| ᠰᠤᠷᠪᠤᠯᠵᠢᠯᠠᠭᠰᠠᠨ ᠴᠠᠭ᠄ | 2016 ᠣᠨ ᠤ 6 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠰᠢᠤᠢ ᠬᠠᠶ ᠫᠢᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠳᠡᠭᠡᠳᠦ ᠬᠤᠷᠲᠤ ᠶᠢᠨ ᠥᠷᠭᠡᠨ ᠪᠦᠰᠡ ᠶᠢ ᠲᠦᠷᠭᠡᠨ ᠪᠠᠶᠢᠭᠤᠯᠵᠤ᠂ ᠰᠦᠯᠵᠢᠶᠡᠨ ᠤ ᠬᠤᠷᠳᠤᠴᠠ ᠶᠢ | ᠨᠡᠮᠡᠭᠳᠡᠭᠦᠯᠦᠨ ᠰᠦᠢᠳᠬᠡᠯ ᠢ ᠪᠠᠭᠤᠷᠠᠭᠤᠯᠬᠤ ᠠᠵᠢᠯ ᠢ ᠠᠬᠢᠭᠤᠯᠵᠤ᠂ ᠡᠭᠦᠯᠡᠨ ᠪᠣᠳᠣᠯᠳᠠ ᠂ ᠶᠡᠭᠡ ᠲᠤᠭ᠎ᠠ ᠪᠠᠷᠢᠮᠲᠠ | ᠵᠢᠴᠢ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ | ᠵᠠᠩᠭᠢᠵᠢᠯᠲᠠ ᠶᠢᠨ ᠵᠥᠪᠯᠡᠯ ︽ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ | ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠰᠤᠳᠤᠯᠤᠨ | ᠲᠤᠭᠤᠷᠪᠢᠵᠤ᠂ ᠣᠷᠴᠢᠮᠬᠠᠨ ᠪᠦᠬᠦ ᠣᠷᠣᠨ ᠳᠤ ᠳᠠᠷᠤᠮᠠᠯᠯᠠᠨ ᠲᠠᠷᠬᠠᠭᠠᠵᠠᠢ᠃ ︽ᠰᠠᠨᠠᠯ︾ ᠤᠨ ᠬᠠᠮᠢᠶ᠎ᠠ ᠪᠦᠬᠦᠢ | ᠪᠠᠶᠢᠳᠠᠯ ᠢ ᠨᠠᠷᠢᠨ ᠣᠶᠢᠯᠠᠭᠠᠬᠤ ᠶᠢᠨ ᠲᠤᠰᠠᠳᠠ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ ᠢ ︽ᠳᠤᠮᠳᠠᠳᠤ ᠤᠯᠤᠰ ᠂ | ᠥᠪᠥᠷ ᠮᠣᠩᠭᠤᠯ ︾ ᠰᠦᠯᠵᠢᠶᠡᠨ ᠳᠤ ᠤᠷᠢᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ | ᠣᠷᠣᠯᠴᠠᠬᠤ ᠪᠤᠯᠪᠠᠣ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠣᠰ ᠬᠤᠭᠤᠴᠠᠭ᠎ᠠ ᠶᠢᠨ ︽ | ᠳᠤᠮᠳᠠᠳᠤ ᠤᠯᠤᠰ᠂ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠶᠢᠨ ᠪᠤᠯᠤᠩ ᠢ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ | ᠬᠠᠶ ᠫᠢᠩ ᠢ ᠤᠷᠢᠵᠤ ︽ᠰᠠᠨᠠᠯ︾ ᠳᠤ ᠳᠤᠷᠠᠳᠤᠭᠰᠠᠨ ᠮᠠᠨ ᠤ ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ | ᠰᠦᠯᠵᠢᠶᠡᠨ ᠤ ᠪᠠᠶᠢᠭᠤᠯᠤᠯᠲᠠ ᠶᠢ ᠬᠡᠷᠬᠢᠨ ᠲᠦᠷᠭᠡᠳᠬᠡᠬᠦ ᠲᠤᠬᠠᠶ ᠬᠠᠮᠢᠶ᠎ᠠ ᠪᠦᠬᠦᠢ ᠰᠠᠨᠠᠯ ᠢᠶᠠᠨ ᠰᠦᠯᠵᠢᠶᠡᠨ ᠠᠨᠳᠠ | ᠨᠠᠷ ᠲᠠᠢ ᠰᠣᠯᠢᠯᠴᠠᠬᠤ ᠪᠦᠭᠡᠳ ᠰᠦᠯᠵᠢᠶᠡᠨ ᠠᠨᠳᠠ ᠨᠠᠷ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠬᠤ | ᠪᠣᠯᠣᠨ᠎ᠠ᠃ ᠰᠢᠦᠢ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕ | ᠰᠢᠤᠢ ᠬᠠᠶ ᠫᠢᠩ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠶᠢᠨ ᠪᠠᠶᠢᠵᠠᠭᠠᠨ᠎ᠠ ᠦᠦ︕ | ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ ᠡᠨᠡᠬᠦ ᠲᠠᠰᠢᠷᠠᠮ ᠳᠤ᠂ | ᠪᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ | ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ | ᠪᠠᠶᠢᠨ᠎ᠠ᠃ | ᠬᠥᠲᠥᠯᠥᠭᠴᠢ᠄ | ᠰᠢᠦᠢ ᠡᠷᠬᠢᠯᠡᠭᠴᠢ ᠡ᠂ ᠨᠢᠳᠤᠨᠤᠨ ᠠᠴᠠ ᠨᠠᠰᠢ᠂ ᠳᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ | ᠰᠠᠶᠢᠳ ᠯᠢ ᠺᠧ ᠴᠢᠶᠠᠩ ︽ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ︾ | ᠳᠤᠷᠠᠳᠤᠯᠭ᠎ᠠ ᠭᠠᠷᠭᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠢᠭᠡᠳᠦᠯᠲᠡᠶ ᠪᠠᠶᠢᠷᠢᠯᠠᠭᠤᠯᠵᠤ | ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠳ ᠤᠷᠢᠳ ᠬᠤᠵᠢᠳ ᠬᠤᠷᠳᠤ ᠶᠢ ᠨᠡᠮᠡᠭᠳᠡᠭᠦᠯᠦᠨ | ᠰᠦᠢᠳᠬᠡᠯ ᠢ ᠪᠠᠭᠤᠷᠠᠭᠤᠯᠬᠤ ᠲᠥᠰᠦᠯ ᠭᠠᠷᠭᠠᠵᠤ᠂ ᠱᠠᠳᠤ ᠱᠠᠳᠤ ᠪᠠᠷ ᠬᠡᠷᠡᠭᠵᠢᠭᠦᠯᠪᠡ᠃ ᠲᠡᠭᠡᠪᠡᠯ ᠮᠠᠨ ᠤ | ᠣᠷᠣᠨ ᠳᠠᠬᠢ ᠡᠨᠡᠬᠦ ᠠᠵᠢᠯ ᠤᠨ ᠠᠬᠢᠴᠠ ᠶᠢᠨ ᠪᠠᠶᠢᠳᠠᠯ ᠶᠠᠮᠠᠷᠰᠢᠤ ᠪᠠᠶᠢᠬᠤ ᠪᠤᠢ︖ | ᠰᠢᠤᠢ ᠬᠠᠶ ᠫᠢᠩ᠄ | ᠪᠣᠯᠣᠨ᠎ᠠ᠂ ᠪᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠪᠠᠭᠤᠷᠠᠭᠤᠯᠤᠭᠰᠠᠨ ᠪᠠᠶᠢᠳᠠᠯ ᠢ ᠲᠣᠪᠴᠢᠬᠠᠨ | ᠲᠠᠨᠢᠯᠴᠠᠭᠤᠯᠤᠶ᠎ᠠ᠃ 2015 ᠣᠨ ᠳᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠳ | ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠲᠥᠰᠦᠯ ᠤᠨ ᠢᠶᠠᠨ ᠶᠣᠰᠣᠭᠠᠷ᠂ | ᠰᠢᠯᠵᠢᠮᠡᠯ ᠳ᠋ᠠᠶᠢᠲ᠋ᠠ ᠶᠢᠨ ᠤᠷᠤᠰᠤᠴᠠ ᠶᠢᠨ ᠶᠡᠷᠦᠩᠬᠡᠶᠢᠯᠡᠭᠰᠡᠨ ᠨᠢᠭᠡᠴᠢ ᠦᠨ᠎ᠡ ᠶᠢ 20 % ᠪᠠᠷ ᠪᠠᠭᠤᠷᠠᠭᠤᠯᠬᠤ᠂ | ᠲᠣᠭᠲᠠᠮᠠᠯ ᠥᠷᠭᠡᠨ ᠪᠦᠰᠡᠲᠦ ᠰᠦᠯᠵᠢᠶᠡᠨ ᠤ ᠪᠦᠰᠡ ᠶᠢᠨ ᠨᠢᠭᠡᠴᠢ ᠥᠷᠭᠡᠴᠡ ᠶᠢᠨ ᠳᠤᠮᠳᠠᠴᠢ ᠦᠨ᠎ᠡ ᠶᠢ 30 | % ᠪᠠᠷ ᠪᠠᠭᠤᠷᠠᠭᠤᠯᠬᠤ ᠶᠢ ᠨᠢᠭᠡᠨᠲᠡ ᠪᠡᠶᠡᠯᠡᠭᠦᠯᠵᠦ᠂ ᠡᠨᠡ ᠵᠢᠯ ᠡᠭᠦᠨ ᠤ ᠰᠠᠭᠤᠷᠢᠨ ᠳᠡᠭᠡᠷ᠎ᠡ᠂ ᠡᠯ᠎ᠡ ᠵᠦᠢᠯ ᠤᠨ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ | ᠪᠠᠭᠤᠷᠠᠭᠤᠯᠵᠤ ᠪᠠᠶᠢᠨ᠎ᠠ᠃ | ᠬᠥᠲᠥᠯᠥᠭᠴᠢ᠄ | ᠡᠨᠡᠬᠦ ︽ᠰᠠᠨᠠᠯ︾ ᠨᠢ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ | ᠪᠠᠭᠤᠷᠠᠭᠤᠯᠬᠤ ᠲᠠᠢ ᠶᠠᠮᠠᠷ ᠬᠤᠯᠪᠣᠭᠳᠠᠯ ᠲᠠᠢ ᠪᠤᠢ︖ ᠥᠭᠡᠷ᠎ᠡ ᠪᠠᠷ ᠬᠡᠯᠡᠪᠡᠯ ᠨᠡᠶᠢᠲᠡᠯᠡᠨ ᠬᠡᠷᠡᠭᠵᠢᠭᠦᠯᠦᠭᠰᠡᠨ | ᠵᠣᠷᠢᠯᠭ᠎ᠠ ᠨᠢ ᠶᠠᠭᠤ ᠪᠤᠢ︖ ᠲᠠ ᠮᠠᠨ ᠳᠤ ᠶᠠᠷᠢᠭᠠᠳ ᠥᠭᠭᠦᠨ᠎ᠡ ᠦᠦ᠃ | ᠰᠢᠤᠢ ᠬᠠᠶ ᠫᠢᠩ᠄ | ᠰᠠᠶ᠋ᠢᠬᠠᠨ ᠰᠦᠢᠳᠬᠡᠯ ᠪᠠᠭᠤᠷᠠᠭᠤᠯᠤᠭᠰᠠᠨ ᠪᠠᠶᠢᠳᠠᠯ ᠢ ᠤᠯᠠᠨ ᠳᠤ ᠶᠠᠷᠢᠯ᠎ᠠ᠂ ᠲᠡᠭᠡᠪᠡᠯ ︽ᠰᠦᠯᠵᠢᠶᠡᠨ ᠤ | ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠪᠠᠭᠤᠷᠠᠭᠤᠯᠬᠤ︾ ᠶᠢ ᠬᠡᠷᠬᠢᠨ ᠪᠡᠶᠡᠯᠡᠭᠦᠯᠬᠦ ᠪᠣᠢ᠂ ᠡᠨᠡ ᠪᠣᠯ ᠳᠠᠷᠤᠢ | ᠮᠠᠨ ᠤ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ | ᠪᠠᠶᠢᠭᠤᠯᠤᠯᠲᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠤᠨ ᠬᠦᠰᠡᠭᠰᠡᠨ ᠵᠣᠷᠢᠯᠲᠠ ᠮᠥᠨ᠂ ᠳᠣᠣᠷ᠎ᠠ | ᠪᠢ ᠬᠤᠶᠠᠷ ᠲᠠᠯ᠎ᠠ ᠪᠠᠷ ᠶᠠᠷᠢᠶ᠎ᠠ᠄ | ᠨᠢᠭᠡ ᠳᠤ ᠤᠯᠤᠰ ᠤᠨ ᠲᠠᠯ᠎ᠠ ᠠᠴᠠ ᠠᠪᠴᠤ ᠬᠡᠯᠡᠪᠡᠯ᠂ 2015 ᠣᠨ ᠳᠤ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ︽ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ | ᠲᠦᠷᠭᠡᠳᠬᠡᠨ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠪᠠᠭᠤᠷᠠᠭᠤᠯᠬᠤ ᠠᠵᠢᠯ ᠢ ᠲᠦᠷᠭᠡᠳᠬᠡᠬᠦ | ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠰᠦᠯᠵᠢᠶᠡᠨ ᠤ ᠬᠤᠷᠳᠤᠴᠠ ᠶᠢ ᠶᠡᠬᠡᠪᠡᠷ ᠳᠡᠭᠡᠭᠰᠢᠯᠡᠭᠦᠯᠬᠦ ᠪᠠᠷ | ᠱᠠᠭᠠᠷᠳᠠᠪᠠ᠃ | ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠠᠪᠴᠤ ᠬᠡᠯᠡᠪᠡᠯ᠂ ᠤᠢᠢᠷ᠎ᠠ ᠶᠢᠨ ᠬᠡᠳᠦᠨ | ᠵᠢᠯ ᠤᠨ ᠲᠤᠷᠰᠢ᠂ ︽ᠥᠷᠭᠡᠨ ᠪᠦᠰᠡᠲᠦ ᠥᠪᠥᠷ ᠮᠣᠩᠭᠤᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ | ᠡᠬᠢᠯᠡᠭᠦᠯᠦᠨ ᠬᠡᠷᠡᠭᠵᠢᠭᠦᠯᠬᠦ ᠪᠠ ᠦᠷᠭᠦᠯᠵᠢᠯᠡᠨ ᠲᠦᠯᠬᠢᠨ ᠠᠬᠢᠭᠤᠯᠬᠤ ᠶᠢ ᠳᠠᠭᠠᠯᠳᠤᠨ᠂ ᠮᠠᠨ ᠤ ᠣᠷᠣᠨ ᠤ ᠥᠷᠭᠡᠨ | ᠪᠦᠰᠡᠲᠦ ᠬᠥᠭᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠭᠰᠡᠨ ᠪᠣᠯᠪᠠᠴᠤ ᠬᠥᠭᠵᠢᠭᠰᠡᠨ ᠭᠠᠵᠠᠷ | ᠣᠷᠣᠨ ᠲᠠᠢ ᠠᠳᠠᠯᠢᠳᠬᠠᠪᠠᠯ ᠮᠥᠨ ᠯᠡ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠬᠥᠭᠵᠢᠯᠲᠡ ᠶᠢᠨ ᠬᠢᠷᠢ | ᠲᠦᠪᠰᠢᠨ ᠥᠨᠳᠥᠷ ᠪᠢᠰᠢ᠂ ᠬᠤᠷᠳᠤ ᠨᠢ ᠤᠳᠠᠭᠠᠪᠲᠤᠷ᠂ ᠬᠤᠳᠠ ᠬᠥᠳᠡᠭᠡ ᠶᠢᠨ ᠮᠡᠳᠡᠭᠡ ᠵᠠᠩᠭᠢ ᠶᠢᠨ ᠬᠥᠭᠵᠢᠯᠲᠡ | ᠲᠡᠩᠴᠡᠭᠦᠷᠢ ᠦᠭᠡᠢ᠂ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠᠲᠠᠶ ᠪᠠᠶᠢᠭᠰᠠᠭᠠᠷ᠂ ᠮᠠᠨ ᠤ | ᠣᠷᠣᠨ ᠤ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ | ᠬᠤᠷᠳᠤ ᠶᠢ ᠲᠦᠷᠭᠡᠳᠬᠡᠬᠦ ᠶᠢᠨ ᠲᠤᠰᠠᠳᠠ ᠡᠨᠡᠬᠦ ᠰᠠᠨᠠᠯ ᠢ ᠨᠡᠶᠢᠲᠡᠯᠡᠭᠰᠡᠨ ᠪᠠᠶᠢᠨ᠎ᠠ᠃ | ᠬᠥᠲᠥᠯᠥᠭᠴᠢ᠄ | ᠡᠨᠡ ᠬᠦ ︽ᠰᠠᠨᠠᠯ︾ ᠢ ᠨᠡᠶᠢᠲᠡᠯᠡᠭᠰᠡᠨ ᠦᠨᠳᠦᠰᠦᠯᠡᠯ ᠪᠤᠯᠤᠨ ᠠᠭᠤᠯᠭ᠎ᠠ ᠨᠢ ᠶᠠᠭᠤ ᠪᠤᠢ︖ | ᠰᠢᠤᠢ ᠬᠠᠶ ᠫᠢᠩ᠄ | ︽ᠰᠠᠨᠠᠯ︾ ᠨᠢ ︽︿ᠥᠷᠭᠡᠨ ᠪᠦᠰᠡᠲᠦ ᠳᠤᠮᠳᠠᠳᠤ ᠤᠯᠤᠰ﹀ ᠤᠨ ᠪᠠᠶᠢᠯᠳᠤᠬᠤ ᠪᠣᠳᠣᠯᠭ᠎ᠠ ᠵᠢᠴᠢ | ᠬᠡᠷᠡᠭᠵᠢᠭᠦᠯᠬᠦ ᠲᠥᠰᠦᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ | ᠲᠠᠷᠬᠠᠭᠠᠭᠰᠠᠨ ︹2013︺ 31 ᠳ᠋ᠤᠭᠡᠷ ᠲᠣᠭᠠᠲᠤ︶᠂ ︽ᠳᠡᠭᠡᠳᠦ ᠬᠤᠷᠳᠤ ᠶᠢᠨ ᠥᠷᠭᠡᠨ ᠪᠦᠰᠡᠲᠦ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠢ | ᠪᠠᠭᠤᠷᠠᠭᠤᠯᠬᠤ ᠠᠵᠢᠯ ᠢ ᠲᠦᠷᠭᠡᠳᠬᠡᠬᠦ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2015︺ 41 ᠳ᠋ᠤᠭᠡᠷ ᠲᠣᠭᠠᠲᠤ︶ ᠪᠤᠯᠤᠨ ︽ | ᠥᠷᠭᠡᠨ ᠪᠦᠰᠡᠲᠦ ᠥᠪᠥᠷ ᠮᠣᠩᠭᠤᠯ ᠤᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠤᠨ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠤᠭᠲᠠᠭᠠᠵᠤ᠂ ᠭᠤᠣᠯ ᠠᠭᠤᠯᠭ᠎ᠠ ᠳᠤ ︽ᠰᠡᠳᠬᠢᠮᠵᠢ ᠪᠣᠯᠤᠨ | ᠬᠠᠷᠠᠯᠲᠠ᠂ ᠭᠤᠣᠯ ᠡᠭᠦᠷᠭᠡ᠂ ᠪᠠᠲᠤᠯᠠᠬᠤ ᠠᠷᠭ᠎ᠠ ᠬᠡᠮᠵᠢᠶ᠎ᠡ︾ ᠵᠡᠷᠭᠡ ᠨᠡᠶᠢᠳᠡ ᠭᠤᠷᠪᠠᠨ ᠬᠡᠰᠡᠭ ᠬᠤᠪᠢᠶᠠᠨ 16 | ᠵᠦᠢᠯ ᠤᠨ ᠠᠭᠤᠯᠭ᠎ᠠ ᠶᠢ ᠪᠠᠭᠲᠠᠭᠠᠪᠠ᠃ | ᠬᠥᠲᠥᠯᠥᠭᠴᠢ᠄ | ᠲᠡᠭᠡᠪᠡᠯ᠂ ︽ᠰᠠᠨᠠᠯ︾ ᠤᠨ ᠦᠨᠳᠦᠰᠦᠯᠡᠯ ᠪᠤᠯᠤᠨ ᠠᠭᠤᠯᠭ᠎ᠠ ᠶᠢ ᠮᠡᠳᠡᠯ᠎ᠡ᠂ ᠡᠨᠡᠬᠦ ︽ᠰᠠᠨᠠᠯ︾ ᠢ ᠶᠠᠮᠠᠷ | ᠰᠡᠳᠬᠢᠮᠵᠢ ᠪᠠᠷ ᠨᠠᠶᠢᠷᠠᠭᠤᠯᠤᠨ ᠪᠢᠴᠢᠭᠰᠡᠨ ᠪᠤᠢ︖ ᠭᠤᠣᠯ ᠬᠠᠷᠠᠯᠲᠠ ᠨᠤᠭᠤᠳ ᠨᠢ ᠶᠠᠭᠤ ᠪᠤᠢ︖ | ᠰᠢᠤᠢ ᠬᠠᠶ ᠫᠢᠩ᠄ | ᠪᠢᠳᠡᠨ ᠤ ᠨᠠᠶᠢᠷᠠᠭᠤᠯᠤᠨ ᠪᠢᠴᠢᠭᠰᠡᠨ ᠶᠡᠷᠦᠩᠬᠡᠶ ᠰᠡᠳᠬᠢᠮᠵᠢ ᠪᠣᠯ᠄ ᠰᠦᠯᠵᠢᠶ᠎ᠡ ᠪᠠᠷ ᠤᠯᠤᠰ ᠢᠶᠠᠨ | ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠰᠦᠯᠵᠢᠶ᠎ᠡ ᠪᠠᠷ ᠣᠷᠣᠨ ᠢᠶᠠᠨ | ᠬᠦᠴᠦᠷᠭᠡᠭᠵᠢᠬᠦᠯᠬᠦ ᠶᠢ ᠨᠠᠶᠢᠳᠠᠪᠤᠷᠢᠵᠢᠭᠤᠯᠤᠨ᠂ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶ᠎ᠡ ᠶᠢᠨ | ᠪᠠᠶᠢᠭᠤᠯᠤᠯᠲᠠ ᠶᠢ ᠲᠦᠷᠭᠡᠳᠭᠡᠵᠤ᠂ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠪᠠᠭᠤᠷᠠᠭᠤᠯᠬᠤ | ᠠᠵᠢᠯ ᠢᠶᠠᠷ ᠭᠤᠣᠯᠳᠠᠯᠭ᠎ᠠ ᠪᠤᠯᠭᠠᠬᠤ ᠶᠢ ᠲᠦᠯᠬᠢᠨ ᠠᠬᠢᠭᠤᠯᠵᠤ᠂ ᠡᠭᠦᠯᠡᠨ ᠪᠤᠳᠤᠯᠳᠠ ᠶᠢᠨ ᠲᠤᠮᠤ ᠳ᠋ᠠᠶᠢᠲ᠋ᠠ ᠵᠡᠷᠭᠡ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠦᠭ | ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠢᠨ᠎ᠡ ᠪᠠᠶᠢᠳᠠᠯ ᠢ | ᠪᠤᠢ ᠪᠤᠯᠭᠠᠬᠤ ᠶᠢᠨ ᠲᠦᠯᠦᠭᠡ᠂ ︽ᠢᠨᠲ᠋ᠧᠷ ᠰᠦᠯᠵᠢᠶ᠎ᠡ +︾ ᠰᠢᠨ᠎ᠡ ᠬᠥᠭᠵᠢᠯᠲᠡ ᠶᠢ ᠲᠦᠯᠬᠢᠨ ᠠᠬᠢᠭᠤᠯᠵᠤ᠂ | ᠮᠡᠳᠡᠭᠡ ᠵᠠᠩᠭᠢ ᠶᠢᠨ ᠬᠡᠷᠡᠭᠯᠡᠭᠡ ᠶᠢᠨ ᠰᠢᠨ᠎ᠡ ᠨᠡᠮᠡᠭᠳᠡᠯ ᠢ ᠠᠬᠢᠭᠤᠯᠬᠤ ᠪᠤᠯᠤᠨ᠎ᠠ᠃ | ᠶᠡᠷᠦᠩᠬᠡᠶ ᠬᠠᠷᠠᠯᠲᠠ ᠪᠣᠯ᠄ 2017 ᠣᠨ ᠪᠣᠯᠬᠤ ᠳᠤ᠂ ᠪᠥᠬᠦ ᠣᠷᠣᠨ ᠤ ᠲᠤᠭᠤᠷᠢᠭ ᠤᠨ | ᠪᠠᠶᠢᠭᠤᠯᠤᠮᠵᠢᠲᠤ ᠬᠤᠲᠠ ᠪᠦᠬᠦᠨ ᠤ ᠭᠡᠷ ᠪᠦᠯᠢ ᠶᠢ 100Mbps ᠤᠨ ᠬᠡᠷᠡᠯᠯᠢᠭ ᠰᠢᠷᠬᠡᠭ ᠵᠠᠯᠭᠠᠬᠤ | ᠴᠢᠳᠠᠪᠤᠷᠢ ᠲᠠᠢ ᠪᠤᠯᠭᠠᠵᠤ᠂ ᠭᠤᠣᠯ ᠬᠤᠲᠠ ᠶᠢᠨ ᠥᠷᠭᠡᠨ ᠪᠦᠰᠡ ᠶᠢᠨ ᠬᠡᠷᠡᠭᠯᠡᠭᠴᠢ ᠶᠢᠨ ᠳᠤᠮᠳᠠᠴᠢ ᠵᠠᠯᠭᠠᠯᠲᠠ ᠶᠢᠨ | ᠬᠤᠷᠳᠤᠴᠠ ᠶᠢ 30Mbps ᠠᠴᠠ ᠳᠠᠪᠠᠭᠤᠯᠵᠤ᠂ ᠭᠡᠷᠡᠯᠯᠢᠭ ᠰᠢᠷᠬᠡᠭᠲᠦ ᠰᠦᠯᠵᠢᠶ᠎ᠡ ᠶᠢ 80% ᠠᠴᠠ ᠳᠡᠭᠡᠭᠰᠢᠬᠢ | ᠵᠠᠰᠠᠭ ᠵᠠᠬᠢᠷᠭᠠᠨ ᠤ ᠲᠤᠰᠬᠤᠨ ᠳᠤ ᠬᠦᠷᠦᠬᠦᠯᠦᠨ᠎ᠡ᠃ 2020 ᠣᠨ ᠪᠤᠯᠬᠤ ᠳᠤ᠂ ᠪᠦᠬᠦ ᠣᠷᠣᠨ ᠤ ᠥᠷᠭᠡᠨ | ᠪᠦᠰᠡᠲᠦ ᠰᠦᠯᠵᠢᠶᠡᠨ ᠤ ᠰᠠᠭᠤᠷᠢ ᠪᠡᠯᠡᠳᠭᠡᠮᠵᠢ ᠶᠢᠨ ᠬᠥᠭᠵᠢᠯᠲᠡ ᠶᠢᠨ ᠬᠢᠷᠢ ᠲᠦᠪᠰᠢᠨ ᠢ ᠦᠨᠳᠦᠰᠦᠨ ᠳᠡᠭᠡᠨ | ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠬᠦᠯᠵᠤ᠂ ᠳᠡᠭᠡᠳᠦ ᠬᠤᠷᠳᠤᠴᠠᠲᠤ᠂ ᠲᠦᠭᠡᠮᠡᠯ ᠣᠷᠣᠰᠢᠬᠤ᠂ | ᠠᠮᠤᠷ ᠲᠦᠪᠰᠢᠨ᠂ ᠲᠡᠷᠢᠭᠦᠨ ᠤ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠭᠡᠮᠵᠢ ᠶᠢ ᠦᠨᠳᠦᠰᠦᠨ ᠳᠡᠭᠡᠨ | ᠪᠡᠶᠡᠯᠡᠬᠦᠯᠬᠦ ᠪᠤᠯᠤᠨ᠎ᠠ᠃ | ᠬᠥᠲᠥᠯᠥᠭᠴᠢ᠄ | ᠰᠡᠳᠬᠢᠮᠵᠢ ᠪᠣᠯᠤᠨ ᠬᠠᠷᠠᠯᠲᠠ ᠶᠢ ᠨᠢᠭᠡᠨᠲᠡ ᠲᠣᠳᠣᠷᠬᠠᠶ ᠮᠡᠳᠡᠭᠰᠡᠨ ᠪᠠᠶᠢᠨ᠎ᠠ᠂ ᠲᠡᠭᠡᠪᠡᠯ ︽ᠰᠠᠨᠠᠯ︾ ᠳᠤ | ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠨᠢ ᠶᠠᠭᠤ ᠪᠤᠢ︖ | ᠰᠢᠤᠢ ᠬᠠᠶ ᠫᠢᠩ᠄ | ᠰᠡᠳᠬᠢᠮᠵᠢ ᠪᠤᠯᠤᠨ ᠬᠠᠷᠠᠯᠲᠠ ᠶᠢ ᠨᠠᠶᠢᠳᠠᠪᠤᠷᠢᠵᠢᠭᠤᠯᠬᠤ ᠪᠤᠯ ᠡᠨᠡ ᠤᠳᠠᠭᠠᠨ ᠤ ︽ᠰᠠᠨᠠᠯ︾ ᠢ | ᠨᠡᠶᠢᠲᠡᠯᠡᠭᠰᠡᠨ ᠲᠡᠷᠢᠬᠦᠨ ᠴᠢᠬᠤᠯᠠ ᠶᠠᠪᠤᠳᠠᠯ ᠪᠤᠯᠤᠨ᠎ᠠ᠂ ᠪᠤᠳᠠᠲᠠᠢ ᠪᠠᠷ ᠬᠡᠯᠡᠪᠡᠯ᠂ 8 ᠲᠠᠯ᠎ᠠ ᠶᠢᠨ ᠭᠤᠤᠯᠳᠠᠯᠭ᠎ᠠ ᠲᠠᠢ | ᠡᠭᠦᠷᠭᠡ ᠶᠢ ᠪᠡᠶᠡᠯᠡᠬᠦᠯᠦᠨ᠎ᠡ᠄ | 1. ᠬᠤᠳᠡ ᠪᠠᠯᠭᠠᠰᠤᠨ ᠤ ᠰᠦᠯᠵᠢᠶ᠎ᠡ ᠶᠢᠨ ᠬᠡᠷᠡᠯ ᠰᠢᠷᠭᠡᠭᠵᠢᠬᠦᠯᠦᠯᠲᠡ ᠶᠢᠨ ᠦᠭᠡᠷᠡᠴᠢᠯᠡᠯᠲᠡ ᠶᠢ | ᠠᠬᠢᠭᠤᠯᠤᠨ᠎ᠠ᠃ ᠵᠢᠱᠢᠶᠡᠯᠡᠪᠡᠯ᠄ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠰᠦᠯᠵᠢᠶᠡᠨ ᠤ | ᠭᠡᠷᠡᠯᠯᠢᠭ ᠰᠢᠷᠬᠡᠭ ᠢ ᠡᠷᠦᠬᠡ ᠳᠤ ᠤᠷᠤᠭᠤᠯᠬᠤ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠠᠭᠤᠴᠢᠨ | ᠣᠷᠣᠨ ᠰᠠᠭᠤᠴᠠ ᠪᠤᠯᠤᠨ ᠠᠰᠠᠷ ᠪᠠᠶᠢᠰᠢᠩ ᠤᠳ ᠲᠤ ︽ᠬᠡᠷᠡᠯᠯᠢᠭ ᠢ ᠤᠷᠤᠭᠤᠯᠵᠤ ᠵᠡᠰ ᠢ ᠬᠠᠶᠠᠬᠤ︾ ᠶᠢ | ᠬᠡᠷᠡᠭᠵᠢᠬᠦᠯᠦᠨ᠎ᠡ᠃ ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ | ᠪᠠᠶᠢᠭᠤᠯᠤᠨ᠎ᠠ᠃ ᠬᠥᠬᠡᠬᠤᠲᠠ᠂ ᠤᠷᠳᠤᠰ ᠬᠤᠳᠠ ᠨᠢᠭᠡᠨᠲᠡ ︽ᠥᠷᠭᠡᠨ ᠪᠦᠰᠡᠲᠦ ᠳᠤᠮᠳᠠᠳᠤ ᠤᠯᠤᠰ︾ ᠤᠨ | ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠭᠰᠡᠨ ᠰᠠᠭᠤᠷᠢᠨ ᠳᠡᠭᠡᠷ᠎ᠡ᠂ ᠨᠡᠩ ᠠᠷᠪᠢᠨ ᠵᠢᠱᠢᠶ᠎ᠡ ᠦᠵᠡᠭᠦᠯᠬᠦ | ᠬᠤᠲᠠ ᠶᠢ ᠳᠡᠯᠭᠡᠷᠡᠭᠦᠯᠦᠨ ᠪᠠᠶᠢᠭᠤᠯᠤᠨ᠎ᠠ᠃ | 2. ᠥᠷᠭᠡᠨ ᠪᠦᠰᠡᠲᠦ ᠰᠦᠯᠵᠢᠶ᠎ᠡ ᠶᠢᠨ ᠨᠡᠶᠢᠳᠡᠮ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠵᠢᠱᠢᠶᠡᠯᠡᠪᠡᠯ᠄ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠰᠦᠯᠵᠢᠶᠡᠨ ᠤ | ᠪᠠᠶᠢᠭᠤᠯᠤᠯᠲᠠ ᠪᠤᠯᠤᠨ ᠴᠠᠬᠢᠯᠭᠠᠨ ᠬᠤᠯᠪᠣᠭᠠᠨ ᠤ ᠨᠡᠶᠢᠳᠡᠮ ᠪᠦᠷᠬᠦᠯᠲᠡ ᠶᠢᠨ ᠦᠢᠯᠡᠴᠢᠯᠡᠭᠡᠨ ᠤ ᠡᠷᠴᠢᠮ ᠢ | ᠴᠢᠩᠭᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠪᠡᠯᠡᠳᠭᠡᠮᠵᠢ ᠶᠢᠨ ᠪᠦᠷᠬᠦᠯᠲᠡ ᠶᠢ ᠨᠡᠩ ᠥᠷᠭᠡᠨ ᠪᠤᠯᠭᠠᠬᠤ ᠪᠠᠷ | ᠳᠠᠮᠵᠢᠭᠤᠯᠤᠨ ᠪᠤᠶᠢᠳᠠ ᠪᠥᠭᠯᠡᠭᠦᠦ ᠭᠠᠵᠠᠷ ᠣᠷᠣᠨ ᠤ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠶᠢᠨ | ᠠᠰᠠᠭᠤᠳᠠᠯ ᠢ ᠰᠢᠢᠳᠪᠦᠷᠢᠯᠡᠬᠦ ᠶᠢ ᠵᠤᠷᠢᠭᠵᠢᠭᠤᠯᠤᠨ᠎ᠠ᠃ | 3. ᠷᠠᠳᠢᠤ᠋ ᠰᠦᠯᠵᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠢᠱᠢᠶᠡᠯᠡᠪᠡᠯ᠄ 4G᠂ | ᠬᠡᠪᠴᠢᠶᠡᠲᠦ ᠷᠠᠳᠢᠤ᠋ ᠰᠦᠯᠵᠢᠶ᠎ᠡ ᠶᠢᠨ ᠪᠠᠶᠢᠭᠤᠯᠤᠯᠲᠠ ᠵᠢᠴᠢ ᠳᠡᠯᠭᠡᠷᠡᠭᠦᠯᠦᠯᠲᠡ ᠶᠢᠨ ᠡᠷᠴᠢᠮ ᠢ ᠴᠢᠩᠭᠠᠷᠠᠭᠤᠯᠵᠤ᠂ | ᠤᠯᠠᠨ ᠨᠡᠶᠢᠲᠡ ᠶᠢᠨ ᠲᠠᠯᠠᠪᠤᠷ ᠤᠨ ᠬᠡᠪᠴᠢᠶᠡᠲᠦ ᠰᠦᠯᠵᠢᠶ᠎ᠡ ︵WLAN︶ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠪᠡᠶ᠎ᠡ ᠭᠠᠷᠤᠯ ᠤᠨ ᠬᠡᠷᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ | 4. ᠥᠷᠭᠡᠨ ᠪᠦᠰᠡᠲᠦ ᠭᠤᠣᠯᠯᠠᠭᠴᠢ ᠰᠦᠯᠵᠢᠶᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠄ | ᠡᠷᠬᠢᠨ ᠲᠣᠭᠤᠷᠢᠨ ᠤ ᠭᠠᠵᠠᠷ ᠣᠷᠣᠨ ᠤ ᠬᠤᠭᠤᠷᠤᠨᠳᠤᠬᠢ ᠭᠤᠣᠯ ᠱᠤᠭᠤᠮ ᠤᠨ ᠭᠡᠷᠡᠯᠯᠢᠭ ᠳᠡᠭᠡᠰᠦᠨ ᠤ ᠬᠤᠯᠪᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠤᠵᠢ ᠶᠢᠨ ᠬᠤᠭᠤᠷᠣᠨᠳᠣᠬᠢ ᠪᠦᠰᠡ ᠶᠢᠨ | ᠥᠷᠭᠡᠴᠡ ᠪᠤᠯᠤᠨ ᠬᠦᠢᠯᠭᠡᠭᠡ ᠶᠢᠨ ᠵᠠᠯᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠰᠦᠯᠵᠢᠶ᠎ᠡ ᠶᠢᠨ ᠪᠡᠯᠡᠳᠭᠡᠯ | ᠬᠡᠯᠬᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠣᠷ ᠰᠦᠯᠵᠢᠶᠡᠨ ᠤ ᠪᠠᠭᠲᠠᠭᠠᠮᠵᠢ ᠪᠤᠯᠤᠨ ᠡᠪᠳᠡᠭᠳᠡᠯ ᠢ | ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠰᠦᠯᠵᠢᠶᠡᠨ ᠦᠷᠲᠡᠭᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠬᠡᠷᠡᠭᠯᠡᠭᠡᠨ ᠤ ᠰᠠᠭᠤᠷᠢ ᠪᠡᠯᠡᠳᠭᠡᠮᠵᠢ ᠪᠤᠯᠤᠨ ᠭᠤᠣᠯᠯᠠᠭᠴᠢ ᠰᠦᠯᠵᠢᠶ᠎ᠡ ᠶᠢ ᠬᠠᠮᠵᠢᠯᠴᠠᠭᠤᠯᠤᠨ | ᠬᠥᠭᠵᠢᠭᠦᠯᠬᠦ ᠶᠢ ᠠᠬᠢᠭᠤᠯᠤᠨ᠎ᠠ᠃ | 5. ᠥᠷᠭᠡᠨ ᠪᠦᠰᠡᠲᠦ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠤᠨ᠎ᠠ᠃ ᠵᠢᠱᠢᠶᠡᠯᠡᠪᠡᠯ᠄ ᠤᠶᠤᠨᠴᠢᠷ ᠭᠡᠷ ᠪᠦᠯᠢ ᠶᠢ ᠪᠠᠶᠢᠭᠤᠯᠬᠤ ᠵᠡᠷᠭᠡ ᠠᠵᠢᠯ ᠤᠨ ᠡᠷᠴᠢᠮ ᠢ | ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠥᠷᠭᠡᠨ ᠪᠦᠰᠡ ᠶᠢᠨ ᠵᠠᠯᠭᠠᠯᠲᠠ ᠶᠢᠨ ᠬᠢᠷᠢ ᠬᠡᠮᠵᠢᠶ᠎ᠡ᠂ ᠮᠡᠳᠡᠭᠡ | ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠵᠢᠴᠢ ︽ᠭᠤᠷᠪᠠᠨ ᠰᠦᠯᠵᠢᠶ᠎ᠡ ᠶᠢᠨ ᠠᠭᠤᠰᠤᠯᠴᠠᠯ︾ ᠢ | ᠳᠡᠭᠡᠭᠰᠢᠯᠡᠭᠦᠯᠵᠦ᠂ IPTV᠂ ᠭᠠᠷ ᠤᠲᠠᠰᠤᠨ ᠤ ᠲᠧᠯᠸᠢᠰ᠂ ᠤᠲᠠᠰᠤᠲᠤ ᠲᠧᠯᠸᠢᠰ ᠤᠨ ᠰᠦᠯᠵᠢᠶᠡᠨ ᠳᠤ | ᠰᠠᠭᠤᠷᠢᠯᠠᠭᠰᠠᠨ ᠢᠨᠲ᠋ᠧᠷ ᠰᠦᠯᠵᠢᠶ᠎ᠡ ᠶᠢ ᠵᠠᠯᠭᠠᠬᠤ ᠵᠡᠷᠭᠡ ᠵᠦᠪᠰᠢᠶᠡᠷᠡᠯ ᠢ ᠤᠯᠭᠤᠵᠤ᠂ ᠷᠠᠳᠢᠣ᠋ ᠨᠡᠪᠲᠡᠷᠡᠭᠦᠯᠭᠡ | ᠲᠧᠯᠸᠢᠰ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠢ ᠬᠤᠣᠰ ᠴᠢᠭᠯᠡᠯ ᠢᠶᠠᠷ ᠤᠷᠤᠭᠤᠯᠤᠨ᠎ᠠ᠃ | 6. ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠤᠨ ᠬᠠᠮᠲᠤᠪᠠᠷ | ᠡᠳ᠋ᠯᠡᠬᠦ ᠶᠢ ᠲᠦᠯᠬᠢᠨ ᠠᠬᠢᠭᠤᠯᠤᠨ᠎ᠠ᠃ ᠵᠢᠱᠢᠶᠡᠯᠡᠪᠡᠯ᠄ ᠬᠤᠳᠠ᠂ ᠬᠥᠳᠡᠭᠡ ᠲᠣᠰᠬᠤᠨ ᠤ ᠴᠠᠬᠢᠯᠭᠠᠨ ᠬᠤᠯᠪᠣᠭ᠎ᠠ᠂ | ᠷᠠᠳᠢᠤ᠋ ᠨᠡᠪᠲᠡᠷᠡᠭᠦᠯᠭᠡ ᠲᠧᠯᠸᠢᠰ ᠤᠨ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠡᠷᠴᠢᠮ ᠢ | ᠴᠢᠩᠭᠠᠷᠠᠭᠤᠯᠵᠤ᠂ ᠲᠡᠮᠦᠷ ᠰᠤᠪᠤᠷᠭ᠎ᠠ ᠡᠵᠡᠩᠨᠡᠬᠦ ᠺᠣᠮᠫᠠᠨᠢ ᠶᠢᠨ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠰᠠᠭᠤᠷᠢ | ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠪᠤᠯᠤᠨ ᠬᠠᠮᠠᠭᠠᠯᠠᠯᠲᠠ ᠶᠢᠨ ᠲᠠᠯ᠎ᠠ ᠪᠠᠷ ᠬᠢ ᠳᠠᠪᠠᠭᠤᠯᠢᠭ ᠪᠤᠯᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 7. ᠴᠢᠮᠡᠭᠡ ᠬᠤᠯᠪᠣᠭᠠᠨ ᠤ ᠦᠢᠯᠡᠴᠢᠯᠡᠭᠡ ᠶᠢᠨ ᠶᠠᠰᠤ ᠴᠢᠨᠠᠷ ᠪᠤᠯᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠵᠢᠱᠢᠶᠡᠯᠡᠪᠡᠯ᠄ ᠠᠷᠠᠳ ᠤᠨ ᠬᠥᠷᠥᠩᠭᠡ ᠴᠠᠬᠢᠯᠭᠠᠨ ᠬᠤᠯᠪᠣᠭᠠᠨ ᠤ ᠠᠵᠢᠯ ᠦᠢᠯᠡᠰ ᠲᠤ | ᠤᠷᠤᠬᠤ ᠶᠢ ᠵᠤᠷᠢᠭᠵᠢᠭᠤᠯᠵᠤ᠂ ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠯ ᠢ ᠡᠪᠳᠡᠵᠦ᠂ ᠥᠷᠭᠡᠨ ᠪᠦᠰᠡᠲᠦ | ᠰᠦᠯᠵᠢᠶ᠎ᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠰᠦᠯᠵᠢᠶᠡᠨ ᠤ ᠵᠠᠷᠤᠳᠠᠯ ᠢ ᠪᠠᠭᠤᠷᠠᠭᠤᠯᠬᠤ ᠶᠢ ᠲᠦᠯᠬᠢᠨ | ᠠᠬᠢᠭᠤᠯᠤᠨ᠎ᠠ᠃ 2015 ᠣᠨ ᠳᠤ ᠰᠢᠯᠵᠢᠮᠡᠯ ᠳ᠋ᠠᠶᠢᠲ᠋ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠨᠢᠭᠡᠴᠢ ᠦᠨ᠎ᠡ ᠶᠢ | 20% ᠪᠠᠷ ᠪᠠᠭᠤᠷᠠᠭᠤᠯᠵᠤ᠂ ᠲᠣᠭᠲᠠᠮᠠᠯ ᠥᠷᠭᠡᠨ ᠪᠦᠰᠡᠲᠦ ᠰᠦᠯᠵᠢᠶᠡᠨ ᠤ ᠨᠢᠭᠡᠴᠢ ᠶᠢᠨ ᠪᠦᠰᠡ ᠶᠢᠨ | ᠥᠷᠭᠡᠴᠡ ᠶᠢᠨ ᠳᠤᠮᠳᠠᠴᠢ ᠦᠨ᠎ᠡ ᠶᠢ 30% ᠪᠠᠷ ᠪᠠᠭᠤᠷᠠᠭᠤᠯᠤᠭᠰᠠᠨ ᠤ ᠰᠠᠭᠤᠷᠢᠨ ᠳᠡᠭᠡᠷ᠎ᠡ᠂ ᠰᠦᠯᠵᠢᠶᠡᠨ ᠤ | ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠰᠦᠢᠳᠭᠡᠯ ᠢ ᠪᠠᠭᠤᠷᠠᠭᠤᠯᠤᠨ᠎ᠠ᠃ | 8. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠤᠯᠤᠨ ᠠᠮᠤᠷ ᠲᠦᠪᠰᠢᠨ ᠤ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠵᠢᠱᠢᠶᠡᠯᠡᠪᠡᠯ᠄ ᠥᠷᠭᠡᠨ ᠪᠦᠰᠡ ᠵᠠᠯᠭᠠᠬᠤ ᠦᠢᠯᠡᠴᠢᠯᠡᠭᠡ ᠪᠤᠯᠤᠨ ᠵᠠᠷᠤᠳᠠᠯ | ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠨᠡᠶᠢᠴᠡᠬᠦ᠋ᠢᠴᠡ ᠴᠢᠨᠠᠷ ᠤᠨ ᠦᠨᠡᠯᠡᠯᠲᠡ ᠪᠤᠯᠤᠨ ᠠᠶᠤᠯ ᠲᠦᠭᠰᠢᠭᠦᠷᠢ ᠶᠢᠨ ᠦᠨᠡᠯᠡᠯᠲᠡ ᠶᠢ | ᠲᠣᠭᠲᠠᠮᠠᠯ ᠬᠤᠭᠤᠴᠠᠭ᠎ᠠ ᠲᠠᠢ ᠦᠷᠨᠢᠬᠦᠯᠦᠨ᠎ᠡ᠃ | ᠬᠥᠲᠥᠯᠥᠭᠴᠢ᠄ | ︽ᠰᠠᠨᠠᠯ︾ ᠳᠠᠬᠢ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠨᠢ ᠠᠭᠤᠯᠭ᠎ᠠ ᠪᠠᠷ ᠪᠠᠶᠠᠯᠢᠭ᠂ ᠨᠠᠷᠢᠨ | ᠪᠣᠳᠠᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠨ᠎ᠠ᠂ ᠭᠡᠪᠡᠴᠦ ᠡᠳᠡᠭᠡᠷ ᠡᠭᠦᠷᠭᠡ ᠶᠢ ᠦᠨᠡᠨ ᠬᠦ | ᠪᠡᠶᠡᠯᠡᠭᠦᠯᠬᠦ ᠳᠤ᠂ ᠪᠢᠳᠠ ᠪᠠᠰᠠ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠬᠤ ᠪᠤᠢ︖ | ᠰᠢᠤᠢ ᠬᠠᠶ ᠫᠢᠩ᠄ | ᠡᠳᠡᠭᠡᠷ ᠡᠭᠦᠷᠭᠡ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠪᠢᠳᠡ ᠬᠤᠯᠪᠣᠭᠳᠠᠯ ᠪᠥᠬᠦᠢ ᠲᠢᠩᠬᠢᠮ | ᠲᠣᠪᠴᠢᠶ᠎ᠠ᠂ ᠠᠶᠢᠮᠠᠭ ᠬᠤᠲᠠ ᠪᠣᠯᠣᠨ ᠠᠵᠤ ᠠᠬᠤᠶᠢᠯᠠᠯ ᠵᠡᠷᠭᠡ ᠨᠢᠭᠡᠴᠡ ᠠᠴᠠ ᠰᠠᠨᠠᠯ ᠰᠠᠨᠠᠭᠤᠯᠭ᠎ᠠ ᠬᠤᠷᠢᠶᠠᠬᠤ ᠪᠠᠷ | ᠳᠠᠮᠵᠢᠭᠤᠯᠤᠨ᠂ ᠨᠠᠷᠢᠨ ᠬᠢᠨᠠᠮᠠᠭᠠᠶ ᠨᠣᠲᠠᠯᠠᠨ ᠡᠮᠬᠢᠯᠡᠭᠡᠳ ᠵᠢᠷᠭᠤᠭᠠᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ | ᠲᠣᠭᠲᠠᠵᠤ᠂ ᠭᠤᠣᠯᠳᠠᠯᠭ᠎ᠠ ᠲᠠᠢ ᠨᠠᠢᠮᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠭᠰᠠᠨ | ᠪᠠᠶᠢᠨ᠎ᠠ᠃ | 1. ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠳᠦᠭᠦᠮᠴᠢᠯᠡᠨ᠎ᠡ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠬᠤᠷᠳᠤᠴᠠ ᠶᠢ ᠲᠥᠷᠭᠡᠳᠬᠡᠨ᠎ᠡ᠃ ᠵᠢᠱᠢᠶᠡᠯᠡᠪᠡᠯ᠄ ᠭᠤᠶᠤᠴᠢᠯᠠᠨ ᠮᠡᠳᠡᠭᠦᠯᠬᠦ | ᠵᠢᠷᠤᠮ ᠢ ᠲᠣᠪᠴᠢᠯᠠᠵᠤ᠂ ᠰᠦᠯᠵᠢᠶᠡᠨ ᠳᠡᠭᠡᠷᠡᠬᠢ ︽ᠨᠢᠭᠡ ᠦᠷᠳᠡᠭᠡᠴᠢᠯᠡᠭᠰᠡᠨ︾ ᠬᠢᠨᠠᠨ ᠵᠥᠪᠰᠢᠶᠡᠷᠡᠯ ᠢ | ᠪᠦᠷᠢᠨᠰᠢᠭᠦᠯᠦᠨ᠎ᠡ᠃ | 2. ᠢᠵᠢ ᠪᠦᠷᠢᠳᠦᠭᠦᠯᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠨ᠎ᠡ᠃ ᠡᠨᠡ ᠬᠡᠰᠡᠭ | ᠠᠭᠤᠯᠭ᠎ᠠ ᠶᠢ ᠨᠡᠯᠢᠶᠡᠳ ᠨᠠᠷᠢᠨ ᠲᠣᠳᠣᠷᠬᠠᠶ ᠲᠣᠭᠲᠠᠭᠠᠵᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ | ᠬᠠᠮᠢᠶ᠎ᠠ ᠪᠦᠭᠦᠢ ᠲᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠤᠨ᠂ ᠥᠷᠭᠡᠨ ᠪᠦᠰᠡ ᠶᠢᠨ ᠪᠦᠲᠦᠭᠡᠨ | ᠪᠠᠶᠢᠭᠤᠯᠤᠯᠲᠠ ᠢ ᠢᠳᠡᠪᠬᠢᠲᠡᠶ ᠪᠠᠷ ᠳᠡᠮᠵᠢᠬᠦ ᠶᠢ ᠱᠠᠭᠠᠷᠳᠠᠪᠠ᠃ ᠵᠢᠱᠢᠶᠡᠯᠡᠪᠡᠯ᠄ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠤᠯᠤᠰ ᠤᠨ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠶ ᠪᠠᠷ ᠣᠯᠵᠤ᠂ ᠮᠠᠯᠵᠢᠬᠤ ᠲᠠᠷᠢᠶᠠᠯᠠᠬᠤ | ᠣᠷᠣᠨ ᠪᠣᠯᠣᠨ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ ᠪᠣᠯᠣᠨ ᠠᠷᠠᠴᠢᠯᠠᠨ ᠬᠠᠮᠠᠭᠠᠯᠠᠯᠲᠠ ᠶᠢ ᠳᠡᠮᠵᠢᠬᠦ ᠡᠷᠴᠢᠮ ᠢ ᠥᠷᠭᠦᠯᠵᠢᠯᠡᠨ ᠨᠡᠮᠡᠭᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ | ᠦᠢᠯᠡᠴᠢᠯᠡᠭᠡ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠥᠷᠭᠡᠨ ᠪᠦᠰᠡ ᠶᠢ | ᠲᠦᠭᠡᠮᠡᠯᠵᠢᠭᠦᠯᠦᠨ ᠬᠤᠷᠳᠤᠴᠠ ᠶᠢ ᠨᠡᠮᠡᠭᠳᠡᠭᠦᠯᠬᠦ ᠢᠨᠵᠧᠨᠧᠷᠢᠩ ᠤᠨ ᠬᠤᠯᠪᠣᠭᠳᠠᠯ ᠪᠦᠬᠦᠢ ᠲᠥᠷᠥᠯ ᠵᠦᠢᠯ ᠢ | ᠭᠤᠣᠯᠳᠠᠯᠭ᠎ᠠ ᠲᠠᠢ ᠳᠡᠮᠵᠢᠨ᠎ᠡ᠃ ᠡᠯ᠎ᠡ ᠠᠶᠢᠮᠠᠭ ᠬᠤᠲᠠ ᠥᠷᠭᠡᠨ ᠪᠦᠰᠡᠲᠦ ᠰᠦᠯᠵᠢᠶᠡᠨ ᠤ ᠪᠦᠲᠦᠭᠡᠨ | ᠪᠠᠶᠢᠭᠤᠯᠤᠯᠲᠠ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠨᠥᠬᠦᠴᠡᠯ ᠲᠠᠢ | ᠭᠠᠵᠠᠷ ᠣᠷᠣᠨ ᠨᠢ ᠢᠨᠲ᠋ᠧᠷ ᠰᠦᠯᠵᠢᠶᠡᠨ ᠤ ᠰᠢᠨ᠎ᠡ ᠶᠢ ᠡᠭᠦᠳᠬᠦ ᠬᠦᠷᠢᠶᠡᠯᠡᠩ ᠤᠨ ᠥᠷᠭᠡᠨ ᠪᠦᠰᠡᠲᠦ | ᠰᠦᠯᠵᠢᠶ᠎ᠡ ᠳᠤ ᠵᠣᠬᠢᠰᠲᠠᠶ ᠨᠥᠬᠦᠪᠥᠷᠢ ᠥᠭᠭᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠢᠭᠡᠴᠡ ᠨᠦᠭᠦᠳ ᠥᠷᠭᠡᠨ ᠪᠦᠰᠡᠲᠦ ᠰᠦᠯᠵᠢᠶ᠎ᠡ ᠡᠵᠡᠩᠨᠡᠵᠦ ᠪᠠᠶᠢᠭ᠎ᠠ ᠠᠵᠤ ᠠᠬᠤᠶᠢᠯᠠᠯ ᠪᠣᠯᠣᠨ ᠲᠡᠮᠦᠷ ᠰᠤᠪᠤᠷᠭ᠎ᠠ | ᠡᠵᠡᠩᠨᠡᠬᠦ ᠺᠣᠮᠫᠠᠨᠢ ᠶᠢᠨ ᠪᠠᠶᠢᠷᠢᠰᠢᠯ ᠢᠶᠠᠨ ᠰᠣᠩᠭᠤᠬᠤ᠂ ᠭᠠᠵᠠᠷ ᠰᠢᠷᠣᠶ ᠲᠠᠲᠠᠪᠤᠷᠢᠯᠠᠬᠤ᠂ ᠣᠷᠴᠢᠨ ᠲᠣᠭᠤᠷᠢᠨ ᠤ | ᠦᠨᠡᠯᠡᠯᠲᠡ ᠬᠢᠵᠦ ᠬᠢᠨᠠᠨ ᠵᠥᠪᠰᠢᠶᠡᠷᠡᠬᠦ᠂ ᠴᠠᠬᠢᠯᠭᠠᠨ ᠬᠡᠷᠡᠭᠯᠡᠬᠦ᠂ ᠣᠷᠣᠨ ᠰᠠᠭᠤᠴᠠ ᠳᠤ ᠣᠷᠣᠬᠤ᠂ ᠪᠡᠯᠡ | ᠲᠣᠬᠢᠷᠠᠭᠤᠯᠬᠤ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ ᠤᠯᠠᠨ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠰᠦᠢᠳᠬᠡᠯ ᠬᠤᠷᠢᠶᠠᠬᠤ ᠳᠤ | ᠬᠠᠷᠠᠭᠠᠯᠵᠠᠯ ᠦᠵᠡᠭᠦᠯᠬᠦ ᠪᠤᠶᠤ ᠬᠥᠩᠭᠡᠷᠡᠭᠦᠯᠵᠦ ᠬᠡᠯᠲᠦᠷᠢᠭᠦᠯᠦᠨ᠎ᠡ᠃ | 3. ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢᠨ ᠨᠡᠪᠲᠡᠷᠡᠭᠦᠯᠭᠡ ᠶᠢ ᠪᠠᠲᠤᠯᠠᠨ᠎ᠠ᠃ ᠬᠤᠳᠠ ᠶᠢᠨ | ᠡᠯ᠎ᠡ ᠲᠦᠷᠦᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠤᠯᠠᠨ ᠨᠡᠶᠢᠲᠡ ᠶᠢᠨ ᠲᠠᠯᠠᠪᠤᠷ ᠭᠠᠵᠠᠷ | ᠪᠣᠯᠤᠨ ᠤᠯᠠᠨ ᠨᠡᠶᠢᠲᠡ ᠶᠢᠨ ᠪᠡᠯᠡᠳᠬᠡᠮᠵᠢ ᠶᠢ ᠢᠳᠡᠪᠬᠢᠲᠡᠶ ᠪᠠᠷ ᠴᠢᠯᠥᠭᠡᠲᠡᠶ ᠪᠣᠯᠭᠠᠵᠤ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ ᠶᠠᠪᠤᠳᠠᠯ ᠢ ᠴᠢᠩᠭ᠎ᠠ ᠴᠠᠭᠠᠵᠠᠯᠠᠨ᠎ᠠ᠃ ᠵᠢᠱᠢᠶᠡᠯᠡᠪᠡᠯ᠄ ᠣᠷᠣᠨ ᠰᠠᠭᠤᠴᠠ ᠶᠢᠨ ᠵᠢᠵᠢᠭ | ᠲᠣᠭᠤᠷᠢᠭ᠂ ᠬᠤᠳᠠᠯᠳᠤᠭᠠᠨ ᠤ ᠠᠰᠠᠷ ᠵᠡᠷᠭᠡ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠪᠠᠶᠢᠭᠤᠯᠤᠭᠴᠢ᠂ | ᠥᠮᠴᠢᠯᠡᠭᠴᠢ ᠪᠤᠶᠤ ᠬᠠᠮᠢᠶᠠᠷᠤᠭᠴᠢ ᠨᠢ ᠣᠷᠣᠨ ᠪᠦᠰᠡ ᠶᠢᠨ ᠳᠣᠲᠣᠷᠠᠬᠢ ᠢᠵᠢ ᠪᠦᠷᠢᠳᠦᠭᠦᠯᠦᠭᠰᠡᠨ ᠨᠡᠶᠢᠲᠡ ᠶᠢᠨ | ᠬᠡᠷᠡᠭᠯᠡᠭᠡᠨ ᠤ ᠮᠡᠳᠡᠭᠡ ᠬᠤᠯᠪᠣᠭᠠᠨ ᠤ ᠪᠡᠯᠡᠳᠬᠡᠮᠵᠢ ᠳᠤ ᠠᠳᠠᠯᠢ ᠲᠡᠭᠰᠢ ᠨᠥᠬᠦᠴᠡᠯ ᠬᠠᠩᠭᠠᠵᠤ᠂ ᠲᠠᠯᠠᠪᠠᠢ ᠳᠤ | ᠣᠷᠣᠬᠤ ᠰᠦᠢᠳᠬᠡᠯ᠂ ᠲᠡᠭᠰᠢᠬᠡᠨ ᠬᠤᠷᠢᠶᠠᠬᠤ ᠰᠦᠢᠳᠬᠡᠯ᠂ ᠵᠣᠬᠢᠴᠠᠭᠤᠯᠬᠤ ᠰᠦᠢᠳᠬᠡᠯ ᠵᠡᠷᠭᠡ ᠵᠦᠢ ᠪᠤᠰᠤ | ᠰᠦᠢᠳᠬᠡᠯ ᠢ ᠡᠯᠳᠡᠪ ᠨᠡᠷ᠎ᠡ ᠪᠠᠷ ᠬᠤᠷᠢᠶᠠᠬᠤ ᠶᠢ ᠡᠷᠡᠰ ᠴᠠᠭᠠᠵᠠᠯᠠᠨ᠎ᠠ᠃ | ᠰᠢᠤᠢ ᠬᠠᠶ ᠫᠢᠩ᠄ | 4. ᠤᠬᠠᠭᠤᠯᠭ᠎ᠠ ᠬᠢᠭᠡᠳ ᠬᠠᠮᠠᠭᠠᠯᠠᠯᠲᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ | ᠡᠯ᠎ᠡ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠵᠢᠱᠢᠶᠡᠯᠡᠪᠡᠯ᠄ ᠨᠡᠶᠢᠭᠡᠮ ᠤᠨ ᠶᠠᠷᠢᠶ᠎ᠠ ᠬᠡᠯᠡᠯᠴᠡᠭᠡᠨ ᠢ | ᠵᠥᠪ ᠢᠶᠠᠷ ᠬᠥᠲᠥᠯᠥᠨ ᠵᠢᠯᠣᠭᠤᠳᠴᠦ ᠪᠠᠶᠢᠭᠠᠳ ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ | ᠪᠥᠳᠥᠭᠡᠨ ᠪᠠᠶᠢᠭᠤᠯᠤᠯᠲᠠ ᠪᠣᠯᠣᠨ ᠬᠠᠮᠠᠭᠠᠯᠠᠯᠲᠠ ᠶᠢ ᠳᠡᠮᠵᠢᠵᠦ᠂ ᠤᠯᠠᠨ ᠨᠡᠶᠢᠲᠡ ᠶᠢᠨ ᠰᠠᠭᠤᠷᠢ ᠥᠷᠲᠡᠭᠡ᠂ ᠷᠠᠳᠢᠣ᠋ | ᠨᠡᠪᠲᠡᠷᠡᠭᠦᠯᠭᠡ ᠲᠧᠯᠸᠢᠰ ᠤᠨ ᠰᠠᠴᠣᠷᠠᠭᠤᠯᠬᠤ ᠰᠤᠪᠤᠷᠭ᠎ᠠ ᠶᠢᠨ ᠴᠠᠬᠢᠯᠭᠠᠨ ᠰᠣᠷᠢᠨᠵᠢᠨ ᠰᠠᠴᠤᠷᠠᠯᠲᠠ ᠶᠢᠨ ᠲᠤᠬᠠᠶ | ᠦᠷᠦᠭᠡᠰᠦᠯ ᠲᠠᠨᠢᠯᠲᠠ ᠶᠢ ᠠᠷᠢᠯᠭᠠᠵᠤ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ | 5. ᠴᠢᠮᠡᠭᠡ ᠬᠤᠯᠪᠣᠭᠠᠨ ᠤ ᠪᠦᠳᠤᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ᠭᠡᠷᠡᠯᠯᠢᠭ ᠰᠢᠷᠬᠡᠭ ᠤᠨ ᠡᠷᠦᠬᠡ ᠳᠤ ᠣᠷᠣᠭᠤᠯᠬᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠬᠤᠶᠠᠷ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠵᠢᠱᠢᠶᠡᠯᠡᠪᠡᠯ᠄ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠡᠴᠡ ᠨᠢ ᠴᠢᠮᠡᠭᠡ ᠬᠤᠯᠪᠣᠭᠠᠨ ᠤ ᠢᠵᠢ ᠪᠦᠷᠢᠳᠦᠭᠦᠯᠬᠦ ᠪᠡᠯᠡᠳᠬᠡᠮᠵᠢ ᠶᠢᠨ ᠡᠬᠢ ᠪᠠᠶᠠᠯᠢᠭ ᠢ | ᠤᠷᠢᠳᠴᠢᠯᠠᠨ ᠦᠯᠡᠳᠡᠭᠡᠵᠦ᠂ ᠲᠡᠭᠦᠨ ᠳᠤ ᠬᠡᠷᠡᠭᠰᠡᠬᠦ ᠪᠡᠯᠡ ᠣᠷᠣᠭᠤᠯᠤᠯᠲᠠ ᠶᠢ ᠴᠢᠮᠡᠭᠡ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠳᠤ ᠰᠢᠯᠵᠢᠭᠦᠯᠵᠦ ᠪᠣᠯᠬᠤ ᠦᠭᠡᠢ᠃ ᠴᠢᠮᠡᠭᠡ ᠬᠤᠯᠪᠣᠭᠠᠨ ᠤ ᠡᠵᠡᠩᠨᠡᠯᠲᠡ ᠶᠢᠨ | ᠠᠵᠤ ᠠᠬᠤᠶᠢᠯᠠᠯ ᠪᠠᠷᠢᠯᠭ᠎ᠠ ᠶᠢᠨ ᠶᠠᠪᠤᠴᠠ ᠪᠠᠨ ᠰᠢᠯᠢᠳᠡᠭᠵᠢᠭᠦᠯᠦᠨ᠎ᠡ᠃ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠡᠴᠡ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠡ ᠨᠦᠭᠦᠳ | ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠤᠭᠰᠠᠷᠠᠨ ᠬᠡᠷᠡᠭᠯᠡᠬᠦ ᠶᠢ ᠶᠠᠮᠠᠷᠪᠠ | ᠬᠡᠯᠪᠡᠷᠢ ᠪᠠᠷ ᠬᠢᠵᠠᠭᠠᠷᠯᠠᠵᠤ ᠪᠣᠯᠬᠤ ᠦᠭᠡᠢ᠃ | 6. ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠠᠲᠤ | ᠬᠤᠷᠠᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠵᠢᠱᠢᠶᠡᠯᠡᠪᠡᠯ᠄ ᠡᠯ᠎ᠡ ᠠᠶᠢᠮᠠᠭ ᠬᠤᠳᠠ ᠨᠤᠭᠤᠳ ᠮᠡᠳᠡᠭᠡ | ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠᠨ ᠭᠠᠵᠠᠷ ᠰᠢᠷᠣᠶ ᠶᠢ | ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ | ᠲᠥᠯᠥᠪᠵᠢᠭᠦᠯᠭᠡ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠦᠯᠭᠡ ᠵᠡᠷᠭᠡ ᠬᠠᠮᠢᠶ᠎ᠠ ᠪᠦᠬᠦᠢ | ᠲᠥᠯᠥᠪᠵᠢᠭᠦᠯᠭᠡ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠯ᠎ᠡ ᠭᠠᠵᠠᠷ ᠣᠷᠣᠨ ᠤ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠣᠯᠣᠨ | ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠨ᠎ᠡ᠃ | ᠥᠪᠥᠷ ᠮᠣᠩᠭᠤᠯ ᠤᠨ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠢᠯᠠᠩᠭᠤᠶ᠎ᠠ ᠥᠷᠭᠡᠨ ᠪᠦᠰᠡᠲᠦ ᠰᠦᠯᠵᠢᠶᠡᠨ ᠤ | ᠰᠠᠭᠤᠷᠢ ᠶᠢ ᠪᠤᠰᠤᠳ ᠮᠤᠵᠢ ᠬᠤᠲᠠ ᠲᠠᠢ ᠬᠠᠷᠢᠴᠠᠭᠤᠯᠪᠠᠯ ᠪᠠᠰᠠ ᠨᠡᠯᠢᠶᠡᠳ ᠬᠤᠴᠣᠷᠤᠩᠭᠤᠶ ᠪᠠᠶᠢᠭᠰᠠᠭᠠᠷ᠂ | ᠡᠨᠡ ᠨᠢ ᠮᠠᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠳᠠᠷᠬᠠᠶ ᠪᠤᠲᠠᠷᠬᠠᠶ ᠰᠠᠭᠤᠷᠢᠰᠢᠭᠰᠠᠨ ᠵᠡᠷᠭᠡ ᠪᠤᠰᠤᠳᠴᠢ | ᠬᠦᠴᠦᠨ ᠵᠦᠢᠯ ᠠᠴᠠ ᠪᠣᠯᠵᠤ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ | ᠰᠦᠯᠵᠢᠶᠡᠨ ᠤ ᠪᠠᠶᠢᠭᠤᠯᠤᠯᠲᠠ ᠳᠤ ᠮᠠᠰᠢ ᠤᠯᠠᠨ ᠬᠦᠴᠢᠷ ᠪᠡᠷᠬᠡᠰᠢᠶᠡᠯ ᠲᠤᠯᠭᠠᠷᠠᠭᠤᠯᠪᠠ᠃ ᠭᠡᠪᠡᠴᠦ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠮᠠᠨ ᠤ | ᠣᠷᠣᠨ ᠤ ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠯᠠᠪᠲᠠᠶ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠳᠡᠭᠡᠳᠦ ᠱᠠᠲᠤᠨ ᠤ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠦᠨ᠂ ᠮᠠᠨ ᠤ ᠣᠷᠣᠨ ᠤ ᠮᠡᠳᠡᠭᠡ ᠵᠠᠩᠭᠢᠵᠢᠯᠲᠠ ᠶᠢᠨ ᠡᠷᠡᠭᠦᠯ ᠢᠶᠠᠷ ᠬᠦᠭᠵᠢᠬᠦ ᠶᠢ ᠪᠢᠳᠡ ᠪᠠᠲᠤ ᠢᠲᠡᠭᠡᠵᠦ | ᠪᠠᠶᠢᠨ᠎ᠠ᠃ | ᠬᠥᠲᠥᠯᠥᠭᠴᠢ᠄ | ᠰᠢᠦᠢ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠲᠣᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶᠢᠬᠠᠨ | ᠠᠭᠤᠯᠵᠠᠶ᠎ᠠ︕ |