠡᠭᠦᠨ ᠤ ᠬᠠᠮᠲᠤ | ᠠᠵᠢᠯ ᠤᠨ ᠭᠤᠣᠯᠳᠠᠯᠭ᠎ᠠ ᠪᠠᠨ ᠦᠢᠯᠡᠴᠢᠯᠡᠭᠡᠨ ᠳᠡᠭᠡᠷ᠎ᠡ ᠲᠠᠯᠪᠢᠵᠤ᠂ ︽ᠠᠵᠢᠯ ᠤᠨ ᠰᠤᠷᠲᠠᠯ ᠢᠶᠠᠨ ᠬᠠᠯᠠᠨ | ᠰᠠᠶᠢᠵᠢᠷᠠᠭᠤᠯᠵᠤ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ | ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠮᠠᠳᠠᠯ ᠢ ᠳᠣᠷᠣᠭᠰᠢ ᠪᠠᠭᠤᠯᠭᠠᠵᠤ᠂ ᠬᠤᠰᠢᠭᠤ ᠰᠢᠶᠠᠨ | ᠬᠤᠳᠠ ᠲᠣᠭᠤᠷᠢᠭ ᠪᠦᠷ ᠲᠤᠰᠤᠨ ᠠᠪᠴᠤ ᠳᠡᠶᠢᠯᠬᠦ ᠶᠢ ᠪᠡᠶᠡᠯᠡᠭᠦᠯᠬᠦ ᠪᠣᠯᠣᠨ᠎ᠠ᠃ ︽ᠲᠣᠰᠬᠤ ᠪᠠ ᠪᠠᠭᠤᠯᠭᠠᠬᠤ︾ | ᠶᠢ ᠰᠠᠶᠢᠲᠤᠷ ᠬᠢᠬᠦ ᠶᠢᠨ ᠬᠠᠮᠲᠤ ᠬᠢᠨᠠᠨ ᠵᠥᠪᠰᠢᠶᠡᠷᠡᠬᠦ ᠵᠢᠷᠤᠮ ᠢ ᠲᠠᠰᠤᠷᠠᠯᠳᠠ ᠦᠭᠡᠢ ᠳᠥᠭᠦᠮᠴᠢᠯᠡᠵᠦ᠂ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | ᠦᠷᠭᠦᠯᠵᠢᠯᠡᠨ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠢ | ᠤᠯᠠᠮ ᠨᠢᠭᠡ ᠠᠯᠬᠤᠮ ᠬᠥᠭᠵᠢᠭᠡᠨ᠎ᠡ᠃ | ᠬᠤᠶᠠᠷ ᠲᠤ ᠠᠵᠤ ᠠᠬᠤᠶᠢᠯᠠᠯ ᠤᠨ ᠪᠡᠯᠡ ᠣᠷᠣᠭᠤᠯᠬᠤ ᠲᠥᠷᠥᠯ ᠵᠦᠢᠯ ᠢ ᠰᠦᠯᠵᠢᠶᠡᠨ ᠳᠡᠭᠡᠷ᠎ᠡ | ᠬᠤᠯᠪᠣᠭᠠᠯᠠᠨ ᠬᠢᠨᠠᠨ ᠵᠥᠪᠰᠢᠶᠡᠷᠡᠬᠦ ᠪᠦᠷᠬᠦᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ | ᠲᠠᠪᠴᠠᠩ ᠤᠨ ᠬᠥᠨᠳᠡᠯᠡᠨ ᠭᠤᠯᠳᠤ ᠪᠠᠷ ᠨᠡᠪᠲᠡᠷᠡᠬᠦ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ | ᠪᠠᠶᠢᠭᠤᠯᠤᠯᠲᠠ ᠳᠤ ᠪᠡᠯᠡ ᠣᠷᠣᠭᠤᠯᠬᠤ ᠰᠠᠭᠤᠷᠢ ᠮᠥᠩᠭᠦ ᠶᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ | ᠠᠷᠠᠳ ᠤᠨ ᠬᠥᠷᠥᠩᠭᠡ ᠶᠢ ᠬᠤᠪᠢ ᠪᠠᠷ ᠢᠶᠠᠨ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠡᠭᠦᠰᠭᠡᠨ ᠪᠠᠶᠢᠭᠤᠯᠤᠨ | ᠭᠤᠣᠯᠳᠠᠭᠤ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠰᠠᠭᠤᠷᠢ ᠪᠡᠯᠡᠳᠬᠡᠮᠵᠢ᠂ ᠣᠷᠣᠨ ᠪᠦᠰᠡ ᠶᠢᠨ ᠨᠡᠭᠡᠭᠡᠨ ᠬᠥᠭᠵᠢᠭᠦᠯᠦᠯᠲᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠵᠡᠷᠭᠡ ᠬᠦᠷᠢᠶᠡᠨ ᠳᠠᠬᠢ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠪᠡᠯᠡ ᠣᠷᠣᠭᠤᠯᠬᠤ ᠶᠢ ᠵᠣᠷᠢᠭᠵᠢᠭᠤᠯᠵᠤ᠂ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠪᠠᠷ ᠬᠤᠪᠢᠴᠠᠭ᠎ᠠ ᠬᠤᠳᠠᠯᠳᠤᠨ ᠠᠪᠴᠤ | ᠰᠠᠭᠤᠷᠢ ᠮᠥᠩᠭᠦ ᠶᠢᠨ ᠬᠥᠭᠵᠢᠯᠲᠡ ᠶᠢ ᠳᠡᠮᠵᠢᠬᠦ ᠬᠠᠮᠢᠶ᠎ᠠ ᠪᠥᠬᠦᠢ ᠬᠠᠮᠢᠶᠠᠷᠤᠯᠲᠠ ᠶᠢᠨ ᠠᠷᠭ᠎ᠠ ᠶᠢ ᠭᠠᠷᠳᠠᠨ | ᠰᠤᠳᠤᠯᠤᠨ᠎ᠠ᠃ ᠪᠢᠳᠡ ᠶᠠᠭ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ ᠶᠢᠨ ᠲᠠᠪᠴᠠᠩ ᠢ | ᠭᠠᠷᠳᠠᠨ ᠪᠠᠶᠢᠭᠤᠯᠵᠤ᠂ ᠡᠨᠡ ᠬᠦ ᠲᠠᠪᠴᠠᠩ ᠢ ᠰᠠᠭᠤᠷᠢ ᠮᠥᠩᠭᠦ ᠶᠢ ᠬᠥᠭᠵᠢᠭᠦᠯᠬᠦ ᠦᠯᠢᠭᠡᠷ ᠳᠠᠭᠤᠷᠢᠶᠠᠯ ᠤᠨ | ᠢᠨᠵᠧᠨᠧᠷᠢᠩ ᠪᠣᠯᠭᠠᠨ ᠪᠠᠶᠢᠭᠤᠯᠵᠤ᠂ ᠦᠯᠢᠭᠡᠷ ᠳᠠᠭᠤᠷᠢᠶᠠᠯ ᠤᠨ ᠳᠠᠶᠢᠴᠢᠯᠠᠬᠤ ᠦᠢᠯᠡᠳᠦᠯ ᠪᠠᠳᠠᠷᠠᠭᠤᠯᠬᠤ ᠶᠢ | ᠬᠦᠰᠡᠵᠦ ᠪᠤᠢ᠃ ᠳᠦᠷᠪᠡ ᠳᠤ᠂ ᠨᠡᠶᠢᠭᠡᠮ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠵᠣᠷᠢᠭᠵᠢᠭᠤᠯᠬᠤ᠂ | ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ︵PPP︶ ᠶᠢᠨ ᠬᠡᠪ ᠵᠠᠭᠪᠤᠷ ᠢ | ᠶᠡᠬᠡᠪᠡᠷ ᠳᠡᠯᠭᠡᠷᠡᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ | ᠮᠠᠶ᠋ᠢᠭ᠂ ᠠᠰᠢᠭ ᠤᠯᠬᠤ ᠵᠠᠭᠪᠤᠷ᠂ ᠪᠡᠯᠡ ᠣᠷᠣᠭᠤᠯᠤᠯᠲᠠ ᠶᠢᠨ ᠠᠰᠢᠭ ᠬᠦᠷᠳᠡᠬᠦ ᠵᠡᠷᠭᠡ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠨᠡᠶᠢᠭᠡᠮ ᠤᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ | ᠳᠠᠶᠢᠴᠢᠯᠠᠬᠤ ᠪᠣᠯᠣᠨ᠎ᠠ᠃ | ᠬᠥᠲᠥᠯᠥᠭᠴᠢ᠄ | ᠵᠠ᠂ ᠯᠢᠦ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠬᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ | ᠲᠤᠰᠬᠠᠶ ᠮᠡᠷᠭᠡᠵᠢᠯ ᠤᠨ ᠡᠭᠦᠳᠡᠨ ᠠᠴᠠ ᠢᠷᠡᠵᠦ ᠮᠠᠰᠢ ᠨᠠᠷᠢᠨ ᠨᠢᠮᠪᠠᠢ ᠲᠠᠶᠢᠯᠪᠤᠷᠢᠯᠠᠭᠰᠠᠨ ᠪᠠᠶᠢᠨ᠎ᠠ᠂ ᠰᠦᠯᠵᠢᠶᠡᠨ ᠤ | ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠯ᠎ᠠ︕ ᠴᠠᠭ ᠤᠨ ᠬᠠᠷᠠᠭ᠎ᠠ ᠠᠴᠠ ᠪᠤᠯᠵᠤ᠂ ᠥᠨᠥᠳᠦᠷ ᠤᠨ | ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕ |