| ᠬᠦᠮᠦᠨ ᠤ ᠪᠡᠶ᠎ᠡ ᠶᠢᠨ ᠡᠯ᠎ᠡ ᠵᠦᠢᠯ ᠤᠨ ᠬᠤᠷᠮᠤᠨ ᠪᠤᠯᠤᠨ ᠬᠢᠮᠢ ᠶᠢᠨ ᠪᠤᠳᠠᠰ ᠤᠨ ᠬᠤᠪᠢᠷᠠᠯᠲᠠ ᠨᠢ | ᠹᠢᠽᠢᠤᠯᠤᠭᠢ ᠶᠢᠨ ᠴᠠᠭ ᠤᠨ ᠲᠤᠬᠢᠷᠠᠭᠤᠯᠭ᠎ᠠ ᠲᠠᠢ ᠨᠢᠭᠲᠠ ᠬᠤᠯᠪᠤᠭ᠎ᠠ ᠲᠠᠢ ᠪᠠᠶᠢᠳᠠᠭ ᠶᠤᠮ᠃ ᠡᠶᠢᠮᠦ ᠠᠴᠠ | ᠲᠤᠬᠢᠷᠠᠮᠵᠢᠲᠠᠢ ᠴᠠᠭ ᠲᠤ ᠡᠷᠡᠭᠦᠯ ᠮᠡᠨᠳᠦ ᠳᠤ ᠠᠰᠢᠭᠲᠠᠢ ᠶᠠᠪᠤᠳᠠᠯ ᠬᠢᠬᠦ ᠨᠢ ᠦᠷ᠎ᠡ ᠨᠦᠯᠦᠭᠡ ᠪᠠᠷ ᠢᠯᠡᠷᠬᠡᠢ ᠪᠠᠶᠢᠳᠠᠭ | ᠃ ᠤᠶᠢᠷ᠎ᠠ ᠳᠤ ᠠᠮᠧᠷᠢᠺᠡ ᠶᠢᠨ ︽ᠡᠮᠡᠭᠲᠡᠶᠢᠴᠦᠳ ᠤᠨ ᠬᠠᠨᠢ︾ ᠰᠡᠳᠬᠦᠯ ᠳᠤ ᠵᠤᠬᠢᠶᠠᠯ ᠨᠡᠶᠢᠲᠡᠯᠡᠵᠦ᠂ ᠬᠦᠮᠦᠨ ᠤ | ᠪᠡᠶ᠎ᠡ ᠶᠢᠨ ᠹᠢᠽᠢᠤᠯᠤᠭᠢ ᠶᠢᠨ ᠴᠠᠭ ᠤᠨ ᠵᠢᠮ᠎ᠡ ᠶᠤᠰᠤ ᠶᠢ ᠬᠡᠷᠬᠢᠨ ᠵᠤᠬᠢᠴᠠᠭᠤᠯᠬᠤ ᠶᠢ ᠬᠦᠮᠦᠰ ᠲᠤ ᠰᠠᠨᠠᠭᠤᠯᠤᠭᠰᠠᠨ | ᠪᠠᠶᠢᠨ᠎ᠠ᠃ | ᠦᠨᠳᠡᠭᠡ ᠶᠢ ᠦᠷᠯᠦᠭᠡ ᠶᠢᠨ 7 ᠴᠠᠭ ᠲᠤ ᠢᠳᠡᠪᠡᠯ ᠬᠠᠮᠤᠭ ᠠᠴᠠ ᠵᠤᠬᠢᠰᠲᠠᠢ᠃ ᠦᠷᠯᠦᠭᠡ ᠳᠡᠭᠡᠨ ᠨᠢᠭᠡ | ᠲᠠᠬᠢᠶᠠᠨ ᠦᠨᠳᠡᠭᠡ ᠢᠳᠡᠪᠡᠯ ᠪᠠᠷᠤᠭ 6 ᠭᠷᠡᠮ ᠤᠭᠤᠷᠠᠭ ᠨᠦᠬᠦᠪᠦᠷᠢᠯᠡᠨ᠎ᠡ᠃ ᠮᠢᠰᠤᠷᠢ ᠶᠡᠭᠡ ᠰᠤᠷᠭᠠᠭᠤᠯᠢ ᠶᠢᠨ | ᠺᠤᠯᠤᠮᠪᠢᠶ᠎ᠠ ᠰᠠᠯᠪᠤᠷᠢ ᠰᠤᠷᠭᠠᠭᠤᠯᠢ ᠶᠢᠨ ᠰᠢᠰ᠂ ᠯᠠᠶᠢᠳᠢ ᠳ᠋ᠤᠺᠲ᠋ᠤᠷ ᠰᠤᠳᠤᠯᠭᠠᠨ ᠢᠶᠠᠷ ᠢᠯᠡᠷᠡᠭᠦᠯᠦᠭᠰᠡᠨ ᠢᠶᠠᠷ᠂ | ᠦᠷᠯᠦᠭᠡ ᠳᠡᠭᠡᠨ ᠦᠨᠳᠡᠭᠡ ᠮᠡᠲᠦ ᠶᠢᠨ ᠤᠭᠤᠷᠠᠭ ᠤᠨ ᠠᠭᠤᠯᠤᠭᠳᠠᠴᠠ ᠪᠠᠷ ᠡᠯᠪᠡᠭ ᠳᠡᠯᠪᠡᠭ ᠢᠳᠡᠭᠡᠨ ᠢᠳᠡᠬᠦ ᠨᠢ | ᠦᠯᠦᠰᠬᠦ ᠶᠢ ᠪᠦᠲᠦᠮᠵᠢᠲᠡᠢ ᠨᠠᠮᠳᠠᠭᠤᠯᠤᠨ᠂ ᠴᠠᠳᠬᠤᠯᠠᠩ ᠲᠦᠷᠦᠭᠳᠡᠯ ᠤᠯᠭᠤᠳᠠᠭ ᠠᠴᠠ ᠬᠡᠲᠦ ᠴᠠᠳᠲᠠᠯ᠎ᠠ ᠢᠳᠡᠵᠦ | ᠤᠤᠭᠤᠬᠤ ᠠᠴᠠ ᠵᠠᠶᠢᠯᠠᠰᠬᠢᠯᠭᠡᠳᠡᠭ ᠭᠡᠵᠡᠢ᠃ | ᠺᠤᠹᠧ ᠢ ᠦᠳᠡ ᠶᠢᠨ 12 ᠴᠠᠭ ᠲᠤ ᠤᠤᠭᠤᠪᠠᠯ ᠵᠤᠬᠢᠨ᠎ᠠ᠃ ︽ᠠᠮᠧᠷᠢᠺᠡ ᠶᠢᠨ ᠡᠮᠴᠢᠯᠡᠭᠡᠨ ᠤ ᠰᠢᠮ᠎ᠡ | ᠲᠡᠵᠢᠭᠡᠯ ᠤᠨ ᠤᠬᠠᠭᠠᠨ ᠤ ᠰᠡᠳᠬᠦᠯ︾ ᠤᠶᠢᠷ᠎ᠠ ᠳᠤ ᠨᠢᠭᠡᠨ ᠰᠤᠳᠤᠯᠭᠠᠨ ᠤ ᠢᠯᠡᠷᠡᠭᠦᠯᠦᠯᠲᠡ ᠶᠢ ᠨᠡᠶᠢᠲᠡᠯᠡᠭᠰᠡᠨ ᠢᠶᠠᠷ | ᠂ ᠦᠳᠡ ᠳᠤ ᠺᠤᠹᠧ ᠤᠤᠭᠤᠬᠤ ᠨᠢ ᠬᠤᠭᠤᠯᠠᠨ ᠤ ᠳᠠᠷᠠᠭᠠᠬᠢ ᠴᠢᠰᠤᠨ ᠰᠢᠬᠢᠷ ᠤᠨ ᠬᠤᠪᠢᠷᠠᠯᠲᠠ ᠶᠢ ᠵᠤᠬᠢᠴᠠᠭᠤᠯᠤᠨ | ᠂ ᠰᠢᠬᠢᠷ ᠰᠢᠵᠢᠩ ᠡᠪᠡᠳᠴᠢᠨ ᠲᠤᠰᠬᠤ ᠲᠦᠭᠰᠢᠭᠦᠷᠢ ᠶᠢ ᠪᠠᠭᠤᠷᠠᠭᠤᠯᠬᠤ ᠮᠦᠷᠲᠡᠭᠡᠨ ᠰᠦᠨᠢ ᠶᠢᠨ ᠨᠤᠶᠢᠷ ᠢ ᠴᠦ | ᠬᠠᠷᠰᠢᠯᠠᠳᠠᠭ ᠦᠭᠡᠢ ᠶᠤᠮ᠃ ᠡᠶᠢᠮᠦ ᠠᠴᠠ ᠡᠳᠦᠷ ᠪᠦᠷᠢ ᠦᠳᠡ ᠶᠢᠨ ᠦᠶ᠎ᠡ ᠪᠠᠷ ᠺᠤᠹᠧ ᠤᠤᠭᠤᠬᠤ ᠨᠢ ᠰᠢᠬᠢᠷ | ᠰᠢᠵᠢᠩ ᠡᠪᠡᠳᠴᠢᠨ ᠳᠤ ᠨᠡᠷᠪᠡᠭᠳᠡᠬᠦ ᠪᠤᠯᠤᠮᠵᠢ ᠶᠢ 34% ᠪᠠᠷ ᠪᠠᠭᠤᠷᠠᠭᠤᠯᠳᠠᠭ ᠪᠠᠶᠢᠨ᠎ᠠ᠃ | ᠭᠡᠷ ᠦᠷᠦᠭᠡ ᠪᠠᠨ ᠦᠳᠡ ᠶᠢᠨ ᠬᠤᠶᠢᠨᠠᠬᠢ 3 ᠴᠠᠭ ᠲᠤ ᠴᠡᠪᠡᠷᠯᠡᠨ ᠲᠢᠭᠯᠡᠨ᠎ᠡ᠃ ᠦᠳᠡ ᠶᠢᠨ ᠬᠤᠶᠢᠨᠠᠬᠢ | 2 ᠴᠠᠭ ᠤᠨ ᠦᠶ᠎ᠡ ᠳᠤ ᠬᠦᠮᠦᠰ ᠠᠮᠠᠷᠬᠠᠨ ᠨᠤᠵᠤᠭᠤᠷᠠᠨ ᠵᠠᠯᠬᠠᠭᠤᠷᠠᠳᠠᠭ ᠪᠤᠯᠬᠤᠷ ᠡᠨᠡ ᠦᠶ᠎ᠡ ᠳᠤ ᠭᠡᠷ | ᠦᠷᠦᠬᠡ ᠪᠠᠨ ᠪᠤᠶᠤ ᠢᠮᠧᠯ ᠤᠨ ᠬᠠᠶᠢᠷᠴᠠᠭ ᠢᠶᠠᠨ ᠴᠡᠪᠡᠷᠯᠡᠵᠦ ᠲᠢᠭᠯᠡᠬᠦ ᠠᠷᠰᠠᠷ ᠠᠵᠢᠯ ᠤᠳ ᠢ ᠬᠢᠵᠦ᠂ ᠴᠤᠭ | ᠵᠢᠪᠬᠤᠭ᠎ᠠ ᠪᠠᠨ ᠰᠡᠷᠭᠦᠭᠡᠵᠦ ᠪᠤᠯᠤᠨ᠎ᠠ᠃ | ᠰᠤᠯᠠ ᠢᠳᠡᠭᠡᠨ ᠢ ᠦᠳᠡ ᠶᠢᠨ ᠬᠤᠶᠢᠨᠠᠬᠢ 3 ᠴᠠᠭ ᠬᠠᠭᠠᠰ ᠤᠨ ᠦᠶ᠎ᠡ ᠳᠤ ᠢᠳᠡᠪᠡᠯ ᠬᠠᠮᠤᠭ ᠤᠨ | ᠵᠤᠬᠢᠰᠲᠠᠢ᠃ ᠬᠠᠮᠢᠶ᠎ᠠ ᠪᠦᠬᠦᠢ ᠪᠠᠶᠢᠴᠠᠭᠠᠯᠲᠠ ᠪᠠᠷ᠂ ᠦᠳᠡ ᠶᠢᠨ ᠡᠮᠦᠨ᠎ᠡ ᠪᠠ ᠦᠳᠡ ᠶᠢᠨ ᠬᠤᠶᠢᠨ᠎ᠠ ᠰᠤᠯᠠ | ᠢᠳᠡᠭᠡᠨ ᠰᠤᠯᠠ ᠢᠳᠡᠭᠡᠨ ᠢᠳᠡᠳᠡᠭ ᠬᠦᠮᠦᠰ ᠤᠨ ᠪᠡᠶ᠎ᠡ ᠶᠢᠨ ᠵᠢᠩ ᠨᠢ ᠨᠢᠭᠡ ᠵᠢᠯ ᠤᠨ ᠳᠠᠷᠠᠭ᠎ᠠ ᠲᠤᠰ ᠲᠤᠰ 7% | ᠪᠤᠯᠤᠨ 11% ᠪᠠᠷ ᠪᠠᠭᠤᠷᠠᠵᠠᠢ᠃ ᠬᠡᠷᠪᠡ ᠦᠳᠡ ᠶᠢᠨ ᠬᠤᠶᠢᠨᠠᠬᠢ 3 ᠴᠠᠭ ᠬᠠᠭᠠᠰ ᠤᠨ ᠦᠶ᠎ᠡ ᠪᠠᠷ ᠨᠢᠭᠡ | ᠠᠯᠮᠤᠷᠠᠳ᠂ ᠨᠢᠭᠡ ᠠᠳᠬᠤ ᠭᠦᠢᠯᠡᠰᠦᠨ ᠦᠷ᠎ᠡ ᠮᠡᠲᠦ ᠶᠢᠨ ᠰᠤᠯᠠ ᠢᠳᠡᠭᠡᠨ ᠢᠳᠡᠪᠡᠯ ᠤᠷᠤᠢ ᠶᠢᠨ ᠬᠤᠭᠤᠯᠠ | ᠢᠳᠡᠬᠦ ᠬᠡᠮᠵᠢᠶ᠎ᠡ ᠨᠢ ᠠᠶᠠᠨᠳᠠᠭᠠᠨ ᠪᠠᠭᠠᠰᠳᠠᠭ ᠶᠤᠮ᠃ | ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ ᠰᠤᠯᠠ ᠠᠯᠬᠤᠯᠠᠪᠠᠯ ᠬᠠᠮᠤᠭ ᠰᠠᠶᠢᠨ ᠪᠠᠶᠢᠳᠠᠭ᠃ | ᠠᠮᠧᠷᠢᠺᠡ ᠶᠢᠨ ᠲᠠᠮᠢᠷ ᠤᠨ ᠬᠦᠳᠡᠯᠭᠡᠭᠡᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠠᠴᠠ ᠢᠯᠡᠷᠬᠡᠶᠢᠯᠡᠬᠦ ᠳᠡᠭᠡᠨ᠂ | ᠦᠳᠡ ᠶᠢᠨ ᠬᠤᠶᠢᠨ᠎ᠠ ᠠᠴᠠ ᠤᠷᠤᠢ ᠪᠤᠯᠲᠠᠯ᠎ᠠ ᠬᠦᠮᠦᠨ ᠤ ᠪᠡᠶ᠎ᠡ ᠶᠢᠨ ᠪᠤᠯᠴᠢᠩ ᠮᠢᠬᠠᠨ ᠤ ᠳᠤᠯᠠᠭᠠᠨ ᠤ ᠬᠡᠮᠵᠢᠶ᠎ᠡ | ᠦᠨᠳᠦᠷ᠂ ᠰᠢᠨ᠎ᠡ ᠬᠠᠭᠤᠴᠢᠨ ᠤ ᠰᠤᠯᠢᠯᠴᠠᠭ᠎ᠠ ᠬᠤᠷᠳᠤᠨ ᠪᠠᠶᠢᠳᠠᠭ ᠠᠴᠠ ᠡᠨᠡ ᠦᠶ᠎ᠡ ᠳᠤ ᠲᠠᠮᠢᠷ ᠤᠨ ᠬᠦᠳᠡᠯᠭᠡᠭᠡᠨ | ᠬᠢᠪᠡᠯ ᠪᠡᠶ᠎ᠡ ᠶᠢᠨ ᠢᠯᠴᠢ ᠪᠤᠯᠤᠨ ᠦᠭᠡᠬᠦ ᠶᠢ ᠵᠠᠳᠠᠷᠠᠭᠤᠯᠤᠨ ᠭᠠᠳᠠᠭᠰᠢᠯᠠᠭᠤᠯᠬᠤ ᠳᠤ ᠰᠠᠶᠢᠨ᠃ ᠡᠨᠡ ᠦᠶ᠎ᠡ ᠳᠤ | 10 ᠮᠢᠨᠦ᠋ᠲ ᠬᠤᠷᠳᠤᠨ ᠪᠤᠶᠤ ᠤᠳᠠᠭᠠᠨ ᠭᠦᠶᠦᠪᠡᠯ ᠪᠦᠷ ᠰᠠᠶᠢᠨ ᠦᠢᠯᠡᠳᠦᠯ ᠲᠠᠢ ᠪᠠᠶᠢᠳᠠᠭ ᠭᠡᠪᠡ᠃ | ᠦᠳᠡ ᠶᠢᠨ ᠬᠤᠶᠢᠨᠠᠬᠢ 6 ᠴᠠᠭ ᠤᠨ ᠦᠶ᠎ᠡ ᠪᠠᠷ ᠤᠯᠠᠭᠠᠨ ᠠᠷᠢᠬᠢ ᠵᠤᠬᠢᠬᠤ ᠬᠡᠮᠵᠢᠶ᠎ᠡ ᠲᠠᠢ ᠤᠤᠭᠤᠪᠠᠯ | ᠰᠠᠶᠢᠨ᠃ ᠮᠠᠰᠠᠴᠤᠰᠠᠢ ᠶᠡᠭᠡ ᠰᠤᠷᠭᠠᠭᠤᠯᠢ ᠶᠢᠨ ᠫᠷᠦᠹᠧᠰᠰᠤᠷ ᠶᠦᠬᠠᠨ᠂ ᠫᠷᠮᠧ ᠳ᠋ᠤᠺᠲ᠋ᠤᠷ᠄ ︽ᠦᠳᠡ ᠶᠢᠨ | ᠬᠤᠶᠢᠨᠠᠬᠢ 2 ᠴᠠᠭ ᠠᠴᠠ ᠤᠷᠤᠢ ᠶᠢᠨ 10 ᠴᠠᠭ ᠤᠨ ᠦᠶ᠎ᠡ ᠪᠤᠯᠲᠠᠯ᠎ᠠ ᠬᠦᠮᠦᠨ ᠤ ᠡᠯᠢᠭᠡ ᠵᠢᠷᠦᠬᠡᠨ ᠤ ᠰᠫᠢᠷᠲ ᠢ | ᠵᠠᠳᠠᠷᠠᠭᠤᠯᠬᠤ ᠬᠤᠷᠳᠤᠴᠠ ᠨᠢ ᠲᠤᠩ ᠰᠠᠶᠢᠨ᠂ ᠡᠶᠢᠮᠦ ᠠᠴᠠ ᠤᠷᠤᠢ ᠤᠯᠠᠭᠠᠨ ᠠᠷᠢᠬᠢ ᠤᠤᠭᠤᠬᠤ ᠨᠢ ᠡᠷᠡᠭᠦᠯ | ᠮᠡᠨᠳᠦ ᠳᠤ ᠠᠰᠢᠭᠲᠠᠢ ᠮᠦᠷᠲᠡᠭᠡᠨ ᠲᠡᠶᠢᠮᠦ ᠠᠮᠠᠷᠬᠠᠨ ᠰᠤᠭᠲᠤᠬᠤ ᠦᠭᠡᠢ ᠪᠠᠶᠢᠳᠠᠭ︾ ᠭᠡᠪᠡ᠃ | ᠸᠢᠲ᠋ᠠᠮᠢᠨ D ᠨᠦᠬᠦᠪᠦᠷᠢᠯᠡᠬᠦ ᠳᠤ ᠦᠳᠡ ᠶᠢᠨ ᠬᠤᠶᠢᠨᠠᠬᠢ 6 ᠴᠠᠭ ᠬᠠᠭᠠᠰ ᠤᠨ ᠦᠶ᠎ᠡ ᠪᠠᠷ ᠬᠠᠮᠤᠭ ᠤᠨ | ᠰᠠᠶᠢᠨ ᠦᠢᠯᠡᠳᠦᠯ ᠲᠠᠢ ᠪᠠᠶᠢᠳᠠᠭ᠃ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠳ ᠤᠨ ᠦᠵᠡᠬᠦ ᠪᠠᠷ᠂ ᠤᠷᠤᠢ ᠶᠢᠨ | ᠬᠤᠭᠤᠯᠠᠨ ᠤ ᠦᠶ᠎ᠡ ᠳᠤ ᠸᠢᠲ᠋ᠠᠮᠢᠨ D ᠨᠦᠬᠦᠪᠦᠷᠢᠯᠡᠪᠡᠯ ᠬᠦᠮᠦᠨ ᠤ ᠪᠡᠶ᠎ᠡ ᠶᠢᠨ ᠴᠢᠰᠤᠨ ᠳᠠᠬᠢ ᠸᠢᠲ᠋ᠠᠮᠢᠨ D ᠶᠢᠨ | ᠲᠦᠪᠰᠢᠨ ᠢ 50% ᠪᠠᠷ ᠳᠡᠭᠡᠭᠰᠢᠯᠡᠭᠦᠯᠦᠨ᠎ᠡ ᠭᠡᠵᠡᠢ᠃ | ᠲᠤᠲᠤᠨᠤ ᠨᠠᠶᠢᠵᠠ ᠨᠦᠬᠦᠳ ᠲᠠᠢ ᠪᠠᠨ ᠰᠡᠳᠬᠢᠯ ᠢᠶᠠᠨ ᠤᠶᠢᠯᠠᠭᠠᠯᠴᠠᠬᠤ ᠳᠤ ᠤᠷᠤᠢ ᠶᠢᠨ 7 ᠴᠠᠭ ᠤᠨ | ᠦᠶ᠎ᠡ ᠪᠠᠷ ᠬᠠᠮᠤᠭ ᠤᠨ ᠤᠷᠤᠭᠰᠢᠲᠠᠢ ᠪᠠᠶᠢᠳᠠᠭ᠃ ᠨᠢᠦ᠋ ᠶᠤᠷᠺ ᠤᠨ ᠨᠢᠭᠡᠨ ᠶᠡᠭᠡ ᠰᠤᠷᠭᠠᠭᠤᠯᠢ ᠶᠢᠨ ᠮᠡᠳᠡᠷᠡᠯ ᠤᠨ | ᠡᠪᠡᠳᠴᠢᠨ ᠤ ᠤᠬᠠᠭᠠᠨ ᠤ ᠰᠠᠯᠪᠤᠷᠢ ᠶᠢᠨ ᠡᠷᠬᠢᠯᠡᠭᠴᠢ ᠶᠠᠰᠢ᠂ ᠰᠲ᠋ᠦ᠋ᠩ ᠳ᠋ᠤᠺᠲ᠋ᠤᠷ ᠢᠯᠡᠷᠬᠡᠶᠢᠯᠡᠬᠦ ᠳᠡᠭᠡᠨ ᠨᠠᠶᠢᠵᠠ | ᠨᠦᠬᠦᠳ ᠲᠠᠢ ᠪᠠᠨ ᠵᠤᠭᠤᠭᠳᠠᠨ ᠶᠠᠷᠢᠯᠴᠠᠬᠤ ᠨᠢ ᠪᠡᠶ᠎ᠡ ᠰᠡᠳᠬᠢᠯ ᠢ ᠲᠠᠯᠪᠢᠭᠤᠷᠠᠭᠤᠯᠵᠤ᠂ ᠤᠨᠲᠠᠯᠭ᠎ᠠ ᠳᠤ ᠴᠦ ᠮᠠᠰᠢ | ᠲᠤᠰᠠᠲᠠᠢ ᠪᠠᠶᠢᠳᠠᠭ᠃ ᠪᠠᠰᠠ ᠤᠷᠤᠢ ᠶᠢᠨ 7 ᠴᠠᠭ ᠤᠨ ᠦᠶ᠎ᠡ ᠳᠤ ᠬᠦᠮᠦᠨ ᠳᠤ ᠵᠤᠯ ᠵᠢᠷᠭᠠᠯᠲᠤ ᠰᠡᠳᠬᠢᠯᠭᠡ ᠲᠤᠩ | ᠠᠮᠠᠷᠬᠠᠨ ᠲᠦᠷᠦᠭᠳᠡᠵᠦ᠂ ᠲᠡᠷᠡᠴᠢᠯᠡᠨ ᠰᠦᠨᠢᠵᠢᠨ ᠪᠠᠶᠠᠷ ᠬᠦᠷ ᠲᠠᠢ ᠪᠤᠯᠭᠠᠳᠠᠭ ᠶᠤᠮ ᠭᠡᠵᠡᠢ᠃ | ᠤᠷᠤᠢ ᠶᠢᠨ 10 ᠴᠠᠭ ᠲᠤ ᠵᠢᠰᠦ ᠭᠤᠶᠤᠯᠠᠪᠠᠯ ᠦᠷ᠎ᠡ ᠪᠦᠲᠦᠮᠵᠢ ᠪᠠᠷ ᠰᠠᠶᠢᠨ ᠪᠠᠶᠢᠳᠠᠭ᠃ | ᠠᠮᠧᠷᠢᠺᠡ ᠶᠢᠨ ᠠᠷᠠᠰᠤᠨ ᠤ ᠰᠠᠯᠠᠭᠠᠨ ᠤ ᠲᠤᠰᠬᠠᠢ ᠮᠡᠷᠭᠡᠵᠢᠯᠲᠡᠨ ᠳ᠋ᠠᠶᠢᠪᠤᠯᠠᠨ᠂ ᠺᠧᠯᠢᠮᠠᠨ ᠳ᠋ᠤᠺᠲ᠋ᠤᠷ᠄ ︽ᠤᠨᠲᠠᠯᠭ᠎ᠠ | ᠨᠢ ᠠᠷᠠᠰᠤ ᠬᠦᠷᠦᠰᠦ ᠶᠢ ᠭᠤᠶᠤᠵᠢᠭᠤᠯᠳᠠᠭ ᠠᠴᠠ ᠦᠳᠡᠯᠬᠦ ᠶᠢ ᠰᠡᠷᠭᠡᠶᠢᠯᠡᠬᠦ ᠭᠤᠶᠤᠯᠠᠯ ᠢ ᠤᠷᠤᠢ ᠶᠢᠨ | ᠤᠨᠲᠠᠯᠭ᠎ᠠ ᠠᠴᠠ ᠡᠮᠦᠨ᠎ᠡ ᠬᠢᠪᠡᠯ ᠬᠠᠮᠤᠭ ᠲᠤᠬᠢᠷᠠᠮᠵᠢᠲᠠᠢ︾ ᠭᠡᠪᠡ᠃ ᠲᠤᠰᠬᠠᠢ ᠮᠡᠷᠭᠡᠵᠢᠯᠲᠡᠳ ᠤᠨ ᠰᠠᠨᠠᠭᠤᠯᠬᠤ ᠪᠠᠷ | ᠂ ᠤᠷᠤᠢ ᠤᠨᠲᠠᠯᠭ᠎ᠠ ᠠᠴᠠ ᠡᠮᠦᠨ᠎ᠡ᠂ 10 ᠬᠦᠬᠡ ᠭᠦᠵᠡᠯᠵᠡᠭᠡᠨ᠎ᠡ ᠶᠢ ᠨᠢᠴᠠᠯᠤᠭᠰᠠᠨ ᠤ ᠳᠠᠷᠠᠭ᠎ᠠ᠂ ᠨᠢᠭᠡ ᠬᠠᠯᠪᠠᠭ᠎ᠠ | ᠡᠭᠡᠳᠡᠭᠰᠡᠨ ᠰᠦ ᠬᠢᠵᠦ ᠨᠠᠶᠢᠷᠠᠭᠤᠯᠤᠭᠠᠳ ᠨᠢᠭᠤᠷ ᠴᠢᠷᠠᠢ ᠪᠤᠯᠤᠨ ᠬᠦᠵᠦᠭᠦᠨ ᠳᠡᠭᠡᠨ ᠵᠢᠭᠳᠡ ᠲᠦᠷᠬᠢᠭᠡᠳ᠂ 15 | ᠮᠢᠨᠦ᠋ᠲ ᠪᠤᠯᠤᠭᠰᠠᠨ ᠤ ᠳᠠᠷᠠᠭ᠎ᠠ ᠤᠭᠢᠶᠠᠨ᠎ᠠ᠃ ᠤᠴᠢᠷ ᠨᠢ ᠬᠦᠬᠡ ᠭᠦᠵᠡᠯᠵᠡᠭᠡᠨ᠎ᠡ ᠨᠢᠭᠤᠷ ᠴᠢᠷᠠᠢ ᠶᠢ ᠪᠤᠯᠪᠠᠷᠠᠢ | ᠪᠤᠯᠭᠠᠨ᠎ᠠ᠂ ᠡᠭᠡᠳᠡᠭᠰᠡᠨ ᠰᠦ ᠨᠢ ᠠᠷᠠᠰᠤ ᠬᠦᠷᠦᠰᠦ ᠶᠢ ᠴᠡᠪᠡᠷᠰᠢᠭᠦᠯᠬᠦ ᠦᠢᠯᠡᠳᠦᠯ ᠲᠠᠢ ᠪᠠᠶᠢᠳᠠᠭ ᠶᠤᠮ᠃ |