| ᠰᠤᠷᠪᠤᠯᠵᠢᠯᠠᠭᠰᠠᠨ ᠴᠠᠭ᠄ | 2017 ᠣᠨ ᠤ 3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠬᠡᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠠᠶᠢᠬᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠭᠦᠳᠦᠨ ᠪᠠᠶᠢᠭᠤᠯᠤᠭᠰᠠᠨ᠂ ᠵᠠᠰᠠᠭ ᠤᠨ ᠣᠷᠳᠣᠨ ᠢᠶᠠᠷ | ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠭᠰᠠᠨ ︽1 + 1 + 1︾ ︵ | ︽ᠢᠨᠲ᠋ᠧᠷ ᠰᠦᠯᠵᠢᠶ᠎ᠡ +᠂ ᠨᠢᠭᠡ ᠤᠶᠤᠨ ᠤ ᠬᠥᠮᠥᠷᠭᠡ᠂ ᠨᠢᠭᠡ ᠬᠦᠷᠢᠶᠡᠯᠡᠩ ᠲᠣᠭᠤᠷᠢᠭ︶ ᠳᠤ ᠲᠦᠰᠢᠭᠯᠡᠨ᠂ ︽ | ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ | ᠤᠯᠠᠨ ᠢᠶᠠᠷ ᠢᠶᠠᠨ ᠴᠤᠭᠯᠠᠭᠤᠯᠬᠤ︾ ᠵᠠᠭᠪᠤᠷ ᠢ ᠬᠡᠷᠡᠭᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠪᠣᠯᠤᠨ ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠢ ᠲᠠᠰᠤᠷᠠᠭ᠎ᠠ ᠦᠭᠡᠶ ᠡᠮᠬᠢᠯᠡᠨ ᠨᠡᠶᠢᠯᠡᠭᠦᠯᠵᠦ᠂ ᠪᠦᠭᠦ | ᠡᠯᠧᠮᠧᠨ᠋ᠲ ᠂ ᠥᠪᠡᠷ ᠤᠨ ᠦᠷᠳᠡᠭ ᠳᠣᠣᠷ᠎ᠠ᠂ ᠳᠥᠭᠦᠮ ᠳᠥᠲᠡ᠂ ᠨᠡᠭᠡᠭᠡᠯᠲᠡᠲᠦ ᠬᠡᠯᠪᠡᠷᠢ ᠶᠢᠨ ᠠᠳᠠᠯ ᠦᠢᠯᠡᠰ | ᠴᠣᠭᠴᠠᠯᠠᠬᠤ ᠵᠠᠬ᠎ᠠ ᠳᠡᠯᠭᠡᠭᠦᠷ ᠪᠣᠯᠣᠨ᠎ᠠ᠃ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ | ᠱᠧᠩ ᠢ ᠰᠦᠯᠵᠢᠶᠡᠨ ᠳᠤ ᠤᠷᠢᠵᠤ ᠲᠠ ᠪᠦᠬᠦᠨ ᠲᠠᠢ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ | ᠠᠵᠢᠯ ᠤᠨ ᠲᠣᠬᠠᠢ ᠶᠠᠷᠢᠯᠴᠠᠭᠤᠯᠬᠤ ᠪᠠᠷ ᠪᠣᠯᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ | ᠤᠷᠤᠯᠴᠠᠬᠤ ᠪᠣᠯᠪᠠᠤ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ︽ᠳᠤᠮᠳᠠᠳᠤ ᠤᠯᠤᠰ ᠤᠨ | ᠥᠪᠥᠷ ᠮᠣᠩᠭᠤᠯ︾ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠪᠤᠯᠤᠩ ᠢ ᠬᠦᠯᠢᠶᠡᠨ ᠠᠪᠴᠤ ᠦᠵᠡᠬᠦ ᠶᠢ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ | ᠪᠠᠶᠢᠴᠠᠭᠠᠭᠴᠢ ᠯᠢᠦ ᠬᠤᠤ ᠱᠧᠩ ᠢ ᠰᠦᠯᠵᠢᠶᠡᠨ ᠳᠤ ᠤᠷᠢᠵᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ | ᠠᠵᠢᠯ ᠤᠨ ᠲᠣᠬᠠᠢ ᠲᠠ ᠪᠦᠬᠦᠨ ᠲᠠᠢ ᠶᠠᠷᠢᠯᠴᠠᠭᠤᠯᠬᠤ ᠪᠥᠭᠡᠳ ᠰᠦᠯᠵᠢᠶᠡᠨ ᠠᠨᠳᠠ ᠨᠡᠷ ᠤᠨ ᠠᠰᠠᠭᠤᠯᠲᠠ ᠶᠢ | ᠬᠠᠷᠢᠭᠤᠯᠬᠤ ᠪᠠᠷ ᠪᠣᠯᠣᠯ᠎ᠠ᠃ | ᠯᠢᠦ ᠬᠤᠤ ᠱᠧᠩ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠦᠦ︕ ᠠᠳᠡ ᠲᠠ | ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠡᠨᠡ ᠬᠦ ᠲᠠᠰᠢᠷᠠᠮ ᠳᠤ᠂ | ᠪᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠡᠮᠦᠨ᠎ᠡ ᠠᠴᠠ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠠᠵᠢᠯ ᠳᠤ ᠢᠮᠠᠭᠲᠠ ᠰᠡᠳᠬᠢᠯ | ᠲᠠᠯᠪᠢᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠬᠥᠲᠥᠯᠥᠭᠴᠢ᠄ | ᠮᠠᠨ ᠤ ᠣᠶᠢᠯᠠᠭᠠᠵᠤ ᠮᠡᠳᠡᠭᠰᠡᠨ ᠢᠶᠠᠷ᠂ ᠮᠠᠨ ᠤ ᠣᠷᠣᠨ ᠤ ᠡᠭᠦᠳᠦᠨ ᠪᠠᠶᠢᠭᠤᠯᠤᠭᠰᠠᠨ ᠪᠦᠬᠦ ᠤᠯᠤᠰ ᠤᠨ | ᠠᠩᠬᠠᠳᠠᠭᠴᠢ ᠮᠤᠵᠢ ᠶᠢᠨ ᠳᠡᠰ ᠤᠨ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠨᠢ ︽ | 2016 ᠣᠨ ᠤ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠠᠷᠪᠠᠨ ᠶᠡᠭᠡ ᠶᠠᠪᠤᠳᠠᠯ ᠵᠢᠴᠢ ᠣᠷᠣᠨ | ᠨᠤᠲᠤᠭ ᠤᠨ ᠠᠵᠢᠯ ᠣᠯᠭᠤᠬᠤ ᠰᠢᠨ᠎ᠡ ᠶᠢ ᠡᠭᠦᠳᠦᠭᠰᠡᠨ ᠶᠠᠪᠤᠳᠠᠯ︾ ᠢᠶᠠᠷ ᠦᠨᠡᠯᠡᠭᠳᠡᠪᠡ᠂ ᠲᠠ ᠡᠨᠡᠬᠦ ᠵᠠᠬ᠎ᠠ | ᠳᠡᠯᠭᠡᠭᠦᠷ ᠢ ᠪᠦᠲᠦᠭᠡᠨ ᠪᠠᠶᠢᠭᠤᠯᠤᠭᠰᠠᠨ ᠡᠭᠦᠰᠦᠴᠡ ᠶᠢ ᠮᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠬᠤᠤ ᠱᠧᠩ᠄ | ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠠᠳ᠂ ᠪᠢᠳᠠ ᠭᠦᠨᠵᠡᠭᠡᠶ | ᠣᠶᠢᠯᠠᠭᠠᠯᠲᠠ ᠲᠠᠢ ᠪᠣᠯᠪᠠ᠄ ᠨᠢᠭᠡ ᠳᠤ ᠠᠳᠠᠯ ᠦᠶ᠋ᠯᠡᠰ ᠴᠣᠭᠴᠠᠯᠠᠬᠤ ᠬᠦᠷᠢᠶᠡᠯᠡᠩ ᠢ ᠪᠦᠲᠦᠭᠡᠨ ᠪᠠᠶᠢᠭᠤᠯᠬᠤ ᠳᠤ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠵᠠᠰᠠᠭ ᠤᠨ ᠣᠷᠳᠣᠨ ᠪᠣᠯ ᠠᠳᠠᠯ | ᠦᠢᠯᠡᠰ ᠴᠣᠭᠴᠠᠯᠠᠬᠤ ᠶᠢ ᠲᠡᠳᠬᠦᠬᠦ ᠬᠠᠷᠠᠭᠠᠯᠵᠠᠯᠲᠤ ᠳᠦᠷᠦ ᠶᠢᠨ ᠪᠤᠳᠤᠯᠭ᠎ᠠ ᠲᠣᠭᠲᠠᠭᠠᠭᠴᠢ ᠪᠣᠯᠣᠨ ᠤᠯᠠᠨ | ᠨᠡᠶᠢᠲᠡ ᠶᠢᠨ ᠦᠢᠯᠡᠴᠢᠯᠡᠭᠡ ᠬᠠᠩᠭᠠᠭᠴᠢ ᠮᠥᠨ᠂ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠲᠣᠭᠲᠠᠴᠠ ᠪᠠᠷ | ᠠᠳᠠᠯ ᠦᠶ᠋ᠯᠡᠰ ᠴᠣᠭᠴᠠᠯᠠᠬᠤ ᠬᠦᠷᠢᠶᠡᠯᠡᠩ ᠢ ᠡᠵᠡᠩᠨᠡᠬᠦ ᠨᠢ ᠵᠠᠰᠠᠭ ᠤᠨ ᠣᠷᠳᠣᠨ ᠣᠷᠣᠨ ᠵᠠᠶ ᠣᠯᠭᠤᠬᠤ᠂ ᠵᠠᠬ᠎ᠠ | ᠳᠡᠯᠭᠡᠭᠦᠷ ᠠᠴᠠ ᠴᠢᠳᠠᠮᠵᠢ ᠬᠠᠩᠭᠠᠬᠤ᠂ ᠵᠠᠰᠠᠭ ᠤᠨ ᠣᠷᠳᠣᠨ ᠣᠷᠣᠬᠤ ᠡᠭᠦᠳᠡ ᠨᠡᠭᠡᠭᠡᠬᠦ᠂ ᠵᠠᠬ᠎ᠠ ᠳᠡᠯᠭᠡᠭᠦᠷ ᠭᠠᠷᠬᠤ | ᠡᠭᠦᠳᠡ ᠨᠡᠭᠡᠭᠡᠬᠦ᠂ ᠵᠠᠰᠠᠭ ᠤᠨ ᠣᠷᠳᠣᠨ ᠣᠷᠴᠢᠨ ᠲᠣᠭᠤᠷᠢᠨ ᠣᠯᠭᠤᠬᠤ᠂ ᠵᠠᠬ᠎ᠠ ᠳᠡᠯᠭᠡᠭᠦᠷ ᠠᠭᠤᠯᠤᠭᠳᠠᠬᠤᠨ | ᠬᠠᠩᠭᠠᠬᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠬᠤᠶᠠᠷ ᠲᠠᠯ᠎ᠠ ᠠᠴᠠ ᠬᠦᠴᠦᠯᠡᠵᠦ᠂ ᠠᠳᠠᠯ ᠦᠢᠯᠡᠰ | ᠴᠣᠭᠴᠠᠯᠠᠬᠤ ᠬᠦᠷᠢᠶᠡᠯᠡᠩ ᠤᠨ ᠬᠥᠭᠵᠢᠯᠲᠡ ᠶᠢᠨ ᠦᠷᠭᠦᠯᠵᠢᠯᠡᠬᠦ ᠴᠢᠨᠠᠷ ᠢ ᠨᠡᠩ ᠢᠯᠡᠭᠦᠦ ᠨᠡᠮᠡᠭᠳᠡᠭᠦᠯᠬᠦ ᠪᠣᠯᠣᠨ᠎ᠠ︔ | ᠬᠤᠶᠠᠷ ᠲᠤ ᠠᠳᠠᠯ ᠦᠢᠯᠡᠰ ᠴᠣᠭᠴᠠᠯᠠᠬᠤ ᠳᠤ ᠲᠤᠰᠠᠯᠠᠬᠤ ︽ᠳᠥᠷᠪᠡᠨ ᠣᠯᠠᠨ︾ ᠲᠠᠪᠴᠠᠩ ᠢ ᠡᠮᠬᠢᠯᠡᠨ | ᠨᠡᠶᠢᠯᠡᠭᠦᠯᠬᠦ ᠴᠢᠬᠤᠯᠠᠲᠠᠶ ᠶᠤᠮ᠃ ᠥᠨᠥ ᠶᠢᠨ ᠴᠠᠭ ᠦᠶ᠎ᠡ ᠳᠤ᠂ ᠢᠨᠲ᠋ᠧᠷ ᠰᠦᠯᠵᠢᠶ᠎ᠡ ᠨᠢ ᠤᠰᠤ᠂ ᠴᠠᠬᠢᠯᠭᠠᠨ᠂ | ᠭᠠᠵᠠᠷ ᠰᠢᠷᠣᠶ ᠲᠠᠢ ᠠᠳᠠᠯᠢ ᠪᠠᠷ ᠦᠢ ᠣᠯᠠᠨ ᠢᠶᠠᠷ ᠢᠶᠠᠨ ᠠᠳᠠᠯ ᠦᠶ᠋ᠯᠡᠰ ᠴᠣᠭᠴᠠᠯᠠᠬᠤ ᠳᠤ ᠳᠤᠲᠠᠭᠳᠠᠵᠤ ᠪᠣᠯᠤᠰᠢ | ᠦᠭᠡᠢ ᠴᠢᠬᠤᠯᠠ ᠬᠦᠴᠦᠨ ᠵᠦᠢᠯ ᠪᠣᠯᠵᠤ᠂ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ | ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠠᠷᠭ᠎ᠠ ᠪᠠᠷ ᠪᠡᠯᠡ ᠴᠤᠭᠯᠠᠭᠤᠯᠬᠤ ᠵᠡᠷᠭᠡ ︽ᠢᠨᠲ᠋ᠧᠷ ᠰᠦᠯᠵᠢᠶ᠎ᠡ +︾ | ᠶᠢᠨ ᠵᠠᠭᠪᠤᠷ ᠨᠢ ᠨᠢᠭᠡᠨᠲᠡ ᠤᠯᠤᠰ ᠤᠨ ᠭᠤᠣᠯ ᠳᠡᠯᠭᠡᠷᠡᠭᠦᠯᠬᠦ ᠠᠳᠠᠯ ᠦᠢᠯᠡᠰ ᠴᠣᠭᠴᠠᠯᠠᠬᠤ ᠲᠤᠰᠠᠯᠠᠮᠵᠢ ᠲᠠᠪᠴᠠᠩ | ᠪᠣᠯᠵᠤ ᠪᠠᠶᠢᠨ᠎ᠠ᠃ ᠣᠳᠣᠬᠠᠨ ᠳᠤ ᠮᠠᠨ ᠤ ᠣᠷᠣᠨ ᠤ ︽ᠳᠥᠷᠪᠡᠨ ᠣᠯᠠᠨ︾ ᠤ ᠲᠠᠪᠴᠠᠩ ᠤᠨ ᠣᠯᠠᠩᠬᠢ ᠨᠢ | ᠲᠠᠷᠠᠬᠠᠶ ᠪᠤᠲᠠᠷᠬᠠᠶ ᠭᠠᠭᠴᠠᠭᠠᠷᠳᠠᠮᠠᠯ ᠪᠠᠶᠢᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠡᠮᠬᠢᠯᠡᠨ ᠨᠡᠶᠢᠯᠡᠭᠦᠯᠬᠦ | ᠴᠢᠬᠤᠯᠠᠲᠠᠶ ᠪᠠᠶᠢᠬᠤ ᠪᠦᠭᠡᠳ ᠡᠭᠦᠨ ᠤ ᠤᠯᠠᠮ ᠢᠶᠠᠷ ᠲᠡᠭᠦᠨ ᠤ ᠶᠡᠷᠦᠩᠬᠡᠶᠢᠯᠡᠭᠰᠡᠨ ᠦᠢᠯᠡᠳᠦᠯ ᠢ ᠨᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ ᠪᠠᠶᠢᠨ᠎ᠠ︔ ᠭᠤᠷᠪᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ | ᠪᠣᠯ ᠳᠥᠷᠪᠡᠨ ᠣᠯᠠᠨ ᠢᠶᠠᠷ ᠠᠳᠠᠯ ᠦᠢᠯᠡᠰ ᠴᠣᠭᠴᠠᠯᠠᠬᠤ ᠶᠢᠨ ᠭᠤᠣᠯ ᠲᠤᠯᠭᠠᠭᠤᠷᠢ ᠮᠥᠨ᠃ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯ ᠠᠳᠠᠯ ᠦᠢᠯᠡᠰ ᠴᠣᠭᠴᠠᠯᠠᠬᠤ ᠠᠵᠢᠯᠯᠭ᠎ᠠ ᠳᠤᠮᠳᠠ ᠶᠠᠭᠤᠨ ᠤ | ᠡᠮᠦᠨ᠎ᠡ ᠪᠠᠳᠠᠷᠠᠬᠤ ᠪᠥᠭᠡᠳ ᠥᠨᠢ ᠡᠭᠦᠷᠢᠳᠡ ᠦᠷᠭᠦᠯᠵᠢᠯᠡᠨ ᠳᠠᠭᠠᠬᠤ ᠦᠢᠯᠡᠳᠪᠦᠷᠢᠯᠡᠯ ᠤᠨ ᠴᠢᠬᠤᠯᠠ | ᠡᠯᠧᠮᠧᠨ᠋ᠲ ᠶᠢᠨ ᠵᠠᠬ᠎ᠠ ᠳᠡᠯᠭᠡᠭᠦᠷ ᠮᠥᠨ᠂ ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠯᠦᠭᠡ ᠶᠢᠨ ᠨᠡᠶᠢᠯᠡᠯ ᠢ | ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠯᠦᠭᠡᠯᠡᠪᠡᠯ᠂ ᠦᠢ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠵᠤ ᠲᠦᠭ ᠲᠦᠮᠨ ᠪᠠᠷ ᠢᠶᠠᠨ ᠰᠢᠨ᠎ᠡ ᠶᠢ ᠡᠭᠦᠳᠬᠦ ᠶᠢ ᠨᠡᠩ ᠰᠠᠶᠢᠲᠤᠷ ᠲᠦᠯᠬᠢᠨ | ᠠᠬᠢᠭᠤᠯᠵᠤ ᠴᠢᠳᠠᠨ᠎ᠠ᠃ ᠳᠡᠭᠡᠷᠡᠬᠢ ᠵᠦᠢᠯ ᠳᠤ ᠰᠠᠭᠤᠷᠢᠯᠠᠨ᠂ ᠮᠠᠨ ᠤ ᠣᠷᠣᠨ ᠪᠦᠬᠦ ᠤᠯᠤᠰ ᠤᠨ ᠠᠩᠬᠠᠳᠠᠭᠴᠢ | ᠪᠦᠭᠦ ᠡᠯᠧᠮᠧᠨ᠋ᠲ᠂ ᠳᠥᠭᠦᠮ ᠳᠥᠲᠡ᠂ ᠥᠪᠡᠷ ᠤᠨ ᠦᠷᠳᠡᠭ ᠳᠣᠣᠷ᠎ᠠ᠂ ᠨᠡᠭᠡᠭᠡᠯᠲᠡᠲᠦ ᠬᠡᠯᠪᠡᠷᠢ ᠶᠢᠨ ᠳᠥᠷᠪᠡᠨ | ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠢ ᠡᠭᠦᠳᠦᠨ ᠪᠠᠶᠢᠭᠤᠯᠪᠠ᠃ | ᠬᠦᠲᠦᠯᠦᠭᠴᠢ᠄ | ︽ᠳᠥᠷᠪᠡᠨ ᠣᠯᠠᠨ︾ ᠭᠡᠳᠡᠭ ᠨᠢ ᠠᠯᠢ ︽ᠳᠥᠷᠪᠡᠨ ᠣᠯᠠᠨ︾ ᠢ ᠵᠢᠭᠠᠵᠤ ᠪᠠᠶᠢᠭ᠎ᠠ ᠪᠤᠢ︖ ᠬᠡᠷᠬᠢᠨ | ᠤᠶᠢᠯᠠᠭᠠᠪᠠᠯ ᠵᠤᠬᠢᠬᠤ ᠪᠤᠢ︖ | ᠯᠢᠦ ᠬᠤᠤ ᠱᠧᠩ᠄ | ︽ᠳᠥᠷᠪᠡᠨ ᠣᠯᠠᠨ︾ ᠭᠡᠳᠡᠭ ᠨᠢ ︽ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ | ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠢᠶᠠᠷ ᠢᠶᠠᠨ ᠪᠡᠯᠡ ᠴᠤᠭᠯᠠᠭᠤᠯᠬᠤ︾ ᠲᠠᠪᠴᠠᠩ ᠢ | ᠵᠢᠭᠠᠵᠤ ᠪᠠᠶᠢᠨ᠎ᠠ᠃ ︽ᠳᠥᠷᠪᠡᠨ ᠣᠯᠠᠨ︾ ᠵᠠᠬ᠎ᠠ ᠳᠡᠯᠭᠡᠭᠦᠷ ᠤᠨ ᠳᠤᠲᠤᠷ᠎ᠠ᠂ ᠤᠯᠠᠨ ᠢᠶᠠᠷ ᠢᠶᠠᠨ ᠡᠭᠦᠳᠬᠦ | ᠲᠠᠪᠴᠠᠩ ᠪᠤᠯ ᠠᠳᠠᠯ ᠦᠢᠯᠡᠰ ᠴᠤᠭᠴᠠᠯᠠᠬᠤ ᠬᠥᠭᠵᠢᠯᠲᠡ ᠶᠢᠨ ᠤᠷᠤᠨ ᠵᠠᠶ ᠪᠤᠯᠤᠨ᠎ᠠ᠃ ᠡᠨᠡ ᠬᠦ ᠤᠷᠤᠨ ᠵᠠᠢ ᠳᠤ᠂ | ᠥᠪᠥᠷ ᠮᠣᠩᠭᠤᠯ ᠤᠨ ᠣᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠠᠬᠤᠶᠢᠯᠠᠯ ᠤᠳ ᠬᠤᠯᠪᠤᠭᠠᠯᠠᠨ ᠤᠯᠠᠨ ᠢᠶᠠᠷ ᠢᠶᠠᠨ ᠡᠭᠦᠳᠬᠦ ᠲᠠᠪᠴᠠᠩ ᠢ ᠪᠠᠶᠢᠭᠤᠯᠵᠤ᠂ ᠡᠨᠡ ᠬᠦ | ᠲᠠᠪᠴᠠᠩ ᠢᠶᠠᠷ ᠳᠠᠮᠵᠢᠭᠤᠯᠤᠨ ᠬᠠᠩᠵᠧᠦ᠂ ᠱᠠᠩᠬᠠᠶ᠂ ᠱᠧᠨᠧᠨ ᠵᠡᠷᠭᠡ 200 ᠭᠠᠷᠤᠶ ᠲᠠᠪᠴᠠᠩ ᠯᠤᠭ᠎ᠠ ᠪᠥᠬᠦ | ᠨᠡᠶᠢᠭᠡᠮ ᠤᠨ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠪᠯᠡᠷᠡᠬᠦᠯᠦᠭᠰᠡᠨ ᠤ ᠬᠠᠮᠲᠤ ᠠᠳᠠᠯ | ᠦᠢᠯᠡᠰ ᠴᠤᠭᠴᠠᠯᠠᠭᠴᠢᠳ ᠤᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠥᠪᠡᠷ ᠤᠨ ᠦᠷᠳᠡᠭ ᠢ ᠨᠢ | ᠪᠠᠭᠤᠷᠠᠭᠤᠯᠵᠤ᠂ ᠠᠳᠠᠯ ᠦᠢᠯᠡᠰ ᠴᠤᠭᠴᠠᠯᠠᠭᠴᠢᠳ ᠢ ᠴᠥᠮ ᠰᠢᠨ᠎ᠡ ᠶᠢ ᠡᠭᠦᠳᠬᠦ ᠳᠤ ᠤᠷᠤᠯᠴᠠᠭᠤᠯᠵᠤ᠂ ᠦᠢ | ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠦᠢ ᠤᠯᠠᠨ ᠤ ᠤᠢ ᠪᠢᠯᠢᠭ ᠢ ᠨᠡᠭᠡᠭᠡᠭᠳᠡᠬᠦᠯᠬᠦ ᠪᠠᠶᠢᠳᠠᠯ ᠢ ᠪᠤᠢ ᠪᠤᠯᠭᠠᠪᠠ︔ | ᠤᠯᠠᠨ ᠢᠶᠠᠷ ᠢᠶᠠᠨ ᠳᠡᠮᠵᠢᠯᠴᠡᠬᠦ ᠲᠠᠪᠴᠠᠩ ᠪᠣᠯ ᠠᠳᠠᠯ ᠦᠢᠯᠡᠰ ᠴᠣᠭᠴᠠᠯᠠᠬᠤ ᠴᠢᠬᠤᠯᠠ ᠠᠴᠢᠶᠠᠯᠠᠭᠴᠢ ᠮᠥᠨ᠃ | ᠡᠨᠡ ᠬᠦ ᠠᠴᠢᠶᠠᠯᠠᠭᠴᠢ ᠳᠤᠲᠤᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ ᠬᠦᠷᠢᠶᠡᠯᠡᠩ ᠨᠢ ᠳᠥᠷᠪᠡᠨ ᠣᠯᠠᠨ ᠠᠳᠠᠯ ᠦᠢᠯᠡᠰ | ᠴᠣᠭᠴᠠᠯᠠᠬᠤ ᠵᠠᠬ᠎ᠠ ᠳᠡᠯᠭᠡᠭᠦᠷ ᠤᠨ ᠠᠴᠢᠶᠠᠯᠠᠭᠴᠢ ᠪᠤᠯᠵᠤ᠂ ᠥᠪᠥᠷ ᠮᠣᠩᠭᠤᠯ ᠤᠨ ᠳᠥᠷᠪᠡᠨ ᠣᠯᠠᠨ ᠠᠳᠠᠯ | ᠦᠢᠯᠡᠰ ᠴᠣᠭᠴᠠᠯᠠᠬᠤ ᠵᠠᠬ᠎ᠠ ᠳᠡᠯᠭᠡᠭᠦᠷ ᠲᠤ ᠲᠠᠪᠤᠨ ᠶᠡᠭᠡ ᠴᠢᠳᠠᠮᠵᠢ ᠶᠢᠨ ᠲᠢᠩᠬᠢᠮ ᠤᠨ ᠳᠡᠮᠵᠢᠯᠭᠡ ᠦᠵᠡᠬᠦᠯᠬᠦ | ᠪᠤᠯᠤᠨ᠎ᠠ᠃ ᠬᠦᠷᠢᠶᠡᠯᠡᠩ ᠲᠣᠭᠤᠷᠢᠭ ᠲᠤ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠦᠬᠦᠢ ᠪᠦᠷᠢᠨ | ᠲᠦᠬᠦᠷ ᠠᠵᠤ ᠦᠢᠯᠡᠰ 300 ᠰᠢᠬᠠᠮ ᠲᠦᠪᠯᠡᠷᠡᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠠᠮᠢ ᠠᠬᠤᠶ ᠶᠢᠨ ᠬᠦᠷᠢᠶ᠎ᠡ ᠶᠢ ᠪᠦᠬᠦ ᠡᠯᠧᠮᠧᠨ᠋ᠲ ᠢᠶᠠᠷ ᠴᠤᠭᠴᠠᠯᠠᠪᠠ᠃ ᠲᠦᠯᠦᠪᠯᠡᠭᠰᠡᠨ ᠢᠶᠠᠷ | 2020 ᠣᠨ ᠪᠣᠯᠬᠤ ᠳᠤ᠂ ᠬᠦᠷᠢᠶᠡᠯᠡᠩ ᠲᠣᠭᠤᠷᠢᠭ ᠵᠢᠴᠢ ᠲᠡᠭᠦᠨ ᠤ ᠵᠠᠬ᠎ᠠ ᠳᠡᠯᠭᠡᠭᠦᠷ ᠤᠨ ᠶᠡᠷᠦᠩᠬᠡᠶ | ᠵᠠᠬᠢᠷᠭ᠎ᠠ ᠳᠤ 1 ᠮᠢᠩᠭᠠᠨ ᠬᠥᠮᠦᠨ ᠢ ᠠᠮᠵᠢᠯᠲᠠ ᠲᠠᠢ ᠪᠠᠷ ᠠᠳᠠᠯ ᠦᠢᠯᠡᠰ ᠴᠤᠭᠴᠠᠯᠠᠭᠤᠯᠬᠤ ᠪᠠ 1 ᠲᠦᠮᠡᠨ | ᠬᠥᠮᠦᠨ ᠳᠤ ᠲᠤᠭᠲᠠᠭᠤᠨ ᠢᠶᠠᠷ ᠠᠵᠢᠯ ᠤᠯᠭᠤᠵᠤ᠂ ᠡᠷᠭᠢᠨ ᠲᠣᠭᠤᠷᠢᠨ ᠤ ᠤᠷᠤᠨ ᠪᠦᠰᠡ ᠶᠢᠨ ᠪᠦᠯᠦᠭᠯᠡᠯ ᠢ | ᠳᠠᠶᠢᠴᠢᠯᠠᠨ 5 ᠲᠦᠮᠡᠨ ᠬᠥᠮᠦᠨ ᠳᠤ ᠠᠵᠢᠯ ᠤᠯᠭᠤᠬᠤ ᠶᠢ ᠪᠡᠶᠡᠯᠡᠭᠦᠯᠦᠨ᠎ᠡ︔ ᠳᠡᠭᠡᠳᠦ ᠲᠡᠰ ᠳᠠᠪᠬᠤᠷᠭ᠎ᠠ ᠶᠢᠨ 10 | ᠪᠦᠯᠬᠦᠮ ᠨᠡᠶᠢᠲᠡ᠂ ᠳᠡᠭᠡᠳᠦ ᠲᠡᠰ ᠳᠠᠪᠬᠤᠷᠭ᠎ᠠ ᠶᠢᠨ 200 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 100 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠵᠦ᠂ 5 ᠠᠴᠠ ᠳᠡᠭᠡᠭᠰᠢ ᠠᠵᠤ ᠠᠬᠤᠶᠢᠯᠠᠯ ᠢ | ᠲᠡᠳᠭᠦᠨ ᠵᠠᠬ᠎ᠠ ᠳᠡᠯᠭᠡᠭᠦᠷ ᠲᠤ ᠭᠠᠷᠭᠠᠨ᠎ᠠ︔ ᠤᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠪᠣᠯ ᠠᠳᠠᠯ | ᠦᠢᠯᠡᠰ ᠴᠣᠭᠴᠠᠯᠠᠬᠤ ᠴᠢᠬᠤᠯᠠ ᠪᠡᠯᠡ ᠲᠣᠬᠢᠷᠠᠭᠤᠯᠬᠤ ᠠᠷᠭ᠎ᠠ ᠵᠠᠮ ᠮᠦᠨ᠂ ᠥᠪᠥᠷ ᠮᠣᠩᠭᠤᠯ ᠰᠢᠨᠵᠢᠯᠡᠬᠦ | ᠤᠬᠠᠭᠠᠨ ᠮᠡᠷᠭᠡᠵᠢᠯ ᠤᠨ ᠨᠢᠭᠡᠨ ᠰᠦᠯᠵᠢᠶᠡᠨ ᠤ ᠺᠣᠮᠫᠠᠨᠢ ᠪᠠᠷ ᠳᠠᠭᠠᠭᠤᠯᠤᠭᠴᠢ ᠨᠢᠭᠡᠴᠡ ᠪᠣᠯᠭᠠᠵᠤ᠂ ᠠᠳᠠᠯ ᠦᠶ᠋ᠯᠡᠰ | ᠴᠣᠭᠴᠠᠯᠠᠭᠴᠢ ᠳᠤ ᠡᠷᠳᠡᠮ ᠰᠢᠨᠵᠢᠯᠡᠭᠡ᠂ ᠪᠡᠯᠡ ᠮᠦᠡᠭᠭᠦ᠂ ᠲᠠᠪᠴᠠᠩ ᠤᠨ ᠡᠬᠢ ᠪᠠᠶᠠᠯᠢᠭ ᠢ ᠬᠠᠨᠭ᠍ᠭᠠᠵᠤ᠂ ᠥᠪᠥᠷ | ᠮᠣᠩᠭᠤᠯ ᠤᠨ ᠤᠯᠠᠨ ᠢᠶᠠᠷ ᠢᠶᠠᠨ ᠪᠡᠯᠡ ᠴᠤᠭᠯᠠᠭᠤᠯᠬᠤ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠲᠦᠯᠬᠢᠨ | ᠠᠬᠢᠭᠤᠯᠤᠨ᠎ᠠ︔ ᠤᠯᠠᠨ ᠨᠡᠶᠢᠲᠡ ᠳᠤ ᠳᠠᠭᠠᠭᠠᠴᠢᠯᠠᠭᠤᠯᠬᠤ ᠪᠣᠯ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ | ᠲᠠᠪᠴᠠᠩ ᠮᠦᠨ᠂ ᠥᠪᠥᠷ ᠮᠣᠩᠭᠤᠯ ᠲᠤᠰ ᠤᠷᠤᠨ ᠨᠤᠲᠤᠭ ᠤᠨ ᠢᠶᠠᠨ ᠡᠯᠧᠺᠲᠷᠤᠨ ᠬᠤᠳᠠᠯᠳᠤᠭᠠᠨ ᠤ | ᠦᠢᠯᠡᠴᠢᠯᠡᠭᠡᠨ ᠤ ᠺᠣᠮᠫᠠᠨᠢ ᠪᠠᠷ ᠳᠠᠭᠠᠭᠤᠯᠤᠭᠴᠢ ᠨᠢᠭᠡᠴᠡ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠲᠤᠰ | ᠤᠷᠤᠨ ᠨᠤᠲᠤᠭ ᠤᠨ ᠣᠯᠠᠨ ᠰᠢᠯᠢᠳᠡᠭ ᠠᠵᠤ ᠠᠬᠤᠶᠢᠯᠠᠯ ᠢ ᠲᠦᠪᠯᠡᠷᠡᠭᠦᠯᠵᠤ᠂ ᠠᠳᠠᠯ ᠦᠢᠯᠡᠰ ᠴᠤᠭᠴᠠᠯᠠᠭᠴᠢ | ᠬᠢᠭᠡᠳ ᠤᠯᠠᠮᠵᠢᠯᠠᠯᠲᠤ ᠠᠵᠤ ᠠᠬᠤᠶᠢᠯᠠᠯ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ | ᠬᠠᠩᠭᠠᠵᠤ᠂ ᠤᠯᠠᠮᠵᠢᠯᠠᠯᠲᠤ ᠠᠵᠤ ᠠᠬᠤᠶᠢᠯᠠᠯ ᠢ ᠬᠠᠪᠰᠤᠷᠴᠤ ᠪᠠᠶᠢᠭᠠᠳ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠬᠦᠷᠢᠶ᠎ᠡ ᠶᠢ ᠦᠷᠭᠡᠳᠭᠡᠨ᠎ᠡ᠃ ᠤᠶᠤᠨ ᠤ ᠬᠥᠮᠥᠷᠭᠡ ᠨᠢ ᠠᠳᠠᠯ ᠦᠢᠯᠡᠰ ᠴᠣᠭᠴᠠᠯᠠᠭᠴᠢ ᠶᠢᠨ ᠶᠡᠭᠡ | ᠲᠠᠷᠢᠬᠢ ᠪᠤᠯᠤᠨ ᠵᠢᠯᠣᠭᠤᠳᠬᠤ ᠲᠥᠪ ᠲᠠᠢ ᠠᠳᠠᠯᠢ ᠶᠤᠮ᠂ ᠥᠪᠥᠷ ᠮᠣᠩᠭᠤᠯ ᠤᠨ ᠪᠦᠬᠦ ᠤᠯᠤᠰ ᠤᠨ ᠠᠩᠬᠠᠳᠠᠭᠴᠢ | ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠲᠤ᠂ ᠣᠶᠤᠨ ᠤ ᠬᠥᠮᠥᠷᠭᠡ ᠶᠢ ᠠᠩᠬ᠎ᠠ | ᠤᠳᠠᠭ᠎ᠠ ᠣᠷᠣᠭᠤᠯᠵᠤ᠂ ︽ᠳᠥᠷᠪᠡᠨ ᠣᠯᠠᠨ︾ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠪᠠ ᠠᠳᠠᠯ ᠦᠢᠯᠡᠰ | ᠴᠤᠭᠴᠠᠯᠠᠭᠴᠢᠳ ᠤᠨ ᠠᠳᠠᠯ ᠦᠢᠯᠡᠰ ᠴᠤᠭᠴᠠᠯᠠᠬᠤ ᠳᠤᠨᠢ ᠠᠷᠭ᠎ᠠ ᠤᠬᠠᠭᠠᠨ ᠭᠠᠷᠭᠠᠨ ᠦᠭᠴᠦ ᠪᠠᠶᠢᠨ᠎ᠠ᠃ | ᠬᠥᠲᠥᠯᠥᠭᠴᠢ᠄ | ᠯᠢᠦ ᠡᠷᠬᠢᠯᠡᠭᠴᠢ ᠡ᠂ ᠤᠳᠤᠬᠠᠨ ᠳᠤ᠂ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ | ᠳᠡᠯᠭᠡᠭᠦᠷ ᠢ ᠬᠡᠷᠬᠢᠨ ᠡᠵᠡᠩᠨᠡᠵᠤ ᠪᠠᠶᠢᠭ᠎ᠠ ᠪᠤᠢ︖ ᠨᠢᠭᠡᠨᠲᠡ ᠶᠠᠮᠠᠷ ᠬᠦ ᠦᠷ᠎ᠡ ᠪᠦᠲᠦᠮᠵᠢ ᠤᠯᠤᠭᠰᠠᠨ ᠪᠤᠢ︖ | ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢᠦ ᠬᠤᠤ ᠱᠧᠩ᠄ | 1 ᠳ᠋ᠤᠭᠡᠷ ᠰᠠᠷ᠎ᠠ ᠶᠢᠨ 19 ᠤ ᠡᠳᠦᠷ᠂ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ | ᠳᠡᠯᠭᠡᠭᠦᠷ ᠵᠢᠩᠬᠢᠨᠢ ᠪᠠᠷ ᠢᠯᠡᠷᠭᠡᠶᠢᠯᠡᠯ ᠡᠯᠬᠦᠪᠡ᠃ ᠲᠤᠰ ᠵᠠᠬ᠎ᠠ ᠳᠡᠯᠭᠡᠭᠦᠷ ᠨᠢ ᠵᠠᠰᠠᠭ ᠤᠨ ᠣᠷᠳᠣᠨ ᠢᠶᠠᠷ | ᠵᠢᠯᠤᠭᠤᠳᠤᠮᠵᠢ ᠪᠤᠯᠭᠠᠵᠤ᠂ ᠠᠵᠤ ᠠᠬᠤᠶᠢᠯᠠᠯ ᠡᠵᠡᠩᠨᠡᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷᠰᠢᠯ ᠢ | ᠠᠪᠴᠤ᠂ ᠢᠨᠲ᠋ᠧᠷ ᠰᠦᠯᠵᠢᠶ᠎ᠡ + ᠥᠪᠥᠷ ᠮᠣᠩᠭᠤᠯ ᠤᠨ ᠪᠧᠶ ᠴᠧᠨ ᠣᠶᠤᠨ ᠤ ᠬᠥᠮᠥᠷᠭᠡ + ᠬᠥᠬᠡᠬᠤᠲᠠ ᠶᠢᠨ | ᠰᠠᠶᠢᠬᠠᠨ ᠲᠣᠭᠤᠷᠢᠭ ᠤᠨ ᠶᠢᠨ ᠴᠢᠶᠣᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ | ᠬᠦᠷᠢᠶᠡᠯᠡᠩ ᠳᠤ ᠲᠦᠰᠢᠭᠯᠡᠵᠤ᠂ ᠥᠪᠥᠷ ᠮᠣᠩᠭᠤᠯ ᠤᠨ ᠲᠦᠡᠭ ᠶᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠩᠨᠡᠵᠤ᠂ ᠵᠠᠬ᠎ᠠ ᠳᠡᠯᠭᠡᠭᠦᠷ ᠤᠨ ᠠᠳᠠᠯ ᠦᠢᠯᠡᠰ ᠴᠤᠭᠴᠠᠯᠠᠬᠤ ᠶᠢ | ᠲᠦᠯᠬᠢᠨ ᠠᠬᠢᠭᠤᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠵᠡᠭᠦᠯᠬᠦ ᠤᠷᠢᠳᠠᠪᠡᠷ ᠪᠠᠳᠠᠷᠠᠬᠤ ᠪᠥᠭᠡᠳ | ᠥᠨᠢ ᠡᠭᠦᠷᠢᠳᠡ ᠦᠷᠭᠦᠯᠵᠢᠯᠡᠨ ᠳᠠᠭᠠᠬᠤ ᠳᠠᠭᠠᠭᠤᠯᠤᠭᠴᠢ ᠶᠢᠨ ᠦᠢᠯᠡᠳᠦᠯ ᠢ ᠨᠢ ᠪᠠᠳᠠᠷᠠᠭᠤᠯᠵᠤ᠂ ᠤᠯᠠᠨ ᠢᠶᠠᠷ ᠢᠶᠠᠨ | ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠣᠯᠠᠨ ᠢᠶᠠᠷ ᠢᠶᠠᠨ ᠪᠡᠯᠡ | ᠴᠤᠭᠯᠠᠭᠤᠯᠬᠤ ᠲᠠᠪᠴᠠᠩ ᠢ ᠠᠰᠢᠭᠯᠠᠵᠤ᠂ ᠴᠣᠭᠴᠠᠯᠠᠭᠴᠢ᠂ ᠲᠠᠯᠠᠪᠤᠷ᠂ ᠲᠣᠭᠲᠠᠴᠠ ᠪᠣᠯᠤᠨ ᠪᠠᠭᠠᠵᠢ ᠬᠡᠷᠡᠭᠰᠡᠯ ᠢ | ᠡᠮᠬᠢᠯᠡᠨ ᠨᠡᠶᠢᠯᠡᠭᠦᠯᠵᠦ᠂ ᠬᠠᠩᠭᠠᠯᠭ᠎ᠠ ᠶᠢᠨ ᠲᠠᠯ᠎ᠠ ᠬᠢᠭᠡᠳ ᠬᠡᠷᠡᠭᠴᠡᠭᠡᠨ ᠤ ᠲᠠᠯ᠎ᠠ ᠶᠢ ᠴᠠᠭ ᠲᠤᠬᠠᠶ ᠳᠤᠨᠢ | ᠵᠤᠯᠭᠠᠭᠤᠯᠬᠤ ᠶᠢ ᠨᠢᠭᠡᠳᠦᠯᠲᠡᠶ ᠲᠥᠯᠥᠪᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ + | ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠢ ᠠᠭᠤᠰᠤᠯᠴᠠᠭᠤᠯᠤᠨ ᠨᠦᠬᠦᠴᠡᠯᠳᠦᠬᠦᠯᠬᠦ ᠶᠢ ᠲᠠᠰᠤᠷᠠᠯᠳᠠ ᠦᠭᠡᠢ | ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ ᠴᠢᠯᠦᠭᠡᠯᠡᠵᠤ᠂ ᠴᠢᠳᠠᠪᠤᠷᠢᠲᠠᠨ᠂ | ᠲᠦᠷᠦᠯ ᠵᠦᠢᠯ᠂ ᠲᠠᠪᠴᠠᠩ᠂ ᠡᠳ᠋ ᠬᠦᠷᠦᠩᠭᠡ᠂ ᠠᠵᠤ ᠠᠬᠤᠶᠢᠯᠠᠯ ᠵᠡᠷᠭᠡ ᠶᠢ ᠲᠦᠪᠯᠡᠷᠡᠭᠦᠯᠦᠨ᠂ ᠪᠥᠬᠦ | ᠡᠯᠧᠮᠧᠨ᠋ᠲ ᠤᠨ ᠵᠠᠬ᠎ᠠ ᠳᠡᠯᠭᠡᠭᠦᠷ᠂ ᠪᠦᠬᠦ ᠠᠮᠢ ᠨᠠᠰᠤᠨ ᠤ ᠦᠶᠡᠯᠡᠯ᠂ ᠪᠦᠬᠦ ᠠᠵᠤ ᠦᠢᠯᠡᠰ ᠤᠨ ᠬᠡᠯᠬᠢᠶᠡᠲᠦ | ᠦᠢᠯᠡᠴᠢᠯᠡᠭᠡ ᠶᠢ ᠬᠠᠨᠭ᠍ᠭᠠᠵᠤ᠂ ᠠᠳᠠᠯ ᠦᠢᠯᠡᠰ ᠴᠣᠭᠴᠠᠯᠠᠬᠤ ᠳᠤ ᠲᠠᠯᠠᠪᠤᠷ ᠲᠠᠢ᠂ ᠠᠷᠠᠯᠵᠢᠶᠠᠯᠠᠬᠤ ᠳᠤ | ᠲᠠᠪᠴᠠᠩ ᠲᠠᠢ᠂ ᠠᠵᠢᠯᠯᠠᠬᠤ ᠳᠤ ᠲᠦᠷᠦᠯ ᠵᠦᠢᠯ ᠲᠠᠢ᠂ ᠡᠮᠬᠢᠯᠡᠨ ᠨᠡᠶᠢᠯᠡᠭᠦᠯᠬᠦ ᠳᠤ ᠲᠣᠭᠲᠠᠴᠠ ᠲᠠᠢ᠂ | ᠬᠠᠮᠢᠶᠠᠷᠬᠤ ᠳᠤ ᠵᠢᠷᠤᠮᠵᠢᠯ ᠲᠠᠢ ᠪᠠᠶᠢᠯᠭᠠᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠤᠯᠬᠤ᠂ | ᠰᠢᠭᠤᠳ ᠬᠡᠷᠡᠭᠯᠡᠵᠤ ᠪᠤᠯᠬᠤ᠂ ᠳᠠᠭᠤᠷᠢᠶᠠᠨ ᠳᠡᠯᠭᠡᠷᠡᠭᠦᠯᠵᠤ ᠪᠤᠯᠬᠤ᠂ ᠪᠤᠯᠵᠤᠨ ᠵᠠᠬᠢᠶᠠᠯᠠᠵᠤ ᠪᠤᠯᠬᠤ ᠶᠢ ᠪᠡᠶᠡᠯᠡᠬᠦᠯᠪᠡ | ᠃ | ᠡᠨᠡ ᠵᠢᠯ ᠤᠨ 1 ᠳ᠋ᠤᠭᠡᠷ ᠰᠠᠷ᠎ᠠ ᠶᠢᠨ ᠡᠴᠦᠰ ᠪᠤᠯᠬᠤ ᠳᠤ᠂ ︽ᠳᠥᠷᠪᠡᠨ ᠣᠯᠠᠨ︾ ᠤ ᠲᠤᠬᠠᠶ ᠶᠢᠨ | ᠳᠠᠯᠠᠪᠡᠢ ᠳᠤ ᠲᠤᠯᠭᠠᠭᠤᠷᠢᠯᠠᠵᠤ ᠪᠠᠶᠢᠭ᠎ᠠ ᠳᠡᠮᠵᠢᠨ ᠡᠭᠦᠳᠬᠦ ᠭᠤᠤᠯ ᠴᠣᠭᠴᠠ 13᠂ ᠤᠯᠤᠰ ᠤᠨ ᠳᠣᠲᠣᠭᠠᠳᠤ ᠲᠠᠢ | ᠵᠤᠯᠭᠠᠯᠳᠤᠵᠤ ᠪᠠᠶᠢᠭ᠎ᠠ ᠤᠬᠠᠭᠤᠯᠤᠨ ᠲᠠᠨᠢᠯᠴᠠᠭᠤᠯᠬᠤ ᠲᠠᠪᠴᠠᠩ 261 ᠪᠠᠶᠢᠵᠤ᠂ ︽ᠥᠪᠥᠷ ᠮᠣᠩᠭᠤᠯ ᠤᠨ | ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠥᠷᠪᠡᠨ ᠣᠯᠠᠨ ᠠᠳᠠᠯ ᠦᠢᠯᠡᠰ | ᠴᠣᠭᠴᠠᠯᠠᠬᠤ ᠬᠡᠳᠦ ᠳᠡᠯᠭᠡᠭᠦᠷ︾ ᠢ ᠨᠢᠭᠡᠨᠲᠡ ᠨᠡᠭᠡᠭᠡᠵᠤ᠂ ᠣᠯᠠᠨ ᠢᠶᠠᠷ ᠢᠶᠠᠨ ᠡᠭᠦᠳᠬᠦ᠂ ᠣᠯᠠᠨ ᠨᠡᠶᠢᠲᠡ ᠳᠤ | ᠳᠠᠭᠠᠭᠠᠴᠢᠯᠠᠭᠤᠯᠬᠤ᠂ ᠣᠯᠠᠨ ᠢᠶᠠᠷ ᠢᠶᠠᠨ ᠳᠡᠮᠵᠢᠯᠴᠡᠬᠦ᠂ ᠣᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠢ | ᠪᠦᠬᠦᠨ ᠢ ᠪᠠᠶᠢᠭᠤᠯᠪᠠ︔ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠳᠤ 242 ᠠᠵᠤ ᠠᠬᠤᠶᠢᠯᠠᠯ ᠤᠷᠤᠵᠤ | ᠰᠠᠭᠤᠵᠤ᠂ ᠣᠷᠣᠵᠤ ᠰᠠᠭᠤᠬᠤ ᠪᠠᠷ ᠮᠥᠷᠯᠡᠨ ᠬᠦᠯᠢᠶᠡᠵᠤ ᠪᠠᠶᠢᠭ᠎ᠠ ᠠᠵᠤ ᠠᠬᠤᠶᠢᠯᠠᠯ 188 ᠪᠤᠢ︔ ᠠᠳᠠᠯ | ᠦᠢᠯᠡᠰ ᠴᠣᠭᠴᠠᠯᠠᠬᠤ 294 ᠳᠠᠶᠢᠴᠢᠯᠠᠭᠴᠢ ᠴᠢᠳᠠᠪᠤᠷᠢᠲᠠᠨ ᠂ 146 ᠠᠳᠠᠯ ᠦᠢᠯᠡᠰ ᠴᠤᠭᠴᠠᠯᠠᠬᠤ ᠪᠦᠯᠬᠦᠮ | ᠨᠡᠶᠢᠲᠡ ᠶᠢ ᠤᠷᠤᠭᠤᠯᠤᠨ ᠠᠪᠴᠢᠷᠠᠪᠠ︔ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ ᠰᠢᠨ᠎ᠡ ᠪᠠᠷ 67 | ᠨᠡᠮᠡᠭᠳᠡᠭᠦᠯᠵᠦ᠂ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠰᠢᠨ᠎ᠡ ᠪᠠᠷ 140 ᠨᠡᠮᠡᠭᠳᠡᠬᠦᠯᠵᠤ᠂ 2346 | ᠬᠥᠮᠦᠨ ᠳᠤ ᠰᠢᠭᠤᠳ ᠠᠵᠢᠯ ᠤᠯᠭᠤᠵᠤ᠂ ᠡᠷᠬᠢᠨ ᠲᠣᠭᠤᠷᠢᠨ ᠤ ᠭᠠᠵᠠᠷ ᠣᠷᠣᠨ ᠤ 1. 2 ᠲᠦᠮᠡ ᠭᠠᠷᠤᠢ | ᠬᠥᠮᠦᠨ ᠳᠤ ᠠᠳᠠᠯ ᠦᠶ᠋ᠯᠡᠰ ᠴᠤᠭᠴᠠᠯᠠᠭᠤᠯᠤᠨ ᠠᠵᠢᠯ ᠤᠯᠭᠤᠪᠠ᠃ ᠨᠢᠳᠤᠨᠤᠨ ᠤ 7 ᠳ᠋ᠤᠭᠠᠷ ᠰᠠᠷ᠎ᠠ ᠶᠢᠨ 8 ᠤ | ᠡᠳᠦᠷ ᠠᠴᠠ ᠨᠠᠰᠢ᠂ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭᠠᠨ ᠤ ᠡᠵᠡᠩᠨᠡᠯᠲᠡ ᠶᠢᠨ ᠮᠦᠡᠭᠭᠦ ᠨᠢ 42845 | ᠲᠦᠮᠡᠨ ᠲᠥᠭᠦᠷᠢᠭ ᠲᠤ ᠬᠦᠷᠴᠦ᠂ ᠵᠥᠪᠬᠡᠨ ︽ᠬᠤᠣᠰ 11︾ ᠤ ᠡᠳᠦᠷ ᠲᠤ᠂ ᠡᠵᠡᠩᠨᠡᠯᠲᠡ ᠶᠢᠨ ᠮᠦᠡᠭᠭᠦ ᠨᠢ | 3099.8 ᠲᠦᠮᠡᠨ ᠲᠥᠭᠦᠷᠢᠭ ᠲᠤ ᠬᠦᠷᠴᠦ᠂ ᠠᠳᠠᠯ ᠦᠢᠯᠡᠰ ᠴᠣᠭᠴᠠᠯᠠᠬᠤ ᠳᠤ ᠬᠦᠮᠦᠨ ᠠᠷᠠᠳ ᠪᠠᠶᠠᠰᠤᠩᠭᠤᠢ᠂ | ᠭᠠᠵᠠᠷ ᠲᠠᠯᠠᠪᠤᠷ ᠨᠢ ᠦᠵᠡᠮᠵᠢ ᠲᠠᠢ ᠪᠠᠶᠢᠨ᠎ᠠ︔ ᠳᠤᠮᠳᠠᠳᠤ ᠤᠯᠤᠰ ᠤᠨ ᠬᠥᠳᠡᠯᠮᠦᠷᠢ ᠶᠢᠨ ᠪᠠᠲᠤᠯᠠᠭ᠎ᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠪᠦᠭᠡᠳ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠳᠠᠷᠤᠭ᠎ᠠ ᠨᠢᠩ ᠵᠢᠶ ᠵᠧ ᠵᠡᠷᠭᠡ ᠤᠳᠤᠷᠢᠳᠤᠯᠭ᠎ᠠ ᠨᠠᠷ ᠢ ᠨᠡᠶᠢᠲᠡ 30 ᠭᠠᠷᠤᠶ ᠤᠳᠠᠭ᠎ᠠ 1000 | ᠭᠠᠷᠤᠢ ᠬᠥᠮᠦᠨ ᠢ ᠬᠦᠯᠢᠶᠡᠨ ᠠᠪᠤᠪᠠ︔ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠨᠢ ︽ᠠ ᠮᠢ ᠪᠠ ᠶᠢᠨ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠡᠵᠡᠮᠳᠡᠬᠦ ᠰᠢᠰᠲ᠋ᠧᠮᠵᠢ ᠶᠢᠨ ᠪᠣᠯᠪᠠᠰᠤᠷᠠᠭᠤᠯᠤᠯ︾ ᠵᠡᠷᠭᠡ | ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠢ 9 ᠤᠳᠠᠭ᠎ᠠ ᠡᠷᠬᠢᠯᠡᠵᠤ᠂ 704 ᠬᠥᠮᠦᠨ ᠢ ᠪᠤᠯᠪᠠᠰᠤᠷᠠᠭᠤᠯᠪᠠ︔ | ᠰᠦᠯᠵᠢᠶᠡᠨ ᠳᠡᠭᠡᠷ᠎ᠡ ᠡᠯᠧᠺᠲᠷᠤᠨ ᠬᠤᠳᠠᠯᠳᠤᠭᠠᠨ ᠤ ᠳᠡᠭᠡᠳᠦ ᠰᠤᠷᠭᠠᠭᠤᠯᠢ ᠨᠢ 2533 ᠰᠢᠬᠠᠮ ᠰᠦᠯᠵᠢᠶᠡᠨ ᠤ | ᠬᠢᠴᠢᠶᠡᠯ ᠲᠤᠬᠢᠷᠠᠭᠤᠯᠵᠤ᠂ 4057 ᠬᠥᠮᠦᠨ ᠳᠠᠩᠰᠠᠯᠠᠭᠤᠯᠤᠨ ᠰᠤᠷᠤᠯᠴᠠᠪᠠ᠃ | ᠲᠡᠷᠠᠭ᠎ᠠ ᠠᠯᠬᠤᠮ ᠳᠤ᠂ ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠴᠢᠩᠭᠠᠳᠬᠠᠬᠤ ᠪᠠᠷ ᠥᠷᠭᠦᠯᠵᠢᠯᠡᠨ ᠲᠠᠲᠠᠬᠤ ᠬᠦᠴᠦᠨ ᠪᠣᠯᠭᠠᠵᠤ᠂ ᠪᠥᠬᠦ ᠣᠷᠣᠨ ᠤ 23278 | ︽ᠳᠥᠷᠪᠡᠨ ᠣᠯᠠᠨ ᠨᠢᠭᠡᠴᠡ︾ ᠶᠢ ᠰᠢᠯᠢᠨ ᠰᠤᠩᠭᠤᠵᠤ ᠦᠨᠡᠮᠰᠢᠭᠰᠡᠨ ᠰᠠᠭᠤᠷᠢᠨ ᠳᠡᠭᠡᠷ᠎ᠡ᠂ ︽ᠢᠨᠲ᠋ᠧᠷ | ᠰᠦᠯᠵᠢᠶ᠎ᠡ +︾ ᠶᠢ ᠤᠯᠠᠮ ᠨᠢᠭᠡ ᠠᠯᠬᠤᠮ ᠬᠡᠷᠡᠭᠯᠡᠨ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ | ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠢ | ᠡᠮᠬᠢᠯᠡᠨ ᠨᠡᠶᠢᠯᠡᠭᠦᠯᠵᠦ᠂ ᠠᠳᠠᠯ ᠦᠢᠯᠡᠰ ᠴᠣᠭᠴᠠᠯᠠᠭᠴᠢ ᠬᠢᠭᠡᠳ ᠳᠡᠭᠡᠳᠦ ᠰᠤᠷᠭᠠᠭᠤᠯᠢ᠂ ᠲᠥᠷᠥᠯ ᠵᠦᠢᠯ᠂ ᠡᠳ᠋ | ᠬᠥᠷᠤᠩᠭᠡ᠂ ᠠᠵᠤ ᠠᠬᠤᠶᠢᠯᠠᠯ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠨᠤᠭᠤᠳ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠤᠯᠭᠠᠯᠳᠤᠬᠤ ᠶᠢ ᠴᠢᠩᠭᠠᠳᠬᠠᠵᠤ᠂ | ᠶᠡᠭᠡ ᠰᠤᠷᠭᠠᠭᠤᠯᠢ ᠶᠢᠨ ᠣᠶᠤᠲᠠᠨ᠂ ᠲᠤᠮᠤ ᠳ᠋ᠠᠶᠢᠲ᠋ᠠ᠂ ᠲᠣᠮᠣ ᠲᠠᠪᠴᠠᠩ᠂ ᠲᠣᠮᠣ ᠬᠤᠳᠠᠯᠳᠤᠭᠠᠨ ᠤ ᠠᠵᠠ | ᠲᠣᠬᠢᠶᠠᠯ ᠵᠡᠷᠭᠡ ᠬᠦᠴᠦᠨ ᠵᠦᠢᠯ ᠬᠠᠷᠢᠯᠴᠠᠨ ᠬᠤᠯᠪᠣᠯᠳᠤᠵᠤ ᠨᠥᠬᠦᠴᠡᠯᠳᠦᠭᠰᠡᠨ ᠪᠥᠬᠦ ᠣᠷᠣᠨ ᠤ ᠳᠥᠷᠪᠡᠨ ᠣᠯᠠᠨ | ᠠᠳᠠᠯ ᠦᠢᠯᠡᠰ ᠴᠣᠭᠴᠠᠯᠠᠬᠤ ᠲᠣᠮᠣ ᠵᠠᠬ᠎ᠠ ᠳᠡᠯᠭᠡᠭᠦᠷ ᠢ ᠲᠥᠷᠭᠡᠨ ᠪᠣᠢ ᠪᠣᠯᠭᠠᠵᠤ᠂ ᠠᠳᠠᠯ ᠦᠢᠯᠡᠰ ᠴᠣᠭᠴᠠᠯᠠᠬᠤ | ᠥᠪᠥᠷ ᠮᠣᠩᠭᠤᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠭᠦᠨᠵᠡᠭᠡᠶ ᠨᠠᠶᠢᠳᠠᠪᠤᠷᠢᠵᠢᠬᠤ ᠶᠢ ᠲᠦᠯᠬᠢᠨ ᠠᠬᠢᠭᠤᠯᠤᠨ᠎ᠠ | ᠃ | ᠬᠥᠲᠥᠯᠥᠭᠴᠢ᠄ | ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠨᠢ ᠠᠳᠠᠯ ᠦᠢᠯᠡᠰ | ᠴᠣᠭᠴᠠᠯᠠᠭᠴᠢ ᠳᠤ ᠶᠠᠮᠠᠷ ᠶᠠᠮᠠᠷ ᠰᠠᠶᠢᠨ ᠠᠰᠢᠭ ᠪᠤᠯᠤᠨ ᠪᠤᠳᠠᠳᠤ ᠠᠰᠢᠭ ᠬᠦᠷᠲᠡᠭᠡᠵᠦ ᠴᠢᠳᠠᠬᠤ ᠪᠤᠢ︖ | ᠯᠢᠦ ᠬᠤᠤ ᠱᠧᠩ᠄ | ᠰᠢ ᠶᠢᠨ ᠫᠢᠩ ᠵᠢᠭᠠᠵᠤ ᠭᠠᠷᠭᠠᠭᠰᠠᠨ ᠨᠢ᠄ ᠠᠷᠠᠳ ᠤᠯᠠᠨ ᠤ ᠬᠡᠷᠡᠭᠴᠡᠭᠡ ᠨᠢ ᠠᠳᠠᠯ ᠦᠢᠯᠡᠰ | ᠴᠣᠭᠴᠠᠯᠠᠭᠴᠢ ᠳᠤ ᠠᠯᠢ ᠴᠢᠳᠠᠬᠤ ᠪᠠᠷ ᠪᠣᠳᠠᠲᠠᠶ ᠠᠰᠢᠭ ᠰᠠᠶᠢᠨ ᠠᠰᠢᠭ ᠲᠤᠰᠠ ᠬᠥᠷᠲᠡᠭᠡᠬᠦ ᠪᠣᠯᠣᠨ᠎ᠠ ᠭᠡᠪᠡ᠂ | ᠳᠥᠷᠪᠡᠨ ᠣᠯᠠᠨ ᠵᠠᠬ᠎ᠠ ᠳᠡᠯᠭᠡᠭᠦᠷ ᠤᠨ ᠭᠤᠣᠯ ᠬᠠᠷᠠᠯᠲᠠ ᠪᠣᠯᠣᠨ ᠬᠠᠮᠤᠭ ᠤᠨ ᠶᠡᠭᠡ ᠠᠩᠬᠠᠷᠤᠮᠵᠢ ᠪᠣᠯᠣᠨ᠎ᠠ᠂ ᠮᠦᠨ | ᠴᠤ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠤᠨ ᠦᠷᠭᠦᠯᠵᠢᠯᠡᠨ ᠬᠥᠭᠵᠢᠬᠦ ᠶᠢᠨ | ᠠᠮᠢᠵᠢᠷᠠᠯ ᠤᠨ ᠬᠦᠴᠦᠨ ᠮᠦᠨ᠃ ᠰᠠᠶ᠋ᠢ ᠪᠢ ᠨᠢᠭᠡᠨᠲᠡ ᠶᠠᠷᠢᠭᠰᠠᠨ ᠪᠢᠯᠡ᠂ ᠳᠥᠷᠪᠡᠨ ᠣᠯᠠᠨ ᠠᠳᠠᠯ ᠦᠢᠯᠡᠰ | ᠴᠣᠭᠴᠠᠯᠠᠬᠤ ᠵᠠᠬ᠎ᠠ ᠳᠡᠯᠭᠡᠭᠦᠷ ᠪᠣᠯ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠳᠤ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠦᠵᠡᠭᠦᠯᠬᠦ ᠤᠷᠢᠳᠠᠪᠡᠷ ᠪᠠᠳᠠᠷᠠᠬᠤ ᠪᠦᠭᠡᠳ ᠦᠨᠢ ᠡᠭᠦᠷᠢᠳᠡ ᠥᠷᠭᠦᠯᠵᠢᠯᠡᠨ | ᠳᠠᠭᠠᠬᠤ ᠳᠠᠭᠠᠭᠤᠯᠤᠭᠴᠢ ᠶᠢᠨ ᠦᠢᠯᠡᠳᠦᠯ ᠢ ᠨᠢ ᠪᠠᠳᠠᠷᠠᠭᠤᠯᠵᠤ᠂ ᠳᠥᠷᠪᠡᠨ ᠣᠯᠠᠨ ᠢ ᠠᠰᠢᠭᠯᠠᠨ ᠪᠤᠰᠤᠳ | ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠯᠦᠭᠡ ᠠᠭᠤᠰᠤᠯᠴᠠᠭᠤᠯᠤᠨ ᠨᠥᠬᠦᠴᠡᠯᠳᠦᠭᠦᠯᠬᠦ ᠶᠢ | ᠠᠬᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠯᠦᠭᠡᠯᠡᠵᠦ᠂ ᠴᠢᠳᠠᠪᠤᠷᠢᠲᠠᠨ᠂ | ᠲᠥᠷᠥᠯ ᠵᠦᠢᠯ᠂ ᠲᠠᠪᠴᠠᠩ᠂ ᠡᠳ᠋ ᠬᠦᠷᠦᠩᠭᠡ᠂ ᠠᠵᠤ ᠠᠬᠤᠶᠢᠯᠠᠯ ᠢ ᠲᠥᠪᠯᠡᠷᠡᠭᠦᠯᠵᠦ᠂ ᠪᠥᠬᠦ ᠴᠢᠬᠤᠯᠠ | ᠡᠯᠧᠮᠧᠨ᠋ᠲ ᠤᠨ ᠵᠠᠬ᠎ᠠ ᠳᠡᠯᠭᠡᠭᠦᠷ᠂ ᠠᠮᠢ ᠨᠠᠰᠤᠨ ᠤ ᠪᠦᠬᠦ ᠦᠶᠡᠯᠡᠯ᠂ ᠪᠦᠬᠦ ᠠᠵᠤ ᠦᠢᠯᠡᠰ ᠤᠨ ᠬᠡᠯᠬᠢᠶ᠎ᠡ | ᠦᠢᠯᠡᠴᠢᠯᠡᠭᠡ ᠶᠢ ᠬᠠᠩᠭᠠᠵᠤ᠂ ᠠᠳᠠᠯ ᠦᠢᠯᠡᠰ ᠴᠣᠭᠴᠠᠯᠠᠬᠤ ᠳᠤ ᠭᠠᠵᠠᠷ ᠲᠠᠯᠠᠪᠤᠷ ᠲᠠᠢ᠂ ᠠᠷᠠᠯᠵᠢᠶᠠᠯᠠᠬᠤ ᠳᠤ | ᠲᠠᠪᠴᠠᠩ ᠲᠠᠢ᠂ ᠠᠵᠢᠯᠯᠠᠬᠤ ᠳᠤ ᠲᠥᠷᠥᠯ ᠵᠦᠢᠯ ᠲᠠᠢ᠂ ᠡᠮᠬᠢᠯᠡᠨ ᠨᠡᠶᠢᠯᠡᠭᠦᠯᠬᠦ ᠳᠤ ᠲᠣᠭᠲᠠᠴᠠ ᠲᠠᠢ᠂ | ᠬᠠᠮᠢᠶᠠᠷᠬᠤ ᠳᠤ ᠵᠢᠷᠤᠮᠵᠢᠯ ᠲᠠᠢ ᠪᠠᠶᠢᠯᠭᠠᠵᠤ᠂ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ᠂ ᠠᠵᠢᠯ | ᠣᠯᠭᠤᠯᠲᠠ ᠶᠢ ᠠᠬᠢᠭᠤᠯᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠭᠦᠨᠵᠡᠭᠡᠶ ᠠᠭᠤᠰᠤᠯᠴᠠᠬᠤ ᠶᠢ | ᠠᠬᠢᠭᠤᠯᠤᠨ᠎ᠠ ᠭᠡᠪᠡ᠃ ᠡᠭᠦᠨ ᠠᠴᠠ ᠦᠵᠡᠭᠦᠯᠡᠷ᠂ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ | ᠪᠣᠯ ᠠᠳᠠᠯ ᠦᠢᠯᠡᠰ ᠴᠣᠭᠴᠠᠯᠠᠭᠴᠢᠳ ᠤᠨ ᠬᠡᠷᠡᠭᠴᠡᠭᠡ ᠶᠢ ᠬᠠᠩᠭᠠᠬᠤ ᠠᠴᠠ ᠭᠠᠷᠳᠠᠵᠤ᠂ ᠠᠳᠠᠯ ᠦᠢᠯᠡᠰ | ᠴᠣᠭᠴᠠᠯᠠᠬᠤ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠲᠠᠪᠴᠠᠩ ᠪᠣᠯᠣᠨ ᠠᠴᠢᠶᠠᠯᠠᠪᠤᠷᠢ ᠮᠦᠨ᠂ ᠠᠳᠠᠯ | ᠦᠢᠯᠡᠰ ᠴᠣᠭᠴᠠᠯᠠᠭᠴᠢ ᠶᠢᠨ ᠴᠡᠩᠭᠡᠯ ᠤᠨ ᠣᠷᠣᠨ᠂ ᠠᠵᠤ ᠠᠬᠤᠶᠢᠯᠠᠯᠲᠠᠨ ᠤ ᠥᠯᠥᠭᠡᠶ ᠮᠦᠨ᠃ | ᠶᠡᠷᠦᠮᠳᠡᠭ ᠢᠶᠠᠷ ᠬᠡᠯᠡᠪᠡᠯ᠂ ᠨᠢᠭᠡᠨ ᠠᠳᠠᠯ ᠦᠢᠯᠡᠰ ᠪᠦᠲᠦᠭᠡᠬᠦ ᠬᠦᠰᠡᠯ ᠡᠷᠡᠮᠡᠯᠵᠡᠯ ᠲᠠᠢ ᠠᠳᠠᠯ ᠦᠢᠯᠡᠰ | ᠴᠣᠭᠴᠠᠯᠠᠭᠴᠢ ᠨᠢ ᠠᠳᠠᠯ ᠦᠢᠯᠡᠰ ᠴᠣᠭᠴᠠᠯᠠᠬᠤ ᠬᠦᠰᠡᠯ ᠵᠣᠷᠢᠯᠲᠠ ᠪᠠ ᠲᠡᠮᠡᠴᠡᠬᠦ ᠵᠣᠷᠢᠭ ᠲᠠᠢ ᠪᠠᠷ ᠡᠨᠡ ᠬᠦ ᠵᠠᠬ᠎ᠠ | ᠳᠡᠯᠭᠡᠭᠦᠷ ᠲᠤ ᠣᠷᠣᠵᠤ ᠢᠷᠡᠳᠡᠭ ᠯᠡ ᠶᠤᠮ ᠪᠣᠯ ᠠᠳᠡ ᠠᠴᠠ ᠡᠬᠢᠨ ᠤ ᠠᠯᠬᠤᠮ ᠢᠶᠠᠨ ᠠᠯᠬᠤᠵᠤ᠂ ᠠᠳᠠᠯ ᠦᠢᠯᠡᠰ | ᠴᠣᠭᠴᠠᠯᠠᠬᠤ ᠠᠶᠠᠨ ᠵᠠᠮ ᠢᠶᠠᠨ ᠡᠬᠢᠯᠡᠭᠦᠯᠵᠦ ᠪᠣᠯᠣᠨ᠎ᠠ᠃ ᠠᠳᠠᠯ ᠦᠢᠯᠡᠰ ᠴᠣᠭᠴᠠᠯᠠᠬᠤ ᠶᠢ ᠰᠣᠷᠣᠯᠴᠠᠬᠤ | ᠰᠠᠨᠠᠭ᠎ᠠ ᠲᠠᠢ ᠶᠤᠮ ᠪᠣᠯ ᠵᠠᠰᠠᠭ ᠤᠨ ᠣᠷᠳᠣᠨ ᠠᠴᠠ ᠬᠠᠩᠭᠠᠭᠰᠠᠨ ᠦᠨ᠎ᠡ ᠲᠦᠯᠦᠪᠦᠷᠢ ᠦᠭᠡᠢ | ᠪᠣᠯᠪᠠᠰᠤᠷᠠᠭᠤᠯᠤᠯ ᠳᠤ ᠣᠷᠣᠯᠴᠠᠵᠤ᠂ ᠠᠳᠠᠯ ᠦᠢᠯᠡᠰ ᠴᠣᠭᠴᠠᠯᠠᠭᠠᠳ ᠠᠮᠵᠢᠯᠲᠠ ᠣᠯᠤᠭᠰᠠᠨ ᠠᠵᠤ ᠠᠬᠤᠶᠢᠯᠠᠯ ᠳᠤ | ᠣᠴᠢᠵᠤ ᠳᠠᠳᠤᠯᠭ᠎ᠠ ᠬᠢᠵᠦ ᠪᠣᠯᠣᠨ᠎ᠠ᠂ ᠡᠯᠧᠺᠲᠷᠤᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠳᠡᠭᠡᠳᠦ | ᠰᠤᠷᠭᠠᠭᠤᠯᠢ ᠶᠢᠨ ᠬᠢᠴᠢᠶᠡᠯ ᠤᠨ ᠲᠠᠪᠴᠠᠩ ᠠᠴᠠ ᠴᠠᠭ ᠢᠮᠠᠭᠲᠠ ︽ᠴᠡᠨᠡᠭᠯᠡᠵᠦ︾ ᠪᠣᠯᠣᠨ᠎ᠠ︔ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠶᠤᠮ ᠪᠣᠯ ᠦᠨᠡᠯᠡᠨ ᠵᠢᠱᠢᠯᠲᠡ ᠪᠠᠷ ᠳᠠᠮᠵᠢᠭᠰᠠᠨ ᠪᠣᠯ | ᠵᠠᠰᠠᠭ ᠤᠨ ᠣᠷᠳᠣᠨ ᠠᠴᠠ ᠬᠠᠮᠤᠭ ᠤᠨ ᠤᠳᠠᠭᠠᠨ ᠳᠠᠭᠠᠨ ᠭᠤᠷᠪᠠᠨ ᠵᠢᠯ ᠰᠦᠢᠳᠬᠡᠯ ᠬᠤᠷᠢᠶᠠᠬᠤ ᠦᠭᠡᠶ ᠣᠷᠣᠨ | ᠵᠠᠶ ᠬᠠᠩᠭᠠᠵᠤ ᠥᠭᠬᠦ ᠪᠥᠭᠡᠳ ᠡᠵᠡᠩᠨᠡᠯᠲᠡ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ ᠥᠭᠴᠦ | ᠪᠣᠯᠣᠨ᠎ᠠ᠂ ᠪᠠᠭ᠎ᠠ ᠲᠣᠭᠠᠨ ᠤ ᠵᠢᠭᠡᠯᠡᠯᠭᠡ ᠶᠢ ᠲᠣᠭᠲᠠᠭᠠᠯ ᠶᠣᠰᠣᠭᠠᠷ ᠭᠤᠶᠤᠴᠢᠯᠠᠬᠤ᠂ ᠰᠦᠢᠳᠬᠡᠯ ᠬᠤᠷᠢᠶᠠᠬᠤ | ᠦᠭᠡᠢ ᠪᠠᠷ ᠴᠢᠳᠠᠪᠤᠷᠢᠲᠠᠨ ᠤᠷᠢᠬᠤ᠂ ᠠᠳᠠᠯ ᠦᠢᠯᠡᠰ ᠴᠣᠭᠴᠠᠯᠠᠬᠤ ᠪᠠ ᠴᠢᠳᠠᠪᠤᠷᠢᠲᠠᠨ ᠤ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠣᠨ᠎ᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠤ ᠠᠬᠤᠶᠢᠯᠠᠯ ᠤᠳ | ᠲᠡᠭᠦᠨ ᠲᠠᠢ ᠪᠢᠴᠢᠯ ᠲᠣᠭᠠᠨ ᠤ ᠰᠲ᠋ᠣᠺ ᠤᠨ ᠡᠷᠬᠡ ᠶᠢᠨ ᠡᠵᠡᠯᠡᠬᠦ ᠬᠠᠷᠢᠴᠠᠯ ᠤᠨ ᠵᠥᠪᠳᠡᠯᠴᠡᠭᠡᠷ ᠲᠣᠭᠳᠠᠭᠰᠠᠨ | ᠤᠷᠢᠲᠠᠯ ᠳᠣᠣᠷ᠎ᠠ᠂ ᠳᠥᠷᠪᠡᠨ ᠣᠯᠠᠨ ᠲᠠᠪᠴᠠᠩ ᠢᠶᠠᠷ ᠳᠠᠮᠵᠢᠨ ᠲᠥᠷᠥᠯ ᠵᠦᠢᠯ ᠢ ᠤᠷᠢᠳᠠᠪᠡᠷ ᠰᠤᠩᠭᠤᠬᠤ᠂ | ᠤᠬᠠᠭᠤᠯᠤᠨ ᠲᠠᠨᠢᠯᠴᠠᠭᠤᠯᠬᠤ ᠳᠤ ᠪᠡᠯᠡ ᠮᠥᠩᠭᠦ ᠴᠤᠭᠯᠠᠭᠤᠯᠬᠤ᠂ ᠠᠵᠤ ᠠᠬᠤᠶᠢᠯᠠᠯ ᠢᠶᠠᠨ ᠳᠠᠩᠰᠠᠯᠠᠭᠤᠯᠬᠤ ᠪᠠ | ᠠᠵᠢᠯ ᠡᠬᠢᠯᠡᠭᠦᠯᠬᠦ ᠵᠢᠯᠤᠭᠤᠳᠤᠯᠭ᠎ᠠ ᠬᠢᠯᠭᠡᠵᠦ᠂ ᠬᠠᠪᠰᠤᠷᠤᠭᠤᠯᠵᠤ ᠪᠠᠶᠢᠭᠠᠳ ᠠᠳᠠᠯ ᠦᠢᠯᠡᠰ ᠴᠤᠭᠴᠠᠯᠠᠬᠤ | ᠵᠠᠮ ᠢᠶᠠᠷ ᠵᠠᠮᠨᠠᠵᠤ ᠪᠣᠯᠣᠨ᠎ᠠ︔ ᠬᠤᠷᠰᠢᠵᠤ ᠠᠳᠠᠯ ᠦᠢᠯᠡᠰ ᠴᠣᠭᠴᠠᠯᠠᠬᠤ ᠪᠣᠳᠣᠯ ᠲᠠᠢ ᠪᠣᠯ᠂ ᠵᠥᠪᠳᠡᠯᠴᠡᠬᠦ ᠪᠠᠷ | ᠳᠠᠮᠵᠢᠨ᠂ ᠠᠮᠵᠢᠯᠲᠠ ᠣᠯᠣᠭᠰᠠᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠳᠤ ᠣᠷᠣᠯᠴᠠᠵᠤ ᠪᠣᠯᠬᠤ | ᠪᠥᠭᠡᠳ ᠠᠮᠵᠢᠯᠲᠠ ᠲᠠᠢ ᠠᠳᠠᠯ ᠦᠢᠯᠡᠰ ᠴᠣᠭᠴᠠᠯᠠᠭᠴᠢ ᠯᠤᠭ᠎ᠠ ᠲᠣᠬᠠᠢ ᠶᠢᠨ ᠭᠠᠵᠠᠷ ᠲᠤᠨᠢ ᠰᠢᠨ᠎ᠡ ᠠᠵᠤ | ᠠᠬᠤᠶᠢᠯᠠᠯ ᠤᠨ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠠᠶᠢᠭᠤᠯᠵᠤ ᠪᠣᠯᠣᠨ᠎ᠠ︔ | ᠣᠷᠣᠵᠤ ᠰᠠᠭᠤᠭᠰᠠᠨ ᠠᠩᠬ᠎ᠠ ᠠᠳᠠᠯ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠪᠣᠯᠤᠨ ᠵᠢᠵᠢᠭ ᠪᠢᠴᠢᠯ | ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠯᠠᠪᠯᠠᠯᠭ᠎ᠠ᠂ ᠦᠢᠯᠡᠳᠪᠦᠷᠢ ᠬᠤᠳᠠᠯᠳᠤᠭᠠᠨ ᠤ ᠣᠷᠣᠯᠠᠨ ᠭᠦᠢᠴᠡᠳᠬᠡᠯ᠂ | ᠡᠳ᠋ ᠤᠨ ᠶᠠᠪᠤᠳᠠᠯ ᠤᠨ ᠣᠷᠣᠯᠠᠨ ᠬᠠᠮᠢᠶᠠᠷᠤᠯᠲᠠ᠂ ᠡᠳ᠋ ᠪᠠᠷᠠᠭᠠᠨ ᠤ ᠭᠦᠢᠯᠭᠡᠭᠡᠨ ᠲᠣᠬᠢᠷᠠᠭᠤᠯᠤᠨ ᠬᠦᠷᠭᠡᠬᠦ ᠵᠡᠷᠭᠡ | ᠥᠪᠡᠷ ᠤᠨ ᠥᠷᠲᠡᠭ ᠳᠣᠣᠷ᠎ᠠ ᠪᠦᠬᠦᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠪᠣᠯᠬᠤ ᠶᠢᠨ ᠬᠠᠮᠲᠤ ᠡᠯ᠎ᠡ | ᠲᠥᠷᠥᠯ ᠤᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠦᠨ᠂ | ᠳᠣᠲᠣᠭᠠᠳᠤ ᠶᠢᠨ ᠠᠵᠢᠯ ᠤᠨ ᠴᠤᠪᠤᠷᠠᠯ ᠵᠢᠴᠢ ᠳᠦᠷᠢᠮ ᠢᠶᠠᠨ ᠴᠡᠭᠴᠡᠯᠡᠨ ᠢᠯᠭᠠᠷᠠᠭᠤᠯᠵᠤ᠂ ᠠᠶᠤᠯ | ᠲᠦᠭᠰᠢᠭᠦᠷᠢ ᠠᠴᠠ ᠵᠠᠶᠢᠯᠠᠭᠤᠯᠤᠨ᠂ ᠡᠯ᠎ᠡ ᠲᠥᠷᠥᠯ ᠤᠨ ᠴᠢᠳᠠᠪᠤᠷᠢᠲᠠᠨ ᠢ ᠵᠤᠯᠭᠠᠯᠳᠤᠭᠤᠯᠵᠤ᠂ ᠠᠵᠢᠯ ᠲᠦᠷᠤᠯ | ᠠᠯᠤᠰᠯᠠᠭᠰᠠᠨ᠂ ᠰᠢᠨᠵᠢᠯᠡᠭᠡ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠰᠦᠯᠵᠢᠶᠡᠨ ᠳᠡᠭᠡᠷ᠎ᠡ ᠰᠣᠯᠢᠯᠴᠠᠬᠤ | ᠪᠠ ᠡᠬᠢ ᠪᠠᠶᠠᠯᠢᠭ ᠢ ᠬᠤᠯᠪᠣᠬᠤ ᠦᠢᠯᠡᠴᠢᠯᠡᠭᠡ ᠬᠠᠩᠭᠠᠵᠤ ᠪᠣᠯᠣᠨ᠎ᠠ︔ ᠲᠤᠮᠤ ᠳᠤᠮᠳᠠ ᠠᠵᠤ ᠠᠬᠤᠶᠢᠯᠠᠯ ᠳᠤ | ᠰᠢᠯᠢᠳᠡᠭ ᠲᠥᠷᠥᠯ ᠵᠦᠢᠯ ᠬᠢᠭᠡᠳ ᠳᠡᠭᠡᠳᠦ ᠵᠡᠷᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤᠨᠢ | ᠲᠤᠰᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠳᠡᠭᠡᠳᠦ ᠲᠡᠰ ᠤᠨ | ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠪᠤᠯᠵᠤᠨ ᠡᠷᠬᠢᠯᠡᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ | ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠴᠢᠨᠠᠷ ᠰᠠᠶᠢᠲᠠᠶ ᠡᠳ᠋ ᠬᠦᠷᠦᠩᠭᠡ ᠵᠢᠴᠢ ᠪᠡᠯᠡ | ᠣᠷᠣᠭᠤᠯᠤᠯᠲᠠ ᠶᠢᠨ ᠪᠠᠶᠢᠭᠤᠯᠤᠮᠵᠢ ᠲᠠᠢ ᠵᠣᠯᠭᠠᠯᠳᠤᠬᠤ ᠳᠤᠨᠢ ᠲᠤᠰᠠᠯᠠᠵᠤ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠵᠡᠷᠭᠡ ᠶᠢ ᠨᠢ ᠬᠠᠪᠰᠤᠷᠤᠨ ᠵᠢᠯᠣᠭᠤᠳᠴᠤ ᠪᠣᠯᠣᠨ᠎ᠠ᠃ ᠠᠳᠠᠯ ᠦᠶ᠋ᠯᠡᠰ ᠴᠣᠭᠴᠠᠯᠠᠭᠠᠳ | ᠠᠮᠵᠢᠯᠲᠠ ᠣᠯᠤᠭᠰᠠᠳ ᠠᠵᠤ ᠠᠬᠤᠶᠢᠯᠠᠯᠲᠠᠨ ᠪᠣᠯᠬᠤ ᠠᠶᠠᠨ ᠵᠠᠮ ᠢᠶᠠᠷ ᠠᠶᠠᠯᠠᠨ᠂ ᠠᠳᠠᠯ ᠦᠢᠯᠡᠰ ᠴᠣᠭᠴᠠᠯᠠᠭᠠᠳ | ᠢᠯᠠᠭᠳᠠᠭᠰᠠᠳ ᠢ ᠣᠶᠢᠯᠠᠭᠠᠨ ᠪᠠᠭᠲᠠᠭᠠᠵᠤ᠂ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠳᠤ ᠣᠷᠣᠵᠣ ᠰᠠᠭᠤᠭᠰᠠᠨ | ᠠᠵᠤ ᠠᠬᠤᠶᠢᠯᠠᠯ ᠨᠢ ᠲᠡᠳᠡᠨᠡᠷ ᠢ ᠤᠷᠢᠵᠤ ᠠᠵᠢᠯ ᠣᠯᠭᠤᠬᠤ ᠶᠢᠨ ᠬᠠᠮᠲᠤ ᠳᠠᠬᠢᠨ ᠠᠳᠠᠯ ᠦᠢᠯᠡᠰ | ᠴᠣᠭᠴᠠᠯᠠᠬᠤ ᠶᠢ ᠨᠢ ᠦᠷᠭᠦᠯᠵᠢᠯᠡᠨ ᠳᠡᠮᠵᠢᠵᠦ᠂ ᠠᠮᠵᠢᠯᠲᠠ ᠣᠯᠬᠤ ᠶᠢ ᠨᠢ ᠳᠡᠮᠵᠢᠨ ᠳᠡᠳᠬᠦᠵᠦ ᠪᠣᠯᠣᠨ᠎ᠠ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠯᠢᠦ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ | ᠳ᠋ᠤᠭᠠᠷ ᠲᠤ ᠪᠠᠶᠠᠷᠲᠠᠶ ᠵᠣᠯᠭᠠᠶ᠎ᠠ︕ |