| ᠰᠤᠷᠪᠤᠯᠵᠢᠯᠠᠭᠰᠠᠨ ᠴᠠᠭ᠄ | 2016 ᠤᠨ ᠤ 6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠤᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠸᠧᠨ ᠮᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠤ ᠤᠷᠢᠵᠤ | ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠲᠠ ᠪᠦᠬᠦᠨ ᠳᠤ ᠨᠠᠷᠢᠨ | ᠲᠠᠶᠢᠯᠪᠤᠷᠢᠯᠠᠯᠲᠠ ᠬᠢᠯᠬᠡᠬᠦ ᠪᠠᠷ ᠪᠤᠢ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ | ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︖ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ | ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠨ᠂ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠤᠯᠠᠨ ᠳᠤ ᠨᠠᠷᠢᠨ ᠲᠠᠶᠢᠯᠪᠤᠷᠢᠯᠠᠯᠲᠠ ᠬᠢᠯᠬᠡᠬᠦ ᠪᠠᠷ | ᠪᠤᠯᠤᠯ᠎ᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠧᠨ ᠮᠢᠨ᠄ | ᠬᠥᠲᠥᠯᠥᠭᠴᠢ ᠲᠠ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ | ᠬᠥᠲᠥᠯᠥᠭᠴᠢ᠄ | ᠶᠠᠳᠠᠭᠤ ᠶᠢ ᠲᠡᠳᠬᠦᠬᠦ ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠨᠢᠭᠡᠨ ᠴᠢᠬᠤᠯᠠ ᠪᠠᠶᠢᠯᠳᠤᠬᠤ ᠪᠤᠳᠤᠯᠭ᠎ᠠ ᠮᠥᠨ᠃ ᠲᠠ ᠤᠯᠠᠨ ᠳᠤ ᠶᠠᠳᠠᠭᠤ ᠶᠢ ᠲᠡᠳᠬᠦᠬᠦ ᠠᠵᠢᠯ ᠤᠨ ᠴᠢᠬᠤᠯᠠ | ᠴᠢᠨᠠᠷ ᠢ ᠲᠠᠶᠢᠯᠪᠤᠷᠢᠯᠠᠭᠠᠳ ᠦᠭᠭᠦᠨ᠎ᠡ ᠤᠤ︖ | ᠸᠧᠨ ᠮᠢᠨ᠄ | ᠶᠠᠳᠠᠭᠤ ᠬᠦᠴᠢᠷᠳᠡᠯᠲᠠᠢ ᠪᠠᠶᠢᠳᠠᠯ ᠢ ᠠᠷᠢᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ | ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ | ᠱᠠᠭᠠᠷᠳᠠᠯᠭ᠎ᠠ ᠮᠦᠨ᠂ ᠮᠠᠨ ᠤ ᠨᠠᠮ ᠤᠨ ᠴᠢᠬᠤᠯᠠ ᠡᠭᠦᠷᠭᠡ ᠮᠦᠨ᠃ ︽12 · 5︾ ᠶᠢᠨ ᠲᠦᠯᠦᠪᠵᠢᠬᠦᠯᠭᠡ ᠶᠢᠨ | ᠬᠤᠭᠤᠴᠠᠭᠠᠨ ᠳᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠤᠷᠤᠭᠤᠯᠵᠤ᠂ ᠶᠠᠳᠠᠭᠤ ᠶᠢ | ᠲᠡᠳᠬᠦᠬᠦ ᠣᠷᠣᠭᠤᠯᠤᠯᠲᠠ ᠪᠠᠨ ᠨᠡᠮᠡᠭᠳᠡᠭᠦᠯᠦᠨ᠂ ᠶᠠᠳᠠᠭᠤ ᠶᠢ ᠲᠡᠳᠬᠦᠬᠦ ᠠᠷᠭ᠎ᠠ ᠬᠡᠯᠪᠡᠷᠢ ᠪᠠᠨ ᠰᠢᠨᠡᠴᠢᠯᠡᠵᠤ᠂ ᠠᠯᠢ | ᠤᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠤ᠂ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠯᠤᠲᠤ ᠶᠡᠭᠡ ᠠᠮᠵᠢᠯᠲᠠ ᠤᠯᠪᠠ᠃ 2011 ᠤᠨ ᠠᠴᠠ 2015 ᠤᠨ ᠪᠤᠯᠲᠠᠯ᠎ᠠ᠂ | ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠳᠣᠣᠷ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠠᠢ ᠬᠥᠮᠦᠨ | ᠠᠮᠠ 1 ᠳ᠋ᠦᠩᠰᠢᠭᠤᠷ ᠭᠠᠷᠤᠶ ᠴᠦᠬᠡᠷᠡᠵᠤ᠂ ᠶᠠᠳᠠᠭᠤᠷᠠᠯ ᠤᠨ ᠨᠤᠷᠮ᠎ᠠ 11.5 ᠵᠠᠭᠤᠨ ᠤ ᠴᠡᠭ ᠪᠠᠭᠤᠷᠠᠭᠰᠠᠨ | ᠪᠠᠶᠢᠨ᠎ᠠ᠃ ᠶᠠᠳᠠᠭᠤ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠵᠤ᠂ ᠰᠤᠷᠭᠠᠭᠤᠯᠢ ᠳᠤ ᠣᠷᠣᠬᠤ ᠳᠤ ᠬᠦᠴᠢᠷ ᠲᠠᠢ | ᠂ ᠡᠪᠡᠳᠴᠢᠨ ᠦᠵᠡᠭᠦᠯᠬᠦ ᠳᠤ ᠬᠦᠴᠢᠷ ᠲᠠᠢ᠂ ᠵᠠᠮ ᠬᠠᠷᠢᠯᠴᠠᠭ᠎ᠠ ᠬᠦᠴᠢᠷ ᠲᠠᠢ᠂ ᠢᠳᠡᠬᠦ ᠤᠰᠤ ᠠᠮᠤᠷ ᠲᠦᠪᠰᠢᠨ | ᠪᠤᠰᠤ ᠵᠡᠷᠭᠡ ᠠᠰᠠᠭᠤᠳᠠᠯ ᠠᠯᠬᠤᠮ ᠠᠯᠬᠤᠮ ᠢᠶᠠᠷ ᠨᠠᠮᠳᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ | ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠠᠰᠢᠭᠲᠠᠶ ᠨᠥᠬᠦᠴᠡᠯ | ᠤᠯᠭᠤᠪᠠ᠃ | ᠡᠭᠦᠨ ᠤ ᠬᠠᠮᠲᠤ ᠪᠠᠰᠠ ᠬᠤᠶᠢᠰᠢᠳᠠ ᠶᠢᠨ ᠲᠠᠪᠤᠨ ᠵᠢᠯ ᠳᠤ ᠶᠠᠳᠠᠭᠤ ᠬᠦᠴᠢᠷᠳᠡᠯᠲᠡᠶ ᠠᠰᠠᠭᠤᠳᠠᠯ ᠨᠢ | ᠮᠥᠨ ᠬᠦ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠳᠤᠪᠤᠶᠢᠮ᠎ᠠ ︽ᠳᠤᠲᠠᠮᠠᠭ | ᠲᠠᠯ᠎ᠠ︾ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠪᠤᠳᠤᠯᠢᠶᠠᠨᠲᠠᠶ | ᠪᠥᠭᠡᠳ ᠬᠦᠨᠳᠦ ᠬᠡᠴᠡᠭᠦᠦ ᠪᠠᠶᠢᠭ᠎ᠠ ᠶᠢ ᠣᠯᠵᠤ ᠦᠵᠡᠬᠦ ᠬᠡᠷᠡᠭᠲᠡᠶ᠃ ᠶᠠᠳᠠᠭᠤ ᠬᠦᠴᠢᠷᠳᠡᠯᠲᠠᠢ ᠪᠠᠶᠢᠬᠤ ᠣᠳᠣᠬᠢ | ᠪᠠᠶᠢᠳᠠᠯ ᠠᠴᠠ ᠦᠵᠡᠪᠡᠯ᠂ 2015 ᠣᠨ ᠤ ᠡᠴᠦᠰ ᠪᠣᠯᠲᠠᠯ᠎ᠠ᠂ ᠮᠠᠨ ᠤ ᠤᠯᠤᠰ ᠲᠤ ᠪᠠᠰᠠ ᠬᠦᠮᠦᠨ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠬᠦᠮᠦᠨ | 5623 ᠲᠦᠮᠡ ᠪᠠᠶᠢᠵᠤ᠂ ᠭᠤᠤᠯᠳᠠᠭᠤ ᠲᠥᠪᠯᠡᠷᠡᠨ ᠵᠠᠯᠭᠠᠯᠳᠤᠭᠰᠠᠨ ᠣᠨᠴᠠᠭᠠᠶ ᠬᠦᠴᠢᠷᠳᠡᠯᠲᠠᠢ ᠭᠠᠵᠠᠷ ᠣᠷᠣᠨ ᠤ | ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ 832 ᠰᠢᠶᠠᠨ ᠪᠣᠯᠤᠨ ᠲᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 12.8 ᠲᠦᠮᠡᠨ ᠲᠤᠰᠬᠤᠨ ᠳᠤ ᠲᠠᠷᠬᠠᠵᠤ᠂ | ᠶᠠᠳᠠᠭᠤᠷᠠᠯ ᠤᠨ ᠨᠤᠷᠮ᠎ᠠ ᠨᠢ 5.7% ᠪᠠᠶᠢᠵᠤ᠂ ᠣᠯᠠᠩᠬᠢ ᠪᠠᠷᠠᠭᠤᠨ ᠪᠡᠶ᠎ᠡ ᠶᠢᠨ ᠮᠤᠵᠢ ᠣᠷᠣᠨ ᠤ ᠶᠠᠳᠠᠭᠤᠷᠠᠬᠤ | ᠨᠤᠷᠮ᠎ᠠ ᠨᠢ 10% ᠠᠴᠠ ᠳᠡᠭᠡᠭᠰᠢ ᠳᠤ ᠬᠦᠷᠴᠦ᠂ ᠦᠨᠳᠦᠰᠦᠲᠡᠨ ᠤ 8 ᠮᠤᠵᠢ ᠣᠷᠣᠨ ᠤ ᠶᠠᠳᠠᠭᠤᠷᠠᠯ ᠤᠨ | ᠨᠤᠷᠮ᠎ᠠ ᠨᠢ 12.1% ᠳᠤ ᠬᠦᠷᠴᠠᠢ᠃ ᠡᠳᠡᠭᠡᠷ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠶᠠᠳᠠᠭᠤ ᠬᠦᠴᠢᠷᠳᠡᠯ ᠤᠨ ᠬᠡᠮᠵᠢᠶ᠎ᠡ ᠨᠢ ᠨᠡᠩ ᠬᠦᠨ᠂ ᠶᠠᠳᠠᠭᠤ ᠠᠴᠠ ᠬᠠᠰᠤᠭᠳᠠᠭᠤᠯᠬᠤ ᠥᠪᠡᠷ ᠤᠨ ᠥᠷᠲᠡᠭ ᠨᠢ | ᠨᠡᠩ ᠥᠨᠳᠥᠷ᠂ ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠨᠡᠩ ᠶᠡᠭᠡ ᠪᠠᠶᠢᠵᠤ᠂ ᠶᠡᠷᠦᠳᠡ ᠶᠢᠨ ᠠᠷᠭ᠎ᠠ | ᠬᠡᠮᠵᠢᠶ᠎ᠡ ᠪᠠᠷ ᠶᠠᠳᠠᠭᠤ ᠬᠦᠴᠢᠷᠳᠡᠯ ᠤᠨ ᠪᠠᠶᠢᠳᠠᠯ ᠢ ᠠᠩᠭᠢᠵᠢᠷᠠᠭᠤᠯᠵᠤ ᠴᠢᠳᠠᠬᠤ ᠦᠭᠡᠢ ᠶᠤᠮ᠃ ᠢᠯᠠᠩᠭᠤᠶ᠎ᠠ ᠪᠠᠰᠠ | ᠪᠠᠷᠤᠭ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 1000 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ | ᠮᠥᠨ ᠬᠦ ︽ᠲᠤᠬᠠᠢ ᠶᠢᠨ ᠭᠠᠵᠠᠷ ᠨᠢ ᠲᠤᠰ ᠭᠠᠵᠠᠷ ᠤᠨ ᠢᠶᠠᠨ ᠬᠦᠮᠦᠨ ᠠᠮᠠ ᠶᠢ ᠲᠡᠵᠢᠭᠡᠵᠦ ᠳᠡᠶᠢᠯᠬᠦ ᠦᠭᠡᠢ︾ | ᠣᠷᠣᠨ ᠳᠤ ᠰᠠᠭᠤᠷᠢᠰᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳᠤᠮᠳᠠᠬᠢ | ᠬᠠᠮᠤᠭ ᠤᠨ ︽ᠪᠡᠷᠬᠡ ᠰᠡᠳᠦᠪ︾ ᠪᠤᠯᠵᠤ ᠪᠠᠶᠢᠨ᠎ᠠ᠃ ᠬᠥᠭᠵᠢᠯᠲᠡ ᠶᠢᠨ ᠣᠷᠴᠢᠨ ᠨᠥᠬᠦᠴᠡᠯ ᠠᠴᠠ ᠠᠵᠢᠭᠯᠠᠪᠠᠯ᠂ | ︽13 · 5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠠᠵᠤ ᠠᠬᠤᠶ ᠶᠢᠨ ᠪᠠᠶᠢᠳᠠᠯ ᠨᠡᠩ ᠪᠤᠳᠤᠯᠢᠶᠠᠨᠲᠠᠶ᠂ | ᠠᠵᠤ ᠠᠬᠤᠶ ᠪᠠᠭᠤᠷᠠᠬᠤ ᠳᠠᠷᠤᠯᠲᠠ ᠶᠡᠭᠡ ᠪᠠᠶᠢᠵᠤ᠂ ᠭᠠᠵᠠᠷ ᠣᠷᠣᠨ ᠤ ᠬᠥᠭᠵᠢᠯᠲᠡ ᠶᠢᠨ ᠵᠠᠳᠠᠷᠠᠯ ᠨᠢ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠪᠦᠬᠦ ᠤᠯᠤᠰ ᠯᠤᠭ᠎ᠠ ᠶᠢᠨ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ ᠳᠤ ᠰᠢᠨ᠎ᠡ | ᠦᠷᠢᠰᠦᠯᠳᠦᠬᠡᠨ ᠢ ᠠᠪᠴᠢᠷᠠᠪᠠ︔ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠶᠠᠨ ᠤ ᠱᠠᠲᠤᠨ ᠤ ᠡᠳ᠋ ᠤᠨ | ᠬᠦᠴᠦᠨ ᠤ ᠰᠠᠭᠤᠷᠢ ᠨᠢᠮᠭᠡᠨ᠂ ᠰᠠᠭᠤᠷᠢ ᠪᠡᠯᠡᠳᠬᠡᠮᠵᠢ ᠶᠢᠨ ᠪᠣᠭᠤᠮᠢ ᠬᠢᠵᠠᠭᠠᠷᠯᠠᠯ ᠮᠥᠨ ᠬᠦ ᠢᠯᠡᠷᠬᠡᠶ ᠪᠠᠶᠢᠵᠤ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠨᠭ᠍ᠭᠠᠯᠭ᠎ᠠ ᠶᠢᠨ ᠴᠢᠳᠠᠪᠤᠷᠢ ᠨᠢ ᠬᠦᠴᠦᠨ ᠦᠬᠡᠢ ᠪᠠᠶᠢᠨ᠎ᠠ︔ | ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠰᠤᠯᠠᠪᠲᠤᠷ᠂ ᠪᠦᠲᠦᠴᠡ ᠨᠢ ᠳᠠᠩ ᠴᠤᠯᠭᠤᠶ᠂ | ᠣᠷᠴᠢᠨ ᠠᠬᠤᠶ ᠶᠢᠨ ᠬᠢᠵᠠᠭᠠᠷᠯᠠᠯ ᠬᠡᠴᠡᠭᠦᠷᠡᠵᠦ᠂ ᠡᠬᠢ ᠪᠠᠶᠠᠯᠢᠭ ᠢ ᠪᠦᠳᠦᠭᠦᠯᠢᠭ ᠮᠠᠶ᠋ᠢᠭ ᠢᠶᠠᠷ ᠨᠡᠭᠡᠭᠡᠨ ᠬᠥᠭᠵᠢᠭᠦᠯᠬᠦ | ᠵᠠᠭᠪᠤᠷᠰᠢᠯ ᠨᠢ ᠦᠷᠭᠦᠯᠵᠢᠯᠡᠬᠦ ᠳᠤ ᠪᠡᠷᠭᠡ ᠲᠠᠢ ᠪᠠᠶᠢᠨ᠎ᠠ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠠᠵᠢᠯ ᠣᠯᠭᠤᠬᠤ ᠠᠷᠭ᠎ᠠ ᠵᠠᠮ ᠨᠢ | ᠢᠪᠴᠤᠤ᠂ ᠤᠨᠳᠤᠤ ᠭᠠᠵᠠᠷ ᠰᠢᠯᠵᠢᠬᠦᠯᠦᠨ ᠠᠵᠢᠯ ᠤᠯᠭᠤᠬᠤ ᠪᠠ ᠣᠷᠣᠯᠭ᠎ᠠ ᠶᠢ ᠨᠢ ᠨᠡᠮᠡᠭᠳᠡᠭᠦᠯᠬᠦ ᠬᠦᠴᠢᠷᠳᠡᠯ | ᠮᠠᠰᠢ ᠶᠡᠭᠡ ᠪᠠᠶᠢᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠨᠢ᠂ 2020 ᠣᠨ ᠪᠣᠯᠬᠤ ᠳᠤ ᠶᠠᠳᠠᠭᠤ ᠠᠴᠠ | ᠠᠩᠭᠢᠵᠢᠷᠠᠭᠤᠯᠬᠤ ᠲᠤᠭᠲᠠᠭᠰᠠᠨ ᠬᠠᠷᠠᠯᠲᠠ ᠶᠢ ᠪᠡᠶᠡᠯᠡᠭᠦᠯᠬᠦ ᠳᠤ ᠴᠠᠭ ᠲᠦᠢᠯ ᠤᠨ ᠪᠠᠴᠢᠮ ᠮᠦᠷᠲᠡᠭᠡᠨ ᠡᠭᠦᠷᠭᠡ ᠴᠤ | ᠨᠦᠰᠡᠷ ᠬᠦᠨᠳᠦ ᠪᠠᠶᠢᠬᠤ ᠶᠢ ᠬᠠᠷᠠᠭᠤᠯᠵᠤ ᠪᠠᠶᠢᠨ᠎ᠠ᠃ | ᠸᠧᠨ ᠮᠢᠨ᠄ | ︽13 · 5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠢᠳᠪᠤᠷᠢᠲᠦ | ᠱᠠᠲᠤ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠢᠯᠠᠯᠲᠠ ᠤᠯᠵᠤ᠂ 2020 ᠣᠨ | ᠪᠣᠯᠬᠤ ᠳᠤ ᠲᠠᠩᠰᠠ ᠡᠪᠬᠡᠮᠡᠯ ᠪᠠᠶᠢᠭᠤᠯᠤᠨ ᠺᠠᠷᠲ ᠬᠢᠯᠭᠡᠭᠰᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ | ᠬᠥᠮᠦᠨ ᠠᠮᠠ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠨᠢ ᠪᠦᠬᠦ ᠠᠷᠠᠳ ᠲᠦᠮᠡᠨ ᠳᠤ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠤ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠴᠢᠬᠤᠯᠠ | ᠶᠡᠭᠡ ᠠᠷᠭ᠎ᠠ ᠬᠡᠮᠵᠢᠶ᠎ᠡ ᠮᠥᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ︽ᠳᠤᠮᠳᠠ | ᠵᠡᠷᠭᠡ ᠶᠢᠨ ᠣᠷᠣᠯᠭ᠎ᠠ ᠶᠢᠨ ᠤᠨᠠᠭᠤᠯᠢ︾ ᠶᠢ ᠤᠷᠤᠭᠰᠢᠲᠠᠶ ᠪᠠᠷ ᠦᠰᠦᠷᠴᠦ ᠭᠠᠷᠬᠤ ᠴᠢᠬᠤᠯᠠ ᠠᠷᠭ᠎ᠠ ᠵᠠᠮ ᠮᠥᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠢᠨ ᠴᠢᠬᠤᠯᠠ ᠤᠷᠢᠲᠠᠯ ᠮᠦᠨ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ | ᠨᠠᠶᠢᠳᠠᠪᠤᠷᠢᠵᠢᠭᠤᠯᠬᠤ ᠴᠢᠬᠤᠯᠠ ᠠᠵᠢᠯᠯᠠᠭ᠎ᠠ ᠮᠦᠨ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ | ᠨᠠᠮ ᠤᠨ ᠲᠥᠷᠥ ᠪᠠᠷᠢᠬᠤ ᠰᠠᠭᠤᠷᠢ ᠪᠤᠯᠤᠨ ᠤᠯᠤᠰ ᠣᠷᠣᠨ ᠤ ᠥᠨᠢ ᠤᠳᠠᠭᠠᠨ ᠠᠮᠤᠷ ᠲᠤᠭᠲᠠᠭᠤᠨ ᠲᠠᠢ | ᠬᠤᠯᠪᠤᠭᠳᠠᠵᠤ ᠪᠠᠶᠢᠬᠤ ᠪᠦᠭᠡᠳ ᠡᠭᠦᠷᠭᠡ ᠲᠤᠰᠢᠶᠠᠯ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ | ᠪᠡᠷᠬᠡ ᠬᠠᠲᠠᠭᠤᠵᠢᠯᠲᠠᠶ ᠪᠠᠶᠢᠬᠤ ᠶᠤᠮ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠠᠵᠢᠯ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯᠳᠤ ᠱᠠᠲᠤᠨ ᠳᠤ ᠰᠢᠯᠵᠢᠨ ᠤᠷᠤᠪᠠ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠪ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠤᠨ ᠬᠤᠷᠠᠯ ᠢ ᠲᠤᠰᠬᠠᠶᠢᠯᠠᠨ ᠬᠤᠷᠠᠯᠳᠤᠭᠤᠯᠵᠤ᠂ ᠢᠷᠡᠭᠡᠳᠦᠶ ᠶᠢᠨ ᠲᠠᠪᠤᠨ ᠵᠢᠯ ᠳᠠᠬᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠲᠦᠢᠯ ᠤᠨ ᠣᠨᠣᠪᠴᠢᠲᠠᠶ ᠪᠠᠷ | ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠲᠤᠲᠤᠷᠬᠠᠶᠢᠯᠠᠵᠤ᠂ | ᠠᠯᠢ ᠣᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠤᠭᠲᠠᠭᠠᠵᠤ᠂ ᠤᠯᠤᠰ ᠳᠠᠶᠠᠭᠠᠷ ᠤᠨ | ᠬᠦᠴᠦᠨ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠨ ᠳᠤ ᠢᠯᠠᠯᠲᠠ ᠤᠯᠬᠤ ᠳᠤ | ᠡᠷᠡᠰ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠤᠯᠤᠨ ᠲᠥᠷᠢᠮ ᠤᠨ ᠪᠠᠲᠤᠯᠠᠭ᠎ᠠ ᠶᠢ ᠤᠯᠭᠤᠭᠰᠠᠨ ᠪᠠᠶᠢᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠶ | ᠬᠦᠳᠡᠯᠦᠯᠴᠡᠵᠤ᠂ ᠤᠶᠤᠨ ᠢᠶᠠᠨ ᠲᠦᠪᠯᠡᠷᠡᠭᠦᠯᠦᠨ ᠪᠦᠬᠦ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠶ ᠪᠠᠷ | ᠤᠷᠤᠭᠰᠢᠯᠠᠨ ᠲᠠᠪᠰᠢᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠶᠠᠳᠠᠭᠤ | ᠬᠦᠴᠢᠷᠳᠡᠯᠲᠠᠢ ᠭᠠᠵᠠᠷ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠶᠠᠳᠠᠭᠤ ᠠᠴᠠ ᠠᠩᠬᠢᠵᠢᠷᠠᠨ᠂ | ᠬᠦᠭᠵᠢᠬᠦ ᠪᠠᠷ ᠴᠢᠷᠮᠠᠶᠢᠬᠤ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠳᠣᠲᠣᠭᠠᠳᠤ ᠬᠥᠳᠡᠯᠭᠡᠬᠦ ᠬᠦᠴᠦᠨ ᠪᠤᠯᠤᠨ | ᠠᠮᠢᠵᠢᠷᠠᠯ ᠤᠨ ᠬᠦᠴᠦᠨ ᠨᠢ ᠲᠠᠰᠤᠷᠠᠯᠲᠠ ᠦᠭᠡᠢ ᠬᠦᠭᠵᠢᠵᠤ ᠪᠠᠶᠢᠬᠤ ᠪᠤᠯᠬᠤᠷ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠨᠢ ᠪᠦᠬᠦ ᠨᠠᠮ ᠪᠦᠬᠦ ᠨᠡᠶᠢᠭᠡᠮ ᠤᠨ ᠨᠢᠭᠡᠳᠦᠯᠲᠡᠶ ᠵᠣᠷᠢᠭ ᠰᠠᠨᠠᠭ᠎ᠠ ᠪᠤᠯᠤᠨ ᠬᠠᠮᠲᠤ ᠶᠢᠨ | ᠠᠵᠢᠯᠯᠠᠭ᠎ᠠ ᠪᠤᠯᠪᠠ᠃ ᠡᠭᠦᠨ ᠤ ᠬᠠᠮᠲᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ | ᠬᠤᠳᠠ ᠪᠠᠯᠭᠠᠰᠣᠵᠢᠯᠳᠡ ᠨᠢ ᠲᠠᠷᠢᠶᠠᠯᠠᠩ ᠤᠨ ᠣᠳᠣᠬᠢᠴᠢᠯᠠᠯᠲᠠ ᠯᠤᠭ᠎ᠠ ᠠᠯᠬᠤᠮ ᠨᠢᠭᠡᠲᠡᠶ ᠠᠬᠢᠭᠰᠠᠨ ᠪᠠ | ᠤᠯᠤᠰ ᠠᠴᠠ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠬᠦᠯᠦᠭᠰᠡᠨ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠢ ᠲᠦᠷᠭᠡᠨ ᠬᠦᠭᠵᠢᠬᠦᠯᠬᠦ ᠳᠤ ᠰᠠᠶᠢᠨ ᠰᠠᠶᠢᠬᠠᠨ | ᠣᠷᠴᠢᠨ ᠨᠥᠬᠦᠴᠡᠯ ᠪᠤᠯᠤᠨ ᠠᠵᠠ ᠲᠣᠬᠢᠶᠠᠯ ᠢ ᠤᠯᠭᠤᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠨᠦᠬᠡᠴᠡ | ᠬᠦᠭᠵᠢᠯᠲᠡ ᠶᠢᠨ ᠳᠠᠪᠠᠭᠤᠯᠢᠭ ᠨᠢ ᠡᠳᠦᠷ ᠢᠷᠡᠭᠦᠶ᠎ᠡ ᠳᠤᠪᠤᠶᠢᠮ᠎ᠠ ᠪᠤᠯᠤᠭᠰᠠᠨ ᠪᠠᠶᠢᠨ᠎ᠠ᠃ ᠨᠡᠩ ᠴᠢᠬᠤᠯᠠ ᠨᠢ᠂ | ᠤᠯᠤᠰ ᠠᠴᠠ ᠠᠵᠤ ᠠᠬᠤᠶ ᠶᠢᠨ ᠶᠡᠷᠦᠩᠬᠡᠶ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ ᠪᠠᠶᠢᠬᠤ ᠨᠢ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠲᠤ ᠪᠠᠬᠢ ᠪᠣᠳᠠᠰ ᠤᠨ ᠰᠠᠭᠤᠷᠢ ᠶᠢ ᠲᠠᠯᠪᠢᠵᠤ | ᠥᠭᠭᠦᠭᠰᠡᠨ ᠪᠠᠶᠢᠨ᠎ᠠ᠃ | ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠭᠰᠠᠨ 38 ᠵᠢᠯ ᠤᠨ ᠲᠤᠷᠰᠢ᠂ ᠮᠠᠨ ᠤ ᠣᠷᠣᠨ ᠤ | ᠶᠠᠳᠠᠭᠤᠷᠠᠯ ᠢ ᠴᠦᠬᠡᠷᠡᠭᠦᠯᠬᠦ ᠠᠵᠢᠯ ᠦᠢᠯᠡᠰ ᠨᠢ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ | ᠨᠡᠮᠡᠭᠳᠡᠭᠦᠯᠦᠨ᠂ ᠢᠯᠡᠳᠲᠡ ᠦᠷ᠎ᠡ ᠪᠦᠲᠦᠮᠵᠢ ᠣᠯᠪᠠ᠂ ᠨᠡᠶᠢᠲᠡ 1006 ᠲᠦᠮᠡᠨ ᠮᠠᠯᠴᠢᠨ ᠲᠠᠷᠢᠶᠠᠴᠢᠳ ᠢ | ᠶᠠᠳᠠᠭᠤ ᠠᠴᠠ ᠠᠩᠭᠢᠵᠢᠷᠠᠭᠤᠯᠪᠠ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠣᠷᠣᠨ ᠤ ᠬᠦᠴᠦᠨ ᠢ ᠬᠠᠮᠲᠤᠳᠬᠠᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠤᠨ᠂ ᠶᠠᠳᠠᠭᠤ ᠶᠢ ᠲᠡᠳᠬᠦᠬᠦ ᠠᠵᠢᠯ ᠴᠢᠬᠤᠯᠠ ᠶᠡᠭᠡ ᠰᠢᠨ᠎ᠡ | ᠠᠬᠢᠴᠠ ᠲᠠᠢ ᠪᠣᠯᠤᠭᠰᠠᠨ ᠪᠠᠶᠢᠨ᠎ᠠ᠃ ᠭᠡᠪᠡᠴᠦ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ | ᠣᠷᠣᠨ ᠪᠣᠯᠤᠭᠰᠠᠨ ᠤ ᠬᠤᠪᠢ ᠳᠤ᠂ ᠡᠬᠢ ᠪᠠᠶᠠᠯᠢᠭ ᠤᠨ ᠲᠦᠷᠦᠯᠬᠢ ᠳᠠᠪᠠᠭᠤᠯᠢᠭ᠂ ᠭᠠᠵᠠᠷ ᠣᠷᠣᠨ ᠤ ᠵᠥᠷᠢᠶ᠎ᠡ᠂ | ᠬᠥᠭᠵᠢᠯᠲᠡ ᠲᠡᠩᠴᠡᠭᠦᠷᠢ ᠦᠭᠡᠢ ᠪᠠᠶᠢᠬᠤ ᠵᠡᠷᠭᠡ ᠬᠦᠴᠦᠨ ᠵᠦᠢᠯ ᠳᠤ ᠬᠢᠵᠠᠭᠠᠷᠯᠠᠭᠳᠠᠨ᠂ ᠣᠳᠣᠬᠠᠨ ᠤ | ᠶᠠᠳᠠᠭᠤᠷᠠᠯ ᠢ ᠴᠦᠬᠡᠷᠡᠭᠦᠯᠬᠦ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠭᠰᠠᠭᠠᠷ᠃ ︽12 · 5︾ ᠶᠢᠨ | ᠬᠤᠭᠤᠴᠠᠭᠠᠨ ᠳᠤ᠂ ᠪᠦᠬᠦ ᠣᠷᠣᠨ ᠤ ᠨᠡᠶᠢᠲᠡ ᠤᠷᠤᠭᠤᠯᠤᠭᠰᠠᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠡᠯ᠎ᠡ | ᠵᠦᠢᠯ ᠤᠨ ᠲᠤᠰᠬᠠᠶ ᠪᠡᠯᠡ ᠮᠥᠩᠭᠦ 192 ᠳ᠋ᠦᠩᠰᠢᠭᠤᠷ ᠲᠥᠭᠦᠷᠢᠭ ᠲᠤ ᠬᠦᠷᠴᠦ᠂ ︽11 · 5︾ ᠶᠢᠨ | ᠬᠤᠭᠤᠴᠠᠭ᠎ᠠ ᠶᠢᠨ ᠬᠢ ᠠᠴᠠ 138 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ ︽ᠠᠷᠪᠠ ᠶᠢ ᠪᠦᠷᠢᠨ | ᠪᠦᠷᠬᠦᠭᠦᠯᠬᠦ︾᠂ ᠲᠤᠰᠬᠤᠨ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠬᠤ᠂ ︽ | ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠠᠶᠢᠯ ᠡᠷᠦᠬᠡ ᠳᠤ ᠬᠦᠷᠦᠭᠦᠯᠬᠦ︾᠂ ᠮᠥᠩᠭᠦᠨ ᠭᠦᠢᠯᠭᠡᠭᠡᠨ ᠢᠶᠠᠷ | ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ᠂ ᠣᠨᠳᠣᠣ ᠭᠠᠵᠠᠷ ᠰᠢᠯᠵᠢᠭᠦᠯᠵᠦ ᠶᠠᠳᠠᠭᠤ ᠶᠢ | ᠳᠡᠳᠬᠦᠬᠦ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠪᠠ ᠴᠢᠬᠤᠯᠠ | ᠶᠡᠭᠡ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ 2015 ᠣᠨ ᠪᠣᠯᠬᠤ ᠳᠤ᠂ 2010 ᠣᠨ ᠤ 266 | ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ 80.3 ᠲᠦᠮᠡ ᠴᠦᠬᠡᠷᠡᠵᠦ᠂ ᠶᠠᠳᠠᠭᠤᠷᠠᠯ ᠤᠨ ᠨᠤᠷᠮ᠎ᠠ 20. | 34% ᠪᠠᠶᠢᠭᠰᠠᠨ ᠠᠴᠠ ᠪᠠᠨ 5.85% ᠪᠣᠯᠵᠤ ᠪᠠᠭᠤᠷᠠᠭᠰᠠᠨ ᠪᠠᠶᠢᠨ᠎ᠠ᠃ | ︽13 · 5︾ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠴᠢᠬᠤᠯᠠ ᠵᠠᠩᠭᠢᠯᠠᠭ᠎ᠠ ᠶᠢᠨ ᠦᠶ᠎ᠡ ᠮᠦᠨ᠂ 2017 ᠣᠨ ᠳᠤ ᠲᠦᠢᠯ ᠤᠨ ᠶᠠᠳᠠᠭᠤ ᠬᠦᠴᠢᠷᠳᠡᠯᠲᠡᠢ ᠪᠠᠶᠢᠳᠠᠯ ᠢ | ᠦᠨᠳᠦᠰᠦᠨ ᠳᠡᠭᠡᠨ ᠠᠷᠢᠯᠭᠠᠵᠦ᠂ 2020 ᠣᠨ ᠪᠣᠯᠬᠤ ᠳᠤ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠳᠤ | ᠠᠯᠬᠤᠨ ᠤᠷᠤᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠲᠦᠷᠪᠡᠠ ᠥᠨᠡᠨᠬᠦ︾᠂ ︽ᠵᠢᠷᠭᠤᠭᠠᠨ | ᠣᠨᠤᠪᠴᠢᠲᠠᠢ︾ ᠪᠠ ︽ᠲᠠᠪᠤᠨ ᠨᠢᠭᠡ ᠪᠦᠯᠦᠭ︾ ᠵᠡᠷᠭᠡ ᠲᠦᠢᠯ ᠤᠨ ᠣᠨᠤᠪᠴᠢᠲᠠᠢ ᠪᠠᠷ ᠶᠠᠳᠠᠭᠤ ᠶᠢ ᠳᠡᠳᠬᠦᠵᠦ | ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢᠨ ᠱᠠᠭᠠᠷᠳᠠᠯᠭ᠎ᠠ | ᠶᠣᠰᠤᠭᠠᠷ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ ᠪᠠᠶᠢᠯᠭᠠᠬᠤ᠂ ᠨᠡᠭᠡᠭᠡᠯᠳᠡ ᠬᠢᠬᠦ᠂ | ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠤᠯᠵᠢᠬᠤᠨ ᠢ ᠪᠠᠲᠤ ᠪᠠᠬᠢ ᠪᠤᠢ ᠪᠣᠯᠭᠠᠬᠤ ᠪᠦᠭᠡᠳ ᠦᠨᠡᠨᠬᠦ | ᠲᠤᠤᠱᠯᠠᠭᠤᠯᠵᠤ᠂ ᠤᠯᠤᠰ ᠲᠦᠷᠤ ᠪᠠ ᠳᠦᠷᠢᠮ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ | ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠤᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠯᠴᠠᠨ | ᠠᠬᠢᠭᠤᠯᠬᠤ ᠶᠢ ᠪᠠᠷᠢᠮᠳᠠᠯᠠᠨ᠂ ᠲᠦᠢᠯ ᠤᠨ ᠣᠨᠤᠪᠴᠢᠲᠠᠢ ᠪᠠᠷ ᠬᠠᠪᠰᠤᠷᠤᠨ ᠲᠡᠳᠬᠦᠬᠦ ᠬᠢᠭᠡᠳ ᠲᠥᠪᠯᠡᠷᠡᠨ | ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠨᠡᠭᠡᠭᠡᠨ ᠬᠥᠭᠵᠢᠭᠦᠯᠬᠦ ᠶᠠᠪᠤᠳᠠᠯ ᠢ ᠨᠢᠭᠲᠠ | ᠤᠶᠠᠯᠳᠤᠭᠤᠯᠬᠤ ᠶᠢ ᠪᠠᠷᠢᠮᠳᠠᠯᠠᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ᠠᠮᠢ ᠠᠬᠤᠶ ᠶᠢᠨ | ᠬᠠᠮᠠᠭᠠᠯᠠᠯᠲᠠ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠳᠠᠯᠠᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠬᠢᠭᠡᠳ ᠨᠡᠶᠢᠭᠡᠮ ᠤᠨ ᠪᠠᠲᠤᠯᠠᠭ᠎ᠠ ᠶᠢ ᠪᠦᠲᠦᠮᠵᠢᠲᠡᠶ ᠵᠤᠯᠭᠠᠭᠤᠯᠬᠤ ᠶᠢ ᠪᠠᠷᠢᠮᠳᠠᠯᠠᠵᠤ᠂ ︽ᠠᠷᠪᠠ ᠶᠢ ᠪᠦᠷᠢᠨ | ᠪᠦᠷᠬᠦᠭᠦᠯᠬᠦ︾ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠᠷ ᠲᠣᠯᠤᠭᠠᠶᠢᠯᠠᠭᠤᠯᠤᠨ᠂ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ︽ | ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠠᠶᠢᠯ ᠡᠷᠦᠬᠡ ᠳᠤ ᠬᠦᠷᠦᠭᠦᠯᠬᠦ︾ ᠵᠡᠷᠭᠡ ᠲᠦᠢᠯ ᠤᠨ | ᠣᠨᠤᠪᠴᠢᠲᠠᠢ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠨ᠂ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠪᠠᠶᠢᠭᠤᠯᠤᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ᠂ | ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠨ᠂ ᠡ᠊ᠩ ᠤᠨ ᠵᠢᠷᠤᠮ ᠠᠴᠠ ᠳᠠᠪᠠᠭᠰᠠᠨ | ᠠᠷᠭ᠎ᠠ ᠬᠡᠮᠵᠢᠶ᠎ᠡ ᠠᠪᠴᠤ᠂ ᠮᠡᠷᠭᠡᠨ ᠠᠷᠭ᠎ᠠ ᠪᠣᠳᠤᠯᠭ᠎ᠠ ᠭᠠᠷᠭᠠᠵᠤ᠂ ᠪᠦᠬᠦ ᠣᠷᠣᠨ ᠤ ᠬᠦᠴᠦᠨ ᠢ ᠬᠠᠮᠳᠤᠳᠬᠠᠨ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠳᠤ ᠵᠠᠪᠠᠯ ᠢᠯᠠᠯᠲᠠ ᠣᠯᠬᠤ ᠬᠡᠷᠡᠭᠲᠡᠶ᠃ | ᠬᠥᠲᠥᠯᠥᠭᠴᠢ᠄ | ᠶᠠᠮᠠᠷ ᠬᠦᠮᠦᠰ ᠢ ᠣᠨᠳᠣᠣ ᠭᠠᠵᠠᠷ ᠨᠡᠭᠦᠯᠭᠡᠨ ᠶᠠᠳᠠᠭᠤ ᠠᠴᠠ ᠠᠩᠬᠢᠵᠢᠷᠠᠭᠤᠯᠬᠤ ᠪᠣᠢ︖ | ᠸᠧᠨ ᠮᠢᠨ᠄ | ︽13 · 5︾ ᠶᠢᠨ ᠬᠤᠭᠤᠴᠠᠭᠠᠨ ᠳᠤ᠂ ᠨᠡᠭᠦᠯᠭᠡᠨ ᠰᠢᠯᠵᠢᠭᠦᠯᠬᠦ ᠬᠦᠮᠦᠰ ᠪᠣᠯ ᠭᠤᠣᠯᠳᠠᠭᠤ ᠪᠤᠶᠢᠳᠠ | ᠪᠦᠭᠯᠡᠭᠦᠦ᠂ ᠠᠭᠤᠯᠠᠷᠬᠠᠭ᠂ ᠥᠨᠳᠦᠷᠯᠢᠭ ᠬᠦᠢᠳᠡᠨ᠂ ᠡᠯᠡᠰᠦᠷᠬᠡᠭ᠂ ᠣᠷᠣᠨ ᠨᠤᠲᠤᠭ ᠤᠨ ᠡᠪᠡᠳᠴᠢᠨ ᠤᠯᠠᠨ | ᠡᠭᠦᠰᠳᠡᠭ ᠵᠡᠷᠭᠡ ᠣᠷᠣᠰᠢᠨ ᠲᠣᠭᠲᠠᠨᠢᠬᠤ ᠨᠦᠭᠦᠴᠡᠯ ᠪᠠᠷᠤᠭᠲᠠᠶ᠂ ᠬᠥᠭᠵᠢᠯᠲᠡ ᠶᠢᠨ ᠦᠨᠳᠦᠰᠦᠨ ᠨᠥᠬᠦᠴᠡᠯ ᠦᠭᠡᠢ | ᠵᠢᠴᠢ ᠠᠮᠢ ᠠᠬᠤᠶ ᠶᠢᠨ ᠣᠷᠴᠢᠨ ᠨᠥᠬᠦᠴᠡᠯ ᠬᠡᠪᠡᠷᠡᠭ᠂ ᠨᠡᠭᠡᠭᠡᠨ ᠬᠥᠭᠵᠢᠭᠦᠯᠬᠦ ᠶᠢ ᠨᠢ ᠬᠢᠵᠠᠭᠠᠷᠯᠠᠬᠤ ᠪᠤᠶᠤ | ᠴᠠᠭᠠᠵᠠᠯᠠᠵᠦ ᠪᠠᠶᠢᠭ᠎ᠠ ᠭᠠᠵᠠᠷ ᠣᠷᠣᠨ ᠤ ᠲᠠᠩᠰᠠ ᠡᠪᠬᠡᠮᠡᠯ ᠪᠠᠶᠢᠭᠤᠯᠵᠤ ᠺᠠᠷᠲ ᠠᠪᠤᠭᠰᠠᠨ ᠬᠥᠳᠡᠭᠡ ᠲᠣᠰᠬᠤᠨ ᠤ | ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ | ᠠᠵᠢᠯ ᠤᠨ ᠠᠯᠪᠠᠨ ᠭᠡᠷ ᠤᠨ ᠲᠠᠩᠰᠠ ᠡᠪᠬᠡᠮᠡᠯ ᠺᠠᠷᠲ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠢᠯᠭᠠᠨ ᠲᠠᠨᠢᠵᠤ | ᠳᠠᠬᠢᠨ ᠬᠢᠨᠠᠭᠰᠠᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠢᠶᠠᠷ ᠪᠣᠯ᠂ | ︽13 · 5︾ ᠶᠢᠨ ᠬᠤᠭᠤᠴᠠᠭᠠᠨ ᠳᠤ᠂ ᠡᠨᠡ ᠪᠦᠯᠦᠭ ᠬᠦᠮᠦᠰ ᠨᠢ ᠪᠦᠬᠦ ᠤᠯᠤᠰ ᠤᠨ 23 ᠮᠤᠵᠢ ︵ᠣᠷᠣᠨ᠂ | ᠬᠤᠳᠠ︶ ᠳᠤ ᠲᠠᠷᠬᠠᠵᠤ᠂ ᠪᠠᠷᠤᠭ 1000 ᠲᠦᠮᠡᠨ ᠬᠥᠮᠦᠨ ︵ᠡᠨᠡ 1000 ᠲᠦᠮᠡᠨ ᠬᠥᠮᠦᠨ ᠨᠢ 1271 | ᠰᠢᠶᠠᠨ᠂ 8.99 ᠲᠦᠮᠡᠨ ᠭᠠᠴᠠᠭᠠᠨ ᠳᠤ ᠲᠠᠷᠬᠠᠵᠤ᠂ 77% ᠠᠴᠠ ᠳᠡᠭᠡᠭᠰᠢ ᠬᠥᠮᠦᠨ ᠠᠮᠠ ᠨᠢ ᠵᠠᠯᠭᠠᠯᠳᠤᠭᠰᠠᠨ | ᠣᠨᠴᠠ ᠬᠦᠴᠢᠷᠳᠡᠯᠲᠡᠶ ᠭᠠᠵᠠᠷ ᠣᠷᠣᠨ ᠪᠠ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ | ᠭᠤᠣᠯᠳᠠᠯᠭᠠᠲᠤ ᠰᠢᠶᠠᠨ ᠳᠤ ᠲᠥᠪᠯᠡᠷᠡᠨ ᠲᠠᠷᠬᠠᠵᠤ ᠪᠣᠢ︶ ᠪᠣᠢ᠂ ᠮᠠᠨ ᠤ ᠤᠷᠤᠨ ᠲᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠶ 20 ᠲᠦᠮᠡᠨ ᠬᠥᠮᠦᠨ ᠠᠮᠠ ᠶᠢ ᠨᠡᠭᠦᠯᠭᠡᠵᠦ᠂ 10 ᠲᠦᠮᠡᠨ ᠬᠥᠮᠦᠨ ︵ | 78 ᠬᠤᠰᠢᠭᠤ ᠰᠢᠶᠠᠨ ᠳᠤ ᠲᠠᠷᠬᠠᠵᠤ ᠪᠣᠢ︶ ᠢ ᠵᠡᠷᠭᠡ ᠳᠤᠨᠢ ᠨᠡᠭᠦᠯᠭᠡᠨ᠎ᠡ᠃ ᠲᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠳ ᠨᠡᠭᠦᠯᠭᠡᠬᠦ ᠬᠡᠪᠴᠢᠶ᠎ᠡ᠂ ᠨᠡᠭᠦᠯᠭᠡᠬᠦ ᠬᠦᠮᠦᠰ ᠢ ᠮᠠᠭᠠᠳᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠪᠣᠯ | ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠮᠦᠨ᠂ ᠬᠤᠪᠢᠷᠠᠭᠤᠯᠤᠨ ᠲᠣᠬᠢᠷᠠᠭᠤᠯᠬᠤ | ᠴᠢᠬᠤᠯᠠ ᠲᠠᠢ ᠪᠣᠯ ᠡᠷᠬᠡᠪᠰᠢ ᠳᠡᠰ ᠳᠠᠷᠠᠭᠠᠯᠠᠯ ᠢᠶᠠᠷ ᠢᠶᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ | ᠲᠡᠳᠬᠦᠬᠦ ᠠᠵᠢᠯ ᠤᠨ ᠠᠯᠪᠠᠨ ᠭᠡᠷ ᠢᠶᠠᠷ ᠬᠢᠨᠠᠨ ᠵᠦᠪᠰᠢᠶᠡᠷᠡᠭᠦᠯᠬᠦ ᠶᠣᠰᠤᠲᠠᠢ᠂ ᠡᠰᠡ ᠲᠡᠶᠢᠮᠦ ᠪᠣᠯ ᠳᠤᠷ᠎ᠠ ᠪᠠᠷ ᠢᠶᠠᠨ | ᠬᠤᠪᠢᠷᠠᠭᠤᠯᠤᠨ ᠲᠣᠬᠢᠷᠠᠭᠤᠯᠵᠦ ︵ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠯᠦᠩᠭᠦᠶ ᠪᠠᠷ | ᠲᠣᠬᠢᠷᠠᠭᠤᠯᠵᠦ᠂ ᠤᠷᠤᠭᠤᠯᠬᠤ ᠴᠠᠭ ᠲᠤᠨᠢ ᠤᠷᠤᠭᠤᠯᠵᠤ᠂ ᠭᠠᠷᠭᠠᠬᠤ ᠴᠠᠭ ᠲᠤᠨᠢ ᠭᠠᠷᠭᠠᠬᠤ ᠶᠢ ᠨᠢ ᠵᠦᠪᠰᠢᠶᠡᠷᠡᠨ᠎ᠡ | ︶ ᠪᠣᠯᠬᠤ ᠦᠭᠡᠢ᠃ ᠬᠥᠭᠵᠢᠭᠦᠯᠦᠯᠲᠡ ᠥᠭᠡᠷᠡᠴᠢᠯᠡᠯᠲᠡ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠨᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠬᠢᠨᠠᠨ ᠲᠣᠭᠲᠠᠭᠠᠭᠰᠠᠨ ᠨᠡᠭᠦᠯᠭᠡᠬᠦ | ᠬᠡᠪᠴᠢᠶ᠎ᠡ ᠪᠠ ᠨᠡᠭᠦᠭᠰᠡᠳ ᠤᠨ ᠶᠣᠰᠤᠭᠠᠷ᠂ ᠲᠤᠰ ᠭᠠᠵᠠᠷ ᠤᠨ ᠢᠶᠠᠨ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠬᠤ ᠪᠦᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠵᠢᠯ ᠢ ᠰᠠᠶᠢᠲᠤᠷ ᠬᠢᠬᠦ ᠬᠡᠷᠡᠭᠲᠡᠶ᠃ ᠴᠢᠬᠤᠯᠠᠴᠢᠯᠠᠭᠤᠰᠢᠲᠠᠶ ᠵᠦᠢᠯ ᠭᠡᠪᠡᠯ᠂ ᠬᠢᠯᠢ ᠬᠢᠵᠠᠭᠠᠷ ᠳᠠᠭᠠᠤ ᠣᠷᠣᠨ ︵ | ᠶᠡᠷᠦ ᠶᠢᠨ ᠪᠠᠶᠢᠳᠠᠯ ᠳᠤ ᠬᠢᠯᠢ ᠶᠢᠨ ᠱᠤᠭᠤᠮ ᠠᠴᠠ 20 ᠺᠢᠯᠦᠮᠧᠲᠷ ᠤᠨ ᠡᠭ᠍ᠴᠡ ᠵᠠᠶ ᠶᠢᠨ ᠬᠡᠪᠴᠢᠶᠡᠨ ᠳᠣᠲᠣᠷᠠᠬᠢ | ᠰᠢᠶᠠᠩ ᠪᠠᠯᠭᠠᠰᠤ᠂ ᠭᠠᠴᠠᠭ᠎ᠠ ᠶᠢ ᠵᠢᠭᠠᠨ᠎ᠠ︶ ᠳᠤ ᠠᠵᠤ ᠲᠦᠷᠦᠵᠦ ᠪᠠᠶᠢᠭ᠎ᠠ ᠲᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠣᠯ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ | ᠬᠡᠷᠡᠭᠴᠡᠭᠡ ᠶᠢ ᠪᠣᠳᠤᠯᠬᠢᠯᠠᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠡᠪᠴᠢᠶᠡᠨ ᠳᠤ ᠣᠷᠣᠭᠤᠯᠬᠤ | ᠦᠬᠡᠢ᠂ ᠬᠢᠯᠢ ᠶᠢᠨ ᠠᠷᠠᠳ ᠤᠨ ᠳᠣᠲᠤᠷᠠᠬᠢ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠤᠣᠯᠳᠠᠭᠤ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠪᠠ ᠬᠠᠮᠢᠶ᠎ᠠ ᠪᠥᠬᠦᠢ ᠶᠠᠳᠠᠭᠤ ᠶᠢ ᠲᠡᠳᠬᠦᠬᠦ ᠡᠬᠢ ᠪᠠᠶᠠᠯᠢᠭ ᠤᠨ ᠳᠡᠮᠵᠢᠯᠭᠡ ᠦᠵᠡᠭᠦᠯᠬᠦ | ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠰᠢᠢᠳᠪᠦᠷᠢᠯᠡᠬᠦ ᠬᠡᠷᠡᠭᠲᠡᠶ᠃ ᠲᠥᠪ ᠤᠨ | ᠬᠤᠯᠪᠣᠭᠳᠠᠯ ᠪᠦᠬᠦᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠰᠢᠯᠭᠠᠬᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠬᠥᠮᠦᠨ ᠠᠮᠠ ᠶᠢ ᠨᠡᠭᠦᠯᠭᠡᠨ ᠰᠢᠯᠵᠢᠭᠦᠯᠬᠦ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠠ | ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠳᠠᠯ ᠢ ᠡᠯ᠎ᠡ ᠭᠠᠵᠠᠷ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢᠨ ᠭᠤᠣᠯ ᠦᠨᠳᠦᠰᠦ ᠪᠠᠷᠢᠮᠲᠠ ᠪᠠ ᠭᠤᠣᠯ | ᠠᠭᠤᠯᠭ᠎ᠠ ᠪᠣᠯᠭᠠᠨ᠎ᠠ᠃ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠵᠤ᠂ | ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ ᠬᠡᠪᠴᠢᠶ᠎ᠡ ᠨᠢ ᠬᠡᠲᠦᠷᠬᠡᠶ ᠶᠡᠭᠡ ᠠᠴᠠ ᠪᠣᠯᠵᠤ ᠲᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠨᠡᠭᠦᠯᠭᠡᠬᠦ ᠠᠬᠢᠴᠠ ᠪᠠ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠨᠦᠯᠦᠭᠡᠯᠡᠬᠦ ᠠᠴᠠ ᠵᠠᠶᠢᠯᠠᠰᠭᠢᠬᠦ ᠬᠡᠷᠡᠭᠲᠡᠢ᠃ ᠡᠨᠡ ᠵᠢᠯ ᠤᠨ 1 ᠳ᠋ᠦ᠋ᠭᠡᠷ | ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠠᠴᠠ ᠨᠡᠭᠦᠯᠭᠡᠬᠦ | ᠬᠦᠮᠦᠰ ᠢ ᠢᠯᠭᠠᠨ ᠲᠠᠨᠢᠬᠤ ᠨᠢ ᠨᠠᠷᠢᠯᠢᠭ ᠣᠨᠤᠪᠴᠢᠲᠠᠢ ᠪᠢᠰᠢ ᠠᠰᠠᠭᠤᠳᠠᠯ ᠳᠤ ᠴᠢᠭᠯᠡᠭᠦᠯᠦᠨ᠂ ︽ᠡᠷᠭᠢᠨ ᠬᠠᠷᠠᠬᠤ︾ | ᠠᠵᠢᠯ ᠥᠷᠨᠢᠭᠦᠯᠵᠦ᠂ ᠡᠯ᠎ᠡ ᠭᠠᠵᠠᠷ ᠤᠳ ᠡᠷᠬᠡᠪᠰᠢ ᠨᠠᠷᠢᠯᠢᠭ ᠣᠨᠤᠪᠴᠢᠲᠠᠢ ᠪᠠᠷ ᠢᠯᠭᠠᠨ ᠲᠠᠨᠢᠬᠤ ᠬᠡᠷᠡᠭᠲᠡᠢ ᠭᠡᠵᠦ | ᠱᠠᠭᠠᠷᠳᠠᠪᠠ᠃ ᠠᠶᠢᠮᠠᠭ ᠬᠤᠳᠠ ᠴᠦ ᠨᠠᠷᠢᠯᠢᠭ ᠣᠨᠤᠪᠴᠢᠲᠠᠢ ᠪᠠᠷ ᠨᠡᠭᠦᠯᠭᠡᠨ ᠰᠢᠯᠵᠢᠭᠦᠯᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠪᠠᠶᠢᠨ᠎ᠠ᠃ | ᠬᠥᠲᠥᠯᠥᠭᠴᠢ᠄ | ᠲᠡᠭᠡᠪᠡᠯ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠦᠳᠦᠬᠡᠨ ᠪᠠᠶᠢᠭᠤᠯᠤᠯᠲᠠ ᠨᠢ ᠶᠠᠮᠠᠷ | ᠪᠠᠷᠢᠮᠵᠢᠶ᠎ᠠ ᠲᠠᠢ ᠪᠤᠶ︖ | ᠸᠧᠨ ᠮᠢᠨ᠄ | ︽13 · 5︾ ᠶᠢᠨ ᠬᠤᠭᠤᠴᠠᠭᠠᠨ ᠳᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ | ᠨᠡᠭᠦᠭᠰᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ | ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠲᠠᠩᠰᠠ ᠪᠠᠶᠢᠭᠤᠯᠤᠨ ᠺᠠᠷᠲ ᠠᠪᠤᠭᠰᠠᠨ ᠨᠡᠭᠦᠭᠰᠡᠳ ᠤᠨ | ᠥᠪᠡᠷᠮᠢᠴᠡ ᠴᠢᠨᠠᠷ ᠢ ᠪᠣᠳᠣᠯᠬᠢᠯᠠᠭᠠᠳ᠂ ︽ᠲᠥᠰᠦᠯ︾ ᠳᠤ ᠲᠤᠲᠤᠷᠬᠠᠢ ᠳᠤᠷᠠᠳᠤᠭᠰᠠᠨ ᠨᠢ᠂ ︽ᠴᠢᠳᠠᠯ ᠤᠨ ᠢᠶᠠᠨ | ᠬᠢᠷᠢ ᠪᠠᠷ ᠢᠶᠠᠨ ᠬᠢᠵᠦ᠂ ᠦᠨᠳᠦᠰᠦᠨ ᠵᠦᠢᠯ ᠢ ᠪᠠᠲᠤᠯᠠᠬᠤ︾ ᠵᠠᠷᠴᠢᠮ ᠢ ᠪᠠᠷᠢᠮᠲᠠᠯᠠᠨ᠂ ᠲᠠᠩᠰᠠ ᠪᠠᠶᠢᠭᠤᠯᠤᠨ ᠺᠠᠷᠲ | ᠠᠪᠤᠭᠰᠠᠨ ᠡᠷᠦᠬᠡ ᠶᠢᠨ ᠬᠥᠮᠥᠨ ᠨᠢᠭᠡᠪᠦᠷᠢ ᠳᠤ 25 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠭᠡᠵᠦ | ᠲᠤᠲᠤᠷᠬᠠᠢ ᠳᠤᠷᠠᠳᠴᠠᠢ᠂ ᠡᠨᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠨᠡᠶᠢᠭᠡᠮ ᠤᠨ | ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠬᠦ ᠲᠣᠭᠠᠨ ᠤ ᠰᠢᠰᠲ᠋ᠧᠮᠵᠢ ᠳᠠᠬᠢ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠭᠡᠷ ᠪᠦᠯᠢ ᠶᠢᠨ ᠣᠷᠣᠨ ᠰᠠᠭᠤᠴᠠ ᠶᠢᠨ ᠪᠠᠷᠢᠮᠵᠢᠶ᠎ᠠ ᠳᠤ ᠬᠦᠷᠦᠭᠦᠯᠬᠦ ᠲᠠᠯᠠᠪᠠᠶ ᠪᠠᠷ | ᠯᠠᠪᠯᠠᠯᠲᠠ ᠪᠣᠯᠭᠠᠭᠰᠠᠨ ᠮᠥᠷᠲᠡᠭᠡᠨ ᠶᠠᠳᠠᠭᠤ ᠬᠦᠴᠢᠷᠳᠡᠯ ᠲᠠᠢ ᠡᠷᠦᠬᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠪᠠᠶᠢᠨ᠎ᠠ᠂ ᠣᠳᠣᠬᠠᠨ ᠳᠤ ᠠᠪᠴᠤ ᠦᠵᠡᠪᠡᠯ ᠵᠦᠢ ᠵᠣᠬᠢᠰᠲᠠᠶ ᠬᠡᠷᠡᠭᠵᠢᠭᠦᠯᠦᠭᠦᠰᠢᠲᠡᠢ ᠪᠠᠶᠢᠨ᠎ᠠ᠃ | | ᠳᠡᠳ᠋ ᠶᠡᠷᠦᠩᠬᠡᠶ ᠰᠠᠶᠢᠳ ᠸᠠᠩ ᠶᠠᠩ ᠪᠦᠬᠦ ᠤᠯᠤᠰ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ | ᠲᠡᠳᠬᠦᠬᠦ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠳᠡᠭᠡᠷ᠎ᠡ ᠲᠣᠳᠣᠷᠬᠠᠶ ᠴᠢᠬᠤᠯᠠᠴᠢᠯᠠᠭᠰᠠᠨ ᠨᠢ᠂ | ᠶᠠᠳᠠᠭᠤ ᠠᠴᠠ ᠠᠩᠭᠢᠵᠢᠷᠠᠭᠤᠯᠬᠤ ᠶᠢ ᠰᠢᠢᠳᠪᠦᠷᠢᠯᠡᠬᠦ ᠣᠷᠣᠨ ᠰᠠᠭᠤᠴᠠ ᠶᠢᠨ ᠲᠠᠯ᠎ᠠ ᠪᠠᠷ ᠬᠠᠰᠢᠯᠠ ᠦᠨᠳᠦᠰᠦ ᠶᠢ | ᠪᠠᠲᠤᠯᠠᠬᠤ ᠶᠢ ᠭᠤᠣᠯ ᠪᠣᠳᠤᠯᠬᠢᠯᠠᠬᠤ ᠬᠡᠷᠡᠭᠲᠡᠢ᠂ ᠲᠠᠯᠠᠪᠠᠶ ᠶᠢ ᠳᠡᠩᠳᠡᠭᠦᠦ ᠶᠡᠭᠡ ᠪᠠᠶᠢᠯᠭᠠᠵᠤ ᠪᠣᠯᠬᠤ ᠦᠭᠡᠢ᠂ | ᠪᠠᠷᠢᠮᠵᠢᠶ᠎ᠠ ᠶᠢ ᠬᠡᠲᠦᠷᠬᠡᠢ ᠦᠨᠳᠦᠷ ᠪᠠᠶᠢᠯᠭᠠᠵᠤ ᠪᠣᠯᠬᠤ ᠦᠭᠡᠢ ᠭᠡᠵᠡᠢ᠃ 2 ᠳ᠋ᠤᠭᠠᠷ ᠰᠠᠷ᠎ᠠ ᠶᠢᠨ 26 ᠤ ᠡᠳᠦᠷ᠂ | ᠳᠡᠳ᠋ ᠶᠡᠷᠦᠩᠬᠡᠶ ᠰᠠᠶᠢᠳ ᠸᠠᠩ ᠶᠠᠩ ᠬᠤᠪᠸᠢ ᠮᠤᠵᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠠᠬᠢᠨᠲᠠ | ᠴᠢᠬᠤᠯᠠᠴᠢᠯᠠᠭᠰᠠᠨ ᠨᠢ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠡᠷᠬᠡᠪᠰᠢ ᠴᠢᠳᠠᠯ ᠤᠨ ᠢᠶᠠᠨ | ᠬᠢᠷᠢ ᠪᠠᠷ ᠢᠶᠠᠨ ᠬᠢᠵᠦ᠂ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠢ᠂ ᠬᠡᠲᠦᠷᠡᠵᠦ ᠪᠣᠯᠬᠤ ᠦᠭᠡᠢ᠂ | ᠶᠠᠳᠠᠭᠤ ᠠᠴᠠ ᠠᠩᠭᠢᠵᠢᠷᠠᠭᠤᠯᠬᠤ ᠪᠠ ᠪᠠᠶᠠᠵᠢᠭᠤᠯᠬᠤ ᠶᠢ ᠲᠡᠩᠴᠡᠭᠦᠷᠢ ᠲᠠᠢ ᠪᠠᠶᠢᠯᠭᠠᠬᠤ ᠬᠡᠷᠡᠭᠲᠡᠢ᠂ ᠣᠳᠣᠬᠠᠨ ᠳᠤ | ᠵᠠᠰᠠᠭ ᠤᠨ ᠣᠷᠳᠣᠨ ᠠᠴᠠ ᠬᠠᠪᠰᠤᠷᠤᠨ ᠪᠠᠶᠢᠭᠤᠯᠵᠤ ᠪᠠᠶᠢᠭ᠎ᠠ ᠨᠢ ᠶᠠᠳᠠᠭᠤ ᠶᠢ ᠲᠡᠳᠬᠦᠬᠦ ᠣᠷᠣᠨ ᠰᠠᠭᠤᠴᠠ᠂ | ᠦᠨᠳᠦᠰᠦ ᠶᠢ ᠪᠠᠲᠤᠯᠠᠬᠤ ᠠᠮᠤᠷ ᠲᠦᠪᠰᠢᠨ ᠣᠷᠣᠨ ᠰᠠᠭᠤᠴᠠ ᠪᠣᠯᠣᠨ᠎ᠠ᠂ ᠬᠠᠷᠢᠨ ᠪᠠᠶᠠᠵᠢᠭᠤᠯᠬᠤ ᠣᠷᠣᠨ | ᠰᠠᠭᠤᠴᠠ ᠪᠢᠰᠢ ᠶᠤᠮ ᠭᠡᠵᠡᠢ᠃ ᠳᠡᠳ᠋ ᠶᠡᠷᠦᠩᠬᠡᠶ ᠰᠠᠶᠢᠳ ᠸᠠᠩ ᠶᠠᠩ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ | ᠂ 2 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠶᠠᠳᠠᠭᠤ ᠶᠢ ᠲᠡᠳᠬᠦᠬᠦ ᠠᠯᠪᠠᠨ ᠭᠡᠷ ᠬᠠᠮᠲᠤᠷᠠᠨ ︽ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠣᠷᠣᠨ | ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠲᠠᠯᠠᠪᠠᠢ ᠶᠢ ᠴᠢᠩᠭ᠎ᠠ ᠬᠢᠵᠠᠭᠠᠷᠯᠠᠬᠤ ᠲᠤᠬᠠᠶ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ︵2016︶ 429 ᠳ᠋ᠦ᠋ᠭᠡᠷ ᠲᠣᠭᠠᠲᠤ︶ ᠳᠠᠷᠤᠮᠠᠯᠯᠠᠨ | ᠲᠠᠷᠬᠠᠭᠠᠵᠤ᠂ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠠᠬᠢᠨᠲᠠ ᠲᠣᠲᠤᠷᠬᠠᠶᠢᠯᠠᠨ | ᠴᠢᠬᠤᠯᠠᠴᠢᠯᠠᠭᠰᠠᠨ ᠪᠠᠶᠢᠨ᠎ᠠ᠃ ᠴᠢᠬᠤᠯᠠᠴᠢᠯᠠᠭᠤᠰᠢᠲᠠᠶ ᠨᠢ᠂ ᠬᠥᠮᠦᠨ ᠨᠢᠭᠡᠪᠦᠷᠢ ᠳᠤ 25 ᠲᠡᠭᠰᠢ ᠳᠥᠷᠪᠡᠯᠵᠢᠨ | ᠮᠧᠲᠷ ᠭᠡᠳᠡᠭ ᠨᠢ ᠳᠠᠷᠤᠢ ︽ᠦᠨᠳᠦᠰᠦ ᠶᠢ ᠪᠠᠲᠤᠯᠠᠬᠤ︾ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠮᠦᠨ ᠪᠦᠭᠡᠳ | ᠪᠠᠰᠠᠴᠤ ᠬᠠᠮᠤᠭ ᠥᠨᠳᠥᠷ ᠬᠢᠵᠠᠭᠠᠷᠯᠠᠬᠤ ᠪᠠᠷᠢᠮᠵᠢᠶ᠎ᠠ ᠪᠣᠯᠣᠨ᠎ᠠ᠂ ᠬᠥᠳᠡᠭᠡ ᠲᠣᠰᠬᠤᠨ ᠤ ᠳᠠᠩᠰᠠ ᠪᠠᠶᠢᠭᠤᠯᠤᠨ | ᠺᠠᠷᠲ ᠬᠢᠯᠭᠡᠭᠰᠡᠨ ᠶᠠᠳᠠᠭᠤ ᠬᠦᠴᠢᠷᠳᠡᠯ ᠲᠠᠢ ᠨᠡᠭᠦᠳᠡᠯ ᠤᠨ ᠡᠷᠦᠬᠡ ᠳᠤ ᠴᠢᠭᠯᠡᠭᠦᠯᠦᠭᠰᠡᠨ ᠶᠤᠮ᠃ ᠪᠣᠳᠠᠲᠠᠶ | ᠬᠡᠷᠡᠭᠵᠢᠭᠦᠯᠬᠦ ᠳᠡᠭᠡᠨ ᠪᠥᠳᠥᠭᠡᠨ ᠪᠠᠶᠢᠭᠤᠯᠤᠯᠲᠠ ᠶᠢᠨ ᠲᠠᠯᠠᠪᠠᠢ ᠶᠢ ᠬᠡᠯᠪᠡᠷᠢ ᠶᠢ ᠨᠢ ᠥᠭᠡᠷᠡᠲᠡᠭᠦᠯᠦᠨ ᠥᠷᠭᠡᠳᠬᠡᠵᠦ | ᠪᠣᠯᠬᠤ ᠦᠭᠡᠢ ᠪᠦᠭᠡᠳ ᠪᠠᠰᠠ ᠪᠣᠳᠠᠲᠤ ᠪᠠᠶᠢᠳᠠᠯ ᠠᠴᠠ ᠰᠠᠯᠤᠩᠭᠢᠷᠠᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ ᠪᠣᠯᠬᠤ ᠦᠭᠡᠢ᠂ ᠨᠡᠭᠦᠯᠭᠡᠭᠰᠡᠨ ᠠᠴᠠ ᠪᠣᠯᠵᠤ ᠥᠷᠢ ᠳᠤ ᠣᠨᠠᠵᠤ᠂ ᠨᠡᠭᠦᠯᠭᠡᠭᠰᠡᠨ ᠠᠴᠠ ᠪᠣᠯᠵᠤ | ᠶᠠᠳᠠᠭᠤ ᠠᠴᠠ ᠠᠩᠭᠢᠵᠢᠷᠠᠭᠤᠯᠵᠤ ᠳᠡᠶᠢᠯᠬᠦ ᠦᠭᠡᠢ ᠪᠣᠯᠬᠤ ᠶᠢ ᠰᠡᠷᠭᠡᠶᠢᠯᠡᠬᠦ ᠬᠡᠷᠡᠭᠲᠡᠢ᠃ ᠨᠢᠭᠡ ᠡᠷᠦᠭᠡ ᠳᠤ ᠨᠢᠭᠡ ᠯᠡ | ᠣᠷᠣᠨ ᠰᠠᠭᠤᠴᠠ ᠣᠯᠭᠤᠬᠤ ᠬᠡᠯᠪᠡᠷᠢ ᠪᠠᠷ ᠲᠥᠪᠬᠢᠨᠡᠭᠦᠯᠬᠦ ᠳᠤ᠂ ᠬᠤᠪᠢᠶᠠᠷᠢᠯᠠᠭᠰᠠᠨ ᠣᠷᠣᠨ ᠰᠠᠭᠤᠴᠠ ᠶᠢᠨ | ᠭᠠᠵᠠᠷ ᠲᠤ ᠥᠷᠭᠦᠯᠵᠢᠯᠡᠨ ᠪᠠᠶᠢᠭᠤᠯᠵᠤ ᠪᠣᠯᠬᠤ ᠣᠷᠣᠨ ᠵᠠᠢ ᠶᠢ ᠤᠷᠢᠳᠴᠢᠯᠠᠨ ᠦᠯᠡᠳᠡᠭᠡᠬᠦ ᠵᠡᠷᠭᠡ ᠠᠷᠭ᠎ᠠ ᠶᠢ | ᠠᠪᠴᠤ᠂ ᠨᠡᠭᠦᠭᠰᠡᠳ ᠢᠶᠠᠷ ᠬᠤᠶᠢᠰᠢᠳᠠ ᠥᠪᠡᠷ ᠤᠨ ᠠᠵᠤ ᠠᠬᠤᠶ ᠶᠢᠨ ᠨᠥᠬᠦᠴᠡᠯ ᠰᠠᠶᠢᠵᠢᠷᠠᠭᠰᠠᠨ ᠪᠠᠶᠢᠳᠠᠯ ᠪᠣᠯᠣᠨ | ᠪᠣᠳᠠᠲᠠᠶ ᠴᠢᠳᠠᠪᠤᠷᠢ ᠪᠠᠨ ᠦᠨᠳᠦᠰᠦᠯᠡᠨ ᠥᠷᠭᠡᠳᠬᠡᠨ ᠪᠠᠶᠢᠭᠤᠯᠬᠤ ᠡᠰᠡᠬᠦ ᠪᠠᠨ ᠥᠪᠡᠷᠲᠡᠭᠡᠨ ᠡᠵᠡᠨ ᠮᠡᠳᠡᠵᠤ | ᠲᠣᠭᠲᠠᠭᠠᠵᠤ ᠪᠣᠯᠤᠨ᠎ᠠ᠃ | ᠵᠢᠱᠢᠶᠡᠯᠡᠪᠡᠯ᠂ ᠵᠠᠷᠢᠮ ᠭᠠᠵᠠᠷ ︽ᠦᠨᠳᠦᠰᠦ ᠶᠢ ᠪᠠᠲᠤᠯᠠᠬᠤ︾ ᠵᠠᠷᠴᠢᠮ ᠢᠶᠠᠷ᠂ ᠨᠡᠭᠦᠬᠦ ᠡᠷᠦᠬᠡ ᠶᠢ | ᠵᠢᠭᠡᠯᠡᠯᠭᠡ ᠠᠪᠤᠭᠤᠯᠬᠤ ᠦᠭᠡᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ ᠳᠥᠷᠪᠡᠨ ᠳᠠᠪᠬᠤᠷᠭ᠎ᠠ ᠶᠢᠨ ᠰᠠᠭᠤᠷᠢ | ᠲᠠᠯᠪᠢᠭᠠᠳ᠂ ᠣᠳᠣᠬᠠᠨ ᠳᠤ ᠵᠥᠪᠬᠡᠨ ᠰᠢᠭᠤᠳ ᠣᠷᠣᠵᠤ ᠰᠠᠭᠤᠬᠤ ᠨᠢᠭᠡᠨ ᠳᠠᠪᠬᠤᠷᠯᠢᠭ ᠬᠠᠭᠠᠰ ᠵᠠᠰᠠᠵᠤ | ᠴᠢᠮᠡᠭᠰᠡᠨ ᠭᠡᠷ ᠪᠠᠷᠢᠬᠤ ᠶᠢ ᠵᠥᠪᠰᠢᠶᠡᠷᠡᠵᠦ᠂ ᠨᠡᠭᠦᠭᠰᠡᠳ ᠤᠨ ᠠᠵᠤ ᠠᠬᠤᠶ ᠶᠢᠨ ᠨᠥᠬᠦᠴᠡᠯ ᠰᠠᠶᠢᠵᠢᠷᠠᠭᠰᠠᠨ ᠤ | ᠳᠠᠷᠠᠭ᠎ᠠ᠂ ᠨᠢᠭᠡᠨᠲᠡ ᠪᠠᠷᠢᠭᠰᠠᠨ ᠨᠢᠭᠡᠨ ᠳᠠᠪᠬᠤᠷᠯᠢᠭ ᠭᠡᠷ ᠤᠨ ᠰᠠᠭᠤᠷᠢᠨ ᠳᠡᠭᠡᠷ᠎ᠡ ᠪᠠᠰᠠ ᠥᠷᠭᠦᠯᠵᠢᠯᠡᠨ ᠳᠠᠪᠬᠤᠷ | ᠨᠡᠮᠡᠨ ᠪᠠᠷᠢᠬᠤ ᠡᠰᠡᠬᠦ ᠶᠢ ᠥᠪᠡᠰᠦᠪᠡᠨ ᠡᠵᠡᠨ ᠮᠡᠳᠡᠵᠤ ᠲᠣᠭᠲᠠᠭᠠᠬᠤ ᠪᠠᠷ ᠪᠠᠶᠢᠨ᠎ᠠ᠂ ᠤᠴᠢᠷ ᠨᠢ ᠳᠠᠪᠬᠤᠷ ᠨᠡᠮᠡᠨ | ᠥᠷᠭᠡᠳᠬᠡᠨ ᠪᠠᠶᠢᠭᠤᠯᠬᠤ ᠠᠴᠠ ᠪᠤᠯᠵᠤ ᠵᠢᠭᠡᠯᠡᠯᠭᠡ ᠠᠪᠴᠤ ᠶᠠᠳᠠᠭᠤᠷᠠᠬᠤ ᠠᠴᠠ ᠵᠠᠶᠢᠯᠠᠰᠬᠢᠬᠦ ᠪᠠᠷ ᠤᠷᠢᠳᠠᠯ | ᠪᠣᠯᠭᠠᠵᠠᠢ᠃ ᠡᠨᠡᠬᠦ ᠠᠷᠭ᠎ᠠ ᠨᠢ ᠮᠠᠰᠢ ᠶᠡᠭᠡ ᠲᠣᠯᠢᠳᠠᠨ ᠯᠠᠪᠯᠠᠭᠤᠰᠢᠲᠠᠢ ᠪᠠᠶᠢᠨ᠎ᠠ᠃ ᠵᠡᠷᠭᠡ ᠳᠡᠭᠡᠨ ᠨᠡᠭᠦᠭᠰᠡᠨ ᠬᠥᠮᠦᠨ | ᠠᠮᠠ ᠶᠢ ᠲᠥᠪᠬᠢᠨᠡᠭᠦᠯᠬᠦ ᠣᠷᠣᠨ ᠰᠠᠭᠤᠴᠠ ᠪᠠᠶᠢᠭᠤᠯᠬᠤ ᠲᠠᠯ᠎ᠠ ᠪᠠᠷ᠂ ᠪᠣᠳᠠᠲᠠᠶ ᠪᠠᠶᠢᠳᠠᠯ ᠢ ᠢᠯᠭᠠᠵᠤ᠂ ᠡᠷᠦᠬᠡ ᠶᠢᠨ | ᠪᠠᠶᠢᠳᠠᠯ ᠢ ᠦᠨᠳᠦᠰᠦᠯᠡᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠬᠠᠮᠢᠶ᠎ᠠ ᠪᠥᠬᠦᠢ ᠪᠥᠳᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠡᠷᠦᠬᠡ ᠲᠠᠢ ᠠᠳᠠᠯᠢ | ᠦᠭᠡᠢ ᠪᠠᠶᠢᠯᠭᠠᠬᠤ ᠪᠣᠯᠣᠨ᠎ᠠ᠃ ᠠᠶᠢᠮᠠᠭ ᠬᠤᠲᠠ ᠨᠤᠭᠤᠳ ︽13 · 5︾ ᠶᠢᠨ ᠬᠤᠭᠤᠴᠠᠭᠠᠨ ᠤ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠲᠣᠭᠲᠠᠭᠠᠬᠤ ᠪᠠ ᠬᠠᠮᠢᠶ᠎ᠠ ᠪᠦᠬᠦᠢ ᠲᠥᠬᠦᠷᠴᠢᠯᠡᠭᠰᠡᠨ | ᠳᠦᠷᠦ ᠶᠢᠨ ᠪᠤᠳᠤᠯᠭ᠎ᠠ ᠶᠢ ᠨᠡᠶᠢᠲᠡᠯᠡᠬᠦ ᠳᠡᠭᠡᠨ ᠲᠠᠩᠰᠠ ᠡᠪᠬᠡᠮᠡᠯ ᠪᠠᠶᠢᠭᠤᠯᠤᠨ ᠺᠠᠷᠲ ᠬᠢᠯᠭᠡᠭᠰᠡᠨ ᠨᠡᠭᠦᠯᠭᠡᠬᠦ | ᠡᠷᠦᠭᠡ ᠶᠢ ᠲᠥᠪᠬᠢᠨᠡᠭᠦᠯᠬᠦ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ︽ᠦᠨᠳᠦᠰᠦ ᠶᠢ ᠪᠠᠲᠤᠯᠠᠵᠤ᠂ | ᠠᠮᠤᠷ ᠲᠥᠪᠰᠢᠨ ᠬᠡᠷᠡᠭᠯᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ | ᠣᠷᠳᠣᠨ ᠲᠤᠰ ᠣᠷᠣᠨ ᠨᠤᠲᠤᠭ ᠤᠨ ᠢᠶᠠᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ︽13 · 5︾ | ᠶᠢᠨ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ᠂ ᠣᠨ ᠤ ᠲᠥᠯᠥᠪᠯᠡᠭᠡ ᠵᠢᠴᠢ ᠲᠤᠰ ᠣᠷᠣᠨ ᠨᠤᠲᠤᠭ ᠤᠨ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ | ᠲᠣᠭᠲᠠᠭᠠᠬᠤ ᠳᠠᠭᠠᠨ ᠴᠦᠮ ᠡᠨᠡᠬᠦ ᠣᠷᠣᠨ ᠰᠠᠭᠤᠴᠠ ᠶᠢᠨ ᠲᠠᠯᠠᠪᠠᠢ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠲᠥᠪᠬᠢᠨᠡᠭᠦᠯᠬᠦ ᠣᠷᠣᠨ ᠤ ᠪᠥᠳᠥᠭᠡᠨ | ᠪᠠᠶᠢᠭᠤᠯᠤᠯᠲᠠ ᠶᠢᠨ ᠲᠥᠰᠥᠯ ᠤᠨ ᠬᠢᠵᠠᠭᠠᠷᠯᠠᠬᠤ ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ | ᠢᠯᠠᠩᠭᠤᠶ᠎ᠠ 2016 ᠣᠨ ᠳᠤ ᠨᠢᠭᠡᠨᠲᠡ ᠠᠵᠢᠯ ᠢᠶᠠᠨ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠪᠠᠷᠢᠮᠵᠢᠶ᠎ᠠ ᠠᠴᠠ | ᠬᠡᠲᠦᠷᠡᠭᠰᠡᠨ ᠣᠷᠣᠨ ᠰᠠᠭᠤᠴᠠ ᠳᠤ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠥᠲᠥᠯᠥᠭᠴᠢ᠄ | ᠸᠧᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠵᠦ ᠭᠡᠷ ᠪᠠᠷᠢᠬᠤ ᠨᠥᠬᠦᠪᠥᠷᠢ ᠳᠤ | ᠶᠠᠮᠠᠷ ᠪᠠᠷᠢᠮᠵᠢᠶ᠎ᠠ ᠪᠠᠶᠢᠬᠤ ᠪᠤᠢ︖ | ᠸᠧᠨ ᠮᠢᠨ᠄ | ᠨᠢᠭᠡ ᠳᠤ ᠵᠦᠷᠢᠶᠡᠲᠡᠢ ᠪᠠᠶᠢᠯᠭᠠᠬᠤ ᠵᠠᠷᠴᠢᠮ ᠶᠣᠰᠣᠭᠠᠷ ᠲᠥᠪ ᠤᠨ ᠲᠥᠰᠦᠪ ᠤᠨ ᠳᠣᠲᠣᠷᠠᠬᠢ | ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠦᠨ᠎ᠡ᠃ 2001 ᠣᠨ ᠳᠤ ᠤᠯᠤᠰ ᠠᠴᠠ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠤᠷᠰᠢᠯᠲᠠ ᠬᠢᠭᠰᠡᠨ ᠠᠴᠠ ᠨᠠᠰᠢ᠂ ᠡᠯ᠎ᠡ ᠭᠠᠵᠠᠷ ᠤᠨ ᠰᠠᠨᠠᠯ ᠲᠤᠰᠬᠠᠯ ᠨᠡᠯᠢᠶᠡᠳ | ᠶᠡᠭᠡ ᠪᠠᠶᠢᠬᠤ ᠠᠰᠠᠭᠤᠳᠠᠯ ᠪᠣᠯ ᠳᠠᠷᠤᠶ ᠨᠥᠬᠦᠪᠥᠷᠢ ᠶᠢᠨ ᠪᠠᠷᠢᠮᠵᠢᠶ᠎ᠠ ᠠᠷᠠᠢ ᠳᠣᠣᠷ᠎ᠠ᠂ ᠶᠠᠳᠠᠭᠤ ᠬᠦᠴᠢᠷᠳᠡᠯᠲᠡᠶ | ᠲᠠᠷᠢᠶᠠᠴᠢᠨ ᠡᠷᠦᠬᠡ ᠨᠡᠭᠦᠬᠦ ᠳᠤ ᠬᠦᠴᠢᠷᠲᠡᠢ ᠪᠠᠶᠢᠬᠤ ᠪᠣᠯᠣᠨ᠎ᠠ᠃ ᠡᠭᠦᠨ ᠠᠴᠠ ᠭᠠᠳᠠᠨ᠎ᠠ᠂ ᠥᠩᠭᠡᠷᠡᠭᠰᠡᠨ ᠳᠤ | ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠴᠥᠮ ᠠᠳᠠᠯᠢᠬᠠᠨ ᠨᠥᠬᠦᠪᠥᠷᠢ ᠶᠢᠨ ᠪᠠᠷᠢᠮᠵᠢᠶ᠎ᠠ | ᠬᠡᠷᠡᠭᠯᠡᠵᠦ᠂ ᠣᠷᠣᠨ ᠨᠤᠲᠤᠭ ᠤᠨ ᠡᠳ᠋ ᠤᠨ ᠬᠦᠴᠦᠨ ᠨᠢ ᠬᠦᠴᠢᠷᠳᠡᠯᠲᠡᠶ ᠭᠠᠵᠠᠷ ᠣᠷᠣᠨ ᠢ ᠭᠤᠣᠯᠳᠠᠯᠭ᠎ᠠ ᠲᠠᠢ | ᠳᠡᠮᠵᠢᠬᠦ ᠶᠢ ᠲᠤᠰᠬᠠᠵᠤ ᠴᠢᠳᠠᠭᠰᠠᠨ ᠦᠭᠡᠢ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ︽ᠲᠥᠰᠦᠯ︾ ᠳᠤ᠂ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ | ᠳᠡᠭᠡᠭᠰᠢᠯᠡᠭᠦᠯᠬᠦ ᠶᠢᠨ ᠬᠠᠮᠲᠤ ᠣᠷᠣᠨ ᠬᠤᠪᠢᠶᠠᠷᠢᠯᠠᠯ ᠳᠤ ᠵᠦᠷᠢᠶ᠎ᠡ ᠲᠠᠢ ᠨᠥᠬᠦᠪᠥᠷᠢ ᠥᠭᠬᠦ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠢ ᠳᠤᠷᠠᠳᠪᠠ᠃ ᠡᠭᠦᠨ ᠤ ᠲᠤᠰᠠᠲᠠ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠡᠯ᠎ᠡ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ᠂ | ᠲᠥᠪᠬᠢᠨᠡᠭᠦᠯᠬᠦ ᠡᠬᠢ ᠪᠠᠶᠠᠯᠢᠭ᠂ ᠬᠥᠭᠵᠢᠯᠲᠡ ᠶᠢᠨ ᠰᠠᠭᠤᠷᠢ᠂ ᠪᠥᠲᠦᠭᠡᠨ ᠪᠠᠶᠢᠭᠤᠯᠬᠤ ᠥᠪᠡᠷ ᠤᠨ ᠥᠷᠳᠡᠭ ᠵᠡᠷᠭᠡ | ᠪᠠᠶᠢᠳᠠᠯ ᠢ ᠪᠣᠳᠣᠯᠬᠢᠯᠠᠭᠰᠠᠨ ᠰᠠᠭᠤᠷᠢᠨ ᠳᠡᠭᠡᠷ᠎ᠡ᠂ ︽13 · 5︾ ᠶᠢᠨ ᠬᠤᠭᠤᠴᠠᠭᠠᠨ ᠳᠤ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ | ᠨᠥᠬᠦᠪᠥᠷᠢ ᠶᠢᠨ ᠪᠠᠷᠢᠮᠵᠢᠶ᠎ᠠ ᠶᠢ ᠵᠡᠭᠦᠨ ᠬᠡᠰᠡᠭ ᠳᠤᠮᠳᠠ ᠬᠡᠰᠡᠭ ᠤᠨ ᠭᠠᠵᠠᠷ ᠣᠷᠣᠨ᠂ ᠪᠠᠷᠠᠭᠤᠨ ᠬᠡᠰᠡᠭ ᠤᠨ ᠭᠠᠵᠠᠷ | ᠣᠷᠣᠨ ᠵᠢᠴᠢ ᠰᠢᠨᠵᠢᠶᠠᠩ᠂ ᠲᠥᠪᠡᠳ ᠪᠣᠯᠣᠨ ᠲᠦᠷᠪᠡᠨ ᠮᠤᠵᠢ ᠳᠠᠬᠢ ᠲᠥᠪᠡᠳ ᠣᠷᠣᠨ ᠭᠡᠵᠦ ᠭᠤᠷᠪᠠᠨ ᠳᠡᠰ | ᠬᠤᠪᠢᠶᠠᠵᠤ᠂ ᠲᠥᠪᠬᠢᠨᠡᠭᠦᠯᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠳᠤ ᠵᠦᠷᠢᠶᠡᠴᠢᠯᠡᠭᠰᠡᠨ | ᠳᠡᠮᠵᠢᠯᠭᠡ ᠦᠵᠡᠭᠦᠯᠬᠦ ᠶᠢ ᠬᠠᠷᠠᠭᠤᠯᠪᠠ᠃ ᠡᠭᠦᠨ ᠳᠤ᠂ ᠡᠾᠧᠪᠸᠢ᠂ ᠱᠠᠨ ᠰᠢ᠂ ᠭᠢᠷᠢᠨ᠂ ᠠᠨᠾᠦ᠋ᠢ᠂ ᠹᠦᠵᠢᠶᠠᠨ᠂ | ᠵᠢᠶᠠᠩᠰᠢ᠂ ᠱᠠᠨᠳᠦ᠋ᠩ᠂ ᠾᠧᠨᠠᠨ᠂ ᠬᠤᠪᠧᠶ᠂ ᠬᠤᠨᠠᠨ ᠵᠡᠷᠭᠡ ᠵᠡᠭᠦᠨ ᠳᠤᠮᠳᠠ ᠬᠡᠰᠡᠭ ᠤᠨ 10 ᠮᠤᠵᠢ ᠪᠣᠯ ᠬᠥᠮᠦᠨ | ᠪᠦᠷᠢ ᠳᠤᠮᠳᠠᠴᠢ ᠪᠠᠷ 7000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ︔ ᠥᠪᠥᠷ ᠮᠣᠩᠭᠤᠯ᠂ | ᠭᠤᠸᠠᠩᠰᠢ᠂ ᠴᠦᠩᠴᠢᠩ᠂ ᠭᠦᠢᠵᠧᠦ᠂ ᠱᠠᠨᠰᠢ᠂ ᠨᠢᠩᠰᠢᠶᠠ ᠵᠡᠷᠭᠡ ᠪᠠᠷᠠᠭᠤᠨ ᠬᠡᠰᠡᠭ ᠤᠨ 6 ᠮᠤᠵᠢ ᠪᠣᠯᠣᠨ | ᠰᠧᠴᠤᠸᠠᠨ᠂ ᠶᠦᠨᠨᠠᠨ᠂ ᠭᠠᠨᠰᠦ 3 ᠮᠤᠵᠢ ᠶᠢᠨ ᠲᠥᠪᠡᠳ ᠤᠨ ᠪᠤᠰᠤ ᠣᠷᠣᠨ ᠪᠣᠯ ᠬᠥᠮᠦᠨ ᠪᠦᠷᠢ ᠳᠤᠮᠳᠠᠴᠢ ᠪᠠᠷ | 8000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ︔ ᠰᠢᠨᠵᠢᠶᠠᠩ᠂ ᠲᠥᠪᠡᠳ᠂ ᠬᠥᠬᠡᠨᠠᠭᠤᠷ ᠪᠣᠯᠣᠨ | ᠰᠧᠴᠤᠸᠠᠨ᠂ ᠶᠦᠨᠨᠠᠨ᠂ ᠭᠠᠨᠰᠦ 3 ᠮᠤᠵᠢ ᠶᠢᠨ ᠲᠥᠪᠡᠳ ᠣᠷᠣᠨ ᠪᠣᠯ ᠬᠥᠮᠦᠨ ᠪᠦᠷᠢ ᠳᠤᠮᠳᠠᠴᠢ ᠪᠠᠷ 10000 | ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃ | ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠲᠠᠩᠰᠠ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠳᠤᠮᠳᠠᠴᠢ ᠪᠠᠷ 2 ᠲᠦᠮᠡᠨ ᠲᠥᠭᠦᠷᠢᠭ ᠤᠨ ᠭᠡᠷ ᠪᠠᠷᠢᠬᠤ | ᠪᠡᠯᠡ ᠮᠥᠩᠭᠦ ᠶᠢᠨ ᠨᠥᠬᠦᠪᠦᠷᠢ ᠥᠭᠬᠦ ᠶᠢ ᠨᠢᠭᠡᠨᠲᠡ ᠲᠣᠳᠣᠷᠬᠠᠶᠢᠯᠠᠪᠠ᠂ ᠡᠭᠦᠨ ᠳᠤ᠄ ᠲᠥᠪ ᠤᠨ ᠲᠥᠰᠦᠪ ᠤᠨ | ᠳᠣᠲᠣᠷᠠᠬᠢ ᠪᠡᠯᠡ ᠮᠥᠩᠭᠦ ᠶᠢᠨ ᠨᠥᠬᠦᠪᠦᠷᠢ 0.8 ᠲᠥᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠨᠥᠬᠦᠪᠥᠷᠢ 1.2 ᠲᠦᠮᠡᠨ ᠲᠥᠭᠦᠷᠢᠭ ᠪᠣᠯᠣᠨ᠎ᠠ᠃ ᠵᠡᠷᠭᠡᠪᠡᠷ ᠨᠡᠭᠦᠬᠦ ᠬᠥᠮᠦᠨ ᠠᠮᠠ ᠳᠤ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠠᠴᠠ ᠲᠤᠰᠬᠠᠶ ᠪᠡᠯᠡ ᠮᠥᠩᠭᠦ ᠲᠣᠬᠢᠷᠠᠭᠤᠯᠤᠨ ᠬᠥᠮᠦᠨ ᠪᠦᠷᠢ ᠳᠤᠮᠳᠠᠴᠢ ᠪᠠᠷ 1 | ᠲᠦᠮᠡᠨ ᠲᠥᠭᠦᠷᠢᠭ ᠤᠨ ᠭᠡᠷ ᠪᠠᠷᠢᠬᠤ ᠪᠡᠯᠡ ᠮᠥᠩᠭᠦ ᠶᠢᠨ ᠨᠥᠬᠦᠪᠦᠷᠢ ᠥᠭᠭᠦᠨ᠎ᠡ᠃ ᠠᠶᠢᠮᠠᠭ ᠬᠤᠳᠠ ᠨᠤᠭᠤᠳ | ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠭᠦᠬᠦ ᠡᠷᠦᠬᠡ ︵ᠵᠡᠷᠭᠡ ᠪᠠᠷ ᠨᠡᠭᠦᠬᠦ ᠬᠥᠮᠦᠨ ᠠᠮᠠ | ᠪᠠᠭᠲᠠᠨ᠎ᠠ︶ ᠶᠢᠨ ᠬᠠᠭᠤᠴᠢᠨ ᠬᠡᠷ ᠪᠠᠶᠢᠰᠢᠩ ᠢ ᠨᠤᠷᠠᠭᠠᠵᠤ ᠨᠡᠭᠦᠯᠭᠡᠭᠰᠡᠨ ᠵᠢᠴᠢ ᠣᠷᠣᠨ ᠰᠠᠭᠤᠴᠠ ᠶᠢᠨ ᠭᠠᠵᠠᠷ ᠢ | ᠰᠡᠷᠭᠦᠭᠡᠨ ᠬᠠᠭᠠᠯᠪᠣᠷᠢᠯᠠᠭᠰᠠᠨ ᠶᠢ ᠨᠢ ᠵᠣᠬᠢᠰᠲᠠᠶ ᠱᠠᠩᠨᠠᠨ ᠬᠥᠬᠢᠭᠦᠯᠵᠦ ᠪᠣᠯᠤᠨ᠎ᠠ᠂ ᠱᠠᠩᠨᠠᠬᠤ ᠪᠠᠷᠢᠮᠵᠢᠶ᠎ᠠ ᠶᠢ ᠡᠯ᠎ᠡ | ᠭᠠᠵᠠᠷ ᠤᠳ ᠥᠪᠡᠷ ᠲᠡᠭᠡᠨ ᠲᠣᠭᠲᠠᠭᠠᠬᠤ ᠬᠡᠷᠡᠭᠲᠡᠶ᠃ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠤᠨ ᠰᠠᠭᠤᠷᠢ | ᠪᠡᠯᠡᠳᠬᠡᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠪᠣᠯᠣᠨ ᠠᠵᠤ | ᠦᠢᠯᠡᠰ ᠤᠨ ᠬᠥᠭᠵᠢᠯᠲᠡ ᠶᠢᠨ ᠪᠡᠯᠠ ᠮᠥᠩᠭᠦ᠂ ᠬᠥᠮᠦᠨ ᠪᠦᠷᠢ ᠳᠤᠮᠳᠠᠴᠢ ᠪᠠᠷ 4 ᠲᠦᠮᠡᠨ ᠲᠥᠭᠦᠷᠢᠭ | ᠨᠤᠭᠳᠠᠭᠤᠯᠵᠤ᠂ ᠭᠤᠣᠯᠳᠠᠭᠤ ᠲᠤᠰᠬᠠᠶ ᠪᠦᠳᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠵᠢᠴᠢ ᠲᠠᠷᠢᠶᠠᠯᠠᠩ | ᠬᠥᠭᠵᠢᠯᠲᠡ ᠶᠢᠨ ᠪᠠᠩᠭᠢ ᠪᠣᠯᠣᠨ ᠤᠯᠤᠰ ᠤᠨ ᠨᠡᠬᠡᠬᠡᠯᠲᠡ ᠶᠢᠨ ᠪᠠᠩᠭᠢ ᠶᠢᠨ ᠤᠷᠳᠤ ᠬᠤᠭᠤᠴᠠᠭᠠᠨ ᠤ ᠳᠣᠣᠷ᠎ᠠ | ᠬᠦᠦ ᠮᠥᠡᠭᠭᠦ ᠲᠠᠢ ᠵᠢᠭᠡᠯᠡᠯᠭᠡ ᠶᠢᠨ ᠵᠣᠭᠤᠰ ᠢ ᠠᠰᠢᠭᠯᠠᠨ ᠰᠢᠢᠳᠪᠦᠷᠢᠯᠡᠨ᠎ᠡ᠂ ᠭᠡᠪᠡᠴᠦ ᠬᠥᠮᠦᠨ ᠪᠦᠷᠢ ᠶᠢᠨ | ᠳᠤᠮᠳᠠᠴᠢ ᠵᠢᠭᠡᠯᠡᠯᠭᠡ 3.5 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠵᠥᠪᠬᠡᠨ ᠲᠠᠩᠰᠠ ᠪᠠᠶᠢᠭᠤᠯᠤᠨ ᠺᠠᠷᠲ ᠠᠪᠤᠭᠰᠠᠨ ᠨᠡᠬᠦᠬᠦ ᠬᠥᠮᠦᠨ | ᠠᠮᠠ ᠶᠢᠨ ᠬᠥᠮᠦᠨ ᠪᠦᠷᠢ ᠳᠤᠮᠳᠠᠴᠢ ᠪᠠᠷ 3.5 ᠲᠦᠮᠡᠨ ᠲᠥᠭᠦᠷᠢᠭ ᠠᠴᠠ ᠥᠯᠥ ᠬᠡᠲᠦᠷᠡᠭᠰᠡᠨ ᠵᠢᠭᠡᠯᠡᠯᠭᠡ ᠶᠢᠨ | ᠬᠡᠪᠴᠢᠶᠡᠨ ᠳᠠᠬᠢ ᠪᠣᠳᠠᠲᠠᠶ ᠵᠢᠭᠡᠯᠡᠯᠭᠡ ᠶᠢᠨ ᠲᠤᠭ᠎ᠠ ᠶᠣᠰᠣᠭᠠᠷ ᠬᠦᠦ ᠮᠥᠩᠭᠦ ᠥᠭᠭᠦᠨ᠎ᠡ᠃ ᠡᠯ᠎ᠡ ᠭᠠᠵᠠᠷ ᠤᠳ | ᠪᠣᠳᠠᠲᠤ ᠪᠠᠶᠢᠳᠠᠯ ᠠᠴᠠ ᠪᠠᠨ ᠰᠠᠯᠵᠤ ᠰᠣᠬᠤᠷ ᠪᠠᠯᠠᠶ ᠪᠠᠷ ᠤᠷᠳᠦ ᠬᠤᠭᠤᠴᠠᠭᠠᠨ ᠤ ᠵᠢᠭᠡᠯᠡᠯᠭᠡ ᠳᠠᠭᠠᠭᠠᠨ ᠠᠪᠴᠤ | ᠪᠣᠯᠬᠤ ᠦᠭᠡᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠠᠳᠠᠯᠢ ᠪᠤᠰᠤ ᠨᠡᠭᠦᠯᠭᠡᠬᠦ ᠠᠷᠭ᠎ᠠ | ᠮᠠᠶ᠋ᠢᠭ ᠢᠶᠠᠨ ᠦᠨᠳᠦᠰᠦᠯᠡᠨ ᠵᠥᠷᠢᠶᠡᠲᠦ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠠᠪᠴᠤ᠂ ︽ᠠᠷᠪᠠ ᠶᠢ | ᠪᠦᠷᠢᠨ ᠪᠦᠷᠭᠦᠭᠦᠯᠬᠦ︾ ᠢᠨᠵᠧᠨᠧᠷᠢᠩ ᠲᠠᠢ ᠤᠶᠠᠯᠳᠤᠭᠤᠯᠬᠤ ᠬᠡᠷᠡᠭᠲᠡᠶ︔ ᠬᠤᠲᠠ ᠪᠠᠯᠭᠠᠰᠤ ᠶᠢᠨ ︽ | ᠬᠠᠳᠠᠭᠠᠯᠠᠮᠵᠢ ᠶᠢ ᠦᠭᠡᠶᠢᠰᠬᠡᠬᠦ︾ ᠲᠠᠢ ᠤᠶᠠᠯᠳᠤᠭᠤᠯᠬᠤ ᠬᠡᠷᠡᠭᠲᠡᠶ︔ ᠬᠤᠲᠠ ᠪᠠᠯᠭᠠᠰᠤᠨ ᠤ ᠲᠠᠸᠠᠷ ᠤᠨ ᠭᠡᠷ | ᠪᠠᠶᠢᠰᠢᠩ ᠤᠨ ︽ᠲᠥᠬᠦᠷᠵᠢᠭᠦᠯᠦᠨ ᠪᠠᠶᠢᠭᠤᠯᠬᠤ ᠳᠦᠷᠢᠮ︾ ᠲᠠᠢ ᠤᠶᠠᠯᠳᠤᠭᠤᠯᠵᠤ᠂ ︽ᠬᠥᠮᠦᠨ ᠤ ᠲᠤᠭ᠎ᠠ ᠪᠠᠷ | ᠨᠥᠬᠦᠪᠦᠷᠢᠯᠡᠬᠦ︾ ᠠᠴᠠ ᠪᠢᠰᠢ ︽ᠪᠠᠲᠤᠯᠠᠭᠠᠲᠤ ᠭᠡᠷ ᠪᠠᠶᠢᠰᠢᠩ︾ ᠢᠶᠠᠷ ᠨᠥᠬᠦᠪᠦᠷᠢᠯᠡᠬᠦ ᠦᠭᠡᠢ ᠪᠠᠶᠢᠬᠤ ᠬᠡᠷᠡᠭᠲᠡᠢ︔ | ᠭᠤᠣᠯᠳᠠᠯᠭ᠎ᠠ ᠲᠠᠢ ᠲᠣᠰᠬᠤᠨ ᠤ ︽ᠰᠤᠯᠠ ᠭᠡᠷ ᠪᠠᠶᠢᠰᠢᠩ ᠢ ᠴᠥᠬᠡᠳᠬᠡᠬᠦ︾ ᠶᠢ ᠠᠮᠢᠳᠤᠯᠢᠭᠵᠢᠭᠤᠯᠬᠤ ᠲᠠᠢ | ᠣᠶᠠᠯᠳᠤᠭᠤᠯᠵᠤ᠂ ᠠᠷᠠᠳ ᠢ ᠨᠡᠭᠦᠯᠭᠡᠬᠦ ᠳᠤ ᠳᠥᠭᠦᠮ ᠦᠵᠡᠭᠦᠯᠵᠦ᠂ ᠥᠪᠡᠷ ᠤᠨ ᠦᠷᠲᠡᠭ ᠢ ᠠᠷᠪᠢᠯᠠᠬᠤ ᠬᠡᠷᠡᠭᠲᠡᠶ᠃ | ᠨᠡᠭᠦᠯᠭᠡᠬᠦ ᠳᠤ ᠶᠠᠮᠠᠷ ᠠᠷᠭ᠎ᠠ ᠮᠠᠶ᠋ᠢᠭ ᠢ ᠠᠪᠤᠭᠰᠠᠨ ᠴᠤ᠂ ᠶᠠᠳᠠᠭᠤ ᠬᠦᠴᠢᠷᠳᠡᠯᠲᠡᠶ ᠡᠷᠤᠭᠡ ᠶᠢᠨ ᠨᠡᠭᠦᠬᠦ ᠠᠴᠠ ᠪᠣᠯᠵᠤ | ᠰᠢᠨ᠎ᠡ ᠥᠷᠢ ᠥᠭᠴᠡᠭᠡ ᠳᠤ ᠣᠨᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠡᠭᠦᠭᠦ ᠠᠴᠠ ᠪᠣᠯᠵᠤ | ᠨᠡᠶᠢᠭᠡᠮ ᠤᠨ ᠰᠢᠨ᠎ᠡ ᠵᠥᠷᠢᠴᠡᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠣᠯ ᠬᠢᠵᠠᠭᠠᠷ ᠱᠣᠭᠤᠮ ᠪᠣᠯᠣᠨ᠎ᠠ | ᠃ ᠵᠡᠷᠭᠡ ᠪᠠᠷ ᠨᠡᠭᠦᠬᠦ ᠤᠯᠠᠨ ᠲᠦᠮᠡᠨ ᠳᠤ ᠲᠤᠰᠠᠭᠠᠷ ᠲᠥᠪᠬᠢᠨᠡᠭᠦᠯᠬᠦ ᠲᠣᠭᠤᠷᠢᠭ ᠪᠠᠶᠢᠭᠤᠯᠬᠤ ᠦᠭᠡᠢ᠂ ᠲᠠᠩᠰᠠ | ᠪᠠᠶᠢᠭᠤᠯᠤᠨ ᠺᠠᠷᠲ ᠠᠪᠤᠭᠰᠠᠨ ᠤᠯᠠᠨ ᠲᠦᠮᠡᠨ ᠲᠠᠢ ᠬᠠᠮᠲᠤ ᠨᠢᠭᠡᠳᠦᠯᠲᠡᠶ ᠲᠦᠪᠬᠢᠨᠡᠭᠦᠯᠵᠦ ᠪᠣᠯᠤᠨ᠎ᠠ᠂ ᠰᠠᠭᠤᠷᠢ | ᠪᠡᠯᠡᠳᠬᠡᠮᠵᠢ ᠶᠢ ᠬᠠᠮᠲᠤ ᠪᠠᠷ ᠬᠡᠷᠡᠭᠯᠡᠨ᠎ᠡ᠂ ᠬᠡᠷ ᠪᠠᠶᠢᠰᠢᠩ ᠪᠠᠷᠢᠬᠤ ᠪᠡᠯᠡ ᠮᠥᠩᠭᠦ ᠶᠢᠨ ᠬᠦᠷᠦᠯᠴᠡᠬᠦ ᠦᠭᠡᠢ | ᠬᠡᠰᠡᠭ ᠢ ᠨᠢ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ ᠨᠢ ᠬᠤᠳᠠᠯᠳᠤᠭᠠᠨ ᠤ ᠪᠠᠩᠬᠢ ᠶᠢᠨ | ᠵᠢᠭᠡᠯᠡᠯᠭᠡ ᠪᠣᠯᠣᠨ ᠥᠪᠡᠷᠰᠡᠳ ᠢᠶᠠᠨ ᠪᠡᠯᠡ ᠮᠥᠩᠭᠦ ᠪᠠᠷ ᠢᠶᠠᠨ ᠵᠣᠬᠢᠴᠠᠭᠤᠯᠤᠨ ᠰᠢᠢᠳᠪᠦᠷᠢᠯᠡᠵᠦ ᠪᠣᠯᠣᠨ᠎ᠠ᠃ | ᠬᠥᠲᠥᠯᠥᠭᠴᠢ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠨᠢ ᠴᠥᠮ ᠬᠠᠮᠢᠭ᠎ᠠ ᠠᠴᠠ | ᠢᠷᠡᠯᠲᠡ ᠲᠠᠢ ᠪᠤᠢ︖ | ᠸᠧᠨ ᠮᠢᠨ᠄ | ᠤᠯᠤᠰ ᠠᠴᠠ ︽13.5︾ ᠶᠢᠨ ᠲᠥᠯᠥᠪᠵᠢᠭᠦᠯᠪᠡ ᠶᠢᠨ ᠬᠤᠭᠤᠴᠠᠭᠠᠨ ᠳᠤ ᠲᠠᠩᠰᠠ ᠪᠠᠶᠢᠭᠤᠯᠤᠨ ᠺᠠᠷᠲ | ᠠᠪᠤᠭᠰᠠᠨ 1000 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠭᠦᠯᠭᠡᠬᠦ ᠡᠭᠦᠷᠭᠡ ᠳᠤ ᠬᠡᠷᠡᠭᠰᠡᠬᠦ ᠪᠡᠯᠡ | ᠮᠥᠩᠭᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠶᠡᠭᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠲᠦᠷᠦ ᠶᠢᠨ ᠪᠤᠳᠤᠯᠭ᠎ᠠ ᠶᠢᠨ | ᠪᠠᠭᠠᠵᠢ ᠶᠢᠨ ᠰᠢᠨ᠎ᠡ ᠶᠢ ᠡᠭᠦᠳᠬᠦ᠂ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠭᠡᠬᠦ ᠵᠡᠷᠭᠡ ᠠᠷᠭ᠎ᠠ | ᠬᠡᠯᠪᠡᠷᠢ ᠪᠠᠷ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠠᠳᠡ ᠣᠨᠣᠪᠴᠢᠲᠠᠶ ᠣᠶᠢᠯᠠᠭᠠᠬᠤ ᠴᠢᠬᠤᠯᠠᠲᠠᠶ ᠨᠢ ᠭᠡᠪᠡᠯ᠂ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠪᠣᠯ ᠤᠯᠠᠨ ᠨᠡᠶᠢᠲᠡ ᠶᠢᠨ ᠳᠡᠳ᠋ᠯᠡᠬᠦ ᠡᠳ᠋ ᠮᠥᠨ᠂ ᠲᠥᠪ ᠪᠠ ᠣᠷᠣᠨ | ᠨᠤᠲᠤᠭ ᠤᠨ ᠬᠠᠮᠲᠤ ᠶᠢᠨ ᠠᠵᠢᠯ ᠶᠠᠪᠤᠳᠠᠯ ᠤᠨ ᠡᠷᠬᠡ ᠮᠥᠨ᠂ ᠵᠠᠰᠠᠭ ᠤᠨ ᠣᠷᠳᠣᠨ ᠪᠠᠩᠬᠢ ᠠᠴᠠ ᠰᠢᠭᠤᠳ | ᠵᠢᠭᠡᠯᠡᠯᠭᠡ ᠠᠪᠴᠤ ᠪᠣᠯᠬᠤ ᠦᠭᠡᠢ᠂ ᠡᠷᠬᠡᠪᠰᠢ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢᠨ | ᠵᠢᠭᠡᠯᠡᠯᠭᠡ ᠳᠠᠭᠠᠭᠠᠴᠢᠯᠠᠬᠤ ᠪᠠ ᠵᠢᠭᠡᠯᠡᠯᠭᠡ ᠪᠤᠴᠠᠭᠠᠬᠤ ᠳᠤ ᠲᠦᠰᠢᠭᠯᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ | ᠭᠤᠣᠯ ᠴᠣᠭᠴᠠ ᠨᠢ ᠵᠠᠰᠠᠭ ᠤᠨ ᠣᠷᠳᠣᠨ ᠤ ᠲᠥᠷᠥᠯ ᠵᠦᠢᠯ ᠤᠨ ᠭᠦᠷᠤᠩᠭᠡ ᠮᠥᠩᠭᠦ ᠣᠷᠣᠭᠤᠯᠬᠤ ᠪᠠ | ᠲᠥᠷᠥ ᠶᠢᠨ ᠪᠤᠳᠤᠯᠭ᠎ᠠ ᠶᠢᠨ ᠲᠠᠯ᠎ᠠ ᠶᠢᠨ ᠳᠡᠮᠵᠢᠯᠭᠡ ᠪᠠᠷ ᠵᠢᠭᠡᠯᠡᠯᠭᠡ ᠪᠠᠨ ᠪᠤᠴᠠᠭᠠᠳᠠᠭ᠃ ᠲᠦᠷᠦ ᠶᠢᠨ ᠪᠤᠳᠤᠯᠭ᠎ᠠ ᠳᠤ | ᠲᠣᠳᠣᠷᠬᠠᠶᠢᠯᠠᠭᠰᠠᠨ ᠪᠡᠯᠡ ᠮᠥᠩᠭᠦ ᠶᠢᠨ ᠠᠷᠭ᠎ᠠ ᠵᠠᠮ ᠨᠢ ᠭᠤᠣᠯᠳᠠᠭᠤ ᠳᠣᠣᠷᠠᠬᠢ ᠮᠡᠲᠦ ᠶᠢᠨ ᠲᠠᠪᠤᠨ ᠲᠠᠯ᠎ᠠ ᠶᠢ | ᠪᠠᠭᠲᠠᠭᠠᠳᠠᠭ᠄ | ᠨᠢᠭᠡ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠃ ᠶᠡᠷᠦᠩᠬᠡᠶ ᠬᠡᠪᠴᠢᠶ᠎ᠡ ᠨᠢ | ᠪᠠᠷᠤᠭ 800 ᠳ᠋ᠦᠩᠰᠢᠭᠤᠷ ᠲᠥᠭᠦᠷᠢᠭ ᠪᠠᠶᠢᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠡᠪᠴᠢᠶᠡᠨ ᠳᠤ ᠨᠢᠭᠡᠳᠦᠯᠲᠡᠶ ᠲᠥᠯᠥᠪᠵᠢᠭᠦᠯᠦᠨ | ᠲᠣᠬᠢᠷᠠᠭᠤᠯᠵᠤ᠂ ᠣᠷᠣᠨ ᠨᠤᠲᠤᠭ ᠲᠤ ᠣᠨ ᠵᠢᠯ ᠢᠶᠠᠷ ᠬᠤᠪᠢᠶᠠᠨ ᠪᠠᠭᠤᠯᠭᠠᠵᠤ᠂ ᠵᠢᠯ ᠤᠨ ᠳᠤᠮᠳᠠᠴᠢ ᠬᠡᠪᠴᠢᠶ᠎ᠡ ᠨᠢ | 160 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠲᠠᠩᠰᠠ ᠪᠠᠶᠢᠭᠤᠯᠵᠤ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠨᠥᠬᠦᠪᠥᠷᠢ ᠳᠤ ᠬᠡᠷᠡᠭᠡᠯᠳᠡᠭ᠃ ᠲᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠶᠢ ᠬᠡᠷᠡᠭᠵᠢᠭᠦᠯᠬᠦ ᠲᠥᠯᠥᠪᠯᠡᠭᠡ ᠳᠡᠭᠡᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ | ᠰᠠᠨᠠᠭᠤᠯᠭ᠎ᠠ ᠶᠢᠨ ᠬᠡᠪᠴᠢᠶ᠎ᠡ ᠶᠢ ᠳᠤᠷᠠᠳᠬᠤ ᠶᠢ ᠬᠠᠷᠢᠭᠤᠴᠠᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠡᠯ᠎ᠡ ᠭᠠᠵᠠᠷ ᠤᠨ ᠲᠠᠩᠰᠠ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠬᠥᠮᠦᠨ ᠠᠮᠠ ᠶᠢᠨ ᠣᠨ ᠤ | ᠬᠡᠪᠴᠢᠶ᠎ᠡ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠵᠦ ᠲᠡᠩᠴᠡᠭᠦᠷᠢᠲᠡᠶ ᠪᠣᠯᠭᠠᠭᠰᠠᠨ ᠤ ᠳᠠᠷᠠᠭ᠎ᠠ᠂ ᠣᠨᠳᠣᠣ | ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ | ᠲᠥᠯᠥᠪᠯᠡᠭᠡ ᠶᠢ ᠡᠯ᠎ᠡ ᠭᠠᠵᠠᠷ ᠲᠤ ᠪᠠᠭᠤᠯᠭᠠᠳᠠᠭ᠃ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠨᠢ ᠡᠳ᠋ ᠤᠨ ᠵᠠᠰᠠᠭ ᠤᠨ ᠴᠢᠨᠠᠷᠲᠠᠶ ᠨᠥᠬᠦᠪᠥᠷᠢ ᠪᠡᠯᠡ ᠮᠥᠩᠭᠦ ᠳᠤ ᠬᠠᠷᠢᠶᠠᠯᠠᠭᠳᠠᠨ᠎ᠠ᠂ ᠲᠦᠯᠦᠬᠦ | ᠴᠢᠬᠤᠯᠠ ᠦᠭᠡᠢ᠂ ᠡᠷᠭᠢᠯᠳᠦᠭᠦᠯᠦᠨ ᠬᠡᠷᠡᠭᠯᠡᠵᠦ ᠪᠣᠯᠤᠨ᠎ᠠ᠂ ᠭᠡᠪᠡᠴᠦ ᠲᠡᠭᠦᠨ ᠢ ᠥᠪᠡᠷᠲᠡᠭᠡᠨ ᠵᠠᠰᠠᠬᠤ ᠣᠷᠣᠨ ᠤ | ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢᠨ ᠲᠥᠷᠥᠯ ᠵᠦᠢᠯ ᠤᠨ ᠬᠥᠷᠥᠩᠭᠡ ᠮᠥᠩᠭᠦ ᠪᠤᠶᠤ | ᠡᠵᠡᠩᠨᠡᠯᠲᠡ ᠶᠢᠨ ᠪᠡᠯᠡ ᠮᠥᠩᠭᠦ ᠪᠣᠯᠭᠠᠵᠤ ᠪᠣᠯᠬᠤ ᠦᠭᠡᠢ᠂ ᠮᠥᠨᠴᠦ ᠤᠷᠲᠤ ᠬᠤᠭᠤᠴᠠᠭᠠᠨ ᠤ ᠵᠢᠭᠡᠯᠡᠯᠭᠡ ᠶᠢᠨ | ᠪᠤᠴᠠᠭᠠᠬᠤ ᠪᠡᠯᠡ ᠮᠥᠩᠭᠦ ᠪᠣᠯᠭᠠᠵᠤ ᠴᠤ ᠪᠣᠯᠬᠤ ᠦᠭᠡᠢ᠃ 2016 ᠣᠨ ᠳᠤ ᠤᠯᠤᠰ ᠠᠴᠠ ᠮᠠᠨ ᠤ ᠣᠷᠣᠨ ᠳᠤ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠳᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ | 3.2 ᠳ᠋ᠦᠩᠰᠢᠭᠤᠷ ᠲᠥᠭᠦᠷᠢᠭ ᠲᠣᠬᠢᠷᠠᠭᠤᠯᠪᠠ᠂ ᠣᠳᠣᠬᠠᠨ ᠳᠤ᠂ ᠮᠠᠨ ᠤ ᠵᠥᠪᠯᠡᠯ ᠨᠢ ᠪᠡᠯᠡ ᠣᠷᠣᠭᠤᠯᠬᠤ | ᠲᠥᠯᠥᠪᠯᠡᠭᠡ ᠶᠢ ᠡᠯ᠎ᠡ ᠠᠶᠢᠮᠠᠭ ᠬᠤᠲᠠ ᠳᠤ ᠨᠢᠭᠡᠨᠲᠡ ᠬᠤᠪᠢᠶᠠᠨ ᠪᠠᠭᠤᠯᠭᠠᠪᠠ᠃ | ᠬᠤᠶᠠᠷ ᠲᠤ ᠲᠤᠰᠬᠠᠶ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ᠃ ᠶᠡᠷᠦᠩᠬᠡᠶ ᠬᠡᠪᠴᠢᠶ᠎ᠡ ᠨᠢ | 500 ᠳ᠋ᠦᠩᠰᠢᠭᠤᠷ ᠲᠥᠭᠦᠷᠢᠭ ᠪᠣᠯᠣᠨ᠎ᠠ᠂ ᠬᠦᠷᠦᠩᠬᠡ ᠮᠥᠩᠭᠦ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ | ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠣᠷᠣᠭᠤᠯᠵᠤ᠂ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢ ᠳᠡᠮᠵᠢᠬᠦ᠂ ᠲᠥᠪᠬᠢᠨᠡᠭᠦᠯᠬᠦ ᠣᠷᠣᠨ ᠳᠤ ᠢᠵᠢ | ᠪᠦᠷᠢᠳᠦᠭᠦᠯᠬᠦ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠪᠥᠳᠥᠭᠡᠨ | ᠪᠠᠶᠢᠭᠤᠯᠤᠯᠲᠠ ᠳᠤ ᠲᠤᠰᠬᠠᠶᠢᠯᠠᠨ ᠬᠡᠷᠡᠭᠯᠡᠳᠡᠭ᠃ ᠰᠠᠭᠤᠷᠢ ᠮᠥᠩᠭᠦᠨ ᠤ ᠦᠨᠳᠦᠰᠦᠨ ᠣᠷᠣᠨ ᠪᠠᠶᠢᠷᠢ ᠪᠣᠯ ᠵᠠᠬ᠎ᠠ | ᠳᠡᠯᠭᠡᠭᠦᠷᠴᠢᠯᠡᠬᠦ᠂ ᠬᠤᠷᠢᠶᠠᠨ ᠠᠪᠴᠢᠷᠠᠵᠤ ᠪᠣᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠪᠠᠶᠢᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠪᠣᠯᠣᠨ᠎ᠠ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠶᠡᠷᠦᠩᠬᠡᠶ ᠬᠡᠮᠵᠢᠶ᠎ᠡ ᠬᠡᠪᠴᠢᠶ᠎ᠡ ᠶᠢ ᠬᠢᠨᠠᠨ ᠲᠣᠭᠲᠠᠭᠠᠵᠤ᠂ ᠤᠯᠤᠰ ᠤᠨ ᠨᠡᠭᠡᠭᠡᠨ | ᠬᠥᠭᠵᠢᠭᠦᠯᠬᠦ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ︵ᠳᠣᠷᠣᠭᠰᠢ ᠬᠤᠶᠠᠷ ᠪᠠᠩᠬᠢ ᠭᠡᠵᠦ | ᠲᠣᠪᠴᠢᠯᠠᠨ᠎ᠠ︶ ᠠᠴᠠ ᠰᠢᠦᠳᠠᠨ ᠤ ᠬᠠᠳᠠᠭᠠᠯᠠᠮᠵᠢ ᠶᠢᠨ ᠪᠠᠩᠬᠢ ᠳᠤ ᠬᠠᠨᠳᠤᠯᠭ᠎ᠠ ᠲᠠᠢ ᠲᠠᠷᠬᠠᠭᠠᠬᠤ ᠲᠤᠰᠬᠠᠶ | ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠦ ᠴᠤᠭᠯᠠᠭᠤᠯᠤᠨ ᠪᠠᠶᠢᠭᠤᠯᠵᠤ᠂ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠬᠦᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠭᠰᠡᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠬᠦᠦ ᠶᠢᠨ | ᠨᠤᠷᠮ᠎ᠠ ᠶᠢᠨ ᠬᠢᠷᠢ ᠬᠡᠮᠵᠢᠶ᠎ᠡ ᠪᠠᠷ ᠲᠣᠭᠲᠠᠭᠠᠵᠤ᠂ ᠲᠥᠪ ᠤᠨ ᠡᠳ᠋ ᠤᠨ ᠵᠠᠰᠠᠭ ᠠᠴᠠ 90 % ᠶᠢᠨ ᠬᠦᠦ ᠮᠥᠩᠭᠦ | ᠣᠯᠭᠤᠳᠠᠭ᠃ ᠰᠠᠭᠤᠷᠢ ᠮᠥᠩᠭᠦ ᠣᠷᠣᠭᠤᠯᠬᠤ ᠬᠤᠭᠤᠴᠠᠭ᠎ᠠ ᠪᠠ ᠲᠦᠯᠦᠬᠦ ᠬᠤᠭᠤᠴᠠᠭ᠎ᠠ ᠶᠢ ᠥᠪᠡᠷᠲᠡᠭᠡᠨ ᠵᠠᠰᠠᠬᠤ | ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠬᠤᠶᠠᠷ ᠪᠠᠩᠬᠢ ᠯᠤᠭ᠎ᠠ ᠵᠥᠪᠳᠡᠯᠴᠡᠨ | ᠲᠣᠭᠲᠠᠭᠠᠵᠤ᠂ ᠵᠠᠷᠴᠢᠮ ᠳᠡᠭᠡᠷ᠎ᠡ ᠪᠠᠨ ᠲᠥᠷᠥᠯ ᠵᠦᠢᠯ ᠢ ᠬᠤᠷᠢᠶᠠᠨ ᠠᠪᠬᠤ ᠬᠤᠭᠤᠴᠠᠭ᠎ᠠ ᠲᠠᠢ ᠵᠣᠬᠢᠴᠠᠯᠳᠤᠭᠤᠯᠳᠠᠭ | ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠰᠠᠭᠤᠷᠢ | ᠮᠥᠩᠭᠦ ᠪᠠᠷ ᠳᠡᠮᠵᠢᠬᠦ ᠲᠥᠷᠥᠯ ᠵᠦᠢᠯ ᠤᠨ ᠲᠣᠳᠣᠷᠬᠠᠶ ᠬᠠᠭᠤᠳᠠᠰᠤ ᠶᠢ ᠲᠣᠳᠣᠷᠬᠠᠶᠢᠯᠠᠬᠤ᠂ ᠰᠠᠭᠤᠷᠢ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠪᠦᠲᠦᠭᠡᠯ ᠢ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ | ᠬᠠᠷᠢᠭᠤᠴᠠᠬᠤ ᠪᠦᠭᠡᠳ ᠰᠠᠭᠤᠷᠢ ᠮᠥᠩᠭᠦ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ᠂ ᠤᠷᠳᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠲᠠᠢ | ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ | ᠲᠣᠬᠢᠷᠠᠭᠤᠯᠬᠤ ᠭᠤᠣᠯ ᠴᠣᠭᠴᠠ ᠨᠢ ᠬᠤᠶᠠᠷ ᠪᠠᠩᠬᠢ ᠶᠢᠨ ᠣᠷᠣᠭᠤᠯᠤᠭᠰᠠᠨ ᠰᠠᠭᠤᠷᠢ ᠮᠥᠩᠭᠦ ᠲᠥᠯᠥᠬᠦ ᠶᠢ | ᠬᠠᠷᠢᠭᠤᠴᠠᠨ᠎ᠠ᠃ 2015 ᠣᠨ ᠤ 12 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ︽︿13.5﹀ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦᠨ ᠤ ᠬᠠᠮᠢᠶ᠎ᠠ ᠪᠦᠬᠦᠢ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ | ︹2015︺ 3380 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠳᠠᠩᠰᠠ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠭᠦᠯᠭᠡᠬᠦ ᠬᠡᠪᠴᠢᠶ᠎ᠡ ᠶᠢ ᠦᠨᠳᠦᠰᠦᠯᠡᠨ᠂ | 500 ᠳ᠋ᠦᠩᠰᠢᠭᠤᠷ ᠲᠥᠭᠦᠷᠢᠭ ᠤᠨ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠮᠤᠵᠢ | ᠬᠤᠪᠢᠶᠠᠨ ᠨᠢᠭᠡ ᠯᠡ ᠤᠳᠠᠭ᠎ᠠ ᠳᠤ ᠬᠡᠰᠡᠭᠯᠡᠨ ᠥᠭᠬᠦ ᠡᠵᠡᠮᠳᠡᠯ ᠤᠨ ᠬᠡᠪᠴᠢᠶ᠎ᠡ ᠶᠢ ᠲᠣᠳᠣᠷᠬᠠᠶᠢᠯᠠᠪᠠ᠃ 3 ᠳ᠋ᠤᠭᠠᠷ | ᠰᠠᠷ᠎ᠠ ᠶᠢᠨ 9 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽2016 ᠣᠨ ᠤ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ | ᠲᠦᠷᠦᠯ ᠵᠦᠢᠯ ᠤᠨ ᠪᠡᠯᠡ ᠮᠥᠩᠭᠦ ᠶᠢ ᠪᠠᠴᠢᠮ ᠪᠠᠭᠤᠯᠭᠠᠬᠤ ᠵᠠᠬᠢᠳᠠᠯ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ | ᠣᠷᠣᠭᠤᠯᠤᠯᠲᠠ ︹2016︺ 516 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠨᠡᠭᠡᠭᠡᠨ | ᠬᠥᠭᠵᠢᠭᠦᠯᠬᠦ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠢ ᠥᠪᠡᠷ ᠤᠨ ᠡᠭᠦᠷᠭᠡᠯᠡᠭᠰᠡᠨ ᠡᠯ᠎ᠡ | ᠮᠤᠵᠢ ᠶᠢᠨ ᠰᠠᠭᠤᠷᠢ ᠮᠥᠩᠭᠦᠨ ᠤ ᠬᠡᠪᠴᠢᠶ᠎ᠡ ᠶᠣᠰᠣᠭᠠᠷ ᠰᠠᠭᠤᠷᠢ ᠮᠥᠩᠭᠦᠨ ᠤ ᠪᠡᠯᠡ ᠮᠥᠩᠭᠦ ᠶᠢ ᠥᠪᠡᠷᠲᠡᠭᠡᠨ | ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠱᠠᠯᠠᠪᠳᠠᠨ ᠣᠷᠣᠭᠤᠯᠵᠤ | ᠥᠭᠬᠦ ᠶᠢ ᠰᠢᠮᠳᠠᠭᠤᠯᠪᠠ᠃ ᠤᠯᠤᠰ ᠠᠴᠠ ᠮᠠᠨ ᠤ ᠣᠷᠣᠨ ᠤ ᠰᠠᠭᠤᠷᠢ ᠮᠥᠩᠭᠦᠨ ᠤ ᠬᠡᠪᠴᠢᠶ᠎ᠡ ᠳᠤ ᠨᠢᠭᠡ ᠯᠡ | ᠤᠳᠠᠭ᠎ᠠ ᠳᠡᠭᠡᠷ᠎ᠡ 10 ᠳ᠋ᠦᠩᠰᠢᠭᠤᠷ ᠲᠥᠭᠦᠷᠢᠭ ᠪᠠᠭᠤᠯᠭᠠᠪᠠ᠃ | ᠸᠧᠡ ᠮᠢᠨ᠄ | ᠭᠤᠷᠪᠠ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ᠃ ᠤᠯᠤᠰ ᠤᠨ ᠶᠡᠷᠦᠩᠬᠡᠶ | ᠬᠡᠪᠴᠢᠶ᠎ᠡ ᠨᠢ 1000 ᠳ᠋ᠦᠩᠰᠢᠭᠤᠷ ᠲᠥᠭᠦᠷᠢᠭ ᠪᠤᠯᠤᠨ᠎ᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠤᠷᠳᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠪᠡᠯᠡ ᠮᠥᠩᠭᠦ | ᠴᠤᠭᠯᠠᠭᠤᠯᠤᠭᠰᠠᠨ ᠤ ᠳᠠᠷᠠᠭ᠎ᠠ ᠲᠦᠷᠦᠯ ᠵᠦᠢᠯ ᠤᠨ ᠬᠦᠷᠦᠩᠭᠡ ᠮᠥᠩᠭᠦ ᠶᠢᠨ ᠬᠡᠯᠪᠡᠷᠢ ᠪᠠᠷ ᠥᠪᠡᠷᠲᠡᠭᠡᠨ ᠵᠠᠰᠠᠬᠤ | ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠤᠭᠴᠠ ᠳᠤ ᠤᠷᠤᠭᠤᠯᠤᠨ᠎ᠠ᠃ 2015 ᠤᠨ ᠤ 9 | ᠳ᠋ᠦ᠋ᠭᠡᠷ ᠰᠠᠷ᠎ᠠ ᠳᠤ᠂ ᠡᠳ᠋ ᠤᠨ ᠵᠠᠰᠠᠭ ᠤᠨ ᠶᠠᠮᠤᠨ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠤ | ᠬᠡᠷᠡᠭᠯᠡᠬᠦ 1000 ᠳ᠋ᠦᠩᠰᠢᠭᠤᠷ ᠲᠦᠬᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠬᠡᠪᠴᠢᠶ᠎ᠡ ᠶᠢ ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶ ᠳᠤ ᠪᠠᠭᠤᠯᠭᠠᠵᠤ᠂ ᠡᠯ᠎ᠡ | ᠭᠠᠵᠠᠷ ᠤᠳ ᠡᠭᠦᠨ ᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠪᠦᠲᠦᠴᠡ ᠪᠠᠨ | ᠲᠤᠬᠢᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠨ ᠪᠡᠯᠡ | ᠮᠥᠩᠭᠦ ᠴᠤᠭᠯᠠᠭᠤᠯᠵᠤ᠂ ᠲᠦᠷᠦᠯ ᠵᠦᠢᠯ ᠤᠨ ᠭᠦᠷᠦᠩᠭᠡ ᠮᠦᠩᠭᠦ ᠪᠠᠷ ᠥᠪᠡᠷᠲᠡᠭᠡᠨ ᠵᠠᠰᠠᠬᠤ ᠣᠷᠣᠨ ᠤ ᠪᠡᠯᠡ | ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠤᠷᠤᠭᠤᠯᠤᠨ᠎ᠠ᠃ ᠡᠯ᠎ᠡ ᠭᠠᠵᠠᠷ ᠡᠳ᠋ ᠤᠨ ᠵᠠᠰᠠᠭ ᠤᠨ | ᠶᠠᠮᠤᠨ ᠤ ᠪᠠᠭᠤᠯᠭᠠᠭᠰᠠᠨ ᠬᠢᠵᠠᠭᠠᠷᠯᠠᠬᠤ ᠬᠡᠪᠴᠢᠶ᠎ᠡ ᠶᠢ ᠦᠨᠳᠦᠰᠦᠯᠡᠨ᠂ ᠪᠠᠷᠢᠯᠭ᠎ᠠ ᠶᠢᠨ ᠬᠡᠷᠡᠭᠵᠢᠭᠦᠯᠦᠯᠲᠡ ᠶᠢᠨ ᠪᠡᠯᠡ | ᠮᠥᠩᠭᠦᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠬᠤᠭᠤᠴᠠᠭ᠎ᠠ ᠬᠤᠪᠢᠶᠠᠬᠤ ᠪᠤᠶᠤ ᠨᠢᠭᠡ ᠯᠡ | ᠤᠳᠠᠭᠠᠨ ᠤ ᠴᠢᠨᠠᠷᠲᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠨ᠎ᠠ᠂ ᠲᠥᠪ ᠤᠨ ᠡᠳ᠋ ᠤᠨ ᠵᠠᠰᠠᠭ ᠠᠴᠠ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠳᠤ ᠬᠡᠷᠡᠭᠯᠡᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠳᠤ ᠬᠦᠦ ᠮᠥᠩᠭᠦ ᠲᠦᠯᠦᠵᠦ ᠥᠭᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠨᠢᠭᠡ ᠬᠡᠰᠡᠭ ᠢ ᠨᠢ ᠰᠢᠭᠤᠳ | ᠲᠦᠯᠦᠬᠦ ᠬᠠᠷᠢᠭᠤᠴᠠᠯᠭ᠎ᠠ ᠲᠠᠢ᠃ ᠣᠳᠣᠬᠠᠨ ᠳᠤ᠂ ᠮᠠᠨ ᠤ ᠣᠷᠣᠨ ᠤ 19.5 ᠳ᠋ᠦᠩᠰᠢᠭᠤᠷ ᠲᠥᠭᠦᠷᠢᠭ ᠤᠨ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ | ᠪᠡᠯᠡ ᠲᠣᠬᠢᠷᠠᠭᠤᠯᠬᠤ ᠭᠤᠣᠯ ᠴᠣᠭᠴᠠ ᠳᠤ ᠣᠷᠣᠭᠤᠯᠬᠤ ᠠᠵᠢᠯ ᠢ ᠶᠠᠭ ᠭᠦᠢᠴᠡᠳᠬᠡᠵᠦ ᠪᠠᠶᠢᠨ᠎ᠠ᠃ | ᠲᠦᠷᠪᠡ ᠳᠤ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ᠃ ᠶᠡᠷᠦᠩᠬᠡᠶ | ᠬᠡᠪᠴᠢᠶ᠎ᠡ ᠨᠢ 3500 ᠳ᠋ᠦᠩᠰᠢᠭᠤᠷ ᠲᠦᠬᠦᠷᠢᠭ ᠠᠴᠠ ᠬᠡᠲᠦᠷᠡᠬᠦ ᠦᠭᠡᠢ᠂ ᠭᠤᠣᠯᠳᠠᠭᠤ ᠤᠯᠤᠰ ᠤᠨ ᠨᠡᠭᠡᠭᠡᠨ | ᠬᠦᠭᠵᠢᠭᠦᠯᠬᠦ ᠪᠠᠩᠬᠢ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠶ | ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠨ ᠴᠤᠭᠯᠠᠭᠤᠯᠬᠤ ᠪᠠᠷ ᠳᠠᠮᠵᠢᠭᠤᠯᠤᠨ᠂ ᠣᠨᠳᠣᠣ | ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠡᠭᠦᠷᠭᠡ ᠶᠢ ᠡᠭᠦᠷᠭᠡᠯᠡᠬᠦ ᠥᠪᠡᠷᠲᠡᠭᠡᠨ ᠵᠠᠰᠠᠬᠤ ᠣᠷᠣᠨ ᠤ ᠪᠡᠯᠡ | ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠵᠢᠭᠡᠯᠡᠯᠭᠡ ᠶᠢ ᠳᠠᠭᠠᠴᠢᠯᠠᠬᠤ ᠶᠢ ᠬᠠᠷᠢᠭᠤᠴᠠᠵᠤ᠂ ᠲᠥᠪ ᠤᠨ | ᠡᠳ᠋ ᠤᠨ ᠵᠠᠰᠠᠭ ᠠᠴᠠ ᠵᠢᠭᠡᠯᠡᠯᠭᠡ ᠳᠤ 90% ᠶᠢᠨ ᠬᠦᠦ ᠮᠥᠩᠭᠦ ᠲᠦᠯᠦᠵᠦ ᠥᠭᠭᠦᠨ᠎ᠡ᠃ ᠡᠳ᠋ ᠤᠨ ᠵᠠᠰᠠᠭ ᠤᠨ | ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ︽ᠣᠨᠳᠣᠣ | ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠵᠢᠭᠡᠯᠡᠯᠭᠡ ᠳᠤ ᠡᠳ᠋ ᠤᠨ ᠵᠠᠰᠠᠭ ᠠᠴᠠ ᠬᠦᠦ ᠮᠥᠩᠭᠦ ᠲᠦᠯᠦᠵᠦ ᠥᠭᠬᠦ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠡᠳ᠋ ᠲᠠᠷᠢᠶᠠᠯᠠᠩ ︵2016 ᠣᠨ ᠤ ︺ 5 ᠳ᠋ᠤᠭᠠᠷ ᠲᠣᠭᠠᠲᠤ︶ | ᠢ ᠦᠨᠳᠦᠰᠦᠯᠡᠨ᠂ ᠲᠥᠪ ᠤᠨ ᠡᠳ᠋ ᠤᠨ ᠵᠠᠰᠠᠭ ᠵᠥᠪᠬᠡᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠲᠥᠯᠥᠪᠵᠢᠭᠦᠯᠭᠡ ᠳᠤ ᠤᠷᠤᠭᠤᠯᠤᠭᠰᠠᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠬᠥᠮᠦᠨ ᠪᠦᠷᠢ ᠳᠤ ᠳᠤᠮᠳᠠᠴᠢ ᠪᠠᠷ 3.5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ | ᠨᠡᠭᠦᠯᠭᠡᠬᠦ ᠵᠢᠭᠡᠯᠡᠯᠭᠡ ᠶᠢᠨ ᠪᠣᠳᠠᠲᠤ ᠵᠢᠭᠡᠯᠡᠭᠰᠡᠨ ᠲᠤᠭ᠎ᠠ ᠪᠠᠷ ᠬᠦᠦ ᠮᠥᠩᠭᠦ ᠲᠦᠯᠦᠵᠦ ᠦᠭᠭᠦᠨ᠎ᠡ᠂ ᠡᠭᠦᠨ ᠳᠤ | 2016 ᠣᠨ᠂ 2017 ᠣᠨ ᠳᠤ ᠤᠷᠢᠳᠠᠪᠠᠷ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ | ᠬᠡᠪᠴᠢᠶ᠎ᠡ ᠳᠤ ᠬᠦᠦ ᠮᠥᠩᠭᠦ ᠲᠦᠯᠦᠵᠦ ᠦᠭᠭᠦᠨ᠎ᠡ᠃ ᠡᠯ᠎ᠡ ᠭᠠᠵᠠᠷ ᠤᠨ ᠳᠠᠭᠠᠭᠠᠨ ᠠᠪᠤᠭᠰᠠᠨ ᠤᠷᠳᠤ | ᠬᠤᠭᠤᠴᠠᠭᠠᠨ ᠤ ᠵᠢᠭᠡᠯᠡᠯᠭᠡ ᠶᠢᠨ ᠬᠡᠪᠴᠢᠶ᠎ᠡ ᠳᠤ ᠪᠠᠷᠢᠯᠭ᠎ᠠ ᠶᠢᠨ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ᠂ | ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ᠂ ᠵᠢᠭᠡᠯᠡᠯᠭᠡ ᠪᠤᠴᠠᠭᠠᠬᠤ ᠴᠢᠳᠠᠪᠤᠷᠢ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠤᠳᠤᠯᠬᠢᠯᠠᠨ᠎ᠠ᠂ ᠪᠣᠳᠠᠲᠤ ᠪᠠᠶᠢᠳᠠᠯ ᠠᠴᠠ ᠰᠠᠯᠤᠨ ᠤᠷᠳᠦ ᠬᠤᠭᠤᠴᠠᠭᠠᠨ ᠤ ᠵᠢᠭᠡᠯᠡᠯᠭᠡ | ᠳᠠᠭᠠᠭᠠᠨ ᠠᠪᠴᠦ ᠪᠤᠯᠬᠤ ᠦᠭᠡᠢ᠃ ᠤᠷᠴᠢᠮᠬᠠᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠡᠷᠭᠡ ᠳᠥᠷᠪᠡᠨ ᠰᠠᠯᠠᠭ᠎ᠠ ᠮᠥᠴᠢᠷ ︽2016 ᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠡᠭᠦᠷᠭᠡ ᠪᠠ ᠲᠡᠮ ᠬᠦᠦ ᠲᠠᠢ ᠵᠢᠭᠡᠯᠡᠯᠭᠡ ᠶᠢᠨ ᠬᠡᠪᠴᠢᠶ᠎ᠡ ᠶᠢ ᠪᠠᠭᠤᠯᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ | ᠨᠡᠶᠢᠲᠡᠯᠡᠵᠦ᠂ ᠡᠯ᠎ᠡ ᠮᠤᠵᠢ ᠶᠢᠨ ᠨᠡᠭᠦᠯᠭᠡᠬᠦ ᠡᠭᠦᠷᠭᠡ ᠶᠢᠨ ᠬᠡᠪᠴᠢᠶ᠎ᠡ ᠪᠠ ᠲᠡᠮ ᠬᠦᠦ ᠲᠠᠢ ᠵᠢᠭᠡᠯᠡᠯᠭᠡ ᠶᠢᠨ | ᠬᠡᠪᠴᠢᠶ᠎ᠡ ᠶᠢ ᠡᠯ᠎ᠡ ᠭᠠᠵᠠᠷ ᠲᠤ ᠪᠠᠭᠤᠯᠭᠠᠵᠤ᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠵᠢᠭᠡᠯᠡᠯᠭᠡ ᠶᠢᠨ | ᠬᠡᠪᠴᠢᠶ᠎ᠡ ᠨᠢ 17.5 ᠳ᠋ᠦᠩᠰᠢᠭᠤᠷ ᠲᠥᠭᠦᠷᠢᠭ ᠪᠣᠯᠤᠨ᠎ᠠ᠃ | ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠤᠬᠢᠷᠠᠭᠤᠯᠤᠭᠰᠠᠨ ᠠᠮᠢ ᠠᠬᠤᠶ ᠬᠡᠪᠡᠷᠡᠭ | ᠤᠷᠤᠨ ᠤ ᠠᠷᠠᠳ ᠢ ᠨᠡᠭᠦᠯᠭᠡᠬᠦ ᠪᠡᠯᠡ ᠮᠥᠩᠭᠦ᠃ ᠥᠪᠡᠷᠲᠡᠭᠡᠨ ᠵᠠᠰᠠᠬᠤ ᠣᠷᠣᠨ ᠤ ᠲᠤᠰ ᠱᠠᠳᠦ ᠵᠢᠯ ᠪᠦᠷᠢ 6.1 | ᠳ᠋ᠦᠩᠰᠢᠭᠤᠷ ᠲᠦᠬᠦᠷᠢᠭ ᠲᠤᠬᠢᠷᠠᠭᠤᠯᠵᠤ᠂ ᠤᠨᠳᠤᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠨᠦᠬᠦᠪᠦᠷᠢ ᠳᠤ | ᠬᠡᠷᠡᠭᠯᠡᠵᠦ ᠪᠤᠢ᠃ ᠬᠥᠮᠦᠨ ᠪᠦᠷᠢ ᠳᠤᠮᠳᠠᠴᠢ ᠪᠠᠷ 6 ᠲᠦᠮᠡᠨ ᠲᠥᠭᠦᠷᠢᠭ ᠤᠨ ᠪᠡᠯᠡ ᠮᠦᠩᠭᠦ ᠶᠢᠨ ᠬᠡᠪᠴᠢᠶᠡᠨ | ᠳᠣᠲᠣᠷ᠎ᠠ᠂ ᠨᠡᠭᠦᠭᠰᠡᠳ ᠲᠤᠰ ᠪᠡᠶ᠎ᠡ ᠶᠢᠨ ᠠᠵᠤ ᠠᠬᠤᠶ ᠶᠢᠨ ᠨᠦᠭᠦᠴᠡᠯ ᠢᠶᠠᠨ ᠦᠨᠳᠦᠰᠦᠯᠡᠨ ᠥᠪᠡᠷ ᠲᠡᠭᠡᠨ ᠬᠡᠰᠡᠭ | ᠪᠡᠯᠡ ᠮᠥᠩᠭᠦ ᠴᠤᠭᠯᠠᠭᠤᠯᠵᠤ᠂ ᠵᠠᠷᠴᠢᠮ ᠳᠡᠭᠡᠷ᠎ᠡ ᠪᠠᠨ ᠬᠥᠮᠦᠨ ᠪᠦᠷᠢ ᠳᠤᠮᠳᠠᠴᠢ ᠪᠠᠷ 2 ᠮᠢᠩᠭᠠᠨ ᠲᠥᠭᠦᠷᠢᠭ᠂ | ᠡᠷᠦᠬᠡ ᠪᠦᠷᠢ ᠳᠤᠮᠳᠠᠴᠢ ᠪᠠᠷ ᠲᠦᠮᠡᠨ ᠲᠦᠬᠦᠷᠢᠭ ᠴᠤᠭᠯᠠᠭᠤᠯᠬᠤ ᠶᠢ ᠤᠯᠤᠰ ᠠᠴᠠ ᠱᠠᠭᠠᠷᠳᠠᠪᠠ᠃ ᠨᠡᠭᠦᠯᠭᠡᠬᠦ | ᠤᠯᠠᠨ ᠲᠦᠮᠡᠨ ᠥᠪᠡᠷᠰᠡᠳ ᠢᠶᠠᠨ ᠪᠠᠭ᠎ᠠ ᠰᠠᠭ᠎ᠠ ᠪᠡᠯᠡ ᠮᠥᠩᠭᠦ ᠴᠤᠭᠯᠠᠭᠤᠯᠬᠤ ᠨᠢ ᠠᠯᠪᠠᠳᠠᠯᠭ᠎ᠠ ᠶᠢᠨ ᠴᠢᠨᠠᠷᠲᠠᠶ | ᠱᠠᠭᠠᠷᠳᠠᠯᠭ᠎ᠠ ᠪᠢᠰᠢ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠭᠦᠭᠰᠡᠳ ᠤᠨ | ᠰᠢᠨᠵᠢ ᠴᠢᠨᠠᠷ ᠢ ᠢᠯᠭᠠᠨ ᠰᠠᠯᠭᠠᠵᠤ᠂ ᠥᠪᠡᠰᠦᠪᠡᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠶ | ᠲᠣᠭᠲᠠᠭᠠᠵᠤ᠂ ᠥᠨᠥᠴᠢᠨ ᠪᠡᠯᠪᠡᠰᠦᠨ ᠭᠤᠣᠨᠢ ᠭᠠᠭᠴᠠ ᠵᠡᠷᠭᠡ ᠤᠨᠴᠠᠭᠠᠢ ᠬᠦᠴᠢᠷᠳᠡᠯᠲᠡᠶ ᠬᠦᠮᠦᠰ ᠲᠤ ᠣᠷᠣᠨ | ᠰᠠᠭᠤᠴᠠ ᠶᠢᠨ ᠪᠦᠳᠦᠬᠡᠨ ᠪᠠᠶᠢᠭᠤᠯᠤᠯᠲᠠ ᠳᠤ ᠥᠪᠡᠰᠦᠪᠡᠨ ᠪᠡᠯᠡ ᠮᠥᠩᠭᠦ ᠴᠤᠭᠯᠠᠭᠤᠯᠬᠤ ᠶᠢ ᠱᠠᠭᠠᠷᠳᠠᠬᠤ ᠦᠭᠡᠢ | ᠪᠠᠶᠢᠵᠦ ᠪᠤᠯᠤᠨ᠎ᠠ᠃ ᠶᠡᠷᠦᠩᠬᠡᠶ ᠵᠠᠷᠴᠢᠮ ᠪᠣᠯ᠂ ᠥᠪᠡᠰᠦᠪᠡᠨ ᠳᠡᠩᠳᠡᠭᠦᠦ ᠶᠡᠭᠡ ᠪᠡᠯᠡ ᠮᠥᠩᠭᠦ ᠴᠤᠭᠯᠠᠭᠤᠯᠬᠤ ᠠᠴᠠ | ᠪᠤᠯᠤᠭᠠᠳ ᠶᠠᠳᠠᠭᠤ ᠠᠴᠠ ᠠᠩᠭᠢᠵᠢᠷᠠᠭᠤᠯᠬᠤ ᠳᠤ ᠬᠦᠴᠢᠷᠳᠡᠯ ᠨᠡᠮᠡᠭᠳᠡᠭᠦᠯᠬᠦ᠂ ᠶᠠᠳᠠᠭᠤ ᠠᠴᠠ ᠪᠠᠨ ᠠᠩᠭᠢᠵᠢᠷᠠᠭᠤᠯᠬᠤ | ᠠᠬᠢᠴᠠ ᠶᠢ ᠨᠥᠯᠥᠭᠡᠯᠡᠬᠦ ᠠᠴᠠ ᠵᠠᠶᠢᠯᠠᠰᠬᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠨᠡᠭᠦᠯᠭᠡᠬᠦ ᠤᠯᠠᠨ ᠲᠦᠮᠡᠨ ᠤ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠬᠦ ᠶᠢᠨ ᠲᠦᠯᠦᠭᠡ᠂ | ᠨᠡᠭᠦᠯᠭᠡᠬᠦ ᠤᠯᠠᠨ ᠲᠦᠮᠡᠨ ᠳᠤ ᠬᠥᠮᠦᠨ ᠪᠦᠷᠢ ᠳᠤ ᠳᠤᠮᠳᠠᠴᠢ ᠪᠠᠷ 2 ᠮᠢᠩᠭᠠᠨ ᠲᠥᠭᠦᠷᠢᠭ ᠤᠨ ᠥᠪᠡᠰᠦᠪᠡᠨ | ᠴᠤᠭᠯᠠᠭᠤᠯᠬᠤ ᠪᠡᠯᠡ ᠮᠦᠩᠭᠦ ᠪᠠ ᠵᠡᠷᠭᠡ ᠪᠠᠷ ᠨᠡᠭᠦᠯᠭᠡᠬᠦ ᠡᠷᠦᠬᠡ ᠶᠢᠨ ᠬᠥᠮᠦᠨ ᠪᠦᠷᠢ ᠳᠤ ᠳᠤᠮᠳᠠᠴᠢ ᠪᠠᠷ 1 ᠲᠦᠮᠡᠨ | ᠲᠥᠭᠦᠷᠢᠭ ᠤᠨ ᠭᠡᠷ ᠪᠠᠷᠢᠬᠤ ᠪᠡᠯᠡ ᠮᠥᠩᠭᠦ ᠶᠢᠨ ᠨᠥᠬᠦᠪᠥᠷᠢ ᠤᠯᠭᠤᠵᠤ᠂ ᠬᠦᠷᠦᠯᠴᠡᠬᠦ ᠦᠭᠡᠢ ᠬᠡᠰᠡᠭ ᠶᠢ ᠨᠢ | ᠨᠡᠭᠦᠬᠦ ᠡᠷᠦᠬᠡ ᠥᠪᠡᠷ ᠲᠡᠭᠡᠨ ᠴᠤᠭᠯᠠᠭᠤᠯᠤᠨ᠎ᠠ᠃ | ᠳᠡᠭᠡᠷ᠎ᠡ ᠳᠤᠷᠠᠳᠤᠭᠰᠠᠨ ᠪᠡᠯᠡ ᠮᠥᠩᠭᠦ ᠶᠢᠨ ᠠᠷᠭ᠎ᠠ ᠵᠠᠮ ᠤᠨ ᠳᠤᠲᠤᠷ᠎ᠠ᠂ ᠲᠥᠪ ᠤᠨ ᠲᠥᠰᠦᠪ ᠤᠨ | ᠳᠣᠲᠣᠷᠠᠬᠢ ᠪᠡᠯᠡ ᠣᠷᠣᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠨᠥᠬᠦᠪᠥᠷᠢ ᠶᠢᠨ ᠪᠡᠯᠡ ᠮᠥᠩᠭᠦ ᠶᠢ ᠭᠠᠷᠭᠠᠪᠠᠯ᠂ ᠪᠥᠳᠥᠭᠡᠨ ᠪᠠᠶᠢᠭᠤᠯᠤᠯᠲᠠ ᠶᠢᠨ ᠲᠤᠰᠬᠠᠢ ᠰᠠᠭᠤᠷᠢ ᠮᠥᠩᠭᠦ᠂ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠪᠣᠯᠤᠨ ᠪᠠᠩᠬᠢ ᠶᠢᠨ ᠤᠷᠲᠤ ᠬᠤᠭᠤᠴᠠᠭᠠᠲᠤ ᠵᠢᠭᠡᠯᠡᠯᠭᠡ ᠶᠢ | ᠪᠣᠯ ᠴᠥᠮ ᠣᠷᠣᠨ ᠨᠤᠲᠤᠭ ᠤᠨ ᠵᠠᠰᠠᠭ ᠤᠨ ᠣᠷᠳᠣᠨ ᠨᠢ ᠲᠦᠯᠦᠬᠦ ᠴᠢᠬᠤᠯᠠᠲᠠᠶ᠃ ᠪᠡᠯᠡ ᠮᠥᠩᠭᠦ ᠶᠢᠨ ᠠᠷᠭ᠎ᠠ | ᠵᠠᠮ ᠢ ᠤᠯᠠᠨ ᠡᠰᠢᠴᠢᠯᠡᠬᠦ ᠶᠢ ᠪᠤᠳᠤᠯᠬᠢᠯᠠᠨ᠂ ᠲᠤᠰᠬᠠᠶ ᠰᠠᠭᠤᠷᠢ ᠮᠦᠩᠭᠦ᠂ ᠣᠷᠣᠨ ᠨᠤᠲᠤᠭ ᠤᠨ ᠵᠢᠭᠡᠯᠡᠯᠭᠡ ᠶᠢᠨ | ᠴᠤᠭᠯᠠᠭᠤᠯᠤᠭᠰᠠᠨ ᠲᠥᠷᠥᠯ ᠵᠦᠢᠯ ᠤᠨ ᠬᠦᠷᠦᠩᠬᠡ ᠮᠥᠩᠭᠦ ᠪᠠ ᠪᠠᠩᠬᠢ ᠶᠢᠨ ᠬᠠᠩᠭᠠᠭᠰᠠᠨ ᠤᠷᠲᠤ ᠬᠤᠭᠤᠴᠠᠭᠠᠨ ᠤ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠵᠤᠯᠭᠠᠯᠳᠤᠭᠤᠯᠬᠤ ᠶᠢᠨ ᠬᠠᠮᠲᠤ ᠡᠯ᠎ᠡ ᠲᠦᠷᠦᠯ ᠤᠨ ᠪᠡᠯᠡ | ᠮᠥᠩᠭᠦ ᠶᠢᠨ ᠠᠮᠠ ᠰᠡᠭᠡᠷ ᠢ ᠲᠠᠭᠠᠷᠠᠭᠤᠯᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ | ᠨᠡᠮᠡᠭᠳᠡᠭᠦᠯᠬᠦ ᠶᠢᠨ ᠲᠦᠯᠦᠭᠡ᠂ ᠤᠯᠤᠰ ᠤᠨ ︽ᠲᠥᠰᠦᠯ︾ ᠳᠤ ᠲᠤᠳᠤᠷᠬᠠᠶᠢᠯᠠᠭᠰᠠᠨ ᠢᠶᠠᠷ ᠪᠤᠯ᠂ ᠡᠯ᠎ᠡ ᠭᠠᠵᠠᠷ ᠤᠳ | ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ | ᠤᠤᠯ ᠤᠨ ᠺᠣᠮᠫᠠᠨᠢ ᠳᠣᠣᠷ᠎ᠠ ᠰᠢᠨ᠎ᠡ ᠪᠠᠷ ᠰᠠᠯᠪᠤᠷᠢ ᠺᠣᠮᠫᠠᠨᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠥᠪᠡᠷᠲᠡᠭᠡᠨ | ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢ ᠪᠠᠶᠢᠭᠤᠯᠵᠤ᠂ ᠳᠠᠷᠤᠶ ᠲᠦᠷᠭᠡᠨ | ᠡᠵᠡᠩᠨᠡᠬᠦ ᠶᠢᠨ ᠬᠠᠮᠲᠤ ᠬᠤᠲᠠ ᠰᠢᠶᠠᠨ ᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠲᠠᠢ ᠰᠠᠶᠢᠲᠤᠷ | ᠠᠪᠴᠠᠯᠳᠤᠭᠤᠯᠬᠤ ᠶᠢ ᠴᠢᠩᠭᠠᠳᠬᠠᠵᠤ᠂ ᠰᠢᠭᠤᠳ ᠪᠡᠯᠡ ᠮᠥᠩᠭᠦ ᠶᠢᠨ ᠲᠦᠷᠦᠯ ᠵᠦᠢᠯ ᠤᠨ ᠠᠵᠢᠯᠯᠠᠭᠠᠨ ᠤ | ᠶᠠᠪᠤᠴᠠ ᠶᠢ ᠰᠢᠯᠤᠭᠤᠨ ᠥᠨᠳᠥᠷ ᠪᠦᠲᠦᠮᠵᠢᠲᠡᠶ ᠪᠣᠯᠭᠠᠬᠤ ᠬᠡᠷᠡᠭᠲᠡᠶ᠃ ᠣᠳᠣᠬᠠᠨ ᠳᠤ᠂ ᠮᠠᠨ ᠤ ᠣᠷᠣᠨ ᠤ ᠪᠡᠯᠡ | ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢ ᠨᠢᠭᠡᠨᠲᠡ ᠪᠠᠶᠢᠭᠤᠯᠪᠠ᠂ ᠬᠤᠰᠢᠭᠤ ᠰᠢᠶᠠᠨ ᠤ | ᠬᠡᠷᠡᠭᠵᠢᠭᠦᠯᠬᠦ ᠪᠡᠶᠡᠴᠢ ᠴᠣᠭᠴᠠ ᠨᠢ ᠴᠤ ᠴᠥᠮ ᠲᠣᠳᠣᠷᠬᠠᠶ ᠪᠤᠯᠵᠠᠢ᠃ | ᠬᠥᠲᠥᠯᠥᠭᠴᠢ᠄ | ᠸᠧᠨ ᠡᠷᠬᠢᠯᠡᠭᠴᠢ ᠡ᠂ ᠵᠠᠰᠠᠭ ᠤᠨ ᠣᠷᠳᠣᠨ ᠶᠠᠮᠠᠷ ᠳᠡᠰ ᠳᠠᠷᠠᠭᠠᠯᠠᠯ ᠢᠶᠠᠷ ᠣᠨᠳᠣᠣ ᠭᠠᠵᠠᠷ ᠲᠤ | ᠨᠡᠭᠦᠯᠭᠡᠵᠦ ᠶᠠᠳᠠᠭᠤ ᠶᠢ ᠲᠡᠳᠬᠦᠬᠦ ᠳᠤ ᠦᠢᠯᠡᠴᠢᠯᠡᠭᠡ ᠬᠤᠳᠠᠯᠳᠤᠨ ᠠᠪᠴᠤ ᠪᠠᠶᠢᠬᠤ ᠪᠤᠢ︖ | ᠸᠧᠨ ᠮᠢᠨ᠄ | ᠨᠢᠭᠡ ᠳᠤ ᠲᠣᠮᠢᠶᠠᠯᠠᠯ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠭᠡᠳᠡᠭ ᠨᠢ | ᠲᠦᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠤᠯᠪᠣᠭᠳᠠᠯ ᠪᠦᠬᠦᠢ ᠳᠦᠷᠢᠮ ᠶᠣᠰᠣᠭᠠᠷ᠂ | ᠪᠦᠷᠢᠨ ᠪᠦᠲᠦᠨ᠂ ᠲᠣᠭᠲᠠᠭᠠᠯ ᠳᠤ ᠨᠡᠶᠢᠴᠡᠬᠦ᠂ ᠪᠦᠲᠦᠮᠵᠢᠲᠡᠶ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ | ᠭᠠᠷ ᠭᠦᠢᠴᠡᠳᠬᠡᠯ ᠢ ᠭᠦᠢᠴᠡᠳᠬᠡᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ | ᠳᠠᠭᠠᠭᠠᠴᠢᠯᠠᠨ ᠠᠪᠴᠤ ᠭᠤᠣᠯ ᠴᠣᠭᠴᠠ ᠨᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠳᠠᠭᠠᠭᠠᠴᠢᠯᠠᠨ ᠠᠪᠤᠭᠰᠠᠨ | ᠭᠤᠣᠯ ᠴᠣᠭᠴᠠ ᠠᠴᠠ ᠪᠠᠨ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠢ ᠬᠡᠷᠡᠭᠯᠡᠬᠦ ᠶᠢ ᠵᠢᠭᠠᠵᠤ ᠪᠠᠶᠢᠨ᠎ᠠ᠃ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠲᠤᠬᠠᠶᠢᠯᠠᠭᠰᠠᠨ ᠢᠶᠠᠷ ᠠᠪᠴᠤ ᠬᠡᠯᠡᠪᠡᠯ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ | ᠭᠤᠣᠯ ᠴᠣᠭᠴᠠ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠠᠪᠤᠳᠠᠯ ᠢ ᠥᠷᠨᠢᠭᠦᠯᠵᠦ᠂ ᠥᠪᠡᠷᠲᠡᠭᠡᠨ ᠵᠠᠰᠠᠬᠤ | ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠭᠡᠷ᠎ᠡ ᠲᠣᠭᠲᠠᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠦᠢᠯᠡᠴᠢᠯᠡᠭᠡ ᠶᠢ ᠬᠤᠳᠠᠯᠳᠤᠨ ᠠᠪᠬᠤ ᠶᠢᠨ ᠬᠠᠮᠲᠤ ᠪᠣᠯᠵᠣᠯ ᠢᠶᠠᠷ ᠬᠤᠳᠠᠯᠳᠤᠨ ᠠᠪᠬᠤ ᠶᠠᠪᠤᠳᠠᠯ ᠢᠶᠠᠨ ᠵᠢᠯ | ᠳᠠᠷᠠᠭᠠᠯᠠᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠨᠡ ᠨᠢ ᠵᠠᠰᠠᠭ ᠤᠨ ᠣᠷᠳᠣᠨ ᠤ ᠵᠠᠷᠤᠯᠭ᠎ᠠ ᠶᠢᠨ | ᠬᠠᠷᠢᠭᠤᠴᠠᠯᠭ᠎ᠠ ᠳᠤ ᠲᠣᠭᠠᠴᠢᠭᠳᠠᠵᠤ᠂ ᠵᠠᠰᠠᠭ ᠤᠨ ᠣᠷᠳᠣᠨ ᠤ ᠥᠷᠢ ᠪᠤᠯᠵᠤ ᠴᠢᠳᠠᠬᠤ ᠦᠭᠡᠢ ᠶᠤᠮ᠂ ᠡᠭᠦᠨ ᠤ | ᠬᠠᠮᠲᠤ ᠪᠠᠰᠠ ︽ᠮᠤᠵᠢ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠭᠦᠢᠴᠡᠳ ᠲᠤᠰᠬᠠᠪᠠ᠃ | ᠬᠤᠶᠠᠷ ᠲᠤ᠂ ᠭᠤᠣᠯ ᠠᠴᠢ ᠬᠤᠯᠪᠣᠭᠳᠠᠯ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ | ᠵᠠᠭᠪᠤᠷ ᠨᠢ ᠤᠯᠠᠨ ᠤᠯᠤᠰ ᠤᠨ ᠪᠠᠯᠠ ᠳᠤᠬᠢᠷᠠᠭᠤᠯᠭ᠎ᠠ ᠶᠢᠨ ᠵᠠᠭᠪᠤᠷ ᠤᠨ ᠬᠥᠭᠵᠢᠯᠲᠡ ᠶᠢᠨ ᠴᠢᠭᠯᠡᠯ ᠪᠠ ᠮᠠᠨ ᠤ | ᠤᠯᠤᠰ ᠤᠨ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠴᠢᠭᠯᠡᠯ ᠲᠠᠢ ᠨᠡᠶᠢᠴᠡᠨ᠎ᠡ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠨᠢ ᠵᠠᠰᠠᠭ ᠤᠨ | ᠣᠷᠳᠣᠨ ᠤ ᠴᠢᠨᠠᠷᠲᠠᠶ ᠥᠷᠢ ᠥᠭᠴᠡᠭᠡᠨ ᠤ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠳᠤ | ᠲᠤᠰᠠᠲᠠᠶ ᠪᠠᠶᠢᠳᠠᠭ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠨᠢ ᠮᠥᠩᠭᠦᠨ | ᠭᠦᠢᠯᠭᠡᠭᠡ ᠪᠠᠷ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢ ᠳᠡᠮᠵᠢᠬᠦ ᠳᠤ ᠪᠦᠲᠦᠮᠵᠢᠲᠡᠢ ᠰᠢᠨ᠎ᠡ ᠠᠷᠭ᠎ᠠ | ᠵᠠᠮ ᠣᠯᠭᠤᠪᠠ᠃ | ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠦᠨᠳᠦᠰᠦ ᠪᠠᠷᠢᠮᠲᠠ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠬᠡᠷᠡᠭᠵᠢᠭᠦᠯᠬᠦ | ᠲᠦᠷᠢᠮ︔ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ | ︹2014︺ 43 ᠳ᠋ᠤᠭᠠᠷ ᠲᠣᠭᠠᠲᠤ︶︔ ︽ᠲᠥᠰᠦᠯ ᠤᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠦᠷᠦ | ᠲᠠᠷᠬᠠᠭᠠᠭᠰᠠᠨ ︹2014︺ 45 ᠳ᠋ᠤᠭᠠᠷ ᠲᠣᠭᠠᠲᠤ︶︔ ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠤ | ᠦᠢᠯᠡᠴᠢᠯᠡᠭᠡ ᠬᠤᠳᠠᠯᠳᠤᠨ ᠠᠪᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2013︺ 96 ᠳ᠋ᠤᠭᠠᠷ︶︔ ︽ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ︵ᠡᠳ᠋ | ᠶᠡᠷᠦᠩᠬᠡᠶ ︹2014︺ 96 ᠳ᠋ᠤᠭᠠᠷ ᠲᠣᠭᠠᠲᠤ︶᠃ | ᠲᠦᠷᠪᠡ ᠳᠤ ᠦᠢᠯᠡᠴᠢᠯᠡᠭᠡ ᠬᠤᠳᠠᠯᠳᠤᠨ ᠠᠪᠬᠤ ᠴᠤᠪᠤᠷᠠᠯ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ︵ᠵᠣᠬᠢᠴᠠᠭᠤᠯᠬᠤ ᠤᠳᠤᠷᠢᠳᠬᠤ ᠳᠤᠭᠤᠶᠢᠯᠠᠩ︶ ᠠᠴᠠ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ | ᠬᠡᠷᠡᠭᠵᠢᠭᠦᠯᠦᠨ᠎ᠡ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢ ᠵᠠᠰᠠᠭ ᠤᠨ ᠣᠷᠳᠣᠨ ᠤ ᠦᠢᠯᠡᠴᠢᠯᠡᠭᠡ | ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷ ᠲᠠᠢ ᠭᠠᠷᠴᠠᠭ ᠲᠤ ᠣᠷᠣᠭᠤᠯᠤᠨ᠎ᠠ᠃ ᠡᠳ᠋ ᠤᠨ ᠵᠠᠰᠠᠭ ᠤᠨ | ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠬᠡᠪᠴᠢᠶ᠎ᠡ ᠵᠢᠴᠢ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠨ᠎ᠠ | ᠃ ᠬᠤᠳᠠᠯᠳᠤᠨ ᠠᠪᠬᠤ ᠭᠤᠣᠯ ᠴᠣᠭᠴᠠ᠂ ᠬᠤᠳᠠᠯᠳᠤᠨ ᠠᠪᠬᠤ ᠬᠡᠯᠪᠡᠷᠢ ᠪᠠ ᠳᠠᠭᠠᠭᠠᠴᠢᠯᠠᠨ ᠠᠪᠬᠤ ᠭᠤᠣᠯ | ᠴᠣᠭᠴᠠ ᠶᠢ ᠲᠣᠭᠲᠠᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠤᠷᠰᠢᠯᠴᠠᠭ᠎ᠠ ᠶᠢᠨ | ᠰᠠᠨᠠᠭᠤᠯᠤᠮᠵᠢ ᠶᠢ ᠲᠣᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠯᠪᠣᠭᠳᠠᠯ ᠪᠦᠬᠦᠢ ᠳᠡᠰ ᠳᠠᠷᠠᠭᠠᠯᠠᠯ ᠢ | ᠬᠡᠷᠡᠭᠵᠢᠭᠦᠯᠦᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠲᠥᠯᠥᠪᠯᠡᠭᠡ ᠪᠠ | ᠨᠢᠭᠡᠳᠦᠯᠲᠡᠶ ᠲᠥᠯᠥᠪᠯᠡᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠣᠭᠲᠠᠭᠠᠵᠤ᠂ ᠲᠥᠷᠥᠯ | ᠵᠦᠢᠯ ᠤᠨ ᠬᠡᠷᠡᠭᠵᠢᠭᠦᠯᠦᠯᠲᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠣᠷᠣᠨ ᠨᠤᠲᠤᠭ ᠤᠨ ᠡᠳ᠋ ᠤᠨ ᠵᠠᠰᠠᠭ ᠤᠨ ᠴᠢᠳᠠᠪᠤᠷᠢ ᠶᠢ | ᠦᠨᠡᠯᠡᠨ ᠵᠢᠱᠢᠬᠦ ᠶᠢ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠵᠠᠬᠢᠳᠠᠯ ᠢᠶᠠᠷ ᠮᠡᠳᠡᠭᠳᠡᠵᠦ᠂ ᠵᠢᠭᠠᠨ ᠲᠣᠭᠲᠠᠭᠠᠭᠰᠠᠨ ᠵᠠᠭᠤᠴᠢᠯᠠᠭᠤᠷ ᠢᠶᠠᠷ ᠬᠤᠳᠠᠯᠳᠤᠨ ᠠᠪᠬᠤ | ᠮᠡᠳᠡᠭᠡ ᠵᠠᠩᠭᠢ ︵ᠵᠠᠷ︶ ᠶᠢ ᠨᠡᠶᠢᠲᠡᠯᠡᠨ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ | ᠲᠣᠬᠢᠷᠠᠭᠤᠯᠬᠤ ᠭᠤᠣᠯ ᠴᠣᠭᠴᠠ ᠨᠢ ᠪᠤᠴᠠᠭᠠᠬᠤ ᠪᠡᠯᠡ ᠮᠥᠩᠭᠦ ᠪᠠᠨ ᠴᠠᠭ ᠲᠤᠬᠠᠶ ᠳᠤᠨᠢ᠂ ᠲᠤᠭ᠎ᠠ ᠶᠣᠰᠣᠭᠠᠷ | ᠴᠤᠭᠯᠠᠭᠤᠯᠬᠰᠠᠨ ᠦᠭᠡᠢ ᠦᠶ᠎ᠡ ᠳᠤ ᠪᠡᠯᠡ ᠮᠥᠩᠭᠦ ᠴᠤᠭᠯᠠᠭᠤᠯᠤᠨ ᠪᠡᠯᠡ ᠮᠥᠩᠭᠦ ᠶᠢᠨ ᠳᠤᠲᠠᠭᠤᠳᠠᠯ ᠢ | ᠨᠦᠬᠦᠪᠦᠷᠢᠯᠡᠬᠦ ᠶᠢ ᠬᠠᠷᠢᠭᠤᠴᠠᠨ᠎ᠠ᠃ ᠬᠤᠳᠠᠯᠳᠤᠨ ᠠᠪᠬᠤ ᠭᠤᠣᠯ ᠴᠣᠭᠴᠠ ︵ᠥᠪᠡᠷᠲᠡᠭᠡᠨ ᠵᠠᠰᠠᠬᠤ ᠣᠷᠣᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ︶ ᠨᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ | ᠦᠢᠯᠡᠴᠢᠯᠡᠭᠡ ᠬᠤᠳᠠᠯᠳᠤᠨ ᠠᠪᠬᠤ ᠵᠥᠪᠳᠡᠯᠴᠡᠭᠡᠷ ᠲᠣᠭᠲᠠᠵᠤ᠂ ᠦᠢᠯᠡᠴᠢᠯᠡᠭᠡ ᠬᠤᠳᠠᠯᠳᠤᠨ ᠠᠪᠬᠤ | ᠵᠥᠪᠳᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠬᠤᠳᠠᠯᠳᠤᠨ ᠠᠪᠬᠤ ᠪᠡᠯᠡ ᠮᠥᠩᠭᠦ ᠶᠢ ᠴᠠᠭ ᠲᠤᠬᠠᠶ ᠳᠤᠨᠢ᠂ | ᠲᠤᠭ᠎ᠠ ᠶᠣᠰᠣᠭᠠᠷ ᠨᠢ ᠥᠭᠭᠦᠨ᠎ᠡ᠂ ᠳᠠᠭᠠᠭᠠᠴᠢᠯᠠᠨ ᠠᠪᠬᠤ ᠭᠤᠣᠯ ᠴᠣᠭᠴᠠ — ᠥᠪᠡᠷᠲᠡᠭᠡᠨ ᠵᠠᠰᠠᠬᠤ ᠣᠷᠣᠨ ᠤ | ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠬᠤᠳᠠᠯᠳᠤᠨ ᠠᠪᠬᠤ ᠭᠤᠣᠯ ᠴᠣᠭᠴᠠ ᠯᠤᠭ᠎ᠠ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠥᠪᠳᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠵᠢᠭᠡᠯᠡᠯᠭᠡ ᠶᠢᠨ ᠭᠤᠶᠤᠴᠢᠯᠠᠯ ᠭᠠᠷᠭᠠᠬᠤ ᠶᠢᠨ ᠬᠠᠮᠲᠤ ᠵᠣᠭᠤᠰ ᠵᠢᠭᠡᠯᠡᠬᠦ ᠭᠡᠷ᠎ᠡ ᠲᠣᠭᠲᠠᠵᠤ᠂ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠲᠣᠬᠢᠷᠠᠭᠤᠯᠭ᠎ᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ ᠴᠠᠭ | ᠲᠤᠬᠠᠶ ᠳᠤᠨᠢ᠂ ᠲᠤᠭ᠎ᠠ ᠶᠣᠰᠣᠭᠠᠷ ᠲᠥᠯᠥᠵᠦ ᠥᠭᠬᠦᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠣᠭᠤᠰ ᠵᠢᠭᠡᠯᠡᠬᠦ ᠪᠠᠷ ᠭᠤᠶᠤᠴᠢᠯᠠᠬᠰᠠᠨ ᠲᠥᠷᠥᠯ ᠵᠦᠢᠯ ᠳᠤ | ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠪᠠ ᠬᠢᠨᠠᠨ ᠰᠢᠯᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ | ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠲᠥᠷᠥᠯ ᠵᠦᠢᠯ ᠤᠨ ᠵᠣᠭᠤᠰ ᠵᠢᠭᠡᠯᠡᠬᠦ ᠭᠡᠷ᠎ᠡ | ᠲᠣᠭᠲᠠᠵᠤ᠂ ᠪᠠᠷᠢᠯᠭ᠎ᠠ ᠶᠢᠨ ᠠᠬᠢᠴᠠ ᠶᠢ ᠦᠨᠳᠦᠰᠦᠯᠡᠨ ᠪᠡᠯᠡ ᠮᠥᠩᠭᠦ ᠲᠠᠷᠬᠠᠭᠠᠬᠤ ᠪᠠ ᠥᠭᠴᠦ᠂ ᠣᠷᠣᠨ | ᠨᠤᠲᠤᠭ ᠤᠨ ᠵᠠᠰᠠᠭ ᠤᠨ ᠣᠷᠳᠣᠨ ᠪᠠ ᠬᠤᠳᠠᠯᠳᠤᠨ ᠠᠪᠬᠤ ᠭᠤᠣᠯ ᠴᠣᠭᠴᠠ ᠶᠢᠨ ᠦᠢᠯᠡᠴᠢᠯᠡᠭᠡ ᠬᠤᠳᠠᠯᠳᠤᠨ | ᠠᠪᠬᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠤᠳᠠᠯᠳᠤᠨ ᠠᠪᠬᠤ ᠪᠡᠯᠡ ᠮᠥᠩᠭᠦ ᠪᠠᠨ ᠴᠠᠭ ᠲᠤᠬᠠᠶ ᠳᠤᠨᠢ᠂ | ᠲᠤᠭ᠎ᠠ ᠶᠣᠰᠣᠭᠠᠷ ᠥᠭᠬᠦ ᠶᠢ ᠰᠢᠮᠳᠠᠭᠤᠯᠤᠨ ᠱᠠᠭᠠᠷᠳᠠᠨ᠎ᠠ᠃ | ᠪᠠᠩᠬᠢ ᠵᠠᠰᠠᠭ ᠠᠵᠤ ᠠᠬᠤᠶᠢᠯᠠᠯ ᠨᠢᠭᠲᠠ ᠬᠠᠮᠵᠢᠯᠴᠠᠨ᠎ᠠ — ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ | ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠢ ᠬᠠᠪᠰᠤᠷᠤᠨ ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ | ᠠᠵᠢᠯ ᠢ ᠰᠠᠶᠢᠲᠤᠷ ᠬᠢᠨ᠎ᠡ᠂ ᠲᠥᠷᠥᠯ ᠵᠦᠢᠯ ᠤᠨ ᠬᠠᠮᠢᠶ᠎ᠠ ᠪᠥᠬᠦᠢ ᠮᠠᠲ᠋ᠧᠷᠢᠶᠠᠯ᠄ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ᠂ ᠬᠡᠷᠡᠭᠵᠢᠭᠦᠯᠬᠦ ᠲᠥᠯᠥᠪᠯᠡᠭᠡ᠂ ᠠᠵᠢᠯ ᠤᠨ ᠲᠥᠰᠦᠯ ᠵᠡᠷᠭᠡ︔ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠳᠤ ᠣᠶᠣᠨᠴᠢᠷ ᠤᠨ ᠳᠡᠮᠵᠢᠯᠭᠡ ᠦᠵᠡᠭᠦᠯᠦᠨ᠎ᠡ᠄ ᠠᠵᠢᠯ ᠤᠨ ᠲᠥᠰᠦᠯ | ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠢ ᠵᠠᠰᠠᠨ | ᠨᠠᠶᠢᠷᠠᠭᠤᠯᠬᠤ᠂ ᠲᠤᠰᠬᠠᠶ ᠵᠦᠢᠯ ᠢᠶᠠᠷ ᠬᠠᠮᠢᠶᠠᠷᠬᠤ ᠠᠷᠭ᠎ᠠ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠭᠡᠷ᠎ᠡ ᠶᠢᠨ ᠪᠢᠴᠢᠭ ᠵᠡᠷᠭᠡ︔ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠬᠤ ᠭᠤᠣᠯ ᠴᠣᠭᠴᠠ ᠶᠢᠨ | ᠬᠤᠯᠪᠣᠭᠳᠠᠯ ᠪᠦᠬᠦᠢ ᠮᠠᠲ᠋ᠧᠷᠢᠶᠠᠯ᠄ ᠵᠣᠬᠢᠶᠠᠨ ᠪᠠᠶᠢᠭᠤᠯᠬᠤ ᠲᠥᠰᠦᠯ᠂ ᠴᠤᠬᠤᠯᠠᠪᠣᠷᠢ ᠪᠢᠴᠢᠭ ᠮᠠᠲ᠋ᠧᠷᠢᠶᠠᠯ᠂ | ᠬᠤᠯᠪᠣᠭᠳᠠᠯ ᠪᠦᠬᠦᠢ ᠬᠤᠷᠠᠯ ᠤᠨ ᠲᠣᠪᠴᠢ ᠲᠡᠮᠳᠡᠭᠯᠡᠯ ᠵᠡᠷᠭᠡ᠂ ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ᠂ | ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠵᠡᠷᠭᠡ ᠬᠤᠯᠪᠣᠭᠳᠠᠯ ᠪᠦᠭᠦᠢ ᠦᠨᠡᠮᠯᠡᠯ ᠬᠡᠷᠠᠴᠢ᠂ ᠬᠦᠷᠦᠩᠭᠡ | ᠰᠢᠯᠭᠠᠭᠰᠠᠨ ᠮᠡᠳᠡᠭᠦᠯᠦᠯᠲᠡ᠂ ᠺᠣᠮᠫᠠᠨᠢ ᠶᠢᠨ ᠲᠦᠷᠢᠮ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ | ᠵᠡᠷᠭᠡ︔ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ︔ ᠡᠯ᠎ᠡ ᠱᠠᠲᠤᠨ ᠤ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠳ᠋ ᠤᠨ ᠵᠠᠰᠠᠭ ᠤᠨ ᠮᠡᠳᠡᠭᠦᠯᠦᠯᠲᠡ ᠶᠢᠨ ᠬᠦᠰᠦᠨᠦᠭᠲᠦ ᠪᠤᠶᠤ | ᠬᠤᠯᠪᠣᠭᠳᠠᠯ ᠪᠦᠬᠦᠢ ᠲᠤᠭ᠎ᠠ ᠪᠠᠷᠢᠮᠲᠠ ᠵᠡᠷᠭᠡ ᠪᠣᠯᠣᠨ᠎ᠠ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠸᠧᠨ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠳᠤ ᠲᠦᠢᠯ ᠢᠶᠠᠷ ᠲᠠᠯᠠᠷᠬᠠᠵᠤ | ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠤᠭ᠍ᠷᠠᠮ ᠳᠤ | ᠪᠠᠶᠠᠷᠲᠠᠶᠢᠬᠠᠨ ᠵᠣᠯᠭᠠᠶ᠎ᠠ︕ |