| ᠰᠤᠷᠪᠤᠯᠵᠢᠯᠠᠭᠰᠠᠨ ᠴᠠᠭ᠄ | 2016 ᠤᠨ ᠤ 7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠤᠴᠢᠨ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠸᠡᠭ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠮᠠᠨ ᠤ ᠤᠯᠤᠰ ᠪᠣᠯ ᠨᠢᠭᠡᠨ ᠤᠯᠠᠨ ᠦᠨᠳᠦᠰᠦᠲᠡᠨ ᠲᠠᠢ ᠤᠯᠤᠰ ᠮᠥᠨ᠂ ᠤᠯᠠᠨ ᠦᠨᠳᠦᠰᠦᠲᠡᠨ ᠲᠠᠢ | ᠤᠯᠤᠰ ᠤᠨ ᠦᠨᠳᠦᠰᠦᠨ ᠪᠠᠶᠢᠳᠠᠯ ᠨᠢ ᠦᠨᠳᠦᠰᠦᠲᠡᠨ ᠤ ᠠᠵᠢᠯ ᠤᠨ ᠳᠤᠮᠳᠠᠬᠢ ᠠᠷᠠᠳ ᠢᠷᠬᠡᠨ ᠤ | ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠨ ᠬᠠᠮᠢᠶᠠᠷᠬᠤ ᠠᠵᠢᠯ ᠤᠨ ᠴᠢᠬᠤᠯᠠ ᠪᠠᠶᠢᠷᠢ ᠰᠠᠭᠤᠷᠢ ᠪᠤᠯᠤᠨ | ᠦᠢᠯᠡᠳᠦᠯ ᠢ ᠲᠤᠭᠲᠠᠭᠠᠵᠠᠢ᠂ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ | ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ | ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠯᠠᠳᠠ᠂ | ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ | ᠲᠤᠭᠤᠷᠪᠢᠨ ᠲᠤᠭᠲᠠᠭᠠᠭᠰᠠᠨ ᠤ ᠬᠠᠮᠲᠤ᠂ ᠡᠨᠡ ᠵᠢᠯ ᠤᠨ 2 ᠳ᠋ᠤᠭᠠᠷ ᠰᠠᠷ᠎ᠠ ᠶᠢᠨ 4 ᠤ ᠡᠳᠦᠷ ᠳᠠᠷᠤᠮᠠᠯᠯᠠᠨ | ᠲᠠᠷᠬᠠᠭᠠᠵᠤ ᠬᠡᠷᠡᠭᠵᠢᠬᠦᠯᠪᠡ᠃ ᠤᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ | ᠱᠸᠡᠭ ᠢ ᠤᠷᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ | ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠲᠤᠬᠠᠢ | ᠣᠯᠠᠨ ᠳᠤ ᠨᠠᠷᠢᠨ ᠲᠠᠶᠢᠯᠤᠮᠵᠢ ᠬᠢᠯᠭᠡᠬᠦ ᠪᠤᠯᠤᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠶ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠤᠰ ᠬᠤᠭᠤᠴᠠᠭᠠᠨ ᠤ ︽ᠳᠤᠮᠳᠠᠳᠤ ᠤᠯᠤᠰ | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠲᠤᠶ᠎ᠠ︕ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠸᠡᠭ ᠢ | ᠤᠷᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ | ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠲᠤᠬᠠᠢ ᠣᠯᠠᠨ ᠳᠤ ᠨᠠᠷᠢᠨ | ᠲᠠᠶᠢᠯᠪᠤᠷᠢᠯᠠᠯᠲᠠ ᠬᠢᠬᠦ ᠪᠠᠷ ᠪᠠᠶᠢᠨ᠎ᠠ᠃ ᠶᠦᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠶᠦᠨ ᠭᠦᠸᠧ ᠱᠸᠡᠭ᠄ | ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠨᠥᠳᠦᠷ ᠲᠠ | ᠣᠯᠠᠨ ᠲᠠᠢ ᠰᠦᠯᠵᠢᠶᠡᠨ ᠳᠡᠭᠡᠷ᠎ᠡ ᠶᠠᠷᠢᠯᠴᠠᠬᠤ ᠪᠠᠷ ᠪᠤᠯᠤᠭᠰᠠᠨ ᠳᠤ ᠰᠡᠳᠬᠢᠯ ᠮᠠᠰᠢ ᠦᠨᠳᠦᠷ ᠪᠠᠶᠢᠨ᠎ᠠ᠃ | ᠰᠦᠯᠵᠢᠶᠡᠨ ᠠᠨᠳᠠ ᠨᠠᠷ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ | ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠪᠠᠶᠠᠷᠯᠠᠵᠤ ᠪᠠᠶᠢᠨ᠎ᠠ︕ | ᠬᠥᠲᠥᠯᠥᠭᠴᠢ᠄ | ᠮᠠᠨ ᠤ ᠣᠷᠣᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠬᠦ ᠶᠢᠨ ᠲᠤᠯᠠᠳᠠ᠂ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ | ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠲᠤᠭᠤᠷᠪᠢᠨ ᠲᠤᠭᠲᠠᠭᠠᠭᠰᠠᠨ ᠤ ᠬᠠᠮᠲᠤ ᠡᠨᠡ ᠵᠢᠯ ᠤᠨ 2 ᠳ᠋ᠤᠭᠠᠷ | ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃ ᠲᠡᠭᠡᠪᠡᠯ ᠶᠠᠭᠤᠨ ᠤ ᠡᠮᠦᠨ᠎ᠡ ︽ᠬᠡᠷᠡᠭᠵᠢᠭᠦᠯᠬᠦ | ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ ᠢ ᠶᠠᠷᠢᠭᠠᠳ ᠦᠭᠭᠦᠨ᠎ᠡ ᠤᠤ︖ | ᠶᠦᠨ ᠭᠦᠸᠧ ᠱᠸᠡᠭ᠄ | ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠪᠤᠯᠤᠨ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ 55 ᠦᠨᠳᠦᠰᠦᠲᠡᠨ ᠲᠠᠢ᠂ ᠤᠯᠠᠨ ᠦᠨᠳᠦᠰᠦᠲᠡᠨ ᠲᠠᠢ ᠤᠯᠤᠰ ᠤᠨ | ᠦᠨᠳᠦᠰᠦᠨ ᠪᠠᠶᠢᠳᠠᠯ ᠪᠣᠯᠤᠨ ᠣᠷᠣᠨ ᠤ ᠪᠠᠶᠢᠳᠠᠯ ᠨᠢ ᠦᠨᠳᠦᠰᠦᠲᠡᠨ ᠤ ᠠᠵᠢᠯ ᠤᠨ ᠳᠤᠮᠳᠠᠬᠢ ᠠᠷᠠᠳ ᠢᠷᠭᠡᠨ ᠤ | ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠨ ᠬᠠᠮᠢᠶᠠᠷᠬᠤ ᠠᠵᠢᠯ ᠤᠨ ᠴᠢᠬᠤᠯᠠ ᠪᠠᠶᠢᠷᠢ ᠰᠠᠭᠤᠷᠢ ᠪᠤᠯᠤᠨ | ᠦᠢᠯᠡᠳᠦᠯ ᠢ ᠲᠤᠭᠲᠠᠭᠠᠪᠠ᠃ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠨ ᠬᠠᠮᠢᠶᠠᠷᠬᠤ | ᠠᠵᠢᠯ ᠨᠢ ᠦᠨᠳᠦᠰᠦᠲᠡᠨ ᠨᠢᠭᠡᠪᠦᠷᠢ᠂ ᠠᠷᠠᠳ ᠢᠷᠭᠡᠨ ᠨᠢᠭᠡᠪᠦᠷᠢ ᠶᠢᠨ ᠬᠠᠶᠢᠷ᠎ᠠ ᠰᠡᠳᠬᠢᠯᠭᠡ᠂ ᠪᠣᠳᠠᠲᠤ ᠡᠷᠬᠡ | ᠠᠰᠢᠭ ᠲᠠᠢ ᠨᠢᠭᠲᠠ ᠬᠠᠷᠢᠴᠠᠭ᠎ᠠ ᠲᠠᠢ ᠮᠦᠷᠲᠡᠭᠡᠨ ᠪᠠᠰᠠ ᠤᠯᠤᠰ ᠤᠨ ᠤᠯᠤᠰ ᠲᠦᠷᠦ ᠶᠢᠨ ᠦᠨᠳᠦᠰᠦᠨ | ᠪᠠᠶᠢᠭᠤᠯᠤᠯ ᠪᠤᠯᠤᠨ ᠤᠯᠤᠰ ᠲᠦᠷᠦ ᠶᠢᠨ ᠦᠨᠳᠦᠰᠦᠨ ᠪᠠᠶᠢᠭᠤᠯᠤᠯ ᠲᠠᠢ ᠨᠢᠭᠲᠠ ᠬᠤᠯᠪᠣᠭ᠎ᠠ ᠲᠠᠢ ᠶᠤᠮ᠂ ᠡᠭᠦᠨ ᠤ | ᠬᠠᠮᠲᠤ ᠪᠠᠰᠠ ᠦᠨᠳᠦᠰᠦᠲᠡᠨ ᠤ ᠬᠠᠷᠢᠴᠠᠭ᠎ᠠ ᠶᠢᠨ ᠣᠳᠣᠬᠢ ᠪᠠᠶᠢᠳᠠᠯ ᠢ ᠲᠤᠰᠬᠠᠬᠤ᠂ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠳ᠋ᠦᠡᠭ ᠢ ᠦᠨᠡᠯᠡᠨ ᠵᠢᠱᠢᠬᠦ᠂ ᠦᠨᠳᠦᠰᠦᠲᠡᠨ ᠤ ᠠᠵᠢᠯ ᠤᠨ ᠴᠢᠳᠠᠪᠤᠷᠢ | ᠪᠤᠯᠤᠨ ᠠᠵᠢᠯ ᠤᠨ ᠰᠤᠷᠲᠠᠯ ᠢ ᠲᠤᠰᠬᠠᠬᠤ ᠴᠢᠬᠤᠯᠠ ᠠᠷᠭ᠎ᠠ ᠵᠠᠮ ᠪᠤᠯᠬᠤ ᠪᠦᠭᠡᠳ ᠨᠢᠭᠡᠨ ᠮᠠᠰᠢ ᠴᠢᠬᠤᠯᠠ ᠰᠠᠭᠤᠷᠢ | ᠴᠢᠨᠠᠷᠲᠠᠶ ᠠᠵᠢᠯ ᠪᠤᠯᠤᠨ᠎ᠠ᠃ ᠡᠨᠡ ᠠᠵᠢᠯ ᠢ ᠰᠠᠶᠢᠲᠤᠷ ᠬᠢᠬᠦ ᠨᠢ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠵᠦ᠂ | ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ | ᠬᠥᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | 2016 ᠣᠨ ᠠᠴᠠ ᠡᠮᠦᠨ᠎ᠡ᠂ ᠮᠠᠨ ᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠤ | ᠬᠠᠮᠢᠶᠠᠷᠤᠯᠲᠠ ᠶᠢᠨ ᠠᠵᠢᠯ ᠨᠢ ᠭᠤᠤᠯᠳᠠᠭᠤ 2009 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠬᠢᠯᠡᠬᠦ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠤᠮᠳᠠᠳᠤ | ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠨᠤᠲᠠᠯᠠᠨ ᠲᠤᠭᠲᠠᠭᠠᠬᠤ ᠲᠤᠬᠠᠶ ᠲᠣᠭᠲᠠᠭᠠᠯ︾ | ︵ᠦᠨᠳᠦᠰᠦᠲᠡᠨ ᠵᠦᠪᠯᠡᠯ ︿ᠵᠠᠰᠠᠭ﹀ ᠦᠰᠦᠭ ︹1990︺ 217 ᠳ᠋ᠤᠭᠠᠷ ᠲᠣᠭᠠᠲᠤ︶ ᠪᠣᠯᠤᠨ ︽ | ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠠᠵᠢᠯ ᠢ ᠴᠢᠩᠭ᠎ᠠ ᠬᠡᠷᠡᠭᠵᠢᠬᠦᠯᠬᠦ ᠬᠤᠯᠪᠣᠭᠳᠠᠯ ᠪᠦᠬᠦᠢ | ᠲᠣᠭᠲᠠᠭᠠᠯ ᠤᠨ ᠲᠤᠬᠠᠶ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠯᠪᠠᠨ ᠲᠢᠩᠬᠢᠮ᠂ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ︵ᠦᠨᠳᠦᠰᠦᠲᠡᠨ ᠠᠯᠪᠠᠨ ︿ᠤᠯᠤᠰ ᠲᠦᠷᠤ ᠬᠠᠤᠯᠢ ᠴᠠᠭᠠᠵᠠ﹀ ᠲᠠᠷᠬᠠᠭᠠᠭᠰᠠᠨ ︹2009︺ | 121 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠠᠮᠲᠤ ᠪᠠᠷ ᠲᠤᠭᠲᠠᠭᠠᠨ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠤᠮᠳᠠᠳᠤ ᠤᠯᠤᠰ ᠤᠨ ᠠᠷᠠᠳ | ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠤᠭᠲᠠᠭᠠᠬᠤ ᠲᠤᠬᠠᠶ ᠲᠣᠭᠲᠠᠭᠠᠯ﹀ ᠢ ᠬᠡᠷᠡᠭᠵᠢᠬᠦᠯᠬᠦ ᠠᠷᠭ᠎ᠠ︾ ᠪᠠᠷ | ᠬᠠᠮᠢᠶᠠᠷᠴᠤ ᠪᠠᠶᠢᠪᠠ᠃ ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠳ ᠡᠨᠡ ᠠᠷᠭ᠎ᠠ ᠶᠢ ᠴᠢᠩᠭ᠎ᠠ ᠵᠢᠷᠤᠮᠯᠠᠨ ᠬᠡᠷᠡᠭᠵᠢᠬᠦᠯᠦᠭᠰᠡᠨ | ᠪᠠᠶᠢᠨ᠎ᠠ᠃ | 2015 ᠣᠨ ᠤ 6 ᠳ᠋ᠤᠭᠠᠷ ᠰᠠᠷ᠎ᠠ ᠶᠢᠨ 23 ᠤ ᠡᠳᠦᠷ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠬᠠᠮᠲᠤᠷᠠᠨ ︽ᠳᠤᠮᠳᠠᠳᠤ ᠤᠯᠤᠰ ᠤᠨ ᠠᠷᠠᠳ ᠢᠷᠭᠡᠨ ᠤ | ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠳᠣᠲᠣᠭᠠᠳᠤ ᠶᠢ ᠬᠠᠮᠠᠭᠠᠯᠠᠬᠤ ᠶᠠᠮᠤᠨ 2 ᠳ᠋ᠤᠭᠠᠷ ᠲᠣᠭᠠᠲᠤ ᠵᠠᠷᠯᠢᠭ︶ ᠶᠢ ᠳᠠᠷᠤᠮᠠᠯᠯᠠᠨ | ᠲᠠᠷᠬᠠᠭᠠᠵᠤ᠂ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠲᠤᠰ ︽ | ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠷᠢᠯᠳᠦᠬᠦᠨ ᠢ | ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠪᠢᠳᠡ ᠤᠯᠤᠰ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠨ ᠲᠣᠭᠲᠠᠭᠠᠭᠠᠳ᠂ | ᠡᠨᠡ ᠵᠢᠯ ᠤᠨ 2 ᠳ᠋ᠤᠭᠠᠷ ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠥᠲᠥᠯᠥᠭᠴᠢ᠄ | ᠶᠦᠨ ᠡᠷᠬᠢᠯᠡᠭᠴᠢ ᠡ᠂ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠬᠤ ᠠᠵᠢᠯ ᠳᠤ ᠶᠠᠮᠠᠷ ᠦᠨᠳᠦᠰᠦᠨ | ᠵᠠᠷᠴᠢᠮ ᠢ ᠵᠢᠷᠤᠮᠯᠠᠭᠰᠠᠨ ᠪᠤᠢ︖ | ᠶᠦᠨ ᠭᠦᠸᠧ ᠱᠧᠩ᠄ | ᠬᠡᠷᠡᠭᠵᠢᠭᠦᠯᠬᠦ ᠠᠷᠭ᠎ᠠ ᠶᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ ᠳᠣᠣᠷᠠᠬᠢ ᠬᠡᠳᠦᠨ ᠦᠨᠳᠦᠰᠦᠨ | ᠵᠠᠷᠴᠢᠮ ᠢ ᠪᠠᠷᠢᠮᠲᠠᠯᠠᠪᠠ᠄ | ᠨᠢᠭᠡ ᠳᠤ ᠬᠠᠤᠯᠢ ᠪᠠᠷ ᠲᠣᠭᠲᠠᠭᠠᠬᠤ ᠵᠠᠷᠴᠢᠮ ᠢ ᠪᠠᠷᠢᠮᠲᠠᠯᠠᠪᠠ᠃ ᠬᠡᠷᠡᠭᠵᠢᠭᠦᠯᠬᠦ ᠠᠷᠭ᠎ᠠ ᠨᠢ ︽ᠳᠤᠮᠳᠠᠳᠤ | ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ | ᠲᠣᠭᠲᠠᠭᠠᠯ ᠢ ᠴᠢᠩᠭ᠎ᠠ ᠵᠢᠷᠤᠮᠯᠠᠨ ᠲᠤᠭᠤᠷᠪᠢᠵᠤ᠂ ᠵᠦᠢᠯ ᠵᠤᠷᠪᠤᠰ ᠤᠨ ᠠᠭᠤᠯᠭ᠎ᠠ ᠶᠢ ᠤᠯᠤᠰ ᠤᠨ ᠦᠨᠳᠦᠰᠦᠨ | ᠲᠦᠷᠦ ᠶᠢᠨ ᠪᠤᠳᠤᠯᠭ᠎ᠠ ᠲᠠᠢ ᠨᠡᠶᠢᠴᠡᠭᠦᠯᠬᠦ ᠶᠢ ᠦᠨᠡᠨ ᠬᠦ ᠪᠠᠲᠤᠯᠠᠭᠰᠠᠨ ᠤ ᠬᠠᠮᠲᠤ ᠲᠤᠭᠤᠷᠪᠢᠨ ᠪᠢᠴᠢᠬᠦ ᠳᠡᠰ | ᠳᠠᠷᠠᠭᠠᠯᠠᠯ ᠢ ᠥᠪᠡᠷᠲᠡᠭᠡᠨ ᠵᠠᠰᠠᠬᠤ ᠣᠷᠣᠨ ᠤ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ | ᠲᠡᠮᠳᠡᠭᠯᠡᠭᠦᠯᠬᠦ ᠬᠢᠨᠠᠯᠲᠠ ᠲᠠᠯᠪᠢᠬᠤ ᠠᠷᠭ᠎ᠠ︾ ᠶᠢᠨ ᠲᠣᠭᠲᠠᠭᠠᠯ ᠤᠨ ᠴᠤᠪᠤᠷᠠᠯ ᠲᠠᠢ ᠨᠡᠶᠢᠴᠡᠭᠦᠯᠪᠡ᠃ | ᠬᠤᠶᠠᠷ ᠲᠤ ᠬᠠᠤᠯᠢ ᠪᠠᠷ ᠵᠠᠰᠠᠭ ᠶᠠᠪᠤᠭᠤᠯᠬᠤ ᠵᠠᠷᠴᠢᠮ ᠢ ᠪᠠᠷᠢᠮᠲᠠᠯᠠᠪᠠ᠃ ᠠᠵᠢᠯ ᠤᠨ ᠴᠤᠪᠤᠷᠠᠯ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠳᠡᠰ ᠳᠠᠷᠠᠭᠠᠯᠠᠯ ᠢ ᠳᠥᠭᠦᠮᠴᠢᠯᠡᠬᠦ ᠶᠢ ᠪᠠᠷᠢᠮᠲᠠᠯᠠᠬᠤ ᠪᠠ ᠴᠢᠩᠭ᠎ᠠ | ᠬᠠᠮᠢᠶᠠᠷᠬᠤ ᠶᠢ ᠪᠦᠲᠦᠮᠵᠢᠲᠡᠶ ᠲᠡᠩᠴᠡᠭᠦᠯᠵᠦ᠂ ᠬᠠᠤᠯᠢ ᠪᠠᠷ ᠵᠠᠰᠠᠭ ᠶᠠᠪᠤᠭᠤᠯᠬᠤ ᠂ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡ ᠶᠢᠨ ᠱᠠᠭᠠᠷᠳᠠᠯᠭ᠎ᠠ ᠶᠢ ᠲᠣᠪᠤᠶᠢᠯᠭᠠᠪᠠ᠃ | ᠭᠤᠷᠪᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠠᠷᠴᠢᠮ ᠢ ᠪᠠᠷᠢᠮᠲᠠᠯᠠᠪᠠ ᠃ ᠲᠣᠭᠲᠠᠮᠠᠯ | ᠬᠤᠭᠤᠴᠠᠭ᠎ᠠ ᠲᠠᠢ ᠪᠠᠷ ᠲᠡᠮᠳᠡᠭᠯᠡᠭᠦᠯᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠵᠠᠰᠠᠭ ᠵᠠᠬᠢᠷᠭᠠᠨ ᠤ ᠠᠪᠤᠷᠠᠨ | ᠲᠤᠰᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠷᠢᠯᠳᠦᠬᠦᠨ ᠢ ᠲᠣᠭᠲᠠᠭᠠᠬᠤ᠂ | ᠲᠡᠮᠳᠡᠭᠯᠡᠬᠦ᠂ ᠬᠤᠪᠢᠷᠠᠭᠤᠯᠬᠤ ᠬᠤᠷᠸ᠎ᠠ ᠬᠢᠨᠠᠨ ᠬᠠᠮᠢᠶᠠᠷᠤᠯᠲᠠ ᠪᠠ ᠬᠤᠮᠠᠬᠢ ᠬᠢᠨᠠᠨ ᠡᠵᠡᠮᠳᠡᠯ ᠢ ᠴᠢᠩᠭᠠᠳᠬᠠᠬᠤ ᠶᠢᠨ | ᠲᠥᠯᠥᠭᠡ᠂ ᠨᠡᠯᠢᠶᠡᠳ ᠯᠠᠪᠳᠠᠭᠤᠨ ᠪᠠᠲᠤᠲᠠᠶ ᠲᠣᠭᠲᠠᠴᠠ ᠶᠢᠨ ᠪᠠᠲᠤᠯᠠᠭ᠎ᠠ ᠶᠢ ᠪᠠᠶᠢᠭᠤᠯᠪᠠ᠃ | ᠲᠦᠷᠪᠡ ᠳᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠪᠠ᠃ ᠡᠷᠬᠡ | ᠣᠯᠭᠤᠭᠰᠠᠨ ᠠᠶᠢᠮᠠᠭ ᠬᠤᠳᠠ ᠶᠢᠨ ᠬᠡᠷᠡᠭ ᠡᠷᠬᠢᠯᠡᠬᠦ ᠵᠥᠪᠯᠡᠯ ︵ᠦᠨᠳᠦᠰᠦᠲᠡᠨ ᠤ ᠲᠣᠪᠴᠢᠶ᠎ᠠ︶ ᠨᠢ ᠲᠤᠰ ᠭᠠᠵᠠᠷ | ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠠᠷᠭ᠎ᠠ︾ ᠶᠢᠨ ᠦᠨᠳᠦᠰᠦᠨ ᠵᠠᠷᠴᠢᠮ | ᠪᠠ ᠭᠤᠣᠯ ᠵᠦᠢᠯ ᠵᠤᠷᠪᠤᠰ ᠢ ᠵᠥᠷᠢᠴᠡᠬᠦ ᠦᠭᠡᠶ ᠪᠠᠶᠢᠬᠤ ᠤᠷᠢᠲᠠᠯ ᠳᠣᠣᠷ᠎ᠠ ᠪᠣᠳᠠᠲᠠᠶ ᠬᠡᠷᠡᠭᠵᠢᠭᠦᠯᠬᠦ ᠨᠠᠷᠢᠨ | ᠳᠦᠷᠢᠮ ᠢ ᠰᠤᠳᠤᠯᠤᠨ ᠲᠣᠭᠲᠠᠭᠠᠪᠠ᠃ | ᠬᠥᠲᠥᠯᠥᠭᠴᠢ᠄ | ︽ᠬᠡᠷᠡᠭᠵᠢᠭᠦᠯᠬᠦ ᠠᠷᠭ᠎ᠠ︾ ᠶᠢᠨ ᠲᠤᠭᠤᠷᠪᠢᠬᠤ ᠠᠵᠢᠯ ᠨᠢ ᠶᠠᠮᠠᠷ ᠶᠠᠮᠠᠷ ᠶᠠᠪᠤᠴᠠ ᠶᠢ ᠥᠩᠭᠡᠷᠡᠭᠡᠭᠰᠡᠨ ᠪᠣᠢ | ︖ | ᠶᠦᠨ ᠭᠦᠸᠧ ᠱᠧᠩ᠄ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠤ | ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ | ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠳᠣᠲᠣᠭᠠᠳᠤ ᠶᠢ ᠬᠠᠮᠠᠭᠠᠯᠠᠬᠤ ᠶᠠᠮᠤᠨ 2 ᠳ᠋ᠤᠭᠠᠷ ᠲᠣᠭᠠᠲᠤ ᠵᠠᠷᠯᠢᠭ︶ ᠶᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ | ᠤᠯᠤᠰ ᠤᠨ ᠵᠣᠷᠢᠭ ᠰᠠᠨᠠᠭ᠎ᠠ ᠶᠢ ᠨᠡᠩ ᠰᠠᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ | ᠵᠥᠪᠯᠡᠯ ᠨᠢ ᠮᠠᠨ ᠤ ᠣᠷᠣᠨ ᠤ ᠪᠣᠳᠠᠲᠤ ᠪᠠᠶᠢᠳᠠᠯ ᠳᠤ ᠳᠣᠭᠢᠷᠬᠠᠰᠠᠨ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠨ | ᠪᠢᠴᠢᠬᠦ ᠠᠵᠢᠯ ᠢᠶᠠᠨ ᠡᠬᠢᠯᠡᠭᠦᠯᠪᠡ᠃ | ᠶᠠᠭᠤᠨ ᠤ ᠡᠮᠦᠨ᠎ᠡ 2015 ᠣᠨ ᠤ 10 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠵᠣᠬᠢᠴᠠᠭᠤᠯᠬᠤ | ᠬᠤᠷᠠᠯ ᠬᠢᠵᠦ᠂ ᠲᠤᠭᠤᠷᠪᠢᠨ ᠪᠢᠴᠢᠬᠦ ᠠᠴᠠ ᠡᠮᠦᠨᠡᠬᠢ ᠪᠡᠯᠡᠳᠬᠡᠯ ᠠᠵᠢᠯ ᠢ ᠥᠪᠡᠷᠰᠡᠳ ᠤᠨ ᠠᠵᠢᠯ ᠤᠨ ᠬᠦᠷᠢᠶ᠎ᠡ | ᠬᠡᠪᠴᠢᠶ᠎ᠡ ᠪᠠ ᠡᠭᠦᠳᠡᠨ ᠠᠴᠠ ᠭᠦᠨᠵᠡᠭᠡᠢ ᠰᠣᠯᠢᠯᠴᠠᠨ ᠶᠠᠷᠢᠯᠴᠠᠪᠠ᠂ ᠬᠤᠷᠠᠯ ᠠᠴᠠ ᠮᠠᠨ ᠤ ᠣᠷᠣᠨ ᠤ ᠬᠡᠷᠡᠭᠵᠢᠭᠦᠯᠬᠦ | ᠠᠷᠭ᠎ᠠ ᠶᠢ ᠮᠠᠨ ᠤ ᠵᠥᠪᠯᠡᠯ ᠲᠦᠷᠦᠭᠦᠯᠡᠨ ᠨᠢᠭᠡᠳᠦᠯᠲᠡᠶ ᠲᠥᠯᠥᠪᠵᠢᠭᠦᠯᠦᠨ ᠲᠤᠭᠤᠷᠪᠢᠨ ᠪᠢᠴᠢᠬᠦ ᠶᠢᠨ ᠬᠠᠮᠲᠤ | ᠪᠢᠴᠢᠭ ᠮᠠᠲ᠋ᠧᠷᠢᠶᠠᠯ ᠳᠤ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠢᠶᠠᠷ ᠶᠠᠷᠢᠯᠴᠠᠭᠤᠯᠬᠤ ᠵᠡᠷᠭᠡ ᠠᠵᠢᠯ ᠢ | ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ | ᠠᠵᠢᠯ ᠤᠨ ᠴᠤᠪᠤᠷᠠᠯ ᠢ ᠲᠣᠭᠲᠠᠭᠠᠬᠤ ᠶᠢ ᠬᠠᠷᠢᠭᠤᠴᠠᠬᠤ ᠬᠡᠷᠡᠭᠲᠡᠢ ᠭᠡᠵᠦ ᠲᠣᠭᠲᠠᠭᠠᠪᠠ᠃ | 11 ᠳ᠋ᠦ᠋ᠭᠡᠷ ᠰᠠᠷ᠎ᠠ ᠳᠤ᠂ ᠮᠠᠨ ᠤ ᠵᠥᠪᠯᠡᠯ ᠠᠵᠢᠯᠲᠠᠨ ᠲᠣᠮᠢᠯᠠᠵᠤ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠵᠤᠷᠭᠠᠨ ᠤ ᠵᠣᠬᠢᠶᠠᠨ ᠪᠠᠶᠢᠭᠤᠯᠤᠭᠰᠠᠨ ︽︿ | ᠳᠤᠮᠳᠠᠳᠤ ᠤᠯᠤᠰ ᠤᠨ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ | ᠠᠷᠭ᠎ᠠ﹀ ᠶᠢ ᠬᠡᠷᠡᠭᠵᠢᠭᠦᠯᠬᠦ ᠵᠢᠯᠤᠭᠤᠳᠤᠯᠭ᠎ᠠ ᠶᠢᠨ ᠪᠣᠯᠪᠠᠰᠤᠷᠠᠭᠤᠯᠤᠯ ᠤᠨ ᠠᠩᠬᠢ︾ ᠳᠤ ᠣᠷᠣᠯᠴᠠᠭᠤᠯᠪᠠ᠃ | ᠪᠣᠯᠪᠠᠰᠤᠷᠠᠯ ᠤᠨ ᠠᠩᠭᠢ ᠳᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠵᠤᠷᠭᠠᠨ ᠤ ᠤᠳᠤᠷᠢᠳᠤᠯᠭ᠎ᠠ ᠪᠠ | ᠲᠤᠭᠤᠷᠪᠢᠨ ᠪᠢᠴᠢᠬᠦ ᠠᠵᠢᠯᠲᠠᠨ ᠲᠤᠭᠤᠷᠪᠢᠨ ᠪᠢᠴᠢᠭᠰᠡᠨ ᠠᠬᠤᠶ ᠪᠠᠶᠢᠳᠠᠯ ᠪᠠ ᠭᠤᠣᠯ ᠠᠭᠤᠯᠭ᠎ᠠ ᠳᠤ | ᠲᠠᠶᠢᠯᠪᠤᠷᠢᠯᠠᠯᠲᠠ ᠬᠢᠭᠰᠡᠨ ᠪᠥᠭᠡᠳ ᠵᠦᠢᠯ ᠵᠤᠷᠪᠤᠰ ᠤᠨ ᠪᠣᠳᠠᠲᠠᠶ ᠬᠡᠷᠡᠭᠯᠡᠯᠲᠡ ᠳᠠᠬᠢ ᠮᠠᠳᠠᠭ ᠲᠠᠢ ᠠᠰᠠᠭᠤᠳᠠᠯ ᠳᠤ | ᠲᠠᠶᠢᠯᠪᠤᠷᠢᠯᠠᠯᠲᠠ ᠬᠢᠪᠡ᠃ ᠮᠠᠨ ᠤ ᠣᠷᠣᠨ ᠤ ᠬᠡᠷᠡᠭᠵᠢᠭᠦᠯᠬᠦ ᠠᠷᠭ᠎ᠠ ᠶᠢ ᠲᠤᠭᠤᠷᠪᠢᠨ ᠪᠢᠴᠢᠬᠦ ᠳᠤ ᠨᠡᠩ ᠨᠠᠷᠢᠨ | ᠣᠨᠣᠪᠴᠢᠲᠠᠶ ᠲᠦᠷᠦ ᠶᠢᠨ ᠪᠤᠳᠤᠯᠭ᠎ᠠ ᠪᠣᠯᠤᠨ ᠣᠨᠣᠯ ᠤᠨ ᠡᠰᠢ ᠪᠠᠷᠢᠮᠲᠠ ᠣᠯᠭᠤᠬᠤ ᠶᠢᠨ ᠲᠣᠰᠠᠳᠠ ᠪᠠᠰᠠ | ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠣᠯᠵᠤ ᠰᠤᠷᠤᠯᠴᠠᠪᠠ᠃ ᠪᠣᠯᠪᠠᠰᠤᠷᠠᠯ ᠳᠠᠭᠤᠰᠤᠭᠰᠠᠨ ᠤ | ᠲᠠᠷᠠᠭ᠎ᠠ᠂ ᠮᠠᠨ ᠤ ᠵᠥᠪᠯᠡᠯ ︽ᠬᠡᠷᠡᠭᠵᠢᠭᠦᠯᠬᠦ ᠠᠷᠭ᠎ᠠ︾ ᠶᠢᠨ ᠡᠬᠡ ᠨᠤᠤᠷᠠᠭ ᠢ ᠲᠤᠭᠤᠷᠪᠢᠨ ᠪᠢᠴᠢᠪᠡ᠃ | 12 ᠳ᠋ᠤᠭᠠᠷ ᠰᠠᠷ᠎ᠠ ᠶᠢᠨ ᠡᠬᠢ ᠪᠠᠷ᠂ ᠮᠠᠨ ᠤ ᠵᠥᠪᠯᠡᠯ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠨᠤᠲᠠᠯᠠᠯᠲᠠ ᠶᠢᠨ ᠬᠤᠷᠠᠯ ᠬᠢᠵᠦ᠂ ︽ᠬᠡᠷᠡᠭᠵᠢᠭᠦᠯᠬᠦ ᠠᠷᠭ᠎ᠠ︾ ᠶᠢᠨ ᠡᠬᠡ ᠨᠣᠣᠷᠠᠭ ᠢ ᠨᠤᠲᠠᠯᠠᠵᠤ ᠰᠤᠳᠤᠯᠤᠨ | ᠨᠤᠲᠠᠯᠠᠪᠠ᠃ ᠡᠬᠡ ᠨᠤᠤᠷᠠᠭ ᠲᠠᠬᠢ ᠬᠤᠪᠢᠷᠠᠭᠤᠯᠬᠤ ᠨᠥᠬᠦᠴᠡᠯ᠂ ᠬᠤᠪᠢᠷᠠᠭᠤᠯᠬᠤ ᠴᠤᠪᠤᠷᠠᠯ᠂ ᠭᠡᠷᠡᠴᠢ ᠮᠠᠲ᠋ᠧᠷᠢᠶᠠᠯ ᠂ | ᠬᠤᠪᠢᠷᠠᠭᠤᠯᠬᠤ ᠴᠠᠭ ᠤᠨ ᠬᠢᠵᠠᠭᠠᠷ ᠪᠠ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ ᠵᠣᠬᠢᠶᠠᠬᠤ ᠵᠡᠷᠭᠡ ᠪᠣᠳᠠᠲᠠᠶ | ᠠᠭᠤᠯᠭ᠎ᠠ ᠶᠢ ᠤᠢᠢᠷ᠎ᠠ ᠶᠢᠨ ᠵᠢᠯ ᠤᠳ ᠤᠨ ᠠᠵᠢᠯ ᠤᠨ ᠳᠤᠮᠳᠠ ᠭᠠᠷᠤᠭᠰᠠᠨ ᠪᠣᠳᠠᠲᠤ ᠵᠢᠱᠢᠶ᠎ᠡ ᠨᠦᠭᠦᠳ ᠲᠠᠢ | ᠤᠶᠠᠯᠳᠤᠭᠤᠯᠤᠨ ᠢᠳᠡᠪᠬᠢᠲᠡᠶ ᠪᠠᠷ ᠶᠠᠷᠢᠯᠴᠠᠨ ᠰᠤᠳᠤᠯᠪᠠ᠃ ᠬᠤᠷᠠᠯ ᠤᠨ ᠳᠠᠷᠠᠭ᠎ᠠ᠂ ᠨᠤᠲᠠᠯᠠᠯᠲᠠ ᠶᠢᠨ ᠬᠤᠷᠠᠯ ᠤᠨ | ᠦᠷ᠎ᠡ ᠳ᠋ᠦᠩ ᠢ ᠦᠨᠳᠦᠰᠦᠯᠡᠨ ᠡᠭᠡ ᠨᠤᠤᠷᠠᠭ ᠲᠤ ᠳᠠᠬᠢᠨᠲᠠ ᠵᠠᠰᠠᠪᠤᠷᠢ ᠣᠷᠣᠭᠤᠯᠵᠤ᠂ ︽ᠬᠡᠷᠡᠭᠵᠢᠭᠦᠯᠬᠦ ᠠᠷᠭ᠎ᠠ︾ | ᠶᠢᠨ ᠰᠠᠨᠠᠯ ᠬᠤᠷᠢᠶᠠᠬᠤ ᠲᠥᠰᠥᠯ ᠢ ᠪᠤᠶ ᠪᠣᠯᠭᠠᠪᠠ᠃ | ᠶᠦᠨ ᠭᠦᠸᠧ ᠱᠧᠩ᠄ | 12 ᠳ᠋ᠤᠭᠠᠷ ᠰᠠᠷ᠎ᠠ ᠶᠢᠨ ᠳᠤᠮᠳᠠᠴᠢ ᠪᠠᠷ᠂ ᠮᠠᠨ ᠤ ᠵᠥᠪᠯᠡᠯ ︽ᠬᠡᠷᠡᠭᠵᠢᠭᠦᠯᠬᠦ ᠠᠷᠭ᠎ᠠ︾ ᠶᠢᠨ ᠰᠠᠨᠠᠯ | ᠬᠤᠷᠢᠶᠠᠬᠤ ᠡᠬᠡ ᠨᠣᠣᠷᠠᠭ ᠲᠤ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠰᠦᠯᠵᠢᠶᠡᠨ ᠳᠡᠭᠡᠷ᠎ᠡ ᠵᠢᠩᠬᠢᠨᠢ ᠪᠠᠷ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ᠮᠡᠳᠡᠭᠳᠡᠯ | ᠪᠠᠭᠤᠯᠭᠠᠵᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠦᠬᠦ ᠣᠷᠣᠨ ᠤ ᠡᠯ᠎ᠡ | ᠠᠶᠢᠮᠠᠭ ᠬᠤᠲᠠ ︵ᠡᠷᠢᠶᠡᠨ ᠬᠤᠳᠠ᠂ ᠮᠠᠨᠵᠤᠤᠷ ᠬᠤᠳᠠ ᠪᠠᠭᠲᠠᠨ᠎ᠠ︶ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ︵ᠦᠨᠳᠦᠰᠦᠲᠡᠨ ᠤ ᠲᠣᠪᠴᠢᠶ᠎ᠠ︶ ᠠᠴᠠ ᠰᠠᠨᠠᠯ ᠬᠤᠷᠢᠶᠠᠪᠠ᠃ ᠡᠯ᠎ᠡ ᠬᠤᠯᠪᠣᠭᠳᠠᠯ ᠪᠦᠬᠦᠢ ᠨᠢᠭᠡᠴᠡ ᠨᠠᠷᠢᠨ | ᠲᠣᠳᠣᠷᠬᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠂ ᠪᠢᠳᠡ ᠤᠯᠤᠰ ᠤᠨ ᠵᠣᠷᠢᠭ ᠰᠠᠨᠠᠭ᠎ᠠ ᠪᠠ ᠮᠠᠨ ᠤ | ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ ᠵᠠᠷᠢᠮ ᠬᠡᠰᠡᠭ ᠢ ᠨᠢ ᠰᠢᠩᠭᠡᠭᠡᠨ ᠠᠪᠤᠪᠠ᠃ | 2016 ᠣᠨ ᠤ 1 ᠳ᠋ᠦ᠋ᠭᠡᠷ ᠰᠠᠷ᠎ᠠ ᠳᠤ᠂ ᠮᠠᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ | ᠲᠤᠰᠬᠠᠢ ᠰᠡᠳᠦᠪᠲᠦ ᠬᠤᠷᠠᠯ ᠬᠢᠵᠦ ︽ᠬᠡᠷᠡᠭᠵᠢᠭᠦᠯᠬᠦ ᠠᠷᠭ᠎ᠠ︾ ᠶᠢᠨ ᠠᠭᠤᠯᠭ᠎ᠠ ᠶᠢ ᠶᠠᠷᠢᠯᠴᠠᠵᠤ᠂ ᠮᠠᠨ ᠤ | ᠵᠥᠪᠯᠡᠯ ᠤᠨ ᠤᠳᠤᠷᠢᠳᠤᠯᠭ᠎ᠠ ︽ᠬᠡᠷᠡᠭᠵᠢᠭᠦᠯᠬᠦ ᠠᠷᠭ᠎ᠠ︾ ᠶᠢᠨ ᠠᠭᠤᠯᠭ᠎ᠠ ᠶᠢ ᠵᠦᠢᠯ ᠵᠤᠷᠪᠦᠰ ᠳᠠᠷᠠᠭᠠᠯᠠᠨ | ᠰᠤᠳᠤᠯᠤᠨ ᠶᠠᠷᠢᠯᠴᠠᠵᠤ᠂ ᠡᠴᠦᠰ ᠤᠨ ᠵᠠᠰᠠᠪᠤᠷᠢ ᠣᠷᠣᠭᠤᠯᠤᠨ᠂ ︽ᠬᠡᠷᠡᠭᠵᠢᠭᠦᠯᠬᠦ ᠠᠷᠭ᠎ᠠ︾ ᠶᠢ ᠬᠠᠮᠲᠤ ᠪᠠᠷ | ᠪᠠᠲᠤᠯᠠᠪᠠ᠃ | 2 ᠳ᠋ᠤᠭᠠᠷ ᠰᠠᠷ᠎ᠠ ᠶᠢᠨ 4 ᠤ ᠡᠳᠦᠷ ︽ᠬᠡᠷᠡᠭᠵᠢᠭᠦᠯᠬᠦ ᠠᠷᠭ᠎ᠠ︾ ᠶᠢ ᠵᠢᠩᠬᠢᠨᠢ ᠪᠠᠷ ᠳᠠᠷᠤᠮᠠᠯᠯᠠᠨ | ᠲᠠᠷᠬᠠᠭᠠᠭᠰᠠᠨ ᠪᠥᠭᠡᠳ ᠡᠬᠢᠯᠡᠨ ᠬᠡᠷᠡᠭᠵᠢᠭᠦᠯᠪᠡ᠃ | ᠮᠠᠨ ᠤ ᠣᠷᠣᠨ ᠤ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠬᠤ ᠠᠵᠢᠯ ᠨᠢ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ | ᠠᠶᠢᠮᠠᠭ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠶᠢ ᠣᠯᠪᠠ᠃ | ᠠᠳᠡ ᠪᠢ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠮᠦᠨ᠎ᠡ ᠠᠴᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠤᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢᠬᠠᠨ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢᠵᠢᠭᠤᠯᠬᠤ ᠠᠬᠢᠴᠠ ᠶᠢ ᠬᠠᠷᠠᠭᠠᠯᠵᠠᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠶᠦᠨ ᠡᠷᠬᠢᠯᠡᠭᠴᠢ ᠡ᠂ ︽ᠬᠡᠷᠡᠭᠵᠢᠭᠦᠯᠬᠦ ᠠᠷᠭ᠎ᠠ︾ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠤᠢ︖ | | ᠶᠦᠨ ᠭᠦᠸᠧ ᠱᠧᠩ᠄ | ᠬᠡᠷᠡᠭᠵᠢᠭᠦᠯᠬᠦ ᠠᠷᠭ᠎ᠠ ᠳᠤ ᠨᠡᠶᠢᠳᠡ 22 ᠵᠦᠢᠯ ᠪᠤᠢ᠃ ᠨᠢᠭᠡᠳᠦᠭᠡᠷ ᠵᠦᠢᠯ ᠠᠴᠠ ᠳᠥᠷᠪᠡᠳᠦᠭᠡᠷ ᠨᠢ | ᠭᠤᠣᠯᠳᠠᠭᠤ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠭᠤᠣᠯ | ᠤᠬᠠᠭᠳᠠᠬᠤᠨ ᠪᠠ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠪᠣᠯᠤᠨ᠎ᠠ᠃ ᠲᠠᠪᠤᠳᠤᠭᠠᠷ | ᠵᠦᠢᠯ ᠠᠴᠠ ᠳᠣᠯᠣᠳᠤᠭᠠᠷ ᠵᠦᠢᠯ ᠨᠢ ᠠᠷᠠᠳ ᠡᠷᠡᠭᠡᠳ ᠤᠨ ᠦᠨᠳᠦᠰᠦᠲᠡᠨ ᠤ ᠪᠦᠷᠢᠯᠳᠦᠬᠦᠨ ᠢ ᠨᠤᠲᠠᠯᠠᠨ | ᠲᠣᠭᠲᠠᠭᠠᠬᠤ᠂ ᠲᠡᠮᠳᠡᠭᠯᠡᠬᠦ ᠪᠠ ᠬᠤᠪᠢᠷᠠᠭᠤᠯᠬᠤ ᠦᠨᠳᠦᠰᠦᠨ ᠵᠠᠷᠴᠢᠮ ᠤᠨ ᠲᠤᠬᠠᠶ ᠬᠤᠯᠪᠣᠭᠳᠠᠯ ᠪᠦᠬᠦᠢ | ᠲᠣᠭᠲᠠᠭᠠᠯ ᠪᠣᠯᠤᠨ᠎ᠠ᠃ ᠨᠠᠢᠮᠠᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠨᠢ ᠭᠤᠣᠯᠳᠠᠭᠤ ᠬᠤᠪᠢᠷᠠᠭᠤᠯᠬᠤ | ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠪᠣᠳᠠᠲᠠᠶ ᠱᠠᠭᠠᠷᠳᠠᠯᠭ᠎ᠠ ᠪᠣᠯᠣᠨ ᠭᠤᠶᠤᠴᠢᠯᠠᠬᠤ ᠳᠡᠰ | ᠳᠠᠷᠠᠭᠠᠯᠠᠯ ᠤᠨ ᠲᠤᠬᠠᠶ ᠬᠤᠯᠪᠣᠭᠳᠠᠯ ᠪᠦᠬᠦᠢ ᠲᠣᠭᠲᠠᠭᠠᠯ ᠪᠣᠯᠣᠨ᠎ᠠ᠂ ᠠᠷᠪᠠᠨ ᠬᠤᠶᠠᠳᠤᠭᠠᠷ ᠵᠦᠢᠯ ᠠᠴᠠ ᠠᠷᠪᠠᠨ | ᠲᠠᠪᠤᠳᠤᠭᠠᠷ ᠵᠦᠢᠯ ᠨᠢ ᠭᠤᠣᠯᠳᠠᠭᠤ ᠦᠨᠳᠦᠰᠦᠲᠡᠨ ᠤ ᠪᠦᠷᠢᠯᠳᠦᠬᠦᠨ ᠢ ᠲᠡᠮᠳᠡᠭᠯᠡᠬᠦ ᠬᠠᠮᠢᠶᠠᠷᠤᠯᠲᠠ ᠶᠢᠨ | ᠳᠠᠩᠰᠠᠯᠠᠭᠤᠯᠬᠤ᠂ ᠬᠠᠮᠵᠢᠯᠴᠠᠬᠤ᠂ ᠬᠢᠨᠠᠯᠲᠠ ᠲᠠᠯᠪᠢᠬᠤ ᠲᠡᠳᠬᠦᠬᠦ ᠲᠣᠭᠲᠠᠴᠠ ᠶᠢᠨ ᠲᠤᠬᠠᠶ ᠬᠤᠯᠪᠣᠭᠳᠠᠯ ᠪᠦᠬᠦᠢ | ᠲᠣᠭᠲᠠᠭᠠᠯ ᠪᠣᠯᠤᠨ᠎ᠠ᠃ ᠠᠷᠪᠠᠨ ᠵᠢᠷᠭᠤᠳᠤᠭᠠᠷ ᠵᠦᠢᠯ ᠠᠴᠠ ᠠᠷᠪᠠᠨ ᠨᠠᠢᠮᠠᠳᠤᠭᠠᠷ ᠵᠦᠢᠯ ᠨᠢ ᠭᠤᠣᠯᠳᠠᠭᠤ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠪᠣᠯᠤᠨ᠎ᠠ᠃ ᠠᠷᠪᠠ | ᠶᠢᠰᠦᠳᠦᠭᠡᠷ ᠵᠦᠢᠯ ᠠᠴᠠ ᠬᠤᠷᠢᠳᠤᠭᠠᠷ ᠵᠦᠢᠯ ᠨᠢ ᠭᠤᠣᠯᠳᠠᠭᠤ ᠦᠨᠳᠦᠰᠦᠲᠡᠨ ᠤ ᠪᠦᠷᠢᠯᠳᠦᠬᠦᠨ ᠢ ᠨᠢ | ᠲᠣᠭᠲᠠᠭᠠᠳᠤᠶ ᠠᠷᠠᠳ ᠢᠷᠭᠡᠳ᠂ ᠭᠠᠳᠠᠭᠠᠳᠤ ᠶᠢᠨ ᠬᠥᠮᠦᠨ ᠪᠣᠯᠣᠨ ᠳᠤᠮᠳᠠᠳᠤ ᠤᠯᠤᠰ ᠤᠨ ᠠᠷᠠᠳ ᠢᠷᠭᠡᠨ | ᠤᠷᠤᠭᠯᠠᠭᠠᠳ ᠲᠦᠷᠦᠭᠰᠡᠠ ᠦᠷ᠎ᠡ ᠬᠡᠦᠬᠡᠳ ᠲᠤ ᠳᠤᠮᠳᠠᠳᠤ ᠤᠯᠤᠰ ᠤᠨ ᠬᠠᠷᠢᠶ᠎ᠠ ᠣᠯᠭᠤᠬᠤ᠂ ᠭᠠᠳᠠᠭᠠᠳᠤ | ᠤᠯᠤᠰ ᠤᠨ ᠬᠥᠮᠦᠨ ᠳᠤ ᠳᠤᠮᠳᠠᠳᠤ ᠤᠯᠤᠰ ᠤᠨ ᠤᠯᠤᠰ ᠤᠨ ᠬᠠᠷᠢᠶ᠎ᠠ ᠣᠯᠭᠤᠬᠤ ᠵᠡᠷᠭᠡ ᠭᠤᠷᠪᠠᠨ ᠵᠦᠢᠯ ᠤᠨ | ᠣᠨᠴᠠᠭᠠᠶ ᠪᠠᠶᠢᠳᠠᠯ ᠤᠨ ᠲᠤᠬᠠᠶ ᠲᠣᠭᠲᠠᠭᠠᠯ ᠪᠣᠯᠤᠨ᠎ᠠ᠃ ᠬᠤᠷᠢᠨ ᠨᠢᠭᠡᠳᠦᠭᠡᠷ ᠵᠦᠢᠯ ᠨᠢ ᠭᠤᠣᠯᠳᠠᠭᠤ ᠬᠤᠯᠪᠣᠭᠳᠠᠯ | ᠪᠦᠬᠦᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠯ ᠪᠣᠯᠣᠨ᠎ᠠ᠃ ᠬᠤᠷᠢᠨ ᠬᠤᠶᠠᠳᠤᠭᠠᠷ ᠵᠦᠢᠯ ᠨᠢ ᠭᠤᠣᠯᠳᠠᠭᠤ | ᠬᠤᠯᠪᠣᠭᠳᠠᠯ ᠪᠦᠬᠦᠢ ᠲᠦᠷᠢᠮ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠶᠢᠨ ᠲᠤᠬᠠᠶ ᠲᠣᠭᠲᠠᠭᠠᠯ ᠪᠣᠯᠤᠨ᠎ᠠ᠃ | ᠬᠥᠲᠥᠯᠥᠭᠴᠢ᠄ | ᠠᠷᠠᠳ ᠢᠷᠭᠡᠳ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠦᠨᠳᠦᠰᠦ ᠪᠠᠷᠢᠮᠲᠠ ᠨᠢ ᠶᠠᠭᠤ | ᠪᠤᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠶᠢᠨ ᠲᠠᠪᠤᠳᠤᠭᠠᠷ ᠵᠦᠢᠯ ᠳᠤ ᠲᠣᠳᠣᠷᠬᠠᠶ ᠲᠣᠭᠲᠠᠭᠠᠭᠰᠠᠨ ᠨᠢ᠄ ᠠᠷᠠᠳ | ᠢᠷᠭᠡᠳ ᠤᠨ ᠦᠨᠳᠦᠰᠦᠲᠡᠨ ᠤ ᠪᠦᠷᠢᠯᠳᠦᠬᠦᠨ ᠢ ᠵᠥᠪᠬᠡᠨ ᠲᠡᠭᠦᠨ ᠤ ᠡᠴᠢᠭᠡ ᠪᠤᠶᠤ ᠡᠭᠡ ᠶᠢᠨ ᠦᠨᠳᠦᠰᠦᠲᠡᠨ ᠤ | ᠪᠦᠷᠢᠯᠳᠦᠬᠦᠨ ᠢ ᠦᠨᠳᠦᠰᠦᠯᠡᠨ ᠨᠤᠲᠠᠯᠠᠨ ᠲᠣᠭᠲᠠᠭᠠᠬᠤ᠂ ᠲᠡᠮᠳᠡᠭᠯᠡᠬᠦ ᠪᠠ ᠬᠤᠪᠢᠷᠠᠭᠤᠯᠣᠨ᠎ᠠ᠃ ᠠᠳᠡ ᠬᠡᠯᠡᠵᠦ | ᠪᠠᠶᠢᠭ᠎ᠠ ᠡᠴᠢᠭᠡ ᠡᠬᠡ ᠭᠡᠳᠡᠭ ᠨᠢ ᠲᠥᠷᠥᠭᠰᠡᠨ ᠡᠴᠢᠭᠡ ᠡᠬᠡ᠂ ᠲᠡᠵᠢᠭᠡᠭᠰᠡᠨ ᠡᠴᠢᠭᠡ ᠡᠬᠡ ᠪᠠ ᠳᠠᠭᠠᠭᠤᠯᠢ ᠦᠷ᠎ᠡ | ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ ᠬᠠᠷᠢᠴᠠᠭ᠎ᠠ ᠪᠦᠬᠦᠢ ᠬᠤᠶᠢᠲᠤ ᠡᠴᠢᠭᠡ ᠡᠬᠡ ᠶᠢ ᠵᠢᠭᠠᠵᠤ | ᠪᠤᠢ᠃ | ᠬᠥᠲᠥᠯᠥᠭᠴᠢ᠄ | ᠶᠦᠨ ᠡᠷᠬᠢᠯᠡᠭᠴᠢ ᠡ᠂ ᠬᠡᠷᠪᠡ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ | ᠰᠠᠨᠠᠭ᠎ᠠ ᠲᠠᠢ ᠪᠣᠯ ᠶᠠᠮᠠᠷ ᠨᠥᠬᠦᠴᠡᠯ ᠪᠠᠶᠢᠬᠤ ᠪᠤᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠳᠤ ᠬᠤᠶᠠᠷ ᠵᠦᠢᠯ ᠤᠨ ᠠᠳᠠᠯᠢ ᠪᠤᠰᠤ ᠨᠠᠰᠤᠨ ᠤ ᠱᠠᠲᠤᠨ ᠳᠤ | ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠨᠥᠬᠦᠴᠡᠯ ᠢ ᠲᠣᠭᠲᠠᠭᠠᠪᠠ᠂ ᠲᠤᠬᠠᠶᠢᠯᠠᠪᠠᠯ᠄ ᠠᠷᠠᠳ | ᠢᠷᠭᠡᠳ ᠤᠨ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠤᠪᠢᠷᠠᠭᠤᠯᠬᠤ ᠨᠥᠬᠦᠴᠡᠯ ᠪᠠ ᠠᠷᠪᠠᠨ ᠨᠠᠢᠮᠠ ᠠᠴᠠ | ᠬᠤᠷᠢᠨ ᠨᠠᠰᠤ ᠬᠦᠷᠲᠡᠯᠡᠬᠢ ᠬᠤᠪᠢᠷᠠᠭᠤᠯᠬᠤ ᠨᠥᠬᠦᠴᠡᠯ ᠪᠣᠯᠣᠨ᠎ᠠ᠃ ︽ᠬᠡᠷᠡᠭᠵᠢᠭᠦᠯᠬᠦ ᠠᠷᠭ᠎ᠠ︾ ᠶᠢᠨ ᠳᠣᠯᠣᠳᠤᠭᠠᠷ | ᠵᠦᠢᠯ ᠳᠤ ᠢᠩᠭᠢᠵᠦ ᠲᠣᠭᠲᠠᠭᠠᠭᠰᠠᠨ ᠪᠠᠶᠢᠳᠠᠭ᠄ ᠠᠷᠠᠳ ᠢᠷᠭᠡᠳ ᠦᠨᠳᠦᠰᠦᠲᠡᠨ ᠤ ᠪᠦᠷᠢᠯᠳᠦᠬᠦᠨ ᠢᠶᠠᠨ ᠨᠤᠲᠠᠯᠠᠨ | ᠲᠡᠮᠳᠡᠭᠯᠡᠭᠦᠯᠦᠭᠰᠡᠨ ᠤ ᠲᠠᠷᠠᠭ᠎ᠠ᠂ ᠶᠡᠷᠦᠩᠬᠡᠢ ᠳᠡᠭᠡᠨ ᠬᠤᠪᠢᠷᠠᠭᠤᠯᠵᠤ ᠪᠣᠯᠬᠤ ᠤᠢᠭᠡᠢ᠃ ᠪᠦᠬᠦᠯᠢ ᠠᠷᠪᠠᠨ ᠨᠠᠢᠮᠠᠨ | ᠨᠠᠰᠤ ᠬᠦᠷᠦᠭᠡᠳᠦᠢ ᠠᠷᠠᠳ ᠢᠷᠭᠡᠳ ᠲᠤ ᠳᠣᠣᠷᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠢ ᠨᠢᠭᠡ ᠤᠳᠠᠭ᠎ᠠ ᠭᠠᠷᠭᠠᠵᠤ ᠪᠣᠯᠤᠨ᠎ᠠ᠃ ︵ | ᠨᠢᠭᠡ︶ ᠡᠴᠢᠭᠡ ᠡᠭᠡ ᠶᠢᠨ ᠬᠢᠨᠢ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠴᠤ᠂ ᠲᠡᠭᠦᠨ ᠤ ᠦᠨᠳᠦᠰᠦᠲᠡᠨ ᠤ | ᠪᠦᠷᠢᠯᠳᠦᠬᠦᠨ ᠨᠢ ᠰᠢᠭᠤᠳ ᠠᠰᠠᠷᠠᠨ ᠲᠡᠵᠢᠭᠡᠵᠦ ᠪᠠᠶᠢᠭ᠎ᠠ ᠨᠢᠭᠡ ᠡᠲᠡᠭᠡᠳ ᠤᠨ ᠬᠢ ᠲᠠᠢ ᠠᠳᠠᠯᠢ ᠪᠤᠰᠤ ᠪᠠᠶᠢᠭ᠎ᠠ᠃ | ︵ᠬᠤᠶᠠᠷ︶ ᠡᠴᠢᠭᠡ ᠡᠭᠡ ᠶᠢᠨ ᠬᠢᠨᠢ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠴᠤ᠂ ᠲᠡᠭᠦᠨ ᠤ | ᠦᠨᠳᠦᠰᠦᠲᠡᠨ ᠤ ᠪᠦᠷᠢᠯᠳᠦᠬᠦᠨ ᠨᠢ ᠬᠤᠶᠢᠲᠤ ᠡᠴᠢᠭᠡ ︵ᠡᠬᠡ︶ ᠶᠢᠨ ᠦᠨᠳᠦᠰᠦᠲᠡᠨ ᠤ ᠪᠦᠷᠢᠯᠳᠦᠬᠦᠨ ᠯᠦᠭᠡ | ᠠᠳᠠᠯᠢ ᠪᠤᠰᠤ ᠪᠠᠶᠢᠭ᠎ᠠ︔ ︵ᠭᠤᠷᠪᠠ︶ ᠲᠡᠭᠦᠨ ᠤ ᠦᠨᠳᠦᠰᠦᠲᠡᠨ ᠤ ᠪᠦᠷᠢᠯᠳᠦᠬᠦᠨ ᠨᠢ ᠲᠡᠵᠢᠭᠡᠭᠰᠡᠨ ᠡᠴᠢᠭᠡ ︵ | ᠡᠬᠡ︶ ᠶᠢᠨ ᠦᠨᠳᠦᠰᠦᠲᠡᠨ ᠤ ᠪᠦᠷᠢᠯᠳᠦᠬᠦᠨ ᠲᠠᠢ ᠠᠳᠠᠯᠢ ᠪᠤᠰᠤ ᠪᠠᠶᠢᠭ᠎ᠠ᠃ ᠪᠦᠬᠦᠯᠢ ᠠᠷᠪᠠᠨ ᠨᠠᠢᠮᠠᠨ ᠨᠠᠰᠤ | ᠬᠦᠷᠦᠭᠰᠡᠨ ᠠᠷᠠᠳ ᠢᠷᠭᠡᠳ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠡᠳᠦᠷ ᠠᠴᠠ ᠡᠬᠢᠯᠡᠨ ᠬᠤᠶᠠᠷ ᠵᠢᠯ ᠤᠨ | ᠳᠣᠲᠣᠷ᠎ᠠ᠂ ᠲᠥᠷᠥᠭᠰᠡᠨ ᠡᠴᠢᠭᠡ ᠪᠤᠶᠤ ᠲᠥᠷᠥᠭᠰᠡᠨ ᠡᠬᠡ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ | ᠦᠨᠳᠦᠰᠦᠯᠡᠨ ᠦᠨᠳᠦᠰᠦᠲᠡᠨ ᠤ ᠪᠦᠷᠢᠯᠳᠦᠭᠦᠨ ᠢᠶᠠᠨ ᠬᠤᠪᠢᠷᠠᠭᠤᠯᠬᠤ ᠪᠠᠷ ᠨᠢᠭᠡ ᠤᠳᠠᠭ᠎ᠠ ᠭᠤᠶᠣᠴᠢᠯᠠᠵᠤ ᠪᠣᠯᠣᠨ᠎ᠠ | ᠃ | ᠬᠥᠲᠥᠯᠥᠭᠴᠢ᠄ | ︽ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠦᠭᠰᠡᠨ ᠤ ᠲᠠᠷᠠᠭ᠎ᠠ᠂ ᠠᠷᠠᠳ ᠢᠷᠭᠡᠨ ᠤ ᠳᠣᠲᠣᠷ᠎ᠠ | ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠷᠥᠭᠡ ᠠᠮᠠ ᠪᠠᠨ ᠳᠠᠩᠰᠠᠯᠠᠭᠤᠯᠤᠨ ᠦᠨᠳᠦᠰᠦᠲᠡᠨ ᠤ | ᠪᠦᠷᠢᠯᠳᠦᠬᠦᠨ ᠢᠶᠠᠨ ᠲᠡᠮᠳᠡᠭᠯᠡᠭᠦᠯᠬᠦ ᠦᠶ᠎ᠡ ᠶᠠᠭᠤ ᠶᠢ ᠠᠩᠬᠠᠷᠬᠤ ᠴᠢᠬᠤᠯᠠᠲᠠᠶ ᠪᠣᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠳᠤ ᠲᠣᠳᠣᠷᠬᠠᠶ ᠲᠣᠭᠲᠠᠭᠠᠭᠰᠠᠨ ᠨᠢ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠷᠥᠭᠡ ᠠᠮᠠ ᠶᠢᠨ ᠳᠠᠩᠰᠠ ᠶᠢ ᠲᠡᠮᠳᠡᠭᠯᠡᠬᠦ ᠦᠶ᠎ᠡ ᠳᠤ᠂ | ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠡᠴᠢᠭᠡ ᠡᠭᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠢ | ᠦᠨᠳᠦᠰᠦᠯᠡᠨ᠂ ᠲᠡᠭᠦᠨ ᠤ ᠦᠨᠳᠦᠰᠦᠲᠡᠨ ᠤ ᠪᠦᠷᠢᠯᠳᠦᠬᠦᠨ ᠢ ᠨᠢ ᠨᠤᠲᠠᠯᠠᠨ ᠲᠣᠭᠲᠠᠭᠠᠬᠤ ᠬᠡᠷᠡᠭᠲᠡᠢ᠃ ᠰᠢᠨ᠎ᠡ ᠪᠠᠷ | ᠨᠡᠮᠡᠭᠳᠡᠭᠰᠡᠨ ᠬᠥᠮᠦᠨ ᠠᠮᠠ ᠶᠢᠨ ᠡᠴᠢᠭᠡ ᠡᠭᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠨᠢ ᠠᠳᠠᠯᠢ ᠤᠢᠭᠡᠢ ᠪᠣᠯ᠂ | ᠲᠡᠭᠦᠨ ᠤ ᠡᠴᠢᠭᠡ ᠡᠬᠡ ᠶᠢᠨ ᠬᠢᠨᠢ ᠬᠠᠮᠲᠤ ᠪᠠᠷ ᠭᠠᠷ ᠤᠨ ᠦᠰᠦᠭ ᠵᠢᠷᠤᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠦᠨᠳᠦᠰᠦᠲᠡᠨ ᠤ ᠪᠦᠷᠢᠯᠳᠦᠬᠦᠨ ᠢ | ᠨᠤᠲᠠᠯᠠᠨ ᠲᠣᠭᠲᠠᠭᠠᠬᠤ ᠪᠢᠴᠢᠭ︾ ᠢ ᠦᠨᠳᠦᠰᠦᠯᠡᠨ ᠵᠥᠪ ᠣᠨᠣᠪᠴᠢᠲᠠᠶ ᠲᠠᠭᠯᠠᠵᠦ ᠲᠡᠮᠳᠡᠭᠯᠡᠬᠦ ᠬᠡᠷᠡᠭᠲᠡᠶ᠃ | ᠨᠤᠲᠠᠯᠠᠨ ᠲᠣᠭᠲᠠᠭᠠᠭᠰᠠᠨ ᠤ ᠳᠠᠷᠠᠭ᠎ᠠ᠂ ᠪᠦᠬᠦᠯᠢ 18 ᠨᠠᠰᠤ ᠬᠦᠷᠬᠦ ᠠᠴᠠ ᠡᠮᠦᠨ᠎ᠡ ᠲᠡᠭᠦᠨ ᠤ ᠦᠨᠳᠦᠰᠦᠲᠡᠨ ᠤ | ᠪᠦᠷᠢᠯᠳᠦᠬᠦᠨ ᠢ ᠬᠤᠪᠢᠷᠠᠭᠤᠯᠵᠤ ᠪᠣᠯᠬᠤ ᠦᠭᠡᠶ ᠭᠡᠵᠡᠢ᠃ | ᠬᠥᠲᠥᠯᠥᠭᠴᠢ᠄ | ᠶᠦᠨ ᠡᠷᠬᠢᠯᠡᠭᠴᠢ ᠡ᠂ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠳᠤ | ᠶᠠᠮᠠᠷ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠᠲᠠᠶ ᠪᠤᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠶᠢᠨ ᠶᠢᠰᠦᠳᠦᠭᠡᠷ ᠵᠦᠢᠯ ᠳᠤ᠄ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ | ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠪᠠᠯ᠂ ᠳᠣᠣᠷᠠᠬᠢ ᠮᠡᠲᠦ | ᠲᠠᠪᠤᠨ ᠵᠦᠢᠯ ᠤᠨ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠶ᠄ ︵ᠨᠢᠭᠡ︶ ᠠᠷᠠᠳ ᠢᠷᠭᠡᠨ ᠤ ᠲᠥᠷᠥᠭᠰᠡᠨ | ᠡᠴᠢᠭᠡ ︵ᠡᠬᠡ︶᠂ ᠲᠡᠵᠢᠭᠡᠭᠰᠡᠨ ᠡᠴᠢᠭᠡ ︵ᠡᠬᠡ︶᠂ ᠬᠤᠶᠢᠲᠤ ᠡᠴᠢᠭᠡ ︵ᠡᠬᠡ︶ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ | ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠮᠡᠳᠡᠭᠦᠯᠦᠨ᠎ᠡ︔ ︵ᠬᠤᠶᠠᠷ︶ ᠠᠷᠠᠳ ᠢᠷᠭᠡᠨ ᠤ ᠲᠤᠰ ᠪᠡᠶ᠎ᠡ | ᠵᠢᠴᠢ ᠠᠷᠠᠳ ᠢᠷᠭᠡᠨ ᠤ ᠲᠦᠷᠦᠭᠰᠡᠨ ︵ᠲᠡᠵᠢᠭᠡᠭᠰᠡᠨ᠂ ᠬᠤᠶᠢᠲᠤ︶ ᠡᠴᠢᠭᠡ ︵ᠡᠬᠡ︶ ᠶᠢᠨ ᠰᠠᠭᠤᠭᠠᠯᠢ | ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ | ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ ᠬᠡᠪᠯᠡᠯ︔ ︵ᠭᠤᠷᠪᠠ︶ ᠲᠥᠷᠥᠭᠰᠡᠨ | ᠡᠴᠢᠭᠡ ︵ᠡᠬᠡ︶ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ | ᠂ ᠤᠷᠤᠭ ᠰᠠᠯᠤᠭᠰᠠᠨ ᠦᠨᠡᠮᠯᠡᠯ᠂ ᠰᠢᠭᠦᠬᠦ ᠬᠤᠷᠢᠶ᠎ᠠ ᠶᠢᠨ ᠲᠠᠰᠤᠯᠤᠯᠲᠠ ᠶᠢᠨ ᠪᠢᠴᠢᠭ ︵ᠪᠤᠶᠤ ᠤᠷᠤᠭ ᠰᠠᠯᠬᠤ | ᠵᠦᠪᠳᠡᠯᠴᠡᠭᠡᠷ ᠤᠨ ᠪᠢᠴᠢᠭ︶ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ | ᠬᠡᠪᠯᠡᠯ ᠢ ᠬᠠᠩᠭᠠᠬᠤ ᠴᠢᠬᠤᠯᠠᠲᠠᠢ︔ ᠬᠤᠶᠢᠲᠤ ᠡᠴᠢᠭᠡ ︵ᠡᠬᠡ︶ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ | ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ᠂ ᠲᠥᠷᠥᠭᠰᠡᠨ ᠡᠴᠢᠭᠡ ︵ᠡᠬᠡ︶ ᠬᠢᠭᠡᠳ ᠬᠤᠶᠢᠲᠤ ᠡᠬᠡ ︵ | ᠡᠴᠢᠭᠡ︶ ᠶᠢᠨ ᠢᠶᠠᠨ ᠤᠷᠤᠭ ᠤᠨ ᠬᠠᠷᠢᠴᠠᠭ᠎ᠠ ᠶᠢᠨ ᠭᠡᠷᠡᠴᠢᠯᠡᠯ ᠤᠨ ᠣᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ | ᠮᠠᠲ᠋ᠧᠷᠢᠶᠠᠯ ᠤᠨ ᠡᠯᠧᠺᠲᠷᠤᠨ ᠬᠡᠪᠯᠡᠯ ᠢ ᠬᠠᠩᠭᠠᠬᠤ ᠴᠢᠬᠤᠯᠠᠲᠠᠢ︔ ᠲᠡᠵᠢᠭᠡᠭᠰᠡᠨ ᠡᠴᠢᠭᠡ ︵ᠡᠬᠡ︶ ᠶᠢᠨ ᠢᠶᠠᠨ | ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠬᠤᠪᠢᠷᠠᠭᠤᠯᠬᠤ ᠪᠠᠷ ᠭᠤᠶᠤᠴᠢᠯᠠᠪᠠᠯ᠂ ᠡᠷᠭᠦᠨ ᠲᠡᠵᠢᠭᠡᠭᠰᠡᠨ | ᠭᠡᠷᠡᠴᠢᠯᠡᠯ ᠤᠨ ᠣᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ ᠬᠡᠪᠯᠡᠯ ᠢ ᠬᠠᠩᠭᠠᠬᠤ | ᠴᠢᠬᠤᠯᠠᠲᠠᠢ︔ ︵ᠳᠥᠷᠪᠡ︶ ᠬᠡᠷᠪᠡ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ ᠨᠢ ᠡᠴᠢᠭᠡ | ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠬᠠᠷᠠᠭᠤᠯᠵᠤ ᠴᠢᠳᠠᠬᠤ ᠦᠭᠡᠢ ᠪᠣᠯ᠂ ︽ᠲᠥᠷᠦᠯᠲᠡ ᠶᠢᠨ ᠠᠨᠠᠭᠠᠬᠤ | ᠤᠬᠠᠭᠠᠨ ᠤ ᠭᠡᠷᠡᠴᠢᠯᠡᠯ︾ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ | ᠬᠡᠪᠯᠡᠯ ᠢ ᠬᠠᠩᠭᠠᠬᠤ ᠴᠢᠬᠤᠯᠠᠲᠠᠢ︔ ᠬᠡᠷᠪᠡ ︽ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾ ᠪᠠᠶᠢᠬᠤ | ᠦᠭᠡᠢ ᠪᠣᠯ᠂ ᠠᠷᠠᠳ ᠢᠷᠭᠡᠨ ᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠰᠤᠮᠤ᠂ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠦ | ᠥᠭᠭᠦᠭᠰᠡᠨ ᠡᠴᠢᠭᠡ ᠡᠭᠡ ᠦᠷ᠎ᠡ ᠬᠡᠦᠬᠡᠳ ᠤᠨ ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠢ ᠲᠤᠰᠢᠶᠠᠬᠤ | ᠴᠢᠬᠤᠯᠠᠲᠠᠢ︔ ︵ᠲᠠᠪᠤ︶ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ ᠭᠡᠵᠦ | ᠲᠣᠭᠲᠠᠭᠠᠵᠠᠢ᠃ | ︽ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠳᠤ᠄ ᠪᠦᠬᠦᠯᠢ ᠠᠷᠪᠠᠨ ᠨᠠᠢᠮᠠᠨ ᠨᠠᠰᠤᠨ ᠳᠤ | ᠬᠦᠷᠦᠭᠰᠡᠠ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠪᠠᠯ᠂ | ᠳᠣᠣᠷᠠᠬᠢ ᠮᠡᠲᠦ ᠲᠠᠪᠤᠨ ᠵᠦᠢᠯ ᠤᠨ ᠭᠡᠷᠡᠴᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠶ᠄ ︵ᠨᠢᠭᠡ︶ ᠲᠤᠰ | ᠬᠥᠮᠦᠨ ᠨᠢ ᠲᠠᠭᠯᠠᠨ ᠮᠡᠳᠡᠭᠦᠯᠵᠦ ᠭᠠᠷ ᠤᠨ ᠦᠰᠦᠭ ᠵᠢᠷᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠤᠨ | ᠬᠦᠰᠦᠨᠦᠭᠲᠦ︾ ᠶᠢ ᠨᠢᠭᠡ ᠬᠡᠯᠪᠡᠷᠢ ᠶᠢᠨ ᠳᠦᠷᠪᠡᠨ ᠬᠤᠪᠢ︔ ︵ᠬᠤᠶᠠᠷ︶ ᠠᠷᠠᠳ ᠢᠷᠭᠡᠨ ᠤ ᠲᠤᠰ ᠬᠥᠮᠦᠨ | ᠵᠢᠴᠢ ᠲᠡᠭᠦᠨ ᠤ ᠡᠴᠢᠭᠡ ᠡᠬᠡ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ | ᠬᠡᠪᠯᠡᠯ︔ ︵ᠭᠤᠷᠪᠠ︶ ᠠᠷᠠᠳ ᠢᠷᠭᠡᠨ ᠤ ᠲᠤᠰ ᠬᠥᠮᠦᠨ ᠤ ︽ᠲᠦᠷᠦᠯᠲᠡ ᠶᠢᠨ ᠠᠨᠠᠭᠠᠬᠤ ᠤᠬᠠᠭᠠᠨ ᠤ | ᠭᠡᠷᠡᠴᠢᠯᠡᠯ︾ ᠤᠨ ᠤᠭ ᠮᠠᠲ᠋ᠧᠷᠢᠶᠠᠯ ᠵᠢᠴᠢ ᠲᠡᠭᠦᠨ ᠤ ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ ᠬᠡᠪᠯᠡᠯ︔ ᠬᠡᠷᠪᠡ | ︽ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ︾ ᠪᠠᠶᠢᠬᠤ ᠦᠭᠡᠢ ᠪᠣᠯ᠂ ᠠᠷᠠᠳ ᠢᠷᠭᠡᠨ ᠤ ᠡᠷᠦᠬᠡ | ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠦ ᠥᠭᠭᠦᠭᠰᠡᠨ ᠡᠴᠢᠭᠡ ᠡᠭᠡ ᠦᠷ᠎ᠡ ᠬᠡᠦᠬᠡᠳ ᠤᠨ | ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠢ ᠲᠤᠰᠢᠶᠠᠬᠤ ᠴᠢᠬᠤᠯᠠᠲᠠᠢ︔ ︵ᠳᠥᠷᠪᠡ︶ ᠠᠷᠠᠳ ᠢᠷᠭᠡᠨ ᠤ | ᠲᠥᠷᠥᠭᠰᠡᠨ ᠡᠴᠢᠭᠡ ᠡᠬᠡ ᠶᠢᠨ ᠤᠷᠤᠭ ᠤᠨ ᠬᠠᠷᠢᠴᠠᠭᠠᠨ ᠤ ᠭᠡᠷᠡᠴᠢᠯᠡᠯ ᠤᠨ ᠤᠭ ᠮᠠᠲ᠋ᠧᠷᠢᠶᠠᠯ ᠵᠢᠴᠢ ᠲᠡᠭᠦᠨ ᠤ | ᠰᠢᠷᠪᠢᠭᠰᠡᠨ ᠮᠠᠲ᠋ᠧᠷᠢᠶᠠᠯ ᠤᠨ ᠡᠯᠧᠺᠲᠷᠤᠨ ᠬᠡᠪᠯᠡᠯ︔ ︵ᠲᠠᠪᠤ︶ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ | ᠲᠤᠰᠢᠶᠠᠬᠤ ᠴᠢᠬᠤᠯᠠᠲᠠᠢ ᠭᠡᠵᠦ ᠲᠣᠭᠲᠠᠭᠠᠵᠠᠢ᠃ | ᠬᠥᠲᠥᠯᠥᠭᠴᠢ᠄ | ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠠᠭᠠᠨ᠂ | ᠶᠠᠮᠠᠷ ᠬᠡᠳᠦᠨ ᠳᠡᠰ ᠳᠠᠷᠠᠭᠠᠯᠠᠯ ᠢᠶᠠᠷ ᠭᠦᠢᠴᠡᠳᠬᠡᠬᠦ ᠴᠢᠬᠤᠯᠠᠲᠠᠶ ᠪᠤᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠳᠤ᠄ ᠦᠨᠳᠦᠰᠦᠲᠡᠨ ᠤ ᠪᠦᠷᠢᠯᠳᠦᠬᠦᠨ ᠢᠶᠠᠨ | ᠬᠤᠪᠢᠷᠠᠭᠤᠯᠬᠤ ᠪᠠᠷ ᠭᠤᠶᠤᠴᠢᠯᠠᠬᠤ ᠳᠤ ᠳᠣᠣᠷᠠᠬᠢ ᠳᠡᠰ ᠳᠠᠷᠠᠭᠠᠯᠠᠯ ᠢᠶᠠᠷ ᠭᠦᠢᠴᠡᠳᠬᠡᠬᠦ ᠬᠡᠷᠡᠭᠲᠡᠢ ᠭᠡᠵᠦ | ᠲᠣᠭᠲᠠᠭᠠᠵᠠᠢ᠄ | ︵ᠨᠢᠭᠡ︶ ᠭᠤᠶᠤᠴᠢᠯᠠᠭᠴᠢ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ᠬᠤᠰᠢᠭᠤ᠂ | ᠰᠢᠶᠠᠨ ︵ᠬᠤᠳᠠ᠂ ᠲᠣᠭᠤᠷᠢᠭ︶ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠬᠡᠷᠡᠭᠲᠡᠶ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ | ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾ ᠶᠢ ᠠᠪᠤᠨ ᠲᠠᠭᠯᠠᠨ | ᠮᠡᠳᠡᠭᠦᠯᠬᠦ ᠪᠥᠭᠡᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ︔ | ︵ᠬᠤᠶᠠᠷ︶ ᠬᠤᠰᠢᠭᠤ᠂ ᠰᠢᠶᠠᠨ ︵ᠬᠤᠳᠠ᠂ ᠲᠣᠭᠤᠷᠢᠭ︶ ᠤ ᠦᠨᠳᠦᠰᠦᠲᠡᠨ ᠤ ᠬᠡᠷᠡᠭ ᠡᠷᠬᠢᠯᠡᠬᠦ | ᠰᠠᠯᠠᠭ᠎ᠠ ᠮᠥᠴᠢᠷ ᠬᠤᠪᠢᠷᠠᠭᠤᠯᠬᠤ ᠭᠤᠶᠤᠴᠢᠯᠠᠯ ᠳᠤ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ ᠨᠥᠬᠦᠴᠡᠯ ᠳᠤ | ᠨᠡᠶᠢᠴᠡᠬᠦ ᠦᠬᠡᠢ ᠭᠤᠶᠤᠴᠢᠯᠠᠯ ᠢ ᠪᠤᠴᠠᠭᠠᠬᠤ ᠪᠥᠭᠡᠳ ᠦᠯᠦ ᠬᠦᠯᠢᠶᠡᠨ ᠠᠪᠴᠤ ᠰᠢᠢᠳᠪᠦᠷᠢᠯᠡᠭᠰᠡᠨ | ᠰᠢᠯᠲᠠᠭᠠᠨ ᠢᠶᠠᠨ ᠪᠢᠴᠢᠭ ᠢᠶᠠᠷ ᠲᠤᠳᠤᠷᠬᠠᠶᠢᠯᠠᠨ᠎ᠠ︔ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ | ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ | ᠠᠯᠪᠠᠨ ᠪᠢᠴᠢᠭ ᠤᠨ ᠬᠡᠯᠪᠡᠷᠢ ᠪᠠᠷ ᠠᠶᠢᠮᠠᠭ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠲᠤ | ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ | ᠠᠷᠪᠠᠨ ᠠᠵᠢᠯᠯᠠᠬᠤ ᠡᠳᠦᠷ ᠤᠨ ᠳᠣᠲᠣᠷ᠎ᠠ ᠠᠩᠬ᠎ᠠ ᠬᠢᠨᠠᠭᠰᠠᠨ ᠰᠠᠨᠠᠯ ᠳᠤᠷᠠᠳᠴᠤ ᠳᠡᠶᠢᠯᠬᠦ ᠦᠭᠡᠢ ᠪᠤᠯ᠂ | ᠬᠤᠰᠢᠭᠤ᠂ ᠰᠢᠶᠠᠨ ︵ᠬᠤᠳᠠ᠂ ᠲᠣᠭᠤᠷᠢᠭ︶ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ︔ | ︵ᠭᠤᠷᠪᠠ︶ ᠠᠶᠢᠮᠠᠭ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ | ᠵᠥᠪᠰᠢᠶᠡᠷᠡᠭᠦᠯᠬᠦ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ | ᠳᠣᠲᠣᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ | ᠪᠦᠷᠢᠯᠳᠦᠬᠦᠨ ᠢᠶᠠᠨ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ︵ᠳᠠᠭᠠᠯᠳᠤᠭᠤᠯᠤᠯ | ᠬᠦᠰᠦᠨᠦᠭᠲᠦ ᠭᠤᠷᠪᠠ᠂ ᠳᠣᠷᠣᠭᠰᠢ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ᠭᠡᠵᠦ ᠲᠣᠪᠴᠢᠯᠠᠨ᠎ᠠ︶ ᠢ ᠬᠢᠵᠦ | ᠦᠭᠬᠦ ᠶᠢᠨ ᠬᠠᠮᠲᠤ ᠬᠤᠰᠢᠭᠤ᠂ ᠰᠢᠶᠠᠨ ︵ᠬᠤᠳᠠ᠂ ᠲᠣᠭᠤᠷᠢᠭ︶ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ | ᠮᠦᠴᠢᠷ ᠲᠤ ᠬᠠᠷᠢᠭᠤ ᠲᠤᠰᠬᠠᠨ᠎ᠠ᠃ | ᠠᠷᠪᠠᠨ ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ ᠳᠡᠶᠢᠯᠬᠦ ᠦᠭᠡᠢ | ᠪᠤᠯ᠂ ᠠᠶᠢᠮᠠᠭ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ | ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ︔ | ︵ᠲᠥᠷᠪᠡ︶ ᠬᠤᠰᠢᠭᠤ᠂ ᠰᠢᠶᠠᠨ ︵ᠬᠤᠳᠠ᠂ ᠲᠣᠭᠤᠷᠢᠭ︶ ᠤ ᠦᠨᠳᠦᠰᠦᠲᠡᠨ ᠤ ᠬᠡᠷᠡᠭ ᠡᠷᠬᠢᠯᠡᠬᠦ | ᠰᠠᠯᠠᠭ᠎ᠠ ᠮᠥᠴᠢᠷ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ᠢ ᠤᠯᠵᠤ ᠠᠪᠤᠭᠰᠠᠨ ᠠᠴᠠ ᠪᠠᠨ ᠠᠷᠪᠠᠨ | ᠠᠵᠢᠯᠯᠠᠬᠤ ᠡᠳᠦᠷ ᠤᠨ ᠳᠣᠲᠣᠷ᠎ᠠ᠂ ᠬᠢᠨᠠᠨ ᠵᠥᠪᠰᠢᠶᠡᠷᠡᠬᠦ ᠰᠠᠨᠠᠯ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ | ᠭᠤᠶᠤᠴᠢᠯᠠᠯ ᠢ ᠬᠢᠨᠠᠨ ᠵᠦᠪᠰᠢᠶᠡᠷᠡᠭᠰᠡᠨ ᠪᠤᠯ ︽ᠬᠢᠨᠠᠨ ᠵᠦᠪᠰᠢᠶᠡᠷᠡᠬᠦ ᠰᠠᠨᠠᠯ ᠤᠨ ᠪᠢᠴᠢᠭ︾ ᠢ ᠬᠤᠰᠢᠭᠤ᠂ ᠰᠢᠶᠠᠨ | ︵ᠬᠤᠳᠠ᠂ ᠲᠣᠭᠤᠷᠢᠭ︶ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃ | | ︵ᠲᠠᠪᠤ︶ ᠬᠤᠰᠢᠭᠤ᠂ ᠰᠢᠶᠠᠨ ︵ᠬᠤᠲᠠ᠂ ᠲᠣᠭᠤᠷᠢᠭ︶ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠡᠷᠥᠭᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠪᠤᠨ ᠠᠵᠢᠯᠯᠠᠬᠤ ᠡᠳᠦᠷ ᠤᠨ ᠳᠣᠲᠣᠷ᠎ᠠ | ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠤᠨ ︽ᠬᠢᠨᠠᠨ ᠵᠥᠪᠰᠢᠶᠡᠷᠡᠬᠦ ᠰᠠᠨᠠᠯ ᠤᠨ ᠪᠢᠴᠢᠭ︾ ᠢ ᠠᠶᠢᠮᠠᠭ | ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠮᠡᠳᠡᠭᠦᠯᠵᠦ᠂ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ | ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠥᠮᠦᠨ ᠠᠮᠠ ᠶᠢᠨ | ᠮᠡᠳᠡᠭᠡ ᠵᠠᠩᠭᠢ ᠶᠢᠨ ᠰᠢᠰᠲ᠋ᠧᠮ ᠤᠨ ᠣᠨᠢᠰᠤ ᠶᠢ ᠨᠡᠭᠡᠭᠡᠬᠦ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠤᠨ | ᠪᠠᠭᠤᠯᠭᠠᠪᠤᠷᠢ ᠶᠢ ᠬᠠᠳᠠᠭᠠᠯᠠᠨ ᠦᠯᠡᠳᠡᠭᠡᠬᠦ ᠬᠡᠷᠡᠭᠲᠡᠢ᠃ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ | ᠬᠢᠨᠠᠨ ᠵᠥᠪᠰᠢᠶᠡᠷᠡᠭᠰᠡᠨ ᠰᠠᠨᠠᠯ᠂ ᠠᠷᠠᠳ ᠢᠷᠭᠡᠨ ᠤ ᠭᠤᠶᠤᠴᠢᠯᠠᠯ ᠤᠨ ᠪᠢᠴᠢᠭ ᠢ ᠡᠷᠦᠭᠡ ᠠᠮᠠ ᠶᠢᠨ ᠲᠡᠩᠰᠠ | ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠲᠤᠰᠢᠶᠠᠨ ᠲᠠᠩᠰᠠ ᠡᠪᠬᠡᠮᠡᠯ ᠳᠤ | ᠬᠠᠳᠠᠭᠠᠯᠠᠵᠤ᠂ ᠲᠣᠮᠢᠯᠠᠭᠰᠠᠨ ᠰᠠᠯᠪᠤᠷᠢ ᠨᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠠᠷᠠᠳ ᠢᠷᠭᠡᠨ ᠤ | ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠤᠭᠰᠠᠨ ᠢ ᠲᠡᠮᠳᠡᠭᠯᠡᠨ ᠠᠪᠬᠤ ᠬᠡᠷᠡᠭᠲᠡᠶ᠃ | ᠬᠥᠲᠥᠯᠥᠭᠴᠢ᠄ | ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠡᠷᠦᠬᠡ ᠠᠮᠠ ᠶᠢᠨ ᠬᠠᠮᠢᠶᠠᠷᠤᠯᠲᠠ ᠶᠢᠨ | ᠶᠠᠪᠤᠴᠠ ᠳᠤ ᠪᠤᠷᠤᠭᠤ ᠪᠠᠷ ᠮᠡᠳᠡᠭᠦᠯᠦᠭᠰᠡᠨ᠂ ᠪᠤᠷᠤᠭᠤ ᠲᠡᠮᠳᠡᠭᠯᠡᠭᠦᠯᠦᠭᠰᠡᠨ ᠪᠤᠯ ᠶᠠᠭᠠᠬᠢᠵᠤ ᠵᠠᠯᠠᠷᠠᠭᠤᠯᠬᠤ ᠪᠤᠶ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠶᠢᠨ ᠠᠷᠪᠠᠨ ᠨᠠᠢᠮᠠᠳᠤᠭᠠᠷ ᠵᠦᠢᠯ ᠳᠤ᠄ ᠠᠷᠠᠳ ᠢᠷᠭᠡᠨ ᠤ ᠦᠨᠳᠦᠰᠦᠲᠡᠨ ᠤ | ᠪᠦᠷᠢᠯᠳᠦᠬᠦᠨ ᠢ ᠡᠷᠦᠬᠡ ᠠᠮᠠ ᠶᠢᠨ ᠬᠠᠮᠢᠶᠠᠷᠤᠯᠲᠠ ᠶᠢᠨ ᠶᠠᠪᠤᠴᠠ ᠳᠤ ᠪᠤᠷᠤᠭᠤ ᠪᠠᠷ ᠮᠡᠳᠡᠭᠦᠯᠦᠭᠰᠡᠨ᠂ ᠪᠤᠷᠤᠭᠤ | ᠲᠡᠮᠳᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠤ ᠦᠨᠳᠦᠰᠦᠲᠡᠨ ᠤ | ᠪᠦᠷᠢᠯᠳᠦᠬᠦᠨ ᠢ ᠨᠢ ᠵᠠᠯᠠᠷᠠᠭᠤᠯᠵᠤ ᠦᠭᠬᠦ ᠬᠡᠷᠡᠭᠲᠡᠢ᠃ ᠡᠷᠦᠬᠡ ᠠᠮᠠ ᠶᠢᠨ ᠳᠠᠩᠰᠠ ᠨᠢ ᠪᠠᠶᠢᠭ᠎ᠠ ᠲᠣᠮᠢᠯᠠᠭᠰᠠᠨ | ᠰᠠᠯᠪᠤᠷᠢ ᠨᠢ ᠭᠤᠶᠤᠴᠢᠯᠠᠭᠴᠢ ᠶᠢᠨ ᠵᠠᠯᠠᠷᠠᠭᠤᠯᠬᠤ ᠭᠤᠶᠤᠴᠢᠯᠠᠯ ᠤᠨ ᠪᠢᠴᠢᠭ ᠪᠤᠶᠤ ᠳᠣᠲᠣᠭᠠᠳᠤ ᠶᠢ ᠬᠠᠮᠠᠭᠠᠯᠠᠬᠤ | ᠰᠠᠯᠪᠤᠷᠢ ᠶᠢᠨ ᠪᠤᠷᠤᠭᠤ ᠲᠡᠮᠳᠡᠭᠯᠡᠭᠰᠡᠨ ᠢᠶᠠᠨ ᠲᠤᠳᠤᠷᠬᠠᠶᠢᠯᠠᠭᠰᠠᠨ ᠮᠠᠲ᠋ᠧᠷᠢᠶᠠᠯ᠂ ᠬᠤᠯᠪᠣᠭᠳᠠᠯ ᠪᠦᠬᠦᠢ ᠭᠡᠷᠡᠴᠢ | ᠮᠠᠲ᠋ᠧᠷᠢᠶᠠᠯ ᠵᠢᠴᠢ ᠬᠤᠪᠢᠷᠠᠭᠤᠯᠬᠤ ᠵᠠᠯᠠᠷᠠᠭᠤᠯᠬᠤ ᠬᠢᠨᠠᠨ ᠵᠥᠪᠰᠢᠶᠡᠷᠡᠭᠦᠯᠬᠦ ᠬᠦᠰᠦᠨᠦᠭᠲᠦ ᠶᠢ ᠠᠶᠢᠮᠠᠭ᠂ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠱᠠᠳᠤ | ᠳᠠᠷᠠᠭᠠᠯᠠᠨ ᠮᠡᠳᠡᠭᠦᠯᠦᠨ ᠬᠢᠨᠠᠨ ᠵᠦᠪᠰᠢᠶᠡᠷᠡᠭᠦᠯᠵᠦ᠂ ᠠᠶᠢᠮᠠᠭ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠶᠢᠨ ᠬᠠᠮᠲᠤ | ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠤᠨᠢᠰᠤ ᠶᠢ ᠨᠡᠭᠡᠭᠡᠭᠰᠡᠨ ᠤ ᠳᠠᠷᠠᠭ᠎ᠠ᠂ ᠡᠷᠦᠬᠡ ᠠᠮᠠ ᠶᠢᠨ | ᠳᠠᠩᠰᠠ ᠨᠢ ᠪᠠᠶᠢᠭ᠎ᠠ ᠲᠣᠮᠢᠯᠠᠭᠰᠠᠨ ᠰᠠᠯᠪᠤᠷᠢ ᠨᠢ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠨᠢ | ᠵᠠᠯᠠᠷᠠᠭᠤᠯᠵᠤ ᠦᠭᠬᠦ ᠶᠢᠨ ᠬᠠᠮᠲᠤ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ | ᠬᠡᠷᠡᠭᠲᠡᠢ ᠭᠡᠵᠦ ᠲᠤᠳᠤᠷᠬᠠᠢ ᠲᠤᠭᠲᠠᠭᠠᠪᠠ᠃ | ᠬᠥᠲᠥᠯᠥᠭᠴᠢ᠄ | ᠠᠷᠠᠳ ᠢᠷᠭᠡᠨ ᠪᠤᠯᠤᠨ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠤ ᠬᠠᠤᠯᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ᠶᠠᠭᠠᠬᠢᠨ ᠶᠠᠯᠠᠯᠠᠨ ᠰᠢᠳᠬᠡᠬᠦ ᠪᠤᠢ︖ | ᠶᠦᠨ ᠭᠦᠸᠧ ᠱᠧᠩ᠄ | ︽ᠬᠡᠷᠡᠭᠵᠢᠭᠦᠯᠬᠦ ᠠᠷᠭ᠎ᠠ︾ ᠳᠤ ᠲᠤᠳᠤᠷᠬᠠᠢ ᠲᠤᠭᠲᠠᠭᠰᠠᠨ ᠨᠢ᠄ ᠠᠷᠠᠳ ᠢᠷᠭᠡᠨ ᠦᠨᠡᠨ ᠪᠣᠳᠠᠲᠠᠶ | ᠪᠠᠶᠢᠳᠠᠯ ᠢᠶᠠᠨ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠤᠳᠠᠯ ᠬᠠᠭᠤᠷᠮᠠᠭ | ᠭᠡᠷᠡᠴᠢ ᠮᠠᠲ᠋ᠧᠷᠢᠶᠠᠯ ᠬᠠᠩᠭᠠᠵᠤ᠂ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ ᠪᠠᠷ ᠭᠤᠶᠤᠴᠢᠯᠠᠭᠰᠠᠨ | ᠪᠤᠯ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ ᠵᠦᠪᠰᠢᠶᠡᠷᠡᠬᠦ ᠰᠠᠨᠠᠯ ᠢᠶᠠᠨ ᠬᠦᠴᠦᠨ ᠦᠭᠡᠢ | ᠪᠤᠯᠭᠠᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠤᠪᠢᠷᠠᠭᠤᠯᠤᠭᠰᠠᠨ ᠲᠡᠮᠳᠡᠭᠯᠡᠯ ᠢᠶᠠᠨ ᠬᠦᠴᠦᠨ | ᠦᠬᠡᠢ ᠪᠤᠯᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠨ ᠲᠤᠰ ᠠᠷᠠᠳ ᠢᠷᠭᠡᠨ ᠤ | ᠬᠤᠳᠠᠯ ᠬᠠᠭᠤᠷᠮᠠᠭ ᠦᠨᠳᠦᠰᠦᠲᠡᠨ ᠤ ᠪᠦᠷᠢᠯᠳᠦᠬᠦᠨ ᠢᠶᠠᠷ ᠬᠦᠷᠲᠡᠵᠦ ᠪᠠᠶᠢᠭ᠎ᠠ ᠬᠤᠯᠪᠣᠭᠳᠠᠯ ᠪᠦᠬᠦᠢ ᠡᠷᠬᠡ ᠠᠰᠢᠭ ᠢ | ᠬᠤᠷᠢᠶᠠᠨ ᠠᠪᠬᠤ ᠬᠡᠷᠡᠭᠲᠡᠢ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ | ᠪᠦᠷᠢᠯᠳᠦᠭᠰᠡᠨ ᠪᠤᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠦᠭᠬᠦ ᠬᠡᠷᠡᠭᠲᠡᠢ︔ | ᠶᠠᠯ᠎ᠠ ᠳᠤ ᠬᠦᠷᠦᠭᠰᠡᠨ ᠪᠤᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠦᠨᠳᠦᠰᠦᠲᠡᠨ ᠤ ᠪᠦᠷᠢᠯᠳᠦᠬᠦᠨ ᠤ | ᠬᠠᠮᠢᠶᠠᠷᠤᠯᠲᠠ ᠶᠢᠨ ᠠᠵᠢᠯ ᠤᠨ ᠳᠤᠮᠳᠠ ᠬᠠᠤᠯᠢ ᠶᠢ ᠵᠥᠷᠢᠴᠡᠨ ᠰᠠᠬᠢᠯᠭ᠎ᠠ ᠶᠢ ᠰᠠᠮᠠᠭᠤᠷᠠᠭᠤᠯᠵᠤ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠲᠤᠰᠢᠶᠠᠯ ᠢᠶᠠᠨ ᠭᠤᠲᠤᠭᠠᠵᠤ ᠡᠷᠬᠡ ᠪᠠᠨ ᠳᠤᠷ᠎ᠠ ᠪᠠᠷ ᠬᠡᠷᠡᠭᠯᠡᠭᠰᠡᠨ | ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ | ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ᠰᠢᠭᠤᠳ ᠬᠠᠷᠢᠭᠤᠴᠠᠵᠤ ᠪᠠᠶᠢᠭ᠎ᠠ | ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠢ ᠬᠠᠤᠯᠢ ᠶᠤᠰᠤᠭᠠᠷ | ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠲᠣᠭᠲᠠᠭᠠᠯ ᠠᠴᠠ | ᠵᠥᠷᠢᠴᠡᠭᠰᠡᠨ ᠬᠡᠷᠡᠭ ᠪᠦᠬᠦᠨ ᠢ ᠵᠠᠪᠠᠯ ᠪᠠᠶᠢᠴᠠᠭᠠᠬᠤ ᠬᠡᠷᠡᠭᠲᠡᠶ ᠭᠡᠵᠦ ᠲᠤᠳᠤᠷᠬᠠᠶᠢᠯᠠᠵᠡᠢ᠃ | ᠬᠥᠲᠥᠯᠥᠭᠴᠢ᠄ | ᠵᠠ ᠰᠠᠶᠢᠨ ᠪᠤᠯᠤᠯ᠎ᠠ᠂ ᠶᠦᠨ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠪᠤᠷᠢᠯᠠᠭᠰᠠᠨ ᠳᠤ ᠮᠠᠰᠢ | ᠲᠠᠯᠠᠷᠬᠠᠵᠤ ᠪᠠᠶᠢᠨ᠎ᠠ᠂ ᠮᠠᠨ ᠤ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ᠂ | ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠤᠯᠭᠠᠶ᠎ᠠ᠃ |