ᠶᠠᠰᠤ ᠪᠡᠷᠲᠡᠭᠰᠡᠳ ᠪᠦᠳᠦᠭᠦᠯᠢᠭ ᠠᠮᠤ ᠢᠯᠡᠭᠦᠬᠡᠨ ᠢᠳᠡᠭᠡᠷᠡᠢ
ᠨᠡᠶᠢᠲᠡᠯᠡᠭᠰᠡᠨ ᠴᠠᠭ᠄
2017-03-31
       ᠠᠮᠧᠷᠷᠢᠺᠡ ᠶᠢᠨ ᠠᠬᠶᠢᠡᠸ᠋ ᠵᠸᠦ ᠶᠢᠨ ᠡᠮᠴᠢᠯᠡᠭᠡᠨ ᠬᠢᠭᠡᠳ ᠬᠤᠪᠢᠷᠠᠯᠲᠠ ᠶᠢᠨ ᠰᠢᠨᠵᠢᠯᠡᠬᠦ ᠤᠬᠠᠭᠠᠨ ᠤ ᠲᠦᠪ ᠤᠨ ᠬᠠᠮᠤᠭ ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠪᠦᠳᠦᠭᠦᠯᠢᠭ ᠠᠮᠤ ᠠᠷᠪᠢᠨ ᠢᠳᠡᠪᠡᠯ ᠶᠠᠰᠤᠨ ᠤ ᠡᠷᠡᠭᠦᠯᠵᠢᠯ ᠳᠤ ᠲᠤᠰᠠᠲᠠᠢ ᠮᠦᠷᠲᠡᠭᠡᠨ ᠶᠠᠰᠤ ᠪᠡᠷᠲᠡᠬᠦ ᠶᠢ ᠰᠡᠷᠭᠡᠶᠢᠯᠡᠳᠡᠭ᠃        ᠰᠤᠳᠤᠯᠭᠠᠲᠠᠳ ᠨᠢᠭᠡ ᠪᠦᠯᠦᠭ ᠡᠮᠡᠭᠲᠡᠢ ᠳᠤᠷᠠᠴᠤᠤᠯ ᠢ ᠡᠯᠰᠡᠨ᠂ ᠨᠠᠰᠤ ᠵᠢᠯ ᠢᠶᠠᠷ ᠨᠢ ᠬᠤᠶᠠᠷ ᠳᠤᠭᠤᠶᠢᠯᠠᠩ ᠬᠤᠪᠢᠶᠠᠨ᠂ ᠨᠢᠭᠡ ᠳᠤᠭᠤᠶᠢᠯᠠᠩ ᠤᠨ ᠬᠢᠨ ᠨᠢ 63 ᠨᠠᠰᠤᠨ ᠠᠴᠠ ᠳᠤᠷᠤᠭᠰᠢᠬᠢ ᠰᠠᠷ᠎ᠠ ᠶᠢᠨ ᠭᠬᠢᠷ ᠵᠤᠭᠰᠤᠬᠤ ᠠᠴᠠ ᠡᠮᠦᠨᠡᠬᠢ ᠡᠮᠡᠭᠲᠡᠢ᠂ ᠨᠦᠭᠦᠭᠡ ᠨᠢᠭᠡ ᠳᠤᠭᠤᠶᠢᠯᠠᠩ ᠤᠨ ᠬᠢᠨ ᠨᠢ 63 ᠨᠠᠰᠤᠨ ᠠᠴᠠ ᠳᠡᠭᠡᠭᠰᠢᠬᠢ ᠮᠦᠷᠲᠡᠭᠡᠨ ᠰᠠᠷ᠎ᠠ ᠶᠢᠨ ᠭᠬᠢᠷ ᠨᠢ ᠵᠤᠭᠰᠤᠴᠢᠬᠠᠭᠰᠠᠨ ᠡᠮᠡᠭᠲᠡᠶᠢᠴᠦᠳ᠃ ᠡᠭᠦᠨ ᠠᠴᠠ ᠬᠤᠶᠢᠰᠢᠬᠢ 6 ᠵᠢᠯ ᠳᠤ ᠲᠡᠳᠡᠨ ᠳᠤ ᠮᠦᠷᠳᠡᠯᠲᠡ ᠪᠠᠶᠢᠴᠠᠭᠠᠯᠲᠠ ᠬᠢᠬᠦ ᠶᠢᠨ ᠬᠠᠮᠲᠤ ᠲᠤᠭ᠎ᠠ ᠪᠠᠷᠢᠮᠲᠠ ᠶᠢᠨ ᠬᠦᠮᠦᠷᠭᠡ ᠶᠢ ᠠᠰᠢᠭᠯᠠᠨ᠂ ᠲᠡᠳᠡᠨ ᠤ ᠢᠳᠡᠭᠡᠨ ᠤᠮᠳᠠᠭᠠᠨ ᠲᠤᠲᠤᠷᠠᠬᠢ ᠪᠦᠳᠦᠭᠦᠯᠢᠭ ᠠᠮᠤ ᠶᠢᠨ ᠡᠵᠡᠯᠡᠬᠦ ᠬᠠᠷᠢᠴᠠᠯ ᠬᠢᠭᠡᠳ ᠶᠠᠰᠤᠨ ᠤ ᠨᠢᠭᠲᠠᠴᠠ ᠶᠢᠨ ᠬᠠᠷᠢᠴᠠᠭ᠎ᠠ ᠶᠢ ᠬᠠᠷᠢᠴᠠᠭᠤᠯᠪᠠ᠃ ᠡᠭᠦᠨ ᠳᠤ᠂ ᠪᠦᠳᠦᠭᠦᠯᠢᠭ ᠠᠮᠤ ᠴᠦᠭᠡᠨ ᠢᠳᠡᠳᠡᠭ ᠡᠮᠡᠭᠲᠡᠢ ᠶᠢᠨ ᠶᠠᠰᠤᠨ ᠤ ᠨᠢᠭᠲᠠᠴᠠ ᠨᠢ ᠪᠦᠳᠦᠭᠦᠯᠢᠭ ᠠᠮᠤ ᠦᠷᠭᠦᠯᠵᠢ ᠢᠳᠡᠳᠡᠭ ᠡᠮᠡᠭᠲᠡᠢ ᠶᠢᠨ ᠠᠳᠠᠯᠢ ᠨᠠᠰᠤᠨ ᠤ ᠬᠦᠮᠦᠰ ᠠᠴᠠ ᠬᠤᠯᠠ ᠰᠡᠶᠢᠷᠡᠭ ᠪᠠᠶᠢᠵᠤ᠂ ᠶᠠᠰᠤ ᠪᠡᠷᠲᠡᠬᠦ ᠨᠤᠷᠮ᠎ᠠ ᠨᠢ ᠴᠦ ᠬᠠᠷᠢᠴᠠᠩᠭᠤᠢ ᠪᠠᠷ ᠦᠨᠳᠦᠷ ᠪᠠᠶᠢᠪᠠ᠃        ᠮᠠᠰᠢ ᠤᠯᠠᠨ ᠰᠤᠳᠤᠯᠭᠠᠨ ᠳᠤ ᠭᠡᠷᠡᠴᠢᠯᠡᠭᠰᠡᠨ ᠢᠶᠠᠷ᠂ ᠪᠦᠳᠦᠭᠦᠯᠢᠭ ᠠᠮᠤ ᠠᠷᠪᠢᠨ ᠢᠳᠡᠪᠡᠯ ᠶᠠᠰᠤ ᠰᠡᠶᠢᠷᠡᠭᠵᠢᠬᠦ ᠨᠤᠷᠮ᠎ᠠ ᠶᠢ ᠪᠠᠭᠤᠷᠠᠭᠤᠯᠬᠤ ᠨᠢ ᠮᠠᠷᠭᠤᠰᠢ ᠦᠭᠡᠢ᠃ ᠡᠮᠡᠭᠲᠡᠶᠢᠴᠦᠳ ᠤᠨ ᠨᠠᠰᠤ ᠠᠭᠰᠢᠷᠠᠬᠤ ᠶᠢ ᠳᠠᠭᠠᠯᠳᠤᠨ᠂ ᠢᠳᠡᠭᠡᠨ ᠤᠮᠳᠠᠭᠠᠨ ᠨᠢ ᠡᠷᠡᠭᠦᠯ ᠮᠡᠨᠳᠦ ᠶᠢ ᠨᠢ ᠨᠦᠯᠦᠭᠡᠯᠡᠳᠡᠭ᠃ ᠰᠤᠳᠤᠯᠭᠠᠲᠠᠳ ᠤᠨ ᠦᠵᠡᠬᠦ ᠪᠠᠷ᠂ ᠪᠦᠳᠦᠭᠦᠯᠢᠭ ᠠᠮᠤ ᠳᠤ ᠮᠠᠰᠢ ᠤᠯᠠᠨ ᠰᠢᠷᠬᠡᠭᠯᠢᠭ ᠠᠭᠤᠯᠤᠭᠳᠠᠵᠤ᠂ ᠲᠡᠷᠡ ᠨᠢ ᠲᠤᠰᠬᠠᠯ ᠤᠨ ᠤᠭᠤᠷᠠᠭ ᠤᠨ ᠲᠦᠪᠰᠢᠨ ᠢ ᠳᠤᠷᠤᠭᠰᠢᠯᠠᠭᠤᠯᠵᠤ᠂ ᠦᠷᠪᠢᠰᠦᠯ ᠢ ᠳᠠᠷᠤᠬᠤ᠂ ᠶᠠᠰᠤ ᠪᠡᠷᠲᠡᠬᠦ ᠶᠢ ᠰᠡᠷᠭᠡᠶᠢᠯᠡᠬᠦ ᠦᠢᠯᠡᠳᠦᠯ ᠲᠠᠢ᠃ ᠲᠤᠰᠬᠠᠢ ᠮᠡᠷᠭᠡᠵᠢᠯᠲᠡᠳ ᠤᠨ ᠲᠠᠨᠢᠯᠴᠠᠭᠤᠯᠤᠭᠰᠠᠨ ᠢᠶᠠᠷ᠂ ᠪᠦᠸᠧᠼᠠᠢ ᠨᠤᠭᠤᠭ᠎ᠠ᠂ ᠴᠡᠴᠡᠭᠲᠦ ᠨᠤᠭᠤᠭ᠎ᠠ᠂ ᠰᠢᠷ᠎ᠠ ᠪᠤᠷᠴᠠᠭ᠂ ᠳᠤᠤᠷ᠎ᠠ ᠦᠭᠡᠬᠦᠲᠦ ᠴᠠᠭᠠᠨ ᠢᠳᠡᠭᠡᠨ᠂ ᠭᠦᠵᠡᠯᠵᠡᠭᠡᠨ᠎ᠡ᠂ ᠬᠦᠬᠡ ᠭᠦᠵᠡᠯᠵᠡᠭᠡᠨ᠎ᠡ ᠵᠡᠷᠭᠡ ᠨᠢ ᠴᠦ ᠦᠷᠪᠢᠰᠦᠯ ᠢ ᠳᠠᠷᠤᠵᠤ᠂ ᠡᠮᠡᠭᠲᠡᠶᠢᠴᠦᠳ ᠤᠨ ᠶᠠᠰᠤᠨ ᠤ ᠡᠷᠡᠭᠦᠯᠵᠢᠯ ᠳᠤ ᠲᠤᠰᠠᠲᠠᠢ ᠪᠠᠶᠢᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号